ᠭᠤᠷᠪᠠ᠂ ᠭᠦᠭᠵᠢᠯᠳᠡ ᠶᠢᠨ ᠨᠠᠭᠠᠲᠦ ᠵᠠᠬ᠎ᠠ ᠶᠢᠨ ᠪᠠᠷᠢᠮᠵᠢᠶ᠎ᠠ ᠶᠢ ᠪᠠᠷᠢᠮᠳᠠᠯᠠᠵᠦ᠂ ᠠᠵᠦ ᠠᠬᠤᠢ ᠶᠢᠨ | ᠶᠡᠷᠦᠩᠭᠡᠢ ᠬᠡᠮᠵᠢᠶ᠎ᠡ ᠶᠢ ᠨᠡᠮᠡᠭᠳᠡᠭᠦᠯᠦᠨ᠎ᠡ | ᠲᠦᠷᠦᠯ ᠵᠦᠢᠯ ᠢᠶᠠᠷ ᠪᠠᠶᠢᠯᠲᠤᠬᠤ ᠪᠤᠲᠤᠯᠭ᠎ᠠ ᠶᠢ ᠲᠠᠶᠢᠴᠢᠯᠠᠬᠤ ᠶᠢ ᠭᠤᠶᠢᠪᠢᠰᠢ ᠦᠭᠡᠢ ᠭᠡᠷᠡᠭᠵᠢᠬᠦᠯᠵᠦ᠂ | ᠲᠦᠷᠦᠯ ᠵᠦᠢᠯ ᠢᠶᠠᠷ ᠭᠤᠤᠯᠯᠠᠭᠴᠢ ᠠᠵᠦ ᠤᠶᠢᠯᠡᠰ ᠢ ᠪᠤᠵᠠᠭᠠᠶᠢᠷᠠᠭᠤᠯᠤᠨ᠂ ᠬᠡᠯᠪᠡᠷᠢ ᠬᠤᠪᠢᠷᠠᠭᠤᠯᠤᠨ ᠳᠡᠰ | ᠳᠡᠪᠰᠢᠬᠦ ᠶᠢ ᠠᠭᠢᠭᠤᠯᠵᠦ᠂ ᠵᠠᠯᠭᠠᠮᠵᠢ ᠬᠦᠴᠦᠨ ᠤ ᠳᠠᠪᠠᠭᠤᠯᠢᠭ ᠢ ᠭᠦᠮᠦᠵᠢᠭᠦᠯᠵᠦ᠂ ᠠᠵᠦ ᠠᠬᠤᠢ ᠶᠢᠨ | ᠬᠦᠭᠵᠢᠯᠳᠡ ᠶᠢᠨ ᠶᠡᠷᠦᠩᠭᠡᠢ ᠬᠡᠮᠵᠢᠶ᠎ᠡ ᠪᠠᠨ ᠨᠡᠮᠡᠭᠳᠡᠭᠦᠯᠵᠦ᠂ ᠵᠡᠷᠭᠡ ᠳᠡᠰ ᠢᠶᠠᠨ ᠳᠡᠭᠡᠭᠰᠢᠯᠡᠭᠦᠯᠵᠦ᠂ ᠪᠤᠳᠠᠲᠦ | ᠭᠦᠴᠦᠨ ᠢᠶᠠᠨ ᠭᠦᠴᠦᠷᠭᠡᠭᠵᠢᠬᠦᠯᠬᠦ ᠶᠢ ᠠᠭᠢᠭᠤᠯᠤᠨ᠎ᠠ᠃ | — — ᠭᠤᠤᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠳᠠ ᠶᠢ ᠲᠦᠷᠭᠡᠳᠬᠡᠨ᠎ᠡ᠃ | ᠤᠯᠤᠰ ᠠᠴᠠ ᠬᠡᠷᠡᠭᠵᠢᠬᠦᠯᠬᠦ ᠠᠷᠪᠠᠨ ᠨᠢᠭᠡᠨ ᠳᠤᠮᠤ ᠢᠨᠵᠧᠨᠧᠷᠢᠩ᠂ ᠵᠢᠷᠭᠤᠭᠠᠨ ᠶᠡᠭᠡ ᠬᠡᠷᠡᠭᠯᠡᠭᠡᠨ ᠤ ᠢᠨᠵᠧᠨᠧᠷᠢᠩ | ᠪᠠ ᠦᠪᠡᠷᠳᠡᠭᠡᠨ ᠵᠠᠰᠠᠬᠤ ᠤᠷᠤᠨ ᠠᠴᠠ ᠬᠡᠷᠡᠭᠵᠢᠬᠦᠯᠬᠦ ︽ᠲᠤᠯᠤᠭᠠᠨ ᠲᠤᠤᠷᠵᠢᠯ ᠲᠤᠯᠤᠭᠠᠨ ᠠᠵᠦ ᠠᠬᠤᠶᠢᠯᠠᠯ | ᠲᠤᠯᠤᠭᠠᠨ ᠰᠢᠨᠡᠴᠢᠯᠡᠯ︾ ᠤᠨ ᠪᠠᠶᠢᠯᠳᠤᠬᠤ ᠪᠣᠳᠣᠯᠭ᠎ᠠ ᠶᠢᠨ ᠠᠰᠢᠭᠲᠠᠢ ᠲᠤᠭᠢᠶᠠᠯ ᠢ ᠴᠢᠩᠭ᠎ᠠ ᠠᠳᠬᠤᠵᠦ᠂ ᠲᠦᠷᠦ | ᠪᠤᠲᠤᠯᠭ᠎ᠠ ᠶᠢᠨ ᠠᠰᠠᠭᠤᠨ ᠯᠠᠪᠯᠠᠯᠳᠠ᠂ ᠡᠭᠢ ᠰᠤᠷᠪᠤᠯᠵᠢ ᠶᠢᠨ ᠪᠠᠶᠢᠳᠠᠯ ᠢ ᠤᠶᠢᠯᠠᠭᠠᠬᠤ᠂ ᠠᠵᠢᠯ ᠲᠦᠷᠦᠯ ᠢ | ᠵᠠᠳᠠᠯᠬᠤ᠂ ᠵᠠᠬ᠎ᠠ ᠳᠡᠯᠭᠡᠭᠦᠷ ᠢ ᠪᠠᠶᠢᠴᠠᠭᠠᠬᠤ ᠵᠡᠷᠭᠡ ᠰᠠᠭᠤᠷᠢ ᠴᠢᠨᠠᠷᠲᠠᠢ ᠠᠵᠢᠯ ᠢ ᠯᠠᠪᠳᠠᠭᠤᠨ ᠪᠠᠲᠤᠲᠠᠢ ᠬᠢᠵᠦ᠂ | ᠲᠦᠷᠦᠯ ᠵᠦᠢᠯ ᠢ ᠲᠦᠯᠦᠪᠯᠡᠬᠦ᠂ ᠲᠦᠬᠦᠭᠡᠷᠬᠦ᠂ ᠨᠦᠭᠡᠴᠡᠯᠡᠬᠦ ᠶᠢ ᠴᠢᠩᠭᠠᠳᠬᠠᠵᠦ᠂ ᠮᠢᠩᠭᠠᠨ ᠲᠦᠮᠡᠨ | ᠲᠦᠭᠦᠷᠢᠭ ᠠᠴᠠ ᠳᠡᠭᠡᠭᠰᠢᠬᠢ ᠲᠦᠷᠦᠯ ᠵᠦᠢᠯ ᠢ 130 ᠠᠴᠠ ᠳᠡᠭᠡᠭᠰᠢᠬᠢ ᠨᠦᠭᠡᠴᠡᠯᠡᠨ᠎ᠡ᠃ ᠠᠷᠠᠯᠵᠢᠶᠠᠴᠢᠨ | ᠤᠷᠢᠬᠤ ᠬᠠᠷᠠᠯᠳᠠ ᠪᠠᠨ ᠴᠢᠩᠭ᠎ᠠ ᠲᠤᠭᠳᠠᠭᠠᠵᠦ᠂ ᠪᠡᠯᠡ ᠳᠠᠳᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠦ᠂ | ᠭᠠᠵᠠᠷ ᠤᠷᠤᠨ᠂ ᠰᠠᠯᠠᠭ᠎ᠠ ᠮᠦᠴᠢᠷ᠂ ᠨᠡᠶᠢᠭᠡᠮ ᠤᠨ ᠢᠳᠡᠪᠭᠢᠲᠦ ᠴᠢᠨᠠᠷ ᠢ ᠭᠦᠢᠴᠡᠳ ᠲᠠᠶᠢᠴᠢᠯᠠᠵᠦ᠂ ᠲᠦᠷᠦᠯ | ᠵᠦᠢᠯ ᠤᠨ ᠭᠡᠷ᠎ᠡ ᠶᠢᠨ ᠤᠶᠢᠯᠡᠴᠢᠯᠡᠭᠡ ᠪᠠ ᠭᠡᠷ᠎ᠡ ᠭᠦᠢᠴᠡᠳᠬᠡᠬᠦ ᠬᠠᠮᠢᠶᠠᠷᠦᠯᠳᠠ ᠶᠢ ᠴᠢᠩᠭ᠎ᠠ ᠠᠳᠬᠤᠵᠦ᠂ | ᠠᠷᠠᠯᠵᠢᠶᠠᠴᠢᠨ ᠤᠷᠢᠵᠦ ᠪᠡᠯᠡ ᠳᠠᠳᠠᠬᠤ ᠪᠠᠭᠢᠯᠡᠯᠳᠡ ᠰᠢᠪᠲᠤᠯᠬᠤ ᠳᠠᠶᠢᠨ ᠪᠠ ᠤᠳᠠᠭᠠᠨ ᠳᠠᠭᠠᠭᠠᠮᠠᠭᠠᠢ ᠳᠠᠶᠢᠨ ᠳᠤ | ᠪᠦᠬᠦ ᠭᠦᠴᠦᠨ ᠢᠶᠠᠷ ᠢᠯᠠᠯᠳᠠ ᠤᠯᠵᠦ᠂ ᠳᠤᠰ ᠵᠢᠯ ᠳᠤ ᠤᠯᠤᠰ ᠲᠤᠲᠤᠭᠠᠲᠦ ᠤᠷᠤᠨ ᠤ ᠭᠠᠳᠠᠨᠠᠬᠢ ᠪᠡᠯᠡ | ᠮᠦᠩᠭᠦ ᠶᠢ 50 ᠳ᠋ᠥᠩᠰᠢᠭᠤᠷ ᠲᠦᠭᠦᠷᠢᠭ ᠳᠠᠳᠠᠨ ᠤᠷᠤᠭᠤᠯᠬᠤ ᠪᠠᠷ ᠲᠡᠮᠡᠴᠡᠵᠦ᠂ ᠠᠳᠠᠯᠢ ᠬᠤᠭᠤᠴᠠᠭᠠᠨ ᠤ | ᠬᠢ ᠠᠴᠠ 30.5% ᠪᠠᠷ ᠨᠡᠮᠡᠭᠳᠡᠭᠦᠯᠦᠨ᠎ᠡ᠃ ᠲᠦᠷᠦ ᠪᠤᠲᠤᠯᠭ᠎ᠠ ᠶᠢᠨ ᠵᠢᠯᠤᠭᠤᠲᠤᠮᠵᠢ ᠪᠠ ᠪᠡᠯᠡ | ᠤᠷᠤᠭᠤᠯᠤᠯᠳᠠ ᠶᠢᠨ ᠴᠢᠭᠯᠡᠯ ᠢ ᠤᠨᠤᠪᠴᠢᠲᠠᠢ ᠡᠵᠡᠮᠰᠢᠵᠦ᠂ ᠲᠦᠷᠦ ᠶᠢᠨ ᠪᠤᠲᠤᠯᠭ᠎ᠠ᠂ ᠪᠡᠯᠡ ᠮᠦᠩᠭᠦ᠂ ᠲᠦᠷᠦᠯ | ᠵᠦᠢᠯ ᠢ ᠲᠡᠮᠡᠴᠡᠨ ᠤᠯᠬᠤ ᠭᠦᠴᠦᠯᠡᠴᠡ ᠶᠢ ᠨᠡᠮᠡᠭᠳᠡᠭᠦᠯᠵᠦ᠂ ᠨᠡᠩ ᠶᠡᠭᠡ ᠰᠢᠪᠲᠤᠯᠤᠯᠳᠠ ᠭᠠᠷᠭᠠᠬᠤ ᠪᠠᠷ ᠴᠢᠷᠮᠡᠶᠢᠨ᠎ᠠ | ᠃ ᠴᠢᠩᠭ᠎ᠠ ᠲᠦᠷᠢᠮᠵᠢᠭᠰᠡᠨ ᠬᠢᠨᠠᠨ ᠵᠦᠪᠰᠢᠶᠡᠷᠡᠯ᠂ ᠴᠠᠭ ᠤᠨ ᠬᠢᠵᠠᠭᠠᠷ᠂ ᠠᠯᠬᠤᠮ ᠳᠠᠷᠠᠭᠠᠯᠠᠯ ᠵᠡᠷᠭᠡ ᠴᠢᠳᠠᠪᠬᠢᠲᠦ | ᠨᠠᠷᠢᠨ ᠳᠠᠩᠰᠠ ᠶᠢ ᠲᠤᠭᠲᠠᠭᠠᠵᠦ᠂ ᠭᠤᠤᠯᠳᠠᠯᠭ᠎ᠠ ᠲᠠᠢ ᠲᠦᠷᠦᠯ ᠵᠦᠢᠯ ᠢ ᠤᠲᠤᠷᠢᠲᠤᠯᠭ᠎ᠠ ᠳᠠᠭᠠᠭᠠᠴᠢᠯᠠᠵᠦ | ᠬᠠᠷᠢᠯᠴᠠᠬᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠲᠤᠭᠢᠷᠠᠭᠤᠯᠵᠦ ᠬᠢᠨᠠᠨ ᠬᠡᠮᠵᠢᠬᠦ᠂ ᠲᠠᠭᠠᠨ ᠤᠶᠢᠯᠡᠴᠢᠯᠡᠬᠦ᠂ | ᠱᠠᠯᠠᠪᠳᠠᠭᠤᠯᠤᠨ ᠪᠠᠶᠢᠴᠠᠭᠠᠬᠤ᠂ ᠬᠢᠨᠠᠨ ᠰᠢᠯᠭᠠᠯᠳᠠ ᠶᠢᠨ ᠬᠠᠷᠢᠭᠤᠴᠠᠯᠭ᠎ᠠ ᠨᠡᠬᠡᠮᠵᠢᠯᠡᠬᠦ ᠨᠡᠩ ᠪᠦᠲᠦᠮᠵᠢᠲᠠᠢ | ᠲᠦᠷᠢᠮ ᠢ ᠪᠠᠶᠢᠭᠤᠯᠵᠦ᠂ ᠡᠮᠦᠨᠡᠬᠢ ᠬᠤᠭᠤᠴᠠᠭᠠᠨ ᠤ ᠠᠵᠢᠯ ᠳᠤ ᠬᠦᠴᠦᠯᠡᠬᠦ᠂ ᠪᠠᠷᠢᠯᠭ᠎ᠠ ᠡᠬᠢᠯᠡᠬᠦ ᠶᠢ ᠠᠳᠬᠤᠬᠤ᠂ | ᠠᠬᠢᠴᠠ ᠶᠢ ᠠᠮᠵᠢᠭᠤᠯᠬᠤ ᠳᠤ ᠪᠦᠬᠦ ᠬᠦᠴᠦᠨ ᠴᠢᠳᠠᠯ ᠢᠶᠠᠨ ᠭᠠᠷᠭᠠᠵᠦ᠂ ᠠᠵᠦ ᠤᠶᠢᠯᠡᠰ ᠤᠨ ᠪᠦᠲᠦᠭᠡᠨ | ᠪᠠᠶᠢᠭᠤᠯᠤᠯᠳᠠ᠂ ᠰᠠᠭᠤᠷᠢ ᠲᠦᠭᠦᠭᠡᠷᠦᠮᠵᠢ᠂ ᠠᠷᠠᠳ ᠤᠨ ᠠᠮᠢᠲᠦᠷᠠᠯ᠂ ᠨᠡᠶᠢᠭᠡᠮ ᠤᠨ ᠠᠵᠢᠯ ᠤᠶᠢᠯᠡᠰ ᠵᠡᠷᠭᠡ ᠡᠯ᠎ᠡ | ᠬᠦᠷᠢᠶ᠎ᠡ ᠬᠡᠪᠴᠢᠶᠡᠨ ᠤ ᠲᠦᠷᠦᠯ ᠵᠦᠢᠯ ᠢ ᠭᠦᠴᠦᠨ ᠢᠶᠠᠨ ᠲᠦᠪᠯᠡᠷᠡᠭᠦᠯᠦᠨ ᠬᠡᠷᠡᠭᠵᠢᠬᠦᠯᠵᠦ᠂ ᠦᠪᠡᠷᠳᠡᠭᠡᠨ ᠵᠠᠰᠠᠬᠤ | ᠤᠷᠤᠨ ᠪᠠᠶᠢᠭᠤᠯᠤᠭᠳᠠᠭᠰᠠᠨ 70 ᠵᠢᠯ ᠤᠨ ᠤᠢ ᠪᠠ ᠨᠠᠮ ᠤᠨ ᠠᠷᠪᠠ ᠶᠢᠰᠦᠲᠦᠭᠡᠷ ᠶᠡᠭᠡ ᠬᠤᠷᠠᠯ ᠤᠨ ᠡᠷᠬᠢᠯᠡᠨ | ᠶᠠᠪᠤᠭᠳᠠᠬᠤ ᠳᠤ ᠨᠠᠨᠳᠢᠨ ᠪᠡᠯᠡᠭ ᠪᠤᠯᠭᠠᠨ᠎ᠠ᠃ ᠪᠡᠯᠡ ᠣᠷᠣᠭᠤᠯᠵᠦ ᠪᠡᠯᠡ ᠬᠤᠷᠠᠮᠲᠤᠭᠤᠯᠬᠤ ᠠᠷᠭ᠎ᠠ ᠬᠡᠯᠪᠡᠷᠢ ᠳᠤ | ᠰᠢᠨ᠎ᠡ ᠶᠢ ᠡᠭᠦᠳᠬᠦ ᠶᠢ ᠲᠤᠪᠤᠶᠢᠯᠭᠠᠵᠦ᠂ ᠤᠯᠤᠰ ᠤᠨ ᠪᠡᠯᠡ ᠤᠷᠤᠭᠤᠯᠵᠦ ᠪᠡᠯᠡ ᠬᠤᠷᠠᠮᠲᠤᠭᠤᠯᠬᠤ ᠲᠦᠷᠦ ᠶᠢᠨ | ᠪᠤᠲᠤᠯᠭ᠎ᠠ ᠶᠢ ᠵᠦᠢ ᠵᠤᠬᠢᠰᠲᠠᠢ ᠠᠰᠢᠭᠯᠠᠵᠦ᠂ ᠬᠤᠳᠠ ᠶᠢᠨ ᠪᠡᠯᠡ ᠤᠷᠤᠭᠤᠯᠤᠯᠳᠠ᠂ ᠳᠡᠮᠦᠷᠯᠢᠭ ᠪᠤᠯᠪᠠᠰᠦᠷᠠᠭᠤᠯᠬᠤ | ᠠᠵᠦ ᠤᠶᠢᠯᠡᠳᠪᠦᠷᠢ ᠵᠡᠷᠭᠡ ᠵᠢᠷᠭᠤᠭᠠᠨ ᠶᠡᠭᠡ ᠪᠡᠯᠡ ᠤᠷᠤᠭᠤᠯᠬᠤ ᠳᠠᠪᠴᠠᠩ ᠤᠨ ᠤᠶᠢᠯᠡᠲᠦᠯ ᠢ ᠭᠦᠢᠴᠡᠳ | ᠪᠠᠳᠠᠷᠠᠭᠤᠯᠵᠦ᠂ ᠮᠦᠩᠭᠦᠨ ᠭᠦᠢᠯᠭᠡᠭᠡᠨ ᠤ ᠬᠠᠮᠲᠤᠷᠠᠯᠴᠠᠭ᠎ᠠ᠂ ᠡᠳ᠋ ᠬᠦᠷᠦᠩᠭᠡ ᠶᠢ ᠲᠡᠮᠳᠡᠭᠲᠦ ᠪᠣᠯᠭᠠᠬᠤ᠂ ᠪᠡᠯᠡ | ᠬᠤᠷᠠᠮᠲᠤᠭᠤᠯᠵᠦ ᠲᠦᠷᠢᠶᠡᠰᠦᠯᠡᠭᠦᠯᠬᠦ᠂ ᠪᠠᠩᠬᠢ ᠪᠠ ᠵᠠᠰᠠᠭ ᠬᠤᠯᠪᠣᠭᠠᠯᠠᠬᠤ ᠵᠡᠷᠭᠡ ᠬᠡᠪ ᠵᠠᠭᠪᠤᠷ ᠢᠶᠠᠷ ᠪᠡᠯᠡ | ᠤᠷᠤᠭᠤᠯᠬᠤ ᠬᠦᠷᠢᠶ᠎ᠡ ᠬᠡᠪᠴᠢᠶ᠎ᠡ ᠪᠠ ᠬᠡᠮᠵᠢᠶ᠎ᠡ ᠶᠢ ᠦᠷᠭᠡᠳᠬᠡᠨ᠎ᠡ᠃ ᠶᠠᠳᠠᠭᠤ ᠬᠦᠴᠢᠷᠲᠠᠢ ᠭᠠᠵᠠᠷ ᠤᠷᠤᠨ ᠤ | ᠵᠠᠬ᠎ᠠ ᠳᠤ ᠭᠠᠷᠬᠤ ᠰᠠᠭᠠᠳ ᠦᠬᠡᠢ ᠵᠠᠮ ᠢ ᠰᠠᠶᠢᠲᠦᠷ ᠠᠰᠢᠭᠯᠠᠵᠤ᠂ ᠠᠵᠦ ᠠᠬᠤᠶᠢᠯᠠᠯ ᠤᠨ ᠬᠤᠪᠢ | ᠤᠷᠤᠭᠤᠯᠤᠭᠴᠢ ᠶᠢᠨ ᠡᠷᠭᠡ ᠪᠠᠷ ᠪᠡᠯᠡ ᠤᠷᠤᠭᠤᠯᠬᠤ ᠪᠠ ᠵᠠᠬ᠎ᠠ ᠳᠤ ᠭᠠᠷᠴᠦ ᠪᠡᠯᠡ ᠤᠷᠤᠭᠤᠯᠬᠤ ᠶᠢ ᠳᠡᠮᠵᠢᠵᠦ᠂ | ᠤᠯᠠᠨ ᠳᠠᠪᠬᠤᠷᠭᠠᠲᠦ ᠬᠦᠷᠦᠩᠭᠡ ᠶᠢᠨ ᠵᠠᠬ᠎ᠠ ᠳᠡᠯᠭᠡᠭᠦᠷ ᠲᠠᠢ ᠵᠤᠯᠭᠠᠭᠤᠯᠤᠨ᠎ᠠ᠃ PPP ᠬᠡᠪ ᠵᠠᠭᠪᠤᠷ ᠢ ᠪᠦᠬᠦ | ᠬᠦᠴᠦᠨ ᠢᠶᠠᠷ ᠲᠦᠭᠡᠮᠡᠯᠵᠢᠭᠦᠯᠵᠦ᠂ ᠦᠯᠡᠳᠡᠵᠦ ᠪᠠᠶᠢᠭ᠎ᠠ ᠬᠦᠷᠦᠩᠭᠡ᠂ ᠪᠦᠲᠦᠭᠡᠨ ᠪᠠᠶᠢᠭᠤᠯᠤᠯᠳᠠ ᠶᠢᠨ ᠲᠦᠷᠦᠯ | ᠵᠦᠢᠯ ᠢᠶᠠᠷ ᠪᠡᠯᠡ ᠳᠠᠳᠠᠵᠦ᠂ ᠨᠡᠶᠢᠭᠡᠮ ᠤᠨ ᠬᠦᠷᠦᠩᠭᠡ ᠮᠦᠩᠭᠦ ᠶᠢ ᠲᠠᠶᠢᠴᠢᠯᠠᠨ᠎ᠠ᠃ ᠢᠳᠡᠪᠭᠢᠯᠡᠨ ᠳᠠᠪᠰᠢᠭᠰᠠᠨ᠂ | ᠡᠶ᠎ᠡ ᠵᠤᠬᠢᠴᠠᠩᠭᠤᠢ ᠡᠮᠬᠢ ᠲᠢᠭᠯᠢᠮ ᠲᠠᠢ ᠲᠦᠷᠦᠯ ᠵᠦᠢᠯ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠳᠠ ᠪᠠ ᠠᠵᠦ | ᠠᠬᠤᠶᠢᠯᠠᠯ ᠤᠨ ᠤᠶᠢᠯᠡᠳᠪᠦᠷᠢᠯᠡᠯ ᠤᠨ ᠤᠷᠴᠢᠨ ᠲᠤᠭᠤᠷᠢᠨ ᠢ ᠴᠢᠷᠮᠡᠶᠢᠨ ᠪᠤᠢ ᠪᠤᠯᠭᠠᠵᠦ᠂ ᠠᠵᠢᠯ ᠢ ᠲᠦᠢᠪᠡᠭᠡᠨ | ᠬᠠᠷᠰᠢᠯᠠᠬᠤ᠂ ᠬᠢᠬᠠᠵᠦ ᠠᠪᠬᠤ ᠵᠡᠷᠭᠡ ᠬᠠᠤᠯᠢ ᠪᠤᠰᠦ ᠠᠵᠢᠯᠯᠠᠭ᠎ᠠ ᠳᠤ ᠴᠢᠩᠭ᠎ᠠ ᠴᠤᠭᠢᠯᠳᠠ ᠦᠭᠴᠦ᠂ ᠠᠵᠦ | ᠠᠬᠤᠶᠢᠯᠠᠯ ᠤᠨ ᠪᠡᠯᠡ ᠤᠷᠤᠭᠤᠯᠬᠤ ᠢᠳᠡᠭᠡᠯ ᠵᠤᠷᠢᠭ ᠢ ᠪᠠᠲᠤᠳᠬᠠᠨ᠎ᠠ᠃ | — — ᠠᠵᠦ ᠤᠶᠢᠯᠡᠰ ᠤᠨ ᠬᠡᠯᠪᠡᠷᠢ ᠬᠤᠪᠢᠷᠠᠭᠤᠯᠤᠨ ᠳᠡᠰ ᠳᠡᠪᠰᠢᠬᠦ ᠶᠢ ᠲᠦᠯᠭᠢᠨ ᠠᠬᠢᠭᠤᠯᠤᠨ᠎ᠠ᠃ | ᠶᠡᠷᠦᠩᠬᠡᠢ ᠬᠡᠮᠵᠢᠶ᠎ᠡ ᠶᠢ ᠨᠡᠮᠡᠭᠳᠡᠭᠦᠯᠬᠦ ᠬᠢᠭᠡᠳ ᠶᠠᠰᠦ ᠴᠢᠨᠠᠷ ᠢ ᠳᠡᠭᠡᠭᠰᠢᠯᠡᠭᠦᠯᠬᠦ ᠶᠢ ᠵᠡᠷᠭᠡᠪᠡᠷ ᠴᠢᠬᠤᠯᠠᠴᠢᠯᠠᠬᠤ᠂ | ᠬᠠᠳᠠᠭᠠᠯᠠᠭᠳᠠᠴᠠ ᠶᠢᠨ ᠬᠡᠮᠵᠢᠶ᠎ᠡ ᠶᠢ ᠲᠤᠭᠢᠷᠠᠭᠤᠯᠬᠤ ᠬᠢᠭᠡᠳ ᠰᠠᠶᠢᠲᠦᠷ ᠬᠢᠵᠦ ᠬᠡᠮᠵᠢᠶ᠎ᠡ ᠶᠢ ᠨᠡᠮᠡᠭᠳᠡᠭᠦᠯᠬᠦ ᠶᠢ ᠵᠡᠷᠭᠡᠪᠡᠷ | ᠠᠳᠬᠤᠬᠤ ᠠᠵᠢᠯ ᠤᠨ ᠰᠡᠳᠭᠢᠮᠵᠢ ᠶᠢ ᠪᠠᠷᠢᠮᠳᠠᠯᠠᠵᠦ᠂ ᠭᠤᠤᠯᠯᠠᠭᠴᠢ ᠠᠵᠦ ᠤᠶᠢᠯᠡᠰ ᠤᠨ ᠭᠦᠭᠵᠢᠯᠳᠡ ᠪᠠ ᠳᠠᠪᠤᠨ | ᠶᠡᠭᠡ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠳᠠ ᠶᠢ ᠲᠦᠷᠭᠡᠳᠭᠡᠨ ᠠᠭᠢᠭᠤᠯᠵᠦ᠂ ᠤᠯᠠᠨ ᠡᠰᠢᠵᠢᠯᠡᠭᠰᠡᠨ᠂ | ᠤᠯᠠᠨ ᠳᠠᠯ᠎ᠠ ᠠᠴᠠ ᠲᠤᠯᠭᠠᠭᠤᠷᠢᠯᠠᠬᠤ ᠤᠲᠦ ᠦᠶ᠎ᠡ ᠶᠢᠨ ᠠᠵᠦ ᠤᠶᠢᠯᠡᠰ ᠤᠨ ᠰᠢᠨ᠎ᠡ ᠲᠤᠭᠳᠠᠯᠴᠠᠭ᠎ᠠ ᠶᠢ ᠴᠢᠷᠮᠡᠶᠢᠨ | ᠡᠭᠦᠲᠦᠨ ᠪᠠᠶᠢᠭᠤᠯᠤᠨ᠎ᠠ᠃ ᠠᠵᠦ ᠤᠶᠢᠯᠡᠳᠪᠦᠷᠢᠵᠢᠯᠳᠡ ᠶᠢᠨ ᠰᠡᠳᠭᠢᠭᠦᠢ ᠪᠠᠷ ᠮᠠᠯ ᠠᠵᠦ ᠠᠬᠤᠢ ᠲᠠᠷᠢᠶᠠᠯᠠᠩ ᠤᠨ | ᠭᠦᠭᠵᠢᠯᠳᠡ ᠶᠢ ᠡᠷᠢᠯᠭᠢᠯᠡᠬᠦ ᠪᠠ ᠤᠲᠤᠷᠢᠲᠤᠨ ᠳᠠᠭᠠᠭᠤᠯᠬᠤ ᠶᠢ ᠪᠠᠷᠢᠮᠳᠠᠯᠠᠵᠦ᠂ ᠮᠠᠯ ᠠᠵᠦ ᠠᠬᠤᠢ ᠲᠠᠷᠢᠶᠠᠯᠠᠩ ᠤᠨ | ᠬᠠᠩᠭᠠᠯᠭ᠎ᠠ ᠶᠢᠨ ᠳᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠳᠡ ᠪᠠᠷ ᠭᠤᠤᠯ ᠱᠤᠭᠤᠮ ᠪᠤᠯᠭᠠᠵᠦ᠂ | ᠬᠤᠷᠰᠢᠶ᠎ᠠ ᠪᠠᠷ ᠲᠠᠶᠢᠴᠢᠯᠠᠬᠤ᠂ ᠬᠤᠨᠢ ᠶᠢ ᠪᠠᠭᠠᠰᠬᠠᠨ ᠦᠭᠡᠷ ᠢ ᠨᠡᠮᠡᠭᠳᠡᠭᠦᠯᠬᠦ᠂ ᠡᠭᠦᠯᠳᠡᠷ ᠰᠠᠶᠢᠵᠢᠷᠠᠭᠤᠯᠬᠤ᠂ | ᠪᠤᠬᠢᠷᠲᠦᠯ ᠦᠬᠡᠢ ᠤᠷᠭᠠᠨᠢᠭ ᠨᠡᠷᠡᠲᠦ ᠳᠡᠮᠳᠡᠭ ᠢᠶᠠᠷ ︽ᠲᠦᠷᠪᠡᠨ ᠳᠤᠮᠤ ᠢᠨᠵᠧᠨᠧᠷᠢᠩ︾ ᠢ ᠡᠭᠦᠳᠬᠦ ᠶᠢ ᠭᠦᠨᠵᠡᠭᠡᠢ | ᠬᠡᠷᠡᠭᠵᠢᠬᠦᠯᠵᠦ᠂ ᠮᠠᠯ ᠠᠵᠦ ᠠᠬᠤᠢ ᠲᠠᠷᠢᠶᠠᠯᠠᠩ ᠤᠨ ᠠᠵᠦ ᠤᠶᠢᠯᠡᠰᠴᠢᠯᠡᠭᠰᠡᠨ ᠬᠢᠷᠢ ᠲᠦᠪᠰᠢᠨ ᠢ ᠴᠢᠷᠮᠡᠶᠢᠨ | ᠳᠡᠭᠡᠭᠰᠢᠯᠡᠭᠦᠯᠦᠨ᠎ᠡ᠃ ︽ᠠᠵᠦ ᠤᠶᠢᠯᠡᠳᠪᠦᠷᠢ ᠶᠢᠨ ᠬᠦᠴᠦᠷᠭᠡᠭ ᠬᠤᠰᠢᠭᠤ︾ ᠶᠢᠨ ᠪᠠᠶᠢᠯᠲᠤᠬᠤ ᠪᠤᠲᠤᠯᠭ᠎ᠠ ᠶᠢ | ᠭᠤᠶᠢᠪᠢᠰᠢ ᠦᠬᠡᠢ ᠪᠠᠷᠢᠮᠳᠠᠯᠠᠵᠦ᠂ ᠭᠤᠤᠯᠳᠠᠭᠤ ᠠᠭᠤᠷᠬᠠᠢ ᠶᠢᠨ ᠡᠭᠢ ᠪᠠᠶᠠᠯᠢᠭ ᠢ ᠲᠤᠬᠠᠢ ᠶᠢᠨ ᠭᠠᠵᠠᠷ ᠲᠠᠭᠠᠨ | ᠬᠤᠪᠢᠷᠠᠭᠤᠯᠬᠤ᠂ ᠨᠠᠷᠢᠯᠢᠭ᠌ ᠪᠤᠯᠪᠠᠰᠤᠷᠠᠭᠤᠯᠬᠤ᠂ ᠴᠡᠪᠡᠷ ᠡᠨᠧᠷᠬᠢ ᠶᠢ ᠦᠨᠲᠦᠷ ᠪᠦᠲᠦᠮᠵᠢᠲᠠᠢ ᠪᠠᠷ ᠠᠰᠢᠭᠯᠠᠬᠤ᠂ | ᠵᠤᠭᠢᠴᠠᠭᠤᠯᠤᠨ ᠬᠤᠯᠪᠤᠭᠠᠯᠠᠨ ᠬᠦᠳᠡᠯᠤᠯᠴᠡᠬᠦ᠂ ᠬᠢᠮᠢ ᠶᠢᠨ ᠠᠵᠦ ᠤᠶᠢᠯᠡᠳᠪᠦᠷᠢ ᠶᠢ ᠬᠦᠨᠵᠡᠬᠡᠢ ᠨᠡᠭᠡᠭᠡᠨ | ᠭᠦᠭᠵᠢᠭᠦᠯᠬᠦ᠂ ᠬᠢᠯᠭᠢᠶᠡᠰᠦ ᠤᠷᠲᠤᠳᠬᠠᠵᠦ ᠬᠡᠯᠭᠢᠶᠡᠰᠦ ᠨᠦᠭᠦᠪᠦᠷᠢᠯᠡᠬᠦ ᠵᠢᠴᠢ ᠲᠣᠨᠤᠭ ᠲᠥᠬᠦᠭᠡᠷᠦᠮᠵᠢ ᠦᠢᠯᠡᠳᠬᠦ | ᠦᠢᠯᠡᠰ᠂ ᠮᠠᠯ ᠠᠵᠤ ᠠᠬᠤᠢ ᠲᠠᠷᠢᠶᠠᠯᠠᠩ ᠤᠨ ᠪᠦᠲᠦᠭᠡᠭᠳᠡᠭᠦᠨ ᠢ ᠪᠣᠯᠪᠠᠰᠤᠷᠠᠭᠤᠯᠬᠤ ᠦᠢᠯᠡᠰ ᠤᠨ ᠬᠥᠭᠵᠢᠯᠲᠡ ᠶᠢᠨ | ᠳᠠᠯ᠎ᠠ ᠳᠡᠭᠡᠷ᠎ᠡ ᠬᠦᠴᠦ ᠤᠷᠤᠭᠤᠯᠵᠦ᠂ ᠠᠵᠦ ᠤᠶᠢᠯᠡᠳᠪᠦᠷᠢ ᠶᠢᠨ ᠬᠠᠳᠠᠭᠠᠯᠠᠭᠳᠠᠴᠠ ᠶᠢ ᠰᠢᠯᠢᠳᠡᠭᠵᠢᠭᠦᠯᠬᠦ᠂ | ᠬᠡᠮᠵᠢᠶ᠎ᠡ ᠶᠢ ᠨᠡᠮᠡᠭᠳᠡᠭᠦᠯᠦᠨ ᠬᠦᠴᠦᠷᠭᠡᠭᠵᠢᠬᠦᠯᠬᠦ᠂ ᠶᠠᠰᠦ ᠴᠢᠨᠠᠷ ᠢ ᠳᠡᠭᠡᠭᠰᠢᠯᠡᠭᠦᠯᠬᠦ ᠶᠢ ᠠᠭᠢᠭᠤᠯᠤᠨ᠎ᠠ᠃ | ᠤᠶᠢᠯᠡᠴᠢᠯᠡᠭᠡ ᠶᠢᠨ ᠤᠶᠢᠯᠡᠰ ᠢ ᠬᠡᠯᠪᠡᠷᠢ ᠬᠤᠪᠢᠷᠠᠭᠤᠯᠤᠨ ᠳᠡᠰ ᠳᠡᠪᠰᠢᠭᠦᠯᠬᠦ ᠰᠢᠪᠲᠤᠯᠤᠯᠳᠠ ᠪᠤᠯᠭᠠᠬᠤ ᠶᠢ | ᠪᠠᠷᠢᠮᠳᠠᠯᠠᠵᠦ᠂ ᠵᠢᠭᠤᠯᠴᠢᠯᠠᠯ ᠤᠨ ᠤᠶᠢᠯᠡᠰ ᠤᠨ ᠳᠠᠭᠠᠭᠤᠯᠤᠨ ᠳᠠᠶᠢᠴᠢᠯᠠᠬᠤ ᠤᠶᠢᠯᠡᠲᠦᠯ ᠢ ᠭᠦᠢᠴᠡᠳ ᠪᠠᠳᠠᠷᠠᠭᠤᠯᠵᠦ | ᠂ ᠪᠤᠰᠤᠳ ᠤᠶᠢᠯᠡᠴᠢᠯᠡᠭᠡᠨ ᠤ ᠤᠶᠢᠯᠡᠰ ᠪᠦᠬᠦ ᠳᠠᠯ᠎ᠠ ᠪᠠᠷ ᠭᠦᠭᠵᠢᠬᠦ ᠶᠢ ᠲᠦᠷᠭᠡᠳᠭᠡᠨ ᠠᠭᠢᠭᠤᠯᠵᠦ᠂ | ᠤᠶᠢᠯᠡᠴᠢᠯᠡᠭᠡᠨ ᠤ ᠤᠶᠢᠯᠡᠰ ᠢ ᠨᠢᠭᠡᠲᠦᠭᠡᠷ᠂ ᠬᠤᠶᠠᠲᠤᠭᠠᠷ ᠠᠵᠦ ᠤᠶᠢᠯᠡᠰ ᠲᠠᠢ ᠬᠦᠨᠵᠡᠭᠡᠢ ᠠᠭᠤᠰᠤᠯᠴᠠᠭᠤᠯᠵᠦ᠂ | ᠵᠤᠭᠢᠴᠠᠭᠤᠯᠤᠨ ᠬᠠᠷᠢᠯᠴᠠᠨ ᠨᠦᠭᠦᠪᠦᠷᠢᠯᠡᠬᠦ ᠶᠢ ᠠᠭᠢᠭᠤᠯᠵᠦ᠂ ᠠᠵᠦ ᠠᠬᠤᠢ ᠶᠢᠨ ᠬᠦᠭᠵᠢᠯᠳᠡ ᠶᠢᠨ ᠰᠢᠨ᠎ᠡ | ᠬᠥᠳᠡᠯᠭᠡᠬᠦ ᠬᠦᠴᠦᠨ ᠢ ᠡᠭᠦᠲᠦᠨ᠎ᠡ᠃ | ᠤᠲᠦ ᠦᠶ᠎ᠡ ᠶᠢᠨ ᠮᠠᠯ ᠠᠵᠦ ᠠᠬᠤᠢ ᠲᠠᠷᠢᠶᠠᠯᠠᠩ ᠢ ᠰᠢᠯᠢᠳᠡᠭᠵᠢᠭᠦᠯᠦᠨ᠎ᠡ᠃ ᠮᠠᠯ ᠠᠵᠦ ᠠᠬᠤᠢ | ᠲᠠᠷᠢᠶᠠᠯᠠᠩ ᠤᠨ ᠬᠠᠩᠭᠠᠯᠭ᠎ᠠ ᠶᠢᠨ ᠳᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠳᠡ ᠶᠢ ᠦᠨᠡᠩᠬᠦ ᠠᠬᠢᠭᠤᠯᠵᠤ᠂ | ︽3661︾ ᠢᠨᠵᠧᠨᠧᠷᠢᠩ ᠢ ᠭᠦᠨᠵᠡᠭᠡᠢ ᠭᠡᠷᠡᠭᠵᠢᠬᠦᠯᠦᠨ᠎ᠡ᠃ ᠭᠠᠵᠠᠷ ᠰᠢᠷᠤᠢ ᠶᠢᠨ ᠦᠮᠴᠢᠯᠡᠯ ᠤᠨ ᠡᠷᠭᠡ᠂ | ᠳᠠᠭᠠᠭᠠᠴᠢᠯᠠᠯᠳᠠ ᠶᠢᠨ ᠡᠷᠭᠡ᠂ ᠡᠵᠡᠩᠨᠡᠯᠳᠡ ᠶᠢᠨ ᠡᠷᠭᠡ ᠶᠢᠨ ︽ᠭᠤᠷᠪᠠᠨ ᠡᠷᠭᠡ ᠶᠢ ᠰᠠᠯᠭᠠᠬᠤ︾ ᠶᠢ ᠠᠭᠢᠭᠤᠯᠵᠦ᠂ | ᠭᠠᠵᠠᠷ ᠰᠢᠷᠤᠢ᠂ ᠪᠡᠯᠴᠢᠭᠡᠷ ᠬᠠᠲᠤᠯᠠᠩ ᠢ ᠲᠤᠯᠤᠭᠠᠶᠢᠯᠠᠭᠴᠢ ᠠᠵᠦ ᠠᠬᠤᠶᠢᠯᠠᠯ᠂ ᠲᠠᠷᠢᠵᠦ ᠪᠤᠶᠢᠵᠢᠭᠤᠯᠬᠤ ᠳᠤᠮᠤ | ᠡᠷᠦᠬᠡ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠳᠠᠯᠠᠪᠠᠢ ᠪᠠ ᠳᠤᠰᠬᠠᠢ ᠬᠤᠷᠰᠢᠶ᠎ᠠ ᠳᠡᠰᠢ ᠲᠦᠪᠯᠡᠷᠡᠭᠦᠯᠵᠦ᠂ | ᠭᠠᠵᠠᠷ ᠰᠢᠷᠤᠢ ᠶᠢ ᠰᠢᠯᠵᠢᠭᠦᠯᠬᠦ ᠨᠤᠷᠮ᠎ᠠ ᠶᠢ 5.8 ᠵᠠᠭᠤᠨ ᠤ ᠬᠤᠪᠢ ᠶᠢᠨ ᠴᠡᠭ ᠳᠡᠭᠡᠭᠰᠢᠯᠡᠭᠦᠯᠬᠦ ᠪᠠᠷ ᠳᠡᠮᠡᠴᠡᠵᠦ᠂ | 51.7% ᠳᠤ ᠭᠦᠷᠭᠡᠨ᠎ᠡ᠃ ︽ᠲᠦᠭᠰᠢᠭᠦᠷᠢ ᠶᠢ ᠬᠠᠮᠲᠦᠪᠡᠷ ᠡᠭᠦᠷᠭᠡᠯᠡᠵᠦ᠂ ᠠᠰᠢᠭ ᠳᠤᠰᠠ ᠶᠢ ᠳᠡᠭᠰᠢ ᠪᠠᠷ ᠡᠳ᠋ᠯᠡᠭᠦ | ︾ ᠮᠠᠯᠴᠢᠨ ᠲᠠᠷᠢᠶᠠᠴᠢᠨ ᠤ ᠠᠰᠢᠭ ᠳᠤᠰᠠ ᠶᠢᠨ ᠬᠤᠯᠪᠤᠯᠲᠤᠭᠰᠠᠨ ᠵᠤᠭᠢᠮᠵᠢ ᠶᠢ ᠳᠡᠭᠦᠯᠳᠡᠷᠵᠢᠭᠦᠯᠵᠦ᠂ ᠭᠡᠷ | ᠪᠦᠯᠢ ᠶᠢᠨ ᠡᠵᠡᠩᠨᠡᠯᠳᠡ ᠪᠠᠷ ᠰᠠᠭᠤᠷᠢ ᠪᠤᠯᠭᠠᠵᠦ᠂ ᠬᠤᠷᠰᠢᠬᠤ ᠪᠠ ᠬᠤᠯᠪᠤᠭᠠᠯᠠᠬᠤ ᠪᠠᠷ ᠬᠤᠯᠪᠤᠭᠠᠰᠦ ᠪᠤᠯᠭᠠᠵᠦ᠂ | ᠨᠡᠶᠢᠭᠡᠮᠴᠢᠯᠡᠭᠰᠡᠨ ᠤᠶᠢᠯᠡᠴᠢᠯᠡᠭᠡ ᠪᠠᠷ ᠳᠤᠯᠭᠠᠭᠤᠷᠢ ᠪᠤᠯᠭᠠᠭᠰᠠᠨ ᠪᠡᠶᠡᠲᠦ ᠨᠡᠶᠢᠯᠡᠮᠡᠯ ᠬᠡᠯᠪᠡᠷᠢ ᠶᠢᠨ ᠤᠲᠦ ᠦᠶ᠎ᠡ ᠶᠢᠨ | ᠮᠠᠯ ᠠᠵᠦ ᠠᠬᠤᠢ ᠲᠠᠷᠢᠶᠠᠯᠠᠩ ᠤᠨ ᠡᠵᠡᠩᠨᠡᠯᠳᠡ ᠶᠢᠨ ᠲᠤᠭᠳᠠᠯᠴᠠᠭ᠎ᠠ ᠶᠢ ᠡᠭᠦᠲᠦᠨ ᠪᠠᠶᠢᠭᠤᠯᠵᠦ᠂ ᠮᠠᠯᠴᠢᠨ | ᠲᠠᠷᠢᠶᠠᠴᠢᠨ ᠤ ᠬᠤᠷᠰᠢᠭᠰᠠᠨ ᠵᠤᠭᠢᠶᠠᠨ ᠪᠠᠶᠢᠭᠤᠯᠤᠯᠳᠠ ᠶᠢᠨ ᠪᠦᠷᠭᠦᠴᠡ ᠶᠢᠨ ᠨᠤᠷᠮ᠎ᠠ ᠶᠢ 2.7 ᠵᠠᠭᠤᠨ ᠤ | ᠬᠤᠪᠢ ᠶᠢᠨ ᠴᠡᠭ ᠲᠤ ᠭᠦᠷᠭᠡᠵᠦ᠂ 44.7% ᠳᠤ ᠭᠦᠷᠭᠡᠨ᠎ᠡ᠃ ᠶᠢᠨ ᠹᠧᠩ ᠵᠡᠷᠭᠡ ᠠᠵᠦ ᠤᠶᠢᠯᠡᠰᠵᠢᠭᠰᠡᠨ | ᠲᠤᠯᠤᠭᠠᠶᠢᠯᠠᠭᠴᠢ ᠠᠵᠦ ᠠᠬᠤᠶᠢᠯᠠᠯ ᠢ ᠬᠦᠭᠵᠢᠭᠦᠯᠦᠨ ᠬᠦᠴᠦᠷᠭᠡᠭᠵᠢᠬᠦᠯᠵᠦ᠂ ᠢᠦᠢ ᠿᠦᠨ ᠢᠳᠡᠭᠡᠨ ᠤ ᠵᠦᠢᠯ ᠢ | ᠪᠤᠯᠪᠠᠰᠤᠷᠠᠭᠤᠯᠬᠤ ᠭᠦᠷᠢᠶᠡᠯᠡᠩ ᠲᠤᠭᠤᠷᠢᠭ ᠢ ᠬᠦᠭᠵᠢᠭᠡᠵᠦ᠂ ᠰᠢᠤᠸᠠᠢ ᠴᠤᠸᠠᠨ ᠤ 20 ᠲᠦᠮᠡᠨ ᠲᠤᠨ ᠤ | ᠲᠦᠮᠦᠰᠦ ᠪᠤᠯᠪᠠᠰᠦᠷᠠᠭᠤᠯᠬᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠳᠠ ᠶᠢ ᠠᠭᠢᠭᠤᠯᠵᠦ᠂ ᠲᠠᠷᠢᠵᠦ ᠳᠡᠵᠢᠭᠡᠬᠦ | ᠂ ᠪᠤᠯᠪᠠᠰᠤᠷᠠᠭᠤᠯᠬᠤ᠂ ᠪᠤᠷᠤᠯᠠᠭᠤᠯᠬᠤ ᠪᠦᠭᠦ ᠶᠠᠪᠤᠴᠠ ᠶᠢᠨ ᠠᠵᠦ ᠤᠶᠢᠯᠡᠰ ᠤᠨ ᠬᠡᠯᠬᠢᠶᠡᠰᠦ ᠶᠢ ᠲᠦᠪᠯᠡᠷᠡᠭᠦᠯᠦᠨ | ᠡᠭᠦᠳᠴᠦ᠂ ᠤᠯᠠᠨ ᠳᠤ ᠳᠠᠨᠢᠭᠳᠠᠭᠰᠠᠨ᠂ ᠨᠡᠷ᠎ᠡ ᠠᠯᠳᠠᠷᠲᠠᠢ ᠨᠡᠷᠡᠲᠦ ᠳᠡᠮᠳᠡᠭ ᠢ ᠡᠭᠦᠳᠬᠦ ᠪᠠᠷ ᠳᠡᠮᠡᠴᠡᠵᠦ᠂ | ᠴᠢᠨᠠᠷᠯᠢᠭ ᠰᠠᠶᠢᠨ ᠮᠠᠯ ᠠᠵᠦ ᠠᠬᠤᠢ ᠲᠠᠷᠢᠶᠠᠯᠠᠩ ᠤᠨ ᠪᠦᠲᠦᠭᠡᠭᠳᠡᠭᠦᠨ ᠢ ᠲᠤᠬᠠᠢ ᠶᠢᠨ ᠭᠠᠵᠠᠷ ᠲᠠᠭᠠᠨ | ᠪᠤᠯᠪᠠᠰᠦᠷᠠᠭᠤᠯᠵᠦ ᠬᠤᠪᠢᠷᠠᠭᠤᠯᠬᠤ ᠨᠤᠷᠮ᠎ᠠ ᠶᠢ 3 ᠵᠠᠭᠤᠨ ᠤ ᠬᠤᠪᠢ ᠶᠢᠨ ᠴᠡᠭ ᠳᠡᠭᠡᠭᠰᠢᠯᠡᠭᠦᠯᠵᠦ᠂ 51% ᠳᠤ | ᠭᠦᠷᠭᠡᠨ᠎ᠡ᠃ ᠠᠮᠤ ᠪᠤᠳᠠᠭ᠎ᠠ᠂ ᠠᠵᠦ ᠠᠬᠤᠢ ᠶᠢᠨ ᠲᠠᠷᠢᠮᠠᠯ᠂ ᠪᠤᠷᠲᠤᠭ᠎ᠠ ᠶᠢᠨ ᠭᠤᠷᠪᠠᠨ ᠪᠦᠲᠦᠴᠡ ᠶᠢ | ᠰᠢᠯᠢᠳᠡᠭᠵᠢᠬᠦᠯᠵᠦ᠂ ᠲᠦᠭᠦᠭᠡᠷᠦᠮᠵᠢᠲᠦ ᠲᠠᠷᠢᠶᠠᠯᠠᠩ ᠢ 6000 ᠮᠤ᠂ ᠲᠦᠮᠦᠰᠦ ᠶᠢᠨ ᠵᠢᠱᠢᠶ᠎ᠡ ᠦᠵᠡᠭᠦᠯᠬᠦ | ᠰᠠᠭᠤᠷᠢᠨ ᠭᠠᠵᠠᠷ ᠢ 1.5 ᠲᠦᠮᠡᠨ ᠮᠤ᠂ ᠬᠦᠷᠡᠩ ᠴᠠᠷᠭᠠᠰᠦ ᠶᠢ 3 ᠲᠦᠮᠡᠨ ᠮᠤ᠂ ᠡᠷᠳᠡᠨᠢ ᠰᠢᠰᠢ ᠶᠢᠨ ᠦᠷ᠎ᠡ | ᠪᠤᠶᠢᠵᠢᠭᠤᠯᠬᠤ ᠶᠢ 5 ᠲᠦᠮᠡᠨ ᠮᠤ᠂ ᠪᠤᠭᠤᠲᠠᠢ ᠶᠢᠨ ᠬᠠᠷᠢᠴᠠᠭᠤᠯᠤᠯ ᠤᠨ ᠵᠢᠱᠢᠶ᠎ᠡ ᠦᠵᠡᠭᠦᠯᠬᠦ ᠲᠠᠷᠢᠶ᠎ᠠ ᠶᠢ 2.5 | ᠲᠦᠮᠡᠨ ᠮᠤ᠂ ᠡᠪᠡᠰᠦᠨ ᠤ ᠤᠶᠢᠯᠡᠰ ᠤᠨ ᠨᠡᠭᠡᠭᠡᠨ ᠭᠦᠭᠵᠢᠬᠦᠯᠦᠯᠳᠡ ᠶᠢ 35 ᠲᠦᠮᠡᠨ ᠮᠤ ᠰᠢᠨ᠎ᠡ ᠪᠠᠷ ᠪᠠᠶᠢᠭᠤᠯᠵᠦ᠂ | ᠠᠮᠤ ᠪᠤᠳᠠᠭᠠᠨ ᠤ ᠤᠨᠠᠯᠳᠠ ᠶᠢ 6 ᠳ᠋ᠥᠩᠰᠢᠭᠤᠷ ᠵᠢᠩ ᠠᠴᠠ ᠳᠡᠭᠡᠭᠰᠢ ᠳᠤ ᠲᠤᠭᠲᠠᠪᠤᠷᠢᠵᠢᠭᠤᠯᠵᠦ᠂ ᠠᠯᠠᠰᠢᠨ | ᠬᠤᠨᠢ ᠶᠢ 131 ᠲᠦᠮᠡᠨ ᠲᠤᠯᠤᠭᠠᠢ᠂ ᠠᠯᠠᠰᠢᠨ ᠦᠭᠡᠷ ᠢ 22.5 ᠲᠦᠮᠡᠨ ᠲᠤᠯᠤᠭᠠᠢ᠂ ᠠᠮᠢᠲᠦ ᠭᠠᠭ᠋ᠠᠢ ᠶᠢ 17 | ᠲᠦᠮᠡᠨ ᠲᠤᠯᠤᠭᠠᠢ ᠬᠤᠳᠠᠯᠲᠤᠨᠠ᠃ | ᠰᠢᠨ᠎ᠡ ᠬᠡᠯᠪᠡᠷᠢ ᠶᠢᠨ ᠠᠵᠦ ᠤᠶᠢᠯᠡᠳᠪᠦᠷᠢ ᠶᠢ ᠭᠦᠴᠦᠷᠭᠡᠭᠵᠢᠬᠦᠯᠦᠨᠡ᠃ ᠠᠵᠦ ᠠᠬᠤᠶᠢᠯᠠᠯ ᠤᠨ | ᠪᠠᠶᠢᠯᠲᠤᠬᠤ ᠪᠤᠲᠤᠯᠭ᠎ᠠ ᠶᠢᠨ ᠬᠠᠮᠲᠤᠷᠠᠯᠴᠠᠭ᠎ᠠ᠂ ᠡᠭᠢ ᠪᠠᠶᠠᠯᠢᠭ ᠢ ᠨᠢᠭᠡᠲᠦᠯᠵᠢᠭᠦᠯᠬᠦ ᠪᠠ ᠬᠥᠳᠡᠯᠭᠡᠬᠦ ᠬᠦᠴᠦᠨ ᠳᠤ | ᠰᠢᠨ᠎ᠡ ᠶᠢ ᠡᠭᠦᠳᠬᠦ ᠪᠠᠷ ᠳᠠᠮᠵᠢᠨ᠂ ᠮᠡᠷᠭᠡᠵᠢᠯ ᠤᠨ ᠦᠭᠡᠷᠡᠴᠢᠯᠡᠯᠳᠡ ᠶᠢᠨ ᠳᠡᠰ ᠳᠡᠪᠰᠢᠬᠦ᠂ ᠠᠵᠦ ᠤᠶᠢᠯᠡᠰ ᠤᠨ | ᠭᠡᠯᠬᠢᠶᠡᠰᠦ ᠤᠷᠲᠤᠳᠬᠠᠬᠤ᠂ ᠲᠤᠭᠳᠠᠭᠤᠨ ᠢᠶᠠᠷ ᠤᠶᠢᠯᠡᠳᠪᠦᠷᠢᠯᠡᠬᠦ ᠶᠢ ᠪᠡᠶᠡᠯᠡᠭᠦᠯᠬᠦ ᠶᠢ ᠠᠭᠢᠭᠤᠯᠤᠨ᠎ᠠ᠃ ᠮᠧᠲ᠋ᠢᠯ | ᠠᠯᠺᠤᠤᠯ ᠢ ᠲᠤᠭᠢᠷᠠᠭᠤᠯᠬᠤ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠰᠠᠶᠢᠲᠦᠷ ᠠᠳᠬᠤᠵᠦ᠂ ᠳ᠋ᠠ | ᠲᠠᠩ ᠤᠨ ᠨᠡᠭᠦᠷᠡᠰᠦ ᠶᠢ ᠬᠡᠶᠢᠵᠢᠭᠦᠯᠬᠦ ᠲᠦᠷᠦᠯ ᠵᠦᠢᠯ ᠤᠨ ᠪᠤᠵᠠᠷ ᠤᠰᠦ ᠰᠢᠢᠳᠪᠦᠷᠢᠯᠡᠬᠦ ᠶᠢ ᠳᠡᠰ ᠳᠡᠪᠰᠢᠭᠦᠯᠦᠨ | ᠦᠭᠡᠷᠡᠴᠢᠯᠡᠬᠦ᠂ ᠨᠤᠨᠳᠠᠭ ᠨᠡᠭᠦᠷᠡᠰᠦ ᠶᠢ ᠠᠰᠢᠭᠯᠠᠬᠤ ᠪᠠ ᠳᠠᠭᠠᠯᠳᠠ ᠠᠵᠦ ᠠᠬᠤᠶᠢᠯᠠᠯ ᠤᠨ ᠲᠦᠭᠦᠬᠡᠢ ᠡᠳ᠋ ᠤᠨ | ᠬᠠᠩᠭᠠᠯᠭ᠎ᠠ ᠶᠢᠨ ᠠᠰᠠᠭᠤᠳᠠᠯ ᠢ ᠰᠢᠢᠳᠪᠦᠷᠢᠯᠡᠵᠦ᠂ Ⅰ ᠰᠢᠷᠢᠰ ᠤᠨ ᠪᠦᠷᠢᠨ ᠳᠠᠭᠠᠭᠠᠴᠠ ᠪᠠᠷ ᠤᠶᠢᠯᠡᠳᠪᠦᠷᠢᠯᠡᠬᠦ᠂ | Ⅱ᠂ Ⅲ ᠰᠢᠷᠢᠰ ᠤᠨ ᠠᠵᠢᠯ ᠢᠶᠠᠨ ᠰᠡᠷᠭᠦᠭᠡᠬᠦ ᠪᠠ ᠦᠷᠭᠦᠯᠵᠢᠯᠡᠨ ᠪᠦᠲᠦᠭᠡᠨ ᠪᠠᠶᠢᠭᠤᠯᠬᠤ ᠂ ᠳᠠᠭᠠᠯᠳᠠ ᠠᠵᠦ | ᠠᠬᠤᠶᠢᠯᠠᠯ ᠤᠨ ᠬᠡᠪ ᠤᠨ ᠶᠤᠰᠤᠭᠠᠷ ᠡᠵᠡᠩᠨᠡᠭᠦ ᠶᠢ ᠠᠭᠢᠭᠤᠯᠤᠨ᠎ᠠ᠃ ᠤᠯᠢᠶᠠᠰᠦᠲᠠᠢ ᠶᠢᠨ ᠠᠭᠤᠷᠬᠠᠢ ᠶᠢᠨ | ᠤᠶᠢᠯᠡᠰ ᠤᠨ ᠴᠠᠭᠠᠨ ᠲᠤᠭᠤᠯᠭ᠎ᠠ ᠡᠯᠪᠡᠭ ᠠᠭᠤᠯᠤᠭᠳᠠᠬᠤ ᠳᠡᠮᠦᠷᠯᠢᠭ ᠤᠨ ᠠᠭᠤᠷᠬᠠᠢ ᠶᠢᠨ ᠡᠲᠦᠷ ᠪᠦᠷᠢ 1000 | ᠲᠤᠨ ᠬᠦᠳᠡᠷ ᠰᠤᠩᠭᠤᠬᠤ᠂ ᠰᠢᠨ ᠢᠦᠢ ᠠᠭᠤᠷᠬᠠᠢ ᠶᠢᠨ ᠤᠶᠢᠯᠡᠰ ᠤᠨ ᠡᠲᠦᠷ ᠪᠦᠷᠢ 2000 ᠲᠤᠨ ᠪᠠ | ᠬᠢᠩᠭᠠᠨ ᠤ ᠮᠦᠩᠭᠦ ᠬᠠᠷ᠎ᠠ ᠲᠤᠭᠤᠯᠭ᠎ᠠ ᠪᠤᠯᠪᠠᠰᠤᠷᠠᠭᠤᠯᠬᠤ ᠵᠢᠯ ᠪᠦᠷᠢ 25 ᠲᠦᠮᠡᠨ ᠲᠤᠨ ᠤ ᠴᠢᠳᠠᠪᠤᠷᠢ ᠪᠠᠨ | ᠦᠷᠭᠡᠳᠬᠡᠨ ᠰᠠᠶᠢᠵᠢᠷᠠᠭᠤᠯᠬᠤ ᠵᠡᠷᠭᠡ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠵᠦ᠂ | ᠭᠤᠸᠠᠩ ᠳ᠋ᠠ ᠶᠢᠨ ᠳ᠋ᠠ ᠳ᠋ᠢ ᠳᠠᠬᠢ᠂ ᠶᠢᠨ ᠳ᠋ᠦ᠋ ᠶᠢᠨ ᠱᠢ ᠳ᠋ᠢ ᠳᠠᠬᠢ᠂ ᠿᠥᠩ ᠪᠠᠩ ᠤᠨ ᠲᠤᠰᠤᠨ ᠭᠡᠷ ᠤᠨ | ᠪᠠᠷᠠᠭᠤᠨᠳᠡᠬᠢ ᠦᠩᠭᠡᠲᠦ ᠳᠡᠮᠦᠷᠯᠢᠭ ᠤᠨ ᠳᠤᠰᠪᠤᠷᠢ ᠡᠲᠦᠷ ᠪᠦᠷᠢ 1000 ᠲᠤᠨ ᠬᠦᠳᠡᠷ ᠰᠤᠩᠭᠤᠬᠤ᠂ ᠳᠠᠷᠢ ᠶᠢᠨ | ᠳᠠᠪᠠᠭ᠎ᠠ ᠶᠢᠨ ᠠᠭᠤᠷᠬᠠᠢ ᠶᠢᠨ ᠤᠶᠢᠯᠡᠰ ᠪᠠ ᠪᠠᠷᠠᠭᠤᠨ ᠬᠤᠶᠢᠲᠦ ᠶᠢᠨ ᠠᠭᠤᠷᠬᠠᠢ ᠶᠢᠨ ᠤᠶᠢᠯᠡᠰ ᠤᠨ ᠥᠯᠡᠳᠡᠭᠳᠡᠯ | ᠠᠭᠤᠷᠬᠠᠢ ᠶᠢ ᠶᠡᠷᠦᠩᠬᠡᠶᠢᠯᠡᠨ ᠠᠰᠢᠭᠯᠠᠬᠤ ᠵᠡᠷᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠳᠠ ᠶᠢ ᠪᠡᠶᠡᠯᠡᠭᠦᠯᠦᠨ᠎ᠡ | ᠃ ᠲᠦᠯᠦᠪᠵᠢᠭᠦᠯᠭᠡ ᠶᠢᠨ ᠵᠢᠭᠠᠯᠳᠠ ᠲᠤᠭ᠎ᠠ ᠶᠢ ᠢᠳᠡᠪᠭᠢᠲᠠᠢ ᠳᠡᠮᠡᠴᠡᠨ ᠤᠯᠵᠦ᠂ ᠴᠠᠭᠢᠯᠭᠠᠨ ᠬᠦᠴᠦ ᠶᠢ ᠭᠦᠷᠭᠡᠬᠦ | ᠤᠷᠤᠨ ᠵᠠᠢ ᠶᠢ ᠦᠷᠭᠡᠳᠬᠡᠵᠦ᠂ ᠬᠤᠸᠠ ᠶᠤᠸᠠᠨ ᠴᠠᠭᠢᠯᠭᠠᠨ ᠬᠦᠴᠦᠨ ᠤ 60 ᠲᠦᠮᠡᠨ ᠺᠢᠯᠤᠸᠠᠲ ᠤᠨ ᠰᠠᠯᠭᠢᠨ | ᠴᠠᠭᠢᠯᠭᠠᠨ ᠤ ᠨᠡᠭᠡᠭᠡᠯᠳᠡ ᠶᠢᠨ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠠᠭᠢᠭᠤᠯᠵᠦ᠂ ᠲᠢᠶᠠᠨ | ᠿᠦᠨ ᠰᠢᠨ ᠨᠧᠩ ᠤᠨ ᠰᠢᠨ ᠺᠠᠢ ᠳ᠋ᠢ ᠳᠠᠬᠢ 4.8 ᠲᠦᠮᠡᠨ ᠺᠢᠯᠣᠸᠠᠲ᠂ ᠬᠤᠸᠠ ᠨᠧᠩ ᠱᠦ ᠱᠧᠩ ᠤᠨ Ⅱ | ᠬᠤᠭᠤᠴᠠᠭᠠᠨ ᠤ 5 ᠲᠦᠮᠡᠨ ᠺᠢᠯᠣᠸᠠᠲ᠂ ᠵᠦᠩ ᠺᠧ ᠲᠢᠶᠠᠨ ᠳ᠋ᠣᠣ ᠶᠢᠨ ᠬᠤᠩᠭᠤ ᠶᠢᠨ ᠳᠠᠪᠠᠭ᠎ᠠ ᠳᠠᠬᠢ Ⅱ | ᠬᠤᠭᠤᠴᠠᠭᠠᠨ ᠤ 5 ᠲᠦᠮᠡᠨ ᠺᠢᠯᠣᠸᠠᠲ ᠵᠡᠷᠭᠡ ᠰᠠᠯᠬᠢᠨ ᠬᠦᠴᠦᠨ ᠤ ᠴᠠᠬᠢᠯᠭᠠᠨ ᠤ ᠨᠡᠭᠡᠭᠡᠯᠳᠡ ᠶᠢᠨ ᠲᠥᠷᠥᠯ | ᠵᠦᠢᠯ ᠢ ᠪᠠᠶᠢᠭᠤᠯᠤᠨ ᠲᠣᠣᠷᠵᠢᠯ ᠳᠤ ᠨᠡᠶᠢᠯᠡᠬᠦᠯᠬᠦ ᠶᠢ ᠠᠭᠢᠭᠤᠯᠵᠦ᠂ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ 14. | 8 ᠲᠦᠮᠡᠨ ᠺᠢᠯᠤᠸᠠᠲ ᠰᠢᠨ᠎ᠡ ᠪᠠᠷ ᠨᠡᠮᠡᠭᠳᠡᠭᠦᠯᠦᠨ᠎ᠡ᠃ ᡁᠢ ᠿᠦᠢ ᠶᠢᠨ 4 × 30 ᠲᠦᠮᠡᠨ ᠺᠢᠯᠤᠸᠠᠲ ᠤᠨ ᠤᠰᠦ | ᠳᠠᠳᠠᠵᠦ ᠡᠨᠧᠷᠬᠢ ᠬᠠᠳᠠᠭᠠᠯᠠᠬᠤ ᠴᠠᠭᠢᠯᠭᠠᠨ ᠦᠷᠳᠡᠭᠡ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠳᠠ ᠶᠢ | ᠡᠭᠢᠯᠡᠭᠦᠯᠦᠨ᠎ᠡ᠃ ᠳ᠋ᠠ ᠲᠠᠩ ᠤᠨ 2 × 66 ᠲᠦᠮᠡᠨ ᠺᠢᠯᠤᠸᠠᠲ ᠤᠨ ᠭᠠᠯ ᠤᠨ ᠴᠠᠭᠢᠯᠭᠠᠨ ᠤ ᠲᠦᠷᠦᠯ ᠵᠦᠢᠯ ᠤᠨ | ᠡᠮᠦᠨᠡᠬᠢ ᠬᠤᠭᠤᠴᠠᠭᠠᠨ ᠤ ᠠᠵᠢᠯ ᠢ ᠠᠭᠢᠭᠤᠯᠤᠨ᠎ᠠ᠃ ᠡᠷᠭᠢᠯᠲᠡᠲᠦ ᠠᠵᠦ ᠠᠬᠤᠢ ᠶᠢᠨ ᠬᠦᠷᠢᠶᠡᠯᠡᠩ ᠲᠤᠭᠤᠷᠢᠭ ᠤᠨ | ᠬᠠᠮᠢᠶᠠᠷᠦᠯᠳᠠ ᠶᠢᠨ ᠤᠶᠢᠯᠡᠴᠢᠯᠡᠭᠡ ᠶᠢ ᠲᠦᠪᠯᠡᠷᠡᠭᠦᠯᠬᠦ ᠲᠤᠭᠤᠷᠢᠭ ᠤᠨ ᠪᠦᠲᠦᠭᠡᠨ ᠪᠠᠶᠢᠭᠤᠯᠤᠯᠳᠠ ᠶᠢᠨ ᠠᠭᠢᠴᠠ ᠶᠢ | ᠲᠦᠷᠭᠡᠳᠭᠡᠵᠦ᠂ ᠬᠤᠭ ᠨᠤᠪᠰᠢ ᠪᠤᠯᠠᠬᠤ ᠳᠠᠯᠠᠪᠠᠢ ᠶᠢᠨ Ⅰ ᠬᠤᠭᠤᠴᠠᠭ᠎ᠠ᠂ ᠪᠤᠵᠠᠷ ᠤᠰᠦ ᠰᠢᠢᠳᠪᠦᠷᠢᠯᠡᠬᠦ | ᠤᠶᠢᠯᠡᠳᠪᠦᠷᠢ᠂ ᠲᠦᠭᠡᠭᠡᠯ ᠤᠰᠦ ᠶᠢ ᠴᠡᠪᠡᠷᠰᠢᠭᠦᠯᠬᠦ ᠤᠶᠢᠯᠡᠳᠪᠦᠷᠢ ᠵᠡᠷᠭᠡ ᠲᠦᠭᠦᠷᠵᠢᠭᠰᠡᠨ ᠲᠦᠭᠦᠭᠡᠷᠦᠮᠵᠢ ᠶᠢ ᠪᠦᠬᠦ | ᠲᠠᠯ᠎ᠠ ᠪᠠᠷ ᠪᠠᠶᠢᠭᠤᠯᠤᠨ᠎ᠠ᠃ ᠵᠢᠩ ᠴᠧᠩ ᠤᠨ ᠰᠢᠨ᠎ᠡ ᠡᠨᠧᠷᠬᠢ ᠶᠢᠨ ᠰᠠᠯᠭᠢᠨ ᠴᠠᠭᠢᠯᠭᠠᠨ ᠤ ᠮᠠᠰᠢᠨ ᠢ ᠪᠦᠬᠦᠯᠢ | ᠴᠤᠭᠴᠠ ᠪᠠᠷ ᠤᠶᠢᠯᠡᠳᠬᠦ ᠪᠠ ᠬᠤᠸᠠ ᠰᠢᠶᠠᠩ ᠴᠠᠭᠢᠯᠭᠠᠨ ᠤ ᠲᠦᠭᠦᠭᠡᠷᠦᠮᠵᠢ ᠤᠶᠢᠯᠡᠳᠬᠦ ᠲᠦᠷᠦᠯ ᠵᠦᠢᠯ ᠤᠨ | ᠪᠠᠶᠢᠭᠤᠯᠤᠨ ᠠᠰᠢᠭᠯᠠᠯᠳᠠ ᠳᠤ ᠤᠷᠤᠬᠤ ᠶᠢ ᠪᠠᠲᠤᠯᠠᠨ᠎ᠠ᠃ ᠪᠠᠭ᠎ᠠ ᠵᠢᠵᠢᠭ ᠠᠵᠦ ᠠᠬᠤᠶᠢᠯᠠᠯ ᠤᠨ ᠤᠶᠢᠯᠡᠰ ᠪᠤᠰᠬᠠᠬᠤ | ᠬᠦᠷᠢᠶᠡᠯᠡᠩ ᠢ ᠡᠭᠢᠯᠡᠨ ᠪᠠᠶᠢᠭᠤᠯᠬᠤ ᠶᠢ ᠠᠭᠢᠭᠤᠯᠤᠨ᠎ᠠ᠃ ᠮᠠᠯ ᠠᠵᠦ ᠠᠬᠤᠢ ᠲᠠᠷᠢᠶᠠᠯᠠᠩ ᠤᠨ ᠪᠦᠲᠦᠭᠡᠭᠳᠡᠭᠦᠨ | ᠢᠳᠡᠭᠡᠨ ᠵᠦᠢᠯ ᠢ ᠪᠤᠯᠪᠠᠰᠤᠷᠠᠭᠤᠯᠬᠤ ᠬᠦᠷᠢᠶᠡᠯᠡᠩ ᠲᠤᠭᠤᠷᠢᠭ ᠲᠤ ᠤᠰᠦ ᠭᠠᠳᠠᠭᠰᠢᠯᠠᠭᠤᠯᠬᠤ᠂ ᠵᠠᠰᠠᠮᠠᠯ ᠵᠠᠮ ᠵᠡᠷᠭᠡ | ᠰᠠᠭᠤᠷᠢ ᠪᠠᠷᠢᠯᠭ᠎ᠠ ᠶᠢ ᠪᠡᠶᠡᠯᠡᠭᠦᠯᠦᠨ᠎ᠡ᠃ ᠠᠵᠦ ᠤᠶᠢᠯᠡᠳᠪᠦᠷᠢ ᠶᠢᠨ ᠴᠢᠮᠡᠭᠡ ᠵᠠᠩᠭᠢᠵᠢᠯᠳᠠ ᠶᠢᠨ ᠳᠠᠪᠴᠠᠩ ᠢ | ᠪᠠᠶᠢᠭᠤᠯᠵᠦ᠂ ᠠᠵᠦ ᠤᠶᠢᠯᠡᠳᠪᠦᠷᠢ ᠶᠢᠨ ᠠᠵᠦ ᠠᠬᠤᠶᠢᠯᠠᠯ ᠤᠨ ᠰᠤᠷᠠᠭ ᠵᠠᠩᠬᠢ ᠶᠢ ᠡᠵᠡᠮᠳᠡᠬᠦ᠂ ᠲᠦᠷᠭᠡᠨ | ᠳᠠᠮᠵᠢᠭᠤᠯᠬᠤ ᠪᠠ ᠶᠠᠪᠤᠴᠠ ᠶᠢᠨ ᠬᠢᠨᠠᠨ ᠬᠠᠮᠢᠶᠠᠷᠦᠯᠳᠠ ᠶᠢ ᠪᠡᠶᠡᠯᠡᠭᠦᠯᠦᠨ᠎ᠡ᠃ | ᠤᠲᠦ ᠦᠶ᠎ᠡ ᠶᠢᠨ ᠤᠶᠢᠯᠡᠴᠢᠯᠡᠭᠡᠨ ᠤ ᠤᠶᠢᠯᠡᠰ ᠢ ᠬᠥᠭᠵᠢᠭᠦᠯᠦᠨ᠎ᠡ᠃ ᠤᠯᠤᠰ ᠤᠨ 5A ᠳᠡᠰ ᠤᠨ | ᠦᠵᠡᠮᠵᠢ ᠶᠢᠨ ᠤᠷᠤᠨ ᠪᠠ ᠪᠦᠬᠦ ᠤᠷᠤᠨ ᠬᠡᠪᠴᠢᠶᠡᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠤᠭᠤᠷᠢᠭ ᠢ | ᠡᠭᠦᠲᠦᠨ ᠪᠠᠶᠢᠭᠤᠯᠬᠤ ᠪᠠᠷ ᠵᠤᠭᠰᠤᠴᠠ ᠪᠤᠯᠭᠠᠵᠦ᠂ ᠪᠦᠬᠦ ᠬᠡᠪᠴᠢᠶᠡᠨ ᠤ᠂ ᠪᠦᠬᠦ ᠵᠢᠯ ᠤᠨ᠂ ᠪᠦᠬᠦ ᠠᠵᠦ | ᠤᠶᠢᠯᠡᠰ ᠤᠨ᠂ ᠪᠦᠬᠦ ᠠᠷᠠᠳ ᠤᠨ ᠵᠢᠭᠤᠯᠴᠢᠯᠠᠯ ᠤᠨ ᠭᠦᠭᠵᠢᠯᠳᠡ ᠶᠢᠨ ᠰᠢᠨ᠎ᠡ ᠪᠠᠶᠢᠳᠠᠯ ᠢ ᠴᠢᠷᠮᠡᠶᠢᠨ ᠴᠤᠭᠴᠠᠯᠠᠨ᠎ᠠ᠃ | ︽ᠳᠤᠮᠤ ᠦᠵᠡᠮᠵᠢ ᠶᠢᠨ ᠤᠷᠤᠨ᠂ ᠳᠤᠮᠤ ᠴᠡᠴᠡᠷᠯᠢᠭ᠂ ᠳᠤᠮᠤ ᠵᠢᠭᠤᠯᠴᠢᠯᠠᠯ︾ ᠤᠨ ᠤᠶᠢᠯᠠᠭᠠᠭᠳᠠᠬᠤᠨ ᠢ ᠪᠤᠢ | ᠪᠤᠯᠭᠠᠵᠦ᠂ ᠪᠦᠬᠦ ᠤᠷᠤᠨ ᠬᠡᠪᠴᠢᠶᠡᠨ ᠤ ᠵᠢᠭᠤᠯᠴᠢᠯᠠᠯ᠂ ᠭᠤᠤᠯᠳᠠᠯᠭ᠎ᠠ ᠲᠠᠢ ᠦᠵᠡᠮᠵᠢ ᠶᠢᠨ ᠤᠷᠤᠨ᠂ | ᠭᠤᠤᠯᠳᠠᠯᠭ᠎ᠠ ᠲᠠᠢ ᠬᠤᠳᠠ ᠪᠠᠯᠭᠠᠰᠦ᠂ ᠭᠤᠤᠯᠳᠠᠯᠭ᠎ᠠ ᠲᠠᠢ ᠭᠠᠴᠠᠭ᠎ᠠ ᠲᠤᠰᠬᠤᠨ ᠤ ᠲᠦᠯᠦᠪᠵᠢᠭᠦᠯᠭᠡ ᠶᠢ | ᠦᠷᠭᠦᠯᠵᠢᠯᠡᠨ ᠳᠡᠭᠦᠯᠳᠡᠷᠵᠢᠭᠦᠯᠵᠦ᠂ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ | ᠳᠠᠭᠠᠭᠠᠭᠤᠯᠤᠨᠠ᠃ ᠵᠢᠭᠤᠯᠴᠢᠯᠠᠯ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠡᠯᠡ | ᠣᠷᠣᠭᠤᠯᠤᠯᠲᠠ ᠶᠢᠨ ᠬᠡᠪᠴᠢᠶ᠎ᠠ ᠪᠠ ᠪᠡᠯᠡ ᠣᠷᠣᠭᠤᠯᠤᠯᠲᠠ ᠶᠢᠨ ᠬᠦᠴᠦᠯᠡᠴᠡ ᠶᠢ ᠦᠨᠡᠩᠬᠦ ᠨᠡᠮᠡᠭᠳᠡᠭᠦᠯᠵᠦ᠂ | ᠴᠢᠯᠠᠭᠤᠨ ᠣᠢ᠂ ᠤᠯᠠᠭᠠᠨᠪᠤᠳᠤᠩ᠂ ᠳᠠᠯᠠᠢ ᠨᠠᠭᠤᠷ᠂ ᠬᠤᠩᠭᠤ ᠶᠢᠨ ᠳᠠᠪᠠᠭ᠎ᠠ᠂ ᠭᠠᠯᠳᠠᠰᠤᠲᠠᠢ ᠷᠠᠰᠢᠶᠠᠨ ᠤ | ᠭᠤᠣᠯ ᠤᠨ ᠡᠮᠦᠨ᠎ᠡ ᠡᠷᠭᠢ᠂ ᠰᠢᠷᠠᠮᠦ᠋ᠷᠡᠨ ᠵᠡᠷᠭᠡ ᠦᠵᠡᠮᠵᠢ ᠶᠢᠨ ᠣᠷᠣᠨ ᠤ ᠵᠢᠭᠤᠯᠴᠢᠯᠠᠯ ᠤᠨ ᠲᠦᠷᠦᠯ ᠵᠦᠢᠯ᠂ | ᠦᠢᠯᠡᠴᠢᠯᠡᠭᠡᠨ ᠤ ᠲᠥᠬᠦᠭᠡᠷᠦᠮᠵᠢ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠤᠨ᠎ᠠ᠃ ᠠᠷᠠᠯᠵᠢᠶᠠᠴᠢᠨ ᠣᠷᠢᠵᠤ ᠪᠡᠯᠡ ᠣᠷᠣᠭᠤᠯᠬᠤ ᠪᠠ ᠵᠠᠯᠭᠠᠮᠵᠢ ᠠᠵᠢᠯ ᠤᠨ ᠬᠦᠴᠦᠯᠡᠴᠡ ᠶᠢ ᠤᠯᠠᠮ | ᠨᠢᠭᠡ ᠠᠯᠬᠤᠮ ᠨᠡᠮᠡᠭᠳᠡᠭᠦᠯᠦᠨ᠂ ᠭᠡᠷ᠎ᠡ ᠲᠣᠭᠲᠠᠭᠰᠠᠨ ᠲᠥᠷᠥᠯ ᠵᠦᠢᠯ ᠤᠨ ᠲᠣᠭᠲᠠᠭᠰᠠᠨ ᠬᠤᠭᠤᠴᠠᠭᠠᠨ ᠳᠠᠭᠠᠨ | ᠪᠠᠷᠢᠯᠭ᠎ᠠ ᠡᠬᠢᠯᠡᠭᠦᠯᠬᠦ ᠪᠠ ᠠᠰᠢᠭᠯᠠᠯᠲᠠ ᠳᠤ ᠣᠷᠣᠬᠤ᠂ ᠬᠡᠯᠡᠯᠴᠡᠭᠡᠷ ᠬᠢᠭᠰᠡᠨ ᠲᠦᠷᠦᠯ ᠵᠦᠢᠯ ᠤᠨ ᠳᠠᠷᠤᠢ ᠲᠥᠷᠭᠡᠨ | ᠭᠡᠷ᠎ᠡ ᠲᠣᠭᠲᠠᠬᠤ ᠶᠢ ᠪᠠᠲᠤᠯᠠᠨ᠎ᠠ᠃ ︽ᠭᠤᠤᠯ ᠦᠵᠡᠮᠵᠢ ᠶᠢᠨ ᠤᠷᠤᠨ + ᠬᠦᠳᠡᠭᠡ ᠲᠤᠰᠬᠤᠨ ᠤ ᠵᠢᠭᠤᠯᠴᠢᠯᠠᠯ︾ | ᠤᠨ ᠲᠤᠭᠤᠷᠢᠨ ᠳᠤ 8 ᠵᠢᠭᠤᠯᠴᠢᠯᠠᠯ ᠤᠨ ᠭᠠᠴᠠᠭ᠎ᠠ ᠲᠤᠰᠬᠤᠨ ᠪᠠ ᠲᠠᠷᠢᠶᠠᠴᠢᠨ ᠠᠶᠢᠯ ᠤᠨ ᠵᠤᠭᠤᠭ᠂ ᠮᠠᠯᠴᠢᠨ | ᠠᠶᠢᠯ ᠤᠨ ᠵᠤᠭᠤᠭ᠂ ᠤᠢ ᠶᠢᠨ ᠢᠷᠭᠡᠳ ᠤᠨ ᠵᠤᠭᠤᠭ᠂ ᠵᠢᠭᠠᠰᠦᠴᠢᠨ ᠤ ᠵᠤᠭᠤᠭ ᠢ 40 ᠶᠢ ᠲᠦᠪᠯᠡᠷᠡᠭᠦᠯᠦᠨ | ᠡᠭᠦᠳᠴᠦ᠂ ︽ᠬᠤᠳᠠᠯᠲᠤᠭ᠎ᠠ᠂ ᠰᠤᠪᠢᠯᠠᠯᠳᠠ᠂ ᠰᠤᠷᠤᠯᠴᠠᠯᠭ᠎ᠠ᠂ ᠰᠡᠯᠡᠭᠦᠴᠡᠯ᠂ ᠰᠡᠳᠭᠢᠯᠭᠡ᠂ ᠰᠤᠨᠢᠷᠬᠠᠯ︾ ᠵᠡᠷᠭᠡ | ᠰᠢᠨ᠎ᠡ ᠪᠠᠷ ᠮᠠᠨᠲᠤᠬᠤ ᠵᠢᠭᠤᠯᠴᠢᠯᠠᠯ ᠤᠨ ᠡᠯᠧᠮᠧᠨ᠋ᠲ ᠢ ᠢᠳᠡᠪᠭᠢᠲᠠᠢ ᠭᠦᠮᠦᠵᠢᠭᠦᠯᠵᠦ᠂ ᠨᠡᠶᠢᠭᠡᠮ ᠤᠨ ᠡᠯ᠎ᠡ ᠡᠳᠡᠭᠡᠳ | ᠢᠳᠡᠪᠭᠢᠲᠠᠢ ᠤᠷᠤᠯᠴᠠᠭᠰᠠᠨ᠂ ᠦᠪᠡᠷ ᠢ ᠪᠠᠨ ᠱᠠᠭᠠᠷᠳᠠᠭᠰᠠᠨ᠂ ᠬᠠᠮᠲᠦᠪᠡᠷ ᠪᠠᠶᠢᠭᠤᠯᠵᠦ ᠬᠠᠮᠲᠦᠪᠡᠷ ᠡᠳ᠋ᠯᠡᠭᠰᠡᠨ | ᠬᠦᠨ ᠵᠤᠵᠠᠭᠠᠨ ᠠᠭᠤᠷ ᠠᠮᠢᠰᠬᠤᠯ ᠢ ᠪᠦᠷᠢᠯᠲᠦᠭᠦᠯᠦᠨᠡ᠃ ᠪᠦᠬᠦ ᠠᠵᠦ ᠤᠶᠢᠯᠡᠰ ᠢ ᠠᠭᠤᠰᠤᠯᠴᠠᠭᠤᠯᠬᠤ ᠶᠢ | ᠴᠢᠩᠭᠠᠳᠬᠠᠵᠦ᠂ ︽ᠵᠢᠭᠤᠯᠴᠢᠯᠠᠯ +︾ ᠪᠠᠶᠢᠯᠲᠤᠬᠤ ᠪᠤᠲᠤᠯᠭ᠎ᠠ ᠶᠢ ᠬᠡᠷᠡᠭᠵᠢᠬᠦᠯᠵᠦ᠂ ᠨᠢᠭᠡᠲᠦᠭᠡᠷ ᠠᠵᠦ | ᠤᠶᠢᠯᠡᠰ ᠤᠨ ᠪᠦᠲᠦᠴᠡ ᠶᠢ ᠲᠤᠭᠢᠷᠠᠭᠤᠯᠬᠤ ᠲᠤᠭᠤᠷᠢᠨ ᠳᠤ᠂ ᠵᠢᠭᠤᠯᠴᠢᠯᠠᠯ ᠤᠨ ᠤᠶᠢᠯᠡᠰ ᠢ ᠤᠲᠦ ᠦᠶ᠎ᠡ ᠶᠢᠨ ᠮᠠᠯ | ᠠᠵᠦ ᠠᠬᠤᠢ ᠲᠠᠷᠢᠶᠠᠯᠠᠩ᠂ ᠶᠠᠳᠠᠭᠤ ᠶᠢ ᠳᠡᠳᠬᠦᠬᠦ ᠨᠡᠭᠡᠭᠡᠯᠳᠡ ᠲᠠᠢ ᠤᠷᠭᠠᠨᠢᠭ ᠢᠶᠠᠷ ᠤᠶᠠᠯᠲᠤᠭᠤᠯᠬᠤ ᠶᠢ | ᠠᠭᠢᠭᠤᠯᠵᠦ᠂ ᠨᠢᠭᠡᠲᠦᠭᠡᠷ ᠠᠵᠦ ᠤᠶᠢᠯᠡᠰ ᠤᠨ ᠵᠤᠭᠠᠴᠠᠬᠤ᠂ ᠤᠶᠢᠯᠠᠭᠠᠬᠤ᠂ ᠰᠡᠯᠡᠭᠦᠴᠡᠬᠦ᠂ ᠠᠮᠠᠷᠠᠬᠤ ᠪᠠ | ᠪᠦᠲᠦᠭᠡᠭᠳᠡᠭᠦᠨ ᠢ ᠪᠤᠷᠤᠯᠠᠭᠤᠯᠬᠤ ᠴᠢᠳᠠᠪᠬᠢ ᠶᠢ ᠭᠦᠢᠴᠡᠳ ᠪᠠᠳᠠᠷᠠᠭᠤᠯᠤᠨ᠎ᠠ ︔ ᠬᠤᠶᠠᠲᠤᠭᠠᠷ ᠠᠵᠦ ᠤᠶᠢᠯᠡᠰ ᠤᠨ | ᠪᠦᠲᠦᠭᠡᠭᠳᠡᠭᠦᠨ ᠤᠶᠢᠯᠡᠳᠪᠦᠷᠢᠯᠡᠬᠦ ᠲᠤᠭᠤᠷᠢᠨ ᠳᠤ᠂ ᠭᠤᠤᠯᠳᠠᠯᠭ᠎ᠠ ᠲᠠᠢ ᠠᠵᠢᠯ ᠲᠦᠷᠦᠯ ᠤᠨ ᠠᠵᠦ ᠠᠬᠤᠶᠢᠯᠠᠯ ᠳᠤ | ᠲᠦᠰᠢᠭᠯᠡᠵᠦ᠂ ᠤᠶᠢᠯᠡᠳᠪᠦᠷᠢ ᠠᠭᠤᠷᠬᠠᠢ ᠶᠢᠨ ᠵᠢᠭᠤᠯᠴᠢᠯᠠᠯ ᠢ ᠵᠤᠭᠢᠰᠲᠠᠢ ᠭᠦᠭᠵᠢᠭᠦᠯᠵᠦ᠂ ᠵᠢᠭᠤᠯᠴᠢᠯᠠᠯ ᠤᠨ | ᠲᠦᠭᠦᠭᠡᠷᠦᠮᠵᠢ ᠤᠶᠢᠯᠡᠳᠬᠦ ᠤᠶᠢᠯᠡᠰ ᠢ ᠢᠳᠡᠪᠭᠢᠲᠠᠢ ᠳᠠᠳᠠᠨ ᠤᠷᠤᠭᠤᠯᠵᠦ᠂ ᠭᠠᠵᠠᠷ ᠤᠷᠤᠨ ᠤ ᠦᠪᠡᠷᠮᠢᠴᠡ | ᠤᠨᠴᠠᠯᠢᠭ ᠲᠠᠢ᠂ ᠦᠨᠲᠦᠰᠦᠲᠡᠨ ᠤ ᠦᠪᠡᠷᠮᠢᠴᠡ ᠤᠨᠴᠠᠯᠢᠭ ᠲᠠᠢ ᠵᠢᠭᠤᠯᠴᠢᠯᠠᠯ ᠤᠨ ᠲᠠᠸᠠᠷ ᠢ ᠡᠭᠦᠲᠦᠨ᠎ᠡ ︔ | ᠭᠤᠷᠪᠠᠲᠤᠭᠠᠷ ᠠᠵᠦ ᠤᠶᠢᠯᠡᠰ ᠤᠨ ᠤᠶᠢᠯᠡᠴᠢᠯᠡᠭᠡ ᠶᠢ ᠴᠢᠩᠭᠠᠳᠬᠠᠬᠤ ᠲᠤᠭᠤᠷᠢᠨ ᠳᠤ᠂ ᠠᠷᠠᠯᠵᠢᠶ᠎ᠠ | ᠬᠤᠳᠠᠯᠲᠤᠭᠠᠨ ᠤ ᠭᠦᠢᠯᠭᠡᠭᠡ᠂ ᠬᠤᠨᠤᠵᠦ ᠰᠠᠭᠤᠬᠤ ᠢᠳᠡᠭᠡᠨ ᠤᠮᠳᠠᠭᠠᠨ᠂ ᠵᠠᠮ ᠬᠠᠷᠢᠯᠴᠠᠭ᠎ᠠ ᠳᠡᠭᠡᠭᠡᠪᠦᠷᠢ ᠵᠡᠷᠭᠡ | ᠤᠯᠠᠮᠵᠢᠯᠠᠯᠲᠦ ᠤᠶᠢᠯᠡᠴᠢᠯᠡᠭᠡᠨ ᠤ ᠤᠶᠢᠯᠡᠰ ᠢ ᠵᠡᠷᠭᠡ ᠳᠡᠰ ᠢᠶᠠᠨ ᠳᠡᠪᠰᠢᠭᠦᠯᠬᠦ ᠶᠢ ᠲᠦᠷᠭᠡᠳᠬᠡᠵᠦ᠂ ᠵᠢᠭᠤᠯᠴᠢᠯᠠᠯ ᠢ | ᠰᠤᠶᠤᠯ᠂ ᠤᠷᠠᠯᠢᠭ᠂ ᠪᠡᠶ᠎ᠡ ᠳᠠᠮᠢᠷ ᠵᠡᠷᠭᠡ ᠳᠠᠯ᠎ᠠ ᠲᠠᠢ ᠭᠦᠨᠵᠡᠭᠡᠢ ᠠᠭᠤᠰᠤᠯᠴᠠᠭᠤᠯᠬᠤ ᠶᠢ ᠢᠳᠡᠪᠭᠢᠲᠠᠢ ᠠᠭᠢᠭᠤᠯᠵᠦ᠂ | ᠦᠨᠲᠦᠰᠦᠲᠡᠨ ᠤ ᠵᠠᠩ ᠤᠶᠢᠯᠡ᠂ ᠳᠡᠤᠬᠡ ᠰᠤᠶᠤᠯ ᠤᠨ ᠦᠪᠡᠷᠮᠢᠴᠡ ᠤᠨᠴᠠᠯᠢᠭ ᠪᠦᠭᠦᠢ ᠵᠢᠭᠤᠯᠴᠢᠯᠠᠯ ᠤᠨ | ᠪᠦᠲᠦᠭᠡᠭᠳᠡᠭᠦᠨ᠂ ᠤᠷᠠᠨ ᠰᠠᠶᠢᠬᠠᠨ ᠤ ᠲᠦᠷᠦᠯ ᠵᠦᠢᠯ ᠪᠠ ᠤᠰᠦᠨ ᠳᠡᠭᠡᠷᠡᠬᠢ᠂ ᠮᠦᠰᠦ ᠴᠠᠰᠦᠨ ᠤ᠂ ᠡᠯᠡᠰᠦᠨ | ᠳᠡᠭᠡᠷᠡᠬᠢ ᠬᠡᠬᠡᠷ᠎ᠡ ᠶᠢᠨ ᠤᠷᠤᠯᠲᠤᠭᠠᠨ ᠤ ᠠᠵᠢᠯᠯᠠᠭᠠᠨ ᠢ ᠡᠭᠦᠳᠴᠦ ᠭᠦᠭᠵᠢᠭᠦᠯᠦᠨ᠎ᠡ᠃ ᠤᠬᠠᠭᠤᠯᠭ᠎ᠠ ᠪᠠ | ᠪᠣᠷᠣᠯᠠᠭᠤᠯᠭ᠎ᠠ ᠪᠠᠨ ᠴᠢᠩᠭᠠᠳᠬᠠᠵᠤ᠂ ᠭᠤᠤᠯ ᠵᠠᠭᠤᠴᠢᠯᠠᠭᠤᠷ᠂ ᠠᠯᠪᠠᠨ ᠤ ᠪᠢᠴᠢᠯ ᠪᠦᠷᠭᠡ᠂ ᠭᠠᠷ ᠤᠳᠠᠰᠦᠨ ᠤ | ᠰᠦᠯᠵᠢᠶ᠎ᠡ ᠶᠢᠨ ᠦᠢᠯᠡᠴᠢᠯᠡᠭᠡ ᠲᠠᠢ ᠪᠤᠳᠠᠲᠠᠢ ᠪᠠᠷ ᠬᠠᠮᠲᠤᠷᠠᠯᠴᠠᠬᠤ ᠪᠠᠨ ᠴᠢᠩᠭᠠᠳᠬᠠᠵᠦ᠂ ᠪᠡᠭᠡᠵᠢᠩ ᠲᠢᠶᠠᠨᠵᠢᠨ | ᠡᠾᠧᠪᠧᠢ ᠦᠪᠦᠷ ᠮᠤᠩᠭᠤᠯ ᠪᠠ ᠤᠯᠠᠭᠠᠨᠬᠠᠳᠠ᠂ ᠰᠢᠯᠢᠩᠭᠤᠤᠯ᠂ ᠤᠯᠠᠭᠠᠨᠴᠠᠪ ᠤᠨ ︽ᠲᠦᠷᠪᠡᠨ ᠮᠤᠵᠢ ᠭᠤᠷᠪᠠᠨ | ᠭᠠᠵᠠᠷ︾ ᠤᠨ ᠭᠠᠵᠠᠷ ᠤᠷᠤᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠠᠯ᠎ᠠ ᠨᠤᠲᠤᠭ ᠤᠨ ᠳᠠᠭᠤᠤ | ᠭᠦᠭᠵᠢᠮ ᠤᠨ ᠨᠠᠶᠢᠷ᠂ ᠨᠢᠰᠦᠯᠳᠠ ᠶᠢᠨ ᠨᠠᠭᠠᠲᠤᠮ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠨᠠᠶᠢᠷ ᠵᠡᠷᠭᠡ ᠭᠤᠤᠯ | ᠰᠡᠲᠦᠪᠲᠦ ᠠᠵᠢᠯᠯᠠᠭᠠᠨ ᠢ ᠰᠠᠶᠢᠲᠦᠷ ᠡᠷᠬᠢᠯᠡᠵᠦ᠂ ᠲᠥᠷᠪᠡᠨ ᠤᠯᠠᠷᠢᠯ ᠤᠨ ᠵᠢᠭᠤᠯᠴᠢᠯᠠᠯ ᠢ ᠬᠠᠮᠵᠢᠨ ᠠᠬᠢᠭᠤᠯᠤᠨ᠎ᠠ᠃ | ᠶᠡᠷᠦᠩᠭᠡᠶᠢᠯᠡᠭᠰᠡᠨ ᠬᠠᠮᠢᠶᠠᠷᠦᠯᠳᠠ ᠪᠠ ᠬᠠᠤᠯᠢ ᠬᠡᠷᠡᠭᠵᠢᠬᠦᠯᠦᠯᠳᠡ ᠶᠢ ᠴᠢᠩᠭᠠᠳᠬᠠᠵᠦ᠂ ᠵᠢᠭᠤᠯᠴᠢᠯᠠᠯ ᠤᠨ | ᠭᠦᠭᠵᠢᠭᠦᠯᠦᠯᠳᠡ ᠶᠢᠨ ᠵᠦᠪᠯᠡᠯ ᠪᠠ ᠶᠡᠷᠦᠩᠭᠡᠶᠢᠯᠡᠭᠰᠡᠨ ᠬᠠᠤᠯᠢ ᠬᠡᠷᠡᠭᠵᠢᠭᠦᠯᠦᠯᠳᠡ ᠶᠢᠨ ᠲᠤᠪᠴᠢᠶ᠎ᠠ ᠶᠢ ᠪᠠᠶᠢᠭᠤᠯᠵᠦ᠂ | ᠵᠢᠭᠤᠯᠴᠢᠯᠠᠯ ᠤᠨ ᠵᠠᠬ᠎ᠠ ᠳᠡᠯᠭᠡᠭᠦᠷ ᠪᠠ ᠬᠤᠯᠪᠤᠭᠳᠠᠯ ᠪᠦᠬᠦᠢ ᠠᠵᠢᠯ ᠲᠦᠷᠦᠯ᠂ ᠠᠵᠢᠯ ᠤᠨ ᠪᠠᠶᠢᠳᠠᠯ ᠤᠨ | ᠡᠵᠡᠩᠨᠡᠯᠳᠡ ᠶᠢᠨ ᠡᠮᠬᠢ ᠲᠢᠭᠯᠢᠮ ᠤᠨ ᠴᠡᠭᠴᠡᠯᠡᠯᠳᠡ ᠶᠢ ᠪᠠᠶᠢᠩᠭᠤ ᠦᠷᠨᠢᠭᠦᠯᠵᠦ᠂ ᠦᠵᠡᠮᠵᠢ ᠶᠢᠨ ᠤᠷᠤᠨ᠂ | ᠵᠢᠭᠤᠯᠴᠢᠯᠠᠭᠰᠠᠳ ᠲᠤ ᠤᠶᠢᠯᠡᠴᠢᠯᠡᠭᠦ ᠭᠠᠵᠠᠷ ᠪᠠ ᠵᠢᠭᠤᠯᠴᠢᠯᠠᠯ ᠤᠨ ᠠᠵᠢᠯᠳᠠᠳ ᠤᠨ ᠬᠠᠮᠢᠶᠠᠷᠦᠯᠳᠠ ᠶᠢ ᠦᠨᠡᠩᠭᠦ | ᠴᠢᠩᠭᠠᠳᠬᠠᠵᠦ᠂ ᠮᠤᠷᠢ ᠤᠷᠤᠯᠲᠤᠬᠤ ᠳᠠᠯᠠᠪᠠᠢ᠂ ᠡᠯᠡᠰᠦᠨ ᠳᠤ ᠤᠨᠤᠬᠤ ᠮᠤᠲ᠋ᠤᠷ ᠪᠠ ᠡᠯ᠎ᠡ ᠲᠦᠷᠦᠯ ᠤᠨ ᠬᠠᠤᠯᠢ | ᠲᠤᠭᠲᠠᠭᠠᠯ ᠵᠦᠷᠢᠴᠡᠭᠰᠡᠨ ᠪᠦᠲᠦᠭᠡᠨ ᠪᠠᠶᠢᠭᠤᠯᠤᠯᠳᠠ ᠶᠢ ᠲᠦᠪᠯᠡᠷᠡᠭᠦᠯᠦᠨ ᠴᠡᠭᠴᠡᠯᠡᠨ᠎ᠡ᠃ ᠵᠢᠯ ᠤᠨ ᠲᠤᠲᠤᠷ᠎ᠠ | ᠤᠯᠤᠰ ᠤᠨ ᠲᠤᠲᠤᠭᠠᠲᠦ ᠭᠠᠳᠠᠭᠠᠲᠦ ᠶᠢᠨ ᠵᠢᠭᠤᠯᠴᠢᠯᠠᠭᠰᠠᠳ ᠢ 520 ᠲᠦᠮᠡᠨ ᠭᠦᠮᠦᠨ ᠤᠳᠠᠭ᠎ᠠ ᠬᠦᠯᠢᠶᠡᠨ | ᠠᠪᠬᠤ ᠪᠠᠷ ᠲᠡᠮᠡᠴᠡᠵᠦ᠂ ᠵᠢᠭᠤᠯᠴᠢᠯᠠᠯ ᠤᠨ ᠶᠡᠷᠦᠩᠭᠡᠢ ᠤᠷᠤᠯᠭ᠎ᠠ ᠶᠢ 50 ᠳ᠋ᠥᠩᠰᠢᠭᠤᠷ ᠲᠦᠭᠦᠷᠢᠭ ᠪᠡᠶᠡᠯᠡᠭᠦᠯᠵᠦ᠂ | ᠠᠳᠠᠯᠢ ᠬᠤᠭᠤᠴᠠᠭᠠᠨ ᠤ ᠬᠢ ᠠᠴᠠ ᠳᠤᠰᠪᠤᠷᠢ 10.4% ᠪᠠ 12.5% ᠪᠠᠷ ᠨᠡᠮᠡᠭᠳᠡᠭᠦᠯᠦᠨ᠎ᠡ᠃ | ᠤᠶᠢᠯᠡᠴᠢᠯᠡᠭᠡᠨ ᠤ ᠤᠶᠢᠯᠡᠰ ᠤᠨ ︽ᠢᠨᠲ᠋ᠧᠷ ᠰᠦᠯᠵᠢᠶ᠎ᠡ +︾ ᠪᠠᠶᠢᠯᠲᠤᠬᠤ ᠪᠤᠲᠤᠯᠭ᠎ᠠ ᠶᠢ ᠢᠳᠡᠪᠭᠢᠲᠠᠢ | ᠠᠭᠢᠭᠤᠯᠵᠦ᠂ ᠪᠤᠭᠢᠷᠲᠦᠯ ᠦᠬᠡᠢ ᠮᠠᠯ ᠠᠵᠦ ᠠᠬᠤᠢ ᠲᠠᠷᠢᠶᠠᠯᠠᠩ ᠤᠨ ᠪᠦᠲᠦᠭᠡᠭᠳᠡᠭᠦᠨ ᠢᠶᠠᠷ ᠭᠤᠤᠯ ᠪᠤᠯᠭᠠᠭᠰᠠᠨ | ᠭᠦᠢᠳᠡᠨ ᠢᠶᠠᠷ ᠬᠠᠳᠠᠭᠠᠯᠠᠬᠤ ᠬᠡᠯᠬᠢᠶ᠎ᠡ ᠶᠢᠨ ᠡᠳ᠋ ᠪᠠᠷᠠᠭᠠᠨ ᠤ ᠭᠦᠢᠯᠭᠡᠭᠡ᠂ ᠡᠯᠧᠺᠳ᠋ᠷᠤᠨ ᠬᠤᠳᠠᠯᠲᠤᠭᠠᠨ ᠤ ᠡᠳ᠋ | ᠪᠠᠷᠠᠭᠠᠨ ᠤ ᠭᠦᠢᠯᠭᠡᠭᠡ ᠶᠢ ᠪᠤᠶᠢᠵᠢᠭᠤᠯᠤᠨ ᠭᠦᠭᠵᠢᠭᠦᠯᠵᠦ᠂ ᠬᠦᠮᠦᠷᠭᠡᠯᠡᠵᠦ ᠬᠠᠳᠠᠭᠠᠯᠠᠬᠤ ᠡᠳ᠋ ᠪᠠᠷᠠᠭᠠᠨ ᠤ ᠲᠦᠪ ᠢ | 1᠂ ᠡᠳ᠋ ᠪᠠᠷᠠᠭᠠᠨ ᠤ ᠳᠠᠮᠵᠢᠭᠤᠯᠬᠤ ᠦᠷᠳᠡᠭᠡ ᠶᠢ 2᠂ ᠡᠯᠧᠺᠳ᠋ᠷᠤᠨ ᠬᠤᠳᠠᠯᠲᠤᠭᠠᠨ ᠤ ᠤᠶᠢᠯᠡᠴᠢᠯᠡᠭᠡ ᠶᠢᠨ | ᠦᠷᠳᠡᠭᠡ ᠶᠢ 70᠂ ᠭᠠᠴᠠᠭᠠᠨ ᠲᠤᠰᠬᠤᠨ ᠤ ᠶᠡᠷᠦᠩᠭᠡᠶᠢᠯᠡᠭᠰᠡᠨ ᠤᠶᠢᠯᠡᠴᠢᠯᠡᠭᠡᠨ ᠤ ᠭᠠᠵᠠᠷ ᠢ 30 ᠶᠢ | ᠬᠦᠮᠦᠵᠢᠭᠦᠯᠦᠨ ᠭᠦᠭᠵᠢᠭᠦᠯᠦᠨ᠎ᠡ᠃ | — — ᠦᠭᠡᠷᠡᠴᠢᠯᠡᠯᠳᠡ ᠬᠢᠵᠦ ᠴᠢᠯᠦᠭᠡᠲᠠᠢ ᠶᠠᠪᠤᠯᠴᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠴᠢᠯᠦᠭᠡᠲᠠᠢ ᠶᠠᠪᠤᠯᠴᠠᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠦ᠂ ᠤᠯᠤᠰ ᠠᠴᠠ ᠬᠡᠷᠡᠭᠵᠢᠬᠦᠯᠬᠦ ᠭᠤᠤᠯ | ᠪᠤᠯᠬᠤ ᠤᠶᠢᠯᠡᠳᠬᠦ ᠤᠶᠢᠯᠡᠰ ᠢ ᠭᠦᠭᠵᠢᠭᠦᠯᠬᠦ ᠪᠠ ᠪᠡᠭᠡᠵᠢᠩ ᠲᠢᠶᠠᠨᠵᠢᠨ ᠡᠾᠧᠪᠧᠢ ᠶᠢᠨ ᠭᠠᠵᠠᠷ ᠤᠷᠤᠨ ᠤ | ᠤᠶᠢᠯᠡᠳᠬᠦ ᠤᠶᠢᠯᠡᠰ ᠤᠨ ᠲᠦᠷᠦᠯ ᠵᠦᠢᠯ ᠢ ᠭᠠᠳᠠᠭᠰᠢ ᠨᠡᠭᠦᠯᠬᠡᠬᠦ ᠴᠢᠬᠤᠯᠠ ᠲᠤᠭᠢᠶᠠᠯ ᠢ ᠴᠢᠩᠭ᠎ᠠ ᠠᠳᠬᠤᠵᠦ᠂ ︽ | ᠨᠢᠭᠡ ᠪᠦᠰᠡ ᠨᠢᠭᠡ ᠵᠠᠮ︾᠂ ᠬᠦᠬᠡᠮᠦ᠋ᠷᠡᠨ ᠤ ᠠᠵᠦ ᠠᠬᠤᠢ ᠶᠢᠨ ᠪᠦᠰᠡ᠂ ᠰᠢᠨ᠎ᠡ ᠨᠢᠭᠡ ᠡᠭᠡᠯᠵᠢ ᠶᠢᠨ ᠵᠡᠬᠦᠨ | ᠬᠤᠶᠢᠲᠦ ᠶᠢ ᠭᠦᠭᠵᠢᠭᠦᠯᠦᠨ ᠮᠠᠨᠳᠤᠭᠤᠯᠬᠤ ᠵᠡᠷᠭᠡ ᠤᠯᠤᠰ ᠤᠨ ᠪᠠᠶᠢᠯᠲᠤᠬᠤ ᠪᠤᠲᠤᠯᠭ᠎ᠠ ᠲᠠᠢ ᠨᠠᠷᠢᠯᠢᠭ᠌ ᠤᠨᠤᠪᠴᠢᠲᠠᠢ | ᠵᠤᠯᠭᠠᠵᠦ᠂ ᠵᠡᠭᠦᠨ ᠬᠤᠶᠢᠲᠦ᠂ ᠤᠮᠠᠷᠠᠲᠦ ᠤᠷᠤᠨ᠂ ᠰᠢᠯᠢᠩᠭᠤᠤᠯ ᠤᠯᠠᠭᠠᠨᠬᠠᠳᠠ ᠴᠣᠣ ᠶᠠᠩ ᠵᠢᠨᠵᠧᠦ ᠶᠢᠨ | ᠭᠦᠭᠵᠢᠯᠳᠡ ᠶᠢᠨ ᠭᠠᠵᠠᠷ ᠤᠷᠤᠨ ᠲᠠᠢ ᠲᠦᠷᠭᠡᠨ ᠠᠭᠤᠰᠤᠯᠴᠠᠵᠦ᠂ ᠤᠯᠠᠨ ᠳᠠᠪᠬᠤᠷᠭᠠᠲᠦ᠂ ᠦᠷᠭᠡᠨ | ᠬᠡᠪᠴᠢᠶ᠎ᠡ ᠪᠠᠷ ᠤᠶᠢᠯᠡᠳᠪᠦᠷᠢᠯᠡᠯ ᠤᠨ ᠡᠯᠧᠮᠧᠨ᠋ᠲ ᠢ ᠳᠠᠳᠠᠨ ᠤᠷᠤᠭᠤᠯᠤᠨ᠎ᠠ᠃ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠦᠷᠬᠦᠯᠵᠢᠯᠡᠨ ᠭᠦᠨᠵᠡᠭᠡᠶᠢᠷᠡᠭᠦᠯᠵᠦ᠂ ᠭᠡᠷ᠎ᠡ ᠶᠢᠨ ᠭᠠᠶᠢᠯᠢ ᠶᠢᠨ | ᠨᠥᠬᠦᠪᠦᠷᠢ᠂ ᠢᠲᠡᠭᠡᠮᠵᠢᠲᠦ ᠵᠢᠭᠡᠯᠡᠯᠭᠡ ᠲᠠᠯᠪᠢᠬᠤ᠂ ᠵᠤᠭᠤᠰ ᠢᠶᠠᠷ ᠨᠤᠭᠤᠯᠤᠨ ᠪᠣᠳᠣᠵᠤ ᠲᠥᠪᠬᠢᠨᠡᠭᠦᠯᠬᠦ ᠵᠡᠷᠭᠡ | ᠠᠷᠭ᠎ᠠ ᠬᠡᠮᠵᠢᠶ᠎ᠡ ᠶᠢ ᠶᠡᠷᠦᠩᠬᠡᠶᠢᠯᠡᠨ ᠬᠡᠷᠡᠭᠯᠡᠵᠦ᠂ ᠨᠥᠭᠡᠴᠡᠯᠡᠭᠳᠡᠵᠦ ᠪᠠᠶᠢᠭ᠎ᠠ ᠠᠰᠠᠷ ᠢ ᠪᠣᠷᠣᠯᠠᠭᠤᠯᠵᠤ ᠳᠠᠭᠤᠰᠬᠠᠬᠤ | ᠡᠭᠦᠷᠭᠡ ᠶᠢ ᠲᠤᠰ ᠵᠢᠯ ᠳᠡᠭᠡᠨ ᠪᠡᠶᠡᠯᠡᠭᠦᠯᠦᠨ᠎ᠡ᠃ ᠴᠠᠬᠢᠯᠭᠠᠨ ᠤ ᠦᠨ᠎ᠡ ᠶᠢᠨ ᠨᠥᠬᠦᠪᠦᠷᠢ ᠂ ᠲᠣᠮᠣ ᠬᠡᠷᠡᠭᠯᠡᠭᠴᠢᠳ ᠲᠤ | ᠰᠢᠭᠤᠳ ᠴᠠᠬᠢᠯᠭᠠᠨ ᠬᠠᠩᠭᠠᠬᠤ᠂ ᠲᠠᠪᠤᠨ ᠳᠠᠭᠠᠳᠬᠠᠯ ᠨᠢᠭᠡ ᠮᠦᠩᠬᠦ ᠶᠢ ᠨᠡᠶᠢᠯᠡᠭᠦᠯᠬᠦ᠂ ᠪᠤᠳᠠᠳᠤ ᠴᠣᠭᠴᠠ ᠶᠢᠨ | ᠠᠵᠤ ᠠᠬᠤᠶᠢᠯᠠᠯ ᠤᠨ ᠪᠡᠯᠡ ᠴᠤᠭᠯᠠᠭᠤᠯᠬᠤ ᠳᠤ ᠬᠦᠦ ᠮᠦᠩᠬᠦ ᠶᠢ ᠨᠢ ᠣᠷᠣᠯᠠᠨ ᠥᠭᠬᠦ ᠵᠡᠷᠭᠡ ᠲᠥᠷᠥ ᠶᠢᠨ | ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠤᠯᠠᠨ ᠲᠦᠷᠦᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠥᠷᠲᠡᠭ ᠢ ᠪᠠᠭᠤᠷᠠᠭᠤᠯᠤᠨ᠎ᠠ᠃ ᠵᠠᠰᠠᠭ ᠤᠨ ᠣᠷᠳᠤᠨ ᠤ ᠪᠡᠯᠡ | ᠣᠷᠣᠭᠤᠯᠤᠯᠲᠠ ᠶᠢᠨ ᠬᠦᠴᠦᠯᠡᠴᠡ ᠶᠢ ᠴᠢᠩᠭᠠᠷᠠᠭᠤᠯᠤᠨ᠂ ᠰᠤᠷᠭᠠᠨ ᠬᠦᠮᠦᠵᠢᠯ᠂ ᠡᠷᠡᠭᠦᠯ ᠬᠠᠮᠠᠭᠠᠯᠠᠯ᠂ ᠡᠮ ᠡᠮᠨᠡᠯᠭᠡ | ᠂ ᠰᠣᠶᠣᠯ ᠵᠡᠷᠭᠡ ᠬᠦᠷᠢᠶ᠎ᠡ ᠬᠡᠪᠴᠢᠶᠡᠨ ᠤ ᠲᠣᠪᠤᠶᠢᠮ᠎ᠠ ᠪᠠᠶᠢᠭ᠎ᠠ ᠪᠠᠭᠤᠷᠠᠢ ᠭᠤᠭᠴᠤᠭ᠎ᠠ ᠶᠢ ᠴᠢᠷᠮᠠᠶᠢᠨ | ᠨᠥᠬᠦᠪᠦᠷᠢᠯᠡᠵᠦ᠂ ᠬᠤᠲᠠ ᠬᠥᠳᠡᠭᠡ ᠶᠢᠨ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ | ᠲᠡᠩᠴᠡᠭᠦᠷᠢᠰᠢᠭᠦᠯᠬᠦ ᠶᠢ ᠲᠦᠷᠭᠡᠳᠬᠡᠨ ᠠᠬᠢᠭᠤᠯᠤᠨ᠎ᠠ᠃ ᠵᠠᠰᠠᠭ ᠤᠨ ᠣᠷᠳᠤᠨ ᠤ ᠥᠷᠢ ᠰᠢᠷᠢ ᠶᠢᠨ | ᠬᠠᠮᠢᠶᠠᠷᠤᠯᠲᠠ ᠶᠢ ᠴᠢᠩᠭᠠᠳᠬᠠᠨ᠂ ᠣᠷᠣᠨ ᠨᠤᠲᠤᠭ ᠤᠨ ᠵᠢᠭᠡᠯᠡᠯᠭᠡ ᠶᠢᠨ ᠲᠡᠮᠳᠡᠭᠲᠦ ᠶᠢ ᠰᠣᠯᠢᠬᠤ ᠲᠤᠭ᠎ᠠ | ᠬᠡᠮᠵᠢᠶ᠎ᠡ ᠶᠢ ᠢᠳᠡᠪᠬᠢᠲᠡᠢ ᠲᠡᠮᠡᠴᠡᠨ ᠣᠯᠵᠤ᠂ ᠬᠠᠤᠯᠢ ᠪᠣᠰᠤ ᠪᠠᠷ ᠪᠡᠯᠡ ᠬᠤᠷᠠᠮᠳᠤᠭᠤᠯᠬᠤ ᠠᠵᠢᠯᠯᠠᠭ᠎ᠠ ᠳᠤ ᠴᠢᠩᠭ᠎ᠠ | ᠴᠣᠬᠢᠯᠲᠠ ᠥᠭᠴᠦ᠂ ᠣᠷᠣᠨ ᠨᠤᠲᠤᠭ ᠤᠨ ᠮᠦᠩᠬᠦᠨ ᠭᠦᠢᠯᠭᠡᠭᠡᠨ ᠤ ᠲᠦᠭᠰᠢᠭᠦᠷᠢ ᠶᠢ ᠪᠦᠬᠦᠯᠢ ᠴᠣᠭᠴᠠ ᠳᠤᠨᠢ | ᠡᠵᠡᠮᠳᠡᠬᠦ ᠶᠢ ᠪᠠᠲᠤᠯᠠᠨ᠎ᠠ᠃ ᠳᠠᠯᠠᠢ ᠨᠠᠭᠤᠷ ᠤᠨ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ | ᠠᠮᠢ ᠠᠬᠤᠢ ᠶᠢᠨ ᠵᠢᠭᠤᠯᠴᠢᠯᠠᠯ ᠤᠨ ᠺᠣᠮᠫᠠᠨᠢ ᠶᠢ ᠬᠤᠳᠠᠯᠳᠤᠨ ᠠᠪᠴᠤ᠂ ᠬᠤᠰᠤᠲᠦ ᠬᠦᠷᠢᠶ᠎ᠡ᠂ ᠰᠢᠶᠤᠤ ᠰᠢ ᠲᠢᠶᠠᠨ | ᠂ ᠲᠢᠶᠠᠨ ᠲᠠᠢ ᠶᠦᠩ ᠵᠡᠷᠭᠡ ᠵᠢᠭᠤᠯᠴᠢᠯᠠᠯ ᠤᠨ ᠡᠬᠢ ᠪᠠᠶᠠᠯᠢᠭ ᠢ ᠨᠡᠶᠢᠯᠡᠭᠦᠯᠬᠦ ᠶᠢ ᠪᠡᠶᠡᠯᠡᠭᠦᠯᠦᠨ᠎ᠡ᠃ ᠤᠯᠤᠰ ᠠᠴᠠ | ᠡᠷᠬᠢᠯᠡᠭᠰᠡᠨ ᠡᠮᠨᠡᠯᠭᠡ ᠶᠢᠨ ᠬᠤᠷᠢᠶ᠎ᠠ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ ᠳᠤᠮᠳᠠᠳᠤ ᠪᠠᠭ᠎ᠠ | ᠰᠤᠷᠭᠠᠭᠤᠯᠢ ᠶᠢᠨ ᠪᠠᠭᠰᠢ ᠶᠢᠨ ᠮᠡᠷᠭᠡᠵᠢᠯ ᠤᠨ ᠴᠤᠯᠠ ᠪᠠ ᠵᠢᠭᠠᠨ ᠰᠤᠷᠭᠠᠯᠲᠠ ᠶᠢᠨ ᠰᠤᠳᠤᠯᠭᠠᠨ ᠤ | ᠪᠠᠶᠢᠭᠤᠯᠤᠮᠵᠢ ᠶᠢᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠭᠠᠵᠠᠷ ᠰᠢᠷᠤᠢ ᠶᠢᠨ | ᠡᠷᠬᠡ ᠶᠢ ᠲᠣᠭᠲᠠᠭᠠᠨ ᠦᠨᠡᠮᠯᠡᠯ ᠣᠯᠭᠤᠬᠤ ᠪᠠ ᠤᠯᠤᠰ ᠤᠨ ᠥᠮᠴᠢᠯᠡᠯᠲᠦ ᠣᠢ ᠰᠢᠭᠤᠢ ᠶᠢᠨ ᠲᠠᠯᠠᠪᠠᠢ ᠶᠢᠨ | ᠥᠭᠡᠷᠡᠴᠢᠯᠡᠯᠲᠡ ᠶᠢ ᠬᠤᠭᠤᠴᠠᠭ᠎ᠠ ᠶᠣᠰᠣᠭᠠᠷ ᠪᠡᠶᠡᠯᠡᠭᠦᠯᠵᠦ᠂ ᠣᠷᠣᠨ ᠰᠠᠭᠤᠴᠠ ᠶᠢᠨ ᠭᠠᠵᠠᠷ ᠢ ᠵᠠᠬ᠎ᠠ ᠳᠤ ᠭᠠᠷᠭᠠᠨ | ᠰᠣᠯᠢᠯᠴᠠᠭᠠᠨ ᠳᠤ ᠣᠷᠤᠭᠤᠯᠬᠤ᠂ ᠵᠢᠭᠡᠯᠡᠯᠭᠡ ᠶᠢᠨ ᠪᠠᠷᠢᠴᠠᠭᠠᠨ ᠳᠤ ᠬᠡᠷᠡᠭᠯᠡᠬᠦ ᠵᠡᠷᠭᠡ ᠲᠤᠷᠰᠢᠯᠲᠠ ᠶᠢᠨ ᠴᠢᠭ ᠤᠨ | ᠠᠵᠢᠯ ᠢ ᠰᠦᠪᠡᠭᠴᠢᠯᠡᠨ ᠥᠷᠨᠢᠭᠦᠯᠦᠨ᠎ᠡ᠃ ︽ᠬᠤᠶᠠᠷ ᠢ ᠴᠠᠭ ᠲᠤᠬᠠᠢ ᠳᠤᠨᠢ ᠪᠠᠶᠢᠴᠠᠭᠠᠵᠤ᠂ ᠨᠢᠭᠡ ᠶᠢ ᠢᠯᠡ | ᠪᠣᠯᠭᠠᠬᠤ︾ ᠬᠢᠨᠠᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠤᠲᠠ ᠬᠤᠰᠢᠭᠤ ᠰᠤᠮᠤ ᠭᠠᠴᠠᠭ᠎ᠠ | ᠳᠥᠷᠪᠡᠨ ᠱᠠᠲᠤᠨ ᠤ ᠬᠤᠯᠪᠣᠭᠠᠯᠠᠨ ᠬᠥᠳᠡᠯᠬᠦ ᠠᠷᠠᠳ ᠲᠤ ᠳᠥᠭᠦᠮ ᠦᠵᠡᠭᠦᠯᠬᠦ ᠴᠢᠮᠡᠭᠡ ᠵᠠᠩᠭᠢᠵᠢᠯᠲᠠ ᠶᠢᠨ | ᠲᠣᠣᠷᠵᠢᠯ ᠢ ᠰᠠᠭᠠᠳ ᠦᠭᠡᠢ ᠨᠡᠪᠲᠡᠷᠡᠭᠦᠯᠦᠨ᠎ᠡ᠃ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ | ᠳᠠᠭᠠᠳᠬᠠᠯ ᠪᠠ ᠠᠯᠪᠠᠨ ᠲᠤᠰᠢᠶᠠᠯ ᠤᠨ ᠬᠠᠤᠯᠢᠴᠢ᠂ ᠺᠣᠮᠫᠠᠨᠢ ᠶᠢᠨ ᠬᠠᠤᠯᠢᠴᠢ ᠶᠢᠨ ᠳᠦᠷᠢᠮ ᠢ ᠪᠠᠶᠢᠭᠤᠯᠤᠨ | ᠲᠡᠭᠦᠯᠳᠡᠷᠵᠢᠭᠦᠯᠦᠨ᠎ᠡ᠃ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ | ᠲᠠᠪᠴᠠᠩ ᠢ ᠴᠣᠭᠴᠠᠯᠠᠨ᠎ᠠ᠃ | |