ᠤᠯᠤᠰ ᠤᠨ ᠳᠤᠲᠤᠭᠠᠳᠤ ᠶᠢᠨ ᠠᠩᠬᠠᠳᠠᠬᠴᠢ ᠮᠤᠩᠭᠤᠯ ᠬᠡᠯᠡᠨ ᠤ ᠲᠠᠨᠢᠨ ᠮᠡᠳᠡᠬᠦᠢ ᠶᠢᠨ ᠰᠢᠰᠲ᠋ᠧᠮ ᠪᠤᠯᠤᠨ ᠠᠪᠢᠶ᠎ᠠ ᠨᠡᠶᠢᠯᠡᠮᠡᠯ ᠤᠨ ᠰᠢᠰᠲ᠋ᠧᠮ ᠮᠡᠨᠳᠦᠯᠡᠯ᠎ᠡ
ᠨᠡᠶᠢᠲᠡᠯᠡᠭᠰᠡᠨ ᠴᠠᠭ᠄
2016/4/16
       ᠰᠢᠨᠬᠤᠸᠠ ᠮᠤᠩᠭᠤᠯ ᠨᠧᠲ ᠬᠦᠬᠡᠬᠤᠲᠠ ᠶᠢᠨ 15᠎ ᠤ ᠡᠳᠦᠷ ᠤᠨ ᠴᠠᠬᠢᠯᠭᠠᠨ ᠮᠡᠳᠡᠭᠡ ︵ᠰᠠᠷᠠᠨᠲᠦᠶᠠᠭ᠎ᠠ︶ ᠦᠪᠦᠷ ᠮᠤᠩᠭᠤᠯ ᠤᠨ ᠶᠡᠭᠡ ᠰᠤᠷᠭᠠᠭᠠᠤᠯᠢ ᠶᠢᠨ ᠤᠬᠠᠭᠤᠯᠬᠤ ᠬᠡᠯᠳᠡᠰ ᠤᠨ ᠨᠡᠶᠢᠲᠡᠯᠡᠭᠰᠡᠨ 14᠎ ᠤ ᠡᠳᠦᠷ ᠤᠨ ᠮᠡᠳᠡᠭᠡ ᠶᠢ ᠦᠨᠳᠦᠰᠦᠯᠡᠪᠡᠯ᠂ ᠲᠤᠰ ᠰᠤᠷᠭᠠᠭᠤᠯᠢ ᠶᠢᠨ ᠺᠤᠮᠫᠢᠦ᠋ᠲ᠋ᠧᠷ ᠤᠨ ᠳᠡᠭᠡᠳᠤ ᠰᠤᠷᠭᠠᠭᠤᠯᠢ ᠳᠤ ᠨᠠᠶᠢᠳᠠᠵᠦ ᠪᠠᠶᠢᠭᠤᠯᠤᠬᠳᠠᠬᠰᠠᠨ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠮᠤᠩᠭᠤᠯ ᠬᠡᠯᠡ ᠪᠢᠴᠢᠭ ᠤᠨ ᠰᠤᠷᠠᠬ ᠵᠠᠩᠬᠢ ᠰᠶᠢᠳᠪᠦᠷᠢᠯᠡᠯᠲᠡ ᠶᠢᠨ ᠮᠡᠷᠭᠡᠵᠢᠯ ᠤᠨ ᠭᠤᠤᠯᠳᠠᠯᠭᠠᠲᠤ ᠲᠤᠷᠰᠢᠯᠲᠠ ᠶᠢᠨ ᠲᠠᠰᠤᠬ ᠤᠯᠤᠰ ᠤᠨ ᠳᠤᠲᠤᠭᠠᠳᠤ ᠶᠢᠨ ᠠᠩᠬᠠᠳᠠᠬᠴᠢ ᠮᠤᠩᠭᠤᠯ ᠬᠡᠯᠡᠨ ᠤ ᠲᠠᠨᠢᠨ ᠮᠡᠳᠡᠬᠦᠢ ᠶᠢᠨ ᠰᠢᠰᠲ᠋ᠧᠮ ᠪᠤᠯᠤᠨ ᠠᠪᠢᠶ᠎ᠠ ᠨᠡᠶᠢᠯᠡᠮᠡᠯ ᠤᠨ ᠰᠢᠰᠲ᠋ᠧᠮ ᠢ ᠪᠡᠶ᠎ᠡ ᠳᠠᠭᠠᠭᠠᠨ ᠡᠭᠦᠳᠴᠡᠢ᠃       ᠤᠶᠢᠯᠠᠭᠠᠬᠰᠠᠨ ᠢᠶᠠᠷ᠂ ᠮᠤᠩᠭᠤᠯ ᠬᠡᠯᠡᠨ ᠤ ᠲᠠᠨᠢᠨ ᠮᠡᠳᠡᠬᠦᠢ ᠰᠢᠰᠲ᠋ᠧᠮ ᠨᠢ ᠤᠯᠠᠨ ᠤᠯᠤᠰ ᠤᠨ ᠭᠤᠤᠯ ᠬᠠᠨᠳᠤᠯᠭ᠎ᠠ ᠪᠤᠯᠵᠦ ᠪᠠᠶᠢᠭ᠎ᠠ ᠮᠡᠷᠭᠡᠵᠢᠯ ᠢ ᠬᠡᠷᠡᠭᠯᠡᠨ᠂ ᠮᠤᠩᠭᠤᠯ ᠬᠡᠯᠡᠨ ᠤ ᠤᠯᠠᠨ ᠦᠭᠡᠰ ᠢ ᠵᠠᠯᠭᠠᠪᠠᠷ ᠲᠠᠨᠢᠬᠤ ᠴᠢᠳᠠᠪᠬᠢ ᠶᠢ ᠪᠡᠶᠡᠯᠡᠭᠦᠯᠵᠦ᠂ ᠤᠨᠤᠪᠴᠢᠲᠠᠢ ᠨᠤᠷᠮ᠎ᠠ ᠨᠢ 90%᠎ ᠶᠢ ᠳᠠᠪᠠᠪᠠ᠃ ᠮᠤᠩᠭᠤᠯ ᠬᠡᠯᠡᠨ ᠤ ᠠᠪᠢᠶ᠎ᠠ ᠨᠡᠶᠢᠯᠡᠮᠡᠯ ᠤᠨ ᠰᠢᠰᠲ᠋ᠧᠮ ᠨᠢ ᠮᠡᠷᠭᠡᠵᠢᠯ ᠤᠨ ᠬᠦᠷᠢᠶᠡᠨ ᠳᠠᠬᠢ ᠬᠠᠮᠤᠬ ᠤᠨ ᠰᠢᠯᠢᠳᠡᠭ ᠮᠡᠷᠭᠡᠵᠢᠯ ᠢ ᠬᠡᠷᠡᠭᠯᠡᠭᠰᠡᠨ ᠢᠶᠠᠷ ᠨᠡᠯᠢᠶᠡᠳ ᠤᠷᠤᠰᠤᠮ᠎ᠠ᠂ ᠤᠶᠢᠯᠠᠭᠠᠮᠵᠢᠲᠠᠢ ᠲᠦᠪᠰᠢᠨ ᠳᠤ ᠬᠦᠷᠴᠡᠢ᠃ ᠡᠨᠡ ᠬᠤᠶᠠᠷ ᠵᠦᠢᠯ ᠤᠨ ᠰᠢᠰᠲ᠋ᠧᠮ ᠨᠢ ᠡᠭᠦᠯᠡᠨ ᠦᠢᠯᠡᠴᠢᠯᠡᠭᠡᠨ ᠤ ᠵᠠᠯᠭᠠᠯᠲᠠ ᠶᠢ ᠨᠡᠭᠡᠭᠡᠭᠰᠡᠨ ᠠᠴᠠ᠂ ᠡᠨᠡᠬᠦ ᠵᠠᠯᠭᠠᠯᠲᠠ ᠶᠢ ᠠᠰᠢᠬᠯᠠᠨ ᠡᠨᠡ ᠬᠤᠶᠠᠷ ᠰᠢᠰᠲ᠋ᠧᠮ ᠢ ᠪᠤᠰᠤᠳ ᠬᠡᠷᠡᠭᠯᠡᠭᠡᠨ ᠳᠤ ᠤᠷᠤᠭᠤᠯᠵᠦ ᠪᠤᠯᠤᠨ᠎ᠠ᠃       ᠮᠤᠩᠭᠤᠯ ᠬᠡᠯᠡᠨ ᠤ ᠲᠠᠨᠢᠨ ᠮᠡᠳᠡᠬᠦᠢ ᠶᠢᠨ ᠰᠢᠰᠲ᠋ᠧᠮ ᠪᠤᠯᠤᠨ ᠠᠪᠢᠶ᠎ᠠ ᠨᠡᠶᠢᠯᠡᠮᠡᠯ ᠤᠨ ᠰᠢᠰᠲ᠋ᠧᠮ ᠤᠨ ᠡᠭᠦᠳᠦᠯᠲᠡ ᠨᠢ ᠮᠤᠩᠭᠤᠯ ᠬᠡᠯᠡᠨ ᠤ ᠰᠤᠷᠠᠬ ᠵᠠᠩᠬᠢ ᠶᠢᠨ ᠰᠢᠢᠳᠪᠦᠷᠢᠯᠡᠯᠲᠡ ᠶᠢᠨ ᠬᠢᠷᠢ ᠲᠦᠪᠰᠢᠨ ᠰᠢᠨ᠎ᠡ ᠨᠢᠭᠡ ᠳᠡᠭᠳᠡᠷ ᠲᠤ ᠭᠠᠷᠤᠬᠰᠠᠨ ᠢ ᠬᠠᠷᠠᠭᠤᠯᠵᠦ ᠪᠠᠶᠢᠬᠤ ᠮᠦᠷᠲᠡᠭᠡᠨ ᠮᠤᠩᠭᠤᠯ ᠬᠡᠯᠡᠨ ᠤ ᠰᠤᠷᠠᠬ ᠵᠠᠩᠬᠢ ᠶᠢᠨ ᠰᠢᠢᠳᠪᠦᠷᠢᠯᠡᠯᠲᠡ ᠶᠢᠨ ᠬᠠᠮᠢᠶ᠎ᠠ ᠪᠦᠬᠦᠢ ᠮᠡᠷᠭᠡᠵᠢᠯ ᠤᠨ ᠰᠤᠳᠤᠯᠭᠠᠨ ᠳᠤ ᠰᠠᠭᠤᠷᠢ ᠲᠠᠯᠪᠢᠵᠦ ᠦᠭᠴᠡᠢ᠃
 
ᠢᠷᠡᠯᠲᠡ᠄ ᠰᠢᠨᠬᠤᠸᠠ ᠮᠤᠩᠭᠤᠯ ᠨᠧᠲ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号