ᠮᠤᠩᠭᠤᠯ ᠤᠯᠤᠰ ᠤᠨ ᠮᠠᠯ ᠠᠵᠤ ᠠᠬᠤᠢ ᠶᠠᠮᠠᠷᠬᠠᠨ ᠴᠢᠭᠯᠡᠯ ᠢᠶᠠᠷ ᠬᠦᠭᠵᠢᠵᠦ ᠪᠠᠶᠢᠭ᠎ᠠ ᠪᠤᠯ⁈ —  ᠮᠤᠩᠭᠤᠯ ᠤᠯᠤᠰ ᠤᠨ ᠭᠦᠳᠡᠭᠡ ᠠᠵᠤ ᠠᠬᠤᠢ ᠶᠢᠨ ᠶᠡᠭᠡ ᠰᠤᠷᠭᠠᠭᠤᠯᠢ ᠶᠢᠨ ᠬᠤᠶᠠᠷ ᠫᠷᠤᠹᠧᠰᠰᠤᠷ ᠢ ᠰᠤᠷᠪᠤᠯᠵᠢᠯᠠᠭᠠᠳ
ᠨᠡᠶᠢᠲᠡᠯᠡᠭᠰᠡᠨ ᠴᠠᠭ᠄
2016/3/7
     2014 ᠤᠨ ᠤ ᠵᠢᠯ ᠤᠨ ᠡᠴᠤᠰ ᠲᠠᠬᠢ ᠮᠤᠩᠭᠤᠯ ᠤᠯᠤᠰ ᠤᠨ ᠮᠠᠯ ᠤᠨ ᠳᠤᠭᠠᠯᠠᠯᠭ᠎ᠠ ᠶᠢᠨ ᠤᠷᠢᠳᠴᠢᠯᠠᠬᠰᠠᠨ ᠳ᠋ᠦᠩ ᠳᠤ᠂ ᠮᠠᠯ ᠰᠦᠷᠦᠭ ᠤᠨ ᠨᠡᠶᠢᠳᠡ ᠳᠤᠭ᠎ᠠ 5190 ᠲᠦᠮᠡ ᠳᠤ ᠭᠦᠷᠴᠤ᠂ ᠨᠢᠳᠤᠨᠤᠨ ᠵᠢᠯ ᠠᠴᠠ ᠪᠠᠨ 680 ᠲᠦᠮᠡ ᠪᠠᠷ ᠨᠡᠮᠡᠭᠳᠡᠭᠰᠡᠨ ᠢᠶᠠᠷ᠂ 2014 ᠤᠨ ᠨᠢ ᠮᠤᠩᠭᠤᠯ ᠤᠯᠤᠰ ᠤᠨ ᠮᠠᠯ ᠰᠦᠷᠦᠭ ᠤᠨ ᠦᠨᠢᠷ ᠦᠰᠦᠯᠳᠡ ᠲᠠᠢ ᠨᠢᠭᠡᠨ ᠵᠢᠯ ᠪᠤᠯᠤᠬᠰᠠᠨ ᠪᠠᠶᠢᠯ᠎ᠠ᠃ 2015 ᠤᠨ ᠤ ᠡᠭᠢᠨ ᠳᠤ ᠳᠤᠮᠳᠠᠳᠤ · ᠮᠤᠩᠭᠤᠯ ᠤᠯᠤᠰ ᠤᠨ ᠮᠠᠯ ᠠᠵᠤ ᠠᠬᠤᠢ ᠶᠢᠨ ᠦᠢᠯᠡᠳᠪᠦᠷᠢᠯᠡᠯ ᠭᠢᠭᠡᠳ ᠮᠠᠯ ᠤᠨ ᠭᠢᠵᠢᠭ ᠰᠡᠷᠭᠡᠶᠢᠯᠡᠯᠳᠡ ᠶᠢᠨ ᠠᠵᠢᠯ ᠤᠨ ᠡᠷᠳᠡᠮ ᠰᠢᠨᠵᠢᠯᠡᠭᠡᠨ ᠤ ᠬᠤᠷᠠᠯ ᠰᠢᠯᠢ ᠶᠢᠨ ᠬᠤᠳᠠ ᠳᠤ ᠶᠠᠪᠤᠬᠳᠠᠬᠤ ᠳᠠᠰᠢᠷᠡᠮ ᠢᠶᠠᠷ ᠰᠤᠷᠪᠤᠯᠵᠢᠯᠠᠬᠴᠢ ᠮᠤᠩᠭᠤᠯ ᠤᠯᠤᠰ ᠤᠨ ᠭᠦᠳᠡᠭᠡ ᠠᠵᠤ ᠠᠬᠤᠢ ᠶᠢᠨ ᠶᠡᠭᠡ ᠰᠤᠷᠭᠠᠭᠤᠯᠢ ᠶᠢᠨ ᠫᠷᠤᠹᠧᠰᠰᠤᠷ ᠳᠡᠮᠤᠷ ᠤᠨ ᠪᠡᠯᠳᠡᠨ ᠪᠤᠯᠤᠨ ᠳᠡᠳ᠋ ᠫᠷᠤᠹᠧᠰᠰᠤᠷ ᠴᠤᠬᠳᠤᠳᠤᠶᠠᠭ᠎ᠠ ᠠᠴᠠ ᠰᠤᠷᠪᠤᠯᠵᠢᠯᠠᠭ᠎ᠠ ᠠᠪᠴᠤ᠂ ᠮᠤᠩᠭᠤᠯ ᠤᠯᠤᠰ ᠤᠨ ᠮᠠᠯ ᠠᠵᠤ ᠠᠬᠤᠢ ᠶᠢᠨ ᠭᠦᠭᠵᠢᠯᠳᠡ ᠶᠢᠨ ᠪᠠᠶᠢᠳᠠᠯ ᠤᠨ ᠳᠤᠬᠠᠢ ᠤᠢᠢᠯᠠᠭᠠᠬᠰᠠᠨ ᠪᠢᠯᠡ᠃          ᠮᠤᠩᠭᠤᠯ ᠤᠯᠤᠰ ᠪᠤᠯ ᠮᠠᠯ ᠠᠵᠤ ᠠᠬᠤᠢ ᠡᠷᠭᠢᠯᠡᠭᠦ ᠪᠠᠷ ᠭᠤᠤᠯ ᠪᠤᠯᠭᠠᠬᠰᠠᠨ ᠤᠯᠤᠰ ᠤᠷᠤᠨ ᠤ ᠨᠢᠭᠡᠨ  ᠪᠠᠶᠢᠵᠤ᠂ ᠭᠦᠮᠦᠨ ᠪᠦᠷᠢ ᠳᠤ ᠨᠤᠬᠳᠠᠬᠤ ᠮᠠᠯ ᠤᠨ ᠳᠤᠭ᠎ᠠ ᠪᠠᠷ ᠢᠶᠠᠨ ᠳᠡᠯᠡᠭᠡᠢ ᠳᠤ ᠳᠡᠷᠢᠭᠦᠯᠡᠳᠡᠭ᠃ 1990  ᠤᠨ ᠳᠤ ᠮᠤᠩᠭᠤᠯ ᠤᠯᠤᠰ ᠤᠨ ᠠᠵᠤ ᠠᠬᠤᠢ ᠲᠦᠯᠦᠪᠯᠡᠭᠡᠳᠤ ᠠᠵᠤ ᠠᠬᠤᠢ ᠠᠴᠠ ᠵᠠᠬ᠎ᠠ ᠳᠡᠯᠭᠡᠭᠦᠷ ᠤᠨ ᠠᠵᠤ  ᠠᠬᠤᠢ ᠳᠤ ᠰᠢᠯᠵᠢᠵᠤ᠂ ᠮᠠᠯ ᠰᠦᠷᠦᠭ ᠢ ᠬᠤᠪᠢ ᠡᠷᠤᠭᠡ ᠳᠤ ᠳᠠᠭᠠᠭᠠᠴᠢᠯᠠᠭᠤᠯᠵᠤ ᠡᠭᠢᠯᠡᠭᠰᠡᠨ ᠠᠴᠠ ᠬᠤᠶᠢᠰᠢ ᠮᠤᠩᠭᠤᠯ ᠤᠯᠤᠰ ᠤᠨ ᠮᠠᠯ ᠠᠵᠤ ᠠᠬᠤᠢ ᠰᠢᠨ᠎ᠡ ᠨᠢᠭᠡᠨ ᠭᠦᠭᠵᠢᠯᠳᠡ ᠶᠢᠨ ᠱᠠᠳᠤᠨ ᠳᠤ ᠰᠢᠯᠵᠢᠵᠤ᠂ ᠮᠠᠯ ᠰᠦᠷᠦᠭ  ᠴᠤ ᠦᠨᠢᠷ ᠦᠰᠦᠯᠳᠡ ᠶᠢᠨ ᠱᠠᠳᠤᠨ ᠳᠤ ᠤᠷᠤᠬᠰᠠᠨ ᠪᠠᠶᠢᠯ᠎ᠠ᠃ ︽1990 ᠤᠨ ᠠᠴᠠ ᠡᠮᠤᠨ᠎ᠡ᠂ ᠮᠠᠨ ᠤ ᠤᠯᠤᠰ ᠤᠨ ᠮᠠᠯ ᠤᠨ ᠳᠤᠭ᠎ᠠ 250 ᠲᠦᠮᠡ ᠤᠷᠴᠢᠮ ᠳᠤ ᠡᠷᠭᠢᠯᠳᠤᠵᠤ ᠪᠠᠶᠢᠬᠰᠠᠨ᠃ 1990 ᠤᠨ ᠠᠴᠠ  ᠬᠤᠶᠢᠰᠢ ᠮᠠᠯ ᠤᠨ ᠳᠤᠭ᠎ᠠ ᠠᠭᠠᠵᠢᠮ ᠢᠶᠠᠷ ᠦᠰᠴᠤ᠂ 1990 — 2000 ᠤᠨ ᠤ ᠬᠤᠭᠤᠷᠤᠨᠳᠤᠭᠢ  ᠬᠤᠭᠤᠴᠠᠭᠠᠨ ᠳᠤ 490 — 500 ᠲᠦᠮᠡᠨ ᠮᠠᠯ ᠡᠪᠦᠯᠵᠢᠭᠦᠯᠳᠡᠭ ᠪᠤᠯᠤᠬᠰᠠᠨ᠃ 1990 ᠤᠨ ᠠᠴᠠ ᠬᠤᠶᠢᠰᠢ ᠮᠠᠯ ᠤᠨ ᠳᠤᠭ᠎ᠠ ᠠᠭᠠᠵᠢᠮ ᠢᠶᠠᠷ ᠦᠰᠴᠤ ᠡᠭᠢᠯᠡᠭᠰᠡᠨ ᠨᠢ ᠮᠠᠯ ᠢ ᠡᠷᠤᠭᠡ ᠳᠤ  ᠳᠠᠭᠠᠭᠠᠴᠢᠯᠠᠭᠤᠯᠤᠬᠰᠠᠨ ᠠᠴᠠ ᠮᠠᠯᠴᠢᠳ ᠤᠨ ᠢᠳᠡᠪᠭᠢᠵᠢᠯ ᠢ ᠳᠠᠶᠢᠴᠢᠯᠠᠬᠰᠠᠨ ᠪᠡ ᠲᠦᠷᠦ ᠵᠠᠰᠠᠭ ᠠᠴᠠ ᠮᠠᠯ ᠢᠶᠠᠨ  ᠦᠰᠭᠡᠭᠦ ᠶᠢ ᠶᠡᠭᠡᠪᠡᠷ ᠳᠡᠮᠵᠢᠭᠰᠡᠨ ᠲᠠᠢ ᠬᠤᠯᠪᠤᠭ᠎ᠠ ᠲᠠᠢ︾ ᠭᠡᠵᠤ ᠴᠤᠬᠳᠤᠳᠤᠶᠠᠭ᠎ᠠ ᠮᠠᠨ ᠳᠤ ᠶᠠᠷᠢᠯ᠎ᠠ᠃  ᠴᠤᠬᠳᠤᠳᠤᠶᠠᠭ᠎ᠠ ᠬᠠᠷᠠᠬᠠᠨ ᠪᠠᠭ᠎ᠠ ᠠᠴᠠ ᠪᠠᠨ ᠭᠦᠳᠡᠭᠡ ᠦᠰᠴᠤ᠂ ᠶᠡᠭᠡ ᠰᠤᠷᠭᠠᠭᠤᠯᠢ ᠪᠠᠨ ᠳᠡᠭᠦᠰᠦᠭᠰᠡᠨ ᠤ ᠳᠠᠷᠠᠭ᠎ᠠ ᠭᠦᠳᠡᠭᠡ ᠨᠤᠳᠤᠭ ᠲᠤ 20 ᠭᠠᠷᠤᠢ ᠵᠢᠯ ᠠᠵᠢᠯᠯᠠᠵᠤ᠂ ᠭᠦᠳᠡᠭᠡ ᠠᠴᠠ ᠬᠤᠳᠠ ᠳᠤ ᠪᠤᠴᠠᠬᠰᠠᠨ ᠤ ᠳᠠᠷᠠᠭ᠎ᠠ ᠴᠤ ᠭᠦᠳᠡᠭᠡ ᠠᠵᠤ ᠠᠬᠤᠢ ᠶᠢᠨ ᠰᠤᠷᠭᠠᠭᠤᠯᠢ ᠳᠤ ᠪᠠᠭᠰᠢᠯᠠᠵᠤ᠂ ᠮᠠᠯ ᠠᠵᠤ ᠠᠬᠤᠢ ᠶᠢᠨ ᠰᠤᠳᠤᠯᠭᠠᠨ ᠢᠶᠠᠨ  ᠦᠷᠭᠦᠯᠵᠢᠯᠡᠭᠦᠯᠳᠡᠭ ᠪᠤᠯᠬᠤᠷ ᠳᠡᠷᠡ ᠮᠤᠩᠭᠤᠯ ᠤᠯᠤᠰ ᠤᠨ ᠮᠠᠯ ᠠᠵᠤ ᠠᠬᠤᠢ ᠶᠢᠨ ᠳᠤᠬᠠᠢ ᠰᠠᠶᠢᠨ ᠤᠢᠢᠯᠠᠭᠠᠳᠠᠭ᠃ 2010 ᠤᠨ ᠳᠤ ᠮᠤᠩᠭᠤᠯ ᠤᠯᠤᠰ ᠲᠤ ᠨᠢᠭᠡᠨ ᠤᠳᠠᠭᠠᠨ ᠤ ᠶᠡᠭᠡ ᠴᠠᠰᠤ ᠵᠤᠳ ᠪᠤᠯᠤᠬᠰᠠᠨ ᠴᠤ ᠮᠠᠯᠴᠢᠳ ᠤᠨ ᠰᠠᠭᠤᠷᠢ ᠪᠦᠳᠦᠭᠡᠨ ᠪᠠᠶᠢᠭᠤᠯᠤᠯᠳᠠ ᠤᠤᠯ ᠠᠴᠠ ᠪᠠᠨ ᠰᠠᠶᠢᠵᠢᠷᠠᠬᠰᠠᠨ ᠪᠤᠯᠬᠤᠷ ᠳᠡᠳᠤᠢ ᠶᠡᠭᠡ ᠬᠤᠭᠢᠷᠠᠯ ᠳᠤ ᠤᠴᠠᠷᠠᠬᠰᠠᠨ ᠦᠭᠡᠢ ᠪᠠᠶᠢᠯ᠎ᠠ᠃ ᠳᠡᠭᠦᠨ ᠠᠴᠠ ᠬᠤᠶᠢᠰᠢ ᠵᠠᠯᠭᠠᠪᠠᠷ ᠦᠩ ᠰᠠᠶᠢᠨ ᠵᠢᠯ ᠳᠠᠭᠠᠷᠠᠬᠰᠠᠨ ᠠᠴᠠ ᠮᠠᠯ ᠰᠦᠷᠦᠭ ᠦᠨᠢᠷ ᠦᠰᠦᠯᠳᠡ ᠲᠠᠢ ᠪᠤᠯᠵᠤ᠂ 2014 ᠤᠨ ᠤ ᠵᠢᠯ ᠤᠨ ᠡᠴᠤᠰ ᠤᠨ ᠳᠤᠭᠠᠯᠠᠯᠭ᠎ᠠ ᠳᠤ 5190  ᠲᠦᠮᠡᠨ ᠮᠠᠯ ᠳᠤᠭᠠᠯᠠᠭᠤᠯᠤᠬᠰᠠᠨ ᠠᠮᠵᠢᠯᠳᠠ ᠶᠢ ᠡᠭᠦᠳᠦᠭᠰᠡᠨ ᠶᠤᠮ᠃          ᠮᠤᠩᠭᠤᠯ ᠤᠯᠤᠰ ᠡᠷᠳᠡ ᠳᠡᠭᠡᠳᠤ ᠠᠴᠠ ᠪᠠᠨ ᠪᠡᠯᠴᠢᠭᠡᠷ ᠤᠨ ᠮᠠᠯ ᠠᠵᠤ ᠠᠬᠤᠢ ᠶᠢ ᠭᠦᠭᠵᠢᠭᠦᠯᠦᠭᠰᠡᠭᠡᠷ ᠢᠷᠡᠭᠰᠡᠨ ᠶᠤᠮ᠃ ᠤᠳᠤ ᠴᠤ ᠮᠦᠨ ᠪᠡᠯᠴᠢᠭᠡᠷ ᠤᠨ ᠮᠠᠯ ᠠᠵᠤ ᠠᠬᠤᠢ ᠶᠢ ᠭᠦᠭᠵᠢᠭᠦᠯᠭᠦ ᠶᠢ ᠭᠤᠤᠯ ᠪᠤᠯᠭᠠᠵᠤ᠂ ᠮᠠᠯ ᠰᠦᠷᠦᠭ ᠢᠶᠠᠨ ᠦᠨᠢᠷ ᠦᠰᠭᠡᠭᠦ ᠶᠢᠨ ᠵᠡᠷᠭᠡ ᠳᠤ ᠪᠠᠰᠠ ᠡᠷᠴᠢᠮᠵᠢᠭᠰᠡᠨ ᠮᠠᠯ ᠠᠵᠤ ᠠᠬᠤᠢ ᠶᠢ ᠭᠦᠭᠵᠢᠭᠦᠯᠵᠤ ᠪᠠᠶᠢᠭ᠎ᠠ ᠠᠵᠢ᠃ ︽ᠮᠠᠨ ᠤ ᠤᠯᠤᠰ ᠤᠨ ᠬᠢᠨ ᠤᠯᠠᠮᠵᠢᠯᠠᠯᠳᠤ ᠮᠠᠯ ᠠᠵᠤ ᠠᠬᠤᠢ ᠪᠠᠨ ᠭᠦᠭᠵᠢᠭᠦᠯᠭᠦ ᠶᠢᠨ ᠵᠡᠷᠭᠡ ᠳᠤ ᠡᠷᠴᠢᠮᠵᠢᠭᠰᠡᠨ ᠮᠠᠯ ᠠᠵᠤ ᠠᠬᠤᠢ ᠶᠢ ᠴᠤ ᠡᠷᠭᠢᠯᠡᠵᠤ ᠪᠠᠶᠢᠨ᠎ᠠ᠃ ᠭᠡᠭᠦ ᠳᠡᠭᠡᠨ ᠠᠯᠤᠰ ᠨᠤᠳᠤᠭ ᠲᠤ ᠤᠯᠠᠮᠵᠢᠯᠠᠯᠳᠤ ᠮᠠᠯ ᠠᠵᠤ ᠠᠬᠤᠢ ᠪᠠᠨ ᠭᠦᠭᠵᠢᠭᠦᠯᠵᠤ᠂ ᠲᠦᠪ ᠰᠠᠭᠤᠷᠢᠨ ᠭᠠᠵᠠᠷ ᠤᠨ ᠤᠢᠢᠷᠠᠯᠴᠠᠭ᠎ᠠ ᠡᠷᠴᠢᠮᠵᠢᠭᠰᠡᠨ ᠮᠠᠯ ᠠᠵᠤ  ᠠᠬᠤᠢ ᠶᠢ ᠭᠦᠭᠵᠢᠭᠦᠯᠵᠤ᠂ ᠮᠢᠬᠠᠨ ᠤ ᠦᠭᠡᠷ᠂ ᠰᠠᠭᠠᠯᠢ ᠶᠢᠨ ᠦᠨᠢᠶ᠎ᠡ᠂ ᠰᠦᠨ ᠤ ᠢᠮᠠᠭ᠎ᠠ᠂ ᠮᠢᠬᠠᠨ ᠤ ᠬᠤᠨᠢ  ᠵᠡᠷᠭᠡ ᠶᠢ ᠦᠷᠡᠵᠢᠭᠦᠯᠵᠤ ᠪᠠᠶᠢᠨ᠎ᠠ᠃ ᠡᠷᠴᠢᠮᠵᠢᠭᠰᠡᠨ ᠮᠠᠯ ᠠᠵᠤ ᠠᠬᠤᠢ ᠶᠢ ᠭᠦᠭᠵᠢᠭᠦᠯᠭᠦ ᠳᠡᠭᠡᠨ ᠭᠠᠳᠠᠨ᠎ᠠ ᠠᠴᠠ  ᠴᠡᠪᠡᠷ ᠡᠭᠦᠯᠳᠡᠷ ᠤᠨ ᠦᠷ᠎ᠡ ᠶᠢᠨ ᠮᠠᠯ ᠪᠤᠶᠤ ᠦᠷ᠎ᠡ ᠤᠷᠤᠭᠤᠯᠵᠤ ᠢᠷᠡᠭᠡᠳ ᠨᠤᠳᠤᠭ ᠤᠨ ᠡᠭᠦᠯᠳᠡᠷ ᠲᠠᠢ ᠪᠠᠨ  ᠡᠷᠯᠢᠰᠡᠵᠢᠭᠦᠯᠵᠤ᠂ ᠰᠢᠯᠢᠳᠡᠭ ᠡᠭᠦᠯᠳᠡᠷ ᠢ ᠰᠤᠩᠭᠤᠨ ᠪᠤᠶᠢᠵᠢᠭᠤᠯᠵᠤ ᠪᠠᠶᠢᠨ᠎ᠠ᠃ ᠰᠢᠯᠢᠳᠡᠭ ᠡᠭᠦᠯᠳᠡᠷ ᠢᠶᠠᠨ ᠤᠷᠤᠭᠤᠯᠬᠤ ᠳᠠᠭᠠᠨ ᠭᠤᠤᠯᠳᠠᠭᠤ ᠡᠸᠦ᠋ᠷᠦᠫᠠ ᠶᠢᠨ ᠤᠯᠤᠰ ᠠᠴᠠ ᠤᠷᠤᠭᠤᠯᠳᠠᠭ᠃ ᠳᠤᠮᠳᠠᠳᠤ ᠤᠯᠤᠰ ᠠᠴᠠ ᠪᠠᠰᠠ ᠤᠷᠤᠭᠤᠯᠵᠤ ᠪᠠᠶᠢᠨ᠎ᠠ᠃ ᠴᠠᠭ ᠠᠭᠤᠷ ᠤᠨ ᠳᠤᠯᠠᠭᠠᠷᠠᠯ ᠵᠡᠷᠭᠡ ᠰᠢᠯᠳᠠᠭᠠᠨ᠂ ᠪᠡᠯᠴᠢᠭᠡᠷ ᠨᠤᠳᠤᠭ ᠤᠨ ᠤᠷᠭᠤᠴᠠ ᠪᠠᠭᠠᠰᠴᠤ ᠪᠠᠶᠢᠭ᠎ᠠ ᠪᠡ ᠭᠦᠮᠦᠨ ᠠᠮᠠ ᠤᠯᠠᠨ ᠪᠤᠯᠵᠤ ᠪᠠᠶᠢᠭ᠎ᠠ ᠠᠴᠠ ᠪᠤᠯᠵᠤ᠂ ᠮᠠᠯ ᠤᠨ ᠪᠤᠳᠠᠭᠠᠯᠢ ᠪᠡᠶ᠎ᠡ ᠶᠢᠨ ᠠᠰᠢᠬ ᠰᠢᠮ᠎ᠡ ᠶᠢ ᠨᠡᠮᠡᠭᠳᠡᠭᠦᠯᠭᠦ ᠶᠠᠪᠤᠳᠠᠯ ᠴᠢᠬᠤᠯᠠ ᠱᠠᠭᠠᠷᠳᠠᠬᠳᠠᠵᠤ ᠪᠠᠶᠢᠭ᠎ᠠ ᠪᠤᠯᠬᠤᠷ ᠡᠷᠴᠢᠮᠵᠢᠭᠰᠡᠨ ᠮᠠᠯ ᠠᠵᠤ ᠠᠬᠤᠢ ᠶᠢ ᠭᠦᠭᠵᠢᠭᠦᠯᠭᠦ ᠨᠢ ᠨᠢᠭᠡᠨ ᠴᠢᠬᠤᠯᠠ ᠱᠠᠭᠠᠷᠳᠠᠯᠭ᠎ᠠ ᠪᠤᠯᠵᠤ ᠪᠠᠶᠢᠨ᠎ᠠ᠃ ᠮᠤᠩᠭᠤᠯ ᠮᠠᠯ ‍ᠦᠯ ᠳᠠᠭᠠᠭᠠᠬᠤ ᠴᠢᠳᠠᠪᠤᠷᠢ ᠪᠠᠷ ᠰᠠᠶᠢᠨ᠂ ᠪᠡᠯᠴᠢᠭᠡᠷ ᠲᠤ ᠵᠤᠭᠢᠴᠠᠬᠤ ᠪᠠᠷ ᠰᠠᠶᠢᠨ ᠵᠡᠷᠭᠡ ᠤᠨᠴᠠᠯᠢᠭ ᠲᠠᠢ ᠪᠦᠭᠡᠳ ᠮᠢᠬ᠎ᠠ ᠨᠢ ᠠᠮᠳᠠᠳᠠᠢ ᠵᠡᠷᠭᠡ ᠤᠯᠠᠨ ᠳᠠᠪᠠᠭᠤᠯᠢᠭ ᠳᠠᠯ᠎ᠠ ᠲᠠᠢ᠃ ᠡᠨᠡᠭᠦ ᠪᠤᠶᠠᠨᠳᠤ ᠮᠠᠯ ᠢᠶᠠᠨ ᠦᠰᠭᠡᠨ ᠦᠷᠡᠵᠢᠭᠦᠯᠵᠤ᠂ ᠮᠤᠩᠭᠤᠯ ᠮᠠᠯ ᠳᠤ ᠰᠠᠭᠤᠷᠢᠯᠠᠬᠰᠠᠨ ᠮᠠᠯ ᠠᠵᠤ ᠠᠬᠤᠢ ᠪᠠᠨ ᠭᠦᠭᠵᠢᠭᠦᠯᠭᠦ ᠨᠢ ᠮᠠᠨ ᠤ ᠡᠭᠦᠷᠭᠡ ᠬᠠᠷᠢᠭᠤᠴᠠᠯᠭ᠎ᠠ ᠪᠤᠯᠬᠤᠷ ᠮᠠᠨ ᠤ ᠤᠯᠤᠰ ᠤᠨ ᠬᠢᠨ ᠠᠯᠤᠰ ᠨᠤᠳᠤᠭ ᠲᠤ ᠪᠡᠯᠴᠢᠭᠡᠷ ᠤᠨ ᠮᠠᠯ ᠠᠵᠤ ᠠᠬᠤᠢ ᠪᠠᠨ ᠭᠦᠭᠵᠢᠭᠦᠯᠵᠤ᠂ ᠲᠦᠪ  ᠰᠠᠭᠤᠷᠢᠨ ᠭᠠᠵᠠᠷ ᠤᠨ ᠤᠢᠢᠷᠠᠯᠴᠠᠭ᠎ᠠ ᠡᠷᠴᠢᠮᠵᠢᠭᠰᠡᠨ ᠮᠠᠯ ᠠᠵᠤ ᠠᠬᠤᠢ ᠶᠢ ᠭᠦᠭᠵᠢᠭᠦᠯᠭᠦ ᠵᠠᠮ ᠢᠶᠠᠷ ᠶᠠᠪᠤᠵᠤ ᠪᠠᠶᠢᠭ᠎ᠠ ᠶᠤᠮ︾ ᠭᠡᠵᠤ ᠮᠤᠩᠭᠤᠯ ᠤᠯᠤᠰ ᠤᠨ ᠭᠦᠳᠡᠭᠡ ᠠᠵᠤ ᠠᠬᠤᠢ ᠶᠢᠨ ᠶᠡᠭᠡ ᠰᠤᠷᠭᠠᠭᠤᠯᠢ ᠶᠢᠨ ᠫᠷᠤᠹᠧᠰᠰᠤᠷ ᠳᠠᠮᠤᠷ ᠤᠨ ᠪᠡᠯᠳᠡᠨ ᠮᠠᠨ ᠳᠤ ᠮᠤᠩᠭᠤᠯ ᠤᠯᠤᠰ ᠤᠨ ᠮᠠᠯ ᠠᠵᠤ ᠠᠬᠤᠢ ᠶᠢᠨ ᠭᠦᠭᠵᠢᠯᠳᠡ ᠶᠢᠨ ᠳᠤᠬᠠᠢ ᠤᠢᠢᠯᠠᠭᠠᠮᠵᠢᠳᠠᠢ ᠰᠠᠶᠢᠬᠠᠨ ᠳᠠᠶᠢᠯᠪᠤᠷᠢᠯᠠᠯ᠎ᠠ᠃          ᠮᠤᠩᠭᠤᠯ ᠤᠯᠤᠰ ᠤᠨ ᠮᠠᠯ ᠤᠨ ᠠᠰᠢᠬ ᠰᠢᠮ᠎ᠡ ᠴᠤ ᠮᠦᠨ ᠭᠠᠳᠠᠭᠠᠳᠤ ᠤᠯᠤᠰ ᠲᠤ ᠭᠠᠷᠳᠠᠭ᠃ ᠮᠠᠯ ᠤᠨ ᠮᠢᠬ᠎ᠠ ᠪᠠᠨ ᠭᠤᠤᠯᠳᠠᠭᠤ ᠤᠷᠤᠰ᠂ ᠸᠢᠲ᠋ᠡᠨᠡᠮ᠂ ᠶᠠᠫᠤᠨ᠂ ᠺᠠᠽᠠᠬᠰᠲ᠋ᠠᠨ ᠵᠡᠷᠭᠡ ᠤᠯᠤᠰ ᠲᠤ ᠵᠤᠭᠢᠬᠤ ᠭᠡᠮᠵᠢᠶ᠎ᠡ ᠪᠠᠷ ᠭᠠᠷᠭᠠᠳᠠᠭ᠃ ᠡᠭᠦᠨ ᠳᠤ ᠶᠠᠫᠤᠨ ᠤᠯᠤᠰ ᠲᠤ ᠪᠤᠯ ᠭᠤᠤᠯᠳᠠᠭᠤ ᠠᠳᠤᠭᠤᠨ ᠤ ᠮᠢᠬ᠎ᠠ ᠭᠠᠷᠭᠠᠵᠤ᠂ ᠪᠤᠰᠤᠳ ᠭᠡᠳᠤᠨ ᠤᠯᠤᠰ ᠲᠤ ᠬᠤᠨᠢ ᠦᠭᠡᠷ ᠤᠨ ᠮᠢᠬ᠎ᠠ ᠭᠠᠷᠭᠠᠳᠠᠭ ᠠᠵᠢ᠃ ᠪᠠᠭ᠎ᠠ ᠭᠡᠮᠵᠢᠶᠠᠨ ᠤ ᠨᠤᠤᠰᠤ ᠨᠤᠯᠤᠤᠷ ᠪᠡ ᠶᠡᠭᠡ ᠭᠡᠮᠵᠢᠶᠡᠨ ᠤ ᠠᠷᠠᠰᠤ ᠰᠢᠷᠢ ᠪᠠᠨ ᠮᠠᠨ ᠤ ᠤᠯᠤᠰ ᠲᠤ ᠪᠤᠷᠤᠯᠠᠭᠤᠯᠳᠠᠭ᠃ ᠮᠠᠯ ᠤᠨ ᠠᠰᠢᠬ ᠰᠢᠮ᠎ᠡ ᠪᠠᠨ ᠪᠤᠯᠪᠠᠰᠤᠷᠠᠭᠤᠯᠵᠤ ᠪᠤᠷᠤᠯᠠᠭᠤᠯᠬᠤ ᠠᠵᠢᠯ ᠨᠡᠯᠢᠶᠡᠳ ᠬᠤᠵᠢᠭᠤ ᠡᠭᠢᠯᠡᠭᠰᠡᠨ ᠴᠤ ᠤᠢᠢᠷ᠎ᠠ ᠶᠢᠨ ᠵᠢᠯ ᠠᠴᠠ  ᠭᠦᠮᠦᠰ ᠤᠨ ᠦᠵᠡᠯᠳᠡ ᠳᠠᠨᠢᠯᠳᠠ ᠳᠤ ᠶᠡᠭᠡᠭᠡᠨ ᠬᠤᠪᠢᠷᠠᠯᠳᠠ ᠲᠠᠢ ᠪᠤᠯᠵᠤ᠂ ᠮᠠᠯ ᠤᠨ ᠠᠰᠢᠬ ᠰᠢᠮ᠎ᠡ ᠪᠠᠨ  ᠪᠤᠯᠪᠠᠰᠤᠷᠠᠭᠤᠯᠵᠤ ᠪᠤᠷᠤᠯᠠᠭᠤᠯᠪᠠᠯ ᠠᠰᠢᠬ ᠤᠷᠤᠯᠭ᠎ᠠ ᠪᠠᠷ ᠨᠡᠩ ᠶᠡᠭᠡ ᠪᠤᠯᠳᠠᠭ ᠭᠡᠰᠡᠨ ᠢ ᠤᠢᠢᠯᠠᠭᠠᠵᠤ ᠮᠡᠳᠡᠭᠰᠡᠨ ᠤ  ᠳᠠᠷᠠᠭ᠎ᠠ ᠮᠠᠯ ᠤᠨ ᠠᠰᠢᠬ ᠰᠢᠮ᠎ᠡ ᠪᠠᠨ ᠦᠪᠡᠷᠳᠡᠭᠡᠨ ᠪᠤᠯᠪᠠᠰᠤᠷᠠᠭᠤᠯᠵᠤ ᠪᠤᠷᠤᠯᠠᠭᠤᠯᠬᠤ ᠠᠵᠢᠯ ᠦᠢᠯᠡᠰ ᠠᠭᠠᠵᠢᠮ ᠢᠶᠠᠷ ᠭᠦᠭᠵᠢᠵᠤ ᠡᠭᠢᠯᠡᠵᠡᠢ᠃ ᠭᠦᠳᠡᠭᠡ ᠨᠤᠳᠤᠭ ᠤᠨ ᠮᠠᠯᠴᠢᠳ ᠨᠢ ᠰᠦ ᠴᠠᠭ᠎ᠠ ᠢᠳᠡᠭᠡ ᠪᠤᠯᠪᠠᠰᠤᠷᠠᠭᠤᠯᠬᠤ᠂ ᠪᠤᠷᠴᠠ ᠬᠠᠳᠠᠭᠠᠬᠤ᠂ ᠨᠤᠤᠰᠤ ᠨᠤᠯᠤᠤᠷ ᠢᠶᠠᠷ ᠢᠶᠠᠨ ᠢᠰᠡᠭᠡᠢ ᠭᠢᠭᠦ ᠵᠡᠷᠭᠡ ᠪᠠᠷ ᠮᠠᠯ ᠤᠨ ᠠᠰᠢᠬ ᠰᠢᠮ᠎ᠡ ᠪᠠᠨ ᠤᠯᠠᠮᠵᠢᠯᠠᠯᠳᠤ ᠠᠷᠭ᠎ᠠ ᠪᠠᠷ ᠪᠤᠯᠪᠠᠰᠤᠷᠠᠭᠤᠯᠳᠠᠭ ᠪᠤᠯ ᠬᠤᠳᠠ ᠳᠠᠭᠠᠨ ᠮᠠᠯ ᠤᠨ ᠠᠰᠢᠬ ᠰᠢᠮ᠎ᠡ ᠪᠠᠨ  ᠪᠤᠯᠪᠠᠰᠤᠷᠠᠭᠤᠯᠬᠤ ᠦᠢᠯᠡᠳᠪᠦᠷᠢᠯᠡᠯ ᠲᠠᠢ ᠪᠠᠶᠢᠳᠠᠭ᠃ ︽ᠮᠠᠯ ᠢ ᠬᠤᠪᠢ ᠳᠤ ᠬᠤᠪᠢᠶᠠᠵᠤ ᠦᠭᠭᠦᠭᠰᠡᠨ ᠠᠴᠠ ᠬᠤᠶᠢᠰᠢ ᠮᠠᠯᠴᠢᠳ ᠮᠠᠯ ᠤᠨ ᠠᠰᠢᠬ ᠰᠢᠮ᠎ᠡ ᠪᠠᠨ ᠪᠤᠷᠤᠯᠠᠭᠤᠯᠬᠤ ᠳᠠᠭᠠᠨ ᠦᠪᠡᠷ ᠤᠨ ᠳᠤᠷ᠎ᠠ ᠪᠠᠨ ᠦᠨᠳᠦᠰᠦᠯᠡᠭᠦ  ᠪᠤᠯᠵᠤ᠂ ᠠᠯᠢ ᠨᠢ ᠦᠨ᠎ᠡ ᠬᠠᠨᠭ᠍ᠰᠢ ᠪᠠᠷ ᠦᠨᠳᠦᠷ ᠪᠤᠯ ᠳᠡᠡᠳᠡ ᠪᠤᠷᠤᠯᠠᠭᠤᠯᠬᠤ ᠪᠤᠯᠤᠬᠰᠠᠨ᠃ ᠡᠨᠡᠭᠦ ᠪᠠᠶᠢᠳᠠᠯ ᠳᠤᠤᠷ᠎ᠠ ᠤᠯᠤᠰ ᠠᠴᠠ ᠦᠨᠳᠦᠰᠦᠳᠡᠨ ᠤ ᠠᠵᠤ ᠠᠬᠤᠢ ᠪᠠᠨ ᠳᠡᠳᠭᠦᠨ ᠳᠡᠮᠵᠢᠭᠦ ᠡᠭᠦᠳᠡᠨ ᠠᠴᠠ ᠭᠠᠳᠠᠬᠰᠢ  ᠭᠠᠷᠭᠠᠵᠤ ᠪᠠᠶᠢᠭ᠎ᠠ ᠲᠦᠭᠦᠭᠡᠢ ᠡᠳ᠋ ᠠᠴᠠ ᠭᠠᠶᠢᠯᠢ ᠳᠠᠳᠠᠪᠤᠷᠢ ᠠᠪᠬᠤ᠂ ᠦᠨᠳᠦᠰᠦᠳᠡᠨ ᠤ ᠠᠵᠤ ᠠᠬᠤᠢ ᠳᠠᠭᠠᠨ ᠲᠦᠭᠦᠭᠡᠢ ᠡᠳ᠋ ᠢᠶᠠᠨ ᠪᠤᠷᠤᠯᠠᠭᠤᠯᠪᠠᠯ ᠵᠤᠭᠢᠬᠤ ᠭᠡᠮᠵᠢᠶᠡᠨ ᠤ ᠨᠦᠭᠦᠪᠦᠷᠢ ᠤᠯᠭᠤᠬᠤ ᠵᠡᠷᠭᠡ ᠠᠷᠭ᠎ᠠ ᠭᠡᠮᠵᠢᠶ᠎ᠠ ᠠᠪᠴᠤ ᠦᠨᠳᠦᠰᠦᠳᠡᠨ ᠤ ᠠᠵᠤ ᠠᠬᠤᠢ ᠪᠠᠨ ᠳᠡᠮᠵᠢᠵᠤ᠂ ᠮᠠᠯ ᠤᠨ ᠠᠰᠢᠬ ᠰᠢᠮ᠎ᠡ ᠪᠠᠨ ᠤᠯᠤᠰ ᠤᠨ ᠳᠤᠳᠤᠭᠠᠳᠤ ᠳᠠᠭᠠᠨ ᠪᠤᠯᠪᠠᠰᠤᠷᠠᠭᠤᠯᠵᠤ ᠪᠤᠷᠤᠯᠠᠭᠤᠯᠬᠤ ᠶᠢ ᠳᠡᠮᠵᠢᠵᠤ ᠪᠤᠢ᠃ ᠳᠡᠮᠡᠭᠡᠨ ᠤ ᠠᠰᠢᠬ ᠰᠢᠮ᠎ᠡ ᠶᠢ ᠪᠤᠯᠪᠠᠰᠤᠷᠠᠭᠤᠯᠬᠤ ᠪᠠᠷ ᠵᠢᠱᠢᠶᠡᠯᠡᠵᠤ ᠶᠠᠷᠢᠪᠠᠯ᠂ ᠢᠡᠭᠭᠡᠨ ᠰᠦ ᠶᠢ ᠰᠤᠪᠢᠯᠠᠯᠭ᠎ᠠ ᠡᠮᠴᠢᠯᠡᠭᠡ ᠳᠤ ᠭᠡᠷᠡᠭᠯᠡᠭᠦ ᠳᠠᠯ᠎ᠠ ᠠᠴᠠ ᠭᠦᠭᠵᠢᠭᠦᠯᠵᠤ᠂ ᠢᠡᠭᠭᠡᠨ ᠰᠦ ᠪᠠᠷ ᠭᠢᠭᠰᠡᠨ ᠬᠤᠭᠤᠷᠮᠠᠭ ᠬᠤᠳᠤᠭᠤᠳᠤ ᠭᠡᠳᠡᠰᠤᠨ ᠤ ᠡᠪᠡᠳᠴᠢᠨ ᠳᠤ ᠶᠡᠭᠡ ᠰᠠᠶᠢᠨ ᠪᠠᠶᠢᠳᠠᠭ ᠪᠤᠯᠬᠤᠷ  ᠠᠶᠢᠮᠠᠭ ᠤᠨ ᠲᠦᠪ ᠬᠤᠳᠠ ᠬᠤᠭᠤᠷᠮᠠᠭ ᠪᠤᠯᠪᠠᠰᠤᠷᠠᠭᠤᠯᠵᠤ ᠪᠤᠷᠤᠯᠠᠭᠤᠯᠬᠤ ᠵᠢᠵᠢᠭ ᠦᠢᠯᠡᠳᠪᠦᠷᠢ ᠲᠠᠢ ᠪᠠᠶᠢᠵᠤ᠂ ᠬᠤᠭᠤᠷᠮᠠᠭ ᠭᠢᠵᠤ ᠪᠤᠷᠤᠯᠠᠭᠤᠯᠳᠠᠭ᠃ ᠶᠠᠫᠤᠨ ᠤᠯᠤᠰ ᠤᠨ ᠳᠤᠰᠠᠯᠠᠮᠵᠢ ᠪᠡ ᠠᠩᠭ᠍ᠯᠢ ᠤᠯᠤᠰ ᠤᠨ ᠳᠤᠰᠠᠯᠠᠮᠵᠢ ᠲᠠᠢ  ᠪᠠᠶᠢᠭᠤᠯᠤᠬᠳᠠᠬᠰᠠᠨ ᠳᠡᠮᠡᠭᠡᠨ ᠨᠤᠤᠰᠤ ᠪᠠᠷ ᠭᠦᠨᠵᠢᠯᠡ᠂ ᠨᠤᠤᠰᠤᠨ ᠬᠤᠪᠴᠠᠰᠤ ᠭᠢᠭᠦ ᠵᠡᠷᠭᠡ ᠦᠢᠯᠡᠳᠪᠦᠷᠢ ᠨᠢᠭᠡᠨᠳᠡ  ᠪᠤᠢ ᠪᠤᠯᠤᠬᠰᠠᠨ᠃ ᠮᠠᠯ ᠤᠨ ᠠᠷᠠᠰᠤ ᠰᠢᠷᠢ ᠶᠢ ᠪᠤᠯᠪᠠᠰᠤᠷᠠᠭᠤᠯᠬᠤ ᠦᠢᠯᠡᠳᠪᠦᠷᠢ ᠰᠡᠭᠦᠯ ᠤᠨ ᠦᠶ᠎ᠡ ᠳᠤ ᠪᠠᠶᠢᠭᠤᠯᠤᠬᠳᠠᠬᠰᠠᠨ︾ ᠭᠡᠵᠤ ᠴᠤᠬᠳᠤᠳᠤᠶᠠᠭ᠎ᠠ ᠶᠠᠷᠢᠬᠤ ᠳᠤ ︽ᠮᠠᠨ ᠤ ᠤᠯᠤᠰ ᠨᠤᠯᠤᠤᠷ ᠤᠨ ᠦᠢᠯᠡᠳᠪᠦᠷᠢᠯᠡᠯ ᠢᠶᠠᠷ ᠢᠶᠠᠨ ᠳᠡᠯᠡᠭᠡᠢ ᠳᠤ ᠬᠤᠶᠠᠳᠤᠭᠠᠷ ᠲᠤ ᠤᠷᠤᠳᠠᠭ᠃ ᠮᠠᠨ ᠤ ᠤᠯᠤᠰ ᠤᠨ ᠨᠤᠯᠤᠤᠷ ᠤᠨ ᠬᠤᠪᠴᠠᠰᠤ ᠶᠡᠭᠡ ᠨᠠᠷᠠᠳᠠᠢ ᠪᠠᠶᠢᠳᠠᠭ ᠪᠦᠭᠡᠳ ᠨᠤᠯᠤᠤᠷ ᠢᠶᠠᠷ ᠳᠤᠯᠠᠭᠠᠯᠠᠯᠭ᠎ᠠ ᠶᠢᠨ ᠮᠠᠲ᠋ᠧᠷᠢᠶᠠᠯ ᠴᠤ ᠭᠢᠭᠦ ᠪᠤᠯᠤᠬᠰᠠᠨ  ︾ ᠭᠡᠵᠤ ᠳᠡᠮᠤᠷ ᠤᠨ ᠪᠡᠯᠳᠡᠨ ᠨᠦᠭᠦᠵᠤ ᠶᠠᠷᠢᠯ᠎ᠠ᠃          ᠮᠠᠯ ᠤᠨ ᠦᠨ᠎ᠡ ᠬᠠᠨᠭ᠍ᠰᠢ ᠪᠤᠯ ᠮᠠᠯᠵᠢᠬᠤ ᠦᠢᠯᠡᠳᠪᠦᠷᠢᠯᠡᠯ ᠤᠨ ᠭᠦᠭᠵᠢᠯᠳᠡ ᠳᠠᠬᠢ ᠴᠢᠬᠤᠯᠠ ᠨᠢᠭᠡᠨ ᠠᠰᠠᠭᠤᠳᠠᠯ ᠪᠤᠯᠬᠤᠷ ᠮᠤᠩᠭᠤᠯ ᠤᠯᠤᠰ ᠤᠨ ᠮᠠᠯ ᠤᠨ ᠦᠨ᠎ᠡ ᠬᠠᠨᠭ᠍ᠰᠢ ᠶᠠᠮᠠᠷᠬᠠᠨ ᠪᠠᠶᠢᠳᠠᠭ ᠳᠤᠬᠠᠢ ᠳᠤ ᠠᠷᠭ᠎ᠠ ᠦᠭᠡᠢ ᠰᠤᠨᠢᠷᠬᠠᠯ ᠲᠦᠷᠦᠵᠤ ᠡᠨᠡ ᠳᠤᠬᠠᠢ ᠰᠤᠨᠢᠭᠤᠴᠢᠯᠠᠪᠠᠯ ︽ᠮᠠᠯ ᠤᠨ ᠦᠨ᠎ᠡ ᠬᠠᠨᠭ᠍ᠰᠢ ᠪᠤᠯ ᠦᠰᠴᠤ ᠪᠠᠶᠢᠨ᠎ᠠ᠃ ᠭᠡᠪᠡᠴᠤ ᠮᠠᠯ ᠤᠨ ᠦᠨ᠎ᠡ ᠬᠠᠨᠭ᠍ᠰᠢ ᠶᠢᠨ ᠪᠠᠶᠢᠳᠠᠯ ᠨᠢ ᠵᠠᠬ᠎ᠠ ᠳᠡᠯᠭᠡᠭᠦᠷ ᠤᠨ ᠪᠠᠶᠢᠳᠠᠯ ᠠᠴᠠ ᠳᠤᠬᠳᠠᠭᠠᠬᠳᠠᠬᠤ ᠨᠢ ᠢᠯᠡᠭᠦᠦ ᠪᠠᠶᠢᠵᠤ᠂ ᠭᠠᠵᠠᠷ ᠭᠠᠵᠠᠷ ᠤᠨ ᠮᠠᠯ ᠤᠨ ᠦᠨ᠎ᠡ ᠪᠠᠰᠠ ᠠᠳᠠᠯᠢ ᠦᠭᠡᠢ ᠪᠠᠶᠢᠳᠠᠭ᠃ ᠭᠦᠮᠦᠨ ᠠᠮᠠ ᠪᠠᠷ ᠤᠯᠠᠨ᠂ ᠴᠠᠯᠢᠩ ᠭᠦᠯᠦᠰᠦ ᠦᠨᠳᠦᠷ᠂ ᠦᠢᠯᠡᠳᠪᠦᠷᠢᠯᠡᠯ ᠭᠦᠭᠵᠢᠭᠰᠡᠨ ᠭᠠᠵᠠᠷ ᠤᠨ ᠮᠠᠯ ᠤᠨ ᠦᠨ᠎ᠡ ᠬᠠᠨᠭ᠍ᠰᠢ ᠬᠠᠷᠢᠴᠠᠩᠭᠤᠢ ᠪᠠᠷ ᠦᠨᠳᠦᠷ ᠪᠠᠶᠢᠵᠤ᠂ ᠵᠠᠬ᠎ᠠ ᠭᠢᠵᠠᠭᠠᠷ ᠤᠷᠤᠨ ᠨᠤᠳᠤᠭ᠂ ᠭᠦᠮᠦᠨ ᠠᠮᠠ ᠴᠦᠭᠡᠨ᠂ ᠦᠢᠯᠡᠳᠪᠦᠷᠢᠯᠡᠯ ᠳᠡᠳᠤᠢ ᠭᠦᠭᠵᠢᠭᠡ ᠦᠭᠡᠢ ᠭᠠᠵᠠᠷ ᠤᠨ ᠮᠠᠯ ᠤᠨ ᠦᠨ᠎ᠡ ᠬᠠᠨᠭ᠍ᠰᠢ ᠬᠠᠷᠢᠴᠠᠩᠭᠤᠢ ᠪᠠᠷ ᠳᠤᠤᠷ᠎ᠠ ᠪᠠᠶᠢᠳᠠᠭ᠃ ᠳᠤᠬᠳᠠᠬᠰᠠᠨ ᠦᠨ᠎ᠡ ᠭᠡᠵᠤ ᠪᠠᠶᠢᠳᠠᠭ ᠦᠭᠡᠢ᠃ ᠵᠢᠱᠢᠶᠡᠯᠡᠵᠤ ᠶᠠᠷᠢᠪᠠᠯ᠂ ᠵᠠᠬ᠎ᠠ ᠭᠢᠵᠠᠭᠠᠷ ᠤᠷᠤᠨ ᠳᠤ  ᠨᠢᠭᠡ ᠬᠤᠨᠢ 100 ᠮᠢᠩᠭᠠᠨ ᠲᠦᠭᠦᠷᠢᠭ ᠪᠠᠶᠢᠬᠤ ᠳᠤ ᠲᠦᠪ ᠤᠷᠤᠨ ᠳᠤ 150 — 200 ᠮᠢᠩᠭᠠᠨ  ᠲᠦᠭᠦᠷᠢᠭ ᠤᠷᠴᠢᠮ ᠭᠦᠷᠳᠡᠭ ᠭᠡᠭᠦ ᠮᠡᠳᠤ᠃ ᠵᠠᠷᠢᠮ ᠳᠠᠭᠠᠨ ᠭᠡᠷᠡᠭᠴᠡᠭᠡᠨ ᠠᠴᠠ ᠰᠢᠯᠳᠠᠭᠠᠯᠠᠬᠳᠠᠵᠤ ᠮᠠᠯ ᠤᠨ ᠦᠨ᠎ᠡ ᠴᠤ ᠦᠰᠳᠡᠭ᠃ ᠮᠤᠩᠭᠤᠯᠴᠤᠳ ᠭᠡᠵᠤ ᠵᠢᠯ ᠴᠠᠭᠠᠨ ᠰᠠᠷ᠎ᠠ ᠪᠤᠯᠪᠠᠯ ᠤᠭᠤᠴᠠ ᠵᠠᠰᠠᠬᠤ ᠳᠠᠳᠬᠠᠯ ᠲᠠᠢ ᠪᠤᠯᠬᠤᠷ ᠵᠢᠯ ᠴᠠᠭᠠᠨ ᠰᠠᠷ᠎ᠠ ᠪᠤᠯᠬᠤ ᠤᠢᠢᠷᠠᠳᠤᠪᠡᠯ ᠨᠢᠭᠡ ᠪᠦᠭᠦᠯᠢ ᠤᠭᠤᠴᠠᠨ ᠤ ᠦᠨ᠎ᠡ ᠨᠢᠭᠡ ᠬᠤᠨᠢᠨ ᠤ ᠦᠨ᠎ᠡ ᠠᠴᠠ ᠴᠤ ᠳᠠᠪᠠᠭ᠋ᠤ ᠪᠠᠶᠢᠳᠠᠯ ᠭᠠᠷᠳᠠᠭ︾ ᠭᠡᠵᠤ ᠴᠤᠬᠳᠤᠳᠤᠶᠠᠭ᠎ᠠ ᠶᠠᠷᠢᠵᠤ ᠪᠢᠯᠡ᠃ ᠮᠤᠩᠭᠤᠯ ᠤᠯᠤᠰ ᠤᠨ ᠬᠢᠨ ᠤᠢᠢᠷ᠎ᠠ ᠶᠢᠨ ᠵᠢᠯ ᠠᠴᠠ ᠮᠠᠯ ᠤᠨ ᠦᠨ᠎ᠡ ᠦᠰᠴᠤ ᠪᠠᠶᠢᠭ᠎ᠠ ᠪᠠᠶᠢᠳᠠᠯ ᠳᠤ ᠴᠢᠭᠯᠡᠭᠦᠯᠦᠨ ᠤᠯᠤᠰ ᠠᠴᠠ ᠨᠢᠭᠡ ᠪᠦᠯᠦᠭ ᠪᠡᠯᠡ ᠮᠦᠡᠭᠭᠦ ᠭᠠᠷᠭᠠᠵᠤ᠂ ᠨᠠᠮᠤᠷ ᠤᠨ ᠦᠶ᠎ᠡ ᠳᠤ ᠤᠯᠤᠰ ᠤᠨ ᠮᠢᠬ᠎ᠠ ᠭᠡᠵᠤ ᠬᠤᠳᠠᠯᠳᠤᠨ ᠠᠪᠴᠤ ᠬᠠᠳᠠᠭᠠᠯᠠᠨ᠂ ᠬᠠᠪᠤᠷ ᠪᠤᠯᠬᠤ ᠳᠤ ᠡᠨᠡ ᠮᠢᠬ᠎ᠠ ᠪᠠᠨ ᠭᠠᠷᠭᠠᠨ ᠳᠡᠳᠡᠭᠡᠷ ᠦᠨ᠎ᠡ ᠬᠠᠨᠭ᠍ᠰᠢ ᠪᠠᠷ ᠦᠨᠳᠦᠷ ᠰᠢᠨ᠎ᠡ ᠰᠤᠷᠭᠤᠭ ᠮᠢᠬ᠎ᠠ ᠬᠤᠳᠠᠯᠳᠤᠨ ᠠᠪᠴᠤ ᠳᠡᠶᠢᠯᠭᠦ ᠦᠭᠡᠢ ᠭᠦᠮᠦᠰ ᠲᠤ ᠭᠢᠮᠳᠡ ᠦᠨ᠎ᠡ ᠪᠠᠷ ᠬᠤᠳᠠᠯᠳᠤᠨ ᠦᠭᠴᠤ᠂ ᠳᠡᠳᠡᠨ ᠤ ᠮᠢᠬᠠᠨ ᠤ ᠭᠡᠷᠡᠭᠴᠡᠭᠡ ᠶᠢ ᠬᠠᠨᠭ᠍ᠭᠠᠳᠠᠭ ᠭᠡᠰᠡᠨ ᠢ ᠶᠠᠷᠢᠯᠴᠠᠭᠠᠨ ᠤ ᠳᠤᠮᠳᠠ ᠠᠴᠠ ᠤᠢᠢᠯᠠᠭᠠᠵᠤ ᠪᠢᠯᠡ᠃          1990 ᠤᠨ ᠳᠤ ᠮᠠᠯ ᠢ ᠬᠤᠪᠢ ᠡᠷᠤᠭᠡ ᠳᠤ ᠬᠤᠪᠢᠶᠠᠬᠰᠠᠨ ᠤ ᠳᠠᠷᠠᠭ᠎ᠠ ᠮᠤᠩᠭᠤᠯ ᠤᠯᠤᠰ ᠤᠨ ᠮᠠᠯ ᠤᠨ ᠳᠤᠭ᠎ᠠ ᠶᠡᠭᠡᠪᠡᠷ ᠦᠰᠦᠭᠰᠡᠨ ᠴᠤ ᠳᠡᠮᠡᠭᠡᠨ ᠤ ᠳᠤᠭ᠎ᠠ ᠬᠠᠷᠢᠨ ᠶᠡᠭᠡᠪᠡᠷ ᠪᠠᠭᠤᠷᠠᠬᠰᠠᠨ ᠬᠠᠴᠢᠨ ᠪᠠᠶᠢᠳᠠᠯ ᠢᠯᠡᠷᠡᠭᠰᠡᠨ ᠪᠠᠶᠢᠨ᠎ᠠ᠃ ᠡᠨᠡ ᠶᠠᠭᠤᠨ ᠠᠴᠠ ᠪᠤᠯᠪᠠ︖ ᠭᠡᠪᠡᠯ ᠳᠠᠷᠤᠢ ᠰᠦᠷᠦᠭ ᠰᠦᠷᠦᠭ ᠢᠶᠠᠷ ᠰᠦᠷᠦᠭᠯᠡᠨ ᠶᠠᠪᠤᠳᠠᠭ ᠳᠡᠮᠡᠭᠡ ᠶᠢ ᠠᠶᠢᠯ ᠡᠷᠤᠭᠡ ᠳᠤ ᠭᠤᠷᠪᠠ ᠳᠠᠪᠤ ᠪᠠᠷ ᠬᠤᠪᠢᠶᠠᠵᠤ ᠦᠭᠭᠦᠭᠰᠡᠨ ᠠᠴᠠ ᠳᠡᠮᠡᠭᠡ ᠠᠳᠤᠭᠤᠯᠠᠬᠤ ᠳᠤ ᠭᠦᠴᠢᠷ  ᠪᠤᠯᠵᠤ᠂ ᠨᠢᠭᠡ ᠬᠤᠶᠠᠷ ᠳᠡᠮᠡᠭᠡᠨ ᠤ ᠲᠦᠯᠦᠭᠡ ᠨᠢᠭᠡ ᠭᠦᠮᠦᠨ ᠡᠳᠤᠷᠵᠢᠨ ᠳᠡᠮᠡᠭᠡ ᠪᠠᠨ ᠬᠠᠷᠢᠭᠤᠯᠵᠤ ᠶᠠᠪᠤᠯᠳᠠᠢ  ᠪᠢᠰᠢ ᠪᠤᠯᠤᠬᠰᠠᠨ ᠪᠤᠯᠬᠤᠷ ᠭᠦᠮᠦᠰ ᠳᠡᠮᠡᠭᠡ ᠪᠠᠨ ᠶᠡᠭᠡᠪᠡᠷ ᠵᠠᠷᠤᠵᠤ᠂ ᠪᠤᠭ ᠮᠠᠯ ᠢᠶᠠᠨ ᠦᠰᠭᠡᠵᠤ ᠡᠭᠢᠯᠡᠭᠰᠡᠨ ᠠᠴᠠ ᠪᠤᠯᠵᠠᠢ᠃ ᠡᠨᠡ ᠨᠢ ᠮᠦᠨ ᠴᠤ ᠮᠠᠨ ᠤ ᠠᠳᠡᠭᠢ ᠮᠠᠯ ᠬᠤᠪᠢᠶᠠᠬᠰᠠᠨ ᠤ ᠳᠠᠷᠠᠭᠠᠭᠢ ᠪᠠᠶᠢᠳᠠᠯ ᠲᠠᠢ ᠠᠳᠠᠯᠢᠪᠳᠤᠷ  ᠪᠠᠶᠢᠯ᠎ᠠ᠃ ︽ᠮᠤᠩᠭᠤᠯ ᠤᠯᠤᠰ ᠤᠨ ᠳᠡᠮᠡᠭᠡᠨ ᠤ ᠳᠤᠭ᠎ᠠ 1953 ᠤᠨ ᠳᠤ ᠤᠷᠭᠢᠯ ᠳᠠᠭᠠᠨ ᠭᠦᠷᠴᠤ᠂ 85 ᠲᠦᠮᠡᠨ ᠳᠡᠮᠡᠭᠡ ᠲᠠᠢ ᠪᠤᠯᠵᠠᠢ᠃ ᠳᠡᠭᠦᠨ ᠠᠴᠠ ᠬᠤᠶᠢᠰᠢ ᠳᠡᠮᠡᠭᠡᠨ ᠤ ᠳᠤᠭ᠎ᠠ ᠵᠢᠯ ᠠᠴᠠ ᠪᠠᠨ ᠵᠢᠯ ᠪᠠᠭᠤᠷᠠᠵᠤ᠂  2006 ᠤᠨ ᠪᠤᠯᠬᠤ ᠳᠤ 20 ᠢᠯᠡᠭᠦᠦ ᠲᠦᠮᠡ ᠯᠡ ᠪᠤᠯᠵᠠᠢ᠃ ᠳᠡᠮᠡᠭᠡᠨ ᠤ ᠳᠤᠭ᠎ᠠ ᠶᠡᠭᠡᠪᠡᠷ ᠪᠠᠭᠤᠷᠠᠵᠤ ᠪᠠᠶᠢᠭ᠎ᠠ ᠪᠠᠶᠢᠳᠠᠯ ᠳᠤᠤᠷ᠎ᠠ᠂ ᠨᠤᠤᠰᠤ᠂ ᠰᠦᠨ ᠤ ᠭᠠᠷᠤᠯᠳᠠ ᠰᠠᠶᠢᠨ᠂ ᠠᠶᠠᠯᠠᠯ ᠵᠢᠭᠤᠯᠴᠢᠯᠠᠯ ᠳᠤ ᠭᠡᠷᠡᠭᠴᠡᠭᠡ ᠲᠠᠢ᠂ ᠤᠨᠤᠯᠭ᠎ᠠ ᠡᠳ᠋ᠯᠡᠭᠡ ᠳᠤ ᠭᠡᠷᠡᠭᠴᠡᠭᠡ ᠲᠠᠢ ᠬᠤᠤᠰ ᠪᠦᠭᠦᠳᠤ ᠳᠡᠮᠡᠭᠡ ᠪᠠᠨ ᠦᠰᠭᠡᠨ ᠦᠷᠡᠵᠢᠭᠦᠯᠭᠦ᠂ ᠳᠠᠪᠤᠨ ᠬᠤᠰᠢᠭᠤ ᠮᠠᠯ ᠤᠨ ᠢᠶᠠᠨ ᠨᠢᠭᠡᠨ ᠡᠷᠳᠡᠨᠢ ᠪᠤᠯᠤᠬᠰᠠᠨ ᠳᠡᠮᠡᠭᠡ ᠪᠠᠨ ᠬᠠᠶᠢᠷᠠᠯᠠᠨ ᠬᠠᠮᠠᠭᠠᠯᠠᠬᠤ ᠶᠢᠨ ᠲᠦᠯᠦᠭᠡ ᠮᠠᠨ ᠤ ᠤᠯᠤᠰ ᠠᠴᠠ ᠪᠤᠳᠤᠭᠤᠨ ᠤ ᠴᠠᠯᠢᠩ ᠭᠡᠵᠤ ᠭᠠᠷᠭᠠᠨ᠂ ᠪᠤᠶᠢᠵᠢᠭᠤᠯᠤᠬᠰᠠᠨ ᠪᠤᠳᠤᠭᠤᠨ ᠤ ᠳᠤᠭ᠎ᠠ ᠪᠠᠷ ᠱᠠᠩᠨᠠᠯ ᠤᠨ ᠮᠦᠡᠭᠭᠦ ᠤᠯᠭᠤᠬᠤ ᠵᠡᠷᠭᠡ ᠵᠤᠭᠢᠰᠳᠠᠢ ᠠᠷᠭ᠎ᠠ ᠪᠤᠳᠤᠯᠭ᠎ᠠ ᠠᠪᠤᠬᠰᠠᠨ ᠢᠶᠠᠷ ᠤᠢᠢᠷ᠎ᠠ ᠶᠢᠨ ᠵᠢᠯ ᠠᠴᠠ ᠳᠡᠮᠡᠭᠡᠨ ᠤ  ᠳᠤᠭ᠎ᠠ ᠠᠭᠠᠵᠢᠮ ᠢᠶᠠᠷ ᠳᠠᠭᠢᠨ ᠨᠡᠮᠡᠭᠳᠡᠭᠦ ᠪᠠᠶᠢᠳᠠᠯ ᠲᠠᠢ ᠪᠤᠯᠵᠤ᠂ ᠡᠨᠡ ᠵᠢᠯ ᠳᠡᠮᠡᠭᠡᠨ ᠤ ᠳᠤᠭ᠎ᠠ ᠪᠠᠷᠤᠭ 35 ᠲᠦᠮᠡ ᠳᠤ ᠤᠢᠢᠷᠠᠳᠤᠬᠰᠠᠨ ᠪᠦᠭᠡᠳ 1000 ᠳᠡᠮᠡᠭᠡ ᠲᠠᠢ ᠠᠶᠢᠯ ᠴᠤ ᠨᠢᠭᠡ ᠭᠠᠷᠤᠬᠰᠠᠨ ᠶᠤᠮ︾ ᠭᠡᠵᠤ ᠬᠤᠤᠰ ᠪᠦᠭᠦᠳᠤ ᠳᠡᠮᠡᠭᠡ ᠪᠠᠨ ᠰᠤᠳᠤᠯᠵᠤ ᠶᠠᠪᠤᠭ᠎ᠠ ᠴᠤᠬᠳᠤᠳᠤᠶᠠᠭ᠎ᠠ ᠮᠠᠨ ᠳᠤ ᠶᠠᠷᠢᠬᠤ ᠳᠤ ᠴᠢᠷᠠᠢ ᠳᠡᠭᠡᠷ᠎ᠡ ᠨᠢ ᠪᠠᠶᠠᠰᠤᠬᠰᠠᠨ ᠵᠤᠷᠢᠬᠵᠢᠬᠰᠠᠨ ᠪᠠᠶᠢᠳᠠᠯ ᠡᠷᠭᠡ ᠦᠭᠡᠢ ᠢᠯᠡᠷᠡᠵᠤ ᠪᠠᠶᠢᠯ᠎ᠠ᠃          ᠮᠠᠯ ᠰᠦᠷᠦᠭ ᠢᠶᠠᠨ ᠦᠨᠢᠷ ᠦᠰᠭᠡᠭᠦ ᠳᠤ ᠳᠤᠯᠭᠠᠷᠠᠳᠠᠭ ᠨᠢᠭᠡᠨ ᠶᠡᠭᠡ ᠳᠠᠶᠢᠰᠤᠨ ᠪᠤᠯ ᠳᠠᠷᠤᠢ ᠮᠠᠯ ᠤᠨ ᠡᠪᠡᠳᠴᠢᠨ᠂ ᠭᠢᠵᠢᠭ ᠭᠡᠮ ᠪᠤᠯᠤᠨ᠎ᠠ᠃ ᠳᠡᠶᠢᠮᠤ ᠠᠴᠠ ᠮᠠᠯ ᠠᠵᠤ ᠠᠬᠤᠢ ᠪᠠᠨ ᠭᠦᠭᠵᠢᠭᠦᠯᠭᠦ ᠭᠡᠪᠡᠯ ᠡᠪᠡᠳᠴᠢᠨ᠂ ᠭᠢᠵᠢᠭ ᠭᠡᠮ ᠢ ᠰᠡᠷᠭᠡᠶᠢᠯᠡᠭᠦ ᠠᠵᠢᠯ ᠢ ᠰᠠᠶᠢᠳᠤᠷ ᠭᠢᠭᠦ ᠴᠢᠬᠤᠯᠠᠳᠠᠢ ᠪᠠᠶᠢᠳᠠᠭ᠃ ᠮᠤᠩᠭᠤᠯ ᠤᠯᠤᠰ ᠤᠨ ᠬᠢᠨ ᠴᠤ ᠡᠨᠡ ᠳᠠᠯ᠎ᠠ ᠶᠢᠨ ᠠᠵᠢᠯ ᠢ ᠰᠠᠶᠢᠳᠤᠷ ᠭᠢᠵᠤ ᠪᠠᠶᠢᠳᠠᠭ᠃ 1990 ᠤᠨ ᠠᠴᠠ ᠡᠮᠤᠨ᠎ᠠ ᠤᠯᠤᠰ ᠤᠷᠤᠨ ᠠᠴᠠ ᠮᠠᠯ ᠤᠨ ᠳᠠᠷᠢᠯᠭ᠎ᠠ᠂ ᠤᠭᠢᠶᠠᠯᠳᠠ ᠴᠢᠳᠬᠤᠯᠳᠠ ᠵᠡᠷᠭᠡ ᠶᠢ ᠨᠢᠭᠡᠳᠤᠯᠳᠠᠢ᠂ ᠡᠷᠴᠢᠮ ᠲᠠᠢ ᠶᠠᠪᠤᠬᠳᠠᠭᠤᠯᠳᠠᠭ ᠪᠠᠶᠢᠵᠠᠢ᠃ 1990 ᠤᠨ ᠳᠤ ᠮᠠᠯ ᠢ ᠬᠤᠪᠢ ᠡᠷᠤᠭᠡ ᠳᠤ ᠳᠠᠭᠠᠭᠠᠴᠢᠯᠠᠭᠤᠯᠤᠬᠰᠠᠨ ᠤ ᠳᠠᠷᠠᠭ᠎ᠠ᠂ ᠬᠤᠪᠢ ᠶᠢᠨ ᠮᠠᠯ ᠡᠮᠨᠡᠯᠭᠡ  ᠪᠡ ᠲᠦᠷᠦ ᠶᠢᠨ ᠮᠠᠯ ᠡᠮᠨᠡᠯᠭᠡ ᠭᠡᠵᠤ ᠭᠠᠷᠴᠤ᠂ ᠬᠤᠪᠢ ᠶᠢᠨ ᠮᠠᠯ ᠡᠮᠨᠡᠯᠭᠡ ᠨᠢ ᠮᠠᠯᠴᠢᠳ ᠲᠠᠢ ᠭᠡᠷ᠎ᠡ ᠪᠠᠶᠢᠭᠤᠯᠵᠤ ᠡᠪᠡᠳᠴᠢᠨ ᠰᠡᠷᠭᠡᠶᠢᠯᠡᠭᠦ᠂ ᠡᠮᠴᠢᠯᠡᠭᠦ ᠠᠵᠢᠯ ᠢ ᠭᠢᠳᠡᠭ ᠪᠤᠯ ᠲᠦᠷᠦ ᠶᠢᠨ ᠮᠠᠯ ᠡᠮᠨᠡᠯᠭᠡ ᠶᠢᠨ ᠬᠢᠨ ᠨᠢ ᠬᠤᠪᠢ ᠶᠢᠨ ᠮᠠᠯ ᠡᠮᠨᠡᠯᠭᠡ ᠶᠢᠨ ᠬᠢᠨ ᠮᠠᠯ ᠡᠮᠨᠡᠯᠭᠡ ᠶᠢᠨ ᠬᠠᠤᠯᠢ ᠵᠢᠷᠤᠮ ᠢᠶᠠᠷ ᠠᠵᠢᠯᠯᠠᠵᠤ ᠪᠠᠶᠢᠭ᠎ᠠ ᠡᠰᠡᠭᠦ ᠳᠤ ᠭᠢᠨᠠᠯᠳᠠ ᠳᠠᠯᠪᠢᠳᠠᠭ  ᠪᠠᠶᠢᠨ᠎ᠠ᠃ ᠬᠠᠯᠳᠠᠪᠤᠷᠢᠳᠤ ᠡᠪᠡᠳᠴᠢᠨ ᠭᠠᠷᠪᠠᠯ ᠲᠦᠷᠦ ᠠᠴᠠ ᠡᠮ ᠪᠡ ᠦᠢᠯᠡᠴᠢᠯᠡᠭᠡᠨ ᠤ ᠮᠦᠡᠭᠭᠦ ᠶᠢ ᠦᠭᠳᠡᠭ ᠪᠦᠭᠡᠳ ᠬᠠᠯᠳᠠᠪᠤᠷᠢᠳᠤ ᠡᠪᠡᠳᠴᠢᠨ ᠠᠴᠠ ᠪᠤᠯᠵᠤ ᠤᠰᠠᠳᠬᠠᠬᠰᠠᠨ ᠮᠠᠯ ᠳᠤ ᠤᠯᠤᠰ ᠠᠴᠠ ᠨᠦᠭᠦᠪᠦᠷᠢ ᠦᠭᠳᠡᠭ  ᠪᠠᠶᠢᠨ᠎ᠠ᠃ ︽ᠤᠤᠯ ᠳᠠᠭᠠᠨ ᠤᠯᠤᠰ ᠠᠴᠠ ᠭᠢᠵᠢᠭ ᠭᠡᠮ ᠰᠡᠷᠭᠡᠶᠢᠯᠡᠭᠦ ᠠᠵᠢᠯ ᠢ ᠡᠷᠴᠢᠮ ᠲᠠᠢ ᠶᠠᠪᠤᠬᠳᠠᠭᠤᠯᠳᠠᠭ  ᠪᠤᠯᠬᠤᠷ ᠮᠠᠯ ᠤᠨ ᠡᠪᠡᠳᠴᠢᠨ ᠪᠠᠭ᠎ᠠ ᠪᠠᠶᠢᠬᠰᠠᠨ᠃ ᠳᠡᠶᠢᠮᠤ ᠠᠴᠠ ᠮᠠᠯ ᠢ ᠠᠩᠬ᠎ᠠ ᠬᠤᠪᠢ ᠳᠤ ᠬᠤᠪᠢᠶᠠᠬᠰᠠᠨ ᠤ ᠳᠠᠷᠠᠭ᠎ᠠ ᠮᠠᠯᠴᠢᠳ ᠮᠠᠯ ᠤᠨ ᠳᠠᠷᠢᠯᠭ᠎ᠠ᠂ ᠤᠭᠢᠶᠠᠯᠳᠠ ᠴᠢᠳᠬᠤᠯᠳᠠ ᠶᠢ ᠳᠡᠮᠡᠢ ᠭᠢᠯᠭᠡᠭᠦ ᠳᠤᠷ᠎ᠠ ᠦᠭᠡᠢ ᠪᠠᠶᠢᠵᠠᠢ᠃  ᠰᠡᠭᠦᠯ ᠳᠤᠨᠢ ᠮᠠᠯ ᠤᠨ ᠡᠪᠡᠳᠴᠢᠨ ᠤᠯᠠᠨ ᠭᠠᠷᠬᠤ ᠪᠤᠯᠤᠬᠰᠠᠨ ᠠᠴᠠ ᠮᠠᠯᠴᠢᠳ ᠮᠠᠯ ᠡᠮᠨᠡᠯᠭᠡ ᠶᠢᠨ ᠴᠢᠬᠤᠯᠠ ᠴᠢᠨᠠᠷ ᠢ ᠳᠠᠨᠢᠵᠤ ᠤᠯᠤᠨ ᠮᠠᠯ ᠤᠨ ᠳᠠᠷᠢᠯᠭ᠎ᠠ᠂ ᠤᠭᠢᠶᠠᠯᠳᠠ ᠴᠢᠳᠬᠤᠯᠳᠠ ᠶᠢ ᠴᠠᠭ ᠳᠤᠬᠠᠢ ᠳᠤᠨᠢ ᠭᠢᠯᠭᠡᠭᠦ  ᠪᠤᠯᠤᠬᠰᠠᠨ ᠢᠶᠠᠷ ᠮᠠᠯ ᠤᠨ ᠡᠪᠡᠳᠴᠢᠨ ᠴᠤ ᠪᠠᠭᠠᠰᠴᠤ ᠮᠠᠯ ᠰᠦᠷᠦᠭ ᠮᠢᠨᠢ ᠦᠨᠢᠷ ᠦᠰᠴᠤ ᠡᠭᠢᠯᠡᠭᠰᠡᠨ ᠳ᠋ᠧ︾  ᠭᠡᠵᠤ ᠴᠤᠬᠳᠤᠳᠤᠶᠠᠭ᠎ᠠ ᠮᠠᠨ ᠳᠤ ᠶᠠᠷᠢᠯ᠎ᠠ᠃          ᠮᠤᠩᠭᠤᠯ ᠤᠯᠤᠰ ᠤᠨ ᠬᠢᠨ ᠮᠠᠯ ᠰᠦᠷᠦᠭ ᠢᠶᠠᠨ ᠬᠠᠮᠠᠭᠠᠯᠠᠨ ᠦᠰᠭᠡᠭᠦ ᠳᠠᠯ᠎ᠠ ᠳᠤ ᠤᠯᠠᠨ ᠵᠦᠢᠯ ᠤᠨ ᠢᠳᠡᠪᠭᠢᠳᠠᠢ ᠠᠷᠭ᠎ᠠ ᠭᠡᠮᠵᠢᠶ᠎ᠠ ᠠᠪᠤᠬᠰᠠᠨ ᠤ ᠳᠡᠭᠡᠷ᠎ᠡ ᠵᠢᠯ ᠤᠨ ᠦᠡᠭᠭᠡ ᠴᠤ ᠰᠠᠶᠢᠨ ᠪᠠᠶᠢᠭ᠎ᠠ ᠠᠴᠠ ᠮᠠᠯ ᠰᠦᠷᠦᠭ ᠨᠢ ᠦᠨᠢᠷ ᠦᠰᠴᠤ᠂ ᠪᠡᠯᠴᠢᠭᠡᠷ ᠤᠨ ᠮᠠᠯ ᠠᠵᠤ ᠠᠬᠤᠢ ᠪᠠᠨ ᠬᠠᠮᠠᠭᠠᠯᠠᠨ ᠭᠦᠭᠵᠢᠭᠦᠯᠭᠦ ᠶᠢᠨ ᠵᠡᠷᠭᠡ ᠳᠤ ᠵᠠᠬ᠎ᠠ ᠳᠡᠯᠭᠡᠭᠦᠷ ᠤᠨ ᠭᠡᠷᠡᠭᠴᠡᠭᠡ ᠱᠠᠭᠠᠷᠳᠠᠯᠭ᠎ᠠ ᠳᠤ ᠵᠤᠭᠢᠴᠠᠭᠤᠯᠤᠨ ᠡᠷᠴᠢᠮᠵᠢᠭᠰᠡᠨ ᠮᠠᠯ ᠠᠵᠤ ᠠᠬᠤᠢ ᠶᠢ ᠵᠤᠭᠢᠰᠳᠠᠢ  ᠭᠦᠭᠵᠢᠭᠦᠯᠦᠭᠰᠡᠨ ᠠᠴᠠ ᠮᠤᠩᠭᠤᠯ ᠤᠯᠤᠰ ᠤᠨ ᠮᠠᠯ ᠠᠵᠤ ᠠᠬᠤᠢ ᠨᠢ ᠰᠢᠨ᠎ᠡ ᠨᠢᠭᠡᠨ ᠭᠦᠭᠵᠢᠯᠳᠡ ᠶᠢᠨ ᠴᠠᠭ ᠦᠶ᠎ᠡ ᠳᠡᠭᠡᠨ ᠤᠷᠤᠵᠤ ᠡᠭᠢᠯᠡᠭᠰᠡᠨ ᠪᠠᠶᠢᠨ᠎ᠠ᠃
 
ᠢᠷᠡᠯᠲᠡ᠄ ᠰᠢᠯᠢ ᠶᠢᠨ ᠭᠤᠤᠯ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号