2017 ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠬᠤᠶᠠᠷ︶
ᠨᠡᠶᠢᠲᠡᠯᠡᠭᠰᠡᠨ ᠴᠠᠭ᠄
2017/3/13
      ᠬᠤᠶᠠᠷ᠂ 2017 ᠤᠨ ᠤ ᠠᠵᠢᠯ ᠤᠨ ᠶᠡᠷᠦᠩᠭᠡᠢ ᠱᠠᠭᠠᠷᠳᠠᠯᠭ᠎ᠠ ᠪᠠ ᠭᠦᠭᠵᠢᠯᠳᠡ ᠶᠢᠨ ᠬᠠᠷᠠᠯᠳᠠ       2017 ᠤᠨ ᠪᠤᠯ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠳᠡ ᠪᠠ ᠴᠢᠨᠡᠭᠡᠯᠢᠭ ᠨᠡᠶᠢᠭᠡᠮ ᠤᠨ ᠪᠦᠬᠦ ᠳᠠᠯ᠎ᠠ ᠪᠠᠷ ᠪᠠᠶᠢᠭᠤᠯᠬᠤ ᠶᠢ ᠪᠡᠶᠡᠯᠡᠭᠦᠯᠬᠦ ᠪᠠᠭᠢᠯᠡᠯᠳᠡ ᠰᠢᠪᠲᠤᠯᠬᠤ ᠵᠢᠯ ᠪᠠᠶᠢᠵᠦ᠂ ︽ᠠᠷᠪᠠᠨ ᠭᠤᠷᠪᠠᠲᠤᠭᠠᠷ ᠳᠠᠪᠤᠨ ᠵᠢᠯ︾᠎ ᠤᠨ ᠲᠦᠯᠦᠪᠵᠢᠭᠦᠯᠭᠡ ᠶᠢ ᠬᠡᠷᠡᠭᠵᠢᠬᠦᠯᠬᠦ ᠪᠠ ᠵᠠᠰᠠᠭ ᠤᠨ ᠤᠷᠲᠦᠨ ᠤ ᠬᠤᠭᠤᠴᠠᠭ᠎ᠠ ᠰᠤᠯᠢᠬᠤ ᠵᠠᠩᠭᠢᠯᠠᠭ᠎ᠠ ᠶᠢᠨ ᠵᠢᠯ ᠪᠤᠯᠤᠨ᠎ᠠ᠂ ᠮᠦᠨᠴᠦ ᠮᠠᠨ ᠤ ᠬᠤᠰᠢᠭᠤᠨ ᠤ ᠠᠵᠦ ᠠᠬᠤᠢ ᠨᠡᠶᠢᠭᠡᠮ ᠢ ᠬᠡᠯᠪᠡᠷᠢ ᠬᠤᠪᠢᠷᠠᠭᠤᠯᠤᠨ ᠭᠦᠭᠵᠢᠬᠦᠯᠬᠦ ᠠᠰᠤᠷᠦ ᠶᠡᠭᠡ ᠠᠵᠦ ᠲᠤᠭᠢᠶᠠᠯ ᠲᠠᠢ ᠵᠢᠯ ᠪᠤᠯᠤᠨ᠎ᠠ᠃ ᠤᠯᠤᠰ ᠠᠴᠠ ︽ᠨᠢᠭᠡ ᠪᠦᠰᠡ ᠨᠢᠭᠡ ᠵᠠᠮ︾᠂ ᠪᠡᠭᠡᠵᠢᠩ ᠲᠢᠶᠠᠨᠵᠢᠨ ᠡᠾᠧᠪᠧᠢ ᠶᠢ ᠬᠠᠮᠵᠢᠯᠴᠠᠨ ᠭᠦᠭᠵᠢᠬᠦᠯᠬᠦ᠂ ᠪᠠᠷᠠᠭᠤᠨ ᠤᠷᠤᠨ ᠢ ᠶᠡᠬᠡᠪᠡᠷ ᠨᠡᠭᠡᠭᠡᠨ ᠭᠦᠭᠵᠢᠬᠦᠯᠬᠦ᠂ ᠰᠢᠨ᠎ᠡ ᠨᠢᠭᠡ ᠡᠭᠡᠯᠵᠢ ᠶᠢᠨ ᠵᠡᠭᠦᠨ ᠬᠤᠶᠢᠲᠦ ᠤᠷᠤᠨ ᠢ ᠭᠦᠭᠵᠢᠬᠦᠯᠦᠨ ᠮᠠᠨᠳᠤᠭᠤᠯᠬᠤ ᠵᠡᠷᠭᠡ ᠪᠠᠶᠢᠯᠲᠤᠬᠤ ᠪᠤᠲᠤᠯᠭ᠎ᠠ ᠶᠢ ᠭᠦᠨᠵᠡᠭᠡᠢ ᠤᠷᠨᠢᠭᠦᠯᠬᠦ ᠨᠢ ᠮᠠᠨ ᠤ ᠬᠤᠰᠢᠭᠤᠨ ᠤ ᠠᠵᠦ ᠠᠬᠤᠢ ᠨᠡᠶᠢᠭᠡᠮ ᠢ ᠬᠡᠯᠪᠡᠷᠢ ᠬᠤᠪᠢᠷᠠᠭᠤᠯᠤᠨ ᠭᠦᠭᠵᠢᠭᠦᠯᠬᠦ ᠳᠤ ᠴᠢᠬᠤᠯᠠ ᠶᠡᠭᠡ ᠲᠤᠭᠢᠶᠠᠯ ᠢ ᠠᠪᠴᠢᠷᠠᠵᠦ ᠦᠭᠭᠦᠭᠰᠡᠨ ᠪᠠᠶᠢᠨ᠎ᠠ ︔ ᠦᠪᠡᠷᠳᠡᠭᠡᠨ ᠵᠠᠰᠠᠬᠤ ᠤᠷᠤᠨ ᠨᠢ ᠰᠢᠯᠢᠩᠬᠤᠳᠠ ᠤᠯᠠᠭᠠᠨᠬᠠᠳᠠ ᠲᠦᠩᠯᠢᠶᠤᠤ ᠶᠢᠨ ᠠᠵᠦ ᠠᠬᠤᠢ ᠶᠢᠨ ᠲᠤᠭᠤᠷᠢᠭ ᠪᠠ ᠦᠪᠦᠷ ᠮᠤᠩᠭᠤᠯ ᠤᠨ ᠵᠡᠭᠦᠨ ᠬᠡᠰᠡᠭ ᠤᠨ ᠡᠨᠧᠷᠬᠢ ᠶᠢᠨ ᠰᠤᠷᠪᠤᠯᠵᠢ ᠶᠢᠨ ᠰᠠᠭᠤᠷᠢᠨ ᠭᠠᠵᠠᠷ ᠢ ᠳᠡᠰ ᠳᠡᠪᠰᠢᠭᠦᠯᠦᠨ ᠪᠦᠬᠦ ᠤᠷᠤᠨ ᠤ ᠭᠦᠭᠵᠢᠯᠳᠡ ᠶᠢᠨ ᠪᠠᠶᠢᠯᠲᠤᠬᠤ ᠪᠤᠲᠤᠯᠭ᠎ᠠ ᠪᠤᠯᠭᠠᠵᠦ᠂ ᠤᠨᠴᠠᠭᠠᠶᠢᠯᠠᠨ 70 ᠵᠢᠯ ᠤᠨ ᠤᠢ ᠶᠢᠨ ᠪᠠᠶᠠᠷ ᠢ ᠪᠡᠯᠭᠡᠯᠡᠬᠦ ᠪᠠᠷ ᠪᠠᠶᠢᠭ᠎ᠠ ᠨᠢ ᠮᠠᠨ ᠤ ᠬᠤᠰᠢᠭᠤᠨ ᠤ ᠡᠯ᠎ᠡ ᠲᠦᠷᠦᠯ ᠤᠨ ᠠᠵᠢᠯ ᠤᠶᠢᠯᠡᠰ ᠤᠨ ᠭᠦᠭᠵᠢᠯᠳᠡ ᠳᠤ ᠴᠢᠬᠤᠯᠠ ᠲᠤᠭᠢᠶᠠᠯ ᠢ ᠠᠪᠴᠢᠷᠠᠵᠦ ᠦᠭᠬᠦ ᠪᠤᠯᠤᠨ᠎ᠠ ︔ ᠤᠯᠠᠭᠠᠬᠠᠨᠳᠠ ᠬᠤᠳᠠ ᠨᠢ ︽3661︾ ᠢᠨᠵᠧᠨᠧᠷᠢᠩ᠂ ᠪᠡᠯᠡ ᠤᠷᠤᠭᠤᠯᠵᠦ ᠬᠤᠷᠠᠮᠲᠤᠭᠤᠯᠬᠤ ᠪᠠᠶᠢᠭᠤᠯᠤᠮᠵᠢ ᠳᠤ ᠰᠢᠨ᠎ᠡ ᠶᠢ ᠡᠭᠦᠳᠬᠦ ᠶᠢ ᠲᠦᠷᠭᠡᠨ ᠠᠬᠢᠭᠤᠯᠬᠤ ᠪᠠ ᠤᠯᠤᠰ ᠠᠴᠠ ᠪᠡᠭᠡᠵᠢᠩ ᠲᠢᠶᠠᠨᠵᠢᠨ ᠡᠾᠧᠪᠧᠢ ᠶᠢᠨ ᠴᠡᠪᠡᠷ ᠡᠨᠧᠷᠬᠢ ᠶᠢᠨ ᠰᠤᠷᠪᠤᠯᠵᠢ ᠶᠢᠨ ᠪᠠᠲᠤᠯᠠᠭ᠎ᠠ ᠶᠢᠨ ᠭᠠᠷᠭᠠᠯᠳᠠ ᠶᠢᠨ ᠰᠠᠭᠤᠷᠢᠨ ᠭᠠᠵᠠᠷ ᠪᠤᠯᠭᠠᠭᠰᠠᠨ ᠨᠢ ᠮᠠᠨ ᠤ ᠬᠤᠰᠢᠭᠤᠨ ᠤ ᠠᠵᠦ ᠤᠶᠢᠯᠡᠰ ᠤᠨ ᠪᠦᠲᠦᠴᠡ ᠶᠢᠨ ᠲᠤᠭᠢᠷᠠᠭᠤᠯᠤᠯᠳᠠ ᠳᠤ ᠮᠠᠰᠢ ᠴᠢᠬᠤᠯᠠ ᠠᠰᠢᠭᠲᠠᠢ ᠳᠠᠯ᠎ᠠ ᠶᠢ ᠪᠦᠷᠢᠯᠲᠦᠭᠦᠯᠵᠦ ᠦᠭᠭᠦᠭᠰᠡᠨ ᠪᠠᠶᠢᠨ᠎ᠠ ︔ ᠭᠠᠵᠠᠷ ᠤᠷᠤᠨ ᠤ ᠳᠠᠪᠠᠭᠤᠯᠢᠭ᠂ ᠭᠦᠭᠵᠢᠯᠳᠡ ᠶᠢᠨ ᠪᠠᠶᠢᠷᠢ ᠲᠤᠭᠳᠠᠭᠠᠯᠳᠠ ᠨᠢ ᠪᠦᠬᠦ ᠤᠷᠤᠨ᠂ ᠪᠦᠬᠦ ᠬᠤᠳᠠ ᠎ ᠯᠤᠭ᠎ᠠ ᠳᠡᠭᠡᠲᠦ ᠬᠡᠮᠵᠢᠶ᠎ᠡ ᠪᠠᠷ ᠤᠶᠠᠯᠲᠤᠵᠦ᠂ ᠤᠶᠢᠯᠡᠳᠪᠦᠷᠢᠯᠡᠯ ᠤᠨ ᠴᠢᠳᠠᠪᠤᠷᠢ ᠶᠢ ᠲᠤᠭᠢᠷᠠᠭᠤᠯᠬᠤ᠂ ᠭᠦᠮᠦᠷᠭᠡ ᠶᠢᠨ ᠬᠠᠳᠠᠭᠠᠯᠠᠭᠳᠠᠴᠠ ᠶᠢ ᠪᠠᠭᠠᠰᠬᠠᠬᠤ᠂ ᠬᠦᠰᠢᠬᠦᠷᠭᠡ ᠶᠢ ᠴᠦᠭᠡᠳᠬᠡᠬᠦ ᠳᠠᠷᠤᠯᠲᠠ ᠨᠡᠯᠢᠶᠡᠳ ᠪᠠᠭ᠎ᠠ ᠪᠤᠯᠵᠦ᠂ ᠦᠪᠡᠷ ᠤᠨ ᠦᠷᠳᠡᠭ ᠢ ᠪᠠᠭᠤᠷᠠᠭᠤᠯᠬᠤ᠂ ᠲᠤᠳᠠᠭᠳᠠᠯ ᠢᠶᠠᠨ ᠨᠦᠭᠦᠪᠦᠷᠢᠯᠡᠬᠦ ᠳᠤ ᠠᠰᠢᠭᠲᠠᠢ ᠨᠦᠭᠦᠴᠡᠯ ᠢ ᠨᠡᠮᠡᠭᠳᠡᠭᠦᠯᠵᠦ᠂ ᠭᠦᠭᠵᠢᠯᠳᠡ ᠶᠢᠨ ᠤᠷᠤᠨ ᠵᠠᠢ᠂ ᠠᠵᠦ ᠤᠶᠢᠯᠡᠰ ᠤᠨ ᠰᠠᠭᠤᠷᠢ᠂ ᠪᠠᠲᠤᠯᠠᠭ᠎ᠠ ᠶᠢᠨ ᠴᠢᠳᠠᠪᠤᠷᠢ᠂ ᠭᠦᠭᠵᠢᠯᠳᠡ ᠶᠢᠨ ᠣᠷᠮᠠᠰᠢᠯ ᠨᠢ ᠭᠦᠭᠵᠢᠯᠳᠡ ᠶᠢ ᠲᠦᠷᠭᠡᠳᠬᠡᠬᠦ ᠤᠯᠳᠠᠬᠤᠶ᠎ᠠ ᠪᠡᠷᠬᠡ ᠲᠤᠬᠢᠶᠠᠯ ᠪᠠ ᠠᠷᠦ ᠳᠠᠯ᠎ᠠ ᠶᠢᠨ ᠳᠠᠪᠠᠭᠤᠯᠢᠭ ᠢ ᠪᠦᠷᠢᠯᠲᠦᠭᠦᠯᠵᠦ ᠦᠭᠭᠦᠭᠰᠡᠨ ᠪᠠᠶᠢᠨ᠎ᠠ᠃ ᠡᠳᠡᠭᠡᠷ ᠨᠢ ᠴᠦᠮ ᠪᠢᠳᠡᠨ ᠤ ᠠᠵᠦ ᠠᠬᠤᠢ ᠨᠡᠶᠢᠭᠡᠮ ᠤᠨ ᠳᠠᠪᠠᠯᠳᠠ ᠭᠦᠭᠵᠢᠯᠳᠡ ᠶᠢ ᠠᠭᠢᠭᠤᠯᠬᠤ ᠪᠠᠲᠦ ᠪᠠᠬᠢ ᠰᠠᠭᠤᠷᠢ ᠪᠠ ᠭᠦᠴᠦᠷᠭᠡᠭ ᠶᠡᠭᠡ ᠬᠦᠳᠡᠯᠭᠡᠬᠦ ᠬᠦᠴᠦᠨ ᠪᠤᠯᠤᠨ᠎ᠠ       2017 ᠤᠨ ᠤ ᠵᠠᠰᠠᠭ ᠤᠨ ᠤᠷᠲᠦᠨ ᠤ ᠠᠵᠢᠯ ᠤᠨ ᠶᠡᠷᠦᠩᠭᠡᠢ ᠱᠠᠭᠠᠷᠳᠠᠯᠭ᠎ᠠ ᠪᠤᠯ᠄ ᠲᠦᠪ᠂ ᠦᠪᠡᠷᠳᠡᠭᠡᠨ ᠵᠠᠰᠠᠬᠤ ᠤᠷᠤᠨ᠂ ᠤᠯᠠᠭᠠᠨᠬᠠᠳᠠ ᠬᠤᠳᠠ ᠪᠠ ᠬᠤᠰᠢᠭᠤᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠤᠲᠤᠯᠭ᠎ᠠ ᠲᠤᠭᠢᠷᠠᠭᠤᠯᠤᠯᠳᠠ ᠶᠢ ᠭᠦᠨᠵᠡᠬᠡᠢ ᠳᠤᠤᠱᠯᠠᠭᠤᠯᠵᠦ᠂ ᠲᠤᠭᠳᠠᠭᠤᠨ ᠤ ᠳᠤᠮᠳᠠ ᠤᠷᠤᠭᠰᠢᠯᠠᠬᠤ ᠠᠵᠢᠯ ᠤᠨ ᠶᠡᠷᠦᠩᠭᠡᠢ ᠦᠨᠲᠦᠰᠦᠨ ᠵᠠᠷᠴᠢᠮ ᠢ ᠴᠢᠩᠭ᠎ᠠ ᠡᠵᠡᠮᠰᠢᠵᠦ᠂ ᠭᠦᠭᠵᠢᠯᠳᠡ᠂ ᠠᠮᠢ ᠠᠬᠤᠢ᠂ ᠠᠷᠠᠳ ᠤᠨ ᠠᠮᠢᠲᠦᠷᠠᠯ ᠤᠨ ︽ᠭᠤᠷᠪᠠᠨ ᠰᠠᠭᠤᠷᠢ ᠱᠤᠭᠤᠮ︾᠎ ᠢ ᠢᠮᠠᠭᠳᠠ ᠪᠠᠷᠢᠮᠲᠠᠯᠠᠵᠦ᠂ ᠦᠭᠡᠷᠡᠴᠢᠯᠡᠯᠳᠡ ᠪᠠ ᠰᠢᠨ᠎ᠡ ᠶᠢ ᠡᠭᠦᠳᠬᠦ ︽ᠬᠤᠶᠠᠷ ᠬᠦᠳᠡᠯᠭᠡᠬᠦ ᠬᠦᠴᠦᠨ︾᠎ ᠢ ᠭᠤᠶᠢᠪᠢᠰᠢ ᠦᠬᠡᠢ ᠲᠦᠯᠬᠢᠨ ᠠᠭᠢᠭᠤᠯᠵᠦ᠂ ᠶᠡᠷᠦᠩᠭᠡᠢ ᠬᠡᠮᠵᠢᠶ᠎ᠡ ᠶᠢ ᠨᠡᠮᠡᠭᠳᠡᠬᠦᠯᠬᠦ ᠪᠠ ᠬᠡᠯᠪᠡᠷᠢ ᠬᠤᠪᠢᠷᠠᠭᠤᠯᠬᠤ ᠠᠷᠭ᠎ᠠ ᠬᠡᠮᠵᠢᠶ᠎ᠡ ᠶᠢᠨ ︽ᠬᠤᠤᠰ ᠡᠭᠦᠷᠭᠡ︾᠎ ᠶᠢ ᠭᠤᠶᠢᠪᠢᠰᠢ ᠦᠬᠡᠢ ᠲᠦᠯᠬᠢᠨ ᠠᠭᠢᠭᠤᠯᠵᠦ᠂ ᠠᠵᠦ ᠤᠶᠢᠯᠡᠳᠪᠦᠷᠢᠵᠢᠯᠳᠡ᠂ ᠴᠢᠮᠡᠭᠡ ᠵᠠᠩᠭᠢᠵᠢᠯᠳᠠ᠂ ᠬᠤᠳᠠ ᠪᠠᠯᠭᠠᠰᠦᠵᠢᠯᠳᠠ᠂ ᠮᠠᠯ ᠠᠵᠦ ᠠᠬᠤᠢ ᠲᠠᠷᠢᠶᠠᠯᠠᠩ ᠤᠨ ᠤᠲᠤᠭᠢᠴᠢᠯᠠᠯᠳᠠ ᠪᠤᠯᠤᠨ ᠨᠤᠭᠤᠭᠠᠷᠠᠭᠤᠯᠤᠯᠳᠠ ᠶᠢᠨ ︽ᠳᠠᠪᠤ ᠶᠢ ᠪᠦᠷᠢᠯᠲᠦᠭᠦᠯᠬᠦ︾᠎ ᠶᠢ ᠬᠦᠨᠵᠡᠭᠡᠢ ᠠᠭᠤᠰᠤᠯᠴᠠᠭᠤᠯᠬᠤ ᠶᠢ ᠭᠤᠶᠢᠪᠢᠰᠢ ᠦᠬᠡᠢ ᠲᠦᠯᠬᠢᠨ ᠠᠭᠢᠭᠤᠯᠵᠦ᠂ ᠶᠠᠳᠠᠭᠤ ᠠᠴᠠ ᠠᠩᠭᠢᠵᠢᠷᠠᠭᠤᠯᠤᠨ ᠪᠠᠭᠢᠯᠡᠯᠳᠡ ᠰᠢᠪᠲᠤᠯᠬᠤ᠂ ᠠᠷᠠᠳ ᠤᠨ ᠠᠮᠢᠲᠦᠷᠠᠯ ᠢ ᠰᠠᠶᠢᠵᠢᠷᠠᠭᠤᠯᠬᠤ ᠪᠠ ᠨᠡᠶᠢᠭᠡᠮ ᠤᠨ ᠠᠵᠢᠯ ᠤᠶᠢᠯᠡᠰ ᠤᠨ ᠭᠦᠭᠵᠢᠯᠳᠡ ᠶᠢ ᠭᠤᠶᠢᠪᠢᠰᠢ ᠦᠬᠡᠢ ᠲᠦᠯᠬᠢᠨ ᠠᠭᠢᠭᠤᠯᠵᠦ᠂ ᠭᠡᠰᠢᠭᠲᠡᠨ ᠬᠤᠰᠢᠭᠤᠨ ᠤ ᠳᠠᠪᠠᠯᠳᠠ ᠭᠦᠭᠵᠢᠯᠳᠡ ᠶᠢᠨ ᠠᠯᠬᠤᠴᠠ ᠶᠢ ᠪᠦᠬᠦ ᠳᠠᠯ᠎ᠠ ᠪᠠᠷ ᠲᠦᠷᠭᠡᠳᠬᠡᠵᠦ᠂ ᠰᠢᠯᠢᠳᠡᠭ ᠬᠢᠷᠢ ᠪᠦᠲᠦᠮᠵᠢ ᠪᠠᠷ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠪᠠ ᠨᠠᠮ ᠤᠨ ᠠᠷᠪᠠ ᠶᠢᠰᠦᠲᠦᠭᠡᠷ ᠶᠡᠭᠡ ᠬᠤᠷᠠᠯ ᠤᠨ ᠡᠷᠭᠢᠯᠡᠨ ᠶᠠᠪᠤᠭᠳᠠᠬᠤ ᠶᠢ ᠤᠭᠲᠤᠨ ᠠᠪᠤᠨ᠎ᠠ᠃       ᠭᠤᠤᠯ ᠪᠤᠯᠬᠤ ᠵᠢᠱᠢᠭᠰᠡᠨ ᠬᠠᠷᠠᠯᠳᠠ ᠪᠤᠯ᠄ ᠤᠷᠤᠨ ᠨᠤᠲᠤᠭ ᠤᠨ ᠤᠶᠢᠯᠡᠳᠪᠦᠷᠢᠯᠡᠯ ᠤᠨ ᠶᠡᠷᠦᠩᠭᠡᠢ ᠦᠷᠳᠡᠭ ᠢ 8%᠎ ᠪᠠᠷ ᠨᠡᠮᠡᠭᠳᠡᠭᠦᠯᠵᠦ᠂ 169 ᠳ᠋ᠦᠩᠰᠢᠭᠤᠷ ᠲᠦᠭᠦᠷᠢᠭ ᠲᠤ ᠭᠦᠷᠭᠡᠨ᠎ᠡ᠃ ᠡᠳ᠋ ᠤᠨ ᠵᠠᠰᠠᠭ ᠤᠨ ᠤᠯᠠᠨ ᠨᠡᠶᠢᠳᠡ ᠶᠢᠨ ᠲᠦᠰᠦᠪ ᠤᠨ ᠤᠷᠤᠯᠭ᠎ᠠ ᠶᠢ ᠵᠤᠬᠢᠰᠲᠠᠢ ᠨᠡᠮᠡᠭᠳᠡᠭᠦᠯᠬᠦ ᠶᠢ ᠪᠠᠲᠤᠯᠠᠨ᠎ᠠ᠃ ᠬᠡᠪᠴᠢᠶᠡᠵᠢᠯ ᠠᠴᠠ ᠳᠡᠭᠡᠭᠰᠢᠬᠢ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢ 16%᠎ ᠪᠠᠷ ᠨᠡᠮᠡᠭᠳᠡᠭᠦᠯᠵᠦ᠂ 143.5 ᠳ᠋ᠥᠩᠰᠢᠭᠤᠷ ᠲᠦᠭᠦᠷᠢᠭ ᠲᠤ ᠭᠦᠷᠭᠡᠨ᠎ᠡ᠃ ᠨᠡᠶᠢᠭᠡᠮ ᠤᠨ ᠭᠡᠷᠡᠭᠯᠡᠭᠡᠨ ᠤ ᠵᠦᠢᠯ ᠢ ᠵᠢᠵᠢᠭᠯᠡᠨ ᠬᠤᠳᠠᠯᠲᠤᠬᠤ ᠶᠡᠷᠦᠩᠭᠡᠢ ᠲᠤᠭ᠎ᠠ ᠶᠢ 11%᠎ ᠪᠠᠷ ᠨᠡᠮᠡᠭᠳᠡᠭᠦᠯᠵᠦ᠂ 36.5 ᠳ᠋ᠥᠩᠰᠢᠭᠤᠷ ᠲᠦᠭᠦᠷᠢᠭ ᠲᠤ ᠬᠦᠷᠭᠡᠨ᠎ᠡ᠃ ᠬᠤᠳᠠ ᠪᠠᠯᠭᠠᠰᠦ ᠪᠠ ᠮᠠᠯᠵᠢᠬᠤ ᠲᠠᠷᠢᠶᠠᠯᠠᠬᠤ ᠤᠷᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠭᠦᠮᠦᠨ ᠳᠤᠮᠳᠠᠴᠢ ᠶᠢᠨ ᠡᠵᠡᠮᠳᠡᠵᠦ ᠪᠤᠯᠬᠤ ᠤᠷᠤᠯᠭ᠎ᠠ ᠶᠢ ᠳᠤᠰᠪᠤᠷᠢ 11.5% ᠪᠠ 10.5%᠎ ᠪᠠᠷ ᠨᠡᠮᠡᠭᠳᠡᠭᠦᠯᠵᠦ᠂ ᠲᠤᠰᠪᠦᠷᠢ 27480 ᠲᠦᠭᠦᠷᠢᠭ ᠪᠠ 10390 ᠲᠦᠭᠦᠷᠢᠭ ᠲᠤ ᠭᠦᠷᠭᠡᠨ᠎ᠡ᠃       ᠲᠦᠯᠦᠭᠡᠯᠡᠭᠴᠢᠳ ᠡ᠂ ᠳᠡᠭᠡᠷᠡᠭᠢ ᠬᠠᠷᠠᠯᠳᠠ ᠶᠢ ᠪᠡᠶᠡᠯᠡᠭᠦᠯᠬᠦ ᠨᠢ ᠤᠯᠠᠨ ᠲᠦᠮᠡᠨ ᠤ ᠬᠦᠰᠡᠯ᠂ ᠭᠦᠭᠵᠢᠯᠳᠡ ᠶᠢᠨ ᠱᠠᠭᠠᠷᠳᠠᠯᠭ᠎ᠠ᠂ ᠴᠠᠭ ᠦᠶ᠎ᠡ ᠶᠢᠨ ᠨᠠᠶᠢᠳᠠᠯᠭ᠎ᠠ ᠪᠤᠯᠤᠨ᠎ᠠ᠂ ᠪᠢᠳᠡ ᠡᠷᠬᠡᠪᠰᠢ ᠡᠷᠴᠢ ᠵᠤᠷᠢᠭ ᠢᠶᠠᠨ ᠬᠦᠪᠴᠢᠯᠡᠵᠦ᠂ ᠢᠳᠡᠭᠡᠯ ᠵᠤᠷᠢᠭ ᠢᠶᠠᠨ ᠪᠠᠲᠤᠳᠬᠠᠵᠦ᠂ ᠤᠶᠤᠨ ᠴᠢᠳᠠᠯ ᠢᠶᠠᠨ ᠰᠢᠪᠬᠠᠨ ᠵᠠᠰᠠᠭ ᠤᠨ ᠤᠷᠲᠦᠨ ᠤ ᠡᠯ᠎ᠡ ᠲᠦᠷᠦᠯ ᠤᠨ ᠠᠵᠢᠯ ᠢ ᠰᠠᠶᠢᠲᠦᠷ ᠬᠢᠵᠦ᠂ ᠪᠦᠬᠦ ᠬᠤᠰᠢᠭᠤᠨ ᠤ ᠠᠵᠦ ᠠᠬᠤᠢ ᠨᠡᠶᠢᠭᠡᠮ ᠤᠨ ᠳᠠᠪᠠᠯᠳᠠ ᠭᠦᠭᠵᠢᠯᠳᠡ ᠶᠢ ᠴᠢᠷᠮᠡᠶᠢᠨ ᠠᠭᠢᠭᠤᠯᠤᠨ᠎ᠠ᠃
 
ᠢᠷᠡᠯᠲᠡ᠄ ᠬᠡᠰᠢᠭᠲᠡᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号