ᠭᠠᠵᠠᠷ ᠰᠢᠷᠦᠢ ᠶᠢᠨ ᠡᠷᠬᠡ ᠰᠢᠯᠵᠢᠬᠦᠯᠬᠦ ᠭᠡᠷ᠎ᠡ ᠳᠤ ᠶᠠᠮᠠᠷ ᠶᠠᠮᠠᠷ ᠠᠭᠤᠯᠭ᠎ᠠ ᠲᠠᠢ ᠪᠤᠢ︖
ᠨᠡᠶᠢᠲᠡᠯᠡᠭᠰᠡᠨ ᠴᠠᠭ᠄
2016/5/30
      ︽ᠬᠦᠳᠡᠭᠡ ᠲᠤᠰᠬᠤᠨ ᠤ ᠭᠠᠵᠠᠷ ᠰᠢᠷᠦᠢ ᠶᠢᠨ ᠲᠠᠭᠠᠭᠴᠢᠯᠠᠯᠲᠠ ᠶᠢᠨ ᠬᠠᠤᠯᠢ ︾ ᠶᠢᠨ 37 ᠳ᠋ᠤᠭᠠᠷ ᠵᠦᠢᠯ ᠤᠨ ᠲᠤᠭᠲᠠᠭᠠᠯ ᠢ ᠦᠨᠳᠦᠰᠦᠯᠡᠪᠡᠯ᠂ ᠭᠠᠵᠠᠷ ᠰᠢᠷᠦᠢ ᠶᠢᠨ ᠡᠷᠬᠡ ᠰᠢᠯᠵᠢᠬᠦᠯᠬᠦ ᠭᠡᠷ᠎ᠡ ᠳᠤ ᠶᠡᠷᠦ ᠳᠡᠭᠡᠨ ᠲᠤᠤᠷᠠᠬᠢ ᠠᠭᠤᠯᠭ᠎ᠠ ᠶᠢ ᠪᠠᠭᠲᠠᠭᠠᠨ᠎ᠠ᠄       1. ᠬᠤᠶᠠᠷ ᠲᠠᠯ᠎ᠠ ᠶᠢᠨ ᠲᠤᠬᠠᠢ ᠶᠢᠨ ᠬᠦᠮᠦᠨ ᠤ ᠤᠪᠤᠭ ᠨᠡᠷ᠎ᠡ᠂ ᠤᠷᠤᠨ ᠰᠠᠭᠤᠴᠠ︔       2. ᠰᠢᠯᠵᠢᠬᠦᠯᠬᠦ ᠭᠠᠵᠠᠷ ᠤᠨ ᠨᠡᠷ᠎ᠡ᠂ ᠪᠠᠶᠢᠷᠢᠰᠢᠯ᠂ ᠲᠠᠯᠠᠪᠠᠢ ᠪᠠ ᠶᠠᠰᠤ ᠴᠢᠨᠠᠷ ᠤᠨ ᠵᠡᠷᠭᠡ ᠲᠡᠰ︔       3. ᠰᠢᠯᠵᠢᠬᠦᠯᠬᠦ ᠬᠤᠭᠤᠴᠠᠭ᠎ᠠ ᠬᠢᠵᠠᠭᠠᠷ ᠬᠢᠭᠡᠳ ᠡᠬᠢᠯᠡᠬᠦ ᠲᠡᠭᠦᠰᠬᠦ ᠴᠠᠭ ᠬᠤᠭᠤᠴᠠᠭ᠎ᠠ︔       4. ᠰᠢᠯᠵᠢᠬᠦᠯᠬᠦ ᠭᠠᠵᠠᠷ ᠰᠢᠷᠦᠢ ᠶᠢᠨ ᠬᠡᠷᠡᠭᠴᠡᠭᠡ︔       5. ᠬᠤᠶᠠᠷ ᠲᠠᠯ᠎ᠠ ᠶᠢᠨ ᠲᠤᠬᠠᠢ ᠶᠢᠨ ᠬᠦᠮᠦᠨ ᠤ ᠡᠷᠬᠡ ᠪᠠ ᠡᠭᠦᠷᠭᠡ︔       6. ᠰᠢᠯᠵᠢᠬᠦᠯᠬᠦ ᠦᠨ᠎ᠡ ᠬᠢᠭᠡᠳ ᠦᠭᠬᠦ ᠬᠡᠯᠪᠡᠷᠢ︔       7. ᠬᠡᠷ᠎ᠡ ᠠᠴᠠ ᠵᠦᠷᠢᠴᠡᠭᠰᠡᠨ ᠬᠠᠷᠢᠭᠤᠴᠠᠯᠭ᠎ᠠ᠃       ᠭᠠᠵᠠᠷ ᠰᠢᠷᠦᠢ ᠲᠠᠭᠠᠭᠠᠴᠢᠯᠠᠨ ᠡᠵᠡᠩᠨᠡᠬᠦ ᠡᠷᠬᠡ ᠶᠢ ᠰᠢᠯᠵᠢᠭᠦᠯᠦᠨ ᠦᠭᠬᠦ ᠠᠷᠭ᠎ᠠ ᠪᠠᠷ ᠰᠢᠯᠵᠢᠬᠦᠯᠬᠦ ᠪᠤᠯ ᠲᠠᠭᠠᠭᠠᠴᠢᠯᠠᠭᠤᠯᠬᠤ ᠡᠲᠡᠭᠡᠳ ︵ᠲᠤᠰᠬᠤᠨ ᠤ ᠬᠠᠮᠲᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ︶ ᠤᠨ ᠵᠦᠪᠰᠢᠶᠡᠷᠡᠯ ᠢ ᠤᠯᠬᠤ ᠬᠡᠷᠡᠭᠲᠠᠢ︔ ᠰᠢᠯᠵᠢᠭᠦᠯᠦᠨ ᠲᠠᠭᠠᠭᠠᠴᠢᠯᠠᠭᠤᠯᠬᠤ᠂ ᠲᠦᠷᠢᠶᠡᠰᠦᠯᠡᠬᠦ᠂ ᠰᠤᠯᠢᠬᠤ ᠪᠤᠶᠤ ᠪᠤᠰᠤᠳ ᠬᠡᠯᠪᠡᠷᠢ ᠪᠠᠷ ᠰᠢᠯᠵᠢᠬᠦᠯᠬᠦ ᠪᠤᠯ ᠲᠠᠭᠠᠭᠠᠴᠢᠯᠠᠭᠤᠯᠬᠤ ᠡᠲᠡᠭᠡᠳ ᠲᠤ ᠮᠡᠳᠡᠬᠦᠯᠦᠨ ᠲᠠᠩᠰᠠᠯᠠᠭᠤᠯᠬᠤ ᠭᠡᠷᠡᠭᠲᠠᠢ᠃ ᠭᠠᠵᠠᠷ ᠰᠢᠷᠦᠢ ᠶᠢᠨ ᠡᠷᠬᠡ ᠶᠢ ᠰᠢᠯᠵᠢᠭᠦᠯᠬᠦ ᠭᠡᠷ᠎ᠡ ᠶᠢ ᠰᠢᠶᠠᠩ ᠪᠠᠯᠭᠠᠰᠤᠨ ᠤ ᠬᠦᠳᠡᠭᠡ ᠲᠤᠰᠬᠤᠨ ᠤ ᠡᠵᠡᠩᠨᠡᠯᠲᠡ ᠬᠠᠮᠢᠶᠠᠷᠦᠯᠲᠠ ᠶᠢᠨ ᠰᠠᠯᠠᠭ᠎ᠠ ᠮᠦᠴᠢᠷ ᠢᠶᠠᠷ ᠰᠢᠯᠭᠠᠨ ᠲᠤᠭᠲᠠᠭᠠᠯᠭᠠᠬᠤ ᠬᠡᠷᠡᠭᠲᠠᠢ᠃       ᠨᠦᠬᠦᠴᠡᠯ ᠲᠠᠢ ᠨᠢ ᠬᠤᠶᠠᠷ ᠲᠠᠯ᠎ᠠ ᠪᠠᠷ ᠰᠠᠨᠠᠯ ᠨᠢᠭᠡᠳᠪᠡᠯ ᠠᠯᠪᠠᠨ ᠭᠡᠷᠡᠴᠢ ᠶᠢᠨ ᠪᠠᠶᠢᠭᠤᠯᠭ᠎ᠠ ᠳᠤ ᠬᠦᠷᠴᠤ ᠠᠯᠪᠠᠨ ᠭᠡᠷᠡᠴᠢ ᠬᠢᠯᠭᠡᠵᠤ ᠪᠤᠯᠤᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号