ᠡᠷᠳᠡᠨ ᠤ ᠥᠭᠡᠨ ᠳᠤ᠄ ︽ᠠᠷᠪᠠᠨ ᠠᠳᠡᠯ ᠤᠨ ᠶᠢᠰᠤ ᠨᠢ ᠬᠤᠷᠳᠤᠨ ᠬᠥᠶᠥᠯᠭᠡᠭᠰᠡᠨ ᠠᠴᠠ ᠪᠤᠯᠵᠤ᠂ | ᠰᠡᠳᠬᠢᠯ ᠰᠠᠨᠠᠭᠠᠨ ᠤ ᠠᠩᠬᠠᠷᠤᠮᠵᠢ ᠥᠭᠡᠢ ᠨᠢ ᠠᠳᠡᠯ ᠤᠨ ᠢᠷᠡᠯᠳᠡ︾ ᠭᠡᠳᠡᠭ᠃ ᠮᠠᠰᠢᠨᠳᠤ ᠲᠡᠷᠭᠡ ᠶᠢ | ᠵᠢᠯᠤᠭᠤᠳᠤᠨ ᠠᠶᠠᠯᠠᠬᠤ ᠳᠠᠭᠠᠨ ᠲᠤᠤᠷᠠᠬᠢ ᠭᠡᠳᠥᠨ ᠵᠥᠢᠯ ᠢ ᠡᠷᠭᠡᠪᠰᠢ ᠬᠥᠢᠴᠡᠳᠭᠡᠬᠦ ᠭᠡᠷᠡᠭᠳᠡᠢ᠃ ᠲᠤᠬᠠᠢᠢᠯᠠᠪᠠᠯ᠄ | ︽ᠬᠠᠤᠯᠢ ᠶᠤᠰᠤᠭᠠᠷ ᠮᠠᠰᠢᠨᠳᠤ ᠲᠡᠷᠭᠡ ᠶᠢᠨ ᠵᠢᠯᠤᠭᠤᠴᠢ ᠶᠢᠨ ᠥᠨᠡᠮᠯᠡᠯ ᠠᠪᠬᠤ ᠭᠡᠷᠡᠭᠳᠡᠢ︔ ᠵᠠᠰᠠᠮᠠᠯ ᠵᠠᠮ ᠤᠨ | ᠪᠠᠷᠠᠭᠤᠨ ᠲᠠᠯ᠎ᠠ ᠪᠠᠷ ᠠᠶᠠᠯᠠᠬᠤ ᠭᠡᠷᠡᠭᠳᠡᠢ︔ ᠮᠠᠰᠢᠨᠳᠤ ᠲᠡᠷᠭᠡᠨ ᠤ ᠠᠶᠠᠯᠠᠯ ᠤᠨ ᠲᠤᠭᠳᠠᠭᠠᠯ᠂ ᠠᠴᠢᠶᠠᠯᠭᠠ ᠶᠢᠨ | ᠲᠤᠭᠳᠠᠭᠠᠯ᠂ ᠠᠶᠠᠨᠴᠢᠳ ᠰᠠᠭᠤᠯᠭᠠᠬᠤ ᠲᠤᠭᠳᠠᠭᠠᠯ᠂ ᠬᠥᠶᠥᠯᠭᠡᠭᠡᠬᠦ ᠬᠤᠷᠳᠤᠴᠠ ᠶᠢᠨ ᠲᠤᠭᠳᠠᠭᠠᠯ᠂ ᠲᠡᠷᠭᠡ | ᠵᠤᠭᠰᠤᠭᠠᠬᠤ ᠲᠤᠭᠳᠠᠭᠠᠯ ᠢ ᠴᠢᠩᠭ᠎ᠠ ᠵᠢᠷᠤᠮᠯᠠᠬᠤ ᠭᠡᠷᠡᠭᠳᠡᠢ︔ ᠵᠠᠮ ᠬᠠᠷᠢᠯᠴᠠᠭᠠᠨ ᠤ ᠴᠠᠭᠳᠠᠭ᠎ᠠ ᠶᠢᠨ | ᠵᠢᠯᠤᠭᠤᠳᠤᠯᠭ᠎ᠠ ᠶᠢ ᠲᠠᠭᠠᠬᠤ ᠭᠡᠷᠡᠭᠳᠡᠢ᠃︾ | ᠪᠠᠴᠢᠮ ᠪᠠᠶᠢᠳᠠᠯ ᠢ ᠠᠷᠭᠠᠴᠠᠬᠤ ᠭᠤᠤᠯᠳᠠᠯᠭ᠎ᠠ | ● ᠵᠠᠮ ᠬᠠᠷᠢᠯᠴᠠᠭᠠᠨ ᠤ ᠠᠳᠡᠯ ᠡᠬᠦᠰᠥᠭᠰᠡᠨ ᠥᠶ᠎ᠡ ᠳᠤ ᠲᠡᠷᠦ᠋ᠢᠬᠠᠨ ᠲᠡᠷᠭᠡ ᠪᠠᠨ ᠵᠤᠭᠰᠤᠭᠠᠵᠤ᠂ | ᠲᠤᠬᠠᠢ ᠶᠢᠨ ᠭᠠᠵᠠᠷ ᠢ ᠬᠠᠮᠠᠭᠠᠯᠠᠨ᠂ ᠠᠶᠤᠯ ᠲᠥᠭᠰᠢᠬᠦᠷᠢ ᠶᠢ ᠮᠡᠳᠡᠭᠡᠯᠡᠬᠦ ᠲᠤᠬᠢᠶᠠᠨ ᠳ᠋ᠧᠩ ᠢ ᠭᠡᠷᠡᠯᠳᠥᠬᠦᠯᠬᠦ ᠶᠢᠨ | ᠲᠠᠭᠠᠤ ᠲᠡᠷᠭᠡ ᠢᠷᠡᠬᠦ ᠵᠥᠭ ᠲᠤ 50 ᠮᠧᠲᠷ ᠠᠴᠠ 100 ᠮᠧᠲᠷ ᠲᠤ ᠲᠤᠬᠢᠶᠠᠨ ᠤ ᠲᠡᠮᠳᠡᠭ ᠲᠠᠯᠪᠢᠵᠤ ᠰᠡᠷᠡᠮᠵᠢ | ᠦᠭᠬᠦᠨ᠎ᠡ᠃ | ● ᠬᠥᠮᠥᠨ ᠠᠮᠢᠳᠠᠨ ᠰᠢᠷᠬᠠᠳᠤᠭᠰᠠᠨ ᠪᠤᠯ ᠵᠢᠯᠤᠭᠤᠴᠢ ᠨᠢ ᠲᠡᠷᠦ᠋ᠢᠬᠠᠨ ᠰᠢᠷᠬᠠᠳᠤᠭᠰᠠᠳ ᠢ ᠠᠪᠤᠷᠠᠨ | ᠲᠤᠰᠠᠯᠠᠬᠤ ᠶᠢᠨ ᠲᠠᠭᠠᠤ ᠴᠠᠭᠳᠠᠭ᠎ᠠ ᠳᠤ ᠲᠥᠷᠭᠡᠨ ᠮᠡᠳᠡᠭᠦᠯᠦᠨ᠎ᠡ᠃ | ● ᠰᠢᠷᠬᠠᠳᠤᠭᠰᠠᠳ ᠢ ᠠᠪᠤᠷᠠᠬᠤ ᠶᠢᠨ ᠲᠤᠰᠠᠳᠠ ᠲᠤᠬᠠᠢ ᠶᠢᠨ ᠲᠠᠯᠠᠪᠠᠢ ᠶᠢ ᠥᠭᠡᠷᠡᠴᠢᠯᠡᠬᠦ ᠥᠶᠡᠰ᠂ | ᠡ᠊ᠨᠳᠡᠯ ᠤᠨ ᠲᠡᠷᠭᠡ ᠪᠤᠯᠤᠨ ᠬᠥᠮᠥᠨ ᠤ ᠪᠠᠶᠢᠷᠢᠰᠢᠯ ᠢ ᠲᠤᠳᠤᠷᠬᠠᠶᠢᠯᠠᠨ᠎ᠠ᠃ | ● ᠵᠠᠮ ᠲᠡᠭᠡᠷ᠎ᠠ ᠵᠠᠮ ᠬᠠᠷᠢᠯᠴᠠᠭᠠᠨ ᠤ ᠠᠳᠡᠯ ᠭᠠᠷᠴᠤ᠂ ᠬᠥᠮᠥᠨ ᠬᠠᠷ᠎ᠠ ᠥᠬᠦᠵᠤ ᠰᠢᠷᠬᠠᠳᠤᠭᠰᠠᠨ | ᠥᠭᠡᠢ ᠪᠤᠶᠤ ᠡᠳ᠋ ᠬᠥᠷᠥᠩᠭᠡ ᠲᠡᠮᠡᠢ ᠬᠤᠬᠢᠷᠠᠵᠤ ᠰᠥᠢᠳᠥᠭᠰᠡᠨ ᠥᠭᠡᠢ ᠪᠤᠯ ᠲᠤᠬᠠᠢ ᠶᠢᠨ ᠬᠥᠮᠥᠨ ᠨᠢ ᠤᠷᠢᠳᠠᠪᠡᠷ | ᠲᠤᠬᠠᠢ ᠶᠢᠨ ᠲᠠᠯᠠᠪᠤᠷ ᠠᠴᠠ ᠵᠠᠶᠢᠯᠠᠵᠤ᠂ ᠲᠡᠬᠢᠨ ᠵᠥᠪᠳᠡᠯᠴᠡᠨ ᠰᠢᠢᠳᠪᠥᠷᠢᠯᠡᠵᠤ ᠪᠤᠯᠤᠨ᠎ᠠ᠃ | ᠲᠤᠰᠬᠠᠢ ᠮᠡᠷᠭᠡᠵᠢᠯᠳᠡᠨ ᠤ ᠰᠠᠨᠠᠭᠤᠯᠤᠮᠵᠢ | ◇ ᠡᠪᠳᠡᠷᠭᠡᠢ ᠲᠡᠷᠭᠡ ᠵᠢᠯᠤᠭᠤᠳᠤᠨ ᠠᠶᠠᠯᠠᠵᠤ ᠪᠤᠯᠬᠤ ᠥᠭᠡᠢ᠃ | ◇ ᠠᠭᠤᠯᠠᠨ ᠤ ᠵᠠᠰᠠᠮᠠᠯ ᠵᠠᠮ ᠢᠶᠠᠷ ᠠᠶᠠᠯᠠᠬᠤ ᠳᠠᠭᠠᠨ ᠬᠠᠰᠢᠷ ᠵᠢᠯᠤᠭᠤᠴᠢ ᠶᠢ ᠰᠤᠩᠭᠤᠨ | ᠵᠢᠯᠤᠭᠤᠳᠤᠭᠤᠯᠬᠤ ᠭᠡᠷᠡᠭᠳᠡᠢ᠃ | ◇ ᠠᠷᠢᠬᠢ ᠤᠤᠭᠤᠭᠠᠳ ᠲᠡᠷᠭᠡ ᠵᠢᠯᠤᠭᠤᠳᠬᠤ᠂ ᠥᠨᠡᠮᠯᠡᠯ ᠥᠭᠡᠢ ᠪᠠᠷ ᠲᠡᠷᠭᠡ ᠵᠢᠯᠤᠭᠤᠳᠬᠤ᠂ ᠶᠡᠳᠠᠷᠠᠯ | ᠲᠠᠢ ᠪᠠᠷ ᠲᠡᠷᠭᠡ ᠵᠢᠯᠤᠭᠤᠳᠬᠤ ᠶᠢ ᠴᠠᠭᠠᠵᠠᠯᠠᠬᠤ ᠪᠥᠭᠡᠳ ᠲᠡᠷᠭᠡ ᠵᠢᠯᠤᠭᠤᠳᠴᠤ ᠪᠠᠶᠢᠭᠠᠳ ᠭᠠᠷ ᠤᠳᠠᠰᠤ ᠪᠠᠷ | ᠤᠳᠠᠰᠤᠳᠠᠬᠤ ᠶᠢ ᠴᠠᠭᠠᠵᠠᠯᠠᠨ᠎ᠠ᠃ | ◇ ᠲᠡᠮᠥᠷ ᠵᠠᠮ ᠤᠨ ᠠᠭᠤᠯᠵᠠᠷ ᠢᠶᠠᠷ ᠥᠡᠭᠭᠡᠷᠡᠬᠦ ᠳᠡᠭᠡᠨ ᠭᠠᠯ ᠲᠡᠷᠭᠡᠨ ᠳᠤ ᠰᠠᠨᠠᠭᠠᠴᠢᠯᠠᠭ᠎ᠠ ᠠᠴᠠ ᠪᠠᠨ | ᠵᠠᠮ ᠲᠠᠯᠪᠢᠵᠤ ᠥᠭᠬᠦ ᠭᠡᠷᠡᠭᠳᠡᠢ᠃ ᠵᠠᠪᠳᠤᠨ ᠲᠤᠪᠳᠤᠯᠬᠤ᠂ ᠪᠤᠯᠢᠶᠠᠯᠳᠤᠨ ᠲᠤᠪᠳᠤᠯᠬᠤ ᠠᠵᠢᠯᠯᠠᠭ᠎ᠠ ᠶᠢ ᠡᠷᠡᠰ | ᠴᠡᠭᠡᠷᠯᠡᠨ᠎ᠡ᠃ | |