ᠠᠷᠠᠳ ᠤᠨ ᠲᠡᠭᠡᠳᠤ ᠪᠠᠶᠢᠴᠠᠭᠠᠬᠤ ᠬᠤᠷᠢᠶ᠎ᠠ᠄ ᠰᠢᠢᠳᠪᠤᠷᠢᠳᠤ ᠪᠤᠳᠤᠯᠭ᠎ᠠ ᠳᠤ ᠬᠦᠨᠳᠦ ᠶᠡᠭᠡ ᠠᠯᠳᠠᠰᠢ ᠭᠠᠷᠪᠠᠯ ᠨᠠᠮ ᠤᠨ ᠤᠳᠤᠷᠢᠳᠬᠤ ᠲᠤᠭᠤᠢᠢᠯᠠᠩ ᠤᠨ ᠬᠤᠯᠪᠤᠬᠳᠠᠯ ᠪᠦᠬᠦᠢ ᠪᠦᠷᠢᠯᠳᠤᠬᠦᠨ ᠠᠴᠠ ᠨᠠᠰᠤᠨ ᠲᠤᠷᠰᠢᠳᠠ ᠬᠠᠷᠢᠭᠤᠴᠠᠯᠭ᠎ᠠ ᠨᠡᠭᠡᠮᠵᠢᠯᠡᠨ᠎ᠠ
ᠨᠡᠶᠢᠲᠡᠯᠡᠭᠰᠡᠨ ᠴᠠᠭ᠄
2016/5/20
      ᠰᠢᠨᠬᠤᠸᠠ ᠬᠤᠷᠢᠶᠠᠨ ᠤ ᠪᠡᠭᠡᠵᠢᠩ ᠤᠨ 5 ᠰᠠᠷ᠎ᠠ ᠶᠢᠨ 18 ᠤ ᠡᠳᠤᠷ ᠤᠨ ᠮᠡᠳᠡᠭᠡ ᠶᠢ ᠦᠨᠳᠤᠰᠤᠯᠡᠪᠡᠯ᠂ ᠰᠤᠷᠪᠤᠯᠵᠢᠯᠠᠭᠴᠢ 18 ᠤ ᠡᠳᠤᠷ ᠠᠷᠠᠳ ᠤᠨ ᠲᠡᠭᠡᠳᠤ ᠪᠠᠶᠢᠴᠠᠭᠠᠬᠤ ᠬᠤᠷᠢᠶ᠎ᠠ ᠠᠴᠠ ᠦᠢᠯᠠᠭᠠᠭᠰᠠᠨ ᠢᠶᠠᠷ᠂ ᠠᠷᠠᠳ ᠤᠨ ᠲᠡᠭᠡᠳᠤ ᠪᠠᠶᠢᠴᠠᠭᠠᠬᠤ ᠬᠤᠷᠢᠶ᠎ᠠ ᠦᠢᠷ᠎ᠠ ᠳᠤ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠠᠳ ᠤᠨ ᠲᠡᠭᠡᠳᠤ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠲᠤᠭᠤᠢᠢᠯᠠᠩ ᠤᠨ ᠠᠵᠢᠯ ᠤᠨ ᠲᠦᠷᠢᠮ ︵ᠲᠤᠷᠰᠢᠨ ᠬᠡᠷᠡᠭᠵᠢᠬᠦᠯᠬᠦ︶︾ ᠢ ᠨᠡᠶᠢᠳᠡᠯᠡᠪᠠ᠃ ᠲᠦᠷᠢᠮ ᠳᠤ ᠲᠤᠷᠠᠳᠤᠭᠰᠠᠨ ᠢᠶᠠᠷ᠂ ᠠᠷᠠᠳ ᠤᠨ ᠲᠡᠭᠡᠳᠤ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠲᠤᠭᠤᠢᠢᠯᠠᠩ ᠤᠨ ᠰᠢᠢᠳᠪᠤᠷᠢᠳᠤ ᠪᠤᠳᠤᠯᠭ᠎ᠠ ᠳᠤ ᠴᠢᠬᠤᠯᠠ ᠶᠡᠭᠡ ᠠᠯᠳᠡᠰᠢ ᠭᠠᠷᠪᠠᠯ᠂ ᠰᠢᠢᠳᠪᠤᠷᠢᠳᠤ ᠪᠤᠳᠤᠯᠭ᠎ᠠ ᠲᠤᠬᠳᠠᠭᠠᠬᠤ ᠳᠤ ᠤᠷᠤᠯᠴᠠᠭᠰᠠᠨ ᠨᠠᠮ ᠤᠨ ᠤᠳᠤᠷᠢᠳᠬᠤ ᠲᠤᠭᠤᠢᠢᠯᠠᠩ ᠤᠨ ᠬᠤᠯᠪᠤᠬᠳᠠᠯ ᠪᠦᠬᠦᠢ ᠪᠦᠷᠢᠯᠳᠤᠭᠦᠨ ᠠᠴᠠ ᠨᠠᠰᠤᠨ ᠲᠤᠷᠰᠢᠳᠠ ᠬᠠᠷᠢᠭᠤᠴᠠᠯᠭ᠎ᠠ ᠨᠡᠭᠡᠮᠵᠢᠯᠡᠨ᠎ᠠ᠃ ᠠᠵᠢᠯ ᠤᠨ ᠲᠦᠷᠢᠮ ᠳᠤ ᠲᠤᠬᠳᠠᠭᠠᠭᠰᠠᠨ ᠨᠢ᠂ ᠠᠷᠠᠳ ᠤᠨ ᠲᠡᠭᠡᠳᠤ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠲᠤᠭᠤᠢᠢᠯᠠᠩ ᠤᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠤ ᠬᠠᠷᠢᠶᠠᠯᠠᠬᠳᠠᠬᠤ ᠬᠡᠷᠡᠭ ᠶᠠᠪᠤᠳᠠᠯ ᠪᠦᠬᠦᠨ ᠢ ᠴᠦᠭᠡᠨᠭᠬᠢ ᠨᠢ ᠤᠯᠠᠩᠬᠢ ᠪᠠᠨ ᠲᠠᠭᠠᠬᠤ ᠵᠠᠷᠴᠢᠮ ᠶᠤᠰᠤᠭᠠᠷ᠂ ᠨᠠᠮ ᠤᠨ ᠤᠳᠤᠷᠢᠳᠬᠤ ᠲᠤᠭᠤᠢᠢᠯᠠᠩ ᠤᠨ ᠪᠦᠷᠢᠯᠳᠤᠬᠦᠨ ᠬᠠᠮᠳᠤ ᠳᠠᠭᠠᠨ ᠶᠠᠷᠢᠯᠴᠠᠵᠤ ᠲᠤᠬᠳᠠᠭᠠᠨ᠎ᠠ᠂ ᠶᠠᠮᠠᠷᠪᠠ ᠬᠤᠪᠢ ᠬᠥᠮᠤᠨ ᠪᠤᠶᠤ ᠴᠦᠭᠡᠨ ᠲᠤᠭᠠᠨ ᠤ ᠬᠥᠮᠤᠰ ᠲᠤᠬᠳᠠᠭᠠᠬᠤ ᠡᠷᠭᠡ ᠦᠭᠡᠢ᠃       ᠡᠬᠦᠨ ᠤ ᠬᠠᠮᠳᠤ᠂ ᠠᠵᠢᠯ ᠤᠨ ᠲᠦᠷᠢᠮ ᠳᠤ ᠬᠠᠷᠢᠭᠤᠴᠠᠯᠭ᠎ᠠ ᠨᠡᠭᠡᠮᠵᠢᠯᠡᠬᠦ 9 ᠵᠦᠢᠯ ᠤᠨ ᠪᠠᠶᠢᠳᠠᠯ ᠢ ᠵᠢᠬᠰᠠᠭᠠᠵᠤ᠂ ᠬᠠᠮᠳᠤ ᠨᠡᠶᠢᠳᠡ ᠶᠢᠨ ᠲᠤᠰ ᠲᠦᠷᠢᠮ ᠢ ᠵᠦᠷᠢᠴᠡᠭᠰᠡᠨ ᠦᠢᠯᠡ ᠠᠵᠢᠯᠯᠠᠭ᠎ᠠ ᠪᠤᠶᠤ ᠨᠠᠮ ᠤᠨ ᠤᠳᠤᠷᠢᠳᠬᠤ ᠲᠤᠭᠤᠢᠢᠯᠠᠩ ᠤᠨ ᠪᠤᠰᠤᠳ ᠪᠦᠷᠢᠯᠳᠤᠬᠦᠨ ᠤ ᠲᠤᠰ ᠲᠦᠷᠢᠮ ᠢ ᠬᠥᠨᠳᠤ ᠨᠤᠴᠢᠳᠠᠢ ᠵᠦᠷᠢᠴᠡᠭᠰᠡᠨ ᠦᠢᠯᠡ ᠠᠵᠢᠯᠯᠠᠭ᠎ᠠ ᠲᠡᠭᠡᠷ᠎ᠠ ᠴᠢᠬᠤᠯᠠ ᠶᠡᠭᠡ ᠠᠯᠳᠠᠰᠢ ᠲᠠᠢ ᠪᠠᠶᠢᠪᠠᠯ᠂ ᠨᠠᠮ ᠤᠨ ᠤᠳᠤᠷᠢᠳᠬᠤ ᠲᠤᠭᠤᠢᠢᠯᠠᠩ ᠤᠨ ᠱᠦᠵᠢ ᠬᠤᠯᠪᠤᠬᠳᠠᠯ ᠪᠦᠬᠦᠢ ᠬᠠᠷᠢᠭᠤᠴᠠᠯᠭ᠎ᠠ ᠡᠬᠦᠷᠭᠡᠯᠡᠬᠦ ᠬᠡᠷᠡᠭᠳᠠᠢ︔ ᠨᠠᠮ ᠤᠨ ᠤᠳᠤᠷᠢᠳᠬᠤ ᠲᠤᠭᠤᠢᠢᠯᠠᠩ ᠤᠨ ᠰᠢᠢᠳᠪᠤᠷᠢᠳᠤ ᠪᠤᠳᠤᠯᠭ᠎ᠠ ᠨᠢ ᠴᠢᠬᠤᠯᠠ ᠶᠡᠭᠡ ᠠᠯᠳᠠᠰᠢ ᠲᠠᠢ ᠪᠠᠶᠢᠪᠠᠯ᠂ ᠰᠢᠢᠳᠪᠤᠷᠢᠳᠤ ᠪᠤᠳᠤᠯᠭ᠎ᠠ ᠲᠤᠬᠳᠠᠭᠠᠬᠤ  ᠳᠤ ᠤᠷᠤᠯᠴᠠᠭᠰᠠᠨ ᠨᠠᠮ ᠤᠨ ᠤᠳᠤᠷᠢᠳᠬᠤ ᠲᠤᠭᠤᠢᠢᠯᠠᠩ ᠤᠨ ᠬᠤᠯᠪᠤᠬᠳᠠᠯ ᠪᠦᠬᠦᠢ ᠪᠦᠷᠢᠯᠳᠤᠬᠦᠨ ᠠᠴᠠ ᠨᠠᠰᠤᠨ ᠲᠤᠷᠰᠢᠳᠠ ᠬᠠᠷᠢᠭᠤᠴᠠᠯᠭ᠎ᠠ ᠨᠡᠭᠡᠮᠵᠢᠯᠡᠨ᠎ᠠ︔ ᠨᠠᠮ ᠤᠨ ᠤᠳᠤᠷᠢᠳᠬᠤ ᠲᠤᠭᠤᠢᠢᠯᠠᠩ ᠤᠨ ᠬᠤᠷᠠᠯ ᠤᠨ ᠰᠢᠢᠳᠪᠤᠷᠢ ᠶᠢ ᠲᠤᠷ᠎ᠠ ᠪᠠᠷ ᠢᠶᠠᠨ ᠬᠤᠪᠢᠷᠠᠭᠤᠯᠤᠭᠰᠠᠨ ᠪᠤᠶᠤ ᠵᠤᠷᠢᠭᠤᠳᠠ ᠬᠤᠶᠢᠰᠢᠯᠠᠭᠤᠯᠤᠭᠰᠠᠨ᠂ ᠬᠡᠷᠡᠭᠵᠢᠬᠦᠯᠬᠦ ᠶᠢ ᠲᠡᠪᠴᠢᠭᠰᠡᠨ ᠵᠡᠷᠭᠡ ᠪᠠᠶᠢᠳᠠᠯ ᠠᠴᠠ ᠴᠢᠩᠭ᠎ᠠ ᠬᠠᠷᠢᠭᠤᠴᠠᠯᠭ᠎ᠠ ᠨᠡᠭᠡᠮᠵᠢᠯᠡᠬᠦ ᠬᠡᠷᠡᠭᠳᠠᠢ ᠭᠡᠵᠤ ᠴᠢᠬᠤᠯᠠᠴᠢᠯᠠᠬᠰᠠᠨ ᠪᠠᠶᠢᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号