ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶᠠᠨ ᠤ ᠠᠯᠪᠠᠨ ᠲᠢᠩᠬᠢᠮ ︽ᠦᠷᠭᠡᠨ ᠤᠯᠠᠨ ᠺᠠᠳ᠋ᠷᠴᠤᠳ ᠤᠨ ᠰᠢᠨ᠎ᠡ ᠴᠠᠭ ᠦᠶ᠎ᠡ ᠳᠤ ᠰᠢᠨ᠎ᠡ ᠬᠠᠷᠢᠭᠤᠴᠠᠯᠭ᠎ᠠ ᠡᠬᠦᠷᠭᠡᠯᠡᠨ ᠰᠢᠨ᠎ᠡ ᠠᠮᠵᠢᠯᠲᠠ ᠭᠠᠷᠭᠠᠬᠤ ᠶᠢ ᠤᠯᠠᠮ ᠨᠢᠭᠡ ᠠᠯᠬᠤᠮ ᠬᠦᠭᠵᠢᠭᠡᠨ ᠤᠷᠮᠠᠰᠢᠭᠤᠯᠬᠤ ᠲᠤᠬᠠᠢ ᠰᠠᠨᠠᠯ︾ ᠢ ᠲᠠᠷᠬᠠᠭᠠᠪᠠ
ᠨᠡᠶᠢᠲᠡᠯᠡᠭᠰᠡᠨ ᠴᠠᠭ᠄
2018/10/12
       ᠰᠢᠨᠬᠤᠸᠠ ᠬᠤᠷᠢᠶᠠᠨ ᠤ ᠪᠡᠭᠡᠵᠢᠩ ᠤᠨ 5 ᠰᠠᠷ᠎ᠠ ᠶᠢᠨ 20 ᠤ  ᠡᠳᠤᠷ ᠤᠨ  ᠮᠡᠳᠡᠭᠡ  ᠤᠢᠢᠷ᠎ᠠ   ᠳᠤ᠂  ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶᠠᠨ ᠤ ᠠᠯᠪᠠᠨ ᠲᠢᠩᠬᠢᠮ ︽ᠦᠷᠭᠡᠨ ᠤᠯᠠᠨ  ᠺᠠᠳ᠋ᠷᠴᠤᠳ ᠤᠨ  ᠰᠢᠨ᠎ᠡ  ᠴᠠᠭ‌ᠦᠶ᠎ᠡ ᠳᠤ ᠰᠢᠨ᠎ᠡ ᠬᠠᠷᠢᠭᠤᠴᠠᠯᠭ᠎ᠠ  ᠡᠬᠦᠷᠭᠡᠯᠡᠨ  ᠰᠢᠨ᠎ᠡ  ᠠᠮᠵᠢᠯᠲᠠ  ᠭᠠᠷᠭᠠᠬᠤ   ᠶᠢ  ᠤᠯᠠᠮ  ᠨᠢᠭᠡ  ᠠᠯᠬᠤᠮ  ᠬᠦᠭᠵᠢᠭᠡᠨ‌ᠤᠷᠮᠠᠰᠢᠭᠤᠯᠬᠤ ᠲᠤᠬᠠᠢ ᠰᠠᠨᠠᠯ︾ ᠢ ᠲᠠᠷᠬᠠᠭᠠᠬᠤ ᠶᠢᠨ ᠲᠠᠭᠠᠤ ᠮᠡᠳᠡᠭᠳᠡᠯ ᠪᠠᠭᠤᠯᠭᠠᠨ᠂ ᠡᠯ᠎ᠡ ᠭᠠᠵᠠᠷ ᠡᠯ᠎ᠡ ᠰᠠᠯᠠᠭ᠎ᠠ ᠮᠦᠴᠢᠷ ‍ᠤᠨ‌‍ᠬᠢᠨ ᠢ ᠪᠤᠲᠠᠲᠠᠢ ᠪᠠᠶᠢᠳᠠᠯ ᠲᠠᠢ ᠪᠠᠨ ᠤᠶᠠᠯᠳᠤᠭᠤᠯᠤᠨ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠠᠢ ᠭᠡᠵᠤ‌‍ᠱᠠᠭᠠᠷᠳᠠᠵᠠᠢ᠃               ︽ᠮᠡᠳᠡᠭᠳᠡᠯ︾ ᠳᠤ ᠵᠢᠭᠠᠵᠤ ᠭᠠᠷᠭᠠᠭᠰᠠᠨ ᠨᠢ᠂ ︽ᠰᠠᠨᠠᠯ︾ ᠳᠤ ᠰᠢ   ᠶᠢᠨ  ᠫᠢᠩ ᠤᠨ  ᠰᠢᠨ᠎ᠡ  ᠴᠠᠭ  ᠦᠶ᠎ᠡ  ᠵᠢᠨ‌‍ᠲ᠋ᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠠᠷᠪᠠ ᠶᠢᠰᠦᠳᠦᠭᠡᠷ  ᠶᠡᠭᠡ  ᠬᠤᠷᠠᠯ ‍ᠤᠨ‌ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠤᠨ  ᠨᠠᠶᠢᠳᠠᠪᠤᠷᠢᠵᠢᠭᠤᠯᠵᠤ᠂  ᠤᠷᠮᠠᠰᠢᠭᠤᠯᠬᠤ  ᠲᠤᠭᠲᠠᠴᠠ  ᠪᠠ  ᠠᠯᠳᠠᠭ᠎ᠠ   ᠶᠢ ᠠᠭᠤᠴᠢᠯᠠᠵᠤ ᠵᠠᠯᠠᠷᠠᠭᠤᠯᠬᠤ ᠲᠤᠭᠲᠠᠴᠠ ᠪᠠᠶᠢᠭᠤᠯᠬᠤ᠂ ᠦᠷᠭᠡᠨ ᠤᠯᠠᠨ ᠺᠠᠳ᠋ᠷᠴᠤᠳ ᠤᠨ ᠰᠢᠨ᠎ᠡ  ᠴᠠᠭ  ᠦᠶ᠎ᠡ   ᠳᠤ  ᠰᠢᠨ᠎ᠡ ᠬᠠᠷᠢᠭᠤᠴᠠᠯᠭ᠎ᠠ ᠡᠬᠦᠷᠭᠡᠯᠡᠨ ᠰᠢᠨ᠎ᠡ ᠠᠮᠵᠢᠯᠲᠠ ᠭᠠᠷᠭᠠᠬᠤ ᠶᠢ ᠤᠯᠠᠮ ᠨᠢᠭᠡ  ᠠᠯᠬᠤᠮ  ᠤᠷᠮᠠᠰᠢᠭᠤᠯᠬᠤ  ᠲᠤᠬᠠᠢ  ᠲᠤᠳᠤᠷᠬᠠᠢ‌‍ᠱᠠᠭᠠᠷᠳᠠᠯᠭ᠎ᠠ ᠲᠤᠷᠠᠳᠪᠠ᠃  ︽ᠰᠠᠨᠠᠯ︾ ᠢ  ᠲᠤᠭᠲᠠᠭᠠᠵᠤ  ᠬᠡᠷᠡᠭᠵᠢᠬᠦᠯᠬᠦ   ᠨᠢ  ᠺᠠᠳ᠋ᠷᠴᠤᠳ ᠤᠨ  ᠡᠩᠨᠡᠭᠡᠨ ᠤ  ᠢᠳᠡᠪᠬᠢᠵᠢᠯ᠂ ᠰᠠᠨᠠᠭᠠᠴᠢᠯᠠᠭᠠᠳᠤ ᠴᠢᠨᠠᠷ᠂ ᠪᠦᠲᠦᠭᠡᠯᠴᠢ ᠴᠢᠨᠠᠷ ᠢ ᠬᠦᠢᠴᠡᠳ ᠲᠠᠶᠢᠴᠢᠯᠠᠨ ᠬᠦᠭᠵᠢᠭᠡᠵᠤ᠂ ᠦᠷᠭᠡᠨ ᠤᠯᠠᠨ ᠺᠠᠳ᠋ᠷᠴᠤᠳ ᠢ ᠵᠢᠭᠠᠨ‌ᠵᠢᠯᠤᠭᠤᠳᠴᠦ ᠴᠢᠨᠡᠭᠡᠯᠢᠭ ᠨᠡᠶᠢᠭᠡᠮ ᠢ ᠪᠦᠬᠦ ᠲᠠᠯ᠎ᠠ   ᠪᠠᠷ  ᠪᠠᠶᠢᠭᠤᠯᠤᠨ  ᠪᠦᠲᠦᠭᠡᠬᠦ  ᠰᠢᠢᠳᠪᠤᠷᠢᠳᠤ  ᠢᠯᠠᠯᠲᠠ   ᠶᠢ  ᠲᠡᠮᠡᠴᠡᠨ‌ᠤᠯᠵᠤ᠂ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠢᠯᠠᠯᠲᠠ ᠶᠢ ᠲᠡᠮᠡᠴᠡᠨ ᠤᠯᠵᠤ᠂ ᠲᠤᠮᠳᠠᠳᠤ ᠶᠢᠨ ᠦᠨᠳᠦᠰᠦᠲᠡᠨ ᠤ  ᠠᠭᠤᠤ  ᠶᠡᠭᠡ  ᠰᠡᠷᠬᠦᠨ  ᠮᠠᠨᠳᠤᠯᠲᠠ   ᠶᠢᠨ  ᠲᠤᠮᠳᠠᠳᠤ  ᠤᠯᠤᠰ ᠤᠨ ᠬᠦᠰᠡᠯ ᠢ ᠪᠡᠶᠡᠯᠡᠬᠦᠯᠬᠦ ᠪᠠᠷ ᠴᠦᠬᠦᠷᠡᠰᠢ ᠦᠭᠡᠢ ᠲᠡᠮᠡᠴᠡᠬᠦᠯᠬᠦ  ᠳᠤ ᠲᠤᠶᠢᠯ ᠤᠨ ᠴᠢᠬᠤᠯᠠ ᠠᠴᠢ ᠬᠤᠯᠪᠤᠭᠳᠠᠯ ᠲᠠᠢ ᠶᠤᠮ᠃               ︽ᠮᠡᠳᠡᠭᠳᠡᠯ︾ ᠳᠤ ᠴᠢᠬᠤᠯᠠᠴᠢᠯᠠᠭᠰᠠᠨ   ᠨᠢ᠂ ᠡᠯ᠎ᠡ  ᠱᠠᠳᠤᠨ ᠤ  ᠨᠠᠮ ᠤᠨ  ᠬᠤᠷᠢᠶ᠎ᠠ  ︵ᠨᠠᠮ ᠤᠨ  ᠤᠳᠤᠷᠢᠳᠬᠤ ᠲᠤᠭᠤᠢᠢᠯᠠᠩ︶ ᠺᠠᠳ᠋ᠷᠴᠤᠳ ᠤᠨ ᠦᠵᠡᠯ ᠰᠠᠨᠠᠭᠠᠨ ᠤ ᠬᠦᠮᠦᠵᠢᠯ ᠢ ᠶᠡᠭᠡ ᠪᠠᠷ ᠴᠢᠩᠭᠠᠳᠬᠠᠨ᠂ ᠦᠷᠭᠡᠨ ᠤᠯᠠᠨ ᠺᠠᠳ᠋ᠷᠴᠤᠳ ᠤᠨ ︽ᠲᠦᠷᠪᠡᠨ ᠤᠬᠠᠮᠰᠠᠷ︾ ᠢᠶᠠᠨ ᠴᠢᠩᠭᠠᠳᠬᠠᠨ ︽ᠲᠦᠷᠪᠡᠨ ᠢᠳᠡᠭᠡᠯ︾ ᠢᠶᠠᠨ ᠪᠠᠳᠤᠳᠬᠠᠵᠤ᠂ ᠤᠯᠤᠰ ᠲᠦᠷᠦ ᠶᠢᠨ ᠡᠬᠦᠷᠭᠡᠯᠡᠯ᠂ ᠲᠡᠦᠭᠡᠳᠤ ᠡᠬᠦᠷᠭᠡᠯᠡᠯ ᠪᠠ ᠬᠠᠷᠢᠭᠤᠴᠠᠯᠭᠠᠳᠤ ᠡᠬᠦᠷᠭᠡᠯᠡᠯ ᠢᠶᠠᠨ ᠦᠨᠡᠨ ᠬᠦ ᠴᠢᠩᠭᠠᠳᠬᠠᠨ᠂ ᠰᠢᠨ᠎ᠡ  ᠴᠠᠭ  ᠦᠶ᠎ᠡ   ᠶᠢᠨ  ᠭᠡᠷᠡᠯ ᠰᠠᠴᠤᠷᠠᠩᠭᠤᠢ ᠠᠮᠵᠢᠯᠲᠠ ᠪᠦᠲᠦᠮᠵᠢ ᠭᠠᠷᠭᠠᠬᠤ  ᠶᠢ ᠬᠦᠲᠦᠯᠦᠨ ᠵᠢᠯᠤᠭᠤᠳᠴᠦ ᠠᠬᠢᠭᠤᠯᠬᠤ ᠬᠡᠷᠡᠭᠲᠠᠢ᠃ ᠺᠠᠳ᠋ᠷ ᠤᠨ ᠪᠠᠷᠢᠮᠵᠢᠶ᠎ᠠ ᠶᠢ ᠰᠠᠶᠢᠳᠤᠷ ᠨᠠᠶᠢᠳᠠᠪᠤᠷᠢᠵᠢᠭᠤᠯᠤᠨ᠂ ᠵᠤᠷᠢᠭᠲᠠᠢ ᠬᠠᠷᠢᠭᠤᠴᠠᠵᠤ᠂ ᠵᠤᠷᠢᠭᠲᠠᠢ  ᠡᠬᠦᠷᠭᠡᠯᠡᠳᠡᠭ᠂  ᠠᠵᠢᠯ  ᠶᠠᠪᠤᠳᠠᠯ  ᠪᠦᠲᠦᠭᠡᠬᠦ ᠳᠡᠭᠡᠨ ᠴᠢᠳᠠᠮᠠᠭᠠᠢ᠂ ᠠᠮᠵᠢᠯᠲᠠ ᠪᠦᠲᠦᠮᠵᠢ ᠪᠠᠷ ᠲᠤᠪᠤᠶᠢᠮ᠎ᠠ ᠪᠠᠶᠢᠳᠠᠭ ᠺᠠᠳ᠋ᠷᠴᠤᠳ ᠢ ᠶᠡᠭᠡ   ᠪᠠᠷ  ᠰᠤᠩᠭᠤᠨ  ᠲᠡᠪᠰᠢᠬᠦᠯᠵᠤ᠂ ᠪᠤᠲᠠᠲᠠᠢ  ᠪᠠᠷ ᠠᠵᠢᠯᠯᠠᠬᠤ ᠪᠠ ᠪᠤᠲᠠᠲᠤ ᠪᠦᠲᠦᠮᠵᠢ ᠭᠠᠷᠭᠠᠬᠤ ᠶᠢ ᠴᠢᠬᠤᠯᠠᠴᠢᠯᠠᠳᠠᠭ ᠬᠦᠮᠦᠨ ᠬᠡᠷᠡᠭᠯᠡᠬᠦ ᠤᠳᠤᠷᠢᠳᠤᠮᠵᠢ ᠶᠢ ᠢᠯᠡ ᠲᠤᠳᠤ ᠪᠤᠢ ᠪᠤᠯᠭᠠᠬᠤ ᠬᠡᠷᠡᠭᠲᠠᠢ᠃ ᠺᠠᠳ᠋ᠷᠴᠤᠳ ᠢ ᠬᠢᠨᠠᠨ ᠰᠢᠯᠭᠠᠵᠤ ᠦᠨᠡᠯᠡᠬᠦ  ᠲᠤᠭᠲᠠᠴᠠ   ᠶᠢ  ᠲᠡᠬᠦᠯᠳᠡᠷᠵᠢᠬᠦᠯᠵᠤ᠂  ᠬᠢᠨᠠᠨ‌‍ᠰᠢᠯᠭᠠᠬᠤ ᠠᠷᠭ᠎ᠠ ᠬᠡᠯᠪᠡᠷᠢ ᠶᠢ ᠰᠠᠶᠢᠵᠢᠷᠠᠭᠤᠯᠤᠨ᠂ ᠬᠢᠨᠠᠨ ᠰᠢᠯᠭᠠᠬᠤ ᠠᠵᠢᠯ ᠤᠨ ᠺᠠᠳ᠋ᠷᠴᠤᠳ ᠢ  ᠤᠷᠮᠠᠰᠢᠭᠤᠯᠵᠤ  ᠱᠠᠭᠠᠷᠳᠠᠬᠤ ᠦᠢᠯᠡᠳᠦᠯ ᠢ ᠬᠦᠢᠴᠡᠳ ᠪᠠᠳᠠᠷᠠᠭᠤᠯᠬᠤ ᠬᠡᠷᠡᠭᠲᠠᠢ᠃ ︽ᠭᠤᠷᠪᠠ ᠶᠢ ᠢᠯᠭᠠᠬᠤ︾ ᠲᠤᠬᠠᠢ ᠶᠡᠷᠦᠩᠭᠡᠢ ᠱᠦᠵᠢ ᠰᠢ ᠶᠢᠨ ᠫᠢᠩ ‍ᠤᠨ‌‍ᠴᠢᠬᠤᠯᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠺᠠᠳ᠋ᠷᠴᠤᠳ ᠤᠨ ᠠᠵᠢᠯ ᠤᠨ ᠲᠤᠮᠳᠠ   ᠪᠠᠨ  ᠢᠯᠠᠩᠭᠤᠶ᠎ᠠ ᠦᠭᠡᠷᠡᠴᠢᠯᠡᠯᠲᠡ ᠬᠢᠵᠤ ᠰᠢᠨ᠎ᠡ   ᠶᠢ  ᠡᠬᠦᠳᠬᠦ  ᠲᠤᠮᠳᠠ  ᠭᠠᠷᠭᠠᠭᠰᠠᠨ  ᠠᠯᠳᠠᠭ᠎ᠠ  ᠤᠰᠤᠯ ᠢ  ᠠᠭᠤᠴᠢᠯᠠᠵᠤ᠂  ᠵᠤᠷᠢᠭᠲᠠᠢ ᠡᠬᠦᠷᠭᠡᠯᠡᠳᠡᠭ ᠺᠠᠳ᠋ᠷᠴᠤᠳ ᠲᠤ ᠲᠤᠭ ᠲᠡᠮᠳᠡᠭ ᠲᠤᠳᠤᠷᠬᠠᠢ ᠪᠠᠷ ᠠᠷᠤ  ᠲᠦᠰᠢᠭ  ᠪᠤᠯᠵᠤ  ᠦᠭᠬᠦ  ᠬᠡᠷᠡᠭᠲᠠᠢ᠃  ᠬᠡᠪ  ᠴᠢᠨᠠᠷ ᠰᠠᠶᠢᠲᠠᠢ ᠲᠤᠰᠬᠠᠢᠢᠵᠢᠭᠰᠠᠨ ᠺᠠᠳ᠋ᠷ ᠤᠨ ᠡᠩᠨᠡᠭᠡ ᠶᠢ ᠪᠠᠶᠢᠭᠤᠯᠬᠤ ᠪᠠᠷ ᠭᠤᠤᠯᠯᠠᠭᠤᠯᠤᠨ᠂ ᠴᠢᠳᠠᠪᠤᠷᠢ ᠶᠢᠨ ᠪᠤᠯᠪᠠᠰᠤᠷᠠᠭᠤᠯᠤᠯ ᠪᠠ‌ᠦᠢᠯᠡᠳᠦᠯᠭᠡ ᠶᠢᠨ ᠲᠠᠪᠳᠠᠯᠲᠠ ᠶᠢ ᠴᠢᠩᠭᠠᠳᠬᠠᠬᠤ ᠶᠢᠨ ᠬᠠᠮᠳᠤ ᠺᠠᠳ᠋ᠷᠴᠤᠳ ᠢ ᠬᠠᠶᠢᠷᠠᠯᠠᠵᠤ ᠬᠠᠷᠠᠭᠠᠯᠵᠠᠬᠤ  ᠡᠯ᠎ᠡ  ᠵᠦᠢᠯ ‍ᠤᠨ‌ᠠᠷᠭ᠎ᠠ ᠬᠡᠮᠵᠢᠶ᠎ᠡ ᠶᠢ ᠪᠤᠲᠠᠲᠠᠢ ᠨᠠᠶᠢᠳᠠᠪᠤᠷᠢᠵᠢᠭᠤᠯᠬᠤ ᠬᠡᠷᠡᠭᠲᠠᠢ᠃ ᠦᠭᠡᠷᠡᠴᠢᠯᠡᠯᠲᠡ ᠬᠢᠵᠤ ᠰᠢᠨ᠎ᠡ   ᠶᠢ  ᠡᠬᠦᠳᠦᠭᠰᠡᠨ᠂  ᠠᠵᠢᠯ ᠬᠢᠵᠤ ᠦᠢᠯᠡᠰ ᠴᠤᠭᠴᠠᠯᠠᠬᠰᠠᠨ ᠲᠡᠷᠢᠬᠦᠨ ᠤ ᠨᠡᠶᠢᠳᠡᠯᠢᠭ ᠬᠦᠮᠦᠰ ᠢ ᠶᠡᠭᠡ ᠪᠠᠷ ᠤᠬᠠᠭᠤᠯᠤᠨ᠂ ᠦᠷᠭᠡᠨ ᠤᠯᠠᠨ  ᠺᠠᠳ᠋ᠷᠴᠤᠳ ᠢ ᠡᠷᠳᠡᠮᠳᠡᠨ ᠮᠡᠷᠭᠡᠳ ᠠᠴᠠ ᠲᠠᠭᠠᠨ ᠰᠤᠷᠤᠯᠴᠠᠵᠤ᠂ ᠬᠠᠨᠴᠤᠢ ᠰᠢᠮᠠᠯᠠᠨ ᠮᠠᠬᠠᠷᠠᠨ ᠵᠢᠳᠬᠦᠵᠤ᠂ ᠰᠢᠨ᠎ᠡ   ᠶᠢ  ᠡᠬᠦᠳᠦᠨ  ᠦᠢᠯᠡᠰ ᠴᠤᠭᠴᠠᠯᠠᠬᠤ ᠬᠦᠴᠦᠷᠭᠡᠭ ᠶᠡᠭᠡ ᠨᠡᠶᠢᠯᠡᠯ ᠬᠦᠴᠦᠨ ᠢ ᠪᠦᠷᠢᠯᠳᠦᠬᠦᠯᠬᠦ ᠲᠠᠯ᠎ᠠ ᠪᠠᠷ ᠤᠷᠮᠠᠰᠢᠭᠤᠯᠤᠨ ᠵᠤᠷᠢᠬᠵᠢᠭᠤᠯᠬᠤ ᠬᠡᠷᠡᠭᠲᠠᠢ᠃  
 
ᠢᠷᠡᠯᠲᠡ᠄ ᠦᠪᠦᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号