ᠦᠨᠳᠦᠰᠦᠲᠡᠨ ᠤ ᠤᠷᠤᠨ ᠤ ᠦᠪᠡᠷᠲᠡᠭᠡᠨ ᠵᠠᠰᠠᠬᠤ ᠪᠠᠶᠢᠭᠤᠯᠤᠯ ᠤᠨ ᠮᠡᠳᠡᠯᠭᠡ ︵ᠨᠢᠭᠡ︶
ᠨᠡᠶᠢᠲᠡᠯᠡᠭᠰᠡᠨ ᠴᠠᠭ᠄
2016/3/30
            ᠦᠨᠳᠦᠰᠦᠲᠡᠨ ᠤ ᠤᠷᠤᠨ ᠤ ᠦᠪᠡᠷᠲᠡᠭᠡᠨ ᠵᠠᠰᠠᠬᠤ ᠪᠠᠶᠢᠭᠤᠯᠤᠯ       ᠦᠨᠳᠦᠰᠦᠲᠡᠨ ᠤ ᠤᠷᠤᠨ ᠤ ᠦᠪᠡᠷᠲᠡᠭᠡᠨ ᠵᠠᠰᠬᠠᠤ ᠪᠠᠶᠢᠭᠤᠯᠤᠯ ᠭᠡᠳᠡᠭ ᠨᠢ ᠶᠡᠷᠦ ᠳᠡᠭᠡᠨ ᠤᠯᠤᠰ ᠤᠨ ᠨᠢᠭᠡᠲᠦᠯᠲᠡᠢ ᠤᠳᠤᠷᠢᠳᠤᠯᠭ᠎ᠠ ᠲᠤᠤᠷ᠎ᠠ᠂ ᠡᠯ᠎ᠡ ᠴᠦᠬᠡᠨ ᠲᠤᠭᠠᠲᠦ ᠦᠨᠳᠦᠰᠦᠲᠡᠨ ᠲᠦᠪᠯᠡᠷᠡᠨ ᠰᠠᠭᠤᠬᠰᠠᠨ ᠭᠠᠵᠠᠷ ᠤᠷᠤᠨ ᠳᠤ ᠣᠷᠣᠨ ᠨᠣᠳᠤᠭ ᠦᠪᠡᠷᠲᠡᠭᠡᠨ ᠵᠠᠰᠬᠠᠤ ᠶᠢ ᠬᠡᠷᠡᠭᠵᠢᠭᠦᠯᠵᠦ᠂ ᠦᠪᠡᠷᠲᠡᠭᠡᠨ ᠵᠠᠰᠠᠬᠤ ᠪᠠᠶᠢᠭᠤᠯᠤᠯᠭ᠎ᠠ ᠭᠠᠷᠭᠠᠵᠣ᠂ ᠦᠪᠡᠷᠲᠡᠭᠡᠨ ᠵᠠᠰᠠᠬᠤ ᠡᠷᠬᠡ ᠪᠠᠨ ᠬᠡᠷᠡᠭᠵᠢᠭᠦᠯᠬᠦ ᠪᠠᠶᠢᠭᠤᠯᠤᠯ ᠢ ᠵᠢᠭᠠᠵᠣ ᠪᠣᠢ᠃ ᠦᠨᠳᠦᠰᠦᠲᠡᠨ ᠤ ᠤᠷᠤᠨ ᠤ ᠦᠪᠡᠷᠲᠡᠭᠡᠨ ᠵᠠᠰᠬᠠᠤ ᠪᠠᠶᠢᠭᠤᠯᠤᠯ ᠪᠣᠯ ᠮᠠᠨ ᠤ ᠤᠯᠤᠰ ᠤᠨ ᠦᠨᠳᠦᠰᠦᠨ ᠤᠯᠤᠰ ᠲᠦᠷᠦ ᠶᠢᠨ ᠪᠠᠶᠢᠭᠤᠯᠤᠯ ᠤᠨ ᠨᠢᠭᠡ ᠪᠣᠯᠣᠨ᠎ᠠ᠂ ᠲᠤᠮᠲᠠᠲᠤ ᠤᠯᠤᠰ ᠤᠨ ᠤᠨᠴᠠᠯᠢᠬ ᠲᠠᠢ ᠨᠡᠶᠢᠭᠡᠮ ᠵᠢᠷᠦᠮ ᠤᠨ ᠤᠯᠤᠰ ᠲᠦᠷᠦ ᠶᠢ ᠪᠠᠶᠢᠭᠤᠯᠬᠤ ᠴᠢᠬᠤᠯᠠ ᠠᠭᠤᠯᠭ᠎ᠠ ᠪᠣᠯᠣᠨ᠎ᠠ᠃ ᠦᠨᠳᠦᠰᠦᠲᠡᠨ ᠤ ᠤᠷᠤᠨ ᠤ ᠦᠪᠡᠷᠲᠡᠭᠡᠨ ᠵᠠᠰᠠᠬᠤ ᠪᠠᠶᠢᠭᠤᠯᠤᠯ ᠪᠣᠯ ᠳᠠᠷᠣᠢ ᠨᠢᠭᠡᠲᠦᠭᠰᠡᠨ ᠡᠬᠡ ᠤᠯᠤᠰ ᠤᠨ ᠲᠤᠮᠤ ᠬᠡᠷ ᠪᠦᠯᠢ ᠳᠤ᠂ ᠤᠯᠤᠰ ᠤᠨ ᠨᠢᠭᠡᠲᠦᠯᠲᠡᠢ ᠤᠳᠤᠷᠢᠳᠤᠯᠭ᠎ᠠ ᠲᠤᠤᠷ᠎ᠠ ᠂ ᠴᠦᠬᠡᠨ ᠲᠤᠭᠠᠲᠦ ᠦᠨᠳᠦᠰᠦᠲᠡᠨ ᠲᠦᠪᠯᠡᠷᠡᠨ ᠰᠠᠭᠤᠬᠰᠠᠨ ᠭᠠᠵᠠᠷ ᠤᠷᠤᠨ ᠢᠶᠠᠷ ᠰᠠᠭᠤᠷᠢ ᠪᠤᠯᠭᠠᠵᠣ᠂ ᠵᠣᠬᠢᠴᠠᠩᠭᠤᠢ ᠦᠪᠡᠷᠲᠡᠭᠡᠨ ᠵᠠᠰᠠᠬᠤ ᠪᠠᠶᠢᠭᠤᠯᠤᠯᠭ᠎ᠠ ᠪᠠᠶᠢᠭᠤᠯᠵᠦ᠂ ᠦᠪᠡᠷᠲᠡᠭᠡᠨ ᠵᠠᠰᠠᠬᠤ ᠪᠠᠶᠢᠭᠤᠯᠤᠯᠭ᠎ᠠ ᠭᠠᠷᠭᠠᠵᠣ ᠂ ᠦᠪᠡᠷᠲᠡᠭᠡᠨ ᠵᠠᠰᠠᠬᠤ ᠡᠷᠭᠡ ᠪᠠᠨ ᠬᠡᠷᠡᠭᠵᠢᠭᠦᠯᠵᠦ᠂ ᠪᠡᠶ᠎ᠡ ᠪᠠᠨ ᠳᠠᠭᠠᠭᠠᠵᠣ ᠲᠤᠰ ᠦᠨᠳᠦᠰᠦᠲᠡᠨ᠂ ᠲᠤᠰ ᠭᠠᠵᠠᠷ ᠤᠷᠤᠨ ᠤ ᠪᠠᠨ ᠲᠤᠳᠤᠭᠠᠲᠦ ᠶᠢᠨ ᠶᠠᠪᠤᠲᠠᠯ ᠢᠶᠠᠨ ᠬᠠᠮᠢᠶᠠᠷᠴᠤ᠂ ᠡᠵᠡᠨ ᠰᠠᠭᠤᠵᠦ ᠡᠷᠬᠡ ᠮᠡᠲᠡᠬᠦ ᠡᠷᠬᠡ ᠪᠠᠨ ᠬᠡᠷᠡᠭᠵᠢᠭᠦᠯᠬᠦ ᠶᠠᠪᠣᠳᠠᠯ ᠪᠣᠯᠣᠨ᠎ᠡ᠃
 
ᠢᠷᠡᠯᠲᠡ᠄ ᠬᠡᠰᠢᠭᠲᠡᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号