ᠲᠠᠯᠠᠶᠢᠨᠠᠭᠤᠷ ᠪᠠᠯᠭᠠᠰᠣ ᠮᠠᠯ ᠤᠨ ᠡᠭᠦᠯᠳᠡᠷ ᠰᠠᠶᠢᠵᠢᠷᠠᠭᠤᠯᠬᠤ ᠬᠦᠴᠦᠯᠡᠴᠡ ᠪᠠᠨ ᠴᠢᠩᠭᠠᠳᠨᠬᠠᠵᠤ ᠮᠠᠯ ᠤᠨ ᠪᠦᠲᠦᠴᠡ ᠳᠤ ᠲᠤᠬᠢᠷᠠᠭᠤᠯᠤᠯᠲᠠ ᠬᠢᠵᠤ ᠪᠤᠢ
ᠨᠡᠶᠢᠲᠡᠯᠡᠭᠰᠡᠨ ᠴᠠᠭ᠄
2016/8/23
      2016 ᠤᠨ ᠤ 3 ᠰᠠᠷ᠎ᠠ ᠠᠴᠠ ᠡᠬᠢᠯᠡᠨ᠂ ᠲᠠᠯᠠᠶᠢᠨᠠᠭᠤᠷ ᠪᠠᠯᠭᠠᠰᠤᠨ ᠤ ᠮᠠᠯ ᠡᠮᠨᠡᠯᠭᠡ ᠶᠢᠨ ᠦᠷᠲᠡᠭᠡ ᠨᠢ ᠪᠦᠬᠦ ᠪᠠᠯᠭᠠᠰᠤᠨ ᠤ ᠬᠡᠪᠴᠢᠶᠡᠨ ᠳᠤ ᠦᠬᠡᠷ ᠤᠨ ᠢᠴᠡᠭᠡᠯ ᠦᠷ᠎ᠡ ᠶᠢᠨ ᠬᠡᠭᠡᠯᠲᠦᠯᠭᠡ ᠶᠢᠨ ᠠᠵᠢᠯ ᠢ ᠡᠬᠢᠯᠡᠬᠦᠯᠦᠭᠰᠡᠨ ᠪᠠᠶᠢᠨ᠎ᠠ᠃ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠨᠢ ᠲᠤᠰ ᠠᠵᠢᠯ ᠢ ᠴᠢᠬᠤᠯᠠᠴᠢᠯᠠᠵᠤ᠂ ᠰᠢᠯᠢ  ᠶᠢᠨ ᠭᠤᠤᠯ ᠠᠶᠢᠮᠠᠭ ᠠᠴᠠ ᠴᠢᠨᠠᠷ ᠰᠠᠶᠢᠲᠠᠢ ᠬᠦᠯᠳᠡᠭᠦᠦ ᠦᠷ᠎ᠡ ᠤᠷᠤᠭᠤᠯᠵᠤ᠂ ᠮᠠᠯ ᠡᠮᠨᠡᠯᠭᠡ ᠶᠢᠨ ᠦᠷᠳᠡᠭᠡᠨ ᠤ ᠲᠤᠰᠬᠠᠢ ᠮᠡᠷᠬᠡᠵᠢᠯᠳᠠᠨ ᠢ ᠲᠤᠬᠢᠷᠠᠭᠤᠯᠤᠨ ᠭᠠᠴᠠᠭᠠᠨ ᠳᠤ ᠭᠦᠨᠵᠡᠭᠡᠶᠢᠷᠡᠵᠦ᠂ ᠦᠬᠡᠷ ᠤᠨ ᠬᠡᠭᠡᠯᠳᠦᠯᠭᠡ ᠬᠢᠵᠦ᠂ ᠮᠠᠯᠴᠢᠨ ᠲᠦᠮᠡᠨ ᠳᠤ ᠲᠦᠭᠦᠮ ᠦᠵᠡᠬᠦᠯᠦᠭᠰᠡᠨ ᠪᠠᠶᠢᠨ᠎ᠠ᠃ ᠪᠠᠯᠭᠠᠰᠤᠨ ᠤ ᠵᠠᠰᠠᠭ ᠤᠨ ᠤᠷᠳᠤᠨ ᠠᠴᠠ 2 ᠲᠦᠮᠡᠨ ᠲᠦᠭᠦᠷᠢᠭ ᠤᠨ ᠪᠡᠯᠡ ᠮᠦᠩᠬᠦ ᠭᠠᠷᠭᠠᠨ᠂ ᠡᠭᠦᠯᠳᠡᠷ ᠰᠠᠶᠢᠵᠢᠷᠠᠭᠤᠯᠬᠤ ᠠᠵᠢᠯ ᠤᠨ ᠤᠷᠤᠭᠰᠢᠲᠠᠢ ᠶᠠᠪᠤᠭᠳᠠᠬᠤ ᠳᠤ ᠪᠡᠯᠡ ᠮᠦᠩᠭᠦᠨ ᠤ ᠬᠦᠴᠢᠷᠳᠡᠯ ᠢ ᠰᠢᠢᠳᠪᠦᠷᠢᠯᠡᠵᠦ ᠦᠭᠬᠦᠭᠰᠡᠨ ᠪᠠᠶᠢᠨ᠎ᠠ᠃       ᠤᠳᠤᠬᠠᠨ ᠪᠤᠯᠲᠠᠯ᠎ᠠ᠂ ᠪᠦᠬᠦ ᠪᠠᠯᠭᠠᠰᠤᠨ ᠤ ᠬᠡᠪᠴᠢᠶᠡᠨ ᠳᠤ ᠨᠡᠶᠢᠲᠡ 10 ᠬᠦᠳᠡᠯᠦᠩᠭᠦᠢ ᠬᠡᠭᠡᠯᠳᠤᠯᠭᠡ  ᠶᠢᠨ ᠴᠢᠭ᠂ 1 ᠲᠤᠭᠲᠠᠮᠠᠯ ᠬᠡᠭᠡᠯᠳᠦᠯᠭᠡ ᠶᠢᠨ ᠴᠢᠭ ᠲᠠᠢ ᠪᠤᠯᠵᠤ᠂ ᠵᠠᠭᠤ ᠭᠠᠷᠤᠢ ᠦᠨᠢᠶᠠᠨ ᠳᠤ ᠦᠨ᠎ᠡ ᠲᠦᠯᠦᠪᠤᠷᠢ ᠦᠭᠡᠢ ᠪᠠᠷ ᠬᠡᠬᠡᠯᠳᠦᠯᠦᠬᠡ ᠬᠢᠵᠤ ᠦᠭᠬᠦᠭᠰᠡᠨ ᠪᠠᠶᠢᠨ᠎ᠠ᠃
 
ᠢᠷᠡᠯᠲᠡ᠄ ᠬᠡᠰᠢᠭᠳᠡᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号