︽2016 ᠤᠨ ᠤ ᠵᠠᠰᠠᠭ ᠤᠨ ᠶᠠᠪᠤᠲᠠᠯ ᠢ ᠢᠯᠡ ᠪᠤᠯᠭᠠᠬᠤ ᠠᠵᠢᠯ ᠤᠨ ᠭᠤᠤᠯᠲᠠᠯᠭ᠎ᠠ︾᠎ ᠶᠢ ᠲᠠᠷᠤᠮᠠᠯᠯᠠᠠ ᠲᠠᠷᠬᠠᠭᠠᠵᠠᠢ
ᠨᠡᠶᠢᠲᠡᠯᠡᠭᠰᠡᠨ ᠴᠠᠭ᠄
2016/4/19
       ᠲᠦᠷᠦ ᠶᠢᠨ ᠶᠠᠪᠤᠲᠠᠯ ᠤᠨ ᠬᠤᠷᠢᠶᠠᠠ ᠤ ᠠᠯᠪᠠᠠ ᠲᠢᠩᠭᠢᠮ ᠲᠦᠷᠦᠭᠦᠭᠡᠡ ︽2016 ᠤᠨ ᠤ ᠵᠠᠰᠠᠭ ᠤᠨ ᠶᠠᠪᠤᠲᠠᠯ ᠢ ᠢᠯᠡ ᠪᠤᠯᠭᠠᠬᠤ ᠠᠵᠢᠯ ᠤᠨ ᠭᠤᠤᠯᠲᠠᠯᠭ᠎ᠠ︾᠎ ᠶᠢ ᠲᠠᠷᠤᠮᠠᠯᠯᠠᠠ ᠲᠠᠷᠬᠠᠭᠠᠵᠦ᠂ 2016 ᠤᠨ ᠤ ᠪᠦᠬᠦ ᠤᠯᠤᠰ ᠤᠨ ᠵᠠᠰᠠᠭ ᠤᠨ ᠶᠠᠪᠤᠲᠠᠯ ᠢ ᠢᠯᠡ ᠪᠤᠯᠭᠠᠬᠤ ᠠᠵᠢᠯ ᠳᠤ ᠪᠠᠶᠢᠷᠢᠯᠠᠭᠤᠯᠤᠯᠲᠠ ᠬᠢᠵᠠᠢ᠃       ︽ᠭᠤᠤᠯᠲᠠᠯᠭ᠎ᠠ︾᠎ ᠳᠤ᠂ ᠨᠠᠮ ᠤᠨ ᠲᠦᠪ ᠬᠤᠷᠢᠶᠠᠠ ᠤ ᠠᠯᠪᠠᠠ ᠲᠢᠩᠭᠢᠮ᠂ ᠲᠦᠷᠦ ᠶᠢᠨ ᠶᠠᠪᠤᠲᠠᠯ ᠤᠨ ᠬᠤᠷᠢᠶᠠᠠ ᠤ ᠠᠯᠪᠠᠠ ᠲᠢᠩᠭᠢᠮ ᠤᠨ ︽ᠵᠠᠰᠠᠭ ᠤᠨ ᠶᠠᠪᠤᠲᠠᠯ ᠢ ᠢᠯᠡ ᠪᠤᠯᠭᠠᠬᠤ ᠠᠵᠢᠯ ᠢ ᠪᠦᠬᠦ ᠲᠠᠯ᠎ᠠ ᠪᠠᠷ ᠠᠬᠢᠭᠤᠯᠬᠤ ᠲᠤᠬᠠᠢ ᠰᠠᠨᠠᠯ︾ ᠪᠤᠯᠤᠨ ︽ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠵᠠᠰᠠᠭ ᠤᠨ ᠤᠷᠲᠤᠨ ᠤ ᠮᠡᠲᠡᠭᠡ ᠵᠠᠩᠭᠢ ᠶᠢ ᠢᠯᠠ ᠪᠤᠯᠭᠠᠬᠤ ᠲᠦᠷᠢᠮ︾᠎ ᠢ ᠬᠦᠨᠵᠡᠭᠡᠢ ᠲᠤᠤᠱᠯᠠᠭᠤᠯᠵᠦ᠂ ︽ᠵᠠᠰᠠᠭ ᠤᠨ ᠤᠷᠲᠤᠨ ᠤ ᠠᠵᠢᠯ ᠤᠨ ᠢᠯᠡᠳᠭᠡᠯ︾᠎ ᠤᠨ ᠬᠤᠯᠪᠤᠭᠲᠠᠯ ᠪᠦᠬᠦᠢ ᠱᠠᠭᠠᠷᠲᠠᠯᠭ᠎ᠠ ᠶᠢ ᠨᠠᠷᠢᠨ ᠬᠢᠨᠠᠮᠠᠭᠠᠢ ᠨᠠᠶᠢᠲᠠᠪᠤᠷᠢᠵᠢᠭᠤᠯᠵᠦ᠂ ᠢᠯᠡ ᠪᠤᠯᠭᠠᠬᠤ ᠡᠷᠴᠢᠮ ᠢᠶᠠᠨ ᠴᠢᠩᠭᠠᠷᠠᠭᠤᠯᠵᠤ᠂ ᠢᠯᠡ ᠪᠤᠯᠭᠠᠬᠤ ᠪᠤᠲᠠᠲᠤ ᠦᠷ᠎ᠠ ᠪᠦᠳᠦᠮᠵᠢ ᠶᠢ ᠨᠡᠮᠡᠭᠳᠡᠭᠦᠯᠤᠨ᠂ ᠡᠨᠡ ᠵᠢᠯ ᠤᠨ ᠵᠠᠰᠠᠭ ᠤᠨ ᠶᠠᠪᠤᠲᠠᠯ ᠢ ᠢᠯᠡ ᠪᠤᠯᠭᠠᠬᠤ ᠠᠵᠢᠯ ᠢ ᠦᠨᠡᠡᠬᠦ ᠰᠠᠶᠢᠲᠤᠷ ᠬᠢᠬᠦ ᠭᠡᠷᠡᠭᠲᠡᠢ ᠭᠡᠵᠦ ᠵᠢᠭᠠᠵᠦ ᠭᠠᠷᠭᠠᠵᠠᠢ᠃       ︽ᠭᠤᠤᠯᠲᠠᠯᠭ᠎ᠠ︾᠎ ᠳᠤ᠂ ᠦᠭᠡᠷᠡᠴᠢᠯᠡᠯᠲᠡ ᠶᠢ ᠬᠦᠨᠵᠡᠭᠡᠶᠢᠷᠡᠭᠦᠯᠬᠦ ᠪᠠᠷ ᠭᠤᠤᠯᠳᠠᠭᠤᠯᠵᠤ ᠢᠯᠡ ᠪᠤᠯᠭᠠᠬᠤ ᠠᠵᠢᠯ ᠢ ᠠᠬᠢᠭᠤᠯᠬᠤ ᠭᠡᠷᠡᠭᠲᠡᠢ᠃ ᠡᠷᠭᠡ ᠶᠢᠨ ᠨᠠᠷᠢᠨ ᠳᠠᠩᠰᠠᠠ ᠤ ᠪᠤᠯᠤᠠ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠢᠯᠡ ᠪᠤᠯᠭᠠᠬᠤ ᠶᠢ ᠴᠢᠨᠠᠭᠰᠢᠲᠠ ᠠᠬᠢᠭᠤᠯᠵᠦ᠂ ᠬᠤᠲᠠ ᠰᠢᠶᠠᠠ ᠬᠤᠶᠠᠷ ᠱᠠᠲᠤᠨ ᠤ ᠵᠠᠰᠠᠭ ᠤᠨ ᠤᠷᠲᠤᠨ ᠤ ᠠᠵᠢᠯ ᠤᠨ ᠰᠠᠯᠠᠭ᠎ᠠ ᠮᠦᠴᠢᠷ ᠡᠷᠭᠡ ᠶᠢᠨ ᠨᠠᠷᠢᠨ ᠳᠠᠩᠰᠠ ᠪᠠ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠪᠦᠬᠦ ᠲᠠᠯ᠎ᠠ ᠪᠠᠷ ᠢᠯᠡ ᠪᠤᠯᠭᠠᠬᠤ ᠶᠢ ᠶᠡᠬᠡᠪᠠᠷ ᠠᠬᠢᠭᠤᠯᠬᠤ ᠭᠡᠷᠡᠭᠲᠡᠢ ᠭᠡᠵᠦ ᠱᠠᠭᠠᠷᠲᠠᠵᠠᠢ᠃       ︽ᠭᠤᠤᠯᠲᠠᠯᠭ᠎ᠠ︾᠎ ᠳᠤ ᠠᠵᠦ ᠠᠬᠤᠢ ᠶᠢᠨ ᠬᠦᠭᠵᠢᠯᠲᠠ ᠶᠢ ᠠᠬᠢᠭᠤᠯᠬᠤ ᠪᠠᠷ ᠭᠤᠤᠯᠳᠠᠭᠤᠯᠵᠤ ᠢᠯᠡ ᠪᠤᠯᠭᠠᠬᠤ ᠠᠵᠢᠯ ᠢ ᠠᠬᠢᠭᠤᠯᠬᠤ ᠭᠡᠷᠡᠭᠲᠡᠢ᠃ ᠵᠠᠬ᠎ᠠ ᠲᠡᠯᠭᠡᠭᠦᠷ ᠤᠨ ᠵᠢᠱᠢᠭᠰᠡᠡ ᠬᠠᠷᠠᠯᠲᠠ ᠶᠢ ᠲᠤᠭᠲᠠᠭᠤᠨ ᠪᠤᠯᠭᠠᠬᠤ ᠪᠠᠷ ᠬᠠᠷᠠᠯᠲᠠ ᠪᠤᠯᠭᠠᠵᠤ᠂ ᠠᠵᠦ ᠠᠬᠤᠢ ᠨᠡᠶᠢᠭᠡᠮ ᠤᠨ ᠲᠦᠷᠦ ᠶᠢᠨ ᠪᠤᠲᠤᠯᠭ᠎ᠠ ᠶᠢ ᠢᠯᠡ ᠪᠤᠯᠭᠠᠬᠤ ᠶᠢ ᠴᠢᠨᠠᠭᠰᠢᠲᠠ ᠠᠬᠢᠭᠤᠯᠬᠤ ᠭᠡᠷᠡᠭᠲᠡᠢ᠃ ᠵᠠᠬ᠎ᠠ ᠲᠡᠯᠭᠡᠭᠦᠷ ᠲᠤ ᠤᠷᠤᠬᠤ ᠶᠢ ᠵᠦᠪᠰᠢᠶᠡᠷᠡᠬᠦ ᠨᠠᠵᠠᠭᠠᠢ ᠲᠠᠯ᠎ᠠ ᠶᠢᠨ ᠨᠠᠷᠢᠨ ᠲᠠᠩᠰᠠ ᠶᠢᠨ ᠲᠤᠷᠰᠢᠯᠲᠠ ᠶᠢᠨ ᠴᠢᠬ ᠤᠨ ᠠᠭᠤᠯᠭ᠎ᠠ ᠶᠢ ᠢᠯᠡ ᠪᠤᠯᠭᠠᠵᠦ᠂ ᠵᠠᠰᠠᠭ ᠤᠨ ᠤᠷᠲᠤᠨ ᠤ ᠦᠢᠯᠡᠲᠦᠯ ᠢᠶᠠᠨ ᠪᠠᠲᠠᠷᠠᠭᠤᠯᠬᠤ ᠡᠬᠦᠷᠭᠡ ᠬᠠᠷᠢᠭᠤᠴᠠᠯᠭ᠎ᠠ ᠶᠢᠨ ᠵᠠᠭᠠᠭ ᠬᠢᠵᠠᠭᠠᠷ ᠢ ᠲᠤᠲᠤᠷᠬᠠᠢᠢᠯᠠᠬᠤ ᠭᠡᠷᠡᠭᠲᠡᠢ ᠭᠡᠵᠦ ᠱᠠᠭᠠᠷᠲᠠᠵᠠᠢ᠃       ︽ᠭᠤᠤᠯᠲᠠᠯᠭ᠎ᠠ︾᠎ ᠳᠤ᠂ ᠠᠷᠠᠳ ᠤᠨ ᠠᠮᠢᠲᠤᠷᠠᠯ ᠢ ᠰᠠᠶᠢᠵᠢᠷᠠᠭᠤᠯᠬᠤ ᠪᠠᠷ ᠭᠤᠤᠯᠲᠠᠭᠤᠯᠵᠦ ᠢᠯᠡ ᠪᠤᠯᠭᠠᠬᠤ ᠡᠵᠢᠯ ᠢ ᠠᠬᠢᠭᠤᠯᠬᠤ ᠭᠡᠷᠡᠭᠲᠡᠢ᠃ ᠶᠠᠲᠠᠭᠤ ᠶᠢ ᠲᠡᠳᠭᠦᠬᠦ ᠲᠦᠷᠦ ᠶᠢᠨ ᠪᠤᠲᠤᠯᠭ᠎ᠠ᠂ ᠶᠠᠲᠠᠭᠤ ᠶᠢ ᠲᠡᠳᠭᠦᠬᠦ ᠠᠮᠵᠢᠯᠲᠠ ᠪᠦᠲᠦᠮᠵᠢ᠂ ᠶᠠᠲᠠᠭᠤ ᠠᠴᠠ ᠠᠩᠬᠢᠵᠢᠷᠠᠭᠤᠯᠬᠤ ᠵᠡᠷᠭᠡ ᠮᠡᠲᠡᠭᠡ ᠵᠠᠩᠭᠢ ᠶᠢ ᠢᠯᠡ ᠪᠤᠯᠭᠠᠬᠤ ᠡᠷᠴᠢᠮ ᠢ ᠴᠢᠩᠭᠠᠷᠠᠭᠤᠯᠬᠤ ᠭᠡᠷᠡᠭᠲᠡᠢ᠃ ᠬᠤᠲᠠ ᠬᠦᠲᠡᠭᠡ ᠶᠢᠨ ᠨᠠᠭᠠᠲᠤ ᠵᠠᠬ᠎ᠠ ᠶᠢᠨ ᠠᠮᠢᠲᠤᠷᠠᠯ ᠤᠨ ᠪᠠᠲᠤᠯᠠᠪᠤᠷᠢ᠂ ᠤᠨᠴᠠ ᠬᠦᠴᠢᠷᠲᠡᠯᠲᠠᠢ ᠬᠦᠮᠦᠰ ᠢ ᠠᠪᠤᠷᠠᠠ ᠲᠤᠰᠠᠯᠠᠵᠦ ᠠᠰᠠᠷᠠᠨ ᠲᠡᠵᠢᠭᠡᠬᠦ ᠵᠢᠴᠢ ᠠᠯᠪᠠᠠ ᠵᠢᠷᠤᠮ ᠤᠨ ᠰᠤᠷᠭᠠᠠ ᠬᠦᠮᠦᠵᠢᠯ ᠂ ᠠᠪᠤ ᠡᠵᠢ ᠪᠠᠨ ᠲᠠᠭᠠᠵᠦ ᠶᠠᠪᠤᠭ᠎ᠠ ᠦᠷ᠎ᠠ ᠬᠡᠤᠬᠡᠳ ᠤᠨ ᠰᠤᠷᠭᠠᠭᠤᠯᠢ ᠳᠤ ᠤᠷᠤᠬᠤ ᠵᠡᠷᠭᠡ ᠬᠤᠯᠪᠤᠭᠲᠠᠯ ᠪᠦᠬᠦᠢ ᠮᠡᠲᠡᠭᠡ ᠵᠠᠩᠭᠢ ᠶᠢ ᠢᠯᠡ ᠪᠤᠯᠭᠠᠬᠤ ᠠᠵᠢᠯ ᠢ ᠴᠢᠨᠠᠭᠰᠢᠲᠠ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠲᠠᠵᠠᠢ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号