ᠠᠷᠠᠳ ᠤᠨ ᠡᠶᠡᠲᠡᠭᠦᠯᠭᠡ ᠶᠢᠨ ᠬᠡᠪᠴᠢᠶᠡᠨ ᠳᠤ ᠶᠠᠭᠤ ᠶᠠᠭᠤ ᠪᠠᠭᠲᠠᠬᠤ ᠪᠤᠢ︖
ᠨᠡᠶᠢᠲᠡᠯᠡᠭᠰᠡᠨ ᠴᠠᠭ᠄
2016/5/17
      ︽ᠠᠷᠠᠳ ᠤᠨ ᠡᠶᠡᠲᠡᠭᠦᠯᠭᠡ ᠶᠢᠨ ᠬᠠᠤᠯᠢ︾ ᠶᠢᠨ ᠲᠤᠬᠲᠠᠭᠠᠯ ᠢ ᠦᠨᠳᠦᠰᠦᠯᠡᠪᠡᠯ᠂ ᠠᠷᠠᠳ ᠤᠨ ᠡᠶᠡᠲᠡᠭᠦᠯᠭᠡ ᠶᠢᠨ ᠬᠡᠪᠴᠢᠶ᠎ᠡ ᠪᠤᠯ ︽ᠠᠷᠠᠳ ᠤᠨ ᠵᠢᠭᠤᠷᠠᠯᠳᠤᠭᠠᠨ︾ ᠪᠤᠯᠤᠨ᠎ᠠ᠃ ᠠᠷᠠᠳ ᠤᠨ ᠡᠶᠡᠲᠡᠭᠦᠯᠭᠡ ᠶᠢᠨ ᠲᠦᠷᠢᠮ ᠪᠤᠢ ᠪᠤᠯᠤᠬᠰᠠᠨ ᠠᠴᠠ ᠨᠠᠰᠢ᠂ ᠡᠶᠡᠲᠡᠭᠦᠯᠬᠦ ᠠᠭᠤᠯᠭ᠎ᠠ ᠨᠢ ᠦᠨᠳᠦᠰᠦᠨ ᠳᠡᠭᠡᠨ ᠡᠷᠭᠡᠲᠦ ᠠᠷᠠᠳ ᠬᠢᠭᠡᠳ ᠡᠷᠭᠡᠲᠦ ᠠᠷᠠᠳ ᠤᠨ ᠬᠤᠭᠤᠷᠤᠨᠳᠤᠬᠢ ᠤᠷᠤᠭ᠂ ᠵᠠᠯᠭᠠᠮᠵᠢᠯᠠᠬᠤ᠂ ᠠᠰᠠᠷᠠᠨ ᠲᠡᠵᠢᠭᠡᠬᠦ᠂ ᠬᠦᠷᠰᠢ ᠵᠡᠷᠭᠡᠯᠡᠲᠡᠭᠡ ᠶᠢᠨ ᠬᠠᠷᠢᠴᠠᠭ᠎ᠠ᠂ ᠪᠠᠭ᠎ᠠ ᠲᠤᠭᠠᠨ ᠤ ᠦᠭᠴᠡᠭᠡ᠂ ᠡᠷᠬᠡ ᠳᠤ ᠪᠠᠭ᠎ᠠ ᠰᠠᠭ᠎ᠠ ᠬᠠᠯᠲᠠᠬᠰᠠᠨ ᠵᠡᠷᠭᠡ ᠡᠩ ᠤᠨ ᠢᠷᠭᠡᠨ ᠤ ᠬᠡᠷᠡᠭ ᠤᠨ ᠰᠢᠨᠵᠢ ᠴᠢᠨᠠᠷ ᠲᠠᠢ ᠵᠢᠭᠤᠷᠠᠯᠳᠤᠭᠠᠨ ᠪᠤᠯᠤᠨ᠎ᠠ᠃       ᠨᠡᠶᠢᠭᠡᠮ ᠠᠵᠦ ᠠᠬᠤᠢ ᠶᠢᠨ ᠬᠦᠭᠵᠢᠯᠲᠡ ᠬᠤᠪᠢᠷᠠᠯᠲᠠ ᠶᠢ ᠲᠠᠭᠠᠯᠲᠤᠨ᠂ ᠢᠯᠠᠩᠭᠤᠶ᠎ᠠ ᠤᠳᠤᠬᠠᠨ ᠳᠠᠬᠢ ᠨᠡᠶᠢᠭᠡᠮ ᠤᠨ ᠬᠡᠯᠪᠡᠷᠢ ᠪᠠᠨ ᠬᠤᠪᠢᠷᠠᠭᠤᠯᠬᠤ ᠬᠤᠭᠤᠴᠠᠭᠠᠨ ᠳᠤ᠂ ᠠᠷᠠᠳ ᠤᠨ ᠡᠶᠡᠲᠡᠭᠦᠯᠬᠦ ᠵᠢᠭᠤᠷᠠᠯᠳᠤᠭᠠᠨ ᠤ ᠬᠡᠪᠴᠢᠶ᠎ᠡ ᠨᠢ ᠵᠢᠭᠤᠷᠠᠯᠳᠤᠭᠠᠨ ᠤ ᠭᠤᠤᠯ ᠴᠤᠬᠴᠠ ᠠᠴᠠ ᠠᠪᠤᠭᠠᠳ ᠵᠢᠭᠤᠷᠠᠯᠳᠤᠭᠠᠨ ᠤ ᠠᠭᠤᠯᠭ᠎ᠠ ᠬᠦᠷᠲᠡᠯ᠎ᠡ ᠴᠦᠮ ᠨᠡᠯᠢᠶᠡᠳ ᠶᠡᠭᠡ ᠦᠷᠭᠡᠳᠴᠦ ᠬᠤᠪᠢᠷᠠᠵᠠᠢ᠃ ᠵᠢᠱᠢᠶᠡᠯᠡᠪᠡᠯ᠂ ᠭᠠᠵᠠᠷ ᠰᠢᠷᠤᠢ ᠲᠠᠭᠠᠭᠠᠴᠢᠯᠠᠬᠤ᠂ ᠲᠤᠰᠬᠤᠨ ᠤ ᠶᠠᠪᠤᠲᠠᠯ ᠢ ᠬᠠᠮᠢᠶᠠᠷᠬᠤ᠂ ᠭᠠᠵᠠᠷ ᠰᠢᠷᠤᠢ ᠲᠠᠲᠠᠪᠤᠷᠢᠯᠠᠨ ᠨᠤᠷᠠᠭᠠᠵᠦ ᠨᠡᠭᠦᠯᠭᠡᠬᠦ᠂ ᠤᠷᠴᠢᠨ ᠲᠤᠭᠤᠷᠢᠨ ᠤ ᠪᠤᠬᠢᠷᠲᠦᠯ᠂ ᠠᠵᠦ ᠠᠬᠤᠢᠢᠯᠠᠯ ᠤᠨ ᠪᠠᠶᠢᠭᠤᠯᠤᠯ ᠢᠶᠠᠨ ᠬᠤᠪᠢᠷᠠᠭᠤᠯᠬᠤ᠂ ᠬᠦᠲᠡᠯᠮᠦᠷᠢ ᠶᠢᠨ ᠬᠦᠯᠦᠰᠦ ᠤᠯᠭᠤᠮᠵᠢ ᠠᠵᠢᠯ ᠠᠴᠠ ᠪᠤᠯᠤᠬᠰᠠᠨ ᠬᠡᠮᠲᠦᠯ᠂ ᠠᠲᠠᠯ ᠠᠬᠤᠢ ᠶᠢᠨ ᠬᠠᠮᠢᠶᠠᠷᠤᠯᠲᠠ᠂ ᠪᠡᠯᠡ ᠴᠤᠬᠯᠠᠭᠤᠯᠬᠤ ᠵᠢᠭᠤᠷᠠᠯᠳᠤᠭᠠᠨ᠂ ᠠᠵᠢᠯ ᠤᠨ ᠪᠠᠶᠢᠷᠢ ᠠᠴᠠ ᠨᠢ ᠪᠠᠭᠤᠯᠭᠠᠬᠰᠠᠳ ᠢ ᠬᠤᠪᠢᠶᠠᠨ ᠰᠠᠯᠭᠠᠬᠤ᠂ ᠦᠷᠢᠲᠦᠭᠰᠡᠨ ᠴᠠᠯᠢᠩ ᠢ ᠨᠢ ᠨᠡᠭᠡᠬᠦ ᠬᠢᠭᠡᠳ ᠬᠠᠤᠯᠢ ᠳᠤ ᠬᠤᠯᠪᠤᠬᠲᠠᠬᠰᠠᠨ ᠰᠤᠷᠪᠤᠯᠵᠢᠯᠠᠭ᠎ᠠ ᠬᠢᠬᠦ ᠵᠡᠷᠭᠡ ᠨᠡᠶᠢᠭᠡᠮ ᠤᠨ ᠬᠡᠯᠡᠯᠴᠡᠭᠡᠨ ᠲᠠᠢ᠂ ᠪᠡᠷᠭᠡᠲᠡᠢ ᠠᠰᠠᠭᠤᠲᠠᠯ ᠵᠡᠷᠭᠡ ᠠᠴᠠ ᠡᠭᠦᠰᠦᠭᠰᠡᠨ ᠵᠦᠷᠢᠴᠡᠯ ᠵᠢᠭᠤᠷᠠᠯᠳᠤᠭᠠᠨ ᠪᠤᠯᠤᠨ᠎ᠠ᠃       ᠠᠷᠠᠳ ᠤᠨ ᠡᠶᠡᠲᠡᠭᠦᠯᠭᠡ ᠶᠢᠨ ᠦᠨᠳᠦᠰᠦᠨ ᠵᠠᠷᠴᠢᠮ ᠨᠢ ᠶᠠᠭᠤ ᠪᠤᠢ︖ ᠮᠠᠨ ᠤ ᠤᠯᠤᠰ ᠤᠨ ︽ᠠᠷᠠᠳ ᠤᠨ ᠡᠶᠡᠲᠡᠭᠦᠯᠭᠡ ᠶᠢᠨ ᠬᠠᠤᠯᠢ︾ ᠶᠢᠨ 3 ᠳ᠋ᠤᠭᠠᠷ ᠵᠦᠢᠯ ᠤᠨ ᠲᠤᠬᠲᠠᠭᠠᠯ ᠢ ᠦᠨᠳᠦᠰᠦᠯᠡᠪᠡᠯ᠄       ︵1︶ ᠲᠤᠬᠠᠢ ᠶᠢᠨ ᠬᠦᠮᠦᠨ ᠤ ᠰᠠᠶᠢᠨ ᠲᠤᠷ᠎ᠠ ᠶᠢᠨ᠂ ᠡᠷᠬᠡ ᠲᠡᠭᠰᠢ ᠪᠠᠶᠢᠬᠤ ᠰᠠᠭᠤᠷᠢᠨ ᠲᠡᠭᠡᠷ᠎ᠡ ᠡᠶᠡᠲᠡᠭᠦᠯᠭᠡ ᠬᠢᠨ᠎ᠡ︔       ︵2︶ ᠬᠠᠤᠯᠢ ᠴᠠᠭᠠᠵᠠ᠂ ᠬᠠᠤᠯᠢ ᠲᠤᠬᠲᠠᠭᠠᠯ ᠪᠤᠯᠤᠨ ᠤᠯᠤᠰ ᠤᠨ ᠲᠦᠷᠦ ᠶᠢᠨ ᠪᠤᠳᠤᠯᠭ᠎ᠠ ᠶᠢ ᠦᠯᠦ ᠵᠦᠷᠢᠴᠡᠭᠰᠡᠨ ᠪᠠᠶᠢᠬᠤ ᠬᠡᠷᠡᠭᠲᠡᠢ︔       ︵3︶ ᠲᠤᠬᠠᠢ ᠶᠢᠨ ᠬᠦᠮᠦᠨ ᠤ ᠡᠷᠬᠡ ᠶᠢ ᠬᠦᠨᠳᠦᠳᠬᠡᠬᠦ ᠬᠡᠷᠡᠭᠲᠡᠢ᠂ ᠡᠶᠡᠲᠡᠭᠦᠯᠦᠭᠰᠡᠨ ᠠᠴᠠ ᠪᠤᠯᠤᠭᠠᠳ ᠲᠤᠬᠠᠢ ᠶᠢᠨ ᠬᠦᠮᠦᠨ ᠤ ᠬᠠᠤᠯᠢ ᠶᠤᠰᠤᠭᠠᠷ ᠬᠦᠨᠲᠡᠯᠡᠨ ᠠᠴᠠ ᠲᠠᠰᠤᠯᠬᠤ᠂ ᠵᠠᠰᠠᠭ ᠵᠠᠬᠢᠷᠭᠠᠨ᠂ ᠬᠠᠤᠯᠢ ᠴᠠᠭᠠᠵᠠ ᠵᠡᠷᠭᠡ ᠵᠠᠮ ᠮᠦᠷ ᠢᠶᠠᠷ ᠡᠷᠬᠡ ᠠᠰᠢᠬ ᠢᠶᠠᠨ ᠬᠠᠮᠠᠭᠠᠯᠠᠬᠤ ᠶᠢ ᠬᠤᠷᠢᠬᠯᠠᠵᠦ ᠪᠤᠯᠬᠤ ᠦᠭᠡᠢ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号