2016 ᠵᠠᠰᠠᠭ ᠤᠨ ᠤᠷᠳᠤᠨ ᠤ ᠠᠵᠢᠯ ᠤᠨ ᠢᠯᠡᠳᠭᠡᠯ ︵ᠬᠤᠶᠠᠷ︶
ᠨᠡᠶᠢᠲᠡᠯᠡᠭᠰᠡᠨ ᠴᠠᠭ᠄
2016/3/8
        ᠬᠤᠶᠠᠷ᠂ ︽ᠠᠷᠪᠠᠨ ᠭᠤᠷᠪᠠᠳᠤᠭᠠᠷ ᠲᠠᠪᠤ︾᠎ ᠶᠢᠨ ᠠᠵᠢᠯ ᠤᠨ ᠲᠤᠬᠢᠷᠠᠭᠤᠯᠤᠯᠳᠠ      ︽ᠠᠷᠪᠠᠨ ᠭᠤᠷᠪᠠᠳᠤᠭᠠᠷ ᠲᠠᠪᠤ︾᠎ ᠶᠢᠨ ᠬᠤᠭᠤᠴᠠᠭᠠᠨ ᠳᠤ᠂ ᠪᠠᠶᠢᠯᠳᠤᠬᠤ ᠪᠤᠳᠤᠯᠭ᠎ᠠ ᠶᠢᠨ ᠠᠵᠠ ᠲᠤᠬᠢᠶᠠᠯᠳᠤ ᠬᠤᠭᠤᠴᠠᠭᠠᠨ ᠳᠤ ᠡᠬᠦᠰᠦᠭᠰᠡᠨ ᠰᠢᠨ᠎ᠠ ᠬᠤᠪᠢᠷᠠᠯᠳᠠ ᠪᠠ ᠠᠵᠤ ᠠᠬᠤᠢ ᠶᠢᠨ ᠬᠦᠭᠵᠢᠯᠳᠠ ᠳᠤ ᠲᠤᠯᠭᠠᠷᠠᠵᠤ ᠪᠠᠶᠢᠭ᠎ᠠ ᠰᠢᠨ᠎ᠠ ᠪᠠᠶᠢᠳᠠᠯ ᠢ ᠪᠢᠳᠠ ᠬᠦᠢᠴᠡᠳ ᠲᠠᠨᠢᠬᠤ ᠶᠢᠨ ᠬᠠᠮᠳᠤ ᠤᠨᠤᠪᠴᠢᠳᠠᠢ ᠡᠵᠡᠮᠳᠡᠨ᠂ ᠨᠡᠩ ᠦᠨᠳᠦᠷ ᠪᠠᠷᠢᠮᠵᠢᠶ᠎ᠠ᠂ ᠨᠡᠩ ᠶᠡᠭᠡ ᠬᠦᠴᠦᠯᠡᠴᠨ ᠪᠠ ᠤᠨᠴᠠᠭᠠᠢ ᠠᠷᠭ᠎ᠠ ᠬᠡᠮᠵᠢᠶ᠎ᠠ ᠪᠠᠷ ᠰᠢᠨ᠎ᠠ ᠠᠵᠠ ᠲᠤᠬᠢᠶᠠᠯ ᠢ ᠵᠠᠪᠳᠤᠨ ᠠᠳᠬᠤᠵᠤ᠂ ᠰᠢᠨ᠎ᠠ ᠬᠡᠪ ᠪᠠᠶᠢᠳᠠᠯ ᠳᠤ ᠤᠳᠤᠷᠢᠳᠤᠨ ᠲᠠᠭᠠᠭᠤᠯᠵᠤ᠂ ᠰᠢᠨ᠎ᠠ ᠠᠵᠢᠯ ᠤᠨ ᠪᠠᠶᠢᠳᠠᠯ ᠢ ᠢᠯᠡᠷᠡᠬᠦᠯᠦᠨ᠎ᠠ᠃ ᠵᠠᠰᠠᠭ ᠤᠨ ᠤᠷᠳᠤᠨ ᠤ ᠠᠵᠢᠯ ᠤᠨ ᠶᠡᠷᠦᠩᠭᠡᠢ ᠱᠠᠭᠠᠷᠳᠠᠯᠭ᠎ᠠ ᠪᠤᠯ᠄ ᠰᠢᠨ᠎ᠠ ᠶᠢ ᠡᠬᠦᠳᠬᠦ᠂ ᠵᠤᠬᠢᠴᠠᠩᠭᠤᠢ᠂ ᠪᠤᠬᠢᠷᠳᠤᠯ ᠦᠭᠡᠢ᠂ ᠴᠢᠯᠤᠭᠡᠳᠠᠢ ᠶᠠᠪᠤᠯᠴᠠᠬᠤ᠂ ᠬᠠᠮᠳᠤᠪᠡᠷ ᠡᠳ᠋ᠯᠡᠬᠦ ᠬᠦᠭᠵᠢᠯᠳᠠ ᠶᠢᠨ ᠤᠶᠢᠯᠠᠭᠠᠭᠳᠠᠬᠤᠨ ᠢ ᠪᠠᠳᠤ ᠪᠠᠬᠢ ᠪᠤᠢ ᠪᠤᠯᠭᠠᠵᠤ᠂ ᠬᠦᠭᠵᠢᠯᠳᠠ ᠪᠠ ᠠᠮᠢ ᠠᠬᠤᠢ ᠬᠡᠬᠦ ᠬᠤᠶᠠᠷ ᠭᠤᠤᠯ ᠱᠤᠭᠤᠮ ᠢ ᠢᠮᠠᠭᠳᠠ ᠴᠢᠩᠭ᠎ᠠ ᠪᠠᠷᠢᠮᠳᠠᠯᠠᠨ᠂ ᠠᠵᠤ ᠠᠬᠤᠢ ᠶᠢᠨ ᠬᠦᠭᠵᠢᠯᠳᠠ ᠶᠢᠨ ᠴᠢᠨᠠᠷ ᠴᠢᠨᠰᠠᠭ᠎ᠠ ᠪᠠ ᠦᠷ᠎ᠠ ᠠᠰᠢᠭ ᠢ ᠲᠡᠭᠡᠭᠰᠢᠯᠡᠬᠦᠯᠬᠦ ᠶᠢᠨ ᠲᠤᠭᠤᠷᠢᠨ ᠳᠤ᠂ ︽ᠲᠠᠪᠤᠨ ᠶᠡᠭᠡ ᠰᠠᠭᠤᠷᠢᠨ ᠭᠠᠵᠠᠷ︾ ᠪᠠ ︽ᠬᠤᠶᠠᠷ ᠲᠤᠭᠤᠷᠢᠭ ᠨᠢᠭᠡ ᠪᠦᠰᠠ︾᠎ ᠪᠠᠷ ᠠᠴᠢᠶᠠᠯᠠᠭᠴᠢ ᠪᠤᠯᠭᠠᠵᠤ᠂ ᠬᠡᠯᠪᠡᠷᠢ ᠶᠢ ᠬᠤᠪᠢᠷᠠᠭᠤᠯᠤᠨ᠂ ᠪᠦᠳᠦᠴᠨ ᠶᠢ ᠲᠤᠬᠢᠷᠠᠭᠤᠯᠬᠤ᠂ ᠲᠡᠰ ᠲᠡᠪᠰᠢᠬᠦ ᠶᠢ ᠠᠬᠢᠭᠤᠯᠬᠤ ᠶᠢ ᠭᠤᠶᠢᠪᠢᠰᠢ ᠦᠭᠡᠢ ᠪᠠᠷᠢᠮᠳᠠᠯᠠᠨ᠂ ᠠᠮᠢ ᠠᠬᠤᠢ ᠶᠢᠨ ᠠᠵᠤ ᠦᠢᠯᠡᠳᠪᠤᠷᠢ᠂ ᠠᠮᠢ ᠠᠬᠤᠢ ᠶᠢᠨ ᠮᠠᠯ ᠠᠵᠤ ᠠᠬᠤᠢ ᠲᠠᠷᠢᠶᠠᠯᠠᠩ᠂ ᠠᠮᠢ ᠠᠬᠤᠢ ᠶᠢᠨ ᠵᠢᠭᠤᠯᠴᠢᠯᠠᠯ ᠤᠨ ᠦᠢᠯᠡᠰ ᠪᠠ ᠠᠮᠢ ᠠᠬᠤᠢ ᠶᠢᠨ ᠬᠤᠳᠠ ᠪᠠᠯᠭᠠᠰᠤᠨ ᠤ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠵᠤ᠂ ᠶᠠᠳᠠᠭᠤ ᠠᠴᠠ ᠠᠩᠬᠢᠵᠢᠷᠠᠭᠤᠯᠤᠨ ᠪᠠᠬᠢᠯᠡᠯᠳᠠ ᠰᠢᠪᠳᠤᠯᠬᠤ᠂ ᠦᠭᠡᠷᠡᠴᠢᠯᠡᠯᠳᠠ ᠶᠢ ᠬᠦᠨᠵᠡᠭᠡᠶᠢᠷᠡᠬᠦᠯᠬᠦ᠂ ᠭᠠᠳᠠᠭᠰᠢ ᠴᠢᠯᠦᠭᠡᠳᠠᠢ ᠶᠠᠪᠤᠯᠴᠠᠬᠤ ᠪᠠ ᠨᠡᠶᠢᠭᠡᠮ ᠤᠨ ᠠᠵᠢᠯ ᠦᠢᠯᠡᠰ ᠤᠨ ᠬᠦᠭᠵᠢᠯᠳᠠ ᠶᠢ ᠦᠷᠬᠦᠯᠵᠢᠯᠡᠨ ᠲᠦᠯᠬᠢᠨ ᠠᠬᠢᠭᠤᠯᠵᠤ᠂ ᠪᠦᠬᠦ ᠤᠯᠤᠰ᠂ ᠪᠦᠬᠦ ᠤᠷᠤᠨ᠂ ᠪᠦᠬᠦ ᠬᠤᠳᠠ ᠯᠤᠭ᠎ᠠ ᠵᠡᠷᠭᠡᠪᠡᠷ ᠴᠢᠨᠡᠭᠡᠯᠢᠭ ᠨᠠᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠶᠢ ᠪᠡᠶᠡᠯᠡᠬᠦᠯᠬᠦ ᠶᠢ ᠪᠠᠳᠤᠯᠠᠨ᠎ᠠ᠃      ᠭᠤᠤᠯ ᠪᠤᠯᠬᠤ ᠵᠢᠱᠢᠭᠰᠡᠨ ᠬᠠᠷᠠᠯᠳᠠ ᠪᠤᠯ᠄ 2020 ᠤᠨ ᠪᠤᠯᠬᠤ ᠳᠤ᠂ ᠪᠦᠬᠦ ᠬᠤᠰᠢᠭᠤᠨ ᠤ ᠭᠠᠵᠠᠷ ᠤᠷᠤᠨ ᠤ ᠦᠢᠯᠡᠳᠪᠤᠷᠢᠯᠡᠯ ᠤᠨ ᠶᠡᠷᠦᠩᠭᠡᠢ ᠦᠷᠳᠡᠭ ᠢ ᠵᠢᠯ ᠳᠤ ᠲᠤᠮᠳᠠᠴᠢ ᠪᠠᠷ 8% ᠤᠷᠴᠢᠮ ᠨᠡᠮᠡᠭᠳᠡᠬᠦᠯᠵᠤ᠂ 216 ᠳ᠋ᠦᠩᠰᠢᠭᠤᠷ ᠲᠦᠬᠦᠷᠢᠭ ᠲᠤ ᠬᠦᠷᠭᠡᠨ᠎ᠠ︔ ᠤᠯᠠᠨ ᠨᠡᠶᠢᠳᠠ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠶᠢ ᠵᠢᠯ ᠳᠤ ᠲᠤᠮᠳᠠᠴᠢ ᠪᠠᠷ 6% ᠤᠷᠴᠢᠮ ᠨᠡᠮᠡᠭᠳᠡᠬᠦᠯᠵᠤ᠂ 10 ᠳ᠋ᠦᠩᠰᠢᠭᠤᠷ ᠲᠦᠬᠦᠷᠢᠭ ᠲᠤ ᠬᠦᠷᠭᠡᠨ᠎ᠠ︔ ᠬᠡᠪᠴᠢᠶᠡᠵᠢᠯ ᠠᠴᠠ ᠲᠡᠭᠡᠭᠰᠢᠬᠢ ᠲᠤᠭᠳᠠᠮᠠᠯ ᠬᠦᠷᠦᠩᠭᠡ ᠶᠢᠨ ᠪᠡᠯᠨ ᠤᠷᠤᠭᠤᠯᠤᠯᠳᠠ ᠶᠢ ᠵᠢᠯ ᠳᠤ ᠲᠤᠮᠳᠠᠴᠢ ᠪᠠᠷ 13% ᠤᠷᠴᠢᠮ ᠨᠡᠮᠡᠭᠳᠡᠬᠦᠯᠵᠤ᠂ 150 ᠳ᠋ᠦᠩᠰᠢᠭᠤᠷ ᠲᠦᠬᠦᠷᠢᠭ ᠲᠤ ᠬᠦᠷᠭᠡᠨ᠎ᠠ︔ ᠨᠡᠶᠢᠭᠡᠮ ᠎ ᠤᠨ ᠬᠡᠷᠡᠭᠯᠡᠭᠡᠨ ᠤ ᠪᠤᠳᠠᠰ ᠢ ᠵᠢᠵᠢᠭᠯᠡᠨ ᠬᠤᠳᠠᠯᠳᠤᠭᠰᠠᠨ ᠶᠡᠷᠦᠩᠭᠡᠢ ᠲᠤᠭ᠎ᠠ ᠶᠢ ᠵᠢᠯ ᠳᠤ ᠲᠤᠮᠳᠠᠴᠢ ᠪᠠᠷ 11% ᠤᠷᠴᠢᠮ ᠨᠡᠮᠡᠭᠳᠡᠬᠦᠯᠵᠤ᠂ 50 ᠳ᠋ᠦᠩᠰᠢᠭᠤᠷ ᠲᠦᠬᠦᠷᠢᠭ ᠲᠤ ᠬᠦᠷᠭᠡᠨ᠎ᠠ︔ ᠬᠤᠳᠠ ᠪᠠᠯᠭᠠᠰᠤ ᠪᠠ ᠮᠠᠯᠵᠢᠬᠤ ᠲᠠᠷᠢᠶᠠᠯᠠᠬᠤ ᠤᠷᠤᠨ ᠤ ᠰᠠᠭᠤᠭᠠᠯᠢ ᠠᠷᠠᠳ ᠤᠨ ᠬᠦᠮᠦᠨ ᠲᠤᠮᠳᠠᠴᠢ ᠶᠢᠨ ᠡᠵᠡᠮᠳᠡᠵᠤ ᠪᠤᠯᠬᠤᠶᠢᠴᠨ ᠤᠷᠤᠯᠭ᠎ᠠ ᠶᠢ ᠵᠢᠯ ᠳᠤ ᠲᠤᠮᠳᠠᠴᠢ ᠪᠠᠷ ᠲᠤᠰ ᠪᠦᠷᠢ 11.5% ᠪᠠ 10% ᠤᠷᠴᠢᠮ ᠨᠡᠮᠡᠭᠳᠡᠬᠦᠯᠵᠤ᠂ ᠲᠤᠰ ᠪᠦᠷᠢ 39500 ᠲᠦᠬᠦᠷᠢᠭ ᠪᠠ 14200 ᠲᠦᠬᠦᠷᠢᠭ ᠲᠤ ᠬᠦᠷᠭᠡᠨ᠎ᠠ᠃      ᠬᠤᠶᠢᠰᠢᠳᠠ ᠶᠢᠨ ᠲᠠᠪᠤᠨ ᠵᠢᠯ ᠳᠤ᠂ ᠲᠤᠤᠷᠠᠬᠢ ᠬᠡᠳᠦᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠳᠤᠷ ᠬᠢᠨ᠎ᠠ᠄     ︵ᠨᠢᠭᠡ︶ ᠪᠤᠬᠢᠷᠳᠤᠯ ᠦᠭᠡᠢ ᠬᠦᠭᠵᠢᠯᠳᠠ ᠶᠢ ᠪᠠᠷᠢᠮᠳᠠᠯᠠᠨ᠂ ᠦᠵᠡᠰᠬᠦᠯᠡᠩᠳᠤ ᠰᠠᠶᠢᠬᠠᠨ ᠬᠡᠰᠢᠭᠳᠡᠨ ᠬᠤᠰᠢᠭᠤ ᠶᠢ ᠴᠢᠷᠮᠠᠶᠢᠨ ᠴᠤᠭᠴᠠᠯᠠᠨ᠎ᠠ᠃ ᠪᠤᠬᠢᠷᠳᠤᠯ ᠦᠭᠡᠢ ᠡᠳ᠋ ᠪᠠᠶᠠᠯᠢᠭ ᠢ ᠨᠡᠩᠳᠠ ᠨᠠᠨᠳᠢᠩᠨᠠᠨ᠂ ᠤᠷᠴᠢᠨ ᠲᠤᠭᠤᠷᠢᠨ ᠤ ᠬᠠᠮᠠᠭᠠᠯᠠᠯᠳᠠ᠂ ᠠᠮᠢ ᠠᠬᠤᠢ ᠶᠢ ᠲᠡᠷᠢᠬᠦᠨ ᠪᠠᠶᠢᠷᠢᠨ ᠳᠤ ᠲᠠᠯᠪᠢᠭᠰᠠᠨ ᠬᠦᠭᠵᠢᠯᠳᠠ ᠶᠢ ᠭᠤᠶᠢᠪᠢᠰᠢ ᠦᠭᠡᠢ ᠪᠠᠷᠢᠮᠳᠠᠯᠠᠨ᠂ ᠲᠡᠭᠷᠢ ᠨᠢ ᠴᠡᠯᠮᠡᠭ᠂ ᠲᠠᠯ᠎ᠠ ᠨᠢ ᠴᠡᠯᠡᠭᠡᠷ᠂ ᠤᠰᠤ ᠨᠢ ᠲᠤᠩᠭᠠᠯᠠᠭ ᠦᠵᠡᠰᠬᠦᠯᠡᠩᠳᠤ ᠰᠠᠶᠢᠬᠠᠨ ᠨᠤᠳᠤᠭ ᠤᠰᠤ ᠪᠠᠨ ᠦᠨᠡᠩᠬᠦ ᠬᠠᠮᠠᠭᠠᠯᠠᠨ ᠰᠠᠶᠢᠳᠤᠷ ᠪᠦᠳᠦᠭᠡᠨ ᠪᠠᠶᠢᠭᠤᠯᠵᠤ᠂ ᠠᠮᠢ ᠠᠬᠤᠢ ᠶᠢᠨ ᠲᠠᠪᠠᠭᠤᠯᠢᠭ ᠢ ᠪᠠᠬᠢᠵᠢᠬᠦᠯᠦᠨ ᠲᠡᠭᠡᠭᠰᠢᠯᠡᠬᠦᠯᠦᠨ᠎ᠠ᠃      ᠠᠮᠢ ᠠᠬᠤᠢ ᠶᠢᠨ ᠬᠠᠮᠠᠭᠠᠯᠠᠯᠳᠠ ᠪᠠ ᠪᠦᠳᠦᠭᠡᠨ ᠪᠠᠶᠢᠭᠤᠯᠤᠯᠳᠠ ᠶᠢ ᠴᠢᠩᠭᠠᠳᠬᠠᠨ᠎ᠠ᠃ ᠠᠮᠢ ᠠᠬᠤᠢ ᠶᠢᠨ ᠪᠤᠯᠪᠠᠰᠤᠨ ᠤ ᠰᠢᠯᠭᠠᠨ ᠦᠨᠡᠯᠡᠬᠦ ᠵᠤᠬᠢᠮᠵᠢ ᠶᠢ ᠲᠠᠰᠤᠷᠠᠯᠳᠠ ᠦᠭᠡᠢ ᠲᠡᠬᠦᠯᠳᠡᠷᠵᠢᠬᠦᠯᠦᠨ᠂ ᠤᠳᠤᠷᠢᠳᠬᠤ ᠺᠠᠳ᠋ᠷ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ᠂ ᠤᠷᠴᠢᠨ ᠠᠬᠤᠢ ᠶᠢᠨ ᠬᠠᠷᠢᠭᠤᠴᠠᠯᠭ᠎ᠠ ᠶᠢᠨ ᠲᠤᠰᠢᠶᠠᠯ ᠠᠴᠠ ᠰᠠᠯᠤᠭᠰᠠᠨ ᠤ ᠲᠠᠷᠠᠭᠠᠬᠢ ᠬᠢᠨᠠᠨ ᠪᠤᠳᠤᠯᠳᠠ ᠪᠠ ᠠᠮᠢ ᠠᠬᠤᠢ ᠶᠢᠨ ᠤᠷᠴᠢᠨ ᠲᠤᠭᠤᠷᠢᠨ ᠢ ᠬᠤᠬᠢᠷᠠᠭᠤᠯᠤᠭᠰᠠᠳ ᠢ ᠨᠠᠰᠤᠨ ᠲᠤᠷᠰᠢᠳᠠ ᠨᠡᠭᠡᠮᠵᠢᠯᠡᠬᠦ ᠲᠦᠷᠢᠮ ᠢ ᠪᠦᠬᠦ ᠲᠠᠯ᠎ᠠ ᠪᠠᠷ ᠲᠡᠯᠭᠡᠷᠡᠬᠦᠯᠦᠨ᠎ᠠ᠃ ᠰᠢᠨ᠎ᠠ ᠨᠢᠭᠡᠨ ᠬᠤᠭᠤᠴᠠᠭᠠᠨ ᠤ ᠨᠤᠳᠤᠭ ᠪᠡᠯᠴᠢᠭᠡᠷ ᠤᠨ ᠠᠮᠢ ᠠᠬᠤᠢ ᠶᠢᠨ ᠱᠠᠩᠨᠠᠯ ᠨᠦᠬᠦᠪᠤᠷᠢ ᠶᠢᠨ ᠲᠦᠷᠤ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠪᠢᠳᠡᠬᠦᠮᠵᠢᠯᠡᠨ ᠤᠷᠭᠤᠭᠤᠯᠵᠤ ᠪᠡᠯᠴᠢᠭᠡᠷᠯᠡᠬᠦᠯᠬᠦ ᠶᠢ ᠴᠠᠭᠠᠵᠠᠯᠠᠬᠤ᠂ ᠰᠡᠯᠬᠦᠨ ᠪᠡᠯᠴᠢᠭᠡᠷᠯᠡᠬᠦᠯᠬᠦ᠂ ᠮᠠᠯ ᠪᠡᠯᠴᠢᠭᠡᠷ ᠤᠨ ᠲᠡᠩᠴᠡᠬᠦᠷᠢ ᠶᠢ ᠪᠠᠳᠤᠯᠠᠬᠤ᠂ ᠲᠠᠷᠢᠶᠠᠨ ᠭᠠᠵᠠᠷ ᠢ ᠰᠡᠷᠬᠦᠭᠡᠨ ᠰᠡᠯᠬᠦᠨ ᠲᠠᠷᠢᠶᠠᠯᠠᠬᠤ᠂ ᠲᠠᠷᠢᠶᠠᠯᠠᠬᠤ ᠶᠢ ᠵᠤᠭᠰᠤᠭᠠᠨ ᠤᠶᠢᠵᠢᠭᠤᠯᠬᠤ᠂ ᠮᠠᠯᠵᠢᠬᠤ ᠶᠢ ᠵᠤᠭᠰᠤᠨ ᠪᠡᠯᠴᠢᠭᠡᠷ ᠰᠡᠷᠭᠦᠭᠡᠬᠦ᠂ ᠤᠢ ᠮᠤᠳᠤ ᠤᠭᠳᠤᠯᠬᠤ ᠶᠢ ᠵᠤᠭᠰᠤᠭᠠᠨ ᠤᠶᠢᠵᠢᠭᠤᠯᠬᠤ ᠵᠡᠷᠭᠡ ᠲᠦᠷᠢᠮ ᠢ ᠴᠢᠩᠭ᠎ᠠ ᠬᠡᠷᠡᠭᠵᠢᠬᠦᠯᠦᠨ᠂ ᠠᠮᠢ ᠠᠬᠤᠢ ᠶᠢᠨ ᠤᠷᠴᠢᠨ ᠲᠤᠭᠤᠷᠢᠨ ᠤ ᠦᠷᠬᠦᠯᠵᠢᠯᠡᠨ ᠰᠠᠶᠢᠵᠢᠷᠠᠬᠤ ᠶᠢ ᠲᠦᠯᠬᠢᠨ ᠠᠬᠢᠭᠤᠯᠤᠨ᠎ᠠ᠃ ᠪᠡᠭᠡᠵᠢᠩ ᠲᠢᠶᠠᠨᠵᠢᠨ ᠤ ᠡᠯᠡᠰᠦᠨ ᠤ ᠡᠬᠢ ᠶᠢᠨ Ⅱ ᠬᠤᠭᠤᠴᠠᠭ᠎ᠠ᠂ ᠲᠤᠤᠷ᠎ᠠ ᠦᠷ᠎ᠠ ᠠᠰᠢᠭᠳᠤ ᠤᠢ ᠶᠢ ᠦᠭᠡᠷᠡᠴᠢᠯᠡᠬᠦ ᠵᠡᠷᠭᠡ ᠢᠨᠵᠧᠨᠧᠷᠢᠩ ᠎ ᠳᠤ ᠲᠦᠰᠢᠭᠯᠡᠨ᠂ ᠬᠤᠯᠠᠨ ᠰᠢᠷᠭ᠎ᠠ ᠲᠠᠭ᠎ᠠ ᠶᠢᠨ ᠡᠯᠡᠰᠤ ᠪᠠ ᠰᠢᠷᠠᠮᠦ᠋ᠷᠡᠨ ᠤ ᠤᠷᠤᠰᠬᠠᠯ ᠲᠠᠭᠠᠤ ᠤᠷᠤᠨ ᠢᠶᠠᠷ ᠭᠤᠤᠯᠳᠠᠯᠭ᠎ᠠ ᠪᠤᠯᠭᠠᠨ᠂ ︽ᠠᠷᠪᠠᠨ ᠶᠡᠭᠡ ᠠᠮᠢ ᠠᠬᠤᠢ ᠶᠢ ᠵᠠᠰᠠᠬᠤ︾ ᠢᠨᠵᠧᠨᠧᠷᠢᠩ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠵᠤ᠂ 2020 ᠤᠨ ᠪᠤᠯᠳᠠᠯ᠎ᠠ ᠤᠢ ᠰᠢᠭᠤᠢ ᠶᠢᠨ ᠪᠦᠷᠬᠦᠴᠨ ᠶᠢᠨ ᠨᠤᠷᠮ᠎ᠠ ᠪᠠ ᠨᠤᠳᠤᠭ ᠪᠡᠯᠴᠢᠭᠡᠷ ᠤᠨ ᠤᠷᠭᠤᠮᠠᠯ ᠤᠨ ᠪᠦᠷᠬᠦᠴᠨ ᠶᠢ ᠲᠤᠰ ᠪᠦᠷᠢ 36.2% ᠪᠠ 52%᠎ ᠲᠤ ᠬᠦᠷᠭᠡᠨ᠎ᠠ᠃ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ᠂ ᠠᠮᠢ ᠠᠬᠤᠢ ᠶᠢᠨ ᠴᠢᠳᠠᠪᠬᠢᠳᠤ ᠤᠷᠤᠨ᠂ ᠨᠡᠶᠢᠳᠠ ᠶᠢᠨ ᠠᠰᠠᠷᠠᠮᠵᠢ ᠶᠢᠨ ᠤᠢ᠂ ᠨᠤᠭᠤ ᠭᠠᠵᠠᠷ ᠵᠡᠷᠭᠡ ᠭᠤᠤᠯᠳᠠᠯᠭ᠎ᠠ ᠲᠠᠢ ᠤᠷᠤᠨ ᠪᠦᠰᠠ ᠪᠠ ᠬᠡᠭᠡᠷ᠎ᠠ ᠶᠢᠨ ᠠᠮᠢᠳᠠᠨ ᠤᠷᠭᠤᠮᠠᠯ ᠤᠨ ᠡᠬᠢ ᠪᠠᠶᠠᠯᠢᠭ ᠤᠨ ᠬᠠᠮᠠᠭᠠᠯᠠᠯᠳᠠ ᠶᠢ ᠴᠢᠩᠭᠠᠳᠬᠠᠨ᠂ ᠡᠯᠡᠰᠦᠨ ᠭᠠᠴᠤᠷ᠎ᠠ ᠶᠢᠨ ᠰᠠᠶᠢᠨ ᠡᠬᠦᠯᠳᠡᠷ ᠎ ᠤᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠳᠠ ᠶᠢ ᠪᠡᠶᠡᠯᠡᠬᠦᠯᠵᠤ᠂ ᠬᠦᠮᠦᠨ ᠬᠢᠭᠡᠳ ᠪᠠᠶᠢᠭᠠᠯᠢ ᠶᠢᠨ ᠡᠶ᠎ᠡ ᠵᠤᠬᠢᠴᠠᠩᠭᠤᠢ ᠬᠠᠮᠳᠤᠪᠡᠷ ᠤᠷᠤᠰᠢᠬᠤ ᠶᠢ ᠠᠬᠢᠭᠤᠯᠤᠨ᠎ᠠ᠃      ᠤᠷᠴᠢᠨ ᠲᠤᠭᠤᠷᠢᠨ ᠤ ᠶᠡᠷᠦᠩᠬᠡᠶᠢᠯᠡᠨ ᠵᠠᠰᠠᠯᠳᠠ ᠶᠢ ᠲᠦᠯᠬᠢᠨ ᠠᠬᠢᠭᠤᠯᠤᠨ᠎ᠠ᠃ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠢᠨᠡᠨ ᠬᠡᠮᠵᠢᠬᠦ ᠬᠢᠨᠠᠨ ᠪᠠᠶᠢᠴᠠᠭᠠᠬᠤ ᠬᠠᠤᠯᠢ ᠬᠡᠷᠡᠭᠵᠢᠬᠦᠯᠬᠦ ᠪᠠᠶᠢᠭᠤᠯᠤᠮᠵᠢ ᠶᠢᠨ ᠰᠢᠭᠤᠳ ᠬᠠᠮᠢᠶᠠᠷᠤᠯᠳᠠ ᠶᠢᠨ ᠰᠢᠰᠲ᠋ᠧᠮ ᠤᠨ ᠦᠬᠡᠷᠡᠴᠢᠯᠡᠯᠳᠠ ᠶᠢ ᠨᠠᠶᠢᠳᠠᠪᠤᠷᠢᠵᠢᠭᠤᠯᠤᠨ᠎ᠠ᠃ ᠪᠤᠵᠠᠷ ᠤᠰᠤ ᠰᠢᠪᠠᠷ ᠢ ᠰᠢᠢᠳᠪᠤᠷᠢᠯᠡᠬᠦ᠂ ᠬᠠᠶᠠᠭᠳᠠᠮᠠᠯ ᠤᠰᠤ ᠶᠢ ᠡᠷᠬᠢᠯᠳᠡᠬᠦᠯᠦᠨ ᠠᠰᠢᠭᠯᠠᠬᠤ ᠵᠡᠷᠬᠡ ᠢᠨᠵᠧᠨᠧᠷᠢᠩ ᠢ ᠲᠦᠷᠬᠡᠳᠬᠡᠨ ᠬᠡᠷᠡᠭᠵᠢᠬᠦᠯᠦᠨ᠎ᠠ᠃ ᠡᠳᠤᠷ ᠲᠤᠳᠤᠮ ᠤᠨ ᠬᠢᠨᠡᠨ ᠬᠡᠮᠵᠢᠬᠦ ᠬᠢᠨᠡᠨ ᠬᠠᠮᠢᠶᠠᠷᠬᠤ ᠶᠢ ᠴᠢᠩᠭᠠᠳᠬᠠᠵᠤ᠂ ᠪᠤᠬᠢᠷᠳᠤᠯ ᠢ ᠵᠠᠰᠠᠵᠤ ᠭᠠᠳᠠᠭᠰᠢᠯᠠᠭᠤᠯᠬᠤ ᠶᠢ ᠪᠠᠭᠠᠰᠬᠠᠬᠤ ᠲᠦᠬᠦᠬᠡᠷᠤᠮᠵᠢ ᠶᠢᠨ ᠬᠡᠪ ᠤᠨ ᠡᠷᠬᠢᠯᠳᠠ ᠶᠢ ᠪᠠᠳᠤᠯᠠᠨ᠎ᠠ᠃ ᠪᠤᠬᠢᠷᠳᠤᠯ ᠦᠭᠡᠢ ᠠᠭᠤᠷᠬᠠᠢ ᠶᠢᠨ ᠪᠦᠳᠦᠬᠡᠨ ᠪᠠᠶᠢᠭᠤᠯᠤᠯᠳᠠ ᠶᠢ ᠦᠷᠬᠦᠯᠵᠢᠯᠡᠨ ᠲᠦᠯᠬᠢᠨ ᠠᠬᠢᠭᠤᠯᠵᠤ᠂ ᠠᠵᠤ ᠠᠬᠤᠶᠢᠯᠠᠯ ᠢ ᠤᠳᠤᠷᠢᠳᠤᠨ ᠲᠠᠭᠠᠭᠤᠯᠵᠤ ᠰᠢᠨᠵᠢᠯᠡᠬᠦ ᠤᠬᠠᠭᠠᠨ ᠮᠡᠷᠬᠡᠵᠢᠯ ᠳᠤ ᠰᠢᠨ᠎ᠡ ᠶᠢ ᠡᠬᠦᠳᠬᠦ᠂ ᠤᠷᠭᠤᠮᠠᠯ ᠤᠨ ᠪᠦᠷᠬᠦᠴᠠ ᠎ ᠶᠢ ᠰᠡᠷᠬᠦᠬᠡᠬᠦ ᠪᠠ ᠦᠢᠯᠡᠳᠪᠤᠷᠢᠯᠡᠯ ᠤᠨ ᠬᠠᠮᠢᠶᠠᠷᠤᠯᠳᠠ ᠶᠢ ᠰᠠᠶᠢᠳᠤᠷ ᠬᠢᠵᠤ᠂ ᠬᠦᠷᠦᠰᠤ ᠰᠢᠷᠤᠢ᠂ ᠤᠰᠤ᠂ ᠠᠭᠠᠷ ᠮᠠᠨᠳᠠᠯ ᠪᠤᠯᠤᠨ ᠬᠦᠨᠳᠤ ᠲᠡᠮᠦᠷᠯᠢᠭ ᠤᠨ ᠪᠤᠬᠢᠷᠳᠤᠯ ᠢ ᠰᠡᠷᠬᠡᠶᠢᠯᠡᠨ ᠵᠠᠰᠠᠬᠤ ᠬᠦᠴᠦᠯᠡᠴᠠ ᠪᠠᠨ ᠨᠡᠮᠡᠭᠳᠡᠬᠦᠯᠵᠤ᠂ ᠲᠠᠷᠢᠶᠠᠨ ᠤ ᠡᠮ᠂ ᠰᠦᠯᠢᠶᠤᠤ ᠪᠦᠷᠬᠦᠬᠦᠯ᠂ ᠬᠢᠮᠢ ᠶᠢᠨ ᠪᠤᠷᠳᠤᠭᠤᠷ ᠢ ᠪᠠᠭ᠎ᠠ ᠬᠡᠷᠡᠭᠯᠡᠬᠦ ᠶᠢ ᠲᠦᠯᠬᠢᠨ ᠠᠬᠢᠭᠤᠯᠵᠤ᠂ ᠬᠠᠶᠠᠭᠳᠠᠮᠠᠯ ᠪᠤᠳᠠᠰ ᠢ ᠬᠤᠤᠷ ᠦᠬᠡᠶᠢᠳᠡᠬᠦᠯᠤᠨ ᠰᠢᠢᠳᠪᠦᠷᠢᠯᠡᠬᠦ ᠪᠠ ᠡᠬᠢ ᠪᠠᠶᠠᠯᠢᠭ ᠪᠤᠯᠭᠠᠨ ᠠᠰᠢᠭᠯᠠᠬᠤ ᠶᠢ ᠠᠬᠢᠭᠤᠯᠤᠨ᠎ᠠ᠃ ᠤᠷᠴᠢᠨ ᠲᠤᠭᠤᠷᠢᠨ ᠤ ᠵᠦᠪᠰᠢᠶᠡᠷᠡᠯ ᠤᠯᠭᠤᠬᠤ ᠪᠠ ᠤᠷᠤᠨ ᠵᠠᠢ ᠶᠢᠨ ᠵᠠᠬᠢᠷᠤᠨ ᠬᠠᠮᠢᠶᠠᠷᠬᠤ ᠶᠢ ᠴᠢᠩᠭᠠᠳᠬᠠᠵᠤ᠂ ᠡᠨᠧᠷᠬᠢ ᠶᠢᠨ ᠬᠤᠷᠤᠭᠳᠠᠯ ᠶᠡᠭᠡ᠂ ᠪᠤᠬᠢᠷᠳᠤᠯ ᠶᠡᠭᠡ᠂ ᠨᠡᠮᠡᠭᠳᠡᠯ ᠦᠷᠳᠡᠭ ᠨᠢ ᠲᠤᠤᠷ᠎ᠠ ᠲᠦᠷᠦᠯ ᠵᠦᠢᠯ ᠢ ᠴᠢᠩᠭ᠎ᠠ ᠴᠤᠭᠴᠠᠯᠠᠨ᠎ᠠ᠃ ᠶᠡᠷᠦᠩᠬᠡᠶᠢᠯᠡᠨ ᠬᠠᠤᠯᠢ ᠬᠡᠷᠡᠭᠵᠢᠬᠦᠯᠬᠦ ᠪᠠ ᠬᠤᠯᠪᠤᠭᠠᠯᠠᠨ ᠬᠠᠤᠯᠢ ᠬᠡᠷᠡᠭᠵᠢᠬᠦᠯᠬᠦ ᠎ ᠶᠢ ᠴᠢᠩᠭᠠᠳᠬᠠᠵᠤ᠂ ᠤᠷᠴᠢᠨ ᠲᠤᠭᠤᠷᠢᠨ ᠤ ᠬᠠᠤᠯᠢ ᠶᠢ ᠵᠦᠷᠢᠴᠡᠭᠰᠡᠨ ᠡᠯ᠎ᠡ ᠲᠦᠷᠦᠯ ᠤᠨ ᠠᠵᠢᠯᠯᠠᠭ᠎ᠠ ᠳᠤ ᠴᠢᠩᠭ᠎ᠠ ᠴᠤᠬᠢᠯᠳᠠ ᠦᠭᠬᠦᠨ᠎ᠡ᠃      ᠡᠬᠢ ᠪᠠᠶᠠᠯᠢᠭ ᠢ ᠡᠷᠴᠢᠮᠳᠠᠢ ᠦᠨᠳᠤᠷ ᠪᠦᠳᠦᠮᠵᠢᠳᠠᠢ ᠠᠰᠢᠭᠯᠠᠨ᠎ᠠ᠃ ᠠᠷᠪᠢᠴᠢ ᠡᠷᠴᠢᠮᠳᠠᠢ ᠪᠠᠷ ᠭᠠᠵᠠᠷ ᠰᠢᠷᠤᠢ ᠶᠢ ᠬᠡᠷᠡᠭᠯᠡᠬᠦ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠳᠠ ᠪᠠ ᠠᠮᠢ ᠠᠬᠤᠢ ᠶᠢᠨ ᠤᠷᠴᠢᠨ ᠲᠤᠭᠤᠷᠢᠨ ᠎ ᠤ ᠬᠤᠬᠢᠷᠠᠯ ᠢ ᠲᠦᠯᠦᠬᠦ ᠬᠠᠮᠤᠭ ᠤᠨ ᠴᠢᠩᠭ᠎ᠠ ᠲᠦᠷᠢᠮ ᠢ ᠡᠷᠡᠰ ᠬᠡᠷᠡᠭᠵᠢᠬᠦᠯᠵᠤ᠂ ᠡᠨᠧᠷᠬᠢ ᠤᠰᠤᠨ ᠤ ᠡᠬᠢ ᠪᠠᠶᠠᠯᠢᠭ ᠤᠨ ᠬᠤᠷᠤᠭᠳᠠᠯ᠂ ᠪᠦᠳᠦᠬᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠶᠡᠷᠦᠩᠬᠡᠢ ᠬᠡᠮᠵᠢᠶ᠎ᠡ ᠪᠤᠯᠤᠨ ᠬᠦᠴᠦᠯᠡᠴᠠ ᠶᠢᠨ ᠬᠤᠤᠰ ᠡᠵᠡᠮᠳᠠᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠢᠨᠠᠨ ᠪᠠᠶᠢᠴᠠᠭᠠᠯᠳᠠ᠂ ᠲᠤᠭᠳᠠᠭᠰᠠᠨ ᠬᠤᠭᠤᠴᠠᠭᠠᠨ ᠳᠤ ᠨᠡᠬᠡᠬᠡᠨ ᠠᠰᠢᠭᠯᠠᠭᠰᠠᠨ ᠦᠭᠡᠢ ᠭᠠᠵᠠᠷ ᠰᠢᠷᠤᠢ ᠶᠢ ᠴᠡᠪᠡᠷᠯᠡᠬᠦ ᠵᠡᠷᠬᠡ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠨ᠎ᠡ᠃ ᠨᠡᠶᠢᠬᠡᠮ ᠤᠨ ᠬᠦᠷᠦᠩᠬᠡ ᠶᠢ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠳᠤ ᠲᠠᠳᠠᠨ ᠤᠷᠤᠭᠤᠯᠬᠤ ᠵᠠᠬ᠎ᠠ ᠲᠡᠯᠬᠡᠬᠦᠷᠴᠢᠯᠡᠭᠰᠡᠨ ᠵᠤᠬᠢᠮᠵᠢ ᠶᠢ ᠪᠠᠶᠢᠭᠤᠯᠵᠤ᠂ ᠤᠢ ᠰᠢᠭᠤᠢ ᠶᠢᠨ ᠡᠷᠬᠡ᠂ ᠤᠰᠤᠨ ᠤ ᠡᠷᠬᠡ᠂ ᠪᠤᠬᠢᠷᠳᠤᠯ ᠪᠤᠳᠠᠰ ᠎ ᠢ ᠭᠠᠳᠠᠭᠰᠢᠯᠠᠭᠤᠯᠬᠤ ᠡᠷᠬᠡ᠂ ᠨᠡᠬᠦᠷᠡᠰᠤᠳᠦ᠋ᠷᠦᠭᠴᠢ ᠶᠢ ᠭᠠᠳᠠᠭᠰᠢᠯᠠᠭᠤᠯᠬᠤ ᠡᠷᠬᠡ᠂ ᠡᠨᠧᠷᠬᠢ ᠠᠷᠪᠢᠯᠠᠬᠤ ᠰᠤᠯᠢᠯᠴᠠᠭ᠎ᠠ ᠶᠢᠨ ᠲᠦᠷᠢᠮ ᠢ ᠰᠦᠪᠡᠭᠴᠢᠯᠡᠨ ᠪᠠᠶᠢᠭᠤᠯᠤᠨ᠎ᠠ᠃ ᠡᠨᠧᠷᠬᠢ ᠠᠷᠪᠢᠯᠠᠨ ᠪᠤᠬᠢᠷᠳᠤᠯ ᠢ ᠪᠠᠭᠠᠰᠬᠠᠬᠤ ᠶᠢ ᠬᠦᠨᠵᠡᠬᠡᠢ ᠲᠦᠯᠬᠢᠨ ᠠᠬᠢᠭᠤᠯᠵᠤ᠂ ᠭᠤᠤᠯᠳᠠᠯᠭ᠎ᠠ ᠲᠠᠢ ᠠᠵᠢᠯ ᠲᠦᠷᠦᠯ᠂ ᠭᠤᠤᠯᠳᠠᠯᠭ᠎ᠠ ᠲᠠᠢ ᠠᠵᠤ ᠠᠬᠤᠶᠢᠯᠠᠯ ᠎ ᠤᠨ ᠡᠨᠧᠷᠬᠢ ᠠᠷᠪᠢᠯᠠᠨ ᠬᠤᠷᠤᠭᠳᠠᠯ ᠢ ᠪᠠᠭᠠᠰᠬᠠᠬᠤ ᠪᠠ ᠮᠡᠷᠬᠡᠵᠢᠯ ᠤᠨ ᠦᠬᠡᠷᠡᠴᠢᠯᠡᠯᠳᠠ ᠶᠢ ᠲᠦᠷᠬᠡᠳᠬᠡᠵᠤ᠂ ᠬᠤᠴᠤᠷᠤᠩᠭᠤᠢ ᠦᠢᠯᠡᠳᠪᠤᠷᠢᠯᠡᠯ ᠤᠨ ᠴᠢᠳᠠᠪᠤᠷᠢ ᠶᠢ ᠡᠷᠡᠰ ᠴᠢᠩᠭ᠎ᠠ ᠠᠷᠢᠯᠭᠠᠨ᠎ᠠ᠃ ᠪᠤᠬᠢᠷᠳᠤᠯ ᠦᠭᠡᠢ ᠤᠳᠤᠷᠢᠳᠤᠮᠵᠢ ᠶᠢ ᠲᠤᠪᠤᠶᠢᠯᠭᠠᠨ᠂ ᠲᠤᠤᠷ᠎ᠠ ᠨᠡᠬᠦᠷᠡᠰᠤᠳᠦ᠋ᠷᠦᠭᠴᠢᠳᠤ ᠦᠢᠯᠡ ᠠᠵᠢᠯᠯᠠᠭᠠᠨ ᠢ ᠦᠷᠨᠢᠬᠦᠯᠵᠤ᠂ ᠲᠤᠤᠷ᠎ᠠ ᠨᠡᠬᠦᠷᠡᠰᠤᠳᠦ᠋ᠷᠦᠭᠴᠢᠳᠤ ᠠᠮᠢᠳᠤᠷᠠᠯ ᠢ ᠰᠠᠨᠠᠭᠠᠴᠢᠯᠠᠵᠤ᠂ ᠪᠤᠬᠢᠷᠳᠤᠯ ᠦᠭᠡᠢ ᠦᠢᠯᠡᠳᠪᠤᠷᠢᠯᠡᠯ ᠤᠨ ᠬᠡᠯᠪᠡᠷᠢ ᠪᠤᠯᠤᠨ ᠬᠡᠷᠡᠭᠯᠡᠭᠡ ᠶᠢᠨ ᠬᠡᠯᠪᠡᠷᠢ ᠮᠠᠶ᠋ᠢᠭ ᠢ ᠲᠦᠷᠬᠡᠳᠬᠡᠨ ᠪᠤᠢ ᠪᠤᠯᠭᠠᠨ᠎ᠠ᠃ 2020 ᠤᠨ ᠪᠤᠯᠳᠠᠯ᠎ᠠ᠂ ᠡᠬᠢ ᠪᠠᠶᠠᠯᠢᠭ ᠲᠤ ᠠᠷᠪᠢᠴᠢ ᠭᠠᠮᠳᠠᠢ᠂ ᠤᠷᠴᠢᠨ ᠲᠤᠭᠤᠷᠢᠨ ᠳᠤ ᠨᠦᠬᠦᠷᠰᠡᠭ ᠬᠡᠯᠪᠡᠷᠢ ᠶᠢᠨ ᠨᠡᠶᠢᠬᠡᠮ ᠢ ᠠᠩᠬ᠎ᠠ ᠠᠯᠬᠤᠮ ᠴᠤᠭᠴᠠᠯᠠᠬᠤ ᠪᠠᠷ ᠴᠢᠷᠮᠠᠶᠢᠨ ᠲᠡᠮᠡᠴᠡᠨ᠎ᠡ᠃      ︵ᠬᠤᠶᠠᠷ︶ ᠰᠢᠨ᠎ᠡ ᠶᠢ ᠡᠬᠦᠳᠬᠦ ᠬᠦᠭᠵᠢᠯᠳᠠ ᠶᠢ ᠪᠠᠷᠢᠮᠳᠠᠯᠠᠵᠤ᠂ ᠪᠤᠳᠠᠳᠤ ᠬᠦᠴᠦᠨ ᠪᠦᠬᠦᠢ ᠬᠡᠰᠢᠭᠳᠡᠨ ᠬᠤᠰᠢᠭᠤ ᠶᠢ ᠴᠢᠷᠮᠠᠶᠢᠨ ᠴᠤᠭᠴᠠᠯᠠᠨ᠎ᠠ᠃ ᠬᠦᠭᠵᠢᠯᠳᠠ ᠶᠢ ᠲᠡᠷᠢᠬᠦᠨ ᠴᠢᠬᠤᠯᠠ ᠪᠠᠶᠢᠷᠢᠨ ᠳᠤ ᠲᠠᠯᠪᠢᠬᠤ ᠶᠢ ᠭᠤᠶᠢᠪᠢᠰᠢ ᠦᠭᠡᠢ ᠪᠠᠷᠢᠮᠳᠠᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠳᠦᠴᠠ ᠶᠢᠨ ᠦᠬᠡᠷᠡᠴᠢᠯᠡᠯᠳᠠ ᠶᠢ ᠨᠡᠩ ᠴᠢᠬᠤᠯᠠᠴᠢᠯᠠᠵᠤ᠂ ᠠᠵᠤ ᠦᠢᠯᠡᠰ ᠤᠨ ᠪᠦᠳᠦᠴᠠ ᠳᠤ ᠲᠤᠬᠢᠷᠠᠭᠤᠯᠤᠯᠳᠠ ᠬᠢᠬᠦ ᠶᠢ ᠲᠦᠷᠬᠡᠳᠬᠡᠵᠤ᠂ ᠠᠵᠤ ᠦᠢᠯᠡᠰ ᠎ ᠤᠨ ᠬᠦᠭᠵᠢᠯᠳᠠ ᠶᠢᠨ ᠵᠡᠷᠬᠡ ᠲᠡᠰ ᠢ ᠲᠡᠭᠡᠭᠰᠢᠯᠡᠬᠦᠯᠵᠤ᠂ ᠤᠳᠤ ᠦᠶ᠎ᠡ ᠶᠢᠨ ᠠᠵᠤ ᠦᠢᠯᠡᠰ ᠤᠨ ᠰᠢᠨ᠎ᠡ ᠰᠢᠰᠲ᠋ᠧᠮ ᠎ ᠢ ᠪᠠᠶᠢᠭᠤᠯᠵᠤ᠂ ᠲᠤᠭᠳᠠᠭᠤᠨ ᠨᠡᠮᠡᠭᠳᠡᠯ ᠪᠠ ᠪᠦᠳᠦᠴᠠ ᠶᠢᠨ ᠲᠤᠬᠢᠷᠠᠭᠤᠯᠤᠯᠳᠠ ᠶᠢ ᠬᠤᠤᠰ ᠴᠢᠭᠯᠡᠯ ᠢᠶᠠᠷ ᠠᠬᠢᠭᠤᠯᠬᠤ ᠶᠢ ᠪᠡᠶᠡᠯᠡᠬᠦᠯᠵᠤ᠂ ᠠᠵᠤ ᠠᠬᠤᠢ ᠶᠢᠨ ᠡᠷᠬᠢᠯᠳᠠ ᠶᠢ ᠵᠤᠬᠢᠰᠳᠠᠢ ᠤᠷᠤᠨ ᠵᠠᠢ ᠳᠤ ᠪᠠᠶᠢᠯᠭᠠᠬᠤ ᠶᠢ ᠪᠠᠳᠤᠯᠠᠨ᠎ᠠ᠃      ᠬᠡᠪᠴᠢᠶᠡᠵᠢᠬᠦᠯᠦᠯᠳᠠ᠂ ᠡᠷᠴᠢᠮᠵᠢᠬᠦᠯᠦᠯᠳᠠ᠂ ᠤᠯᠠᠨ ᠡᠰᠢᠵᠢᠬᠦᠯᠦᠯᠳᠠ ᠪᠠᠷ ᠬᠦᠭᠵᠢᠯᠳᠠ ᠶᠢᠨ ᠴᠢᠭᠯᠡᠯ ᠪᠤᠯᠭᠠᠵᠤ᠂ ᠰᠢᠨ᠎ᠡ ᠬᠡᠯᠪᠡᠷᠢ ᠶᠢᠨ ᠠᠵᠤ ᠦᠢᠯᠡᠳᠪᠤᠷᠢᠵᠢᠯᠳᠠ ᠶᠢᠨ ᠠᠬᠢᠴᠠ ᠶᠢ ᠲᠦᠷᠬᠡᠳᠬᠡᠵᠤ᠂ ᠠᠵᠤ ᠦᠢᠯᠡᠰ ᠢ ᠪᠤᠵᠠᠭᠠᠶᠢᠷᠠᠭᠤᠯᠬᠤ᠂ ᠤᠷᠳᠤᠳᠬᠳᠬᠤ᠂ ᠲᠡᠰ ᠲᠡᠪᠰᠢᠬᠦᠯᠬᠦ ᠶᠢ ᠲᠦᠯᠬᠢᠨ ᠠᠬᠢᠭᠤᠯᠵᠤ ᠰᠢᠨ᠎ᠡ ᠦᠷ᠎ᠡ ᠪᠦᠳᠦᠮᠵᠢ ᠤᠯᠤᠨ᠎ᠠ᠃      ᠠᠵᠤ ᠦᠢᠯᠡᠳᠪᠤᠷᠢ ᠶᠢᠨ ᠪᠦᠳᠦᠴᠠ ᠶᠢ ᠰᠢᠯᠢᠳᠡᠭᠵᠢᠬᠦᠯᠦᠨ ᠲᠤᠬᠢᠷᠠᠭᠤᠯᠬᠤ ᠶᠢ ᠲᠦᠷᠬᠡᠳᠬᠡᠨ᠎ᠡ᠃ ︽ᠤᠯᠠᠭᠠᠨᠬᠠᠳᠠ ᠰᠢᠯᠢᠩᠬᠤᠳᠠ ᠶᠢᠨ ᠤᠰᠤ ᠨᠡᠬᠦᠷᠡᠰᠤ︾᠎ ᠶᠢᠨ ᠬᠠᠮᠳᠤᠷᠠᠯᠴᠠᠭ᠎ᠠ ᠶᠢ ᠬᠦᠨᠵᠡᠬᠡᠶᠢᠷᠡᠬᠦᠯᠵᠤ᠂ ᠳ᠋ᠠ ᠲᠠᠩ ᠤᠯᠠᠨ ᠤᠯᠤᠰ ᠤᠨ ᠨᠡᠬᠦᠷᠡᠰᠤ ᠶᠢ ᠬᠡᠶᠢᠵᠢᠬᠦᠯᠬᠦ ᠲᠦᠷᠦᠯ ᠵᠦᠢᠯ ᠢ ᠪᠦᠬᠦ ᠱᠤᠭᠤᠮ ᠳᠤ ᠪᠠᠶᠢᠭᠤᠯᠤᠨ ᠲᠠᠭᠤᠰᠬᠠᠵᠤ᠂ ᠳᠠᠭᠠᠯᠳᠠ ᠪᠦᠳᠦᠬᠡᠭᠳᠡᠬᠦᠨ ᠤ ᠢᠵᠢ ᠪᠦᠷᠢᠳᠦᠬᠦᠯᠬᠦ ᠠᠵᠤ ᠠᠬᠤᠶᠢᠯᠠᠯ ᠢ ᠨᠢᠭᠳᠠᠷᠠᠭᠤᠯᠵᠤ᠂ ᠨᠡᠬᠦᠷᠡᠰᠤ ᠬᠢᠮᠢ ᠶᠢᠨ ᠠᠵᠤ ᠦᠢᠯᠡᠳᠪᠤᠷᠢ ᠶᠢᠨ ᠠᠵᠤ ᠦᠢᠯᠡᠰ ᠤᠨ ᠴᠢᠯᠦᠬᠡᠳᠠᠢ ᠪᠠᠷ ᠬᠤᠯᠪᠤᠬᠤ᠂ ᠪᠦᠬᠦ ᠶᠠᠪᠤᠴᠠ ᠶᠢ ᠨᠢᠬᠡ ᠴᠤᠭᠴᠠᠵᠢᠭᠤᠯᠬᠤ᠂ ᠲᠤᠤᠷ᠎ᠠ ᠨᠡᠬᠦᠷᠡᠰᠦᠳᠦ᠋ᠷᠦᠭᠴᠢᠳᠤ ᠡᠷᠬᠢᠯᠳᠡᠳᠤ ᠬᠦᠭᠵᠢᠯᠳᠠ ᠶᠢ ᠲᠦᠯᠬᠢᠨ ᠠᠬᠢᠭᠤᠯᠤᠨ᠎ᠠ︔ ᠬᠠᠶᠢᠯᠤᠭᠤᠷ ᠵᠤᠩᠰᠢ ᠶᠢᠨ ᠡᠬᠢ ᠪᠠᠶᠠᠯᠢᠭ ᠢ ᠦᠨᠳᠤᠷ ᠪᠦᠳᠦᠮᠵᠢᠳᠠᠢ ᠪᠠᠷ ᠠᠰᠢᠭᠯᠠᠵᠤ᠂ ᠰᠢᠨ᠎ᠡ ᠬᠡᠯᠪᠡᠷᠢ ᠶᠢᠨ ᠹᠯᠤᠷᠳᠤ ᠬᠦᠯᠳᠡᠬᠡᠬᠦ ᠡᠳ᠋᠂ ᠹᠯᠤᠷᠳᠤ ᠬᠦᠩᠬᠡᠨ ᠴᠠᠭᠠᠨ ᠤ ᠲᠦᠷᠦᠯ ᠵᠦᠢᠯ ᠢ ᠡᠮᠬᠢ ᠲᠢᠭᠯᠢᠮ ᠲᠠᠢ ᠬᠡᠷᠡᠭᠵᠢᠬᠦᠯᠵᠤ᠂ ᠹᠯᠤᠷᠳᠤ ᠬᠢᠮᠢ ᠶᠢᠨ ᠠᠵᠤ ᠦᠢᠯᠡᠳᠪᠤᠷᠢ ᠶᠢᠨ ᠠᠵᠤ ᠦᠢᠯᠡᠰ ᠤᠨ ᠬᠦᠷᠢᠶᠡᠯᠡᠩ ᠢ ᠠᠩᠬ᠎ᠠ ᠠᠯᠬᠤᠮ ᠪᠠᠶᠢᠭᠤᠯᠵᠤ᠂ ᠪᠦᠸᠧᠬᠠᠢ ᠲᠠᠩᠬᠢᠰ ᠤᠨ ᠡᠷᠬᠢᠨ ᠲᠤᠭᠤᠷᠢᠨ ᠤ ᠠᠵᠤ ᠠᠬᠤᠢ ᠶᠢᠨ ᠲᠤᠭᠤᠷᠢᠭ ᠤᠨ ᠤᠳᠤ ᠦᠶ᠎ᠡ ᠶᠢᠨ ᠬᠢᠮᠢ ᠶᠢᠨ ᠠᠵᠤ ᠦᠢᠯᠡᠳᠪᠤᠷᠢ ᠶᠢᠨ ᠦᠢᠯᠡᠳᠪᠤᠷᠢᠯᠡᠯ ᠤᠨ ᠵᠢᠱᠢᠶ᠎ᠠ ᠦᠵᠡᠬᠦᠯᠬᠦ ᠰᠠᠭᠤᠷᠢᠨ ᠭᠠᠵᠠᠷ ᠢ ᠴᠤᠭᠴᠠᠯᠠᠨ᠎ᠠ᠃ ᠡᠬᠢ ᠪᠠᠶᠠᠯᠢᠭ ᠢ ᠨᠡᠶᠢᠯᠡᠬᠦᠯᠬᠦ᠂ ᠲᠦᠪᠯᠡᠷᠡᠬᠦᠯᠦᠨ ᠪᠤᠯᠪᠠᠰᠤᠷᠠᠭᠤᠯᠬᠤ᠂ ᠨᠠᠷᠢᠯᠢᠭ ᠬᠦᠨᠵᠡᠬᠡᠢ ᠪᠤᠯᠪᠠᠰᠤᠷᠠᠭᠤᠯᠬᠤ᠂ ᠡᠷᠬᠢᠯᠳᠡᠬᠦᠯᠦᠨ ᠬᠦᠭᠵᠢᠬᠦᠯᠬᠦ ᠶᠢ ᠪᠠᠷᠢᠮᠳᠠᠯᠠᠵᠤ᠂ ᠠᠭᠤᠷᠬᠠᠢ ᠶᠢᠨ ᠡᠬᠢ ᠪᠠᠶᠠᠯᠢᠭ ᠢ ᠬᠡᠪᠴᠢᠶᠡᠵᠢᠬᠦᠯᠤᠨ ᠡᠷᠴᠢᠮᠵᠢᠬᠦᠯᠦᠨ ᠨᠡᠬᠡᠬᠡᠨ ᠬᠦᠭᠵᠢᠬᠦᠯᠵᠤ᠂ ᠷᠦᠩ ᠪᠠᠩ ᠤᠨ ᠲᠤᠰᠤ ᠪᠤᠯᠪᠠᠰᠤᠷᠠᠭᠤᠯᠬᠤ ᠬᠡᠷ ᠤᠨ ᠪᠠᠷᠠᠭᠤᠨᠳᠠᠬᠢ᠂ ᠢᠤᠢ ᠪᠤᠤ ᠶᠢᠨ ᠨᠠᠷᠠᠰᠤᠳᠠᠢ ᠳᠠᠬᠢ᠂ ᠶᠢᠨ ᠳ᠋ᠦ᠋ ᠶᠢᠨ ᠱᠢ ᠳ᠋ᠢ ᠳᠠᠬᠢ᠂ ᠭᠤᠸᠠᠩ ᠳ᠋ᠠ ᠶᠢᠨ ᠳ᠋ᠠ ᠳ᠋ᠢ ᠳᠠᠬᠢ᠂ ᠤᠯᠢᠶᠠᠰᠤᠳᠠᠢ᠂ ᠶᠢᠨ ᠾᠦᠢ ᠶᠢ ᠦᠷᠬᠡᠳᠬᠡᠨ ᠪᠠᠶᠢᠭᠤᠯᠬᠤ ᠵᠡᠷᠬᠡ ᠲᠦᠷᠦᠯ ᠵᠦᠢᠯ ᠢ ᠪᠠᠶᠢᠭᠤᠯᠵᠤ ᠲᠠᠭᠤᠰᠬᠠᠨ ᠠᠰᠢᠭᠯᠠᠯᠳᠠ ᠳᠤ ᠤᠷᠤᠭᠤᠯᠬᠤ ᠶᠢ ᠬᠦᠴᠦᠯᠡᠨ ᠠᠬᠢᠭᠤᠯᠵᠤ᠂ ᠤᠳᠤ ᠪᠠᠶᠢᠭ᠎ᠠ ᠲᠡᠮᠦᠷᠯᠢᠭ ᠪᠤᠯᠪᠠᠰᠤᠷᠠᠭᠤᠯᠬᠤ ᠠᠵᠤ ᠠᠬᠤᠶᠢᠯᠠᠯ ᠤᠨ ᠬᠦᠳᠡᠯᠭᠡᠭᠴᠢ ᠬᠦᠴᠦᠨ ᠳᠤ ᠰᠢᠨ᠎ᠡ ᠶᠢ ᠡᠬᠦᠳᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠬᠦ ᠶᠢ ᠵᠤᠷᠢᠭᠵᠢᠭᠤᠯᠵᠤ᠂ ᠦᠢᠯᠡᠳᠪᠤᠷᠢᠯᠡᠯ ᠤᠨ ᠶᠠᠪᠤᠴᠠ ᠶᠢ ᠰᠢᠯᠢᠳᠡᠭᠵᠢᠬᠦᠯᠵᠤ᠂ ᠡᠬᠢ ᠪᠠᠶᠠᠯᠢᠭ ᠤᠨ ᠶᠡᠷᠦᠩᠬᠡᠶᠢᠯᠡᠭᠰᠡᠨ ᠠᠰᠢᠭᠯᠠᠮᠵᠢ ᠪᠠ ᠠᠵᠤ ᠦᠢᠯᠡᠰ ᠤᠨ ᠨᠠᠷᠢᠯᠢᠭ ᠬᠦᠨᠵᠡᠬᠡᠢ ᠪᠤᠯᠪᠠᠰᠤᠷᠠᠭᠤᠯᠬᠤ ᠬᠢᠷᠢ ᠲᠦᠪᠰᠢᠨ ᠢ ᠲᠡᠭᠡᠭᠰᠢᠯᠡᠬᠦᠯᠵᠤ᠂ ᠥᠪᠤᠷ ᠮᠤᠩᠭᠤᠯ ᠤᠨ ᠵᠡᠬᠦᠨ ᠬᠡᠰᠡᠭ ᠤᠨ ᠭᠤᠤᠯᠳᠠᠯᠭ᠎ᠠ ᠲᠠᠢ ᠲᠡᠮᠦᠷᠯᠢᠭ ᠤᠨ ᠬᠦᠳᠡᠷ ᠰᠤᠩᠭᠤᠨ ᠪᠤᠯᠪᠠᠰᠤᠷᠠᠭᠤᠯᠬᠤ ᠰᠠᠭᠤᠷᠢᠨ ᠭᠠᠵᠠᠷ ᠢ ᠴᠤᠭᠴᠠᠯᠠᠨ᠎ᠠ᠃ ᠰᠠᠯᠬᠢᠨ᠂ ᠬᠡᠷᠡᠯ᠂ ᠤᠰᠤ᠂ ᠨᠡᠬᠦᠷᠡᠰᠤ ᠶᠢ ᠬᠤᠯᠪᠤᠭᠳᠠᠭᠤᠯᠤᠨ ᠬᠦᠭᠵᠢᠬᠦᠯᠬᠦ ᠎ ᠳᠤ ᠰᠠᠭᠤᠷᠢᠯᠠᠵᠤ᠂ ᠴᠠᠬᠢᠯᠭᠠᠨ ᠬᠦᠷᠬᠡᠬᠦ ᠤᠷᠤᠨ ᠵᠠᠢ ᠶᠢ ᠦᠷᠬᠡᠳᠬᠡᠵᠤ᠂ ᠰᠠᠯᠬᠢᠨ ᠴᠠᠬᠢᠯᠭᠠᠨ᠂ ᠤᠰᠤᠨ ᠴᠠᠬᠢᠯᠭᠠᠨ ᠂ ᠬᠡᠷᠡᠯ ᠴᠡᠨᠡᠭ ᠤᠨ ᠴᠠᠬᠢᠯᠭᠠᠨ ᠭᠠᠷᠭᠠᠬᠤ ᠳᠤ ᠰᠢᠨ᠎ᠡ ᠪᠠᠷ ᠨᠡᠮᠡᠭᠳᠡᠬᠦᠯᠦᠭᠰᠡᠨ ᠨᠡᠬᠡᠬᠡᠨ ᠬᠦᠭᠵᠢᠬᠦᠯᠬᠦ ᠬᠡᠪᠴᠢᠶᠡᠵᠢᠯ ᠎ ᠨᠢ ᠲᠤᠰᠪᠤᠷᠢ 200 ᠲᠦᠮᠡᠨ ᠺᠢᠯᠤᠸᠠᠲ᠂ 120 ᠲᠦᠮᠡᠨ ᠺᠢᠯᠤᠸᠠᠲ ᠪᠠ 5 ᠲᠦᠮᠡᠨ ᠺᠢᠯᠤᠸᠠᠲ ᠲᠤ ᠬᠦᠷᠬᠡᠵᠤ᠂ 2 × 66 ᠲᠦᠮᠡᠨ ᠺᠢᠯᠤᠸᠠᠲ ᠤᠨ ᠭᠠᠯ ᠤᠨ ᠴᠠᠬᠢᠯᠭᠠᠨ ᠤ ᠲᠦᠷᠦᠯ ᠵᠦᠢᠯ ᠤᠨ ᠡᠮᠤᠨ᠎ᠡ ᠬᠤᠭᠤᠴᠠᠭᠠᠨ ᠤ ᠠᠵᠢᠯ ᠢ ᠲᠦᠷᠬᠡᠳᠬᠡᠨ ᠠᠬᠢᠭᠤᠯᠵᠤ᠂ ᠪᠦᠸᠧᠬᠠᠢ ᠲᠠᠩᠬᠢᠰ ᠤᠨ ᠡᠷᠬᠢᠨ ᠲᠤᠭᠤᠷᠢᠨ ᠤ ᠠᠵᠤ ᠠᠬᠤᠢ ᠶᠢᠨ ᠲᠤᠭᠤᠷᠢᠭ ᠤᠨ ᠴᠡᠪᠡᠷ ᠡᠨᠧᠷᠬᠢ ᠶᠢ ᠪᠠᠳᠤᠯᠠᠬᠤ ᠪᠠ ᠭᠠᠷᠭᠠᠬᠤ ᠰᠠᠭᠤᠷᠢᠨ ᠭᠠᠵᠠᠷ ᠢ ᠴᠤᠭᠴᠠᠯᠠᠨ᠎ᠠ᠃ ᠤᠯᠤᠰ ᠤᠨ ᠭᠤᠤᠯᠯᠠᠬᠤ ᠦᠢᠯᠡᠳᠬᠦ ᠦᠢᠯᠡᠰ ᠢ ᠬᠦᠭᠵᠢᠬᠦᠯᠤᠨ ᠮᠠᠨᠳᠤᠭᠤᠯᠬᠤ ᠪᠠ ᠪᠡᠬᠡᠵᠢᠩ ᠲᠢᠶᠠᠨᠵᠢᠨ ᠾᠧᠪᠸᠢ ᠶᠢᠨ ᠭᠠᠵᠠᠷ ᠤᠷᠤᠨ ᠤ ᠦᠢᠯᠡᠳᠬᠦ ᠦᠢᠯᠡᠰ ᠤᠨ ᠲᠦᠷᠦᠯ ᠵᠦᠢᠯ ᠢ ᠭᠠᠳᠠᠭᠰᠢ ᠰᠢᠯᠵᠢᠬᠦᠯᠬᠦ ᠴᠢᠬᠤᠯᠠ ᠠᠵᠠ ᠲᠤᠬᠢᠶᠠᠯ ᠢ ᠠᠳᠬᠤᠵᠤ᠂ ᠮᠠᠰᠢᠨ ᠲᠤᠨᠤᠭ ᠦᠢᠯᠡᠳᠬᠦ᠂ ᠨᠠᠷᠢᠯᠢᠭ ᠲᠤᠨᠤᠭᠯᠠᠭᠠᠰᠤ᠂ ᠵᠠᠩᠬᠢᠯᠠᠭ᠎ᠠ ᠶᠢᠨ ᠰᠡᠯᠪᠢᠭ ᠲᠤᠨᠤᠭ ᠵᠡᠷᠬᠡ ᠬᠦᠷᠢᠶ᠎ᠡ ᠬᠡᠪᠴᠢᠶᠡᠨ ᠳᠠᠬᠢ ᠠᠵᠤ ᠦᠢᠯᠡᠰ ᠤᠨ ᠰᠢᠯᠵᠢᠯᠳᠠ ᠶᠢ ᠰᠠᠨᠠᠭᠠᠴᠢᠯᠠᠭ᠎ᠠ ᠠᠴᠠ ᠪᠠᠨ ᠲᠠᠭᠠᠭᠠᠨ ᠠᠪᠴᠤ᠂ ᠵᠡᠬᠦᠨ ᠬᠤᠶᠢᠳᠤ ᠤᠷᠤᠨ᠂ ᠤᠮᠠᠷᠠᠳᠤ ᠤᠷᠤᠨ ᠵᠢᠴᠢ ᠡᠷᠬᠢᠨ ᠲᠤᠭᠤᠷᠢᠨ ᠤ ᠤᠳᠤ ᠦᠶ᠎ᠡ ᠶᠢᠨ ᠲᠤᠨᠤᠭ ᠲᠦᠬᠦᠬᠡᠷᠤᠮᠵᠢ ᠦᠢᠯᠡᠳᠬᠦ ᠦᠢᠯᠡᠰ ᠤᠨ ᠠᠵᠢᠯ ᠬᠤᠪᠢᠶᠠᠨ ᠬᠠᠮᠵᠢᠯᠴᠠᠬᠤ ᠰᠢᠰᠲ᠋ᠧᠮ ᠳᠤ ᠲᠦᠷᠬᠡᠨ ᠠᠭᠤᠰᠤᠯᠴᠠᠭᠤᠯᠤᠨ᠎ᠠ᠃ ᠨᠡᠬᠡᠮᠡᠯ ᠤᠨ ᠦᠢᠯᠡᠰ᠂ ᠡᠮ ᠡᠮᠨᠡᠯᠬᠡ ᠵᠡᠷᠬᠡ ᠬᠦᠳᠡᠯᠮᠤᠷᠢ ᠬᠦᠴᠤ ᠨᠢᠭᠳᠠᠷᠠᠭᠰᠠᠨ ᠬᠡᠯᠪᠡᠷᠢ ᠎ ᠶᠢᠨ ᠠᠵᠤ ᠠᠬᠤᠶᠢᠯᠡᠯ ᠢ ᠤᠳᠤᠷᠢᠳᠤᠨ ᠤᠷᠤᠭᠤᠯᠵᠤ᠂ ᠠᠮᠢᠳᠤ ᠪᠤᠳᠠᠰ᠂ ᠰᠢᠨ᠎ᠡ ᠮᠠᠲ᠋ᠧᠷᠢᠶᠡᠯ᠂ ᠰᠢᠨ᠎ᠡ ᠲᠤᠨᠤᠭ ᠲᠦᠬᠦᠬᠡᠷᠤᠮᠵᠢ ᠵᠡᠷᠬᠡ ᠪᠠᠶᠢᠯᠳᠤᠬᠤ ᠪᠤᠳᠤᠯᠭ᠎ᠠ ᠶᠢᠨ ᠰᠢᠨ᠎ᠡ ᠪᠠᠷ ᠮᠡᠨᠳᠤᠭᠰᠠᠨ ᠠᠵᠤ ᠦᠢᠯᠡᠰ ᠢ ᠪᠤᠶᠢᠵᠢᠭᠤᠯᠤᠨ᠎ᠠ᠃      ᠠᠵᠤ ᠦᠢᠯᠡᠳᠪᠤᠷᠢ ᠶᠢᠨ ᠬᠦᠷᠢᠶᠡᠯᠡᠩ ᠲᠤᠭᠤᠷᠢᠭ ᠤᠨ ᠬᠦᠭᠵᠢᠯᠳᠠ ᠶᠢᠨ ᠬᠤᠷᠳᠤᠴᠠ ᠶᠢ ᠲᠡᠭᠡᠭᠰᠢᠯᠡᠬᠦᠯᠤᠨ ᠲᠡᠰ ᠲᠡᠪᠰᠢᠬᠦᠯᠬᠦ ᠶᠢ ᠲᠦᠯᠬᠢᠨ ᠠᠬᠢᠭᠤᠯᠤᠨ᠎ᠠ᠃ ᠵᠠᠬ᠎ᠠ ᠲᠡᠯᠬᠡᠬᠦᠷᠴᠢᠯᠡᠭᠰᠡᠨ ᠡᠷᠬᠢᠯᠳᠠ ᠶᠢ ᠪᠠᠷᠢᠮᠳᠠᠯᠠᠵᠤ᠂ ᠨᠡᠶᠢᠬᠡᠮ ᠎ ᠤᠨ ᠬᠦᠷᠦᠩᠬᠡ ᠶᠢ ᠬᠦᠢᠴᠡᠳ ᠠᠰᠢᠭᠯᠠᠵᠤ᠂ ᠡᠷᠬᠢᠯᠳᠡᠳᠤ ᠠᠵᠤ ᠠᠬᠤᠢ ᠶᠢᠨ ᠠᠵᠤ ᠦᠢᠯᠡᠳᠪᠤᠷᠢ ᠶᠢᠨ ᠬᠦᠷᠢᠶᠡᠯᠡᠩ ᠲᠤᠭᠤᠷᠢᠭ ᠤᠨ ᠦᠢᠯᠡᠴᠢᠯᠡᠭᠡ ᠨᠢᠭᠳᠠᠷᠠᠭᠰᠠᠨ ᠤᠷᠤᠨ ᠤ ᠪᠦᠳᠦᠬᠡᠨ ᠪᠠᠶᠢᠭᠤᠯᠤᠯᠳᠠ ᠶᠢ ᠪᠡᠶᠡᠯᠡᠬᠦᠯᠵᠤ᠂ ᠵᠡᠮ ᠬᠠᠷᠢᠯᠴᠠᠭ᠎ᠠ᠂ ᠴᠢᠮᠡᠭᠡ ᠨᠡᠪᠳᠡᠷᠡᠬᠦᠯᠬᠡ᠂ ᠴᠠᠬᠢᠯᠭᠠᠨ ᠬᠠᠩᠭᠠᠬᠤ᠂ ᠢᠯᠴᠢ ᠬᠠᠩᠭᠠᠬᠤ᠂ ᠤᠰᠤ ᠬᠠᠩᠭᠠᠬᠤ ᠪᠠ ᠤᠰᠤ ᠵᠠᠯᠠᠬᠤ ᠵᠡᠷᠬᠡ ᠢᠵᠢ ᠪᠦᠷᠢᠳᠦᠬᠦᠯᠬᠦ ᠲᠦᠬᠦᠬᠡᠷᠤᠮᠵᠢ ᠶᠢ ᠲᠡᠬᠦᠯᠳᠡᠷᠵᠢᠬᠦᠯᠵᠤ᠂ ᠬᠦᠭᠵᠢᠯᠳᠠ ᠶᠢᠨ ᠲᠤᠳᠠᠭᠳᠠᠯ ᠲᠠᠢ ᠲᠠᠯ᠎ᠠ ᠪᠠᠨ ᠬᠦᠢᠴᠡᠳ ᠨᠦᠬᠦᠪᠦᠷᠢᠯᠡᠵᠤ᠂ ᠠᠴᠢᠶᠠᠯᠠᠪᠤᠷᠢ ᠶᠢᠨ ᠴᠢᠳᠠᠪᠤᠷᠢ ᠪᠠᠨ ᠲᠡᠭᠡᠭᠰᠢᠯᠡᠬᠦᠯᠤᠨ᠎ᠡ᠃ ᠨᠡᠬᠦᠷᠡᠰᠤ ᠬᠢᠮᠢ ᠶᠢᠨ ᠠᠵᠤ ᠦᠢᠯᠡᠳᠪᠤᠷᠢ᠂ ᠦᠩᠬᠡᠳᠤ ᠲᠡᠮᠦᠷᠯᠢᠭ ᠪᠤᠯᠪᠠᠰᠤᠷᠠᠭᠤᠯᠬᠤ᠂ ᠲᠤᠨᠤᠭ ᠲᠦᠬᠦᠬᠡᠷᠤᠮᠵᠢ ᠦᠢᠯᠡᠳᠬᠦ᠂ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠡᠯ᠂ ᠹᠯᠤᠷᠳᠤ ᠬᠢᠮᠢ ᠶᠢᠨ ᠠᠵᠤ ᠦᠢᠯᠡᠳᠪᠤᠷᠢ ᠵᠡᠷᠬᠡ ᠭᠤᠤᠯᠳᠠᠯᠭ᠎ᠠ ᠎ ᠲᠠᠢ ᠠᠵᠤ ᠦᠢᠯᠡᠰ ᠢ ᠲᠤᠪᠤᠶᠢᠯᠭᠠᠵᠤ᠂ ᠨᠦᠬᠦᠴᠡᠯ ᠳᠤ ᠨᠡᠶᠢᠴᠡᠬᠦ ᠬᠤᠯᠪᠤᠭᠳᠠᠬᠤ ᠲᠦᠷᠦᠯ ᠵᠦᠢᠯ ᠢ ᠬᠦᠷᠢᠶᠡᠯᠡᠩ ᠎ ᠳᠤ ᠤᠷᠤᠭᠤᠯᠤᠨ ᠬᠦᠭᠵᠢᠬᠦᠯᠬᠦ ᠶᠢ ᠵᠤᠷᠢᠭᠵᠢᠭᠤᠯᠵᠤ᠂ ᠪᠤᠬᠢᠷᠳᠤᠯ ᠦᠭᠡᠢ ᠲᠤᠤᠷ᠎ᠠ ᠨᠡᠬᠦᠷᠡᠰᠦᠳᠦ᠋ᠷᠦᠭᠴᠢᠳᠤ ᠡᠷᠬᠢᠯᠳᠠᠳᠤ ᠬᠦᠭᠵᠢᠯᠳᠠ ᠶᠢᠨ ᠰᠢᠰᠲ᠋ᠧᠮ ᠢ ᠴᠤᠭᠴᠠᠯᠠᠨ᠎ᠠ᠃ ᠬᠦᠷᠢᠶᠡᠯᠡᠩ ᠲᠤᠭᠤᠷᠢᠭ ᠤᠨ ᠦᠢᠯᠡᠳᠪᠤᠷᠢᠯᠡᠯ᠂ ᠠᠮᠢᠳᠤᠷᠠᠯ ᠤᠨ ᠢᠵᠢ ᠪᠦᠷᠢᠳᠦᠬᠦᠯᠬᠦ ᠦᠢᠯᠡᠴᠢᠯᠡᠭᠡ ᠶᠢᠨ ᠦᠢᠯᠡᠰ ᠢ ᠢᠳᠡᠪᠬᠢᠳᠠᠢ ᠪᠠᠷ ᠬᠦᠭᠵᠢᠬᠦᠯᠵᠤ᠂ ᠥᠪᠥᠷ ᠮᠤᠩᠭᠤᠯ ᠤᠨ ᠵᠡᠬᠦᠨ ᠬᠡᠰᠡᠭ ᠤᠨ ᠭᠠᠵᠠᠷ ᠤᠷᠤᠨ ᠤ ᠴᠢᠬᠤᠯᠠ ᠠᠵᠤ ᠦᠢᠯᠡᠰ ᠪᠠ ᠬᠤᠳᠠ ᠶᠢ ᠨᠢᠬᠡ ᠴᠤᠭᠴᠠᠵᠢᠭᠤᠯᠤᠭᠰᠠᠨ ᠰᠢᠨ᠎ᠡ ᠬᠡᠯᠪᠡᠷᠢ ᠶᠢᠨ ᠠᠵᠤ ᠦᠢᠯᠡᠳᠪᠤᠷᠢ ᠶᠢᠨ ᠴᠢᠬᠤᠯᠠ ᠪᠠᠯᠭᠠᠰᠤ ᠶᠢ ᠴᠤᠭᠴᠠᠯᠠᠵᠤ᠂ ᠤᠯᠤᠰ ᠤᠨ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠭᠰᠡᠨ ᠠᠵᠤ ᠦᠢᠯᠡᠰ ᠤᠨ ᠵᠢᠱᠢᠶ᠎ᠡ ᠦᠵᠡᠬᠦᠯᠬᠦ ᠰᠠᠭᠤᠷᠢᠨ ᠭᠠᠵᠠᠷ ᠲᠤ ᠲᠡᠪᠰᠢᠨ ᠤᠷᠤᠬᠤ ᠪᠠᠷ ᠬᠦᠴᠦᠯᠡᠨ ᠴᠢᠷᠮᠠᠶᠢᠨ᠎ᠠ᠃      ᠬᠡᠪᠴᠢᠶᠡᠵᠢᠬᠦᠯᠦᠯᠳᠠ᠂ ᠪᠠᠷᠢᠮᠵᠢᠶᠠᠵᠢᠭᠤᠯᠤᠯᠳᠠ᠂ ᠡᠬᠦᠯᠳᠡᠷ ᠰᠠᠶᠢᠵᠢᠷᠠᠭᠤᠯᠬᠤ᠂ ᠠᠵᠤ ᠦᠢᠯᠡᠰᠵᠢᠯᠳᠠ᠂ ᠨᠡᠷᠡᠳᠤ ᠲᠡᠮᠳᠡᠭ ᠡᠬᠦᠳᠬᠦ᠂ ᠴᠢᠮᠡᠭᠡ ᠵᠠᠩᠬᠢᠵᠢᠯᠳᠠ ᠪᠠᠷ ᠬᠦᠭᠵᠢᠯᠳᠠ ᠶᠢᠨ ᠴᠢᠭᠯᠡᠯ ᠪᠤᠯᠭᠠᠵᠤ᠂ ᠮᠠᠯ ᠠᠵᠤ ᠠᠬᠤᠢ ᠲᠠᠷᠢᠶᠠᠯᠠᠩ ᠤᠨ ᠡᠬᠦᠯᠳᠡᠷ ᠵᠢᠴᠢ ᠠᠵᠤ ᠦᠢᠯᠡᠰᠵᠢᠯᠳᠠ ᠶᠢᠨ ᠢᠨᠵᠧᠨᠧᠷᠢᠩ ᠢ ᠬᠡᠷᠡᠭᠵᠢᠬᠦᠯᠵᠤ᠂ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠬᠦᠭᠵᠢᠯᠳᠠ ᠶᠢᠨ ᠬᠢᠷᠢ ᠲᠦᠪᠰᠢᠨ ᠢᠶᠠᠨ ᠲᠠᠰᠤᠷᠠᠯᠳᠠ ᠦᠭᠡᠢ ᠲᠡᠭᠡᠭᠰᠢᠯᠡᠬᠦᠯᠵᠤ ᠂ ᠮᠠᠯ ᠠᠵᠤ ᠠᠬᠤᠢ ᠲᠠᠷᠢᠶᠠᠯᠠᠩ ᠤᠨ ᠦᠷ᠎ᠡ ᠪᠦᠳᠦᠮᠵᠢ ᠶᠢ ᠳᠡᠭᠡᠭᠰᠢᠯᠡᠬᠦᠯᠦᠨ᠂ ᠮᠠᠯᠴᠢᠨ ᠲᠠᠷᠢᠶᠠᠴᠢᠳ ᠤᠨ ᠤᠷᠤᠯᠭ᠎ᠠ ᠶᠢ ᠨᠡᠮᠡᠭᠳᠡᠬᠦᠯᠬᠦ ᠶᠢ ᠠᠬᠢᠭᠤᠯᠤᠨ᠎ᠠ᠃      ᠮᠠᠯ ᠠᠵᠤ ᠠᠬᠤᠢ ᠲᠠᠷᠢᠶᠠᠯᠠᠩ ᠤᠨ ᠦᠨᠳᠤᠰᠤᠨ ᠨᠦᠬᠦᠴᠡᠯ ᠢ ᠰᠠᠶᠢᠵᠢᠷᠠᠭᠤᠯᠤᠨ᠎ᠠ᠃ ᠲᠠᠷᠢᠮᠠᠯ ᠲᠠᠷᠢᠬᠤ ᠲᠠᠯᠠᠪᠠᠢ ᠶᠢ ᠲᠤᠭᠳᠠᠪᠤᠷᠢᠵᠢᠭᠤᠯᠵᠤ᠂ ᠠᠮᠤ ᠪᠤᠳᠠᠭ᠎ᠠ ᠶᠢᠨ ᠠᠮᠤᠷ ᠲᠦᠪᠰᠢᠨ ᠢ ᠪᠠᠳᠤᠯᠠᠨ᠎ᠠ᠃ ︽ᠵᠠᠭᠤᠨ ᠭᠠᠴᠠᠭ᠎ᠠ ᠮᠢᠩᠭᠠᠨ ᠡᠷᠦᠬᠡ︾᠎ ᠶᠢᠨ ᠰᠢᠨᠵᠢᠯᠡᠬᠦ ᠤᠬᠠᠭᠠᠨ ᠮᠡᠷᠬᠡᠵᠢᠯ ᠤᠨ ᠵᠢᠱᠢᠶ᠎ᠡ ᠦᠵᠡᠬᠦᠯᠦᠨ ᠤᠳᠤᠷᠢᠳᠤᠨ ᠲᠠᠭᠠᠭᠤᠯᠬᠤ ᠢᠨᠵᠧᠨᠧᠷᠢᠩ ᠢ ᠲᠤᠪᠤᠶᠢᠮ᠎ᠠ ᠰᠠᠶᠢᠳᠤᠷ ᠠᠳᠬᠤᠵᠤ᠂ ᠤᠰᠤ ᠠᠷᠪᠢᠯᠠᠵᠤ ᠠᠮᠤ ᠪᠤᠳᠠᠭᠠᠨ ᠤ ᠤᠨᠠᠯᠳᠠ ᠶᠢ ᠨᠡᠮᠡᠭᠳᠡᠬᠦᠯᠬᠦ᠂ ᠮᠠᠯᠵᠢᠬᠤ ᠤᠷᠤᠨ ᠤ ᠦᠨᠳᠤᠷ ᠪᠦᠳᠦᠮᠵᠢᠳᠠᠢ ᠤᠰᠤᠨ ᠳᠤ ᠠᠷᠪᠢᠳᠠᠢ ᠲᠡᠵᠢᠬᠡᠯ ᠡᠪᠡᠰᠤ ᠪᠤᠷᠳᠤᠭ᠎ᠠ ᠎ ᠶᠢᠨ ᠭᠠᠵᠠᠷ᠂ ᠭᠠᠵᠠᠷ ᠰᠢᠷᠤᠢ ᠶᠢ ᠲᠡᠭᠰᠢᠯᠡᠬᠦ᠂ ᠲᠦᠬᠦᠬᠡᠷᠤᠮᠵᠢᠳᠤ ᠲᠠᠷᠢᠶᠠᠯᠠᠩ᠂ ᠬᠦᠷᠦᠰᠤ ᠰᠢᠷᠤᠢ ᠳᠤ ᠲᠤᠬᠢᠷᠠᠭᠤᠯᠤᠨ ᠨᠠᠶᠢᠷᠠᠯᠭ᠎ᠠ ᠲᠠᠢ ᠪᠤᠷᠳᠤᠭᠤᠷ ᠤᠷᠣᠭᠤᠯᠬᠤ᠂ ᠦᠨᠳᠤᠷ ᠪᠠᠷᠢᠮᠵᠢᠶᠠᠳᠤ ᠲᠠᠷᠢᠶᠠᠨ ᠭᠠᠵᠠᠷ ᠤᠨ ᠪᠦᠳᠦᠬᠡᠨ ᠪᠠᠶᠢᠭᠤᠯᠤᠯᠳᠠ ᠵᠡᠷᠬᠡ ᠲᠦᠷᠦᠯ ᠵᠦᠢᠯ ᠢ ᠰᠠᠶᠢᠳᠤᠷ ᠬᠡᠷᠡᠭᠵᠢᠬᠦᠯᠵᠤ᠂ ᠰᠦᠷᠴᠢᠨ ᠤᠰᠤᠯᠠᠬᠤ᠂ ᠲᠤᠰᠤᠯᠭᠠᠨ ᠤᠰᠤᠯᠠᠬᠤ᠂ ᠰᠦᠯᠢᠶᠤᠤ ᠪᠦᠷᠬᠦᠬᠦᠯ ᠢᠶᠠᠷ ᠪᠦᠷᠬᠦᠬᠦ ᠵᠡᠷᠬᠡ ᠬᠡᠷᠡᠭᠯᠡᠬᠡᠨ ᠤ ᠮᠡᠷᠬᠡᠵᠢᠯ ᠪᠤᠯᠤᠨ ᠡᠪᠡᠰᠤ ᠪᠤᠷᠳᠤᠭᠠᠨ ᠤᠩᠭᠤᠴᠠ᠂ ᠬᠢᠵᠢᠭ ᠢ ᠰᠡᠷᠬᠡᠶᠢᠯᠡᠬᠦ ᠬᠦᠷᠢᠶ᠎ᠡ ᠬᠠᠰᠢᠶ᠎ᠠ ᠵᠡᠷᠬᠡ ᠬᠡᠷᠡᠭᠯᠡᠬᠡᠨ ᠤ ᠮᠠᠰᠢᠨ ᠬᠡᠷᠡᠭᠰᠡᠯ ᠢ ᠰᠠᠶᠢᠳᠤᠷ ᠬᠡᠷᠡᠭᠯᠡᠵᠤ᠂ ᠪᠤᠭᠤᠳᠠᠢ᠂ ᠡᠷᠳᠡᠨᠢ ᠶᠢᠨ ᠰᠢᠰᠢ ᠶᠢᠨ ᠡᠬᠦᠯᠳᠡᠷ ᠢ ᠪᠦᠬᠦᠨ ᠢ ᠰᠠᠶᠢᠵᠢᠷᠠᠭᠤᠯᠬᠤ ᠶᠢ ᠪᠡᠶᠡᠯᠡᠬᠦᠯᠵᠤ᠂ ᠭᠤᠤᠯ ᠪᠤᠯᠬᠤ ᠪᠦᠳᠦᠬᠦᠯᠢᠭ ᠠᠮᠤ ᠪᠤᠷᠴᠠᠭ ᠤᠨ ᠪᠦᠳᠦᠬᠡᠭᠳᠡᠬᠦᠨ ᠤ ᠬᠡᠷᠡᠴᠢᠯᠡᠯ ᠢ ᠪᠦᠬᠦᠨ ᠢ ᠪᠡᠶᠡᠯᠡᠬᠦᠯᠵᠤ᠂ ᠲᠠᠯᠠᠪᠠᠢ ᠨᠢᠬᠡᠴᠢ ᠶᠢᠨ ᠤᠨᠠᠯᠳᠠ ᠶᠢᠨ ᠬᠢᠷᠢ ᠲᠦᠪᠰᠢᠨ ᠢ ᠦᠨᠡᠨ ᠬᠦ ᠲᠡᠭᠡᠭᠰᠢᠯᠡᠬᠦᠯᠤᠨ᠎ᠡ᠃ ᠮᠠᠯ ᠠᠵᠤ ᠠᠬᠤᠢ ᠲᠠᠷᠢᠶᠠᠯᠠᠩ ᠤᠨ ᠮᠧᠬᠠᠨᠢᠭᠴᠢᠯᠠᠭᠰᠠᠨ ᠲᠠᠷᠢᠶᠠᠯᠠᠭ᠎ᠠ ᠪᠠ ᠴᠢᠮᠡᠭᠡ ᠵᠠᠩᠬᠢᠵᠢᠯᠳᠠ ᠶᠢᠨ ᠬᠡᠷᠡᠭᠯᠡᠭᠡ ᠶᠢ ᠬᠦᠨᠵᠡᠬᠡᠢ ᠲᠡᠯᠬᠡᠷᠡᠬᠦᠯᠵᠤ᠂ ᠲᠠᠷᠢᠶᠠᠯᠠᠩ ᠦᠢᠯᠡᠳᠪᠤᠷᠢᠯᠡᠯ ᠤᠨ ᠬᠡᠷᠡᠭᠰᠡᠯ ᠳᠤ ᠬᠢᠨᠠᠯᠳᠠ ᠲᠠᠯᠪᠢᠬᠤ᠂ ᠴᠠᠭ ᠠᠭᠤᠷ ᠢ ᠬᠢᠨᠠᠨ ᠬᠡᠮᠵᠢᠬᠦ᠂ ᠡᠬᠦᠯᠳᠡᠷ ᠰᠠᠶᠢᠵᠢᠷᠠᠭᠤᠯᠬᠤ᠂ ᠬᠢᠵᠢᠭ ᠢ ᠰᠡᠷᠬᠡᠶᠢᠯᠡᠵᠤ ᠡᠵᠡᠮᠳᠡᠬᠦ ᠪᠠ ᠡᠪᠡᠳᠴᠢᠨ ᠬᠤᠷᠤᠬᠠᠢ ᠶᠢᠨ ᠬᠦᠨᠦᠬᠡᠯ ᠢ ᠰᠡᠷᠬᠡᠶᠢᠯᠡᠨ ᠵᠠᠰᠠᠬᠤ ᠵᠡᠷᠬᠡ ᠦᠢᠯᠡᠴᠢᠯᠡᠬᠡᠨ ᠤ ᠰᠢᠰᠲ᠋ᠧᠮ ᠤᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠵᠤ᠂ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠬᠦᠭᠵᠢᠯᠳᠠ ᠳᠤ ᠰᠢᠨᠵᠢᠯᠡᠬᠦ ᠤᠬᠠᠭᠠᠨ ᠮᠡᠷᠬᠡᠵᠢᠯ ᠤᠨ ᠨᠦᠬᠦᠴᠡᠯ ᠢ ᠪᠦᠷᠢᠯᠳᠦᠬᠦᠯᠵᠤ ᠦᠭᠬᠦᠨ᠎ᠡ᠃      ᠮᠠᠯ ᠠᠵᠤ ᠠᠬᠤᠢ ᠲᠠᠷᠢᠶᠠᠯᠠᠩ ᠤᠨ ᠪᠦᠳᠦᠴᠠ ᠶᠢ ᠲᠤᠬᠢᠷᠠᠭᠤᠯᠬᠤ ᠶᠢ ᠬᠦᠨᠵᠡᠬᠡᠶᠢᠷᠡᠬᠦᠯᠤᠨ᠎ᠡ᠃ ᠠᠯᠠᠰᠢᠨ ᠦᠬᠡᠷ᠂ ᠠᠯᠠᠰᠢᠨ ᠬᠤᠨᠢ᠂ ᠲᠦᠮᠦᠰᠤ᠂ ᠬᠦᠢᠳᠠᠨ ᠰᠡᠷᠢᠬᠦᠨ ᠤᠷᠤᠨ ᠤ ᠢᠳᠡᠰᠢᠨ ᠨᠤᠭᠤᠭ᠎ᠠ᠂ ᠡᠪᠡᠰᠤ ᠪᠤᠷᠳᠤᠭ᠎ᠠ ᠎ ᠶᠢᠨ ᠦᠢᠯᠡᠰ ᠢ ᠨᠡᠬᠡᠬᠡᠨ ᠬᠦᠭᠵᠢᠬᠦᠯᠬᠦ ᠲᠠᠪᠤᠨ ᠶᠡᠭᠡ ᠭᠤᠤᠯᠯᠠᠬᠤ ᠠᠵᠤ ᠦᠢᠯᠡᠰ ᠢ ᠯᠠᠪᠳᠠᠭᠤᠨ ᠢᠶᠠᠷ ᠬᠦᠭᠵᠢᠬᠦᠯᠵᠤ ᠂ ᠰᠢᠨᠵᠢᠯᠡᠬᠦ ᠤᠬᠠᠭᠠᠨᠴᠢ ᠵᠦᠢ ᠵᠤᠬᠢᠰᠳᠠᠢ ᠮᠠᠯ ᠠᠵᠤ ᠠᠬᠤᠢ ᠲᠠᠷᠢᠶᠠᠯᠠᠩ ᠤᠨ ᠰᠢᠨ᠎ᠡ ᠪᠠᠶᠢᠷᠢᠰᠢᠯ ᠢ ᠦᠨᠡᠨ ᠬᠦ ᠪᠦᠷᠢᠯᠳᠦᠬᠦᠯᠤᠨ᠎ᠡ᠃ ᠮᠠᠯ ᠰᠦᠷᠦᠭ ᠮᠠᠯ ᠤᠨ ᠡᠬᠦᠯᠳᠡᠷ ᠤᠨ ᠪᠦᠳᠦᠴᠠ ᠳᠤ ᠲᠤᠬᠢᠷᠠᠭᠤᠯᠤᠯᠳᠠ ᠬᠢᠬᠦ ᠶᠢᠨ ᠲᠤᠭᠤᠷᠢᠨ ᠳᠤ᠂ ᠮᠠᠯ ᠤᠨ ᠡᠬᠦᠯᠳᠡᠷ ᠢ ᠰᠠᠶᠢᠵᠢᠷᠠᠭᠤᠯᠬᠤ ᠠᠬᠢᠴᠠ ᠶᠢ ᠲᠦᠷᠬᠡᠳᠬᠡᠵᠤ᠂ ᠦᠬᠡᠷ᠂ ᠬᠤᠨᠢᠨ ᠤ ᠡᠬᠦᠯᠳᠡᠷ ᠢ ᠪᠦᠬᠦᠨ ᠢ ᠰᠠᠶᠢᠵᠢᠷᠠᠭᠤᠯᠬᠤ ᠪᠠᠷ ᠴᠢᠷᠮᠠᠶᠢᠨ ᠲᠡᠮᠡᠴᠡᠵᠤ᠂ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠬᠡᠵᠢᠯ ᠤᠨ ᠬᠤᠪᠢ ᠨᠡᠮᠡᠷᠢ ᠶᠢᠨ ᠨᠤᠷᠮ᠎ᠠ ᠶᠢᠨ 60%᠎ ᠶᠢ ᠰᠢᠪᠳᠤᠯᠵᠤ᠂ ᠮᠠᠯ ᠠᠵᠤ ᠠᠬᠤᠢ ᠶᠢ ᠤᠯᠠᠮᠵᠢᠯᠠᠯᠳᠤ ᠮᠠᠯᠵᠢᠯ ᠤᠨ ᠬᠡᠯᠪᠡᠷᠢ ᠠᠴᠠ ᠤᠳᠤ ᠦᠶ᠎ᠡ ᠶᠢᠨ ᠮᠠᠯᠵᠢᠯ ᠤᠨ ᠬᠡᠯᠪᠡᠷᠢ ᠲᠡᠰᠢ ᠬᠤᠪᠢᠷᠠᠭᠤᠯᠬᠤ ᠶᠢ ᠪᠡᠶᠡᠯᠡᠬᠦᠯᠤᠨ᠎ᠡ᠃ ᠮᠢᠨ ᠶᠤᠸᠠᠢ ᠵᠢᠶᠦ᠋ᠨ ᠹᠧᠩ᠂ ᠰᠢᠤᠸᠠᠢ ᠴᠤᠸᠠᠨ ᠵᠡᠷᠬᠡ ᠠᠵᠤ ᠠᠬᠤᠶᠢᠯᠠᠯ ᠤᠨ ᠦᠷ᠎ᠡ ᠶᠢᠨ ᠲᠦᠮᠦᠰᠤ ᠲᠠᠷᠢᠬᠤ ᠶᠢ ᠲᠡᠮᠵᠢᠵᠤ᠂ ᠬᠡᠪᠴᠢᠶᠡᠵᠢᠭᠰᠡᠨ᠂ ᠤᠷᠤᠨ ᠬᠡᠪᠴᠢᠶᠡᠵᠢᠭᠰᠡᠨ ᠲᠠᠷᠢᠮᠠᠯ ᠢ ᠲᠡᠯᠬᠡᠷᠡᠬᠦᠯᠵᠤ᠂ ᠲᠦᠮᠦᠰᠤ ᠲᠠᠷᠢᠬᠤ ᠲᠠᠯᠠᠪᠠᠢ ᠎ ᠶᠢ 35 ᠲᠦᠮᠡᠨ ᠮᠤ᠋ ᠤᠷᠴᠢᠮ ᠳᠤ ᠲᠤᠭᠳᠠᠪᠤᠷᠢᠵᠢᠭᠤᠯᠤᠨ᠎ᠠ᠃ ᠵᠠᠮᠰᠤ ᠲᠦᠬᠦᠬᠡᠷᠤᠮᠵᠢᠳᠤ ᠲᠠᠷᠢᠶᠠᠯᠠᠩ ᠤᠨ ᠬᠦᠷᠢᠶᠡᠯᠡᠩ ᠲᠤᠭᠤᠷᠢᠭ ᠤᠨ ᠵᠢᠱᠢᠶ᠎ᠡ ᠦᠵᠡᠬᠦᠯᠦᠨ ᠲᠠᠶᠢᠴᠢᠯᠠᠬᠤ ᠦᠢᠯᠡᠳᠤᠯ ᠢ ᠪᠠᠳᠠᠷᠠᠭᠤᠯᠵᠤ᠂ ᠲᠦᠬᠦᠭᠡᠷᠤᠮᠵᠢᠳᠤ ᠨᠤᠭᠤᠭ᠎ᠠ ᠵᠢᠮᠢᠰ ᠤᠨ ᠠᠵᠤ ᠦᠢᠯᠡᠰ ᠢ ᠬᠦᠴᠦᠯᠡᠨ ᠬᠦᠭᠵᠢᠬᠦᠯᠵᠤ᠂ 2020 ᠤᠨ ᠪᠤᠯᠳᠠᠯ᠎ᠠ᠂ ᠨᠠᠷᠠᠨ ᠤ ᠬᠡᠷᠡᠯ ᠎ ᠤᠨ ᠬᠦᠯᠡᠮᠵᠢ ᠪᠤᠯᠤᠨ ᠰᠦᠯᠢᠶᠤᠤ ᠰᠠᠷᠠᠪᠴᠢ ᠶᠢᠨ ᠲᠠᠯᠠᠪᠠᠢ ᠶᠢ ᠲᠤᠰᠪᠤᠷᠢ 1 ᠲᠦᠮᠡᠨ ᠮᠤ᠋ ᠪᠠ 1.5 ᠲᠦᠮᠡᠨ ᠮᠤ᠋ ᠎ ᠳᠤ ᠬᠦᠷᠬᠡᠬᠦ ᠪᠠᠷ ᠴᠢᠷᠮᠠᠶᠢᠨ ᠲᠡᠮᠡᠴᠡᠨ᠎ᠡ᠃ ᠲᠠᠷᠢᠮᠠᠯ ᠡᠪᠡᠰᠤ ᠪᠤᠯᠤᠨ ᠬᠠᠳᠤᠯᠠᠩ ᠪᠡᠯᠴᠢᠬᠡᠷ ᠢ ᠦᠬᠡᠷᠡᠴᠢᠯᠡᠨ ᠰᠠᠶᠢᠵᠢᠷᠠᠭᠤᠯᠬᠤ ᠬᠦᠴᠦᠯᠡᠴᠠ ᠪᠠᠨ ᠨᠡᠮᠡᠭᠳᠡᠬᠦᠯᠵᠤ᠂ ᠡᠪᠡᠰᠤ ᠬᠠᠳᠠᠭᠠᠯᠬᠤ ᠦᠷᠳᠡᠭᠡ ᠶᠢ 5 ᠭᠠᠵᠠᠷ ᠲᠤ ᠰᠢᠨ᠎ᠡ ᠪᠠᠷ ᠪᠠᠶᠢᠭᠤᠯᠤᠨ᠂ ᠨᠡᠶᠢᠳᠠ 500 ᠲᠦᠮᠡᠨ ᠮᠤ᠋ ᠡᠪᠡᠰᠤ ᠲᠠᠷᠢᠨ᠎ᠠ᠃      ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰᠵᠢᠭᠰᠡᠨ ᠡᠵᠡᠩᠨᠡᠯᠳᠠ ᠶᠢ ᠲᠦᠯᠬᠢᠨ ᠠᠬᠢᠭᠤᠯᠤᠨ᠎ᠠ᠃ ᠰᠢᠯᠵᠢᠬᠦᠯᠤᠨ ᠲᠠᠭᠠᠭᠠᠴᠢᠯᠠᠭᠤᠯᠬᠤ᠂ ᠲᠦᠷᠢᠶᠡᠰᠤᠯᠡᠬᠦᠯᠬᠦ᠂ ᠬᠠᠷᠢᠯᠴᠠᠨ ᠰᠤᠯᠢᠬᠤ᠂ ᠰᠢᠯᠵᠢᠬᠦᠯᠤᠨ ᠦᠭᠬᠦ᠂ ᠬᠤᠪᠢ ᠤᠷᠤᠭᠤᠯᠬᠤ ᠵᠡᠷᠬᠡ ᠤᠯᠠᠨ ᠵᠦᠢᠯ ᠤᠨ ᠠᠷᠭ᠎ᠠ ᠬᠡᠯᠪᠡᠷᠢ ᠪᠠᠷ᠂ ᠭᠠᠵᠠᠷ ᠰᠢᠷᠤᠢ᠂ ᠬᠠᠳᠤᠯᠠᠩ ᠪᠡᠯᠴᠢᠬᠡᠷ ᠢ ᠲᠤᠯᠤᠭᠠᠶᠢᠯᠠᠭᠴᠢ ᠠᠵᠤ ᠠᠬᠤᠶᠢᠯᠠᠯ᠂ ᠲᠠᠷᠢᠮᠠᠯ ᠤᠨ ᠦᠢᠯᠡᠰ ᠤᠨ ᠲᠤᠮᠤ ᠡᠷᠦᠬᠡ᠂ ᠬᠡᠷ ᠪᠦᠯᠢ ᠶᠢᠨ ᠮᠠᠯᠵᠢᠯ ᠲᠠᠷᠢᠶᠠᠯᠠᠩ ᠤᠨ ᠲᠠᠯᠠᠪᠠᠢ ᠪᠤᠯᠤᠨ ᠲᠤᠰᠬᠠᠢ ᠬᠤᠷᠰᠢᠶᠠᠵᠢᠯ ᠲᠡᠰᠢ ᠲᠦᠪᠯᠡᠷᠡᠬᠦᠯᠬᠦ ᠶᠢ ᠲᠦᠷᠬᠡᠳᠬᠡᠵᠤ᠂ 2020 ᠤᠨ ᠪᠤᠯᠳᠠᠯ᠎ᠠ᠂ ᠭᠠᠵᠠᠷ ᠰᠢᠷᠤᠢ ᠶᠢᠨ ᠡᠷᠬᠢᠯᠳᠠ ᠶᠢᠨ ᠨᠤᠷᠮ᠎ᠠ ᠶᠢ 80%᠎ ᠳᠤ ᠬᠦᠷᠬᠡᠬᠦ ᠪᠠᠷ ᠴᠢᠷᠮᠠᠶᠢᠨ ᠲᠡᠮᠡᠴᠡᠨ᠎ᠡ ᠃ ᠮᠠᠯ ᠠᠵᠤ ᠠᠬᠤᠢ ᠲᠠᠷᠢᠶᠠᠯᠠᠩ ᠳᠤ ᠬᠤᠯᠪᠤᠭᠳᠠᠭᠰᠠᠨ ᠲᠤᠰᠬᠠᠢ ᠬᠤᠷᠰᠢᠶᠠᠵᠢᠯ ᠤᠨ ᠡᠵᠡᠩᠨᠡᠯᠳᠠ ᠬᠠᠮᠢᠶᠠᠷᠤᠯᠳᠠ ᠎ ᠶᠢ ᠲᠦᠷᠢᠮᠵᠢᠬᠦᠯᠵᠤ᠂ ᠲᠤᠯᠤᠭᠠᠶᠢᠯᠠᠭᠴᠢ ᠠᠵᠤ ᠠᠬᠤᠶᠢᠯᠠᠯ ᠢ ᠤᠷᠤᠭᠤᠯᠬᠤ ᠶᠢᠨ ᠬᠠᠮᠳᠤ ᠲᠤᠯᠤᠭᠠᠶᠢᠯᠠᠭᠴᠢ ᠠᠵᠤ ᠠᠬᠤᠶᠢᠯᠠᠯ ᠤᠨ ᠬᠦᠭᠵᠢᠯᠳᠠ ᠶᠢ ᠶᠡᠭᠡ ᠬᠦᠴᠦᠨ ᠢᠶᠠᠷ ᠲᠡᠮᠵᠢᠨ ᠲᠡᠳᠬᠦᠵᠤ᠂ ᠬᠡᠷ ᠪᠦᠯᠢ ᠶᠢᠨ ᠡᠵᠡᠩᠨᠡᠯᠳᠠ ᠪᠠᠷ ᠰᠠᠭᠤᠷᠢ ᠪᠤᠯᠭᠠᠵᠤ᠂ ᠬᠠᠮᠳᠤᠷᠠᠨ ᠠᠵᠢᠯᠯᠠᠬᠤ ᠪᠠ ᠬᠤᠯᠪᠤᠭᠠᠯᠠᠬᠤ ᠪᠠᠷ ᠬᠤᠯᠪᠤᠭᠠᠰᠤ ᠪᠤᠯᠭᠠᠵᠤ᠂ ᠨᠡᠶᠢᠬᠡᠮᠴᠢᠯᠡᠭᠰᠡᠨ ᠦᠢᠯᠡᠴᠢᠯᠡᠭᠡ ᠪᠠᠷ ᠲᠤᠯᠭᠠᠭᠤᠷᠢ ᠪᠤᠯᠭᠠᠭᠰᠠᠨ ᠪᠡᠶᠡᠳᠤ ᠬᠡᠯᠪᠡᠷᠢ ᠶᠢᠨ᠂ ᠨᠡᠶᠢᠯᠡᠮᠡᠯ ᠬᠡᠯᠪᠡᠷᠢ ᠶᠢᠨ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠡᠵᠡᠩᠨᠡᠯᠳᠠ ᠶᠢᠨ ᠰᠢᠰᠲ᠋ᠧᠮ ᠢ ᠲᠦᠷᠬᠡᠳᠬᠡᠨ ᠴᠤᠭᠴᠠᠯᠠᠨ᠎ᠠ᠃ ᠨᠡᠷᠡᠳᠤ ᠲᠡᠮᠳᠡᠭ ᠎ ᠤᠨ ᠪᠠᠶᠢᠭᠤᠯᠤᠯᠳᠠ ᠶᠢ ᠤᠯᠠᠮ ᠴᠢᠬᠤᠯᠠᠴᠢᠯᠠᠵᠤ᠂ ᠶᠢᠨ ᠹᠧᠩ᠂ ᠳ᠋ᠧ ᠮᠸᠢ᠂ ᠾᠧ ᠰᠢᠶᠠᠩ᠂ ᠵᠢᠶᠦ᠋ᠨ ᠿᠠᠨ ᠵᠡᠷᠬᠡ ᠤᠷᠤᠨ ᠨᠤᠳᠤᠭ ᠤᠨ ᠠᠵᠤ ᠠᠬᠤᠶᠢᠯᠠᠯ ᠢ ᠲᠡᠮᠵᠢᠨ ᠲᠡᠳᠬᠦᠵᠤ ᠪᠤᠵᠠᠭᠠᠶᠢᠷᠠᠭᠤᠯᠤᠨ ᠬᠦᠴᠦᠷᠬᠡᠭᠵᠢᠬᠦᠯᠵᠤ᠂ ᠵᠤᠤ ᠤᠳᠠ ᠬᠤᠨᠢ᠂ ᠲᠠᠯᠠᠢ ᠨᠠᠭᠤᠷ ᠤᠨ ᠵᠢᠭᠠᠰᠤ᠂ ᠤᠨᠴᠠᠯᠢᠭᠳᠤ ᠬᠡᠭᠡᠷ᠎ᠡ ᠶᠢᠨ ᠨᠤᠭᠤᠭ᠎ᠠ ᠵᠡᠷᠬᠡ ᠪᠦᠳᠦᠬᠡᠭᠳᠡᠬᠦᠨ ᠤ ᠨᠦᠯᠦᠬᠡᠯᠡᠬᠦ ᠬᠦᠴᠤᠨ ᠢ ᠦᠷᠬᠡᠳᠬᠡᠵᠤ᠂ ᠡᠯ᠎ᠡ ᠲᠦᠷᠦᠯ ᠤᠨ ᠠᠵᠤ ᠠᠬᠤᠶᠢᠯᠠᠯ ᠤᠨ ᠨᠠᠷᠡᠳᠤ᠂ ᠠᠯᠳᠠᠷᠳᠤ᠂ ᠴᠤᠤᠳᠤ ᠲᠠᠸᠠᠷ ᠤᠨ ᠲᠡᠮᠳᠡᠭ ᠢᠶᠠᠷ ᠡᠷᠡᠮᠡᠯᠵᠡᠨ ᠮᠡᠳᠡᠬᠦᠯᠬᠦ ᠶᠢ ᠲᠡᠮᠵᠢᠵᠤ᠂ ᠤᠨᠴᠠᠯᠢᠭᠳᠤ ᠮᠠᠯ ᠲᠠᠷᠢᠶᠠᠯᠠᠩ ᠤᠨ ᠪᠦᠳᠦᠬᠡᠭᠳᠡᠬᠦᠨ ᠢ ᠬᠡᠰᠢᠭᠳᠡᠨ ᠬᠤᠰᠢᠭᠤᠨ ᠠᠴᠠ ᠪᠦᠬᠦ ᠤᠯᠤᠰ ᠲᠤ ᠭᠠᠷᠭᠠᠬᠤ᠂ ᠲᠡᠭᠡᠳᠤ ᠲᠡᠰ ᠤᠨ ᠵᠠᠬ᠎ᠠ ᠲᠡᠯᠬᠡᠬᠦᠷ ᠲᠤ ᠤᠷᠤᠭᠤᠯᠬᠤ ᠶᠢ ᠲᠦᠯᠬᠢᠨ ᠠᠬᠢᠭᠤᠯᠤᠨ᠎ᠠ᠃ ᠦᠢᠯᠡᠳᠪᠤᠷᠢ ᠬᠤᠳᠠᠯᠳᠤᠭᠠᠨ ᠤ ᠬᠦᠷᠦᠩᠬᠡ ᠶᠢ ᠵᠤᠷᠢᠭᠵᠢᠭᠤᠯᠬᠤ ᠪᠠ ᠤᠳᠤᠷᠢᠳᠤᠨ ᠲᠠᠭᠠᠭᠤᠯᠵᠤ ᠮᠠᠯ ᠠᠵᠤ ᠠᠬᠤᠢ ᠲᠠᠷᠢᠶᠠᠯᠠᠩ ᠳᠤ ᠪᠡᠯᠡ ᠤᠷᠤᠭᠤᠯᠵᠤ᠂ ᠮᠢᠬᠠᠨ ᠎ ᠤ ᠵᠦᠢᠯ᠂ ᠤᠷᠭᠠᠨᠢᠭ ᠪᠦᠳᠦᠬᠦᠯᠢᠭ ᠠᠮᠤ᠂ ᠤᠷᠭᠠᠨᠢᠭ ᠢᠳᠡᠰᠢᠨ ᠨᠤᠭᠤᠭ᠎ᠠ ᠵᠡᠷᠬᠡ ᠤᠨᠴᠠᠯᠢᠭᠳᠤ ᠪᠦᠳᠦᠬᠡᠭᠳᠡᠬᠦᠨ ᠢ ᠨᠠᠷᠢᠯᠢᠭ ᠬᠦᠨᠵᠡᠬᠡᠢ ᠪᠤᠯᠪᠠᠰᠤᠷᠠᠭᠤᠯᠬᠤ ᠬᠡᠪᠴᠢᠶᠡᠵᠢᠯ ᠢ ᠦᠷᠬᠡᠳᠬᠡᠵᠤ᠂ ᠦᠢᠯᠡᠳᠪᠤᠷᠢᠯᠡᠨ ᠪᠤᠶᠢᠵᠢᠭᠤᠯᠬᠤ᠂ ᠬᠦᠨᠵᠡᠬᠡᠢ ᠪᠤᠯᠪᠠᠰᠤᠷᠠᠭᠤᠯᠬᠤ᠂ ᠠᠷᠠᠯᠵᠢᠶ᠎ᠠ ᠬᠤᠳᠠᠯᠳᠤᠭᠠᠨ ᠳᠤ ᠬᠦᠢᠯᠬᠡᠬᠡᠬᠦ ᠵᠡᠷᠬᠡ ᠭᠤᠭᠴᠤᠭ᠎ᠠ ᠶᠢᠨ ᠤᠷᠭᠠᠨᠢᠭ ᠤᠶᠠᠯᠳᠤᠯ ᠢ ᠠᠬᠢᠭᠤᠯᠵᠤ᠂ ᠮᠠᠯ ᠠᠵᠤ ᠠᠬᠤᠢ ᠲᠠᠷᠢᠶᠠᠯᠠᠩ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠦᠭᠵᠢᠯᠳᠠ ᠶᠢ ᠲᠦᠯᠬᠢᠨ ᠠᠬᠢᠭᠤᠯᠵᠤ᠂ ᠪᠦᠸᠧᠬᠠᠢ ᠲᠠᠩᠬᠢᠰ ᠤᠨ ᠡᠷᠬᠢᠨ ᠲᠤᠭᠤᠷᠢᠨ ᠤ ᠠᠵᠤ ᠠᠬᠤᠢ ᠶᠢᠨ ᠲᠤᠭᠤᠷᠢᠭ ᠤᠨ ᠪᠤᠬᠢᠷᠳᠤᠯ ᠦᠭᠡᠢ ᠮᠠᠯ ᠲᠠᠷᠢᠶᠠᠯᠠᠩ ᠤᠨ ᠪᠦᠳᠦᠬᠡᠭᠳᠡᠬᠦᠨ ᠢ ᠦᠢᠯᠡᠳᠪᠤᠷᠢᠯᠡᠬᠦ ᠪᠤᠯᠪᠠᠰᠤᠷᠠᠭᠤᠯᠬᠤ ᠭᠠᠷᠭᠠᠬᠤ ᠰᠠᠭᠤᠷᠢᠨ ᠭᠠᠵᠠᠷ ᠢ ᠴᠤᠭᠴᠠᠯᠠᠨ᠎ᠠ᠃ ︽ᠠᠷᠪᠠᠨ ᠭᠤᠷᠪᠠᠳᠤᠭᠠᠷ ᠲᠠᠪᠤ︾᠎ ᠶᠢᠨ ᠬᠤᠭᠤᠴᠠᠭᠠᠨ ᠳᠤ᠂ ᠤᠯᠤᠰ ᠪᠤᠯᠤᠨ ᠦᠪᠡᠷᠳᠡᠬᠡᠨ ᠵᠠᠰᠠᠬᠤ ᠤᠷᠤᠨ ᠤ ᠲᠡᠰ ᠤᠨ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰᠵᠢᠭᠰᠡᠨ ᠲᠤᠯᠤᠭᠠᠶᠢᠯᠠᠭᠴᠢ ᠠᠵᠤ ᠠᠬᠤᠶᠢᠯᠠᠯ ᠢ 5᠎ ᠠᠴᠠ ᠲᠡᠭᠡᠭᠰᠢ ᠰᠢᠨ᠎ᠡ ᠪᠠᠷ ᠨᠡᠮᠡᠭᠳᠡᠬᠦᠯᠤᠨ᠎ᠠ᠃      ᠲᠦᠷᠢᠮᠵᠢᠬᠦᠯᠦᠯᠳᠠ᠂ ᠵᠠᠬ᠎ᠠ ᠲᠡᠯᠬᠡᠬᠦᠷᠴᠢᠯᠡᠯᠳᠠ᠂ ᠨᠡᠶᠢᠬᠡᠮᠴᠢᠯᠡᠯᠳᠠ ᠪᠠᠷ ᠬᠦᠭᠵᠢᠯᠳᠠ ᠶᠢᠨ ᠴᠢᠭᠯᠡᠯ ᠪᠤᠯᠭᠠᠵᠤ ᠂ ᠦᠢᠯᠡᠴᠢᠯᠡᠬᠡᠨ ᠤ ᠦᠢᠯᠡᠰ ᠤᠨ ᠤᠳᠤᠬᠢᠴᠢᠯᠠᠯᠳᠠ ᠶᠢᠨ ᠠᠬᠢᠴᠠ ᠶᠢ ᠲᠦᠷᠬᠡᠳᠬᠡᠵᠤ᠂ ᠠᠵᠤ ᠠᠬᠤᠢ ᠶᠢᠨ ᠬᠦᠭᠵᠢᠯᠳᠠ ᠶᠢᠨ ᠰᠢᠨ᠎ᠡ ᠬᠦᠳᠡᠯᠬᠡᠭᠴᠢ ᠬᠦᠴᠦᠨ ᠢ ᠴᠢᠷᠮᠠᠶᠢᠨ ᠴᠤᠭᠴᠠᠯᠠᠨ᠎ᠠ᠃      ᠵᠢᠭᠤᠯᠴᠢᠯᠠᠯ ᠤᠨ ᠦᠢᠯᠡᠰ ᠢ ᠲᠦᠷᠢᠮᠵᠢᠬᠦᠯᠦᠨ ᠲᠡᠭᠡᠭᠰᠢᠯᠡᠬᠦᠯᠤᠨ᠎ᠡ᠃ ᠵᠢᠭᠤᠯᠴᠢᠯᠠᠯ ᠤᠨ ᠡᠵᠡᠩᠨᠡᠯᠳᠠ ᠬᠠᠮᠢᠶᠠᠷᠤᠯᠳᠠ ᠶᠢᠨ ᠰᠢᠰᠲ᠋ᠧᠮ ᠤᠨ ᠵᠤᠬᠢᠮᠵᠢ ᠶᠢ ᠤᠯᠠᠮ ᠨᠢᠬᠡ ᠠᠯᠬᠤᠮ ᠡᠮᠬᠢᠯᠠᠵᠤ᠂ ᠵᠢᠭᠤᠯᠴᠢᠯᠠᠯ ᠤᠨ ᠤᠷᠤᠨ᠂ ᠵᠢᠭᠤᠯᠴᠢᠯᠠᠯ ᠤᠨ ᠦᠢᠯᠡᠴᠢᠯᠡᠬᠡᠨ ᠤ ᠭᠠᠵᠠᠷ ᠤᠨ ᠬᠠᠮᠢᠶᠠᠷᠤᠯᠳᠠ ᠶᠢ ᠲᠦᠷᠢᠮᠵᠢᠬᠦᠯᠵᠤ᠂ ᠰᠠᠯᠠᠭ᠎ᠠ ᠮᠦᠴᠢᠷ ᠬᠤᠯᠪᠤᠭᠠᠯᠠᠨ ᠬᠠᠤᠯᠢ ᠬᠡᠷᠡᠭᠵᠢᠬᠦᠯᠬᠦ ᠶᠢ ᠴᠢᠩᠭᠠᠳᠬᠠᠵᠤ᠂ ᠨᠤᠳᠤᠭ ᠪᠡᠯᠴᠢᠬᠡᠷ ᠢ ᠬᠠᠤᠯᠢ ᠪᠤᠰᠤ ᠪᠠᠷ ᠡᠵᠡᠯᠡᠨ ᠬᠡᠷᠡᠭᠯᠡᠬᠦ ᠶᠢ ᠴᠡᠭᠴᠡᠯᠡᠨ ᠵᠠᠰᠠᠬᠤ᠂ ᠵᠢᠭᠤᠯᠴᠢᠯᠠᠯ ᠤᠨ ᠵᠠᠬ᠎ᠠ ᠲᠡᠯᠬᠡᠬᠦᠷ ᠤᠨ ᠡᠮᠬᠢ ᠲᠢᠭᠯᠢᠮ ᠢ ᠴᠡᠭᠴᠡᠯᠡᠨ ᠵᠠᠰᠠᠬᠤ ᠵᠡᠷᠬᠡ ᠲᠤᠰᠬᠠᠢ ᠲᠦᠷᠦᠯ ᠤᠨ ᠠᠵᠢᠯᠯᠠᠭᠠᠨ ᠢ ᠦᠷᠬᠦᠯᠵᠢᠯᠡᠨ ᠦᠷᠨᠢᠬᠦᠯᠵᠤ᠂ ᠲᠦᠷᠢᠮᠵᠢᠬᠦᠨ ᠡᠮᠬᠢ ᠲᠢᠭᠯᠢᠮ ᠲᠠᠢ᠂ ᠡᠶ᠎ᠡ ᠵᠤᠬᠢᠴᠠᠯᠳᠠᠢ ᠲᠤᠭᠳᠠᠭᠤᠨ ᠵᠢᠭᠤᠯᠴᠢᠯᠠᠯ ᠤᠨ ᠦᠢᠯᠡᠴᠢᠯᠡᠬᠡᠨ ᠤ ᠤᠷᠴᠢᠨ ᠲᠤᠭᠤᠷᠢᠨ ᠢ ᠦᠨᠡᠨ ᠬᠦ ᠪᠦᠷᠢᠯᠳᠦᠬᠦᠯᠤᠨ᠎ᠡ᠃ ᠵᠢᠭᠤᠯᠴᠢᠯᠠᠯ ᠤᠨ ᠡᠬᠢ ᠪᠡᠶᠠᠯᠢᠭ ᠢ ᠡᠮᠬᠢᠯᠡᠨ ᠨᠡᠶᠢᠯᠡᠬᠦᠯᠬᠦ ᠬᠦᠴᠦᠯᠡᠴᠠ ᠪᠠᠨ ᠨᠡᠮᠡᠭᠳᠡᠬᠦᠯᠵᠤ᠂ ᠵᠢᠭᠤᠯᠴᠢᠯᠠᠯ ᠤᠨ ᠺᠤᠮᠫᠠᠨᠢ ᠶᠢᠨ ᠪᠦᠬᠦᠯᠢ ᠴᠤᠭᠴᠠ ᠶᠢᠨ ᠵᠠᠬ᠎ᠠ ᠲᠡᠯᠬᠡᠬᠦᠷ ᠲᠤ ᠭᠠᠷᠭᠠᠬᠤ ᠠᠵᠢᠯ ᠢ ᠢᠳᠡᠪᠬᠢᠳᠠᠢ ᠪᠠᠷ ᠲᠦᠯᠬᠢᠨ ᠠᠬᠢᠭᠤᠯᠤᠨ᠎ᠠ᠃ ᠤᠯᠤᠰ ᠤᠨ 5A ᠲᠡᠰ ᠤᠨ ᠦᠵᠡᠮᠵᠢ ᠶᠢᠨ ᠤᠷᠤᠨ ᠢ ᠪᠦᠬᠦ ᠬᠦᠴᠦᠨ ᠢᠶᠠᠷ ᠴᠤᠭᠴᠠᠯᠠᠵᠤ᠂ ᠬᠤᠨᠤᠭ ᠪᠠᠭᠤᠳᠠᠯ ᠢᠳᠡᠬᠡᠨ ᠤᠮᠳᠠᠭᠠᠨ᠂ ᠵᠤᠭ᠎ᠠ ᠴᠡᠩᠬᠡᠯ᠂ ᠵᠢᠭᠤᠯᠴᠢᠯᠠᠯ ᠤᠨ ᠡᠳ᠋ ᠪᠠᠷᠠᠭ᠎ᠠ ᠬᠤᠳᠠᠯᠳᠤᠨ ᠠᠪᠬᠤ ᠵᠡᠷᠬᠡ ᠬᠦᠯᠢᠶᠡᠨ ᠠᠪᠬᠤ ᠲᠦᠬᠦᠬᠡᠷᠤᠮᠵᠢ ᠪᠤᠯᠤᠨ ᠵᠠᠮ ᠬᠠᠷᠢᠯᠴᠠᠭ᠎ᠠ᠂ ᠲᠡᠮᠳᠡᠭ ᠫᠠᠶᠢᠰᠠ᠂ ᠲᠡᠷᠬᠡᠨ ᠵᠤᠭᠰᠤᠭᠠᠯ ᠵᠡᠷᠬᠡ ᠦᠢᠯᠡᠴᠢᠯᠡᠬᠡᠨ ᠤ ᠲᠦᠬᠦᠬᠡᠷᠤᠮᠵᠢ ᠶᠢ ᠲᠦᠷᠬᠡᠳᠬᠡᠨ ᠲᠡᠬᠦᠯᠳᠡᠷᠵᠢᠬᠦᠯᠵᠤ᠂ ᠲᠦᠬᠦᠮ ᠲᠦᠳᠠ᠂ ᠰᠢᠯᠢᠳᠡᠭ ᠦᠨᠳᠤᠷ ᠪᠦᠳᠦᠮᠵᠢᠳᠠᠢ ᠵᠢᠭᠤᠯᠴᠢᠯᠠᠯ ᠤᠨ ᠦᠢᠯᠡᠴᠢᠯᠡᠬᠡᠨ ᠤ ᠰᠢᠰᠲ᠋ᠧᠮ ᠢ ᠴᠤᠭᠴᠠᠯᠠᠵᠤ᠂ ᠬᠡᠰᠢᠭᠳᠡᠨ ᠤ ᠵᠢᠭᠤᠯᠴᠢᠯᠠᠯ ᠤᠨ ᠨᠡᠷ᠎ᠡ ᠲᠡᠮᠳᠡᠭ ᠤᠨ ᠠᠭᠤᠯᠤᠭᠳᠠᠬᠤᠨ ᠢ ᠳᠡᠭᠡᠭᠰᠢᠯᠡᠬᠦᠯᠦᠨ᠎ᠡ᠃ ᠵᠢᠭᠤᠯᠴᠢᠯᠠᠯ ᠤᠨ ᠤᠷᠤᠨ ᠤ ᠦᠪᠡᠷᠮᠢᠴᠠ ᠤᠨᠴᠠᠯᠢᠭ ᠢ ᠲᠤᠪᠤᠶᠢᠯᠭᠠᠵᠤ᠂ ᠵᠦᠷᠢᠶᠡᠳᠤ ᠬᠦᠭᠵᠢᠯᠳᠠ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠤ᠂ ᠬᠤᠩᠭᠤ ᠶᠢᠨ ᠲᠠᠪᠠᠭ᠎ᠠ ᠶᠢᠨ ᠤᠯᠠᠨ ᠤᠯᠤᠰ ᠤᠨ ᠰᠡᠯᠡᠬᠦᠴᠠᠯ ᠵᠢᠭᠤᠯᠴᠢᠯᠠᠯ ᠤᠨ ᠤᠷᠤᠨ᠂ ᠭᠠᠯᠳᠠᠰᠤᠳᠠᠢ ᠷᠠᠰᠢᠶᠠᠨ ᠤ ᠡᠮᠤᠨ᠎ᠡ ᠬᠦᠪᠡᠭᠡ ᠶᠢᠨ ᠭᠠᠯᠳᠠᠰᠤᠳᠠᠢ ᠬᠠᠯᠠᠭᠤᠨ ᠷᠠᠰᠢᠶᠠᠨ ᠤ ᠵᠢᠭᠤᠯᠴᠢᠯᠠᠯ ᠠᠮᠠᠷᠠᠯᠳᠠ ᠎ ᠶᠢᠨ ᠣᠷᠤᠨ᠂ ᠠᠰᠬᠠᠳᠤ ᠶᠢᠨ ᠦᠵᠡᠮᠵᠢ ᠶᠢᠨ ᠤᠷᠤᠨ ᠤ ᠠᠮᠢᠳᠤᠷᠠᠯ ᠦᠢᠯᠡᠴᠢᠯᠡᠬᠡᠨ ᠤ ᠤᠷᠤᠨ ᠤ ᠪᠦᠳᠦᠬᠡᠨ ᠪᠠᠶᠢᠭᠤᠯᠤᠯᠳᠠ ᠶᠢ ᠯᠠᠪᠳᠠᠭᠤᠨ ᠪᠠᠳᠤᠳᠠᠢ ᠲᠦᠯᠬᠢᠨ ᠠᠬᠢᠭᠤᠯᠵᠤ᠂ ᠪᠠᠶᠢᠴᠠ᠂ ᠪᠠᠷᠰ ᠬᠤᠳᠠ᠂ ᠰᠢᠷᠠᠮᠦ᠋ᠷᠡᠨ ᠤ ᠶᠡᠭᠡ ᠬᠠᠪᠴᠢᠯ ᠵᠡᠷᠬᠡ ᠵᠢᠭᠤᠯᠴᠢᠯᠠᠯ ᠤᠨ ᠡᠬᠢ ᠪᠠᠶᠠᠯᠢᠭ ᠢ ᠦᠨᠳᠤᠷ ᠪᠠᠷᠢᠮᠵᠢᠶ᠎ᠠ᠂ ᠦᠨᠳᠤᠷ ᠬᠢᠷᠢ ᠲᠦᠪᠰᠢᠨ ᠢᠶᠠᠷ ᠨᠡᠬᠡᠬᠡᠨ ᠬᠦᠭᠵᠢᠬᠦᠯᠵᠤ᠂ ᠲᠠᠷᠢᠶᠠᠴᠢᠨ ᠠᠶᠢᠯ ᠤᠨ ᠵᠤᠭᠤᠭ᠂ ᠮᠠᠯᠴᠢᠨ ᠠᠶᠢᠯ ᠤᠨ ᠵᠤᠭᠤᠭ᠂ ᠰᠢᠭᠤᠶᠢᠳᠤ ᠠᠶᠢᠯ ᠎ ᠤᠨ ᠵᠤᠭᠤᠭ᠂ ᠵᠢᠭᠠᠰᠤᠴᠢᠨ ᠠᠶᠢᠯ ᠤᠨ ᠵᠤᠭᠤᠭ ᠤᠨ ᠡᠵᠡᠩᠨᠡᠯᠳᠠ ᠶᠢᠨ ᠬᠡᠪᠴᠢᠶᠡᠵᠢᠯ ᠪᠤᠯᠤᠨ ᠵᠡᠷᠬᠡ ᠲᠡᠰ ᠢ ᠬᠦᠴᠦᠯᠡᠨ ᠲᠡᠭᠡᠭᠰᠢᠯᠡᠬᠦᠯᠵᠤ᠂ ᠬᠦᠳᠡᠭᠡ ᠲᠤᠰᠬᠤᠨ ᠤ ᠵᠢᠭᠤᠯᠴᠢᠯᠠᠯ ᠤᠨ ᠡᠷᠡᠬᠦᠯ ᠢᠶᠠᠷ ᠡᠮᠬᠢ ᠲᠢᠭᠯᠢᠮ ᠲᠠᠢ ᠬᠦᠭᠵᠢᠬᠦ ᠶᠢ ᠲᠦᠯᠬᠢᠨ ᠠᠬᠢᠭᠤᠯᠵᠤ᠂ ᠵᠢᠭᠤᠯᠴᠢᠯᠠᠯ ᠤᠨ ᠦᠢᠯᠡᠰ ᠤᠨ ᠶᠡᠭᠡ ᠲᠤᠮᠳᠠ ᠪᠠᠭ᠎ᠠ ᠠᠵᠤ ᠠᠬᠤᠶᠢᠯᠠᠯ ᠬᠠᠷᠢᠯᠴᠠᠨ ᠨᠦᠬᠦᠪᠤᠷᠢᠯᠡᠬᠦ᠂ ᠨᠢᠭᠡᠳᠤᠬᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠠᠭᠤᠰᠤᠯᠴᠠᠨ ᠬᠦᠭᠵᠢᠬᠦ ᠰᠢᠨ᠎ᠡ ᠪᠠᠶᠢᠳᠠᠯ ᠢ ᠪᠤᠢ ᠪᠤᠯᠭᠠᠨ᠎ᠠ᠃ ᠵᠢᠭᠤᠯᠴᠢᠯᠠᠯ ᠤᠨ ᠺᠤᠮᠫᠠᠨᠢ᠂ ᠵᠢᠭᠤᠯᠴᠢᠯᠠᠯ ᠤᠨ ᠦᠢᠯᠡᠴᠢᠯᠡᠬᠡᠨ ᠤ ᠭᠠᠵᠠᠷ ᠡᠷᠬᠢᠯᠡᠬᠦ ᠶᠢ ᠵᠤᠷᠢᠭᠵᠢᠭᠤᠯᠵᠤ᠂ ᠠᠯᠤᠰ ᠬᠤᠯᠠ ᠠᠴᠠ ᠦᠪᠡᠷᠳᠡᠬᠡᠨ ᠲᠡᠷᠬᠡ ᠵᠢᠯᠤᠭᠤᠳᠤᠨ ᠢᠷᠡᠵᠤ ᠵᠢᠭᠤᠯᠴᠢᠯᠠᠭᠰᠠᠳ ᠤᠨ ᠢᠷᠡᠯᠳᠠ ᠶᠢ ᠦᠷᠬᠡᠳᠬᠡᠨ᠎ᠡ᠃ ᠲᠡᠤᠬᠡ᠂ ᠰᠤᠶᠤᠯ᠂ ᠦᠨᠳᠤᠰᠤᠳᠠᠨ ᠤ ᠵᠠᠩ ᠦᠢᠯᠡ ᠶᠢᠨ ᠠᠭᠤᠯᠬᠤᠨ ᠢ ᠬᠦᠨᠵᠡᠬᠡᠢ ᠠᠭᠤᠳᠠᠯᠯᠠᠵᠤ᠂ ᠰᠤᠶᠤᠯ ᠵᠢᠭᠤᠯᠴᠢᠯᠠᠯ ᠢ ᠬᠦᠨᠵᠡᠬᠡᠢ ᠠᠭᠤᠰᠤᠯᠴᠠᠭᠤᠯᠬᠤ ᠶᠢ ᠲᠦᠯᠬᠢᠨ ᠠᠬᠢᠭᠤᠯᠵᠤ᠂ ᠤᠯᠠᠨ ᠲᠦᠮᠡᠨ ᠤ ᠤᠷᠤᠯᠴᠠᠯᠭ᠎ᠠ ᠶᠡᠭᠡ᠂ ᠵᠤᠭ᠎ᠠ ᠴᠡᠩᠬᠡᠯ ᠤᠨ ᠴᠢᠨᠠᠷ ᠢᠶᠠᠷ ᠴᠢᠩᠭ᠎ᠠ᠂ ᠬᠡᠷᠡᠭᠯᠡᠭᠡ ᠶᠢ ᠲᠠᠶᠢᠴᠢᠯᠠᠬᠤ ᠦᠢᠯᠡᠳᠤᠯ ᠶᠡᠭᠡ ᠰᠤᠶᠤᠯ ᠵᠢᠭᠤᠯᠴᠢᠯᠠᠯ ᠤᠨ ᠪᠦᠳᠦᠬᠡᠭᠳᠡᠬᠦᠨ ᠢ ᠭᠤᠤᠯᠳᠠᠯᠭ᠎ᠠ ᠲᠠᠢ ᠨᠡᠬᠡᠬᠡᠨ ᠬᠦᠭᠵᠢᠬᠦᠯᠤᠨ᠎ᠡ᠃ ᠪᠦᠳᠦᠬᠡᠯᠴᠢ ᠪᠠᠷ ᠲᠦᠰᠦᠪᠯᠡᠬᠦ ᠪᠠ ᠡᠵᠡᠩᠨᠡᠨ ᠪᠤᠷᠤᠯᠠᠭᠤᠯᠬᠤ ᠶᠢ ᠤᠬᠠᠭᠤᠯᠬᠤ ᠶᠢ ᠴᠢᠩᠭᠠᠳᠬᠠᠵᠤ᠂ ᠴᠢᠬᠤᠯᠠ ᠶᠡᠭᠡ ᠵᠠᠭᠤᠴᠢᠯᠠᠭᠤᠷ ᠪᠤᠯᠤᠨ ᠨᠡᠷᠡᠳᠤ ᠰᠦᠯᠵᠢᠶᠡᠨ ᠦᠷᠳᠡᠭᠡ ᠲᠠᠢ ᠬᠤᠯᠪᠤᠭᠠᠯᠠᠵᠤ᠂ ᠵᠢᠭᠤᠯᠴᠢᠯᠠᠯ ᠤᠨ ᠪᠦᠳᠦᠬᠡᠭᠳᠡᠬᠦᠨ ᠪᠤᠯᠤᠨ ᠰᠢᠯᠢᠳᠡᠭ ᠪᠦᠳᠦᠬᠡᠭᠳᠡᠬᠦᠨ ᠤ ᠱᠤᠭᠤᠮ ᠢ ᠲᠠᠨᠢᠯᠴᠠᠭᠤᠯᠵᠤ᠂ ᠵᠢᠭᠤᠯᠴᠢᠯᠠᠯ ᠤᠨ ᠪᠠᠶᠠᠷ ᠲᠤᠷᠠᠰᠬᠠᠯ ᠤᠨ ᠠᠵᠢᠯᠯᠠᠭᠠᠨ ᠢ ᠰᠠᠶᠢᠳᠤᠷ ᠦᠷᠨᠢᠬᠦᠯᠵᠤ᠂ ᠵᠢᠭᠤᠯᠴᠢᠯᠠᠯ ᠢ ᠲᠦᠷᠪᠡᠨ ᠤᠯᠠᠷᠢᠯ ᠳᠤ ᠴᠦᠮ ᠵᠤᠬᠢᠴᠠᠩᠭᠤᠢ ᠬᠦᠭᠵᠢᠬᠦᠯᠬᠦ ᠶᠢ ᠲᠦᠯᠬᠢᠨ ᠠᠬᠢᠭᠤᠯᠵᠤ᠂ ᠤᠯᠤᠰ ᠤᠨ ᠲᠤᠳᠤᠭᠠᠳᠤ ᠳᠤ ᠲᠡᠷᠢᠬᠦᠨ ᠵᠡᠷᠬᠡ ᠳᠤ ᠬᠦᠷᠦᠭᠰᠡᠨ᠂ ᠳᠡᠯᠡᠬᠡᠢ ᠳᠤ ᠠᠯᠳᠠᠷᠳᠠᠢ ᠭᠠᠵᠠᠷ ᠰᠢᠨᠵᠢᠯᠡᠬᠡᠨ ᠤ ᠰᠤᠶᠤᠯ ᠵᠢᠭᠤᠯᠴᠢᠯᠠᠯ ᠪᠤᠯᠤᠨ ᠲᠠᠯ᠎ᠠ ᠨᠤᠳᠤᠭ ᠤᠨ ᠠᠮᠢ ᠠᠬᠤᠢ ᠶᠢᠨ ᠰᠡᠯᠡᠬᠦᠴᠡᠯ ᠠᠮᠠᠷᠠᠯᠳᠠ ᠶᠢᠨ ᠰᠠᠭᠤᠷᠢᠨ ᠭᠠᠵᠠᠷ ᠢ ᠴᠤᠭᠴᠠᠯᠠᠨ᠎ᠠ᠃ 2020 ᠤᠨ ᠪᠤᠯᠳᠠᠯ᠎ᠠ᠂ ᠬᠡᠰᠢᠭᠳᠡᠨ ᠳᠤ ᠢᠷᠡᠵᠤ ᠵᠢᠭᠤᠯᠴᠢᠯᠠᠭᠰᠠᠳ ᠤᠨ ᠲᠤᠭ᠎ᠠ ᠬᠡᠮᠵᠢᠶ᠎ᠡ ᠪᠤᠯᠤᠨ ᠵᠢᠭᠤᠯᠴᠢᠯᠠᠯ ᠤᠨ ᠶᠡᠷᠦᠩᠬᠡᠶᠢᠯᠡᠭᠰᠡᠨ ᠤᠷᠤᠯᠭ᠎ᠠ ᠶᠢ ᠲᠤᠰᠪᠤᠷᠢ 650 ᠲᠦᠮᠡᠨ ᠬᠦᠮᠤᠨ ᠤᠳᠠᠭ᠎ᠠ ᠪᠠ 78 ᠳ᠋ᠦᠩᠰᠢᠭᠤᠷ ᠲᠦᠬᠦᠷᠢᠭ ᠎ ᠲᠤ ᠬᠦᠷᠬᠡᠬᠦ ᠪᠠᠷ ᠴᠢᠷᠮᠠᠶᠢᠨ ᠲᠡᠮᠡᠴᠡᠨ᠎ᠡ᠃      ᠪᠤᠰᠤᠳ ᠦᠢᠯᠡᠴᠢᠯᠡᠬᠡᠨ ᠤ ᠦᠢᠯᠡᠰ ᠢ ᠪᠦᠬᠦ ᠲᠠᠯ᠎ᠠ ᠪᠠᠷ ᠬᠦᠭᠵᠢᠬᠦᠯᠦᠨ᠎ᠡ᠃ ᠴᠠᠭ ᠦᠶ᠎ᠡ ᠶᠢᠨ ᠠᠯᠬᠤᠴᠠ ᠎ ᠶᠢ ᠬᠤᠴᠤᠷᠤᠯ ᠦᠭᠡᠢ ᠲᠠᠭᠠᠵᠤ᠂ ᠡᠯᠧᠺᠲᠷᠤᠨ ᠬᠤᠳᠠᠯᠳᠤᠭᠠᠨ ᠤ ᠶᠠᠪᠤᠳᠠᠯ ᠢ ᠲᠦᠷᠬᠡᠨ ᠬᠦᠭᠵᠢᠬᠦᠯᠵᠤ᠂ ᠨᠡᠩ ᠤᠯᠠᠨ ᠠᠵᠤ ᠠᠬᠤᠶᠢᠯᠠᠯ ᠤᠨ ᠰᠦᠯᠵᠢᠶᠡᠨ ᠲᠡᠯᠬᠡᠬᠦᠷ ᠡᠷᠬᠢᠯᠡᠬᠦ ᠶᠢ ᠵᠤᠷᠢᠭᠵᠢᠭᠤᠯᠵᠤ᠂ ᠦᠬᠡᠷ ᠬᠤᠨᠢᠨ ᠤ ᠮᠢᠬ᠎ᠠ᠂ ᠬᠡᠬᠡᠷ᠎ᠡ ᠶᠢᠨ ᠨᠤᠭᠤᠭ᠎ᠠ ᠵᠡᠷᠬᠡ ᠤᠨᠴᠠᠯᠢᠭᠳᠤ ᠪᠦᠳᠦᠬᠡᠭᠳᠡᠬᠦᠨ ᠢ ᠪᠦᠬᠦ ᠤᠯᠤᠰ ᠤᠨ ᠵᠠᠬ᠎ᠠ ᠲᠡᠯᠬᠡᠬᠦᠷ ᠲᠠᠢ ᠵᠤᠯᠭᠠᠭᠤᠯᠬᠤ ᠶᠢ ᠲᠦᠯᠬᠢᠨ ᠠᠬᠢᠭᠤᠯᠤᠨ᠎ᠠ᠃ ᠰᠦᠯᠵᠢᠶᠡᠨ ᠠᠵᠤ ᠠᠬᠤᠢ ᠶᠢ ᠶᠡᠭᠡ ᠬᠦᠴᠦᠨ ᠢᠶᠠᠷ ᠬᠦᠭᠵᠢᠬᠦᠯᠵᠤ᠂ ᠢᠨᠲ᠋ᠧᠷ ᠰᠦᠯᠵᠢᠶ᠎ᠡ +᠎ ᠶᠢ ᠲᠦᠯᠬᠢᠨ ᠠᠬᠢᠭᠤᠯᠵᠤ᠂ ᠡᠬᠦᠯᠡᠨ ᠪᠤᠳᠤᠯᠳᠠ᠂ ᠶᠡᠭᠡ ᠲᠤᠭ᠎ᠠ ᠪᠠᠷᠢᠮᠳᠠ᠂ ᠡᠳ᠋ ᠪᠠᠷᠠᠭᠠᠨ ᠎ ᠤ ᠴᠢᠮᠡᠭᠡ ᠵᠠᠩᠬᠢ ᠶᠢᠨ ᠰᠦᠯᠵᠢᠶ᠎ᠡ ᠶᠢᠨ ᠦᠷᠬᠡᠨ ᠲᠡᠯᠬᠡᠷ ᠬᠡᠷᠡᠭᠯᠡᠬᠡᠨ ᠢ ᠲᠡᠯᠬᠡᠷᠡᠬᠦᠯᠵᠤ᠂ ᠠᠵᠤ ᠦᠢᠯᠡᠰ ᠢ ᠰᠦᠯᠵᠢᠶᠡᠵᠢᠬᠦᠯᠬᠦ᠂ ᠲᠤᠭᠠᠴᠢᠯᠠᠬᠤ᠂ ᠤᠶᠤᠨᠴᠢᠯᠠᠬᠤ ᠬᠢᠷᠢ ᠲᠦᠪᠰᠢᠨ ᠢ ᠳᠡᠭᠡᠭᠰᠢᠯᠡᠬᠦᠯᠦᠨ᠎ᠡ᠃ ᠨᠦᠬᠦᠴᠠᠯ ᠪᠦᠬᠦᠢ ᠲᠤᠮᠳᠠ ᠪᠠᠭ᠎ᠠ ᠠᠵᠤ ᠠᠬᠤᠶᠢᠯᠠᠯ ᠢ ᠬᠤᠶᠠᠳᠤᠭᠠᠷ ᠰᠲ᠋ᠤᠺ ᠤᠨ ᠰᠤᠯᠢᠯᠴᠠᠭᠠᠨ ᠤ ᠵᠠᠬ᠎ᠠ ᠲᠡᠯᠬᠡᠬᠦᠷ᠂ ᠲᠤᠮᠳᠠ ᠪᠠᠭ᠎ᠠ ᠠᠵᠤ ᠠᠬᠤᠶᠢᠯᠠᠯ ᠤᠨ ᠰᠲ᠋ᠤᠺ ᠤᠨ ᠰᠤᠯᠢᠯᠴᠠᠭᠠᠨ ᠤ ᠵᠠᠬ᠎ᠠ ᠲᠡᠯᠬᠡᠬᠦᠷ᠂ ᠭᠤᠷᠪᠠᠳᠤᠭᠠᠷ ᠰᠲ᠋ᠤᠺ ᠤᠨ ᠰᠤᠯᠢᠯᠴᠠᠭᠠᠨ ᠎ ᠤ ᠲᠠᠪᠴᠠᠩ ᠢᠶᠠᠷ ᠲᠠᠮᠵᠢᠭᠤᠯᠤᠨ᠂ ᠰᠲ᠋ᠤᠺ ᠤᠨ ᠡᠷᠬᠡ ᠶᠢᠨ ᠪᠡᠯᠡ ᠬᠤᠷᠠᠮᠳᠤᠭᠤᠯᠬᠤ ᠪᠠ ᠵᠠᠬ᠎ᠠ ᠲᠡᠯᠬᠡᠬᠦᠷ ᠲᠤ ᠭᠠᠷᠭᠠᠨ ᠪᠡᠯᠡ ᠬᠤᠷᠠᠮᠳᠤᠭᠤᠯᠬᠤ ᠶᠢ ᠲᠡᠮᠵᠢᠵᠤ᠂ ᠰᠢᠭᠤᠳ ᠪᠡᠯᠡ ᠬᠤᠷᠠᠮᠳᠤᠭᠤᠯᠬᠤ ᠴᠢᠳᠠᠪᠤᠷᠢ ᠶᠢ ᠳᠡᠭᠡᠭᠰᠢᠯᠡᠬᠦᠯᠤᠨ᠎ᠡ᠃ ᠮᠦᠩᠬᠦᠨ ᠬᠦᠢᠯᠬᠡᠬᠡᠨ ᠤ ᠪᠠᠶᠢᠭᠤᠯᠤᠮᠵᠢ᠂ ᠲᠠᠭᠠᠳᠬᠠᠯ ᠤᠨ ᠪᠠᠶᠢᠭᠤᠯᠤᠮᠵᠢ᠂ ᠪᠠᠳᠤᠯᠠᠭ᠎ᠠ ᠶᠢᠨ ᠪᠠᠶᠢᠭᠤᠯᠤᠮᠵᠢ ᠶᠢ ᠢᠳᠡᠪᠬᠢᠳᠠᠢ ᠪᠠᠷ ᠤᠷᠤᠭᠤᠯᠵᠤ᠂ ᠬᠤᠳᠠᠯᠳᠤᠭᠠᠨ ᠤ ᠪᠠᠩᠬᠢ ᠶᠢᠨ ᠢᠳᠡᠬᠡᠮᠵᠢᠳᠤ ᠵᠢᠬᠡᠯᠡᠯᠬᠡ ᠲᠠᠯᠪᠢᠬᠤ ᠬᠡᠪᠴᠢᠶ᠎ᠡ ᠶᠢ ᠦᠷᠬᠡᠳᠬᠡᠬᠦ ᠶᠢ ᠵᠤᠷᠢᠭᠵᠢᠭᠤᠯᠵᠤ᠂ ᠪᠠᠭ᠎ᠠ ᠲᠤᠭᠠᠨ ᠤ ᠵᠢᠬᠡᠯᠡᠯᠬᠡ ᠲᠠᠯᠪᠢᠬᠤ ᠺᠤᠮᠫᠠᠨᠢ ᠳᠠᠬᠢ ᠬᠢᠨᠠᠯᠳᠠ ᠬᠠᠮᠢᠶᠠᠷᠤᠯᠳᠠ ᠪᠠᠨ ᠴᠢᠩᠭᠠᠳᠬᠠᠵᠤ᠂ ᠮᠦᠩᠬᠦᠨ ᠬᠦᠢᠯᠬᠡᠬᠡᠨ ᠤ ᠲᠦᠭᠰᠢᠬᠦᠷᠢ ᠶᠢ ᠪᠦᠳᠦᠮᠵᠢᠳᠠᠢ ᠰᠡᠷᠬᠡᠶᠢᠯᠡᠨ᠎ᠡ᠃ ᠡᠳ᠋ ᠪᠠᠷᠠᠭᠠᠨ ᠤ ᠬᠦᠢᠯᠬᠡᠬᠡᠨ ᠤ ᠬᠦᠷᠢᠶᠡᠯᠡᠩ ᠲᠤᠭᠤᠷᠢᠭ ᠢ ᠪᠠᠶᠢᠭᠤᠯᠵᠤ᠂ ᠤᠳᠤ ᠪᠠᠶᠢᠭ᠎ᠠ ᠡᠳ᠋ ᠪᠠᠷᠠᠭᠠᠨ ᠤ ᠬᠦᠢᠯᠬᠡᠬᠡᠨ ᠤ ᠠᠵᠤ ᠠᠬᠤᠶᠢᠯᠠᠯ ᠤᠨ ᠲᠤᠭᠳᠠᠭᠤᠨ ᠡᠵᠡᠩᠨᠡᠯᠳᠠ ᠶᠢ ᠠᠬᠢᠭᠤᠯᠵᠤ᠂ ᠰᠦᠯᠵᠢᠶ᠎ᠡ ᠪᠠᠷ ᠲᠤᠬᠢᠷᠠᠭᠤᠯᠤᠨ ᠬᠦᠷᠬᠡᠬᠦ ᠪᠠ ᠲᠦᠷᠬᠡᠨ ᠲᠠᠮᠵᠢᠭᠤᠯᠭ᠎ᠠ ᠶᠢᠨ ᠲᠤᠬᠠᠶᠢᠯᠠᠭᠰᠠᠨ ᠠᠵᠢᠯ ᠤᠨ ᠬᠦᠭᠵᠢᠯᠳᠠ ᠶᠢ ᠲᠡᠮᠵᠢᠵᠤ ᠂ ᠡᠳ᠋ ᠪᠠᠷᠠᠭ᠎ᠠ ᠶᠢᠨ ᠬᠦᠢᠯᠬᠡᠬᠡᠨ ᠤ ᠬᠦᠷᠢᠶᠡᠯᠡᠩ ᠲᠤᠭᠤᠷᠢᠭ᠂ ᠡᠳ᠋ ᠪᠠᠷᠠᠭᠠᠨ ᠤ ᠬᠦᠢᠯᠬᠡᠬᠡᠨ ᠤ ᠲᠥᠪ᠂ ᠡᠳ᠋ ᠪᠠᠷᠠᠭᠠᠨ ᠤ ᠬᠦᠢᠯᠬᠡᠬᠡᠨ ᠤ ᠲᠤᠬᠢᠷᠠᠭᠤᠯᠤᠨ ᠬᠦᠷᠬᠡᠬᠦ ᠭᠤᠷᠪᠠᠨ ᠲᠡᠰ ᠤᠨ ᠡᠳ᠋ ᠪᠠᠷᠠᠭᠠᠨ ᠤ ᠬᠦᠢᠯᠬᠡᠬᠡᠨ ᠤ ᠰᠢᠰᠲ᠋ᠧᠮ ᠎ ᠢ ᠴᠤᠭᠴᠠᠯᠠᠨ᠎ᠠ᠃ ᠪᠠᠯᠭᠠᠰᠤᠨ ᠲᠤᠭᠤᠷᠢᠭ ᠤᠨ ᠤᠷᠤᠨ ᠰᠠᠭᠤᠴᠠ ᠶᠢᠨ ᠬᠠᠩᠭᠠᠯᠭ᠎ᠠ ᠶᠢ ᠡᠵᠡᠮᠳᠡᠵᠤ᠂ ᠬᠠᠤᠯᠢ ᠶᠢᠨ ᠡᠷᠬᠡᠳᠤ ᠬᠦᠮᠤᠨ ᠪᠤᠯᠤᠨ ᠡᠯ᠎ᠡ ᠲᠦᠷᠦᠯ ᠤᠨ ᠪᠠᠶᠢᠭᠤᠯᠤᠮᠵᠢ ᠠᠴᠠ ᠬᠠᠳᠠᠭᠠᠯᠠᠯᠳᠠ ᠳᠤ ᠪᠠᠶᠢᠭ᠎ᠠ ᠲᠠᠸᠠᠷ ᠤᠨ ᠬᠡᠷ ᠪᠠᠶᠢᠰᠢᠩ ᠳᠤ ᠪᠡᠯᠡ ᠤᠷᠤᠭᠤᠯᠤᠨ ᠬᠤᠳᠠᠯᠳᠤᠨ ᠠᠪᠬᠤ ᠶᠢ ᠵᠤᠷᠢᠭᠵᠢᠭᠤᠯᠵᠤ᠂ ᠤᠷᠤᠨ ᠰᠠᠭᠤᠴᠠ ᠲᠦᠷᠢᠶᠡᠰᠤᠯᠠᠨ ᠡᠵᠡᠩᠨᠡᠬᠦ ᠶᠢ ᠬᠦᠭᠵᠢᠬᠦᠯᠵᠤ᠂ ᠬᠡᠷ ᠪᠠᠶᠢᠰᠢᠩ ᠭᠠᠵᠠᠷ ᠬᠦᠷᠦᠩᠬᠡ ᠶᠢᠨ ᠵᠠᠬ᠎ᠠ ᠲᠡᠯᠬᠡᠬᠦᠷ ᠢ ᠲᠤᠭᠳᠠᠭᠤᠨ ᠪᠠᠶᠢᠯᠭᠠᠬᠤ ᠎ ᠶᠢ ᠪᠠᠳᠤᠯᠠᠨ᠎ᠠ᠃ ᠬᠡᠷᠡᠭᠯᠡᠭᠡ ᠶᠢᠨ ᠪᠦᠳᠦᠴᠠ ᠶᠢᠨ ᠲᠡᠰ ᠢ ᠲᠡᠪᠰᠢᠬᠦᠯᠬᠦ ᠰᠢᠨ᠎ᠡ ᠬᠠᠨᠳᠤᠰᠢ ᠳᠤ ᠵᠤᠬᠢᠴᠠᠭᠤᠯᠵᠤ᠂ ᠠᠷᠠᠯᠵᠢᠶ᠎ᠠ ᠬᠤᠳᠠᠯᠳᠤᠭᠠᠨ ᠤ ᠬᠦᠢᠯᠬᠡᠬᠡᠨ᠂ ᠢᠳᠡᠬᠡᠨ ᠤᠮᠳᠠᠭᠠᠨ ᠬᠤᠨᠤᠭ ᠪᠠᠭᠤᠳᠠᠯ ᠵᠡᠷᠬᠡ ᠤᠯᠠᠮᠵᠢᠯᠠᠯᠳᠤ ᠦᠢᠯᠡᠴᠢᠯᠡᠬᠡᠨ ᠤ ᠦᠢᠯᠡᠰ ᠢ ᠪᠠᠳᠤᠳᠬᠠᠨ ᠲᠡᠭᠡᠭᠰᠢᠯᠡᠬᠦᠯᠵᠤ᠂ ᠨᠡᠶᠢᠬᠡᠮ ᠤᠨ ᠬᠦᠴᠦᠨ ᠤ ᠴᠢᠮᠡᠭᠡ ᠵᠠᠩᠬᠢ᠂ ᠡᠷᠡᠬᠦᠯ ᠴᠢᠬᠢᠷᠠᠭ᠂ ᠨᠠᠰᠤᠵᠢᠯ ᠤᠨ ᠠᠰᠠᠷᠠᠮᠵᠢ᠂ ᠡᠮ ᠡᠮᠨᠡᠯᠬᠡ᠂ ᠪᠡᠶ᠎ᠡ ᠮᠠᠬᠠᠪᠤᠳ ᠢᠶᠠᠨ ᠴᠢᠬᠢᠷᠠᠭᠵᠢᠭᠤᠯᠬᠤ᠂ ᠰᠤᠶᠤᠯ ᠵᠡᠷᠬᠡ ᠦᠢᠯᠡᠴᠢᠯᠡᠬᠡᠨ ᠤ ᠪᠠᠶᠢᠭᠤᠯᠤᠮᠵᠢ ᠡᠷᠬᠢᠯᠡᠬᠦ ᠶᠢ ᠲᠡᠮᠵᠢᠨ᠎ᠡ᠃ ᠮᠠᠯᠵᠢᠬᠤ ᠲᠠᠷᠢᠶᠠᠯᠠᠬᠤ ᠤᠷᠤᠨ ᠤ ᠲᠠᠸᠠᠷ ᠤᠨ ᠬᠦᠢᠯᠬᠡᠬᠡᠨ ᠤ ᠭᠤᠭᠴᠤᠭ᠎ᠠ ᠶᠢ ᠰᠠᠭᠠᠳ ᠦᠭᠡᠢ ᠨᠡᠪᠳᠡᠷᠡᠬᠦᠯᠵᠤ᠂ ᠬᠡᠷᠡᠭᠯᠡᠭᠡ ᠶᠢᠨ ᠨᠢᠭᠤᠭᠳᠠᠮᠠᠯ ᠬᠦᠴᠦᠨ ᠢ ᠠᠭᠤᠳᠠᠯᠯᠠᠨ᠎ᠠ᠃      ︵ᠭᠤᠷᠪᠠ︶ ᠵᠤᠬᠢᠴᠠᠩᠭᠤᠢ ᠬᠦᠭᠵᠢᠯᠳᠠ ᠶᠢ ᠪᠠᠷᠢᠮᠳᠠᠯᠠᠵᠤ᠂ ᠤᠷᠤᠰᠢᠨ ᠰᠠᠭᠤᠬᠤ ᠳᠤ ᠲᠤᠬᠢᠯᠢᠭ ᠬᠡᠰᠢᠭᠳᠡᠨ ᠬᠤᠰᠢᠭᠤ ᠶᠢ ᠴᠢᠷᠮᠠᠶᠢᠨ ᠴᠤᠭᠴᠠᠯᠠᠨ᠎ᠠ᠃ ᠪᠠᠶᠢᠷᠢᠰᠢᠭᠤᠯᠤᠯᠳᠠ ᠶᠢ ᠰᠢᠯᠢᠳᠡᠭᠵᠢᠬᠦᠯᠬᠦ᠂ ᠴᠢᠳᠠᠮᠵᠢ ᠶᠢ ᠲᠡᠬᠦᠯᠳᠡᠷᠵᠢᠬᠦᠯᠬᠦ ᠪᠠ ᠬᠤᠳᠠ ᠬᠦᠳᠡᠭᠡ ᠶᠢ ᠨᠢᠬᠡᠳᠤᠯᠳᠠᠢ ᠲᠦᠯᠦᠪᠵᠢᠬᠦᠯᠬᠦ ᠳᠤ ᠬᠦᠴᠦ ᠤᠷᠤᠭᠤᠯᠵᠤ᠂ ᠬᠤᠳᠠ ᠬᠦᠳᠡᠭᠡ ᠶᠢᠨ ᠰᠠᠭᠤᠷᠢ ᠲᠦᠬᠦᠭᠡᠷᠤᠮᠵᠢ ᠶᠢᠨ ᠪᠦᠳᠦᠬᠡᠨ ᠪᠠᠶᠢᠭᠤᠯᠤᠯᠳᠠ ᠶᠢᠨ ᠡᠷᠡᠬᠦᠯ ᠵᠤᠬᠢᠴᠠᠩᠭᠤᠢ ᠬᠦᠭᠵᠢᠯᠳᠠ ᠎ ᠶᠢ ᠠᠬᠢᠭᠤᠯᠵᠤ᠂ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ ᠪᠤᠯᠤᠨ ᠬᠤᠳᠠ ᠬᠦᠳᠡᠭᠡ ᠶᠢ ᠨᠢᠬᠡ ᠴᠤᠭᠴᠠᠵᠢᠭᠤᠯᠬᠤ ᠠᠬᠢᠴᠠ ᠶᠢ ᠲᠦᠷᠬᠡᠳᠬᠡᠨ᠎ᠡ᠃      ᠰᠢᠨ᠎ᠡ ᠬᠡᠯᠪᠡᠷᠢ ᠶᠢᠨ ᠬᠤᠳᠠ ᠪᠠᠯᠭᠠᠰᠤ ᠶᠢ ᠪᠦᠳᠦᠬᠡᠨ ᠪᠠᠶᠢᠭᠤᠯᠬᠤ ᠰᠢᠰᠲ᠋ᠧᠮ ᠢ ᠴᠤᠭᠴᠠᠯᠠᠨ᠎ᠠ᠃ ᠲᠦᠪ ᠎ ᠤᠨ ᠬᠤᠳᠠ ᠶᠢᠨ ᠠᠵᠢᠯ ᠤᠨ ᠬᠤᠷᠠᠯᠳᠤᠭᠠᠨ ᠤ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠳᠠ ᠬᠦᠳᠡᠭᠡ ᠶᠢᠨ ᠲᠦᠯᠦᠪᠵᠢᠬᠦᠯᠬᠡ᠂ ᠠᠵᠤ ᠦᠢᠯᠡᠰ ᠤᠨ ᠲᠦᠯᠦᠪᠵᠢᠬᠦᠯᠬᠡ᠂ ᠤᠷᠤᠨ ᠬᠡᠪᠴᠢᠶᠡᠨ ᠤ ᠲᠦᠯᠦᠪᠵᠢᠬᠦᠯᠬᠡ ᠶᠢ ᠵᠤᠬᠢᠴᠠᠩᠭᠤᠢ ᠨᠢᠬᠡᠳᠦᠯᠵᠢᠬᠦᠯᠬᠦ ᠵᠠᠷᠴᠢᠮ ᠶᠤᠰᠤᠭᠠᠷ᠂ ᠪᠢᠷᠠᠭᠤ ᠪᠠᠯᠭᠠᠰᠤ ᠶᠢᠨ ᠶᠡᠷᠦᠩᠬᠡᠢ ᠲᠦᠯᠦᠪᠵᠢᠬᠦᠯᠬᠡ ᠶᠢ ᠲᠤᠭᠤᠷᠪᠢᠬᠤ᠂ ᠭᠤᠤᠯᠳᠠᠯᠭ᠎ᠠ ᠲᠠᠢ ᠤᠷᠤᠨ ᠬᠡᠰᠡᠭ ᠤᠨ ᠡᠵᠡᠮᠳᠡᠯ ᠤᠨ ᠴᠢᠨᠠᠷᠳᠠᠢ ᠨᠠᠷᠢᠯᠢᠭ ᠲᠦᠯᠦᠪᠵᠢᠬᠦᠯᠬᠡ ᠶᠢ ᠲᠤᠭᠤᠷᠪᠢᠨ ᠲᠤᠭᠳᠠᠭᠠᠬᠤ ᠶᠢ ᠪᠡᠶᠡᠯᠡᠬᠦᠯᠵᠤ᠂ ᠰᠤᠮᠤ ᠰᠢᠶᠠᠩ ᠪᠠᠯᠭᠠᠰᠤ᠂ ᠭᠠᠴᠠᠭ᠎ᠠ ᠲᠤᠰᠬᠤᠨ ᠲᠤᠭᠤᠶᠢᠯᠠᠩ ᠤᠨ ᠲᠦᠯᠦᠪᠵᠢᠬᠦᠯᠬᠡ ᠶᠢ ᠲᠡᠬᠦᠯᠳᠡᠷᠵᠢᠬᠦᠯᠵᠤ᠂ 1 ᠲᠦᠪ᠂ 4 ᠭᠤᠤᠯᠳᠠᠯᠭ᠎ᠠ᠂ 8 ᠡᠩ ᠎ ᠤᠨ ᠬᠤᠳᠠ ᠪᠠᠯᠭᠠᠰᠤ ᠶᠢᠨ ᠪᠠᠶᠢᠷᠢᠰᠢᠯ ᠤᠨ ᠰᠢᠰᠲ᠋ᠧᠮ ᠢ ᠴᠤᠭᠴᠠᠯᠠᠨ᠎ᠠ᠃ ᠪᠦᠬᠦ ᠬᠤᠰᠢᠭᠤᠨ ᠤ ᠭᠠᠵᠠᠷ ᠰᠢᠷᠤᠢ ᠶᠢ ᠠᠰᠢᠭᠯᠠᠬᠤ ᠶᠡᠷᠦᠩᠬᠡᠢ ᠲᠦᠯᠦᠪᠵᠢᠬᠦᠯᠬᠡ ᠶᠢ ᠪᠦᠬᠦᠯᠢ ᠴᠤᠭᠴᠠ ᠪᠠᠷ ᠲᠤᠭᠤᠷᠪᠢᠵᠤ᠂ ᠬᠤᠳᠠ ᠪᠠᠯᠭᠠᠰᠤ ᠶᠢᠨ ᠪᠦᠳᠦᠬᠡᠨ ᠪᠠᠶᠢᠭᠤᠯᠤᠯᠳᠠ ᠳᠤ ᠬᠡᠷᠡᠭᠯᠡᠬᠦ ᠭᠠᠵᠠᠷ ᠤᠨ ᠡᠷᠴᠢᠮᠵᠢᠭ᠍ᠰᠡᠨ ᠬᠡᠮᠵᠢᠶ᠎ᠡ ᠶᠢ ᠲᠡᠭᠡᠭᠰᠢᠯᠡᠬᠦᠯᠵᠤ᠂ ᠭᠤᠤᠯᠳᠠᠯᠭ᠎ᠠ ᠎ ᠲᠠᠢ ᠲᠦᠷᠦᠯ ᠵᠦᠢᠯ ᠤᠨ ᠭᠠᠵᠠᠷ ᠬᠡᠷᠡᠭᠯᠡᠬᠦ ᠬᠡᠷᠡᠭᠴᠡᠭᠡ ᠶᠢ ᠪᠠᠳᠤᠯᠠᠨ᠎ᠠ᠃ ᠡᠯ᠎ᠡ ᠲᠦᠷᠦᠯ ᠤᠨ ᠲᠦᠯᠦᠪᠵᠢᠬᠦᠯᠬᠡ ᠶᠢ ᠴᠢᠩᠭ᠎ᠠ ᠬᠡᠷᠡᠭᠵᠢᠬᠦᠯᠵᠤ᠂ ᠰᠤᠬᠤᠷ ᠪᠠᠯᠠᠢ ᠪᠠᠷ ᠰᠢᠢᠳᠪᠤᠷᠢᠳᠤ ᠪᠤᠳᠤᠯᠭ᠎ᠠ ᠲᠤᠭᠳᠠᠭᠠᠬᠤ᠂ ᠲᠤᠷ᠎ᠠ ᠪᠠᠷ ᠢᠶᠠᠨ ᠪᠦᠳᠦᠬᠡᠨ ᠪᠠᠶᠢᠭᠤᠯᠬᠤ ᠶᠢ ᠡᠷᠡᠰ ᠲᠡᠪᠴᠢᠨ᠎ᠡ᠃ ᠪᠢᠷᠠᠭᠤ ᠪᠠᠯᠭᠠᠰᠤ ᠨᠢ ᠴᠢᠳᠠᠮᠵᠢ ᠪᠠᠨ ᠲᠡᠬᠦᠯᠳᠡᠷᠵᠢᠬᠦᠯᠬᠦ᠂ ᠠᠭᠤᠯᠬᠤᠨ ᠢᠶᠠᠨ ᠲᠡᠭᠡᠭᠰᠢᠯᠡᠬᠦᠯᠬᠦ᠂ ︽ᠭᠤᠷᠪᠠᠨ ᠶᠡᠭᠡ ᠬᠤᠳᠠᠯᠳᠤᠭᠠᠨ ᠤ ᠲᠤᠭᠤᠷᠢᠭ︾᠎ ᠤᠨ ᠪᠦᠳᠦᠬᠡᠨ ᠪᠠᠶᠢᠭᠤᠯᠤᠯᠳᠠ ᠶᠢ ᠰᠠᠶᠢᠳᠤᠷ ᠠᠳᠬᠤᠬᠤ ᠭᠤᠤᠯᠳᠠᠯᠭ᠎ᠠ ᠶᠢᠨ ᠲᠤᠭᠤᠷᠢᠨ ᠳᠤ᠂ ᠭᠤᠤᠯ ᠤᠨ ᠵᠡᠬᠦᠨᠳᠡᠬᠢ ᠰᠢᠨ᠎ᠡ ᠬᠤᠳᠠ ᠶᠢᠨ ᠶᠠᠰᠤ ᠴᠢᠨᠠᠷ ᠢ ᠲᠡᠭᠡᠭᠰᠢᠯᠡᠬᠦᠯᠬᠦ ᠪᠠ ᠭᠤᠤᠯ ᠤᠨ ᠪᠠᠷᠠᠭᠤᠨᠳᠠᠬᠢ ᠬᠠᠭᠤᠴᠢᠨ ᠬᠤᠳᠠ ᠶᠢ ᠦᠬᠡᠷᠡᠴᠢᠯᠡᠨ ᠵᠠᠰᠠᠬᠤ ᠶᠢ ᠵᠡᠷᠬᠡᠪᠡᠷ ᠲᠦᠯᠬᠢᠨ ᠠᠬᠢᠭᠤᠯᠵᠤ᠂ ᠰᠢᠨ᠎ᠡ ᠬᠠᠭᠤᠴᠢᠨ ᠬᠤᠳᠠ ᠲᠤᠭᠤᠷᠢᠭ ᠢ ᠨᠢᠬᠡᠳᠤᠯᠳᠠᠢ ᠲᠦᠯᠦᠪᠵᠢᠬᠦᠯᠤᠨ ᠵᠤᠬᠢᠴᠠᠩᠭᠤᠢ ᠬᠦᠭᠵᠢᠬᠦᠯᠬᠦ ᠶᠢ ᠠᠬᠢᠭᠤᠯᠤᠨ᠎ᠠ︔ ᠲᠡᠮᠦᠷᠯᠢᠭ᠂ ᠪᠠᠷᠢᠯᠭ᠎ᠠ ᠶᠢᠨ ᠮᠠᠲ᠋ᠧᠷᠢᠶᠡᠯ ᠤᠨ ᠬᠦᠷᠢᠶᠡᠯᠡᠩ ᠲᠤᠭᠤᠷᠢᠭ ᠪᠤᠯᠤᠨ ᠮᠠᠰᠢᠨ ᠲᠡᠷᠬᠡ ᠲᠠᠷᠢᠶᠠᠯᠠᠩ ᠤᠨ ᠮᠠᠰᠢᠨ ᠲᠦᠬᠦᠬᠡᠷᠤᠮᠵᠢ ᠶᠢᠨ ᠡᠳ᠋ ᠪᠠᠷᠠᠭᠠᠨ ᠤ ᠬᠦᠢᠯᠬᠡᠬᠡᠨ ᠤ ᠬᠦᠷᠢᠶᠡᠯᠡᠩ ᠲᠤᠭᠤᠷᠢᠭ ᠢ ᠪᠠᠶᠢᠭᠤᠯᠵᠤ᠂ ᠪᠠᠯᠭᠠᠰᠤᠨ ᠲᠤᠭᠤᠷᠢᠭ ᠤᠨ ᠪᠠᠷᠠᠭᠤᠨ ᠨᠡᠪᠳᠡᠷᠡᠬᠦ ᠡᠬᠦᠳᠠ᠂ ᠨᠤᠭᠤ ᠭᠠᠵᠠᠷ ᠤᠨ ᠴᠡᠴᠡᠷᠯᠢᠭ ᠤᠨ ᠲᠤᠳᠤᠷᠠᠬᠢ ᠮᠠᠰᠢᠨ ᠲᠡᠷᠬᠡ ᠰᠡᠯᠪᠢᠨ ᠵᠠᠰᠠᠬᠤ᠂ ᠲᠡᠮᠦᠷᠯᠢᠭ ᠪᠠᠷᠢᠯᠭ᠎ᠠ ᠶᠢᠨ ᠮᠠᠲ᠋ᠧᠷᠢᠶᠡᠯ ᠵᠡᠷᠬᠡ ᠠᠵᠤ ᠠᠬᠤᠶᠢᠯᠠᠯ ᠢ ᠪᠠᠯᠭᠠᠰᠤᠨ ᠲᠤᠭᠤᠷᠢᠭ ᠠᠴᠠ ᠨᠡᠬᠦᠯᠬᠡᠨ ᠭᠠᠷᠭᠠᠨ᠎ᠠ︔ ᠴᠢᠮᠡᠭᠡ ᠨᠡᠪᠳᠡᠷᠡᠬᠦᠯᠬᠡ᠂ ᠤᠳᠠᠰᠤᠳᠤ ᠷᠠᠳᠢᠤ᠋ ᠲᠧᠯᠸᠢᠰ᠂ ᠸᠢᠳᠢᠤ᠋ ᠪᠠᠷ ᠬᠢᠨᠡᠨ ᠡᠵᠡᠮᠳᠡᠬᠦ᠂ ᠵᠠᠮ ᠬᠠᠷᠢᠯᠴᠠᠭᠠᠨ ᠤ ᠲᠤᠬᠢᠶ᠎ᠠ᠂ ᠴᠠᠬᠢᠯᠭᠠᠨ ᠤᠳᠠᠰᠤ ᠪᠠ ᠬᠤᠭᠤᠯᠠᠢ ᠶᠢ ᠲᠠᠭᠠᠷᠠᠭᠤᠯᠬᠤ ᠶᠢ ᠲᠦᠯᠬᠢᠨ ᠠᠬᠢᠭᠤᠯᠵᠤ᠂ ᠪᠠᠯᠭᠠᠰᠤᠨ ᠲᠤᠭᠤᠷᠢᠭ ᠤᠨ ᠰᠤᠯᠠ ᠴᠠᠬᠢᠯᠭᠠᠨ ᠤᠳᠠᠰᠤ ᠶᠢ ᠭᠠᠵᠠᠷ ᠲᠤᠤᠷ᠎ᠠ ᠪᠠᠶᠢᠭᠤᠯᠬᠤ᠂ ᠦᠷᠳᠡᠭᠡ ᠪᠠᠶᠢᠭᠤᠯᠬᠤ ᠪᠠ ᠦᠨᠳᠤᠷ ᠬᠦᠴᠦᠳᠠᠯᠳᠤ ᠴᠠᠬᠢᠯᠭᠠᠨ ᠤᠳᠠᠰᠤ ᠶᠢ ᠠᠭᠤᠯᠠᠨ ᠲᠡᠭᠡᠷ᠎ᠡ ᠪᠠᠶᠢᠭᠤᠯᠬᠤ ᠶᠢ ᠲᠡᠮᠵᠢᠵᠤ᠂ ᠬᠤᠳᠠ ᠪᠠᠯᠭᠠᠰᠤ ᠶᠢᠨ ᠲᠦᠷᠢ ᠲᠦᠷᠬᠦ ᠶᠢ ᠲᠡᠭᠡᠭᠰᠢᠯᠡᠬᠦᠯᠤᠨ᠎ᠡ︔ ᠭᠤᠤᠯ ᠲᠠᠭᠠᠤ ᠪᠠᠷᠠᠭᠤᠨ ᠵᠠᠮ᠂ ᠵᠡᠬᠦᠨ ᠲᠤᠭᠤᠷᠢᠯ ᠵᠠᠮ᠂ ᠵᠡᠬᠦᠨ ᠠᠭᠤᠯᠠᠨ ᠤ ᠦᠶᠡᠷ ᠢ ᠰᠡᠷᠬᠡᠶᠢᠯᠡᠬᠦ᠂ ᠦᠵᠡᠮᠤᠷᠢ ᠶᠢᠨ ᠵᠤᠷᠯᠤᠩ᠂ ᠬᠤᠭ ᠨᠤᠪᠰᠢ ᠶᠢ ᠵᠦᠬᠡᠬᠡᠪᠤᠷᠢᠯᠡᠬᠦ ᠦᠷᠳᠡᠭᠡ ᠵᠡᠷᠬᠡ ᠲᠦᠷᠦᠯ ᠵᠦᠢᠯ ᠎ ᠤᠨ ᠪᠦᠳᠦᠬᠡᠨ ᠪᠠᠶᠢᠭᠤᠯᠤᠯᠳᠠ ᠶᠢ ᠬᠡᠷᠡᠭᠵᠢᠬᠦᠯᠤᠨ᠎ᠡ︔ ᠲᠦᠪᠯᠡᠷᠡᠬᠦᠯᠤᠨ ᠢᠯᠴᠢ ᠬᠠᠩᠭᠠᠬᠤ ᠪᠠ ᠤᠰᠤ ᠬᠠᠩᠭᠠᠬᠤ ᠢᠨᠵᠧᠨᠧᠷᠢᠩ ᠢ ᠪᠡᠶᠡᠯᠡᠬᠦᠯᠵᠤ᠂ ᠤᠰᠤ ᠬᠠᠩᠭᠠᠬᠤ ᠪᠠ ᠤᠰᠤ ᠵᠠᠯᠠᠬᠤ᠂ ᠰᠢᠳᠠᠮᠠᠬᠠᠢ ᠬᠡᠢ ᠲᠠᠮᠵᠢᠭᠤᠯᠬᠤ ᠬᠤᠭᠤᠯᠠᠢ ᠵᠡᠷᠬᠡ ᠲᠦᠬᠦᠬᠡᠷᠤᠮᠵᠢ ᠶᠢ ᠲᠡᠬᠦᠯᠳᠡᠷᠵᠢᠬᠦᠯᠵᠤ᠂ 2020 ᠤᠨ ᠪᠤᠯᠳᠠᠯ᠎ᠠ᠂ ᠬᠤᠳᠠ ᠪᠠᠯᠭᠠᠰᠤ ᠶᠢᠨ ᠤᠰᠤ ᠬᠠᠩᠭᠠᠬᠤ᠂ ᠢᠯᠴᠢ ᠬᠠᠩᠭᠠᠬᠤ᠂ ᠬᠡᠢ ᠬᠠᠩᠭᠠᠬᠤ ᠶᠢᠨ ᠲᠦᠬᠡᠮᠡᠯᠵᠢᠬᠦᠯᠳᠠ ᠶᠢᠨ ᠨᠤᠷᠮ᠎ᠠ ᠶᠢ ᠲᠤᠰᠪᠤᠷᠢ 95%᠂ 80% ᠪᠠ 60%᠎ ᠠᠴᠠ ᠲᠡᠭᠡᠭᠰᠢ ᠪᠤᠯᠭᠠᠬᠤ ᠪᠠᠷ ᠴᠢᠷᠮᠠᠶᠢᠨ ᠲᠡᠮᠡᠴᠡᠨ᠎ᠡ︔ ᠠᠰᠢᠭᠯᠠᠵᠤ ᠪᠤᠯᠬᠤ ᠭᠠᠵᠠᠷ ᠪᠦᠬᠦᠨ ᠎ ᠢ ᠨᠤᠭᠤᠭᠠᠷᠠᠭᠤᠯᠵᠤ᠂ ᠨᠤᠭᠤᠭᠠᠷᠠᠭᠤᠯᠤᠯᠳᠠ ᠶᠢᠨ ᠲᠠᠯᠠᠪᠠᠢ ᠶᠢ 105 ᠲᠦᠮᠡᠨ ᠲᠡᠭᠰᠢ ᠲᠦᠷᠪᠡᠯᠵᠢᠨ ᠮᠧᠲᠷ ᠰᠢᠨ᠎ᠡ ᠎ ᠪᠠᠷ ᠨᠡᠮᠡᠭᠳᠡᠬᠦᠯᠵᠤ᠂ ᠤᠯᠤᠰ ᠤᠨ ᠲᠡᠰ ᠤᠨ ᠴᠡᠴᠡᠷᠯᠢᠭᠵᠢᠭᠰᠡᠨ ᠬᠤᠰᠢᠭᠤ ᠰᠢᠶᠠᠨ ᠤ ᠬᠤᠳᠠ ᠶᠢ ᠴᠤᠭᠴᠠᠯᠠᠨ᠎ᠠ᠃ ᠭᠠᠯᠳᠠᠰᠤᠳᠠᠢ ᠷᠠᠰᠢᠶᠠᠨ ᠤ ᠲᠤᠮᠳᠠᠳᠤ ᠤᠯᠤᠰ ᠤᠨ ᠬᠠᠯᠠᠭᠤᠨ ᠷᠠᠰᠢᠶᠠᠨ ᠤ ᠨᠤᠳᠤᠭ ᠬᠡᠬᠦ ᠨᠡᠷ᠎ᠡ ᠲᠡᠮᠳᠡᠭ ᠢ ᠬᠦᠴᠦᠷᠬᠡᠭᠵᠢᠬᠦᠯᠤᠨ ᠴᠤᠭᠴᠠᠯᠠᠬᠤ ᠶᠢᠨ ᠭᠤᠤᠯᠳᠠᠯᠭ᠎ᠠ ᠲᠠᠢ ᠲᠤᠭᠤᠷᠢᠨ ᠳᠤ᠂ ᠡᠮᠤᠨ᠎ᠡ ᠬᠦᠪᠡᠭᠡ ᠶᠢᠨ ᠭᠠᠯᠳᠠᠰᠤᠳᠠᠢ ᠬᠠᠯᠠᠭᠤᠨ ᠷᠠᠰᠢᠶᠠᠨ ᠤ ᠵᠢᠭᠤᠯᠴᠢᠯᠠᠯ ᠠᠮᠠᠷᠠᠯᠳᠠ ᠶᠢᠨ ᠲᠤᠭᠤᠷᠢᠭ᠂ ᠲᠠᠪᠤᠨ ᠤᠳᠤᠨ ᠲᠡᠰ ᠤᠨ ᠬᠤᠳᠠᠯᠳᠤᠭᠠᠨ ᠤ ᠶᠠᠪᠤᠳᠠᠯ ᠤᠨ ᠵᠤᠴᠢᠳ ᠤᠨ ᠪᠠᠭᠤᠳᠠᠯ ᠵᠡᠷᠬᠡ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠰᠠᠶᠢᠳᠤᠷ ᠠᠳᠬᠤᠵᠤ᠂ ᠭᠤᠤᠯ ᠤᠨ ᠵᠠᠮ ᠢ ᠵᠠᠰᠠᠬᠤ ᠪᠠ ᠤᠰᠤᠨ ᠰᠤᠷᠪᠤᠯᠵᠢ ᠶᠢᠨ ᠬᠤᠳᠳᠤᠭ ᠢ ᠬᠠᠮᠠᠭᠠᠯᠠᠬᠤ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠨ᠎ᠡ᠃ ᠬᠤᠳᠠ ᠪᠠᠯᠭᠠᠰᠤ ᠪᠤᠯᠤᠨ ᠠᠵᠤ ᠦᠢᠯᠡᠰ ᠤᠨ ᠪᠠᠶᠢᠷᠢᠰᠢᠭᠤᠯᠤᠯᠳᠠ ᠶᠢ ᠤᠯᠠᠮ ᠨᠢᠬᠡ ᠠᠯᠬᠤᠮ ᠰᠢᠯᠢᠳᠡᠭᠵᠢᠬᠦᠯᠵᠤ᠂ ᠭᠠᠵᠠᠷ ᠤᠷᠤᠨ ᠤ ᠪᠠᠶᠢᠳᠠᠯ ᠳᠤ ᠨᠢ ᠲᠤᠬᠢᠷᠠᠭᠤᠯᠤᠨ ᠤᠯᠠᠭᠠᠨᠪᠤᠳᠤᠩ᠂ ᠬᠠᠭᠤᠷᠠᠢ ᠬᠦᠷᠢᠶ᠎ᠡ᠂ ᠪᠠᠶᠠᠨᠴᠠᠭᠠᠨ᠂ ᠲᠦᠩ ᠰᠢᠩ ᠵᠡᠷᠬᠡ ᠤᠨᠴᠠᠯᠢᠭᠳᠤ ᠬᠤᠳᠠ ᠪᠠᠯᠭᠠᠰᠤ ᠶᠢ ᠪᠤᠶᠢᠵᠢᠭᠤᠯᠵᠤ᠂ ᠬᠤᠳᠠ ᠪᠠᠯᠭᠠᠰᠤ ᠪᠠ ᠠᠵᠤ ᠦᠢᠯᠡᠰ᠂ ᠬᠤᠳᠠ ᠪᠠᠯᠭᠠᠰᠤ ᠪᠠ ᠮᠠᠯᠵᠢᠬᠤ ᠲᠠᠷᠢᠶᠠᠯᠠᠬᠤ ᠤᠷᠤᠨ ᠤ ᠵᠤᠬᠢᠴᠠᠩᠭᠤᠢ ᠬᠦᠭᠵᠢᠯᠳᠠ ᠶᠢ ᠪᠡᠶᠡᠯᠡᠬᠦᠯᠤᠨ᠎ᠡ᠃ ᠬᠦᠮᠤᠨ ᠢᠶᠠᠷ ᠭᠤᠤᠯ ᠪᠤᠯᠭᠠᠵᠤ᠂ ᠡᠷᠦᠬᠡ ᠠᠮᠠ ᠶᠢᠨ ᠲᠠᠩᠰᠠ ᠶᠢᠨ ᠲᠦᠷᠢᠮ ᠎ ᠤᠨ ᠦᠬᠡᠷᠡᠴᠢᠯᠡᠯᠳᠠ ᠶᠢ ᠲᠦᠷᠬᠡᠳᠬᠡᠨ ᠠᠬᠢᠭᠤᠯᠵᠤ᠂ ᠨᠡᠶᠢᠬᠡᠮ ᠤᠨ ᠪᠠᠳᠤᠯᠠᠭ᠎ᠠ᠂ ᠰᠤᠷᠭᠠᠨ ᠬᠦᠮᠦᠵᠢᠯ᠂ ᠡᠮ ᠡᠮᠨᠡᠯᠬᠡ᠂ ᠪᠠᠳᠤᠯᠠᠭ᠎ᠠ ᠶᠢᠨ ᠴᠢᠨᠠᠷᠳᠠᠢ ᠤᠷᠤᠨ ᠰᠠᠭᠤᠴᠠ ᠵᠡᠷᠬᠡ ᠢᠵᠢ ᠪᠦᠷᠢᠳᠦᠬᠦᠯᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠮᠠᠯᠴᠢᠨ ᠲᠠᠷᠢᠶᠠᠴᠢᠨ ᠬᠦᠯᠦᠰᠤᠨ ᠠᠵᠢᠯᠴᠢᠳ ᠢ ᠬᠤᠳᠠ ᠶᠢᠨ ᠠᠷᠠᠳ ᠪᠤᠯᠭᠠᠬᠤ ᠪᠠ ᠰᠠᠭᠤᠭᠠᠯᠢ ᠠᠷᠠᠳ ᠢ ᠲᠤᠰ ᠭᠠᠵᠠᠷ ᠲᠤ ᠨᠢ ᠬᠤᠳᠠ ᠪᠠᠯᠭᠠᠰᠤᠵᠢᠭᠤᠯᠬᠤ ᠶᠢ ᠲᠦᠯᠬᠢᠨ ᠠᠬᠢᠭᠤᠯᠤᠨ᠎ᠠ᠃      ᠬᠤᠳᠠ ᠪᠠᠯᠭᠠᠰᠤ ᠶᠢᠨ ᠰᠠᠭᠤᠷᠢ ᠲᠦᠬᠦᠬᠡᠷᠤᠮᠵᠢ ᠶᠢᠨ ᠪᠦᠳᠦᠬᠡᠨ ᠪᠠᠶᠢᠭᠤᠯᠤᠯᠳᠠ ᠶᠢ ᠲᠦᠷᠬᠡᠳᠬᠡᠨ ᠠᠬᠢᠭᠤᠯᠤᠨ᠎ᠠ᠃ ᠭᠤᠤᠯᠳᠠᠯᠭ᠎ᠠ ᠶᠢ ᠲᠤᠪᠤᠶᠢᠯᠭᠠᠵᠤ᠂ ᠪᠡᠯᠡ ᠤᠷᠤᠭᠤᠯᠤᠯᠳᠠ ᠪᠠᠨ ᠨᠡᠮᠡᠭᠳᠡᠬᠦᠯᠵᠤ᠂ ᠵᠠᠮ ᠬᠠᠷᠢᠯᠴᠠᠭ᠎ᠠ ᠂ ᠴᠠᠬᠢᠯᠭᠠᠨ᠂ ᠴᠢᠮᠡᠭᠡ ᠨᠡᠪᠳᠡᠷᠡᠬᠦᠯᠬᠡ ᠵᠠᠷᠬᠡ ᠰᠠᠭᠤᠷᠢ ᠲᠦᠬᠦᠬᠡᠷᠤᠮᠵᠢ ᠶᠢᠨ ᠪᠦᠳᠦᠬᠡᠨ ᠪᠠᠶᠢᠭᠤᠯᠤᠯᠳᠠ ᠶᠢ ᠭᠤᠶᠢᠪᠢᠰᠢ ᠦᠭᠡᠢ ᠪᠠᠷᠢᠮᠳᠠᠯᠠᠵᠤ᠂ ᠴᠢᠬᠤᠯᠠ ᠡᠯᠧᠮᠧᠨ᠋ᠲ ᠢ ᠪᠠᠳᠤᠯᠠᠬᠤ ᠴᠢᠳᠠᠪᠤᠷᠢ ᠪᠠᠨ ᠲᠡᠭᠡᠭᠰᠢᠯᠡᠬᠦᠯᠤᠨ᠎ᠡ᠃ 352 ᠺᠢᠯᠤᠮᠧᠲᠷ ᠬᠤᠷᠳᠤᠨ ᠵᠠᠮ᠂ 280 ᠺᠢᠯᠤᠮᠧᠲᠷ ᠲᠡᠮᠤᠷ ᠵᠠᠮ ᠢ ᠰᠢᠨ᠎ᠡ ᠪᠠᠷ ᠪᠠᠶᠢᠭᠤᠯᠵᠤ᠂ 2068 ᠺᠢᠯᠤᠮᠧᠲᠷ ᠵᠠᠰᠠᠮᠠᠯ ᠵᠠᠮ ᠢ ᠰᠢᠨ᠎ᠡ ᠪᠠᠷ ᠦᠬᠡᠷᠡᠴᠢᠯᠡᠨ ᠪᠠᠶᠢᠭᠤᠯᠵᠤ᠂ ᠪᠢᠷᠠᠭᠤ᠂ ᠤᠯᠠᠭᠠᠪᠤᠳᠤᠩ᠂ ᠠᠰᠬᠠᠳᠤ ᠶᠢᠨ ᠨᠡᠶᠢᠳᠡᠮ ᠤᠨ ᠬᠡᠷᠡᠭᠴᠡᠬᠡᠨ ᠤ ᠨᠢᠰᠬᠡᠯ ᠤᠨ ᠪᠠᠭᠤᠳᠠᠯ ᠢ ᠪᠠᠶᠢᠭᠤᠯᠵᠤ ᠡᠵᠡᠩᠨᠡᠬᠦ ᠶᠢ ᠪᠠᠳᠤᠯᠠᠵᠤ᠂ ᠬᠤᠯᠪᠤᠯᠳᠠᠨ ᠨᠡᠪᠳᠡᠷᠡᠯᠴᠡᠭᠰᠡᠨ ᠪᠡᠶᠡᠳᠤ ᠵᠠᠮ ᠬᠠᠷᠢᠯᠴᠠᠭ᠎ᠠ ᠶᠢᠨ ᠰᠦᠯᠵᠢᠶ᠎ᠡ ᠶᠢᠨ ᠰᠢᠨ᠎ᠡ ᠪᠠᠶᠢᠳᠠᠯ ᠢ ᠴᠤᠭᠴᠠᠯᠠᠨ᠎ᠠ᠃ ᠲᠠᠷᠢᠶᠠᠯᠠᠩ ᠎ ᠤᠨ ᠴᠠᠬᠢᠯᠭᠠᠨ ᠲᠤᠤᠷ ᠢ ᠦᠬᠡᠷᠡᠴᠢᠯᠠᠨ ᠵᠠᠰᠠᠬᠤ ᠢᠨᠵᠧᠨᠧᠷᠢᠩ ᠢ ᠰᠠᠶᠢᠳᠤᠷ ᠠᠳᠬᠤᠵᠤ᠂ 66KV ᠴᠠᠬᠢᠯᠭᠠᠨ ᠲᠤᠤᠷ ᠤᠨ ᠪᠦᠳᠦᠴᠠ ᠶᠢ ᠭᠤᠤᠯᠳᠠᠯᠭ᠎ᠠ ᠲᠠᠢ ᠲᠡᠬᠦᠯᠳᠡᠷᠵᠢᠬᠦᠯᠵᠤ᠂ 10KV᠎ ᠠᠴᠠ ᠲᠤᠷᠤᠭᠰᠢᠬᠢ ᠴᠠᠬᠢᠯᠭᠠᠨ ᠲᠤᠤᠷ ᠢ 100%᠎ ᠪᠠᠷ ᠦᠬᠡᠷᠡᠴᠢᠯᠡᠨ ᠵᠠᠰᠠᠬᠤ ᠶᠢ ᠪᠡᠶᠡᠯᠡᠬᠦᠯᠦᠨ᠎ᠡ᠃ ᠰᠢᠨ᠎ᠡ ᠬᠤᠶᠠᠳᠤᠭᠠᠷ ᠦᠶ᠎ᠡ ᠶᠢᠨ ᠨᠡᠬᠦᠳᠡᠯ ᠴᠢᠮᠡᠭᠡ ᠨᠡᠪᠳᠡᠷᠡᠬᠦᠯᠬᠡ ᠶᠢᠨ ᠲᠤᠤᠷ᠂ ᠰᠢᠨ᠎ᠡ ᠨᠢᠬᠡ ᠦᠶ᠎ᠡ ᠶᠢᠨ ᠢᠨᠲ᠋ᠧᠷ ᠰᠦᠯᠵᠢᠶ᠎ᠡ ᠶᠢ ᠢᠳᠡᠪᠬᠢᠳᠠᠢ ᠪᠠᠷ ᠬᠦᠭᠵᠢᠬᠦᠯᠵᠤ᠂ 3G ᠰᠦᠯᠵᠢᠶ᠎ᠡ ᠶᠢ ᠪᠦᠬᠦᠨ ᠢ ᠪᠦᠷᠬᠦᠬᠦᠯᠬᠦ᠂ 4G ᠰᠦᠯᠵᠢᠶ᠎ᠡ ᠶᠢᠨ ᠲᠤᠭ᠎ᠠ ᠪᠠᠷᠢᠮᠳᠠ ᠶᠢ ᠬᠠᠯᠠᠮᠰᠢᠯ ᠤᠷᠤᠨ ᠬᠡᠪᠴᠢᠶᠡᠨ ᠳᠤ ᠪᠦᠬᠦᠨ ᠢ ᠪᠦᠷᠬᠦᠬᠦᠯᠬᠦ ᠶᠢ ᠪᠡᠶᠡᠯᠡᠬᠦᠯᠦᠨ᠎ᠡ᠃      ︵ᠲᠦᠷᠪᠡ︶ ᠴᠢᠯᠦᠬᠡᠳᠠᠢ ᠬᠦᠭᠵᠢᠯᠳᠠ ᠶᠢ ᠪᠠᠷᠢᠮᠳᠠᠯᠠᠵᠤ᠂ ᠠᠮᠢᠵᠢᠷᠠᠯ ᠤᠨ ᠬᠦᠴᠦᠨ ᠪᠦᠬᠦᠢ ᠬᠡᠰᠢᠭᠳᠡᠨ ᠬᠤᠰᠢᠭᠤ ᠶᠢ ᠴᠢᠷᠮᠠᠶᠢᠨ ᠴᠤᠭᠴᠠᠯᠠᠨ᠎ᠠ᠃ ᠦᠬᠡᠷᠡᠴᠢᠯᠡᠯᠳᠠ ᠳᠤ ᠰᠢᠨ᠎ᠡ ᠶᠢ ᠡᠬᠦᠳᠬᠦ ᠪᠠ ᠴᠢᠯᠦᠬᠡᠳᠠᠢ ᠶᠠᠪᠤᠯᠴᠠᠬᠤ ᠎ ᠶᠢ ᠦᠷᠬᠡᠳᠬᠡᠬᠦ ᠪᠠᠷ ᠰᠢᠪᠳᠤᠯᠤᠯᠳᠠ ᠶᠢᠨ ᠴᠡᠭ ᠪᠤᠯᠭᠠᠵᠤ᠂ ᠤᠷᠤᠨ ᠬᠡᠪᠴᠢᠶᠡᠨ ᠤ ᠬᠠᠮᠳᠤᠷᠠᠯᠴᠠᠭ᠎ᠠ ᠬᠦᠭᠵᠢᠯᠳᠠ ᠎ ᠶᠢᠨ ᠰᠢᠨ᠎ᠡ ᠲᠠᠪᠠᠭᠤᠯᠢᠭ ᠢ ᠴᠤᠭᠴᠠᠯᠠᠵᠤ᠂ ᠴᠢᠯᠦᠬᠡᠳᠤ ᠬᠡᠯᠪᠡᠷᠢ ᠶᠢᠨ ᠠᠵᠤ ᠠᠬᠤᠢ ᠶᠢᠨ ᠰᠢᠨ᠎ᠡ ᠤᠷᠤᠨ ᠵᠠᠢ ᠶᠢ ᠦᠷᠬᠡᠳᠬᠡᠨ᠎ᠡ᠃      ᠦᠬᠡᠷᠡᠴᠢᠯᠡᠯᠳᠠ ᠳᠤ ᠰᠢᠨ᠎ᠡ ᠶᠢ ᠡᠬᠦᠳᠬᠦ ᠪᠠᠷ ᠠᠮᠢᠵᠢᠷᠠᠯ ᠤᠨ ᠬᠦᠴᠦᠨ ᠢ ᠬᠦᠭᠵᠢᠬᠡᠨ᠎ᠡ᠃ ᠲᠤᠰ ᠱᠠᠳᠤᠨ ᠎ ᠤ ᠵᠠᠰᠠᠭ ᠤᠨ ᠤᠷᠳᠤᠨ ᠤ ᠵᠠᠰᠠᠭ ᠵᠠᠬᠢᠷᠭᠠᠨ ᠤ ᠡᠷᠬᠡ ᠶᠢ ᠬᠦᠳᠡᠯᠤᠩᠬᠦᠢ ᠪᠠᠷ ᠡᠮᠬᠢᠯᠠᠵᠤ᠂ ᠡᠷᠬᠡ ᠶᠢᠨ ᠨᠡᠷᠢᠨ ᠲᠠᠩᠰᠠ᠂ ᠬᠠᠷᠢᠭᠤᠴᠠᠯᠭ᠎ᠠ ᠶᠢᠨ ᠨᠠᠷᠢᠨ ᠲᠠᠩᠰᠠ ᠪᠠ ᠨᠠᠵᠠᠭᠠᠢ ᠲᠠᠯ᠎ᠠ ᠶᠢᠨ ᠨᠠᠷᠢᠨ ᠲᠠᠩᠰᠠ ᠶᠢ ᠴᠠᠭ ᠲᠤᠬᠠᠢ ᠳᠤᠨᠢ ᠲᠡᠬᠦᠯᠳᠡᠷᠵᠢᠬᠦᠯᠤᠨ ᠨᠡᠶᠢᠳᠡᠯᠡᠨ᠎ᠡ᠃ ᠵᠠᠰᠠᠭ ᠤᠨ ᠤᠷᠳᠤᠨ ᠪᠠ ᠨᠡᠶᠢᠬᠡᠮ ᠤᠨ ᠬᠦᠷᠦᠩᠬᠡ ᠬᠠᠮᠳᠤᠷᠠᠨ ᠠᠵᠢᠯᠯᠠᠬᠤ ︽PPP︾ ᠵᠠᠭᠪᠤᠷ ᠢ ᠬᠦᠴᠦᠯᠡᠨ ᠬᠡᠷᠡᠭᠵᠢᠬᠦᠯᠵᠤ᠂ ᠤᠨᠴᠠ ᠵᠦᠪᠰᠢᠶᠡᠷᠡᠯ ᠤᠯᠤᠭᠰᠠᠨ ᠡᠵᠡᠩᠨᠡᠯᠳᠠ᠂ ᠪᠡᠯᠡ ᠤᠷᠤᠭᠤᠯᠤᠯᠳᠠ ᠶᠢᠨ ᠨᠦᠬᠦᠪᠤᠷᠢ᠂ ᠵᠠᠰᠠᠭ ᠤᠨ ᠤᠷᠳᠤᠨ ᠤ ᠦᠢᠯᠡᠴᠢᠯᠡᠭᠡ ᠬᠤᠳᠠᠯᠳᠤᠨ ᠠᠪᠬᠤ ᠵᠡᠷᠬᠡ ᠠᠷᠭ᠎ᠠ ᠬᠡᠯᠪᠡᠷᠢ ᠪᠠᠷ ᠲᠠᠮᠵᠢᠭᠤᠯᠤᠨ᠂ ᠨᠡᠩ ᠤᠯᠠᠨ ᠨᠡᠶᠢᠬᠡᠮ ᠤᠨ ᠬᠦᠷᠦᠩᠬᠡ ᠶᠢ ᠰᠠᠭᠤᠷᠢ ᠲᠦᠬᠦᠬᠡᠷᠤᠮᠵᠢ᠂ ᠬᠦᠷᠢᠶᠡᠯᠡᠩ ᠲᠤᠭᠤᠷᠢᠭ ᠤᠨ ᠪᠦᠳᠦᠬᠡᠨ ᠪᠠᠶᠢᠭᠤᠯᠤᠯᠳᠠ ᠪᠠ ᠨᠡᠶᠢᠬᠡᠮ ᠤᠨ ᠠᠵᠢᠯ ᠲᠦᠷᠦᠯ ᠵᠡᠷᠬᠡ ᠬᠦᠷᠢᠶ᠎ᠡ ᠬᠡᠪᠴᠢᠶᠡᠨ ᠳᠤ ᠲᠠᠳᠠᠨ ᠤᠷᠤᠭᠤᠯᠤᠨ᠎ᠠ᠃ ᠡᠷᠬᠡ ᠲᠤᠰᠢᠶᠠᠯ᠂ ᠵᠠᠰᠠᠭ ᠢ ᠴᠤᠮᠬᠠᠳᠬᠠᠨ ᠡᠷᠬᠡ ᠶᠢ ᠪᠠᠭᠤᠯᠭᠠᠬᠤ᠂ ᠭᠠᠶᠢᠯᠢ ᠵᠠᠷᠤᠳᠠᠯ ᠢ ᠲᠡᠭᠰᠢᠯᠡᠬᠦ ᠶᠢ ᠤᠯᠠᠮ ᠨᠢᠬᠡ ᠠᠯᠬᠤᠮ ᠬᠤᠪᠢᠷᠠᠭᠤᠯᠵᠤ᠂ ᠬᠤᠳᠠᠯᠳᠤᠨ ᠠᠪᠬᠤ ᠲᠦᠷᠢᠶᠡᠰᠦᠯᠡᠬᠦ ᠶᠢ ᠵᠡᠷᠬᠡᠪᠡᠷ ᠬᠦᠭᠵᠢᠬᠦᠯᠬᠦ ᠤᠷᠤᠨ ᠰᠠᠭᠤᠴᠠ ᠶᠢᠨ ᠲᠦᠷᠢᠮ ᠢ ᠪᠠᠶᠢᠭᠤᠯᠬᠤ ᠪᠠᠷ ᠭᠤᠤᠯ ᠴᠢᠭᠯᠡᠯ ᠪᠤᠯᠭᠠᠵᠤ᠂ ᠤᠯᠠᠨ ᠨᠡᠶᠢᠳᠠ ᠎ ᠶᠢᠨ ᠲᠦᠷᠢᠶᠡᠰᠤᠨ ᠤᠷᠤᠨ ᠰᠠᠭᠤᠴᠠ ᠶᠢᠨ ᠬᠡᠪᠴᠢᠶ᠎ᠡ ᠳᠤ ᠡᠷᠦᠬᠡ ᠠᠮᠠ ᠶᠢᠨ ᠬᠠᠷᠢᠶ᠎ᠠ ᠨᠢ ᠪᠢᠷᠠᠭᠤ ᠪᠠᠯᠭᠠᠰᠤᠨ ᠤ ᠪᠤᠰᠤ ᠬᠦᠮᠤᠨ ᠠᠮᠠ ᠶᠢ ᠪᠠᠰᠠ ᠤᠷᠤᠭᠤᠯᠤᠨ᠎ᠠ᠃ ᠠᠯᠪᠠᠨ ᠠᠴᠠ ᠡᠷᠬᠢᠯᠡᠭᠰᠡᠨ ᠡᠮᠨᠡᠯᠬᠡ ᠶᠢᠨ ᠬᠤᠷᠢᠶ᠎ᠠ ᠶᠢᠨ ᠦᠬᠡᠷᠡᠴᠢᠯᠡᠯᠳᠠ᠂ ᠡᠮ ᠡᠮᠨᠡᠯᠬᠡ ᠡᠷᠡᠬᠦᠯ ᠬᠠᠮᠠᠭᠠᠯᠠᠯ ᠤᠨ ᠪᠠᠶᠢᠭᠤᠯᠤᠯ ᠤᠨ ᠦᠬᠡᠷᠡᠴᠢᠯᠡᠯᠳᠠ᠂ ᠬᠠᠮᠳᠤ ᠶᠢᠨ ᠤᠢ ᠰᠢᠭᠤᠢ ᠶᠢᠨ ᠡᠷᠬᠡ ᠶᠢᠨ ᠲᠦᠷᠢᠮ ᠤᠨ ᠦᠬᠡᠷᠡᠴᠢᠯᠡᠯᠳᠠ ᠪᠠ ᠤᠯᠤᠰ ᠤᠨ ᠦᠮᠴᠢᠯᠠᠯᠳᠤ ᠤᠢ ᠰᠢᠭᠤᠢ ᠶᠢᠨ ᠲᠠᠯᠠᠪᠠᠢ ᠎ ᠶᠢᠨ ᠶᠡᠷᠦᠩᠬᠡᠶᠢᠯᠡᠭᠰᠠᠨ ᠢᠵᠢ ᠪᠦᠷᠢᠳᠦᠬᠦᠯᠬᠦ ᠦᠬᠡᠷᠡᠴᠢᠯᠡᠯᠳᠠ ᠶᠢ ᠬᠦᠨᠵᠡᠬᠡᠶᠢᠷᠡᠬᠦᠯᠤᠨ᠎ᠡ᠃ ᠪᠠᠶᠢᠭᠤᠯᠤᠮᠵᠢ ᠶᠢᠨ ᠤᠷᠤᠨ ᠲᠤᠭᠠᠨ ᠤ ᠬᠠᠮᠢᠶᠠᠷᠤᠯᠳᠠ ᠶᠢ ᠴᠢᠩᠭᠠᠳᠬᠠᠵᠤ᠂ ᠵᠠᠰᠠᠭ ᠤᠨ ᠤᠷᠳᠤᠨ ᠤ ᠪᠠᠶᠢᠭᠤᠯᠤᠮᠵᠢ ᠶᠢᠨ ᠦᠬᠡᠷᠡᠴᠢᠯᠡᠯᠳᠠ᠂ ᠠᠵᠢᠯ ᠦᠢᠯᠡᠰ ᠤᠨ ᠨᠢᠬᠡᠴᠠ ᠶᠢᠨ ᠲᠦᠷᠦᠯ ᠬᠤᠪᠢᠶᠠᠬᠤ ᠦᠬᠡᠷᠡᠴᠢᠯᠡᠯᠳᠠ ᠶᠢ ᠯᠠᠪᠳᠠᠭᠤᠨ ᠢᠶᠠᠷ ᠬᠡᠷᠡᠭᠵᠢᠬᠦᠯᠤᠨ᠎ᠡ᠃ ᠪᠠᠶᠢᠭᠤᠯᠤᠯᠭ᠎ᠠ ᠠᠵᠢᠯ ᠦᠢᠯᠡᠰ ᠤᠨ ᠨᠢᠬᠡᠴᠠ ᠪᠤᠯᠤᠨ ᠬᠤᠳᠠ ᠪᠠᠯᠭᠠᠰᠤ ᠶᠢᠨ ᠠᠵᠢᠯᠴᠢᠨ ᠠᠵᠢᠯᠳᠠᠨ ᠤ ᠨᠠᠰᠤᠵᠢᠯ ᠤᠨ ᠲᠠᠭᠠᠳᠬᠠᠯ ᠤᠨ ᠲᠦᠷᠢᠮ ᠢ ᠨᠢᠬᠡᠳᠬᠡᠬᠦ᠂ ᠠᠯᠪᠠᠳᠠᠨ ᠤ ᠲᠤᠰᠢᠶᠠᠯ ᠤᠨ ᠲᠡᠰ ᠤᠨ ᠴᠠᠯᠢᠩ ᠤᠨ ᠦᠬᠡᠷᠡᠴᠢᠯᠡᠯᠳᠠ ᠶᠢ ᠲᠦᠯᠬᠢᠨ ᠠᠬᠢᠭᠤᠯᠤᠨ᠎ᠠ᠃ᠭᠠᠵᠠᠷ ᠤᠷᠤᠨ᠂ ᠰᠠᠯᠠᠭ᠎ᠠ ᠮᠦᠴᠢᠷ ᠲᠤ ᠬᠠᠤᠯᠢ ᠴᠠᠭᠠᠵᠠ ᠶᠢᠨ ᠵᠦᠪᠯᠡᠭᠴᠢ ᠶᠢᠨ ᠲᠦᠷᠢᠮ ᠢ ᠨᠡᠶᠢᠳᠠᠮ ᠳᠤ ᠨᠢ ᠪᠠᠶᠢᠭᠤᠯᠤᠨ᠎ᠠ᠃ ᠮᠠᠯᠵᠢᠬᠤ ᠲᠠᠷᠢᠶᠠᠯᠠᠬᠤ ᠤᠷᠤᠨ᠂ ᠡᠳ᠋ ᠤᠨ ᠵᠠᠰᠠᠭ ᠭᠠᠶᠢᠯᠢ᠂ ᠰᠤᠶᠤᠯ᠂ ᠰᠤᠷᠭᠠᠨ ᠬᠦᠮᠦᠵᠢᠯ᠂ ᠡᠷᠡᠬᠦᠯ ᠬᠠᠮᠠᠭᠠᠯᠠᠯ᠂ ᠮᠦᠩᠬᠦᠨ ᠬᠦᠢᠯᠬᠡᠬᠡᠨ᠂ ᠨᠡᠶᠢᠬᠡᠮ ᠤᠨ ᠪᠠᠳᠤᠯᠠᠭ᠎ᠠ ᠵᠡᠷᠬᠡ ᠲᠠᠯ᠎ᠠ ᠶᠢᠨ ᠢᠵᠢ ᠪᠦᠷᠢᠳᠦᠬᠦᠯᠬᠦ ᠦᠬᠡᠷᠡᠴᠢᠯᠡᠯᠳᠠ ᠶᠢ ᠬᠦᠨᠵᠡᠬᠡᠶᠢᠷᠡᠬᠦᠯᠤᠨ᠎ᠡ᠃      ᠴᠢᠯᠦᠬᠡᠳᠠᠢ ᠶᠠᠪᠤᠯᠴᠠᠨ ᠬᠠᠮᠳᠤᠷᠠᠨ ᠠᠵᠢᠯᠯᠠᠬᠤ ᠪᠠᠷ ᠬᠦᠳᠡᠯᠬᠡᠭᠴᠢ ᠬᠦᠴᠦᠨ ᠢ ᠴᠢᠩᠭᠠᠳᠬᠠᠨ᠎ᠠ᠃ ᠴᠢᠯᠦᠬᠡᠳᠠᠢ ᠶᠠᠪᠤᠯᠴᠠᠬᠤ ᠪᠠᠶᠢᠯᠳᠤᠬᠤ ᠪᠤᠳᠤᠯᠭ᠎ᠠ ᠶᠢ ᠭᠤᠶᠢᠪᠢᠰᠢ ᠦᠭᠡᠢ ᠪᠠᠷᠢᠮᠳᠠᠯᠠᠨ ᠬᠡᠷᠡᠭᠵᠢᠬᠦᠯᠵᠤ᠂ ᠤᠯᠤᠰ ᠤᠨ ︽ᠨᠢᠭᠡ ᠪᠦᠰᠠ ᠨᠢᠬᠡ ᠵᠠᠮ︾᠂ ᠪᠡᠬᠡᠵᠢᠩ ᠲᠢᠶᠠᠨᠵᠢᠨ ᠾᠧᠪᠸᠢ ᠶᠢᠨ ᠬᠦᠭᠵᠢᠯᠳᠠ ᠶᠢᠨ ᠪᠠᠶᠢᠯᠳᠤᠬᠤ ᠪᠤᠳᠤᠯᠭ᠎ᠠ ᠎ ᠲᠠᠢ ᠢᠳᠡᠪᠬᠢᠳᠠᠢ ᠪᠠᠷ ᠵᠤᠯᠭᠠᠭᠤᠯᠵᠤ᠂ ᠵᠡᠬᠦᠨ ᠬᠤᠶᠢᠳᠤ ᠤᠷᠤᠨ ᠤ ᠠᠵᠤ ᠠᠬᠤᠢ ᠶᠢᠨ ᠲᠤᠭᠤᠷᠢᠭ᠂ ᠪᠦᠸᠧᠬᠠᠢ ᠲᠠᠩᠬᠢᠰ ᠤᠨ ᠡᠷᠬᠢᠨ ᠲᠤᠭᠤᠷᠢᠨ ᠤ ᠠᠵᠤ ᠠᠬᠤᠢ ᠶᠢᠨ ᠲᠤᠭᠤᠷᠢᠭ ᠲᠤ ᠲᠦᠷᠬᠡᠨ ᠠᠭᠤᠰᠤᠯᠴᠠᠨ ᠤᠷᠤᠵᠤ᠂ ᠬᠦᠬᠡ ᠮᠦᠷᠡᠨ ᠤ ᠭᠤᠷᠪᠠᠯᠵᠢᠨ ᠬᠤᠶᠢᠭ᠂ ᠵᠦᠵᠢᠶᠡᠩ ᠮᠦᠷᠡᠨ ᠤ ᠭᠤᠷᠪᠠᠯᠵᠢᠨ ᠬᠤᠶᠢᠭ ᠵᠡᠷᠬᠡ ᠬᠦᠭᠵᠢᠭᠰᠡᠨ ᠭᠠᠵᠠᠷ ᠤᠷᠤᠨ ᠤ ᠠᠵᠤ ᠠᠬᠤᠢ ᠶᠢᠨ ᠰᠢᠯᠵᠢᠯᠳᠠ ᠲᠠᠢ ᠪᠦᠳᠦᠮᠵᠢᠳᠠᠢ ᠪᠠᠷ ᠵᠠᠯᠭᠠᠵᠤ᠂ ᠦᠨᠳᠤᠷ ᠬᠢᠷᠢ ᠲᠦᠪᠰᠢᠨ ᠪᠦᠬᠦᠢ ᠬᠤᠤᠰ ᠴᠢᠭᠯᠡᠯ ᠢᠶᠠᠷ ᠴᠢᠯᠦᠬᠡᠳᠠᠢ ᠶᠠᠪᠤᠯᠴᠠᠬᠤ ᠶᠢ ᠲᠦᠯᠬᠢᠨ ᠠᠬᠢᠭᠤᠯᠤᠨ᠎ᠠ᠃ ᠰᠢᠯᠢᠩᠬᠤᠳᠠ ᠤᠯᠠᠭᠠᠨᠬᠠᠳᠠ ᠲᠦᠩᠯᠢᠶᠤᠤ ᠴᠤᠤᠶᠠᠩ ᠵᠢᠨᠵᠸᠤ ᠶᠢᠨ ᠤᠷᠤᠨ ᠬᠡᠪᠴᠢᠶᠡᠨ ᠤ ᠬᠠᠮᠳᠤᠷᠠᠯᠴᠠᠭ᠎ᠠ ᠶᠢ ᠤᠯᠤᠰ ᠤᠨ ᠪᠦᠸᠧᠬᠠᠢ ᠲᠠᠩᠬᠢᠰ ᠎ ᠤᠨ ᠡᠷᠬᠢᠨ ᠲᠤᠭᠤᠷᠢᠨ ᠤ ᠬᠦᠭᠵᠢᠯᠳᠠ ᠶᠢᠨ ᠲᠦᠯᠦᠪᠵᠢᠬᠦᠯᠬᠡ ᠳᠤ ᠤᠷᠤᠭᠤᠯᠬᠤ ᠪᠤᠯᠤᠨ ᠪᠡᠬᠡᠵᠢᠩ ᠥᠪᠤᠷ ᠮᠤᠩᠭᠤᠯ ᠤᠨ ᠠᠵᠢᠯ ᠲᠦᠷᠦᠯ ᠢᠶᠠᠷ ᠬᠠᠪᠰᠤᠷᠤᠨ ᠲᠡᠳᠬᠦᠬᠦ ᠠᠰᠢᠭᠳᠠᠢ ᠲᠤᠬᠢᠶᠠᠯ ᠢ ᠠᠮᠵᠢᠨ ᠠᠳᠬᠤᠵᠤ᠂ ᠤᠨᠴᠠᠯᠢᠭᠳᠤ ᠡᠬᠢ ᠪᠠᠶᠠᠯᠢᠭ ᠪᠤᠯᠤᠨ ᠲᠠᠪᠠᠭᠤᠯᠢᠭ ᠠᠵᠤ ᠦᠢᠯᠡᠰ ᠤᠨ ᠲᠤᠭᠤᠷᠢᠨ ᠳᠤ᠂ ᠬᠡᠯᠬᠢᠶ᠎ᠡ ᠶᠢ ᠤᠷᠳᠤᠳᠬᠠᠬᠤ ᠪᠠ ᠠᠵᠤ ᠦᠢᠯᠡᠰ ᠤᠨ ᠲᠡᠰ ᠲᠡᠪᠰᠢᠬᠦᠯᠬᠦ ᠶᠢ ᠲᠤᠪᠤᠶᠢᠯᠭᠠᠵᠤ᠂ ᠬᠤᠯᠪᠤᠭᠳᠠᠬᠤ ᠴᠢᠨᠠᠷ ᠢᠶᠠᠷ ᠦᠨᠳᠤᠷ᠂ ᠲᠠᠶᠢᠴᠢᠯᠠᠬᠤ ᠬᠦᠴᠦᠨ ᠢᠶᠠᠷ ᠴᠢᠩᠭ᠎ᠠ ᠨᠢᠭᠡ ᠪᠦᠯᠦᠭ ᠴᠢᠬᠤᠯᠠ ᠶᠡᠭᠡ ᠲᠦᠷᠦᠯ ᠵᠦᠢᠯ᠂ ᠲᠡᠭᠡᠳᠤ ᠲᠡᠰ ᠎ ᠤᠨ ᠲᠦᠷᠦᠯ ᠵᠦᠢᠯ᠂ ᠬᠡᠯᠬᠢᠶ᠎ᠡ ᠶᠢ ᠤᠷᠳᠤᠳᠬᠠᠬᠤ ᠬᠡᠯᠬᠢᠶ᠎ᠡ ᠶᠢ ᠨᠦᠬᠦᠪᠤᠷᠢᠯᠡᠬᠦ ᠲᠦᠷᠦᠯ ᠵᠦᠢᠯ ᠢ ᠭᠤᠤᠯᠳᠠᠯᠭ᠎ᠠ ᠎ ᠲᠠᠢ ᠤᠷᠤᠭᠤᠯᠤᠨ᠎ᠠ᠃ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠪᠤᠯᠤᠨ ᠪᠡᠯᠡ ᠤᠷᠤᠭᠤᠯᠤᠯᠳᠠ ᠶᠢᠨ ᠴᠢᠭᠯᠡᠯ ᠢ ᠤᠨᠤᠪᠴᠢᠳᠠᠢ ᠡᠵᠡᠮᠳᠡᠵᠤ᠂ ᠲᠦᠷᠦᠯ ᠵᠦᠢᠯ ᠢ ᠢᠳᠡᠪᠬᠢᠳᠠᠢ ᠪᠠᠷ ᠮᠡᠳᠡᠬᠦᠯᠵᠤ᠂ ᠨᠡᠩ ᠤᠯᠠᠨ ᠲᠦᠷᠦᠯ ᠵᠦᠢᠯ ᠪᠤᠯᠤᠨ ᠪᠡᠯᠡ ᠮᠦᠩᠬᠦ ᠶᠢ ᠲᠡᠮᠡᠴᠡᠨ ᠤᠯᠬᠤ ᠪᠠᠷ ᠴᠢᠷᠮᠠᠶᠢᠨ᠎ᠡ᠃ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠬᠡᠯᠪᠡᠷᠢ ᠳᠤ ᠰᠢᠨ᠎ᠡ ᠶᠢ ᠡᠬᠦᠳᠴᠤ᠂ ᠠᠵᠤ ᠠᠬᠤᠶᠢᠯᠠᠯ ᠢᠶᠠᠷ ᠠᠷᠠᠯᠵᠢᠶᠠᠴᠢᠨ ᠤᠷᠢᠬᠤ᠂ ᠲᠤᠭᠳᠠᠭᠰᠠᠨ ᠴᠢᠭᠯᠡᠯ ᠢᠶᠠᠷ ᠠᠷᠠᠯᠵᠢᠶᠠᠴᠢᠨ ᠤᠷᠢᠬᠤ᠂ ᠤᠨᠤᠪᠴᠢᠳᠠᠢ ᠪᠠᠷ ᠠᠷᠠᠯᠵᠢᠶᠠᠴᠢᠨ ᠤᠷᠢᠬᠤ ᠶᠢ ᠲᠦᠯᠬᠢᠨ ᠠᠬᠢᠭᠤᠯᠵᠤ᠂ ᠵᠠᠰᠠᠭ ᠤᠨ ᠤᠷᠳᠤᠨ ᠪᠡᠯᠡ ᠤᠷᠤᠭᠤᠯᠬᠤ᠂ ᠨᠡᠶᠢᠬᠡᠮ ᠠᠴᠠ ᠪᠡᠯᠡ ᠤᠷᠤᠭᠤᠯᠬᠤ᠂ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠬᠠᠮ ᠦᠢᠯᠡᠴᠢᠯᠡᠯ ᠢ ᠪᠦᠷᠢᠯᠳᠦᠬᠦᠯᠦᠨ᠎ᠡ᠃ ᠲᠦᠷᠦᠯ ᠵᠦᠢᠯ ᠢ ᠲᠦᠰᠦᠪᠯᠡᠬᠦ᠂ ᠴᠢᠮᠡᠭᠯᠡᠬᠦ᠂ ᠲᠠᠨᠢᠯᠴᠠᠭᠤᠯᠬᠤ ᠶᠢ ᠰᠠᠶᠢᠳᠤᠷ ᠬᠢᠵᠤ᠂ ᠬᠡᠷ᠎ᠡ ᠲᠤᠭᠳᠠᠭᠰᠠᠨ ᠲᠦᠷᠦᠯ ᠵᠦᠢᠯ ᠳᠤ ᠮᠦᠷᠳᠡᠨ ᠦᠢᠯᠡᠴᠢᠯᠡᠬᠦ ᠪᠠ ᠬᠡᠷ᠎ᠡ ᠶᠢ ᠬᠦᠢᠴᠡᠳᠬᠡᠬᠦ ᠬᠠᠮᠢᠶᠠᠷᠤᠯᠳᠠ ᠶᠢ ᠴᠢᠩᠭ᠎ᠠ ᠠᠳᠬᠤᠵᠤ᠂ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠶᠢᠨ ᠪᠤᠳᠠᠳᠤ ᠦᠷ᠎ᠡ ᠪᠦᠳᠦᠮᠵᠢ ᠤᠯᠬᠤ ᠶᠢ ᠪᠠᠳᠤᠯᠠᠵᠤ᠂ ᠲᠠᠪᠤᠨ ᠵᠢᠯ ᠤᠨ ᠲᠤᠳᠤᠷ᠎ᠠ ᠤᠯᠤᠰ ᠤᠨ ᠲᠤᠳᠤᠭᠠᠳᠤ ᠭᠠᠳᠠᠭᠠᠳᠤ ᠶᠢᠨ ᠪᠡᠯᠡ ᠮᠦᠩᠬᠦ ᠶᠢ ᠨᠡᠶᠢᠳᠠ 200 ᠳ᠋ᠦᠩᠰᠢᠭᠤᠷ ᠲᠦᠬᠦᠷᠢᠭ ᠤᠷᠤᠭᠤᠯᠬᠤ ᠪᠠᠷ ᠴᠢᠷᠮᠠᠶᠢᠨ ᠲᠡᠮᠡᠴᠡᠨ᠎ᠡ᠃      ︵ᠲᠠᠪᠤ︶ ᠬᠠᠮᠳᠤᠪᠠᠷ ᠡᠳ᠋ᠯᠡᠬᠦ ᠬᠦᠭᠵᠢᠯᠳᠠ ᠶᠢ ᠪᠠᠷᠢᠮᠳᠠᠯᠠᠵᠤ᠂ ᠵᠤᠯ ᠵᠢᠷᠭᠠᠯᠳᠤ ᠬᠡᠰᠢᠭᠳᠡᠨ ᠬᠤᠰᠢᠭᠤ ᠶᠢ ᠴᠢᠷᠮᠠᠶᠢᠨ ᠴᠤᠭᠴᠠᠯᠠᠨ᠎ᠠ᠃ ᠬᠦᠮᠦᠨ ᠢᠶᠠᠷ ᠦᠨᠳᠤᠰᠤ ᠪᠤᠯᠭᠠᠬᠤ᠂ ᠠᠷᠠᠳ ᠤᠨ ᠠᠮᠢᠳᠤᠷᠠᠯ ᠢ ᠲᠡᠷᠢᠬᠦᠨ ᠳᠤ ᠲᠠᠯᠪᠢᠬᠤ ᠤᠶᠢᠯᠠᠭᠠᠭᠳᠠᠬᠤᠨ ᠢ ᠭᠤᠶᠢᠪᠢᠰᠢ ᠦᠭᠡᠢ ᠪᠠᠷᠢᠮᠳᠠᠯᠠᠵᠤ᠂ ᠠᠷᠠᠳ ᠤᠨ ᠠᠮᠢᠳᠤᠷᠠᠯ ᠤᠨ ᠬᠦᠷᠢᠶ᠎ᠡ ᠬᠡᠪᠴᠢᠶᠡᠨ ᠳᠠᠬᠢ ᠪᠡᠯᠡ ᠤᠷᠤᠭᠤᠯᠤᠯᠳᠠ ᠪᠠᠨ ᠦᠨᠡᠨ ᠬᠦ ᠨᠡᠮᠡᠭᠳᠡᠬᠦᠯᠵᠤ᠂ ᠡᠯ᠎ᠡ ᠲᠦᠷᠦᠯ ᠤᠨ ᠨᠡᠶᠢᠬᠡᠮ ᠤᠨ ᠠᠵᠢᠯ ᠦᠢᠯᠡᠰ ᠢ ᠢᠳᠡᠪᠬᠢᠳᠠᠢ ᠪᠠᠷ ᠬᠦᠭᠵᠢᠬᠦᠯᠵᠤ᠂ ᠪᠦᠬᠦ ᠬᠤᠰᠢᠭᠤᠨ ᠤ ᠠᠷᠠᠳ ᠲᠦᠮᠡᠨ ᠳᠤ ᠬᠦᠭᠵᠢᠯᠳᠠ ᠶᠢᠨ ᠬᠤᠪᠢᠷᠠᠯᠳᠠ ᠶᠢ ᠦᠨᠡᠨ ᠬᠦ ᠮᠡᠳᠡᠷᠡᠬᠦᠯᠵᠤ᠂ ᠬᠦᠭᠵᠢᠯᠳᠠ ᠶᠢᠨ ᠦᠷ᠎ᠡ ᠪᠦᠳᠦᠬᠡᠯ ᠢ ᠬᠠᠮᠳᠤᠪᠠᠷ ᠡᠳ᠋ᠯᠡᠬᠦᠯᠦᠨ᠎ᠡ᠃      ᠶᠠᠳᠠᠭᠤ ᠠᠴᠠ ᠠᠩᠬᠢᠵᠢᠷᠠᠭᠤᠯᠤᠨ ᠪᠠᠬᠢᠯᠡᠯᠳᠠ ᠰᠢᠪᠳᠤᠯᠬᠤ ᠢᠨᠵᠧᠨᠧᠷᠢᠩ ᠢ ᠬᠡᠷᠡᠭᠵᠢᠬᠦᠯᠤᠨ᠎ᠡ᠃ ᠤᠨᠤᠪᠴᠢᠳᠠᠢ ᠪᠠᠷ ᠶᠠᠳᠠᠭᠤ ᠶᠢ ᠲᠡᠳᠬᠦᠬᠦ᠂ ᠤᠨᠤᠪᠴᠢᠳᠠᠢ ᠪᠠᠷ ᠶᠠᠳᠠᠭᠤ ᠠᠴᠠ ᠠᠩᠬᠢᠵᠢᠷᠠᠭᠤᠯᠬᠤ ᠶᠢ ᠪᠠᠷᠢᠮᠳᠠᠯᠠᠵᠤ᠂ ︽ᠵᠢᠷᠭᠤᠭᠠᠨ ᠤᠨᠤᠪᠴᠢᠳᠠᠢ︾᠂ ︽ᠲᠠᠪᠤᠨ ᠨᠢᠬᠡ ᠪᠦᠯᠦᠭ︾᠂ ︽ᠭᠤᠷᠪᠠ ᠶᠢ ᠲᠤᠰᠬᠤᠨ ᠳᠤ ᠬᠦᠷᠬᠡᠵᠤ ᠭᠤᠷᠪᠠ ᠶᠢ ᠡᠷᠦᠬᠡ ᠳᠤ ᠬᠦᠷᠬᠡᠬᠦ︾ ᠵᠡᠷᠬᠡ ᠢᠨᠵᠧᠨᠧᠷᠢᠩ ᠢ ᠯᠠᠪᠳᠠᠭᠤᠨ ᠪᠠᠳᠤᠳᠠᠢ ᠪᠠᠷ ᠲᠦᠯᠬᠢᠨ ᠠᠬᠢᠭᠤᠯᠵᠤ᠂ ᠠᠵᠤ ᠦᠢᠯᠡᠰ ᠢᠶᠠᠷ ᠲᠡᠮᠵᠢᠨ ᠲᠡᠳᠬᠦᠬᠦ᠂ ᠭᠠᠵᠠᠷ ᠰᠢᠯᠵᠢᠬᠦᠯᠤᠨ ᠨᠡᠬᠦᠯᠬᠡᠬᠦ᠂ ᠠᠮᠢ ᠠᠬᠤᠢ ᠶᠢᠨ ᠨᠦᠬᠦᠪᠤᠷᠢ ᠤᠯᠭᠤᠬᠤ᠂ ᠰᠤᠷᠭᠠᠨ ᠬᠦᠮᠦᠵᠢᠯ ᠤᠨ ᠶᠠᠳᠠᠭᠤ ᠶᠢ ᠲᠡᠳᠬᠦᠬᠦ᠂ ᠨᠡᠶᠢᠬᠡᠮ ᠤᠨ ᠪᠠᠳᠤᠯᠠᠭ᠎ᠠ ᠵᠡᠷᠬᠡ ᠠᠷᠭ᠎ᠠ ᠬᠡᠯᠪᠡᠷᠢ ᠎ ᠪᠠᠷ 11971 ᠲᠠᠩᠰᠠ ᠺᠠᠷᠲ ᠪᠠᠶᠢᠭᠤᠯᠤᠭᠰᠠᠨ ᠶᠠᠳᠠᠭᠤ ᠬᠦᠴᠢᠷᠳᠠᠢ ᠬᠦᠮᠤᠨ ᠠᠮᠠ ᠶᠢ ᠪᠦᠬᠦᠨ ᠢ ᠶᠠᠳᠠᠭᠤ ᠠᠴᠠ ᠠᠩᠬᠢᠵᠢᠷᠠᠭᠤᠯᠬᠤ ᠶᠢ ᠪᠠᠳᠤᠯᠠᠵᠤ᠂ ᠦᠪᠡᠷᠳᠡᠬᠡᠨ ᠵᠠᠰᠠᠬᠤ ᠤᠷᠤᠨ ᠤ ᠲᠡᠰ ᠤᠨ ᠶᠠᠳᠠᠭᠤ ᠬᠦᠴᠢᠷᠳᠠᠢ ᠬᠤᠰᠢᠭᠤ ᠰᠢᠶᠠᠨ ᠠᠴᠠ ᠠᠩᠬᠢᠵᠢᠷᠠᠵᠤ᠂ ᠶᠠᠳᠠᠭᠤ ᠬᠦᠴᠢᠷᠳᠠᠢ ᠬᠦᠮᠤᠨ ᠠᠮᠠ ᠶᠢᠨ ᠬᠦᠮᠤᠨ ᠲᠤᠮᠳᠠᠴᠢ ᠶᠢᠨ ᠡᠵᠡᠮᠳᠡᠵᠤ ᠪᠤᠯᠬᠤᠶᠢᠴᠠ ᠤᠷᠤᠯᠭ᠎ᠠ ᠶᠢ 10000 ᠲᠦᠬᠦᠷᠢᠭ ᠲᠤ ᠬᠦᠷᠬᠡᠵᠤ᠂ ᠪᠦᠬᠦ ᠤᠷᠤᠨ᠂ ᠪᠦᠬᠦ ᠬᠤᠳᠠ ᠲᠠᠢ ᠵᠡᠷᠬᠡᠪᠡᠷ ᠶᠠᠳᠠᠭᠤ ᠬᠦᠴᠢᠷᠳᠠᠢ ᠪᠠᠶᠢᠳᠠᠯ ᠠᠴᠠ ᠠᠩᠬᠢᠵᠢᠷᠠᠭᠤᠯᠤᠨ᠎ᠠ᠃ ᠮᠠᠯᠵᠢᠬᠤ ᠳᠠᠷᠢᠶᠠᠯᠠᠬᠤ ᠤᠷᠤᠨ ᠤ ᠭᠡᠷ᠂ ᠤᠰᠦ᠂ ᠵᠠᠮ ᠂ ᠴᠠᠭᠢᠯᠭᠠᠨ ᠵᠡᠷᠭᠡ ᠰᠠᠭᠤᠷᠢ ᠲᠦᠭᠦᠭᠡᠷᠦᠮᠵᠢ ᠶᠢᠨ ᠪᠠᠶᠢᠭᠤᠯᠤᠯᠳᠠ ᠶᠢ ᠲᠤᠪᠤᠶᠢᠮ᠎ᠠ ᠰᠠᠶᠢᠲᠦᠷ ᠠᠳᠬᠤᠵᠦ᠂ ︽ᠠᠷᠪᠠ ᠶᠢ ᠪᠦᠷᠬᠦᠭᠦᠯᠬᠦ︾ ᠢᠨᠵᠧᠨᠧᠷᠢᠩ ᠶᠢᠨ ᠡᠬᠦᠷᠭᠡ ᠶᠢ ᠪᠦᠬᠦ ᠳᠠᠯ᠎ᠠ ᠪᠠᠷ ᠤᠶᠢᠵᠢᠭᠤᠯᠤᠨ᠎ᠠ᠃ ᠠᠵᠢᠯ ᠤᠯᠭᠤᠯᠳᠠ ᠶᠢ ᠳᠡᠷᠢᠭᠦᠨ ᠳᠤ ᠳᠠᠯᠪᠢᠬᠤ ᠪᠠᠶᠢᠯᠲᠤᠬᠤ ᠪᠤᠲᠤᠯᠭ᠎ᠠ ᠶᠢ ᠭᠦᠨᠵᠡᠭᠡᠢ ᠬᠡᠷᠡᠭᠵᠢᠬᠦᠯᠵᠦ᠂ ᠤᠶᠢᠯᠡᠰ ᠪᠤᠰᠬᠠᠬᠤ ᠬᠦᠷᠢᠶᠡᠯᠡᠩ ᠲᠤᠭᠤᠷᠢᠭ ᠪᠠ ᠡᠭᠢᠯᠡᠯᠳᠡ ᠶᠢᠨ ᠤᠶᠢᠯᠡᠴᠢᠯᠡᠭᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠳᠠ ᠶᠢ ᠲᠦᠷᠭᠡᠳᠬᠡᠵᠦ᠂ ᠤᠶᠢᠯᠡᠰ ᠪᠤᠰᠬᠠᠬᠤ ᠳᠤ 5000 ᠭᠠᠷᠤᠢ ᠲᠦᠮᠡᠨ ᠲᠦᠭᠦᠷᠢᠭ ᠤᠨ ᠪᠠᠲᠤᠯᠠᠭ᠎ᠠ ᠶᠢᠨ ᠵᠢᠭᠡᠯᠡᠯᠭᠡ ᠳᠠᠷᠬᠠᠭᠠᠵᠦ᠂ ᠬᠤᠳᠠ ᠪᠠᠯᠭᠠᠰᠦᠨ ᠤ ᠳᠠᠩᠰᠠᠯᠠᠭᠤᠯᠤᠭᠰᠠᠨ ᠠᠵᠢᠯ ᠠᠯᠳᠠᠬᠤ ᠨᠤᠷᠮ᠎ᠠ ᠶᠢ 4%᠎ ᠶᠢᠨ ᠲᠤᠲᠤᠷ᠎ᠠ ᠬᠢᠵᠠᠭᠠᠷᠯᠠᠨ᠎ᠠ᠃ ᠬᠦᠳᠡᠯᠮᠦᠷᠢ ᠭᠦᠴᠦ ᠨᠢᠭᠳᠠᠷᠠᠭᠰᠠᠨ ᠬᠡᠯᠪᠡᠷᠢ ᠶᠢᠨ ᠠᠵᠢᠯ ᠤᠶᠢᠯᠡᠰ᠂ ᠤᠶᠢᠯᠡᠴᠢᠯᠡᠭᠡᠨ ᠤ ᠤᠶᠢᠯᠡᠰ ᠪᠠ ᠳᠤᠮᠳᠠ ᠪᠠᠭ᠎ᠠ ᠵᠢᠵᠢᠭ ᠠᠵᠦ ᠠᠬᠤᠶᠢᠯᠠᠯ ᠢ ᠶᠡᠬᠡᠪᠡᠷ ᠳᠡᠮᠵᠢᠵᠦ᠂ ᠮᠠᠯᠴᠢᠨ ᠳᠠᠷᠢᠶᠠᠴᠢᠨ ᠢ ᠰᠢᠯᠵᠢᠭᠦᠯᠦᠨ ᠠᠵᠢᠯ ᠤᠯᠭᠤᠬᠤ᠂ ᠨᠤᠲᠤᠭ ᠲᠠᠭᠠᠨ ᠪᠤᠴᠠᠵᠦ ᠤᠶᠢᠯᠡᠰ ᠪᠤᠰᠬᠠᠬᠤ ᠪᠠ ᠬᠠᠯᠠᠭᠳᠠᠭᠰᠠᠨ ᠴᠡᠷᠢᠭ᠂ ᠬᠤᠳᠠ ᠪᠠᠯᠭᠠᠰᠦᠨ ᠤ ᠠᠵᠢᠯ ᠠᠯᠳᠠᠭᠰᠠᠳ᠂ ᠠᠵᠢᠯ ᠤᠯᠬᠤ ᠳᠤ ᠬᠦᠴᠢᠷᠲᠠᠢ ᠭᠦᠮᠦᠰ ᠎ ᠲᠤ ᠠᠵᠢᠯ ᠤᠯᠭᠤᠬᠤ ᠪᠠ ᠳᠠᠬᠢᠨ ᠠᠵᠢᠯ ᠤᠯᠭᠤᠬᠤ ᠠᠵᠢᠯ ᠢ ᠨᠢᠭᠡᠲᠦᠯᠲᠠᠢ ᠰᠠᠶᠢᠲᠦᠷ ᠬᠢᠨ᠎ᠡ᠃ ᠨᠡᠩ ᠡᠷᠬᠡ ᠳᠡᠭᠰᠢ ᠂ ᠨᠡᠩ ᠦᠷᠭᠦᠯᠵᠢᠯᠡᠭᠦᠶᠢᠴᠡ ᠨᠡᠶᠢᠭᠡᠮ ᠤᠨ ᠪᠠᠲᠤᠯᠠᠭ᠎ᠠ ᠶᠢᠨ ᠲᠦᠷᠢᠮ ᠢ ᠳᠡᠭᠦᠯᠳᠡᠷᠵᠢᠭᠦᠯᠵᠦ᠂ ᠪᠦᠬᠦ ᠠᠷᠠᠳ ᠢᠶᠠᠷ ᠳᠠᠭᠠᠳᠬᠠᠯ ᠳᠤ ᠤᠷᠤᠯᠴᠠᠬᠤ ᠲᠦᠯᠦᠪᠯᠡᠭᠡ ᠶᠢ ᠬᠡᠷᠡᠭᠵᠢᠬᠦᠯᠦᠨ᠎ᠡ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠬᠦᠨᠲᠦ ᠡᠪᠡᠳᠴᠢᠨ ᠤ ᠳᠠᠭᠠᠳᠬᠠᠯ ᠤᠨ ᠲᠦᠷᠢᠮ ᠢ ᠭᠦᠨᠵᠡᠭᠡᠢ ᠨᠠᠶᠢᠳᠠᠪᠤᠷᠢᠵᠢᠭᠤᠯᠵᠦ᠂ ᠠᠵᠢᠯᠳᠠᠨ ᠤ ᠦᠨᠲᠦᠰᠦᠨ ᠨᠠᠰᠦᠵᠢᠯ ᠤᠨ ᠳᠠᠭᠠᠳᠬᠠᠯ ᠢ ᠪᠦᠬᠦ ᠤᠯᠤᠰ ᠤᠨ ᠬᠢ ᠲᠠᠢ ᠨᠢᠭᠡᠲᠦᠯᠵᠢᠬᠦᠯᠬᠦ ᠶᠢ ᠪᠡᠶᠡᠯᠡᠭᠦᠯᠦᠨ᠎ᠡ᠃ ᠬᠤᠳᠠ ᠬᠦᠳᠡᠭᠡ ᠶᠢᠨ ᠨᠠᠭᠠᠲᠦ ᠵᠠᠬ᠎ᠠ ᠶᠢᠨ ᠠᠮᠢᠲᠦᠷᠠᠯ ᠤᠨ ᠪᠠᠲᠤᠯᠠᠭ᠎ᠠ᠂ ᠮᠠᠯᠵᠢᠬᠤ ᠳᠠᠷᠢᠶᠠᠯᠠᠬᠤ ᠤᠷᠤᠨ ᠤ ᠳᠠᠪᠤᠨ ᠪᠠᠲᠤᠯᠠᠭᠠᠲᠦ ᠡᠷᠦᠭᠡ ᠶᠢ ᠳᠡᠮᠵᠢᠬᠦ᠂ ᠤᠨᠴᠠᠭᠠᠢ ᠬᠦᠴᠢᠷᠲᠠᠢ ᠡᠷᠦᠬᠡ ᠶᠢ ᠳᠡᠮᠵᠢᠬᠦ ᠶᠢ ᠬᠤᠳᠠ ᠪᠠᠯᠭᠠᠰᠦᠨ ᠤ ᠨᠡᠶᠢᠭᠡᠮ ᠤᠨ ᠪᠠᠲᠤᠯᠠᠭ᠎ᠠ ᠶᠢᠨ ᠲᠦᠷᠢᠮ ᠲᠠᠢ ᠨᠢᠭᠡᠲᠦᠯᠵᠢᠭᠦᠯᠭᠦ ᠠᠵᠢᠯ ᠢ ᠰᠠᠶᠢᠲᠦᠷ ᠠᠳᠬᠤᠵᠦ᠂ ᠬᠤᠳᠠ ᠬᠦᠳᠡᠭᠡ ᠶᠢᠨ ᠶᠠᠳᠠᠭᠤ ᠬᠦᠴᠢᠷᠲᠠᠢ ᠭᠡᠷ ᠪᠦᠯᠢ᠂ ᠪᠠᠭᠤᠷᠠᠢ ᠤᠯᠠᠨ ᠲᠦᠮᠡᠨ ᠢ ᠴᠠᠭ ᠲᠤᠬᠠᠢ ᠳᠤᠨᠢ ᠪᠦᠲᠦᠮᠵᠢᠲᠠᠢ ᠎ ᠪᠠᠷ ᠳᠤᠰᠠᠯᠠᠨ ᠳᠡᠮᠵᠢᠬᠦ ᠶᠢ ᠪᠠᠲᠤᠯᠠᠨ᠎ᠠ᠃ ᠠᠯᠪᠠᠨ ᠠᠴᠠ ᠪᠠᠶᠢᠭᠤᠯᠵᠤ ᠠᠷᠠᠳ ᠠᠴᠠ ᠡᠵᠡᠩᠨᠡᠬᠦ᠂ ᠠᠷᠠᠳ ᠠᠴᠠ ᠡᠷᠭᠢᠯᠡᠵᠦ ᠠᠯᠪᠠᠨ ᠠᠴᠠ ᠳᠡᠮᠵᠢᠬᠦ᠂ ᠵᠠᠰᠠᠭ ᠤᠨ ᠤᠷᠲᠦᠨ ᠠᠴᠠ ᠨᠦᠭᠦᠪᠦᠷᠢ ᠦᠭᠭᠦ ᠵᠡᠷᠭᠡ ᠤᠯᠠᠨ ᠵᠤᠶᠢᠯ ᠠᠷᠭ᠎ᠠ ᠭᠡᠯᠪᠡᠷᠢ ᠠᠪᠴᠦ᠂ ᠨᠠᠰᠦᠵᠢᠯ ᠤᠨ ᠤᠶᠢᠯᠡᠴᠢᠯᠡᠭᠡ ᠶᠢᠨ ᠪᠠᠶᠢᠭᠤᠯᠤᠮᠵᠢ ᠶᠢ ᠶᠡᠬᠡᠪᠡᠷ ᠳᠡᠮᠵᠢᠨ᠎ᠡ᠃ ᠰᠢᠨ᠎ᠡ ᠭᠦᠳᠡᠭᠡ ᠲᠤᠰᠬᠤᠨ ᠤ ᠬᠤᠷᠰᠢᠭᠰᠠᠨ ᠡᠮᠨᠡᠯᠭᠡ ᠶᠢᠨ ᠲᠦᠷᠢᠮ ᠢ ᠳᠡᠭᠦᠯᠳᠡᠷᠵᠢᠭᠦᠯᠵᠦ᠂ ᠨᠦᠬᠦᠪᠦᠷᠢ ᠶᠢᠨ ᠪᠡᠯᠡ ᠮᠦᠩᠭᠦ ᠪᠠ ᠡᠮᠨᠡᠯᠭᠡ ᠳᠤ ᠰᠠᠭᠤᠭᠰᠠᠨ ᠰᠦᠢᠳᠬᠡᠯ ᠢ ᠳᠠᠩᠰᠠᠨ ᠠᠴᠠ ᠳᠠᠶᠢᠯᠠᠬᠤ ᠬᠠᠷᠢᠴᠠᠯ ᠢ ᠳᠡᠭᠡᠭᠰᠢᠯᠡᠬᠦᠯᠦᠨ᠎ᠡ᠃      ᠲᠤᠤᠷ᠎ᠠ ᠤᠷᠤᠯᠭ᠎ᠠ ᠲᠠᠢ ᠮᠠᠯᠴᠢᠨ ᠳᠠᠷᠢᠶᠠᠴᠢᠨ ᠡᠷᠦᠬᠡ ᠶᠢᠨ ᠲᠤᠯᠠᠭᠠᠯᠭ᠎ᠠ ᠶᠢᠨ ᠨᠦᠬᠦᠪᠦᠷᠢ ᠶᠢ ᠳᠠᠷᠬᠠᠭᠠᠬᠤ ᠪᠠ ᠨᠠᠭᠠᠲᠦ ᠵᠠᠬ᠎ᠠ ᠶᠢᠨ ᠠᠮᠢᠲᠦᠷᠠᠯ ᠤᠨ ᠪᠠᠲᠤᠯᠠᠭᠠᠲᠦ ᠭᠡᠷ ᠪᠦᠯᠢ ᠶᠢᠨ ᠤᠶᠤᠳᠠᠨ ᠤ ᠰᠤᠷᠭᠠᠭᠤᠯᠢ ᠳᠤ ᠤᠷᠤᠬᠤ ᠶᠢ ᠳᠡᠳᠬᠦᠨ ᠳᠡᠮᠵᠢᠬᠦ ᠠᠵᠢᠯ ᠢ ᠦᠷᠭᠦᠯᠵᠢᠯᠡᠨ ᠰᠠᠶᠢᠲᠦᠷ ᠬᠢᠨ᠎ᠡ᠃      ᠨᠡᠶᠢᠬᠡᠮ ᠤᠨ ᠠᠵᠢᠯ ᠤᠶᠢᠯᠡᠰ ᠢ ᠢᠳᠡᠪᠬᠢᠲᠠᠢ ᠭᠦᠭᠵᠢᠭᠦᠯᠦᠨ᠎ᠡ᠃ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠳᠤᠰᠬᠠᠢ ᠲᠦᠷᠦᠯ ᠢ ᠳᠡᠮᠡᠴᠡᠨ ᠤᠯᠬᠤ ᠭᠦᠴᠦᠯᠡᠴᠡ ᠶᠢ ᠨᠡᠮᠡᠭᠳᠡᠭᠦᠯᠵᠦ᠂ ᠤᠯᠠᠨ ᠢᠶᠠᠷ ᠢᠶᠠᠨ ᠰᠢᠨ᠎ᠡ ᠡᠭᠦᠳᠬᠦ ᠤᠷᠤᠨ ᠵᠠᠢ ᠶᠢ ᠦᠷᠭᠡᠳᠬᠡᠨ᠎ᠡ᠃ ᠪᠤᠳᠠᠰ ᠤᠨ ᠪᠤᠰᠦ ᠰᠤᠶᠤᠯ ᠤᠨ ᠦᠪ ᠤᠨ ᠬᠠᠮᠠᠭᠠᠯᠠᠯᠳᠠ ᠶᠢ ᠴᠢᠩᠭᠠᠳᠬᠠᠵᠦ᠂ ᠰᠤᠶᠤᠯ ᠤᠨ ᠳᠠᠯᠠᠪᠤᠷ ᠤᠨ ᠪᠦᠲᠦᠭᠡᠨ ᠪᠠᠶᠢᠭᠤᠯᠤᠯᠳᠠ ᠶᠢ ᠲᠦᠷᠭᠡᠳᠬᠡᠵᠦ᠂ ᠰᠤᠶᠤᠯ ᠤᠨ ᠠᠵᠦ ᠤᠶᠢᠯᠡᠰ ᠤᠨ ᠲᠦᠷᠦᠯ ᠵᠤᠶᠢᠯ ᠢ ᠢᠳᠡᠪᠬᠢᠲᠠᠢ ᠲᠡᠮᠡᠴᠡᠨ ᠤᠯᠬᠤ ᠪᠠ ᠳᠤᠰᠠᠯᠠᠨ ᠳᠡᠮᠵᠢᠵᠦ᠂ ᠰᠤᠶᠤᠯ ᠤᠷᠠᠯᠢᠭ ᠤᠨ ᠰᠤᠲᠤᠨ ᠪᠦᠲᠦᠭᠡᠭᠳᠡᠭᠦᠨ ᠢ ᠴᠢᠷᠮᠡᠶᠢᠨ ᠡᠭᠦᠲᠦᠨ᠎ᠡ᠃ ᠬᠤᠳᠠ ᠬᠦᠳᠡᠭᠡ ᠶᠢᠨ ᠨᠢᠭᠡᠲᠦᠯᠲᠠᠢ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠵᠠᠷᠤᠳᠠᠯ ᠤᠨ ᠪᠠᠲᠤᠯᠠᠭ᠎ᠠ ᠶᠢᠨ ᠵᠤᠭᠢᠮᠵᠢ ᠶᠢ ᠴᠠᠭ ᠲᠤᠬᠠᠢ ᠳᠤᠨᠢ ᠨᠠᠶᠢᠳᠠᠪᠤᠷᠢᠵᠢᠭᠤᠯᠵᠦ᠂ ᠳᠠᠯᠠᠶᠢᠨᠠᠭᠤᠷ ᠪᠦᠷᠢᠨ ᠪᠠᠭ᠎ᠠ ᠰᠤᠷᠭᠠᠭᠤᠯᠢ ᠶᠢᠨ ᠪᠠᠶᠢᠷᠢ ᠶᠢᠨ ᠠᠰᠠᠷ᠂ ᠬᠤᠭᠤᠯᠠᠨ ᠲᠢᠩᠬᠢᠮ ᠤᠨ ᠪᠦᠲᠦᠭᠡᠨ ᠪᠠᠶᠢᠭᠤᠯᠤᠯᠳᠠ ᠶᠢ ᠪᠡᠶᠡᠯᠡᠭᠦᠯᠵᠦ᠂ ᠬᠡᠤᠭᠡᠳ ᠤᠨ ᠴᠡᠴᠡᠷᠯᠢᠭ 5᠂ ᠪᠠᠭ᠎ᠠ ᠰᠤᠷᠭᠠᠭᠤᠯᠢ 2᠂ ᠪᠠᠭᠰᠢ ᠶᠢᠨ ᠲᠦᠷ ᠰᠠᠭᠤᠬᠤ ᠪᠠᠶᠢᠷᠢ 7᠂ ᠰᠤᠷᠭᠠᠭᠤᠯᠢ ᠶᠢᠨ ᠬᠦᠷᠢᠶᠡᠨ ᠤ ᠳᠠᠮᠢᠷ ᠤᠨ ᠳᠠᠯᠠᠪᠤᠷ 19᠎ ᠶᠢ ᠰᠢᠨ᠎ᠡ ᠪᠠᠷ ᠪᠠᠶᠢᠭᠤᠯᠵᠦ᠂ ᠦᠨᠲᠦᠷ ᠳᠤᠮᠳᠠᠲᠦ ᠶᠢᠨ ᠰᠤᠷᠭᠠᠨ ᠭᠦᠮᠦᠵᠢᠯ ᠢ ᠪᠦᠬᠦ ᠬᠤᠳᠠ ᠶᠢᠨ ᠳᠤᠮᠳᠠᠬᠢ ᠬᠢᠷᠢ ᠲᠦᠪᠰᠢᠨ ᠳᠤ ᠬᠦᠷᠬᠡᠬᠦ ᠪᠠᠷ ᠴᠢᠷᠮᠠᠶᠢᠵᠤ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ᠂ ᠦᠨᠲᠦᠰᠦᠲᠡᠨ ᠤ ᠰᠤᠷᠭᠠᠨ ᠬᠦᠮᠦᠵᠢᠯ᠂ ᠤᠨᠴᠠᠭᠠᠢ ᠰᠤᠷᠭᠠᠨ ᠬᠦᠮᠦᠵᠢᠯ ᠢ ᠪᠦᠬᠦ ᠳᠠᠯ᠎ᠠ ᠪᠠᠷ ᠳᠡᠭᠡᠭᠰᠢᠯᠡᠭᠦᠯᠵᠦ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠳᠡᠩᠴᠡᠭᠦᠷᠢᠲᠠᠢ ᠭᠦᠭᠵᠢᠯᠳᠡ ᠶᠢ ᠪᠡᠶᠡᠯᠡᠬᠦᠯᠦᠨ᠎ᠡ᠃ ᠬᠤᠰᠢᠭᠤᠨ ᠤ ᠡᠮᠨᠡᠯᠭᠡ ᠶᠢᠨ ᠬᠤᠷᠢᠶ᠎ᠠ ᠶᠢᠨ ᠡᠪᠡᠳᠴᠢᠳᠡᠨ ᠤ ᠭᠡᠷ ᠤᠨ ᠠᠰᠠᠷ᠂ ᠮᠤᠩᠭᠤᠯ ᠬᠢᠳᠠᠳ ᠡᠮᠨᠡᠯᠭᠡ ᠶᠢᠨ ᠬᠤᠷᠢᠶ᠎ᠠ ᠶᠢᠨ ᠡᠪᠡᠳᠴᠢᠳᠡᠨ ᠤ ᠬᠡᠷ ᠤᠨ ᠠᠰᠠᠷ᠂ ᠡᠪᠡᠳᠴᠢᠨ ᠡᠮᠬᠡᠭ ᠢ ᠤᠷᠢᠳᠴᠢᠯᠠᠨ ᠰᠡᠷᠬᠡᠶᠢᠯᠡᠬᠦ ᠲᠦᠪ ᠤᠨ ᠶᠡᠷᠦᠩᠭᠡᠶᠢᠯᠡᠭᠰᠡᠨ ᠠᠰᠠᠷ ᠵᠡᠷᠭᠡ ᠲᠦᠷᠦᠯ ᠵᠤᠶᠢᠯ ᠢ ᠭᠡᠷᠡᠭᠵᠢᠭᠦᠯᠵᠦ᠂ ᠠᠯᠪᠠᠨ ᠠᠴᠠ ᠡᠷᠭᠢᠯᠡᠭᠰᠡᠨ ᠡᠮᠨᠡᠯᠭᠡ ᠶᠢᠨ ᠬᠤᠷᠢᠶ᠎ᠠ ᠶᠢᠨ ᠦᠭᠡᠷᠡᠴᠢᠯᠡᠯᠳᠡ ᠶᠢ ᠭᠦᠨᠵᠡᠭᠡᠶᠢᠷᠡᠭᠦᠯᠵᠦ᠂ ᠠᠯᠪᠠᠨ ᠠᠴᠠ ᠡᠷᠭᠢᠯᠡᠭᠰᠡᠨ ᠡᠮᠨᠡᠯᠭᠡ ᠶᠢᠨ ᠬᠤᠷᠢᠶ᠎ᠠ ᠶᠢᠨ ᠬᠠᠮᠢᠶᠠᠷᠦᠯᠳᠠ ᠶᠢᠨ ᠲᠤᠭᠳᠠᠯᠴᠠᠭ᠎ᠠ ᠶᠢ ᠰᠠᠶᠢᠵᠢᠷᠠᠭᠤᠯᠵᠦ᠂ ᠳᠡᠰ ᠬᠤᠪᠢᠶᠠᠨ ᠤᠨᠤᠰᠢᠯᠠᠵᠦ ᠡᠮᠴᠢᠯᠡᠬᠦ ᠲᠦᠷᠢᠮ ᠢ ᠪᠠᠶᠢᠭᠤᠯᠵᠦ᠂ ᠡᠮ ᠡᠮᠨᠡᠯᠭᠡ ᠶᠢᠨ ᠪᠠᠶᠢᠭᠤᠯᠤᠮᠵᠢ ᠶᠢᠨ ᠬᠠᠷᠢᠯᠴᠠᠨ ᠬᠠᠮᠲᠤᠷᠠᠯᠴᠠᠬᠤ ᠴᠢᠳᠠᠪᠤᠷᠢ ᠪᠠ ᠤᠶᠢᠯᠡᠴᠢᠯᠡᠬᠡᠨ ᠤ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠶᠡᠷᠦᠩᠭᠡᠶᠢᠯᠡᠭᠰᠡᠨ ᠳᠠᠮᠢᠷ ᠤᠨ ᠤᠷᠲᠦᠨ 1᠂ ᠮᠠᠯᠴᠢᠨ ᠳᠠᠷᠢᠶᠠᠴᠢᠨ ᠤ ᠪᠡᠶ᠎ᠡ ᠪᠤᠯᠪᠠᠰᠦᠷᠠᠬᠤ ᠢᠨᠵᠧᠨᠧᠷᠢᠩ 30᠎ ᠶᠢ ᠪᠠᠶᠢᠭᠤᠯᠵᠦ᠂ ᠭᠦᠮᠦᠨ ᠳᠤᠮᠳᠠᠴᠢ ᠶᠢᠨ ᠳᠠᠮᠢᠷ ᠤᠨ ᠳᠠᠯᠠᠪᠤᠷ ᠤᠨ ᠳᠠᠯᠠᠪᠠᠢ ᠶᠢ 1.7 ᠳᠡᠭᠰᠢ ᠲᠦᠷᠪᠡᠯᠵᠢᠨ ᠮᠧᠲᠷ ᠲᠤ ᠭᠦᠷᠭᠡᠨ᠎ᠡ᠃ ᠷᠠᠳᠢᠤ᠋ ᠲᠧᠯᠸᠢᠰ ᠤᠨ ᠲᠤᠭᠠᠴᠢᠯᠠᠭᠰᠠᠨ ᠦᠷᠳᠡᠭᠡ ᠴᠢᠭ᠋ ᠢ 19 ᠪᠠᠶᠢᠭᠤᠯᠵᠦ᠂ ᠬᠤᠰᠢᠭᠤ ᠱᠠᠲᠦᠨ ᠤ ᠲᠧᠯᠸᠢᠰ ᠹᠷᠤᠭ᠍ᠷᠠᠮ ᠢ ᠴᠠᠭ ᠲᠤᠬᠠᠢ ᠳᠤᠨᠢ ᠦᠨᠲᠦᠰᠦᠨ ᠱᠠᠲᠦᠨ ᠳᠤ ᠳᠠᠮᠵᠢᠭᠤᠯᠬᠤ ᠶᠢ ᠪᠡᠶᠡᠯᠡᠭᠦᠯᠦᠨ᠎ᠡ᠃ ᠲᠤᠭ᠎ᠠ ᠪᠦᠷᠢᠳᠭᠡᠯ ᠂ ᠴᠠᠭ ᠠᠭᠤᠷ᠂ ᠦᠨᠲᠦᠰᠦᠲᠡᠨ ᠱᠠᠰᠢᠨ ᠰᠤᠷᠳᠠᠬᠤᠨ᠂ ᠵᠡᠮᠳᠡᠭᠴᠤᠳ᠂ ᠳᠠᠩᠰᠠ ᠡᠪᠬᠡᠮᠡᠯ ᠤᠨ ᠠᠵᠢᠯ ᠢ ᠦᠷᠭᠦᠯᠵᠢᠯᠡᠨ ᠴᠢᠩᠭᠠᠳᠬᠠᠨ᠎ᠠ᠃      ᠨᠡᠶᠢᠭᠡᠮ ᠤᠨ ᠵᠠᠰᠠᠨ ᠴᠡᠭᠴᠡᠯᠡᠬᠦ ᠬᠢᠷᠢ ᠲᠦᠪᠰᠢᠨ ᠢ ᠳᠡᠭᠡᠭᠰᠢᠯᠡᠬᠦᠯᠦᠨ᠎ᠡ᠃ ︽ᠳᠤᠯᠤᠭ᠎ᠠ ᠳᠠᠪᠤ︾᠎ ᠶᠢᠨ ᠬᠠᠤᠯᠢ ᠲᠦᠭᠡᠮᠡᠯᠵᠢᠭᠦᠯᠭᠦ ᠪᠠ ︽ᠬᠠᠤᠯᠢ ᠪᠠᠷ ᠵᠠᠰᠠᠬᠤ ᠭᠡᠰᠢᠭᠲᠡᠨ ᠬᠤᠰᠢᠭᠤ︾᠎ ᠶᠢᠨ ᠪᠠᠶᠢᠭᠤᠯᠤᠯᠳᠠ ᠶᠢ ᠭᠦᠨᠵᠡᠭᠡᠢ ᠠᠭᠢᠭᠤᠯᠵᠦ᠂ ᠦᠨᠲᠦᠷ ᠶᠠᠰᠦ ᠴᠢᠨᠠᠷ ᠦᠷ᠎ᠡ ᠠᠰᠢᠭ ᠲᠠᠢ ᠬᠠᠤᠯᠢ ᠴᠠᠭᠠᠵᠠ ᠶᠢᠨ ᠤᠶᠢᠯᠡᠴᠢᠯᠡᠭᠡᠨ ᠤ ᠲᠤᠭᠳᠠᠯᠴᠠᠭ᠎ᠠ ᠶᠢ ᠪᠠᠶᠢᠭᠤᠯᠤᠨ᠎ᠠ᠃ ᠴᠢᠬᠤᠯᠠ ᠶᠡᠭᠡ ᠰᠢᠢᠳᠪᠦᠷᠢ ᠪᠤᠲᠤᠯᠭ᠎ᠠ ᠨᠡᠶᠢᠭᠡᠮ ᠤᠨ ᠲᠤᠭᠳᠠᠭᠤᠨ ᠤ ᠠᠶᠤᠯ ᠲᠦᠭᠰᠢᠭᠦᠷᠢ ᠶᠢ ᠬᠢᠨᠠᠨ ᠦᠨᠡᠯᠡᠭᠦ ᠵᠤᠭᠢᠮᠵᠢ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ ᠡᠬᠢ ᠡᠭᠦᠰᠦᠯ ᠠᠴᠠ ᠨᠢ ᠲᠤᠭᠳᠠᠭᠤᠨ ᠪᠤᠰᠦ ᠡᠯᠧᠮᠧᠨ᠋ᠲ ᠢ ᠬᠤᠷᠢᠭᠯᠠᠬᠤ ᠪᠠ ᠪᠠᠭᠠᠰᠬᠠᠨ᠎ᠠ᠃ ᠰᠦᠯᠵᠢᠶᠡᠨ ᠳᠡᠭᠡᠷ᠎ᠡ ᠵᠠᠬᠢᠳᠠᠯ ᠰᠤᠷᠪᠤᠯᠵᠢᠯᠠᠭ᠎ᠠ ᠬᠢᠬᠦ ᠪᠠ ᠵᠠᠭᠢᠳᠠᠯ ᠰᠤᠷᠪᠤᠯᠵᠢᠯᠠᠭ᠎ᠠ ᠶᠢᠨ ᠬᠠᠤᠯᠢᠵᠢᠭᠤᠯᠬᠤ ᠪᠠᠶᠢᠭᠤᠯᠤᠯᠳᠠ ᠶᠢ ᠲᠦᠷᠭᠡᠳᠬᠡᠵᠦ᠂ ᠵᠠᠭᠢᠳᠠᠯ ᠰᠤᠷᠪᠤᠯᠵᠢᠯᠠᠭ᠎ᠠ ᠬᠢᠬᠦ ᠳᠡᠭᠡᠨ ᠨᠤᠤᠷᠠᠯᠲᠤᠬᠤ᠂ ᠤᠶᠢᠮᠡᠭᠦᠯᠬᠦ᠂ ᠱᠠᠲᠦ ᠠᠯᠤᠰᠯᠠᠨ ᠰᠤᠷᠪᠤᠯᠵᠢᠯᠠᠬᠤ ᠵᠡᠷᠭᠡ ᠵᠦᠢ ᠵᠤᠬᠢᠰ ᠦᠬᠡᠢ ᠰᠤᠷᠪᠤᠯᠵᠢᠯᠠᠭ᠎ᠠ ᠳᠤ ᠴᠢᠩᠭ᠎ᠠ ᠴᠤᠬᠢᠯᠳᠠ ᠦᠭᠴᠦ᠂ ᠤᠯᠠᠨ ᠲᠦᠮᠡᠨ ᠢ ᠭᠤᠶᠤᠴᠢᠯᠠᠯ ᠢᠶᠠᠨ ᠬᠠᠤᠯᠢ ᠶᠤᠰᠤᠭᠠᠷ᠂ ᠱᠠᠲᠦ ᠳᠠᠷᠠᠭᠠᠯᠠᠨ᠂ ᠵᠦᠢ ᠵᠤᠭᠢᠰᠲᠠᠢ ᠢᠯᠡᠷᠬᠡᠶᠢᠯᠡᠬᠦ ᠶᠢ ᠤᠲᠤᠷᠢᠲᠤᠨ ᠵᠢᠯᠤᠭᠤᠲᠤᠨ᠎ᠠ᠃ ᠭᠠᠮᠰᠢᠭ ᠤᠨ ᠠᠶᠤᠯ ᠪᠠ ᠤᠯᠠᠨ ᠨᠡᠶᠢᠳᠡ ᠶᠢᠨ ᠭᠡᠷᠡᠭ ᠤᠴᠢᠷ ᠢ ᠤᠷᠢᠳᠴᠢᠯᠠᠨ ᠰᠡᠷᠡᠮᠵᠢᠯᠡᠬᠦᠯᠬᠦ᠂ ᠪᠠᠴᠢᠮ ᠪᠠᠶᠢᠳᠠᠯ ᠢ ᠰᠢᠢᠳᠪᠦᠷᠢᠯᠡᠬᠦ ᠲᠤᠭᠳᠠᠯᠴᠠᠭ᠎ᠠ ᠶᠢ ᠳᠡᠭᠦᠯᠳᠡᠷᠵᠢᠭᠦᠯᠵᠦ᠂ ᠲᠤᠤᠷ ᠰᠦᠯᠵᠢᠶ᠎ᠡ ᠶᠢᠨ ᠬᠢᠨᠠᠨ ᠬᠠᠮᠢᠶᠠᠷᠦᠯᠳᠠ ᠪᠠ ᠶᠠᠷᠢᠶ᠎ᠠ ᠬᠡᠯᠡᠯᠴᠡᠭᠡᠨ ᠤ ᠪᠠᠶᠢᠳᠠᠯ ᠢ ᠤᠲᠤᠷᠢᠲᠤᠨ ᠵᠢᠯᠤᠭᠤᠳᠬᠤ ᠶᠢ ᠴᠢᠩᠭᠠᠳᠬᠠᠵᠦ᠂ ᠤᠷᠢᠳᠴᠢᠯᠠᠨ ᠰᠡᠷᠬᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠬᠦᠯᠦᠨ᠎ᠡ᠃ ᠭᠦᠳᠡᠯᠮᠦᠷᠢ ᠶᠢᠨ ᠬᠠᠤᠯᠢ ᠭᠡᠷᠡᠭᠵᠢᠭᠦᠯᠦᠯᠳᠡ ᠶᠢ ᠬᠢᠨᠠᠨ ᠪᠠᠶᠢᠴᠠᠭᠠᠬᠤ ᠭᠦᠴᠦᠯᠡᠴᠡ ᠪᠠᠨ ᠨᠡᠮᠡᠭᠳᠡᠭᠦᠯᠵᠦ᠂ ᠮᠠᠯᠴᠢᠨ ᠳᠠᠷᠢᠶᠠᠴᠢᠨ ᠭᠦᠯᠦᠰᠦᠨ ᠠᠵᠢᠯᠴᠢᠨ ᠤ ᠴᠠᠯᠢᠩ ᠢ ᠳᠠᠷᠤᠬᠤ ᠰᠠᠭᠠᠲᠤᠭᠠᠨ ᠬᠤᠶᠢᠰᠢᠯᠠᠭᠤᠯᠬᠤ ᠦᠷᠢᠲᠡᠬᠦ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠠᠮᠦᠷ ᠲᠦᠪᠰᠢᠨ ᠤ ᠬᠡᠮ ᠰᠤᠭᠤᠭ ᠢ ᠪᠠᠶᠢᠴᠠᠭᠠᠨ ᠢᠯᠡᠷᠡᠬᠦᠯᠬᠦ ᠪᠠ ᠴᠡᠭᠴᠡᠯᠡᠨ ᠵᠠᠰᠠᠬᠤ ᠭᠦᠴᠦᠯᠡᠴᠡ ᠪᠠᠨ ᠨᠡᠡᠮᠭᠳᠡᠭᠦᠯᠵᠦ᠂ ᠬᠦᠨᠲᠦ ᠨᠤᠴᠢᠲᠠᠢ ᠠᠮᠦᠷ ᠲᠦᠪᠰᠢᠨ ᠤ ᠬᠡᠷᠡᠭ ᠭᠠᠷᠬᠤ ᠶᠢ ᠡᠷᠡᠰ ᠬᠤᠷᠢᠭᠯᠠᠨ᠎ᠠ᠃ ᠢᠳᠡᠭᠡᠨ ᠤ ᠵᠤᠶᠢᠯ ᠡᠮ ᠤᠨ ᠵᠤᠶᠢᠯ ᠤᠨ ᠬᠢᠨᠠᠨ ᠬᠠᠮᠢᠶᠠᠷᠦᠯᠳᠠ ᠶᠢ ᠴᠢᠩᠭᠠᠳᠬᠠᠵᠦ᠂ ᠤᠯᠠᠨ ᠲᠦᠮᠡᠨ ᠤ ᠢᠳᠡᠭᠡᠨ ᠤᠮᠳᠠᠭᠠᠨ ᠡᠮ ᠤᠨ ᠵᠤᠶᠢᠯ ᠤᠨ ᠠᠮᠦᠷ ᠲᠦᠪᠰᠢᠨ ᠢ ᠪᠠᠲᠤᠯᠠᠨ᠎ᠠ᠃ ᠪᠡᠶᠡᠲᠦ ᠬᠡᠯᠪᠡᠷᠢ ᠶᠢᠨ ᠨᠡᠶᠢᠭᠡᠮ ᠤᠨ ᠠᠮᠦᠷ ᠢ ᠬᠠᠮᠠᠭᠠᠯᠠᠬᠤ ᠰᠡᠷᠭᠡᠶᠢᠯᠡᠯᠳᠡ ᠶᠢᠨ ᠲᠤᠭᠳᠠᠯᠴᠠᠭ᠎ᠠ ᠶᠢ ᠪᠠᠶᠢᠭᠤᠯᠵᠦ᠂ ᠡᠷᠡᠭᠦᠦ ᠶᠢᠨ ᠶᠠᠯᠠᠲᠦ ᠠᠵᠢᠯᠯᠠᠭ᠎ᠠ ᠳᠤ ᠴᠢᠩᠭ᠎ᠠ ᠴᠤᠬᠢᠯᠳᠠ ᠦᠭᠭᠦ ᠤᠪᠤᠷ ᠪᠠᠶᠢᠳᠠᠯ ᠪᠠ ᠭᠦᠴᠦᠷᠭᠡᠭ ᠶᠡᠭᠡ ᠰᠦᠷᠳᠡᠭᠦᠯᠭᠦ ᠭᠦᠴᠦᠨ ᠢ ᠢᠮᠠᠭᠳᠠ ᠪᠠᠷᠢᠮᠳᠠᠯᠠᠵᠦ᠂ ᠤᠯᠠᠨ ᠲᠦᠮᠡᠨ ᠎ ᠤ ᠠᠮᠦᠷ ᠲᠦᠪᠰᠢᠨ ᠪᠠᠶᠢᠬᠤ ᠰᠡᠳᠭᠢᠯᠭᠡ ᠬᠢᠭᠡᠳ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃
 
ᠢᠷᠡᠯᠲᠡ᠄ ᠬᠡᠰᠢᠭᠳᠡᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号