2016 ᠵᠠᠰᠠᠭ ᠤᠨ ᠤᠷᠳᠤᠨ ᠤ ᠠᠵᠢᠯ ᠤᠨ ᠢᠯᠡᠳᠭᠡᠯ ︵ᠨᠢᠭᠡ︶
ᠨᠡᠶᠢᠲᠡᠯᠡᠭᠰᠡᠨ ᠴᠠᠭ᠄
2016/3/8
2016 ᠤᠨ ᠤ 2 ᠰᠠᠷ᠎ᠠ ᠶᠢᠨ 25 ᠡᠳᠦᠷ ᠬᠡᠰᠢᠭᠳᠡᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯᠳᠤᠭᠠᠨ ᠲᠡᠭᠡᠷ᠎ᠠ           ᠬᠡᠰᠢᠭᠳᠡᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠲᠠᠷᠤᠭ᠎ᠠ  ᠫᠠᠨ ᠼᠦᠨ ᠬᠦᠸᠧ   ᠲᠦᠯᠦᠭᠡᠯᠡᠭᠴᠢᠳ ᠡ᠄      ᠤᠳᠤ᠂ ᠪᠢ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ ᠶᠡᠭᠡ ᠬᠤᠷᠠᠯ ᠳᠤ ᠠᠵᠢᠯ ᠎ ᠤᠨ ᠮᠡᠳᠡᠬᠦᠯᠦᠯᠳᠠ ᠬᠢᠶ᠎ᠠ᠂ ᠬᠢᠨᠠᠨ ᠵᠦᠪᠯᠡᠬᠦ ᠪᠤᠯᠪᠠᠤ᠂ ᠡᠬᠦᠨ ᠤ ᠬᠠᠮᠳᠤ ᠤᠯᠤᠰ ᠲᠦᠷᠤ ᠶᠢᠨ ᠵᠦᠪᠯᠡᠯᠭᠡᠨ ᠤ ᠬᠡᠰᠢᠬᠦᠳ ᠪᠠ ᠬᠤᠷᠠᠯ ᠳᠤ ᠰᠤᠯᠨ ᠤᠷᠤᠯᠴᠠᠭᠰᠠᠨ ᠪᠤᠰᠤᠳ ᠨᠦᠬᠦᠳ ᠤᠨ ᠰᠠᠨᠠᠯ ᠢᠶᠠᠨ ᠲᠤᠷᠠᠳᠬᠤ ᠶᠢ ᠬᠦᠰᠡᠶ᠎ᠠ᠃      ᠨᠢᠭᠡ᠂ ︽ᠠᠷᠪᠠᠨ ᠬᠤᠶᠠᠳᠤᠭᠠᠷ ᠲᠠᠪᠤ︾᠎ ᠶᠢᠨ ᠠᠵᠢᠯ ᠤᠨ ᠡᠷᠬᠢᠴᠡᠬᠦᠯᠦᠯ      ᠦᠩᠭᠡᠷᠡᠭᠰᠡᠨ ᠲᠠᠪᠤᠨ ᠵᠢᠯ ᠪᠤᠯ᠂ ᠪᠦᠬᠦ ᠬᠤᠰᠢᠭᠤᠨ ᠤ ᠲᠡᠭᠡᠳᠤ ᠲᠤᠤᠷᠠᠳᠤ ᠱᠠᠳᠤ ᠬᠠᠮᠳᠤᠪᠡᠷ ᠬᠦᠴᠢᠷ ᠪᠡᠷᠭᠡ ᠶᠢ ᠢᠯᠠᠨ ᠲᠠᠪᠠᠵᠤ᠂ ᠢᠳᠡᠪᠬᠢᠳᠠᠢ ᠠᠵᠢᠯᠯᠠᠭᠰᠠᠨ ᠲᠠᠪᠤᠨ ᠵᠢᠯ ᠮᠥᠨ᠃ ᠠᠵᠤ ᠠᠬᠤᠢ ᠶᠢᠨ ᠤᠷᠤᠭᠤᠳᠠᠯ ᠵᠡᠷᠭᠡ ᠬᠠᠳᠠᠭᠤ ᠴᠢᠩᠭ᠎ᠠ ᠦᠷᠢᠰᠦᠯᠳᠦᠭᠡᠨ ᠳᠤ ᠴᠢᠭᠯᠡᠬᠦᠯᠦᠨ᠂ ᠪᠢᠳᠠ ᠲᠡᠭᠡᠳᠤ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠬᠤᠰᠢᠭᠤᠨ ᠤ ᠨᠠᠮ ᠤᠨ ᠬᠤᠷᠢᠶ᠎ᠠ ᠶᠢᠨ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠡᠷᠡᠰ ᠲᠤᠤᠱᠯᠠᠭᠤᠯᠵᠤ᠂ ᠪᠦᠬᠦ ᠬᠤᠰᠢᠭᠤᠨ ᠤ ᠠᠷᠠᠳ ᠲᠦᠮᠡᠨ ᠯᠦᠭᠡ ᠨᠢᠬᠳᠠ ᠪᠦᠯᠬᠦᠮᠳᠡᠨ᠂ ᠬᠦᠴᠢᠷ ᠪᠡᠷᠭᠡ ᠠᠴᠠ ᠬᠠᠯᠠᠰᠢᠷᠠᠯ ᠦᠭᠡᠢ᠂ ᠵᠠᠪᠰᠢᠶᠠᠨ ᠲᠤᠬᠢᠶᠠᠯ ᠢ ᠠᠮᠵᠢᠨ ᠠᠳᠬᠤᠵᠤ᠂ ᠴᠢᠷᠮᠠᠶᠢᠨ ᠤᠷᠤᠭᠰᠢᠯᠠᠭᠰᠠᠨ ᠠᠴᠠ ︽ᠠᠷᠪᠠᠨ ᠬᠤᠶᠠᠳᠤᠭᠠᠷ ᠲᠠᠪᠤ︾᠎ ᠶᠢᠨ ᠲᠦᠯᠦᠪᠵᠢᠬᠦᠯᠭᠡ ᠶᠢᠨ ᠬᠠᠷᠠᠯᠳᠠ ᠶᠢ ᠦᠨᠳᠦᠰᠦᠨ ᠎ ᠳᠡᠭᠡᠨ ᠪᠡᠶᠡᠯᠡᠬᠦᠯᠦᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠳᠤ ᠪᠠᠳᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃      ︵ᠨᠢᠭᠡ︶ ᠬᠠᠮᠠᠭᠠᠯᠠᠬᠤ ᠶᠢ ᠴᠢᠩᠭᠠᠳᠬᠠᠨ᠂ ᠵᠠᠰᠠᠬᠤ ᠶᠢ ᠴᠢᠬᠤᠯᠠᠴᠢᠯᠠᠵᠤ᠂ ᠠᠮᠢ ᠠᠬᠤᠢ ᠶᠢᠨ ᠤᠷᠴᠢᠨ ᠲᠤᠭᠤᠷᠢᠨ ᠦᠷᠬᠦᠯᠵᠢᠯᠡᠨ ᠰᠠᠶᠢᠵᠢᠷᠠᠪᠠ᠃ ᠠᠮᠢ ᠠᠬᠤᠢ ᠶᠢᠨ ᠬᠠᠮᠠᠭᠠᠯᠠᠯᠳᠠ ᠬᠢᠭᠡᠳ ᠪᠦᠳᠦᠭᠡᠨ ᠪᠠᠶᠢᠭᠤᠯᠤᠯᠳᠠ ᠳᠤ ᠨᠡᠶᠢᠳᠠ 10.78 ᠳ᠋ᠦᠩᠰᠢᠭᠤᠷ ᠲᠦᠬᠦᠷᠢᠭ ᠤᠨ ᠪᠡᠯᠨ ᠮᠦᠩᠬᠦ ᠤᠷᠤᠭᠤᠯᠪᠠ᠃ ᠰᠢᠨ᠎ᠠ ᠪᠠᠷ ᠨᠡᠮᠡᠭᠳᠡᠭᠰᠡᠨ ᠤᠶᠢᠵᠢᠭᠤᠯᠤᠯᠳᠠ ᠶᠢᠨ ᠲᠠᠯᠠᠪᠠᠢ 156.7 ᠲᠦᠮᠡᠨ ᠮᠤ᠋᠂ ᠭᠤᠤᠯᠳᠠᠯᠭ᠎ᠠ ᠲᠠᠢ ᠤᠷᠤᠨ ᠪᠦᠰᠠ ᠶᠢᠨ ᠨᠤᠭᠤᠭᠠᠷᠠᠭᠤᠯᠤᠯᠳᠠ ᠶᠢᠨ ᠲᠠᠯᠠᠪᠠᠢ 1.56 ᠲᠦᠮᠡᠨ ᠮᠤ᠋᠂ ᠤᠰᠤ ᠬᠦᠷᠦᠰᠤ ᠶᠢ ᠬᠠᠮᠠᠭᠠᠯᠠᠨ ᠵᠠᠰᠠᠭᠰᠠᠨ ᠲᠠᠯᠠᠪᠠᠢ 11.66 ᠲᠦᠮᠡᠨ ᠮᠤ᠋᠂ ᠤᠢ ᠰᠢᠭᠤᠢ ᠶᠢᠨ ᠪᠦᠷᠬᠦᠴᠨ ᠶᠢᠨ ᠨᠤᠷᠮ᠎ᠠ 5.22 ᠵᠠᠭᠤᠨ ᠤ ᠬᠤᠪᠢ ᠶᠢᠨ ᠴᠡᠭ ᠲᠡᠭᠡᠭᠰᠢᠯᠡᠵᠤ᠂ ᠪᠦᠬᠦ ᠤᠯᠤᠰ ᠤᠨ ᠤᠢ ᠰᠢᠭᠤᠢ ᠶᠢᠨ ᠡᠬᠢ ᠪᠠᠶᠠᠯᠢᠭ ᠤᠨ ᠦᠷᠬᠦᠯᠵᠢᠯᠡᠨ ᠡᠵᠡᠩᠨᠡᠨ ᠬᠠᠮᠢᠶᠠᠷᠬᠤ ᠲᠤᠷᠰᠢᠯᠳᠠ ᠶᠢᠨ ᠴᠢᠭ᠋ ᠢᠶᠠᠷ ᠲᠤᠭᠳᠠᠭᠠᠭᠳᠠᠭᠰᠠᠨ ᠪᠠᠶᠢᠨ᠎ᠠ᠃ ᠨᠤᠳᠤᠭ ᠪᠡᠯᠴᠢᠭᠡᠷ ᠤᠨ ᠠᠮᠢ ᠠᠬᠤᠢ ᠶᠢᠨ ᠱᠠᠩᠨᠠᠯ ᠨᠦᠬᠦᠪᠤᠷᠢ ᠶᠢᠨ ᠲᠦᠷᠤ ᠶᠢᠨ ᠪᠤᠳᠤᠯᠭ᠎ᠠ ᠶᠢ ᠴᠢᠩᠭ᠎ᠠ ᠬᠡᠷᠡᠭᠵᠢᠬᠦᠯᠵᠤ᠂ ᠭᠠᠳᠠᠷ ᠤᠷᠤᠨ ᠤ ᠮᠠᠯ ᠤᠨᠤᠭ᠎ᠠ ᠶᠢ ᠴᠡᠪᠡᠷᠯᠡᠬᠦ᠂ ᠬᠠᠤᠯᠢ ᠪᠤᠰᠤ ᠪᠠᠷ ᠨᠤᠳᠤᠭ ᠪᠡᠯᠴᠢᠭᠡᠷ ᠢ ᠡᠵᠡᠯᠡᠨ ᠬᠡᠷᠡᠭᠯᠡᠬᠦ ᠶᠢ ᠵᠠᠰᠠᠨ ᠴᠡᠭᠴᠡᠯᠡᠬᠦ ᠵᠡᠷᠭᠡ ᠲᠤᠰᠬᠠᠢ ᠲᠦᠷᠦᠯ ᠤᠨ ᠬᠦᠳᠡᠯᠭᠡᠭᠡᠨ ᠢ ᠦᠷᠬᠦᠯᠵᠢᠯᠡᠨ ᠦᠷᠨᠢᠬᠦᠯᠵᠤ᠂ ᠨᠤᠳᠤᠭ ᠪᠡᠯᠴᠢᠭᠡᠷ ᠤᠨ ᠤᠷᠭᠤᠮᠠᠯ ᠤᠨ ᠪᠦᠷᠬᠦᠴᠨ ᠎ ᠶᠢᠨ ᠨᠤᠷᠮ᠎ᠠ 3.63 ᠵᠠᠭᠤᠨ ᠤ ᠬᠤᠪᠢ ᠶᠢᠨ ᠴᠡᠭ ᠨᠡᠮᠡᠭᠳᠡᠵᠤ᠂ ᠠᠮᠢᠳᠤ ᠪᠤᠳᠠᠰ ᠤᠨ ᠤᠯᠠᠨ ᠶᠠᠩᠵᠤᠳᠤ ᠴᠢᠨᠠᠷ ᠢᠯᠡᠳᠳᠠ ᠰᠠᠶᠢᠵᠢᠷᠠᠭᠰᠠᠨ ᠪᠠᠶᠢᠨ᠎ᠠ᠃ ᠪᠤᠬᠢᠷᠳᠤᠯ ᠦᠭᠡᠢ ᠠᠭᠤᠷᠬᠠᠢ ᠶᠢ ᠪᠦᠳᠦᠭᠡᠨ ᠪᠠᠶᠢᠭᠤᠯᠬᠤ ᠠᠬᠢᠴᠨ ᠲᠠᠰᠤᠷᠠᠯᠳᠠ ᠦᠭᠡᠢ ᠲᠦᠷᠭᠡᠳᠪᠡ᠃ ᠭᠤᠤᠯ ᠪᠤᠯᠬᠤ ᠪᠤᠬᠢᠷᠳᠤᠯ ᠪᠤᠳᠠᠰ ᠢ 7506.3 ᠲᠤᠨ ᠪᠠᠭᠠᠰᠬᠠᠵᠤ᠂ ᠲᠦᠮᠡᠨ ᠲᠦᠬᠦᠷᠢᠭ ᠤᠨ GDP᠎ ᠤᠨ ᠡᠨᠧᠷᠬᠢ ᠶᠢᠨ ᠬᠤᠷᠤᠭᠳᠠᠯ 20.85 ᠵᠠᠭᠤᠨ ᠤ ᠬᠤᠪᠢ ᠶᠢᠨ ᠴᠡᠭ ᠪᠠᠭᠤᠷᠠᠪᠠ᠃ ᠤᠯᠤᠰ ᠤᠨ ᠠᠮᠢ ᠠᠬᠤᠢ ᠶᠢᠨ ᠬᠤᠰᠢᠭᠤ ᠶᠢᠨ ᠬᠢᠨᠠᠨ ᠰᠢᠯᠭᠠᠯᠳᠠ ᠳᠤ ᠬᠢᠷᠢ ᠲᠡᠩᠴᠡᠪᠡ᠃      ︵ᠬᠤᠶᠠᠷ︶ ᠬᠡᠯᠪᠡᠷᠢ ᠪᠠᠨ ᠬᠤᠪᠢᠷᠠᠭᠤᠯᠤᠨ᠂ ᠪᠦᠳᠦᠴᠨ ᠪᠠᠨ ᠲᠤᠬᠢᠷᠠᠭᠤᠯᠵᠤ᠂ ᠠᠵᠤ ᠠᠬᠤᠢ ᠶᠢᠨ ᠪᠤᠳᠠᠳᠤ ᠬᠦᠴᠦᠨ ᠲᠠᠰᠤᠷᠠᠯᠳᠠ ᠦᠭᠡᠢ ᠲᠡᠭᠡᠭᠰᠢᠯᠡᠪᠡ᠃ ᠠᠵᠤ ᠠᠬᠤᠢ ᠶᠢᠨ ᠬᠦᠭᠵᠢᠯᠳᠠ ᠲᠤᠭᠳᠠᠭᠤᠨ ᠤ ᠲᠤᠮᠳᠠ ᠠᠬᠢᠯᠳᠠ ᠲᠠᠢ᠂ ᠴᠢᠨᠠᠷ ᠴᠢᠨᠰᠠᠭ᠎ᠠ ᠦᠷ᠎ᠠ ᠪᠦᠳᠤᠮᠵᠢ ᠵᠡᠷᠭᠡᠪᠡᠷ ᠰᠠᠶᠢᠵᠢᠷᠠᠪᠠ᠃ 2015 ᠤᠨ ᠳᠤ᠂ ᠪᠦᠬᠦ ᠬᠤᠰᠢᠭᠤᠨ ᠤ ᠤᠷᠤᠨ ᠨᠤᠳᠤᠭ ᠤᠨ ᠦᠢᠯᠡᠳᠪᠤᠷᠢᠯᠡᠯ ᠤᠨ ᠶᠡᠷᠦᠩᠭᠡᠢ ᠤᠷᠤᠯᠭ᠎ᠠ 147.1 ᠳ᠋ᠦᠩᠰᠢᠭᠤᠷ ᠲᠦᠬᠦᠷᠢᠭ ᠢ ᠪᠡᠶᠡᠯᠡᠬᠦᠯᠦᠨ᠂ ᠵᠢᠯ ᠳᠤ ᠲᠤᠮᠳᠠᠴᠢ ᠪᠠᠷ 9.2%᠎ ᠢᠶᠠᠷ ᠨᠡᠮᠡᠭᠳᠡᠪᠡ᠃ ᠲᠤᠰ ᠱᠠᠳᠤᠨ ᠤ ᠤᠯᠠᠨ ᠨᠡᠶᠢᠳᠠ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ 7.56 ᠳ᠋ᠦᠩᠰᠢᠭᠤᠷ ᠲᠦᠬᠦᠷᠢᠭ ᠢ ᠪᠡᠶᠡᠯᠡᠬᠦᠯᠦᠨ᠂ ᠵᠢᠯ ᠳᠤ ᠲᠤᠮᠳᠠᠴᠢ ᠪᠠᠷ 5.5%᠎ ᠪᠠᠷ ᠨᠡᠮᠡᠭᠳᠡᠪᠡ᠃ ᠬᠡᠪᠴᠢᠶᠡᠵᠢᠯ ᠠᠴᠠ ᠲᠡᠭᠡᠭᠰᠢᠬᠢ ᠲᠤᠭᠳᠠᠮᠠᠯ ᠬᠦᠷᠦᠩᠭᠡ ᠶᠢᠨ ᠪᠡᠯᠨ ᠤᠷᠤᠭᠤᠯᠤᠯᠳᠠ 82 ᠳ᠋ᠦᠩᠰᠢᠭᠤᠷ ᠲᠦᠬᠦᠷᠢᠭ ᠢ ᠪᠡᠶᠡᠯᠡᠬᠦᠯᠦᠨ᠂ ᠵᠢᠯ ᠳᠤ ᠲᠤᠮᠳᠠᠴᠢ ᠪᠠᠷ 4.4%᠎ ᠪᠠᠷ ᠨᠡᠮᠡᠭᠳᠡᠪᠡ᠃ ᠨᠠᠶᠢᠭᠡᠮ ᠤᠨ ᠬᠡᠷᠡᠭᠯᠡᠭᠡᠨ ᠤ ᠪᠤᠳᠠᠰ ᠤᠨ ᠵᠢᠵᠢᠭᠯᠡᠨ ᠬᠤᠳᠠᠯᠳᠤᠭᠰᠠᠨ ᠶᠡᠷᠦᠩᠭᠡᠢ ᠲᠤᠭ᠎ᠠ 30 ᠳ᠋ᠦᠩᠰᠢᠭᠤᠷ ᠲᠦᠬᠦᠷᠢᠭ ᠲᠤ ᠬᠦᠷᠴᠤ᠂ ᠵᠢᠯ ᠳᠤ ᠲᠤᠮᠳᠠᠴᠢ ᠪᠠᠷ 12.9%᠎ ᠪᠠᠷ ᠨᠡᠮᠡᠭᠳᠡᠪᠡ᠃ ᠬᠤᠳᠠ ᠪᠠᠯᠭᠠᠰᠤ ᠪᠠ ᠮᠠᠯᠵᠢᠬᠤ ᠲᠠᠷᠢᠶᠠᠯᠠᠬᠤ ᠤᠷᠤᠨ ᠤ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠡᠵᠡᠮᠳᠡᠵᠤ ᠪᠤᠯᠬᠤᠶᠢᠴᠨ ᠤᠷᠤᠯᠭ᠎ᠠ ᠲᠤᠰ ᠪᠦᠷᠢ 22796 ᠲᠦᠬᠦᠷᠢᠭ ᠪᠠ 8702 ᠲᠦᠬᠦᠷᠢᠭ ᠲᠤ ᠬᠦᠷᠴᠤ᠂ ᠵᠢᠯ ᠳᠤ ᠲᠤᠮᠳᠠᠴᠢ ᠪᠠᠷ ᠲᠤᠰ ᠪᠦᠷᠢ 12.7% ᠪᠠ 11.3%᠎ ᠪᠠᠷ ᠨᠡᠮᠡᠭᠳᠡᠪᠡ᠃      ᠰᠢᠨ᠎ᠠ ᠬᠡᠯᠪᠡᠷᠢ ᠶᠢᠨ ᠠᠵᠤ ᠦᠢᠯᠡᠳᠪᠤᠷᠢᠵᠢᠯᠳᠠ ᠶᠢᠨ ᠠᠬᠢᠴᠨ ᠲᠠᠰᠤᠷᠠᠯᠳᠠ ᠦᠭᠡᠢ ᠲᠦᠷᠭᠡᠳᠪᠡ᠃ ᠠᠵᠤ ᠦᠢᠯᠡᠳᠪᠤᠷᠢ ᠶᠢ ᠠᠳᠬᠤᠨ᠂ ᠡᠷᠬᠢᠯᠳᠠ ᠶᠢ ᠪᠠᠳᠤᠯᠠᠬᠤ ᠶᠢ ᠲᠤᠪᠤᠶᠢᠯᠭᠠᠨ᠂ ᠴᠠᠬᠢᠯᠭᠠᠨ ᠤ ᠨᠦᠬᠦᠪᠤᠷᠢ 1363.6 ᠲᠦᠮᠡᠨ ᠲᠦᠬᠦᠷᠢᠭ ᠪᠠᠭᠤᠯᠭᠠᠵᠤ᠂ ᠠᠵᠤ ᠠᠬᠤᠶᠢᠯᠠᠯ ᠳᠤ ᠬᠤᠯᠪᠤᠭᠳᠠᠭᠰᠠᠨ ᠭᠠᠶᠢᠯᠢ ᠰᠦᠢᠳᠭᠡᠯ ᠢ 3.38 ᠳ᠋ᠦᠩᠰᠢᠭᠤᠷ ᠲᠦᠬᠦᠷᠢᠭ ᠬᠠᠰᠤᠵᠤ ᠬᠡᠯᠳᠦᠷᠢᠬᠦᠯᠪᠡ᠂ ᠠᠵᠤ ᠦᠢᠯᠡᠳᠪᠤᠷᠢ ᠶᠢᠨ ᠨᠡᠮᠡᠭᠳᠡᠯ ᠦᠷᠳᠡᠭ ᠵᠢᠱᠢᠯᠳᠠ ᠪᠠᠷ 84.2 ᠳ᠋ᠦᠩᠰᠢᠭᠤᠷ ᠲᠦᠬᠦᠷᠢᠭ ᠢ ᠪᠡᠶᠡᠯᠡᠬᠦᠯᠦᠨ᠂ GDP᠎ ᠳᠤ ᠡᠵᠡᠯᠡᠬᠦ ᠬᠠᠷᠢᠴᠠᠯ ᠨᠢ 57.2%᠎ ᠢᠶᠠᠷ ᠲᠡᠭᠡᠭᠰᠢᠯᠡᠪᠡ᠃ ᠳ᠋ᠠ ᠲᠠᠩ ᠤᠨ ᠤᠯᠠᠨ ᠤᠯᠤᠰ ᠤᠨ ᠨᠡᠬᠦᠷᠡᠰᠤ ᠶᠢ ᠬᠡᠶᠢᠵᠢᠬᠦᠯᠬᠦ ᠲᠦᠷᠦᠯ ᠵᠦᠢᠯ ᠪᠠᠶᠢᠭᠤᠯᠤᠭᠳᠠᠨ ᠠᠰᠢᠭᠯᠠᠯᠳᠠ ᠳᠤ ᠤᠷᠤᠵᠤ ᠬᠡᠢ ᠬᠦᠷᠭᠡᠪᠠ᠂ ᠨᠡᠬᠦᠷᠡᠰᠤ ᠬᠢᠮᠢ ᠶᠢᠨ ᠠᠵᠤ ᠦᠢᠯᠡᠳᠪᠤᠷᠢ ᠶᠢᠨ ᠲᠠᠭᠠᠯᠳᠠ ᠪᠦᠳᠦᠭᠡᠭᠳᠡᠬᠦᠨ ᠢ ᠨᠡᠭᠡᠭᠡᠨ ᠬᠦᠭᠵᠢᠬᠦᠯᠬᠦ 3 ᠲᠦᠷᠦᠯ ᠵᠦᠢᠯ ᠲᠤᠷᠰᠢᠨ ᠦᠢᠯᠡᠳᠪᠤᠷᠢᠯᠡᠬᠦ ᠶᠢ ᠪᠡᠶᠡᠯᠡᠬᠦᠯᠦᠨ᠂ ᠲᠤᠮᠳᠠᠳᠤ ᠤᠯᠤᠰ ᠤᠨ ᠲᠠᠯᠠᠢ ᠲᠠᠩᠬᠢᠰ ᠤᠨ ᠴᠢᠯᠠᠭᠤᠨ ᠲᠤᠰᠤᠨ ᠤ ᠶᠡᠷᠦᠩᠭᠡᠢ ᠺᠤᠮᠫᠠᠨᠢ ᠶᠢᠨ LNG᠂ ᠮᠢᠨ ᠾᠧ ᠰᠢᠳᠠᠮᠠᠬᠠᠢ ᠬᠡᠢ ᠶᠢᠨ ᠢᠨᠵᠧᠨᠧᠷᠢᠩ ᠪᠠᠷᠢᠯᠭ᠎ᠠ ᠲᠠᠭᠤᠰᠤᠨ ᠡᠵᠡᠩᠨᠡᠯᠳᠠ ᠪᠠᠨ ᠡᠬᠢᠯᠡᠬᠦᠯᠵᠤ᠂ ᠨᠡᠬᠦᠷᠡᠰᠤ ᠬᠢᠮᠢ ᠶᠢᠨ ᠠᠵᠤ ᠦᠢᠯᠡᠰ ᠤᠨ ᠬᠡᠯᠬᠢᠶᠡᠵᠢᠯ ᠠᠩᠬ᠎ᠠ ᠠᠯᠬᠤᠮ ᠪᠦᠷᠢᠯᠳᠦᠭᠰᠡᠨ ᠪᠠᠶᠢᠨ᠎ᠠ᠃ ᠬᠢᠩᠭᠠᠨ ᠮᠦᠩᠬᠦ ᠬᠠᠷ᠎ᠠ ᠲᠤᠭᠤᠯᠭ᠎ᠠ ᠪᠤᠯᠪᠠᠰᠤᠷᠠᠭᠤᠯᠬᠤ᠂ ᠤᠯᠢᠶᠠᠰᠤᠳᠠᠢ ᠠᠭᠤᠷᠬᠠᠢ ᠶᠢᠨ ᠦᠢᠯᠡᠰ ᠵᠡᠷᠭᠡ ᠮᠡᠷᠭᠡᠵᠢᠯ ᠤᠨ ᠦᠭᠡᠷᠡᠴᠢᠯᠡᠯᠳᠠ ᠶᠢᠨ ᠲᠦᠷᠦᠯ ᠵᠦᠢᠯ ᠪᠠᠶᠢᠭᠤᠯᠤᠭᠳᠠᠨ ᠠᠰᠢᠭᠯᠠᠯᠳᠠ ᠳᠤ ᠤᠷᠤᠵᠤ᠂ ᠠᠭᠤᠷᠬᠠᠢ ᠶᠢᠨ ᠬᠦᠳᠡᠷ ᠢ ᠰᠢᠢᠳᠪᠤᠷᠢᠯᠡᠬᠦ ᠴᠢᠳᠠᠪᠬᠢ ᠨᠢ ᠡᠳᠦᠷ ᠲᠤ 3.26 ᠲᠦᠮᠡᠨ ᠲᠤᠨ ᠳᠤ ᠬᠦᠷᠴᠤ᠂ ᠬᠠᠷ᠎ᠠ ᠲᠤᠭᠤᠯᠭ᠎ᠠ ᠶᠢ ᠪᠤᠯᠪᠠᠰᠤᠷᠠᠭᠤᠯᠬᠤ ᠴᠢᠳᠠᠪᠬᠢ ᠵᠢᠯ ᠳᠤ 10 ᠲᠦᠮᠡᠨ ᠲᠤᠨ ᠳᠤ ᠬᠦᠷᠦᠭᠰᠡᠨ ᠪᠠᠶᠢᠨ᠎ᠠ᠃ ᠾᠧᠪᠸᠢ ᠠᠴᠠ ᠤᠮᠠᠷᠠᠰᠢᠬᠢ ᠴᠠᠬᠢᠯᠭᠠᠨ ᠲᠤᠤᠷᠵᠢᠯ ᠤᠨ ᠲᠠᠮᠵᠢᠭᠤᠯᠤᠨ ᠬᠦᠷᠭᠡᠬᠦ ᠵᠠᠮ ᠢ ᠨᠡᠪᠳᠡᠷᠡᠬᠦᠯᠵᠤ᠂ ᠰᠠᠯᠬᠢᠨ ᠴᠠᠬᠢᠯᠭᠠᠨ ᠢ 126.35 ᠲᠦᠮᠡᠨ ᠺᠢᠯᠤᠸᠠᠲ᠂ ᠨᠠᠷᠠᠨ ᠤ ᠬᠡᠷᠡᠯ ᠢᠶᠠᠷ ᠴᠠᠬᠢᠯᠭᠠᠨ ᠡᠬᠦᠰᠭᠡᠬᠦ ᠶᠢ 2 ᠲᠦᠮᠡᠨ ᠺᠢᠯᠤᠸᠠᠲ ᠰᠢᠨ᠎ᠠ ᠪᠠᠷ ᠨᠡᠮᠡᠭᠳᠡᠬᠦᠯᠪᠡ᠃ ᠤᠯᠤᠰ ᠤᠨ ᠴᠠᠬᠢᠯᠭᠠᠨ ᠲᠤᠤᠷᠵᠢᠯ ᠤᠨ 4 ×30 ᠲᠦᠮᠡᠨ ᠺᠢᠯᠤᠸᠠᠲ ᠤᠨ ᠤᠰᠤ ᠲᠠᠳᠠᠨ ᠡᠨᠧᠷᠬᠢ ᠬᠠᠳᠠᠭᠠᠯᠠᠬᠤ ᠴᠠᠬᠢᠯᠭᠠᠨ ᠦᠷᠳᠡᠭᠡ᠂ ᠳ᠋ᠠ ᠲᠠᠩ ᠤᠨ 2×66 ᠲᠦᠮᠡᠨ ᠺᠢᠯᠤᠸᠠᠲ ᠤᠨ ᠢᠯᠴᠢ ᠶᠢᠨ ᠴᠠᠬᠢᠯᠭᠠᠨ ᠵᠡᠷᠭᠡ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠤᠷᠤᠭᠰᠢᠳᠠᠢ ᠶᠠᠪᠤᠭᠳᠠᠵᠤ ᠪᠤᠢ᠃ ᠬᠤᠩᠭᠤ ᠶᠢᠨ ᠲᠠᠪᠠᠭ᠎ᠠ ᠠᠭᠤᠷᠬᠠᠢ ᠶᠢᠨ ᠦᠢᠯᠡᠰ ᠤᠨ ᠵᠠᠬ᠎ᠠ ᠲᠡᠯᠭᠡᠬᠦᠷ ᠲᠤ ᠭᠠᠷᠬᠤ ᠠᠵᠢᠯ ᠪᠦᠬᠦ ᠲᠠᠯ᠎ᠠ ᠪᠠᠷ ᠡᠬᠢᠯᠡᠪᠡ᠃ ᠡᠷᠬᠢᠯᠳᠡᠳᠤ ᠠᠵᠤ ᠠᠬᠤᠢ ᠶᠢᠨ ᠠᠵᠤ ᠦᠢᠯᠡᠳᠪᠤᠷᠢ ᠶᠢᠨ ᠬᠦᠷᠢᠶᠡᠯᠡᠩ ᠲᠤᠭᠤᠷᠢᠭ ᠤᠨ ᠲᠦᠪᠯᠡᠷᠡᠬᠦᠯᠦᠭᠰᠡᠨ ᠦᠢᠯᠡᠴᠢᠯᠡᠭᠡᠨ ᠤ ᠲᠤᠭᠤᠷᠢᠭ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠯᠠᠪᠳᠠᠭᠤᠨ ᠪᠠᠳᠤᠳᠠᠢ ᠠᠬᠢᠵᠤ ᠪᠤᠢ᠃ ᠬᠦᠷᠢᠶᠡᠯᠡᠩ ᠲᠤᠭᠤᠷᠢᠭ ᠤᠨ 66KV ᠴᠠᠬᠢᠯᠭᠠᠨ ᠲᠠᠮᠵᠢᠭᠤᠯᠤᠨ ᠦᠭᠡᠷᠡᠴᠢᠯᠡᠬᠦ ᠱᠤᠭᠤᠮ ᠢ 3 ᠵᠤᠷᠪᠤᠰ ᠰᠢᠨ᠎ᠠ ᠪᠠᠷ ᠪᠠᠶᠢᠭᠤᠯᠤᠨ᠂ 10 ᠲᠦᠷᠦᠯ ᠵᠦᠢᠯ ᠰᠢᠨ᠎ᠠ ᠪᠠᠷ ᠬᠦᠷᠢᠶᠡᠯᠡᠩ ᠲᠤᠭᠤᠷᠢᠭ ᠲᠤ ᠤᠷᠤᠭᠰᠠᠨ ᠪᠠᠶᠢᠨ᠎ᠠ᠃ ᠦᠪᠡᠷᠳᠡᠭᠡᠨ ᠵᠠᠰᠠᠬᠤ ᠤᠷᠤᠨ ᠤ ᠠᠵᠤ ᠦᠢᠯᠡᠳᠪᠤᠷᠢ ᠶᠢᠨ ᠡᠷᠬᠢᠯᠳᠡᠳᠤ ᠠᠵᠤ ᠠᠬᠤᠢ ᠶᠢᠨ ᠲᠤᠷᠰᠢᠯᠳᠠ ᠶᠢᠨ ᠴᠢᠭ᠋ ᠤᠨ ᠵᠢᠱᠢᠶ᠎ᠠ ᠦᠵᠡᠬᠦᠯᠬᠦ ᠬᠦᠷᠢᠶᠡᠯᠡᠩ ᠲᠤᠭᠤᠷᠢᠭ᠂ ᠦᠪᠤᠷ ᠮᠤᠩᠭᠤᠯ ᠤᠨ ᠵᠡᠬᠦᠨ ᠬᠡᠰᠡᠭ ᠤᠨ ᠭᠤᠤᠯᠳᠠᠯᠭ᠎ᠠ ᠲᠠᠢ ᠪᠦᠳᠦᠭᠡᠨ ᠪᠠᠶᠢᠭᠤᠯᠬᠤ ᠠᠵᠤ ᠦᠢᠯᠡᠳᠪᠤᠷᠢ ᠲᠦᠪᠯᠡᠷᠡᠭᠰᠡᠨ ᠲᠤᠭᠤᠷᠢᠭ ᠪᠠ ᠰᠢᠨ᠎ᠠ ᠬᠡᠯᠪᠡᠷᠢ ᠶᠢᠨ ᠠᠵᠤ ᠦᠢᠯᠡᠳᠪᠤᠷᠢᠵᠢᠯᠳᠠ ᠶᠢᠨ ᠠᠵᠤ ᠦᠢᠯᠡᠰ ᠤᠨ ᠵᠢᠱᠢᠶ᠎ᠠ ᠦᠵᠡᠬᠦᠯᠬᠦ ᠰᠠᠭᠤᠷᠢᠨ ᠭᠠᠵᠠᠷ ᠪᠤᠯᠤᠭᠰᠠᠨ ᠪᠠᠶᠢᠨ᠎ᠠ᠃      ᠤᠳᠤ ᠦᠶ᠎ᠠ ᠶᠢᠨ ᠮᠠᠯ ᠠᠵᠤ ᠠᠬᠤᠢ ᠲᠠᠷᠢᠶᠠᠯᠠᠩ ᠢ ᠯᠠᠪᠳᠠᠭᠤᠨ ᠢᠶᠠᠷ ᠠᠬᠢᠭᠤᠯᠪᠠ᠃ ︽ᠵᠠᠭᠤᠨ ᠭᠠᠴᠠᠭ᠎ᠠ ᠮᠢᠩᠭᠠᠨ ᠡᠷᠦᠭᠡ︾᠎ ᠶᠢᠨ ᠰᠢᠨᠵᠢᠯᠡᠬᠦ ᠤᠬᠠᠭᠠᠨ ᠮᠡᠷᠭᠡᠵᠢᠯ ᠢᠶᠠᠷ ᠤᠳᠤᠷᠢᠳᠤᠨ ᠲᠠᠭᠠᠭᠤᠯᠬᠤ ᠢᠨᠵᠧᠨᠧᠷᠢᠩ ᠢ ᠶᠡᠭᠡᠪᠡᠷ ᠬᠡᠷᠡᠭᠵᠢᠬᠦᠯᠦᠨ᠂ ᠲᠠᠷᠢᠮᠠᠯ ᠤᠨ ᠵᠦᠢᠯᠡᠰ ᠢ ᠪᠦᠷᠬᠦᠬᠦᠯ ᠳᠤ ᠤᠷᠭᠤᠭᠤᠯᠬᠤ ᠶᠢ 105 ᠲᠦᠮᠡᠨ ᠮᠤ᠋᠂ ᠬᠦᠷᠤᠰᠤ ᠶᠢ ᠎ ᠨᠢ ᠰᠢᠯᠭᠠᠨ ᠪᠤᠷᠳᠤᠭᠤᠷ ᠤᠷᠤᠭᠤᠯᠬᠤ ᠶᠢ 350 ᠲᠦᠮᠡᠨ ᠮᠤ᠋᠂ ᠬᠠᠮᠠᠭᠠᠯᠠᠯᠳᠠ ᠶᠢᠨ ᠴᠢᠨᠠᠷᠳᠠᠢ ᠲᠠᠷᠢᠶᠠᠯᠠᠬᠤ ᠶᠢ 17 ᠲᠦᠮᠡᠨ ᠮᠤ᠋᠂ ᠤᠰᠤ ᠠᠷᠪᠢᠯᠠᠨ ᠤᠨᠠᠯᠳᠠ ᠨᠡᠮᠡᠭᠳᠡᠬᠦᠯᠬᠦ ᠶᠢ 14.94 ᠲᠦᠮᠡᠨ ᠮᠤ᠋᠂ ᠮᠠᠯᠵᠢᠬᠤ ᠤᠷᠤᠨ ᠤ ᠦᠨᠳᠦᠷ ᠦᠷ᠎ᠠ ᠠᠰᠢᠭᠳᠤ ᠤᠰᠤ ᠠᠷᠪᠢᠯᠠᠬᠤ ᠪᠤᠷᠳᠤᠭᠠᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠳᠠ ᠶᠢ 2.27 ᠲᠦᠮᠡᠨ ᠮᠤ᠋᠂ ᠦᠨᠳᠦᠷ ᠪᠠᠷᠢᠮᠵᠢᠶᠠᠳᠤ ᠲᠠᠷᠢᠶᠠᠯᠠᠩ ᠤᠨ ᠪᠦᠳᠦᠭᠡᠨ ᠪᠠᠶᠢᠭᠤᠯᠤᠯᠳᠠ ᠶᠢ 4.61 ᠲᠦᠮᠡᠨ ᠮᠤ᠋ ᠲᠡᠯᠭᠡᠷᠡᠬᠦᠯᠵᠤ᠂ ᠲᠦᠬᠦᠭᠡᠷᠦᠮᠵᠢᠳᠤ ᠲᠠᠷᠢᠶᠠᠯᠠᠩ ᠢ 1.15 ᠲᠦᠮᠡᠨ ᠮᠤ᠋ ᠰᠢᠨ᠎ᠠ ᠪᠠᠷ ᠨᠡᠮᠡᠭᠳᠡᠬᠦᠯᠦᠨ᠂ ᠬᠦᠢᠳᠡᠨ ᠰᠢᠯᠢᠷᠭᠡᠭ ᠭᠠᠵᠠᠷ ᠤᠨ ᠪᠤᠭᠤᠳᠠᠢ ᠶᠢᠨ ᠰᠢᠨ᠎ᠠ ᠡᠬᠦᠯᠳᠡᠷ ᠢ ᠰᠢᠷᠠᠮᠦ᠋ᠷᠡᠨ ᠠᠴᠠ ᠤᠮᠠᠷᠠᠰᠢᠬᠢ ᠭᠠᠵᠠᠷ ᠤᠷᠤᠨ ᠳᠤ ᠲᠡᠯᠭᠡᠷᠡᠬᠦᠯᠵᠤ᠂ ᠲᠦᠮᠤᠰᠦᠨ ᠤ ᠡᠬᠦᠯᠳᠡᠷ ᠢ ᠦᠨᠳᠦᠰᠦᠨ ᠳᠡᠭᠡᠨ ᠰᠠᠶᠢᠵᠢᠷᠠᠭᠤᠯᠤᠨ᠂ ᠠᠮᠤ ᠪᠤᠳᠠᠭᠠᠨ ᠤ ᠤᠨᠠᠯᠳᠠ 5 ᠵᠢᠯ ᠲᠠᠷᠠᠭᠠᠯᠠᠨ 5 ᠳ᠋ᠦᠩᠰᠢᠭᠤᠷ ᠵᠢᠩ ᠢ ᠲᠠᠪᠠᠭᠰᠠᠨ ᠪᠠᠶᠢᠨ᠎ᠠ᠃ 154 ᠡᠬᠦᠯᠳᠡᠷ ᠰᠠᠶᠢᠵᠢᠷᠠᠭᠤᠯᠬᠤ ᠦᠷᠳᠡᠭᠡ᠂ 25 ᠠᠷᠠᠴᠢᠯᠠᠨ ᠲᠡᠵᠢᠭᠡᠬᠦ ᠲᠤᠭᠤᠷᠢᠭ᠂ 10 ᠲᠤᠰᠬᠠᠢ ᠠᠷᠠᠴᠢᠯᠠᠨ ᠲᠡᠵᠢᠭᠡᠬᠦ ᠲᠤᠰᠬᠤᠨ ᠢ ᠪᠠᠶᠢᠭᠤᠯᠵᠤ᠂ ᠮᠠᠯ ᠤᠨ ᠡᠬᠦᠯᠳᠡᠷ ᠰᠠᠶᠢᠵᠢᠷᠠᠭᠤᠯᠤᠯᠳᠠ ᠵᠢᠴᠢ ᠡᠬᠦᠯᠳᠡᠷ ᠰᠠᠶᠢᠵᠢᠷᠠᠭᠤᠯᠤᠯᠳᠠ ᠶᠢᠨ ᠨᠤᠷᠮ᠎ᠠ 97.8%᠎ ᠳᠤ ᠬᠦᠷᠴᠤ᠂ ᠠᠮᠢᠳᠠᠨ ᠤ ᠬᠦᠨᠳᠤ ᠶᠡᠭᠡ ᠬᠢᠵᠢᠭ ᠢ ᠰᠡᠷᠭᠡᠶᠢᠯᠡᠭᠰᠡᠨ ᠨᠢᠬᠳᠠᠴᠨ 100%᠎ ᠳᠤ ᠬᠦᠷᠴᠤ᠂ ᠵᠢᠯ ᠳᠤ ᠲᠤᠮᠳᠠᠴᠢ ᠪᠠᠷ ᠠᠯᠠᠰᠢᠨ ᠦᠭᠡᠷ 14 ᠲᠦᠮᠡᠨ ᠲᠤᠯᠤᠭᠠᠢ᠂ ᠠᠯᠠᠰᠢᠨ ᠬᠤᠨᠢ 110 ᠲᠦᠮᠡᠨ ᠲᠤᠯᠤᠭᠠᠢ ᠬᠤᠳᠠᠯᠳᠤᠨ᠂ ᠮᠠᠯ ᠠᠵᠤ ᠠᠬᠤᠢ ᠶᠢᠨ ᠬᠠᠮ ᠲᠠᠷᠢᠶᠠᠯᠠᠩ ᠳᠤ ᠡᠵᠡᠯᠡᠬᠦ ᠬᠠᠷᠢᠴᠠᠯ 67%᠎ ᠳᠤ ᠬᠦᠷᠦᠭᠰᠡᠨ ᠪᠠᠶᠢᠨ᠎ᠠ᠃ ᠬᠠᠭᠤᠷᠠᠢ ᠬᠦᠷᠢᠶ᠎ᠠ ᠎ ᠶᠢᠨ ᠮᠠᠯ ᠠᠷᠠᠴᠢᠯᠠᠵᠤ ᠠᠷᠠᠯᠵᠢᠶᠠᠯᠠᠬᠤ ᠬᠦᠷᠢᠶᠡᠯᠡᠩ ᠲᠤᠭᠤᠷᠢᠭ ᠪᠠᠶᠢᠭᠤᠯᠤᠭᠳᠠᠨ ᠡᠵᠡᠩᠨᠡᠯᠳᠠ ᠪᠠᠨ ᠡᠬᠢᠯᠡᠬᠦᠯᠵᠤ᠂ ᠵᠢᠯ ᠤᠨ ᠠᠷᠠᠯᠵᠢᠶᠠᠯᠠᠬᠤ ᠲᠤᠭ᠎ᠠ 7 ᠳ᠋ᠦᠩᠰᠢᠭᠤᠷ ᠲᠦᠬᠦᠷᠢᠭ ᠢ ᠲᠠᠪᠠᠭᠰᠠᠨ ᠪᠠᠶᠢᠨ᠎ᠠ᠃ ᠵᠤᠤ ᠤᠳᠠ ᠶᠢᠨ ᠠᠯᠠᠰᠢᠨ ᠬᠤᠨᠢ ᠶᠢ ᠠᠷᠠᠴᠢᠯᠠᠨ ᠲᠡᠵᠢᠭᠡᠵᠤ ᠪᠠᠶᠢᠭ᠎ᠠ ᠬᠡᠪᠴᠢᠶ᠎ᠠ 80 ᠲᠦᠮᠡᠨ ᠲᠤᠯᠤᠭᠠᠢ ᠳᠤ ᠬᠦᠷᠴᠤ᠂ ᠪᠤᠷᠤᠯᠠᠭᠤᠯᠭ᠎ᠠ ᠪᠠᠷ 4 ᠵᠢᠯ ᠲᠠᠷᠠᠭᠠᠯᠠᠨ ᠪᠦᠬᠦ ᠬᠤᠳᠠ ᠳᠤ ᠨᠢᠭᠡᠳᠦᠭᠡᠷ ᠲᠤ ᠵᠢᠬᠰᠠᠭᠠᠭᠳᠠᠵᠤ ᠪᠤᠢ᠃ ︽ᠲᠠᠯᠠᠢ ᠨᠠᠭᠤᠷ︾ ᠲᠡᠮᠳᠡᠭ ᠨᠢ ᠦᠪᠡᠷᠳᠡᠭᠡᠨ ᠵᠠᠰᠠᠬᠤ ᠤᠷᠤᠨ ᠤ ᠤᠰᠤᠨ ᠭᠠᠷᠤᠯᠳᠠ ᠶᠢᠨ ᠠᠩᠬᠠᠳᠠᠭᠴᠢ ᠪᠦᠬᠦ ᠤᠯᠤᠰ ᠤᠨ ᠨᠡᠷᠡᠳᠤ ᠲᠡᠸᠠᠷ ᠤᠨ ᠲᠡᠮᠳᠡᠭ ᠪᠤᠯᠪᠠ᠃ ᠶᠦᠩ ᠱᠧᠩ ᠮᠠᠯ ᠠᠵᠤ ᠠᠬᠤᠢ ᠲᠠᠷᠢᠶᠠᠯᠠᠩ ᠤᠨ ᠲᠤᠰᠬᠠᠢ ᠬᠤᠷᠰᠢᠶᠠᠵᠢᠯ ᠨᠢ ᠲᠡᠷᠢᠬᠦᠨ ᠤ ᠨᠡᠶᠢᠳᠡᠯᠢᠭ ᠵᠢᠱᠢᠶ᠎ᠠ ᠶᠢᠨ ᠬᠤᠪᠢ ᠪᠠᠷ ᠪᠦᠬᠦ ᠬᠤᠳᠠ ᠳᠤ ᠲᠡᠯᠭᠡᠷᠡᠬᠦᠯᠪᠡ᠃ ᠬᠤᠳᠠ ᠶᠢᠨ ᠲᠡᠰ ᠠᠴᠠ ᠲᠡᠭᠡᠭᠰᠢᠬᠢ ᠪᠤᠯᠪᠠᠰᠤᠷᠠᠭᠤᠯᠬᠤ᠂ ᠲᠠᠷᠢᠵᠤ ᠠᠷᠠᠴᠢᠯᠠᠬᠤ ᠲᠤᠯᠤᠭᠠᠶᠢᠯᠠᠭᠴᠢ ᠠᠵᠤ ᠠᠬᠤᠶᠢᠯᠠᠯ 72 ᠪᠤᠯᠤᠨ ᠨᠡᠮᠡᠭᠳᠡᠵᠤ᠂ ᠡᠯ᠎ᠠ ᠲᠦᠷᠦᠯ ᠤᠨ ᠮᠠᠯ ᠠᠵᠤ ᠠᠬᠤᠢ ᠲᠠᠷᠢᠶᠠᠯᠠᠩ ᠤᠨ ᠲᠤᠰᠬᠠᠢ ᠬᠤᠷᠰᠢᠶᠠᠵᠢᠯ 691 ᠪᠤᠯᠤᠭᠰᠠᠨ ᠪᠠᠶᠢᠨ᠎ᠠ᠃      ᠵᠢᠭᠤᠯᠴᠢᠯᠠᠯ ᠵᠡᠷᠭᠡ ᠦᠢᠯᠡᠴᠢᠯᠡᠭᠡᠨ ᠤ ᠦᠢᠯᠡᠰ ᠤᠨ ᠬᠦᠭᠵᠢᠯᠳᠠ ᠨᠢ ᠶᠠᠭ ᠰᠠᠶᠢᠬᠠᠨ ᠦᠷᠨᠢᠨ ᠬᠦᠭᠵᠢᠵᠤ ᠪᠤᠢ᠃ ᠬᠦᠳᠡᠭᠡ ᠲᠤᠰᠬᠤᠨ ᠤ ᠵᠢᠭᠤᠯᠴᠢᠯᠠᠯ ᠵᠡᠷᠭᠡ 9 ᠪᠦᠯᠦᠭ ᠲᠦᠯᠦᠪᠵᠢᠬᠦᠯᠭᠡ ᠶᠢ ᠨᠠᠶᠢᠷᠠᠭᠤᠯᠤᠨ ᠵᠤᠬᠢᠶᠠᠵᠤ᠂ ᠵᠢᠭᠤᠯᠴᠢᠯᠠᠯ ᠤᠨ ᠡᠵᠡᠩᠨᠡᠨ ᠬᠠᠮᠢᠶᠠᠷᠬᠤ ᠪᠠᠶᠢᠭᠤᠯᠤᠮᠵᠢ ᠲᠠᠰᠤᠷᠠᠯᠳᠠ ᠦᠭᠡᠢ ᠰᠠᠶᠢᠵᠢᠷᠠᠨ᠂ ᠤᠯᠠᠭᠠᠨᠪᠤᠳᠤᠩ ᠦᠵᠡᠮᠵᠢ ᠶᠢᠨ ᠤᠷᠤᠨ ᠪᠠ ᠠᠰᠬᠠᠳᠤ ᠦᠵᠡᠮᠵᠢ ᠶᠢᠨ ᠤᠷᠤᠨ ᠤ ᠡᠵᠡᠩᠨᠡᠯᠳᠠ ᠶᠢᠨ ᠡᠷᠭᠡ ᠶᠢ ᠠᠯᠪᠠᠨ ᠶᠤᠰᠤᠭᠠᠷ ᠡᠭᠡᠬᠦᠯᠦᠨ ᠠᠪᠤᠪᠠ᠃ ᠤᠷᠤᠨ ᠪᠦᠰᠠ ᠶᠢᠨ ᠴᠢᠨᠠᠷᠳᠠᠢ ᠵᠢᠭᠤᠯᠴᠢᠯᠠᠯ ᠤᠨ ᠶᠡᠷᠦᠩᠭᠡᠶᠢᠯᠡᠭᠰᠡᠨ ᠬᠠᠤᠯᠢ ᠬᠡᠷᠡᠭᠵᠢᠬᠦᠯᠬᠦ ᠠᠵᠢᠯᠯᠠᠭᠠᠨ ᠢ ᠲᠦᠪᠯᠡᠷᠡᠬᠦᠯᠦᠨ ᠦᠷᠨᠢᠬᠦᠯᠵᠤ᠂ ᠵᠢᠭᠤᠯᠴᠢᠯᠠᠯ ᠤᠨ ᠵᠠᠬ᠎ᠠ ᠲᠡᠯᠭᠡᠬᠦᠷ ᠤᠨ ᠡᠮᠬᠢ ᠲᠢᠭᠯᠢᠮ ᠤᠯᠠᠮ ᠨᠢᠭᠡ ᠠᠯᠬᠤᠮ ᠲᠦᠷᠢᠮᠵᠢᠪᠡ᠃ ᠵᠢᠭᠤᠯᠴᠢᠯᠠᠯ ᠤᠨ ᠨᠡᠭᠡᠭᠡᠨ ᠬᠦᠭᠵᠢᠬᠦᠯᠦᠯᠳᠠ ᠪᠦᠳᠦᠭᠡᠨ ᠪᠠᠶᠢᠭᠤᠯᠤᠯᠳᠠ ᠶᠢᠨ ᠪᠡᠯᠨ ᠮᠦᠩᠬᠦ 6.22 ᠳ᠋ᠦᠩᠰᠢᠭᠤᠷ ᠲᠦᠬᠦᠷᠢᠭ ᠤᠷᠤᠭᠤᠯᠵᠤ᠂ 1 ᠲᠤᠭᠠᠴᠠᠯᠠᠭᠰᠠᠨ ᠵᠢᠭᠤᠯᠴᠢᠯᠠᠭᠰᠠᠳ ᠢ ᠬᠦᠯᠢᠶᠡᠨ ᠠᠪᠬᠤ ᠲᠦᠪ ᠢ ᠰᠢᠨ᠎ᠠ ᠪᠠᠷ ᠪᠠᠶᠢᠭᠤᠯᠤᠨ᠂ ᠠᠰᠬᠠᠳᠤ᠂ ᠪᠠᠶ᠋ᠬᠠᠤᠪᠤᠭ᠎ᠠ᠂ ᠲᠠᠯᠠᠢ ᠨᠠᠭᠤᠷ ᠵᠡᠷᠭᠡ ᠦᠵᠡᠮᠵᠢ ᠶᠢᠨ ᠤᠷᠤᠨ ᠤ ᠰᠠᠭᠤᠷᠢ ᠲᠦᠬᠦᠭᠡᠷᠦᠮᠵᠢ ᠲᠠᠰᠤᠷᠠᠯᠳᠠ ᠦᠭᠡᠢ ᠲᠡᠬᠦᠯᠳᠡᠷᠵᠢᠵᠤ᠂ ᠬᠤᠩᠭᠤ ᠶᠢᠨ ᠲᠠᠪᠠᠭ᠎ᠠ ᠤᠯᠠᠨ ᠤᠯᠤᠰ ᠎ ᠤᠨ ᠰᠡᠯᠡᠬᠦᠴᠡᠯ ᠵᠢᠭᠤᠯᠴᠢᠯᠠᠯ ᠤᠨ ᠲᠤᠭᠤᠷᠢᠭ᠂ ᠭᠠᠯᠳᠠᠰᠤᠳᠠᠢ ᠷᠠᠰᠢᠶᠠᠨ ᠤ ᠭᠤᠤᠯ ᠤᠨ ᠡᠮᠦᠨᠡᠳᠡᠬᠢ ᠬᠠᠯᠠᠭᠤᠨ ᠷᠠᠰᠢᠶᠠᠨ ᠵᠢᠭᠤᠯᠴᠢᠯᠠᠯ ᠠᠮᠠᠷᠠᠯᠳᠠ ᠶᠢᠨ ᠤᠷᠤᠨ᠂ ᠠᠰᠬᠠᠳᠤ ᠦᠵᠡᠮᠵᠢ ᠶᠢᠨ ᠤᠷᠤᠨ ᠤ ᠠᠮᠢᠳᠤᠷᠠᠯ ᠤᠨ ᠦᠢᠯᠡᠴᠢᠯᠡᠭᠡᠨ ᠤ ᠲᠤᠭᠤᠷᠢᠭ ᠵᠡᠷᠭᠡ ᠲᠦᠷᠦᠯ ᠵᠦᠢᠯ ᠯᠠᠪᠳᠠᠭᠤᠨ ᠬᠡᠷᠡᠭᠵᠢᠬᠦᠯᠦᠭᠳᠡᠵᠤ᠂ ᠤᠯᠤᠰ ᠤᠨ 5A ᠲᠡᠰ ᠎ ᠤᠨ ᠦᠵᠡᠮᠵᠢ ᠶᠢᠨ ᠤᠷᠤᠨ ᠪᠠ ᠤᠯᠠᠭᠠᠨᠪᠤᠳᠤᠩ ᠤᠨ ᠤᠯᠤᠰ ᠤᠨ ᠲᠡᠰ ᠤᠨ ᠲᠠᠯ᠎ᠠ ᠨᠤᠳᠤᠭ ᠤᠨ ᠠᠮᠢ ᠠᠬᠤᠢ ᠎ ᠶᠢᠨ ᠵᠢᠭᠤᠯᠴᠢᠯᠠᠯ ᠠᠮᠠᠷᠠᠯᠳᠠ ᠶᠢᠨ ᠤᠷᠤᠨ ᠢ ᠴᠤᠭᠴᠠᠯᠠᠨ ᠪᠠᠶᠢᠭᠤᠯᠬᠤ ᠠᠵᠢᠯ ᠪᠦᠬᠦ ᠲᠠᠯ᠎ᠠ ᠪᠠᠷ ᠡᠬᠢᠯᠡᠪᠡ᠃ ᠲᠠᠯ᠎ᠠ ᠨᠤᠳᠤᠭ ᠤᠨ ᠨᠢᠰᠦᠭᠴᠢ ᠶᠢᠨ ᠨᠠᠭᠠᠳᠤᠮ᠂ ᠪᠦᠬᠦ ᠲᠡᠯᠡᠭᠡᠢ ᠶᠢᠨ ᠬᠡᠷᠡᠯ ᠵᠢᠷᠤᠭ ᠤᠨ ᠶᠡᠭᠡ ᠨᠠᠶᠢᠷ᠂ ᠲᠠᠯ᠎ᠠ ᠨᠤᠳᠤᠭ ᠎ ᠤᠨ ᠰᠤᠶᠤᠯ ᠤᠨ ᠲᠠᠸᠠᠷ ᠤᠨ ᠴᠤᠭᠯᠠᠭ᠎ᠠ᠂ ᠡᠪᠤᠯ ᠤᠨ ᠤᠯᠠᠷᠢᠯ ᠤᠨ ᠵᠢᠭᠤᠯᠴᠢᠯᠠᠯ ᠤᠨ ᠨᠠᠶᠢᠷ ᠵᠡᠷᠭᠡ ᠭᠤᠤᠯ ᠰᠡᠳᠦᠪᠳᠤ ᠠᠵᠢᠯᠯᠠᠭᠠᠨ ᠢ ᠠᠮᠵᠢᠯᠳᠠ ᠲᠠᠢ ᠡᠷᠬᠢᠯᠡᠵᠤ᠂ ᠤᠯᠤᠰ ᠤᠨ ᠲᠤᠳᠤᠭᠠᠳᠠᠬᠢ ᠠᠩᠬᠠᠳᠠᠭᠴᠢ ᠪᠠᠶᠢᠭᠠᠯᠢ ᠠᠮᠢ ᠠᠬᠤᠢ ᠶᠢᠨ ᠪᠠᠷᠢᠮᠳᠠᠳᠤ ᠺᠢᠨᠣ᠋ ︽ᠦᠵᠡᠰᠬᠦᠯᠡᠩᠳᠤ ᠬᠡᠰᠢᠭᠳᠡᠨ︾᠎ ᠢ ᠲᠦᠪ ᠲᠧᠯᠸᠢᠰ ᠲᠤ ᠨᠡᠪᠳᠡᠷᠡᠬᠦᠯᠦᠨ᠂ ᠵᠢᠭᠤᠯᠴᠢᠯᠠᠯ ᠤᠨ ᠨᠡᠷ᠎ᠠ ᠲᠡᠮᠳᠡᠭ ᠲᠦᠷᠢ ᠲᠦᠷᠬᠦ ᠢᠯᠡᠳᠳᠠ ᠲᠡᠭᠡᠭᠰᠢᠯᠡᠨ᠂ ᠪᠦᠬᠦ ᠤᠯᠤᠰ ᠤᠨ ᠰᠡᠯᠡᠬᠦᠴᠡᠯ ᠲᠠᠷᠢᠶᠠᠯᠠᠩ ᠬᠢᠭᠡᠳ ᠬᠦᠳᠡᠭᠡ ᠲᠤᠰᠬᠤᠨ ᠤ ᠵᠢᠭᠤᠯᠴᠢᠯᠠᠯ ᠤᠨ ᠵᠢᠱᠢᠶ᠎ᠠ ᠦᠵᠡᠬᠦᠯᠬᠦ ᠰᠢᠶᠠᠨ ᠤ ᠡᠩᠨᠡᠭᠡᠨ ᠳᠤ ᠵᠢᠬᠰᠠᠭᠠᠭᠳᠠᠪᠠ᠃ ᠢᠷᠡᠵᠤ ᠵᠢᠭᠤᠯᠴᠢᠯᠠᠭᠰᠠᠳ ᠪᠠ ᠵᠢᠭᠤᠯᠴᠢᠯᠠᠯ ᠤᠨ ᠶᠡᠷᠦᠩᠭᠡᠢ ᠤᠷᠤᠯᠭ᠎ᠠ ᠤᠤᠯ ᠤᠨ ᠬᠢ ᠠᠴᠠ ᠬᠤᠶᠠᠷ ᠲᠠᠬᠢᠨ ᠪᠤᠯᠵᠤ᠂ ᠲᠤᠰ ᠪᠦᠷᠢ ᠨᠡᠶᠢᠳᠠ 1652.5 ᠲᠦᠮᠡᠨ ᠬᠦᠮᠦᠨ ᠤᠳᠠᠭ᠎ᠠ ᠪᠠ 96.62 ᠳ᠋ᠦᠩᠰᠢᠭᠤᠷ ᠲᠦᠬᠦᠷᠢᠭ ᠲᠤ ᠬᠦᠷᠦᠭᠰᠡᠨ ᠪᠠᠶᠢᠨ᠎ᠠ᠃ ᠠᠷᠠᠯᠵᠢᠶ᠎ᠠ ᠬᠤᠳᠠᠯᠳᠤᠭᠠᠨ ᠤ ᠬᠦᠢᠯᠭᠡᠭᠡ᠂ ᠬᠤᠭᠤᠯᠨ ᠤᠮᠳᠠᠭᠠᠨ ᠤ ᠦᠢᠯᠡᠴᠢᠯᠡᠭᠡ᠂ ᠠᠳᠠᠯ ᠠᠬᠤᠢ ᠪᠠᠷᠠᠭᠠᠨ ᠤ ᠬᠦᠢᠯᠭᠡᠭᠡ᠂ ᠡᠯᠧᠺᠲᠷᠤᠨ ᠬᠤᠳᠠᠯᠳᠤᠭᠠᠨ ᠤ ᠶᠠᠪᠤᠳᠠᠯ ᠵᠡᠷᠭᠡ ᠦᠢᠯᠡᠴᠢᠯᠡᠭᠡᠨ ᠤ ᠦᠢᠯᠡᠰ ᠦᠳᠳᠡᠷ ᠬᠦᠭᠵᠢᠵᠤ᠂ ᠲᠠᠬᠢᠨ ᠡᠬᠦᠰᠬᠦᠶᠢᠴᠨ ᠡᠬᠢ ᠪᠠᠶᠠᠯᠢᠭ ᠢ ᠪᠤᠴᠠᠭᠠᠨ ᠠᠰᠢᠭᠯᠠᠬᠤ ᠶᠡᠷᠦᠩᠭᠡᠶᠢᠯᠡᠭᠰᠡᠨ ᠴᠢᠨᠠᠷᠳᠠᠢ ᠪᠤᠯᠪᠠᠰᠤᠷᠠᠭᠤᠯᠤᠨ ᠲᠦᠪᠯᠡᠷᠡᠬᠦᠯᠤᠨ ᠲᠠᠷᠬᠠᠭᠠᠬᠤ ᠰᠠᠭᠤᠷᠢᠨ ᠭᠠᠵᠠᠷ ᠪᠠ ᠰᠠᠶᠢᠬᠠᠨ ᠲᠠᠷᠢᠶᠠᠯᠠᠩ ᠤᠨ ᠲᠠᠭᠠᠯᠳᠠ ᠪᠦᠳᠦᠭᠡᠭᠳᠡᠬᠦᠨ ᠤ ᠠᠷᠠᠯᠵᠢᠶᠠᠨ ᠤ ᠵᠠᠬ᠎ᠠ ᠲᠡᠯᠭᠡᠬᠦᠷ ᠪᠠᠶᠢᠭᠤᠯᠤᠭᠳᠠᠨ ᠡᠵᠡᠩᠨᠡᠯᠳᠠ ᠳᠤ ᠤᠷᠤᠵᠤ᠂ ᠤᠳᠤᠨ ᠲᠡᠰ ᠤᠨ ᠪᠠᠭᠤᠳᠠᠯ 5᠂ ᠦᠨᠳᠦᠰᠦᠨ ᠱᠠᠳᠤᠨ ᠤ ᠬᠠᠩᠭᠠᠨ ᠪᠤᠷᠤᠯᠠᠭᠤᠯᠬᠤ ᠬᠤᠷᠰᠢᠶ᠎ᠠ 4 ᠰᠢᠨ᠎ᠠ ᠪᠠᠷ ᠨᠡᠮᠡᠭᠳᠡᠨ᠂ ᠦᠪᠡᠷᠳᠡᠭᠡᠨ ᠵᠠᠰᠠᠬᠤ ᠤᠷᠤᠨ ᠤ ︽ᠬᠤᠰᠢᠭᠤᠨ ᠲᠡᠰ ᠤᠨ ᠠᠷᠪᠠᠨ ᠬᠦᠴᠦᠷᠭᠡᠭ ᠬᠠᠩᠭᠠᠨ ᠪᠤᠷᠤᠯᠠᠭᠤᠯᠬᠤ ᠬᠤᠷᠰᠢᠶ᠎ᠠ︾᠎ ᠶᠢᠨ ᠴᠤᠯᠨ ᠶᠢ ᠬᠦᠷᠳᠡᠵᠠᠢ᠃ ᠮᠦᠩᠬᠦᠨ ᠬᠦᠢᠯᠭᠡᠭᠡᠨ ᠤ ᠤᠷᠤᠨ ᠨᠤᠳᠤᠭ ᠤᠨ ᠬᠦᠭᠵᠢᠯᠳᠠ ᠶᠢ ᠲᠡᠮᠵᠢᠬᠦ ᠴᠢᠳᠠᠪᠬᠢ ᠦᠨᠡᠩᠬᠦ ᠴᠢᠩᠭᠠᠷᠠᠨ᠂ ᠬᠠᠳᠠᠭᠠᠯᠠᠯᠳᠠ ᠵᠢᠭᠡᠯᠡᠯᠭᠡ ᠶᠢᠨ ᠬᠠᠷᠢᠴᠠᠯ 108%᠎ ᠳᠤ ᠬᠦᠷᠴᠤ᠂ ᠵᠢᠭᠡᠯᠡᠯᠭᠡ ᠶᠢᠨ ᠨᠡᠮᠡᠭᠳᠡᠯ ᠤᠨ ᠬᠤᠷᠳᠤᠴᠨ ᠨᠢ ᠬᠠᠳᠠᠭᠠᠯᠠᠯᠳᠠ ᠶᠢᠨ ᠨᠡᠮᠡᠭᠳᠡᠯ ᠎ ᠤᠨ ᠬᠤᠷᠳᠤᠴᠨ ᠠᠴᠠ 45 ᠵᠠᠭᠤᠨ ᠤ ᠬᠤᠪᠢ ᠶᠢᠨ ᠴᠢᠭ᠋ ᠦᠨᠳᠦᠷ ᠪᠤᠯᠪᠠ᠃ ᠭᠡᠷ᠎ᠠ ᠶᠢᠨ ᠭᠠᠶᠢᠯᠢ ᠶᠢᠨ ᠨᠦᠬᠦᠪᠤᠷᠢ᠂ ᠡᠬᠢᠯᠡᠵᠤ ᠲᠤᠰᠢᠶᠠᠬᠤ ᠬᠠᠷᠢᠴᠠᠯ ᠢ ᠪᠠᠭᠤᠷᠠᠭᠤᠯᠬᠤ᠂ ᠨᠡᠶᠢᠳᠠ ᠶᠢᠨ ᠬᠤᠷᠠᠮᠳᠤᠭᠤᠯᠭ᠎ᠠ ᠶᠢᠨ ᠮᠦᠩᠬᠦᠨ ᠎ ᠤ ᠵᠢᠭᠡᠯᠡᠯᠭᠡ ᠶᠢᠨ ᠬᠠᠷᠢᠴᠠᠯ ᠢ ᠨᠡᠮᠡᠭᠳᠡᠬᠦᠯᠬᠦ ᠵᠡᠷᠭᠡ ᠭᠡᠷ ᠭᠠᠵᠠᠷ ᠬᠦᠷᠦᠩᠭᠡ ᠶᠢᠨ ᠬᠦᠭᠵᠢᠯᠳᠠ ᠶᠢ ᠠᠬᠢᠭᠤᠯᠬᠤ ᠰᠢᠷᠢᠰ ᠠᠷᠭ᠎ᠠ ᠬᠡᠮᠵᠢᠶ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠡᠷ ᠭᠠᠵᠠᠷ ᠬᠦᠷᠦᠩᠭᠡ ᠶᠢᠨ ᠵᠠᠬ᠎ᠠ ᠲᠡᠯᠭᠡᠬᠦᠷ ᠤᠨ ᠲᠠᠷᠤᠭᠳᠠᠵᠤ ᠪᠠᠶᠢᠭ᠎ᠠ ᠠᠰᠠᠷ ᠢᠶᠠᠨ ᠪᠤᠷᠤᠯᠠᠭᠤᠯᠤᠭᠰᠠᠨ ᠦᠷ᠎ᠠ ᠪᠦᠳᠦᠮᠵᠢ ᠢᠯᠡᠷᠭᠡᠢ᠃      ︵ᠭᠤᠷᠪᠠ︶ ᠨᠢᠭᠡᠳᠦᠯᠳᠠᠢ ᠲᠦᠯᠦᠪᠯᠡᠬᠦ ᠶᠢ ᠴᠢᠬᠤᠯᠠᠴᠢᠯᠠᠨ᠂ ᠰᠠᠭᠤᠷᠢ ᠪᠠᠨ ᠪᠠᠳᠤᠳᠬᠠᠵᠤ᠂ ᠬᠤᠳᠠ ᠬᠦᠳᠡᠭᠡ ᠶᠢᠨ ᠲᠦᠷᠢ ᠲᠦᠷᠬᠦ ᠰᠢᠨ᠎ᠠ ᠪᠠᠶᠢᠳᠠᠯ ᠲᠠᠢ ᠪᠤᠯᠪᠠ᠃ ᠬᠤᠳᠠ ᠪᠠᠯᠭᠠᠰᠤᠨ ᠤ ᠪᠦᠳᠦᠭᠡᠨ ᠪᠠᠶᠢᠭᠤᠯᠤᠯᠳᠠ ᠎ ᠶᠢᠨ ᠪᠡᠯᠨ ᠮᠦᠩᠬᠦ 64 ᠳ᠋ᠦᠩᠰᠢᠭᠤᠷ ᠲᠦᠬᠦᠷᠢᠭ ᠤᠷᠤᠭᠤᠯᠵᠤ᠂ ᠪᠢᠷᠠᠭᠤ ᠪᠠᠯᠭᠠᠰᠤ ᠶᠢᠨ ᠬᠤᠳᠠ ᠪᠠᠯᠭᠠᠰᠤᠨ ᠤ ᠬᠦᠷᠢᠶ᠎ᠠ ᠬᠡᠪᠴᠢᠶ᠎ᠠ ᠤᠯᠠᠮ ᠦᠷᠭᠡᠳᠴᠤ᠂ ︽ᠭᠤᠷᠪᠠᠨ ᠶᠡᠭᠡ ᠬᠤᠳᠠᠯᠳᠤᠭᠠᠨ ᠤ ᠲᠤᠭᠤᠷᠢᠭ︾ ᠪᠠ ︽ᠭᠤᠷᠪᠠᠨ ᠭᠤᠯᠳᠤ ᠠᠷᠪᠠᠨ ᠨᠢᠭᠡᠨ ᠬᠦᠨᠳᠡᠯᠡᠨ︾ ᠵᠠᠮ ᠤᠨ ᠲᠤᠤᠷᠵᠢᠯ ᠤᠨ ᠪᠦᠳᠦᠴᠨ ᠦᠨᠳᠦᠰᠦᠨ ᠳᠡᠭᠡᠨ ᠪᠦᠷᠢᠯᠳᠦᠪᠡ᠃ ᠸᠧᠢ ᠳ᠋ᠦᠸᠧ ᠯᠢ ᠬᠤᠳᠠᠯᠳᠤᠭᠠᠨ ᠤ ᠲᠠᠯᠠᠪᠠᠢ᠂ ᠰᠢᠷᠠᠮᠦ᠋ᠷᠡᠨ ᠬᠤᠳᠠᠯᠳᠤᠭᠠᠨ ᠤ ᠲᠠᠯᠠᠪᠠᠢ ᠶᠢᠨ Ⅰ ᠬᠤᠭᠤᠴᠠᠭ᠎ᠠ ᠡᠵᠡᠩᠨᠡᠯᠳᠠ ᠪᠠᠨ ᠡᠬᠢᠯᠡᠬᠦᠯᠵᠤ᠂ ᠵᠢᠭᠤᠯᠴᠢᠯᠠᠯ ᠤᠨ ᠠᠷᠠᠯᠵᠢᠶ᠎ᠠ ᠬᠤᠳᠠᠯᠳᠤᠭᠠᠨ ᠤ ᠲᠠᠯᠠᠪᠠᠢ ᠶᠢᠨ Ⅰ ᠬᠤᠭᠤᠴᠠᠭᠠᠨ ᠎ ᠤ ᠪᠠᠶᠢᠭᠤᠯᠤᠯᠳᠠ ᠶᠢ ᠲᠠᠭᠤᠰᠬᠠᠪᠠ᠃ ᠭᠤᠤᠯ ᠲᠠᠭᠠᠤ ᠵᠠᠮ ᠢ ᠪᠠᠶᠢᠭᠤᠯᠵᠤ ᠲᠠᠭᠤᠰᠬᠠᠨ ᠲᠡᠷᠭᠡ ᠨᠡᠪᠳᠡᠷᠡᠪᠡ᠃ ᠨᠢᠭᠡᠨᠳᠠ ᠪᠠᠶᠢᠭᠤᠯᠤᠭᠳᠠᠭᠰᠠᠨ ᠰᠠᠭᠤᠭᠠᠯᠢ ᠲᠤᠭᠤᠷᠢᠭ ᠤᠨ ᠡᠨᠧᠷᠬᠢ ᠠᠷᠪᠢᠯᠠᠬᠤ ᠦᠭᠡᠷᠡᠴᠢᠯᠡᠯᠳᠠ ᠶᠢ 112.4 ᠲᠦᠮᠡᠨ ᠲᠡᠭᠰᠢ ᠲᠦᠷᠪᠡᠯᠵᠢᠨ ᠮᠧᠲᠷ ᠬᠡᠷᠡᠭᠵᠢᠬᠦᠯᠵᠤ᠂ ᠬᠡᠷ ᠭᠠᠵᠠᠷ ᠬᠦᠷᠦᠩᠭᠡ ᠶᠢ 119 ᠲᠦᠮᠡᠨ ᠲᠡᠭᠰᠢ ᠲᠦᠷᠪᠡᠯᠵᠢᠨ ᠮᠧᠲᠷ ᠰᠢᠨ᠎ᠠ ᠪᠠᠷ ᠨᠡᠭᠡᠭᠡᠨ ᠬᠦᠭᠵᠢᠬᠦᠯᠦᠭᠰᠡᠨ ᠪᠠᠶᠢᠨ᠎ᠠ᠃ 2100 ᠡᠷᠦᠭᠡ ᠶᠢᠨ ᠪᠠᠶᠢᠰᠢᠩ ᠬᠡᠷ ᠤᠨ ᠲᠤᠭᠤᠷᠢᠭ ᠢ ᠦᠭᠡᠷᠡᠴᠢᠯᠡᠨ᠂ ᠪᠠᠳᠤᠯᠠᠭ᠎ᠠ ᠶᠢᠨ ᠴᠢᠨᠠᠷᠳᠠᠢ ᠤᠷᠤᠨ ᠰᠠᠭᠤᠴᠨ 4246 ᠢᠵᠢ ᠪᠠᠶᠢᠭᠤᠯᠪᠠ᠃ ᠦᠪᠡᠷᠳᠡᠭᠡᠨ ᠵᠠᠰᠠᠬᠤ ᠤᠷᠤᠨ ᠤ ᠲᠡᠰ ᠤᠨ ᠴᠡᠴᠡᠷᠯᠢᠭᠵᠢᠭᠰᠡᠨ ᠰᠢᠶᠠᠨ ᠤ ᠬᠤᠳᠠ ᠶᠢᠨ ᠡᠩᠨᠡᠭᠡᠨ ᠳᠤ ᠲᠡᠪᠰᠢᠪᠡ᠃ 42.8 ᠳ᠋ᠦᠩᠰᠢᠭᠤᠷ ᠲᠦᠬᠦᠷᠢᠭ ᠤᠨ ᠵᠠᠰᠠᠮᠠᠯ ᠵᠠᠮ ᠤᠨ ᠪᠦᠳᠦᠭᠡᠨ ᠪᠠᠶᠢᠭᠤᠯᠤᠯᠳᠠ ᠶᠢᠨ ᠪᠡᠯᠨ ᠮᠦᠩᠬᠦ ᠤᠷᠤᠭᠤᠯᠵᠤ᠂ ᠦᠨᠳᠦᠷ ᠬᠤᠷᠳᠤᠴᠠᠳᠤ ᠵᠠᠰᠠᠮᠠᠯ ᠵᠠᠮ 63.3 ᠺᠢᠯᠤᠮᠧᠲᠷ᠂ ᠨᠢᠭᠡᠳᠦᠭᠡᠷ ᠲᠡᠰ ᠤᠨ ᠵᠠᠰᠠᠮᠠᠯ ᠵᠠᠮ 51.56 ᠺᠢᠯᠤᠮᠧᠲᠷ᠂ ᠬᠤᠶᠠᠳᠤᠭᠠᠷ ᠲᠡᠰ ᠤᠨ ᠵᠠᠰᠠᠮᠠᠯ ᠵᠠᠮ 96.9 ᠺᠢᠯᠤᠮᠧᠲᠷ᠂ ᠭᠠᠴᠠᠭᠠᠨ ᠳᠤ ᠨᠡᠪᠳᠡᠷᠡᠬᠦ ᠵᠠᠰᠠᠮᠠᠯ ᠵᠠᠮ 804 ᠺᠢᠯᠤᠮᠧᠲᠷ ᠰᠢᠨ᠎ᠠ ᠪᠠᠷ ᠵᠠᠰᠠᠭᠰᠠᠨ ᠪᠠᠶᠢᠨ᠎ᠠ᠃ ᠪᠠᠶᠠᠨ ᠬᠦᠷᠢᠶ᠎ᠠ ᠠᠴᠠ ᠬᠠᠭᠤᠷᠠᠢ ᠬᠦᠷᠢᠶ᠎ᠠ ᠬᠦᠷᠬᠦ ᠲᠡᠮᠦᠷ ᠵᠠᠮ ᠪᠠᠷᠢᠯᠭ᠎ᠠ ᠲᠠᠭᠤᠰᠤᠨ ᠲᠡᠷᠭᠡ ᠨᠡᠪᠳᠡᠷᠡᠵᠤ᠂ ᠵᠢᠨᠢᠩ ᠠᠴᠠ ᠲᠦᠩᠯᠢᠶᠤᠤ ᠬᠦᠷᠬᠦ ᠲᠡᠮᠦᠷ ᠵᠠᠮ ᠤᠨ ᠲᠠᠪᠬᠤᠷ ᠱᠤᠭᠤᠮ ᠤᠨ ᠪᠠᠶᠢᠭᠤᠯᠤᠯᠳᠠ ᠯᠠᠪᠳᠠᠭᠤᠨ ᠢᠶᠠᠷ ᠠᠬᠢᠵᠤ ᠪᠤᠢ᠃ ᠪᠢᠷᠠᠭᠤ᠂ ᠤᠯᠠᠭᠠᠨᠪᠤᠳᠤᠩ᠂ ᠠᠰᠬᠠᠳᠤ ᠎ ᠶᠢᠨ ᠨᠡᠶᠢᠳᠠ ᠶᠢᠨ ᠬᠡᠷᠡᠭᠯᠡᠭᠡᠨ ᠤ ᠨᠢᠰᠭᠡᠯ ᠤᠨ ᠪᠠᠭᠤᠳᠠᠯ ᠨᠢ ᠶᠠᠭ ᠰᠠᠶᠢᠬᠠᠨ ᠭᠠᠵᠠᠷ ᠰᠤᠩᠭᠤᠵᠤ ᠪᠤᠢ᠃ 6 ᠬᠦᠴᠦᠳᠡᠯ ᠬᠤᠪᠢᠷᠠᠭᠤᠯᠬᠤ ᠦᠷᠳᠡᠭᠡ ᠶᠢ ᠰᠢᠨ᠎ᠠ ᠪᠠᠷ ᠪᠠᠶᠢᠭᠤᠯᠤᠨ᠂ ᠲᠡᠷᠢᠶᠠᠯᠠᠩ ᠤᠨ ᠴᠠᠬᠢᠯᠭᠠᠨ ᠤ ᠲᠤᠤᠷᠵᠢᠯ ᠤᠨ ᠱᠤᠭᠤᠮ ᠢ 1425 ᠺᠢᠯᠤᠮᠧᠲᠷ ᠦᠭᠡᠷᠡᠴᠢᠯᠡᠪᠡ᠃ 4G ᠴᠢᠮᠡᠭᠡ ᠬᠤᠯᠪᠤᠭᠠᠨ ᠤ ᠰᠠᠭᠤᠷᠢ ᠦᠷᠳᠡᠭᠡ 113᠎ ᠶᠢ ᠰᠢᠨ᠎ᠠ ᠪᠠᠷ ᠪᠠᠶᠢᠭᠤᠯᠤᠨ᠂ 5126 ᠺᠢᠯᠤᠮᠧᠲᠷ ᠬᠡᠷᠡᠯᠯᠢᠭ ᠤᠳᠠᠰᠤ ᠲᠡᠪᠢᠰᠪᠡ᠃      ︵ᠲᠦᠷᠪᠡ︶ ᠠᠷᠪᠠ ᠶᠢ ᠪᠦᠷᠬᠦᠬᠦᠯᠬᠦ ᠶᠢ ᠴᠢᠩᠭ᠎ᠠ ᠨᠠᠶᠢᠳᠠᠪᠤᠷᠢᠵᠢᠭᠤᠯᠤᠨ᠂ ᠠᠷᠠᠳ ᠤᠯᠠᠨ ᠳᠤ ᠵᠤᠯ ᠵᠢᠷᠭᠠᠯ ᠡᠳ᠋ᠯᠡᠬᠦᠯᠵᠤ᠂ ᠠᠷᠠᠳ ᠲᠤ ᠬᠠᠷᠠᠭᠠᠯᠵᠠᠯ ᠦᠵᠡᠬᠦᠯᠬᠦ ᠢᠨᠵᠧᠨᠧᠷᠢᠩ ᠢ ᠯᠠᠪᠳᠠᠭᠤᠨ ᠪᠠᠳᠤᠳᠠᠢ ᠠᠬᠢᠭᠤᠯᠪᠠ᠃ ︽ᠠᠷᠪᠠ ᠶᠢ ᠪᠦᠷᠬᠦᠬᠦᠯᠬᠦ︾᠎ ᠶᠢ ᠪᠦᠬᠦ ᠬᠤᠰᠢᠭᠤᠨ ᠤ ᠬᠠᠮᠤᠭ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ᠂ ᠬᠦᠭᠵᠢᠯᠳᠠ ᠶᠢᠨ ᠢᠨᠵᠧᠨᠧᠷᠢᠩ ᠪᠤᠯᠭᠠᠨ ᠪᠠᠷᠢᠮᠳᠠᠯᠠᠵᠤ᠂ ᠪᠦᠬᠦ ᠬᠤᠰᠢᠭᠤᠨ ᠤ ᠬᠦᠴᠦᠨ ᠢ ᠲᠠᠶᠢᠴᠢᠯᠠᠨ ᠲᠦᠯᠬᠢᠨ ᠠᠬᠢᠭᠤᠯᠵᠤ᠂ 113 ᠵᠠᠰᠠᠭ ᠵᠠᠬᠢᠷᠭᠠᠨ ᠤ ᠭᠠᠴᠠᠭ᠎ᠠ ᠲᠤᠰᠬᠤᠨ᠂ ᠰᠠᠭᠤᠭᠠᠯᠢ ᠠᠷᠠᠳ ᠤᠨ ᠵᠦᠪᠯᠡᠯ᠂ ᠤᠯᠤᠰ ᠤᠨ ᠦᠮᠴᠢᠯᠡᠯᠳᠤ ᠤᠢ ᠰᠢᠭᠤᠢ ᠶᠢᠨ ᠲᠠᠯᠠᠪᠠᠢ ᠶᠢᠨ ᠰᠠᠭᠤᠭ᠎ᠠ ᠭᠠᠵᠠᠷ ᠪᠠ 57 ᠠᠶᠢᠯ ᠬᠤᠳᠠ ︵ᠲᠤᠭᠤᠶᠢᠯᠠᠩ︶᠎ ᠳᠤ ᠨᠡᠶᠢᠳᠡᠮ ᠪᠦᠷᠬᠦᠬᠦᠯᠬᠦ ᠶᠢ ᠪᠡᠶᠡᠯᠡᠬᠦᠯᠪᠡ᠃ ᠨᠡᠶᠢᠳᠠ 14.58 ᠳ᠋ᠦᠩᠰᠢᠭᠤᠷ ᠲᠦᠬᠦᠷᠢᠭ ᠤᠨ ᠪᠡᠯᠨ ᠤᠷᠤᠭᠤᠯᠵᠤ᠂ ᠮᠠᠯᠵᠢᠬᠤ ᠲᠠᠷᠢᠶᠠᠯᠠᠬᠤ ᠤᠷᠤᠨ ᠤ 17664 ᠡᠷᠦᠭᠡ ᠶᠢᠨ ᠨᠤᠷᠠᠬᠤ ᠠᠶᠤᠯᠳᠠᠢ ᠭᠡᠷ ᠪᠠᠶᠢᠰᠢᠩ ᠢ ᠵᠠᠰᠠᠵᠤ ᠦᠭᠡᠷᠡᠴᠢᠯᠡᠬᠦ᠂ 97 ᠴᠢᠭ᠋ ᠲᠤ ᠤᠤᠭᠤᠬᠤ ᠤᠰᠤᠨ ᠤ ᠠᠶᠤᠯᠬᠦᠢ ᠎ ᠶᠢᠨ ᠢᠨᠵᠧᠨᠧᠷᠢᠩ ᠪᠠᠶᠢᠭᠤᠯᠬᠤ᠂ 304.6 ᠺᠢᠯᠤᠮᠧᠲᠷ ᠵᠡᠭᠡᠯᠢ ᠭᠤᠳᠤᠮᠵᠢ ᠶᠢ ᠬᠠᠳᠠᠭᠤᠷᠠᠭᠤᠯᠬᠤ᠂ 160 ᠴᠠᠬᠢᠯᠭᠠᠨ ᠨᠡᠪᠳᠡᠷᠡᠭᠡ ᠦᠭᠡᠢ ᠡᠷᠦᠭᠡ ᠳᠤ ᠴᠠᠬᠢᠯᠭᠠᠨ ᠨᠡᠪᠳᠡᠷᠡᠬᠦᠯᠬᠦ᠂ 3586 ᠲᠤᠤᠷ᠎ᠠ ᠪᠠᠷᠢᠮᠵᠢᠶᠠᠳᠤ ᠡᠷᠦᠭᠡ ᠶᠢ ᠲᠡᠰ ᠲᠡᠪᠰᠢᠬᠦᠯᠬᠦ᠂ 28920 ᠡᠷᠦᠭᠡ ᠳᠤ ᠷᠠᠳᠢᠤ᠋ ᠲᠧᠯᠸᠢᠰ ᠨᠡᠪᠳᠡᠷᠡᠬᠦᠯᠬᠦ᠂ 135 ᠢᠵᠢ ᠲᠠᠭᠤ ᠶᠡᠭᠡᠰᠬᠡᠬᠦ ᠲᠦᠬᠦᠭᠡᠷᠦᠮᠵᠢ᠂ 111 ᠰᠤᠶᠤᠯ ᠤᠨ ᠠᠵᠢᠯᠯᠠᠭᠠᠨ ᠤ ᠬᠡᠷ᠂ 133 ᠪᠠᠷᠢᠮᠵᠢᠶᠠᠵᠢᠭᠰᠠᠨ ᠡᠷᠡᠬᠦᠯ ᠬᠠᠮᠠᠭᠠᠯᠠᠯ ᠤᠨ ᠭᠡᠷ᠂ 8 ᠰᠠᠭᠤᠷᠢ ᠬᠡᠦᠭᠡᠳ ᠤᠨ ᠴᠡᠴᠡᠷᠯᠢᠭ᠂ 142 ᠠᠷᠠᠳ ᠲᠤ ᠲᠦᠬᠦᠮ ᠦᠵᠡᠬᠦᠯᠬᠦ ᠬᠡᠯᠬᠢᠶᠡᠳᠤ ᠲᠡᠯᠭᠡᠬᠦᠷ ᠢ ᠪᠠᠶᠢᠭᠤᠯᠬᠤ ᠶᠢ ᠪᠡᠶᠡᠯᠡᠬᠦᠯᠦᠨ᠂ ᠨᠡᠶᠢᠭᠡᠮ ᠤᠨ ᠪᠠᠳᠤᠯᠠᠭ᠎ᠠ ᠶᠢᠨ ᠲᠠᠯ᠎ᠠ ᠪᠠᠷ ᠪᠠᠳᠤᠯᠠᠬᠤ ᠴᠢᠬᠤᠯᠠᠳᠠᠢ ᠪᠦᠬᠦ ᠵᠦᠢᠯᠡᠰ ᠎ ᠲᠤ ᠪᠠᠳᠤᠯᠠᠭ᠎ᠠ ᠬᠠᠩᠭᠠᠭᠰᠠᠨ ᠪᠠᠶᠢᠨ᠎ᠠ᠃      ︵ᠲᠠᠪᠤ︶ ᠲᠤᠳᠠᠭᠳᠠᠯ ᠢᠶᠠᠨ ᠨᠦᠬᠦᠪᠤᠷᠢᠯᠡᠨ᠂ ᠡᠶ᠎ᠡ ᠵᠤᠬᠢᠴᠠᠯ ᠢ ᠴᠤᠭᠴᠠᠯᠠᠵᠤ᠂ ᠨᠡᠶᠢᠭᠡᠮ ᠤᠨ ᠠᠵᠢᠯ ᠦᠢᠯᠡᠰ ᠪᠦᠬᠦ ᠲᠠᠯ᠎ᠠ ᠪᠠᠷ ᠲᠠᠪᠰᠢᠪᠠ᠃ ᠨᠡᠶᠢᠳᠠ 6 ᠲᠦᠷᠦᠯ ᠤᠨ ᠲᠤᠰᠬᠠᠢ ᠠᠰᠢᠭ᠂ 29 ᠲᠦᠷᠦᠯ ᠤᠨ ᠬᠡᠷᠡᠭᠯᠡᠭᠡᠨ ᠤ ᠰᠢᠨ᠎ᠠ ᠬᠡᠯᠪᠡᠷᠢ ᠶᠢᠨ ᠲᠤᠰᠬᠠᠢ ᠠᠰᠢᠭ᠂ 8 ᠲᠦᠷᠦᠯ ᠤᠨ ᠭᠠᠳᠠᠷ ᠲᠦᠷᠢ ᠶᠢᠨ ᠲᠦᠯᠦᠪᠯᠡᠭᠡ ᠶᠢᠨ ᠲᠤᠰᠬᠠᠢ ᠠᠰᠢᠭ ᠢ ᠬᠦᠷᠳᠡᠪᠡ᠃ ᠲᠠᠯᠠᠢ ᠨᠠᠭᠤᠷ ᠤᠨ ᠡᠪᠤᠯ ᠤᠨ ᠤᠯᠠᠷᠢᠯ ᠤᠨ ᠵᠢᠭᠠᠰᠤ ᠠᠩᠨᠠᠬᠤ᠂ ᠬᠡᠦᠭᠡᠳ ᠤᠨ ᠤᠪᠤᠭᠠᠨ ᠲᠠᠬᠢᠯᠭ᠎ᠠ ᠶᠢᠨ ᠵᠠᠩ ᠦᠢᠯᠨ ᠨᠢ ᠲᠤᠰ ᠪᠦᠷᠢ ᠦᠪᠡᠷᠳᠡᠭᠡᠨ ᠵᠠᠰᠠᠬᠤ ᠤᠷᠤᠨ ᠪᠠ ᠬᠤᠳᠠ ᠶᠢᠨ ᠲᠡᠰ ᠤᠨ ᠪᠤᠳᠠᠰ ᠤᠨ ᠪᠤᠰᠤ ᠰᠤᠶᠤᠯ ᠤᠨ ᠦᠪ ᠢᠶᠠᠷ ᠪᠦᠷᠢᠳᠭᠡᠬᠦᠯᠪᠡ᠃ ᠰᠤᠷᠭᠠᠨ ᠬᠦᠮᠦᠵᠢᠯ ᠤᠨ ᠰᠠᠭᠤᠷᠢ ᠲᠦᠬᠦᠭᠡᠷᠦᠮᠵᠢ ᠎ ᠶᠢᠨ ᠪᠡᠯᠨ ᠤᠷᠤᠭᠤᠯᠤᠯᠳᠠ 6.9 ᠳ᠋ᠦᠩᠰᠢᠭᠤᠷ ᠲᠦᠬᠦᠷᠢᠭ ᠲᠤ ᠬᠦᠷᠴᠤ᠂ ᠪᠠᠶᠢᠷᠢᠯᠠᠯ ᠪᠦᠳᠦᠴᠨ ᠡᠳᠦᠷ ᠢᠷᠡᠬᠦᠶ᠎ᠠ ᠵᠤᠬᠢᠰᠳᠠᠢ ᠪᠤᠯᠵᠤ᠂ ᠰᠤᠷᠭᠠᠨ ᠬᠦᠮᠦᠵᠢᠯ ᠤᠨ ᠴᠢᠨᠠᠷ ᠴᠢᠨᠰᠠᠭ᠎ᠠ ᠲᠤᠭᠳᠠᠭᠤᠨ ᠢᠶᠠᠷ ᠲᠡᠭᠡᠭᠰᠢᠯᠡᠪᠡ᠃ ᠬᠤᠰᠢᠭᠤᠨ ᠤ ᠡᠷᠡᠬᠦᠯ ᠬᠠᠮᠠᠭᠠᠯᠠᠯ ᠤᠨ ᠬᠢᠨᠠᠯᠳᠠ ᠲᠠᠯᠪᠢᠬᠤ ᠭᠠᠵᠠᠷ᠂ ᠡᠬᠡ ᠨᠢᠯᠬᠠᠰ ᠤᠨ ᠡᠷᠡᠬᠦᠯ ᠬᠠᠮᠠᠭᠠᠯᠠᠯ ᠤᠨ ᠭᠠᠵᠠᠷ᠂ 8 ᠰᠠᠭᠤᠷᠢ ᠦᠨᠳᠦᠰᠦᠨ ᠱᠠᠳᠤᠨ ᠤ ᠡᠷᠡᠬᠦᠯ ᠬᠠᠮᠠᠭᠠᠯᠠᠯ ᠤᠨ ᠬᠤᠷᠢᠶ᠎ᠠ᠂ 8 ᠰᠠᠭᠤᠷᠢ ᠡᠷᠡᠬᠦᠯ ᠬᠠᠮᠠᠭᠠᠯᠠᠯ ᠤᠨ ᠬᠤᠷᠢᠶ᠎ᠠ ᠎ ᠶᠢᠨ ᠡᠷᠬᠢᠯᠳᠦᠬᠦᠯᠦᠨ ᠬᠡᠷᠡᠭᠯᠡᠬᠦ ᠪᠠᠶᠢᠷᠢ᠂ 2 ᠰᠠᠭᠤᠷᠢ ᠨᠡᠶᠢᠭᠡᠮ ᠲᠤᠭᠤᠷᠢᠭ ᠤᠨ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ ᠲᠦᠪ ᠵᠡᠷᠭᠡ ᠲᠦᠷᠦᠯ ᠵᠦᠢᠯ ᠢ ᠬᠡᠷᠡᠭᠵᠢᠬᠦᠯᠵᠤ᠂ ᠬᠦᠮᠦᠨ ᠠᠮᠠ ᠪᠠ ᠲᠦᠯᠦᠪᠯᠡᠭᠡᠳᠤ ᠦᠷᠡᠵᠢᠯ ᠎ ᠤᠨ ᠠᠵᠢᠯ ᠦᠷᠬᠦᠯᠵᠢᠯᠡᠨ ᠡᠷᠡᠬᠦᠯ ᠢᠶᠠᠷ ᠬᠦᠭᠵᠢᠪᠡ᠃ 28 ᠴᠢᠭ᠋ ᠲᠤ ᠮᠠᠯᠴᠢᠨ ᠲᠠᠷᠢᠶᠠᠴᠢᠨ ᠤ ᠪᠡᠶ᠎ᠠ ᠴᠢᠬᠢᠷᠠᠭᠵᠢᠭᠤᠯᠬᠤ ᠢᠨᠵᠧᠨᠧᠷᠢᠩ᠂ 180 ᠰᠠᠭᠤᠷᠢ ᠪᠡᠶ᠎ᠠ ᠪᠤᠯᠪᠠᠰᠤᠷᠠᠭᠤᠯᠬᠤ ᠪᠠᠭᠠᠵᠢ ᠬᠡᠷᠡᠭᠰᠡᠯ ᠢ ᠰᠢᠨ᠎ᠠ ᠪᠠᠷ ᠪᠠᠶᠢᠭᠤᠯᠪᠠ᠃ ᠪᠠᠶᠢᠭᠤᠯᠤᠯᠭ᠎ᠠ ᠨᠢᠭᠡᠴᠨ ᠳᠤ 274 ᠴᠢᠳᠠᠪᠤᠷᠢᠳᠠᠨ ᠢ ᠤᠷᠢᠨ ᠬᠡᠷᠡᠭᠯᠡᠪᠡ᠃ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠳᠠ ᠶᠢ ᠲᠤᠭᠳᠠᠭᠰᠠᠨ ᠬᠤᠭᠤᠴᠠᠭᠠᠨ ᠳᠤ ᠎ ᠨᠢ ᠲᠠᠭᠤᠰᠬᠠᠪᠠ᠃ ︽ᠵᠢᠷᠭᠤᠭ᠎ᠠ ᠲᠠᠪᠤ ᠬᠠᠤᠯᠢ ᠲᠦᠭᠡᠮᠡᠯᠵᠢᠬᠦᠯᠬᠦ︾ ᠠᠵᠢᠯ ᠲᠦᠬᠦᠷᠡᠩ ᠠᠮᠵᠢᠯᠳᠠ ᠲᠠᠢ ᠲᠡᠬᠦᠰᠪᠡ ᠃ ︽ᠠᠮᠤᠷ ᠲᠤᠭᠳᠠᠭᠤᠨ ᠬᠡᠰᠢᠭᠳᠡᠨ ᠬᠤᠰᠢᠭᠤ︾᠎ ᠶᠢᠨ ᠪᠦᠳᠦᠭᠡᠨ ᠪᠠᠶᠢᠭᠤᠯᠤᠯᠳᠠ ᠬᠦᠨᠵᠡᠭᠡᠢ ᠠᠬᠢᠯᠳᠠ ᠲᠠᠢ᠃ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠵᠦᠢ ᠵᠤᠬᠢᠰᠳᠠᠢ ᠰᠢᠢᠳᠪᠤᠷᠢᠯᠡᠭᠳᠡᠪᠡ᠃ ᠠᠶᠤᠯᠬᠦᠢ ᠦᠢᠯᠡᠳᠪᠤᠷᠢᠯᠡᠯ ᠲᠤᠭᠳᠠᠭᠤᠨ ᠢᠶᠠᠷ ᠶᠠᠪᠤᠭᠳᠠᠵᠤ ᠪᠤᠢ᠃ ᠬᠢᠨᠠᠨ ᠪᠤᠳᠤᠯᠳᠠ᠂ ᠲᠠᠩᠰᠠ ᠡᠪᠬᠡᠮᠡᠯ᠂ ᠦᠨᠳᠦᠰᠦᠳᠡᠨ ᠱᠠᠰᠢᠨ ᠰᠤᠷᠳᠠᠬᠤᠨ᠂ ᠵᠡᠮᠳᠡᠭᠴᠤᠳ ᠵᠡᠷᠭᠡ ᠡᠯ᠎ᠠ ᠲᠦᠷᠦᠯ ᠤᠨ ᠨᠡᠶᠢᠭᠡᠮ ᠤᠨ ᠠᠵᠢᠯ ᠦᠢᠯᠡᠰ ᠪᠦᠬᠦ ᠲᠠᠯ᠎ᠠ ᠪᠠᠷ ᠲᠠᠪᠰᠢᠪᠠ᠃      ︵ᠵᠢᠷᠭᠤᠭ᠎ᠠ︶ ᠦᠨᠳᠦᠰᠦᠨ ᠲᠠᠯ᠎ᠠ ᠶᠢ ᠪᠠᠳᠤᠯᠠᠨ᠂ ᠠᠷᠠᠳ ᠤᠨ ᠠᠮᠢᠳᠤᠷᠠᠯ ᠢ ᠬᠠᠷᠠᠭᠠᠯᠵᠠᠵᠤ᠂ ᠤᠯᠠᠨ ᠲᠦᠮᠡᠨ ᠤ ᠠᠮᠢᠳᠤᠷᠠᠯ ᠢᠯᠡᠳᠳᠠ ᠰᠠᠶᠢᠵᠢᠷᠠᠪᠠ᠃ ᠬᠤᠳᠠ ᠪᠠᠯᠭᠠᠰᠤ ᠶᠢᠨ 9413 ᠬᠦᠮᠦᠨ ᠳᠤ ᠰᠢᠨ᠎ᠠ ᠪᠠᠷ ᠠᠵᠢᠯ ᠤᠯᠭᠤᠵᠤ᠂ ᠨᠡᠶᠢᠳᠠ ᠶᠢᠨ ᠠᠰᠠᠷᠠᠮᠵᠢ ᠶᠢᠨ ᠴᠢᠨᠠᠷᠳᠠᠢ ᠠᠵᠢᠯ ᠤᠨ ᠪᠠᠶᠢᠷᠢ 2115᠎ ᠶᠢ ᠨᠡᠭᠡᠭᠡᠨ ᠬᠦᠭᠵᠢᠬᠦᠯᠵᠤ᠂ ᠦᠢᠯᠡᠰ ᠪᠤᠰᠬᠠᠬᠤ ᠪᠠᠳᠤᠯᠠᠭᠠᠳᠤ ᠵᠢᠭᠡᠯᠡᠯᠭᠡ 8870 ᠲᠦᠮᠡᠨ ᠲᠦᠬᠦᠷᠢᠭ ᠲᠠᠷᠬᠠᠭᠠᠨ᠂ ᠬᠤᠳᠠ ᠪᠠᠯᠭᠠᠰᠤ ᠶᠢᠨ ᠪᠦᠷᠢᠳᠭᠡᠯ ᠳᠠᠬᠢ ᠠᠵᠢᠯ ᠠᠯᠳᠠᠭᠰᠠᠨ ᠨᠤᠷᠮ᠎ᠠ ᠶᠢ 3.8%᠎ ᠶᠢᠨ ᠲᠤᠳᠤᠷ᠎ᠠ ᠬᠢᠵᠠᠭᠠᠷᠯᠠᠪᠠ᠂ ︽ᠠᠵᠢᠯ ᠦᠭᠡᠢ ᠭᠡᠷ ᠪᠦᠯᠢ︾᠎ ᠶᠢ ᠬᠦᠳᠡᠯᠦᠩᠬᠦᠢ ᠪᠠᠷ ᠴᠡᠪᠡᠷᠯᠡᠬᠦ ᠶᠢ ᠪᠠᠷᠢᠮᠳᠠᠯᠠᠨ᠂ ᠦᠪᠡᠷᠳᠡᠭᠡᠨ ᠵᠠᠰᠠᠬᠤ ᠤᠷᠤᠨ ᠤ ᠬᠦᠢᠴᠡᠳ ᠠᠵᠢᠯ ᠤᠯᠭᠤᠭᠰᠠᠨ ᠬᠤᠰᠢᠭᠤ ᠰᠢᠶᠠᠨ ᠢᠶᠠᠷ ᠦᠨᠡᠯᠡᠭᠳᠡᠪᠡ᠃ ᠰᠢᠨ᠎ᠠ ᠮᠠᠶ᠋ᠢᠭ ᠤᠨ ᠮᠠᠯᠵᠢᠬᠤ ᠲᠠᠷᠢᠶᠠᠯᠠᠬᠤ ᠤᠷᠤᠨ ᠤ ᠬᠤᠷᠰᠢᠭᠰᠠᠨ ᠡᠮᠨᠡᠯᠭᠡ ᠳᠤ ᠤᠷᠤᠯᠴᠠᠭᠰᠠᠨ ᠨᠤᠷᠮ᠎ᠠ ᠶᠢ ᠢᠮᠠᠭᠳᠠ 95%᠎ ᠠᠴᠠ ᠲᠡᠭᠡᠭᠰᠢᠬᠢ ᠬᠡᠮᠵᠢᠶᠡᠨ ᠎ ᠳᠤ ᠲᠤᠭᠳᠠᠪᠤᠷᠢᠵᠢᠭᠤᠯᠤᠨ᠂ ᠲᠠᠩᠰᠠ ᠠᠴᠠ ᠴᠠᠶᠢᠷᠠᠭᠤᠯᠬᠤ ᠬᠠᠮᠤᠭ ᠤᠨ ᠦᠨᠳᠦᠷ ᠪᠠᠷᠢᠮᠵᠢᠶ᠎ᠠ 30 ᠲᠦᠮᠡᠨ ᠲᠦᠬᠦᠷᠢᠭ ᠲᠤ ᠬᠦᠷᠦᠭᠰᠡᠨ ᠪᠠᠶᠢᠨ᠎ᠠ᠃ ᠨᠡᠶᠢᠭᠡᠮ ᠤᠨ ᠲᠠᠭᠠᠳᠬᠠᠯ ᠤᠨ ᠲᠠᠭᠠᠳᠬᠠᠯ ᠳᠤ ᠤᠷᠤᠯᠴᠠᠭᠰᠠᠨ ᠬᠦᠮᠦᠨ ᠤ ᠲᠤᠭ᠎ᠠ 20.6 ᠲᠦᠮᠡᠨ ᠬᠦᠮᠦᠨ ᠳᠤ ᠬᠦᠷᠴᠤ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠲᠠᠭᠠᠳᠬᠠᠯ ᠤᠨ ᠨᠠᠰᠤᠵᠢᠯ ᠤᠨ ᠰᠠᠭᠤᠷᠢ ᠮᠦᠩᠬᠦ ᠲᠠᠷᠬᠠᠭᠠᠭᠰᠠᠨ ᠨᠤᠷᠮ᠎ᠠ 100%᠎ ᠳᠤ ᠬᠦᠷᠴᠠᠢ᠃ ᠡᠯ᠎ᠠ ᠲᠦᠷᠦᠯ ᠤᠨ ᠪᠠᠳᠤᠯᠠᠭ᠎ᠠ ᠪᠠ ᠠᠪᠤᠷᠠᠨ ᠲᠤᠰᠠᠯᠠᠬᠤ ᠪᠡᠯᠨ ᠮᠦᠩᠬᠦ ᠶᠢ ᠨᠡᠶᠢᠳᠠ 4.64 ᠳ᠋ᠦᠩᠰᠢᠭᠤᠷ ᠲᠦᠬᠦᠷᠢᠭ ᠲᠠᠷᠬᠠᠭᠠᠵᠤ᠂ ᠲᠤᠤᠷ᠎ᠠ ᠤᠷᠤᠯᠭᠠᠳᠤ ᠮᠠᠯᠴᠢᠨ ᠲᠠᠷᠢᠶᠠᠴᠢᠨ ᠤ ᠡᠪᠤᠯ ᠤᠨ ᠤᠯᠠᠷᠢᠯ ᠤᠨ ᠲᠤᠯᠠᠭᠠᠯᠭ᠎ᠠ ᠳᠤ ᠬᠡᠷᠡᠭᠯᠡᠬᠦ ᠨᠡᠬᠦᠷᠡᠰᠦᠨ ᠤ ᠨᠦᠬᠦᠪᠤᠷᠢ ᠮᠦᠩᠬᠦ 9882.9 ᠲᠦᠮᠡᠨ ᠲᠦᠬᠦᠷᠢᠭ ᠪᠠᠭᠤᠯᠭᠠᠪᠠ᠃ ᠬᠤᠳᠠ ᠬᠦᠳᠡᠭᠡ ᠶᠢᠨ ᠬᠠᠮᠤᠭ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢ ᠪᠦᠷᠢᠳᠭᠡᠨ ᠲᠠᠩᠰᠠᠯᠠᠵᠤ ᠬᠠᠷᠭᠤᠭᠤᠯᠤᠨ ᠪᠠᠶᠢᠴᠠᠭᠠᠬᠤ ᠠᠵᠢᠯ ᠢ ᠦᠷᠬᠦᠯᠵᠢᠯᠡᠨ ᠦᠷᠨᠢᠬᠦᠯᠵᠤ᠂ ᠪᠦᠬᠦ ᠤᠯᠤᠰ ᠤᠨ ᠬᠤᠳᠠ ᠬᠦᠳᠡᠭᠡ ᠶᠢᠨ ᠬᠠᠮᠤᠭ ᠨᠠᠭᠠᠳᠤ ᠵᠠᠬ᠎ᠠ ᠶᠢᠨ ᠠᠮᠢᠳᠤᠷᠠᠯ ᠎ ᠤᠨ ᠪᠠᠳᠤᠯᠠᠭ᠎ᠠ ᠶᠢᠨ ᠪᠠᠷᠢᠮᠵᠢᠶᠠᠵᠢᠭᠰᠠᠨ ᠲᠤᠷᠰᠢᠯᠳᠠ ᠶᠢᠨ ᠴᠢᠭ᠋ ᠪᠤᠯᠪᠠ᠃ ᠡᠯ᠎ᠠ ᠲᠦᠷᠦᠯ ᠤᠨ ᠶᠠᠳᠠᠭᠤ ᠶᠢ ᠲᠡᠳᠬᠦᠨ ᠨᠡᠭᠡᠭᠡᠨ ᠬᠦᠭᠵᠢᠬᠦᠯᠬᠦ ᠪᠡᠯᠨ ᠮᠦᠩᠬᠦ 1.46 ᠳ᠋ᠦᠩᠰᠢᠭᠤᠷ ᠲᠦᠬᠦᠷᠢᠭ ᠤᠷᠤᠭᠤᠯᠵᠤ᠂ ᠮᠦᠩᠬᠦᠨ ᠬᠦᠢᠯᠭᠡᠭᠡᠨ ᠢᠶᠠᠷ ᠶᠠᠳᠠᠭᠤ ᠶᠢ ᠲᠡᠳᠬᠦᠨ ᠠᠷᠠᠳ ᠢ ᠪᠠᠶᠠᠵᠢᠭᠤᠯᠬᠤ ᠵᠢᠭᠡᠯᠡᠯᠭᠡ 3 ᠳ᠋ᠦᠩᠰᠢᠭᠤᠷ ᠲᠦᠬᠦᠷᠢᠭ ᠲᠠᠷᠬᠠᠭᠠᠨ᠂ 2.51 ᠲᠦᠮᠡᠨ ᠶᠠᠳᠠᠭᠤ ᠬᠦᠴᠢᠷᠳᠠᠢ ᠬᠦᠮᠦᠨ ᠠᠮᠠ ᠶᠢ ᠲᠡᠳᠬᠦᠨ ᠲᠡᠮᠵᠢᠪᠡ᠃      ︵ᠲᠤᠯᠤᠭ᠎ᠠ︶ ᠦᠭᠡᠷᠡᠴᠢᠯᠡᠯᠳᠠ ᠶᠢ ᠠᠳᠬᠤᠨ᠂ ᠴᠢᠯᠦᠭᠡᠳᠠᠢ ᠶᠠᠪᠤᠯᠴᠠᠬᠤ ᠶᠢ ᠠᠬᠢᠭᠤᠯᠵᠤ᠂ ᠠᠮᠢᠵᠢᠷᠠᠯ ᠤᠨ ᠬᠦᠴᠦᠨ ᠪᠠ ᠬᠦᠳᠡᠯᠭᠡᠬᠦ ᠬᠦᠴᠦᠨ ᠨᠡᠩ ᠴᠢᠩᠭᠠᠷᠠᠪᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠰᠠᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠵᠤ᠂ ᠶᠠᠪᠤᠳᠠᠯ ᠬᠦᠢᠴᠡᠳᠭᠡᠬᠦ ᠠᠯᠬᠤᠮ ᠲᠠᠷᠠᠭᠠᠯᠠᠯ᠂ ᠦᠢᠯᠡᠴᠢᠯᠡᠭᠡᠨ ᠤ ᠵᠢᠯᠤᠭᠤᠳᠤᠮᠵᠢ᠂ ᠡᠯᠧᠺᠲᠷᠦᠨ ᠬᠦᠰᠦᠨᠦᠭᠳᠤ ᠶᠢ ᠨᠡᠶᠢᠳᠡᠯᠡᠨ᠂ ᠰᠦᠯᠵᠢᠶᠡᠨ ᠲᠡᠭᠡᠷ᠎ᠠ ᠬᠢᠨᠠᠨ ᠵᠦᠪᠰᠢᠶᠡᠷᠡᠬᠦ ᠪᠠ ᠵᠡᠷᠭᠡᠴᠡᠬᠦᠯᠦᠨ ᠬᠤᠯᠪᠤᠭᠠᠯᠠᠵᠤ ᠬᠢᠨᠠᠨ ᠵᠦᠪᠰᠢᠶᠡᠷᠡᠬᠦ ᠵᠤᠬᠢᠮᠵᠢ ᠶᠢ ᠪᠠᠶᠢᠭᠤᠯᠤᠨ ᠲᠡᠬᠦᠯᠳᠡᠷᠵᠢᠬᠦᠯᠵᠤ᠂ ᠲᠦᠪᠯᠡᠷᠡᠬᠦᠯᠦᠨ ᠬᠢᠨᠠᠨ ᠵᠦᠪᠰᠢᠶᠡᠷᠡᠭᠰᠡᠨ ᠵᠦᠢᠯᠡᠰ 40.7 ᠲᠦᠮᠡᠨ ᠬᠤᠪᠢ ᠬᠦᠷᠪᠡ᠃ ︽ᠭᠤᠷᠪᠠᠨ ᠦᠨᠡᠮᠯᠡᠯ ᠢ ᠨᠢᠭᠡ ᠪᠤᠯᠭᠠᠨ ᠲᠦᠬᠦᠮᠴᠢᠯᠡᠬᠦ︾᠂ ︽ᠡᠵᠡᠩᠨᠡᠯᠳᠠ ᠶᠢᠨ ᠪᠠᠳᠤᠯᠠᠪᠤᠷᠢ ᠪᠢᠴᠢᠭ ᠢ ᠨᠢᠭᠡᠯᠨ ᠨᠤᠮᠧᠷ ᠢᠶᠠᠷ ᠵᠦᠪᠰᠢᠶᠡᠷᠡᠬᠦ︾ ᠬᠢᠨᠠᠨ ᠵᠦᠪᠰᠢᠶᠡᠷᠡᠬᠦ ᠬᠡᠯᠪᠡᠷᠢ ᠶᠢ ᠪᠦᠬᠦ ᠲᠠᠯ᠎ᠠ ᠪᠠᠷ ᠲᠡᠯᠭᠡᠷᠡᠬᠦᠯᠦᠨ᠂ ᠵᠠᠬ᠎ᠠ ᠲᠡᠯᠭᠡᠬᠦᠷ ᠤᠨ ᠭᠤᠤᠯ ᠴᠤᠭᠴᠨ 2846 ᠡᠷᠦᠭᠡ ᠰᠢᠨ᠎ᠠ ᠪᠠᠷ ᠨᠡᠮᠡᠭᠳᠡᠨ᠂ ᠤᠯᠠᠨ ᠢᠶᠠᠷ ᠢᠶᠠᠨ ᠦᠢᠯᠡᠰ ᠪᠤᠰᠬᠠᠵᠤ᠂ ᠪᠦᠬᠦᠳᠡᠭᠡᠷ ᠰᠢᠨ᠎ᠠ ᠶᠢ ᠡᠬᠦᠳᠬᠦ ᠶᠢᠨ ᠦᠷ᠎ᠠ ᠪᠦᠳᠦᠮᠵᠢ ᠢᠯᠡᠷᠭᠡᠢ᠃ ᠤᠯᠤᠰ ᠤᠨ ᠦᠮᠴᠢᠯᠡᠯᠳᠤ ᠤᠢ ᠰᠢᠭᠤᠢ ᠶᠢᠨ ᠲᠠᠯᠠᠪᠠᠢ ᠶᠢᠨ ᠶᠡᠷᠦᠩᠭᠡᠶᠢᠯᠡᠭᠰᠡᠨ ᠢᠵᠢ ᠪᠦᠷᠢᠳᠦᠬᠦᠯᠦᠭᠰᠡᠨ ᠲᠤᠷᠰᠢᠯᠳᠠ ᠶᠢᠨ ᠴᠢᠭ᠋ ᠤᠨ ᠦᠭᠡᠷᠡᠴᠢᠯᠡᠯᠳᠠ ᠡᠬᠢᠯᠡᠨ ᠬᠡᠷᠡᠭᠵᠢᠬᠦᠯᠦᠭᠳᠡᠪᠡ᠃ ᠲᠠᠷᠢᠶᠠᠯᠠᠩ ᠤᠨ ᠴᠠᠬᠢᠯᠭᠠᠨ ᠤ ᠤᠯᠤᠰ ᠤᠨ ᠦᠮᠴᠢᠯᠡᠯᠳᠤ ᠬᠦᠷᠦᠩᠭᠡ ᠶᠢ ᠲᠡᠭᠡᠭᠰᠢ ᠲᠤᠰᠢᠶᠠᠬᠤ᠂ ᠨᠤᠳᠤᠭ ᠪᠡᠯᠴᠢᠭᠡᠷ ᠤᠨ ᠡᠷᠭᠡ ᠶᠢ ᠲᠤᠭᠳᠠᠭᠠᠨ ᠲᠠᠭᠠᠭᠠᠴᠢᠯᠠᠬᠤ ᠪᠠ ᠡᠷᠡᠬᠦᠯ ᠬᠠᠮᠠᠭᠠᠯᠠᠯ ᠲᠦᠯᠦᠪᠯᠡᠭᠡᠳᠤ ᠦᠷᠡᠵᠢᠯ᠂ ᠵᠠᠬ᠎ᠠ ᠲᠡᠯᠭᠡᠬᠦᠷ ᠲᠤ ᠬᠢᠨᠠᠯᠳᠠ ᠲᠠᠯᠪᠢᠬᠤ᠂ ᠦᠯᠤ ᠬᠦᠳᠡᠯᠬᠦ ᠬᠦᠷᠦᠩᠭᠡ ᠶᠢ ᠲᠠᠩᠰᠠᠯᠠᠨ ᠬᠠᠮᠢᠶᠠᠷᠬᠤ ᠵᠡᠷᠭᠡ ᠰᠠᠯᠠᠭ᠎ᠠ ᠮᠦᠴᠢᠷ ᠲᠤ ᠬᠤᠯᠪᠤᠭᠳᠠᠭᠰᠠᠨ ᠪᠠᠶᠢᠭᠤᠯᠤᠮᠵᠢ ᠶᠢᠨ ᠦᠭᠡᠷᠡᠴᠢᠯᠡᠯᠳᠠ ᠶᠢ ᠠᠮᠵᠢᠯᠳᠠᠳᠠᠢ ᠪᠡᠶᠡᠯᠡᠬᠦᠯᠪᠡ᠃ ᠠᠯᠪᠠᠨ ᠳᠤ ᠬᠡᠷᠡᠭᠯᠡᠬᠦ ᠲᠡᠷᠭᠡ ᠶᠢᠨ ᠦᠭᠡᠷᠡᠴᠢᠯᠡᠯᠳᠠ ᠠᠯᠬᠤᠮ ᠲᠠᠷᠠᠭ᠎ᠠ ᠲᠠᠢ ᠬᠡᠷᠡᠭᠵᠢᠬᠦᠯᠦᠭᠳᠡᠪᠡ᠃ ᠬᠤᠰᠢᠭᠤᠨ ᠤ ᠲᠡᠰ ᠤᠨ ᠤᠯᠤᠰ ᠠᠴᠠ ᠡᠷᠬᠢᠯᠡᠭᠰᠡᠨ ᠡᠮᠨᠡᠯᠭᠡ ᠶᠢᠨ ᠡᠮ ᠤᠨ ᠵᠦᠢᠯᠡᠰ ᠲᠤ ᠦᠨ᠎ᠠ ᠨᠡᠮᠡᠵᠤ ᠪᠤᠷᠤᠯᠠᠭᠤᠯᠬᠤ ᠶᠢ ᠠᠯᠪᠠᠨ ᠶᠤᠰᠤᠭᠠᠷ ᠦᠭᠡᠶᠢᠰᠭᠡᠪᠡ᠃ ᠪᠤᠭᠤᠳᠤ ᠶᠢᠨ ᠬᠤᠳᠠᠯᠳᠤᠭᠠᠨ ᠤ ᠪᠠᠩᠬᠢ ᠡᠵᠡᠩᠨᠡᠯᠳᠠ ᠪᠠᠨ ᠡᠬᠢᠯᠡᠬᠦᠯᠪᠡ᠃ ︽ᠤᠶᠤᠨᠳᠤ ᠨᠡᠶᠢᠭᠡᠮ ᠲᠤᠭᠤᠷᠢᠭ︾᠎ ᠢ ᠠᠩᠬ᠎ᠠ ᠠᠯᠬᠤᠮ ᠪᠠᠶᠢᠭᠤᠯᠪᠠ᠃ ᠮᠠᠯᠵᠢᠬᠤ ᠲᠠᠷᠢᠶᠠᠯᠠᠬᠤ ᠤᠷᠤᠨ᠂ ᠠᠮᠢ ᠠᠬᠤᠢ ᠶᠢᠨ ᠪᠤᠯᠪᠠᠰᠤᠨ᠂ ᠡᠳ᠋ ᠤᠨ ᠵᠠᠰᠠᠭ᠂ ᠰᠤᠷᠭᠠᠨ ᠬᠦᠮᠦᠵᠢᠯ ᠵᠡᠷᠭᠡ ᠬᠦᠷᠢᠶ᠎ᠡ ᠬᠡᠪᠴᠢᠶᠡᠨ ᠤ ᠦᠭᠡᠷᠡᠴᠢᠯᠡᠯᠳᠠ ᠴᠢᠬᠤᠯᠨ ᠶᠡᠭᠡ ᠰᠢᠪᠳᠤᠯᠤᠯᠳᠠ ᠲᠠᠢ ᠪᠤᠯᠪᠠ᠃ ᠤᠯᠤᠰ ᠤᠨ ︽ᠨᠢᠭᠡ ᠪᠦᠰᠠ ᠨᠢᠭᠡ ᠵᠠᠮ︾᠂ ᠪᠡᠭᠡᠵᠢᠩ ᠲᠢᠶᠠᠨᠵᠢᠨ ᠾᠧᠪᠸᠢ᠂ ᠪᠦᠸᠧᠬᠠᠢ ᠲᠠᠩᠬᠢᠰ ᠤᠨ ᠲᠤᠭᠤᠷᠢᠨ ᠤ ᠬᠦᠭᠵᠢᠯᠳᠠ ᠶᠢᠨ ᠪᠠᠶᠢᠯᠳᠤᠬᠤ ᠪᠤᠳᠤᠯᠭ᠎ᠠ ᠎ ᠳᠤ ᠪᠦᠬᠦ ᠲᠠᠯ᠎ᠠ ᠪᠠᠷ ᠠᠭᠤᠰᠤᠯᠴᠠᠨ᠂ ᠮᠤᠩᠭᠤᠯ ᠤᠯᠤᠰ ᠤᠨ ᠴᠡᠴᠡᠷᠯᠢᠭ ᠬᠤᠳᠠ᠂ ᠵᠢᠶᠠᠩᠰᠤ ᠮᠤᠵᠢ ᠶᠢᠨ ᠲᠠᠶᠢᠵᠸᠤ ᠶᠢᠨ ᠬᠠᠢ ᠯᠢᠩ ᠲᠤᠭᠤᠷᠢᠭ᠂ ᠱᠠᠨᠳᠦ᠋ᠩ ᠮᠤᠵᠢ ᠶᠢᠨ ᠽᠢ ᠪᠦᠸᠧ ᠲᠡᠭᠡᠳᠤ ᠰᠢᠨ᠎ᠠ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠠ ᠶᠢᠨ ᠤᠷᠤᠨ ᠯᠤᠭ᠎ᠠ ᠨᠦᠬᠦᠷᠰᠡᠭ ᠭᠠᠵᠠᠷ ᠤᠷᠤᠨ ᠤ ᠬᠠᠷᠢᠴᠠᠭ᠎ᠠ ᠪᠠᠶᠢᠭᠤᠯᠤᠨ᠂ ᠪᠡᠭᠡᠵᠢᠩ ᠦᠪᠤᠷ ᠮᠤᠩᠭᠤᠯ ᠤᠨ ᠠᠵᠢᠯ ᠲᠦᠷᠦᠯ ᠢᠶᠠᠷ ᠬᠠᠪᠰᠤᠷᠤᠨ ᠲᠡᠳᠬᠦᠬᠦ ᠪᠡᠯᠨ ᠮᠦᠩᠬᠦ ᠶᠢ 6043 ᠲᠦᠮᠡᠨ ᠲᠦᠬᠦᠷᠢᠭ ᠲᠡᠮᠡᠴᠡᠨ ᠤᠯᠵᠤ᠂ ᠤᠯᠤᠰ ᠤᠨ ᠲᠤᠳᠤᠭᠠᠳᠤ ᠭᠠᠳᠠᠭᠠᠳᠤ ᠶᠢᠨ ᠪᠡᠯᠨ ᠮᠦᠩᠬᠦ ᠶᠢ 338.4 ᠳ᠋ᠦᠩᠰᠢᠭᠤᠷ ᠲᠦᠬᠦᠷᠢᠭ ᠲᠠᠳᠠᠨ ᠤᠷᠤᠭᠤᠯᠤᠭᠰᠠᠨ ᠪᠠᠶᠢᠨ᠎ᠠ᠃      ︵ᠨᠠᠢᠮᠠ︶ ᠠᠵᠢᠯ ᠤᠨ ᠰᠤᠷᠳᠠᠯ ᠢᠶᠠᠨ ᠬᠤᠪᠢᠷᠠᠭᠤᠯᠤᠨ᠂ ᠦᠷ᠎ᠠ ᠪᠦᠳᠦᠮᠵᠢ ᠪᠠᠨ ᠲᠡᠭᠡᠭᠰᠢᠯᠡᠬᠦᠯᠵᠤ᠂ ᠲᠤᠰ ᠪᠠᠶ᠎ᠠ ᠶᠢᠨ ᠪᠠᠶᠢᠭᠤᠯᠤᠯᠳᠠ ᠦᠨᠡᠩᠬᠦ ᠴᠢᠩᠭᠠᠷᠠᠪᠠ᠃ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠵᠢᠯ ᠎ ᠤᠨ ᠲᠦᠷᠢᠮ ᠳᠤ ᠵᠠᠰᠠᠪᠤᠷᠢ ᠤᠷᠤᠭᠤᠯᠪᠠ᠃ 6053 ᠲᠦᠷᠦᠯ ᠤᠨ ᠵᠠᠰᠠᠭ ᠵᠠᠬᠢᠷᠭᠠᠨ ᠤ ᠡᠷᠭᠡ ᠶᠢ ᠡᠮᠬᠢᠯᠡᠨ ᠲᠤᠭᠳᠠᠭᠠᠪᠠ᠃ ᠡᠳ᠋ ᠤᠨ ᠵᠠᠰᠠᠭ ᠤᠨ ᠲᠦᠰᠦᠪ᠂ ᠲᠦᠰᠦᠪ ᠤᠨ ᠬᠦᠢᠴᠡᠳᠭᠡᠯ ᠢ ᠪᠦᠬᠦᠳᠠ ᠳᠤ ᠢᠯᠨ ᠪᠤᠯᠭᠠᠬᠤ ᠎ ᠶᠢ ᠪᠡᠶᠡᠯᠡᠬᠦᠯᠪᠡ᠃ ᠤᠯᠠᠨ ᠨᠡᠶᠢᠳᠠ ᠶᠢᠨ ᠡᠬᠢ ᠪᠠᠶᠠᠯᠢᠭ ᠤᠨ ᠰᠤᠯᠢᠯᠴᠠᠭ᠎ᠠ᠂ ᠡᠳ᠋ ᠤᠨ ᠵᠠᠰᠠᠭ ᠤᠨ ᠪᠡᠯᠨ ᠮᠦᠩᠬᠦ ᠎ ᠶᠢ ᠤᠷᠢᠳᠴᠢᠯᠠᠨ ᠦᠨᠡᠯᠡᠨ ᠬᠢᠨᠠᠬᠤ ᠲᠦᠷᠢᠮ ᠢ ᠬᠡᠷᠡᠭᠵᠢᠬᠦᠯᠦᠨ᠂ ᠨᠡᠶᠢᠳᠠ 2.8 ᠳ᠋ᠦᠩᠰᠢᠭᠤᠷ ᠲᠦᠬᠦᠷᠢᠭ ᠤᠨ ᠪᠡᠯᠨ ᠮᠦᠩᠬᠦ ᠶᠢ ᠠᠷᠪᠢᠯᠠᠪᠠ᠃ ᠨᠠᠮ ᠤᠨ ᠰᠤᠷᠳᠠᠯ ᠠᠷᠢᠭᠤᠨ ᠴᠢᠭᠡᠴᠢ ᠪᠦᠳᠦᠭᠡᠨ ᠪᠠᠶᠢᠭᠤᠯᠤᠯᠳᠠ ᠶᠢᠨ ᠡᠯ᠎ᠠ ᠲᠦᠷᠦᠯ ᠤᠨ ᠲᠤᠭᠳᠠᠭᠠᠯ ᠢ ᠴᠢᠩᠭ᠎ᠠ ᠬᠢᠨᠠᠮᠠᠭᠠᠢ ᠨᠠᠶᠢᠳᠠᠪᠤᠷᠢᠵᠢᠭᠤᠯᠵᠤ᠂ ᠠᠯᠪᠠᠯᠠᠬᠤ ᠭᠡᠷ ᠪᠠ ᠪᠠᠷᠢᠮᠵᠢᠶᠠᠨ ᠠᠴᠠ ᠬᠡᠳᠦᠷᠡᠭᠰᠡᠨ ᠮᠠᠰᠢᠨ ᠲᠡᠷᠭᠡ ᠶᠢ ᠴᠡᠭᠴᠡᠯᠡᠬᠦ ᠠᠵᠢᠯ ᠢ ᠲᠤᠭᠳᠠᠭᠰᠠᠨ ᠬᠤᠭᠤᠴᠠᠭᠠᠨ ᠳᠤ ᠨᠢ ᠪᠡᠶᠡᠯᠡᠬᠦᠯᠦᠨ᠂ ᠪᠢᠴᠢᠭ ᠎ ᠤᠨ ᠰᠤᠷᠳᠠᠯ ᠬᠤᠷᠠᠯ ᠤᠨ ᠰᠤᠷᠳᠠᠯ᠂ ᠠᠯᠪᠠᠨ ᠲᠠᠶᠢᠯᠠᠯᠭ᠎ᠠ ᠤᠯᠠᠮ ᠲᠦᠷᠢᠮᠵᠢᠪᠡ᠃ ᠨᠠᠮ ᠤᠨ ᠤᠯᠠᠨ ᠲᠦᠮᠡᠨᠴᠢ ᠱᠤᠭᠤᠮ ᠤᠨ ᠬᠦᠮᠦᠵᠢᠯ ᠦᠢᠯᠡᠳᠦᠯᠭᠡ ᠶᠢᠨ ᠠᠵᠢᠯᠯᠠᠭ᠎ᠠ ᠪᠠ ︽ᠭᠤᠷᠪᠠᠨ ᠴᠢᠩᠭ᠎ᠠ ᠭᠤᠷᠪᠠᠨ ᠪᠤᠳᠠᠳᠠᠢ︾ ᠲᠤᠰᠬᠠᠢ ᠰᠡᠳᠦᠪᠳᠤ ᠬᠦᠮᠦᠵᠢᠯ ᠢ ᠬᠦᠨᠵᠡᠭᠡᠢ ᠦᠷᠨᠢᠬᠦᠯᠦᠨ᠂ ︽ᠲᠦᠷᠪᠡᠨ ᠰᠤᠷᠳᠠᠯ︾᠎ ᠤᠨ ᠠᠰᠠᠭᠤᠳᠠᠯ ᠪᠦᠳᠦᠮᠵᠢᠳᠡᠢ ᠬᠢᠵᠠᠭᠠᠷᠯᠠᠭᠳᠠᠪᠠ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠳᠠ ᠲᠠᠯᠪᠢᠬᠤ ᠪᠠ ᠤᠯᠤᠰ ᠲᠦᠷᠤ ᠶᠢᠨ ᠵᠦᠪᠯᠡᠯᠭᠡᠨ ᠤ ᠠᠷᠠᠳᠴᠢᠯᠠᠯ ᠢᠶᠠᠷ ᠬᠢᠨᠠᠯᠳᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠨ ᠠᠪᠴᠤ᠂ ᠠᠷᠠᠳ ᠤᠨ ᠲᠦᠯᠦᠭᠡᠯᠡᠭᠴᠢᠳ ᠤᠨ ᠰᠠᠨᠠᠭᠤᠯᠭ᠎ᠠ᠂ ᠰᠢᠬᠦᠮᠵᠢᠯᠡᠯ᠂ ᠰᠠᠨᠠᠯ ᠢ 157 ᠬᠤᠪᠢ᠂ ᠤᠯᠤᠰ ᠲᠦᠷᠤ ᠶᠢᠨ ᠵᠦᠪᠯᠡᠯᠭᠡᠨ ᠤ ᠬᠡᠰᠢᠬᠦᠳ ᠤᠨ ᠰᠠᠨᠠᠯ ᠲᠤᠷᠠᠳᠤᠯᠭ᠎ᠠ ᠶᠢ 237 ᠬᠤᠪᠢ ᠬᠦᠢᠴᠡᠳᠭᠡᠪᠡ᠃      ᠲᠦᠯᠦᠭᠡᠯᠡᠭᠴᠢᠳ ᠡ᠂ ᠲᠠᠪᠤᠨ ᠵᠢᠯ ᠤᠨ ᠠᠮᠵᠢᠯᠳᠠ ᠬᠦᠮᠦᠨ ᠤ ᠰᠡᠳᠬᠢᠯ ᠢ ᠬᠦᠭᠵᠢᠭᠡᠮ᠎ᠠ ᠪᠦᠭᠡᠳ ᠲᠠᠪᠤᠨ ᠵᠢᠯ ᠤᠨ ᠲᠤᠷᠰᠢᠯᠭ᠎ᠠ ᠨᠡᠩ ᠴᠤ ᠠᠯᠳᠠ ᠡᠷᠳᠡᠨᠢ ᠮᠡᠳᠤ ᠦᠨᠡᠳᠡᠢ ᠪᠠᠶᠢᠵᠤ᠂ ᠪᠢᠳᠠ ᠲᠠᠰᠤᠷᠠᠯᠳᠠ ᠦᠭᠡᠢ ᠪᠠᠳᠠᠷᠠᠭᠤᠯᠤᠨ ᠲᠡᠯᠭᠡᠷᠡᠬᠦᠯᠪᠡᠯ ᠵᠤᠬᠢᠨ᠎ᠠ᠃      ᠨᠢᠭᠡ ᠳᠤ ᠠᠰᠠᠭᠤᠳᠠᠯ ᠤᠨ ᠤᠳᠤᠷᠢᠳᠤᠮᠵᠢ ᠶᠢ ᠢᠮᠠᠭᠳᠠ ᠪᠠᠷᠢᠮᠳᠠᠯᠠᠨ᠂ ᠬᠦᠭᠵᠢᠯᠳᠠ ᠶᠢ ᠲᠦᠯᠬᠢᠨ ᠠᠬᠢᠭᠤᠯᠬᠤ ᠶᠢ ᠠᠰᠠᠭᠤᠳᠠᠯ ᠢ ᠰᠢᠢᠳᠪᠤᠷᠢᠯᠡᠬᠦ ᠶᠢᠨ ᠰᠠᠭᠤᠷᠢ ᠪᠠ ᠵᠠᠩᠬᠢᠯᠠᠭ᠎ᠠ ᠪᠤᠯᠭᠠᠪᠠ᠃ ᠲᠠᠪᠤᠨ ᠵᠢᠯ ᠤᠨ ᠲᠤᠷᠰᠢ᠂ ᠠᠵᠤ ᠠᠬᠤᠢ ᠶᠢᠨ ᠤᠷᠤᠭᠤᠳᠠᠯ ᠤᠨ ᠲᠠᠷᠤᠯᠳᠠ᠂ ᠡᠳ᠋ ᠤᠨ ᠵᠠᠰᠠᠭ ᠤᠨ ᠲᠠᠷᠤᠯᠳᠠ᠂ ᠤᠷᠴᠢᠨ ᠠᠬᠤᠢ ᠎ ᠶᠢᠨ ᠲᠠᠷᠤᠯᠳᠠ ᠵᠡᠷᠭᠡ ᠮᠠᠰᠢ ᠤᠯᠠᠨ ᠬᠦᠴᠢᠷ ᠪᠡᠷᠬᠡᠰᠢᠶᠡᠯ ᠪᠠ ᠠᠰᠠᠭᠤᠳᠠᠯ ᠯᠤᠭ᠎ᠠ ᠲᠤᠯᠭᠠᠷᠠᠬᠤ ᠳᠠᠭᠠᠨ᠂ ᠪᠢᠳᠠ ᠢᠮᠠᠭᠳᠠ ᠬᠦᠭᠵᠢᠯᠳᠠ ᠶᠢ ᠲᠡᠷᠢᠬᠦᠨ ᠴᠢᠬᠤᠯᠨ ᠡᠬᠦᠷᠭᠡ ᠪᠤᠯᠭᠠᠨ᠂ ᠬᠦᠭᠵᠢᠯᠳᠠ ᠪᠠᠷ ᠬᠦᠴᠢᠷ ᠪᠡᠷᠭᠡ ᠶᠢ ᠢᠯᠠᠨ ᠲᠠᠪᠠᠵᠤ᠂ ᠬᠦᠭᠵᠢᠯᠳᠠ ᠪᠠᠷ ᠤᠷᠤᠭᠰᠢᠯᠠᠯᠳᠠ ᠶᠢ ᠲᠦᠯᠬᠢᠨ ᠠᠬᠢᠭᠤᠯᠵᠤ᠂ ᠠᠵᠤ ᠠᠬᠤᠢ ᠲᠤᠭᠳᠠᠭᠤᠨ᠂ ᠡᠷᠡᠬᠦᠯ ᠬᠦᠭᠵᠢᠯᠳᠠ ᠬᠢᠭᠡᠳ ᠨᠡᠶᠢᠭᠡᠮ ᠤᠨ ᠡᠶ᠎ᠡ ᠵᠤᠬᠢᠴᠠᠯ ᠠᠮᠤᠷ ᠲᠤᠭᠳᠠᠭᠤᠨ ᠢ ᠪᠡᠶᠡᠯᠡᠬᠦᠯᠪᠡ᠂ ᠡᠨᠡ ᠨᠢ ᠨᠢᠭᠡᠨᠳᠠ ᠦᠩᠭᠡᠷᠡᠭᠰᠡᠨ ᠲᠠᠪᠤᠨ ᠵᠢᠯ ᠴᠢᠨᠠᠭᠰᠢᠯᠠᠪᠠᠯ ᠬᠤᠵᠢᠮ ᠤᠨ ᠨᠢᠭᠡᠨ ᠬᠤᠭᠤᠴᠠᠭᠠᠨ ᠤ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠳᠠ ᠶᠢᠨ ᠪᠠᠶᠢᠯᠳᠤᠬᠤ ᠪᠤᠳᠤᠯᠭ᠎ᠠ ᠶᠢᠨ ᠤᠳᠤᠷᠢᠳᠤᠮᠵᠢ ᠪᠤᠯᠤᠭᠰᠠᠨ ᠪᠠᠶᠢᠨ᠎ᠠ᠃      ᠬᠤᠶᠠᠷ ᠲᠤ ᠲᠦᠭᠰᠢᠬᠦᠷᠢ ᠶᠢᠨ ᠰᠡᠳᠬᠢᠮᠵᠢ ᠶᠢ ᠢᠮᠠᠭᠳᠠ ᠪᠠᠷᠢᠮᠳᠠᠯᠠᠨ᠂ ᠠᠮᠢ ᠠᠬᠤᠢ ᠶᠢᠨ ᠬᠠᠮᠠᠭᠠᠯᠠᠯᠳᠠ ᠬᠢᠭᠡᠳ ᠪᠦᠳᠦᠭᠡᠨ ᠪᠠᠶᠢᠭᠤᠯᠤᠯᠳᠠ ᠶᠢ ᠬᠦᠭᠵᠢᠯᠳᠠ ᠶᠢ ᠲᠦᠯᠬᠢᠨ ᠠᠬᠢᠭᠤᠯᠬᠤ ᠶᠢᠨ ᠤᠷᠢᠳᠠᠯ ᠪᠠ ᠪᠠᠳᠤᠯᠠᠭ᠎ᠠ ᠪᠤᠯᠭᠠᠪᠠ᠃ ᠲᠠᠪᠤᠨ ᠵᠢᠯ ᠤᠨ ᠲᠤᠷᠰᠢ᠂ ᠪᠢᠳᠠ ᠢᠮᠠᠭᠳᠠ ︽ᠲᠦᠷᠪᠡᠨ ᠠᠮᠢ ᠠᠬᠤᠢ︾᠎ ᠪᠠᠷ ᠬᠦᠭᠵᠢᠯᠳᠠ ᠶᠢᠨ ᠪᠠᠶᠢᠷᠢ ᠲᠤᠭᠳᠠᠭᠠᠯᠳᠠ ᠪᠤᠯᠭᠠᠨ᠂ ᠰᠡᠷᠡᠮᠵᠢ ᠶᠢᠨ ᠱᠤᠭᠤᠮ ᠤᠨ ᠤᠬᠠᠮᠰᠠᠷ ᠪᠠ ᠲᠦᠭᠰᠢᠬᠦᠷᠢ ᠶᠢᠨ ᠰᠡᠳᠬᠢᠮᠵᠢ ᠶᠢ ᠪᠠᠳᠤ ᠪᠠᠬᠢ ᠪᠤᠢ ᠪᠤᠯᠭᠠᠨ᠂ ᠨᠡᠭᠡᠭᠡᠨ ᠬᠦᠭᠵᠢᠬᠦᠯᠬᠦ ᠬᠢᠭᠡᠳ ᠬᠠᠮᠠᠭᠠᠯᠠᠬᠤ ᠶᠢ ᠬᠠᠮᠳᠤ ᠳᠤ ᠨᠢ ᠴᠢᠬᠤᠯᠠᠴᠢᠯᠠᠬᠤ ᠵᠠᠮ ᠎ ᠢ ᠭᠤᠶᠢᠪᠢᠰᠢ ᠦᠭᠡᠢ ᠪᠠᠷᠢᠮᠳᠠᠯᠠᠵᠤ᠂ ᠠᠮᠢ ᠠᠬᠤᠢ ᠮᠠᠭᠤᠳᠠᠬᠤ ᠬᠠᠨᠳᠤᠰᠢ ᠪᠦᠳᠦᠮᠵᠢᠳᠠᠢ ᠬᠢᠵᠠᠭᠠᠷᠯᠠᠭᠳᠠᠨ᠂ ᠤᠷᠴᠢᠨ ᠠᠬᠤᠢ ᠶᠢᠨ ᠲᠠᠭᠠᠭᠠᠴᠨ ᠶᠢᠨ ᠬᠦᠴᠦᠨ ᠢᠯᠡᠳᠳᠠ ᠴᠢᠩᠭᠠᠷᠠᠵᠤ᠂ ᠠᠮᠢ ᠠᠬᠤᠢ ᠶᠢᠨ ᠤᠷᠴᠢᠨ ᠲᠤᠭᠤᠷᠢᠨ ᠬᠢᠭᠡᠳ ᠠᠵᠤ ᠠᠬᠤᠢ ᠶᠢᠨ ᠬᠦᠭᠵᠢᠯᠳᠠ ᠶᠢᠨ ᠲᠠᠯ᠎ᠠ ᠪᠠᠷ ᠬᠠᠮᠳᠤ ᠳᠤ ᠨᠢ ᠠᠮᠵᠢᠯᠳᠠ ᠤᠯᠬᠤ ᠶᠢ ᠠᠩᠬ᠎ᠠ ᠠᠯᠬᠤᠮ ᠪᠡᠶᠡᠯᠡᠬᠦᠯᠦᠨ᠂ ᠬᠤᠵᠢᠮ ᠤᠨ ᠨᠢᠭᠡᠨ ᠬᠤᠭᠤᠴᠠᠭᠠᠨ ᠤ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠳᠠ ᠳᠤ ᠴᠢᠬᠤᠯᠨ ᠪᠠᠳᠤᠯᠠᠭ᠎ᠠ ᠬᠠᠩᠭᠠᠭᠰᠠᠨ ᠪᠠᠶᠢᠨ᠎ᠠ᠃      ᠭᠤᠷᠪᠠ ᠳᠤ ᠴᠢᠨᠠᠷ ᠢ ᠲᠡᠭᠡᠭᠰᠢᠯᠡᠬᠦᠯᠦᠨ ᠦᠷ᠎ᠠ ᠠᠰᠢᠭ ᠢ ᠨᠡᠮᠡᠭᠳᠡᠬᠦᠯᠬᠦ ᠶᠢ ᠢᠮᠠᠭᠳᠠ ᠪᠠᠷᠢᠮᠳᠠᠯᠠᠨ᠂ ᠠᠵᠤ ᠦᠢᠯᠡᠰ ᠤᠨ ᠪᠦᠳᠦᠴᠨ ᠶᠢ ᠰᠢᠯᠢᠳᠡᠭᠵᠢᠬᠦᠯᠬᠦ ᠶᠢ ᠬᠦᠭᠵᠢᠯᠳᠠ ᠶᠢ ᠲᠦᠯᠬᠢᠨ ᠠᠬᠢᠭᠤᠯᠬᠤ ᠭᠤᠤᠯᠳᠠᠯᠭ᠎ᠠ ᠪᠠ ᠭᠤᠤᠯ ᠱᠤᠭᠤᠮ ᠪᠤᠯᠭᠠᠪᠠ᠃ ᠲᠠᠪᠤᠨ ᠵᠢᠯ ᠤᠨ ᠲᠤᠷᠰᠢ᠂ ᠪᠢᠳᠠ ᠢᠮᠠᠭᠳᠠ ᠠᠵᠤ ᠦᠢᠯᠡᠰ ᠤᠨ ᠪᠦᠳᠦᠴᠨ ᠶᠢ ᠰᠢᠯᠢᠳᠡᠭᠵᠢᠬᠦᠯᠬᠦ᠂ ᠬᠦᠭᠵᠢᠯᠳᠠ ᠶᠢᠨ ᠬᠡᠯᠪᠡᠷᠢ ᠶᠢ ᠬᠤᠪᠢᠷᠠᠭᠤᠯᠬᠤ ᠶᠢ ᠡᠯ᠎ᠠ ᠬᠦᠷᠢᠶ᠎ᠠ ᠬᠡᠪᠴᠢᠶᠡᠨ ᠳᠤ ᠲᠤᠤᠱᠯᠠᠭᠤᠯᠤᠨ᠂ ᠬᠦᠭᠵᠢᠯᠳᠠ ᠶᠢᠨ ᠲᠤᠮᠳᠠ ᠬᠤᠪᠢᠷᠠᠭᠤᠯᠬᠤ ᠶᠢ ᠠᠬᠢᠭᠤᠯᠬᠤ᠂ ᠬᠤᠪᠢᠷᠠᠭᠤᠯᠬᠤ ᠶᠠᠪᠤᠴᠨ ᠳᠤ ᠬᠦᠭᠵᠢᠯᠳᠠ ᠶᠢ ᠰᠦᠪᠡᠭᠴᠢᠯᠡᠬᠦ ᠪᠠᠷ ᠴᠢᠷᠮᠠᠶᠢᠨ᠂ ᠠᠵᠤ ᠦᠢᠯᠡᠰ ᠤᠨ ᠪᠦᠳᠦᠴᠨ ᠡᠳᠦᠷ ᠢᠷᠡᠬᠦᠶ᠎ᠠ ᠰᠢᠯᠢᠳᠡᠭᠵᠢᠨ᠂ ︽ᠲᠠᠪᠤᠨ ᠶᠡᠭᠡ ᠰᠠᠭᠤᠷᠢᠨ ᠭᠠᠵᠠᠷ︾᠂ ︽ᠬᠤᠶᠠᠷ ᠲᠤᠭᠤᠷᠢᠭ ᠨᠢᠭᠡ ᠪᠦᠰᠠ︾᠎ ᠶᠢᠨ ᠪᠦᠳᠦᠭᠡᠨ ᠪᠠᠶᠢᠭᠤᠯᠤᠯᠳᠠ ᠎ ᠶᠢ ᠯᠠᠪᠳᠠᠭᠤᠨ ᠪᠠᠳᠤᠳᠠᠢ ᠲᠦᠯᠬᠢᠨ ᠠᠬᠢᠭᠤᠯᠵᠤ᠂ ᠰᠢᠨ᠎ᠠ ᠬᠡᠪ ᠪᠠᠶᠢᠳᠠᠯ ᠢ ᠤᠳᠤᠷᠢᠳᠤᠨ ᠲᠠᠭᠠᠭᠤᠯᠵᠤ᠂ ᠠᠵᠤ ᠠᠬᠤᠢ ᠨᠡᠶᠢᠭᠡᠮ ᠤᠨ ᠬᠦᠭᠵᠢᠯᠳᠠ ᠶᠢ ᠠᠬᠢᠭᠤᠯᠬᠤ ᠳᠤ ᠪᠠᠳᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃      ᠲᠦᠷᠪᠡ ᠳᠤ ᠦᠭᠡᠷᠡᠴᠢᠯᠡᠯᠳᠠ ᠬᠢᠵᠤ ᠴᠢᠯᠦᠭᠡᠳᠠᠢ ᠶᠠᠪᠤᠯᠴᠠᠬᠤ ᠶᠢ ᠢᠮᠠᠭᠳᠠ ᠪᠠᠷᠢᠮᠳᠠᠯᠠᠨ᠂ ᠦᠭᠡᠷᠡᠴᠢᠯᠡᠯᠳᠠ ᠎ ᠶᠢ ᠬᠦᠨᠵᠡᠭᠡᠶᠢᠷᠡᠬᠦᠯᠬᠦ ᠪᠠ ᠠᠷᠠᠯᠵᠢᠶᠠᠴᠢᠨ ᠤᠷᠢᠵᠤ ᠪᠡᠯᠨ ᠲᠠᠳᠠᠬᠤ ᠶᠢ ᠬᠦᠭᠵᠢᠯᠳᠠ ᠶᠢ ᠲᠦᠯᠬᠢᠨ ᠠᠬᠢᠭᠤᠯᠬᠤ ᠶᠢᠨ ᠬᠦᠳᠡᠯᠭᠡᠬᠦ ᠬᠦᠴᠦᠨ ᠪᠠ ᠠᠴᠢᠶᠠᠯᠠᠭᠴᠢ ᠪᠤᠯᠭᠠᠪᠠ᠃ ᠲᠠᠪᠤᠨ ᠵᠢᠯ ᠤᠨ ᠲᠤᠷᠰᠢ᠂ ᠪᠢᠳᠠ ᠢᠮᠠᠭᠳᠠ ᠦᠭᠡᠷᠡᠴᠢᠯᠡᠯᠳᠠ ᠎ ᠳᠤ ᠬᠦᠳᠡᠯᠭᠡᠬᠦ ᠬᠦᠴᠦᠨ ᠲᠠᠢ ᠪᠠᠶᠢᠬᠤ᠂ ᠴᠢᠯᠤᠭᠡᠳᠠᠢ ᠶᠠᠪᠤᠯᠴᠠᠬᠤ ᠳᠤ ᠠᠮᠢᠵᠢᠷᠠᠯ ᠤᠨ ᠬᠦᠴᠦᠨ ᠲᠠᠢ ᠪᠠᠶᠢᠬᠤ ᠶᠢ ᠪᠠᠷᠢᠮᠳᠠᠯᠠᠨ᠂ ᠦᠭᠡᠷᠡᠴᠢᠯᠡᠯᠳᠠ ᠶᠢ ᠬᠦᠨᠵᠡᠭᠡᠶᠢᠷᠡᠬᠦᠯᠬᠦ ᠪᠠ ᠠᠷᠠᠯᠵᠢᠶᠠᠴᠢᠨ ᠤᠷᠢᠵᠤ ᠪᠡᠯᠨ ᠲᠠᠳᠠᠬᠤ ᠬᠦᠴᠦᠯᠡᠴᠨ ᠎ ᠪᠠᠨ ᠨᠡᠮᠡᠭᠳᠡᠬᠦᠯᠦᠨ᠂ ︽PPP︾ ᠬᠠᠮᠳᠤᠷᠠᠨ ᠠᠵᠢᠯᠯᠠᠬᠤ ᠬᠡᠯᠪᠡᠷᠢ ᠶᠢ ᠶᠡᠭᠡᠪᠡᠷ ᠲᠡᠯᠭᠡᠷᠡᠬᠦᠯᠦᠨ᠂ ᠬᠢᠮᠢ ᠶᠢᠨ ᠠᠵᠤ ᠦᠢᠯᠡᠳᠪᠤᠷᠢ᠂ ᠡᠨᠧᠷᠬᠢ᠂ ᠵᠢᠭᠤᠯᠴᠢᠯᠠᠯ᠂ ᠬᠤᠳᠠ ᠶᠢᠨ ᠶᠠᠪᠤᠳᠠᠯ ᠤᠨ ᠲᠦᠬᠦᠭᠡᠷᠦᠮᠵᠢ ᠵᠡᠷᠭᠡ ᠨᠢᠭᠡ ᠪᠦᠯᠦᠭ ᠴᠢᠬᠤᠯᠨ ᠶᠡᠭᠡ ᠲᠦᠷᠦᠯ ᠵᠦᠢᠯ ᠢ ᠤᠷᠢᠨ ᠤᠷᠤᠭᠤᠯᠵᠤ᠂ ᠬᠤᠵᠢᠮ ᠤᠨ ᠨᠢᠭᠡ ᠬᠤᠭᠤᠴᠠᠭᠠᠨ ᠤ ᠪᠦᠬᠦ ᠬᠤᠰᠢᠭᠤᠨ ᠎ ᠤ ᠠᠵᠤ ᠠᠬᠤᠢ ᠨᠡᠶᠢᠭᠡᠮ ᠤᠨ ᠬᠦᠭᠵᠢᠯᠳᠠ ᠳᠤ ᠰᠢᠨ᠎ᠠ ᠬᠦᠳᠡᠯᠭᠡᠬᠦ ᠬᠦᠴᠦᠨ ᠬᠤᠷᠠᠮᠳᠤᠭᠤᠯᠤᠭᠰᠠᠨ ᠪᠠᠶᠢᠨ᠎ᠠ᠃      ᠲᠠᠪᠤ ᠳᠤ ᠬᠦᠮᠦᠨ ᠢᠶᠠᠷ ᠦᠨᠳᠦᠰᠤ ᠪᠤᠯᠭᠠᠬᠤ ᠶᠢ ᠢᠮᠠᠭᠳᠠ ᠪᠠᠷᠢᠮᠳᠠᠯᠠᠨ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠬᠥᠭᠵᠢᠯᠲᠡ ᠶᠢ ᠲᠦᠯᠬᠢᠨ ᠠᠬᠢᠭᠤᠯᠬᠤ ᠡᠬᠢᠯᠡᠯᠳᠠ ᠶᠢᠨ ᠴᠢᠭ᠋ ᠪᠠ ᠬᠠᠷᠠᠯᠳᠠ ᠪᠤᠯᠭᠠᠪᠠ᠃ ᠲᠠᠪᠤᠨ ᠵᠢᠯ ᠤᠨ ᠲᠤᠷᠰᠢ᠂ ᠪᠢᠳᠠ ᠢᠮᠠᠭᠳᠠ ᠬᠤᠳᠠ ᠬᠦᠳᠡᠭᠡ ᠶᠢ ᠨᠢᠭᠡᠳᠦᠯᠳᠠᠢ ᠲᠦᠯᠦᠪᠯᠡᠬᠦ᠂ ᠬᠦᠭᠵᠢᠯᠳᠡ ᠠᠷᠠᠳ ᠎ ᠲᠤ ᠦᠢᠯᠡᠴᠢᠯᠡᠬᠦ᠂ ᠠᠷᠠᠳ ᠤᠨ ᠲᠦᠯᠦᠭᠡ ᠬᠦᠭᠵᠢᠬᠦᠯᠬᠦ ᠤᠶᠢᠯᠠᠭᠠᠭᠳᠠᠬᠤᠨ ᠢ ᠵᠢᠷᠦᠮᠯᠡᠨ᠂ ᠠᠷᠠᠳ ᠤᠨ ᠠᠮᠢᠳᠤᠷᠠᠯ ᠢ ᠪᠠᠳᠤᠯᠠᠬᠤ ᠪᠠ ᠰᠠᠶᠢᠵᠢᠷᠠᠭᠤᠯᠬᠤ ᠶᠢᠨ ᠲᠤᠭᠤᠷᠢᠨ ᠳᠤ ᠦᠢᠯᠡᠳᠪᠤᠷᠢᠯᠡᠯ ᠢ ᠠᠳᠬᠤᠨ᠂ ᠲᠦᠷᠦᠯ ᠵᠦᠢᠯ ᠤᠷᠤᠭᠤᠯᠵᠤ᠂ ᠠᠷᠠᠳ ᠤᠨ ᠠᠮᠢᠳᠤᠷᠠᠯ ᠤᠨ ᠵᠠᠷᠤᠯᠭ᠎ᠠ ᠶᠢᠨ ᠡᠳ᠋ ᠤᠨ ᠵᠠᠰᠠᠭ ᠤᠨ ᠵᠠᠷᠤᠯᠭ᠎ᠠ ᠳᠠᠬᠢ ᠡᠵᠡᠯᠡᠬᠦ ᠬᠠᠷᠢᠴᠠᠯ ᠢ ᠢᠮᠠᠭᠳᠠ 60%᠎ ᠠᠴᠠ ᠲᠡᠭᠡᠭᠰᠢ ᠪᠠᠶᠢᠯᠭᠠᠬᠤ ᠶᠢ ᠪᠠᠳᠤᠯᠠᠨ᠂ ᠤᠨᠴᠠᠭᠠᠶᠢᠯᠠᠨ ᠮᠠᠯᠵᠢᠬᠤ ᠲᠠᠷᠢᠶᠠᠯᠠᠬᠤ ᠤᠷᠤᠨ ᠤ ︽ᠠᠷᠪᠠ ᠶᠢ ᠪᠦᠷᠬᠦᠭᠦᠯᠬᠦ︾ ᠢᠨᠵᠧᠨᠧᠷᠢᠩ ᠢ ᠯᠠᠪᠳᠠᠭᠤᠨ ᠪᠠᠳᠤᠳᠠᠢ ᠠᠬᠢᠭᠤᠯᠤᠭᠰᠠᠨ ᠨᠢ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠶᠢ ᠪᠡᠶᠡᠯᠡᠬᠦᠯᠬᠦ ᠳᠤ ᠨᠦᠬᠦᠴᠡᠯ ᠡᠭᠦᠳᠴᠤ᠂ ᠰᠠᠭᠤᠷᠢ ᠶᠢ ᠪᠠᠳᠤᠳᠬᠠᠭᠰᠠᠨ ᠪᠠᠶᠢᠨ᠎ᠠ᠃      ᠲᠦᠯᠦᠭᠡᠯᠡᠭᠴᠢᠳ ᠡ᠂ ᠦᠩᠭᠡᠷᠡᠭᠰᠡᠨ ᠲᠠᠪᠤᠨ ᠵᠢᠯ ᠳᠤ᠂ ᠪᠢᠳᠠ ᠬᠠᠳᠠᠭᠤᠵᠢᠨ ᠲᠠᠪᠲᠠᠭᠳᠠᠵᠤ᠂ ᠬᠢᠨᠠᠯᠳᠠ ᠰᠢᠯᠭᠠᠯᠳᠠ ᠶᠢ ᠲᠤᠭᠤᠯᠤᠨ᠂ ᠪᠦᠬᠦ ᠬᠤᠰᠢᠭᠤᠨ ᠤ ᠬᠦᠭᠵᠢᠯᠲᠡ ᠯᠠᠪᠳᠠᠭᠤᠨ ᠢᠶᠠᠷ ᠠᠯᠬᠤᠮ ᠲᠠᠪᠰᠢᠵᠠᠢ᠃ ᠡᠳᠡᠭᠡᠷ ᠠᠮᠵᠢᠯᠳᠠ ᠨᠢ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠤ ᠶᠢᠨ ᠵᠦᠪᠯᠡᠯᠭᠡᠨ ᠤ ᠬᠢᠨᠠᠯᠳᠠ ᠲᠡᠮᠵᠢᠯᠭᠡ᠂ ᠺᠠᠳ᠋ᠷ ᠤᠯᠠᠨ ᠲᠦᠮᠡᠨ ᠤ ᠬᠠᠮᠳᠤᠪᠡᠷ ᠴᠢᠷᠮᠠᠶᠢᠨ ᠲᠡᠮᠡᠴᠡᠭᠰᠡᠨ ᠤ ᠦᠷ᠎ᠠ ᠪᠦᠳᠦᠭᠡᠯ ᠪᠤᠯᠤᠨ᠎ᠠ᠃ ᠠᠳᠠ᠂ ᠪᠢ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ ᠦᠪᠡᠷᠰᠡᠳ ᠤᠨ ᠠᠵᠢᠯ ᠤᠨ ᠪᠠᠶᠢᠷᠢᠨ᠎ᠠ ᠬᠠᠳᠠᠭᠤᠵᠢᠯᠳᠠᠢ ᠠᠵᠢᠯᠯᠠᠨ᠂ ᠲᠤᠷᠠᠳᠠᠶ᠎ᠠ ᠬᠤᠪᠢ ᠨᠡᠮᠡᠷᠢ ᠪᠠᠨ ᠦᠵᠡᠬᠦᠯᠵᠤ ᠪᠠᠶᠢᠭ᠎ᠠ ᠡᠯ᠎ᠠ ᠦᠨᠳᠦᠰᠦᠳᠡᠨ ᠤ ᠺᠠᠳ᠋ᠷ ᠤᠯᠠᠨ ᠲᠦᠮᠡᠨ᠂ ᠠᠷᠠᠳ ᠤᠨ ᠲᠦᠯᠦᠭᠡᠯᠡᠭᠴᠢᠳ ᠤᠨ ᠬᠤᠷᠠᠯ ᠤᠨ ᠪᠦᠬᠦ ᠲᠦᠯᠦᠭᠡᠯᠡᠭᠴᠢᠳ᠂ ᠤᠯᠤᠰ ᠲᠦᠷᠤ ᠶᠢᠨ ᠵᠦᠪᠯᠡᠯᠭᠡᠨ ᠤ ᠪᠦᠬᠦ ᠬᠡᠰᠢᠬᠦᠳ᠂ ᠬᠡᠰᠢᠭᠳᠡᠨ ᠬᠤᠰᠢᠭᠤᠨ ᠤ ᠦᠭᠡᠷᠡᠴᠢᠯᠡᠯᠳᠠ᠂ ᠪᠦᠳᠦᠭᠡᠨ ᠪᠠᠶᠢᠭᠤᠯᠤᠯᠳᠠ ᠪᠠ ᠬᠦᠭᠵᠢᠯᠳᠡ ᠶᠢ ᠬᠠᠯᠠᠮᠵᠢᠯᠠᠨ ᠲᠡᠮᠵᠢᠵᠤ ᠪᠠᠶᠢᠭ᠎ᠠ ᠡᠯ᠎ᠠ ᠡᠳᠡᠭᠡᠳ ᠤᠨ ᠬᠦᠮᠦᠰ ᠲᠤ ᠡᠷᠬᠢᠮ ᠲᠡᠭᠡᠳᠤ ᠬᠦᠨᠳᠦᠳᠭᠡᠯ ᠪᠠ ᠴᠢᠩ ᠰᠡᠳᠬᠢᠯ ᠤᠨ ᠲᠠᠯᠠᠷᠬᠠᠯ ᠲᠡᠪᠰᠢᠬᠦᠯᠦᠶ᠎ᠠ︕      ᠲᠠᠪᠤᠨ ᠵᠢᠯ ᠳᠤ ᠬᠦᠮᠦᠰ ᠢ ᠵᠤᠷᠢᠭᠵᠢᠭᠤᠯᠤᠮ᠎ᠠ ᠠᠮᠵᠢᠯᠳᠠ ᠤᠯᠤᠭᠰᠠᠨ ᠪᠤᠯᠪᠠᠴᠤ ᠬᠦᠭᠵᠢᠯᠳᠠ ᠶᠢᠨ ᠲᠤᠮᠳᠠ ᠪᠠᠰᠠ ᠨᠢᠭᠡ ᠪᠦᠯᠦᠭ ᠤᠮᠳᠤᠭᠠᠶᠢᠯᠠᠵᠤ ᠪᠤᠯᠤᠰᠢ ᠦᠭᠡᠢ ᠵᠦᠷᠢᠴᠡᠯ ᠪᠠ ᠠᠰᠠᠭᠤᠳᠠᠯ ᠤᠷᠤᠰᠢᠵᠤ ᠪᠠᠶᠢᠭ᠎ᠠ ᠬᠡᠳᠡᠭ ᠢ ᠪᠢᠳᠡ ᠰᠡᠷᠭᠡᠭ ᠢᠶᠠᠷ ᠲᠠᠨᠢᠨ ᠮᠡᠳᠡᠬᠦ ᠴᠢᠬᠤᠯᠠᠳᠠᠢ᠄ ᠨᠢᠭᠡ ᠳᠤ ᠠᠵᠤ ᠠᠬᠤᠢ ᠶᠢᠨ ᠪᠦᠳᠦᠴᠨ ᠶᠢ ᠲᠠᠷᠤᠢ ᠰᠢᠯᠢᠳᠡᠭᠵᠢᠬᠦᠯᠬᠦ ᠴᠢᠬᠤᠯᠠᠳᠠᠢ᠃ ᠠᠵᠤ ᠦᠢᠯᠡᠰ ᠤᠨ ᠪᠦᠳᠦᠴᠨ ᠵᠤᠬᠢᠰ ᠦᠭᠡᠢ᠂ ᠬᠡᠯᠪᠡᠷᠢ ᠶᠢ ᠬᠤᠪᠢᠷᠠᠭᠤᠯᠤᠨ᠂ ᠪᠦᠳᠦᠴᠨ ᠶᠢ ᠲᠤᠬᠢᠷᠠᠭᠤᠯᠬᠤ ᠲᠤᠳᠤᠭᠠᠳᠤ ᠶᠢᠨ ᠬᠦᠳᠡᠯᠭᠡᠬᠦ ᠬᠦᠴᠦᠨ ᠲᠤᠳᠠᠮᠠᠭ᠂ ᠬᠡᠯᠬᠢᠶᠡᠵᠢᠯ ᠤᠨ ᠬᠠᠮᠤᠷᠬᠤ ᠬᠡᠪᠴᠢᠶ᠎ᠠ᠂ ᠤᠯᠠᠨ ᠡᠰᠢᠴᠢᠯᠡᠭᠰᠡᠨ ᠬᠦᠭᠵᠢᠯᠳᠠ ᠶᠢᠨ ᠲᠦᠪᠰᠢᠨ ᠲᠤᠤᠷ᠎ᠠ᠃ ᠬᠤᠶᠠᠷ ᠲᠤ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠵᠦᠷᠢᠴᠡᠯ ᠲᠤᠪᠤᠶᠢᠮ᠎ᠠ᠃ ᠠᠵᠤ ᠠᠬᠤᠶᠢᠯᠠᠯ ᠤᠨ ᠡᠷᠬᠢᠯᠳᠠ ᠬᠦᠴᠢᠷᠳᠠᠢ᠂ ᠡᠳ᠋ ᠤᠨ ᠵᠠᠰᠠᠭ ᠤᠨ ᠤᠷᠤᠯᠭ᠎ᠠ ᠶᠢᠨ ᠨᠡᠮᠡᠭᠳᠡᠯ ᠤᠳᠠᠭᠠᠰᠢᠷᠠᠨ᠂ ᠦᠷᠢ ᠶᠢᠨ ᠲᠠᠷᠤᠭᠠᠰᠤ ᠨᠡᠯᠢᠶᠡᠳ ᠬᠦᠨᠳᠤ᠂ ᠴᠠᠯᠢᠩ ᠢ ᠪᠠᠳᠤᠯᠠᠬᠤ᠂ ᠡᠷᠬᠢᠯᠳᠠ ᠶᠢ ᠪᠠᠳᠤᠯᠠᠬᠤ᠂ ᠬᠦᠭᠵᠢᠯᠳᠠ ᠶᠢ ᠪᠠᠳᠤᠯᠠᠬᠤ ᠳᠤ ᠲᠦᠢᠯ ᠤᠨ ᠶᠡᠭᠡ ᠲᠠᠷᠤᠯᠳᠠ ᠲᠤᠯᠭᠠᠷᠠᠵᠤ ᠪᠤᠢ᠃ ᠭᠤᠷᠪᠠ ᠳᠤ ᠡᠬᠢ ᠪᠠᠶᠠᠯᠢᠭ ᠤᠨ ᠤᠷᠴᠢᠨ ᠲᠤᠭᠤᠷᠢᠨ ᠤ ᠬᠢᠵᠠᠭᠠᠷᠯᠠᠯ ᠶᠠᠪᠤᠬᠤ ᠲᠤᠳᠤᠮ ᠴᠢᠩᠭᠠᠷᠠᠵᠤ ᠪᠤᠢ᠃ ᠲᠡᠯᠡᠭᠡᠢ ᠶᠢᠨ ᠭᠠᠵᠠᠷ ᠰᠢᠨᠵᠢᠯᠡᠭᠡᠨ ᠤ ᠴᠡᠴᠡᠷᠯᠢᠭ᠂ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠵᠡᠷᠭᠡ ᠠᠮᠢ ᠠᠬᠤᠢ ᠎ ᠶᠢᠨ ᠬᠠᠮᠠᠭᠠᠯᠠᠯᠳᠠ ᠶᠢᠨ ᠬᠦᠷᠢᠶ᠎ᠠ ᠬᠡᠪᠴᠢᠶ᠎ᠠ ᠨᠡᠯᠢᠶᠡᠳ ᠦᠷᠭᠡᠨ᠂ ᠲᠦᠷᠦᠯ ᠵᠦᠢᠯ ᠢ ᠬᠢᠨᠠᠨ ᠵᠦᠪᠰᠢᠶᠡᠷᠡᠬᠦ ᠪᠠ ᠪᠡᠯᠨ ᠤᠷᠤᠭᠤᠯᠤᠯᠳᠠ ᠶᠢᠨ ᠬᠦᠴᠢᠷᠳᠡᠯ ᠨᠡᠮᠡᠭᠳᠡᠨ᠂ ᠠᠵᠤ ᠠᠬᠤᠢ ᠶᠢᠨ ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ ᠪᠡᠶᠡᠯᠡᠬᠦᠯᠬᠦ ᠳᠤ ᠨᠡᠩ ᠶᠡᠭᠡ ᠴᠢᠷᠮᠠᠶᠢᠬᠤ ᠴᠢᠬᠤᠯᠠᠳᠠᠢ ᠪᠤᠯᠪᠠ᠃ ᠲᠦᠷᠪᠡ ᠳᠤ ᠲᠤᠰ ᠪᠡᠶ᠎ᠠ ᠶᠢᠨ ᠪᠠᠶᠢᠭᠤᠯᠤᠯᠳᠠ ᠶᠢ ᠲᠡᠭᠡᠭᠰᠢᠯᠡᠬᠦᠯᠬᠦ ᠴᠢᠬᠤᠯᠠᠳᠠᠢ᠃ ᠵᠠᠰᠠᠭ ᠤᠨ ᠤᠷᠳᠤᠨ ᠤ ᠡᠷᠬᠡ ᠲᠤᠰᠢᠶᠠᠯ ᠤᠨ ᠦᠭᠡᠷᠡᠴᠢᠯᠡᠯᠳᠠ ᠬᠤᠪᠢᠷᠠᠯᠳᠠ ᠨᠢ ᠰᠢᠨ᠎ᠠ ᠬᠡᠪ ᠪᠠᠶᠢᠳᠠᠯ᠂ ᠰᠢᠨ᠎ᠠ ᠱᠠᠭᠠᠷᠳᠠᠯᠭ᠎ᠠ ᠲᠠᠢ ᠬᠠᠷᠠᠬᠠᠨ ᠪᠦᠷᠢᠮᠦᠰᠦᠨ ᠵᠤᠬᠢᠴᠠᠭ᠎ᠠ ᠦᠭᠡᠢ ᠪᠠᠶᠢᠵᠤ᠂ ᠤᠨᠴᠨ ᠵᠠᠷᠢᠮ ᠭᠠᠵᠠᠷ ᠤᠷᠤᠨ ᠪᠠ ᠰᠠᠯᠠᠭ᠎ᠠ ᠮᠦᠴᠢᠷ ᠤᠨ ᠬᠠᠷᠢᠭᠤᠴᠠᠯᠭᠠᠳᠤ ᠦᠵᠡᠯ ᠤᠬᠠᠮᠰᠠᠷ᠂ ᠬᠠᠤᠯᠢ ᠲᠦᠷᠢᠮ ᠤᠨ ᠦᠵᠡᠯ ᠤᠬᠠᠮᠰᠠᠷ ᠪᠠ ᠡᠬᠦᠷᠭᠡᠯᠡᠬᠦ ᠦᠵᠡᠯ ᠤᠬᠠᠮᠰᠠᠷ ᠰᠤᠯᠨ᠂ ᠨᠠᠶᠢᠳᠠᠪᠤᠷᠢᠵᠢᠭᠤᠯᠤᠯᠳᠠ ᠪᠠ ᠬᠡᠷᠡᠭᠵᠢᠬᠦᠯᠦᠯᠳᠠ ᠶᠢ ᠠᠳᠬᠤᠬᠤ ᠬᠦᠴᠦᠯᠡᠴᠨ ᠬᠦᠷᠦᠯᠴᠡᠬᠦ ᠦᠭᠡᠢ᠃ ᠲᠡᠭᠡᠷ᠎ᠠ ᠲᠤᠷᠠᠳᠤᠭᠰᠠᠨ ᠠᠰᠠᠭᠤᠳᠠᠯ ᠪᠠ ᠲᠤᠳᠠᠭᠳᠠᠯ ᠢ ᠪᠢᠳᠡ ᠡᠷᠭᠡᠪᠰᠢ ᠲᠡᠭᠡᠳᠤ ᠬᠡᠮᠵᠢᠶ᠎ᠠ ᠪᠠᠷ ᠴᠢᠬᠤᠯᠠᠴᠢᠯᠠᠨ᠂ ᠦᠨᠡᠩᠬᠦ ᠰᠠᠶᠢᠳᠤᠷ ᠰᠢᠢᠳᠪᠤᠷᠢᠯᠡᠬᠦ ᠬᠡᠷᠡᠭᠳᠠᠢ᠃        
 
ᠢᠷᠡᠯᠲᠡ᠄ ᠬᠡᠰᠢᠭᠳᠡᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号