ᠨᠠᠮ ᠤᠨ ᠲᠦᠪ ᠬᠤᠷᠢᠶᠡᠨ ᠤ ᠠᠯᠪᠠᠨ ᠲᠢᠩᠬᠢᠮ ᠲᠦᠷᠦ ᠶᠢᠨ ᠶᠠᠪᠤᠳᠠᠯ ᠤᠨ ᠬᠤᠷᠢᠶᠡᠨ ᠤ ᠠᠯᠪᠠᠨ ᠲᠢᠩᠬᠢᠮ ︽ᠲᠦᠪ ᠤᠨ  ᠠᠵᠥ ᠠᠬᠤᠢᠢᠯᠠᠯ ᠤᠨ ᠤᠳᠤᠷᠢᠳᠬᠤ ᠬᠦᠮᠥᠰ ᠤᠨ ᠬᠠᠮᠢᠶᠠᠷᠤᠯᠳᠠ ᠶᠢᠨ ᠲᠤᠭᠳᠠᠭᠠᠯ︾ ᠢ ᠲᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2018/10/12
       2018 ᠤᠨ ᠤ 5 ᠰᠠᠷ᠎ᠠ ᠶᠢᠨ 11 ᠤ ᠡᠳᠤᠷ᠂ ᠨᠠᠮ ᠤᠨ ᠲᠦᠪ ᠬᠤᠷᠢᠶᠡᠨ ᠤ ᠶᠡᠷᠤᠩᠬᠡᠢ ᠱᠦᠵᠢ᠂ ᠤᠯᠤᠰ ‍ᠤᠨ‌‍ᠲ᠋ᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠡᠨ ᠤ  ᠲᠡᠷᠢᠬᠦᠯᠡᠭᠴᠢ  ᠰᠢ ᠶᠢᠨ  ᠫᠢᠩ ᠲᠦᠪ ‍ᠤᠨ‌ᠦᠭᠡᠷᠡᠴᠢᠯᠡᠯᠳᠡ ᠶᠢ ᠪᠦᠬᠦ ᠲᠡᠯ᠎ᠡ ᠪᠠᠷ ᠬᠦᠨᠵᠡᠬᠡᠶᠢᠷᠡᠬᠦᠯᠬᠦ ᠵᠦᠪᠯᠡᠯ ᠤᠨ ᠬᠤᠶᠠᠳᠤᠭᠠᠷ ᠬᠤᠷᠡᠯ ᠢ  ᠡᠷᠬᠢᠯᠡᠨ  ᠬᠤᠷᠡᠯᠳᠤᠭᠤᠯᠵᠥ᠂ ︽ᠲᠦᠪ ᠤᠨ ᠠᠵᠥ ᠠᠬᠤᠢᠢᠯᠠᠯ ᠤᠨ ᠤᠳᠤᠷᠢᠳᠬᠤ ᠬᠦᠮᠥᠰ ᠤᠨ ᠬᠠᠮᠢᠶᠠᠷᠤᠯᠳᠠ ᠶᠢᠨ ᠲᠤᠭᠳᠠᠭᠠᠯ︾  ︵ᠲᠤᠷᠤᠭᠰᠢ ︽ᠲᠤᠭᠳᠠᠭᠠᠯ︾  ᠬᠡᠵᠥ  ᠲᠦᠬᠦᠮᠴᠢᠯᠡᠨ᠎ᠠ︶ ᠢ  ᠬᠢᠨᠡᠨ  ᠵᠦᠪᠯᠡᠵᠥ  ᠪᠠᠳᠤᠯᠠᠪᠠ᠃  ᠤᠢᠢᠷ᠎ᠡ ᠶᠢᠨ ᠡᠳᠤᠷ᠂ ᠨᠠᠮ ᠤᠨ ᠲᠦᠪ ᠬᠤᠷᠢᠶᠡᠨ ᠤ ᠠᠯᠪᠠᠨ ᠲᠢᠩᠬᠢᠮ᠂ ᠲᠦᠷᠦ ᠶᠢᠨ ᠶᠠᠪᠤᠳᠠᠯ ᠤᠨ ᠬᠤᠷᠢᠶᠡᠨ ᠤ ᠠᠯᠪᠠᠨ  ᠲᠢᠩᠬᠢᠮ  ︽ᠲᠤᠭᠳᠠᠭᠠᠯ︾ ᠢ  ᠲᠠᠷᠤᠮᠠᠯᠯᠠᠨ‌‍ᠲ᠋ᠠᠷᠬᠠᠭᠠᠭᠰᠠᠠ ᠪᠦᠭᠡᠳ ᠮᠡᠳᠡᠭᠳᠡᠯ  ᠪᠠᠭᠤᠯᠭᠠᠵᠥ᠂  ᠡᠯ᠎ᠡ  ᠭᠠᠵᠠᠷ  ᠤᠷᠤᠨ  ᠡᠯ᠎ᠡ  ᠰᠠᠯᠠᠭ᠎ᠠ  ᠮᠦᠴᠢᠷ ᠤᠨ ᠬᠢᠨ ᠢ  ᠪᠤᠳᠠᠳᠤ ᠪᠠᠶᠢᠳᠠᠯ ᠲᠠᠢ ᠪᠠᠨ ᠤᠶᠠᠯᠳᠤᠭᠤᠯᠵᠥ ᠪᠠᠶᠢᠭᠠᠳ ᠨᠠᠷᠢᠨ ᠬᠢᠨᠠᠮᠠᠭᠠᠢ ᠵᠢᠷᠤᠮᠯᠠᠨ ᠬᠡᠷᠡᠭᠵᠢᠬᠦᠯᠬᠦ ᠬᠡᠷᠡᠭᠳᠡᠢ ᠬᠡᠵᠥ ᠱᠠᠭᠠᠷᠳᠠᠪᠠ᠃               ︽ᠲᠤᠭᠳᠠᠭᠠᠯ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢ ᠬᠦᠨᠵᠡᠬᠡᠢ ᠲᠤᠤᠱᠯᠠᠭᠤᠯᠵᠤ᠂ ᠨᠠᠮ ᠤᠨ ᠠᠷᠪᠠ ᠶᠢᠰᠦᠳᠦᠬᠡᠷ ᠶᠡᠭᠡ ᠬᠤᠷᠡᠯ  ᠪᠤᠯᠤᠨ ᠠᠷᠪᠠ ᠶᠢᠰᠦᠳᠦᠬᠡᠷ ᠬᠤᠭᠤᠴᠠᠭᠠᠨ ᠤ ᠲᠦᠪ ᠬᠤᠷᠢᠶᠡᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠡᠯ ᠤᠨ  ᠵᠤᠷᠢᠭ  ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠥ᠂ ᠪᠦᠬᠦ ᠤᠯᠤᠰ ᠤᠨ ᠵᠤᠬᠢᠶᠠᠨ ᠪᠠᠶᠢᠭᠤᠯᠬᠤ ᠠᠵᠢᠯ ᠤᠨ ᠬᠤᠷᠡᠯ ᠤᠨ ᠵᠤᠷᠢᠭ ᠰᠠᠨᠠᠭ᠎ᠠ ᠪᠤᠯᠤᠨ ᠪᠦᠬᠦ ᠤᠯᠤᠰ ᠤᠨ ᠤᠯᠤᠰ ᠤᠨ ᠦᠮᠴᠢᠯᠡᠯ ᠤᠨ ᠠᠵᠥ ᠠᠬᠤᠢᠢᠯᠠᠯ ᠤᠨ  ᠨᠠᠮ ᠤᠨ  ᠪᠠᠶᠢᠭᠤᠯᠤᠯᠳᠠ ᠶᠢᠨ  ᠠᠵᠢᠯ ‍ᠤᠨ‌ᠬᠤᠷᠡᠯ ᠤᠨ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠥ᠂ ᠰᠢᠨ᠎ᠡ  ᠴᠠᠭ  ᠦᠶ᠎ᠡ ᠶᠢᠨ  ᠨᠠᠮ ᠤᠨ  ᠵᠤᠬᠢᠶᠠᠨ ᠪᠠᠶᠢᠭᠤᠯᠤᠯᠳᠠ ᠶᠢᠨ ᠱᠤᠭᠤᠮ ᠢ ᠨᠠᠷᠢᠨ ᠬᠢᠨᠠᠮᠠᠭᠠᠢ  ᠲᠤᠤᠱᠯᠠᠭᠤᠯᠤᠨ ᠬᠡᠷᠡᠭᠵᠢᠬᠦᠯᠵᠥ᠂ ᠨᠠᠮ ᠨᠢ ᠨᠠᠮ ᠢ ᠬᠠᠮᠢᠶᠠᠷᠬᠤ᠂  ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠴᠢᠭᠯᠡᠯᠳᠡ ᠶᠢ ᠪᠠᠷᠢᠮᠳᠠᠯᠠᠵᠥ᠂ ᠨᠠᠮ ᠺᠠᠳ᠋ᠷ ᠢ ᠬᠠᠮᠢᠶᠠᠷᠬᠤ ᠵᠠᠷᠴᠢᠮ ᠢ  ᠪᠠᠷᠢᠮᠳᠠᠯᠠᠵᠥ᠂  ᠵᠠᠬ᠎ᠠ ᠲᠡᠯᠬᠡᠬᠦᠷ ᠤᠨ ᠪᠠᠶᠢᠭᠤᠯᠤᠮᠵᠢ ᠶᠢᠨ ᠦᠢᠯᠡᠳᠦᠯ ᠢ ᠪᠠᠳᠠᠷᠠᠭᠤᠯᠬᠤ ᠶᠢ ᠪᠠᠷᠢᠮᠳᠠᠯᠠᠵᠥ᠂ ᠲᠦᠪ ᠤᠨ ᠤᠳᠤᠷᠢᠳᠬᠤ ᠬᠦᠮᠥᠰ ᠤᠨ ᠰᠢᠨ᠎ᠡ ᠴᠠᠭ ᠦᠶ᠎ᠡ ᠳᠤ ᠰᠢᠨ᠎ᠡ ᠬᠠᠷᠢᠭᠤᠴᠠᠯᠭ᠎ᠠ ᠡᠬᠦᠷᠬᠡᠯᠡᠵᠥ ᠰᠢᠨ᠎ᠡ ᠵᠢᠳᠬᠦᠯ ᠴᠢᠷᠮᠡᠶᠢᠯᠭ᠎ᠠ ᠭᠠᠷᠭᠠᠬᠤ ᠶᠢ ᠤᠯᠠᠮ ᠴᠢᠨᠠᠭᠰᠢᠳᠠ ᠵᠤᠷᠢᠬᠵᠢᠭᠤᠯᠬᠤ ᠠᠴᠠ ᠡᠬᠦᠰᠴᠦ᠂ ᠨᠠᠮ ᠵᠠᠰᠠᠭ ᠤᠨ ᠤᠳᠤᠷᠢᠳᠬᠤ ᠺᠠᠳ᠋ᠷ ᠠᠴᠠ ᠢᠯᠭᠠᠭ᠎ᠠ ᠲᠠᠢ ᠪᠠᠶᠢᠬᠤ᠂ ᠲᠦᠪ ᠤᠨ ᠠᠵᠥ ᠠᠬᠤᠢᠢᠯᠠᠯ ᠤᠨ  ᠤᠨᠴᠠᠯᠢᠭ ᠢ  ᠬᠦᠢᠴᠡᠳ  ᠢᠯᠡᠷᠡᠬᠦᠯᠥᠭᠰᠡᠡ  ᠤᠳᠤᠷᠢᠳᠬᠤ  ᠬᠦᠮᠥᠰ ᠤᠨ  ᠬᠠᠮᠢᠶᠠᠷᠤᠯᠳᠠ ᠶᠢᠨ  ᠲᠦᠷᠢᠮ ᠢ ᠲᠡᠬᠦᠯᠳᠡᠷᠵᠢᠬᠦᠯᠦᠭᠰᠡᠨ ᠪᠠᠶᠢᠨ᠎ᠠ᠂ ᠡᠨᠡ  ᠪᠤᠯ  ᠲᠦᠪ ᠤᠨ  ᠠᠵᠥ  ᠠᠬᠤᠢᠢᠯᠠᠯ ᠤᠨ ᠠᠵᠢᠯᠳᠠᠨ ᠠᠵᠢᠯᠴᠢᠨ ᠤ ᠲᠦᠷᠢᠮ ᠤᠨ ᠦᠭᠡᠷᠡᠴᠢᠯᠡᠯᠳᠡ ᠶᠢᠨ ᠴᠢᠬᠤᠯᠠ ᠦᠷ᠎ᠡ ᠪᠦᠳᠦᠬᠡᠯ ᠢ ᠠᠬᠢᠭᠤᠯᠬᠤ᠂ ᠰᠢᠨ᠎ᠡ ᠴᠠᠭ ᠦᠶ᠎ᠡ ᠳᠤ ᠲᠦᠪ ᠤᠨ ᠠᠵᠥ ᠠᠬᠤᠢᠢᠯᠠᠯ ‍ᠤᠨ‌ᠤᠳᠤᠷᠢᠳᠬᠤ ᠬᠦᠮᠥᠰ ᠤᠨ ᠬᠠᠮᠢᠶᠠᠷᠤᠯᠳᠠ ᠶᠢᠨ ᠠᠵᠢᠯ ᠢ ᠰᠠᠶᠢᠳᠤᠷ ᠬᠢᠬᠦ ᠦᠨᠳᠦᠰᠦᠨ ᠵᠢᠷᠤᠮᠯᠡᠯ ᠪᠤᠯᠤᠨ᠎ᠠ᠃               ︽ᠲᠤᠬᠲᠠᠭᠠᠯ︾ ᠨᠢ ᠨᠡᠶᠢᠲᠡ 10 ᠪᠦᠯᠦᠭ 66  ᠵᠦᠢᠯ ᠲᠠᠢ᠂  ᠶᠡᠷᠦᠩᠬᠡᠢ  ᠳᠦᠷᠢᠮ᠂  ᠠᠵᠢᠯ ᠤᠨ  ᠪᠠᠶᠢᠷᠢ ᠵᠢᠨ‌‍ᠲ᠋ᠤᠬᠢᠷᠠᠭᠤᠯᠤᠯᠲᠠ᠂ ᠲᠤᠰᠢᠶᠡᠯ ᠡᠭᠦᠷᠭᠡᠯᠡᠬᠦ ᠨᠦᠬᠦᠴᠡᠯ᠂  ᠰᠤᠩᠭᠤᠵᠥ  ᠲᠤᠮᠢᠯᠠᠨ  ᠬᠡᠷᠡᠭᠯᠡᠬᠦ᠂  ᠰᠢᠯᠭᠠᠨ  ᠬᠢᠨᠠᠵᠤ  ᠦᠨᠡᠯᠡᠬᠦ᠂ ᠴᠠᠯᠢᠩ ᠬᠦᠯᠦᠰᠦ ᠪᠤᠯᠤᠨ ᠤᠷᠮᠠᠰᠢᠭᠤᠯᠤᠯ᠂ ᠬᠠᠮᠢᠶᠠᠷᠴᠤ ᠬᠢᠨᠠᠯᠲᠠ ᠲᠠᠯᠪᠢᠬᠤ᠂ ᠬᠦᠮᠦᠵᠢᠭᠦᠯᠵᠥ ᠪᠤᠯᠪᠠᠰᠤᠷᠠᠭᠤᠯᠬᠤ᠂ ᠤᠬᠤᠷᠢᠨ ᠭᠠᠷᠬᠤ᠂ ᠬᠠᠪᠰᠤᠷᠤᠯᠲᠠ ᠲᠦᠷᠢᠮ ᠵᠡᠷᠭᠡ ᠪᠤᠢ᠂ ᠲᠦᠪ ᠤᠨ  ᠠᠵᠤ  ᠠᠬᠤᠢᠢᠯᠠᠯ ᠤᠨ  ᠤᠳᠤᠷᠢᠳᠬᠤ  ᠬᠦᠮᠦᠰ ᠢ  ᠬᠠᠮᠢᠶᠠᠷᠬᠤ ᠦᠨᠳᠦᠰᠦᠨ ᠵᠠᠷᠴᠢᠮ᠂ ᠦᠨᠳᠦᠰᠦᠨ ᠱᠠᠭᠠᠷᠳᠠᠯᠭ᠎ᠠ ᠪᠤᠯᠤᠨ  ᠭᠤᠤᠯ  ᠠᠭᠤᠯᠭ᠎ᠠ ᠶᠢ  ᠲᠤᠳᠤᠷᠬᠠᠢᠢᠯᠠᠵᠤ᠂ ᠲᠦᠪ ᠤᠨ  ᠠᠵᠤ‌ᠠᠬᠤᠢᠢᠯᠠᠯ ᠤᠨ ᠤᠳᠤᠷᠢᠳᠬᠤ ᠬᠦᠮᠦᠰ ᠢ ᠬᠠᠮᠢᠶᠠᠷᠬᠤ  ᠪᠦᠬᠦ  ᠶᠠᠪᠤᠴᠠ  ᠪᠤᠯᠤᠨ  ᠡᠯ᠎ᠡ  ᠭᠤᠬᠴᠤᠭ᠎ᠠ ᠶᠢ   ᠬᠠᠮᠤᠷᠴᠠᠢ᠃ ︽ᠲᠤᠬᠲᠠᠭᠠᠯ︾ ᠢ  ᠳᠠᠷᠤᠮᠠᠯᠯᠠᠨ  ᠲᠠᠷᠬᠠᠭᠠᠵᠤ  ᠬᠡᠷᠡᠭᠵᠢᠭᠦᠯᠦᠭᠰᠡᠨ ᠨᠢ  ᠲᠦᠪ ᠤᠨ ᠠᠵᠤ  ᠠᠬᠤᠢᠢᠯᠠᠯ ᠤᠨ  ᠤᠳᠤᠷᠢᠳᠬᠤ ᠬᠦᠮᠦᠰ ᠤᠨ ᠲᠤᠬᠠᠢ ᠨᠠᠮ ᠤᠨ  ᠪᠦᠬᠦ  ᠲᠠᠯ᠎ᠠ ᠶᠢᠨ  ᠤᠳᠤᠷᠢᠳᠤᠯᠭ᠎ᠠ ᠶᠢ  ᠪᠠᠷᠢᠮᠲᠠᠯᠠᠨ  ᠴᠢᠩᠭᠠᠳᠬᠠᠵᠤ᠂  ᠲᠦᠪ ᠤᠨ  ᠠᠵᠤ ᠠᠬᠤᠢᠢᠯᠠᠯ ᠤᠨ ᠤᠳᠤᠷᠢᠳᠬᠤ ᠬᠦᠮᠦᠰ ᠢ ᠬᠠᠮᠢᠶᠠᠷᠬᠤ ᠠᠵᠢᠯ ᠤᠨ ᠶᠠᠰᠤ ᠴᠢᠨᠠᠷ ᠢ  ᠳᠡᠭᠡᠭᠰᠢᠯᠡᠭᠦᠯᠵᠦ᠂ ᠨᠠᠮ ᠳᠠᠭᠠᠨ  ᠦᠨᠡᠨᠴᠢ‌‍ᠰᠢᠳᠤᠷᠭᠤ᠂ ᠵᠤᠷᠢᠬᠲᠡᠢ ᠪᠠᠷ ᠰᠢᠨ᠎ᠡ ᠶᠢ ᠡᠭᠦᠳᠴᠤ᠂ ᠠᠵᠤ ᠠᠬᠤᠢᠢᠯᠠᠯ ᠢ  ᠵᠠᠰᠠᠬᠤ ᠳᠠᠭᠠᠨ  ᠴᠢᠳᠠᠮᠠᠭᠠᠢ᠂  ᠠᠷᠢᠭᠤᠨ  ᠴᠢᠭᠡᠴᠢ ᠲᠦᠪ ᠭᠤᠤᠯᠴᠢ ᠦᠨᠳᠦᠷ ᠬᠡᠪ ᠴᠢᠨᠠᠷ ᠲᠠᠢ ᠲᠤᠰᠬᠠᠢᠢᠵᠢᠬᠰᠠᠨ ᠲᠦᠪ ᠤᠨ ᠠᠵᠤ ᠠᠬᠤᠢᠢᠯᠠᠯ ᠤᠨ ᠤᠳᠤᠷᠢᠳᠬᠤ ᠬᠦᠮᠦᠰ ‍ᠤᠨ‌ᠡᠩᠨᠡᠭᠡ ᠶᠢ ᠪᠠᠶᠢᠭᠤᠯᠵᠤ᠂ ᠠᠵᠤ ᠠᠬᠤᠢᠢᠯᠠᠯᠲᠠᠳ ᠤᠨ ᠵᠤᠷᠢᠬ ᠰᠠᠨᠠᠭ᠎ᠠ ᠶᠢ  ᠬᠦᠭᠵᠢᠭᠡᠨ ᠬᠠᠮᠠᠭᠠᠯᠠᠵᠤ᠂ ᠠᠵᠤ ᠠᠬᠤᠢᠢᠯᠠᠯᠲᠠᠳ ᠤᠨ ᠦᠢᠯᠡᠳᠦᠯ ᠢ ᠨᠡᠩ ᠰᠠᠶᠢᠳᠤᠷ ᠪᠠᠳᠠᠷᠠᠭᠤᠯᠵᠤ᠂ ᠪᠦᠬᠦ ᠪᠦᠮᠪᠦᠷᠴᠡᠭ ᠤᠨ  ᠦᠷᠢᠰᠦᠯᠳᠦᠬᠦ  ᠬᠦᠴᠦᠨ ᠲᠠᠢ ᠳᠡᠯᠡᠬᠡᠢ ᠶᠢᠨ ᠲᠡᠷᠢᠭᠦᠨ ᠵᠡᠷᠭᠡ ᠶᠢᠨ ᠠᠵᠤ ᠠᠬᠤᠢᠢᠯᠠᠯ ᠢ ᠬᠦᠮᠦᠵᠢᠭᠦᠯᠬᠦ ᠳᠤ ᠮᠠᠰᠢ ᠴᠢᠬᠤᠯᠠ ᠠᠴᠢ ᠬᠤᠯᠪᠤᠬᠳᠠᠯ ᠲᠠᠢ ᠶᠤᠮ᠃               ᠮᠡᠳᠡᠭᠳᠡᠯ ᠳᠤ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠢᠢᠯᠠᠩ︶  ︽ᠲᠤᠬᠲᠠᠭᠠᠯ︾ ‍ᠤᠨ‌ᠵᠤᠷᠢᠬ  ᠰᠠᠨᠠᠭ᠎ᠠ ᠶᠢ  ᠦᠨᠳᠦᠰᠦᠯᠡᠵᠦ᠂  ᠬᠠᠮᠢᠶᠠᠷᠴᠤ  ᠪᠠᠶᠢᠭ᠎ᠠ  ᠤᠯᠤᠰ ᠤᠨ  ᠦᠮᠴᠢᠯᠡᠯ ᠤᠨ  ᠠᠵᠤ  ᠠᠬᠤᠢᠢᠯᠠᠯ  ᠪᠤᠶᠤ ᠬᠠᠷᠢᠶᠠᠯᠠᠬᠳᠠᠵᠤ  ᠪᠠᠶᠢᠭ᠎ᠠ  ᠠᠵᠤ  ᠠᠬᠤᠢᠢᠯᠠᠯ ᠤᠨ  ᠤᠳᠤᠷᠢᠳᠬᠤ  ᠬᠦᠮᠦᠰ ᠢ  ᠬᠠᠮᠢᠶᠠᠷᠬᠤ  ᠳᠦᠷᠢᠮ ᠢ  ᠲᠡᠭᠦᠯᠳᠡᠷᠵᠢᠭᠦᠯᠬᠦ‌‍ᠬᠡᠷᠡᠭᠲᠡᠢ᠃  ᠪᠤᠲᠠᠲᠠᠢ ᠠᠴᠠ  ᠭᠠᠷᠳᠠᠵᠤ᠂  ᠤᠨᠤᠪᠴᠢᠳᠤ  ᠴᠢᠨᠠᠷ᠂  ᠪᠦᠲᠦᠮᠵᠢᠲᠤ  ᠴᠢᠨᠠᠷ ᠢ  ᠴᠢᠬᠤᠯᠠᠴᠢᠯᠠᠬᠤ   ᠬᠡᠷᠡᠭᠲᠡᠢ᠂ ᠳᠦᠬᠦᠮᠬᠡᠨ ᠢᠶᠠᠷ ᠳᠡᠭᠡᠷ᠎ᠡ ᠨᠢ ᠳᠤᠬᠤᠨ ᠬᠡᠷᠡᠭᠯᠡᠵᠦ᠂ ᠰᠤᠬᠤᠷ ᠪᠠᠯᠠᠢ ᠪᠠᠷ ᠲᠡᠷᠡ  ᠬᠡᠪ ᠢᠶᠠᠷ ᠨᠢ ᠨᠡᠭᠦᠯᠭᠡᠨ  ᠬᠡᠷᠡᠭᠯᠡᠵᠤ  ᠪᠤᠯᠬᠤ ᠦᠭᠡᠢ᠃  ᠪᠠᠶᠢᠴᠠᠭᠠᠨ  ᠰᠤᠳᠤᠯᠤᠯᠲᠠ  ᠬᠢᠬᠦ᠂  ᠪᠠᠶᠢᠴᠠᠭᠠᠯᠲᠠ  ᠬᠢᠬᠦ  ᠪᠤᠯᠤᠨ  ᠵᠢᠯᠤᠭᠤᠳᠬᠤ ᠶᠢ  ᠴᠢᠩᠭᠠᠳᠬᠠᠵᠤ᠂  ᠴᠠᠬ ᠲᠤᠬᠠᠢ ᠳᠤᠨᠢ ᠰᠢᠨ᠎ᠡ ᠪᠠᠶᠢᠳᠠᠯ ᠢ ᠰᠤᠳᠤᠯᠵᠤ᠂ ᠰᠢᠨ᠎ᠡ ᠠᠰᠠᠭᠤᠳᠠᠯ ᠢ ᠰᠢᠢᠳᠪᠦᠷᠢᠯᠡᠵᠦ᠂  ᠤᠯᠤᠰ ᠤᠨ  ᠦᠮᠴᠢᠯᠡᠯ ᠤᠨ  ᠠᠵᠤ ᠠᠬᠤᠢᠢᠯᠠᠯ ᠤᠨ ᠤᠳᠤᠷᠢᠳᠬᠤ ᠬᠦᠮᠦᠰ ᠤᠨ ᠡᠩᠨᠡᠭᠡ ᠶᠢ ᠦᠨᠡᠨ ᠬᠦ ᠰᠠᠶᠢᠳᠤᠷ ᠪᠠᠶᠢᠭᠤᠯᠵᠥ᠂ ᠰᠠᠶᠢᠳᠤᠷ ᠬᠡᠷᠡᠭᠯᠡᠵᠥ᠂  ᠰᠠᠶᠢᠳᠤᠷ ᠬᠠᠮᠢᠶᠠᠷᠬᠤ ᠬᠡᠷᠡᠭᠲᠡᠢ ᠭᠡᠵᠦ ᠱᠠᠭᠠᠷᠳᠠᠪᠠ᠃  ︵ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 29 ᠤ ᠴᠠᠬᠢᠯᠭᠠᠨ ᠮᠡᠳᠡᠭᠡ︶
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号