ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠬᠠᠤᠯᠢ  ︵ᠲᠠᠪᠤ —  ᠨᠠᠢᠮᠠᠳᠣᠭᠠᠷ ᠪᠦᠯᠦᠭ︶
ᠨᠡᠶᠢᠲᠡᠯᠡᠭᠰᠡᠨ ᠴᠠᠭ᠄
2017/12/22
      ᠲᠠᠪᠤᠳᠤᠭᠠᠷ ᠪᠦᠯᠦᠭ ᠰᠣᠷᠭᠠᠨ ᠬᠦᠮᠦᠵᠢᠬᠦᠯᠬᠦ ᠪᠠ ᠵᠢᠭᠠᠨ ᠰᠣᠷᠭᠠᠬᠤ       ᠭᠤᠴᠢᠨ ᠳᠦᠷᠪᠡᠳᠦᠭᠡᠷ ᠵᠦᠢᠯ ᠰᠣᠷᠭᠠᠨ ᠬᠦᠮᠦᠵᠢᠬᠦᠯᠬᠦ ᠪᠠ ᠵᠢᠭᠠᠨ ᠰᠤᠷᠭᠠᠬᠤ ᠠᠵᠢᠯ ᠢ ᠰᠤᠷᠭᠠᠨ ᠬᠦᠮᠦᠵᠢᠯ ᠤᠨ ᠵᠢᠮ᠎ᠡ ᠶᠤᠰᠤ ᠪᠤᠯᠤᠨ ᠰᠤᠷᠤᠭᠴᠢᠳ ᠤᠨ ᠪᠡᠶ᠎ᠡ ᠰᠡᠳᠬᠢᠯ ᠤᠨ ᠪᠤᠶᠢᠵᠢᠯᠳᠠ ᠬᠦᠭᠵᠢᠯᠳᠡ ᠶᠢᠨ ᠤᠨᠴᠠᠯᠢᠭ ᠲᠠᠢ ᠨᠡᠶᠢᠴᠡᠬᠦᠯᠵᠦ᠂ ᠪᠦᠬᠦ ᠰᠤᠷᠤᠭᠴᠢᠳ ᠲᠤ ᠴᠢᠭᠯᠡᠬᠦᠯᠵᠦ᠂ ᠪᠢᠴᠢᠭ ᠵᠢᠭᠠᠵᠦ ᠬᠦᠮᠦᠨ ᠢ ᠬᠦᠮᠦᠵᠢᠬᠦᠯᠵᠦ᠂ ᠶᠤᠰᠤ ᠮᠤᠷᠠᠯ ᠤᠨ ᠬᠦᠮᠦᠵᠢᠯ᠂ ᠤᠶᠤᠨ ᠤᠬᠠᠭᠠᠨ ᠤ ᠬᠦᠮᠦᠵᠢᠯ᠂ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠦᠮᠦᠵᠢᠯ ᠵᠡᠷᠭᠡ ᠶᠢ ᠰᠤᠷᠭᠠᠨ ᠬᠦᠮᠦᠵᠢᠬᠦᠯᠬᠦ ᠪᠠ ᠵᠢᠭᠠᠨ ᠰᠤᠷᠭᠠᠬᠤ ᠠᠵᠢᠯᠯᠠᠭ᠎ᠠ ᠶᠢᠨ ᠲᠤᠮᠳᠠ ᠤᠷᠭᠠᠨᠢᠭ ᠢᠶᠠᠷ ᠨᠢᠭᠡᠳᠭᠡᠵᠦ᠂ ᠰᠤᠷᠤᠭᠴᠢᠳ ᠤᠨ ᠪᠡᠶ᠎ᠡ ᠪᠠᠨ ᠲᠠᠭᠠᠭᠠᠵᠦ ᠰᠢᠳᠬᠢᠬᠦ ᠴᠢᠳᠠᠪᠤᠷᠢ᠂ ᠰᠢᠨ᠎ᠡ ᠶᠢ ᠡᠬᠦᠳᠬᠦ ᠴᠢᠳᠠᠪᠤᠷᠢ ᠪᠠ ᠦᠢᠯᠡᠳᠦᠯᠭᠡ ᠬᠢᠬᠦ ᠴᠢᠳᠠᠪᠤᠷᠢ ᠶᠢ ᠴᠢᠬᠤᠯᠠᠴᠢᠯᠠᠨ ᠬᠦᠮᠦᠵᠢᠬᠦᠯᠵᠦ᠂ ᠰᠤᠷᠤᠭᠴᠢᠳ ᠤᠨ ᠪᠦᠬᠦ ᠲᠠᠯ᠎ᠠ ᠶᠢᠨ ᠬᠦᠭᠵᠢᠯᠳᠡ ᠶᠢ ᠠᠬᠢᠭᠤᠯᠬᠤ ᠬᠡᠷᠡᠭᠲᠠᠢ᠃       ᠭᠤᠴᠢᠨ ᠲᠠᠪᠤᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠰᠣᠷᠭᠠᠭᠤᠯᠢ ᠳᠤ ᠤᠷᠤᠬᠤ ᠨᠠᠰᠤᠨ ᠤ ᠭᠡᠣᠭᠡᠳ᠂ ᠪᠠᠭᠠᠴᠤᠳ ᠤᠨ ᠪᠡᠶ᠎ᠡ ᠰᠡᠳᠬᠢᠯ ᠤᠨ ᠪᠤᠶᠢᠵᠢᠯᠳᠠ ᠬᠦᠭᠵᠢᠯᠳᠡ ᠶᠢᠨ ᠪᠠᠶᠢᠳᠠᠯ ᠪᠠ ᠪᠤᠳᠠᠲᠠᠢ ᠪᠠᠶᠢᠳᠠᠯ ᠢ ᠦᠨᠳᠦᠰᠦᠯᠡᠵᠦ᠂ ᠵᠢᠭᠠᠨ ᠰᠣᠷᠭᠠᠬᠤ ᠲᠦᠷᠢᠮ᠂ ᠰᠤᠷᠭᠠᠨ ᠬᠦᠮᠦᠵᠢᠬᠦᠯᠬᠦ ᠪᠠ ᠵᠢᠭᠠᠨ ᠰᠤᠷᠭᠠᠬᠤ ᠠᠭᠤᠯᠭ᠎ᠠ ᠪᠤᠯᠤᠨ ᠬᠢᠴᠢᠶᠡᠯ ᠤᠨ ᠪᠠᠶᠢᠷᠢᠯᠠᠭᠤᠯᠤᠯᠳᠠ ᠶᠢ ᠲᠤᠭᠳᠠᠭᠠᠵᠦ᠂ ᠰᠢᠯᠭᠠᠯᠳᠠ ᠶᠢᠨ ᠲᠦᠷᠢᠮ ᠢ ᠦᠭᠡᠷᠡᠴᠢᠯᠡᠬᠦ ᠶᠢᠨ ᠬᠠᠮᠳᠦ ᠦᠨᠳᠦᠷ ᠵᠡᠷᠭᠡ ᠶᠢᠨ ᠲᠤᠮᠳᠠᠳᠦ ᠰᠤᠷᠭᠠᠭᠤᠯᠢ ᠶᠢᠨ ᠰᠤᠷᠤᠭᠴᠢ ᠡᠯᠰᠡᠬᠦ ᠠᠷᠭ᠎ᠠ ᠶᠢ ᠰᠠᠶᠢᠵᠢᠷᠠᠭᠤᠯᠵᠦ᠂ ᠭᠡᠪ ᠴᠢᠨᠠᠷ ᠤᠨ ᠰᠤᠷᠭᠠᠨ ᠬᠦᠮᠦᠵᠢᠯ ᠢ ᠬᠡᠷᠡᠭᠵᠢᠬᠦᠯᠬᠦ ᠶᠢ ᠲᠦᠯᠬᠢᠨ ᠠᠬᠢᠭᠤᠯᠤᠨ᠎ᠠ᠃ ᠰᠣᠷᠭᠠᠭᠤᠯᠢ ᠪᠤᠯᠤᠨ ᠪᠠᠭᠰᠢ ᠨᠠᠷ ᠲᠤᠭᠳᠠᠭᠠᠭᠰᠠᠨ ᠰᠣᠷᠭᠠᠨ ᠬᠦᠮᠦᠵᠢᠬᠦᠯᠬᠦ ᠪᠠ ᠵᠢᠭᠠᠨ ᠰᠤᠷᠭᠠᠬᠤ ᠠᠭᠤᠯᠭ᠎ᠠ ᠪᠤᠯᠤᠨ ᠬᠢᠴᠢᠶᠡᠯ ᠤᠨ ᠪᠠᠶᠢᠷᠢᠯᠠᠭᠤᠯᠤᠯᠳᠠ ᠶᠤᠰᠤᠭᠠᠷ ᠰᠤᠷᠭᠠᠨ ᠬᠦᠮᠦᠵᠢᠬᠦᠯᠬᠦ ᠪᠠ ᠵᠢᠭᠠᠨ ᠰᠤᠷᠭᠠᠬᠤ ᠠᠵᠢᠯ ᠢᠶᠠᠨ ᠦᠷᠨᠢᠬᠦᠯᠵᠦ᠂ ᠤᠯᠤᠰ ᠤᠨ ᠲᠤᠭᠳᠠᠭᠠᠭᠰᠠᠨ ᠦᠨᠳᠦᠰᠦᠨ ᠶᠠᠰᠤ ᠴᠢᠨᠠᠷ ᠤᠨ ᠱᠠᠭᠠᠷᠳᠠᠯᠭ᠎ᠠ ᠳᠤ ᠬᠦᠷᠭᠡᠬᠦ ᠶᠢ ᠪᠠᠳᠤᠯᠠᠨ᠎ᠠ᠃ ᠰᠣᠷᠭᠠᠭᠤᠯᠢ ᠪᠤᠯᠤᠨ ᠪᠠᠭᠰᠢ ᠨᠠᠷ ᠤᠨ ᠰᠡᠩᠭᠡᠷᠡᠬᠦᠯᠬᠦ ᠮᠠᠶ᠋ᠢᠭ ᠤᠨ ᠰᠤᠷᠭᠠᠨ ᠬᠦᠮᠦᠵᠢᠯ ᠵᠡᠷᠭᠡ ᠰᠤᠷᠭᠠᠨ ᠬᠦᠮᠦᠵᠢᠬᠦᠯᠬᠦ ᠪᠠ ᠵᠢᠭᠠᠨ ᠰᠤᠷᠭᠠᠬᠤ ᠠᠷᠭ᠎ᠠ ᠪᠠᠷ ᠰᠤᠷᠭᠠᠨ ᠬᠦᠮᠦᠵᠢᠬᠦᠯᠬᠦ ᠪᠠ ᠵᠢᠭᠠᠨ ᠰᠤᠷᠭᠠᠬᠤ ᠶᠠᠰᠤ ᠴᠢᠨᠠᠷ ᠢᠶᠠᠨ ᠲᠡᠭᠡᠭᠰᠢᠯᠡᠬᠦᠯᠬᠦ ᠶᠢ ᠤᠯᠤᠰ ᠠᠴᠠ ᠵᠣᠷᠢᠭᠵᠢᠭᠤᠯᠣᠨ᠎ᠠ᠃       ᠭᠤᠴᠢᠨ ᠵᠢᠷᠭᠤᠳᠤᠭᠠᠷ ᠵᠦᠢᠯ ᠰᠤᠷᠭᠠᠭᠤᠯᠢ ᠠᠴᠠ ᠶᠤᠰᠤ ᠮᠤᠷᠠᠯ ᠤᠨ ᠬᠦᠮᠦᠵᠢᠯ ᠢ ᠲᠡᠷᠢᠬᠦᠨ ᠪᠠᠶᠢᠷᠢᠨ ᠳᠤ ᠲᠠᠯᠪᠢᠵᠦ᠂ ᠶᠤᠰᠤ ᠮᠤᠷᠠᠯ ᠤᠨ ᠬᠦᠮᠦᠵᠢᠯ ᠢ ᠰᠤᠷᠭᠠᠨ ᠬᠦᠮᠦᠵᠢᠬᠦᠯᠬᠦ ᠪᠠ ᠵᠢᠭᠠᠨ ᠰᠤᠷᠭᠠᠬᠤ ᠠᠵᠢᠯ ᠳᠤ ᠠᠭᠤᠯᠵᠦ᠂ ᠰᠤᠷᠤᠭᠴᠢᠳ ᠤᠨ ᠨᠠᠰᠤ ᠵᠢᠯ ᠲᠠᠢ ᠲᠤᠬᠢᠷᠠᠭᠰᠠᠨ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠶᠢ ᠦᠷᠨᠢᠬᠦᠯᠵᠦ᠂ ᠰᠤᠷᠭᠠᠭᠤᠯᠢ᠂ ᠭᠡᠷ ᠪᠦᠯᠢ᠂ ᠨᠡᠶᠢᠭᠡᠮ ᠢᠶᠠᠷ ᠢᠶᠠᠨ ᠬᠠᠷᠢᠯᠴᠠᠨ ᠬᠠᠮᠵᠢᠯᠴᠠᠭᠰᠠᠨ ᠦᠵᠡᠯ ᠰᠠᠨᠠᠭ᠎ᠠ ᠶᠤᠰᠤ ᠮᠤᠷᠠᠯ ᠤᠨ ᠰᠣᠷᠭᠠᠨ ᠬᠦᠮᠦᠵᠢᠯ ᠤᠨ ᠰᠢᠰᠲ᠋ᠧᠮ ᠢ ᠪᠦᠷᠢᠯᠳᠦᠬᠦᠯᠵᠦ᠂ ᠰᠤᠷᠤᠭᠴᠢᠳ ᠤᠨ ᠰᠠᠶᠢᠨ ᠰᠠᠶᠢᠬᠠᠨ ᠦᠵᠡᠯ ᠰᠠᠨᠠᠭ᠎ᠠ ᠶᠤᠰᠤ ᠮᠤᠷᠠᠯ ᠪᠠ ᠦᠢᠯᠡ ᠠᠵᠢᠯᠯᠠᠭ᠎ᠠ ᠶᠢᠨ ᠵᠠᠩ ᠲᠠᠳᠬᠠᠯ ᠲᠠᠢ ᠪᠤᠯᠬᠤ ᠶᠢ ᠠᠬᠢᠭᠤᠯᠬᠤ ᠬᠡᠷᠡᠭᠲᠠᠢ᠃       ᠭᠤᠴᠢᠨ ᠲᠤᠯᠤᠳᠤᠭᠠᠷ ᠵᠦᠢᠯ ᠰᠣᠷᠭᠠᠭᠤᠯᠢ ᠠᠴᠠ ᠰᠤᠷᠤᠭᠴᠢᠳ ᠤᠨ ᠬᠢᠴᠢᠶᠠᠯ ᠤᠨ ᠭᠠᠳᠠᠭᠤᠷᠬᠢ ᠬᠦᠳᠡᠯᠭᠡᠭᠡᠨ ᠤ ᠴᠠᠭ ᠢ ᠪᠠᠳᠤᠯᠠᠵᠦ᠂ ᠰᠤᠶᠤᠯ ᠴᠠᠩᠭᠡᠯ ᠵᠡᠷᠭᠡ ᠬᠢᠴᠢᠶᠠᠯ ᠤᠨ ᠭᠠᠳᠠᠭᠤᠷᠬᠢ ᠬᠦᠳᠡᠯᠭᠡᠭᠡᠨ ᠢ ᠵᠤᠬᠢᠶᠠᠨ ᠪᠠᠶᠢᠭᠤᠯᠤᠨ ᠦᠷᠨᠢᠬᠦᠯᠬᠦ ᠬᠡᠷᠡᠭᠲᠠᠢ᠃ ᠨᠡᠶᠢᠭᠡᠮ ᠤᠨ ᠤᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠬᠦᠭᠡᠷᠦᠮᠵᠢ ᠨᠢ ᠰᠤᠷᠭᠠᠭᠤᠯᠢ ᠶᠢᠨ ᠬᠢᠴᠢᠶᠠᠯ ᠤᠨ ᠭᠠᠳᠠᠭᠤᠷᠬᠢ ᠬᠦᠳᠡᠯᠭᠡᠭᠡᠨ ᠢ ᠦᠷᠨᠢᠬᠦᠯᠬᠦ ᠳᠤ ᠲᠦᠬᠦᠮ ᠦᠵᠡᠬᠦᠯᠬᠦ ᠬᠡᠷᠡᠭᠲᠠᠢ᠃       ᠭᠤᠴᠢᠨ ᠨᠠᠢᠮᠠᠳᠤᠭᠠᠷ ᠵᠦᠢᠯ ᠰᠣᠷᠬᠤ ᠪᠢᠴᠢᠭ ᠢ ᠤᠯᠤᠰ ᠤᠨ ᠰᠤᠷᠭᠠᠨ ᠬᠦᠮᠦᠵᠢᠯ ᠤᠨ ᠴᠢᠭᠯᠡᠯᠳᠡ ᠪᠠ ᠬᠢᠴᠢᠶᠡᠯ ᠤᠨ ᠪᠠᠷᠢᠮᠵᠢᠶ᠎ᠡ ᠶᠢ ᠦᠨᠳᠦᠰᠦᠯᠡᠵᠦ ᠨᠠᠶᠢᠷᠠᠭᠤᠯᠤᠨ ᠪᠢᠴᠢᠵᠦ᠂ ᠠᠭᠤᠯᠭ᠎ᠠ ᠶᠢ ᠨᠢ ᠠᠯᠢ ᠪᠤᠯᠬᠤ ᠪᠠᠷ ᠨᠠᠷᠢᠯᠢᠭ᠌ ᠠᠪᠰᠠᠷᠬᠠᠨ ᠪᠠᠶᠢᠯᠭᠠᠵᠦ᠂ ᠵᠠᠪᠠᠯ ᠱᠠᠭᠠᠷᠳᠠᠭᠳᠠᠬᠤ ᠰᠠᠭᠤᠷᠢ ᠮᠡᠳᠡᠯᠭᠡ᠂ ᠦᠨᠳᠦᠰᠦᠨ ᠤᠷ᠎ᠡ ᠴᠢᠳᠠᠪᠤᠷᠢ ᠶᠢ ᠰᠢᠯᠢᠨ ᠰᠤᠩᠭᠤᠵᠦ᠂ ᠬᠢᠮᠳᠠᠬᠠᠨ ᠪᠦᠭᠡᠳ ᠪᠤᠳᠠᠳᠦ ᠬᠡᠷᠡᠭᠴᠡᠭᠡ ᠲᠠᠢ ᠪᠠᠶᠢᠯᠭᠠᠵᠦ᠂ ᠶᠠᠰᠤ ᠴᠢᠨᠠᠷ ᠢ ᠪᠠᠳᠤᠯᠠᠨ᠎ᠠ᠃ ᠲᠦᠷᠦ ᠶᠢᠨ ᠪᠠᠶᠢᠭᠤᠯᠭ᠎ᠠ ᠶᠢᠨ ᠠᠵᠢᠯᠳᠠᠨ ᠪᠤᠯᠤᠨ ᠬᠢᠴᠢᠶᠠᠯ ᠤᠨ ᠪᠢᠴᠢᠭ ᠢ ᠬᠢᠨᠠᠨ ᠪᠠᠶᠢᠴᠠᠭᠠᠬᠤ ᠬᠦᠮᠦᠰ ᠬᠢᠴᠢᠶᠠᠯ ᠤᠨ ᠪᠢᠴᠢᠭ ᠢ ᠨᠠᠶᠢᠷᠠᠭᠤᠯᠤᠨ ᠪᠢᠴᠢᠬᠦ ᠠᠵᠢᠯ ᠳᠤ ᠤᠷᠤᠯᠴᠠᠬᠤ ᠪᠤᠶᠤ ᠬᠡᠯᠪᠡᠷᠢ ᠶᠢ ᠨᠢ ᠦᠭᠡᠷᠡᠳᠦᠬᠦᠯᠦᠨ ᠤᠷᠤᠯᠴᠠᠵᠦ ᠪᠤᠯᠬᠤ ᠦᠭᠡᠢ᠃       ᠭᠤᠴᠢ ᠶᠢᠰᠦᠳᠦᠭᠡᠷ ᠵᠦᠢᠯ ᠤᠯᠤᠰ ᠠᠴᠠ ᠬᠢᠴᠢᠶᠠᠯ ᠤᠨ ᠪᠢᠴᠢᠭ ᠢ ᠬᠢᠨᠠᠨ ᠲᠤᠭᠳᠠᠭᠠᠬᠤ ᠲᠦᠷᠢᠮ ᠢ ᠬᠡᠷᠡᠭᠵᠢᠬᠦᠯᠦᠨ᠎ᠡ᠃ ᠬᠢᠴᠢᠶᠠᠯ ᠤᠨ ᠪᠢᠴᠢᠭ ᠢ ᠬᠢᠨᠠᠨ ᠲᠤᠭᠳᠠᠭᠠᠬᠤ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠲᠤᠭᠳᠠᠭᠠᠨ᠎ᠠ᠃ ᠬᠢᠨᠠᠨ ᠲᠤᠭᠳᠠᠭᠠᠭᠰᠠᠨ ᠦᠭᠡᠢ ᠬᠢᠴᠢᠶᠠᠯ ᠤᠨ ᠪᠢᠴᠢᠭ ᠢ ᠬᠡᠪᠯᠡᠬᠦ ᠪᠤᠶᠤ ᠰᠤᠩᠭᠤᠨ ᠬᠡᠷᠡᠭᠯᠡᠵᠦ ᠪᠤᠯᠬᠤ ᠦᠭᠡᠢ᠃       ᠳᠦᠴᠢᠳᠦᠭᠡᠷ ᠵᠦᠢᠯ ᠬᠢᠴᠢᠶᠠᠯ ᠤᠨ ᠪᠢᠴᠢᠭ ᠲᠤ ᠲᠦᠷᠦ ᠶᠢᠨ ᠶᠠᠪᠤᠳᠠᠯ ᠤᠨ ᠬᠤᠷᠢᠶᠠᠨ ᠤ ᠦᠨ᠎ᠡ ᠬᠠᠩᠰᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠬᠡᠪᠯᠡᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠠᠢ ᠬᠠᠮᠳᠤᠷᠠᠨ ᠵᠢᠭᠠᠬᠠᠨ ᠠᠰᠢᠭ ᠬᠤᠨᠵᠢᠪᠤᠷᠢ ᠲᠠᠢ ᠪᠠᠶᠢᠯᠭᠠᠬᠤ ᠵᠠᠷᠴᠢᠮ ᠢᠶᠠᠷ ᠰᠠᠭᠤᠷᠢ ᠪᠠᠷᠢᠮᠵᠢᠶᠠᠳᠦ ᠦᠨ᠎ᠡ ᠲᠤᠭᠳᠠᠭᠠᠨ᠎ᠠ᠃ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠦᠨ᠎ᠡ ᠬᠠᠩᠰᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠬᠡᠪᠯᠡᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠠᠢ ᠬᠠᠮᠳᠤᠷᠠᠨ ᠰᠠᠭᠤᠷᠢ ᠪᠠᠷᠢᠮᠵᠢᠶᠠᠳᠦ ᠦᠨ᠎ᠡ ᠶᠢ ᠦᠨᠳᠦᠰᠦᠯᠡᠵᠦ ᠵᠢᠵᠢᠭᠯᠡᠨ ᠬᠤᠳᠠᠯᠳᠤᠬᠤ ᠦᠨ᠎ᠡ ᠶᠢ ᠲᠤᠭᠳᠠᠭᠠᠨ᠎ᠠ᠃       ᠲᠦᠴᠢᠨ ᠨᠢᠭᠡᠳᠦᠭᠡᠷ ᠵᠦᠢᠯ ᠬᠢᠴᠢᠶᠠᠯ ᠤᠨ ᠪᠢᠴᠢᠭ ᠢ ᠡᠬᠡᠯᠵᠢᠯᠡᠨ ᠬᠡᠷᠡᠭᠯᠡᠬᠦ ᠶᠢ ᠤᠯᠤᠰ ᠠᠴᠠ  ᠵᠤᠷᠢᠭᠵᠢᠭᠤᠯᠤᠨ᠎ᠠ᠃       ᠵᠢᠷᠭᠤᠳᠤᠭᠠᠷ ᠪᠦᠯᠦᠭ ᠵᠠᠷᠤᠳᠠᠯ ᠤᠨ ᠪᠠᠳᠤᠯᠠᠭ᠎ᠠ       ᠲᠦᠴᠢᠨ ᠬᠤᠶᠠᠳᠤᠭᠠᠷ ᠵᠦᠢᠯ ᠤᠯᠤᠰ ᠠᠴᠠ ᠠᠯᠪᠠᠨ ᠵᠢᠷᠦᠮ ᠤᠨ ᠰᠤᠷᠭᠠᠨ ᠬᠦᠮᠦᠵᠢᠯ ᠢ ᠡᠳ᠋ ᠤᠨ ᠵᠠᠰᠠᠭ ᠤᠨ ᠪᠠᠳᠤᠯᠠᠬᠤ ᠬᠡᠪᠴᠢᠶᠠᠨ ᠳᠤ ᠪᠦᠬᠦ ᠲᠠᠯ᠎ᠠ ᠪᠠᠷ ᠤᠷᠤᠭᠤᠯᠤᠨ᠎ᠠ᠂ ᠠᠯᠪᠠᠨ ᠵᠢᠷᠦᠮ ᠤᠨ ᠰᠣᠷᠭᠠᠨ ᠬᠦᠮᠦᠵᠢᠯ ᠤᠨ ᠵᠠᠷᠤᠳᠠᠯ ᠢ ᠲᠦᠷᠦ ᠶᠢᠨ ᠶᠠᠪᠤᠳᠠᠯ ᠤᠨ ᠬᠤᠷᠢᠶ᠎ᠡ ᠪᠤᠯᠤᠨ ᠤᠷᠤᠨ ᠨᠤᠳᠤᠭ ᠤᠨ ᠡᠯ᠎ᠡ ᠱᠠᠳᠣᠨ ᠤ ᠠᠷᠠᠳ ᠤᠨ ᠵᠠᠰᠠᠭ ᠤᠨ ᠤᠷᠳᠤᠨ ᠠᠴᠠ ᠲᠤᠰ ᠬᠠᠤᠯᠢ ᠶᠢᠨ ᠲᠤᠭᠳᠠᠭᠠᠯ ᠶᠤᠰᠤᠭᠠᠷ ᠪᠠᠳᠤᠯᠠᠨ᠎ᠠ᠃ ᠲᠦᠷᠦ ᠶᠢᠨ ᠶᠠᠪᠤᠳᠠᠯ ᠤᠨ ᠬᠤᠷᠢᠶ᠎ᠠ ᠪᠤᠯᠤᠨ ᠤᠷᠤᠨ ᠨᠤᠳᠤᠭ ᠤᠨ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠠᠴᠠ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠵᠠᠷᠤᠳᠠᠯ ᠢ ᠡᠳ᠋ ᠤᠨ ᠵᠠᠰᠠᠭ ᠤᠨ ᠲᠦᠰᠦᠪ ᠲᠡᠭᠡᠨ ᠤᠷᠤᠭᠤᠯᠵᠦ᠂ ᠪᠠᠭᠰᠢ ᠠᠵᠢᠯᠳᠠᠳ ᠤᠨ ᠤᠷᠤᠨ ᠲᠤᠭᠠᠨ ᠤ ᠪᠡᠷᠢᠮᠵᠢᠶ᠎ᠡ᠂ ᠴᠠᠯᠢᠩ ᠤᠨ ᠪᠠᠷᠢᠮᠵᠢᠶ᠎ᠡ ᠪᠤᠯᠤᠨ ᠰᠤᠷᠭᠠᠭᠤᠯᠢ ᠶᠢᠨ ᠪᠦᠳᠦᠭᠡᠨ ᠪᠠᠶᠢᠭᠤᠯᠤᠯᠳᠠ ᠶᠢᠨ ᠪᠠᠷᠢᠮᠵᠢᠶ᠎ᠡ᠂ ᠰᠤᠷᠤᠭᠴᠢᠳ ᠤᠨ ᠲᠡᠭᠰᠢᠳᠭᠡᠭᠰᠡᠨ ᠨᠡᠶᠢᠳᠡ ᠶᠢᠨ ᠬᠡᠷᠡᠭᠯᠡᠭᠡᠨ ᠤ ᠵᠠᠷᠤᠳᠠᠯ ᠤᠨ ᠪᠠᠷᠢᠮᠵᠢᠶ᠎ᠡ ᠵᠡᠷᠭᠡ ᠶᠢ ᠦᠨᠳᠦᠰᠦᠯᠡᠵᠦ᠂ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠵᠠᠷᠤᠳᠠᠯ ᠢ ᠴᠠᠭ ᠲᠤᠬᠠᠢ ᠳᠤᠨᠢ ᠲᠤᠭ᠎ᠠ ᠶᠤᠰᠤᠭᠠᠷ ᠰᠢᠯᠵᠢᠬᠦᠯᠦᠨ ᠦᠭᠴᠦ᠂ ᠰᠤᠷᠭᠠᠭᠤᠯᠢ ᠶᠢᠨ ᠭᠡᠪ ᠤᠨ ᠠᠵᠢᠯᠯᠠᠭ᠎ᠠ ᠪᠠ ᠰᠤᠷᠭᠠᠭᠤᠯᠢ ᠶᠢᠨ ᠪᠠᠶᠢᠷᠢ ᠶᠢᠨ ᠠᠶᠤᠯᠬᠦᠢ ᠪᠠᠶᠢᠬᠤ ᠶᠢ ᠪᠠᠳᠤᠯᠠᠵᠦ᠂ ᠪᠠᠭᠰᠢ ᠠᠵᠢᠯᠳᠠᠳ ᠤᠨ ᠴᠠᠯᠢᠩ ᠢ ᠲᠤᠭᠳᠠᠭᠠᠯ ᠶᠤᠰᠤᠭᠠᠷ ᠦᠭᠬᠦ ᠶᠢ ᠦᠨᠡᠨ ᠬᠦ ᠪᠠᠳᠤᠯᠠᠨ᠎ᠠ᠃ ᠲᠦᠷᠦ ᠶᠢᠨ ᠶᠠᠪᠤᠳᠠᠯ ᠤᠨ ᠬᠤᠷᠢᠶ᠎ᠡ ᠪᠤᠯᠤᠨ ᠤᠷᠤᠨ ᠨᠤᠳᠤᠭ ᠤᠨ ᠡᠯ᠎ᠡ ᠱᠠᠳᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠵᠢᠷᠦᠮ ᠤᠨ ᠰᠤᠷᠭᠠᠨ ᠬᠦᠮᠦᠵᠢᠯ ᠢ ᠬᠡᠷᠡᠭᠵᠢᠬᠦᠯᠬᠦ ᠶᠢ ᠬᠡᠷᠡᠭᠰᠡᠬᠦ ᠡᠳ᠋ ᠤᠨ ᠵᠠᠰᠠᠭ ᠠᠴᠠ ᠰᠢᠯᠵᠢᠬᠦᠯᠦᠨ ᠦᠭᠬᠦ ᠵᠤᠭᠤᠰ ᠤᠨ ᠨᠡᠮᠡᠭᠳᠡᠯ ᠤᠨ ᠬᠠᠷᠢᠴᠠᠯ ᠢ ᠡᠳ᠋ ᠤᠨ ᠵᠠᠰᠠᠭ ᠤᠨ ᠪᠠᠶᠢᠩᠭᠤ ᠶᠢᠨ ᠴᠢᠨᠠᠷᠲᠠᠢ ᠤᠷᠤᠯᠭ᠎ᠠ ᠶᠢᠨ ᠨᠡᠮᠡᠭᠳᠡᠯ ᠤᠨ ᠬᠠᠷᠢᠴᠠᠯ ᠠᠴᠠ ᠦᠨᠳᠦᠷ ᠪᠠᠶᠢᠯᠭᠠᠵᠦ᠂ ᠰᠤᠷᠭᠠᠭᠤᠯᠢ ᠳᠤ ᠪᠠᠶᠢᠭ᠎ᠠ ᠰᠤᠷᠤᠭᠴᠢᠳ ᠤᠨ ᠲᠤᠭ᠎ᠠ ᠪᠠᠷ ᠲᠡᠭᠰᠢᠳᠭᠡᠭᠰᠡᠨ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠵᠠᠷᠤᠳᠠᠯ ᠢ ᠠᠯᠬᠤᠮ ᠠᠯᠬᠤᠮ ᠢᠶᠠᠷ ᠨᠡᠮᠡᠭᠳᠡᠬᠦᠯᠬᠦ ᠶᠢ ᠪᠠᠳᠤᠯᠠᠵᠦ᠂ ᠪᠠᠭᠰᠢ ᠠᠵᠢᠯᠳᠠᠳ ᠤᠨ ᠴᠠᠯᠢᠩ ᠪᠠ ᠰᠤᠷᠤᠭᠴᠢᠳ ᠲᠤ ᠲᠡᠭᠰᠢᠳᠭᠡᠭᠰᠡᠨ ᠨᠡᠶᠢᠳᠡ ᠶᠢᠨ ᠬᠡᠷᠡᠭᠯᠡᠭᠡᠨ ᠤ ᠵᠠᠷᠤᠳᠠᠯ ᠢ ᠠᠯᠬᠤᠮ ᠠᠯᠬᠤᠮ ᠢᠶᠠᠷ ᠨᠡᠮᠡᠭᠳᠡᠬᠦᠯᠬᠦ ᠶᠢ ᠪᠠᠳᠤᠯᠠᠬᠤ ᠬᠡᠷᠡᠭᠲᠠᠢ᠃       ᠲᠦᠴᠢᠨ ᠭᠤᠷᠪᠠᠳᠤᠭᠠᠷ ᠵᠦᠢᠯ ᠰᠤᠷᠭᠠᠭᠤᠯᠢ ᠶᠢᠨ ᠰᠤᠷᠤᠭᠴᠢᠳ ᠲᠤ ᠲᠡᠭᠰᠢᠳᠭᠡᠭᠰᠡᠨ ᠨᠡᠶᠢᠳᠡ ᠶᠢᠨ ᠬᠡᠷᠡᠭᠯᠡᠭᠡᠨ ᠤ ᠵᠠᠷᠤᠳᠠᠯ ᠤᠨ ᠦᠨᠳᠦᠰᠦᠨ ᠪᠠᠷᠢᠮᠵᠢᠶ᠎ᠡ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠠᠢ ᠬᠠᠮᠳᠤᠷᠠᠨ ᠲᠤᠭᠳᠠᠭᠠᠬᠤ ᠪᠦᠭᠡᠳ ᠠᠵᠦ ᠠᠬᠤᠢ ᠪᠠ ᠨᠡᠶᠢᠭᠡᠮ ᠤᠨ ᠬᠦᠭᠵᠢᠯᠳᠡ ᠶᠢᠨ ᠪᠠᠶᠢᠳᠠᠯ ᠢ ᠦᠨᠳᠦᠰᠦᠯᠡᠵᠦ ᠴᠠᠭ ᠲᠤᠬᠠᠢ ᠳᠤᠨᠢ ᠲᠡᠬᠦᠨ ᠳᠤ ᠲᠤᠬᠢᠷᠠᠭᠤᠯᠤᠯᠳᠠ ᠬᠢᠨ᠎ᠡ᠃ ᠰᠤᠷᠤᠭᠴᠢᠳ ᠲᠤ ᠲᠡᠭᠰᠢᠳᠭᠡᠭᠰᠡᠨ ᠨᠡᠶᠢᠳᠡ ᠶᠢᠨ ᠬᠡᠷᠡᠭᠯᠡᠭᠡᠨ ᠤ ᠵᠠᠷᠤᠳᠠᠯ ᠤᠨ ᠦᠨᠳᠦᠰᠦᠨ ᠪᠠᠷᠢᠮᠵᠢᠶ᠎ᠡ ᠶᠢ ᠲᠤᠭᠳᠠᠭᠠᠨ ᠲᠤᠬᠢᠷᠠᠭᠤᠯᠬᠤ ᠳᠠᠭᠠᠨ ᠰᠤᠷᠭᠠᠨ ᠬᠦᠮᠦᠵᠢᠬᠦᠯᠬᠦ ᠪᠠ ᠵᠢᠭᠠᠨ ᠰᠤᠷᠭᠠᠬᠤ ᠦᠨᠳᠦᠰᠦᠨ ᠬᠡᠷᠡᠭᠴᠡᠭᠡ ᠶᠢ ᠬᠠᠩᠭᠠᠬᠤ ᠬᠡᠷᠡᠭᠲᠠᠢ᠃ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠠᠴᠠ ᠲᠤᠰ ᠵᠠᠰᠠᠭ ᠵᠠᠬᠢᠷᠭᠠᠨ ᠤ ᠤᠷᠤᠨ ᠳᠠᠬᠢ ᠪᠤᠳᠠᠳᠦ ᠪᠠᠶᠢᠳᠠᠯ ᠢᠶᠠᠨ ᠦᠨᠳᠦᠰᠦᠯᠡᠵᠦ᠂ ᠤᠯᠤᠰ ᠤᠨ ᠪᠠᠷᠢᠮᠵᠢᠶ᠎ᠡ ᠠᠴᠠ ᠲᠤᠤᠷ᠎ᠡ ᠦᠭᠡᠢ ᠪᠠᠶᠢᠬᠤ ᠰᠤᠷᠭᠠᠭᠤᠯᠢ ᠶᠢᠨ ᠰᠤᠷᠤᠭᠴᠢᠳ ᠲᠤ ᠲᠡᠭᠰᠢᠳᠭᠡᠭᠰᠡᠨ ᠨᠠᠶᠢᠳᠡ ᠶᠢᠨ ᠬᠡᠷᠡᠭᠯᠡᠭᠡᠨ ᠤ ᠵᠠᠷᠤᠳᠠᠯ ᠤᠨ ᠪᠠᠷᠢᠮᠵᠢᠶ᠎ᠡ ᠶᠢ ᠲᠤᠭᠳᠠᠭᠠᠵᠦ ᠪᠤᠯᠤᠨ᠎ᠠ᠃ ᠤᠨᠴᠠᠭᠠᠢ ᠰᠤᠷᠭᠠᠨ ᠬᠦᠮᠦᠵᠢᠯ ᠤᠨ ᠰᠤᠷᠭᠠᠭᠤᠯᠢ ︵ᠠᠩᠬᠢ︶᠎ ᠶᠢᠨ ᠰᠤᠷᠤᠭᠴᠢᠳ ᠲᠤ ᠲᠡᠭᠰᠢᠳᠭᠡᠭᠰᠡᠨ ᠨᠡᠶᠢᠳᠡ ᠶᠢᠨ ᠬᠡᠷᠡᠭᠯᠡᠭᠡᠨ ᠤ ᠵᠠᠷᠤᠳᠠᠯ ᠤᠨ ᠪᠠᠷᠢᠮᠵᠢᠶ᠎ᠡ ᠶᠢ ᠡᠩ ᠤᠨ ᠰᠤᠷᠭᠠᠭᠤᠯᠢ ᠶᠢᠨ ᠰᠤᠷᠤᠭᠴᠢᠳ ᠲᠤ ᠲᠡᠭᠰᠢᠳᠭᠡᠭᠰᠡᠨ ᠨᠡᠶᠢᠳᠡ ᠶᠢᠨ ᠬᠡᠷᠡᠭᠯᠡᠭᠡᠨ ᠤ ᠵᠠᠷᠤᠳᠠᠯ ᠤᠨ ᠪᠠᠷᠢᠮᠵᠢᠶ᠎ᠡ ᠠᠴᠠ ᠦᠨᠳᠦᠷ ᠪᠠᠶᠢᠯᠭᠠᠬᠤ ᠬᠡᠷᠡᠭᠲᠠᠢ᠃       ᠲᠦᠴᠢᠨ ᠲᠦᠷᠪᠡᠳᠦᠭᠡᠷ ᠵᠦᠢᠯ ᠠᠯᠪᠠᠨ ᠵᠢᠷᠦᠮ ᠤᠨ ᠰᠣᠷᠭᠠᠨ ᠬᠦᠮᠦᠵᠢᠯ ᠤᠨ ᠵᠠᠷᠤᠳᠠᠯ ᠤᠨ ᠤᠷᠤᠭᠤᠯᠤᠯᠳᠠ ᠶᠢᠨ ᠲᠠᠯ᠎ᠠ ᠪᠠᠷ ᠲᠦᠷᠦ ᠶᠢᠨ ᠶᠠᠪᠤᠳᠠᠯ ᠤᠨ ᠬᠤᠷᠢᠶ᠎ᠡ ᠪᠤᠯᠤᠨ ᠤᠷᠤᠨ ᠨᠤᠳᠤᠭ ᠤᠨ ᠡᠯ᠎ᠡ ᠱᠠᠳᠣᠨ ᠤ ᠠᠷᠠᠳ ᠤᠨ ᠵᠠᠰᠠᠭ ᠤᠨ ᠤᠷᠳᠤᠨ ᠠᠴᠠ ᠲᠤᠰᠢᠶᠠᠯ ᠬᠠᠷᠢᠭᠤᠴᠠᠯᠭ᠎ᠠ ᠪᠠᠨ ᠦᠨᠳᠦᠰᠦᠯᠡᠨ ᠬᠠᠮᠳᠦ ᠪᠠᠷ ᠡᠬᠦᠷᠭᠡᠯᠡᠵᠦ᠂ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠡ ᠬᠤᠳᠠ ᠶᠢᠨ ᠠᠷᠠᠳ ᠤᠨ ᠵᠠᠰᠠᠭ ᠤᠨ ᠤᠷᠳᠤᠨ ᠠᠴᠠ ᠬᠠᠷᠢᠭᠤᠴᠠᠨ ᠨᠢᠭᠡᠳᠦᠯᠲᠠᠢ ᠲᠦᠯᠦᠪᠯᠡᠵᠦ ᠨᠠᠶᠢᠳᠠᠪᠤᠷᠢᠵᠢᠭᠤᠯᠬᠤ ᠲᠦᠷᠢᠮ ᠢ ᠬᠡᠷᠡᠭᠵᠢᠬᠦᠯᠦᠨ᠎ᠡ᠃ ᠬᠦᠳᠡᠭᠡ ᠲᠤᠰᠬᠤᠨ ᠤ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠬᠡᠷᠡᠭᠰᠡᠬᠦ ᠵᠠᠷᠤᠳᠠᠯ ᠢ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠲᠤᠭᠳᠠᠭᠠᠯ ᠢ ᠦᠨᠳᠦᠰᠦᠯᠡᠵᠦ᠂ ᠵᠦᠢᠯ ᠬᠤᠪᠢᠶᠠᠨ᠂ ᠬᠠᠷᠢᠴᠠᠯ ᠶᠤᠰᠤᠭᠠᠷ ᠬᠤᠪᠢᠶᠠᠨ ᠡᠬᠦᠷᠭᠡᠯᠡᠨ᠎ᠡ᠃ ᠡᠯ᠎ᠡ ᠱᠠᠳᠣᠨ ᠤ ᠠᠷᠠᠳ ᠤᠨ ᠵᠠᠰᠠᠭ ᠤᠨ ᠤᠷᠳᠤᠨ ᠠᠴᠠ ᠬᠡᠷ ᠤᠨ ᠠᠮᠢᠳᠤᠷᠠᠯ ᠨᠢ ᠬᠦᠴᠢᠷᠲᠠᠢ ᠰᠤᠷᠭᠠᠭᠤᠯᠢ ᠳᠤ ᠤᠷᠤᠬᠤ ᠨᠠᠰᠤᠨ ᠤ ᠬᠡᠤᠭᠡᠳ᠂ ᠪᠠᠭᠠᠴᠤᠳ ᠲᠤ ᠬᠢᠴᠢᠶᠠᠯ ᠤᠨ ᠪᠢᠴᠢᠭ ᠢ ᠰᠦᠢᠳᠭᠡᠯ ᠠᠪᠬᠤ ᠦᠭᠡᠢ ᠪᠠᠷ ᠬᠠᠩᠭᠠᠬᠤ ᠮᠦᠷᠳᠡᠭᠡᠨ ᠪᠠᠶᠢᠷᠢ ᠳᠤ ᠰᠠᠭᠤᠬᠤ ᠰᠤᠷᠤᠭᠴᠢᠳ ᠲᠤ ᠠᠮᠢᠳᠤᠷᠠᠯ ᠤᠨ ᠰᠦᠢᠳᠭᠡᠯ ᠤᠨ ᠨᠦᠬᠦᠪᠤᠷᠢ ᠤᠯᠭᠤᠨ᠎ᠠ᠃ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠵᠠᠷᠤᠳᠠᠯ ᠤᠨ ᠪᠠᠳᠤᠯᠠᠭ᠎ᠠ ᠶᠢᠨ ᠪᠤᠳᠠᠲᠠᠢ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶ᠎ᠡ ᠠᠴᠠ ᠲᠤᠭᠳᠠᠭᠠᠨ᠎ᠠ᠃       ᠲᠦᠴᠢᠨ ᠲᠠᠪᠤᠳᠤᠭᠠᠷ ᠵᠦᠢᠯ ᠤᠷᠤᠨ ᠨᠤᠳᠤᠭ ᠤᠨ ᠡᠯ᠎ᠡ ᠱᠠᠳᠣᠨ ᠤ ᠠᠷᠠᠳ ᠤᠨ ᠵᠠᠰᠠᠭ ᠤᠨ ᠤᠷᠳᠤᠨ ᠡᠳ᠋ ᠤᠨ ᠵᠠᠰᠠᠭ ᠤᠨ ᠲᠦᠰᠦᠪ ᠲᠡᠭᠡᠨ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠵᠠᠷᠤᠳᠠᠯ ᠢ ᠠᠰ ᠲᠤᠨᠢ ᠵᠢᠭᠰᠠᠭᠠᠨ᠎ᠠ᠃ ᠰᠢᠶᠠᠨ ᠤ ᠱᠠᠳᠣᠨ ᠤ ᠠᠷᠠᠳ ᠤᠨ ᠵᠠᠰᠠᠭ ᠤᠨ ᠤᠷᠳᠤᠨ ᠠᠴᠠ ᠲᠦᠰᠦᠪ ᠢ ᠨᠠᠶᠢᠷᠠᠭᠤᠯᠤᠨ ᠵᠤᠬᠢᠶᠠᠬᠤ ᠳᠠᠭᠠᠨ᠂ ᠬᠦᠳᠡᠭᠡ ᠲᠤᠰᠬᠤᠨ ᠤ ᠭᠠᠵᠠᠷ ᠤᠷᠤᠨ ᠤ ᠰᠤᠷᠭᠠᠭᠤᠯᠢ ᠪᠤᠯᠤᠨ ᠪᠠᠭᠤᠷᠠᠢ ᠰᠤᠷᠭᠠᠭᠤᠯᠢ ᠲᠡᠰᠢ ᠬᠡᠯᠪᠠᠶᠢᠯᠭᠡᠬᠦ ᠠᠴᠠ ᠭᠠᠳᠠᠨ᠎ᠠ᠂ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠵᠠᠷᠤᠳᠠᠯ ᠢ ᠲᠡᠩᠴᠡᠬᠦᠷᠢᠲᠠᠢ ᠲᠤᠬᠢᠷᠠᠭᠤᠯᠬᠤ ᠬᠡᠷᠡᠭᠲᠠᠢ᠃       ᠳᠦᠴᠢᠨ ᠵᠢᠷᠭᠤᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶ᠎ᠡ ᠪᠤᠯᠤᠨ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠠᠴᠠ ᠡᠳ᠋ ᠤᠨ ᠵᠠᠰᠠᠭ ᠤᠨ ᠰᠢᠯᠵᠢᠬᠦᠯᠦᠨ ᠦᠭᠬᠦ ᠲᠦᠷᠢᠮ ᠢ ᠵᠢᠷᠦᠮᠵᠢᠭᠤᠯᠵᠦ᠂ ᠡᠩ ᠤᠨ ᠴᠢᠨᠠᠷᠲᠠᠢ ᠰᠢᠯᠵᠢᠬᠦᠯᠦᠨ ᠦᠭᠬᠦ ᠬᠡᠪᠴᠢᠶ᠎ᠡ ᠶᠢ ᠦᠷᠭᠡᠳᠭᠡᠬᠦ ᠪᠦᠭᠡᠳ ᠠᠯᠪᠠᠨ ᠵᠢᠷᠦᠮ ᠤᠨ ᠰᠤᠷᠭᠠᠨ ᠬᠦᠮᠦᠵᠢᠯ ᠳᠠᠬᠢ ᠲᠤᠰᠬᠠᠢ ᠵᠦᠢᠯ ᠤᠨ ᠰᠢᠯᠵᠢᠬᠦᠯᠦᠨ ᠦᠭᠬᠦ ᠶᠠᠪᠤᠳᠠᠯ ᠢ ᠵᠢᠷᠦᠮᠵᠢᠭᠤᠯᠵᠦ᠂ ᠤᠷᠤᠨ ᠨᠤᠳᠤᠭ ᠤᠨ ᠡᠯ᠎ᠡ ᠱᠠᠳᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠵᠢᠷᠦᠮ ᠤᠨ ᠰᠤᠷᠭᠠᠨ ᠬᠦᠮᠦᠵᠢᠯ ᠳᠠᠬᠢ ᠤᠷᠤᠭᠤᠯᠤᠯᠳᠠ ᠪᠠᠨ ᠨᠡᠮᠡᠭᠳᠡᠬᠦᠯᠬᠦ ᠶᠢ ᠲᠠᠮᠵᠢᠵᠦ ᠬᠦᠳᠦᠯᠦᠨ ᠵᠢᠯᠤᠭᠤᠳᠤᠨ᠎ᠠ ᠃ ᠤᠷᠤᠨ ᠨᠤᠳᠤᠭ ᠤᠨ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠠᠴᠠ ᠲᠡᠭᠡᠳᠦ ᠱᠠᠳᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠵᠢᠷᠦᠮ ᠤᠨ ᠰᠤᠷᠭᠠᠨ ᠬᠦᠮᠦᠵᠢᠯ ᠳᠤ ᠰᠢᠯᠵᠢᠬᠦᠯᠦᠨ ᠦᠭᠬᠦᠭᠰᠡᠨ ᠪᠡᠯᠡ ᠮᠦᠩᠬᠦ ᠶᠢ ᠲᠤᠭᠳᠠᠭᠠᠯ ᠶᠤᠰᠤᠭᠠᠷ ᠠᠯᠪᠠᠨ ᠵᠢᠷᠦᠮ ᠤᠨ ᠰᠤᠷᠭᠠᠨ ᠬᠦᠮᠦᠵᠢᠯ ᠳᠤ ᠬᠡᠷᠡᠭᠯᠡᠬᠦ ᠶᠢ ᠦᠨᠡᠨ ᠬᠦ ᠪᠠᠳᠤᠯᠠᠨ᠎ᠠ᠃       ᠲᠦᠴᠢᠨ ᠲᠤᠯᠤᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶ᠎ᠡ ᠪᠤᠯᠤᠨ ᠰᠢᠶᠠᠨ ᠱᠠᠳᠤᠨ ᠠᠴᠠ ᠲᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠠᠴᠠ ᠪᠤᠳᠠᠳᠦ ᠬᠡᠷᠡᠭᠴᠡᠭᠡ ᠪᠠᠨ ᠦᠨᠳᠦᠰᠦᠯᠡᠨ ᠲᠤᠰᠬᠠᠢ ᠵᠦᠢᠯ ᠪᠠᠨ ᠪᠡᠯᠡ ᠮᠦᠩᠬᠦ ᠪᠠᠶᠢᠭᠤᠯᠵᠦ᠂ ᠬᠦᠳᠡᠭᠡ ᠲᠤᠰᠬᠤᠨ ᠤ ᠭᠠᠵᠠᠷ ᠤᠷᠤᠨ᠂ ᠦᠨᠳᠦᠰᠦᠳᠡᠨ ᠤ ᠭᠠᠵᠠᠷ ᠤᠷᠤᠨ ᠤ ᠠᠯᠪᠠᠨ ᠵᠢᠷᠦᠮ ᠤᠨ ᠰᠤᠷᠭᠠᠨ ᠬᠦᠮᠦᠵᠢᠯ ᠢ ᠬᠡᠷᠡᠭᠵᠢᠬᠦᠯᠬᠦ ᠶᠢ ᠲᠡᠳᠭᠦᠨ ᠲᠡᠮᠵᠢᠨ᠎ᠡ᠃       ᠲᠦᠴᠢᠨ ᠨᠠᠢᠮᠠᠳᠤᠭᠠᠷ ᠵᠦᠢᠯ ᠨᠡᠶᠢᠭᠡᠮ ᠤᠨ ᠵᠤᠬᠢᠶᠠᠨ ᠪᠠᠶᠢᠭᠤᠯᠤᠯᠳᠠ ᠪᠤᠯᠤᠨ ᠬᠤᠪᠢ ᠬᠦᠮᠦᠨ ᠠᠴᠠ ᠠᠯᠪᠠᠨ ᠵᠢᠷᠦᠮ ᠤᠨ ᠰᠤᠷᠭᠠᠨ ᠬᠦᠮᠦᠵᠢᠯ ᠳᠤ ᠪᠡᠯᠡᠭᠯᠡᠨ ᠬᠦᠷᠭᠡᠬᠦ ᠶᠢ ᠤᠯᠤᠰ ᠠᠴᠠ ᠵᠣᠷᠢᠭᠵᠢᠭᠤᠯᠣᠨ᠎ᠠ᠂ ᠤᠯᠤᠰ ᠤᠨ ᠰᠠᠭᠤᠷᠢ ᠮᠦᠩᠬᠦᠨ ᠤ ᠨᠡᠶᠢᠭᠡᠮᠯᠢᠭ ᠤᠨ ᠬᠠᠮᠢᠶᠠᠷᠤᠯᠳᠠ ᠶᠢᠨ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠰᠠᠭᠤᠷᠢ ᠮᠦᠩᠬᠦ ᠪᠠᠶᠢᠭᠤᠯᠬᠤ ᠶᠢ ᠤᠯᠤᠰ ᠠᠴᠠ ᠵᠤᠷᠢᠭᠵᠢᠭᠤᠯᠤᠨ᠎ᠠ᠃       ᠲᠦᠴᠢ ᠶᠢᠰᠦᠳᠦᠭᠡᠷ ᠵᠦᠢᠯ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠵᠠᠷᠤᠳᠠᠯ ᠢ ᠲᠦᠰᠦᠪ ᠤᠨ ᠲᠤᠭᠳᠠᠭᠠᠯ ᠢ ᠴᠢᠩᠭ᠎ᠠ ᠵᠢᠷᠦᠮᠯᠠᠨ ᠠᠯᠪᠠᠨ ᠵᠢᠷᠦᠮ ᠤᠨ ᠰᠤᠷᠭᠠᠨ ᠬᠦᠮᠦᠵᠢᠯ ᠳᠤ ᠬᠡᠷᠡᠭᠯᠡᠨ᠎ᠡ  ︔ ᠶᠠᠮᠠᠷᠪᠠ ᠵᠤᠬᠢᠶᠠᠨ ᠪᠠᠶᠢᠭᠤᠯᠤᠯᠳᠠ ᠪᠤᠯᠤᠨ ᠬᠤᠪᠢ ᠬᠦᠮᠦᠨ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠵᠠᠷᠤᠳᠠᠯ ᠢ ᠡᠵᠡᠯᠡᠬᠦ ᠪᠠ ᠨᠡᠬᠦᠯᠭᠡᠨ ᠬᠡᠷᠡᠭᠯᠡᠵᠦ ᠪᠤᠯᠬᠤ ᠦᠭᠡᠢ᠂ ᠰᠤᠷᠭᠠᠭᠤᠯᠢ ᠠᠴᠠ ᠬᠠᠤᠯᠢ ᠪᠤᠰᠤ ᠪᠠᠷ ᠰᠦᠢᠳᠭᠡᠯ ᠬᠤᠷᠢᠶᠠᠬᠤ ᠪᠤᠶᠤ ᠲᠡᠰᠭᠡᠨ ᠲᠠᠭᠠᠭᠠᠯᠭᠠᠵᠦ ᠪᠤᠯᠬᠤ ᠦᠭᠡᠢ᠃ ᠲᠠᠪᠢᠳᠤᠭᠠᠷ ᠵᠦᠢᠯ ᠰᠢᠶᠠᠨ ᠤᠨ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠠᠴᠠ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠵᠠᠷᠤᠳᠠᠯ ᠤᠨ ᠬᠢᠨᠠᠨ ᠪᠤᠳᠤᠬᠤ ᠬᠢᠨᠠᠯᠳᠠ ᠲᠠᠯᠪᠢᠬᠤ ᠲᠦᠷᠢᠮ ᠪᠠ ᠪᠦᠷᠢᠳᠭᠡᠵᠦ ᠵᠠᠷᠯᠠᠬᠤ ᠲᠦᠷᠢᠮ ᠢ ᠪᠠᠶᠢᠭᠤᠯᠤᠨ ᠲᠡᠬᠦᠯᠳᠡᠷᠵᠢᠬᠦᠯᠦᠨ᠎ᠡ᠃       ᠲᠤᠯᠤᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ       ᠲᠠᠪᠢᠨ ᠨᠢᠭᠡᠳᠦᠭᠡᠷ ᠵᠦᠢᠯ ᠲᠦᠷᠦ ᠶᠢᠨ ᠶᠠᠪᠤᠳᠠᠯ ᠤᠨ ᠬᠤᠷᠢᠶ᠎ᠡ ᠶᠢᠨ ᠬᠤᠯᠪᠤᠭᠳᠠᠯ ᠪᠦᠬᠦᠢ ᠰᠠᠯᠠᠭ᠎ᠠ ᠮᠦᠴᠢᠷ ᠪᠤᠯᠤᠨ ᠤᠷᠤᠨ ᠨᠤᠳᠤᠭ ᠤᠨ ᠡᠯ᠎ᠡ ᠱᠠᠳᠣᠨ ᠤ ᠠᠷᠠᠳ ᠤᠨ ᠵᠠᠰᠠᠭ ᠤᠨ ᠤᠷᠳᠤᠨ ᠨᠢ ᠲᠤᠰ ᠬᠠᠤᠯᠢ ᠶᠢᠨ ᠵᠢᠷᠭᠤᠳᠤᠭᠠᠷ ᠪᠦᠯᠦᠭ ᠤᠨ ᠲᠤᠭᠳᠠᠭᠠᠯ ᠢ ᠵᠦᠷᠢᠴᠡᠵᠦ᠂ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠵᠠᠷᠤᠳᠠᠯ ᠢ ᠪᠠᠳᠤᠯᠠᠬᠤ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠭᠰᠡᠨ ᠦᠭᠡᠢ ᠪᠠᠶᠢᠪᠠᠯ᠂ ᠲᠦᠷᠦ ᠶᠢᠨ ᠶᠠᠪᠤᠳᠠᠯ ᠤᠨ ᠬᠤᠷᠢᠶ᠎ᠡ ᠪᠤᠶᠤ ᠲᠡᠭᠡᠳᠦ ᠱᠠᠳᠣᠨ ᠤ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠠᠴᠠ ᠵᠠᠷᠯᠢᠭᠳᠠᠵᠦ ᠪᠠᠶᠢᠭᠠᠳ ᠬᠤᠭᠤᠴᠠᠭ᠎ᠠ ᠲᠤᠭᠳᠠᠭᠠᠨ ᠵᠠᠯᠠᠷᠠᠭᠤᠯᠤᠨ᠎ᠠ  ︔ ᠦᠢᠯᠡ ᠪᠠᠶᠢᠳᠠᠯ ᠨᠢ ᠬᠦᠨᠳᠦ ᠨᠤᠴᠢᠲᠠᠢ ᠪᠠᠶᠢᠪᠠᠯ᠂ ᠰᠢᠭᠤᠳ ᠬᠠᠷᠢᠭᠤᠴᠠᠵᠦ ᠪᠠᠶᠢᠭ᠎ᠠ ᠡᠷᠬᠢᠯᠡᠨ ᠬᠠᠮᠢᠶᠠᠷᠬᠤ ᠬᠦᠮᠦᠨ ᠪᠤᠶᠤ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠨ ᠳᠤ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦᠨ᠎ᠡ᠃       ᠲᠠᠪᠢᠨ ᠬᠤᠶᠠᠳᠤᠭᠠᠷ ᠵᠦᠢᠯ ᠰᠢᠶᠠᠨ ᠤ ᠱᠠᠳᠤᠨ ᠠᠴᠠ ᠲᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠳᠤ ᠲᠤᠤᠷ᠎ᠡ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠲᠡᠭᠡᠳᠦ ᠱᠠᠳᠤᠨ ᠤ ᠠᠷᠠᠳ ᠤᠨ ᠵᠠᠰᠠᠭ ᠤᠨ ᠤᠷᠳᠤᠨ ᠠᠴᠠ ᠵᠠᠷᠯᠢᠭᠳᠠᠵᠦ ᠪᠠᠶᠢᠭᠠᠳ ᠬᠤᠭᠤᠴᠠᠭ᠎ᠠ ᠲᠤᠭᠳᠠᠭᠠᠨ ᠵᠠᠯᠠᠷᠠᠭᠤᠯᠤᠭᠤᠯᠤᠨ᠎ᠠ  ︔ ᠦᠢᠯᠡ ᠪᠠᠶᠢᠳᠠᠯ ᠨᠢ ᠬᠦᠨᠳᠦ ᠨᠤᠴᠢᠲᠠᠢ ᠪᠠᠶᠢᠪᠠᠯ᠂ ᠰᠢᠭᠤᠳ ᠬᠠᠷᠢᠭᠤᠴᠠᠵᠦ ᠪᠠᠶᠢᠭ᠎ᠠ ᠡᠷᠬᠢᠯᠡᠨ ᠬᠠᠮᠢᠶᠠᠷᠬᠤ ᠬᠦᠮᠦᠨ ᠪᠤᠶᠤ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠨ ᠳᠤ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦᠨ᠎ᠡ᠄       ︵ᠨᠢᠭᠡ︶ ᠰᠤᠷᠭᠠᠭᠤᠯᠢ ᠶᠢᠨ ᠪᠠᠶᠢᠷᠢᠯᠠᠭᠤᠯᠬᠤ ᠲᠦᠯᠦᠪᠵᠢᠬᠦᠯᠭᠡ ᠶᠢ ᠤᠯᠤᠰ ᠤᠨ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠲᠤᠭᠳᠠᠭᠠᠵᠦ᠂ ᠲᠤᠬᠢᠷᠠᠭᠤᠯᠤᠭᠰᠠᠨ ᠦᠭᠡᠢ ᠪᠠᠶᠢᠬᠤ  ︔       ︵ᠬᠤᠶᠠᠷ︶ ᠰᠤᠷᠭᠠᠭᠤᠯᠢ ᠶᠢᠨ ᠪᠦᠳᠦᠭᠡᠨ ᠪᠠᠶᠢᠭᠤᠯᠤᠯᠳᠠ ᠨᠢ ᠤᠯᠤᠰ ᠤᠨ ᠲᠤᠭᠳᠠᠭᠠᠭᠰᠠᠨ ᠰᠤᠷᠭᠠᠭᠤᠯᠢ ᠡᠷᠬᠢᠯᠡᠬᠦ ᠪᠠᠷᠢᠮᠵᠢᠶ᠎ᠡ᠂ ᠭᠠᠵᠠᠷ ᠰᠤᠩᠭᠤᠬᠤ ᠱᠠᠭᠠᠷᠳᠠᠯᠭ᠎ᠠ ᠪᠤᠯᠤᠨ ᠪᠦᠳᠦᠭᠡᠨ ᠪᠠᠶᠢᠭᠤᠯᠤᠯᠳᠠ ᠶᠢᠨ ᠪᠠᠷᠢᠮᠵᠢᠶ᠎ᠡ ᠳᠤ ᠦᠯᠦ‌ᠨᠡᠶᠢᠴᠡᠭᠰᠡᠨ ᠪᠠᠶᠢᠬᠤ  ︔       ︵ᠭᠤᠷᠪᠠ︶ ᠰᠤᠷᠭᠠᠭᠤᠯᠢ ᠶᠢᠨ ᠪᠠᠶᠢᠷᠢ ᠶᠢᠨ ᠠᠶᠤᠯ ᠦᠭᠡᠢ ᠶᠢ ᠲᠤᠭᠳᠠᠮᠠᠯ ᠬᠤᠭᠤᠴᠠᠭ᠎ᠠ ᠲᠠᠢ ᠪᠠᠷ ᠪᠠᠶᠢᠴᠠᠭᠠᠭᠰᠠᠨ ᠦᠭᠡᠢ ᠪᠦᠭᠡᠳ ᠴᠠᠭ ᠲᠤᠬᠠᠢ ᠳᠤᠨᠢ ᠰᠡᠯᠪᠢᠨ ᠵᠠᠰᠠᠵᠦ᠂ ᠦᠭᠡᠷᠡᠴᠢᠯᠡᠭᠰᠡᠨ ᠦᠭᠡᠢ ᠪᠠᠶᠢᠬᠤ  ︔       ︵ᠲᠦᠷᠪᠡ︶ ᠲᠤᠰ ᠬᠠᠤᠯᠢ ᠶᠢᠨ ᠲᠤᠭᠳᠠᠭᠠᠯ ᠶᠤᠰᠤᠭᠠᠷ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠵᠠᠷᠤᠳᠠᠯ ᠢ ᠲᠡᠩᠴᠡᠬᠦᠷᠢᠲᠠᠢ ᠲᠤᠬᠢᠷᠠᠭᠤᠯᠤᠭᠰᠠᠨ ᠦᠭᠡᠢ ᠪᠠᠶᠢᠬᠤ᠃ ᠲᠠᠪᠢᠨ ᠭᠤᠷᠪᠠᠳᠤᠭᠠᠷ ᠵᠦᠢᠯ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠪᠤᠶᠤ ᠲᠡᠬᠦᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤ ᠲᠤᠤᠷ᠎ᠡ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠲᠡᠭᠡᠳᠦ ᠱᠠᠳᠤᠨ ᠤ ᠠᠷᠠᠳ ᠤᠨ ᠵᠠᠰᠠᠭ ᠤᠨ ᠤᠷᠳᠤᠨ ᠪᠤᠶᠤ ᠲᠡᠬᠦᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠭᠳᠠᠵᠦ ᠪᠠᠶᠢᠭᠠᠳ ᠬᠤᠭᠤᠴᠠᠭ᠎ᠠ ᠲᠤᠭᠳᠠᠭᠠᠨ ᠵᠠᠯᠠᠷᠠᠭᠤᠯᠵᠦ᠂ ᠵᠠᠷᠯᠠᠨ ᠰᠢᠬᠦᠮᠵᠢᠯᠡᠨ᠎ᠡ  ︔ ᠦᠢᠯᠡ ᠪᠠᠶᠢᠳᠠᠯ ᠨᠢ ᠬᠦᠨᠳᠦ ᠨᠤᠴᠢᠲᠠᠢ ᠪᠠᠶᠢᠪᠠᠯ᠂ ᠰᠢᠭᠤᠳ ᠬᠠᠷᠢᠭᠤᠴᠠᠵᠦ ᠪᠠᠶᠢᠭ᠎ᠠ ᠡᠷᠬᠢᠯᠡᠨ ᠬᠠᠮᠢᠶᠠᠷᠬᠤ ᠬᠦᠮᠦᠨ ᠪᠤᠶᠤ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠨ ᠳᠤ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦᠨ᠎ᠡ᠄       ︵ᠨᠢᠭᠡ︶ ᠰᠤᠷᠭᠠᠭᠤᠯᠢ ᠶᠢ ᠭᠤᠤᠯᠳᠠᠯᠭᠠᠳᠦ ᠰᠤᠷᠭᠠᠭᠤᠯᠢ ᠪᠤᠯᠤᠨ ᠭᠤᠤᠯᠳᠠᠯᠭᠠᠳᠦ ᠪᠤᠰᠤ ᠰᠤᠷᠭᠠᠭᠤᠯᠢ ᠭᠡᠵᠦ ᠬᠤᠪᠢᠶᠠᠭᠰᠠᠨ  ︔       ︵ᠬᠤᠶᠠᠷ︶ ᠠᠯᠪᠠᠨ ᠠᠴᠠ ᠡᠷᠬᠢᠯᠡᠭᠰᠡᠨ ᠰᠤᠷᠭᠠᠭᠤᠯᠢ ᠶᠢᠨ ᠰᠢᠨᠵᠢ ᠴᠢᠨᠠᠷ ᠢ ᠬᠤᠪᠢᠷᠠᠭᠤᠯᠤᠭᠰᠠᠨ ᠪᠤᠶᠤ ᠬᠡᠯᠪᠡᠷᠢ ᠶᠢ ᠨᠢ ᠦᠭᠡᠷᠡᠳᠦᠬᠦᠯᠦᠨ ᠬᠤᠪᠢᠷᠠᠭᠤᠯᠤᠭᠰᠠᠨ᠃ ᠰᠢᠶᠠᠨ ᠤᠨ ᠱᠠᠳᠤᠨ ᠤ ᠠᠷᠠᠳ ᠤᠨ ᠵᠠᠰᠠᠭ ᠤᠨ ᠤᠷᠳᠤᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠪᠤᠶᠤ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠠᠴᠠ ᠠᠷᠭ᠎ᠠ ᠬᠡᠮᠵᠢᠶ᠎ᠡ ᠠᠪᠴᠦ ᠪᠠᠶᠢᠭᠠᠳ ᠰᠤᠷᠭᠠᠭᠤᠯᠢ ᠳᠤ ᠤᠷᠤᠬᠤ ᠨᠠᠰᠤᠨ ᠤ ᠬᠡᠤᠭᠡᠳ᠂ ᠪᠠᠭᠠᠴᠤᠳ ᠤᠨ ᠰᠤᠷᠭᠠᠭᠤᠯᠢ ᠳᠤ ᠤᠷᠤᠬᠤ ᠶᠢ ᠵᠤᠬᠢᠶᠠᠨ ᠪᠠᠶᠢᠭᠤᠯᠤᠭᠰᠠᠨ ᠦᠭᠡᠢ ᠪᠤᠶᠤ ᠰᠤᠷᠤᠯᠭ᠎ᠠ ᠪᠠᠨ ᠲᠤᠷᠭᠤᠨ ᠵᠤᠭᠰᠤᠬᠤ ᠶᠢ ᠬᠤᠷᠢᠭᠯᠠᠭᠰᠠᠨ ᠦᠭᠡᠢ ᠪᠠᠶᠢᠪᠠᠯ᠂ ᠡᠮᠦᠨᠡᠬᠢ ᠪᠠᠳᠠᠭ ᠤᠨ ᠲᠤᠭᠳᠠᠭᠠᠯ ᠶᠤᠰᠤᠭᠠᠷ ᠬᠠᠤᠯᠢ ᠶᠢᠨ ᠬᠠᠷᠢᠭᠤᠴᠠᠯᠭ᠎ᠠ ᠨᠡᠭᠡᠮᠵᠢᠯᠡᠨ᠎ᠡ᠃       ᠲᠠᠪᠢᠨ ᠲᠦᠷᠪᠡᠲᠦᠭᠡᠷ ᠵᠦᠢᠯ ᠲᠤᠤᠷ᠎ᠡ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠲᠡᠭᠡᠳᠦ ᠱᠠᠳᠣᠨ ᠤ ᠠᠷᠠᠳ ᠤᠨ ᠵᠠᠰᠠᠭ ᠤᠨ ᠤᠷᠳᠤᠨ ᠪᠤᠶᠤ ᠲᠡᠭᠡᠳᠦ ᠱᠠᠳᠤᠨ ᠤ ᠠᠷᠠᠳ ᠤᠨ ᠵᠠᠰᠠᠭ ᠤᠨ ᠤᠷᠳᠤᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ᠂ ᠡᠳ᠋ ᠤᠨ ᠵᠠᠰᠠᠭ ᠤᠨ ᠰᠠᠯᠠᠭ᠎ᠠ ᠮᠦᠴᠢᠷ᠂ ᠦᠨ᠎ᠡ ᠬᠠᠩᠰᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠪᠤᠯᠤᠨ ᠬᠢᠨᠠᠨ ᠪᠤᠳᠤᠬᠤ ᠪᠠᠶᠢᠭᠤᠯᠭ᠎ᠠ ᠠᠴᠠ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠨ ᠵᠠᠷᠯᠢᠭᠳᠠᠵᠦ ᠪᠠᠶᠢᠭᠠᠳ ᠬᠤᠭᠤᠴᠠᠭ᠎ᠠ ᠲᠤᠭᠳᠠᠭᠠᠨ ᠵᠠᠯᠠᠷᠠᠭᠤᠯᠤᠨ᠎ᠠ  ︔ ᠦᠢᠯᠡ ᠪᠠᠶᠢᠳᠠᠯ ᠨᠢ ᠬᠦᠨᠳᠦ ᠨᠤᠴᠢᠲᠠᠢ ᠪᠠᠶᠢᠪᠠᠯ᠂ ᠰᠢᠭᠤᠳ ᠬᠠᠷᠢᠭᠤᠴᠠᠵᠦ ᠪᠠᠶᠢᠭ᠎ᠠ ᠡᠷᠬᠢᠯᠡᠨ ᠬᠠᠮᠢᠶᠠᠷᠬᠤ ᠬᠦᠮᠦᠨ ᠪᠤᠶᠤ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠨ ᠳᠤ ᠬᠠᠤᠯᠢ ᠶᠤᠰᠤᠭᠠᠷ ᠰᠢᠳᠭᠡᠯ ᠦᠭᠬᠦᠨ᠎ᠡ᠄       ︵ᠨᠢᠭᠡ︶ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠵᠠᠷᠤᠳᠠᠯ ᠢ ᠡᠵᠡᠯᠡᠭᠰᠡᠨ ᠪᠤᠶᠤ ᠨᠡᠬᠦᠯᠭᠡᠨ ᠬᠡᠷᠡᠭᠯᠡᠭᠰᠡᠨ  ︔       ︵ᠬᠤᠶᠠᠷ︶ ᠰᠤᠷᠭᠠᠭᠤᠯᠢ ᠠᠴᠠ ᠬᠠᠤᠯᠢ ᠪᠤᠰᠤ ᠪᠠᠷ ᠰᠦᠢᠳᠭᠡᠯ ᠬᠤᠷᠢᠶᠠᠭᠰᠠᠨ ᠪᠤᠶᠤ ᠵᠠᠷᠤᠳᠠᠯ ᠢ ᠲᠡᠰᠭᠡᠭᠰᠡᠨ᠃       ᠲᠠᠪᠢᠨ ᠲᠠᠪᠤᠳᠤᠭᠠᠷ ᠵᠦᠢᠯ ᠰᠣᠷᠭᠠᠭᠤᠯᠢ ᠪᠤᠶᠤ ᠪᠠᠭᠰᠢ ᠨᠠᠷ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠠᠵᠢᠯ ᠤᠨ ᠲᠤᠮᠳᠠ ᠪᠠᠨ ᠰᠤᠷᠭᠠᠨ ᠬᠦᠮᠦᠵᠢᠯ ᠤᠨ ᠬᠠᠤᠯᠢ᠂ ᠪᠠᠭᠰᠢ ᠶᠢᠨ ᠬᠠᠤᠯᠢ ᠶᠢᠨ ᠲᠤᠭᠳᠠᠭᠠᠯ ᠠᠴᠠ ᠵᠦᠷᠢᠴᠡᠭᠰᠡᠨ ᠪᠠᠶᠢᠪᠠᠯ᠂ ᠰᠤᠷᠭᠠᠨ ᠬᠦᠮᠦᠵᠢᠯ ᠤᠨ ᠬᠠᠤᠯᠢ᠂ ᠪᠠᠭᠰᠢ ᠶᠢᠨ ᠬᠠᠤᠯᠢ ᠶᠢᠨ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠰᠢᠳᠭᠡᠨ᠎ᠡ᠃       ᠲᠠᠪᠢᠨ ᠵᠢᠷᠭᠤᠳᠤᠭᠠᠷ ᠵᠦᠢᠯ ᠰᠤᠷᠭᠠᠭᠤᠯᠢ ᠨᠢ ᠤᠯᠤᠰ ᠤᠨ ᠲᠤᠭᠳᠠᠭᠠᠯ ᠢ ᠵᠦᠷᠢᠴᠡᠵᠦ ᠰᠦᠢᠳᠭᠡᠯ ᠬᠤᠷᠢᠶᠠᠭᠰᠠᠨ ᠪᠠᠶᠢᠪᠠᠯ᠂ ᠰᠢᠶᠠᠨ ᠤ ᠱᠠᠳᠣᠨ ᠤ ᠠᠷᠠᠳ ᠤᠨ ᠵᠠᠰᠠᠭ ᠤᠨ ᠤᠷᠳᠤᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠭᠳᠠᠵᠦ ᠪᠠᠶᠢᠭᠠᠳ ᠬᠤᠷᠢᠶᠠᠭᠰᠠᠨ ᠰᠦᠢᠳᠭᠡᠯ ᠢ ᠪᠤᠴᠠᠭᠠᠯᠭᠠᠨ᠎ᠠ  ︔ ᠰᠢᠭᠤᠳ ᠬᠠᠷᠢᠭᠤᠴᠠᠵᠦ ᠪᠠᠶᠢᠭ᠎ᠠ ᠡᠷᠬᠢᠯᠡᠨ ᠬᠠᠮᠢᠶᠠᠷᠬᠤ ᠬᠦᠮᠦᠨ ᠪᠤᠶᠤ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠨ ᠳᠤ ᠬᠠᠤᠯᠢ ᠶᠤᠰᠤᠭᠠᠷ ᠰᠢᠳᠭᠡᠯ ᠦᠭᠬᠦᠨ᠎ᠡ᠃ ᠰᠤᠷᠭᠠᠭᠤᠯᠢ ᠨᠢ ᠰᠤᠷᠤᠭᠴᠢᠳ ᠲᠤ ᠲᠠᠸᠡᠷ᠂ ᠦᠢᠯᠡᠴᠢᠯᠡᠭᠡ ᠶᠢ ᠪᠤᠷᠤᠯᠠᠭᠤᠯᠬᠤ ᠪᠤᠶᠤ ᠬᠡᠯᠪᠡᠷᠢ ᠶᠢ ᠨᠢ ᠦᠭᠡᠷᠡᠲᠦᠬᠦᠯᠦᠨ ᠪᠤᠷᠤᠯᠠᠭᠤᠯᠬᠤ ᠵᠡᠷᠭᠡ ᠠᠷᠭ᠎ᠠ ᠬᠡᠯᠪᠡᠷᠢ ᠪᠠᠷ ᠠᠰᠢᠭ ᠲᠤᠰᠠ ᠤᠯᠤᠭᠰᠠᠨ ᠪᠠᠶᠢᠪᠠᠯ᠂ ᠰᠢᠶᠠᠨ ᠤᠨ ᠱᠠᠳᠣᠨ ᠤ ᠠᠷᠠᠳ ᠤᠨ ᠵᠠᠰᠠᠭ ᠤᠨ ᠤᠷᠳᠤᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠠᠨ ᠰᠢᠬᠦᠮᠵᠢᠯᠡᠨ᠎ᠡ  ︔ ᠬᠠᠤᠯᠢ ᠶᠢ ᠵᠦᠷᠢᠴᠡᠵᠦ ᠤᠯᠤᠭᠰᠠᠨ ᠠᠰᠢᠭ ᠤᠯᠵᠠᠪᠤᠷᠢ ᠲᠠᠢ ᠪᠠᠶᠢᠪᠠᠯ᠂ ᠬᠠᠤᠯᠢ ᠶᠢ ᠵᠦᠷᠢᠴᠡᠵᠦ ᠤᠯᠤᠭᠰᠠᠨ ᠠᠰᠢᠭ ᠤᠯᠵᠠᠪᠤᠷᠢ ᠶᠢ ᠨᠢ ᠬᠤᠷᠢᠶᠠᠨ ᠠᠪᠤᠨ᠎ᠠ  ︔ ᠰᠢᠭᠤᠳ ᠬᠠᠷᠢᠭᠤᠴᠠᠵᠦ ᠪᠠᠶᠢᠭ᠎ᠠ ᠡᠷᠬᠢᠯᠡᠨ ᠬᠠᠮᠢᠶᠠᠷᠬᠤ ᠬᠦᠮᠦᠨ ᠪᠤᠯᠤᠨ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠨ ᠳᠤ ᠬᠠᠤᠯᠢ ᠶᠤᠰᠤᠭᠠᠷ ᠰᠢᠳᠭᠡᠯ ᠦᠭᠬᠦᠨ᠎ᠡ᠃ ᠲᠦᠷᠦ ᠶᠢᠨ ᠪᠠᠶᠢᠭᠤᠯᠭ᠎ᠠ ᠶᠢᠨ ᠠᠵᠢᠯᠳᠠᠨ ᠪᠤᠯᠤᠨ ᠬᠢᠴᠢᠶᠠᠯ ᠤᠨ ᠪᠢᠴᠢᠭ ᠢ ᠬᠢᠨᠠᠨ ᠪᠠᠶᠢᠴᠠᠭᠠᠬᠤ ᠬᠦᠮᠦᠰ ᠬᠢᠴᠢᠶᠠᠯ ᠤᠨ ᠪᠢᠴᠢᠭ ᠢ ᠨᠠᠶᠢᠷᠠᠭᠤᠯᠤᠨ ᠪᠢᠴᠢᠬᠦ ᠠᠵᠢᠯ ᠳᠤ ᠤᠷᠤᠯᠴᠠᠭᠰᠠᠨ ᠪᠤᠶᠤ ᠬᠡᠯᠪᠡᠷᠢ ᠶᠢ ᠨᠢ ᠦᠭᠡᠷᠡᠳᠦᠬᠦᠯᠦᠨ ᠤᠷᠤᠯᠴᠠᠭᠰᠠᠨ ᠪᠠᠶᠢᠪᠠᠯ ᠂ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠪᠤᠶᠤ ᠲᠡᠬᠦᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠲᠤᠰᠢᠶᠠᠯ ᠬᠠᠷᠢᠭᠤᠴᠠᠯᠭ᠎ᠠ ᠶᠢᠨ ᠡᠷᠭᠡ ᠶᠢᠨ ᠭᠡᠪᠴᠢᠶ᠎ᠡ ᠪᠠᠨ ᠦᠨᠳᠦᠰᠦᠯᠡᠨ ᠵᠠᠷᠯᠢᠭᠳᠠᠵᠦ ᠪᠠᠶᠢᠭᠠᠳ ᠬᠤᠭᠤᠴᠠᠭᠠᠨ ᠲᠤᠭᠳᠠᠭᠠᠨ ᠵᠠᠯᠠᠷᠠᠭᠤᠯᠤᠭᠤᠯᠵᠦ᠂ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦᠨ᠎ᠡ  ︔ ᠬᠠᠤᠯᠢ ᠶᠢ ᠵᠦᠷᠢᠴᠡᠵᠦ ᠤᠯᠤᠭᠰᠠᠨ ᠠᠰᠢᠭ ᠤᠯᠵᠠᠪᠤᠷᠢ ᠲᠠᠢ ᠪᠠᠶᠢᠪᠠᠯ᠂ ᠬᠠᠤᠯᠢ ᠶᠢ ᠵᠦᠷᠢᠴᠡᠵᠦ ᠤᠯᠤᠭᠰᠠᠨ ᠠᠰᠢᠭ ᠤᠯᠵᠠᠪᠤᠷᠢ ᠶᠢ ᠨᠢ ᠬᠤᠷᠢᠶᠠᠨ ᠠᠪᠤᠨ᠎ᠠ᠃ ᠲᠠᠪᠢᠨ ᠲᠤᠯᠤᠳᠤᠭᠠᠷ ᠵᠦᠢᠯ ᠰᠤᠷᠭᠠᠭᠤᠯᠢ ᠳᠤ ᠲᠤᠤᠷ᠎ᠡ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠰᠢᠶᠠᠨ ᠤ ᠱᠠᠳᠣᠨ ᠤ ᠠᠷᠠᠳ ᠤᠨ ᠵᠠᠰᠠᠭ ᠤᠨ ᠤᠷᠳᠤᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠭᠳᠠᠵᠦ ᠪᠠᠶᠢᠭᠠᠳ ᠬᠤᠭᠤᠴᠠᠭ᠎ᠠ ᠲᠤᠭᠳᠠᠭᠠᠨ ᠵᠠᠯᠠᠷᠠᠭᠤᠯᠤᠭᠤᠯᠤᠨ᠎ᠠ  ︔ ᠦᠢᠯᠡ ᠪᠠᠶᠢᠳᠠᠯ ᠨᠢ ᠬᠦᠨᠳᠦ ᠨᠤᠴᠢᠲᠠᠢ ᠪᠠᠶᠢᠪᠠᠯ᠂ ᠰᠢᠭᠤᠳ ᠬᠠᠷᠢᠭᠤᠴᠠᠵᠦ ᠪᠠᠶᠢᠭ᠎ᠠ ᠡᠷᠬᠢᠯᠡᠨ ᠬᠠᠮᠢᠶᠠᠷᠬᠤ ᠬᠦᠮᠦᠨ ᠪᠤᠶᠤ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠨ ᠳᠤ ᠬᠠᠤᠯᠢ ᠶᠤᠰᠤᠭᠠᠷ ᠰᠢᠳᠭᠡᠯ ᠦᠭᠬᠦᠨ᠎ᠡ᠄       ︵ᠨᠢᠭᠡ︶ ᠡᠩ ᠤᠨ ᠰᠤᠷᠭᠠᠨ ᠬᠦᠮᠦᠵᠢᠯ ᠬᠦᠷᠳᠡᠬᠦ ᠴᠢᠳᠠᠪᠤᠷᠢ ᠲᠠᠢ ᠰᠤᠷᠭᠠᠭᠤᠯᠢ ᠳᠤ ᠤᠷᠤᠬᠤ ᠨᠠᠰᠤᠨ ᠤ ᠵᠡᠮᠳᠡᠭ ᠭᠡᠤᠭᠡᠳ᠂ ᠪᠠᠭᠠᠴᠤᠳ ᠤᠨ ᠠᠩᠬᠢ ᠲᠠᠭᠠᠵᠦ ᠰᠤᠷᠤᠯᠴᠠᠬᠤ ᠶᠢ ᠬᠦᠯᠢᠶᠡᠵᠦ ᠠᠪᠤᠭᠰᠠᠨ ᠦᠭᠡᠢ  ︔       ︵ᠬᠤᠶᠠᠷ︶ ᠭᠤᠤᠯᠳᠠᠯᠭᠠᠳᠦ ᠠᠩᠬᠢ ᠪᠠ ᠭᠤᠤᠯᠳᠠᠯᠭᠠᠳᠦ ᠪᠤᠰᠤ ᠠᠩᠬᠢ ᠭᠡᠵᠦ ᠬᠤᠪᠢᠶᠠᠭᠰᠠᠨ  ︔       ︵ᠭᠤᠷᠪᠠ︶ ᠲᠤᠰ ᠬᠠᠤᠯᠢ ᠶᠢᠨ ᠲᠤᠭᠳᠠᠭᠠᠯ ᠠᠴᠠ ᠵᠦᠷᠢᠴᠡᠵᠦ ᠰᠤᠷᠤᠭᠴᠢ ᠶᠢ ᠰᠤᠷᠭᠠᠭᠤᠯᠢ ᠠᠴᠠ ᠬᠦᠭᠡᠭᠡᠭᠰᠡᠨ  ︔       ︵ᠲᠦᠷᠪᠡ︶ ᠬᠢᠨᠠᠨ ᠲᠤᠭᠳᠠᠭᠠᠯᠳᠠ ᠬᠢᠭᠰᠡᠨ ᠦᠭᠡᠢ ᠬᠢᠴᠢᠶᠠᠯ ᠤᠨ ᠪᠢᠴᠢᠭ ᠢ ᠰᠤᠩᠭᠤᠨ ᠬᠡᠷᠡᠭᠯᠡᠭᠰᠡᠨ᠃ ᠲᠠᠪᠢᠨ ᠨᠠᠢᠮᠠᠳᠣᠭᠠᠷ ᠵᠦᠢᠯ ᠰᠤᠷᠭᠠᠭᠤᠯᠢ ᠶᠢ ᠤᠷᠤᠬᠤ ᠨᠠᠰᠤᠨ ᠤ ᠭᠡᠤᠭᠡᠳ᠂ ᠪᠠᠭᠠᠴᠤᠳ ᠤᠨ ᠡᠴᠢᠭᠡ ᠡᠭᠡ ᠪᠤᠶᠤ ᠬᠠᠤᠯᠢ ᠪᠠᠷ ᠲᠤᠭᠳᠠᠭᠠᠭᠰᠠᠨ ᠪᠤᠰᠤᠳ ᠬᠢᠨᠠᠨ ᠬᠠᠮᠠᠭᠠᠯᠠᠭᠴᠢ ᠨᠢ ᠵᠦᠢ ᠵᠤᠬᠢᠰᠲᠠᠢ ᠰᠢᠯᠳᠠᠭᠠᠨ ᠦᠭᠡᠢ ᠪᠠᠷ ᠰᠤᠷᠭᠠᠭᠤᠯᠢ ᠳᠤ ᠤᠷᠤᠬᠤ ᠨᠠᠰᠤᠨ ᠤ ᠭᠡᠤᠭᠡᠳ᠂ ᠪᠠᠭᠠᠴᠤᠳ ᠢ ᠲᠤᠰ ᠬᠠᠤᠯᠢ ᠶᠢᠨ ᠲᠤᠭᠳᠠᠭᠠᠯ ᠶᠤᠰᠤᠭᠠᠷ ᠰᠤᠷᠭᠠᠭᠤᠯᠢ ᠳᠤ ᠤᠷᠤᠭᠤᠯᠵᠦ ᠠᠯᠪᠠᠨ ᠵᠢᠷᠦᠮ ᠤᠨ ᠰᠤᠷᠭᠠᠨ ᠬᠦᠮᠦᠵᠢᠯ ᠬᠦᠷᠳᠡᠭᠡᠭᠰᠡᠨ ᠦᠭᠡᠢ ᠪᠠᠶᠢᠪᠠᠯ᠂ ᠲᠤᠬᠠᠢ ᠶᠢᠨ ᠭᠠᠵᠠᠷ ᠤᠨ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠪᠤᠶᠤ ᠰᠢᠶᠠᠨ ᠤ ᠱᠠᠳᠣᠨ ᠤ ᠠᠷᠠᠳ ᠤᠨ ᠵᠠᠰᠠᠭ ᠤᠨ ᠤᠷᠳᠤᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠰᠢᠬᠦᠮᠵᠢᠯᠡᠨ ᠰᠤᠷᠭᠠᠵᠦ᠂ ᠵᠠᠷᠯᠢᠭᠳᠠᠵᠦ ᠪᠠᠶᠢᠭᠠᠳ ᠬᠤᠭᠤᠴᠠᠭ᠎ᠠ ᠲᠤᠭᠳᠠᠭᠠᠨ ᠵᠠᠯᠠᠷᠠᠭᠤᠯᠤᠭᠤᠯᠤᠨ᠎ᠠ᠃       ᠲᠠᠪᠢ ᠶᠢᠰᠦᠳᠤᠭᠡᠷ ᠵᠦᠢᠯ ᠲᠤᠤᠷ᠎ᠡ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠬᠤᠯᠪᠤᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠦᠷᠢᠮ ᠤᠨ ᠲᠤᠭᠳᠠᠭᠠᠯ ᠶᠤᠰᠤᠭᠠᠷ ᠰᠢᠳᠭᠡᠨ᠎ᠡ᠄       ︵ᠨᠢᠭᠡ︶ ᠠᠯᠪᠠᠨ ᠵᠢᠷᠦᠮ ᠤᠨ ᠰᠤᠷᠭᠠᠨ ᠬᠦᠮᠦᠵᠢᠯ ᠬᠦᠷᠳᠡᠬᠦ ᠶᠤᠰᠤᠲᠠᠢ ᠰᠤᠷᠭᠠᠭᠤᠯᠢ ᠳᠤ ᠤᠷᠤᠬᠤ ᠨᠠᠰᠤᠨ ᠤ ᠭᠡᠤᠭᠡᠳ᠂ ᠪᠠᠭᠠᠴᠣᠳ ᠢ ᠠᠯᠪᠠᠳᠠᠨ ᠰᠦᠷᠳᠡᠬᠦᠯᠬᠦ ᠪᠤᠶᠤ ᠬᠠᠭᠤᠷᠤᠨ ᠮᠡᠭᠡᠯᠡᠵᠦ ᠪᠠᠶᠢᠭ᠎ᠠ ᠰᠤᠷᠤᠯᠭ᠎ᠠ ᠶᠢ ᠨᠢ ᠠᠯᠳᠠᠭᠤᠯᠤᠭᠰᠠᠨ ᠡᠰᠡᠬᠦᠯ᠎ᠡ ᠰᠤᠷᠤᠯᠭ᠎ᠠ ᠶᠢ ᠨᠢ ᠲᠤᠷᠭᠤᠨ ᠵᠤᠭᠰᠤᠭᠠᠭᠰᠠᠨ  ︔       ︵ᠬᠤᠶᠠᠷ︶ ᠠᠯᠪᠠᠨ ᠵᠢᠷᠦᠮ ᠤᠨ ᠰᠤᠷᠭᠠᠨ ᠬᠦᠮᠦᠵᠢᠯ ᠬᠦᠷᠳᠡᠬᠦ ᠶᠤᠰᠤᠲᠠᠢ ᠰᠤᠷᠭᠠᠭᠤᠯᠢ ᠳᠤ ᠤᠷᠤᠬᠤ ᠨᠠᠰᠤᠨ ᠤ ᠭᠡᠤᠭᠡᠳ᠂ ᠪᠠᠭᠠᠴᠤᠳ ᠢ ᠬᠠᠤᠯᠢ ᠪᠤᠰᠤ ᠪᠠᠷ ᠡᠯᠰᠡᠨ ᠬᠡᠷᠡᠭᠯᠡᠭᠰᠡᠨ  ︔       ︵ᠭᠤᠷᠪᠠ︶ ᠬᠠᠤᠯᠢ ᠶᠤᠰᠤᠭᠠᠷ ᠬᠢᠨᠠᠨ ᠲᠤᠭᠳᠠᠭᠠᠯᠳᠠ ᠬᠢᠯᠭᠡᠭᠰᠡᠨ ᠦᠭᠡᠢ ᠬᠢᠴᠢᠶᠠᠯ ᠤᠨ ᠪᠢᠴᠢᠭ ᠢ ᠬᠡᠪᠯᠡᠬᠦᠯᠦᠭᠰᠡᠨ᠃       ᠵᠢᠷᠠᠳᠤᠭᠠᠷ ᠵᠦᠢᠯ ᠲᠤᠰ ᠬᠠᠤᠯᠢ ᠶᠢᠨ ᠲᠤᠭᠳᠠᠭᠠᠯ ᠢ ᠵᠦᠷᠢᠴᠡᠨ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠡ᠃       ᠨᠠᠢᠮᠠᠳᠤᠭᠠᠷ ᠪᠦᠯᠦᠭ ᠲᠠᠭᠠᠯᠳᠤᠭᠤᠯᠤᠭᠰᠠᠨ ᠲᠦᠷᠢᠮ       ᠵᠢᠷᠠᠨ ᠨᠢᠭᠡᠳᠦᠭᠡᠷ ᠵᠦᠢᠯ ᠠᠯᠪᠠᠨ ᠵᠢᠷᠦᠮ ᠤᠨ ᠰᠣᠷᠭᠠᠨ ᠬᠦᠮᠦᠵᠢᠯ ᠬᠦᠷᠳᠡᠬᠦ ᠰᠤᠷᠭᠠᠭᠤᠯᠢ ᠳᠤ ᠤᠷᠤᠬᠤ ᠨᠠᠰᠤᠨ ᠤ ᠭᠡᠤᠭᠡᠳ᠂ ᠪᠠᠭᠠᠴᠣᠳ ᠠᠴᠠ ᠰᠤᠯᠠ ᠵᠠᠷᠤᠳᠠᠯ ᠦᠯᠦ ᠬᠤᠷᠢᠶᠡᠬᠤ ᠲᠦᠷᠢᠮ ᠢ ᠬᠡᠷᠡᠭᠵᠢᠬᠦᠯᠬᠦ ᠠᠯᠬᠤᠮ ᠲᠠᠷᠠᠭ᠎ᠠ ᠶᠢ ᠲᠦᠷᠦ ᠶᠢᠨ ᠶᠠᠪᠤᠳᠠᠯ ᠤᠨ ᠬᠤᠷᠢᠶ᠎ᠡ ᠠᠴᠠ ᠲᠤᠭᠳᠠᠭᠠᠨ᠎ᠠ᠃       ᠵᠢᠷᠠᠨ ᠬᠤᠶᠠᠳᠤᠭᠠᠷ ᠵᠦᠢᠯ ᠨᠡᠶᠢᠭᠡᠮ ᠤᠨ ᠵᠤᠬᠢᠶᠠᠨ ᠪᠠᠶᠢᠭᠤᠯᠤᠯᠳᠠ ᠪᠤᠶᠤ ᠬᠤᠪᠢ ᠬᠦᠮᠦᠨ ᠤ ᠬᠠᠤᠯᠢ ᠶᠤᠰᠤᠭᠠᠷ ᠡᠷᠬᠢᠯᠡᠭᠰᠡᠨ ᠠᠷᠠᠳ ᠠᠴᠠ ᠡᠷᠬᠢᠯᠡᠭᠰᠡᠨ ᠰᠤᠷᠭᠠᠭᠤᠯᠢ ᠨᠢ ᠠᠯᠪᠠᠨ ᠵᠢᠷᠦᠮ ᠤᠨ ᠰᠤᠷᠭᠠᠨ ᠬᠦᠮᠦᠵᠢᠯ ᠢ ᠬᠡᠷᠡᠭᠵᠢᠬᠦᠯᠵᠦ ᠪᠠᠶᠢᠪᠠᠯ᠂ ᠠᠷᠠᠳ ᠤᠨ ᠡᠷᠬᠢᠯᠡᠭᠰᠡᠨ ᠰᠤᠷᠭᠠᠨ ᠬᠦᠮᠦᠵᠢᠯ ᠢ ᠠᠬᠢᠭᠤᠯᠬᠤ ᠬᠠᠤᠯᠢ ᠶᠢᠨ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠬᠦᠢᠴᠡᠳᠭᠡᠨ᠎ᠡ  ︔ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠢ ᠠᠬᠢᠭᠤᠯᠬᠤ ᠬᠠᠤᠯᠢ ᠳᠤ ᠲᠤᠭᠳᠠᠭᠠᠯ ᠭᠠᠷᠭᠠᠭᠰᠠᠨ ᠦᠭᠡᠢ ᠪᠠᠶᠢᠪᠠᠯ ᠲᠤᠰ ᠬᠠᠤᠯᠢ ᠶᠢ ᠬᠡᠷᠡᠭᠯᠡᠨ᠎ᠡ᠃       ᠵᠢᠷᠠᠨ ᠭᠤᠷᠪᠠᠳᠤᠭᠠᠷ ᠵᠦᠢᠯ ᠲᠤᠰ ᠬᠠᠤᠯᠢ ᠶᠢ 2006 ᠤᠨ ᠤ 9 ᠳ᠋ᠦᠭᠡᠷ ᠰᠠᠷ᠎ᠡ ᠶᠢᠨ 1᠎ ᠤ ᠡᠳᠦᠷ ᠠᠴᠠ ᠡᠬᠢᠯᠡᠵᠦ ᠬᠡᠷᠡᠭᠵᠢᠬᠦᠯᠦᠨ᠎ᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号