ᠲᠠ ᠪᠢᠳᠡᠨ ᠤ ᠠᠮᠢᠳᠤᠷᠠᠯ ᠢ ᠨᠦᠯᠦᠭᠡᠯᠡᠭᠦ ᠰᠢᠨ᠎ᠡ ᠲᠦᠷᠢᠮ ᠲᠤᠭᠲᠠᠭᠠᠯ ᠤᠳ
ᠨᠡᠶᠢᠲᠡᠯᠡᠭᠰᠡᠨ ᠴᠠᠭ᠄
2017/3/14
      3 ᠰᠠᠷ᠎ᠠ ᠶᠢᠨ 1 ᠤ ᠡᠳᠦᠷ ᠠᠴᠠ ᠨᠢᠭᠡ ᠪᠦᠯᠦᠭ ᠰᠢᠨ᠎ᠡ ᠲᠦᠷᠢᠮ ᠲᠤᠬᠳᠠᠭᠠᠯ ᠤᠳ ᠵᠢᠩᠭᠢᠨᠢ ᠪᠠᠷ ᠬᠡᠷᠡᠭᠵᠢᠬᠦᠯᠦᠭᠳᠡᠪᠡ᠂ ᠡᠳᠡᠭᠡᠷ ᠲᠦᠷᠢᠮ ᠲᠤᠬᠳᠠᠭᠠᠯ ᠤᠳ ᠲᠠ ᠪᠢᠳᠡᠨ ᠤ ᠦᠢᠯᠡᠳᠪᠦᠷᠢᠯᠡᠯ ᠠᠮᠢᠳᠤᠷᠠᠯ ᠲᠠᠢ ᠴᠦᠮ ᠨᠢᠬᠳᠠ ᠬᠤᠯᠪᠤᠭ᠎ᠠ ᠲᠠᠢ ᠶᠤᠮ᠃       ᠰᠢᠤᠳᠠᠨ ᠤ ᠪᠤᠭᠤᠳᠠᠯ ᠬᠦᠷᠭᠡᠭᠦ ᠬᠤᠭᠤᠴᠠᠭ᠎ᠠ ᠪᠤᠭᠤᠨᠢᠰᠴᠠᠢ       ᠰᠢᠨ᠎ᠡ ᠪᠠᠷ ᠵᠠᠰᠠᠪᠤᠷᠢ ᠤᠷᠤᠭᠤᠯᠤᠬᠰᠠᠨ ︽ᠰᠢᠤᠳᠠᠨ ᠤ ᠶᠠᠪᠤᠳᠠᠯ ᠤᠨ ᠨᠡᠶᠢᠳᠡᠮ ᠤᠨ ᠦᠢᠯᠡᠴᠢᠯᠡᠭᠡ︾ ᠶᠢᠨ ᠪᠠᠷᠢᠮᠵᠢᠶ᠎ᠠ ᠳᠤ᠂ ᠮᠤᠵᠢ ᠶᠢᠨ ᠬᠤᠭᠤᠷᠤᠨᠳᠤᠭᠢ ᠭᠠᠵᠠᠷ ᠤᠨ ᠲᠡᠰ ᠠᠴᠠ ᠲᠡᠭᠡᠭᠰᠢᠬᠢ ᠬᠤᠳᠠ ᠶᠢᠨ ᠬᠤᠭᠤᠷᠤᠨᠳᠤ᠂ ᠮᠤᠵᠢ ᠶᠢᠨ ᠬᠤᠭᠤᠷᠤᠨᠳᠤᠬᠢ ᠪᠤᠰᠤᠳ ᠭᠠᠵᠠᠷ ᠤᠷᠤᠨ ᠤ ᠬᠤᠭᠤᠷᠤᠨᠳᠦ ᠵᠠᠬᠢᠳᠠᠯ ᠬᠦᠷᠭᠡᠭᠦ ᠬᠤᠭᠤᠴᠠᠭ᠎ᠠ ᠤᠤᠯ ᠤᠨ 9 ᠡᠳᠦᠷ ᠪᠠ 15 ᠡᠳᠦᠷ ᠪᠠᠶᠢᠬᠰᠠᠨ ᠠᠴᠠ 7 ᠡᠳᠦᠷ ᠪᠠ 8 ᠡᠳᠦᠷ ᠪᠤᠯᠵᠤ ᠪᠤᠭᠤᠨᠢᠰᠪᠠ︔ ᠡᠩ ᠤᠨ ᠪᠤᠭᠤᠳᠠᠯ ᠬᠦᠷᠭᠡᠭᠦ ᠬᠤᠭᠤᠴᠠᠭ᠎ᠠ 15 ᠡᠳᠦᠷ ᠪᠠ 20 ᠡᠳᠦᠷ ᠪᠠᠶᠢᠬᠰᠠᠨ ᠠᠴᠠ 8 ᠡᠳᠦᠷ ᠪᠠ 9 ᠡᠳᠦᠷ ᠪᠤᠯᠵᠤ ᠪᠤᠭᠤᠨᠢᠰᠬᠠᠨ᠎ᠠ ᠭᠡᠵᠦ ᠲᠤᠬᠳᠠᠭᠠᠵᠠᠢ᠃       ᠡᠭᠦᠨ ᠠᠴᠠ ᠭᠠᠳᠠᠨ᠎ᠠ᠂ ᠪᠤᠭᠤᠳᠠᠯ ᠬᠦᠷᠬᠡᠬᠦ ᠬᠡᠯᠪᠡᠷᠢ ᠶᠢ ᠪᠤᠭᠤᠳᠠᠯ ᠠᠪᠬᠤ ᠮᠡᠳᠡᠭᠳᠡᠯ ᠤᠨ ᠬᠠᠭᠤᠳᠠᠰᠤ  ᠠᠴᠠ ᠬᠠᠶ᠋ᠢᠭ ᠤᠨ ᠶᠤᠰᠤᠭᠠᠷ ᠪᠤᠭᠤᠳᠠᠯ ᠬᠦᠷᠭᠡᠭᠦ ᠪᠤᠯᠵᠤ᠂ ᠡᠭᠦᠨ ᠳᠤ ᠬᠤᠳᠠ ᠶᠢᠨ ᠬᠢ ᠶᠢ ᠬᠠᠶ᠋ᠢᠭ ᠤᠨ ᠶᠤᠰᠤᠭᠠᠷ ᠬᠦᠷᠭᠡᠵᠤ᠂ ᠬᠦᠳᠡᠭᠡ ᠲᠤᠰᠬᠤᠨ ᠤ ᠭᠠᠵᠠᠷ ᠤᠷᠤᠨ ᠤ 5 ᠺᠢᠯᠦᠭᠷᠡᠮ ᠠᠴᠠ ᠲᠤᠷᠤᠬᠰᠢᠬᠢ ᠪᠤᠭᠤᠳᠠᠯ ᠢ ᠬᠠᠶ᠋ᠢᠭ ᠤᠨ ᠶᠤᠰᠤᠭᠠᠷ ᠡᠷᠦᠬᠡ ᠲᠤ ᠬᠦᠷᠭᠡᠭᠦ ᠪᠤᠶᠤ ᠲᠤᠰᠬᠤᠨ ᠤ ᠰᠢᠤᠳᠠᠨ ᠤ ᠦᠷᠳᠡᠭᠡ ᠳᠤ ᠬᠦᠷᠭᠡᠵᠦ᠂ 5 ᠺᠢᠯᠦᠭᠷᠠᠮ ᠠᠴᠠ ᠲᠡᠭᠡᠭᠰᠢᠬᠢ ᠪᠤᠭᠤᠳᠠᠯ ᠢ ᠪᠤᠭᠤᠳᠠᠯ ᠠᠪᠬᠤ ᠮᠡᠳᠡᠭᠳᠡᠯ ᠤᠨ ᠬᠠᠭᠤᠳᠠᠰᠦ ᠪᠠᠷ ᠠᠪᠤᠭᠤᠯᠤᠨ᠎ᠠ ᠬᠡᠵᠤ ᠲᠤᠬᠳᠠᠭᠠᠵᠠᠢ᠃       ᠺᠢᠨᠣ᠋ ᠶᠢᠨ ᠤᠷᠳᠤᠨ ᠺᠢᠨᠣ᠋ ᠭᠠᠷᠭᠠᠬᠤ ᠶᠠᠪᠤᠴᠠ ᠳᠤ ᠵᠠᠷ ᠰᠤᠷᠳᠠᠯᠴᠢᠯᠠᠭ᠎ᠠ ᠨᠡᠪᠳᠡᠷᠡᠬᠦᠯᠵᠦ ᠪᠤᠯᠬᠤ ᠦᠭᠡᠢ       ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠺᠢᠨᠣ᠋ ᠶᠢᠨ ᠠᠵᠤ ᠦᠢᠯᠡᠰ ᠢ ᠠᠬᠢᠭᠤᠯᠬᠤ ᠬᠠᠤᠯᠢ︾ 3 ᠰᠠᠷ᠎ᠠ ᠶᠢᠨ 1 ᠠᠴᠠ ᠡᠬᠢᠯᠡᠵᠦ ᠬᠡᠷᠡᠭᠵᠢᠬᠦᠯᠦᠭᠳᠡᠪᠡ᠃᠂ ᠲᠤᠰ ᠬᠠᠤᠯᠢ ᠲᠤ᠂ ᠺᠢᠨᠣ᠋ ᠶᠢᠨ ᠤᠷᠳᠤᠨ ᠺᠢᠨᠣ᠋ ᠲᠠᠯᠪᠢᠬᠤ ᠳᠠᠭᠠᠨ ᠺᠢᠨᠣ᠋ ᠡᠬᠢᠯᠡᠭᠦ ᠠᠴᠠ ᠺᠢᠨᠣ᠋ ᠲᠡᠭᠦᠰᠳᠡᠯ᠎ᠠ ᠲᠤᠮᠳᠠ ᠨᠢ ᠵᠠᠷ ᠰᠤᠷᠳᠠᠯᠴᠢᠯᠠᠭ᠎ᠠ ᠨᠡᠪᠳᠡᠷᠡᠬᠦᠯᠵᠦ ᠪᠤᠯᠬᠤ ᠦᠬᠡᠢ ᠭᠡᠵᠦ ᠲᠤᠬᠳᠠᠭᠠᠵᠠᠢ᠃ ᠺᠢᠨᠣ᠋ ᠶᠢᠨ ᠤᠷᠳᠤᠨ ᠪᠤᠷᠤᠯᠠᠭᠤᠯᠤᠬᠰᠠᠨ ᠤᠷᠤᠯᠭ᠎ᠠ ᠪᠠᠨ ᠦᠨᠡᠨ ᠮᠦᠨ ᠢᠶᠠᠷ  ᠨᠢ ᠪᠦᠷᠢᠳᠭᠡᠭᠰᠡᠨ ᠦᠭᠡᠢ ᠪᠤᠯ 5 ᠲᠦᠮᠡᠨ ᠲᠦᠭᠦᠷᠢᠭ ᠠᠴᠠ ᠲᠡᠭᠡᠭᠰᠢ 50 ᠲᠦᠮᠡᠨ ᠲᠦᠭᠦᠷᠢᠭ ᠠᠴᠠ ᠲᠤᠷᠤᠬᠰᠢ ᠲᠤᠷᠭᠠᠨ᠎ᠠ︔ ᠬᠡᠷᠪᠡ ᠪᠠᠶᠢᠳᠠᠯ ᠨᠢ ᠬᠦᠨᠳᠦ ᠨᠤᠴᠢᠳᠠᠢ ᠪᠤᠯ ᠠᠯᠪᠠᠳᠠᠯᠭ᠎ᠠ ᠪᠠᠷ ᠠᠵᠢᠯᠯᠠᠬᠤ ᠶᠢ ᠨᠢ ᠵᠤᠬᠰᠤᠭᠠᠵᠤ᠂ ᠪᠠᠶᠢᠳᠠᠯ ᠨᠢ ᠣᠨᠴᠠ ᠬᠦᠨᠳᠦ ᠨᠤᠴᠢᠳᠠᠢ ᠪᠠᠶᠢᠪᠠᠯ ᠬᠢᠨᠠᠨ ᠵᠦᠪᠰᠢᠶᠡᠷᠡᠭᠦ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠤᠯᠭᠠᠨ᠎ᠠ ᠭᠡᠵᠦ ᠲᠤᠬᠳᠠᠭᠠᠵᠠᠢ᠃       ᠮᠤᠵᠢ ᠠᠯᠤᠰᠯᠠᠬᠤ ᠪᠤᠶᠤ ᠬᠤᠳᠠ ᠠᠯᠤᠰᠯᠠᠬᠤ ᠮᠠᠰᠢᠨ ᠲᠡᠷᠭᠡ ᠶᠢᠨ ᠪᠢᠯᠧᠲ ᠦᠨᠡᠨ ᠨᠡᠷ᠎ᠠ ᠪᠠᠷ ᠬᠤᠳᠠᠯᠳᠤᠨ ᠠᠪᠤᠨ᠎ᠠ       ᠵᠠᠮ ᠬᠠᠷᠢᠯᠴᠠᠭ᠎ᠠ ᠲᠡᠭᠡᠭᠡᠪᠤᠷᠢ ᠶᠢᠨ ᠶᠠᠮᠤᠨ ᠤ ᠨᠡᠶᠢᠳᠡᠯᠡᠭᠰᠡᠨ ︽ᠵᠠᠰᠠᠮᠠᠯ ᠵᠠᠮ ᠤᠨ ᠠᠶᠠᠨᠴᠢᠳ ᠤᠨ ᠲᠡᠭᠡᠭᠡᠪᠦᠷᠢ ᠵᠢᠴᠢ ᠠᠶᠠᠨᠴᠢᠳ ᠤᠨ ᠦᠷᠳᠡᠭᠡ ᠶᠢᠨ ᠬᠠᠮᠢᠶᠠᠷᠤᠯᠳᠠ ᠶᠢᠨ ᠲᠤᠬᠳᠠᠭᠠᠯ︾ ᠢ ᠦᠨᠳᠦᠰᠦᠯᠡᠪᠡᠯ᠂ ᠮᠤᠵᠢ ᠠᠯᠤᠰᠯᠠᠵᠤ᠂ ᠬᠤᠳᠠ ᠠᠯᠤᠰᠯᠠᠬᠤ ᠠᠶᠠᠨᠴᠢᠳ ᠤ ᠲᠡᠭᠡᠭᠡᠪᠤᠷᠢ ᠶᠢᠨ ᠱᠤᠭᠤᠮ ᠤᠨ ᠦᠨᠡᠨ ᠨᠡᠷ᠎ᠠ ᠪᠠᠷ ᠪᠢᠯᠧᠲ ᠬᠤᠳᠠᠯᠳᠤᠨ ᠠᠪᠬᠤ ᠪᠠ ᠦᠨᠡᠨ ᠨᠡᠷ᠎ᠠ ᠪᠠᠷ ᠬᠢᠨᠠᠨ ᠪᠠᠶᠢᠴᠠᠭᠠᠵᠦ᠂ ᠠᠶᠠᠨᠴᠢᠳ ᠤᠨ ᠦᠷᠳᠡᠭᠡ ᠲᠤ ᠤᠷᠤᠬᠤ ᠦᠶ᠎ᠠ  ᠲᠤ ᠬᠦᠴᠦᠨ ᠪᠦᠬᠦᠢ ᠲᠡᠷᠭᠡᠨ ᠪᠢᠯᠧᠲ ᠪᠠ ᠬᠤᠪᠢ ᠬᠦᠮᠦᠨ ᠤ ᠪᠡᠶ᠎ᠠ ᠶᠢᠨ ᠦᠨᠡᠮᠯᠡᠯ ᠢᠶᠠᠨ ᠭᠠᠷᠭᠠᠵᠤ᠂ ᠨᠢᠭᠡ ᠬᠦᠴᠦᠨ ᠪᠦᠬᠦᠢ ᠪᠡᠶ᠎ᠠ ᠶᠢᠨ ᠦᠨᠡᠮᠯᠡᠯ ᠨᠢᠭᠡ ᠲᠡᠷᠭᠡᠨ ᠳᠤ ᠵᠦᠪᠭᠡᠨ ᠨᠢᠭᠡ ᠯᠡ ᠦᠨᠡᠨ ᠨᠡᠷ᠎ᠠ ᠶᠢᠨ ᠲᠡᠷᠭᠡᠨ ᠪᠢᠯᠧᠲ ᠠᠪᠴᠦ ᠪᠤᠯᠤᠨ᠎ᠠ ᠭᠡᠵᠦ ᠲᠤᠬᠳᠠᠭᠠᠵᠠᠢ᠃       ᠲᠢᠩᠭᠢᠮ ᠤᠨ ᠰᠢᠭᠦᠭᠦ ᠠᠵᠢᠯᠯᠠᠭ᠎ᠠ ᠶᠢᠨ ᠪᠦᠬᠦ ᠶᠠᠪᠤᠴᠠ ᠳᠤ ᠲᠠᠭᠤ ᠲᠦᠷᠰᠦ ᠰᠢᠩᠭᠡᠭᠡᠬᠦ ᠬᠡᠷᠡᠭᠳᠡᠢ       ᠰᠢᠨ᠎ᠡ ᠪᠠᠷ ᠵᠠᠰᠠᠪᠤᠷᠢ ᠤᠷᠤᠭᠤᠯᠤᠬᠰᠠ ︽ᠠᠷᠠᠳ ᠤᠨ ᠲᠡᠭᠡᠳᠤ ᠰᠢᠬᠦᠬᠦ ᠬᠤᠷᠢᠶ᠎ᠠ ᠶᠢᠨ ᠲᠢᠩᠭᠢᠮ ᠤᠨ ᠰᠢᠬᠦᠭᠦ ᠠᠵᠢᠯᠯᠠᠭ᠎ᠠ ᠲᠤᠮᠳᠠ ᠲᠠᠭᠤ ᠲᠦᠷᠰᠦ ᠰᠢᠩᠭᠡᠭᠡᠭᠦ ᠲᠤᠬᠠᠢ ᠲᠤᠬᠳᠠᠭᠠᠯ ᠤᠳ︾ ᠢ ᠦᠨᠳᠦᠰᠤᠯᠡᠪᠡᠯ᠂ ᠠᠷᠠᠳ ᠤᠨ ᠰᠢᠬᠦᠬᠦ ᠬᠤᠷᠢᠶ᠎ᠠ ᠠᠴᠠ ᠰᠢᠬᠦᠬᠦ ᠲᠢᠩᠭᠢᠮ ᠲᠤ ᠲᠤᠬᠳᠠᠮᠠᠯ ᠪᠤᠶᠤ ᠰᠢᠯᠵᠢᠮᠡᠯ ᠲᠠᠭᠤ ᠲᠦᠷᠰᠦ ᠰᠢᠩᠭᠡᠭᠡᠭᠦ ᠲᠦᠭᠦᠭᠡᠷᠦᠮᠵᠢ ᠲᠤᠬᠢᠷᠠᠭᠤᠯᠵᠤ᠂ ᠲᠢᠩᠭᠢᠮ ᠤᠨ ᠰᠢᠭᠦᠭᠦ ᠠᠵᠢᠯᠯᠠᠭ᠎ᠠ ᠶᠢᠨ ᠪᠦᠬᠦ ᠶᠠᠪᠤᠴᠠ ᠳᠤ ᠲᠠᠭᠤ ᠲᠦᠷᠰᠦ ᠰᠢᠩᠭᠡᠭᠡᠭᠦ ᠭᠡᠷᠡᠭᠳᠡᠢ ᠭᠡᠵᠦ ᠲᠤᠬᠳᠠᠭᠠᠵᠠᠢ᠃       ᠤᠯᠠᠨ ᠨᠡᠶᠢᠳᠡ ᠶᠢᠨ ᠰᠤᠶᠤᠯ ᠤᠨ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢᠨ ᠭᠠᠵᠠᠷ ᠰᠤᠩᠭᠤᠬᠤ ᠲᠤ ᠤᠯᠠᠨ ᠲᠦᠮᠡᠨ ᠤ ᠰᠠᠨᠠᠯ ᠢ ᠬᠤᠷᠢᠶᠠᠬᠤ ᠬᠡᠷᠡᠭᠳᠡᠢ       3 ᠰᠠᠷ᠎ᠠ ᠶᠢᠨ 1 ᠤ ᠡᠳᠦᠷ ᠠᠴᠠ ᠡᠬᠢᠯᠡᠵᠦ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠤᠯᠡᠨ ᠨᠠᠶᠢᠳᠡ ᠶᠢᠨ ᠰᠤᠶᠤᠯ ᠤᠨ ᠦᠢᠯᠡᠴᠢᠯᠡᠭᠡ ᠶᠢᠨ ᠪᠠᠳᠤᠯᠠᠪᠤᠷᠢ ᠶᠢᠨ ᠬᠠᠤᠯᠢ︾ ᠶᠢ ᠵᠢᠩᠭᠢᠨᠢ ᠪᠠᠷ ᠬᠡᠷᠡᠭᠵᠢᠬᠦᠯᠵᠤ᠂ ᠤᠯᠠᠨ ᠨᠡᠶᠢᠳᠡ ᠶᠢᠨ ᠰᠤᠶᠤᠯ ᠤᠨ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢᠨ ᠭᠠᠵᠠᠷ ᠰᠤᠩᠭᠤᠬᠤ ᠲᠤ ᠤᠯᠠᠨ ᠲᠦᠮᠡᠨ ᠤ ᠰᠠᠨᠠᠯ ᠢ ᠬᠤᠷᠢᠶᠠᠵᠦ᠂ ᠴᠢᠳᠠᠪᠬᠢ ᠪᠤᠯᠤᠨ ᠣᠨᠴᠠᠯᠢᠭ ᠢ ᠨᠢ ᠦᠨᠳᠦᠰᠦᠯᠡᠵᠤ᠂ ᠦᠢᠯᠡᠳᠦᠯ ᠢ ᠨᠢ ᠪᠠᠳᠠᠷᠠᠭᠤᠯᠬᠤ ᠲᠤ ᠠᠰᠢᠬᠳᠠᠢ ᠪᠠᠶᠢᠯᠭᠠᠬᠤ ᠬᠡᠷᠡᠭᠳᠡᠢ ᠭᠡᠵᠦ ᠲᠤᠳᠤᠷᠬᠠᠢᠢᠯᠠᠵᠠᠢ᠃       ᠲᠤᠬᠳᠠᠭᠠᠯ ᠢ ᠦᠨᠳᠦᠰᠦᠯᠡᠪᠡᠯ᠂ ᠬᠤᠳᠠ ᠪᠠᠯᠭᠠᠰᠤ ᠶᠢᠨ ᠪᠦᠳᠦᠭᠡᠨ ᠪᠠᠶᠢᠭᠤᠯᠤᠯᠳᠠ ᠠᠴᠠ ᠪᠤᠯᠵᠤ ᠵᠠᠷᠢᠮ ᠤᠯᠠᠨ ᠨᠡᠶᠢᠳᠡ ᠶᠢᠨ ᠰᠤᠶᠤᠯ ᠤᠨ ᠲᠦᠭᠦᠭᠡᠷᠦᠮᠵᠢ ᠶᠢ ᠨᠤᠷᠠᠭᠠᠬᠤ ᠪᠤᠶᠤ ᠴᠢᠳᠠᠪᠬᠢ ᠶᠢ ᠨᠢ ᠬᠤᠪᠢᠷᠠᠭᠤᠯᠬᠤ ᠴᠢᠬᠤᠯᠠᠳᠠᠢ ᠪᠠᠶᠢᠪᠠᠯ ᠬᠠᠮᠢᠶ᠎ᠠ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠲᠤᠬᠳᠠᠭᠠᠯ ᠢ ᠦᠨᠳᠦᠰᠦᠯᠡᠵᠤ᠂ ᠲᠠᠬᠢᠨ ᠪᠠᠶᠢᠭᠤᠯᠬᠤ ᠪᠤᠶᠤ ᠦᠭᠡᠷᠡᠴᠢᠯᠡᠨ ᠪᠠᠶᠢᠭᠤᠯᠬᠤ ᠶᠢᠨ ᠬᠠᠮᠳᠤ ᠤᠷᠢᠳᠠᠪᠠᠷ ᠪᠠᠶᠢᠭᠤᠯᠤᠨ ᠲᠠᠷᠠᠭ᠎ᠠ ᠨᠢ ᠨᠤᠷᠠᠭᠠᠬᠤ ᠪᠤᠶᠤ ᠪᠠᠶᠢᠭᠤᠯᠬᠤ ᠨᠤᠷᠠᠭᠠᠬᠤ ᠶᠢ ᠵᠡᠷᠭᠡ ᠳᠤᠨᠢ ᠶᠠᠪᠤᠬᠳᠠᠭᠤᠯᠬᠤ ᠵᠠᠷᠴᠢᠮ ᠢ ᠪᠠᠷᠢᠮᠳᠠᠯᠠᠬᠤ ᠬᠡᠷᠡᠭᠳᠡᠢ ᠬᠡᠵᠡᠢ᠃       ᠪᠤᠬᠢᠷᠳᠦᠯ ᠲᠠᠢ ᠠᠵᠤ ᠠᠬᠤᠢᠢᠯᠠᠯ ᠢ ᠲᠠᠩᠰᠠᠨ ᠲᠤ ᠲᠡᠮᠳᠡᠭᠯᠡᠨ᠎ᠠ       ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠶᠠᠮᠤᠨ  ᠠᠴᠠ ᠨᠡᠶᠢᠳᠡᠯᠡᠭᠰᠡᠨ ︽ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠠᠩᠰᠠ ᠡᠪᠬᠡᠮᠡᠯ ᠤᠨ ᠬᠠᠮᠢᠶᠠᠷᠤᠯᠳᠠ ᠶᠢᠨ ᠠᠷᠭ᠎ᠠ︾ ᠶᠢ 3 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠬᠦᠯᠵᠡᠢ᠃ ᠡᠭᠦᠨ ᠠᠴᠠ ᠬᠤᠶᠢᠰᠢ᠂ ᠡᠯ᠎ᠠ ᠲᠦᠷᠦᠯ ᠤᠨ ᠢᠨᠵᠧᠨᠧᠷᠢᠩ ᠤᠨ ᠪᠤᠬᠢᠷᠳᠦᠯ ᠤᠨ ᠪᠠᠶᠢᠳᠠᠯ ᠢ ᠲᠠᠩᠰᠠᠨ ᠳᠤ ᠨᠠᠷᠢᠨ ᠲᠡᠮᠳᠡᠭᠯᠡᠵᠦ᠂ ᠤᠷᠴᠢᠨ ᠲᠤᠭᠤᠷᠢᠨ ᠢ ᠬᠠᠮᠠᠭᠠᠯᠠᠬᠤ ᠠᠵᠢᠯ ᠢ ᠰᠠᠶᠢᠳᠤᠷ ᠬᠢᠬᠦ ᠦᠭᠡᠢ ᠪᠤᠯ ᠪᠠᠷᠢᠯᠭ᠎ᠠ ᠡᠬᠢᠯᠡᠬᠦᠯᠵᠦ ᠲᠡᠶᠢᠯᠬᠦ ᠦᠭᠡᠢ ᠮᠦᠷᠳᠡᠭᠡᠨ ᠨᠡᠩ ᠬᠢᠨᠠᠨ ᠲᠤᠬᠳᠠᠭᠠᠯᠭᠠᠵᠤ ᠰᠢᠯᠭᠠᠨ ᠬᠤᠷᠢᠶᠠᠵᠤ ᠲᠡᠶᠢᠯᠬᠦ ᠦᠭᠡᠢ ᠪᠤᠯᠤᠨ᠎ᠠ᠃       ᠭᠠᠳᠠᠭᠠᠳᠤ ᠠᠴᠠ ᠤᠷᠤᠭᠤᠯᠤᠬᠰᠠᠨ ᠭᠤᠶᠤᠯᠠᠯ ᠤᠨ ᠡᠳ᠋ ᠤᠨ ᠮᠡᠳᠡᠭᠡ ᠵᠠᠩᠭᠢ ᠶᠢᠨ ᠪᠦᠬᠦ ᠶᠠᠪᠤᠴᠠ ᠶᠢ ᠮᠦᠷᠳᠡᠵᠤ ᠪᠤᠯᠤᠨ᠎ᠠ       ᠤᠯᠤᠰ ᠤᠨ ᠶᠠᠰᠤ ᠴᠢᠨᠠᠷ ᠢ ᠰᠢᠯᠭᠠᠨ ᠪᠠᠶᠢᠴᠠᠭᠠᠬᠤ ᠪᠠ ᠬᠢᠵᠢᠭ ᠪᠠᠶᠢᠴᠠᠭᠠᠬᠤ ᠶᠡᠷᠦᠩᠭᠡᠢ ᠲᠤᠪᠴᠢᠶ᠎ᠠ ᠶᠢᠨ ᠲᠤᠬᠳᠠᠭᠠᠬᠰᠠᠨ ︽ᠭᠠᠳᠠᠭᠠᠳᠤ ᠠᠴᠠ ᠤᠷᠤᠭᠤᠯᠬᠤ ᠭᠤᠶᠤᠯᠠᠯ ᠤᠨ ᠡᠳ᠋ ᠤᠨ ᠤᠯᠤᠰ ᠤᠨ ᠲᠤᠳᠤᠭᠠᠳᠤᠬᠢ ᠬᠦᠯᠢᠶᠡᠨ ᠠᠪᠤᠬᠴᠢ ᠶᠢ ᠲᠠᠩᠰᠠᠯᠠᠬᠤ᠂ ᠭᠠᠳᠠᠭᠠᠳᠦ ᠠᠴᠠ ᠤᠷᠤᠭᠤᠯᠤᠬᠰᠠᠨ ᠪᠠᠷᠢᠮᠳᠠ ᠪᠠ ᠪᠤᠷᠤᠯᠠᠭᠤᠯᠤᠬᠰᠠᠠ ᠪᠠᠷᠢᠮᠳᠠ ᠶᠢᠨ ᠬᠠᠮᠢᠶᠠᠷᠤᠯᠳᠠ ᠶᠢᠨ ᠲᠤᠬᠳᠠᠭᠠᠯ︾ ᠲᠤ᠂ ᠭᠠᠳᠠᠨᠭᠠᠳᠤ ᠠᠴᠠ ᠤᠷᠤᠭᠤᠯᠤᠬᠰᠠᠨ ᠭᠤᠶᠤᠯᠠᠯ ᠤᠨ ᠡᠳ᠋ ᠤᠨ ᠮᠡᠳᠡᠭᠡ ᠵᠠᠩᠭᠢ ᠶᠢᠨ ᠪᠦᠬᠦ ᠶᠠᠪᠤᠴᠠ ᠶᠢ ᠮᠦᠷᠳᠡᠨ ᠪᠠᠶᠢᠴᠠᠭᠠᠵᠤ᠂ ᠶᠠᠰᠤ ᠴᠢᠨᠠᠷ ᠪᠠ ᠠᠮᠤᠷ ᠲᠦᠪᠰᠢᠨ ᠤ ᠠᠰᠠᠭᠤᠳᠠᠯ ᠡᠭᠦᠰᠬᠦ ᠦᠶ᠎ᠠ ᠲᠤ ᠠᠰᠠᠭᠤᠳᠠᠯ ᠲᠠᠢ ᠪᠦᠳᠦᠭᠡᠭᠳᠡᠬᠦᠨ ᠢ ᠴᠠᠭ ᠲᠤᠬᠠᠢ ᠳᠤᠨᠢ ᠪᠤᠴᠠᠭᠠᠨ ᠠᠪᠴᠢᠷᠠᠵᠤ᠂ ᠬᠡᠷᠡᠭᠯᠡᠭᠴᠢᠳ ᠤᠨ ᠠᠮᠤᠷ ᠲᠦᠪᠰᠢᠨ ᠢ ᠪᠠᠳᠤᠯᠠᠨ᠎ᠠ᠃
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号