ᠲᠡᠯᠡᠭᠡᠢ ᠶᠢᠨ ᠬᠠᠷᠠᠭᠠᠨ ᠳᠤ ᠲᠡᠯᠭᠡᠭᠳᠡᠭᠰᠡᠨ ᠲᠡᠯᠭᠡᠷ ᠮᠤᠩᠭᠤᠯ ᠵᠢᠷᠤᠭ
ᠨᠡᠶᠢᠲᠡᠯᠡᠭᠰᠡᠨ ᠴᠠᠭ᠄
2016/3/8
     ᠰᠤᠳᠤᠷ ᠺᠤᠮᠫᠠᠨᠢ ᠶᠢᠨ ᠬᠢᠭᠰᠡᠨ ︽ᠰᠠᠪᠠ ᠶᠢᠷᠳᠢᠨᠴᠤ ᠶᠢᠨ ᠴᠠᠬᠢᠮ ᠵᠢᠷᠤᠭ︾ ᠰᠦᠯᠵᠢᠶᠡᠨ ᠤ ᠮᠤᠩᠭᠤᠯ ᠭᠠᠵᠠᠷ ᠤᠨ ᠵᠢᠷᠤᠭ ᠨᠢ 2015 ᠤᠨ ᠤ ᠲᠤᠮᠳᠠᠳᠤ ᠤᠯᠤᠰ ᠤᠨ ᠭᠠᠵᠠᠷ ᠵᠦᠢ ᠶᠢᠨ ᠰᠤᠷᠠᠭ ᠵᠠᠩᠬᠢᠵᠢᠯᠳᠠ ᠶᠢᠨ ᠢᠨᠵᠧᠨᠧᠷᠢᠩ ᠤᠨ ᠠᠯᠳᠠᠨ ᠱᠠᠩᠨᠠᠯ ᠢ ᠲᠤᠰᠤᠭᠰᠠᠨ ᠶᠤᠮ᠃ ᠡᠨᠡ ᠭᠠᠵᠠᠷ ᠤᠨ ᠵᠢᠷᠤᠭ ᠢ ᠰᠤᠳᠤᠷ ᠺᠤᠮᠫᠠᠨᠢ ᠨᠢ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠵᠦᠪᠰᠢᠶᠡᠷᠡᠯ ᠠᠪᠴᠤ᠂ 2011 ᠤᠨ ᠠᠴᠠ ᠡᠬᠢᠯᠡᠨ ᠬᠢᠵᠤ᠂ ᠦᠨᠤᠳᠤᠷ ᠪᠤᠯᠬᠤ ᠳᠤ ᠲᠠᠯᠡᠬᠡᠢ ᠶᠢᠨ ᠭᠠᠵᠠᠷ ᠤᠨ ᠵᠢᠷᠤᠭ᠂ ᠤᠯᠤᠰ ᠤᠨ ᠭᠠᠵᠠᠷ ᠤᠨ ᠵᠢᠷᠤᠭ᠂ ᠤᠷᠤᠨ ᠤ ᠭᠠᠵᠠᠷ ᠎ ᠤᠨ ᠵᠢᠷᠤᠭ ᠢ ᠪᠠᠭᠳᠠᠭᠠᠭᠰᠠᠨ ᠰᠦᠯᠵᠢᠶᠡᠨ ᠤ ᠭᠠᠵᠠᠷ ᠤᠨ ᠵᠢᠷᠤᠭ ᠢ ᠪᠦᠳᠦᠬᠡᠵᠤ᠂ ᠮᠤᠩᠭᠤᠯ ᠭᠠᠵᠠᠷ ᠤᠨ ᠨᠡᠷ᠎ᠡ ᠶᠢ 60 ᠲᠦᠮᠡ ᠭᠠᠷᠤᠢ ᠪᠠᠭᠳᠠᠭᠠᠨ ᠤᠷᠤᠭᠤᠯᠵᠠᠢ᠃ ᠢᠩᠬᠢᠬᠡᠳ ᠮᠤᠩᠭᠤᠯᠴᠤᠳ ᠰᠦᠯᠵᠢᠶᠡᠨ ᠲᠡᠭᠡᠷ᠎ᠡ ᠠᠴᠠ ᠦᠪᠡᠷ ᠎ ᠤᠨ ᠡᠬᠡ ᠬᠡᠯᠡ ᠪᠠᠷ ᠢᠶᠠᠨ ᠨᠤᠳᠤᠭ ᠤᠰᠤ ᠪᠠᠨ ᠡᠷᠢᠵᠤ ᠬᠠᠶᠢᠬᠤ᠂ ᠮᠤᠩᠭᠤᠯ ᠨᠤᠳᠤᠭ ᠲᠠᠢ ᠪᠠᠨ ᠭᠠᠵᠠᠷ ᠤᠨ ᠵᠢᠷᠤᠭ ᠢᠶᠠᠷ ᠲᠠᠮᠵᠢᠨ ᠲᠠᠨᠢᠯᠴᠠᠬᠤ᠂ ᠲᠡᠯᠡᠬᠡᠢ ᠲᠠᠢ ᠮᠤᠩᠭᠤᠯ ᠭᠠᠵᠠᠷ ᠤᠨ ᠵᠢᠷᠤᠭ ᠢᠶᠠᠷ ᠲᠠᠮᠵᠢᠨ ᠲᠠᠨᠢᠯᠴᠠᠬᠤ ᠰᠠᠶᠢᠬᠠᠨ ᠪᠤᠯᠤᠮᠵᠢ ᠶᠢ ᠨᠡᠬᠡᠭᠡᠭᠰᠡᠨ ᠶᠤᠮ᠃      ᠲᠤᠰ ᠭᠠᠵᠠᠷ ᠤᠨ ᠵᠢᠷᠤᠭ ᠢ ᠪᠦᠳᠦᠭᠡᠬᠦ ᠪᠠᠷ ᠰᠠᠨᠠᠭᠠᠴᠢᠯᠠᠭᠰᠠᠨ ᠠᠩᠬᠠᠨ ᠤ ᠮᠦᠴᠨ ᠠᠴᠠ ᠦᠨᠦᠳᠦᠷ ᠬᠦᠷᠳᠡᠯ᠎ᠠ ᠤᠬᠠᠭ᠎ᠠ ᠲᠠᠮᠢᠷ ᠢᠶᠠᠨ ᠰᠢᠪᠬᠠᠨ ᠨᠦᠷᠢ ᠬᠦᠳᠡᠯᠮᠤᠷᠢ ᠵᠠᠷᠤᠴᠠᠭᠤᠯᠤᠭᠰᠠᠨ ᠤᠯᠠᠭᠠᠨᠬᠠᠳᠠ ᠬᠤᠳᠠ ᠶᠢᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠤᠤᠯ ᠤᠨ ᠲᠡᠳ᠋ ᠡᠷᠬᠢᠯᠡᠭᠴᠢ ᠪᠠᠶᠠᠨᠪᠠᠭᠠᠳᠤᠷ ᠭᠤᠸᠠᠢ ︽ᠰᠠᠪᠠ ᠶᠢᠷᠳᠢᠨᠴᠤ ᠶᠢᠨ ᠴᠠᠬᠢᠮ ᠵᠢᠷᠤᠭ︾᠎ ᠤᠨ ᠲᠤᠬᠠᠢ ᠲᠠ ᠪᠦᠬᠦᠨ ᠳᠤ ᠲᠤᠯᠢᠯᠠᠭᠤᠯᠵᠤ ᠪᠠᠶᠢᠨ᠎ᠠ᠃             ⒈ ᠲᠤᠰ ᠭᠠᠵᠠᠷ ᠤᠨ ᠵᠢᠷᠤᠭ ᠤᠨ ᠨᠡᠷ᠎ᠡ ᠶᠢᠨ ᠲᠤᠬᠠᠢ      ᠲᠤᠰ ᠭᠠᠵᠠᠷ ᠤᠨ ᠵᠢᠷᠤᠭ ᠤᠨ ᠰᠦᠯᠵᠢᠶᠠᠨ ᠬᠠᠶ᠋ᠢᠭ ᠨᠢ᠄ www.tianditu.com      ᠰᠦᠯᠵᠢᠶᠡᠨ ᠬᠠᠶ᠋ᠢᠭ ᠢᠶᠠᠷ ᠨᠡᠪᠳᠡᠷᠡᠬᠡᠳ ᠰᠦᠯᠵᠢᠶᠡᠨ ᠲᠡᠭᠡᠷᠡᠬᠢ ᠭᠠᠵᠠᠷ ᠤᠨ ᠵᠢᠷᠤᠭ ︵在线地图︶ ᠬᠡᠬᠦ ᠰᠤᠩᠭᠤᠭᠳᠠᠬᠤᠨ ᠢ ᠰᠤᠩᠭᠤᠨ ᠤᠷᠤᠵᠤ᠂ ᠵᠢᠷᠤᠭ ᠤᠨ ᠲᠠᠪᠬᠤᠷᠭ᠎ᠠ ︵图层︶ ᠬᠡᠬᠦ ᠲᠤᠪᠶᠤᠭ ᠎ ᠲᠠᠬᠢ ︿ᠭᠠᠵᠠᠷ ᠤᠨ ᠨᠡᠷ᠎ᠡ﹀ ᠬᠡᠬᠦ ᠮᠤᠩᠭᠤᠯ ᠦᠰᠦᠭ ᠢᠶᠠᠷ ᠪᠢᠴᠢᠭᠰᠡᠨ ᠰᠤᠩᠭᠤᠭᠳᠠᠬᠤᠨ ᠢ ᠰᠤᠩᠭᠤᠨ ᠤᠷᠤᠪᠠᠯ᠂ ᠴᠤᠯ ᠮᠤᠩᠭᠤᠯ ᠭᠠᠵᠠᠷ ᠤᠨ ᠵᠢᠷᠤᠭ ᠢ ᠤᠯᠵᠤ ᠬᠠᠷᠠᠬᠤ ᠪᠤᠯᠤᠨ᠎ᠠ᠃      tianditu ᠬᠡᠳᠡᠭ ᠨᠢ ᠬᠢᠳᠠᠳ ᠬᠡᠯᠡᠨ ᠤ 天地图 ︵ᠲᠡᠭᠷᠢ ᠭᠠᠵᠠᠷ ᠤᠨ ᠵᠢᠷᠤᠭ︶ ᠬᠡᠬᠦ ᠦᠬᠡ ᠎ ᠶᠢᠨ ᠠᠪᠢᠶ᠎ᠠ ᠪᠠᠶᠢᠵᠤ᠂ ᠬᠠᠮᠤᠭ ᠤᠨ ᠲᠤᠮᠤ ᠭᠠᠵᠠᠷ ᠤᠨ ᠵᠢᠷᠤᠭ ᠢ ᠪᠦᠳᠦᠬᠡᠬᠦ ᠵᠤᠷᠢᠯᠭ᠎ᠠ ᠪᠠᠷ ᠢᠩᠬᠢᠵᠤ ᠨᠡᠷᠡᠶᠢᠳᠦᠭᠰᠡᠨ ᠬᠡᠵᠤ ᠤᠯᠤᠰ ᠤᠨ ᠭᠠᠵᠠᠷ ᠵᠦᠢ ᠶᠢᠨ ᠮᠡᠳᠡᠭᠡ ᠵᠠᠩᠬᠢ ᠶᠢ ᠬᠡᠮᠵᠢᠨ ᠵᠢᠷᠤᠭᠯᠠᠬᠤ ᠲᠤᠪᠴᠢᠶ᠎ᠠ ᠶᠢᠨ ᠎ ᠬᠢᠨ ᠶᠠᠷᠢᠭᠰᠠᠨ᠃ ᠠᠩᠭ᠍ᠯᠢ ᠪᠠᠷ mapworld ︵ᠲᠡᠯᠡᠬᠡᠢ ᠶᠢᠨ ᠭᠠᠵᠠᠷ ᠤᠨ ᠵᠢᠷᠤᠭ ᠬᠡᠰᠡᠨ ᠰᠠᠨᠠᠭ᠎ᠠ ᠲᠠᠢ︶ ᠬᠡᠵᠤ ᠨᠡᠷᠡᠶᠢᠳᠴᠤ ᠪᠤᠢ᠃ ᠮᠤᠩᠭᠤᠯ ᠢᠶᠠᠷ ᠶᠠᠮᠠᠷ ᠨᠡᠷᠡᠶᠢᠳᠤᠯ ᠠᠪᠬᠤ ᠲᠤᠬᠠᠢ ᠬᠠᠮᠳᠤᠪᠠᠷ ᠶᠠᠷᠢᠯᠴᠠᠨ᠂ ᠤᠯᠠᠨ ᠬᠦᠮᠦᠰ ᠤᠨ ᠰᠠᠨᠠᠯ ᠢ ᠬᠤᠷᠢᠶᠠᠵᠤ᠂ ᠬᠠᠮᠤᠭ ᠰᠡᠬᠦᠯ ᠳᠤᠨᠢ ᠦᠪᠤᠷ ᠮᠤᠩᠭᠤᠯ ᠤᠨ ᠶᠡᠭᠡ ᠰᠤᠷᠭᠠᠭᠤᠯᠢ ᠶᠢᠨ ᠮᠤᠩᠭᠤᠯ ᠰᠤᠳᠤᠯᠤᠯ ᠤᠨ ᠲᠡᠭᠡᠳᠤ ᠰᠤᠷᠭᠠᠭᠤᠯᠢ ᠶᠢᠨ ᠫᠷᠤᠹᠧᠰᠰᠤᠷ ᠨᠠᠰᠤᠬᠤᠷᠳᠤ ᠭᠤᠸᠠᠢ ᠶᠢᠨ ᠲᠤᠷᠠᠳᠤᠭᠰᠠᠨ ᠰᠠᠨᠠᠯ ᠢᠶᠠᠷ ︽ᠰᠠᠪᠠ ᠶᠢᠷᠳᠢᠨᠴᠤ ᠶᠢᠨ ᠴᠠᠬᠢᠮ ᠵᠢᠷᠤᠭ︾ ᠬᠡᠵᠤ ᠨᠡᠷᠡᠶᠢᠳᠦᠭᠰᠡᠨ ᠪᠠᠶᠢᠨ᠎ᠠ᠃         ⒉ ᠲᠤᠰ ᠭᠠᠵᠠᠷ ᠤᠨ ᠵᠢᠷᠤᠭ ᠢ ᠬᠢᠭᠰᠡᠨ ᠠᠩᠬᠠᠨ ᠤ ᠰᠠᠨᠠᠭᠠᠴᠢᠯᠠᠭ᠎ᠠ ᠶᠢᠨ ᠲᠤᠬᠠᠢ      ᠰᠦᠯᠵᠢᠶᠡᠨ ᠲᠡᠭᠡᠷ᠎ᠡ ᠮᠤᠩᠭᠤᠯ ᠭᠠᠵᠠᠷ ᠤᠨ ᠵᠢᠷᠤᠭ ᠢ ᠬᠢᠭᠰᠡᠨ ᠨᠢ ᠬᠤᠶᠠᠷ ᠠᠰᠠᠭᠤᠳᠠᠯ ᠳᠤ ᠬᠤᠯᠪᠤᠭᠳᠠᠨ᠎ᠠ      ① ᠶᠠᠭᠤᠨ ᠳᠤ ᠭᠠᠵᠠᠷ ᠤᠨ ᠵᠢᠷᠤᠭ ᠢ ᠬᠢᠬᠦ ᠲᠤᠬᠠᠢ︔      ᠭᠠᠵᠠᠷ ᠤᠨ ᠵᠢᠷᠤᠭ ᠢ ᠶᠠᠭᠤᠨ ᠳᠤ ᠮᠤᠩᠭᠤᠯ ᠢᠶᠠᠷ ᠬᠢᠬᠦ ᠴᠢᠬᠤᠯᠠᠳᠠᠢ ᠪᠤᠢ ᠬᠡᠳᠡᠭ ᠢ ᠪᠢᠳᠠ 2008 ᠤᠨ ᠎ ᠤ ᠡᠬᠢᠨ ᠤ ᠦᠶ᠎ᠡ ᠠᠴᠠ ᠡᠬᠢᠯᠡᠨ ᠲᠤᠷᠠᠳᠤᠭᠰᠠᠨ ᠶᠤᠮ᠃ ᠲᠤᠬᠠᠢ ᠶᠢᠨ ᠦᠶ᠎ᠡ ᠳᠤ ᠪᠤᠯᠤᠷ ᠡᠷᠢᠬᠡ ᠨᠤᠮ ᠤᠨ ᠦᠷᠦᠬᠡ ᠭᠡᠳᠡᠭ ᠨᠡᠷ᠎ᠡ ᠪᠠᠷ ᠤᠯᠠᠭᠠᠨᠬᠠᠳᠠ ᠬᠤᠳᠠ ᠶᠢᠨ ᠮᠤᠩᠭᠤᠯ ᠲᠤᠮᠳᠠᠳᠤ ᠰᠤᠷᠭᠠᠭᠤᠯᠢ ᠶᠢᠨ ᠲᠦᠰᠢ ᠪᠠᠭᠰᠢ᠂ ᠬᠡᠰᠢᠭᠪᠦ᠋ᠷᠢᠨ ᠪᠠᠭᠰᠢ ᠪᠢᠳᠠ ᠭᠤᠷᠪᠠᠭᠤᠯᠠ ᠡᠬᠢᠯᠡᠵᠤ ᠠᠵᠢᠯᠯᠠᠭᠰᠠᠨ᠃ ᠪᠤᠯᠤᠷ ᠡᠷᠢᠬᠡ ᠨᠤᠮ ᠤᠨ ᠡᠷᠦᠬᠡ ᠪᠤᠯ ᠪᠠᠭᠠᠷᠢᠨ ᠪᠠᠷᠠᠭᠤᠨ ᠬᠤᠰᠢᠭᠤᠨ ᠤ ᠷᠠᠰᠢᠫᠤᠩᠰᠤᠭ ᠭᠤᠸᠠᠢ ᠶᠢᠨ ᠨᠤᠮ ᠤᠨ ᠨᠡᠷ᠎ᠡ ᠪᠠᠷ ᠨᠡᠷᠡᠯᠡᠭᠰᠡᠨ ᠨᠤᠮ ᠤᠨ ᠦᠷᠦᠬᠡ ᠶᠤᠮ᠂ ᠮᠤᠩᠭᠤᠯ ᠴᠠᠬᠢᠮ ᠨᠤᠮ ᠬᠢᠬᠦ ᠳᠤ ᠠᠵᠢᠯᠯᠠᠳᠠᠭ ᠪᠠᠶᠢᠭᠰᠠᠨ᠃      ᠠᠩᠬ᠎ᠠ ᠰᠠᠨᠠᠭᠠᠴᠢᠯᠠᠬᠤ ᠳᠤ ᠪᠠᠨ᠂ ᠮᠤᠩᠭᠤᠯ ᠰᠤᠶᠤᠯ ᠦᠨᠤ ᠪᠤᠯᠬᠤ ᠳᠤ ᠬᠡᠬᠡᠭᠳᠡᠵᠤ ᠪᠠᠶᠢᠨ᠎ᠠ᠂ ᠤᠰᠠᠳᠴᠤ ᠪᠠᠶᠢᠨ᠎ᠠ᠂ ᠶᠠᠭ ᠯᠡ ᠶᠡᠭᠡ ᠰᠠᠯᠬᠢᠨ ᠳᠤ ᠲᠡᠪᠡᠯ ᠤᠨ ᠬᠠᠨᠴᠤᠢ ᠰᠠᠯᠪᠠᠷᠠᠵᠤ ᠡᠯᠡᠭᠳᠡᠳᠡᠭ ᠰᠢᠭ ᠪᠠᠭ᠎ᠠ ᠪᠠᠭ᠎ᠠ ᠪᠠᠷ ᠬᠡᠬᠡᠭᠳᠡᠵᠤ ᠪᠠᠶᠢᠨ᠎ᠠ᠂ ᠤᠳᠤᠬᠠᠨ ᠤ ᠲᠡᠸᠠᠷᠴᠢᠯᠠᠯ᠂ ᠵᠠᠬᠠᠴᠢᠯᠠᠯ᠂ ᠬᠤᠳᠠᠵᠢᠯ᠂ ᠲᠡᠯᠡᠬᠡᠶᠢᠵᠢᠯ᠂ ᠲᠠᠶᠠᠭᠠᠷᠴᠢᠯᠠᠯ ᠤᠨ ᠲᠠᠯᠠᠶᠢᠴᠠ ᠶᠡᠭᠡ ᠨᠡᠶᠢᠬᠡᠮ ᠤᠨ ᠬᠦᠭᠵᠢᠯᠳᠠ ᠶᠢᠨ ᠲᠤᠮᠳᠠ ᠮᠠᠨ ᠤ ᠮᠤᠩᠭᠤᠯ ᠰᠤᠶᠤᠯ ᠤᠯᠠᠮ ᠢᠶᠠᠷ ᠤᠷᠤᠨ ᠵᠠᠢ ᠪᠠᠨ ᠠᠯᠳᠠᠵᠤ ᠪᠠᠶᠢᠨ᠎ᠠ᠂ ᠡᠶᠢᠮᠤ ᠤᠴᠢᠷ ᠠᠴᠠ ᠮᠤᠩᠭᠤᠯ ᠰᠤᠶᠤᠯ ᠢᠶᠠᠨ ᠵᠦᠭ ᠵᠦᠭ ᠠᠴᠠ ᠨᠢ ᠠᠪᠤᠷᠠᠵᠤ ᠠᠪᠬᠤ ᠴᠢᠬᠤᠯᠠᠳᠠᠢ ᠪᠠᠶᠢᠨ᠎ᠠ ᠬᠡᠳᠡᠭ ᠲᠤ ᠰᠠᠭᠤᠷᠢᠯᠠᠭᠰᠠᠨ ᠶᠤᠮ᠃ ᠡᠬᠦᠨ ᠤ ᠲᠤᠬᠠᠢ ᠲᠠᠶᠢᠴᠢᠨ ᠭᠤᠸᠠᠢ ︽ᠦᠪᠡᠷᠰᠡᠳ ᠎ ᠤᠨ ᠶᠠᠭᠤᠮ᠎ᠠ ᠪᠠᠨ ᠦᠪᠡᠷᠰᠡᠳ ᠢᠶᠠᠨ ᠬᠢᠵᠡᠬᠡᠶ᠎ᠡ︾ ᠬᠡᠵᠤ ᠬᠡᠯᠡᠭᠰᠡᠨ ᠶᠤᠮ᠃ ᠦᠪᠡᠷᠰᠡᠳ ᠤᠨ ᠶᠠᠭᠤᠮ᠎ᠠ ᠪᠠᠨ ᠦᠪᠡᠷᠰᠡᠳ ᠢᠶᠠᠨ ᠬᠢᠬᠦ ᠳᠤ ᠠᠯᠢ ᠵᠠᠬ᠎ᠠ ᠠᠴᠠ ᠨᠢ ᠴᠦ ᠬᠢᠬᠦ ᠴᠢᠬᠤᠯᠠᠳᠠᠢ ᠶᠤᠮ᠂ ᠢᠩᠬᠢᠬᠡᠳ ᠪᠢᠳᠠ ᠮᠤᠩᠭᠤᠯ ᠭᠠᠵᠠᠷ ᠤᠨ ᠵᠢᠷᠤᠭ ᠢ ᠬᠢᠬᠦ ᠪᠠᠷ ᠰᠢᠭᠤᠳᠤᠭᠰᠠᠨ᠃ ᠮᠤᠩᠭᠤᠯᠴᠤᠳ ᠨᠡᠬᠦᠳᠡᠯᠴᠢᠨ ᠦᠨᠳᠤᠰᠤᠳᠠᠨ ᠤ ᠬᠤᠪᠢ ᠳᠤ ᠮᠤᠩᠭᠤᠯ ᠰᠤᠶᠤᠯ ᠢ ᠪᠦᠬᠦ ᠲᠡᠯᠡᠬᠡᠢ ᠶᠢᠨ ᠤᠯᠠᠨ ᠭᠠᠵᠠᠷ ᠲᠦᠬᠡᠬᠡᠭᠰᠨ ᠪᠠᠶᠢᠳᠠᠭ᠂ ᠡᠬᠦᠨ ᠤ ᠲᠤᠳᠤᠷ᠎ᠠ ᠮᠤᠩᠭᠤᠯ ᠭᠠᠵᠠᠷ ᠤᠨ ᠨᠡᠷ᠎ᠡ ᠪᠤᠯ ᠮᠠᠰᠢ ᠶᠡᠭᠡ ᠬᠡᠪᠴᠢᠶ᠎ᠡ ᠪᠠᠷ ᠮᠠᠰᠢ ᠬᠦᠨ ᠦᠯᠡᠳᠡᠵᠤ ᠪᠠᠶᠢᠨ᠎ᠠ ᠬᠡᠵᠤ ᠪᠤᠳᠤᠵᠤ ᠪᠠᠶᠢᠨ᠎ᠠ᠃ ᠵᠢᠱᠢᠶᠡᠯᠡᠪᠡᠯ ᠮᠤᠰᠺᠸᠠ ᠶᠢᠨ ᠺᠷᠧᠮᠯᠢ ᠤᠷᠳᠤᠨ ᠨᠢ ︽ᠬᠡᠷᠡᠮ ᠤᠨ ᠲᠤᠳᠤᠷᠠᠬᠢ ᠤᠷᠳᠤᠨ︾᠂ ᠴᠧᠬᠤ᠋ ᠶᠢᠨ ᠪᠤᠯᠠᠺ ᠬᠡᠳᠡᠭ ᠨᠢ ︽ᠪᠤᠯᠠᠭ︾᠂ ᠤᠯᠤᠰ ᠤᠨ ᠲᠤᠳᠤᠭᠠᠳᠤ ᠳᠤ ᠦᠷᠦᠮᠴᠢ ᠬᠡᠳᠡᠭ ᠨᠢ ︽ᠦᠵᠡᠮᠵᠢ︾ ᠬᠡᠬᠦ ᠮᠡᠳᠦ ᠪᠠᠷ ᠮᠤᠩᠭᠤᠯ ᠨᠡᠷ᠎ᠡ ᠲᠠᠢ ᠤᠯᠠᠨ ᠭᠠᠵᠠᠷ ᠤᠳ ᠪᠠᠶᠢᠳᠠᠭ᠃ ᠮᠤᠩᠭᠤᠯ ᠭᠠᠵᠠᠷ ᠤᠨ ᠨᠡᠷ᠎ᠡ ᠪᠤᠯ ᠮᠤᠩᠭᠤᠯᠴᠤᠳ ᠤᠨ ᠲᠡᠯᠡᠬᠡᠢ ᠶᠢᠨ ᠲᠡᠤᠬᠡᠨ ᠳᠤ ᠦᠯᠡᠳᠡᠭᠡᠭᠰᠡᠨ ᠢᠮ ᠲᠠᠮᠠᠭ᠎ᠠ ᠪᠤᠯᠬᠤ ᠶᠤᠮ᠃ ᠡᠶᠢᠮᠤ ᠤᠴᠢᠷ ᠠᠴᠠ ᠮᠤᠩᠭᠤᠯ ᠭᠠᠵᠠᠷ ᠎ ᠤᠨ ᠨᠡᠷ᠎ᠡ ᠤᠳ ᠢ ᠰᠡᠷᠬᠦᠬᠡᠵᠤ ᠠᠪᠬᠤ ᠪᠤᠯ ᠮᠠᠰᠢ ᠴᠢᠬᠤᠯᠠ ᠶᠤᠮ᠃ ᠭᠠᠵᠠᠷ ᠤᠨ ᠨᠡᠷ᠎ᠡ ᠲᠡᠭᠡᠷ᠎ᠠ ᠰᠤᠶᠤᠯ ᠦᠯᠡᠳᠡᠵᠤ ᠪᠠᠶᠢᠳᠠᠭ᠃ ᠬᠡᠳᠡᠯ᠎ᠡ ᠲᠡᠤᠬᠡ ᠶᠢᠨ ᠬᠤᠪᠢᠰᠤᠯᠳᠠ ᠶᠢ ᠲᠠᠭᠠᠯᠳᠤᠨ ᠮᠤᠩᠭᠤᠯ ᠭᠠᠵᠠᠷ ᠤᠨ ᠨᠡᠷ᠎ᠡ ᠨᠢ᠂ ᠢᠯᠠᠩᠭᠤᠶ᠎ᠠ ᠮᠤᠩᠭᠤᠯ ᠤᠷᠤᠨ ᠳᠤ ᠪᠠᠶᠢᠭ᠎ᠠ ᠭᠠᠵᠠᠷ ᠤᠨ ᠨᠡᠷ᠎ᠡ ᠨᠢ ᠮᠠᠰᠢ ᠲᠦᠷᠬᠡᠨ ᠢᠶᠠᠷ ᠬᠠᠶᠢᠯᠤᠭᠳᠠᠵᠤ ᠤᠷᠤᠯᠠᠭᠳᠠᠵᠤ ᠪᠠᠶᠢᠨ᠎ᠠ᠂ ᠡᠶᠢᠮᠤ ᠪᠠᠶᠢᠳᠠᠯ ᠲᠤᠤᠷ᠎ᠠ ᠪᠢᠳᠠ ᠡᠷᠬᠡᠪᠰᠢ ᠮᠤᠩᠭᠤᠯ ᠭᠠᠵᠠᠷ ᠤᠨ ᠨᠡᠷ᠎ᠡ ᠶᠢ ᠮᠤᠩᠭᠤᠯ ᠰᠤᠶᠤᠯ ᠤᠨ ᠴᠢᠬᠤᠯᠠ ᠪᠠᠶᠢᠷᠢᠨ ᠳᠤ ᠲᠠᠯᠪᠢᠵᠤ ᠠᠪᠤᠷᠠᠵᠤ ᠠᠪᠬᠤ ᠴᠢᠬᠤᠯᠠᠳᠠᠢ᠂ ᠡᠨᠡᠬᠦ ᠡᠬᠦᠳᠡᠨ ᠠᠴᠠ ᠪᠢᠳᠠ ᠮᠤᠩᠭᠤᠯ ᠭᠠᠵᠠᠷ ᠤᠨ ᠨᠡᠷ᠎ᠡ ᠶᠢ ᠰᠡᠷᠬᠦᠬᠡᠨ ᠲᠠᠮᠳᠡᠭᠯᠡᠬᠦ ᠶᠢ ᠰᠤᠩᠭᠤᠭᠰᠠᠨ᠃      ② ᠶᠠᠭᠤᠨ ᠳᠤ ᠰᠦᠯᠵᠢᠶᠡᠨ ᠲᠡᠭᠡᠷ᠎ᠡ ᠬᠢᠬᠦ ᠲᠤᠬᠠᠢ᠃      ᠮᠤᠩᠭᠤᠯ ᠭᠠᠵᠠᠷ ᠤᠨ ᠨᠡᠷ᠎ᠡ ᠶᠢ ᠶᠠᠭᠤᠨ ᠳᠤ ᠵᠠᠪᠠᠯ ᠰᠦᠯᠵᠢᠶᠡᠨ ᠲᠡᠭᠡᠷ᠎ᠡ ᠬᠢᠬᠦ ᠴᠢᠬᠤᠯᠠᠳᠠᠢ ᠪᠤᠢ︖      ᠤᠳᠤ ᠶᠢᠨ ᠴᠠᠭ ᠪᠤᠯ ᠰᠤᠶᠤᠯ ᠤᠨ ᠠᠴᠢᠶᠠᠯᠠᠪᠤᠷᠢ᠂ ᠰᠤᠶᠤᠯ ᠤᠨ ᠵᠠᠭᠤᠴᠢ ᠳᠤ ᠮᠠᠰᠢ ᠶᠡᠭᠡ ᠬᠤᠪᠢᠷᠠᠯᠳᠠ ᠭᠠᠷᠴᠤ᠂ ᠨᠢᠬᠡ ᠵᠦᠢᠯ ᠤᠨ ᠰᠢᠯᠵᠢᠯᠳᠠ ᠶᠢᠨ ᠴᠠᠭ ᠦᠶ᠎ᠡ ᠳᠤ ᠤᠷᠤᠵᠤ ᠪᠠᠶᠢᠨ᠎ᠠ ᠬᠡᠵᠤ ᠪᠢ ᠪᠤᠳᠤᠳᠠᠭ᠃ ᠰᠤᠶᠤᠯ ᠎ ᠤᠨ ᠠᠴᠢᠶᠠᠯᠠᠪᠤᠷᠢ ᠶᠢᠨ ᠰᠢᠯᠵᠢᠯᠳᠠ ᠶᠢᠨ ᠶᠠᠪᠤᠴᠠ ᠳᠤ᠂ ᠪᠢᠳᠠ ᠬᠡᠷᠪᠡ ᠰᠢᠨ᠎ᠡ ᠠᠴᠢᠶᠡᠯᠡᠪᠤᠷᠢ ᠳᠤ ᠦᠪᠡᠷ ᠤᠨ ᠰᠤᠶᠤᠯ ᠢᠶᠠᠨ ᠮᠠᠰᠢ ᠲᠦᠷᠬᠡᠨ ᠢᠶᠠᠷ ᠰᠢᠯᠵᠢᠬᠦᠯᠵᠤ ᠵᠠᠪᠳᠤᠬᠤ ᠦᠭᠡᠢ ᠪᠤᠯ᠂ ᠮᠠᠨ ᠤ ᠰᠤᠶᠤᠯ ᠲᠡᠷᠡ ᠬᠡᠮᠵᠢᠶᠡᠨ ᠳᠤ ᠎ ᠪᠠᠨ ᠪᠦᠷᠢᠮᠦᠰᠤᠨ ᠤᠰᠠᠳᠬᠤ ᠠᠶᠤᠯᠳᠠᠢ ᠶᠤᠮ᠃ ᠮᠠᠨᠵᠤᠴᠤᠳ ᠶᠠᠭ ᠲᠡᠭᠡᠵᠤ ᠤᠰᠠᠳᠣᠭᠰᠠᠨ ᠰᠢᠤ ᠳ᠋ᠠ᠂ ᠮᠠᠨᠵᠤᠴᠤᠳ ᠤᠨ ᠦᠰᠦᠭ ᠪᠢᠴᠢᠭ ᠪᠤᠯ ᠮᠤᠳᠤᠨ ᠪᠠᠷ ᠠᠴᠠ ᠲᠤᠭᠤᠯᠭᠠᠨ ᠪᠠᠷ ᠲᠡᠰᠢ ᠰᠢᠯᠵᠢᠬᠦ ᠶᠠᠪᠤᠴᠠ ᠳᠤ ᠲᠠᠭᠠᠵᠤ ᠰᠢᠯᠵᠢᠭᠰᠡᠨ ᠦᠭᠡᠢ ᠠᠴᠠ ᠪᠤᠯᠵᠤ ᠤᠰᠠᠳᠤᠭᠰᠠᠨ ᠶᠤᠮ᠂ ᠮᠠᠨᠵᠤ ᠦᠰᠦᠭ ᠪᠢᠴᠢᠭ ᠲᠡᠭᠡᠭᠡᠳ ᠮᠤᠤᠲᠸᠤ ᠴᠠᠭᠠᠨᠰᠤᠨ ᠲᠡᠭᠡᠷ᠎ᠡ ᠮᠤᠳᠤᠨ ᠪᠠᠷ ᠲᠠᠢ ᠪᠠᠨ ᠮᠦᠽᠸᠢ ᠶᠢᠨ ᠢᠷᠤᠭᠠᠷ ᠲᠤ ᠬᠤᠴᠤᠷᠤᠭᠰᠠᠨ᠃ ᠬᠠᠷᠢᠨ ᠮᠤᠩᠭᠤᠯᠴᠤᠳ ᠪᠤᠯ ᠲᠡᠮᠬᠡᠳᠤ ᠶᠢᠨ ᠬᠤᠷᠭᠤᠯᠵᠢᠨ ᠪᠠᠷ ᠤᠨ ᠠᠴᠢ ᠪᠠᠷ ᠮᠤᠩᠭᠤᠯ ᠦᠰᠦᠭ ᠪᠢᠴᠢᠭ ᠢᠶᠠᠨ ᠬᠤᠷᠭᠤᠯᠵᠢᠨ ᠪᠠᠷ ᠬᠡᠪᠯᠡᠯ ᠤᠨ ᠠᠴᠢᠶᠠᠯᠠᠪᠤᠷᠢ ᠳᠤ ᠰᠢᠯᠵᠢᠬᠦᠯᠵᠤ᠂ ᠤᠳᠤ ᠪᠤᠯᠳᠠᠯ᠎ᠠ ᠪᠢᠳᠠ ᠬᠡᠷᠡᠭᠯᠡᠭᠰᠡᠬᠡᠷ ᠪᠠᠶᠢᠭ᠎ᠠ ᠶᠤᠮ᠃ ᠤᠳᠤ ᠦᠰᠦᠭ ᠪᠢᠴᠢᠭ ᠨᠢ ᠶᠠᠭ ᠨᠢᠬᠡ ᠠᠴᠢᠶᠠᠯᠠᠪᠤᠷᠢ ᠠᠴᠠ ᠨᠦᠬᠦᠬᠡ ᠠᠴᠢᠶᠠᠯᠠᠪᠤᠷᠢ ᠲᠡᠰᠢ ᠰᠢᠯᠵᠢᠬᠦ ᠴᠠᠭ ᠦᠶ᠎ᠡ ᠪᠤᠯᠵᠤ ᠪᠠᠶᠢᠨ᠎ᠠ᠂ ᠦᠬᠡᠷ᠎ᠡ ᠪᠠᠷ ᠬᠡᠯᠡᠪᠡᠯ᠂ ᠴᠠᠭᠠᠰᠤᠨ ᠠᠴᠢᠶᠠᠯᠠᠪᠤᠷᠢ ᠠᠴᠠ ᠴᠡᠬᠡᠨ ᠬᠦᠰᠢᠬᠡ ᠶᠢᠨ ᠠᠴᠢᠶᠠᠯᠠᠪᠤᠷᠢ ᠲᠡᠰᠢ ᠰᠢᠯᠵᠢᠬᠦ ᠴᠠᠭ ᠦᠶ᠎ᠡ ᠪᠤᠯᠵᠤ ᠪᠠᠶᠢᠨ᠎ᠠ᠂ ᠬᠡᠷᠪᠡ ᠡᠨᠡᠬᠦ ᠠᠴᠢᠶᠠᠯᠠᠪᠤᠷᠢ ᠶᠢᠨ ᠰᠢᠯᠵᠢᠯᠳᠠ ᠶᠢ ᠲᠠᠭᠠᠵᠤ ᠠᠮᠵᠢᠬᠤ ᠦᠭᠡᠢ ᠪᠤᠯ᠂ ᠮᠠᠨ ᠤ ᠦᠰᠦᠭ ᠪᠢᠴᠢᠭ ᠨᠢ ᠴᠠᠭᠠᠰᠤᠨ ᠲᠡᠭᠡᠷ᠎ᠡ ᠪᠠᠨ ᠬᠤᠴᠤᠷᠬᠤ ᠯᠡ ᠤᠴᠢᠷ ᠪᠤᠯᠤᠨ᠎ᠠ᠃ ᠮᠠᠨᠤᠰ ᠤᠨ ᠦᠷ᠎ᠡ ᠬᠤᠶᠢᠴᠢᠰ ᠴᠠᠭᠠᠰᠤᠨ ᠲᠡᠭᠡᠷᠡᠬᠢ ᠦᠰᠦᠭ ᠪᠢᠴᠢᠭ ᠢ ᠬᠠᠷᠠᠬᠤ ᠵᠠᠩᠰᠢᠯ ᠦᠭᠡᠢ ᠪᠤᠯᠬᠤ ᠦᠶ᠎ᠡ ᠳᠤ᠂ ᠴᠡᠬᠡᠨ ᠬᠦᠰᠢᠬᠡ ᠴᠠᠭᠠᠰᠤ ᠶᠢ ᠤᠷᠤᠯᠠᠬᠤ ᠦᠶ᠎ᠡ ᠳᠤ᠂ ᠮᠠᠨ ᠤ ᠰᠤᠶᠤᠯ ᠬᠤᠴᠤᠷᠴᠤ ᠬᠡᠬᠡᠭᠳᠡᠬᠦ ᠪᠤᠯᠤᠨ᠎ᠠ᠃ ᠡᠶᠢᠮᠤ ᠠᠴᠠ ᠪᠢᠳᠠ ᠤᠬᠠᠮᠰᠠᠷ ᠲᠠᠢ ᠪᠠᠶᠢᠬᠤ᠂ ᠮᠡᠳᠡᠯᠬᠡ ᠲᠠᠢ ᠪᠠᠶᠢᠬᠤ᠂ ᠵᠠᠪ ᠲᠠᠢ ᠪᠠᠶᠢᠬᠤ ᠦᠶ᠎ᠡ ᠳᠤ ᠪᠠᠨ ᠱᠠᠯᠠᠪᠳᠠᠨ ᠬᠢᠬᠦ ᠴᠢᠬᠤᠯᠠᠳᠠᠢ ᠶᠤᠮ᠃ ᠢᠩᠬᠢᠬᠡᠳ ᠪᠢᠳᠠ ᠰᠦᠯᠵᠢᠶᠡᠨ ᠲᠡᠭᠡᠷ᠎ᠡ ᠬᠢᠬᠦ ᠪᠠᠷ ᠪᠤᠯᠤᠭᠰᠠᠨ᠃      ᠮᠤᠩᠭᠤᠯ ᠭᠠᠵᠠᠷ ᠤᠨ ᠵᠢᠷᠤᠭ ᠢ ᠪᠢᠳᠠ ᠪᠠᠰᠠ ᠬᠠᠷᠠᠵᠤ ᠪᠠᠶᠢᠭᠰᠠᠨ᠂ ᠴᠢᠩ ᠤᠯᠤᠰ ᠤᠨ ᠦᠶ᠎ᠡ ᠶᠢᠨ ᠭᠠᠵᠠᠷ ᠎ ᠤᠨ ᠵᠢᠷᠤᠭ ᠤᠳ ᠲᠤᠳᠤᠷᠬᠠᠢ ᠪᠠᠶᠢᠭᠰᠠᠨ᠂ ᠬᠡᠪᠡᠴᠤ ᠲᠠᠷᠡ ᠪᠤᠯ ᠭᠤᠤᠯᠳᠠᠭᠤ ᠠᠭᠤᠯᠠ ᠤᠰᠤᠨ ᠤ ᠭᠠᠵᠠᠷ ᠤᠨ ᠵᠢᠷᠤᠭ ᠪᠠᠶᠢᠵᠤ᠂ ᠬᠠᠷᠢᠨ ᠵᠠᠰᠠᠭ ᠵᠠᠬᠢᠷᠭᠠᠨ ᠤ ᠭᠠᠵᠠᠷ ᠤᠨ ᠵᠢᠷᠤᠭ ᠪᠢᠰᠢ᠃ ᠬᠡᠳᠤᠶᠢᠪᠡᠷ ᠵᠠᠰᠠᠭ ᠵᠠᠬᠢᠷᠭᠠᠨ ᠤ ᠬᠡᠪᠴᠢᠶ᠎ᠡ ᠶᠢ ᠵᠢᠭᠠᠭᠰᠠᠨ ᠪᠤᠯᠪᠠᠴᠤ᠂ ᠭᠤᠤᠯᠳᠠᠭᠤ ᠠᠭᠤᠯᠠ ᠤᠰᠤᠨ ᠤ ᠭᠠᠵᠠᠷ ᠤᠨ ᠨᠡᠷ᠎ᠡ ᠶᠢ ᠲᠡᠮᠳᠡᠭᠯᠡᠭᠰᠡᠨ ᠪᠠᠶᠢᠳᠠᠭ᠃ ᠢᠩᠬᠢᠬᠦ ᠳᠡᠭᠡᠨ ᠤᠳᠤ ᠶᠢᠨ ᠡᠨᠡ ᠭᠠᠵᠠᠷ ᠤᠨ ᠵᠢᠷᠤᠭ ᠪᠤᠯ ᠲᠡᠷᠡ ᠬᠡᠪᠴᠢᠶ᠎ᠡ ᠠᠴᠠ ᠬᠤᠯᠠ ᠠᠰᠳᠠᠭᠠᠨ ᠪᠠᠶᠢᠵᠤ᠂ ᠰᠦᠯᠵᠢᠶᠡᠨ ᠲᠡᠭᠡᠷᠡᠬᠢ ᠭᠠᠵᠠᠷ ᠤᠨ ᠵᠢᠷᠤᠭ ᠨᠢ ᠠᠭᠤᠯᠭ᠎ᠠ ᠬᠡᠪᠴᠢᠶ᠎ᠡ ᠶᠢᠨ ᠲᠠᠯ᠎ᠠ ᠪᠠᠷ ᠴᠦᠮ ᠦᠷᠬᠡᠳᠬᠡᠵᠤ ᠰᠢᠨᠡᠴᠢᠯᠡᠬᠦ ᠪᠤᠯᠤᠮᠵᠢ ᠲᠠᠢ ᠪᠠᠶᠢᠵᠤ᠂ ᠮᠠᠰᠢ ᠤᠯᠠᠨ ᠠᠭᠤᠯᠭ᠎ᠠ ᠶᠢ ᠬᠠᠮᠤᠷᠴᠤ᠂ ᠮᠠᠰᠢ ᠨᠠᠷᠢᠯᠢᠭ᠂ ᠮᠠᠰᠢ ᠤᠨᠤᠪᠴᠢᠳᠠᠢ ᠪᠠᠷ ᠢᠯᠡᠳᠬᠡᠵᠤ ᠪᠤᠯᠳᠠᠭ᠃ ᠡᠶᠢᠮᠤ ᠠᠴᠠ ᠮᠤᠩᠭᠤᠯ ᠭᠠᠵᠠᠷ ᠤᠨ ᠵᠢᠷᠤᠭ ᠢ ᠰᠦᠯᠵᠢᠶᠡᠨ ᠲᠡᠭᠡᠷ᠎ᠡ ᠬᠢᠵᠤ᠂ ᠪᠤᠰᠤᠭ᠎ᠠ ᠮᠤᠩᠭᠤᠯ ᠦᠰᠦᠭ ᠢᠶᠠᠨ ᠭᠠᠵᠠᠷ ᠤᠨ ᠵᠢᠷᠤᠭ ᠲᠠᠢ ᠪᠠᠨ ᠦᠯᠡᠳᠡᠬᠡᠶ᠎ᠡ ᠬᠡᠰᠡᠨ ᠵᠤᠷᠢᠯᠳᠠ ᠎ ᠠᠴᠠ ᠢᠩᠬᠢᠵᠤ ᠠᠵᠢᠯᠯᠠᠭᠰᠠᠨ ᠶᠤᠮ᠃         ⒊ ᠭᠠᠵᠠᠷ ᠤᠨ ᠵᠢᠷᠤᠭ ᠬᠢᠬᠦ ᠵᠦᠪᠰᠢᠶᠡᠷᠡᠯ ᠢ ᠤᠯᠤᠭᠰᠠᠨ ᠶᠠᠪᠤᠴᠠ ᠶᠢᠨ ᠲᠤᠬᠠᠢ      ᠡᠬᠢᠯᠡᠬᠦ ᠳᠤ ᠪᠠᠨ ᠪᠢᠳᠠ ᠪᠠᠰᠠ ᠲᠦᠬᠦᠮ ᠢᠶᠠᠷ ᠪᠤᠳᠤᠵᠤ ᠪᠠᠶᠢᠭᠰᠠᠨ ᠶᠤᠮ᠂ ᠪᠢᠳᠠ ᠤᠤᠯ ᠨᠢ ᠲᠠᠩ ᠢᠶᠠᠷ ᠠᠵᠢᠯᠯᠠᠳᠠᠭ ᠮᠠᠰᠢᠨ ᠲᠡᠭᠡᠷ᠎ᠡ ᠨᠢᠬᠡ ᠵᠦᠬᠡᠯᠡᠨ ᠲᠤᠨᠤᠭ ᠬᠢᠴᠢᠬᠡᠬᠡᠳ᠂ ᠭᠠᠵᠠᠷ ᠤᠨ ᠵᠢᠷᠤᠭ ᠢᠶᠠᠨ ᠤᠷᠤᠭᠤᠯᠵᠤ᠂ ᠭᠠᠵᠠᠷ ᠤᠨ ᠵᠢᠷᠤᠭ ᠲᠡᠭᠡᠷ᠎ᠡ ᠪᠠᠨ ᠮᠤᠩᠭᠤᠯ ᠭᠠᠵᠠᠷ ᠤᠨ ᠨᠡᠷ᠎ᠡ ᠶᠢ ᠬᠠᠳᠠᠵᠤ᠂ ᠲᠡᠬᠢᠨ ᠰᠦᠯᠵᠢᠶᠡᠨ ᠲᠡᠭᠡᠷ᠎ᠡ ᠲᠠᠯᠪᠢᠬᠤ ᠪᠤᠯᠤᠮᠵᠢ ᠲᠠᠢ ᠬᠡᠵᠤ ᠪᠤᠳᠤᠵᠤ ᠪᠠᠶᠢᠭᠰᠠᠨ ᠶᠤᠮ᠃ ᠬᠡᠳᠡᠯ᠎ᠡ ᠡᠨᠡ ᠨᠢ ᠮᠡᠰᠢ ᠶᠡᠭᠡ ᠶᠠᠷᠰᠢᠭ ᠲᠦᠪᠡᠭ ᠲᠠᠢ ᠠᠵᠢᠯ ᠪᠠᠶᠢᠵᠠᠢ᠂ ᠤᠴᠢᠷ ᠨᠢ ᠭᠠᠵᠠᠷ ᠤᠨ ᠵᠢᠷᠤᠭ ᠢ ᠪᠤᠯ ᠤᠯᠤᠰ ᠠᠴᠠ ᠰᠢᠭᠤᠳ ᠬᠠᠮᠢᠶᠠᠷᠳᠠᠭ᠂ ᠢᠩᠬᠢᠬᠦ ᠳᠤ ᠎ ᠪᠠᠨ ᠭᠠᠵᠠᠷ ᠤᠨ ᠵᠢᠷᠤᠭ ᠢ ᠰᠦᠯᠵᠢᠶᠡᠨ ᠲᠡᠭᠡᠷ᠎ᠡ ᠬᠢᠬᠦ ᠳᠤ ᠡᠷᠬᠡᠪᠰᠢ ᠤᠯᠤᠰ ᠤᠨ ᠵᠦᠪᠰᠢᠶᠡᠷᠡᠯ ᠢ ᠤᠯᠬᠤ ᠴᠢᠬᠤᠯᠠᠳᠠᠢ ᠶᠤᠮ᠃ ᠢᠩᠬᠢᠬᠡᠳ ᠪᠢᠳᠠ 2009᠂ 2010 ᠤᠨ ᠤ ᠦᠶ᠎ᠡ ᠪᠠᠷ ᠦᠪᠤᠷ ᠮᠤᠩᠭᠤᠯ ᠤᠨ ᠠᠷᠠᠳ ᠎ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠤᠤᠯ ᠤᠨ ᠲᠡᠳ᠋ ᠡᠷᠬᠢᠯᠡᠭᠴᠢ ᠶᠦᠨ ᠰᠢᠤ ᠮᠸᠢ ᠲᠠᠷᠤᠭ᠎ᠠ ᠲᠠᠢ ᠬᠠᠮᠳᠤ ᠪᠡᠬᠡᠵᠢᠩ ᠳᠤ ᠬᠦᠷᠴᠤ᠂ ᠲᠤᠬᠠᠢ ᠶᠢᠨ ᠦᠶ᠎ᠡ ᠶᠢᠨ ᠤᠯᠤᠰ ᠤᠨ ᠬᠡᠮᠵᠢᠨ ᠵᠢᠷᠤᠭᠯᠠᠬᠤ ᠲᠤᠪᠴᠢᠶ᠎ᠠ ︵ᠤᠳᠤ ᠶᠢᠨ ᠤᠯᠤᠰ ᠤᠨ ᠭᠠᠵᠠᠷ ᠵᠦᠢ ᠶᠢᠨ ᠮᠡᠳᠡᠭᠡ ᠵᠠᠩᠬᠢ ᠶᠢ ᠬᠡᠮᠵᠢᠨ ᠵᠢᠷᠤᠭᠯᠠᠬᠤ ᠲᠤᠪᠴᠢᠶ᠎ᠠ︶᠎ ᠳᠤ ᠬᠦᠷᠴᠤ᠂ ᠲᠡᠨᠳᠡ ᠲᠠᠷᠤᠭ᠎ᠠ ᠪᠠᠷ ᠠᠵᠢᠯᠯᠠᠵᠤ ᠪᠠᠶᠢᠭᠰᠠᠨ ᠰᠢᠤᠢ ᠳ᠋ᠧ ᠮᠢᠩ ︵ᠮᠠᠨᠵᠤ ᠦᠨᠳᠤᠰᠤᠳᠠᠨ᠂ ᠤᠯᠤᠰ ᠤᠨ ᠭᠠᠵᠠᠷ ᠰᠢᠷᠤᠢ ᠶᠢᠨ ᠶᠠᠮᠤᠨ ᠤ ᠪᠠᠶᠢᠩᠭᠤ ᠶᠢᠨ ᠲᠡᠳ᠋ ᠲᠠᠷᠤᠭ᠎ᠠ᠂ ᠪᠦᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠲᠡᠳ᠋ ᠲᠡᠷᠢᠬᠦᠯᠡᠭᠴᠢ ᠶᠢᠨ ᠲᠤᠰᠢᠶᠠᠯ ᠳᠤ ᠪᠠᠶᠢᠵᠠᠢ︶ ᠭᠤᠸᠠᠢ ᠶᠢ ᠡᠷᠢᠵᠤ ᠤᠴᠢᠵᠤ᠂ ᠤᠯᠤᠰ ᠤᠨ ᠭᠠᠵᠠᠷ ᠵᠦᠢ ᠶᠢᠨ ᠮᠡᠳᠡᠭᠡ ᠵᠠᠩᠬᠢ ᠶᠢᠨ ᠬᠡᠮᠵᠢᠨ ᠵᠢᠷᠤᠭᠯᠠᠬᠤ ᠲᠤᠪᠴᠢᠶ᠎ᠠ ᠶᠢᠨ ᠬᠢᠵᠤ ᠪᠠᠶᠢᠬᠤ ᠲᠢᠶᠠᠨ ᠳ᠋ᠢ ᠲᠤ ︵天地图︶ ᠭᠠᠵᠠᠷ ᠤᠨ ᠵᠢᠷᠤᠭ ᠲᠤ ᠮᠤᠩᠭᠤᠯ ᠭᠠᠵᠠᠷ ᠤᠨ ᠨᠡᠷ᠎ᠡ ᠶᠢ ᠬᠠᠳᠠᠬᠤ ᠵᠦᠪᠰᠢᠶᠡᠷᠡᠯ ᠢ ᠤᠯᠬᠤ ᠪᠠᠷ ᠬᠦᠰᠡᠭᠰᠡᠨ ᠪᠠᠶᠢᠨ᠎ᠠ᠃      ᠤᠤᠯ ᠳᠤ ᠪᠠᠨ ᠮᠠᠨ ᠤ ᠤᠯᠤᠰ ᠨᠢ Google ᠭᠠᠵᠠᠷ ᠤᠨ ᠵᠢᠷᠤᠭ ᠢ ᠬᠡᠷᠡᠭᠯᠡᠵᠤ ᠪᠠᠶᠢᠭᠰᠠᠨ᠂ Google ᠭᠠᠵᠠᠷ ᠤᠨ ᠵᠢᠷᠤᠭ ᠪᠤᠯ 2004 ᠤᠨ ᠤ 10 ᠰᠠᠷ᠎ᠠ ᠳᠤ ᠡᠬᠢᠯᠡᠨ ᠤᠳᠤᠨ ᠵᠢᠷᠤᠭ ᠢ ᠠᠰᠢᠭᠯᠠᠵᠤ ᠪᠦᠳᠦᠬᠡᠭᠰᠡᠨ ᠬᠠᠮᠤᠭ ᠤᠨ ᠶᠡᠭᠡ᠂ ᠨᠠᠷᠢᠪᠴᠠ ᠰᠠᠶᠢᠳᠠᠢ ᠭᠠᠵᠠᠷ ᠤᠨ ᠵᠢᠷᠤᠭ ᠶᠤᠮ᠂ ᠬᠡᠳᠡᠯ᠎ᠡ ᠡᠨᠡ ᠨᠢ ᠭᠠᠳᠠᠭᠠᠳᠤ ᠤᠯᠤᠰ ᠤᠨ ᠲᠠᠭᠠᠭᠤᠯᠢ ᠤᠳᠤ ᠶᠢ ᠠᠰᠢᠭᠯᠠᠵᠤ ᠬᠡᠷᠡᠭᠯᠡᠳᠡᠭ ᠪᠠᠶᠢᠭᠰᠠᠨ ᠪᠤᠯᠬᠤᠷ᠂ ᠮᠠᠰᠢ ᠶᠡᠭᠡ ᠬᠢᠵᠠᠭᠠᠷᠳᠠᠮᠠᠯ ᠴᠢᠨᠠᠷ ᠎ ᠲᠠᠢ ᠪᠠᠶᠢᠳᠠᠭ᠃ ᠤᠳᠤ ᠴᠦ ᠬᠡᠰᠡᠨ Google map᠂ Google earth᠂ baidu᠂ sogou᠂ dingding᠂ zhongsou᠂ sina᠂ mapbar ᠵᠡᠷᠬᠡ ᠮᠠᠰᠢ ᠤᠯᠠᠨ ᠭᠠᠵᠠᠷ ᠤᠨ ᠵᠢᠷᠤᠭ ᠪᠠᠶᠢᠳᠠᠭ᠂ ᠬᠡᠳᠡᠯ᠎ᠡ ᠡᠳᠡᠬᠡᠷ ᠭᠠᠵᠠᠷ ᠤᠨ ᠵᠢᠷᠤᠭ ᠤᠳ ᠤᠨ ᠵᠤᠩᠬᠢᠯᠠᠬᠤ ᠨᠢ ᠴᠦᠮ ᠭᠠᠳᠠᠭᠠᠳᠤ ᠶᠢᠨ ᠮᠡᠷᠬᠡᠵᠢᠯ ᠪᠠᠶᠢᠵᠤ᠂ ᠤᠯᠤᠰ ᠤᠨ ᠲᠤᠳᠤᠭᠠᠳᠤ ᠳᠤ ᠵᠦᠪᠬᠡᠨ ᠺᠤᠮᠫᠠᠨᠢ ᠶᠢ ᠨᠢ ᠡᠷᠬᠢᠯᠡᠵᠤ ᠪᠠᠶᠢᠳᠠᠭ᠃ ᠬᠠᠷᠢᠨ ᠲᠢᠶᠠᠨ ᠳ᠋ᠢ ᠲᠤ ᠭᠠᠵᠠᠷ ᠎ ᠤᠨ ᠵᠢᠷᠤᠭ ᠪᠤᠯ ᠤᠯᠤᠰ ᠤᠨ ᠭᠠᠵᠠᠷ ᠵᠦᠢ ᠶᠢᠨ ᠵᠢᠷᠤᠭᠯᠠᠯ ᠮᠡᠳᠡᠬᠡᠯᠡᠯ ᠤᠨ ᠲᠤᠪᠴᠢᠶ᠎ᠠ ᠠᠴᠠ ᠵᠤᠬᠢᠶᠠᠭᠰᠠᠨ ᠭᠠᠵᠠᠷ ᠵᠦᠢ ᠶᠢᠨ ᠮᠡᠳᠡᠬᠡᠯᠡᠯ ᠤᠨ ᠶᠡᠷᠦᠩᠬᠡᠶᠢᠯᠡᠭᠰᠡᠨ ᠦᠢᠯᠡᠴᠢᠯᠡᠭᠡ ᠶᠢᠨ ᠨᠧᠲ ᠰᠦᠯᠵᠢᠶ᠎ᠡ ᠶᠤᠮ᠃ ᠡᠨᠡ ᠨᠢ ᠤᠯᠤᠰ ᠤᠨ ᠭᠠᠵᠠᠷ ᠵᠦᠢ ᠶᠢᠨ ᠮᠡᠳᠡᠬᠡᠯᠡᠯ ᠤᠨ ᠤᠯᠠᠨ ᠨᠡᠶᠢᠳᠠ ᠶᠢᠨ ᠦᠢᠯᠡᠴᠢᠯᠡᠬᠡᠨ ᠤ ᠲᠠᠪᠴᠠᠩ ᠪᠤᠯᠬᠤ ᠶᠤᠮ᠃ ᠡᠬᠦᠨ ᠢ 2008 ᠤᠨ ᠠᠴᠠ ᠡᠬᠢᠯᠡᠨ ᠡᠬᠦᠰᠬᠡᠨ ᠪᠠᠶᠢᠭᠤᠯᠵᠤ᠂ 2011 ᠤᠨ ᠳᠤ ᠠᠰᠢᠭᠯᠠᠯᠳᠠ ᠳᠤ ᠤᠷᠤᠭᠤᠯᠤᠭᠰᠠᠨ ᠶᠤᠮ᠂ ᠤᠯᠤᠰ ᠤᠨ ᠠᠯᠪᠠᠨ ᠤ ᠲᠠᠯ᠎ᠠ ᠶᠢᠨ ᠴᠠᠬᠢᠮ ᠭᠠᠵᠠᠷ ᠤᠨ ᠵᠢᠷᠤᠭ ᠪᠤᠯᠬᠤ ᠶᠤᠮ᠂ ᠤᠳᠤᠬᠠᠨ ᠳᠤ ᠪᠠᠨ Google ᠭᠠᠵᠠᠷ ᠤᠨ ᠵᠢᠷᠤᠭ ᠮᠡᠳᠤ ᠮᠠᠰᠢ ᠲᠤᠮᠤ ᠭᠠᠵᠠᠷ ᠤᠨ ᠵᠢᠷᠤᠭ ᠤᠨ ᠡᠬᠦᠷᠬᠡ ᠶᠢ ᠬᠦᠢᠴᠡᠳᠬᠡᠵᠤ ᠪᠠᠶᠢᠭ᠎ᠠ ᠶᠤᠮ᠂ ᠬᠠᠮᠤᠭ ᠤᠨ ᠡᠷᠬᠡ ᠰᠦᠷᠳᠠᠢ᠂ ᠬᠠᠮᠤᠭ ᠤᠨ ᠠᠮᠦᠷ ᠲᠦᠪᠰᠢᠨ᠂ ᠬᠠᠮᠤᠭ ᠤᠨ ᠲᠦᠷᠢᠮᠵᠢᠭᠰᠡᠨ᠂ ᠠᠯᠪᠠᠨ ᠤ ᠲᠠᠯ᠎ᠠ ᠶᠢᠨ ᠭᠠᠵᠠᠷ ᠤᠨ ᠵᠢᠷᠤᠭ ᠶᠤᠮ᠃ ᠡᠨᠡᠬᠦ ᠭᠠᠵᠠᠷ ᠤᠨ ᠵᠢᠷᠤᠭ ᠲᠡᠭᠡᠷ᠎ᠡ ᠬᠢᠬᠦ ᠵᠦᠪᠰᠢᠶᠡᠷᠡᠯ ᠢ ᠤᠯᠬᠤ ᠪᠠᠷ ᠪᠢᠳᠠ ︽ᠪᠦᠬᠦ ᠤᠯᠤᠰ ᠤᠨ ᠭᠠᠵᠠᠷ ᠤᠨ ᠵᠢᠷᠤᠭ ᠢ ᠬᠢᠬᠦ ᠳᠤ ᠵᠦᠪᠬᠡᠨ ᠬᠢᠳᠠᠳ ᠢᠶᠠᠷ ᠪᠤᠶᠤ ᠠᠩᠭ᠍ᠯᠢ ᠪᠠᠷ ᠬᠢᠬᠡᠳ ᠪᠤᠯᠬᠤ ᠦᠭᠡᠢ ᠶᠤᠮ᠂ ᠴᠦᠬᠡᠨ ᠲᠤᠭᠠᠳᠤ ᠦᠨᠳᠤᠰᠤᠳᠠᠨ ᠤ ᠬᠠᠤᠯᠢ ᠶᠢᠨ ᠪᠠᠳᠤᠯᠠᠭ᠎ᠠ ᠲᠠᠢ ᠦᠰᠦᠭ ᠪᠢᠴᠢᠭ ᠢᠶᠠᠷ ᠪᠠᠰᠠ ᠬᠢᠬᠦ ᠱᠠᠭᠠᠷᠳᠠᠯᠭ᠎ᠠ ᠲᠠᠢ ᠪᠠᠶᠢᠨ᠎ᠠ︾ ᠬᠡᠰᠡᠨ ᠰᠠᠨᠠᠭᠤᠯᠭ᠎ᠠ ᠲᠡᠪᠰᠢᠬᠦᠯᠬᠦ ᠳᠤ ᠰᠢᠤᠢ ᠳ᠋ᠧ ᠮᠢᠩ ᠲᠠᠷᠤᠭ᠎ᠠ ᠮᠠᠰᠢ ᠪᠠᠶᠠᠷ ᠲᠠᠢ ᠵᠦᠪᠰᠢᠶᠡᠷᠡᠵᠤ᠂ ︽ᠭᠠᠵᠠᠷ ᠤᠨ ᠵᠢᠷᠤᠭ ᠬᠢᠬᠦ ᠡᠬᠦᠷᠬᠡ ᠶᠢ ᠲᠠᠨᠠᠷ ᠲᠤ ᠲᠤᠰᠢᠶᠠᠵᠤ ᠦᠭᠬᠦᠶ᠎ᠡ᠂ ᠤᠯᠤᠰ ᠎ ᠤᠨ ᠬᠡᠷᠡᠭᠯᠡᠵᠤ ᠪᠠᠶᠢᠬᠤ ᠭᠠᠵᠠᠷ ᠤᠨ ᠵᠢᠷᠤᠭ ᠤᠨ ᠡᠬᠢ ᠪᠠᠶᠠᠯᠢᠭ ᠢ ᠪᠦᠷᠢᠨ ᠠᠰᠢᠭᠯᠠᠵᠤ ᠪᠤᠯᠤᠨ᠎ᠠ︾ ᠬᠡᠵᠤ ᠭᠠᠵᠠᠷ ᠎ ᠤᠨ ᠵᠢᠷᠤᠭ ᠬᠢᠬᠦ ᠶᠢ ᠵᠦᠪᠰᠢᠶ᠋ᠷᠡᠵᠤ᠂ ᠲᠤᠰ ᠡᠬᠦᠷᠬᠡ ᠶᠢ ᠪᠢᠳᠠᠨ ᠳᠤ ᠲᠤᠰᠢᠶᠠᠵᠤ᠂ ᠲᠤᠰ ᠠᠵᠢᠯ ᠨᠢ ᠠᠮᠵᠢᠯᠳᠠ ᠎ ᠲᠠᠢ ᠡᠬᠢᠯᠡᠭᠰᠡᠨ ᠶᠤᠮ᠃         ⒋ ᠪᠤᠰᠤᠳ ᠴᠦᠬᠡᠨ ᠲᠤᠭᠠᠳᠤ ᠦᠨᠳᠤᠰᠤᠳᠠᠨ ᠤ ᠬᠡᠯᠡ ᠪᠠᠷ ᠬᠢᠭᠰᠡᠨ ᠭᠠᠵᠠᠷ ᠤᠨ ᠵᠢᠷᠤᠭ ᠤᠨ ᠲᠤᠬᠠᠢ      ᠪᠢᠳᠠ ᠡᠨᠡ ᠠᠵᠢᠯ ᠢ ᠡᠬᠢᠯᠡᠵᠤ ᠬᠢᠬᠦ ᠳᠤ᠂ ᠤᠶᠢᠭᠤᠷ᠂ ᠲᠦᠪᠡᠳ ᠦᠨᠳᠤᠰᠤᠳᠠᠨ ᠠᠴᠠ ᠪᠠᠰᠠ ᠴᠤᠭ ᠬᠢᠶ᠎ᠠ ᠬᠡᠵᠤ ᠪᠠᠶᠢᠭᠰᠠᠨ ᠶᠤᠮ᠃ ᠤᠶᠢᠭᠤᠷᠴᠤᠳ ᠤᠨ ᠬᠢᠭᠰᠡᠨ ᠨᠢ ᠪᠠᠯᠭᠠᠰᠤᠨ ᠤ ᠱᠠᠳᠤᠨ ᠤ ᠭᠠᠵᠠᠷ ᠤᠷᠤᠨ ᠬᠦᠷᠳᠡᠯ᠎ᠡ ᠲᠠᠮᠳᠡᠭᠯᠡᠵᠤ᠂ ᠲᠤᠳᠤᠭᠰᠢ ᠨᠠᠷᠢᠯᠢᠭ ᠬᠢᠬᠡ ᠦᠭᠡᠢ ᠪᠠᠶᠢᠭᠰᠠᠭᠠᠷ᠃ ᠬᠠᠷᠢᠨ ᠤᠳᠤ ᠶᠢᠨ ᠮᠠᠨ ᠤ ᠤᠯᠤᠰ ᠤᠨ ᠭᠠᠵᠠᠷ ᠵᠦᠢ ᠶᠢᠨ ᠮᠡᠳᠡᠭᠡ ᠵᠠᠩᠬᠢ ᠶᠢᠨ ᠬᠡᠮᠵᠢᠨ ᠵᠢᠷᠤᠭᠯᠠᠬᠤ ᠲᠤᠪᠴᠢᠶ᠎ᠠ ᠶᠢᠨ ᠲᠠᠷᠤᠭ᠎ᠠ᠂ ᠲᠢᠶᠠᠨ ᠳ᠋ᠢ ᠲᠤ ᠭᠠᠵᠠᠷ ᠤᠨ ᠵᠢᠷᠤᠭ ᠤᠨ ᠬᠠᠷᠢᠭᠤᠴᠠᠯᠭᠠᠳᠠᠨ ᠨᠢ ᠤᠶᠢᠭᠤᠷ ᠦᠨᠳᠤᠰᠤᠳᠠᠨ ᠤ ᠬᠦᠮᠦᠨ ᠶᠤᠮ᠂ ᠲᠤᠰ ᠤᠶᠢᠭᠤᠷ ᠦᠨᠳᠤᠰᠤᠳᠠᠨ ᠎ ᠤ ᠲᠠᠷᠤᠭ᠎ᠠ ᠮᠠᠨ ᠤ ᠤᠶᠢᠭᠤᠷᠵᠢᠨ ᠮᠤᠩᠭᠤᠯ ᠦᠰᠦᠭ ᠢᠶᠠᠷ ᠬᠢᠭᠰᠡᠨ ᠢ ᠦᠵᠡᠬᠡᠳ ᠮᠠᠰᠢ ᠶᠡᠭᠡ ᠪᠠᠶᠠᠷᠯᠠᠵᠤ᠂ ︽ᠤᠶᠢᠭᠤᠷᠵᠢᠨ ᠮᠤᠩᠭᠤᠯ ᠦᠰᠦᠭ ᠬᠡᠳᠡᠭ ᠴᠢᠨᠢ ᠶᠤᠰᠤᠳᠠᠢ ᠤᠶᠢᠭᠤᠷ ᠦᠰᠦᠭ ᠪᠠᠶᠢᠨ᠎ᠠ ᠰᠢᠤ᠂ ᠬᠠᠷᠢᠨ ᠤᠶᠢᠭᠤᠷ ᠦᠨᠳᠤᠰᠤᠳᠠᠨ ᠤ ᠤᠳᠤ ᠶᠢᠨ ᠬᠡᠷᠡᠭᠯᠡᠵᠤ ᠪᠠᠶᠢᠭ᠎ᠠ ᠦᠰᠦᠭ ᠪᠢᠴᠢᠭ ᠪᠤᠯ ᠠᠷᠠᠪ ᠦᠰᠦᠭ ᠪᠢᠴᠢᠭ ᠶᠤᠮ︾ ᠬᠡᠵᠤ ᠶᠠᠷᠢᠵᠤ ᠪᠠᠶᠢᠭᠰᠠᠨ ᠶᠤᠮ᠂ ᠮᠦᠨᠴᠤ ᠪᠠᠶᠠᠷ ᠲᠠᠢ ᠪᠠᠷ ᠮᠠᠨ ᠤ ᠠᠵᠢᠯ ᠢ ᠲᠡᠮᠵᠢᠭᠰᠡᠨ ᠶᠤᠮ᠃ ᠤᠳᠤᠬᠠᠨ ᠲᠢᠶᠠᠨ ᠳ᠋ᠢ ᠎ ᠲᠤ ᠭᠠᠵᠠᠷ ᠤᠨ ᠵᠢᠷᠤᠭ ᠲᠤ ᠤᠶᠢᠭᠤᠷ ᠭᠠᠵᠠᠷ ᠤᠨ ᠵᠢᠷᠤᠭ ᠵᠦᠪᠬᠡᠨ ᠨᠢᠭᠡ ᠬᠡᠰᠡᠭ ᠪᠠᠶᠢᠨ᠎ᠠ᠂ ᠬᠡᠳᠡᠯ᠎ᠡ ᠮᠠᠨ ᠤ ᠮᠤᠩᠭᠤᠯ ᠭᠠᠵᠠᠷ ᠤᠨ ᠵᠢᠷᠤᠭ ᠪᠤᠯ ᠨᠡᠯᠢᠶᠡᠳ ᠪᠦᠷᠢᠨᠵᠢᠭᠰᠡᠨ ᠬᠢᠷᠢ ᠲᠦᠪᠰᠢᠨ ᠳᠤ ᠬᠦᠷᠦᠭᠰᠡᠨ ᠶᠤᠮ᠃         ⒌ ᠭᠠᠵᠠᠷ ᠤᠨ ᠵᠢᠷᠤᠭ ᠨᠢ ᠶᠠᠮᠠᠷ ᠵᠡᠷᠬᠡ ᠶᠢᠨ ᠬᠢᠷᠢ ᠲᠦᠪᠰᠢᠨ ᠳᠤ ᠬᠦᠷᠦᠭᠰᠡᠨ ᠲᠤᠬᠠᠢ      ᠲᠢᠶᠠᠨ ᠳ᠋ᠢ ᠲᠤ ᠭᠠᠵᠠᠷ ᠤᠨ ᠵᠢᠷᠤᠭ ᠪᠤᠯ 1᠄ 1000000᠎ ᠶᠢᠨ ᠬᠠᠷᠢᠴᠠᠯᠳᠤ ᠲᠡᠯᠡᠬᠡᠢ ᠶᠢᠨ ᠴᠢᠭᠯᠡᠯ ᠤᠨ ᠵᠢᠷᠤᠭ᠂ 500 ᠮᠧᠲᠷ ᠤᠨ ᠵᠢᠭᠰᠠᠴᠠᠳᠤ ᠤᠳᠤᠨ ᠡᠵᠡᠮᠰᠢᠯ ᠤᠨ ᠵᠢᠷᠤᠭ᠂ 1᠄ 250000 ᠬᠠᠷᠢᠴᠠᠯᠳᠤ ᠲᠤᠮᠳᠠᠳᠤ ᠤᠯᠤᠰ ᠤᠨ ᠭᠠᠵᠠᠷ ᠤᠨ ᠵᠢᠷᠤᠭ ᠤᠨ ᠲᠤᠭ᠎ᠠ ᠪᠠᠷᠢᠮᠳᠠ᠂ 15 ᠮᠧᠲᠷ ᠪᠠ 2.5 ᠮᠧᠲᠷ ᠤᠨ ᠵᠢᠭᠰᠠᠴᠠᠳᠤ ᠤᠳᠤᠨ ᠡᠵᠡᠮᠰᠢᠯ ᠤᠨ ᠵᠢᠷᠤᠭ᠂ 300 ᠠᠶᠢᠮᠠᠭ ᠬᠤᠳᠠ ᠶᠢᠨ 0.6 ᠮᠧᠲᠷ ᠤᠨ ᠵᠢᠭᠰᠠᠴᠠᠳᠤ ᠤᠳᠤᠨ ᠵᠢᠷᠤᠭ ᠢ ᠪᠦᠷᠢᠯᠳᠦᠬᠦᠯᠦᠭᠰᠡᠨ ᠮᠠᠰᠢ ᠶᠡᠭᠡ ᠨᠠᠷᠢᠪᠴᠠ ᠲᠠᠢ ᠭᠠᠵᠠᠷ ᠤᠨ ᠵᠢᠷᠤᠭ ᠪᠤᠯᠤᠭᠰᠠᠨ ᠶᠤᠮ᠃ ᠮᠤᠩᠭᠤᠯ ᠭᠠᠵᠠᠷ ᠤᠨ ᠵᠢᠷᠤᠭ ᠤᠨ ᠲᠠᠯ᠎ᠠ ᠪᠠᠷ ᠬᠡᠯᠡᠪᠡᠯ᠂ ᠮᠤᠩᠭᠤᠯ ᠭᠠᠵᠠᠷ ᠤᠨ ᠵᠢᠷᠤᠭ ᠪᠤᠯᠤᠨ ᠭᠠᠵᠠᠷ ᠤᠨ ᠵᠢᠷᠤᠭ ᠎ ᠢ ᠮᠤᠩᠭᠤᠯ ᠢᠶᠠᠷ ᠲᠡᠮᠳᠡᠭᠯᠡᠬᠦ ᠬᠤᠶᠠᠷ ᠲᠠᠯ᠎ᠠ ᠪᠠᠶᠢᠵᠤ᠂ ᠶᠡᠷᠦᠩᠬᠡᠢ ᠳᠤ ᠪᠠᠨ ᠪᠦᠬᠦ ᠭᠠᠵᠠᠷ ᠤᠨ ᠵᠢᠷᠤᠭ ᠢ ᠶᠠᠭᠠᠬᠢᠵᠤ ᠮᠤᠩᠭᠤᠯ ᠢᠶᠠᠷ ᠢᠯᠡᠷᠡᠬᠦᠯᠬᠦ ᠬᠡᠰᠡᠨ ᠠᠰᠠᠭᠤᠳᠠᠯ ᠳᠤ ᠬᠤᠯᠪᠤᠭᠳᠠᠨ᠎ᠠ᠂ ᠮᠤᠩᠭᠤᠯ ᠭᠠᠵᠠᠷ ᠤᠨ ᠵᠢᠷᠤᠭ ᠢ ᠮᠤᠩᠭᠤᠯ ᠎ ᠢᠶᠠᠷ ᠨᠡᠷᠡᠯᠡᠬᠦ ᠪᠤᠯᠤᠨ ᠪᠦᠬᠦ ᠭᠠᠵᠠᠷ ᠤᠨ ᠵᠢᠷᠤᠭ ᠢ ᠮᠤᠩᠭᠤᠯ ᠢᠶᠠᠷ ᠶᠠᠭᠠᠬᠢᠵᠤ ᠪᠢᠴᠢᠭᠯᠡᠬᠦ ᠬᠡᠰᠡᠨ ᠠᠰᠠᠭᠤᠳᠠᠯ ᠳᠤ ᠬᠤᠯᠪᠤᠭᠳᠠᠨ᠎ᠠ᠃ ᠤᠳᠤ ᠶᠢᠨ ᠠᠯᠬᠤᠮ ᠳᠤ᠂ ᠪᠢᠳᠠ ᠨᠢᠬᠡᠨᠳᠠ 21 ᠮᠤᠵᠢ ᠶᠢᠨ ᠲᠤᠳᠤᠷᠠᠬᠢ ᠭᠠᠴᠠᠭᠠᠨ ᠤ ᠲᠡᠰ ᠎ ᠠᠴᠠ ᠲᠡᠭᠡᠭᠰᠢᠬᠢ ᠭᠠᠵᠠᠷ ᠤᠨ ᠨᠡᠷ᠎ᠡ ᠶᠢ ᠪᠦᠬᠦᠨ ᠢ ᠮᠤᠩᠭᠤᠯ ᠢᠶᠠᠷ ᠤᠷᠴᠢᠭᠤᠯᠤᠨ ᠲᠠᠭᠤᠰᠬᠠᠵᠤ᠂ ᠤᠯᠤᠰ ᠲᠤ ᠲᠤᠰᠢᠶᠠᠨ ᠦᠭᠴᠤ᠂ ᠶᠠᠭ ᠬᠢᠨᠠᠯᠳᠠ ᠶᠢᠨ ᠱᠠᠳᠤᠨ ᠳᠤ ᠪᠠᠨ ᠪᠤᠢ᠃ ᠡᠬᠦᠨ ᠠᠴᠠ ᠭᠠᠳᠠᠨ᠎ᠠ᠂ ᠪᠦᠬᠦ ᠲᠡᠯᠡᠬᠡᠢ ᠶᠢᠨ ᠤᠯᠤᠰ ᠤᠷᠤᠨ ᠨᠤᠭᠤᠳ ᠤᠨ ᠨᠠᠷ᠎ᠡ ᠶᠢ ᠴᠦᠮ ᠮᠤᠩᠭᠤᠯᠴᠢᠯᠠᠵᠤ᠂ ᠦᠪᠤᠷ ᠮᠤᠩᠭᠤᠯ ᠤᠷᠤᠨ ᠤ ᠭᠠᠴᠠᠭᠠᠨ ᠤ ᠱᠠᠳᠤᠨ ᠠᠴᠠ ᠲᠡᠭᠡᠭᠰᠢᠬᠢ ᠭᠠᠵᠠᠷ ᠤᠨ ᠨᠡᠷ᠎ᠡ ᠶᠢ ᠪᠦᠬᠦᠨ ᠢ ᠮᠤᠩᠭᠤᠯᠴᠢᠯᠠᠵᠤ᠂ ᠡᠬᠦᠨ ᠳᠤ ᠦᠪᠤᠷ ᠮᠤᠩᠭᠤᠯ ᠤᠷᠤᠨ ᠤ ᠲᠤᠳᠤᠷᠠᠬᠢ ᠤᠯᠠᠭᠠᠨᠬᠠᠳᠠ ᠬᠤᠳᠠ᠂ ᠠᠯᠠᠱᠠ ᠠᠶᠢᠮᠠᠭ᠂ ᠤᠯᠠᠭᠠᠨᠴᠠᠪ ᠬᠤᠳᠠ ᠪᠤᠯᠤᠨ ᠬᠢᠩᠭᠠᠨ ᠠᠶᠢᠮᠠᠭ ᠵᠡᠷᠬᠡ ᠲᠦᠷᠪᠡᠨ ᠭᠠᠵᠠᠷ ᠤᠨ POI ︵ᠬᠢᠳᠠᠳ ᠢᠶᠠᠷ 兴趣点 ᠬᠡᠵᠤ ᠨᠡᠷᠡᠯᠡᠵᠤ ᠪᠤᠢ︶᠂ ᠭᠠᠵᠠᠷ ᠤᠨ ᠨᠡᠷ᠎ᠡ ᠎ ᠶᠢᠨ ᠦᠢᠯᠡᠳᠤᠯ ᠲᠠᠢ ᠶᠠᠮᠠᠷ ᠨᠢᠭᠡ ᠪᠠᠶᠢᠭᠤᠯᠤᠯᠭ᠎ᠠ ᠪᠤᠶᠤ ᠶᠠᠮᠠᠷ ᠨᠢᠬᠡ ᠠᠵᠢᠯ ᠦᠢᠯᠡᠰ ᠤᠨ ᠨᠡᠷ᠎ᠡ ︵ᠵᠢᠱᠢᠶᠡᠯᠡᠪᠡᠯ᠄ ᠲᠤᠰᠤ ᠨᠡᠮᠡᠬᠦ ᠦᠷᠳᠡᠭᠡ᠂ ᠴᠠᠭᠳᠠᠭᠠᠨ ᠭᠠᠵᠠᠷ᠂ ᠠᠯᠪᠠᠨ ᠪᠠᠶᠢᠭᠤᠯᠤᠯᠭ᠎ᠠ ᠶᠢᠨ ᠨᠡᠷ᠎ᠡ᠂ ᠬᠤᠭᠤᠯᠠᠨ ᠬᠡᠷ ᠬᠡᠬᠦ ᠮᠡᠳᠤ︶᠎ ᠶᠢ ᠪᠦᠬᠦᠨ ᠢ ᠮᠤᠩᠭᠤᠯ ᠢᠶᠠᠷ ᠬᠢᠵᠤ ᠳᠠᠭᠤᠰᠬᠠᠭᠰᠠᠨ ᠪᠠᠶᠢᠨ᠎ᠠ᠃ ᠤᠳᠤ ᠶᠠᠭ ᠬᠦᠬᠡᠬᠤᠳᠠ ᠶᠢᠨ ᠬᠢ ᠶᠢ ᠬᠢᠯᠬᠡᠵᠤ ᠪᠠᠶᠢᠨ᠎ᠠ᠂ ᠬᠦᠬᠡᠬᠤᠳᠠ ᠶᠢᠨ POI ᠪᠠᠷᠤᠭ 4 ᠲᠦᠮᠡ ᠭᠠᠷᠤᠢ ᠪᠠᠶᠢᠬᠤ ᠳ᠋ᠠ᠃ ᠰᠦᠯᠵᠢᠶᠡᠨ ᠲᠡᠭᠡᠷ᠎ᠡ ᠤᠯᠠᠭᠠᠨᠬᠠᠳᠠ ᠬᠤᠳᠠ ᠶᠢᠨ POI᠎ ᠶᠢ ᠪᠦᠬᠦᠨ ᠢ ᠤᠷᠤᠭᠤᠯᠤᠭᠰᠠᠨ᠂ ᠨᠦᠬᠦᠬᠡ ᠭᠤᠷᠪᠠᠨ ᠠᠶᠢᠮᠠᠭ ᠬᠤᠳᠠ ᠶᠢᠨ POI᠎ ᠶᠢ ᠶᠠᠭ ᠬᠢᠨᠠᠵᠤ ᠪᠠᠶᠢᠨ᠎ᠠ᠃ ᠨᠢᠬᠡ ᠭᠤᠤᠯ ᠠᠰᠠᠭᠤᠳᠠᠯ ᠪᠤᠯ ᠮᠠᠨ ᠤ ᠭᠠᠵᠠᠷ ᠤᠨ ᠨᠡᠷ᠎ᠡ ᠨᠢ ᠮᠠᠰᠢ ᠤᠷᠳᠤ ᠪᠠᠶᠢᠵᠤ᠂ ᠭᠠᠵᠠᠷ ᠡᠵᠡᠯᠡᠬᠦ ᠨᠢ ᠮᠠᠰᠢ ᠶᠡᠭᠡ ᠪᠠᠶᠢᠵᠤ᠂ ᠡᠬᠦᠨ ᠢ ᠶᠠᠭᠠᠬᠢᠵᠤ ᠪᠦᠷᠢᠨ ᠪᠦᠳᠦᠨ ᠢᠶᠠᠷ ᠨᠢ ᠢᠯᠡᠷᠡᠬᠦᠯᠬᠦ ᠬᠡᠳᠡᠭ ᠨᠢ ᠪᠠᠰᠠ ᠮᠠᠷᠬᠡᠵᠢᠯ ᠤᠨ ᠲᠠᠯ᠎ᠠ ᠪᠠᠷ ᠲᠤᠯᠭᠠᠷᠠᠵᠤ ᠪᠠᠶᠢᠭ᠎ᠠ ᠠᠰᠠᠭᠤᠳᠠᠯ ᠪᠤᠯᠵᠤ ᠪᠠᠶᠢᠨ᠎ᠠ᠂ ᠵᠠᠷᠢᠮ ᠨᠢ ᠪᠠᠷᠤᠭ ᠨᠢᠭᠡ ᠴᠠᠭᠠᠰᠤ ᠡᠵᠡᠯᠡᠮᠡᠷ ᠤᠷᠳᠤ ᠨᠠᠷ᠎ᠠ ᠲᠠᠢ ᠪᠠᠶᠢᠳᠠᠭ᠂ ᠵᠢᠱᠢᠶᠠᠯᠠᠪᠠᠯ᠄ ︽ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ︾ ᠬᠡᠵᠤ ᠪᠢᠴᠢᠬᠦ ᠪᠠᠷ ᠪᠤᠳᠤᠪᠠᠯ᠂ ᠮᠠᠰᠢ ᠶᠡᠭᠡ ᠤᠷᠤᠨ ᠵᠠᠢ ᠡᠵᠡᠯᠡᠳᠡᠭ᠂ ᠨᠡᠩ ᠢᠯᠠᠩᠭᠤᠶ᠎ᠠ ᠬᠤᠭᠤᠯᠠᠨ ᠬᠡᠷ ᠤᠨ ᠨᠡᠷ᠎ᠡ ᠤᠳ ᠨᠢ ᠠᠯᠳᠠ ᠤᠷᠳᠤ ᠪᠠᠶᠢᠳᠠᠭ᠂ ᠡᠳᠡᠬᠡᠷ ᠢ ᠭᠠᠵᠠᠷ ᠤᠨ ᠵᠢᠷᠤᠭ ᠲᠡᠭᠡᠷ᠎ᠡ ᠶᠠᠭᠠᠬᠢᠵᠤ ᠢᠯᠡᠳᠬᠡᠬᠦ ᠬᠡᠳᠡᠭ ᠨᠢ ᠭᠠᠵᠠᠷ ᠤᠨ ᠵᠢᠷᠤᠭ ᠤᠨ ᠮᠡᠷᠬᠡᠵᠢᠯ ᠤᠨ ᠲᠠᠯ᠎ᠠ ᠪᠠᠷ ᠪᠠᠰᠠ ᠰᠢᠢᠳᠪᠤᠷᠢᠯᠡᠬᠦ ᠴᠢᠬᠤᠯᠠᠳᠠᠢ ᠠᠰᠠᠭᠤᠳᠠᠯ ᠪᠤᠯᠤᠭᠠᠳ ᠪᠠᠶᠢᠨ᠎ᠠ᠃ ᠡᠳᠡᠬᠡᠷ ᠨᠢ ᠶᠠᠭ ᠬᠢᠨᠠᠯᠳᠠ ᠶᠢᠨ ᠬᠤᠭᠤᠴᠠᠭᠠᠨ ᠳᠤ ᠪᠠᠨ ᠪᠤᠢ᠂ ᠡᠬᠦᠨ ᠠᠴᠠ ᠭᠠᠳᠠᠨ᠎ᠠ ᠪᠠᠰᠠ ᠤᠯᠠᠭᠠᠨᠪᠠᠭᠠᠳᠤᠷ ᠬᠤᠳᠠ ᠪᠠᠷ ᠲᠦᠯᠦᠬᠡᠯᠡᠬᠦᠯᠦᠭᠰᠡᠨ ᠮᠤᠩᠭᠤᠯ ᠤᠯᠤᠰ ᠤᠨ ᠨᠢᠬᠡ ᠪᠦᠯᠦᠭ ᠭᠠᠵᠠᠷ ᠤᠨ ᠨᠡᠷ᠎ᠡ ᠶᠢ ᠴᠦᠮ ᠮᠤᠩᠭᠤᠯ ᠢᠶᠠᠷ ᠬᠢᠭᠰᠡᠨ᠂ ᠤᠯᠠᠭᠠᠨᠪᠠᠭᠠᠳᠤᠷ ᠬᠤᠳᠠ ᠪᠠ ᠮᠤᠩᠭᠤᠯ ᠤᠯᠤᠰ ᠎ ᠤᠨ ᠬᠡᠪᠴᠢᠶᠡᠨ ᠳᠠᠬᠢ ᠠᠶᠢᠮᠠᠭ ᠬᠤᠳᠠ ᠶᠢᠨ ᠭᠠᠵᠠᠷ ᠤᠨ ᠨᠡᠷ᠎ᠡ ᠶᠢ ᠮᠤᠩᠭᠤᠯ ᠢᠶᠠᠷ ᠲᠡᠮᠳᠡᠭᠯᠡᠵᠤ᠂ ᠮᠤᠩᠭᠤᠯ ᠤᠯᠤᠰ ᠤᠨ ᠲᠠᠯ᠎ᠠ ᠶᠢᠨ ᠬᠢᠨ ᠲᠠᠢ ᠶᠠᠷᠢᠯᠴᠠᠵᠤ᠂ ᠲᠠᠷᠠᠭᠠᠴᠢ ᠶᠢᠨ ᠠᠯᠬᠤᠮ ᠳᠤ ᠪᠦᠬᠦ ᠮᠤᠩᠭᠤᠯ ᠤᠯᠤᠰ ᠤᠨ ᠭᠠᠵᠠᠷ ᠤᠨ ᠵᠢᠷᠤᠭ ᠤᠨ ᠲᠤᠭ᠎ᠠ ᠪᠠᠷᠢᠮᠳᠠ ᠶᠢ ᠮᠠᠨ ᠳᠤ ᠲᠤᠰᠢᠶᠠᠨ ᠬᠢᠯᠬᠡᠬᠦ ᠪᠤᠯᠤᠮᠵᠢ ᠲᠠᠢ ᠪᠠᠶᠢᠵᠤ᠂ ᠤᠳᠤ ᠶᠠᠭ ᠪᠠᠶᠢᠴᠠᠭᠠᠯᠳᠠ ᠬᠢᠵᠤ ᠪᠤᠢ᠃         ⒍ ᠤᠷᠤᠰᠢᠵᠤ ᠪᠠᠶᠢᠭ᠎ᠠ ᠠᠰᠠᠭᠤᠳᠠᠯ ᠪᠠ ᠬᠤᠶᠢᠰᠢᠳᠠ ᠶᠢᠨ ᠬᠢᠬᠦ ᠠᠵᠢᠯ ᠤᠨ ᠲᠤᠬᠠᠢ      ᠮᠢᠨᠤ ᠪᠤᠳᠤᠬᠤ ᠪᠠᠷ ᠪᠠᠰᠠ ᠡᠳᠤᠢ ᠲᠡᠳᠤᠢ ᠠᠰᠠᠭᠤᠳᠠᠯ ᠤᠷᠤᠰᠢᠵᠤ ᠪᠠᠶᠢᠨ᠎ᠠ᠃      ① ᠨᠢᠬᠡᠨᠳᠠ ᠰᠦᠯᠵᠢᠶᠡᠨ ᠲᠡᠭᠡᠷ᠎ᠡ ᠨᠡᠶᠢᠳᠡᠯᠡᠭᠰᠡᠨ ᠭᠠᠵᠠᠷ ᠤᠨ ᠨᠡᠷ᠎ᠡ ᠲᠤᠳᠤᠷ᠎ᠠ ᠪᠠᠰᠠ ᠲᠠᠰᠢᠶ᠎ᠠ ᠠᠯᠳᠠᠭ᠎ᠠ ᠬᠠᠷᠠᠭᠳᠠᠵᠤ ᠪᠠᠶᠢᠨ᠎ᠠ᠃ ᠡᠬᠦᠨ ᠤ ᠰᠢᠯᠳᠠᠭᠠᠨ ᠨᠢ ᠬᠡᠪᠡᠯ᠂ ᠪᠦᠬᠦ ᠭᠠᠵᠠᠷ ᠤᠨ ᠨᠡᠷ᠎ᠡ ᠶᠢ ᠪᠦᠬᠦᠨ ᠢ ᠪᠢᠳᠠ ᠤᠷᠴᠢᠭᠤᠯᠳᠠᠭ ᠪᠢᠰᠢ᠂ ᠵᠠᠷᠢᠮ ᠢ ᠨᠢ ᠪᠢᠳᠠ ᠲᠤᠯᠢ ᠪᠠᠷ ᠮᠠᠲ᠋ᠧᠷᠢᠶᠡᠯ ᠤᠨ ᠬᠦᠮᠦᠷᠬᠡ ᠲᠤᠳᠤᠷ᠎ᠠ ᠤᠷᠤᠭᠤᠯᠵᠤ ᠤᠷᠴᠢᠭᠤᠯᠳᠠᠭ᠂ ᠭᠠᠵᠠᠷ ᠤᠨ ᠨᠡᠷ᠎ᠡ ᠶᠢ ᠴᠦᠮ ᠲᠤᠯᠢ ᠲᠠᠢ ᠬᠠᠷᠭᠤᠭᠤᠯᠵᠤ ᠤᠷᠴᠢᠭᠤᠯᠳᠠᠭ᠂ ᠬᠠᠷᠭᠤᠭᠤᠯᠬᠤ ᠶᠠᠪᠤᠴᠠ ᠳᠤ ᠠᠯᠳᠠᠰᠢ ᠭᠠᠷᠤᠭᠰᠠᠨ᠂ ᠡᠰᠡᠪᠡᠯ ᠪᠤᠷᠤᠭᠤ ᠰᠢᠪᠡᠭᠰᠡᠨ ᠵᠡᠷᠬᠡ ᠪᠤᠯᠤᠮᠵᠢ ᠪᠠᠶᠢᠨ᠎ᠠ᠂ ᠡᠰᠡᠪᠡᠯ ᠮᠠᠨ ᠤ ᠡᠰᠢᠯᠡᠭᠰᠡᠨ ᠮᠠᠲ᠋ᠧᠷᠢᠶᠡᠯ ᠳᠤ ᠪᠠᠰᠠ ᠪᠤᠷᠤᠭᠤ ᠲᠡᠮᠳᠡᠭᠯᠡᠭᠰᠡᠨ ᠪᠠᠶᠢᠬᠤ ᠵᠡᠷᠬᠡ ᠤᠯᠠᠨ ᠰᠢᠯᠳᠠᠭᠠᠨ ᠪᠠᠶᠢᠳᠠᠭ᠃ ᠨᠢᠬᠡ ᠪᠦᠯᠦᠭ POI᠎ ᠶᠢᠨ ᠤᠷᠴᠢᠭᠤᠯᠭ᠎ᠠ ᠶᠢ ᠪᠢᠳᠠ ᠠᠯᠪᠠᠨ ᠤ ᠲᠠᠯ᠎ᠠ ᠶᠢᠨ ᠤᠷᠴᠢᠭᠤᠯᠭ᠎ᠠ ᠶᠢᠨ ᠬᠢᠷᠢ ᠬᠡᠮ ᠲᠠᠢ ᠰᠠᠯᠠᠭ᠎ᠠ ᠮᠦᠴᠢᠷ ᠲᠤ ᠲᠤᠰᠢᠶᠠᠨ ᠦᠭᠴᠤ ᠤᠷᠴᠢᠭᠤᠯᠤᠭᠰᠠᠨ ᠶᠤᠮ᠂ ᠡᠳᠡᠭᠡᠷ ᠤᠨ ᠤᠷᠴᠢᠭᠤᠯᠭ᠎ᠠ ᠨᠢ ᠤᠤᠯ ᠤᠨ ᠤᠷᠴᠢᠭᠤᠯᠭ᠎ᠠ ᠶᠢᠨ ᠲᠦᠷᠢᠮ ᠢᠶᠠᠷ ᠮᠦᠷᠳᠡᠵᠤ ᠬᠢᠭᠰᠡᠨ ᠪᠤᠯᠬᠤᠷ᠂ ᠮᠠᠰᠢ ᠲᠦᠪᠡᠭᠳᠡᠢ᠂ ᠮᠠᠰᠢ ᠪᠤᠳᠤᠯᠢᠶᠠᠨᠳᠠᠢ᠂ ᠬᠦᠰᠢᠬᠦᠨ᠂ ᠲᠠᠶᠢᠯᠪᠤᠷᠢ ᠬᠢᠭᠰᠡᠨ ᠤᠷᠴᠢᠭᠤᠯᠭ᠎ᠠ ᠪᠤᠯᠤᠨ ᠭᠠᠵᠠᠷ ᠤᠨ ᠵᠢᠷᠤᠭ ᠤᠨ ᠢᠯᠡᠷᠡᠬᠦᠯᠬᠦ ᠱᠠᠭᠠᠷᠳᠠᠯᠭ᠎ᠠ ᠳᠤ ᠦᠯᠦ ᠨᠡᠶᠢᠴᠡᠬᠦ ᠵᠡᠷᠬᠡ ᠠᠰᠠᠭᠤᠳᠠᠯ ᠤᠳ ᠣᠷᠤᠰᠢᠵᠤ ᠪᠠᠶᠢᠨ᠎ᠠ᠃      ② ᠦᠪᠤᠷ ᠮᠤᠩᠭᠤᠯ ᠠᠴᠠ ᠭᠠᠳᠠᠨᠠᠬᠢ ᠮᠤᠩᠭᠤᠯ ᠭᠠᠵᠠᠷ ᠤᠨ ᠨᠡᠷ᠎ᠡ ᠶᠢ ᠲᠡᠮᠳᠡᠭᠯᠡᠬᠦ ᠳᠤ ᠮᠠᠨ ᠤ ᠬᠦᠴᠦᠨ ᠬᠦᠷᠦᠯᠴᠡᠬᠦ ᠦᠭᠡᠢ ᠪᠠᠶᠢᠨ᠎ᠠ᠃ ᠡᠮᠤᠨᠡᠬᠡᠨ ᠬᠤᠭᠤᠴᠠᠭᠠᠨ ᠳᠤ ᠦᠪᠤᠷ ᠮᠤᠩᠭᠤᠯ ᠤᠨ ᠶᠡᠭᠡ ᠰᠤᠷᠭᠠᠭᠤᠯᠢ ᠪᠠ ᠤᠯᠤᠰ ᠤᠨ ᠬᠡᠮᠵᠢᠨ ᠵᠢᠷᠤᠭᠯᠠᠬᠤ ᠲᠤᠪᠴᠢᠶ᠎ᠠ ᠬᠠᠮᠳᠤᠷᠠᠨ ᠬᠦᠬᠡᠬᠤᠳᠠ ᠳᠤ ᠬᠤᠷᠠᠯ ᠬᠢᠵᠤ᠂ ᠵᠡᠬᠦᠨ ᠬᠤᠶᠢᠳᠤ ᠭᠤᠷᠪᠠᠨ ᠮᠤᠵᠢ᠂ ᠪᠠᠷᠠᠭᠤᠨ ᠬᠤᠶᠢᠳᠤ ᠭᠤᠷᠪᠠᠨ ᠮᠤᠵᠢ᠂ ᠾᠧᠪᠸᠢ᠂ ᠱᠠᠨ ᠰᠢ ᠪᠤᠯᠤᠨ ᠨᠢᠩᠰᠢᠶᠠ ᠵᠡᠷᠬᠡ ᠶᠢᠰᠦᠨ ᠮᠤᠵᠢ ᠶᠢᠨ ᠤᠷᠤᠯᠴᠠᠭᠰᠠᠨ ᠭᠠᠵᠠᠷ ᠤᠨ ᠨᠡᠷ᠎ᠡ ᠶᠢᠨ ᠬᠤᠷᠠᠯ ᠢ ᠬᠢᠵᠤ᠂ ᠡᠬᠦᠷᠬᠡ ᠲᠠᠭᠠᠯᠭᠠᠵᠤ ᠦᠭᠬᠦᠭᠰᠠᠨ ᠪᠠᠶᠢᠨ᠎ᠠ᠃ ᠬᠡᠪᠡᠴᠤ ᠬᠦᠮᠦᠨ ᠤ ᠬᠦᠴᠤᠨ ᠮᠠᠰᠢ ᠬᠤᠮᠰᠠᠳᠠᠵᠤ ᠪᠠᠶᠢᠨ᠎ᠠ᠃      ③ ᠮᠤᠩᠭᠤᠯ ᠠᠴᠠ ᠪᠤᠰᠤᠳ ᠴᠦᠬᠡᠨ ᠲᠤᠭᠠᠳᠤ ᠦᠨᠳᠤᠰᠤᠳᠠᠨ ᠤ ᠭᠠᠵᠠᠷ ᠤᠨ ᠨᠡᠷ᠎ᠡ᠂ ᠭᠠᠳᠠᠭᠠᠳᠤ ᠭᠠᠷᠤᠯ ᠲᠠᠢ ᠦᠬᠡ ᠶᠢ ᠶᠠᠭᠠᠬᠢᠵᠤ ᠲᠤᠰ ᠦᠨᠳᠤᠰᠤᠳᠠᠨ ᠤ ᠬᠢᠨᠢ ᠬᠡᠯᠡᠨ ᠤ ᠠᠪᠢᠶ᠎ᠠ ᠪᠠᠷ ᠲᠡᠮᠳᠡᠭᠯᠡᠬᠦ ᠠᠰᠠᠭᠤᠳᠠᠯ᠃ ᠡᠨᠡ ᠨᠢ ᠮᠦᠨᠴᠤ ᠮᠡᠷᠬᠡᠵᠢᠯ ᠤᠨ ᠠᠰᠠᠭᠤᠳᠠᠯ ᠪᠠ ᠬᠦᠮᠦᠨ ᠤ ᠬᠦᠴᠤᠨ ᠤ ᠠᠰᠠᠭᠤᠳᠠᠯ ᠳᠤ ᠬᠤᠯᠪᠤᠭᠳᠠᠨ᠎ᠠ᠃      ④POI᠎ ᠶᠢ ᠬᠢᠯᠪᠠᠷᠴᠢᠯᠠᠵᠤ ᠤᠷᠴᠢᠭᠤᠯᠬᠤ ᠠᠰᠠᠭᠤᠳᠠᠯ᠃ ᠡᠨᠡ ᠪᠤᠯ ᠮᠡᠷᠬᠡᠵᠢᠯ ᠤᠨ ᠠᠰᠠᠭᠤᠳᠠᠯ ᠪᠢᠰᠢ᠂ ᠬᠠᠷᠢᠨ ᠡᠨᠡ ᠪᠤᠯ ᠦᠵᠡᠯᠳᠠ ᠲᠠᠨᠢᠯᠳᠠ ᠶᠢᠨ ᠠᠰᠠᠭᠤᠳᠠᠯ᠂ ᠪᠦᠬᠦ ᠮᠤᠩᠭᠤᠯᠴᠤᠳ ᠤᠶᠢᠯᠠᠭᠠᠭᠳᠠᠬᠤᠨ ᠢᠶᠠᠨ ᠰᠢᠨᠡᠴᠢᠯᠡᠬᠦ ᠪᠠ ᠦᠵᠡᠯᠳᠠ ᠪᠠᠨ ᠨᠢᠬᠡᠳᠬᠡᠬᠦ ᠬᠡᠳᠡᠭ ᠲᠤ ᠬᠤᠯᠪᠤᠭᠳᠠᠵᠤ ᠪᠠᠶᠢᠳᠠᠭ᠃ ᠨᠢᠬᠡ ᠶᠠᠭᠤᠮ᠎ᠠ ᠶᠢ ᠬᠢᠬᠦ ᠳᠤ᠂ ᠬᠢᠬᠦ ᠲᠤᠷᠠᠳᠠᠢ ᠬᠦᠮᠦᠨ ᠪᠠᠶᠢᠨ᠎ᠠ᠂ ᠠᠶᠤᠭᠠᠳ ᠬᠢᠳᠡᠭ ᠦᠭᠡᠢ ᠬᠦᠮᠦᠨ ᠪᠠᠶᠢᠨ᠎ᠠ᠂ ᠪᠤᠷᠤᠭᠤ ᠲᠠᠰᠢᠶ᠎ᠠ ᠡᠬᠦᠰᠬᠦ ᠠᠴᠠ ᠠᠶᠤᠬᠤ᠂ ︽ᠯᠤᠤᠬ᠎ᠠ ᠶᠢ ᠨᠢ ᠠᠪᠬᠤ ᠬᠡᠳ ᠨᠢᠳᠤ ᠶᠢ ᠨᠢ ᠰᠤᠬᠤᠯᠴᠢᠬᠠᠬᠤ︾ ᠪᠠᠶᠢᠬᠤ ᠮᠠᠭᠠᠳ ᠬᠡᠳ ᠲᠠᠳᠠᠭᠠᠯᠵᠠᠳᠠᠭ᠂ ᠡᠨᠡ ᠪᠤᠯ ᠵᠦᠪᠬᠡᠨ ᠪᠢᠳᠠᠨ ᠤ ᠬᠡᠳᠤᠨ ᠬᠦᠮᠦᠨ ᠤ ᠬᠢᠬᠦ ᠠᠵᠢᠯ ᠪᠢᠰᠢ᠂ ᠬᠠᠷᠢᠨ ᠪᠦᠬᠦ ᠮᠤᠩᠭᠤᠯᠴᠤᠳ ᠤᠨ ᠬᠢᠬᠦ ᠠᠵᠢᠯ ᠶᠤᠮ᠂ ᠪᠦᠬᠦ ᠮᠤᠩᠭᠤᠯᠴᠤᠳ ᠤᠨ ᠨᠡᠶᠢᠳᠠ ᠶᠢᠨ ᠴᠢᠷᠮᠠᠶᠢᠯᠠᠭ᠎ᠠ ᠪᠠᠷ ᠰᠠᠶ᠋ᠢ ᠪᠦᠳᠦᠬᠦ ᠵᠦᠢᠯ ᠶᠤᠮ᠃      ⑤ ᠬᠠᠶᠢᠯᠳᠠ ᠶᠢᠨ ᠰᠢᠰᠲ᠋ᠧᠮ ᠢ ᠪᠠᠶᠢᠭᠤᠯᠬᠤ ᠠᠰᠠᠭᠤᠳᠠᠯ᠃ ᠮᠤᠩᠭᠤᠯ ᠬᠡᠯᠡᠨ ᠤ ᠤᠯᠠᠨ ᠵᠦᠢᠯ ᠤᠨ ᠦᠰᠦᠭ ᠰᠢᠪᠡᠬᠦ ᠠᠷᠭ᠎ᠠ ᠨᠢ ᠨᠢᠬᠡᠳᠦᠯᠵᠢᠬᠦ ᠦᠭᠡᠢ ᠠᠴᠠ ᠪᠤᠯᠵᠤ᠂ ᠬᠠᠶᠢᠯᠳᠠ ᠶᠢᠨ ᠰᠢᠰᠲ᠋ᠧᠮ ᠪᠠᠶᠢᠭᠤᠯᠬᠤ ᠳᠤ ᠮᠠᠰᠢ ᠲᠦᠪᠡᠭ ᠲᠠᠢ ᠮᠡᠷᠬᠡᠵᠢᠯ ᠤᠨ ᠠᠰᠠᠭᠤᠳᠠᠯ ᠤᠷᠤᠰᠢᠵᠤ ᠪᠠᠶᠢᠨ᠎ᠠ᠃      ᠡᠳᠡᠬᠡᠷ ᠪᠤᠯ ᠤᠷᠤᠰᠢᠵᠤ ᠪᠠᠶᠢᠭ᠎ᠠ ᠠᠰᠠᠭᠤᠳᠠᠯ᠂ ᠬᠡᠪᠡᠴᠤ ᠡᠳᠡᠬᠡᠷ ᠠᠰᠠᠭᠤᠳᠠᠯ ᠢ ᠪᠦᠬᠦᠨ ᠢ ᠰᠢᠢᠳᠪᠤᠷᠢᠯᠡᠵᠤ ᠲᠠᠭᠤᠰᠤᠭᠠᠳ ᠠᠵᠢᠯ ᠢᠶᠠᠨ ᠡᠬᠢᠯᠡᠬᠦᠯᠬᠦ ᠬᠡᠪᠡᠯ ᠦᠵᠦᠬᠦᠷ ᠦᠭᠡᠢ ᠤᠴᠢᠷ ᠪᠤᠯᠤᠨ᠎ᠠ᠃ ᠢᠩᠬᠢᠬᠦ ᠳᠤ ᠪᠠᠨ ᠠᠰᠠᠭᠤᠳᠠᠯ ᠲᠤᠬᠢᠶᠠᠯᠳᠤᠬᠤ᠂ ᠤᠯᠠᠨ ᠢᠶᠠᠷ ᠢᠶᠠᠨ ᠠᠰᠠᠭᠤᠳᠠᠯ ᠢᠶᠠᠨ ᠲᠤᠷᠠᠳᠬᠤ᠂ ᠠᠰᠠᠭᠤᠳᠠᠯ ᠢ ᠰᠢᠢᠳᠪᠤᠷᠢᠯᠡᠬᠦ ᠎ ᠶᠢᠨ ᠲᠤᠮᠳᠠ ᠤᠷᠤᠭᠰᠢᠯᠠᠬᠤ ᠬᠡᠷᠡᠭᠳᠠᠢ ᠶᠤᠮ᠃      ᠲᠠᠷᠠᠭᠠᠴᠢ ᠶᠢᠨ ᠠᠵᠢᠯ ᠢᠶᠠᠨ ᠵᠤᠬᠢᠰᠳᠠᠢ ᠬᠢᠬᠦ ᠳᠤ᠂ ᠡᠷᠬᠡᠪᠰᠢ ᠭᠤᠷᠪᠠᠨ ᠵᠦᠢᠯ ᠤᠨ ᠠᠰᠠᠭᠤᠳᠠᠯ ᠢ ᠰᠢᠢᠳᠪᠤᠷᠢᠯᠡᠬᠦ ᠴᠢᠬᠤᠯᠠᠳᠠᠢ᠃ ᠨᠢᠬᠡᠳᠤᠬᠡᠷ ᠲᠤ᠂ ᠠᠩᠭ᠍ᠯᠢ ᠨᠠᠷ᠎ᠡ ᠶᠢ ᠶᠠᠭᠠᠬᠢᠵᠤ ᠮᠠᠰᠢᠨ ᠢᠶᠠᠷ ᠭᠠᠯᠢᠭᠯᠠᠬᠤ᠂ ᠴᠦᠬᠡᠨ ᠲᠤᠭᠠᠳᠤ ᠦᠨᠳᠤᠰᠤᠳᠠᠨ ᠤ ᠨᠡᠷ᠎ᠡ ᠶᠢ ᠶᠠᠭᠠᠬᠢᠵᠤ ᠮᠤᠩᠭᠤᠯ ᠢᠶᠠᠷ ᠭᠠᠯᠢᠭᠯᠠᠬᠤ᠂ POI᠎ ᠶᠢ ᠶᠠᠭᠠᠬᠢᠵᠤ ᠬᠢᠯᠪᠠᠷᠴᠢᠯᠠᠵᠤ ᠮᠤᠩᠭᠤᠯᠴᠢᠯᠠᠬᠤ ᠶᠢ ᠰᠢᠢᠳᠪᠤᠷᠢᠯᠡᠬᠦ ᠴᠢᠬᠤᠯᠠᠳᠠᠢ᠃ ᠬᠤᠶᠠᠳᠤᠭᠠᠷ ᠲᠤ᠂ ᠪᠢᠳᠠ ᠪᠠᠰᠠ ︽ᠰᠠᠪᠠ ᠶᠢᠷᠳᠢᠨᠴᠤ ᠶᠢᠨ ᠴᠠᠬᠢᠮ ᠵᠢᠷᠤᠭ︾᠎ ᠤᠨ ᠮᠤᠩᠭᠤᠯ ᠰᠠᠶᠢᠲ ᠢ ᠪᠦᠳᠦᠬᠡᠬᠦ ᠢᠨᠵᠧᠨᠧᠷᠢᠩ ᠢ ᠬᠦᠯᠢᠶᠡᠵᠤ ᠠᠪᠤᠭᠰᠠᠨ᠂ ᠡᠨᠡᠬᠦ ᠠᠵᠢᠯ ᠢ ᠪᠡᠶᠡᠯᠡᠬᠦᠯᠬᠦ ᠪᠤᠯ ᠮᠠᠰᠢ ᠴᠢᠬᠤᠯᠠ᠃ ᠭᠤᠷᠪᠠᠳᠤᠭᠠᠷ ᠪᠤᠯ᠂ ᠮᠤᠩᠭᠤᠯ ᠰᠤᠶᠤᠯ ᠲᠡᠤᠬᠡ ᠶᠢᠨ ᠭᠠᠵᠠᠷ ᠎ ᠤᠨ ᠵᠢᠷᠤᠭ ᠢ ︽ᠰᠠᠪᠠ ᠶᠢᠷᠳᠢᠨᠴᠤ ᠶᠢᠨ ᠴᠠᠬᠢᠮ ᠵᠢᠷᠤᠭ︾᠎ ᠲᠠᠢ ᠨᠡᠶᠢᠯᠡᠬᠦᠯᠤᠨ ᠦᠢᠯᠡᠳᠬᠦ ᠠᠵᠢᠯ ᠢ ᠬᠢᠬᠦ᠃ ᠦᠬᠡᠷ᠎ᠡ ᠪᠠᠷ ᠬᠡᠯᠡᠪᠡᠯ᠂ ᠭᠠᠵᠠᠷ ᠤᠨ ᠵᠢᠷᠤᠭ ᠢᠶᠠᠷ ᠲᠡᠪᠢᠰᠬᠡᠷ ᠪᠤᠯᠭᠠᠵᠤ᠂ ᠭᠠᠵᠠᠷ ᠤᠨ ᠨᠡᠷ᠎ᠡ ᠪᠠᠷ ᠲᠦᠯᠬᠢᠬᠦᠷ ᠪᠤᠯᠭᠠᠵᠤ᠂ ᠸᠢᠺᠢᠫᠢᠳᠢᠶ᠎ᠠ ︵维基百科︶᠎ ᠶᠢᠨ ᠮᠠᠲ᠋ᠧᠷᠢᠶᠡᠯ ᠴᠤᠭᠯᠠᠭᠤᠯᠬᠤ ᠠᠷᠭ᠎ᠠ ᠪᠠᠷ ᠤᠯᠠᠨ ᠬᠦᠮᠦᠨ ᠎ ᠤ ᠤᠷᠤᠯᠴᠠᠯᠭ᠎ᠠ ᠲᠠᠢ᠂ ᠤᠯᠠᠨ ᠲᠦᠷᠦᠯ ᠵᠠᠨᠠᠷ ᠤᠨ ᠮᠠᠲ᠋ᠧᠷᠢᠶᠡᠯ ᠢ ᠨᠠᠭᠠᠵᠤ ᠬᠠᠳᠠᠭᠠᠯᠠᠵᠤ ᠪᠤᠯᠬᠤ᠂ ᠴᠠᠭ ᠴᠠᠭ ᠎ ᠲᠤᠨᠢ ᠦᠷᠬᠡᠳᠬᠡᠵᠤ ᠰᠢᠨᠡᠴᠢᠯᠡᠵᠤ ᠪᠤᠯᠬᠤ ᠸᠢᠢᠫ ᠰᠠᠶᠢᠲ ᠢ ᠪᠠᠶᠢᠭᠤᠯᠬᠤ ᠶᠠᠪᠤᠳᠠᠯ ᠪᠤᠯᠤᠨ᠎ᠠ᠃ ᠤᠯᠤᠰ ᠠᠴᠠ ᠮᠤᠩᠭᠤᠯ ᠰᠤᠶᠤᠯ ᠲᠡᠤᠬᠡ ᠶᠢᠨ ᠭᠠᠵᠠᠷ ᠤᠨ ᠵᠢᠷᠤᠭ ᠢ ︽ᠰᠠᠪᠠ ᠶᠢᠷᠳᠢᠨᠴᠤ ᠶᠢᠨ ᠴᠠᠬᠢᠮ ᠵᠢᠷᠤᠭ︾᠎ ᠲᠠᠢ ᠨᠢᠬᠡ ᠲᠡᠪᠢᠰᠬᠡᠷ ᠲᠡᠭᠡᠷ᠎ᠡ ᠨᠡᠶᠢᠯᠡᠬᠦᠯᠤᠨ ᠦᠢᠯᠡᠳᠬᠦ ᠶᠢ ᠵᠦᠪᠰᠢᠶᠡᠷᠡᠭᠰᠡᠨ ᠪᠠᠶᠢᠳᠠᠯ ᠲᠤᠤᠷ᠎ᠠ᠂ ᠲᠠᠷᠠᠭᠠᠴᠢ ᠪᠠᠷ ᠪᠠᠰᠠ ᠲᠦᠷᠪᠡᠨ ᠠᠵᠢᠯ ᠢ ᠨᠦᠬᠦᠵᠤ ᠬᠢᠬᠦ ᠴᠢᠬᠤᠯᠠᠳᠠᠢ ᠪᠠᠶᠢᠨ᠎ᠠ᠃ ⒈ ᠨᠤᠳᠤᠭ ᠨᠤᠳᠤᠭ ᠤᠨ ᠢᠶᠠᠨ ᠨᠡᠷᠡᠰ ᠢ ᠰᠤᠷᠪᠤᠯᠵᠢᠯᠠᠵᠤ᠂ ᠵᠢᠷᠤᠭ ᠲᠡᠭᠡᠷ᠎ᠡ ᠬᠠᠳᠠᠬᠤ︔ ⒉ ᠰᠤᠳᠤᠷ ᠲᠡᠮᠳᠡᠭᠯᠡᠯ᠂ ᠵᠢᠭᠤᠯᠴᠢᠯᠠᠯ ᠤᠨ ᠲᠡᠮᠳᠡᠭᠯᠡᠯ ᠵᠡᠷᠬᠡ ᠲᠡᠭᠡᠷ᠎ᠡ ᠪᠠᠶᠢᠬᠤ᠂ ᠮᠠᠲ᠋ᠧᠷᠢᠶᠡᠯ ᠲᠠᠩᠰᠠ ᠬᠠᠷ᠎ᠠ ᠲᠡᠭᠡᠷ᠎ᠡ ᠪᠠᠶᠢᠬᠤ ᠮᠤᠩᠭᠤᠯ ᠨᠡᠷ᠎ᠡ ᠶᠢ ᠲᠤᠬᠤᠵᠤ ᠲᠡᠮᠳᠡᠭᠯᠡᠬᠦ︔ ⒊ ᠲᠡᠤᠬᠡᠨ ᠭᠠᠵᠠᠷ ᠤᠨ ᠵᠢᠷᠤᠭ ᠲᠡᠭᠡᠷᠡᠬᠢ ᠭᠠᠵᠠᠷ ᠤᠨ ᠨᠡᠷ᠎ᠡ ᠶᠢ ᠤᠨᠤᠭᠠᠵᠤ ᠲᠡᠮᠳᠡᠭᠯᠡᠬᠦ︔ ⒋ ᠭᠠᠵᠠᠷ ᠤᠨ ᠨᠡᠷ᠎ᠡ ᠎ ᠶᠢᠨ ᠬᠤᠶᠢᠨ᠎ᠠ ᠨᠢ ᠰᠤᠶᠤᠯ ᠲᠡᠤᠬᠡ ᠶᠢᠨ ᠠᠭᠤᠯᠭ᠎ᠠ ᠪᠦᠬᠦᠢ ᠪᠢᠴᠢᠭ᠂ ᠵᠢᠷᠤᠭ᠂ ᠲᠠᠭᠤ ᠶᠢ ᠨᠠᠭᠠᠵᠤ ᠬᠠᠳᠠᠭᠠᠯᠠᠬᠤ᠃ ᠢᠩᠬᠢᠬᠡᠳ ᠮᠤᠩᠭᠤᠯ ᠭᠠᠵᠠᠷ ᠤᠨ ᠵᠢᠷᠤᠭ ᠢᠶᠠᠨ ︽ᠰᠠᠪᠠ ᠶᠢᠷᠳᠢᠨᠴᠤ ᠶᠢᠨ ᠴᠠᠬᠢᠮ ᠵᠢᠷᠤᠭ︾᠎ ᠤᠨ ᠵᠢᠩᠬᠢᠨᠢ ᠮᠤᠩᠭᠤᠯ ᠪᠠᠷ ᠪᠤᠯᠭᠠᠵᠤ ᠠᠰᠢᠭᠯᠠᠨ᠎ᠠ ᠬᠡᠵᠤ ᠲᠦᠯᠦᠪᠯᠡᠵᠤ ᠪᠠᠶᠢᠨ᠎ᠠ᠃      ᠸᠢᠴᠠᠲ ᠲᠤ ︽ᠭᠠᠵᠠᠷ ᠤᠨ ᠨᠡᠷ᠎ᠡ ᠶᠢᠨ ᠰᠤᠳᠤᠯᠤᠯ ᠤᠨ ᠸᠢᠴᠠᠲ ᠴᠤᠭᠯᠠᠷᠠᠯ︾ ᠬᠡᠳᠡᠭ 90 ᠬᠦᠮᠦᠨ ᠢᠶᠠᠷ ᠪᠦᠷᠢᠯᠳᠦᠭᠰᠡᠨ ᠴᠤᠭᠯᠠᠷᠠᠯ ᠪᠠᠶᠢᠳᠠᠭ᠂ ᠡᠨᠡ ᠴᠤᠭᠯᠠᠷᠠᠯ ᠳᠤ ᠦᠪᠤᠷ ᠮᠤᠩᠭᠤᠯ ᠤᠨ ᠤᠤᠯ ᠤᠨ ᠬᠡᠮᠵᠢᠨ ᠵᠢᠷᠤᠭᠯᠠᠬᠤ ᠲᠤᠪᠴᠢᠶᠠᠨ ᠳᠤ ᠠᠵᠢᠯᠯᠠᠵᠤ ᠪᠠᠶᠢᠭᠰᠠᠨ ᠤᠯᠠᠨ ᠠᠬᠠᠮᠠᠳ ᠨᠦᠬᠦᠳ ᠤᠷᠤᠯᠴᠠᠵᠤ ᠪᠠᠶᠢᠨ᠎ᠠ᠂ ᠡᠨᠡ ᠮᠡᠳᠤ ᠶᠢᠨ ᠤᠷᠤᠯᠴᠠᠯᠭ᠎ᠠ ᠲᠠᠢ ᠪᠠᠷ ᠪᠦᠬᠦᠳᠠ ᠪᠠᠷ ᠢᠶᠠᠨ ᠠᠵᠢᠯ ᠢᠶᠠᠨ ᠬᠢᠵᠤ᠂ ᠦᠪᠡᠷ ᠦᠪᠡᠷ ᠤᠨ ᠮᠡᠳᠡᠬᠦ ᠭᠠᠵᠠᠷ ᠤᠨ ᠨᠡᠷ᠎ᠡ ᠎ ᠪᠠᠨ ᠬᠠᠳᠠᠵᠤ᠂ ᠦᠪᠡᠷ ᠦᠪᠡᠷ ᠤᠨ ᠮᠡᠳᠡᠯᠬᠡ ᠪᠠᠨ ᠠᠳᠠ ᠵᠤᠷᠢᠭᠤᠯᠵᠤ᠂ ᠪᠤᠷᠤᠭᠤ ᠲᠠᠰᠢᠶ᠎ᠠ ᠵᠦᠢᠯᠡᠰ ᠢ ᠡᠷᠢᠨ ᠵᠠᠯᠠᠷᠠᠭᠤᠯᠵᠤ᠂ ᠬᠠᠮᠳᠤᠪᠠᠷ ᠢᠶᠠᠨ ᠬᠢᠶ᠎ᠡ ᠬᠡᠵᠤ ᠰᠠᠨᠠᠭᠠᠴᠢᠯᠠᠵᠤ ᠪᠠᠶᠢᠨ᠎ᠠ᠃ ᠡᠨᠡᠬᠦ ᠠᠵᠢᠯ ᠪᠤᠯ ᠨᠢᠬᠡ ᠬᠤᠶᠠᠷ ᠬᠦᠮᠦᠨ ᠬᠢᠵᠤ ᠲᠡᠶᠢᠯᠬᠦ ᠠᠵᠢᠯ ᠪᠢᠰᠢ᠂ ᠪᠦᠬᠦ ᠨᠠᠶᠢᠳᠠ ᠳᠤ ᠲᠦᠰᠢᠭᠯᠡᠨ᠎ᠡ᠃ ᠪᠢᠳᠠ ᠡᠶᠢᠮᠤ ᠰᠠᠨᠠᠭᠠᠴᠢᠯᠭ᠎ᠠ ᠶᠢ ᠲᠤᠷᠠᠳᠤᠨ᠂ ᠪᠦᠬᠦ ᠬᠦᠮᠦᠰ ᠢ ᠤᠷᠤᠯᠴᠠᠭᠤᠯᠤᠨ᠂ ᠪᠦᠬᠦ ᠬᠦᠮᠦᠰ ᠢ ᠵᠤᠬᠢᠶᠠᠨ ᠪᠠᠶᠢᠭᠤᠯᠤᠨ᠂ ᠬᠠᠮᠳᠤ ᠶᠢᠨ ᠤᠷᠤᠯᠴᠠᠯᠭ᠎ᠠ ᠲᠠᠢ ᠠᠵᠢᠯ ᠪᠤᠯᠭᠠᠶ᠎ᠠ ᠬᠡᠵᠤ ᠦᠪᠡᠷ ᠤᠨ ᠪᠡᠶ᠎ᠡ ᠠᠴᠠ ᠪᠠᠨ ᠡᠬᠢᠯᠡᠨ ᠮᠤᠩᠭᠤᠯ ᠰᠤᠶᠤᠯ ᠢᠶᠠᠨ ᠡᠯᠪᠡᠵᠤ ᠰᠡᠯᠪᠢᠵᠤ ᠶᠠᠪᠤᠬᠤ ᠤᠬᠠᠭᠠᠨ ᠢ ᠰᠤᠷᠢᠵᠤ ᠪᠠᠶᠢᠨ᠎ᠠ᠃
 
ᠢᠷᠡᠯᠲᠡ᠄ ᠬᠡᠰᠢᠭᠳᠡᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号