2017 ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠨᠢᠭᠡ︶
ᠨᠡᠶᠢᠲᠡᠯᠡᠭᠰᠡᠨ ᠴᠠᠭ᠄
2017/3/10
2017 ᠣᠨ ᠤ 2 ᠰᠠᠷ᠎ᠠ ᠶᠢᠨ 15᠎ ᠤ ᠡᠳᠦᠷ ᠬᠡᠰᠢᠭᠲᠡᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠤᠳᠠᠭᠠᠨ ᠤ ᠬᠤᠷᠠᠯ ᠳᠡᠭᠡᠷ᠎ᠠ              ᠬᠡᠰᠢᠭᠲᠡᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠫᠠᠨ ᠼᠦᠨ ᠭᠥᠸᠧ   ᠲᠥᠯᠥᠭᠡᠯᠡᠭᠴᠢᠳ ᠡ᠄       ᠣᠳᠣ᠂ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠡ᠂ ᠬᠢᠨᠠᠨ ᠵᠥᠪᠯᠡᠬᠦ ᠪᠣᠯᠪᠠᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠣᠯᠣᠨ ᠬᠤᠷᠠᠯ ᠳᠤ ᠰᠤᠯᠠ ᠣᠷᠣᠯᠴᠠᠭᠰᠠᠨ ᠪᠤᠰᠤᠳ ᠨᠥᠬᠦᠳ ᠰᠠᠨᠠᠯ ᠢᠶᠠᠨ ᠳᠤᠷᠠᠳᠬᠤ ᠪᠣᠯᠪᠠᠤ᠃       ᠨᠢᠭᠡ᠂ 2016 ᠣᠨ ᠤ ᠠᠵᠢᠯ ᠤᠨ ᠡᠷᠭᠢᠴᠡᠭᠦᠯᠦᠯ       2016 ᠣᠨ ᠳᠤ᠂ ᠠᠵᠤ ᠠᠬᠤᠢ ᠶᠢᠨ ᠬᠠᠲᠠᠭᠤ ᠪᠡᠷᠬᠡ ᠬᠠᠨᠳᠤᠰᠢ ᠪᠣᠯᠣᠨ ᠬᠥᠭᠵᠢᠯᠲᠡ ᠶᠢᠨ ᠬᠦᠨᠳᠦ ᠬᠦᠴᠢᠷ ᠡᠭᠦᠷᠭᠡ ᠳᠤ ᠬᠠᠨᠳᠤᠵᠤ᠂ ᠪᠢᠳᠡ ᠳᠡᠭᠡᠷ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠵᠤ᠂ ᠪᠦᠬᠦ ᠬᠤᠰᠢᠭᠤᠨ ᠤ ᠠᠷᠠᠳ ᠲᠦᠮᠡᠨ ᠳᠤ ᠲᠦᠰᠢᠭᠯᠡᠵᠦ᠂ ᠡᠷᠴᠢ ᠵᠣᠷᠢᠭ ᠢᠶᠠᠨ ᠬᠥᠪᠴᠢᠯᠡᠵᠦ᠂ ᠬᠦᠴᠢᠷ ᠢ ᠰᠥᠷᠦᠨ ᠤᠷᠤᠭᠰᠢᠯᠠᠵᠤ᠂ ᠦᠨᠡᠨ ᠪᠣᠳᠠᠲᠠᠢ ᠪᠠᠷ ᠴᠢᠷᠮᠠᠶᠢᠨ ᠲᠡᠮᠡᠴᠡᠵᠦ᠂ ᠡᠯ᠎ᠡ ᠲᠥᠷᠥᠯ ᠤᠨ ᠠᠵᠢᠯ ᠤᠨ ᠰᠢᠨ᠎ᠡ ᠦᠷ᠎ᠡ ᠪᠦᠲᠦᠮᠵᠢ ᠶᠢ ᠣᠯᠵᠤ᠂ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠰᠠᠶᠢᠨ ᠡᠬᠢᠯᠡᠯᠲᠡ ᠶᠢ ᠨᠡᠭᠡᠭᠡᠭᠰᠡᠨ ᠪᠠᠶᠢᠨ᠎ᠠ᠃       ᠨᠢᠭᠡ ᠵᠢᠯ ᠤᠨ ᠲᠤᠷᠰᠢ᠂ ᠪᠢᠳᠡ ᠬᠥᠭᠵᠢᠯᠲᠡ ᠶᠢᠨ ᠴᠢᠬᠤᠯᠠ ᠵᠦᠢᠯᠡᠰ ᠢ ᠪᠠᠷᠢᠮᠲᠠᠯᠠᠵᠤ᠂ ᠶᠡᠷᠦᠩᠬᠡᠶᠢᠯᠡᠭᠰᠡᠨ ᠪᠣᠳᠠᠲᠤ ᠬᠦᠴᠦᠨ ᠯᠠᠪᠳᠠᠭᠤᠨ ᠢᠶᠠᠷ ᠳᠡᠭᠡᠭᠰᠢᠯᠡᠭᠰᠡᠨ ᠪᠠᠶᠢᠨ᠎ᠠ᠃ ᠪᠦᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 157.9 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 7.7%᠎ ᠪᠠᠷ ᠨᠡᠮᠡᠭᠳᠡᠭᠰᠡᠨ ᠪᠠᠶᠢᠨ᠎ᠠ᠃ ᠡᠳ᠋ ᠤᠨ ᠵᠠᠰᠠᠭ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 8.05 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 6.5%᠎ ᠪᠠᠷ ᠨᠡᠮᠡᠭᠳᠡᠭᠰᠡᠨ ᠪᠠᠶᠢᠨ᠎ᠠ᠃ ᠬᠡᠪᠴᠢᠶᠡᠵᠢᠯ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢ 123.7 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 50.9%᠎ ᠪᠠᠷ ᠨᠡᠮᠡᠭᠳᠡᠭᠰᠡᠨ ᠪᠠᠶᠢᠨ᠎ᠠ᠃ ᠨᠡᠶᠢᠭᠡᠮ ᠤᠨ ᠬᠡᠷᠡᠭᠯᠡᠭᠡ ᠶᠢᠨ ᠵᠦᠢᠯᠡᠰ ᠢ ᠵᠢᠵᠢᠭᠯᠡᠨ ᠪᠣᠷᠣᠯᠠᠭᠤᠯᠬᠤ ᠶᠡᠷᠦᠩᠬᠡᠢ ᠲᠤᠭ᠎ᠠ ᠶᠢ 32.9 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 9.9%᠎ ᠪᠠᠷ ᠨᠡᠮᠡᠭᠳᠡᠭᠰᠡᠨ ᠪᠠᠶᠢᠨ᠎ᠠ᠃ ᠬᠤᠲᠠ ᠪᠠᠯᠭᠠᠰᠤ ᠪᠣᠯᠣᠨ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤᠶᠢᠴᠠ ᠣᠷᠣᠯᠭ᠎ᠠ ᠶᠢ ᠲᠤᠰᠪᠦᠷᠢ 24649 ᠲᠥᠭᠦᠷᠢᠭ ᠪᠣᠯᠣᠨ 9400 ᠲᠥᠭᠦᠷᠢᠭ ᠲᠤ ᠬᠦᠷᠭᠡᠵᠦ᠂ ᠠᠳᠠᠯᠢ ᠬᠤᠭᠤᠴᠠᠭᠠᠨ ᠤ ᠬᠢ ᠠᠴᠠ ᠲᠤᠰᠪᠦᠷᠢ 8.1% ᠪᠠ 8%᠎ ᠪᠠᠷ ᠨᠡᠮᠡᠭᠳᠡᠭᠰᠡᠨ ᠪᠠᠶᠢᠨ᠎ᠠ᠃       — — ᠮᠠᠯ ᠠᠵᠤ ᠠᠬᠤᠢ ᠲᠠᠷᠢᠶᠠᠯᠠᠩ ᠤᠨ ᠪᠦᠲᠦᠴᠡ ᠶᠢᠨ ᠲᠣᠬᠢᠷᠠᠭᠤᠯᠤᠯᠲᠠ ᠶᠢᠨ ᠠᠯᠬᠤᠴᠠ ᠲᠦᠷᠭᠡᠰᠪᠡ᠃ ︽3661︾ ᠢᠨᠵᠧᠨᠧᠷᠢᠩ ᠯᠠᠪᠳᠠᠭᠤᠨ ᠪᠠᠲᠤᠲᠠᠢ ᠠᠬᠢᠵᠤ᠂ 59.6 ᠲᠦᠮᠡᠨ ᠮᠦ ᠭᠠᠵᠠᠷ ᠰᠢᠷᠣᠢ ᠂ 1037.8 ᠲᠦᠮᠡᠨ ᠮᠦ ᠬᠠᠳᠤᠯᠠᠩ ᠪᠡᠯᠴᠢᠭᠡᠷ ᠤᠨ ᠡᠷᠬᠡ ᠶᠢ ᠰᠢᠯᠵᠢᠭᠦᠯᠵᠦ᠂ 25 ᠮᠠᠯ ᠠᠵᠤ ᠠᠬᠤᠢ ᠲᠠᠷᠢᠶᠠᠯᠠᠩ ᠤᠨ ᠲᠤᠰᠬᠠᠢ ᠬᠤᠷᠰᠢᠶᠠᠵᠢᠯ ᠢ ᠰᠢᠨ᠎ᠡ ᠪᠠᠷ ᠨᠡᠮᠡᠭᠳᠡᠭᠦᠯᠵᠦ᠂ ᠭᠠᠵᠠᠷ ᠰᠢᠷᠣᠢ ᠶᠢᠨ ᠡᠷᠬᠡ ᠶᠢᠨ ᠡᠷᠭᠢᠯᠲᠡ ᠶᠢᠨ ᠨᠤᠷᠮ᠎ᠠ᠂ ᠮᠠᠯ ᠠᠵᠤ ᠠᠬᠤᠢ ᠲᠠᠷᠢᠶᠠᠯᠠᠩ ᠤᠨ ᠬᠤᠷᠰᠢᠶᠠᠵᠢᠯ ᠤᠨ ᠵᠣᠬᠢᠶᠠᠨ ᠪᠠᠶᠢᠭᠤᠯᠤᠯᠲᠠ ᠶᠢᠨ ᠪᠦᠷᠬᠦᠴᠡ ᠶᠢᠨ ᠨᠤᠷᠮ᠎ᠠ᠂ ᠮᠠᠯ ᠲᠠᠷᠢᠶᠠᠯᠠᠩ ᠤᠨ ᠰᠢᠯᠢᠳᠡᠭ ᠪᠦᠲᠦᠭᠡᠭᠳᠡᠬᠦᠨ ᠢ ᠲᠤᠰ ᠭᠠᠵᠠᠷ ᠲᠤ ᠨᠢ ᠪᠣᠯᠪᠠᠰᠤᠷᠠᠭᠤᠯᠤᠨ ᠬᠤᠪᠢᠷᠠᠭᠠᠬᠤ ᠨᠤᠷᠮ᠎ᠠ ᠶᠢ ᠲᠤᠰᠪᠦᠷᠢ 10.8᠂ 3.4 ᠪᠣᠯᠣᠨ 8 ᠵᠠᠭᠤᠨ ᠤ ᠬᠤᠪᠢ ᠳᠡᠭᠡᠭᠰᠢᠯᠡᠭᠦᠯᠵᠦ᠂ ᠲᠤᠰ ᠪᠦᠷᠢ 45.9%᠂ 42% ᠪᠣᠯᠣᠨ 48%᠎ ᠳᠤ ᠬᠦᠷᠭᠡᠭᠰᠡᠨ ᠪᠠᠶᠢᠨ᠎ᠠ᠃ ᠠᠮᠤ ᠪᠤᠳᠠᠭ᠎ᠠ ᠠᠵᠤ ᠠᠬᠤᠢ ᠶᠢᠨ ᠲᠠᠷᠢᠮᠠᠯ ᠪᠣᠷᠳᠣᠭᠠᠨ ᠲᠠᠷᠢᠮᠠᠯ ᠤᠨ ᠬᠠᠷᠢᠴᠠᠯ ᠢ 79᠄ 11᠄ 10᠎ ᠠᠴᠠ 70᠄ 18᠄ 12 ᠪᠣᠯᠭᠠᠨ ᠲᠣᠬᠢᠷᠠᠭᠤᠯᠵᠤ᠂ ᠲᠥᠬᠦᠭᠡᠷᠦᠮᠵᠢᠲᠦ ᠲᠠᠷᠢᠶᠠᠯᠠᠩ ᠢ 6000 ᠮᠦ᠂ ᠪᠣᠷᠣ ᠴᠠᠷᠭᠠᠰᠤ ᠶᠢ 8.5 ᠲᠦᠮᠡᠨ ᠮᠦ ᠂ ᠬᠦᠢᠲᠡᠨ ᠰᠡᠷᠢᠭᠦᠨ ᠭᠠᠵᠠᠷ ᠣᠷᠣᠨ ᠤ ᠢᠳᠡᠰᠢᠨ ᠨᠣᠭᠤᠭ᠎ᠠ ᠶᠢ 3 ᠲᠦᠮᠡᠨ ᠮᠦ᠂ ᠡᠪᠡᠰᠦᠨ ᠤ ᠦᠢᠯᠡᠰ ᠤᠨ ᠨᠡᠭᠡᠭᠡᠨ ᠬᠥᠭᠵᠢᠭᠦᠯᠦᠯᠲᠡ ᠶᠢ 5.8 ᠲᠦᠮᠡᠨ ᠮᠦ ᠰᠢᠨ᠎ᠡ ᠪᠠᠷ ᠨᠡᠮᠡᠭᠳᠡᠭᠦᠯᠵᠦ᠂ ᠡᠷᠳᠡᠨᠢ ᠶᠢᠨ ᠰᠢᠰᠢ ᠶᠢᠨ ᠲᠠᠷᠢᠮᠠᠯ ᠢ 8 ᠲᠦᠮᠡᠨ ᠮᠦ ᠪᠠᠭᠠᠰᠬᠠᠵᠤ᠂ ᠠᠮᠤ ᠪᠤᠷᠴᠠᠭ ᠤᠨ ᠶᠡᠷᠦᠩᠬᠡᠢ ᠤᠨᠠᠯᠲᠠ ᠶᠢ 6 ᠳ᠋ᠦᠩᠰᠢᠭᠤᠷ ᠵᠢᠩ ᠳᠤ ᠬᠦᠷᠭᠡᠭᠰᠡᠨ ᠪᠠᠶᠢᠨ᠎ᠠ᠃ ᠬᠤᠨᠢᠨ ᠤ ᠲᠤᠭ᠎ᠠ ᠶᠢ ᠪᠠᠭᠠᠰᠬᠠᠨ ᠦᠬᠡᠷ ᠤᠨ ᠲᠤᠭ᠎ᠠ ᠶᠢ ᠨᠡᠮᠡᠭᠳᠡᠭᠦᠯᠬᠦ ᠢᠨᠵᠧᠨᠧᠷᠢᠩ ᠤᠨ ᠦᠷ᠎ᠡ ᠪᠦᠲᠦᠮᠵᠢ ᠨᠢ ᠢᠯᠡᠷᠬᠡᠢ ᠪᠠᠶᠢᠵᠤ᠂ ᠡᠮ᠎ᠡ ᠬᠤᠨᠢᠨ ᠤ ᠵᠣᠭᠰᠤᠭ᠎ᠠ ᠲᠤᠭ᠎ᠠ ᠪᠣᠯᠣᠨ ᠠᠯᠠᠰᠢᠨ ᠬᠤᠨᠢ ᠶᠢ ᠲᠡᠵᠢᠭᠡᠨ ᠦᠷᠡᠵᠢᠭᠦᠯᠬᠦ ᠬᠡᠪᠴᠢᠶᠡᠵᠢᠯ ᠢ ᠲᠤᠰᠪᠦᠷᠢ 30 ᠲᠦᠮᠡ ᠪᠠ 35 ᠲᠦᠮᠡ ᠪᠠᠭᠠᠰᠬᠠᠵᠤ᠂ ᠦᠨᠢᠶ᠎ᠡ ᠶᠢᠨ ᠵᠣᠭᠰᠤᠭ᠎ᠠ ᠲᠤᠭ᠎ᠠ ᠪᠣᠯᠣᠨ ᠠᠯᠠᠰᠢᠨ ᠦᠬᠡᠷ ᠢ ᠲᠡᠵᠢᠭᠡᠨ ᠦᠷᠡᠵᠢᠭᠦᠯᠬᠦ ᠬᠡᠪᠴᠢᠶᠡᠵᠢᠯ ᠢ ᠲᠤᠰᠪᠦᠷᠢ 3 ᠲᠦᠮᠡ ᠪᠠ 6 ᠲᠦᠮᠡ ᠨᠡᠮᠡᠭᠳᠡᠭᠦᠯᠵᠦ᠂ 130 ᠲᠦᠮᠡᠨ ᠠᠯᠠᠰᠢᠨ ᠬᠤᠨᠢ᠂ 22 ᠲᠦᠮᠡᠨ ᠠᠯᠠᠰᠢᠨ ᠦᠬᠡᠷ᠂ 15 ᠲᠦᠮᠡᠨ ᠠᠮᠢᠳᠤ ᠭᠠᠭ᠋ᠠᠢ ᠪᠣᠷᠣᠯᠠᠭᠤᠯᠤᠭᠰᠠᠨ ᠪᠠᠶᠢᠨ᠎ᠠ᠃ ᠲᠠᠯ᠎ᠠ ᠨᠤᠲᠤᠭ ᠲᠤ ᠪᠡᠯᠴᠢᠭᠡᠷᠯᠡᠭᠦᠯᠦᠨ ᠮᠠᠯᠵᠢᠬᠤ ᠠᠯᠠᠰᠢᠨ ᠬᠤᠨᠢᠨ ᠤ ᠮᠥᠷᠳᠡᠵᠦ ᠪᠣᠯᠬᠤᠶᠢᠴᠠ ᠰᠢᠰᠲ᠋ᠧᠮ ᠢ ᠠᠩᠬ᠎ᠠ ᠠᠯᠬᠤᠮ ᠪᠠᠶᠢᠭᠤᠯᠤᠭᠰᠠᠨ ᠪᠠᠶᠢᠨ᠎ᠠ᠃ ᠲᠠᠯ᠎ᠠ ᠨᠤᠲᠤᠭ ᠤᠨ ᠶᠢᠨ ᠹᠧᠩ ᠣᠳᠣ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠦᠢᠯᠡᠰ ᠨᠢ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠪᠦᠯᠦᠭ ᠤᠨ ︽ᠬᠠᠮᠲᠤᠪᠠᠷ ᠦᠢᠯᠡᠰ ᠪᠣᠰᠬᠠᠬᠤ︾ ᠲᠤᠷᠰᠢᠯᠲᠠ ᠶᠢᠨ ᠴᠢᠭ᠋ ᠤᠨ ᠨᠢᠭᠡᠴᠡ ᠪᠣᠯᠣᠭᠰᠠᠨ ᠪᠠᠶᠢᠨ᠎ᠠ᠃ ᠳᠠᠯᠠᠢ ᠨᠠᠭᠤᠷ ᠤᠨ ᠵᠢᠭᠠᠰᠤ ᠨᠢ ︽ᠥᠪᠥᠷ ᠮᠣᠩᠭᠤᠯ ᠤᠨ ᠨᠡᠷᠡᠲᠦ ᠪᠦᠲᠦᠭᠡᠭᠳᠡᠬᠦᠨ︾᠎ ᠢᠶᠠᠷ ᠦᠨᠡᠯᠡᠭᠳᠡᠭᠰᠡᠨ ᠪᠠᠶᠢᠨ᠎ᠠ       — — ᠠᠵᠤ ᠦᠢᠯᠡᠳᠪᠦᠷᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠠᠵᠢᠯ ᠯᠠᠪᠳᠠᠭᠤᠨ ᠪᠠᠲᠤᠲᠠᠢ ᠦᠷ᠎ᠡ ᠪᠦᠲᠦᠮᠵᠢᠲᠡᠢ ᠶᠠᠪᠤᠭᠳᠠᠪᠠ᠃ ᠲᠥᠷᠥᠯ ᠵᠦᠢᠯ ᠢᠶᠠᠷ ᠬᠡᠯᠪᠡᠷᠢ ᠶᠢ ᠬᠤᠪᠢᠷᠠᠭᠤᠯᠬᠤ᠂ ᠨᠡᠮᠡᠭᠳᠡᠯ ᠢ ᠲᠣᠭᠲᠠᠭᠤᠨ ᠪᠠᠶᠢᠯᠭᠠᠬᠤ ᠶᠢ ᠠᠬᠢᠭᠤᠯᠬᠤ ᠶᠢ ᠪᠠᠷᠢᠮᠲᠠᠯᠠᠵᠤ᠂ 19 ᠲᠥᠷᠥᠯ ᠤᠨ 3000 ᠲᠦᠮᠡᠨ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠪᠡᠯᠡ ᠣᠷᠤᠭᠤᠯᠤᠯᠲᠠ ᠶᠢ 34.15 ᠳ᠋ᠦᠩᠰᠢᠭᠤᠷ ᠲᠥᠭᠦᠷᠢᠭ ᠪᠡᠶᠡᠯᠡᠭᠦᠯᠦᠭᠰᠡᠨ ᠪᠠᠶᠢᠨ᠎ᠠ᠃ ᠳ᠋ᠠ ᠲᠠᠩ ᠤᠨ ᠨᠡᠭᠦᠷᠡᠰᠦ ᠶᠢ ᠬᠡᠶᠢᠵᠢᠭᠦᠯᠬᠦ Ⅰ ᠰᠢᠷᠢᠰ ᠨᠢ 7.68 ᠳ᠋ᠦᠩᠰᠢᠭᠤᠷ ᠪᠣᠰᠤᠭ᠎ᠠ ᠳᠥᠷᠪᠡᠯᠵᠢᠨ ᠮᠧᠳ᠋ᠷ ᠪᠠᠶᠢᠭᠠᠯᠢ ᠶᠢᠨ ᠰᠢᠲᠠᠮᠠᠬᠠᠢ ᠬᠡᠢ ᠶᠢ ᠦᠢᠯᠡᠳᠪᠦᠷᠢᠯᠡᠵᠦ᠂ ᠪᠥᠸᠧ ᠶᠤᠸᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠡᠦᠳᠡᠰᠦ᠂ ᠪᠦᠳᠦᠭᠦᠯᠢᠭ ᠪᠧᠨᠣᠯ ᠤᠨ ᠭᠠᠷᠤᠯᠲᠠ ᠨᠢ ᠲᠤᠰᠪᠦᠷᠢ 7.5 ᠲᠦᠮᠡᠨ ᠲᠣᠨ ᠪᠣᠯᠣᠨ 1.42 ᠲᠦᠮᠡᠨ ᠲᠣᠨ ᠳᠤ ᠬᠦᠷᠦᠭᠰᠡᠨ ᠪᠠᠶᠢᠨ᠎ᠠ᠃ ᠶᠢᠨ ᠳ᠋ᠦ᠋ ᠶᠢᠨ ᠱᠢ ᠳ᠋ᠢ ᠳᠠᠬᠢ᠂ ᠭᠤᠸᠠᠩ ᠳ᠋ᠠ ᠶᠢᠨ ᠳ᠋ᠠ ᠳ᠋ᠢ ᠳᠠᠬᠢ᠂ ᠿᠦᠩ ᠪᠠᠩ ᠤᠨ ᠲᠣᠰᠣᠨ ᠭᠡᠷ ᠤᠨ ᠪᠠᠷᠠᠭᠤᠨᠳᠠᠬᠢ ᠠᠭᠤᠷᠬᠠᠢ ᠶᠢ ᠨᠡᠭᠡᠭᠡᠨ ᠬᠥᠭᠵᠢᠭᠦᠯᠬᠦ᠂ ᠢᠩᠲᠦ ᠶᠢᠨ ᠦᠯᠡᠳᠡᠭᠳᠡᠯ ᠠᠭᠤᠷᠬᠠᠢ ᠶᠢᠨ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠬᠡᠷᠡᠭᠵᠢᠭᠦᠯᠦᠭᠰᠡᠨ ᠪᠠᠶᠢᠨ᠎ᠠ᠃ ᠯᠢᠶᠠᠨ ᠢ ᠾᠦᠢ ᠹᠧᠩ ᠤᠨ ᠥᠪᠥᠩᠲᠦ ᠳᠠᠬᠢ 5 ᠲᠦᠮᠡᠨ ᠺᠢᠯᠣᠸᠠᠲ᠂ ᠯᠠᠩ ᠴᠧᠩ ᠿᠦᠢ ᠹᠧᠩ ᠤᠨ ᠱᠠᠩ ᠲᠧᠦ ᠳ᠋ᠢ ᠳᠠᠬᠢ 9.9 ᠲᠦᠮᠡᠨ ᠺᠢᠯᠣᠸᠠᠲ᠂ ᠮᠢᠩ ᠶᠠᠩ ᠤᠨ ᠤᠯᠠᠭᠠᠨ ᠰᠢᠷᠦ᠋ᠢᠲᠤ ᠳᠠᠬᠢ 5 ᠲᠦᠮᠡᠨ ᠺᠢᠯᠣᠸᠠᠲ᠂ ᠵᠦᠩ ᠰᠢᠨ ᠯᠢᠶᠠᠨ ᠢ ᠶᠢᠨ 1.35 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠢ ᠨᠡᠭᠡᠭᠡᠨ ᠬᠥᠭᠵᠢᠭᠦᠯᠬᠦ ᠲᠥᠷᠥᠯ ᠵᠦᠢᠯ ᠤᠨ ᠪᠠᠷᠢᠯᠭ᠎ᠠ ᠶᠢᠨ ᠠᠵᠢᠯ ᠨᠢ ᠳᠠᠭᠤᠰᠤᠨ ᠲᠣᠣᠷᠵᠢᠯ ᠳᠤ ᠣᠷᠣᠵᠤ᠂ ᠴᠣᠭᠴᠠᠯᠠᠪᠤᠷᠢ ᠶᠢᠨ ᠬᠡᠪᠴᠢᠶᠡᠵᠢᠯ ᠨᠢ 21.25 ᠲᠦᠮᠡᠨ ᠺᠢᠯᠣᠸᠠᠲ ᠰᠢᠨ᠎ᠡ ᠪᠠᠷ ᠨᠡᠮᠡᠭᠳᠡᠭᠰᠡᠨ ᠪᠠᠶᠢᠨ᠎ᠠ᠃ ᡁᠢ ᠿᠦᠢ ᠶᠢᠨ 4 × 30 ᠲᠦᠮᠡᠨ ᠺᠢᠯᠣᠸᠠᠲ ᠤᠨ ᠤᠰᠤ ᠲᠠᠲᠠᠨ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠶᠢᠨ ᠲᠥᠷᠥᠯ ᠵᠦᠢᠯ ᠤᠨ ᠪᠣᠳᠠᠲᠤ ᠵᠦᠢᠯᠡᠰ ᠤᠨ ᠪᠠᠶᠢᠴᠠᠭᠠᠯᠲᠠ᠂ ᠤᠰᠤᠨ ᠴᠥᠭᠦᠷᠥᠮ ᠤᠨ ᠣᠷᠣᠨ ᠤ ᠠᠷᠠᠳ ᠢ ᠨᠡᠭᠦᠯᠭᠡᠬᠦ ᠲᠥᠯᠥᠪᠵᠢᠭᠦᠯᠭᠡ ᠶᠢᠨ ᠬᠥᠲᠥᠯᠪᠦᠷᠢ ᠪᠣᠯᠣᠨ ᠪᠣᠯᠣᠮᠵᠢᠲᠤ ᠰᠤᠳᠤᠯᠭᠠᠨ ᠤ ᠮᠡᠳᠡᠭᠦᠯᠦᠯᠲᠡ ᠶᠢᠨ ᠬᠢᠨᠠᠨ ᠪᠠᠶᠢᠴᠠᠭᠠᠯᠲᠠ ᠶᠢ ᠪᠡᠶᠡᠯᠡᠭᠦᠯᠦᠭᠰᠡᠨ ᠪᠠᠶᠢᠨ᠎ᠠ᠃ ᠨᠡᠶᠢᠰᠯᠡᠯ ᠬᠤᠲᠠ ᠶᠢᠨ ᠰᠢᠨ᠎ᠡ ᠡᠨᠧᠷᠭᠢ ᠶᠢᠨ ᠰᠠᠯᠬᠢᠨ ᠮᠠᠰᠢᠨ ᠤ ᠪᠦᠬᠦᠯᠢ ᠮᠠᠰᠢᠨ ᠢ ᠦᠢᠯᠡᠳᠬᠦ ᠲᠥᠷᠥᠯ ᠵᠦᠢᠯ ᠤᠨ ᠭᠤᠣᠯ ᠴᠣᠭᠴᠠ ᠶᠢ ᠪᠠᠶᠢᠭᠤᠯᠵᠤ ᠳᠠᠭᠤᠰᠤᠭᠰᠠᠨ ᠪᠠᠶᠢᠨ᠎ᠠ᠃ ᠡᠷᠭᠢᠯᠲᠡᠲᠦ ᠠᠵᠤ ᠠᠬᠤᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠨᠢ ᠥᠪᠡᠷᠲᠡᠭᠡᠨ ᠵᠠᠰᠠᠬᠤ ᠣᠷᠣᠨ ᠤ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠭᠰᠡᠨ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠣᠯᠣᠨ ᠳᠡᠰ ᠳᠡᠪᠰᠢᠭᠰᠡᠨ ᠪᠠᠶᠢᠨ᠎ᠠ᠃       — — ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠲᠦᠪᠰᠢᠨ ᠲᠠᠰᠤᠷᠠᠯᠲᠠ ᠦᠭᠡᠢ ᠳᠡᠭᠡᠭᠰᠢᠯᠡᠪᠡ᠃ ᠵᠢᠭᠤᠯᠴᠢᠯᠠᠯ ᠤᠨ ᠨᠡᠭᠡᠭᠡᠨ ᠬᠥᠭᠵᠢᠭᠦᠯᠬᠦ ᠪᠦᠲᠦᠭᠡᠨ ᠪᠠᠶᠢᠭᠤᠯᠤᠯᠲᠠ ᠳᠤ 3.2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠭᠠᠯᠳᠠᠰᠤᠲᠠᠢ ᠷᠠᠰᠢᠶᠠᠨ ᠤ ᠭᠤᠣᠯ ᠤᠨ ᠡᠮᠦᠨ᠎ᠡ ᠬᠥᠪᠡᠭᠡ ᠶᠢᠨ ᠭᠠᠯᠳᠠᠰᠤᠲᠠᠢ ᠬᠠᠯᠠᠭᠤᠨ ᠷᠠᠰᠢᠶᠠᠨ ᠤ ᠵᠢᠭᠤᠯᠴᠢᠯᠠᠯ ᠠᠮᠠᠷᠠᠯᠲᠠ ᠶᠢᠨ ᠲᠣᠭᠤᠷᠢᠭ ᠤᠨ Ⅰ ᠬᠤᠭᠤᠴᠠᠭ᠎ᠠ᠂ ᠠᠰᠬᠠᠲᠤ ᠶᠢᠨ ᠴᠢᠯᠠᠭᠤᠨ ᠣᠢ ᠶᠢᠨ ᠦᠵᠡᠮᠵᠢ ᠶᠢᠨ ᠣᠷᠣᠨ ᠤ ᠠᠮᠢᠳᠤᠷᠠᠯ ᠤᠨ ᠦᠢᠯᠡᠴᠢᠯᠡᠭᠡᠨ ᠤ ᠲᠣᠭᠤᠷᠢᠭ᠂ ᠤᠯᠠᠭᠠᠨᠪᠤᠲᠤᠩ ᠤᠨ ᠦᠵᠡᠮᠵᠢ ᠶᠢᠨ ᠣᠷᠣᠨ ᠤ ᠦᠢᠯᠡᠴᠢᠯᠡᠭᠡᠨ ᠤ ᠲᠥᠬᠦᠭᠡᠷᠦᠮᠵᠢ᠂ ᠰᠢᠷᠠᠮᠥ᠋ᠷᠡᠨ ᠤ ᠦᠵᠡᠮᠵᠢ ᠶᠢᠨ ᠣᠷᠣᠨ ᠤ Ⅰ ᠬᠤᠭᠤᠴᠠᠭ᠎ᠠ ᠵᠡᠷᠭᠡ ᠲᠥᠷᠥᠯ ᠵᠦᠢᠯ ᠢ ᠡᠮᠬᠢ ᠳᠠᠷᠠᠭ᠎ᠠ ᠲᠠᠢ ᠠᠬᠢᠭᠤᠯᠵᠤ᠂ ᠠᠰᠬᠠᠲᠤ ᠶᠢᠨ ᠴᠢᠯᠠᠭᠤᠨ ᠣᠢ ᠠᠴᠠ ᠪᠠᠶᠢᠰᠢᠩᠲᠤ ᠬᠦᠷᠬᠦ᠂ ᠡᠮᠦᠨ᠎ᠡ ᠡᠭᠦᠳᠡᠨ ᠠᠴᠠ ᠪᠠᠷᠠᠭᠤᠨ ᠡᠭᠦᠳᠡ ᠬᠦᠷᠬᠦ ᠵᠢᠭᠤᠯᠴᠢᠯᠠᠯ ᠤᠨ ᠵᠠᠰᠠᠮᠠᠯ ᠵᠡᠮ ᠤᠨ ᠪᠠᠷᠢᠯᠭ᠎ᠠ ᠶᠢ ᠡᠬᠢᠯᠡᠭᠦᠯᠦᠨ ᠪᠦᠲᠦᠭᠡᠨ ᠪᠠᠶᠢᠭᠤᠯᠵᠤ᠂ ᠠᠰᠬᠠᠲᠤ ᠶᠢᠨ ᠴᠢᠯᠠᠭᠤᠨ ᠣᠢ ᠶᠢᠨ ᠤᠯᠤᠰ ᠤᠨ 5A ᠳᠡᠰ ᠤᠨ ᠦᠵᠡᠮᠵᠢ ᠶᠢᠨ ᠣᠷᠣᠨ ᠤ ᠴᠣᠭᠴᠠᠯᠠᠬᠤ ᠲᠥᠷᠥᠯ ᠵᠦᠢᠯ ᠤᠨ ᠡᠬᠢ ᠪᠠᠶᠠᠯᠢᠭ ᠤᠨ ᠦᠨᠡᠯᠡᠯᠲᠡ ᠨᠢ ᠤᠯᠤᠰ ᠤᠨ ᠵᠢᠭᠤᠯᠴᠢᠯᠠᠯ ᠤᠨ ᠲᠣᠪᠴᠢᠶ᠎ᠠ ᠶᠢᠨ ᠬᠢᠨᠠᠨ ᠲᠣᠭᠲᠠᠭᠠᠬᠤ ᠪᠠᠷᠢᠮᠵᠢᠶ᠎ᠠ ᠳᠤ ᠬᠦᠷᠴᠦ᠂ ᠤᠯᠤᠰ ᠤᠨ ᠪᠦᠬᠦ ᠣᠷᠣᠨ ᠬᠡᠪᠴᠢᠶᠡᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠴᠣᠭᠴᠠᠯᠠᠬᠤ ᠨᠢᠭᠡᠴᠡ ᠳᠤ ᠠᠮᠵᠢᠯᠲᠠ ᠲᠠᠢ ᠰᠣᠩᠭᠤᠭᠳᠠᠨ ᠣᠷᠣᠭᠰᠠᠨ ᠪᠠᠶᠢᠨ᠎ᠠ᠃ ᠰᠣᠶᠣᠯ ᠤᠨ ᠵᠢᠭᠤᠯᠴᠢᠯᠠᠯ ᠤᠨ ᠺᠣᠮᠫᠠᠨᠢ ᠶᠢ ᠪᠠᠶᠢᠭᠤᠯᠤᠨ ᠡᠵᠡᠩᠨᠡᠯᠲᠡ ᠳᠤ ᠣᠷᠣᠭᠤᠯᠵᠤ᠂ ᠠᠰᠬᠠᠲᠤ ᠶᠢᠨ ᠴᠢᠯᠠᠭᠤᠨ ᠣᠢ᠂ ᠪᠠᠶᠠᠨ ᠣᠪᠣᠭ᠎ᠠ᠂ ᠤᠯᠠᠭᠠᠨᠪᠤᠲᠤᠩ᠂ ᠭᠦᠩᠵᠦ ᠨᠠᠭᠤᠷ᠂ ᠰᠢᠨ᠎ᠡ ᠲᠠᠯ᠎ᠠ ᠶᠢᠨ ᠦᠵᠡᠮᠵᠢ ᠶᠢᠨ ᠣᠷᠣᠨ ᠢ ᠨᠢᠭᠡᠳᠬᠡᠬᠦ ᠶᠢ ᠪᠡᠶᠡᠯᠡᠭᠦᠯᠦᠭᠰᠡᠨ ᠪᠠᠶᠢᠨ᠎ᠠ᠃ ᠵᠢᠭᠤᠯᠴᠢᠯᠠᠯ ᠤᠨ ᠬᠠᠮᠢᠶᠠᠷᠤᠯᠲᠠ ᠶᠢᠨ ᠵᠥᠪᠯᠡᠯ ᠤᠨ ᠲᠥᠪᠯᠡᠷᠡᠭᠦᠯᠦᠨ ᠬᠢᠨᠠᠨ ᠵᠥᠪᠰᠢᠶᠡᠷᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠵᠢᠭᠤᠯᠴᠢᠯᠠᠯ ᠤᠨ ᠴᠠᠭᠳᠠᠭ᠎ᠠ ᠶᠢᠨ ᠳᠤᠮᠳᠠ ᠠᠩᠭᠢ ᠪᠣᠯᠣᠨ ᠠᠮᠢ ᠠᠬᠤᠢ ᠶᠢᠨ ᠵᠢᠭᠤᠯᠴᠢᠯᠠᠯ ᠤᠨ ᠬᠠᠤᠯᠢ ᠬᠡᠷᠡᠭᠵᠢᠭᠦᠯᠬᠦ ᠶᠡᠭᠡ ᠠᠩᠭᠢ ᠵᠢᠪᠠᠶᠢᠭᠤᠯᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠲᠢᠭᠯᠢᠮ ᠢᠯᠡᠷᠬᠡᠢ ᠰᠠᠶᠢᠵᠢᠷᠠᠭᠰᠠᠨ ᠪᠠᠶᠢᠨ᠎ᠠ᠃ ᠡᠪᠦᠯ ᠤᠨ ᠤᠯᠠᠷᠢᠯ ᠤᠨ ᠵᠢᠭᠤᠯᠴᠢᠯᠠᠯ ᠤᠨ ᠨᠠᠶᠢᠷ᠂ ᠬᠠᠯᠢᠯ ᠰᠢᠬᠦᠷ ᠤᠨ ᠮᠠᠰᠲ᠋ᠧᠷ ᠤᠨ ᠤᠷᠤᠯᠳᠤᠭᠠᠨ ᠵᠡᠷᠭᠡ ᠭᠤᠣᠯ ᠰᠡᠳᠦᠪᠲᠦ ᠠᠵᠢᠯᠯᠠᠭᠠᠨ ᠢ ᠤᠷᠤᠭᠰᠢᠲᠠᠢ ᠡᠷᠬᠢᠯᠡᠨ ᠶᠠᠪᠤᠭᠳᠠᠭᠤᠯᠵᠤ᠂ ᠵᠢᠭᠤᠯᠴᠢᠯᠠᠯ ᠤᠨ ᠨᠡᠷᠡᠲᠦ ᠲᠡᠮᠳᠡᠭ ᠤᠨ ᠳᠦᠷᠢ ᠲᠥᠷᠬᠦ ᠢᠯᠡᠷᠬᠡᠢ ᠳᠡᠭᠡᠭᠰᠢᠯᠡᠭᠰᠡᠨ ᠪᠠᠶᠢᠨ᠎ᠠ᠃ ᠪᠥᠬᠦ ᠵᠢᠯ ᠳᠤ ᠤᠯᠤᠰ ᠤᠨ ᠳᠣᠲᠣᠭᠠᠳᠤ ᠭᠠᠳᠠᠭᠠᠳᠤ ᠶᠢᠨ ᠵᠢᠭᠤᠯᠴᠢᠯᠠᠭᠴᠢᠳ ᠤᠨ 470 ᠲᠦᠮᠡᠨ ᠬᠥᠮᠥᠨ ᠤᠳᠠᠭ᠎ᠠ ᠬᠦᠯᠢᠶᠡᠨ ᠠᠪᠴᠤ᠂ ᠵᠢᠭᠤᠯᠴᠢᠯᠠᠯ ᠤᠨ ᠶᠡᠷᠦᠩᠬᠡᠶᠢᠯᠡᠭᠰᠡᠨ ᠣᠷᠣᠯᠭ᠎ᠠ ᠶᠢ 40 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ ᠲᠤᠰᠪᠦᠷᠢ 9.3% ᠪᠣᠯᠣᠨ 14.2%᠎ ᠢᠶᠠᠷ ᠨᠡᠮᠡᠭᠳᠡᠭᠰᠡᠨ ᠪᠠᠶᠢᠨ᠎ᠠ᠃ ᠡᠯᠧᠺᠳ᠋ᠷᠣᠨ ᠬᠤᠳᠠᠯᠳᠤᠭᠠᠨ ᠤ ᠶᠠᠪᠤᠳᠠᠯ ᠤᠨ ᠢᠨᠵᠧᠨᠧᠷᠢᠩ ᠢ ᠨᠠᠶᠢᠳᠠᠪᠤᠷᠢᠵᠢᠭᠤᠯᠤᠨ ᠬᠡᠷᠡᠭᠵᠢᠭᠦᠯᠵᠦ᠂ ᠪᠦᠬᠦ ᠤᠯᠤᠰ ᠤᠨ ᠡᠯᠧᠺᠳ᠋ᠷᠣᠨ ᠬᠤᠳᠠᠯᠳᠤᠭᠠᠨ ᠤ ᠶᠠᠪᠤᠳᠠᠯ ᠢ ᠮᠠᠯᠵᠢᠬᠤ ᠲᠠᠷᠢᠶᠠᠯᠠᠬᠤ ᠣᠷᠣᠨ ᠳᠤ ᠬᠦᠷᠭᠡᠬᠦ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠬᠤᠰᠢᠭᠤ ᠪᠣᠯᠣᠭᠰᠠᠨ ᠪᠠᠶᠢᠨ᠎ᠠ᠃       — — ᠥᠭᠡᠷᠡᠴᠢᠯᠡᠯᠲᠡ ᠨᠡᠭᠡᠭᠡᠯᠲᠡ ᠦᠷᠭᠦᠯᠵᠢᠯᠡᠨ ᠭᠦᠨᠵᠡᠭᠡᠶᠢᠷᠡᠪᠡ᠃ ︽ᠭᠤᠷᠪᠠ ᠶᠢ ᠬᠦᠴᠦᠨ ᠦᠭᠡᠢ ᠪᠣᠯᠭᠠᠨ ᠨᠢᠭᠡ ᠶᠢ ᠪᠠᠭᠤᠷᠠᠭᠤᠯᠤᠨ ᠨᠢᠭᠡ ᠶᠢ ᠨᠥᠬᠦᠪᠦᠷᠢᠯᠡᠬᠦ︾᠎ ᠶᠢ ᠭᠦᠨᠵᠡᠭᠡᠢ ᠨᠠᠶᠢᠳᠠᠪᠤᠷᠢᠵᠢᠭᠤᠯᠵᠤ᠂ ᠬᠤᠳᠠᠯᠳᠤᠬᠤ ᠪᠠᠷ ᠪᠠᠶᠢᠭ᠎ᠠ ᠲᠠᠸᠠᠷ ᠤᠨ ᠣᠷᠣᠨ ᠰᠠᠭᠤᠴᠠ ᠶᠢ 1749 ᠢᠵᠢ ᠬᠠᠰᠤᠵᠤ᠂ ᠠᠵᠤ ᠠᠬᠤᠶᠢᠯᠠᠯ ᠴᠠᠬᠢᠯᠭᠠᠨ ᠤ ᠦᠨ᠎ᠡ᠂ ᠭᠠᠶᠢᠯᠢ ᠶᠢᠨ ᠰᠦᠢᠳᠬᠡᠯ ᠵᠡᠷᠭᠡ ᠶᠢᠨ ᠥᠪᠡᠷ ᠤᠨ ᠥᠷᠲᠡᠭ ᠢ 3000 ᠲᠦᠮᠡᠨ ᠲᠥᠭᠦᠷᠢᠭ ᠪᠠᠭᠤᠷᠠᠭᠤᠯᠤᠭᠰᠠᠨ ᠪᠠᠶᠢᠨ᠎ᠠ᠃ ᠠᠵᠤ ᠠᠬᠤᠶᠢᠯᠠᠯ ᠤᠨ ᠳᠠᠩᠰᠠᠯᠠᠯᠲᠠ ᠶᠢᠨ ︽ᠲᠠᠪᠤᠨ ᠡᠷᠬᠡ ᠶᠢ ᠨᠢᠭᠡᠳᠬᠡᠬᠦ᠂ ᠨᠢᠭᠡ ᠦᠨᠡᠮᠯᠡᠯ ᠳᠤ ᠨᠢᠭᠡ ᠯᠠ ᠨᠣᠮᠧᠷ ᠪᠠᠶᠢᠬᠤ︾ ᠪᠣᠯᠣᠨ ᠬᠤᠪᠢ ᠶᠢᠨ ᠡᠵᠡᠩᠨᠡᠯᠲᠡ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ︽ᠬᠤᠶᠠᠷ ᠡᠷᠬᠡ ᠶᠢ ᠨᠢᠭᠡᠳᠬᠡᠬᠦ︾᠎ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠳᠤ 2226 ᠡᠷᠦᠬᠡ ᠰᠢᠨ᠎ᠡ ᠪᠠᠷ ᠨᠡᠮᠡᠭᠳᠡᠭᠰᠡᠨ ᠪᠠᠶᠢᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ ᠠᠬᠢᠴᠠ ᠶᠢ ᠲᠠᠰᠤᠷᠠᠯᠲᠠ ᠦᠭᠡᠢ ᠲᠦᠷᠭᠡᠳᠬᠡᠵᠦ᠂ ᠬᠤᠰᠢᠭᠤ ᠰᠢᠶᠠᠩ ᠲᠣᠰᠬᠤᠨ ᠤ ᠬᠢᠨᠠᠨ ᠵᠥᠪᠰᠢᠶᠡᠷᠡᠯ ᠤᠨ ᠭᠤᠷᠪᠠᠨ ᠱᠠᠲᠤᠨ ᠤ ᠬᠤᠯᠪᠣᠯᠴᠠᠯ ᠢ ᠪᠡᠶᠡᠯᠡᠭᠦᠯᠦᠭᠰᠡᠨ ᠪᠠᠶᠢᠨ᠎ᠠ᠃ ᠤᠯᠤᠰ ᠤᠨ ᠭᠠᠶᠢᠯᠢ ᠣᠷᠣᠨ ᠨᠤᠲᠤᠭ ᠤᠨ ᠭᠠᠶᠢᠯᠢ ᠶᠢᠨ ᠰᠦᠯᠵᠢᠶ᠎ᠡ ᠶᠢᠨ ᠬᠠᠷᠢᠯᠴᠠᠨ ᠬᠤᠯᠪᠣᠯᠴᠠᠨ ᠨᠡᠪᠲᠡᠷᠡᠯᠴᠡᠬᠦ ᠶᠢ ᠪᠡᠶᠡᠯᠡᠭᠦᠯᠵᠦ᠂ ᠶᠡᠷᠦᠩᠬᠡᠶᠢᠯᠡᠭᠰᠡᠨ ᠭᠠᠶᠢᠯᠢ ᠶᠢᠨ ᠦᠢᠯᠡᠴᠢᠯᠡᠭᠡᠨ ᠤ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ︽ᠲᠠᠪᠤᠨ ᠣᠳᠣᠨ ᠳᠡᠰ︾᠎ ᠤᠨ ᠨᠢᠭᠡᠴᠡ ᠪᠠᠷ ᠦᠨᠡᠯᠡᠭᠳᠡᠭᠰᠡᠨ ᠪᠠᠶᠢᠨ᠎ᠠ᠃ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠣᠪᠴᠢᠶ᠎ᠠ ᠶᠢ ᠪᠠᠶᠢᠭᠤᠯᠵᠤ᠂ ᠥᠯᠥ ᠬᠥᠳᠡᠯᠬᠦ ᠬᠥᠷᠥᠩᠭᠡ ᠶᠢᠨ ᠥᠮᠴᠢᠯᠡᠯ ᠤᠨ ᠦᠨᠡᠮᠯᠡᠯ ᠢ 1918 ᠬᠤᠪᠢ ᠲᠠᠷᠬᠠᠭᠠᠭᠰᠠᠨ ᠪᠠᠶᠢᠨ᠎ᠠ᠃ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ 59 ᠠᠵᠢᠯ ᠦᠢᠯᠡᠰ ᠤᠨ ᠨᠢᠭᠡᠴᠡ ᠶᠢ ᠴᠣᠮᠬᠠᠳᠬᠠᠭᠰᠠᠨ ᠪᠠᠶᠢᠨ᠎ᠠ᠃ ᠨᠤᠲᠤᠭ ᠪᠡᠯᠴᠢᠭᠡᠷ ᠤᠨ ᠡᠷᠬᠡ ᠶᠢ ᠲᠣᠭᠲᠠᠭᠠᠬᠤ ᠠᠵᠢᠯ ᠨᠢ ᠥᠪᠡᠷᠲᠡᠭᠡᠨ ᠵᠠᠰᠠᠬᠤ ᠣᠷᠣᠨ ᠤ ᠰᠢᠯᠭᠠᠨ ᠬᠤᠷᠢᠶᠠᠬᠤ ᠪᠠᠷᠢᠮᠵᠢᠶ᠎ᠠ ᠳᠤ ᠬᠦᠷᠴᠦ᠂ ᠭᠠᠵᠠᠷ ᠰᠢᠷᠣᠢ ᠶᠢᠨ ᠡᠷᠬᠡ ᠶᠢᠨ ᠲᠣᠭᠲᠠᠭᠠᠬᠤ᠂ ᠤᠯᠤᠰ ᠤᠨ ᠣᠢ ᠰᠢᠭᠤᠢ ᠶᠢᠨ ᠲᠠᠯᠠᠪᠠᠢ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠬᠡᠷᠡᠭᠵᠢᠭᠦᠯᠦᠭᠰᠡᠨ ᠪᠠᠶᠢᠨ᠎ᠠ᠃ ᠭᠤᠷᠪᠠᠳᠤᠭᠠᠷ ᠤᠳᠠᠭᠠᠨ ᠤ ᠲᠠᠷᠢᠶᠠᠯᠠᠩ ᠤᠨ ᠨᠡᠶᠢᠳᠡᠮ ᠤᠨ ᠪᠠᠶᠢᠴᠠᠭᠠᠯᠲᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠴᠢᠭ᠋ ᠤᠨ ᠠᠵᠢᠯ ᠤᠷᠤᠭᠰᠢᠲᠠᠢ ᠶᠠᠪᠤᠭᠳᠠᠭᠰᠠᠨ ᠪᠠᠶᠢᠨ᠎ᠠ᠃ ᠪᠢᠷᠠᠭᠤ ᠠᠴᠠ ᠤᠯᠠᠭᠠᠨᠪᠤᠲᠤᠩ ᠬᠦᠷᠬᠦ ᠥᠨᠳᠥᠷ ᠬᠤᠷᠳᠤᠴᠠᠲᠤ ᠵᠠᠰᠠᠮᠠᠯ ᠵᠠᠮ ᠨᠢ ᠪᠦᠬᠦ ᠤᠯᠤᠰ ᠤᠨ ᠨᠢᠭᠡᠳᠦᠭᠡᠷ ᠪᠦᠯᠦᠭ ᠤᠨ PPP᠎ ᠤᠨ ᠤᠷᠢᠳ ᠢᠶᠠᠷ ᠬᠡᠷᠡᠭᠵᠢᠭᠦᠯᠬᠦ ᠲᠤᠷᠰᠢᠯᠲᠠ ᠶᠢᠨ ᠴᠢᠭ᠋ ᠤᠨ ᠢᠨᠵᠧᠨᠧᠷᠢᠩ ᠳᠤ ᠵᠢᠭᠰᠠᠭᠠᠭᠳᠠᠨ ᠣᠷᠣᠭᠰᠠᠨ ᠪᠠᠶᠢᠨ᠎ᠠ᠃ ᠬᠤᠶᠠᠷ ᠡᠷᠬᠡ ᠶᠢ ᠪᠠᠷᠢᠴᠠᠭᠠᠯᠠᠬᠤ ᠲᠤᠷᠰᠢᠯᠲᠠ ᠶᠢᠨ ᠴᠢᠭ᠋ ᠤᠨ ᠠᠵᠢᠯ ᠢ ᠪᠦᠬᠦ ᠲᠠᠯ᠎ᠠ ᠪᠠᠷ ᠡᠬᠢᠯᠡᠭᠦᠯᠵᠦ᠂ ᠪᠠᠷᠢᠴᠠᠭᠠᠨ ᠤ ᠵᠢᠭᠡᠯᠡᠯᠭᠡ ᠶᠢᠨ ᠮᠥᠩᠭᠦ ᠨᠢ ᠨᠡᠶᠢᠲᠡ 1.66 ᠳ᠋ᠦᠩᠰᠢᠭᠤᠷ ᠲᠥᠭᠦᠷᠢᠭ ᠲᠤ ᠬᠦᠷᠦᠭᠰᠡᠨ ᠪᠠᠶᠢᠨ᠎ᠠ᠃ ᠪᠠᠩᠬᠢ ᠪᠣᠯᠣᠨ ᠵᠠᠰᠠᠭ ᠤᠨ ᠣᠷᠳᠣᠨ ᠤᠶᠠᠯᠳᠤᠬᠤ᠂ ᠮᠥᠩᠭᠦᠨ ᠭᠦᠢᠯᠭᠡᠭᠡᠨ ᠤ ᠲᠦᠷᠢᠶᠡᠰᠦᠯᠡᠯ᠂ ᠬᠥᠷᠥᠩᠭᠡ ᠶᠢ ᠬᠤᠪᠢᠴᠠᠭᠠᠯᠠᠬᠤ᠂ PPP ᠵᠡᠷᠭᠡ ᠠᠷᠭ᠎ᠠ ᠬᠡᠯᠪᠡᠷᠢ ᠶᠢ ᠬᠡᠷᠡᠭᠯᠡᠨ 150 ᠳ᠋ᠦᠩᠰᠢᠭᠤᠷ ᠲᠥᠭᠦᠷᠢᠭ ᠤᠨ ᠪᠡᠯᠡ ᠲᠣᠬᠢᠷᠠᠭᠤᠯᠤᠭᠰᠠᠨ ᠪᠠᠶᠢᠨ᠎ᠠ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠬᠠᠮᠢᠶᠠᠷᠤᠯᠲᠠ ᠪᠣᠯᠣᠨ ᠬᠢᠨᠠᠨ ᠰᠢᠯᠭᠠᠵᠤ ᠱᠠᠩᠨᠠᠨ ᠬᠥᠬᠢᠭᠦᠯᠬᠦ ᠵᠣᠬᠢᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠠᠭᠤᠨ ᠡᠳᠦᠷ ᠤᠨ ᠪᠠᠬᠢᠯᠡᠯᠲᠡ ᠰᠢᠪᠲᠤᠯᠬᠤ ᠠᠵᠢᠯᠯᠠᠭᠠᠨ ᠢ ᠬᠦᠴᠦᠲᠡᠢ ᠠᠬᠢᠭᠤᠯᠵᠤ᠂ ᠪᠦᠬᠦ ᠵᠢᠯ ᠳᠤ ᠤᠯᠤᠰ ᠤᠨ ᠳᠣᠲᠣᠭᠠᠳᠤ ᠣᠷᠣᠨ ᠤ ᠭᠠᠳᠠᠨ᠎ᠠ ᠠᠴᠠ 38.3 ᠳ᠋ᠦᠩᠰᠢᠭᠤᠷ ᠲᠥᠭᠦᠷᠢᠭ ᠤᠨ ᠪᠡᠯᠡ ᠲᠠᠲᠠᠵᠤ ᠂ ᠪᠡᠭᠡᠵᠢᠩ ᠪᠣᠯᠣᠨ ᠥᠪᠥᠷ ᠮᠣᠩᠭᠤᠯ ᠤᠨ ᠠᠵᠢᠯ ᠲᠥᠷᠥᠯ ᠢᠶᠠᠷ ᠬᠠᠷᠠᠭᠠᠯᠵᠠᠭᠤᠯᠤᠨ ᠬᠠᠪᠰᠤᠷᠤᠨ ᠲᠡᠳᠬᠦᠬᠦ ᠪᠡᠯᠡ ᠮᠥᠩᠭᠦ ᠶᠢ 750 ᠲᠦᠮᠡᠨ ᠲᠥᠭᠦᠷᠢᠭ ᠲᠡᠮᠡᠴᠡᠨ ᠣᠯᠵᠤ᠂ ᠬᠤᠲᠠ ᠠᠴᠠ ᠲᠤᠰᠢᠶᠠᠭᠰᠠᠨ ᠬᠠᠷᠠᠯᠲᠠ ᠡᠭᠦᠷᠭᠡ ᠶᠢ ᠳᠠᠪᠠᠭᠤᠯᠤᠨ ᠪᠡᠶᠡᠯᠡᠭᠦᠯᠦᠭᠰᠡᠨ ᠪᠠᠶᠢᠨ᠎ᠠ᠃       ᠨᠢᠭᠡ ᠵᠢᠯ ᠤᠨ ᠲᠤᠷᠰᠢ᠂ ᠪᠢᠳᠡ ᠠᠮᠢ ᠠᠬᠤᠢ ᠪᠠᠷ ᠬᠤᠰᠢᠭᠤ ᠪᠠᠨ ᠪᠠᠶᠢᠭᠤᠯᠬᠤ ᠶᠢ ᠪᠠᠷᠢᠮᠲᠠᠯᠠᠵᠤ᠂ ᠠᠮᠢ ᠠᠬᠤᠢ ᠶᠢᠨ ᠬᠠᠮᠠᠭᠠᠯᠠᠯᠲᠠ ᠪᠣᠯᠣᠨ ᠪᠦᠲᠦᠭᠡᠨ ᠪᠠᠶᠢᠭᠤᠯᠤᠯᠲᠠ ᠢᠯᠡᠷᠬᠡᠢ ᠦᠷ᠎ᠡ ᠪᠦᠲᠦᠮᠵᠢ ᠣᠯᠣᠭᠰᠠᠨ ᠪᠠᠶᠢᠨ᠎ᠠ᠃ ᠠᠮᠢ ᠠᠬᠤᠢ ᠶᠢᠨ ᠬᠠᠮᠠᠭᠠᠯᠠᠯᠲᠠ ᠪᠣᠯᠣᠨ ᠪᠦᠲᠦᠭᠡᠨ ᠪᠠᠶᠢᠭᠤᠯᠤᠯᠲᠠ ᠳᠤ 5.23 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠪᠠᠶᠢᠨ᠎ᠠ᠃ ᠮᠣᠳᠣ ᠲᠠᠷᠢᠵᠤ ᠣᠶᠢᠵᠢᠭᠤᠯᠬᠤ ᠶᠢ 13.3 ᠲᠦᠮᠡᠨ ᠮᠦ᠂ ᠭᠤᠣᠯᠳᠠᠯᠭ᠎ᠠ ᠲᠠᠢ ᠣᠷᠣᠨ ᠬᠡᠪᠴᠢᠶᠡᠨ ᠤ ᠨᠣᠭᠤᠭᠠᠷᠠᠭᠤᠯᠤᠯᠲᠠ ᠶᠢ 2.1 ᠲᠦᠮᠡᠨ ᠮᠦ᠂ ᠪᠠᠭ᠎ᠠ ᠰᠠᠪᠠ ᠭᠠᠵᠠᠷ ᠤᠨ ᠵᠠᠰᠠᠯᠲᠠ ᠶᠢ 5.7 ᠲᠦᠮᠡᠨ ᠮᠦ ᠰᠢᠨ᠎ᠡ ᠪᠠᠷ ᠨᠡᠮᠡᠭᠳᠡᠭᠦᠯᠵᠦ᠂ ᠨᠣᠭᠤᠭᠠᠷᠠᠭᠤᠯᠤᠯᠲᠠ ᠶᠢᠨ ᠬᠡᠪᠴᠢᠶᠡᠵᠢᠯ ᠨᠢ ᠥᠩᠭᠡᠷᠡᠭᠰᠡᠨ ᠵᠢᠯ ᠤᠳ ᠤᠨ ᠬᠠᠮᠤᠭ ᠥᠨᠳᠥᠷ ᠲᠡᠮᠳᠡᠭᠯᠡᠯ ᠢ ᠡᠭᠦᠳᠴᠦ᠂ ᠪᠦᠬᠦ ᠤᠯᠤᠰ ᠤᠨ ᠣᠢ ᠰᠢᠭᠤᠢ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠬᠤᠰᠢᠭᠤ ᠰᠢᠶᠠᠨ ᠪᠣᠯᠣᠭᠰᠠᠨ ᠪᠠᠶᠢᠨ᠎ᠠ᠃ ᠰᠢᠨ᠎ᠡ ᠨᠢᠭᠡᠨ ᠬᠤᠭᠤᠴᠠᠭᠠᠨ ᠤ ᠨᠤᠲᠤᠭ ᠪᠡᠯᠴᠢᠭᠡᠷ ᠤᠨ ᠠᠮᠢ ᠠᠬᠤᠢ ᠶᠢᠨ ᠨᠥᠬᠦᠪᠦᠷᠢ ᠣᠯᠭᠤᠨ ᠱᠠᠩᠨᠠᠬᠤ ᠪᠡᠯᠡ ᠮᠥᠩᠭᠦ ᠶᠢ 1.96 ᠳ᠋ᠦᠩᠰᠢᠭᠤᠷ ᠲᠥᠭᠦᠷᠢᠭ ᠨᠠᠶᠢᠳᠠᠪᠤᠷᠢᠵᠢᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠨ ᠨᠤᠲᠤᠭ ᠪᠡᠯᠴᠢᠭᠡᠷ ᠢ ᠰᠡᠷᠭᠦᠭᠡᠬᠦ ᠲᠠᠯᠠᠪᠠᠢ ᠨᠢ 2515 ᠲᠦᠮᠡᠨ ᠮᠦ ᠳᠤ ᠬᠦᠷᠦᠭᠰᠡᠨ ᠪᠠᠶᠢᠨ᠎ᠠ᠃ ᠠᠮᠢ ᠠᠬᠤᠢ ᠶᠢᠨ ᠬᠠᠮᠠᠭᠠᠯᠠᠯᠲᠠ ᠶᠢᠨ ᠨᠡᠩ ᠴᠢᠩᠭ᠎ᠠ ᠳᠦᠷᠢᠮ ᠢ ᠬᠡᠷᠡᠭᠵᠢᠭᠦᠯᠵᠦ᠂ ᠬᠠᠤᠯᠢ ᠠᠴᠠ ᠵᠥᠷᠢᠴᠡᠨ ᠪᠦᠲᠦᠭᠡᠨ ᠪᠠᠶᠢᠭᠤᠯᠬᠤ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯᠯᠠᠭᠠᠨ ᠢ ᠯᠠᠪᠳᠠᠭᠤᠨ ᠪᠠᠲᠤᠲᠠᠢ ᠥᠷᠨᠢᠭᠦᠯᠵᠦ᠂ ᠭᠠᠳᠠᠨᠠᠬᠢ ᠮᠠᠯ ᠢ 70 ᠲᠦᠮᠡᠨ ᠲᠤᠭ᠎ᠠ ᠲᠣᠯᠣᠭᠠᠢ ᠴᠡᠪᠡᠷᠯᠡᠵᠦ ᠂ ᠲᠣᠷᠭᠠᠭᠤᠯᠢ ᠶᠢᠨ ᠮᠥᠩᠭᠦ ᠶᠢ 1177 ᠲᠦᠮᠡᠨ ᠲᠥᠭᠦᠷᠢᠭ ᠬᠤᠷᠢᠶᠠᠵᠤ᠂ ᠬᠠᠤᠯᠢ ᠠᠴᠠ ᠵᠥᠷᠢᠴᠡᠨ ᠪᠦᠲᠦᠭᠡᠨ ᠪᠠᠶᠢᠭᠤᠯᠬᠤ᠂ ᠨᠤᠲᠤᠭ ᠪᠡᠯᠴᠢᠭᠡᠷ ᠢ ᠡᠪᠳᠡᠬᠦ ᠵᠡᠷᠭᠡ ᠠᠵᠢᠯᠯᠠᠭ᠎ᠠ ᠶᠢ ᠪᠦᠲᠦᠮᠵᠢᠲᠡᠢ ᠬᠢᠵᠠᠭᠠᠷᠯᠠᠵᠤ᠂ ᠪᠦᠬᠦ ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠵᠢᠭᠤᠯᠴᠢᠯᠠᠯ ᠤᠨ ᠵᠣᠷᠢᠯᠲᠠ ᠶᠢᠨ ᠣᠷᠣᠨ ᠢᠶᠠᠷ ᠰᠣᠩᠭᠤᠭᠳᠠᠭᠰᠠᠨ ᠪᠠᠶᠢᠨ᠎ᠠ᠃ ᠢᠩᠲᠦ ᠶᠢᠨ ᠠᠭᠤᠷᠬᠠᠢ᠂ ᠳᠠᠷᠢ ᠶᠢᠨ ᠳᠠᠪᠠᠭ᠎ᠠ ᠶᠢᠨ ᠠᠭᠤᠷᠬᠠᠢ ᠨᠢ ᠤᠯᠤᠰ ᠤᠨ ᠳᠡᠰ ᠤᠨ ᠪᠣᠬᠢᠷᠲᠤᠯ ᠦᠭᠡᠢ ᠠᠭᠤᠷᠬᠠᠢ ᠶᠢᠨ ᠲᠤᠷᠰᠢᠯᠲᠠ ᠶᠢᠨ ᠴᠢᠭ᠋ ᠨᠢᠭᠡᠴᠡ ᠶᠢᠨ ᠦᠨᠡᠯᠡᠯᠲᠡ ᠶᠢᠨ ᠪᠠᠷᠢᠮᠵᠢᠶ᠎ᠠ ᠶᠢ ᠳᠠᠪᠠᠵᠤ᠂ 14 ᠠᠭᠤᠷᠬᠠᠢ ᠶᠢᠨ ᠠᠵᠤ ᠠᠬᠤᠶᠢᠯᠠᠯ ᠨᠢ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠬᠤᠭᠤᠴᠠᠭ᠎ᠠ ᠬᠤᠪᠢᠶᠠᠨ ᠵᠠᠰᠠᠬᠤ ᠶᠢᠨ ᠰᠢᠯᠭᠠᠨ ᠬᠤᠷᠢᠶᠠᠬᠤ ᠪᠠᠷᠢᠮᠵᠢᠶ᠎ᠠ ᠶᠢ ᠳᠠᠪᠠᠭᠰᠠᠨ ᠪᠠᠶᠢᠨ᠎ᠠ᠃ ᠭᠤᠣᠯ ᠪᠣᠯᠬᠤ ᠪᠣᠬᠢᠷᠲᠤᠭᠤᠯᠤᠯ ᠪᠣᠳᠠᠰ ᠢ 1873.32 ᠲᠣᠨ ᠪᠠᠭᠠᠰᠬᠠᠵᠤ᠂ ᠲᠦᠮᠡᠨ ᠲᠥᠭᠦᠷᠢᠭ ᠤᠨ GDP᠎ ᠤᠨ ᠡᠨᠧᠷᠭᠢ ᠶᠢᠨ ᠬᠤᠷᠣᠭᠳᠠᠯ ᠢ ᠬᠤᠲᠠ ᠠᠴᠠ ᠱᠠᠭᠠᠷᠳᠠᠭᠰᠠᠨ ᠭᠦᠢᠴᠡᠳᠬᠡᠯ ᠲᠤᠭ᠎ᠠ ᠶᠢᠨ ᠬᠡᠪᠴᠢᠶᠡᠨ ᠳᠤ ᠬᠢᠵᠠᠭᠠᠷᠯᠠᠭᠰᠠᠨ ᠪᠠᠶᠢᠨ᠎ᠠ᠃       ᠨᠢᠭᠡ ᠵᠢᠯ ᠤᠨ ᠲᠤᠷᠰᠢ᠂ ᠪᠢᠳᠡ ᠬᠥᠮᠥᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠣᠯᠠᠨ ᠲᠦᠮᠡᠨ ᠤ ᠠᠮᠢᠳᠤᠷᠠᠯ ᠢᠯᠡᠷᠬᠡᠢ ᠰᠠᠶᠢᠵᠢᠷᠠᠭᠰᠠᠨ ᠪᠠᠶᠢᠨ᠎ᠠ᠃ ᠠᠷᠠᠳ ᠤᠨ ᠠᠮᠢᠳᠤᠷᠠᠯ ᠤᠨ ᠵᠠᠷᠤᠯᠭ᠎ᠠ ᠨᠢ 21.6 ᠳ᠋ᠦᠩᠰᠢᠭᠤᠷ ᠲᠥᠭᠦᠷᠢᠭ ᠲᠤ ᠬᠦᠷᠴᠦ᠂ ᠡᠳ᠋ ᠤᠨ ᠵᠠᠰᠠᠭ ᠤᠨ ᠶᠡᠷᠦᠩᠬᠡᠢ ᠵᠠᠷᠤᠯᠭ᠎ᠠ ᠶᠢᠨ 77.9%᠎ ᠶᠢ ᠡᠵᠡᠯᠡᠭᠰᠡᠨ ᠪᠠᠶᠢᠨ᠎ᠠ᠃ ᠶᠠᠳᠠᠭᠤ ᠠᠴᠠ ᠠᠩᠭᠢᠵᠢᠷᠠᠭᠤᠯᠤᠨ ᠪᠠᠬᠢᠯᠡᠯᠲᠡ ᠰᠢᠪᠲᠤᠯᠬᠤ ᠠᠵᠢᠯ ᠢ ᠬᠦᠴᠦᠲᠡᠢ ᠠᠬᠢᠭᠤᠯᠵᠤ᠂ 6708 ᠡᠷᠦᠬᠡ᠂ 11971 ᠨᠡᠷ᠎ᠡ ᠶᠠᠳᠠᠭᠤ ᠬᠦᠴᠢᠷᠲᠡᠢ ᠬᠥᠮᠥᠨ ᠠᠮᠠ ᠶᠢ ᠣᠨᠣᠪᠴᠢᠲᠠᠢ ᠪᠠᠷ ᠢᠯᠭᠠᠨ ᠲᠣᠭᠲᠠᠭᠠᠨ ᠳᠠᠩᠰᠠ ᠺᠠᠷᠲ ᠪᠠᠶᠢᠭᠤᠯᠵᠤ᠂ ︽ᠭᠤᠷᠪᠠ ᠶᠢ ᠲᠣᠰᠬᠤᠨ ᠳᠤ ᠬᠦᠷᠭᠡᠨ ᠭᠤᠷᠪᠠ ᠶᠢ ᠡᠷᠦᠬᠡ ᠳᠤ ᠬᠦᠷᠭᠡᠬᠦ︾ ᠲᠥᠷᠥᠯ ᠵᠦᠢᠯ ᠢ 44 ᠶᠠᠳᠠᠭᠤ ᠬᠦᠴᠢᠷᠲᠡᠢ ᠭᠠᠴᠠᠭ᠎ᠠ ᠲᠣᠰᠬᠤᠨ ᠳᠤ ᠬᠡᠷᠡᠭᠵᠢᠭᠦᠯᠵᠦ᠂ ᠭᠠᠵᠠᠷ ᠰᠣᠯᠢᠨ ᠨᠡᠭᠦᠯᠭᠡᠨ ᠶᠠᠳᠠᠭᠤ ᠶᠢᠨ ᠲᠡᠳᠬᠦᠬᠦ ᠶᠢ 526 ᠶᠠᠳᠠᠭᠤ ᠬᠦᠴᠢᠷᠲᠡᠢ ᠬᠥᠮᠥᠨ ᠠᠮᠠ ᠳᠤ ᠨᠠᠶᠢᠳᠠᠪᠤᠷᠢᠵᠢᠭᠤᠯᠵᠤ᠂ ᠮᠥᠩᠭᠦᠨ ᠭᠦᠢᠯᠭᠡᠭᠡ ᠪᠠᠷ ᠶᠠᠳᠠᠭᠤ ᠶᠢ ᠲᠡᠳᠬᠦᠬᠦ ᠵᠢᠭᠡᠯᠡᠯᠭᠡ ᠶᠢᠨ ᠮᠥᠩᠭᠦ ᠶᠢ 4.24 ᠳ᠋ᠦᠩᠰᠢᠭᠤᠷ ᠲᠥᠭᠦᠷᠢᠭ ᠲᠡᠮᠡᠴᠡᠨ ᠣᠯᠵᠤ᠂ 117 ᠠᠵᠤ ᠠᠬᠤᠶᠢᠯᠠᠯ ᠨᠢ 2959 ᠡᠷᠦᠬᠡ᠂ 4326 ᠨᠡᠷ᠎ᠡ ᠶᠠᠳᠠᠭᠤ ᠬᠦᠴᠢᠷᠲᠡᠢ ᠬᠥᠮᠥᠨ ᠠᠮᠠ ᠯᠤᠭ᠎ᠠ ᠬᠠᠪᠰᠤᠷᠤᠨ ᠲᠡᠳᠬᠦᠵᠦ ᠬᠠᠮᠲᠤᠷᠠᠨ ᠠᠵᠢᠯᠯᠠᠬᠤ ᠬᠠᠷᠢᠴᠠᠭ᠎ᠠ ᠪᠠᠶᠢᠭᠤᠯᠵᠤ᠂ ᠡᠯ᠎ᠡ ᠲᠥᠷᠥᠯ ᠤᠨ ᠠᠵᠤ ᠠᠬᠤᠢ ᠶᠢᠨ ᠬᠠᠮᠲᠤᠷᠠᠨ ᠠᠵᠢᠯᠯᠠᠬᠤ ᠵᠣᠬᠢᠶᠠᠨ ᠪᠠᠶᠢᠭᠤᠯᠤᠯᠲᠠ ᠨᠢ 604 ᠨᠡᠷ᠎ᠡ ᠶᠠᠳᠠᠭᠤ ᠬᠦᠴᠢᠷᠲᠡᠢ ᠬᠥᠮᠥᠨ ᠠᠮᠠ ᠶᠢ ᠳᠠᠶᠢᠴᠢᠯᠠᠵᠤ᠂ 3162 ᠡᠷᠦᠬᠡ᠂ 6199 ᠨᠡᠷ᠎ᠡ ᠶᠠᠳᠠᠭᠤ ᠬᠦᠴᠢᠷᠲᠡᠢ ᠬᠥᠮᠥᠨ ᠠᠮᠠ ᠶᠢ ︽ᠱᠤᠭᠤᠮ ᠠᠴᠠ ᠳᠠᠪᠠᠭᠤᠯᠤᠨ︾ ᠶᠠᠳᠠᠭᠤ ᠠᠴᠠ ᠠᠩᠭᠢᠵᠢᠷᠠᠭᠤᠯᠵᠤ᠂ 23 ᠶᠠᠳᠠᠭᠤ ᠬᠦᠴᠢᠷᠲᠡᠢ ᠭᠠᠴᠠᠭ᠎ᠠ ᠲᠣᠰᠬᠤᠨ ᠢ ᠶᠠᠳᠠᠭᠤ ᠬᠦᠴᠢᠷᠲᠡᠢ ᠶᠢᠨ ᠳᠠᠩᠰᠠ ᠠᠴᠠ ᠭᠠᠷᠭᠠᠭᠰᠠᠨ ᠪᠠᠶᠢᠨ᠎ᠠ᠃ ᠬᠤᠲᠠ ᠪᠠᠯᠭᠠᠰᠤ ᠶᠢᠨ 1701 ᠬᠥᠮᠥᠨ ᠠᠮᠠ ᠳᠤ ᠰᠢᠨ᠎ᠡ ᠪᠠᠷ ᠠᠵᠢᠯ ᠣᠯᠭᠤᠵᠤ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦ ᠶᠢ ᠰᠢᠯᠵᠢᠭᠦᠯᠦᠨ 43216 ᠬᠥᠮᠥᠨ ᠳᠤ ᠠᠵᠢᠯ ᠣᠯᠭᠤᠵᠤ᠂ ︽ᠠᠵᠢᠯ ᠦᠭᠡᠢ ᠭᠡᠷ ᠪᠦᠯᠢ︾ ᠪᠦᠬᠦᠨ ᠳᠤ ᠬᠥᠳᠡᠯᠦᠩᠭᠦᠢ ᠪᠠᠷ ᠠᠵᠢᠯ ᠣᠯᠭᠤᠭᠰᠠᠨ ᠪᠠᠶᠢᠨ᠎ᠠ᠃ ᠰᠢᠨ᠎ᠡ ᠮᠠᠶ᠋ᠢᠭ ᠤᠨ ᠲᠠᠷᠢᠶᠠᠯᠠᠩ ᠤᠨ ᠬᠤᠷᠰᠢᠶᠠᠵᠢᠯ ᠳᠤ ᠣᠷᠣᠯᠴᠠᠬᠤ ᠨᠤᠷᠮ᠎ᠠ ᠶᠢ 95%᠎ ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ ᠣᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠪᠦᠷᠬᠦᠭᠦᠯᠬᠦ ᠶᠢ ᠪᠡᠶᠡᠯᠡᠭᠦᠯᠦᠭᠰᠡᠨ ᠪᠠᠶᠢᠨ᠎ᠠ᠃ ᠠᠵᠢᠯ ᠠᠴᠠ ᠪᠠᠨ ᠪᠠᠭᠤᠭᠰᠠᠨ ᠪᠠ ᠠᠵᠢᠯ ᠠᠴᠠ ᠪᠠᠨ ᠠᠮᠠᠷᠠᠭᠰᠠᠨ ᠬᠥᠮᠥᠰ ᠤᠨ ᠨᠠᠰᠤᠵᠢᠯ ᠤᠨ ᠠᠰᠠᠷᠠᠮᠵᠢ ᠶᠢᠨ ᠰᠠᠷ᠎ᠠ ᠶᠢᠨ ᠮᠥᠩᠭᠦ ᠶᠢ 170 ᠲᠥᠭᠦᠷᠢᠭ ᠥᠰᠬᠡᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠦᠨᠳᠦᠰᠦᠨ ᠨᠠᠰᠤᠵᠢᠯ ᠤᠨ ᠰᠠᠷ᠎ᠠ ᠶᠢᠨ ᠮᠥᠩᠭᠦ ᠶᠢ 5 ᠲᠥᠭᠦᠷᠢᠭ ᠥᠰᠬᠡᠵᠦ᠂ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ 498 ᠲᠥᠭᠦᠷᠢᠭ ᠪᠠ 3308 ᠲᠥᠭᠦᠷᠢᠭ ᠪᠣᠯᠭᠠᠨ ᠨᠡᠮᠡᠭᠳᠡᠭᠦᠯᠵᠦ᠂ ᠲᠠᠪᠤᠨ ᠪᠠᠲᠤᠯᠠᠭ᠎ᠠ ᠶᠢᠨ ᠲᠠᠷᠠᠬᠠᠢ ᠪᠠ ᠲᠥᠪᠯᠡᠷᠡᠭᠦᠯᠦᠨ ᠠᠰᠠᠷᠠᠨ ᠲᠡᠵᠢᠭᠡᠬᠦ ᠪᠠᠷᠢᠮᠵᠢᠶ᠎ᠠ ᠶᠢ 4000 ᠲᠥᠭᠦᠷᠢᠭ ᠪᠣᠯᠣᠨ 8000 ᠲᠥᠭᠦᠷᠢᠭ ᠪᠣᠯᠭᠠᠨ ᠨᠡᠮᠡᠭᠳᠡᠭᠦᠯᠵᠦ᠂ ᠨᠡᠶᠢᠭᠡᠮ ᠤᠨ ᠳᠠᠭᠠᠳᠬᠠᠯ ᠳᠤ ᠣᠷᠣᠯᠴᠠᠭᠰᠠᠨ ᠬᠥᠮᠥᠨ ᠤ ᠲᠤᠭ᠎ᠠ ᠨᠢ 22.2 ᠲᠦᠮᠡ ᠬᠦᠷᠦᠭᠰᠡᠨ ᠪᠠᠶᠢᠨ᠎ᠠ᠃ ᠡᠯ᠎ᠡ ᠲᠥᠷᠥᠯ ᠤᠨ ᠪᠠᠲᠤᠯᠠᠭ᠎ᠠ ᠪᠣᠯᠣᠨ ᠠᠪᠤᠷᠠᠨ ᠲᠤᠰᠠᠯᠠᠯᠲᠠ ᠶᠢᠨ ᠪᠡᠯᠡ ᠮᠥᠩᠭᠦ ᠶᠢ 8770.9 ᠲᠦᠮᠡᠨ ᠲᠥᠭᠦᠷᠢᠭ᠂ ᠳᠣᠣᠷ᠎ᠠ ᠣᠷᠣᠯᠭ᠎ᠠ ᠲᠠᠢ ᠮᠠᠯᠵᠢᠬᠤ ᠲᠠᠷᠢᠶᠠᠯᠠᠬᠤ ᠡᠷᠦᠬᠡ ᠶᠢᠨ ᠨᠡᠭᠦᠷᠡᠰᠦᠨ ᠤ ᠨᠥᠬᠦᠪᠦᠷᠢ ᠶᠢᠨ ᠪᠡᠯᠡ ᠮᠥᠩᠭᠦ ᠶᠢ 3122.2 ᠲᠦᠮᠡᠨ ᠲᠥᠭᠦᠷᠢᠭ᠂ ᠳᠤᠮᠳᠠ ᠪᠠᠭ᠎ᠠ ᠠᠵᠤ ᠠᠬᠤᠶᠢᠯᠠᠯ ᠤᠨ ᠵᠢᠭᠡᠯᠡᠯᠭᠡ ᠶᠢᠨ ᠮᠥᠩᠭᠦ ᠶᠢ 15.2 ᠳ᠋ᠦᠩᠰᠢᠭᠤᠷ ᠲᠠᠷᠬᠠᠭᠠᠭᠰᠠᠨ ᠪᠠᠶᠢᠨ᠎ᠠ᠃ ︽ᠠᠷᠪᠠ ᠶᠢ ᠪᠦᠷᠬᠦᠭᠦᠯᠬᠦ ᠢᠨᠵᠧᠨᠧᠷᠢᠩ︾᠎ ᠢ ᠬᠤᠭᠤᠴᠠᠭ᠎ᠠ ᠶᠣᠰᠣᠭᠠᠷ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠲᠥᠬᠦᠭᠡᠷᠦᠮᠵᠢ ᠪᠣᠯᠣᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢᠨ ᠲᠦᠪᠰᠢᠨ ᠶᠡᠬᠡᠪᠡᠷ ᠳᠡᠭᠡᠭᠰᠢᠯᠡᠭᠰᠡᠨ ᠪᠠᠶᠢᠨ᠎ᠠ᠃       ᠨᠢᠭᠡ ᠵᠢᠯ ᠤᠨ ᠲᠤᠷᠰᠢ᠂ ᠪᠢᠳᠡ ᠬᠦᠷᠦᠯᠴᠡᠬᠦ ᠦᠭᠡᠢ ᠲᠠᠯ᠎ᠠ ᠪᠠᠨ ᠨᠥᠬᠦᠪᠦᠷᠢᠯᠡᠬᠦ ᠶᠢ ᠪᠠᠷᠢᠮᠲᠠᠯᠠᠵᠤ᠂ ᠨᠡᠶᠢᠭᠡᠮ ᠤᠨ ᠠᠵᠢᠯ ᠦᠢᠯᠡᠰ ᠢ ᠪᠦᠬᠦ ᠲᠠᠯ᠎ᠠ ᠪᠠᠷ ᠬᠦᠭᠵᠢᠭᠦᠯᠪᠡ᠃ ᠬᠤᠲᠠ᠂ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠤᠨ 17 ᠲᠥᠷᠥᠯ ᠢ ᠰᠢᠨ᠎ᠡ ᠪᠠᠷ ᠪᠦᠷᠢᠳᠬᠡᠨ ᠲᠡᠮᠳᠡᠭᠯᠡᠵᠦ᠂ ᠬᠥᠳᠡᠭᠡ ᠲᠣᠰᠬᠤᠨ ᠳᠤ ᠰᠣᠶᠣᠯ ᠤᠨ ᠥᠷᠲᠡᠭᠡ ᠶᠢ ᠪᠦᠷᠬᠦᠭᠦᠯᠬᠦ ᠶᠢ ᠪᠡᠶᠡᠯᠡᠭᠦᠯᠦᠭᠰᠡᠨ ᠪᠠᠶᠢᠨ᠎ᠠ᠃ ᠮᠠᠯᠵᠢᠬᠤ ᠲᠠᠷᠢᠶᠠᠯᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠬᠤ ᠢᠨᠵᠧᠨᠧᠷᠢᠩ ᠤᠨ ᠪᠠᠷᠢᠯᠭ᠎ᠠ ᠶᠢᠨ ᠠᠵᠢᠯ ᠢ ᠪᠦᠬᠦ ᠲᠠᠯ᠎ᠠ ᠪᠠᠷ ᠡᠬᠢᠯᠡᠭᠦᠯᠵᠦ᠂ ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ᠂ ᠪᠢᠷᠠᠭᠤ ᠳᠠᠬᠢ ᠮᠣᠩᠭᠤᠯ ᠳᠤᠮᠳᠠᠳᠤ ᠰᠤᠷᠭᠠᠭᠤᠯᠢ᠂ ᠠᠵᠢᠯ ᠮᠡᠷᠭᠡᠵᠢᠯ ᠤᠨ ᠰᠤᠷᠭᠠᠨ ᠬᠥᠮᠥᠵᠢᠯ ᠤᠨ ᠲᠥᠪ ᠤᠨ ᠵᠢᠭᠠᠨ ᠰᠤᠷᠭᠠᠯᠲᠠ ᠶᠢᠨ ᠠᠰᠠᠷ ᠪᠣᠯᠣᠨ 3 ᠪᠠᠭ᠎ᠠ ᠰᠤᠷᠭᠠᠭᠤᠯᠢ ᠶᠢᠨ ᠪᠠᠭᠰᠢ ᠨᠠᠷ ᠤᠨ ᠡᠷᠭᠢᠯᠲᠡ ᠶᠢᠨ ᠪᠠᠶᠢᠷᠢ ᠶᠢᠨ ᠭᠡᠷ ᠢ ᠠᠰᠢᠭᠯᠠᠯᠲᠠ ᠳᠤ ᠣᠷᠣᠭᠤᠯᠤᠭᠰᠠᠨ ᠪᠠᠶᠢᠨ᠎ᠠ᠃ 1 ᠠᠷᠢᠭᠤᠳᠬᠠᠨ ᠤᠰᠠᠳᠬᠠᠬᠤ ᠲᠥᠪ᠂ 27 ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠰᠢᠨ᠎ᠡ ᠪᠠᠷ ᠪᠠᠶᠢᠭᠤᠯᠵᠤ᠂ ︽ᠥᠪᠡᠷᠲᠡᠭᠡᠨ ᠵᠠᠰᠠᠬᠤ ᠣᠷᠣᠨ ᠤ ᠳᠡᠰ ᠤᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠳᠦᠷᠢᠮᠵᠢᠭᠰᠡᠨ ᠬᠤᠰᠢᠭᠤ ᠰᠢᠶᠠᠨ︾ ᠪᠣᠯᠣᠨ ︽ᠪᠦᠬᠦ ᠤᠯᠤᠰ ᠤᠨ ᠲᠥᠯᠥᠪᠯᠡᠭᠡᠲᠦ ᠦᠷᠡᠵᠢᠯ ᠤᠨ ᠰᠢᠯᠢᠳᠡᠭ ᠦᠢᠯᠡᠴᠢᠯᠡᠭᠡ ᠶᠢᠨ ᠲᠡᠷᠢᠭᠦᠨ ᠤ ᠨᠢᠭᠡᠴᠡ︾᠎ ᠪᠠᠷ ᠴᠣᠯᠠᠯᠠᠭᠳᠠᠭᠰᠠᠨ ᠪᠠᠶᠢᠨ᠎ᠠ᠃ 14 ᠢᠵᠢ ᠮᠠᠯᠴᠢᠨ ᠲᠠᠷᠢᠶᠠᠴᠢᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠲᠥᠬᠦᠭᠡᠷᠦᠮᠵᠢ ᠵᠢᠤᠭᠰᠠᠷᠠᠭᠰᠠᠨ ᠪᠠᠶᠢᠨ᠎ᠠ᠃ ᠠᠷᠠᠳ ᠲᠤ ᠳᠥᠭᠦᠮ ᠦᠵᠡᠭᠦᠯᠬᠦ 88 ᠬᠡᠯᠬᠢᠶ᠎ᠡ ᠳᠡᠯᠭᠡᠭᠦᠷ ᠢ ᠥᠭᠡᠷᠡᠴᠢᠯᠡᠨ ᠵᠠᠰᠠᠭᠰᠠᠨ ᠪᠠᠶᠢᠨ᠎ᠠ᠃ 2 ᠢᠳᠡᠭᠡᠨ ᠤ ᠵᠦᠢᠯ ᠢ ᠪᠣᠯᠪᠠᠰᠤᠷᠠᠭᠤᠯᠬᠤ ᠡᠵᠡᠩᠨᠡᠯᠲᠡ ᠶᠢᠨ ᠬᠦᠷᠢᠶᠡᠯᠡᠩᠲᠣᠭᠤᠷᠢᠭ ᠢ ᠰᠢᠨ᠎ᠡ ᠪᠠᠷ ᠪᠠᠶᠢᠭᠤᠯᠤᠭᠰᠠᠨ ᠪᠠᠶᠢᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠬᠤᠭᠤᠯᠠᠨ ᠭᠡᠷ ᠤᠨ ᠡᠯᠧᠺᠳ᠋ᠷᠣᠨ ᠬᠢᠨᠠᠨ ᠡᠵᠡᠮᠳᠡᠬᠦ ᠰᠢᠰᠲ᠋ᠧᠮ᠂ ᠣᠷᠣᠨ ᠬᠡᠪᠴᠢᠶᠡᠨ ᠤ ᠢᠳᠡᠭᠡᠨ ᠤ ᠵᠦᠢᠯ ᠡᠮ ᠤᠨ ᠵᠦᠢᠯ ᠢ ᠪᠠᠶᠢᠴᠠᠭᠠᠬᠤ ᠲᠥᠪ ᠢ ᠪᠦᠲᠦᠭᠡᠨ ᠪᠠᠶᠢᠭᠤᠯᠵᠤ ᠳᠠᠭᠤᠰᠬᠠᠭᠰᠠᠨ ᠪᠠᠶᠢᠨ᠎ᠠ᠃ ︽ᠳᠣᠯᠣᠳᠤᠭᠠᠷ ᠲᠠᠪᠤᠨ ᠵᠢᠯ︾᠎ ᠤᠨ ᠬᠠᠤᠯᠢ ᠶᠢ ᠲᠦᠭᠡᠮᠡᠯᠵᠢᠭᠦᠯᠬᠦ ᠶᠢ ᠡᠮᠬᠢ ᠳᠠᠷᠠᠭ᠎ᠠ ᠲᠠᠢ ᠬᠡᠷᠡᠭᠵᠢᠭᠦᠯᠦᠭᠰᠡᠨ ᠪᠠᠶᠢᠨ᠎ᠠ᠃ ︽ᠠᠮᠤᠷ ᠲᠠᠶᠢᠪᠤᠩ ᠬᠡᠰᠢᠭᠲᠡᠨ ᠬᠤᠰᠢᠭᠤ︾᠎ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠸᠢᠳᠢᠣ᠋ ᠪᠠᠷ ᠰᠤᠷᠪᠤᠯᠵᠢᠯᠠᠭ᠎ᠠ ᠬᠦᠯᠢᠶᠡᠬᠦ ᠰᠢᠰᠲ᠋ᠧᠮ ᠢ ᠪᠦᠬᠦ ᠰᠤᠮᠤ ᠰᠢᠶᠠᠩ ᠪᠠᠯᠭᠠᠰᠤ ᠳᠤ ᠤᠷᠲᠤᠳᠬᠠᠵᠤ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠪᠣᠯᠣᠨ ᠨᠡᠶᠢᠭᠡᠮ ᠢ ᠵᠠᠰᠠᠬᠤ ᠴᠢᠳᠠᠪᠤᠷᠢ ᠲᠠᠰᠤᠷᠠᠯᠲᠠ ᠦᠭᠡᠢ ᠳᠡᠭᠡᠭᠰᠢᠯᠡᠭᠰᠡᠨ ᠪᠠᠶᠢᠨ᠎ᠠ᠃ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠪᠠ ᠶᠡᠬᠡᠪᠡᠷ ᠬᠢᠨᠠᠯᠲᠠ ᠲᠠᠯᠪᠢᠬᠤ ᠵᠡᠷᠭᠡ ᠲᠤᠰᠬᠠᠢ ᠲᠥᠷᠥᠯ ᠤᠨ ᠴᠡᠭᠴᠡᠯᠡᠨ ᠵᠠᠰᠠᠬᠤ ᠠᠵᠢᠯᠯᠠᠭᠠᠨ ᠢ ᠲᠥᠪᠯᠡᠷᠡᠭᠦᠯᠦᠨ ᠥᠷᠨᠢᠭᠦᠯᠵᠦ᠂ ᠠᠶᠤᠯᠭᠦᠢ ᠶᠢᠨ ᠠᠳᠡᠯ ᠬᠡᠷᠡᠭ ᠡᠭᠦᠰᠦᠭᠰᠡᠨ ᠤᠳᠠᠭ᠎ᠠ ᠪᠣᠯᠣᠨ ᠠᠳᠡᠭᠰᠡᠨ ᠬᠥᠮᠥᠨ ᠤ ᠲᠤᠭ᠎ᠠ ᠶᠢᠨ ︽ᠬᠤᠣᠰ ᠪᠠᠭᠤᠷᠠᠯᠲᠠ︾᠎ ᠶᠢ ᠪᠡᠶᠡᠯᠡᠭᠦᠯᠦᠭᠰᠡᠨ ᠪᠠᠶᠢᠨ᠎ᠠ᠃ ᠬᠢᠨᠠᠨ ᠪᠣᠳᠣᠯᠲᠠ᠂ ᠳᠠᠩᠰᠠ ᠡᠪᠬᠡᠮᠡᠯ᠂ ᠦᠨᠳᠦᠰᠦᠲᠡᠨ ᠱᠠᠰᠢᠨ ᠰᠤᠷᠲᠠᠬᠤᠨ᠂ ᠵᠡᠮᠳᠡᠭᠴᠦᠳ ᠤᠨ ᠠᠵᠢᠯ ᠤᠨ ᠲᠠᠯ᠎ᠠ ᠪᠠᠷ ᠰᠢᠨ᠎ᠡ ᠳᠠᠪᠰᠢᠯᠲᠠ ᠲᠠᠢ ᠪᠣᠯᠣᠭᠰᠠᠨ ᠪᠠᠶᠢᠨ᠎ᠠ᠃       ᠨᠢᠭᠡ ᠵᠢᠯ ᠤᠨ ᠲᠤᠷᠰᠢ᠂ ᠪᠢᠳᠡ ᠨᠢᠭᠡᠳᠦᠯᠲᠡᠢ ᠲᠥᠯᠥᠪᠯᠡᠨ ᠠᠬᠢᠭᠤᠯᠬᠤ ᠶᠢ ᠪᠠᠷᠢᠮᠲᠠᠯᠠᠵᠤ᠂ ᠬᠤᠲᠠ ᠬᠥᠳᠡᠭᠡ ᠶᠢᠨ ᠳᠦᠷᠢ ᠲᠥᠷᠬᠦ ᠶᠢ ᠶᠡᠬᠡᠬᠡᠨ ᠰᠠᠶᠢᠵᠢᠷᠠᠭᠤᠯᠪᠠ᠃ ᠤᠯᠤᠰ ᠤᠨ ᠪᠠᠶᠢᠰᠢᠩ ᠭᠡᠷ ᠤᠨ ᠲᠣᠭᠤᠷᠢᠭ ᠢ ᠵᠠᠰᠠᠬᠤ ᠭᠤᠷᠪᠠᠨ ᠵᠢᠯ ᠤᠨ ᠲᠥᠯᠥᠪᠯᠡᠭᠡ ᠶᠢᠨ ᠠᠰᠢᠭᠲᠠᠢ ᠲᠣᠬᠢᠶᠠᠯ ᠢ ᠠᠮᠵᠢᠨ ᠠᠳᠬᠤᠵᠤ᠂ 9.8 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠪᠠᠶᠢᠰᠢᠩ ᠭᠡᠷ ᠤᠨ ᠲᠣᠭᠤᠷᠢᠭ ᠢ 2176 ᠢᠵᠢ ᠲᠠᠲᠠᠪᠤᠷᠢᠯᠠᠵᠤ᠂ ᠵᠣᠭᠤᠰ ᠢᠶᠠᠷ ᠨᠤᠭᠤᠯᠤᠨ ᠪᠣᠳᠣᠵᠤ ᠲᠥᠯᠥᠪᠦᠷᠢ ᠥᠭᠭᠦᠨ 2031 ᠢᠵᠢ ᠲᠥᠪᠬᠢᠨᠡᠭᠦᠯᠵᠦ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠦᠭᠰᠡᠨ ᠪᠠᠶᠢᠨ᠎ᠠ᠃ ᠣᠳᠣ ᠪᠠᠶᠢᠬᠤ ᠰᠠᠭᠤᠭᠠᠯᠢ ᠠᠷᠠᠳ ᠤᠨ ᠲᠣᠭᠤᠷᠢᠭ ᠤᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ 26.5 ᠲᠦᠮᠡᠨ ᠲᠡᠭᠰᠢ ᠳᠥᠷᠪᠡᠯᠵᠢᠨ ᠮᠧᠳ᠋ᠷ ᠪᠡᠶᠡᠯᠡᠭᠦᠯᠵᠦ᠂ ᠪᠠᠯᠭᠠᠰᠤᠨ ᠲᠣᠭᠤᠷᠢᠭ ᠤᠨ ᠨᠣᠭᠤᠭᠠᠷᠠᠭᠤᠯᠤᠯᠲᠠ ᠶᠢ 5.67 ᠲᠦᠮᠡᠨ ᠲᠡᠭᠰᠢ ᠳᠥᠷᠪᠡᠯᠵᠢᠨ ᠮᠧᠳ᠋ᠷ ᠰᠢᠨ᠎ᠡ ᠪᠠᠷ ᠨᠡᠮᠡᠭᠳᠡᠭᠦᠯᠦᠭᠰᠡᠨ ᠪᠠᠶᠢᠨ᠎ᠠ᠃ ᠢᠯᠴᠢ ᠶᠢᠨ ᠴᠠᠬᠢᠯᠭᠠᠨ ᠤ ᠬᠤᠷᠢᠶᠠᠯᠲᠠ ᠲᠠᠢ ᠨᠢ ᠬᠤᠯᠪᠣᠭᠳᠠᠭᠤᠯᠬᠤ ᠲᠥᠷᠥᠯ ᠵᠦᠢᠯ ᠤᠨ ᠪᠠᠷᠢᠯᠭ᠎ᠠ ᠶᠢᠨ ᠠᠵᠢᠯ ᠢ ᠪᠦᠬᠦ ᠲᠠᠯ᠎ᠠ ᠪᠠᠷ ᠡᠬᠢᠯᠡᠭᠦᠯᠦᠭᠰᠡᠨ ᠪᠠᠶᠢᠨ᠎ᠠ᠃ ᠪᠢᠷᠠᠭᠤ ᠪᠠᠯᠭᠠᠰᠤ ᠶᠢᠨ ᠤᠰᠤ ᠬᠠᠩᠭᠠᠬᠤ ᠢᠨᠵᠧᠨᠧᠷᠢᠩ ᠨᠢ ᠤᠰᠤ ᠬᠠᠩᠭᠠᠬᠤ ᠨᠥᠬᠦᠴᠡᠯ ᠢ ᠪᠦᠷᠢᠯᠳᠦᠭᠦᠯᠦᠭᠰᠡᠨ ᠪᠠᠶᠢᠨ᠎ᠠ᠃ ᠤᠰᠤ ᠠᠷᠪᠢᠯᠠᠨ ᠠᠮᠤ ᠪᠤᠳᠠᠭᠠᠨ ᠤ ᠤᠨᠠᠯᠲᠠ ᠶᠢ ᠳᠡᠭᠡᠭᠰᠢᠯᠡᠭᠦᠯᠬᠦ ᠶᠢ 2.56 ᠲᠦᠮᠡᠨ ᠮᠦ᠂ ᠤᠰᠤ ᠠᠷᠪᠢᠯᠠᠨ ᠬᠠᠳᠤᠯᠠᠩ ᠪᠡᠯᠴᠢᠭᠡᠷ ᠢ ᠤᠰᠤᠯᠠᠬᠤ ᠶᠢ 1.5 ᠲᠦᠮᠡᠨ ᠮᠦ᠂ ᠭᠠᠵᠠᠷ ᠰᠢᠷᠣᠢ ᠶᠢ ᠲᠡᠭᠰᠢᠯᠡᠬᠦ ᠶᠢ 1 ᠲᠦᠮᠡᠨ ᠮᠦ ᠬᠡᠷᠡᠭᠵᠢᠭᠦᠯᠵᠦ᠂ 4 ᠲᠦᠮᠡᠨ ᠲᠡᠭᠰᠢ ᠳᠥᠷᠪᠡᠯᠵᠢᠨ ᠮᠧᠳ᠋ᠷ ᠤᠨ ᠬᠦᠯᠡᠮᠵᠢ᠂ 2.2 ᠲᠦᠮᠡᠨ ᠲᠡᠭᠰᠢ ᠳᠥᠷᠪᠡᠯᠵᠢᠨ ᠮᠧᠳ᠋ᠷ ᠤᠨ ᠡᠪᠡᠰᠦ ᠬᠠᠳᠠᠭᠠᠯᠠᠬᠤ ᠰᠠᠷᠠᠪᠴᠢ᠂ 0.5 ᠲᠦᠮᠡᠨ ᠬᠠᠪᠲᠠᠭᠠᠢ ᠳᠥᠷᠪᠡᠯᠵᠢᠨ ᠮᠧᠳ᠋ᠷ ᠤᠨ ᠨᠣᠭᠤᠭᠠᠨ ᠳᠠᠷᠤᠰᠢ ᠶᠢᠨ ᠵᠣᠭᠤᠷᠢ ᠶᠢ ᠰᠢᠨ᠎ᠡ ᠪᠠᠷ ᠪᠠᠶᠢᠭᠤᠯᠵᠤ᠂ ᠠᠯᠠᠰᠢᠨ ᠦᠬᠡᠷ᠂ ᠠᠯᠠᠰᠢᠨ ᠬᠤᠨᠢᠨ ᠤ ᠪᠠᠷᠢᠮᠵᠢᠶᠠᠵᠢᠭᠤᠯᠤᠨ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠢ᠂ 20 ᠠᠮᠢ ᠠᠬᠤᠢ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠢ ᠶᠢ ᠰᠢᠨ᠎ᠡ ᠪᠠᠷ ᠨᠡᠮᠡᠭᠳᠡᠭᠦᠯᠦᠭᠰᠡᠨ ᠪᠠᠶᠢᠨ᠎ᠠ ᠃ ᠮᠠᠯᠵᠢᠬᠤ ᠲᠠᠷᠢᠶᠠᠯᠠᠬᠤ ᠣᠷᠣᠨ ᠤ 7631 ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ᠂ 1.33 ᠲᠦᠮᠡᠨ ᠡᠷᠦᠬᠡ ᠶᠢᠨ ᠰᠢᠪᠠᠷ ᠪᠠᠶᠢᠰᠢᠩ ᠢ ᠥᠭᠡᠷᠡᠴᠢᠯᠡᠨ ᠵᠠᠰᠠᠵᠤ᠂ ᠲᠥᠩ ᠰᠢᠩ ᠪᠠᠯᠭᠠᠰᠤ ᠨᠢ ᠪᠦᠬᠦ ᠤᠯᠤᠰ ᠤᠨ ᠳᠥᠷᠪᠡᠳᠦᠭᠡᠷ ᠪᠦᠯᠦᠭ ᠤᠨ ᠰᠠᠭᠤᠷᠢᠰᠢᠬᠤ ᠳᠤ ᠲᠣᠬᠢᠯᠢᠭ᠌ ᠦᠵᠡᠰᠬᠦᠯᠡᠩᠲᠦ ᠰᠠᠶᠢᠬᠠᠨ ᠪᠠᠭ᠎ᠠ ᠪᠠᠯᠭᠠᠰᠤ ᠶᠢᠨ ᠵᠢᠱᠢᠶ᠎ᠡ ᠦᠵᠡᠭᠦᠯᠬᠦ ᠨᠢᠭᠡᠴᠡ ᠳᠤ ᠠᠮᠵᠢᠯᠲᠠ ᠲᠠᠢ ᠰᠣᠩᠭᠤᠭᠳᠠᠨ ᠣᠷᠣᠭᠰᠠᠨ ᠪᠠᠶᠢᠨ᠎ᠠ᠃ ᠲᠠᠪᠦ‍ ᠨᠢᠭᠡ ᠤᠰᠤᠯᠠᠯᠲᠠ ᠶᠢᠨ ᠰᠤᠪᠠᠭ ᠤᠨ Ⅰ ᠬᠤᠭᠤᠴᠠᠭᠠᠨ ᠤ ᠢᠨᠵᠧᠨᠧᠷᠢᠩ ᠢ ᠵᠢᠩᠬᠢᠨᠢ ᠪᠠᠷ ᠡᠬᠢᠯᠡᠭᠦᠯᠵᠦ᠂ ᠤᠰᠤ ᠤᠮᠳᠠ ᠶᠢᠨ ᠠᠮᠤᠷ ᠲᠦᠪᠰᠢᠨ ᠤ ᠢᠨᠵᠧᠨᠧᠷᠢᠩ ᠢ 71 ᠭᠠᠵᠠᠷ ᠰᠢᠨ᠎ᠡ ᠪᠠᠷ ᠪᠠᠶᠢᠭᠤᠯᠤᠭᠰᠠᠨ ᠪᠠᠶᠢᠨ᠎ᠠ᠃ ᠳ᠋ᠠᠨᠳᠦ᠋ᠩ ᠠᠴᠠ ᠰᠢᠯᠢᠩᠬᠤᠲᠠ ᠬᠦᠷᠬᠦ ᠥᠨᠳᠥᠷ ᠬᠤᠷᠳᠤᠴᠠᠲᠤ ᠵᠠᠰᠠᠮᠠᠯ ᠵᠠᠮ ᠤᠨ ᠪᠢᠷᠠᠭᠤ ᠠᠴᠠ ᠳ᠋ᠠᠪᠠᠨ ᠬᠦᠷᠬᠦ ᠬᠡᠰᠡᠭ ᠥᠨᠳᠥᠷ ᠬᠤᠷᠳᠤᠴᠠᠲᠤ ᠵᠠᠰᠠᠮᠠᠯ ᠵᠠᠮ ᠤᠨ ᠪᠠᠷᠢᠯᠭ᠎ᠠ ᠶᠢᠨ ᠠᠵᠢᠯ ᠢ ᠡᠬᠢᠯᠡᠭᠦᠯᠦᠨ ᠪᠦᠲᠦᠭᠡᠨ ᠪᠠᠶᠢᠭᠤᠯᠵᠤ᠂ ᠪᠢᠷᠠᠭᠤ ᠠᠴᠠ ᠰᠢᠯᠢᠩᠬᠤᠲᠠ ᠬᠦᠷᠬᠦ ᠬᠡᠰᠡᠭ ᠤᠨ ᠵᠠᠰᠠᠮᠠᠯ ᠵᠠᠮ ᠤᠨ ᠪᠠᠷᠢᠯᠭ᠎ᠠ ᠶᠢᠨ ᠠᠵᠢᠯ ᠢ ᠳᠠᠭᠤᠰᠬᠠᠨ ᠰᠢᠯᠭᠠᠨ ᠬᠤᠷᠢᠶᠠᠵᠤ᠂ ᠤᠯᠠᠭᠠᠨᠪᠤᠲᠤᠩ ᠤᠨ ᠰᠢᠶᠠᠩ ᠳᠤ ᠨᠡᠪᠲᠡᠷᠡᠬᠦ ᠵᠠᠰᠠᠮᠠᠯ ᠵᠠᠮ ᠢ ᠪᠠᠶᠢᠭᠤᠯᠵᠤ ᠳᠠᠭᠤᠰᠬᠠᠨ ᠨᠡᠪᠲᠡᠷᠡᠭᠦᠯᠵᠦ᠂ ᠲᠣᠰᠬᠤᠨ ᠳᠤ ᠨᠡᠪᠲᠡᠷᠡᠬᠦ ᠵᠠᠰᠠᠮᠠᠯ ᠵᠠᠮ ᠢ 741 ᠺᠢᠯᠣᠮᠧᠳ᠋ᠷ ᠰᠢᠨ᠎ᠡ ᠪᠠᠷ ᠨᠡᠮᠡᠭᠳᠡᠭᠦᠯᠦᠭᠰᠡᠨ ᠪᠠᠶᠢᠨ᠎ᠠ᠃ ᠵᠢᠨᠢᠩ ᠠᠴᠠ ᠲᠦᠩᠯᠢᠶᠣᠣ ᠬᠦᠷᠬᠦ ᠲᠡᠮᠦᠷ ᠵᠠᠮ ᠤᠨ ᠳᠠᠪᠬᠤᠷ ᠱᠤᠭᠤᠮ ‍ᠤᠨᠭᠦᠨᠴᠦᠬᠡᠨ ᠠᠴᠠ ᠮᠥᠩᠭᠦᠨ ᠲᠠᠯ᠎ᠠ ᠬᠦᠷᠬᠦ ᠬᠡᠰᠡᠭ ᠤᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢ ᠡᠮᠬᠢ ᠳᠠᠷᠠᠭ᠎ᠠ ᠲᠠᠢ ᠬᠡᠷᠡᠭᠵᠢᠭᠦᠯᠦᠭᠰᠡᠨ ᠪᠠᠶᠢᠨ᠎ᠠ᠃ ᠤᠯᠠᠭᠠᠨᠪᠤᠲᠤᠩ ᠂ ᠠᠰᠬᠠᠲᠤ ᠶᠢᠨ ᠨᠡᠶᠢᠳᠡᠮ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠭᠠᠵᠠᠷ ᠰᠣᠩᠭᠤᠬᠤ ᠶᠢ ᠬᠢᠨᠠᠨ ᠲᠣᠭᠲᠠᠭᠠᠬᠤᠠᠵᠢᠯ ᠢ ᠪᠡᠶᠡᠯᠡᠭᠦᠯᠵᠦ᠂ ᠪᠢᠷᠠᠭᠤ ᠶᠢᠨ ᠨᠡᠶᠢᠳᠡᠮ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠡᠮᠦᠨᠡᠬᠢ ᠬᠤᠭᠤᠴᠠᠭᠠᠨ ᠤ ᠠᠵᠢᠯ ᠨᠢ ᠪᠣᠳᠠᠲᠤ ᠠᠬᠢᠴᠠ ᠲᠠᠢ ᠪᠣᠯᠣᠭᠰᠠᠨ ᠪᠠᠶᠢᠨ᠎ᠠ᠃ 39 ᠴᠢᠮᠡᠭᠡ ᠬᠤᠯᠪᠣᠭ᠎ᠠ ᠶᠢᠨ ᠰᠠᠭᠤᠷᠢ ᠥᠷᠲᠡᠭᠡ ᠶᠢ ᠰᠢᠨ᠎ᠡ ᠪᠠᠷ ᠪᠠᠶᠢᠭᠤᠯᠤᠭᠰᠠᠨ ᠪᠠᠶᠢᠨ᠎ᠠ᠃ ᠲᠠᠷᠢᠶᠠᠯᠠᠩ ᠤᠨ ᠴᠠᠬᠢᠯᠭᠠᠨ ᠲᠣᠣᠷ ᠱᠤᠭᠤᠮ ᠢ 92 ᠺᠢᠯᠣᠮᠧᠳ᠋ᠷ ᠥᠭᠡᠷᠡᠴᠢᠯᠡᠨ ᠰᠠᠶᠢᠵᠢᠷᠠᠭᠤᠯᠤᠭᠰᠠᠨ ᠪᠠᠶᠢᠨ᠎ᠠ᠃       ᠨᠢᠭᠡ ᠵᠢᠯ ᠤᠨ ᠲᠤᠷᠰᠢ᠂ ᠪᠢᠳᠡ ᠠᠵᠢᠯ ᠤᠨ ᠰᠤᠷᠲᠠᠯ ᠢ ᠰᠠᠶᠢᠵᠢᠷᠠᠭᠤᠯᠬᠤ ᠶᠢ ᠪᠠᠷᠢᠮᠲᠠᠯᠠᠵᠤ᠂ ᠲᠤᠰ ᠪᠡᠶ᠎ᠡ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠪᠠ᠃ ︽ᠬᠤᠶᠠᠷ ᠢ ᠰᠤᠷᠤᠯᠴᠠᠨ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠥᠵᠢᠯ ᠪᠣᠯᠣᠨ ᠠᠵᠢᠯ ᠬᠢᠬᠦ ᠦᠭᠡᠢ᠂ ᠬᠤᠶᠢᠷᠭᠤᠰᠢᠬᠤ᠂ ᠳᠤᠷ᠎ᠠ ᠵᠣᠷᠢᠭ ᠢᠶᠠᠷ ᠢᠶᠠᠨ ᠬᠢᠬᠦ ᠶᠢ ᠲᠤᠰᠬᠠᠢ ᠲᠥᠷᠥᠯ ᠢᠶᠠᠷ ᠴᠡᠭᠴᠡᠯᠡᠨ ᠵᠠᠰᠠᠬᠤ ᠶᠢ ᠭᠦᠨᠵᠡᠭᠡᠢ ᠥᠷᠨᠢᠭᠦᠯᠵᠦ᠂ ᠵᠠᠰᠠᠭ ᠤᠨ ᠣᠷᠳᠣᠨ ᠤ ᠦᠢᠯᠡᠴᠢᠯᠡᠭᠡᠨ ᠤ ᠴᠢᠳᠠᠮᠵᠢ ᠢᠯᠡᠷᠬᠡᠢ ᠳᠡᠭᠡᠭᠰᠢᠯᠡᠭᠰᠡᠨ ᠪᠠᠶᠢᠨ᠎ᠠ᠃ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠪᠠᠶᠢᠴᠠᠭᠠᠯᠲᠠ ᠶᠢᠨ ︽ᠬᠤᠶᠠᠷ ᠢ ᠴᠠᠭ ᠲᠤᠬᠠᠢ ᠳᠤ ᠨᠢ ᠪᠠᠶᠢᠴᠠᠭᠠᠵᠤ᠂ ᠨᠢᠭᠡ ᠶᠢ ᠢᠯᠡ ᠪᠣᠯᠭᠠᠬᠤ︾ ᠵᠣᠬᠢᠮᠵᠢ ᠶᠢ ᠢᠳᠡᠪᠬᠢᠲᠡᠢ ᠬᠡᠷᠡᠭᠵᠢᠭᠦᠯᠵᠦ᠂ ᠴᠠᠭ ᠲᠤᠬᠠᠢ ᠳᠤ ᠨᠢ ᠰᠤᠭᠤᠴᠢᠨ ᠪᠠᠶᠢᠴᠠᠭᠠᠬᠤ ︽ᠨᠢᠭᠡ ᠳᠠᠩᠰᠠ ᠨᠢᠭᠡ ᠬᠥᠮᠥᠷᠭᠡ︾᠎ ᠶᠢ ᠲᠤᠭᠤᠷᠪᠢᠨ ᠳᠠᠭᠤᠰᠬᠠᠵᠤ᠂ ᠬᠡᠷᠡᠭ ᠤᠨ ᠳᠤᠮᠳᠠᠬᠢ ᠪᠠ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠦᠨᠡᠨ ᠬᠦ ᠴᠢᠩᠭᠠᠳᠬᠠᠭᠰᠠᠨ ᠪᠠᠶᠢᠨ᠎ᠠ᠃ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠲᠤᠰᠬᠠᠢ ᠮᠡᠷᠭᠡᠵᠢᠯᠲᠡᠨ ᠤ ᠬᠥᠮᠥᠷᠭᠡ ᠶᠢ ᠪᠠᠶᠢᠭᠤᠯᠬᠤ ᠠᠵᠢᠯ ᠯᠠᠪᠳᠠᠭᠤᠨ ᠢᠶᠠᠷ ᠠᠬᠢᠵᠤ᠂ 18 ᠭᠠᠵᠠᠷ ᠣᠷᠣᠨ ᠪᠣᠯᠣᠨ ᠰᠠᠯᠠᠭ᠎ᠠ ᠮᠥᠴᠢᠷ ᠨᠢ ᠬᠠᠤᠯᠢ ᠴᠠᠭᠠᠵᠠ ᠶᠢᠨ ᠵᠥᠪᠯᠡᠭᠴᠢ ᠶᠢᠨ ᠳᠦᠷᠢᠮ ᠢ ᠪᠠᠶᠢᠭᠤᠯᠵᠤ᠂ ᠵᠠᠰᠠᠭ ᠤᠨ ᠣᠷᠳᠣᠨ ᠤ ᠬᠠᠤᠯᠢ ᠪᠠᠷ ᠵᠠᠰᠠᠬᠤ ᠠᠬᠢᠴᠠ ᠲᠠᠰᠤᠷᠠᠯᠲᠠ ᠦᠭᠡᠢ ᠲᠦᠷᠭᠡᠰᠦᠭᠰᠡᠨ ᠪᠠᠶᠢᠨ᠎ᠠ᠃ ᠵᠠᠰᠠᠭ ᠵᠠᠬᠢᠷᠭᠠᠨ ᠤ ᠬᠠᠷᠢᠭᠤᠴᠠᠯᠭ᠎ᠠ ᠶᠢᠨ ᠨᠠᠷᠢᠨ ᠳᠠᠩᠰᠠ ᠶᠢ 6004 ᠲᠥᠷᠥᠯ ᠡᠮᠬᠢᠯᠡᠨ ᠲᠣᠭᠲᠠᠭᠠᠭᠰᠠᠨ ᠪᠠᠶᠢᠨ᠎ᠠ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠵᠦᠢᠯᠡᠰ ᠢ 18.6 ᠲᠦᠮᠡᠨ ᠬᠤᠪᠢ ᠲᠥᠪᠯᠡᠷᠡᠭᠦᠯᠦᠨ ᠭᠦᠢᠴᠡᠳᠬᠡᠭᠰᠡᠨ ᠪᠠᠶᠢᠨ᠎ᠠ᠃ ᠠᠯᠪᠠᠨ ᠲᠡᠷᠭᠡ ᠶᠢᠨ ᠥᠭᠡᠷᠡᠴᠢᠯᠡᠯᠲᠡ ᠶᠢ ᠦᠨᠳᠦᠰᠦᠨ ᠳᠤ ᠪᠠᠨ ᠪᠡᠶᠡᠯᠡᠭᠦᠯᠦᠭᠰᠡᠨ ᠪᠠᠶᠢᠨ᠎ᠠ᠃ ᠡᠳ᠋ ᠤᠨ ᠵᠠᠰᠠᠭ ᠤᠨ ᠪᠡᠯᠡ ᠮᠥᠩᠭᠦ ᠳᠠᠬᠢ ᠬᠢᠨᠠᠯᠲᠠ ᠬᠠᠮᠢᠶᠠᠷᠤᠯᠲᠠ ᠪᠠᠨ ᠤᠯᠠᠮ ᠨᠢᠭᠡ ᠠᠯᠬᠤᠮ ᠨᠡᠮᠡᠭᠳᠡᠭᠦᠯᠵᠦ᠂ ᠡᠳ᠋ ᠤᠨ ᠵᠠᠰᠠᠭ ᠤᠨ ᠪᠡᠯᠡ ᠣᠷᠣᠭᠤᠯᠵᠤ ᠦᠨᠡᠯᠡᠨ ᠬᠢᠨᠠᠬᠤ ᠪᠡᠯᠡ ᠮᠥᠩᠭᠦ ᠶᠢ 3.6 ᠳ᠋ᠦᠩᠰᠢᠭᠤᠷ ᠲᠥᠭᠦᠷᠢᠭ ᠠᠷᠪᠢᠯᠠᠵᠤ᠂ ᠠᠷᠪᠢᠯᠠᠭᠰᠠᠨ ᠨᠤᠷᠮ᠎ᠠ ᠨᠢ 17.75%᠎ ᠳᠤ ᠬᠦᠷᠦᠭᠰᠡᠨ ᠪᠠᠶᠢᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠰᠠᠨᠠᠭᠤᠯᠭ᠎ᠠ᠂ ᠰᠢᠭᠦᠮᠵᠢᠯᠡᠯ᠂ ᠰᠠᠨᠠᠯ ᠢ 34 ᠬᠤᠪᠢ᠂ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ 34 ᠬᠤᠪᠢ ᠭᠦᠢᠴᠡᠳᠬᠡᠭᠰᠡᠨ ᠪᠠᠶᠢᠨ᠎ᠠ᠃       ᠲᠥᠯᠥᠭᠡᠯᠡᠭᠴᠢᠳ ᠡ᠂ ᠥᠩᠭᠡᠷᠡᠭᠰᠡᠨ ᠨᠢᠭᠡ ᠵᠢᠯ ᠳᠤ᠂ ᠬᠦᠴᠢᠷ ᠪᠡᠷᠬᠡ ᠲᠥᠰᠥᠭᠡᠯᠡᠭᠰᠡᠨ ᠠᠴᠠ ᠣᠯᠠᠨ ᠪᠣᠯᠪᠠᠴᠤ ᠣᠯᠣᠭᠰᠠᠨ ᠦᠷ᠎ᠡ ᠳ᠋ᠦᠩ ᠨᠢ ᠲᠥᠯᠥᠪᠯᠡᠭᠰᠡᠨ ᠠᠴᠠ ᠰᠠᠶᠢᠨᠪᠠᠶᠢᠨ᠎ᠠ᠃ ᠡᠳᠡᠭᠡᠷ ᠦᠷ᠎ᠡ ᠪᠦᠲᠦᠮᠵᠢ ᠪᠣᠯ᠂ ᠬᠤᠰᠢᠭᠤᠨ ᠤ ᠨᠠᠮ ᠤᠨ ᠬᠤᠷᠢᠶ᠎ᠠ ᠪᠦᠬᠦ ᠲᠠᠯ᠎ᠠ ᠶᠢ ᠡᠵᠡᠮᠳᠡᠨ᠂ ᠡᠯ᠎ᠡ ᠲᠠᠯ᠎ᠠ ᠶᠢ ᠵᠣᠬᠢᠴᠠᠭᠤᠯᠤᠨ᠂ ᠵᠥᠪ ᠣᠨᠣᠪᠴᠢᠲᠠᠢ ᠤᠳᠤᠷᠢᠳᠤᠭᠰᠠᠨ ᠤ ᠦᠷ᠎ᠡ ᠳ᠋ᠦᠩ ᠪᠣᠯᠣᠨ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠰᠡᠳᠬᠢᠯ ᠵᠣᠷᠢᠯᠲᠠ ᠪᠠᠨ ᠨᠢᠭᠡᠳᠬᠡᠨ᠂ ᠶᠡᠭᠡ ᠲᠠᠯ᠎ᠠ ᠳᠤ ᠦᠢᠯᠡᠴᠢᠯᠡᠨ᠂ ᠬᠢᠨᠠᠯᠲᠠ ᠲᠠᠯᠪᠢᠨ ᠳᠡᠮᠵᠢᠯᠭᠡ ᠦᠵᠡᠭᠦᠯᠦᠭᠰᠡᠨ ᠤ ᠦᠷ᠎ᠡ ᠳ᠋ᠦᠩ ᠪᠣᠯᠣᠨ᠎ᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠪᠣᠯᠣᠨ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ ᠰᠢᠷᠭᠠᠭᠤ ᠠᠵᠢᠯᠯᠠᠨ᠂ ᠵᠣᠷᠢᠭᠲᠠᠢ ᠤᠷᠤᠭᠰᠢᠯᠠᠨ᠂ ᠪᠦᠬᠦ ᠬᠦᠴᠦᠨ ᠢᠶᠠᠷ ᠪᠠᠬᠢᠯᠡᠯᠲᠡ ᠰᠢᠪᠲᠤᠯᠤᠭᠰᠠᠨ ᠤ ᠦᠷ᠎ᠡ ᠳ᠋ᠦᠩ ᠪᠣᠯᠣᠨ᠎ᠠ᠃ ᠠᠳᠡ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ᠂ ᠪᠦᠬᠦ ᠠᠷᠠᠳ ᠤᠨ ᠲᠥᠯᠥᠭᠡᠯᠡᠭᠴᠢᠳ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ᠂ ᠬᠡᠰᠢᠭᠲᠡᠨ ᠬᠤᠰᠢᠭᠤᠨ ᠤ ᠥᠭᠡᠷᠡᠴᠢᠯᠡᠯᠲᠡ᠂ ᠬᠥᠭᠵᠢᠯᠲᠡ᠂ ᠪᠦᠲᠦᠭᠡᠨ ᠪᠠᠶᠢᠭᠤᠯᠤᠯᠲᠠ ᠳᠤ ᠣᠷᠣᠯᠴᠠᠨ ᠬᠠᠯᠠᠮᠵᠢᠯᠠᠨ ᠳᠡᠮᠵᠢᠭᠰᠡᠨ ᠡᠯ᠎ᠡ ᠡᠲᠡᠭᠡᠳ ᠤᠨ ᠪᠦᠬᠦ ᠨᠥᠬᠦᠳ ᠲᠤ ᠬᠠᠮᠤᠭ ᠤᠨ ᠡᠷᠬᠢᠮ ᠬᠦᠨᠳᠦᠳᠬᠡᠯ ᠪᠣᠯᠣᠨ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕       ᠣᠯᠣᠭᠰᠠᠨ ᠬᠢᠷᠢ ᠪᠦᠲᠦᠮᠵᠢ ᠪᠠᠶᠠᠷᠯᠠᠭᠤᠰᠢᠲᠠᠢ ᠴᠤ ᠬᠦᠴᠢᠷ ᠪᠡᠷᠬᠡ ᠮᠥᠨ ᠬᠦ ᠣᠷᠣᠰᠢᠭᠰᠠᠭᠠᠷ᠃ ᠣᠳᠣᠬᠠᠨ ᠤ ᠠᠵᠢᠯ ᠢᠶᠠᠨ ᠬᠢᠨᠠᠵᠤ ᠦᠵᠡᠪᠡᠯ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠨᠢᠭᠡ ᠪᠦᠯᠦᠭ ᠠᠰᠠᠭᠤᠳᠠᠯ ᠢ ᠱᠠᠯᠠᠪᠳᠠᠨ ᠰᠢᠢᠳᠪᠦᠷᠢᠯᠡᠬᠦ ᠴᠢᠬᠤᠯᠠᠲᠠᠢ ᠭᠡᠳᠡᠭ ᠢ ᠪᠢᠳᠡ ᠲᠣᠳᠣᠷᠬᠠᠢ ᠲᠠᠨᠢᠭᠰᠠᠨ ᠪᠠᠶᠢᠨ᠎ᠠ᠃ ᠨᠢᠭᠡ ᠳᠤ ᠬᠥᠭᠵᠢᠯᠲᠡ ᠶᠢᠨ ᠬᠥᠳᠡᠯᠭᠡᠭᠴᠢ ᠬᠦᠴᠦᠨ ᠬᠦᠷᠦᠯᠴᠡᠬᠦ ᠦᠭᠡᠢ᠃ ᠠᠵᠤ ᠠᠬᠤᠢ ᠶᠢᠨ ᠶᠡᠷᠦᠩᠬᠡᠢ ᠬᠡᠮᠵᠢᠶ᠎ᠡ ᠬᠠᠷᠢᠴᠠᠩᠭᠤᠢ ᠪᠠᠷ ᠨᠡᠯᠢᠶᠡᠳ ᠪᠠᠭ᠎ᠠ᠂ ᠣᠳᠣᠬᠠᠨ ᠤ ᠳᠠᠪᠠᠭᠤᠯᠢᠭ ᠲᠠᠯ᠎ᠠ ᠪᠠᠨ ᠬᠠᠷᠠᠬᠠᠨ ᠭᠦᠢᠴᠡᠳ ᠪᠠᠳᠠᠷᠠᠭᠤᠯᠵᠤ ᠴᠢᠳᠠᠭ᠎ᠠ ᠦᠭᠡᠢ᠂ ᠲᠣᠮᠣ ᠲᠥᠷᠥᠯ ᠵᠦᠢᠯ᠂ ᠰᠠᠶᠢᠨ ᠲᠥᠷᠥᠯ ᠵᠦᠢᠯ ᠢᠯᠡᠷᠬᠡᠢ ᠳᠤᠲᠠᠮᠠᠭ ᠪᠠᠶᠢᠵᠤ᠂ ᠠᠵᠤ ᠠᠬᠤᠢ ᠶᠢᠨ ᠳᠠᠶᠢᠴᠢᠯᠠᠬᠤ ᠬᠦᠴᠦᠨ ᠢ ᠱᠠᠯᠠᠪᠳᠠᠨ ᠴᠢᠩᠭᠠᠳᠬᠠᠬᠤ ᠴᠢᠬᠤᠯᠠᠲᠠᠢ ᠪᠠᠶᠢᠨ᠎ᠠ᠃ ᠬᠤᠶᠠᠷ ᠲᠤ ᠬᠥᠭᠵᠢᠯᠲᠡ ᠶᠢᠨ ᠶᠠᠰᠤ ᠴᠢᠨᠠᠷ ᠥᠨᠳᠥᠷ ᠪᠢᠰᠢ᠃ ᠮᠠᠯ ᠠᠵᠤ ᠠᠬᠤᠢ ᠲᠠᠷᠢᠶᠠᠯᠠᠩ ᠤᠨ ᠪᠦᠲᠦᠴᠡ ᠶᠢ ᠲᠣᠬᠢᠷᠠᠭᠤᠯᠬᠤ ᠬᠦᠴᠢᠷᠳᠡᠯᠭᠡ ᠨᠡᠯᠢᠶᠡᠳ ᠶᠡᠭᠡ᠂ ᠠᠵᠤ ᠦᠢᠯᠡᠳᠪᠦᠷᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠠᠬᠢᠴᠠ ᠤᠳᠠᠭᠠᠨ᠂ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠬᠡᠪᠴᠢᠶ᠎ᠠ᠂ ᠵᠡᠷᠭᠡ ᠳᠡᠰ᠂ ᠬᠢᠷᠢ ᠲᠥᠪᠰᠢᠨ ᠪᠠ ᠪᠡᠯᠡ ᠣᠷᠣᠭᠤᠯᠤᠯᠲᠠ ᠬᠦᠷᠦᠯᠴᠡᠬᠦ ᠦᠭᠡᠢ ᠪᠠᠶᠢᠳᠠᠯ ᠬᠦᠨᠳᠦ ᠨᠣᠴᠢᠲᠡᠢ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠨᠢ ᠪᠦᠬᠦ ᠣᠷᠣᠨ᠂ ᠪᠦᠬᠦ ᠬᠤᠲᠠ ᠶᠢᠨ ᠲᠡᠭᠰᠢᠳᠬᠡᠭᠰᠡᠨ ᠲᠦᠪᠰᠢᠨ ᠯᠤᠭ᠎ᠠ ᠪᠠᠰᠠ ᠵᠣᠬᠢᠬᠤ ᠵᠥᠷᠢᠶ᠎ᠡ ᠲᠠᠢ ᠪᠠᠶᠢᠨ᠎ᠠ᠃ ᠭᠤᠷᠪᠠ ᠳᠤ ᠭᠦᠭᠵᠢᠯᠳᠡ ᠶᠢᠨ ᠤᠷᠴᠢᠨ ᠲᠤᠭᠤᠷᠢᠨ ᠤ ᠨᠦᠭᠦᠴᠡᠯ ᠠᠨᠠᠢ᠃ ᠢᠨᠵᠧᠨᠧᠷᠢᠩ ᠪᠠ ᠲᠥᠷᠥᠯ ᠵᠦᠢᠯ ᠢ ᠪᠦᠲᠦᠭᠡᠨ ᠪᠠᠶᠢᠭᠤᠯᠬᠤ ᠶᠠᠪᠤᠴᠠ ᠳᠠᠬᠢ ᠬᠢᠨᠠᠨ ᠵᠥᠪᠰᠢᠶᠡᠷᠡᠭᠦ ᠳᠤ ᠬᠦᠴᠢᠷ᠂ ᠪᠡᠯᠡ ᠬᠤᠷᠠᠮᠳᠤᠭᠤᠯᠬᠤ ᠳᠤ ᠬᠦᠴᠢᠷ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠬᠦᠯᠬᠦ ᠴᠢᠬᠤᠯᠠᠲᠠᠢ ᠪᠠᠶᠢᠵᠦ᠂ ᠬᠤᠳᠠ ᠪᠠᠯᠭᠠᠰᠦᠨ ᠤ ᠰᠠᠭᠤᠷᠢᠰᠢᠬᠤ ᠤᠷᠴᠢᠨ ᠲᠤᠭᠤᠷᠢᠨ᠂ ᠵᠢᠭᠤᠯᠴᠢᠯᠠᠯ ᠤᠨ ᠤᠶᠢᠯᠡᠴᠢᠯᠡᠭᠡ ᠶᠢᠨ ᠤᠷᠴᠢᠨ ᠲᠤᠭᠤᠷᠢᠨ᠂ ᠠᠵᠦ ᠠᠬᠤᠶᠢᠯᠠᠯ ᠤᠨ ᠤᠶᠢᠯᠡᠳᠪᠦᠷᠢᠯᠡᠯ ᠤᠨ ᠪᠦᠲᠦᠭᠡᠨ ᠪᠠᠶᠢᠭᠤᠯᠤᠯᠳᠠ ᠶᠢᠨ ᠤᠷᠴᠢᠨ ᠲᠤᠭᠤᠷᠢᠨ ᠢ ᠰᠠᠶᠢᠵᠢᠷᠠᠭᠤᠯᠬᠤ ᠴᠢᠬᠤᠯᠠᠲᠠᠢ᠃ ᠲᠦᠷᠪᠡ ᠳᠤ ᠡᠳ᠋ ᠤᠨ ᠭᠦᠴᠦᠨ ᠤ ᠪᠠᠲᠤᠯᠠᠭ᠎ᠠ ᠬᠦᠷᠦᠯᠴᠡᠬᠦ ᠦᠬᠡᠢ᠃ ᠠᠵᠦ ᠠᠬᠤᠢ ᠶᠢᠨ ᠤᠷᠤᠭᠤᠳᠠᠯ ᠤᠨ ᠳᠠᠷᠤᠯᠳᠠ ᠢᠯᠡᠷᠬᠡᠢ᠂ ᠪᠤᠳᠠᠲᠦ ᠴᠤᠭᠴᠠ ᠶᠢᠨ ᠠᠵᠦ ᠠᠬᠤᠶᠢᠯᠠᠯ ᠬᠦᠴᠢᠷᠳᠡᠯᠲᠠᠢ ᠪᠠᠶᠢᠵᠦ᠂ ᠡᠳ᠋ ᠤᠨ ᠵᠠᠰᠠᠭ ᠲᠤ ᠲᠤᠯᠭᠠᠭᠤᠷᠢᠯᠠᠬᠤ ᠤᠶᠢᠯᠡᠲᠦᠯ ᠦᠵᠡᠭᠦᠯᠵᠦ ᠪᠠᠶᠢᠭ᠎ᠠ ᠬᠡᠰᠡᠭ ᠴᠢᠬᠤᠯᠠ ᠲᠦᠷᠦᠯ ᠵᠦᠢᠯ ᠨᠢ ᠲᠤᠭᠳᠠᠭᠰᠠᠨ ᠬᠤᠭᠤᠴᠠᠭᠠᠨ ᠳᠠᠭᠠᠨ ᠤᠶᠢᠯᠡᠳᠪᠦᠷᠢᠯᠡᠵᠦ ᠦᠷ᠎ᠡ ᠪᠦᠲᠦᠮᠵᠢ ᠭᠠᠷᠭᠠᠵᠦ ᠳᠡᠶᠢᠯᠬᠦ ᠦᠬᠡᠢ ᠪᠠᠶᠢᠵᠦ᠂ ᠡᠳ᠋ ᠤᠨ ᠵᠠᠰᠠᠭ ᠤᠨ ᠤᠷᠤᠯᠭ᠎ᠠ ᠶᠢᠨ ᠨᠡᠮᠡᠭᠳᠡᠯ ᠤᠨ ᠠᠯᠬᠤᠴᠠ ᠤᠳᠠᠭᠠᠰᠢᠷᠠᠵᠦ᠂ ᠦᠷᠢ ᠵᠢᠭᠡᠯᠡᠯᠭᠡ ᠶᠢᠨ ᠳᠠᠷᠤᠭᠠᠰᠦ ᠬᠥᠨᠳᠦᠷᠡᠵᠦ᠂ ᠠᠵᠦ ᠠᠬᠤᠢ ᠨᠡᠶᠢᠭᠡᠮ ᠤᠨ ᠭᠦᠭᠵᠢᠯᠳᠡ ᠶᠢᠨ ᠲᠤᠳᠠᠭᠳᠠᠯ ᠢᠶᠠᠨ ᠨᠦᠭᠦᠪᠦᠷᠢᠯᠡᠬᠦ ᠡᠭᠦᠷᠭᠡ ᠬᠦᠨᠲᠦ ᠵᠠᠮ ᠬᠤᠯᠠ ᠪᠠᠶᠢᠭᠰᠠᠭᠠᠷ᠃ ᠳᠠᠪᠤ ᠳᠤ ᠭᠦᠭᠵᠢᠯᠳᠡ ᠶᠢᠨ ᠤᠬᠠᠮᠰᠠᠷ ᠠᠨᠠᠢ᠃ ᠵᠠᠰᠠᠭ ᠤᠨ ᠤᠷᠲᠦᠨ ᠤ ᠴᠢᠳᠠᠪᠬᠢ ᠶᠢᠨ ᠬᠤᠪᠢᠷᠠᠯᠳᠠ ᠨᠢ ᠰᠢᠨ᠎ᠡ ᠤᠷᠤᠨ ᠪᠠᠶᠢᠷᠢ᠂ ᠰᠢᠨ᠎ᠡ ᠬᠡᠪ ᠪᠠᠶᠢᠳᠠᠯ᠂ ᠰᠢᠨ᠎ᠡ ᠱᠠᠭᠠᠷᠳᠠᠯᠭ᠎ᠠ ᠲᠠᠢ ᠪᠦᠷᠢᠮᠦᠰᠦᠨ ᠵᠤᠬᠢᠴᠠᠬᠤ ᠦᠬᠡᠢ ᠪᠠᠶᠢᠵᠦ᠂ ᠤᠨᠴᠠᠭᠠᠢ ᠵᠠᠷᠢᠮ ᠭᠠᠵᠠᠷ ᠤᠷᠤᠨ ᠪᠠ ᠰᠠᠯᠠᠭ᠎ᠠ ᠮᠦᠴᠢᠷ ᠤᠨ ᠭᠦᠭᠵᠢᠯᠳᠡ ᠶᠢᠨ ᠤᠬᠠᠮᠰᠠᠷ ᠠᠨᠠᠢ᠂ ᠦᠵᠡᠯ ᠰᠠᠨᠠᠭᠠᠨ ᠤ ᠴᠢᠯᠦᠭᠡᠯᠡᠯᠳᠡ ᠬᠦᠷᠦᠯᠴᠡᠬᠦ ᠦᠬᠡᠢ᠂ ᠮᠡᠳᠡᠯᠭᠡ ᠶᠢᠨ ᠰᠢᠨᠡᠴᠢᠯᠡᠯᠳᠡ ᠤᠳᠠᠭᠠᠨ᠂ ᠰᠡᠳᠬᠢᠭᠦᠢ ᠭᠦᠰᠢᠭᠦᠨ᠂ ᠴᠢᠳᠠᠪᠤᠷᠢ ᠲᠤᠤᠷ᠎ᠠ᠂ ᠬᠠᠷᠢᠭᠤᠴᠠᠯᠭ᠎ᠠ ᠡᠭᠦᠷᠭᠡᠯᠡᠬᠦ ᠪᠠᠷ ᠲᠤᠳᠠᠮᠠᠭ᠂ ᠬᠤᠷᠴᠠ ᠰᠡᠷᠭᠡᠭ ᠦᠬᠡᠢ᠂ ᠠᠵᠢᠯ ᠬᠢᠬᠦ ᠎ ᠳᠡᠭᠡᠨ ᠤᠴᠢᠷ ᠶᠠᠪᠤᠳᠠᠯ ᠢ ᠪᠤᠲᠤᠯᠬᠢᠯᠠᠬᠤ ᠦᠬᠡᠢ ᠦᠵᠡᠭᠳᠡᠯ ᠮᠥᠨ ᠬᠦ ᠬᠠᠷᠢᠴᠠᠩᠭᠤᠢ ᠪᠠᠷ ᠬᠦᠨᠳᠦ ᠨᠣᠴᠢᠲᠡᠢ ᠣᠷᠣᠰᠢᠭᠰᠠᠭᠠᠷ᠃ ᠪᠤᠲᠤᠯᠢᠶᠠᠨᠲᠠᠢ ᠪᠠᠶᠢᠳᠠᠯ᠂ ᠬᠦᠨᠲᠦ ᠡᠭᠦᠷᠭᠡ ᠪᠠ ᠲᠤᠪᠤᠶᠢᠮ᠎ᠠ ᠠᠰᠠᠭᠤᠳᠠᠯ ᠳᠤ ᠬᠠᠨᠲᠤᠵᠦ᠂ ᠪᠢᠳᠡ ᠡᠷᠬᠡᠪᠰᠢ ᠡᠷᠡᠰ ᠰᠢᠭᠤᠷᠬᠠᠢ ᠡᠷᠡᠯᠭᠡᠭᠯᠡᠨ ᠳᠡᠮᠡᠴᠡᠬᠦ ᠪᠠᠭᠠᠲᠦᠷ ᠵᠤᠷᠢᠭ ᠪᠠ ᠪᠤᠳᠠᠳᠠᠢ ᠶᠢ ᠡᠷᠭᠢᠮᠯᠡᠬᠦ ᠪᠦᠲᠦᠮᠵᠢᠲᠠᠢ ᠠᠷᠭ᠎ᠠ ᠬᠡᠮᠵᠢᠶ᠎ᠡ ᠠᠪᠴᠦ᠂ ᠠᠰᠠᠭᠤᠳᠠᠯ ᠢ ᠰᠢᠢᠳᠪᠦᠷᠢᠯᠡᠬᠦ ᠠᠷᠭ᠎ᠠ ᠵᠠᠮ ᠢ ᠤᠨᠤᠪᠴᠢᠲᠠᠢ ᠡᠷᠢᠨ ᠭᠠᠷᠭᠠᠵᠦ᠂ ᠭᠦᠭᠵᠢᠯᠳᠡ ᠶᠢ ᠬᠠᠷᠰᠢᠯᠠᠵᠦ ᠪᠠᠶᠢᠭ᠎ᠠ ᠬᠠᠷᠰᠢ ᠰᠠᠭᠠᠳ ᠢ ᠠᠷᠢᠯᠭᠠᠵᠦ᠂ ᠨᠡᠩ ᠯᠠᠪᠳᠠᠭᠤᠨ ᠪᠠᠲᠤᠲᠠᠢ ᠠᠵᠢᠯ ᠤᠨ ᠬᠡᠪ ᠰᠤᠷᠳᠠᠯ ᠢᠶᠠᠷ ᠬᠠᠷᠢᠭᠤᠴᠠᠯᠭ᠎ᠠ ᠡᠭᠦᠷᠭᠡᠯᠡᠵᠦ᠂ ᠵᠤᠷᠢᠭᠲᠠᠢ ᠡᠭᠦᠷᠭᠡᠯᠡᠵᠦ᠂ ᠪᠤᠳᠠᠲᠠᠢ ᠠᠷᠭ᠎ᠠ ᠬᠡᠮᠵᠢᠶ᠎ᠡ ᠠᠪᠴᠦ᠂ ᠠᠵᠦ ᠠᠬᠤᠢ ᠨᠡᠶᠢᠭᠡᠮ ᠤᠨ ᠭᠦᠭᠵᠢᠯᠳᠡ ᠶᠢ ᠨᠡᠩ ᠦᠨᠲᠦᠷ ᠶᠠᠰᠦ ᠴᠢᠨᠠᠷ ᠪᠦᠭᠦᠢ᠂ ᠨᠡᠩ ᠦᠷᠭᠦᠯᠵᠢᠯᠡᠭᠦ᠋ᠢᠴᠡ ᠴᠢᠭᠯᠡᠯ ᠳᠡᠰᠢ ᠳᠠᠪᠰᠢᠬᠤ ᠶᠢ ᠠᠭᠢᠭᠤᠯᠤᠨ᠎ᠠ᠃
 
ᠢᠷᠡᠯᠲᠡ᠄ ᠬᠡᠰᠢᠭᠲᠡᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号