ᠦᠪᠤᠷ ᠮᠤᠩᠭᠤᠯ ᠤᠨ ︽ᠨᠤᠲᠤᠭ ᠪᠡᠯᠴᠢᠭᠡᠷ ᠤᠨ ᠬᠠᠮᠠᠭᠠᠯᠠᠯᠳᠠ ᠶᠢᠨ ᠲᠦᠷᠢᠮ︾ ᠳᠤ ᠵᠠᠰᠠᠪᠤᠷᠢ ᠤᠷᠤᠭᠤᠯᠪᠠ
ᠨᠡᠶᠢᠲᠡᠯᠡᠭᠰᠡᠨ ᠴᠠᠭ᠄
2016/4/25
          ᠲᠡᠯ᠎ᠠ ᠨᠤᠲᠤᠭ ᠤᠨ ᠲᠡᠭᠡᠷ᠎ᠠ ᠮᠠᠰᠢᠨ ᠲᠡᠷᠭᠡ ᠵᠢᠯᠦᠭᠤᠳᠴᠤ ᠨᠤᠲᠤᠭ ᠪᠠᠯᠴᠢᠭᠡᠷ ᠢ           ᠲᠡᠯᠭᠢᠭᠲᠡᠪᠠᠯ ᠬᠠᠤᠯᠢ ᠶᠢ ᠵᠦᠷᠢᠴᠡᠭᠰᠡᠨ ᠳᠤ ᠲᠤᠭᠠᠴᠠᠭᠲᠠᠨ᠎ᠠ       ᠦᠪᠤᠷ ᠮᠤᠩᠭᠤᠯ ᠤᠨ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠳᠠ᠂ ᠪᠦᠲᠦᠭᠡᠨ ᠪᠠᠶᠢᠭᠤᠯᠤᠯᠳᠠ ᠪᠠ ᠬᠠᠮᠢᠶᠠᠷᠤᠯᠲᠠ ᠶᠢ ᠴᠢᠨᠠᠭᠰᠢᠳᠠ ᠠᠬᠢᠭᠤᠯᠵᠤ᠂ ᠲᠠᠯ᠎ᠠ ᠨᠤᠲᠤᠭ ᠤᠨ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠨ᠂ ᠮᠠᠨ ᠤ ᠤᠷᠤᠨ ᠤ ᠮᠠᠯ ᠠᠵᠤ ᠠᠬᠤᠢ ᠪᠠ ᠠᠵᠤ ᠠᠬᠤᠢ ᠨᠡᠶᠢᠭᠡᠮ ᠤᠨ ᠦᠷᠭᠦᠯᠵᠢᠯᠡᠨ ᠬᠦᠭᠵᠢᠬᠦ ᠶᠢ ᠪᠠᠲᠤᠯᠠᠬᠤ ᠶᠢᠨ ᠲᠦᠯᠦᠭᠡ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠬᠤᠷᠢᠨ ᠨᠢᠭᠡᠳᠦᠭᠡᠷ ᠬᠤᠷᠠᠯ ᠲᠡᠭᠡᠷ᠎ᠡ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ ᠲᠦᠷᠢᠮ︾ ︵ᠲᠤᠷᠤᠭᠰᠢ ᠲᠦᠭᠦᠮᠴᠢᠯᠡᠭᠡᠳ ︽ᠲᠦᠷᠢᠮ︾ ᠭᠡᠨ᠎ᠡ︶ ᠳᠤ ᠵᠠᠰᠠᠪᠤᠷᠢ ᠤᠷᠤᠭᠤᠯᠵᠠᠢ᠃       ᠰᠢᠨ᠎ᠠ ︽ᠲᠦᠷᠢᠮ︾ ᠤᠨ ᠲᠤᠲᠤᠷᠠᠬᠢ ᠠᠷᠪᠠᠨ ᠵᠢᠷᠭᠤᠳᠤᠭᠠᠷ ᠵᠦᠢᠯ ᠳᠤ ᠵᠠᠰᠠᠪᠤᠷᠢ ᠤᠷᠤᠭᠤᠯᠤᠭᠠᠳ᠄ ᠭᠠᠮᠰᠢᠭ ᠤᠨ ᠪᠠᠴᠢᠮ ᠠᠪᠤᠷᠠᠯᠲᠠ᠂ ᠮᠠᠯᠴᠢᠳ ᠤᠨ ᠨᠡᠭᠦᠳᠡᠯ ᠰᠢᠯᠵᠢᠯᠲᠡ ᠶᠢᠨ ᠮᠠᠰᠢᠨ ᠬᠦᠳᠡᠯᠭᠡᠭᠦᠷᠲᠦ ᠲᠡᠷᠭᠡ ᠤᠨᠤᠭ᠎ᠠ ᠠᠴᠠ ᠪᠤᠰᠤᠳ ᠮᠠᠰᠢᠨ ᠬᠦᠳᠡᠯᠭᠡᠭᠦᠷᠲᠦ ᠲᠡᠷᠭᠡ ᠤᠨᠤᠭ᠎ᠠ ᠵᠠᠮ ᠱᠤᠭᠤᠮ ᠠᠴᠠ ᠵᠠᠶᠢᠳᠠᠵᠤ ᠦᠨᠳᠦᠰᠤᠨ ᠨᠤᠲᠤᠭ ᠪᠡᠯᠴᠢᠭᠡᠷ ᠲᠡᠭᠡᠷ᠎ᠡ ᠠᠶᠠᠯᠠᠬᠤ ᠶᠢ ᠬᠤᠷᠢᠬᠯᠠᠨ᠎ᠠ︔ ᠬᠡᠷᠪᠡ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠤᠨ ᠱᠠᠭᠠᠷᠳᠠᠯᠭ᠎ᠠ ᠠᠴᠠ ᠪᠤᠯᠵᠤ ᠵᠠᠮ ᠠᠴᠠ ᠵᠠᠶᠢᠳᠠᠵᠤ ᠲᠠᠯ᠎ᠠ ᠨᠤᠲᠤᠭ ᠲᠡᠭᠡᠷ᠎ᠡ ᠠᠶᠠᠯᠠᠬᠤ ᠴᠢᠬᠤᠯᠠ ᠲᠠᠢ ᠪᠤᠯ᠂ ᠲᠤᠬᠠᠢ ᠶᠢᠨ ᠭᠠᠵᠠᠷ ᠤᠷᠤᠨ ᠤ ᠬᠤᠰᠢᠭᠤᠨ ︵ᠰᠢᠶᠠᠨ︶ ᠤ ᠲᠡᠰ ᠤᠨ ᠠᠷᠠᠳ ᠤᠨ ᠵᠠᠰᠠᠭ ᠤᠨ ᠤᠷᠳᠤᠨ ᠤ ᠲᠠᠯ᠎ᠠ ᠨᠤᠲᠤᠭ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠴᠤ ᠪᠠᠶᠢᠭ᠎ᠠ ᠰᠠᠯᠠᠭ᠎ᠠ ᠮᠦᠴᠢᠷ ᠲᠤ ᠠᠶᠠᠯᠠᠯ ᠤᠨ ᠤᠷᠤᠨ ᠬᠡᠪᠴᠢᠶ᠎ᠡ ᠪᠠ ᠵᠠᠮ ᠱᠤᠭᠤᠮ ᠢᠶᠠᠨ ᠤᠷᠢᠳᠴᠢᠯᠠᠨ ᠮᠡᠳᠡᠭᠦᠯᠪᠡᠯ ᠵᠤᠬᠢᠨ᠎ᠠ᠂ ᠲᠡᠷᠡ ᠮᠦᠷᠳᠡᠭᠡᠨ ᠮᠡᠳᠡᠭᠦᠯᠦᠭᠰᠡᠨ ᠠᠶᠠᠯᠠᠯ ᠤᠨ ᠬᠡᠪᠴᠢᠶ᠎ᠡ ᠪᠠ ᠵᠠᠮ ᠱᠤᠭᠤᠮ ᠤᠨ ᠲᠠᠭᠠᠤ ᠳᠤ ᠠᠶᠠᠯᠠᠬᠤ ᠬᠡᠷᠡᠭᠲᠡᠢ ᠭᠡᠵᠠᠢ᠃       ᠭᠤᠴᠢᠨ ᠲᠦᠷᠪᠡᠳᠦᠭᠡᠷ ᠵᠦᠢᠯ ᠳᠤ ᠵᠠᠰᠠᠪᠤᠷᠢ ᠤᠷᠤᠭᠤᠯᠤᠭᠠᠳ᠄ ᠲᠤᠰ ᠲᠦᠷᠢᠮ ᠤᠨ ᠠᠷᠪᠠᠨ ᠵᠢᠷᠭᠤᠳᠤᠭᠠᠷ ᠵᠦᠢᠯ ᠤᠨ ᠲᠤᠭᠳᠠᠭᠠᠯ ᠢ ᠵᠦᠷᠢᠴᠡᠨ᠂ ᠭᠠᠮᠰᠢᠭ ᠤᠨ ᠪᠠᠴᠢᠮ ᠠᠪᠤᠷᠠᠯᠲᠠ᠂ ᠮᠠᠯᠴᠢᠳ ᠤᠨ ᠨᠡᠭᠦᠳᠡᠯ ᠰᠢᠯᠵᠢᠯᠳᠡ ᠶᠢᠨ ᠮᠠᠰᠢᠨ ᠬᠦᠳᠡᠯᠭᠡᠭᠦᠷᠲᠦ ᠲᠡᠷᠭᠡ ᠤᠨᠤᠭ᠎ᠠ ᠠᠴᠠ ᠪᠤᠰᠤᠳ ᠮᠠᠰᠢᠨ ᠬᠦᠳᠡᠯᠭᠡᠭᠦᠷᠲᠦ ᠲᠡᠷᠭᠡ ᠤᠨᠤᠭ᠎ᠠ ᠵᠠᠮ ᠱᠤᠭᠤᠮ ᠠᠴᠠ ᠰᠠᠯᠵᠤ ᠦᠨᠳᠦᠰᠤᠨ ᠨᠤᠲᠤᠭ ᠪᠡᠯᠴᠢᠭᠡᠷ ᠲᠡᠭᠡᠷ᠎ᠡ ᠠᠶᠠᠯᠠᠬᠤ᠂ ᠡᠰᠡᠬᠦᠯ᠎ᠡ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠤᠨ ᠱᠠᠭᠠᠷᠳᠠᠯᠭ᠎ᠠ ᠠᠴᠠ ᠪᠤᠯᠵᠤ ᠵᠠᠮ ᠠᠴᠠ ᠵᠠᠶᠢᠳᠠᠵᠤ ᠲᠠᠯ᠎ᠠ ᠨᠤᠲᠤᠭ ᠲᠡᠭᠡᠷ᠎ᠡ ᠠᠶᠠᠯᠠᠬᠤ ᠳᠠᠭᠠᠨ ᠲᠤᠬᠠᠢ ᠶᠢᠨ ᠭᠠᠵᠠᠷ ᠤᠷᠤᠨ ᠤ ᠬᠤᠰᠢᠭᠤᠨ ︵ᠰᠢᠶᠠᠨ︶ ᠤ ᠲᠡᠰ ᠤᠨ ᠠᠷᠠᠳ ᠤᠨ ᠵᠠᠰᠠᠭ ᠤᠨ ᠤᠷᠳᠤᠨ ᠤ ᠲᠠᠯ᠎ᠠ ᠨᠤᠲᠤᠭ ᠤᠨ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠴᠤ ᠪᠠᠶᠢᠭ᠎ᠠ ᠰᠠᠯᠠᠭ᠎ᠠ ᠮᠦᠴᠢᠷ ᠲᠤ ᠤᠷᠢᠳᠴᠢᠯᠠᠨ ᠡᠰᠡ ᠮᠡᠳᠡᠭᠦᠯᠦᠭᠰᠡᠨ ᠪᠤᠶᠤ ᠮᠡᠳᠡᠭᠦᠯᠦᠭᠰᠡᠨ ᠠᠶᠠᠯᠠᠯ ᠤᠨ ᠤᠷᠤᠨ ᠬᠡᠪᠴᠢᠶ᠎ᠡ ᠪᠠ ᠵᠠᠮ ᠱᠤᠭᠤᠮ ᠢᠶᠠᠷ ᠢᠶᠠᠨ ᠡᠰᠡ ᠠᠶᠠᠯᠠᠵᠤ᠂ ᠲᠠᠯ᠎ᠠ ᠨᠤᠲᠤᠭ ᠤᠨ ᠤᠷᠭᠤᠮᠠᠯ ᠬᠤᠴᠢᠯᠭ᠎ᠠ ᠳᠤ ᠡᠪᠳᠡᠯᠡᠭᠡ ᠤᠴᠠᠷᠠᠭᠤᠯᠤᠭᠰᠠᠨ ᠢ ᠬᠤᠰᠢᠭᠤᠨ ︵ᠰᠢᠶᠠᠨ︶ ᠤ ᠲᠡᠰ ᠤᠨ ᠲᠠᠯ᠎ᠠ ᠨᠤᠲᠤᠭ ᠤᠨ ᠬᠢᠨᠠᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠲᠡᠳᠡᠭᠡᠷ ᠬᠠᠤᠯᠢ ᠶᠢ ᠵᠦᠷᠢᠴᠡᠭᠰᠡᠨ ᠠᠵᠢᠯᠯᠠᠭ᠎ᠠ ᠶᠢ ᠵᠠᠷᠯᠢᠬᠳᠠᠨ ᠵᠤᠭᠰᠤᠭᠠᠵᠤ᠂ ᠬᠤᠭᠤᠴᠠᠭ᠎ᠠ ᠲᠤᠭᠳᠠᠭᠠᠨ ᠤᠷᠭᠤᠮᠠᠯ ᠬᠤᠴᠢᠯᠭ᠎ᠠ ᠶᠢ ᠰᠡᠷᠭᠦᠭᠡᠯᠭᠡᠨ᠎ᠡ᠂ ᠪᠠᠰᠠ ᠲᠠᠯ᠎ᠠ ᠨᠤᠲᠤᠭ ᠤᠨ ᠤᠷᠭᠤᠮᠠᠯ ᠬᠤᠴᠢᠯᠭ᠎ᠠ ᠡᠪᠳᠡᠭᠳᠡᠬᠦ ᠠᠴᠠ ᠡᠮᠦᠨᠡᠬᠢ 3 ᠵᠢᠯ ᠤᠨ ᠲᠤᠮᠳᠠᠴᠢ ᠭᠠᠷᠤᠯᠲᠠ ᠶᠢᠨ ᠦᠷᠳᠡᠭ ᠤᠨ 3 ᠲᠠᠬᠢᠨ ᠠᠴᠠ ᠲᠡᠭᠡᠭᠰᠢ 9 ᠲᠠᠬᠢᠨ ᠠᠴᠠ ᠲᠤᠷᠤᠭᠰᠢ ᠵᠤᠭᠤᠰ ᠢᠶᠠᠷ ᠲᠤᠷᠭᠠᠵᠤ ᠪᠤᠯᠤᠨ᠎ᠠ︔ ᠨᠤᠲᠤᠭ ᠪᠡᠯᠴᠢᠭᠡᠷ ᠤᠨ ᠦᠮᠴᠢᠯᠡᠭᠴᠢ ᠪᠠ ᠬᠡᠷᠡᠭᠯᠡᠭᠴᠢ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠤᠰᠤᠭᠠᠷ ᠲᠦᠯᠦᠪᠦᠷᠢᠯᠡᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ ᠭᠡᠵᠠᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号