︽ᠬᠤᠶᠠᠷ ᠬᠤᠷᠢᠶ᠎ᠠ︾ ᠱᠠᠮᠰᠢᠭᠰᠠᠨ ᠭᠡᠭᠡᠯᠢ ᠬᠠᠭ᠋ᠤᠯᠢ ᠢᠳᠡᠭᠰᠡᠨ ᠡᠷᠡᠭᠦᠦ ᠶᠢᠨ ᠬᠡᠷᠡᠭ ᠤᠨ ᠬᠠᠥᠯᠢ ᠴᠠᠭᠠᠵᠠ ᠶᠢᠨ ᠲᠠᠶᠢᠯᠪᠣᠷᠢ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2016/4/19
      ᠠᠷᠠᠳ ᠤᠨ ᠳᠡᠭᠡᠳᠦ ᠰᠢᠬᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠡᠨᠡ ᠡᠳᠦᠷ ︽ᠱᠠᠮᠰᠢᠬᠰᠠᠨ ᠭᠡᠭᠡᠯᠢ ᠬᠠᠭ᠋ᠤᠤᠯᠢ ᠢᠳᠡᠭᠰᠡᠨ ᠡᠷᠡᠬᠦᠦ ᠶᠢᠨ ᠭᠡᠷᠡᠭ ᠲᠤ ᠲᠤᠬᠢᠷᠠᠬᠤ ᠬᠠᠤᠯᠢ ᠴᠠᠭᠠᠵᠠ ᠶᠢᠨ ᠠᠰᠠᠭᠤᠳᠠᠯ ᠤᠳ ᠤᠨ ᠲᠤᠬᠠᠢ ᠠᠷᠠᠳ ᠤᠨ ᠳᠡᠭᠡᠳᠦ ᠰᠢᠬᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠲᠠᠶᠢᠯᠪᠤᠷᠢ︾ ᠶᠢ ᠬᠠᠮᠳᠤᠷᠠᠨ ᠨᠡᠶᠢᠳᠡᠯᠡᠵᠦ᠂ ᠱᠠᠮᠰᠢᠭᠰᠠᠨ ᠶᠠᠯ᠎ᠠ᠂ ᠭᠡᠭᠡᠯᠢ ᠬᠠᠭ᠋ᠤᠤᠯᠢ ᠢᠳᠡᠭᠰᠡᠨ ᠶᠠᠯ᠎ᠠ ᠶᠢᠨ ᠶᠠᠯ᠎ᠠ ᠲᠤᠭᠳᠠᠭᠠᠬᠤ ᠪᠠᠷᠢᠮᠵᠢᠶ᠎ᠠ ᠵᠢᠴᠢ ᠱᠠᠮᠰᠢᠭᠰᠠᠨ ᠶᠠᠯ᠎ᠠ᠂ ᠭᠡᠭᠡᠯᠢ ᠬᠠᠭ᠋ᠤᠤᠯᠢ ᠢᠳᠡᠭᠰᠡᠨ ᠶᠠᠯ᠎ᠠ ᠶᠢᠨ ᠠᠯᠠᠬᠤ ᠡᠷᠡᠬᠦᠦ᠂ ᠠᠯᠠᠬᠤ ᠶᠢ ᠬᠤᠶᠢᠰᠢᠯᠠᠭᠤᠯᠬᠤ ᠵᠢᠴᠢ ᠨᠠᠰᠤᠨ ᠲᠤᠷᠰᠢᠳᠠ ᠬᠤᠷᠢᠬᠤ ᠳᠤ ᠲᠤᠬᠢᠷᠠᠬᠤ ᠵᠠᠷᠴᠢᠮ ᠵᠡᠷᠭᠡ ᠶᠢ ᠳᠤᠳᠤᠷᠬᠠᠢᠢᠯᠠᠵᠦ᠂ ᠱᠠᠮᠰᠢᠬᠰᠠᠨ ᠭᠡᠭᠡᠯᠢ ᠬᠠᠭ᠋ᠤᠤᠯᠢ ᠢᠳᠡᠭᠰᠡᠨ ᠶᠠᠯ᠎ᠠ ᠶᠢ ᠬᠠᠤᠯᠢ ᠶᠤᠰᠤᠭᠠᠷ ᠴᠢᠩᠭ᠎ᠠ ᠰᠢᠳᠭᠡᠨ᠎ᠠ ᠭᠡᠵᠦ ᠴᠢᠬᠤᠯᠠᠴᠢᠯᠠᠪᠠ᠃      ᠰᠢᠨ᠎ᠠ ᠬᠠᠤᠯᠢ ᠴᠠᠭᠠᠵᠠ ᠶᠢᠨ ᠲᠠᠶᠢᠯᠪᠤᠷᠢ ᠳᠤ ᠱᠠᠮᠰᠢᠬᠰᠠᠨ ᠶᠠᠯ᠎ᠠ᠂ ᠭᠡᠭᠡᠯᠢ ᠬᠠᠭ᠋ᠤᠤᠯᠢ ᠢᠳᠡᠭᠰᠡᠨ ᠶᠠᠯ᠎ᠠ ᠶᠢᠨ ︽ᠲᠤᠭ᠎ᠠ ᠭᠡᠮᠵᠢᠶ᠎ᠠ ᠨᠡᠯᠢᠶᠡᠳ ᠶᠡᠭᠡ︾ ︵ᠲᠠᠷᠤᠢ ᠶᠠᠯ᠎ᠠ ᠬᠢᠭᠰᠡᠨ ᠳᠤ ᠲᠤᠭᠠᠴᠠᠭᠳᠠᠬᠤ︶ ᠶᠢᠨ ᠡᠩ ᠤᠨ ᠪᠠᠷᠢᠮᠵᠢᠶ᠎ᠠ ᠶᠢ 1997 ᠤᠨ ᠤ ᠡᠷᠡᠬᠦᠦ ᠶᠢᠨ ᠬᠠᠤᠯᠢ ᠳᠤ ᠲᠤᠭᠳᠠᠭᠠᠭᠰᠠᠨ ᠲᠠᠪᠤᠨ ᠮᠢᠩᠭᠠᠨ ᠲᠦᠬᠦᠷᠢᠭ ᠠᠴᠠ ᠭᠤᠷᠪᠡᠨ ᠲᠦᠮᠡᠨ ᠲᠦᠬᠦᠷᠢᠭ ᠪᠤᠯᠭᠠᠨ ᠲᠤᠬᠢᠷᠠᠭᠤᠯᠵᠦ᠂ ︽ᠲᠤᠭ᠎ᠠ ᠭᠡᠮᠵᠢᠶ᠎ᠠ ᠨᠢ ᠯᠤᠳᠤ ᠶᠡᠭᠡ︾ ᠶᠢᠨ ᠡᠩ ᠤᠨ ᠪᠠᠷᠢᠮᠵᠢᠶ᠎ᠠ ᠶᠢ ᠬᠤᠷᠢᠨ ᠲᠦᠮᠡᠨ ᠲᠦᠬᠦᠷᠢᠭ ᠠᠴᠠ ᠳᠡᠭᠡᠭᠰᠢ ᠭᠤᠷᠪᠡᠨ ᠵᠠᠭᠤᠨ ᠲᠦᠮᠡᠨ ᠲᠦᠬᠦᠷᠢᠭ ᠠᠴᠠ ᠲᠤᠷᠤᠬᠰᠢ ᠪᠠᠶᠢᠬᠤ ᠪᠠᠷ ᠲᠤᠭᠳᠠᠭᠠᠵᠦ᠂ ︽ᠲᠤᠭ᠎ᠠ ᠭᠡᠮᠵᠢᠶ᠎ᠠ ᠨᠢ ᠤᠨᠴᠠ ᠶᠡᠭᠡ︾ ᠶᠢᠨ ᠡᠩ ᠤᠨ ᠪᠠᠷᠢᠮᠵᠢᠶ᠎ᠠ ᠶᠢ ᠭᠤᠷᠪᠡᠨ ᠵᠠᠭᠤᠨ ᠲᠦᠮᠡᠨ ᠲᠦᠬᠦᠷᠢᠭ ᠠᠴᠠ ᠳᠡᠭᠡᠭᠰᠢ ᠪᠠᠶᠢᠬᠤ ᠪᠠᠷ ᠲᠤᠭᠳᠠᠭᠠᠵᠠᠢ᠃ ᠬᠠᠤᠯᠢ ᠴᠠᠭᠠᠵᠠ ᠶᠢᠨ ᠲᠠᠶᠢᠯᠪᠤᠷᠢ ᠳᠤ ᠪᠠᠰᠠ᠂ ᠱᠠᠮᠰᠢᠬᠰᠠᠨ᠂ ᠭᠡᠭᠡᠯᠢ ᠬᠠᠭ᠋ᠤᠤᠯᠢ ᠢᠳᠡᠭᠰᠡᠨ ᠬᠡᠮᠵᠢᠶ᠎ᠡ ᠨᠢ ᠨᠢᠭᠡ ᠲᠦᠮᠡᠨ ᠲᠦᠬᠦᠷᠢᠭ ᠠᠴᠠ ᠳᠡᠭᠡᠭᠰᠢ ᠭᠤᠷᠪᠡᠨ ᠲᠦᠮᠡᠨ ᠲᠦᠬᠦᠷᠢᠭ ᠲᠤ ᠦᠯᠦ ᠬᠦᠷᠬᠦ᠂ ᠤᠨᠴᠠᠭᠠᠢ ᠦᠢᠯᠡ ᠪᠠᠶᠢᠳᠠᠯ ᠲᠠᠢ ᠪᠠᠶᠢᠪᠠᠯ᠂ ᠪᠠᠰᠠ ᠡᠷᠡᠬᠦᠦ ᠶᠢᠨ ᠭᠡᠷᠡᠭ ᠤᠨ ᠬᠠᠷᠢᠭᠤᠴᠠᠯᠭ᠎ᠠ ᠨᠡᠭᠡᠮᠵᠢᠯᠡᠨ᠎ᠡ ᠭᠡᠵᠦ ᠲᠤᠭᠳᠠᠭᠠᠪᠠ᠃      ︽ᠡᠷᠡᠭᠦᠦ ᠶᠢᠨ ᠬᠠᠤᠯᠢ ᠶᠢᠨ ᠵᠠᠰᠠᠪᠤᠷᠢ ᠤᠷᠤᠭᠤᠯᠤᠭᠰᠠᠠ ᠲᠦᠰᠦᠯ ︵ᠶᠢᠰᠦ︶︾ ᠳᠤ ᠰᠢᠨ᠎ᠠ ᠪᠠᠷ ᠨᠡᠮᠡᠭᠰᠡᠡ ᠱᠠᠮᠰᠢᠭᠰᠠᠨ ᠶᠠᠯ᠎ᠠ᠂ ᠭᠡᠭᠡᠯᠢ ᠬᠠᠭ᠋ᠤᠤᠯᠢ ᠢᠳᠡᠭᠰᠡᠨ ᠶᠠᠯ᠎ᠠ ᠶᠢᠨ ᠠᠯᠠᠬᠤ᠋ ᠶᠢ ᠬᠤᠶᠢᠰᠢᠯᠠᠭᠤᠯᠵᠦ ᠬᠠᠰᠤᠭᠠᠳ ᠬᠤᠭᠤᠴᠠᠭ᠎ᠠ ᠦᠭᠡᠢ ᠬᠤᠷᠢᠬᠤ ᠡᠷᠡᠬᠦᠦ ᠪᠤᠯᠭᠠᠭᠰᠠᠠ ᠤ ᠲᠠᠷᠠᠭ᠎ᠠ ᠨᠠᠰᠤᠨ ᠲᠤᠷᠰᠢᠲᠠ ᠨᠢ ᠬᠤᠷᠢᠬᠤ ᠲᠤᠭᠲᠠᠭᠠᠯ ᠳᠤ ᠴᠢᠭᠯᠡᠭᠦᠯᠵᠦ᠂ ᠲᠤᠰ ᠬᠠᠤᠯᠢ ᠴᠠᠭᠠᠵᠠ ᠶᠢᠨ ᠲᠠᠶᠢᠯᠪᠤᠷᠢ ᠳᠤ ᠨᠠᠰᠤᠨ ᠲᠤᠷᠰᠢᠲᠠ ᠬᠤᠷᠢᠬᠤ ᠳᠤ ᠲᠤᠬᠢᠷᠠᠬᠤ ᠪᠠᠶᠢᠲᠠᠯ ᠢ ᠲᠤᠲᠤᠷᠬᠠᠢᠢᠯᠠᠵᠦ᠂ ᠠᠯᠠᠬᠤ ᠡᠷᠡᠭᠦᠦ ᠪᠠᠷ ᠰᠢᠳᠭᠡᠵᠦ ᠲᠠᠷᠦ᠋ᠢᠬᠠᠠ ᠭᠡᠷᠡᠭᠵᠢᠬᠦᠯᠬᠦ ᠨᠢ ᠬᠡᠲᠦ ᠬᠦᠨᠲᠦ᠂ ᠡᠩ ᠤᠨ ᠠᠯᠠᠬᠤ ᠶᠢ ᠬᠤᠶᠢᠰᠢᠯᠠᠭᠤᠯᠬᠤ ᠪᠠᠷ ᠰᠢᠳᠭᠡᠬᠦ ᠨᠢ ᠪᠠᠰᠠ ᠭᠡᠲᠦ ᠬᠦᠩᠭᠡᠡ ᠪᠤᠯᠬᠤ ᠬᠦᠨᠳᠤ ᠶᠡᠭᠡ ᠱᠠᠮᠰᠢᠭᠰᠠᠨ ᠬᠡᠬᠡᠯᠢ ᠬᠠᠭ᠋ᠤᠤᠯᠢ ᠢᠲᠡᠭᠰᠡᠡ ᠶᠠᠯ᠎ᠠ ᠶᠢ ᠨᠠᠰᠤᠨ ᠲᠤᠷᠰᠢᠲᠠ ᠬᠤᠷᠢᠬᠤ ᠪᠠᠷ ᠲᠤᠭᠲᠠᠵᠠᠢ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号