ᠦᠨᠳᠦᠰᠦᠲᠡᠨ ᠤ ᠦᠪᠡᠷᠲᠡᠭᠡᠨ ᠵᠠᠰᠬᠠᠤ ᠭᠠᠵᠠᠷ ᠤᠷᠤᠨ ᠤ ᠦᠪᠡᠷᠲᠡᠭᠡᠨ ᠵᠠᠰᠬᠠᠤ ᠪᠠᠶᠢᠭᠤᠯᠤᠯᠭ᠎ᠠ ᠶᠢᠨ | ᠦᠪᠡᠷᠲᠡᠭᠡᠨ ᠵᠠᠰᠬᠠᠤ ᠡᠷᠬᠡ | | 1. ᠦᠨᠳᠦᠰᠦᠲᠡᠨ ᠤ ᠬᠠᠤᠯᠢ ᠲᠤᠬᠲᠠᠭᠠᠬᠤ ᠡᠷᠬᠡ᠃ ᠦᠨᠳᠦᠰᠦᠲᠡᠨ ᠤ ᠦᠪᠡᠷᠲᠡᠭᠡᠨ ᠵᠠᠰᠬᠠᠤ ᠭᠠᠵᠠᠷ | ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠲᠤᠬᠠᠢ ᠶᠢᠨ ᠭᠠᠵᠠᠷ ᠤᠨ ᠤᠯᠤᠰ ᠲᠦᠷᠦ᠂ ᠠᠵᠦ | ᠠᠬᠤᠢ ᠪᠠ ᠰᠤᠶᠤᠯ ᠤᠨ ᠤᠨᠴᠠᠯᠢᠬ ᠢᠶᠠᠨ ᠦᠨᠳᠦᠰᠦᠯᠡᠨ᠂ ᠦᠪᠡᠷᠲᠡᠭᠡᠨ ᠵᠠᠰᠬᠠᠤ ᠲᠦᠷᠢᠮ ᠪᠠ ᠳ᠋ᠠᠩ ᠢᠶᠠᠷ | ᠬᠡᠷᠡᠭᠵᠢᠭᠦᠯᠬᠦ ᠲᠦᠷᠢᠮ ᠲᠤᠬᠲᠠᠭᠠᠬᠤ ᠡᠷᠬᠡ ᠲᠠᠢ᠃ ᠦᠪᠡᠷᠲᠡᠭᠡᠨ ᠵᠠᠰᠬᠠᠤ ᠲᠦᠷᠢᠮ ᠳᠤ ᠳᠣᠰ ᠭᠠᠵᠠᠷ ᠤᠷᠤᠨ | ᠦᠨᠳᠦᠰᠦᠲᠡᠨ ᠤ ᠤᠷᠤᠨ ᠤ ᠦᠪᠡᠷᠲᠡᠭᠡᠨ ᠵᠠᠰᠬᠠᠤ ᠶᠢ ᠬᠡᠷᠡᠭᠵᠢᠭᠦᠯᠬᠦ ᠦᠨᠳᠦᠰᠦᠨ ᠠᠰᠠᠭᠤᠲᠠᠯ ᠢ ᠲᠤᠬᠲᠠᠭᠠᠨ᠎ᠠ︔ | ᠳ᠋ᠠᠩ ᠢᠶᠠᠷ ᠬᠡᠷᠡᠭᠵᠢᠭᠦᠯᠬᠦ ᠲᠦᠷᠢᠮ ᠳᠤ ᠳᠣᠰ ᠭᠠᠵᠠᠷ ᠤᠷᠤᠨ ᠦᠨᠳᠦᠰᠦᠲᠡᠨ ᠤ ᠤᠷᠤᠨ ᠤ ᠦᠪᠡᠷᠲᠡᠭᠡᠨ ᠵᠠᠰᠠᠬᠤ ᠶᠢ | ᠬᠡᠷᠡᠭᠵᠢᠭᠦᠯᠬᠦ ᠶᠠᠮᠠᠷ ᠨᠢᠭᠡ ᠲᠠᠯ᠎ᠠ ᠶᠢᠨ ᠪᠤᠲᠠᠲᠠᠢ ᠤᠴᠢᠷ ᠶᠠᠪᠣᠳᠠᠯ ᠢ ᠲᠤᠬᠲᠠᠭᠠᠨ᠎ᠠ᠃ ᠦᠪᠡᠷᠲᠡᠭᠡᠨ ᠵᠠᠰᠬᠠᠤ | ᠲᠦᠷᠢᠮ᠂ ᠳ᠋ᠠᠩ ᠢᠶᠠᠷ ᠬᠡᠷᠡᠭᠵᠢᠭᠦᠯᠬᠦ ᠳᠦᠷᠢᠮ ᠳᠤ ᠤᠯᠤᠰ ᠤᠨ ᠬᠠᠤᠯᠢ ᠴᠠᠭᠠᠵᠠ ᠪᠠ ᠲᠦᠷᠦ ᠶᠢᠨ ᠪᠤᠳᠤᠯᠭ᠎ᠠ ᠶᠢ | ᠵᠤᠬᠢᠴᠠᠭᠤᠯᠬᠤ ᠴᠢᠨᠠᠷᠲᠠᠢ ᠲᠤᠬᠲᠠᠭᠠᠯ ᠭᠠᠷᠭᠠᠵᠦ ᠪᠤᠯᠤᠨ᠎ᠠ᠃ ᠦᠪᠡᠷᠲᠡᠭᠡᠨ ᠵᠠᠰᠬᠠᠤ ᠤᠷᠤᠨ ᠤ ᠦᠪᠡᠷᠲᠡᠭᠡᠨ | ᠵᠠᠰᠬᠠᠤ ᠲᠦᠷᠢᠮ ᠪᠠ ᠳ᠋ᠠᠩ ᠢᠶᠠᠷ ᠬᠡᠷᠡᠭᠵᠢᠭᠦᠯᠬᠦ ᠲᠦᠷᠢᠮ ᠨᠢ᠂ ᠡᠷᠬᠡᠪᠰᠢ ᠪᠦᠬᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠮᠡᠲᠡᠭᠦᠯᠦᠨ ᠵᠦᠪᠰᠢᠶᠡᠷᠡᠭᠦᠯᠦᠭᠰᠡᠨ ᠤ | ᠳᠠᠷᠠᠭ᠎ᠠ ᠬᠦᠴᠦᠨ ᠲᠠᠢ ᠪᠤᠯᠤᠨ᠎ᠠ᠃ ᠦᠪᠡᠷᠲᠡᠭᠡᠨ ᠵᠠᠰᠬᠠᠤ ᠵᠸᠦ᠂ ᠦᠪᠡᠷᠲᠡᠭᠡᠨ ᠵᠠᠰᠬᠠᠤ ᠰᠢᠶᠠᠨ ᠤ ᠦᠪᠡᠷᠲᠡᠭᠡᠨ | ᠵᠠᠰᠠᠬᠤ ᠲᠦᠷᠢᠮ ᠪᠤᠯᠤᠨ ᠳ᠋ᠠᠩ ᠢᠶᠠᠷ ᠬᠡᠷᠡᠭᠵᠢᠭᠦᠯᠬᠦ ᠲᠦᠷᠢᠮ ᠨᠢ᠂ ᠡᠷᠬᠡᠪᠰᠢ ᠮᠤᠵᠢ ᠪᠤᠶᠤ ᠦᠪᠡᠷᠲᠡᠭᠡᠨ ᠵᠠᠰᠠᠬᠤ | ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ ᠠ ᠳᠤ ᠮᠡᠲᠡᠭᠦᠯᠦᠨ | ᠵᠦᠪᠰᠢᠶᠡᠷᠡᠭᠦᠯᠦᠭᠰᠡᠨ ᠤ ᠳᠠᠷᠠᠭ᠎ᠠ ᠬᠦᠴᠦᠨ ᠲᠠᠢ ᠪᠤᠯᠬᠤ ᠪᠦᠭᠡᠳ ᠪᠦᠬᠦ ᠤᠯᠤᠰ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ ᠠ ᠳᠤ ᠮᠡᠲᠡᠭᠦᠯᠦᠨ ᠲᠠᠩᠰᠠᠯᠠᠭᠤᠯᠤᠨ᠎ᠠ᠃ | 2. ᠵᠤᠬᠢᠴᠠᠭᠤᠯᠤᠨ ᠬᠡᠷᠡᠭᠵᠢᠭᠦᠯᠬᠦ ᠡᠷᠬᠡ᠃ ᠲᠡᠭᠡᠷ᠎ᠡ ᠱᠠᠲᠤᠨ ᠤ ᠲᠦᠷᠦ ᠶᠢᠨ ᠪᠠᠶᠢᠭᠤᠯᠤᠯᠭ᠎ᠠ ᠶᠢᠨ | ᠰᠢᠢᠳᠪᠦᠷᠢ᠂ ᠲᠤᠬᠲᠠᠭᠠᠯ᠂ ᠵᠠᠷᠯᠢᠬ ᠪᠤᠶᠤ ᠵᠢᠭᠠᠪᠣᠷᠢ ᠨᠢ᠂ ᠬᠡᠷᠪᠡ ᠦᠨᠳᠦᠰᠦᠲᠡᠨ ᠤ ᠦᠪᠡᠷᠲᠡᠭᠡᠨ ᠵᠠᠰᠠᠬᠤ ᠭᠠᠵᠠᠷ | ᠣᠷᠣᠨ ᠤ ᠪᠤᠲᠠᠲᠤ ᠪᠠᠶᠢᠲᠠᠯ ᠲᠠᠢ ᠨᠡᠶᠢᠴᠡᠬᠦ ᠦᠭᠡᠢ ᠪᠤᠯ᠂ ᠦᠪᠡᠷᠲᠡᠭᠡᠨ ᠵᠠᠰᠬᠠᠤ ᠪᠠᠶᠢᠭᠤᠯᠤᠯᠭ᠎ᠠ ᠠᠴᠠ ᠲᠡᠭᠡᠷ᠎ᠡ | ᠱᠠᠲᠤᠨ ᠤ ᠲᠦᠷᠦ ᠶᠢᠨ ᠪᠠᠶᠢᠭᠤᠯᠤᠯᠭ᠎ᠠ ᠳᠤ ᠮᠡᠳᠡᠭᠦᠯᠦᠨ ᠵᠦᠪᠰᠢᠶᠡᠷᠡᠭᠦᠯᠦᠭᠰᠡᠨ ᠤ ᠳᠠᠷᠠᠭ᠎ᠠ᠂ ᠵᠤᠬᠢᠴᠠᠭᠤᠯᠤᠨ | ᠬᠡᠷᠡᠭᠵᠢᠭᠦᠯᠬᠦ ᠪᠤᠶᠤ ᠬᠡᠷᠡᠭᠵᠢᠭᠦᠯᠬᠦ ᠪᠠᠨ ᠵᠤᠬᠰᠤᠭᠠᠵᠦ ᠪᠤᠯᠤᠨ᠎ᠠ᠃ | 3. ᠡᠳ᠋ ᠤᠨ ᠵᠠᠰᠠᠭ ᠤᠨ ᠠᠵᠦ ᠠᠬᠤᠢ ᠶᠢᠨ ᠡᠵᠡᠨ ᠮᠡᠲᠡᠬᠦ ᠡᠷᠬᠡ᠃ ᠦᠨᠳᠦᠰᠦᠲᠡᠨ ᠤ ᠦᠪᠡᠷᠲᠡᠭᠡᠨ | ᠵᠠᠰᠠᠬᠤ ᠭᠠᠵᠠᠷ ᠤᠷᠤᠨ ᠤ ᠦᠪᠡᠷᠲᠡᠭᠡᠨ ᠵᠠᠰᠠᠬᠤ ᠪᠠᠶᠢᠭᠤᠯᠤᠯᠭ᠎ᠠ ᠨᠡᠯᠢᠶᠡᠳ ᠶᠡᠭᠡ ᠬᠡᠮᠵᠢᠶᠡᠨ ᠤ ᠡᠳ᠋ ᠤᠨ ᠵᠠᠰᠠᠭ | ᠠᠵᠦ ᠠᠬᠤᠢ ᠶᠢᠨ ᠦᠪᠡᠷ ᠢᠶᠠᠨ ᠡᠵᠡᠨ ᠮᠡᠲᠡᠬᠦ ᠡᠷᠬᠡ ᠲᠠᠢ ᠮᠦᠷᠲᠡᠭᠡᠨ ᠤᠯᠤᠰ ᠤᠨ ᠬᠠᠷᠠᠭᠠᠯᠵᠠᠯ ᠢ ᠬᠦᠷᠳᠡᠵᠦ | ᠪᠤᠯᠤᠨ᠎ᠠ᠃ ᠤᠯᠤᠰ ᠤᠨ ᠲᠤᠬᠲᠠᠭᠠᠯ ᠶᠣᠰᠣᠭᠠᠷ ᠦᠨᠳᠦᠰᠦᠲᠡᠨ ᠤ ᠦᠪᠡᠷᠲᠡᠭᠡᠨ ᠵᠠᠰᠬᠠᠤ ᠭᠠᠵᠠᠷ ᠤᠷᠤᠨ ᠳᠤ | ᠬᠠᠷᠢᠶᠠᠯᠠᠭᠳᠠᠬᠤ ᠡᠳ᠋ ᠤᠨ ᠵᠠᠰᠠᠭ ᠤᠨ ᠤᠷᠤᠯᠭ᠎ᠠ ᠶᠢ ᠪᠦᠷ ᠦᠨᠳᠦᠰᠦᠲᠡᠨ ᠤ ᠦᠪᠡᠷᠲᠡᠭᠡᠨ ᠵᠠᠰᠠᠬᠤ ᠭᠠᠵᠠᠷ | ᠤᠷᠤᠨ ᠤ ᠦᠪᠡᠷᠲᠡᠭᠡᠨ ᠵᠠᠰᠠᠬᠤ ᠪᠠᠶᠢᠭᠤᠯᠤᠯᠭ᠎ᠠ ᠡᠵᠡᠨ ᠮᠡᠲᠡᠨ ᠲᠤᠬᠢᠷᠠᠭᠤᠯᠤᠨ ᠬᠡᠷᠡᠭᠯᠡᠵᠦ ᠪᠤᠯᠤᠨ᠎ᠠ᠃ | ᠦᠨᠳᠦᠰᠦᠲᠡᠨ ᠤ ᠦᠪᠡᠷᠲᠡᠭᠡᠨ ᠵᠠᠰᠬᠠᠤ ᠭᠠᠵᠠᠷ ᠤᠷᠤᠨ ᠤ ᠡᠳ᠋ ᠤᠨ ᠵᠠᠰᠠᠭ ᠤᠨ ᠤᠷᠤᠯᠭ᠎ᠠ ᠪᠤᠯᠤᠨ ᠡᠳ᠋ ᠤᠨ | ᠵᠠᠰᠠᠭ ᠤᠨ ᠵᠠᠷᠤᠯᠭ᠎ᠠ ᠶᠢᠨ ᠲᠦᠷᠦᠯ ᠵᠦᠢᠯ ᠢ᠂ ᠲᠦᠷᠦ ᠶᠢᠨ ᠶᠠᠪᠤᠲᠠᠯ ᠤᠨ ᠬᠤᠷᠢᠶ᠎ᠠ ᠠᠴᠠ ᠦᠨᠳᠦᠰᠦᠲᠡᠨ ᠤ | ᠦᠪᠡᠷᠲᠡᠭᠡᠨ ᠵᠠᠰᠠᠬᠤ ᠭᠠᠵᠠᠷ ᠤᠷᠤᠨ ᠢ ᠬᠠᠷᠠᠭᠠᠯᠵᠠᠬᠤ ᠵᠠᠷᠴᠢᠮ ᠢᠶᠠᠷ ᠲᠤᠬᠲᠠᠭᠠᠨ᠎ᠠ᠃ ᠦᠨᠳᠦᠰᠦᠲᠡᠨ ᠤ | ᠦᠪᠡᠷᠲᠡᠭᠡᠨ ᠵᠠᠰᠬᠠᠤ ᠭᠠᠵᠠᠷ ᠤᠷᠤᠨ ᠤ ᠡᠳ᠋ ᠤᠨ ᠵᠠᠰᠠᠭ ᠤᠨ ᠲᠦᠰᠦᠪ ᠤᠨ ᠵᠠᠷᠤᠯᠭ᠎ᠠ ᠶᠢ᠂ ᠤᠯᠤᠰ ᠤᠨ | ᠲᠤᠬᠲᠠᠭᠠᠯ ᠶᠤᠰᠤᠭᠠᠷ᠂ ᠬᠦᠲᠡᠯᠦᠩᠬᠦᠢ ᠪᠡᠯᠡ ᠮᠦᠩᠬᠦ ᠲᠤᠬᠢᠷᠠᠭᠤᠯᠵᠦ᠂ ᠪᠡᠯᠡᠳᠬᠡᠯ ᠵᠠᠷᠣᠳᠠᠯ ᠤᠨ ᠲᠦᠰᠦᠪ ᠲᠠᠬᠢ | ᠡᠵᠡᠯᠡᠬᠦ ᠬᠠᠷᠢᠴᠠᠯ ᠢ ᠨᠢ ᠡᠩ ᠤᠨ ᠭᠠᠵᠠᠷ ᠤᠷᠤᠨ ᠠᠴᠠ ᠦᠨᠳᠦᠷ ᠪᠠᠶᠢᠯᠭᠠᠨ᠎ᠠ᠃ | 4. ᠰᠤᠶᠤᠯ᠂ ᠦᠭᠡ ᠬᠡᠯᠡ ᠦᠰᠦᠭ ᠪᠢᠴᠢᠭ ᠤᠨ ᠡᠵᠡᠨ ᠮᠡᠲᠡᠬᠦ ᠡᠷᠬᠡ᠃ ᠦᠨᠳᠦᠰᠦᠲᠡᠨ ᠤ ᠦᠪᠡᠷᠲᠡᠭᠡᠨ | ᠵᠠᠰᠠᠬᠤ ᠭᠠᠵᠠᠷ ᠤᠷᠤᠨ ᠤ ᠦᠪᠡᠷᠲᠡᠭᠡᠨ ᠵᠠᠰᠬᠠᠤ ᠪᠠᠶᠢᠭᠤᠯᠤᠯᠭ᠎ᠠ ᠵᠤᠬᠢᠬᠤ ᠬᠡᠮᠵᠢᠶᠡᠨ ᠤ ᠰᠤᠶᠤᠯ ᠤᠨ ᠡᠵᠡᠨ ᠮᠡᠲᠡᠬᠦ | ᠡᠷᠬᠡ ᠲᠠᠢ᠃ ᠦᠨᠳᠦᠰᠦᠲᠡᠨ ᠤ ᠦᠪᠡᠷᠲᠡᠭᠡᠨ ᠵᠠᠰᠬᠠᠤ ᠭᠠᠵᠠᠷ ᠤᠷᠤᠨ ᠤ ᠦᠪᠡᠷᠲᠡᠭᠡᠨ ᠵᠠᠰᠠᠬᠤ ᠪᠠᠶᠢᠭᠤᠯᠤᠯᠭ᠎ᠠ | ᠠᠯᠪᠠᠨ ᠶᠠᠪᠤᠲᠠᠯ ᠭᠦᠴᠡᠳᠭᠡᠬᠦ ᠳᠡᠭᠡᠨ᠂ ᠲᠤᠰ ᠦᠨᠳᠦᠰᠦᠲᠡᠨ ᠤ ᠦᠪᠡᠷᠲᠡᠭᠡᠨ ᠵᠠᠰᠬᠠᠤ ᠭᠠᠵᠠᠷ ᠤᠷᠤᠨ ᠤ | ᠦᠪᠡᠷᠲᠡᠭᠡᠨ ᠵᠠᠰᠠᠬᠤ ᠲᠦᠷᠢᠮ ᠳᠠᠬᠢ ᠲᠤᠬᠲᠠᠭᠠᠯ ᠶᠤᠰᠤᠭᠠᠷ᠂ ᠲᠤᠬᠠᠢ ᠶᠢᠨ ᠭᠠᠵᠠᠷ ᠲᠤ ᠨᠡᠶᠢᠲᠡᠮ ᠬᠡᠷᠡᠭᠯᠡᠵᠦ | ᠪᠠᠶᠢᠭ᠎ᠠ ᠨᠢᠭᠡ ᠪᠤᠶᠤ ᠬᠡᠲᠦᠨ ᠵᠦᠢᠯ ᠤᠨ ᠦᠭᠡ ᠬᠡᠯᠡ ᠦᠰᠦᠭ ᠪᠢᠴᠢᠭ ᠢ ᠬᠡᠷᠡᠭᠯᠡᠨ᠎ᠡ᠃ ᠬᠡᠲᠦᠨ ᠵᠦᠢᠯ ᠤᠨ | ᠨᠡᠶᠢᠲᠡᠮ ᠬᠡᠷᠡᠭᠯᠡᠵᠦ ᠪᠠᠶᠢᠭ᠎ᠠ ᠦᠭᠡ ᠬᠡᠯᠡ ᠦᠰᠦᠭ ᠪᠢᠴᠢᠭ ᠢᠶᠠᠷ ᠠᠯᠪᠠᠨ ᠶᠠᠪᠤᠲᠠᠯ ᠢᠶᠠᠨ ᠬᠦᠢᠴᠡᠳᠬᠡᠬᠦ ᠳᠡᠭᠡᠨ᠂ | ᠤᠷᠤᠨ ᠤ ᠦᠪᠡᠷᠲᠡᠭᠡᠨ ᠵᠠᠰᠠᠬᠤ ᠶᠢ ᠬᠡᠷᠡᠭᠵᠢᠭᠦᠯᠵᠦ ᠪᠠᠶᠢᠭ᠎ᠠ ᠦᠨᠳᠦᠰᠦᠲᠡᠨ ᠤ ᠦᠭᠡ ᠬᠡᠯᠡ ᠦᠰᠦᠭ ᠪᠢᠴᠢᠭ ᠢᠶᠠᠷ | ᠭᠤᠤᠯ ᠪᠤᠯᠭᠠᠵᠦ ᠪᠤᠯᠤᠨ᠎ᠠ᠃ | 5. ᠲᠤᠲᠤᠭᠠᠲᠦ ᠶᠢ ᠬᠠᠮᠠᠭᠠᠯᠠᠬᠤ ᠴᠡᠷᠢᠭ ᠠᠩᠬᠢ ᠵᠤᠬᠢᠶᠠᠨ ᠪᠠᠶᠢᠭᠤᠯᠬᠤ ᠡᠷᠬᠡ᠃ ᠦᠨᠳᠦᠰᠦᠲᠡᠨ ᠤ | ᠦᠪᠡᠷᠲᠡᠭᠡᠨ ᠵᠠᠰᠠᠬᠤ ᠭᠠᠵᠠᠷ ᠤᠷᠤᠨ ᠤ ᠦᠪᠡᠷᠲᠡᠭᠡᠨ ᠵᠠᠰᠬᠠᠤ ᠪᠠᠶᠢᠭᠤᠯᠤᠯᠭ᠎ᠠ ᠤᠯᠤᠰ ᠤᠨ ᠴᠡᠷᠢᠭ ᠤᠨ | ᠶᠠᠪᠤᠲᠠᠯ ᠤᠨ ᠲᠦᠷᠢᠮ ᠪᠠ ᠲᠤᠬᠠᠢ ᠶᠢᠨ ᠭᠠᠵᠠᠷ ᠤᠨ ᠪᠤᠲᠠᠲᠤ ᠬᠡᠷᠡᠭᠴᠡᠭᠡ ᠪᠠᠨ ᠦᠨᠳᠦᠰᠦᠯᠡᠵᠦ᠂ ᠲᠦᠷᠦ ᠶᠢᠨ | ᠶᠠᠪᠤᠲᠠᠯ ᠤᠨ ᠬᠤᠷᠢᠶ ᠠ ᠪᠠᠷ ᠵᠦᠪᠰᠢᠶᠡᠷᠡᠭᠦᠯᠦᠭᠰᠡᠨ ᠤ ᠳᠠᠷᠠᠭ᠎ᠠ᠂ ᠳᠣᠰ ᠭᠠᠵᠠᠷ ᠤᠷᠤᠨ ᠤ ᠪᠠᠨ ᠨᠡᠶᠢᠭᠡᠮ ᠤᠨ ᠠᠮᠤᠷ | ᠲᠦᠪᠰᠢᠨ ᠢ ᠬᠠᠮᠠᠭᠠᠯᠠᠬᠤ ᠲᠤᠳᠤᠭᠠᠲᠦ ᠶᠢ ᠬᠠᠮᠠᠭᠠᠯᠠᠬᠤ ᠴᠡᠷᠢᠭ ᠠᠩᠬᠢ ᠵᠤᠬᠢᠶᠠᠨ ᠪᠠᠶᠢᠭᠤᠯᠵᠦ ᠪᠤᠯᠤᠨ᠎ᠠ᠃ | 6. ᠴᠦᠬᠡᠨ ᠲᠤᠭᠠᠲᠦ ᠦᠨᠳᠦᠰᠦᠲᠡᠨ ᠤ ᠺᠠᠳ᠋ᠷ ᠢ ᠤᠷᠢᠳᠠᠪᠠᠷ ᠲᠤᠮᠢᠯᠠᠨ ᠬᠡᠷᠡᠭᠯᠡᠬᠦ ᠡᠷᠬᠡ᠃ | |