ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠲᠡᠳ᠋ ᠲᠠᠷᠤᠭ᠎ᠠ ᠰᠢᠣᠸᠠᠢ ᠳ᠋ᠧ ᠺᠠᠢ ᠪᠠᠶᠠᠨᠴᠠᠭᠠᠨ ᠰᠣᠮᠣᠨ ᠳᠤ ᠠᠵᠢᠯ ᠪᠠᠶᠢᠴᠠᠭᠠᠪᠠ
ᠨᠡᠶᠢᠲᠡᠯᠡᠭᠰᠡᠨ ᠴᠠᠭ᠄
2017/9/27
     9 ᠰᠠᠷ᠎ᠠ ᠶᠢᠨ 18᠎ ᠤ ᠡᠳᠦᠷ᠂ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠲᠡᠳ᠋ ᠲᠠᠷᠤᠭ᠎ᠠ ᠰᠢᠣᠸᠠᠢ ᠳ᠋ᠧ ᠺᠠᠢ ᠪᠠᠶᠠᠨᠴᠠᠭᠠᠨ ᠰᠣᠮᠣᠨ ᠳᠤ ᠠᠵᠢᠯ ᠪᠠᠶᠢᠴᠠᠭᠠᠪᠠ᠃ ᠬᠤᠰᠢᠭᠤᠨ ᠤ ᠶᠠᠳᠠᠭᠤ ᠶᠢ ᠲᠡᠳᠬᠦᠬᠦ  ᠂ ᠨᠣᠳᠤᠭ ᠪᠡᠯᠴᠢᠭᠡᠷ ᠤᠨ ᠬᠢᠨᠠᠨ ᠬᠠᠮᠢᠶᠠᠷᠣᠯᠲᠠ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠣᠳᠣᠷᠢᠳᠣᠯᠭ᠎ᠠ ᠪᠠᠶᠢᠴᠠᠭᠠᠯᠲᠠ ᠳᠤ ᠣᠷᠣᠯᠴᠠᠭᠰᠠᠨ ᠪᠠᠶᠢᠨ᠎ᠠ᠃ ᠪᠠᠶᠢᠴᠠᠭᠠᠬᠤ ᠲᠣᠭᠤᠶᠢᠯᠠᠩ ᠨᠢ ᠭᠤᠣᠯᠳᠠᠭᠤ ᠪᠠᠶᠠᠨᠴᠠᠭᠠᠨ ᠰᠣᠮᠣᠨ ᠤ ᠶᠠᠳᠠᠭᠤ ᠲᠡᠳᠬᠦᠬᠦ ᠠᠵᠢᠯ ᠪᠠ ᠨᠣᠳᠤᠭ ᠪᠡᠯᠴᠢᠭᠡᠷ ᠤᠨ ᠡᠷᠬᠡ ᠶᠢ ᠲᠣᠭᠳᠠᠭᠠᠬᠤ ᠠᠵᠢᠯ ᠤᠨ ᠠᠬᠢᠴᠠ ᠪᠠ ᠣᠷᠣᠰᠢᠵᠦ ᠪᠠᠶᠢᠭ᠎ᠠ ᠠᠰᠠᠭᠤᠳᠠᠯ ᠤᠨ ᠲᠣᠬᠠᠢ ᠰᠣᠮᠣᠨ ᠤ ᠵᠠᠰᠠᠭ ᠤᠨ ᠣᠷᠳᠣᠨ ᠤ ᠬᠠᠷᠢᠭᠤ ᠮᠡᠳᠡᠭᠦᠯᠦᠯᠲᠠ ᠶᠢ  ᠰᠣᠨᠣᠰᠪᠠ᠃      ᠰᠢᠣᠸᠠᠢ ᠳ᠋ᠧ ᠺᠠᠢ᠂ ᠪᠠᠶᠠᠨᠴᠠᠭᠠᠨ ᠰᠣᠮᠣᠨ ᠤ ᠶᠠᠳᠠᠭᠤ ᠶᠢ ᠲᠡᠳᠬᠦᠬᠦ ᠠᠵᠢᠯ ᠤᠨ ᠲᠠᠯ᠎ᠠ ᠪᠠᠷ ᠬᠢ ᠣᠯᠣᠭᠰᠠᠨ ᠠᠮᠵᠢᠯᠲᠠ ᠪᠠ ᠨᠣᠳᠤᠭ ᠪᠡᠯᠴᠢᠭᠡᠷ ᠤᠨ ᠠᠵᠢᠯ ᠳᠠᠬᠢ ᠱᠠᠳᠣᠴᠢ ᠴᠢᠨᠠᠷᠳᠠᠢ ᠠᠮᠵᠢᠯᠲᠠ ᠶᠢ ᠨᠣᠳᠠᠯᠠᠬᠤ ᠎ ᠶᠢᠨ ᠬᠠᠮᠳᠣ᠂ ᠣᠷᠢᠳᠴᠢᠯᠠᠨ ᠲᠣᠬᠢᠷᠠᠭᠤᠯᠵᠣ᠂ ᠣᠷᠢᠳᠴᠢᠯᠠᠨ ᠪᠠᠶᠢᠷᠢᠯᠠᠭᠤᠯᠵᠤ᠂ ᠣᠯᠠᠨ ᠲᠦᠮᠡᠨ ᠢ ᠲᠠᠶᠢᠴᠢᠯᠠᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠣᠯᠬᠤ ᠠᠵᠢᠯ ᠢ ᠲᠡᠷᠢᠬᠦᠨ ᠴᠢᠬᠤᠯᠠ ᠡᠭᠦᠷᠭᠡ ᠪᠣᠯᠭᠠᠨ᠂ ᠴᠠᠭ ᠢ ᠠᠮᠵᠢᠨ ᠨᠣᠳᠤᠭ ᠪᠡᠯᠴᠢᠭᠡᠷ ᠤᠨ ᠡᠷᠬᠡ ᠶᠢ ᠲᠣᠭᠳᠠᠭᠠᠬᠤ ᠠᠵᠢᠯ ᠢ ᠱᠠᠯᠠᠪᠳᠠᠨ ᠬᠢᠵᠦ᠂ ᠨᠣᠳᠤᠭ ᠪᠡᠯᠴᠢᠭᠡᠷ ᠤᠨ ᠨᠦᠬᠦᠪᠦᠷᠢ ᠶᠢ ᠡᠷᠲᠡ ᠨᠢᠭᠡ ᠡᠳᠦᠷ ᠮᠠᠯᠴᠢᠳ ᠤᠨ ᠭᠠᠷ ᠲᠤ ᠬᠦᠷᠭᠡᠵᠦ᠂ ᠭᠠᠷᠴᠦ ᠪᠣᠯᠣᠰᠢ ᠦᠭᠡᠢ ᠮᠠᠷᠭᠤᠭᠠᠨ ᠵᠢᠭᠤᠷᠠᠭᠠᠨ ᠠᠴᠠ ᠵᠠᠶᠢᠯᠠᠰᠬᠢᠬᠤ ᠬᠡᠷᠭᠳᠡᠢ ᠭᠡᠵᠦ ᠱᠠᠭᠠᠷᠳᠠᠭᠰᠠᠨ ᠪᠠᠶᠢᠨ᠎ᠠ᠃ ︵ᠡᠩᠬᠡ ᠮᠡᠳᠡᠭᠡᠯᠡᠪᠡ︶
 
ᠢᠷᠡᠯᠲᠡ᠄ ᠬᠡᠰᠢᠭᠲᠡᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号