| | | | — 2017 ᠤᠨ ᠤ 12 ᠰᠠᠷ᠎ᠠ ᠶᠢᠨ 5 ᠤ ᠡᠲᠦᠷ ᠬᠡᠰᠢᠭᠲᠡᠨ ᠬᠤᠰᠢᠭᠤᠨ ᠤ | ᠠᠷᠪᠠᠨ ᠲᠤᠯᠤᠲᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠠᠩᠬᠠᠲᠤᠭᠠᠷ ᠤᠳᠠᠭᠠᠨ ᠤ ᠬᠤᠷᠠᠯᠲᠤᠭᠠᠨ ᠳᠡᠭᠡᠷ᠎ᠡ | | | ᠬᠡᠰᠢᠭᠲᠡᠨ ᠬᠤᠰᠢᠭᠤᠨ ᠤ ᠠᠷᠠᠳ ᠤᠨ ᠵᠠᠰᠠᠭ ᠤᠨ ᠤᠷᠲᠦᠨ ᠤ ᠳᠠᠷᠤᠭ᠎ᠠ ᠫᠠᠨ ᠼᠦᠨ ᠭᠥᠸᠧ | | | ᠲᠦᠯᠦᠭᠡᠯᠡᠭᠴᠢᠳ ᠡ᠄ | ᠤᠲᠤ ᠪᠢ ᠬᠤᠰᠢᠭᠤᠨ ᠤ ᠠᠷᠠᠳ ᠤᠨ ᠵᠠᠰᠠᠭ ᠤᠨ ᠤᠷᠲᠦᠨ ᠢ ᠲᠦᠯᠦᠭᠡᠯᠡᠨ ᠶᠡᠭᠡ ᠬᠤᠷᠠᠯ ᠳᠤ ᠠᠵᠢᠯ ᠤᠨ | ᠢᠯᠡᠳᠬᠡᠯ ᠬᠢᠶ᠎ᠡ᠂ ᠬᠢᠨᠠᠨ ᠵᠦᠪᠯᠡᠬᠦ ᠪᠤᠯᠪᠠᠦ᠂ ᠡᠭᠦᠨ ᠤ ᠬᠠᠮᠲᠤ ᠡᠯ᠎ᠡ ᠤᠯᠤᠰ ᠲᠦᠷᠦ ᠶᠢᠨ ᠵᠦᠪᠯᠡᠯᠭᠡᠨ ᠤ | ᠬᠡᠰᠢᠭᠦᠳ ᠪᠤᠯᠤᠨ ᠪᠤᠰᠤᠳ ᠰᠤᠯᠠ ᠤᠷᠤᠯᠴᠠᠭᠰᠠᠳ ᠠᠴᠠ ᠰᠠᠨᠠᠯ ᠢᠶᠠᠨ ᠲᠤᠷᠠᠳᠬᠤ ᠶᠢ ᠬᠦᠰᠡᠶ᠎ᠡ᠃ | ᠨᠢᠭᠡ᠂ ᠦᠩᠭᠡᠷᠡᠭᠰᠡᠨ ᠳᠠᠪᠤᠨ ᠵᠢᠯ ᠤᠨ ᠠᠵᠢᠯ ᠤᠨ ᠡᠷᠭᠢᠴᠡᠭᠦᠯᠦᠯ | ᠳᠤᠰ ᠬᠤᠭᠤᠴᠠᠭᠠᠨ ᠤ ᠵᠠᠰᠠᠭ ᠤᠨ ᠤᠷᠲᠦᠨ ᠨᠢ ᠲᠤᠰᠢᠶᠠᠯ ᠲᠤ ᠭᠠᠷᠤᠭᠰᠠᠨ ᠠᠴᠠ ᠨᠠᠰᠢ᠂ ᠲᠦᠪᠡᠭ ᠪᠤᠲᠤᠯᠢᠶᠠᠨᠲᠠᠢ | ᠨᠡᠶᠢᠭᠡᠮ ᠤᠨ ᠪᠠᠶᠢᠳᠠᠯ ᠪᠠ ᠬᠦᠨᠲᠦ ᠪᠡᠷᠬᠡ ᠦᠭᠡᠷᠡᠴᠢᠯᠡᠯᠳᠡ ᠶᠢᠨ ᠡᠭᠦᠷᠭᠡ ᠳᠤ ᠬᠠᠨᠲᠤᠵᠤ᠂ ᠬᠤᠰᠢᠭᠤᠨ ᠤ ᠨᠠᠮ ᠤᠨ | ᠬᠤᠷᠢᠶ᠎ᠠ ᠶᠢᠨ ᠪᠠᠲᠦ ᠴᠢᠩᠭ᠎ᠠ ᠤᠲᠤᠷᠢᠲᠤᠯᠭ᠎ᠠ ᠪᠠ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ | ᠲᠦᠷᠦ ᠶᠢᠨ ᠵᠦᠪᠯᠡᠯᠭᠡᠨ ᠤ ᠬᠢᠨᠠᠯᠲᠠ ᠳᠡᠮᠵᠢᠯᠭᠡ ᠲᠤᠤᠷ᠎ᠠ᠂ ᠪᠦᠬᠦ ᠬᠤᠰᠢᠭᠤᠨ ᠤ ᠠᠷᠠᠳ ᠲᠦᠮᠡᠨ ᠳᠤ ᠨᠢᠭᠲᠡ | ᠲᠦᠰᠢᠭᠯᠡᠵᠦ᠂ ᠬᠦᠴᠢᠷ ᠪᠡᠷᠭᠡ ᠶᠢ ᠢᠯᠠᠨ ᠳᠠᠪᠠᠵᠤ᠂ ᠬᠠᠳᠠᠭᠤᠵᠢᠯᠲᠠᠢ ᠲᠡᠮᠡᠴᠡᠵᠦ᠂ ᠢᠳᠡᠪᠬᠢᠲᠠᠢ ᠠᠵᠢᠯᠯᠠᠨ᠂ ᠡᠯ᠎ᠡ | ᠲᠦᠷᠦᠯ ᠤᠨ ᠠᠵᠢᠯ ᠳᠤ ᠰᠢᠨ᠎ᠡ ᠠᠮᠵᠢᠯᠲᠠ ᠤᠯᠵᠦ᠂ ᠪᠠᠶᠠᠨ ᠴᠢᠨᠡᠭᠡᠯᠢᠭ ᠭᠡᠰᠢᠭᠲᠡᠨ ᠬᠤᠰᠢᠭᠤ ᠶᠢ ᠪᠦᠬᠦ ᠲᠠᠯ᠎ᠠ ᠪᠠᠷ | ᠪᠠᠶᠢᠭᠤᠯᠬᠤ ᠪᠠᠲᠦ ᠪᠠᠬᠢ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠦᠭᠰᠡᠨ ᠪᠠᠶᠢᠨ᠎ᠠ᠃ | ᠳᠠᠪᠤᠨ ᠵᠢᠯ ᠤᠨ ᠲᠤᠷᠰᠢ᠂ ᠪᠢᠳᠡ ᠰᠡᠳᠭᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠨᠡᠮᠡᠭᠳᠡᠯ ᠢ | ᠲᠤᠭᠲᠠᠪᠤᠷᠢᠵᠢᠭᠤᠯᠤᠨ᠂ ᠪᠦᠲᠦᠴᠡ ᠶᠢ ᠲᠤᠭᠢᠷᠠᠭᠤᠯᠵᠤ᠂ ᠶᠡᠷᠦᠩᠬᠡᠶᠢᠯᠡᠭᠰᠡᠨ ᠪᠤᠳᠠᠲᠦ ᠭᠦᠴᠦᠨ ᠢᠯᠡᠷᠭᠡᠢ | ᠳᠡᠭᠡᠭᠰᠢᠯᠡᠭᠰᠡᠨ ᠪᠠᠶᠢᠨ᠎ᠠ᠃ ᠠᠵᠦ ᠠᠬᠤᠢ ᠶᠢᠨ ᠪᠦᠲᠦᠴᠡ ᠪᠠ ᠠᠵᠦ ᠤᠶᠢᠯᠡᠰ ᠤᠨ ᠪᠦᠲᠦᠴᠡ ᠶᠢ ᠤᠯᠤᠰ᠂ | ᠦᠪᠡᠷᠲᠡᠭᠡᠨ ᠵᠠᠰᠠᠬᠤ ᠤᠷᠤᠨ᠂ ᠤᠯᠠᠭᠠᠨᠬᠠᠳᠠ ᠬᠤᠳᠠ ᠲᠠᠢ ᠢᠵᠢᠯ ᠠᠯᠬᠤᠮ ᠢᠶᠠᠷ ᠲᠤᠭᠢᠷᠠᠭᠤᠯᠵᠤ᠂ ᠪᠦᠬᠦ | ᠬᠤᠰᠢᠭᠤᠨ ᠤ ᠤᠷᠤᠨ ᠨᠤᠲᠤᠭ ᠤᠨ ᠤᠶᠢᠯᠡᠳᠪᠦᠷᠢᠯᠡᠯ ᠤᠨ ᠶᠡᠷᠦᠩᠬᠡᠢ ᠦᠷᠳᠡᠭ ᠢ ᠵᠢᠱᠢᠯᠳᠡ ᠪᠠᠷ 161.5 | ᠳ᠋ᠥ᠋ᠩᠰᠢᠭᠤᠷ ᠲᠦᠭᠦᠷᠢᠭ ᠪᠡᠶᠡᠯᠡᠭᠦᠯᠵᠦ᠂ ᠵᠢᠯ ᠳᠤ ᠳᠤᠮᠳᠠᠴᠢ ᠪᠠᠷ 7.8% ᠪᠠᠷ ᠨᠡᠮᠡᠭᠳᠡᠭᠰᠡᠨ ᠪᠠᠶᠢᠨ᠎ᠠ᠃ ᠡᠩ ᠤᠨ | ᠤᠯᠠᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠵᠢᠱᠢᠯᠳᠡ ᠪᠠᠷ 5.36 ᠳ᠋ᠥ᠋ᠩᠰᠢᠭᠤᠷ | ᠲᠦᠭᠦᠷᠢᠭ ᠲᠤ ᠬᠦᠷᠴᠦ᠂ ᠦᠪᠡᠷᠲᠡᠭᠡᠨ ᠵᠠᠰᠠᠬᠤ ᠤᠷᠤᠨ ᠤ ᠡᠳ᠋ ᠤᠨ ᠵᠠᠰᠠᠭ ᠤᠨ ᠲᠦᠰᠦᠪ ᠤᠨ | ᠲᠤᠭᠢᠷᠠᠭᠤᠯᠤᠯᠲᠠ ᠶᠢᠨ ᠡᠭᠦᠷᠭᠡ ᠶᠢ ᠪᠡᠶᠡᠯᠡᠭᠦᠯᠦᠭᠰᠡᠨ ᠪᠠᠶᠢᠨ᠎ᠠ᠃ ᠬᠡᠪᠴᠢᠶᠡᠵᠢᠯ ᠠᠴᠠ ᠳᠡᠭᠡᠭᠰᠢᠬᠢ ᠲᠤᠭᠲᠠᠮᠠᠯ | ᠬᠦᠷᠦᠩᠭᠡ ᠶᠢᠨ ᠪᠡᠯᠡ ᠤᠷᠤᠭᠤᠯᠤᠯᠲᠠ ᠶᠢ ᠳᠠᠪᠤᠨ ᠵᠢᠯ ᠨᠡᠶᠢᠳᠡ 528.3 ᠳ᠋ᠥ᠋ᠩᠰᠢᠭᠤᠷ ᠲᠦᠭᠦᠷᠢᠭ ᠪᠡᠶᠡᠯᠡᠭᠦᠯᠵᠦ᠂ | ᠵᠢᠯ ᠳᠤ ᠳᠤᠮᠳᠠᠴᠢ ᠪᠠᠷ 9.6% ᠪᠠᠷ ᠨᠡᠮᠡᠭᠳᠡᠭᠰᠡᠨ ᠪᠠᠶᠢᠨ᠎ᠠ᠃ ᠨᠡᠶᠢᠭᠡᠮ ᠤᠨ ᠬᠡᠷᠡᠭᠯᠡᠭᠡᠨ ᠤ ᠲᠠᠸᠠᠷ ᠢ ᠵᠢᠵᠢᠭᠯᠡᠨ | ᠪᠤᠷᠤᠯᠠᠭᠤᠯᠬᠤ ᠶᠡᠷᠦᠩᠬᠡᠢ ᠬᠡᠮᠵᠢᠶ᠎ᠡ ᠵᠢᠱᠢᠯᠳᠡ ᠪᠠᠷ 36.5 ᠳ᠋ᠥ᠋ᠩᠰᠢᠭᠤᠷ ᠲᠦᠭᠦᠷᠢᠭ ᠲᠤ ᠬᠦᠷᠴᠦ᠂ ᠵᠢᠯ ᠳᠤ | ᠳᠤᠮᠳᠠᠴᠢ ᠪᠠᠷ 10.3% ᠪᠠᠷ ᠨᠡᠮᠡᠭᠳᠡᠭᠰᠡᠨ ᠪᠠᠶᠢᠨ᠎ᠠ᠃ ᠬᠤᠳᠠ ᠪᠠᠯᠭᠠᠰᠦ ᠪᠠ ᠮᠠᠯᠵᠢᠬᠤ ᠲᠠᠷᠢᠶᠠᠯᠠᠬᠤ ᠤᠷᠤᠨ ᠤ | ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠡᠵᠡᠮᠳᠡᠵᠦ ᠪᠤᠯᠬᠤ ᠤᠷᠤᠯᠭ᠎ᠠ ᠵᠢᠱᠢᠯᠳᠡ ᠪᠠᠷ | ᠳᠤᠰᠪᠤᠷᠢ 27000 ᠲᠦᠭᠦᠷᠢᠭ ᠪᠠ 10200 ᠲᠦᠭᠦᠷᠢᠭ ᠲᠤ ᠬᠦᠷᠴᠦ᠂ ᠵᠢᠯ ᠳᠤ ᠳᠤᠮᠳᠠᠴᠢ ᠪᠠᠷ ᠳᠤᠰᠪᠤᠷᠢ | 9% ᠪᠠ 10% ᠪᠠᠷ ᠨᠡᠮᠡᠭᠳᠡᠭᠰᠡᠨ ᠪᠠᠶᠢᠨ᠎ᠠ᠃ ᠭᠤᠷᠪᠠᠨ ᠠᠵᠦ ᠤᠶᠢᠯᠡᠰ ᠤᠨ ᠬᠠᠷᠢᠴᠠᠯ ᠢ 2012 ᠤᠨ ᠤ | 12᠄ 68᠄ 20 ᠪᠠᠶᠢᠭᠰᠠᠨ ᠠᠴᠠ 12.1᠄ 63.2᠄ 24.7 ᠪᠤᠯᠭᠠᠨ ᠰᠢᠯᠢᠳᠡᠭᠵᠢᠭᠦᠯᠦᠨ ᠲᠤᠭᠢᠷᠠᠭᠤᠯᠵᠤ᠂ ᠮᠠᠯ | ᠠᠵᠦ ᠠᠬᠤᠢ ᠲᠠᠷᠢᠶᠠᠯᠠᠩ ᠤᠨ ᠰᠠᠭᠤᠷᠢ ᠪᠤᠯᠬᠤ ᠪᠠᠶᠢᠷᠢ ᠰᠠᠭᠤᠷᠢ᠂ ᠠᠵᠦ ᠤᠶᠢᠯᠡᠳᠪᠦᠷᠢ ᠶᠢᠨ ᠭᠤᠤᠯᠯᠠᠬᠤ ᠪᠠᠶᠢᠷᠢ | ᠰᠠᠭᠤᠷᠢ ᠪᠠ ᠵᠢᠭᠤᠯᠴᠢᠯᠠᠯ ᠤᠨ ᠤᠶᠢᠯᠡᠰ ᠤᠨ ᠳᠠᠪᠠᠭᠤᠯᠢᠭ ᠪᠠᠶᠢᠷᠢ ᠰᠠᠭᠤᠷᠢ ᠶᠢ ᠢᠲᠦᠷ ᠢᠷᠡᠬᠦ ᠲᠤᠲᠤᠮ | ᠪᠠᠲᠤᠳᠬᠠᠭᠰᠠᠨ ᠪᠠᠶᠢᠨ᠎ᠠ᠃ | ᠤᠲᠤ ᠦᠶ᠎ᠡ ᠶᠢᠨ ᠮᠠᠯ ᠠᠵᠦ ᠠᠬᠤᠢ ᠲᠠᠷᠢᠶᠠᠯᠠᠩ ᠢ ᠲᠤᠭᠲᠠᠭᠤᠨ ᠢᠶᠠᠷ ᠠᠭᠢᠭᠤᠯᠤᠭᠰᠠᠨ ᠪᠠᠶᠢᠨ᠎ᠠ᠃ ︽ | 3661︾ ᠪᠠ ︽ᠵᠠᠭᠤᠨ ᠲᠤᠰᠬᠤᠨ ᠮᠢᠩᠭᠠᠨ ᠡᠷᠦᠬᠡ︾ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ | ᠦᠵᠡᠭᠦᠯᠵᠦ ᠤᠲᠤᠷᠢᠲᠤᠨ ᠳᠠᠭᠠᠭᠤᠯᠬᠤ ᠢᠨᠵᠧᠨᠧᠷᠢᠩ ᠢ ᠪᠦᠬᠦ ᠬᠦᠴᠦᠨ ᠢᠶᠠᠷ ᠭᠡᠷᠡᠭᠵᠢᠬᠦᠯᠵᠦ᠂ ᠤᠯᠠᠮᠵᠢᠯᠠᠯᠲᠦ ᠮᠠᠯ | ᠠᠵᠦ ᠠᠬᠤᠢ ᠲᠠᠷᠢᠶᠠᠯᠠᠩ ᠢ ᠤᠲᠤ ᠦᠶ᠎ᠡ ᠶᠢᠨ ᠮᠠᠯ ᠠᠵᠦ ᠠᠬᠤᠢ ᠲᠠᠷᠢᠶᠠᠯᠠᠩ ᠳᠡᠰᠢ ᠬᠤᠪᠢᠷᠠᠭᠤᠯᠬᠤ | ᠠᠯᠬᠤᠴᠠ ᠶᠢ ᠨᠡᠩ ᠪᠠᠲᠦ ᠴᠢᠩᠭ᠎ᠠ ᠬᠦᠴᠦᠨ ᠲᠠᠢ ᠪᠤᠯᠭᠠᠭᠰᠠᠨ ᠪᠠᠶᠢᠨ᠎ᠠ᠃ ᠠᠮᠤ ᠪᠤᠳᠠᠭ᠎ᠠ᠂ ᠠᠵᠦ ᠠᠬᠤᠢ ᠶᠢᠨ | ᠲᠠᠷᠢᠮᠠᠯ᠂ ᠪᠤᠷᠲᠤᠭ᠎ᠠ ᠶᠢᠨ ᠬᠠᠷᠢᠴᠠᠯ ᠢ 2012 ᠤᠨ ᠤ 76᠄ 21᠄ 3 ᠪᠠᠶᠢᠭᠰᠠᠨ ᠠᠴᠠ 68᠄ 17᠄ 15 ᠪᠤᠯᠭᠠᠨ | ᠲᠤᠭᠢᠷᠠᠭᠤᠯᠵᠦ᠂ ᠭᠠᠵᠠᠷ ᠰᠢᠷᠤᠢ᠂ ᠪᠡᠯᠴᠢᠭᠡᠷ ᠬᠠᠲᠤᠯᠠᠩ ᠤᠨ ᠡᠷᠭᠢᠯᠳᠡ ᠶᠢᠨ ᠨᠤᠷᠮ᠎ᠠ ᠶᠢ ᠳᠤᠰᠪᠤᠷᠢ 52.2% ᠪᠠ | 53% ᠪᠤᠯᠭᠠᠵᠤ᠂ ᠠᠮᠤ ᠪᠤᠷᠴᠠᠭ ᠤᠨ ᠶᠡᠷᠦᠩᠬᠡᠢ ᠤᠨᠠᠯᠲᠠ ᠦᠷᠭᠦᠯᠵᠢᠯᠡᠨ 5 ᠵᠢᠯ 6 ᠳ᠋ᠥ᠋ᠩᠰᠢᠭᠤᠷ ᠵᠢᠩ ᠢ | ᠳᠠᠪᠠᠵᠤ᠂ ᠬᠦᠢᠲᠡᠨ ᠰᠡᠷᠢᠭᠦᠨ ᠳᠤ ᠤᠷᠭᠤᠬᠤ ᠢᠳᠡᠰᠢᠨ ᠨᠤᠭᠤᠭ᠎ᠠ ᠶᠢ ᠲᠠᠷᠢᠭᠰᠠᠨ ᠳᠠᠯᠠᠪᠠᠢ 9 ᠲᠦᠮᠡᠨ ᠮᠤ ᠳᠤ | ᠬᠦᠷᠦᠭᠰᠡᠨ ᠪᠠᠶᠢᠨ᠎ᠠ︔ ᠠᠯᠠᠰᠢᠨ ᠦᠭᠡᠷ᠂ ᠠᠯᠠᠰᠢᠨ ᠬᠤᠨᠢ ᠶᠢᠨ ᠡᠭᠦᠯᠳᠡᠷ ᠰᠠᠶᠢᠵᠢᠷᠠᠭᠤᠯᠤᠭᠰᠠᠨ ᠨᠤᠷᠮ᠎ᠠ ᠳᠤᠰᠪᠤᠷᠢ | 97% ᠪᠠ 98% ᠳᠤ ᠬᠦᠷᠴᠦ᠂ ᠬᠤᠳᠠᠯᠲᠤᠭᠰᠠᠨ ᠨᠤᠷᠮ᠎ᠠ ᠳᠤᠰᠪᠤᠷᠢ 40% ᠪᠠ 55% ᠳᠤ ᠬᠦᠷᠦᠭᠰᠡᠨ | ᠪᠠᠶᠢᠨ᠎ᠠ︔ ᠮᠠᠯ ᠲᠠᠷᠢᠶᠠᠯᠠᠩ ᠤᠨ ᠪᠦᠲᠦᠭᠡᠭᠳᠡᠭᠦᠨ ᠢ ᠲᠤᠬᠠᠢ ᠶᠢᠨ ᠭᠠᠵᠠᠷ ᠲᠠᠭᠠᠨ ᠪᠤᠯᠪᠠᠰᠦᠷᠠᠭᠤᠯᠵᠤ | ᠬᠤᠪᠢᠷᠠᠭᠤᠯᠤᠭᠰᠠᠨ ᠨᠤᠷᠮ᠎ᠠ 51% ᠳᠤ ᠬᠦᠷᠦᠭᠰᠡᠨ ᠪᠠᠶᠢᠨ᠎ᠠ︔ ᠰᠢᠨ᠎ᠡ ᠪᠠᠷ ᠨᠡᠮᠡᠭᠳᠡᠭᠰᠡᠨ ᠬᠤᠷᠰᠢᠶ᠎ᠠ 314 | ᠪᠠᠶᠢᠵᠦ᠂ 744 ᠳᠤ ᠬᠦᠷᠴᠦ᠂ ᠮᠠᠯ ᠠᠵᠦ ᠠᠬᠤᠢ ᠲᠠᠷᠢᠶᠠᠯᠠᠩ ᠤᠨ ᠠᠵᠦ ᠤᠶᠢᠯᠡᠰᠵᠢᠭᠰᠡᠨ ᠬᠢᠷᠢ ᠲᠦᠪᠰᠢᠨ | ᠢᠯᠡᠳᠲᠡ ᠳᠡᠭᠡᠭᠰᠢᠯᠡᠭᠰᠡᠨ ᠪᠠᠶᠢᠨ᠎ᠠ᠃ ᠲᠡᠵᠢᠭᠡᠯ ᠡᠪᠡᠰᠦ ᠲᠠᠷᠢᠬᠤ᠂ ᠲᠦᠬᠦᠭᠡᠷᠦᠮᠵᠢᠲᠦ ᠲᠠᠷᠢᠶᠠᠯᠠᠩ᠂ ᠡᠭᠦᠯᠳᠡᠷ ᠤᠨ | ᠮᠠᠯ ᠤᠨ ᠦᠷ᠎ᠡ ᠶᠢᠨ ᠢᠨᠵᠧᠨᠧᠷᠢᠩ᠂ ᠦᠭᠡᠷ ᠬᠤᠨᠢ ᠶᠢ ᠡᠭᠦᠯᠳᠡᠷ ᠰᠠᠶᠢᠵᠢᠷᠠᠭᠤᠯᠬᠤ ᠢᠨᠵᠧᠨᠧᠷᠢᠩ᠂ ᠬᠦᠳᠡᠭᠡ | ᠲᠤᠰᠬᠤᠨ ᠤ ᠵᠢᠭᠤᠯᠴᠢᠯᠠᠯ ᠵᠡᠷᠭᠡ ᠲᠦᠷᠦᠯ ᠵᠦᠢᠯ ᠢ ᠡᠮᠬᠢ ᠲᠢᠭᠯᠢᠮ ᠲᠠᠢ ᠭᠡᠷᠡᠭᠵᠢᠬᠦᠯᠵᠦ᠂ ᠬᠠᠭᠤᠷᠠᠢ | ᠬᠦᠷᠢᠶ᠎ᠡ ᠶᠢᠨ ᠮᠠᠯ ᠲᠡᠵᠢᠭᠡᠨ ᠦᠷᠡᠵᠢᠭᠦᠯᠬᠦ ᠠᠷᠠᠯᠵᠢᠶᠠᠯᠠᠬᠤ ᠬᠦᠷᠢᠶᠡᠯᠡᠩ ᠲᠤᠭᠤᠷᠢᠭ ᠪᠠᠶᠢᠭᠤᠯᠤᠭᠳᠠᠨ | ᠠᠰᠢᠭᠯᠠᠯᠲᠠ ᠳᠤ ᠤᠷᠤᠵᠤ᠂ ᠮᠠᠯ ᠠᠵᠦ ᠠᠬᠤᠢ ᠲᠠᠷᠢᠶᠠᠯᠠᠩ ᠢ ᠬᠤᠶᠠᠷ ᠭᠤᠷᠪᠠᠲᠤᠭᠠᠷ ᠠᠵᠦ ᠤᠶᠢᠯᠡᠰ ᠲᠠᠢ | ᠬᠦᠨᠵᠡᠭᠡᠢ ᠠᠭᠤᠰᠤᠯᠴᠠᠭᠤᠯᠤᠭᠰᠠᠨ ᠪᠠᠶᠢᠨ᠎ᠠ᠃ ᠲᠠᠯ᠎ᠠ ᠨᠤᠲᠤᠭ ᠤᠨ ᠶᠢᠨ ᠹᠧᠩ ᠤᠲᠤ ᠦᠶ᠎ᠡ ᠶᠢᠨ ᠮᠠᠯ ᠠᠵᠦ | ᠠᠬᠤᠢ ᠲᠠᠷᠢᠶᠠᠯᠠᠩ ᠨᠢ ᠦᠪᠡᠷᠲᠡᠭᠡᠨ ᠵᠠᠰᠠᠬᠤ ᠤᠷᠤᠨ ᠤ ᠠᠩᠬᠠᠲᠤᠭᠠᠷ ᠪᠦᠯᠦᠭ ︽ᠤᠶᠢᠯᠡᠰ ᠪᠤᠰᠬᠠᠬᠤ ᠭᠠᠵᠠᠷ︾ | ᠤᠨ ᠲᠤᠷᠰᠢᠯᠲᠠ ᠶᠢᠨ ᠴᠢᠭ᠋ ᠤᠨ ᠨᠢᠭᠡᠴᠡ ᠪᠤᠯᠵᠦ᠂ ᠵᠤᠤ ᠤᠳᠠ ᠠᠯᠠᠰᠢᠨ ᠬᠤᠨᠢᠨ ᠤ ᠪᠤᠷᠤᠯᠠᠭᠤᠯᠭ᠎ᠠ ᠶᠢᠨ ᠬᠡᠮᠵᠢᠶ᠎ᠡ | ᠦᠷᠭᠦᠯᠵᠢᠯᠡᠨ 4 ᠵᠢᠯ ᠪᠦᠬᠦ ᠬᠤᠳᠠ ᠳᠤ ᠳᠡᠷᠢᠭᠦᠯᠡᠭᠰᠡᠨ ᠪᠠᠶᠢᠨ᠎ᠠ᠃ ︽ᠳᠠᠯᠠᠢ ᠨᠠᠭᠤᠷ︾ ᠳᠡᠮᠳᠡᠭᠲᠦ ᠨᠢ ᠳᠤᠮᠳᠠᠲᠦ | ᠤᠯᠤᠰ ᠤᠨ ᠨᠡᠷᠡᠲᠦ ᠲᠠᠸᠠᠷ ᠤᠨ ᠳᠡᠮᠳᠡᠭᠲᠦ ᠪᠤᠯᠵᠦ᠂ 2017 ᠤᠨ ᠤ ᠬᠠᠮᠤᠭ ᠤᠨ ᠨᠦᠯᠦᠭᠡᠯᠡᠬᠦ ᠬᠦᠴᠦᠨ ᠲᠠᠢ | ᠤᠰᠦᠨ ᠭᠠᠷᠤᠯᠲᠠ ᠶᠢᠨ ᠠᠵᠦ ᠠᠬᠤᠶᠢᠯᠠᠯ ᠤᠨ ᠳᠡᠮᠳᠡᠭᠲᠦ ᠪᠠᠷ ᠦᠨᠡᠯᠡᠭᠳᠡᠵᠦ᠂ ᠮᠠᠯ ᠲᠠᠷᠢᠶᠠᠯᠠᠩ ᠤᠨ | ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠦᠷᠢᠰᠦᠯᠲᠦᠬᠦ ᠬᠦᠴᠦᠨ ᠢᠯᠡᠷᠬᠡᠢ ᠨᠡᠮᠡᠭᠳᠡᠭᠰᠡᠨ ᠪᠠᠶᠢᠨ᠎ᠠ᠃ | ᠠᠵᠦ ᠤᠶᠢᠯᠡᠳᠪᠦᠷᠢ ᠶᠢᠨ ᠠᠵᠦ ᠠᠬᠤᠢ ᠶᠢᠨ ᠲᠤᠭ᠎ᠠ ᠬᠡᠮᠵᠢᠶ᠎ᠡ ᠶᠠᠰᠦ ᠴᠢᠨᠠᠷ ᠵᠡᠷᠭᠡᠪᠡᠷ ᠳᠡᠭᠡᠭᠰᠢᠯᠡᠭᠰᠡᠨ | ᠪᠠᠶᠢᠨ᠎ᠠ᠃ ᠲᠦᠷᠦᠯ ᠵᠦᠢᠯ ᠢᠶᠠᠷ ᠲᠠᠶᠢᠴᠢᠯᠠᠬᠤ ᠪᠠᠶᠢᠯᠲᠤᠬᠤ ᠪᠤᠲᠤᠯᠭ᠎ᠠ ᠶᠢ ᠬᠡᠷᠡᠭᠵᠢᠬᠦᠯᠵᠦ᠂ ᠬᠦᠷᠢᠶᠡᠯᠡᠩ | ᠲᠤᠭᠤᠷᠢᠭ ᠤᠨ ᠳᠠᠪᠴᠠᠩ ᠤᠨ ᠪᠦᠲᠦᠭᠡᠨ ᠪᠠᠶᠢᠭᠤᠯᠤᠯᠲᠠ ᠢ ᠴᠢᠩᠭᠠᠳᠬᠠᠵᠤ᠂ ᠠᠵᠦ ᠤᠶᠢᠯᠡᠳᠪᠦᠷᠢ ᠶᠢᠨ ᠠᠵᠦ | ᠠᠬᠤᠢ ᠶᠢᠨ ᠶᠠᠰᠦ ᠴᠢᠨᠠᠷ᠂ ᠦᠷ᠎ᠡ ᠠᠰᠢᠭ ᠤᠨ ᠬᠤᠤᠰ ᠳᠡᠭᠡᠭᠰᠢᠯᠡᠯᠳᠡ ᠶᠢ ᠪᠡᠶᠡᠯᠡᠭᠦᠯᠦᠭᠰᠡᠨ ᠪᠠᠶᠢᠨ᠎ᠠ᠃ ᠮᠢᠩᠭᠠᠨ | ᠲᠦᠮᠡᠨ ᠲᠦᠭᠦᠷᠢᠭ ᠠᠴᠠ ᠳᠡᠭᠡᠭᠰᠢᠬᠢ ᠠᠵᠦ ᠤᠶᠢᠯᠡᠳᠪᠦᠷᠢ ᠶᠢᠨ ᠭᠤᠤᠯᠳᠠᠯᠭ᠎ᠠ ᠲᠠᠢ ᠲᠦᠷᠦᠯ ᠵᠦᠢᠯ ᠢ ᠨᠡᠶᠢᠳᠡ | 56 ᠬᠡᠷᠡᠭᠵᠢᠬᠦᠯᠵᠦ᠂ 167.9 ᠳ᠋ᠥ᠋ᠩᠰᠢᠭᠤᠷ ᠲᠦᠭᠦᠷᠢᠭ ᠤᠨ ᠪᠡᠯᠡ ᠤᠷᠤᠭᠤᠯᠤᠯᠲᠠ ᠶᠢ ᠪᠡᠶᠡᠯᠡᠭᠦᠯᠵᠦ᠂ | ᠨᠡᠭᠦᠷᠡᠰᠦ ᠶᠢ ᠬᠡᠶᠢᠵᠢᠭᠦᠯᠬᠦ ᠵᠢᠯ ᠤᠨ ᠭᠠᠷᠭᠠᠯᠲᠠ ᠶᠢᠨ ᠴᠢᠳᠠᠪᠤᠷᠢ ᠨᠢ 13.3 ᠳ᠋ᠥ᠋ᠩᠰᠢᠭᠤᠷ ᠪᠤᠰᠤᠭ᠎ᠠ ᠲᠦᠷᠪᠡᠯᠵᠢᠨ | ᠮᠧᠳ᠋ᠷ᠂ ᠠᠭᠤᠷᠬᠠᠢ ᠶᠢᠨ ᠬᠦᠳᠡᠷ ᠤᠨ ᠵᠢᠯ ᠤᠨ ᠰᠢᠢᠳᠪᠦᠷᠢᠯᠡᠬᠦ ᠴᠢᠳᠠᠪᠤᠷᠢ ᠨᠢ 120 ᠲᠦᠮᠡᠨ ᠲᠤᠨ᠂ ᠬᠠᠷ᠎ᠠ | ᠲᠤᠭᠤᠯᠭ᠎ᠠ ᠶᠢᠨ ᠵᠢᠯ ᠤᠨ ᠪᠤᠯᠪᠠᠰᠦᠷᠠᠭᠤᠯᠬᠤ ᠴᠢᠳᠠᠪᠤᠷᠢ ᠨᠢ 2 ᠲᠦᠮᠡᠨ ᠲᠤᠨ᠂ ᠰᠠᠯᠭᠢᠨ ᠴᠠᠭᠢᠯᠭᠠᠨ ᠤ | ᠨᠡᠭᠡᠭᠡᠯᠳᠡ ᠶᠢᠨ ᠬᠡᠪᠴᠢᠶ᠎ᠡ ᠨᠢ 111.3 ᠲᠦᠮᠡᠨ ᠺᠢᠯᠤᠸᠠᠲ᠂ ᠭᠡᠷᠡᠯ ᠴᠡᠨᠡᠭ ᠤᠨ ᠴᠠᠭᠢᠯᠭᠠᠨ ᠭᠠᠷᠭᠠᠬᠤ ᠬᠡᠪᠴᠢᠶ᠎ᠡ | ᠨᠢ 2 ᠮᠢᠩᠭᠠᠨ ᠺᠢᠯᠤᠸᠠᠲ ᠰᠢᠨ᠎ᠡ ᠪᠠᠷ ᠨᠡᠮᠡᠭᠳᠡᠵᠦ᠂ ᡁᠢ ᠿᠦᠢ 4× 30 ᠲᠦᠮᠡᠨ ᠺᠢᠯᠤᠸᠠᠲ ᠤᠨ ᠤᠰᠦ | ᠳᠠᠲᠠᠵᠤ ᠡᠨᠧᠷᠬᠢ ᠬᠠᠳᠠᠭᠠᠯᠠᠬᠤ ᠴᠠᠭᠢᠯᠭᠠᠨ ᠦᠷᠳᠡᠭᠡ ᠶᠢᠨ ᠲᠦᠷᠦᠯ ᠵᠦᠢᠯ ᠪᠠᠷᠢᠯᠭ᠎ᠠ ᠪᠠᠨ ᠡᠭᠢᠯᠡᠭᠦᠯᠵᠦ᠂ ᠵᠢᠩ | ᠴᠧᠩ ᠰᠢᠨ᠎ᠡ ᠡᠨᠧᠷᠬᠢ ᠶᠢᠨ ᠰᠤᠷᠪᠤᠯᠵᠢ ᠶᠢᠨ ᠰᠠᠯᠭᠢᠨ ᠴᠠᠭᠢᠯᠭᠠᠨ ᠤ ᠮᠠᠰᠢᠨ ᠢ ᠪᠦᠬᠦᠯᠢ ᠴᠤᠭᠴᠠ ᠪᠠᠷ ᠤᠶᠢᠯᠡᠳᠬᠦ | ᠲᠦᠷᠦᠯ ᠵᠦᠢᠯ ᠢ ᠦᠨᠲᠦᠰᠦᠨ ᠳᠡᠭᠡᠨ ᠪᠠᠶᠢᠭᠤᠯᠵᠤ᠂ ᠪᠦᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠦ | ᠤᠶᠢᠯᠡᠳᠪᠦᠷᠢ ᠶᠢᠨ ᠠᠵᠦ ᠠᠬᠤᠶᠢᠯᠠᠯ ᠨᠢ 2012 ᠤᠨ ᠤ 32 ᠪᠠᠶᠢᠭᠰᠠᠨ ᠠᠴᠠ ᠨᠡᠮᠡᠭᠳᠡᠭᠡᠳ 37 ᠪᠤᠯᠵᠦ᠂ | ᠬᠢᠮᠢ ᠶᠢᠨ ᠠᠵᠦ ᠤᠶᠢᠯᠡᠳᠪᠦᠷᠢ᠂ ᠳᠡᠮᠦᠷᠯᠢᠭ ᠪᠤᠯᠪᠠᠰᠦᠷᠠᠭᠤᠯᠬᠤ᠂ ᠴᠡᠪᠡᠷ ᠡᠨᠧᠷᠬᠢ᠂ ᠮᠠᠰᠢᠨ ᠮᠧᠬᠠᠨᠢᠭ ᠤᠶᠢᠯᠡᠳᠬᠦ | ᠵᠡᠷᠭᠡ ᠲᠦᠷᠪᠡᠨ ᠶᠡᠭᠡ ᠭᠤᠤᠯᠯᠠᠬᠤ ᠠᠵᠦ ᠤᠶᠢᠯᠡᠰ ᠤᠨ ᠲᠤᠭᠲᠠᠯᠴᠠᠭ᠎ᠠ ᠶᠢ ᠠᠩᠬ᠎ᠠ ᠠᠯᠬᠤᠮ ᠪᠦᠷᠢᠯᠲᠦᠭᠦᠯᠦᠭᠰᠡᠨ | ᠪᠠᠶᠢᠨ᠎ᠠ᠃ ᠡᠷᠭᠢᠯᠳᠡᠲᠦ ᠠᠵᠦ ᠠᠬᠤᠢ ᠶᠢᠨ ᠠᠵᠦ ᠤᠶᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠴᠠᠭᠢᠯᠭᠠᠨ | ᠬᠠᠩᠭᠠᠬᠤ᠂ ᠭᠠᠵᠠᠷ ᠬᠡᠷᠡᠭᠯᠡᠬᠦ ᠨᠦᠭᠦᠴᠡᠯ ᠳᠠᠰᠤᠷᠠᠯᠲᠠ ᠦᠬᠡᠢ ᠰᠠᠶᠢᠵᠢᠷᠠᠵᠤ᠂ ᠤᠶᠢᠯᠡᠴᠢᠯᠡᠭᠡ ᠶᠢ ᠲᠦᠪᠯᠡᠷᠡᠭᠦᠯᠬᠦ | ᠲᠤᠭᠤᠷᠢᠭ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠢᠳᠡᠪᠭᠢᠲᠠᠢ ᠠᠭᠢᠭᠤᠯᠵᠤ᠂ ᠦᠪᠡᠷᠲᠡᠭᠡᠨ | ᠵᠠᠰᠠᠬᠤ ᠤᠷᠤᠨ ᠤ ᠰᠢᠨ᠎ᠡ ᠭᠡᠯᠪᠡᠷᠢ ᠶᠢᠨ ᠠᠵᠦ ᠤᠶᠢᠯᠡᠳᠪᠦᠷᠢᠵᠢᠭᠰᠡᠨ ᠠᠵᠦ ᠤᠶᠢᠯᠡᠰ ᠤᠨ ᠵᠢᠱᠢᠶ᠎ᠡ ᠦᠵᠡᠭᠦᠯᠬᠦ | ᠰᠠᠭᠤᠷᠢᠨ ᠭᠠᠵᠠᠷ᠂ ᠦᠪᠦᠷ ᠮᠤᠩᠭᠤᠯ ᠤᠨ ᠵᠡᠭᠦᠨ ᠬᠡᠰᠡᠭ ᠤᠨ ᠭᠤᠤᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ | ᠠᠵᠦ ᠤᠶᠢᠯᠡᠳᠪᠦᠷᠢ ᠶᠢᠨ ᠲᠦᠪᠯᠡᠷᠡᠩᠭᠦᠢ ᠲᠤᠭᠤᠷᠢᠭ ᠪᠤᠯᠤᠭᠰᠠᠨ ᠪᠠᠶᠢᠨ᠎ᠠ᠃ | ᠤᠶᠢᠯᠡᠴᠢᠯᠡᠭᠡ ᠶᠢᠨ ᠤᠶᠢᠯᠡᠰ ᠦᠷᠨᠢᠨ ᠭᠦᠭᠵᠢᠭᠰᠡᠨ ᠪᠠᠶᠢᠨ᠎ᠠ᠃ ᠵᠢᠭᠤᠯᠴᠢᠯᠠᠯ ᠤᠨ ᠤᠶᠢᠯᠡᠰ ᠤᠨ | ᠲᠤᠯᠤᠭᠠᠶᠢᠯᠠᠭᠴᠢ ᠪᠠᠶᠢᠷᠢ ᠰᠠᠭᠤᠷᠢ ᠪᠠ ᠲᠠᠶᠢᠴᠢᠯᠠᠬᠤ ᠤᠶᠢᠯᠡᠲᠦᠯ ᠢ ᠲᠤᠪᠤᠶᠢᠯᠭᠠᠵᠤ᠂ ᠠᠷᠠᠯᠵᠢᠶ᠎ᠠ ᠬᠤᠳᠠᠯᠲᠤᠭᠠᠨ ᠤ | ᠭᠦᠢᠯᠭᠡᠭᠡ᠂ ᠬᠦᠮᠦᠷᠭᠡᠯᠡᠨ ᠬᠠᠳᠠᠭᠠᠯᠠᠬᠤ ᠡᠳ᠋ ᠪᠠᠷᠠᠭᠠᠨ ᠤ ᠭᠦᠢᠯᠭᠡᠭᠡ᠂ ᠡᠯᠧᠺᠳ᠋ᠷᠤᠨ ᠬᠤᠳᠠᠯᠲᠤᠭ᠎ᠠ ᠵᠡᠷᠭᠡ | ᠤᠶᠢᠯᠡᠴᠢᠯᠡᠭᠡ ᠶᠢᠨ ᠤᠶᠢᠯᠡᠰ ᠤᠨ ᠭᠦᠭᠵᠢᠯᠳᠡ ᠶᠢᠨ ᠪᠠᠶᠢᠳᠠᠯ ᠰᠠᠶᠢᠨ᠃ ᠵᠢᠭᠤᠯᠴᠢᠯᠠᠯ ᠤᠨ ᠡᠵᠡᠩᠨᠡᠯᠳᠡ | ᠬᠠᠮᠢᠶᠠᠷᠦᠯᠲᠠ ᠶᠢᠨ ᠪᠠᠶᠢᠭᠤᠯᠤᠮᠵᠢ ᠵᠤᠭᠢᠮᠵᠢ ᠳᠠᠰᠤᠷᠠᠯᠲᠠ ᠦᠬᠡᠢ ᠵᠦᠭᠰᠢᠷᠡᠵᠦ᠂ ᠰᠤᠶᠤᠯ ᠵᠢᠭᠤᠯᠴᠢᠯᠠᠯ ᠤᠨ ᠺᠤᠮᠫᠠᠨᠢ | ᠵᠢᠩᠬᠢᠨᠢ ᠪᠠᠷ ᠡᠵᠡᠩᠨᠡᠯᠳᠡ ᠪᠠᠨ ᠬᠢᠵᠦ᠂ ᠦᠵᠡᠮᠵᠢ ᠶᠢᠨ ᠤᠷᠤᠨ ᠦᠵᠡᠮᠵᠢ ᠶᠢᠨ ᠴᠢᠭ᠋ ᠢ 6 ᠶᠢ ᠨᠡᠶᠢᠯᠡᠭᠦᠯᠬᠦ ᠪᠠ | ᠬᠤᠳᠠᠯᠲᠤᠨ ᠠᠪᠤᠭᠰᠠᠨ ᠪᠠᠶᠢᠨ᠎ᠠ︔ ᠵᠢᠭᠤᠯᠴᠢᠯᠠᠯ ᠤᠨ ᠭᠦᠭᠵᠢᠭᠦᠯᠦᠯᠳᠡ ᠶᠢᠨ ᠵᠦᠪᠯᠡᠯ᠂ ᠵᠢᠭᠤᠯᠴᠢᠯᠠᠯ ᠤᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠳᠡ ᠶᠢᠨ ᠲᠤᠪᠴᠢᠶ᠎ᠠ᠂ ᠵᠢᠭᠤᠯᠴᠢᠯᠠᠯ ᠤᠨ ᠴᠠᠭᠳᠠᠭᠠᠨ ᠤ ᠳᠤᠮᠳᠠ ᠠᠩᠭᠢ᠂ | ᠠᠮᠢ ᠠᠬᠤᠢ ᠶᠢᠨ ᠵᠢᠭᠤᠯᠴᠢᠯᠠᠯ ᠤᠨ ᠬᠠᠤᠯᠢ ᠬᠡᠷᠡᠭᠵᠢᠭᠦᠯᠦᠯᠳᠡ ᠶᠢᠨ ᠶᠡᠭᠡ ᠠᠩᠭᠢ᠂ ᠵᠢᠭᠤᠯᠴᠢᠯᠠᠯ ᠤᠨ ᠲᠤᠭᠤᠷᠢᠨ | ᠰᠢᠬᠦᠬᠦ ᠲᠢᠩᠭᠢᠮ ᠢ ᠵᠤᠭᠢᠶᠠᠨ ᠪᠠᠶᠢᠭᠤᠯᠵᠤ᠂ ᠵᠢᠭᠤᠯᠴᠢᠯᠠᠯ ᠤᠨ ᠬᠠᠮᠢᠶᠠᠷᠦᠯᠲᠠ ᠶᠢᠨ ᠵᠦᠪᠯᠡᠯ ᠤᠨ ᠲᠦᠪᠯᠡᠷᠡᠭᠦᠯᠦᠨ | ᠬᠢᠨᠠᠨ ᠵᠦᠪᠰᠢᠶᠡᠷᠡᠬᠦ ᠲᠦᠷᠢᠮ ᠢ ᠡᠭᠢᠯᠡᠨ ᠬᠡᠷᠡᠭᠵᠢᠬᠦᠯᠦᠭᠰᠡᠨ ᠪᠠᠶᠢᠨ᠎ᠠ᠃ ᠵᠢᠭᠤᠯᠴᠢᠯᠠᠯ ᠢ ᠨᠡᠭᠡᠭᠡᠨ ᠭᠦᠭᠵᠢᠭᠦᠯᠬᠦ | ᠪᠦᠲᠦᠭᠡᠨ ᠪᠠᠶᠢᠭᠤᠯᠤᠯᠲᠠ ᠳᠤ 38.3 ᠳ᠋ᠥ᠋ᠩᠰᠢᠭᠤᠷ ᠲᠦᠭᠦᠷᠢᠭ ᠤᠨ ᠪᠡᠯᠡ ᠤᠷᠤᠭᠤᠯᠵᠤ᠂ ᠦᠵᠡᠮᠵᠢ ᠶᠢᠨ | ᠤᠷᠤᠨ ᠤ ᠰᠠᠭᠤᠷᠢ ᠲᠦᠭᠦᠭᠡᠷᠦᠮᠵᠢ᠂ ᠤᠶᠢᠯᠡᠴᠢᠯᠡᠭᠡ ᠶᠢᠨ ᠴᠢᠳᠠᠪᠬᠢ ᠪᠠ ︽ᠲᠤᠭᠠᠴᠢᠯᠠᠭᠰᠠᠨ︾ ᠬᠠᠮᠢᠶᠠᠷᠣᠯᠲᠠ | ᠶᠢᠨ ᠬᠢᠷᠢ ᠲᠦᠪᠰᠢᠨ ᠢ ᠢᠯᠡᠳᠲᠠ ᠳᠡᠭᠡᠭᠰᠢᠯᠡᠭᠦᠯᠵᠦ᠂ ᠴᠢᠯᠠᠭᠤᠨ ᠰᠢᠭᠤᠢ ᠶᠢᠨ ᠤᠯᠤᠰ ᠤᠨ 5A ᠳᠡᠰ ᠤᠨ | ᠦᠵᠡᠮᠵᠢ ᠶᠢᠨ ᠤᠷᠤᠨ ᠢ ᠴᠤᠭᠴᠠᠯᠠᠨ ᠪᠠᠶᠢᠭᠤᠯᠬᠤ ᠠᠵᠢᠯ ᠨᠢ ᠬᠤᠷᠢᠶᠠᠨ ᠠᠪᠬᠤ ᠱᠠᠲᠦᠨ ᠳᠤ ᠤᠷᠤᠵᠦ᠂ | ︽ᠠᠽᠢᠶ᠎ᠠ ᠲᠢᠪ ᠤᠨ ᠬᠠᠮᠤᠭ ᠬᠦᠷᠢᠶᠡᠯᠡᠯ ᠲᠠᠢ ᠦᠵᠡᠮᠵᠢ ᠶᠢᠨ ᠤᠷᠤᠨ︾ ᠢᠶᠠᠷ ᠨᠡᠷᠡᠶᠢᠲᠦᠳᠡᠭᠰᠡᠨ ᠪᠠᠶᠢᠨ᠎ᠠ᠃ | ᠲᠦᠷᠪᠡᠨ ᠤᠯᠠᠷᠢᠯ ᠤᠨ ᠵᠢᠭᠤᠯᠴᠢᠯᠠᠯ ᠤᠨ ᠭᠤᠤᠯ ᠰᠡᠲᠦᠪᠲᠦ ᠠᠵᠢᠯᠯᠠᠭᠠᠨ ᠢ ᠳᠠᠰᠤᠷᠠᠯᠲᠠ ᠦᠬᠡᠢ ᠠᠭᠢᠭᠤᠯᠵᠤ᠂ | ᠤᠯᠤᠰ ᠤᠨ ᠲᠤᠲᠤᠭᠠᠲᠤᠬᠢ ᠠᠩᠬᠠᠳᠠᠭᠴᠢ ᠳᠤᠮᠤ ᠬᠡᠯᠪᠡᠷᠢ ᠶᠢᠨ ᠪᠠᠶᠢᠭᠠᠯᠢ ᠶᠢᠨ ᠠᠮᠢ ᠠᠬᠤᠢ ᠶᠢᠨ ᠪᠠᠷᠢᠮᠳᠠᠲᠤ ᠺᠢᠨᠤ᠋ | ︽ᠦᠵᠡᠰᠭᠦᠯᠡᠩᠲᠦ ᠭᠡᠰᠢᠭᠲᠡᠨ︾ ᠢ ᠲᠦᠪ ᠲᠧᠯᠧᠢᠰ ᠢᠶᠠᠷ ᠨᠡᠪᠳᠡᠷᠡᠭᠦᠯᠵᠦ᠂ ᠪᠦᠬᠦ ᠤᠯᠤᠰ ᠤᠨ ᠰᠡᠯᠡᠭᠦᠴᠡᠯ | ᠲᠠᠷᠢᠶᠠᠯᠠᠩ ᠵᠢᠴᠢ ᠬᠦᠳᠡᠭᠡ ᠲᠤᠰᠬᠤᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠬᠤᠰᠢᠭᠤ᠂ ᠰᠤᠲᠤᠯᠤᠨ | ᠰᠤᠷᠤᠯᠴᠠᠬᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠠ ᠤᠯᠤᠰ ᠤᠨ ᠪᠦᠬᠦ ᠤᠷᠤᠨ | ᠬᠡᠪᠴᠢᠶᠡᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠤᠭᠤᠷᠢᠭ ᠢ ᠴᠤᠭᠴᠠᠯᠠᠨ ᠪᠠᠶᠢᠭᠤᠯᠬᠤ ᠨᠢᠭᠡᠴᠡ ᠪᠠᠷ | ᠠᠮᠵᠢᠯᠲᠠ ᠲᠠᠢ ᠰᠤᠩᠭᠤᠭᠳᠠᠭᠰᠠᠨ ᠪᠠᠶᠢᠨ᠎ᠠ᠃ ᠵᠢᠭᠤᠯᠴᠢᠯᠠᠭᠰᠠᠳ ᠤᠨ ᠲᠤᠭ᠎ᠠ ᠪᠠ ᠵᠢᠭᠤᠯᠴᠢᠯᠠᠯ ᠤᠨ ᠶᠡᠷᠦᠩᠬᠡᠢ | ᠤᠷᠤᠯᠭ᠎ᠠ ᠳᠠᠭᠢᠨ ᠢᠶᠠᠷ ᠨᠡᠮᠡᠭᠳᠡᠬᠦ ᠶᠢ ᠪᠡᠶᠡᠯᠡᠭᠦᠯᠵᠦ᠂ ᠳᠤᠰᠪᠤᠷᠢ 2137.5 ᠲᠦᠮᠡᠨ ᠬᠦᠮᠦᠨ ᠤᠳᠠᠭ᠎ᠠ ᠪᠠ 171. | 9 ᠳ᠋ᠥ᠋ᠩᠰᠢᠭᠤᠷ ᠲᠦᠭᠦᠷᠢᠭ ᠲᠤ ᠬᠦᠷᠴᠦ᠂ ᠨᠢᠭᠡᠨᠳᠡ ᠬᠤᠰᠢᠭᠤᠨ ᠤ ᠠᠵᠦ ᠠᠬᠤᠢ ᠶᠢᠨ ᠭᠦᠭᠵᠢᠯᠳᠡ ᠶᠢ | ᠤᠲᠤᠷᠢᠲᠤᠨ ᠳᠠᠭᠠᠭᠤᠯᠬᠤ ᠰᠢᠨ᠎ᠡ ᠬᠦᠳᠡᠯᠭᠡᠭᠦᠷ ᠪᠤᠯᠤᠭᠰᠠᠨ ᠪᠠᠶᠢᠨ᠎ᠠ᠃ ᠢᠳᠡᠭᠡᠨ ᠤ ᠵᠦᠢᠯ ᠤᠨ ᠪᠤᠯᠪᠠᠰᠦᠷᠠᠭᠤᠯᠬᠤ | ᠪᠠᠭ᠎ᠠ ᠬᠦᠷᠢᠶᠡᠯᠡᠩ ᠲᠤᠭᠤᠷᠢᠭ ᠢ 2᠂ ᠭᠠᠵᠠᠷ ᠤᠷᠤᠨ ᠤ ᠴᠢᠨᠠᠷᠲᠠᠢ ᠢᠳᠡᠭᠡᠨ ᠤ ᠵᠦᠢᠯ ᠢ ᠰᠢᠯᠭᠠᠨ ᠪᠠᠶᠢᠴᠠᠭᠠᠵᠦ | ᠰᠢᠯᠭᠠᠨ ᠬᠡᠮᠵᠢᠬᠦ ᠲᠦᠪ 1 ᠶᠢ ᠰᠢᠨ᠎ᠡ ᠪᠠᠷ ᠪᠠᠶᠢᠭᠤᠯᠵᠦ᠂ ᠰᠠᠶᠢᠬᠠᠨ ᠲᠠᠷᠢᠶᠠᠯᠠᠩ ᠤᠨ ᠳᠠᠭᠠᠯᠲᠠ ᠪᠦᠲᠦᠭᠡᠭᠳᠡᠭᠦᠨ ᠤ | ᠠᠷᠠᠯᠵᠢᠶᠠᠨ ᠤ ᠵᠠᠬ᠎ᠠ ᠳᠡᠯᠭᠡᠭᠦᠷ ᠪᠠᠶᠢᠭᠤᠯᠤᠭᠳᠠᠨ ᠠᠰᠢᠭᠯᠠᠯᠲᠠ ᠳᠤ ᠤᠷᠤᠵᠤ᠂ ᠬᠤᠰᠢᠭᠤᠨ ᠤ ᠬᠠᠩᠭᠠᠨ | ᠪᠤᠷᠤᠯᠠᠭᠤᠯᠬᠤ ᠬᠤᠷᠰᠢᠶ᠎ᠠ ᠨᠢ ᠪᠦᠬᠦ ᠤᠷᠤᠨ ᠤ ︽ᠠᠷᠪᠠᠨ ᠬᠦᠴᠦᠷᠭᠡᠭ ᠰᠢᠶᠠᠨ ᠤ ᠳᠡᠰ ᠤᠨ ᠬᠠᠩᠭᠠᠨ | ᠪᠤᠷᠤᠯᠠᠭᠤᠯᠬᠤ ᠬᠤᠷᠢᠶ᠎ᠠ︾ ᠪᠠᠷ ᠦᠨᠡᠯᠡᠭᠳᠡᠵᠦ᠂ ᠪᠢᠷᠠᠭᠤ ᠪᠠᠯᠭᠠᠰᠦᠨ ᠤ ᠦᠨᠲᠦᠰᠦᠨ ᠱᠠᠲᠦᠨ ᠤ ᠬᠠᠩᠭᠠᠨ | ᠪᠤᠷᠤᠯᠠᠭᠤᠯᠬᠤ ᠬᠤᠷᠰᠢᠶ᠎ᠠ ᠨᠢ ᠪᠦᠬᠦ ᠤᠯᠤᠰ ᠤᠨ ᠬᠡᠪ ᠳᠠᠭᠤᠷᠢᠶᠠᠯ ᠦᠵᠡᠭᠦᠯᠬᠦ ᠬᠤᠷᠰᠢᠶ᠎ᠠ ᠪᠤᠯᠵᠦ᠂ ᠠᠷᠠᠯᠵᠢᠶ᠎ᠠ | ᠬᠤᠳᠠᠯᠲᠤᠭᠠᠨ ᠤ ᠵᠠᠬ᠎ᠠ ᠳᠡᠯᠭᠡᠭᠦᠷ ᠨᠡᠩ ᠶᠡᠭᠡ ᠦᠷᠨᠢᠨ ᠭᠦᠭᠵᠢᠭᠰᠡᠨ ᠪᠠᠶᠢᠨ᠎ᠠ᠃ ᠬᠦᠮᠦᠷᠭᠡᠯᠡᠨ ᠬᠠᠳᠠᠭᠠᠯᠠᠬᠤ ᠡᠳ᠋ | ᠪᠠᠷᠠᠭᠠᠨ ᠤ ᠭᠦᠢᠯᠭᠡᠭᠡ ᠨᠢ ᠪᠦᠬᠦ ᠭᠤᠭᠴᠤᠭᠠᠨ ᠳᠤ ᠨᠡᠪᠳᠡᠷᠡᠬᠦ ᠶᠢ ᠪᠡᠶᠡᠯᠡᠭᠦᠯᠦᠭᠰᠡᠨ ᠪᠠᠶᠢᠨ᠎ᠠ᠃ ᠪᠦᠬᠦ ᠤᠯᠤᠰ ᠤᠨ | ᠡᠯᠧᠺᠳ᠋ᠷᠤᠨ ᠬᠤᠳᠠᠯᠲᠤᠭ᠎ᠠ ᠶᠢ ᠮᠠᠯᠵᠢᠬᠤ ᠲᠠᠷᠢᠶᠠᠯᠠᠬᠤ ᠤᠷᠤᠨ ᠳᠤ ᠭᠦᠷᠭᠡᠭᠰᠡᠨ ᠶᠡᠷᠦᠩᠬᠡᠶᠢᠯᠡᠭᠰᠡᠨ ᠵᠢᠱᠢᠶ᠎ᠡ | ᠦᠵᠡᠭᠦᠯᠬᠦ ᠬᠤᠰᠢᠭᠤ ᠪᠤᠯᠤᠭᠰᠠᠨ ᠪᠠᠶᠢᠨ᠎ᠠ᠃ ᠰᠢᠨ᠎ᠡ ᠪᠠᠷ ᠨᠡᠮᠡᠭᠳᠡᠭᠰᠡᠨ ᠮᠦᠩᠭᠦᠨ ᠭᠦᠢᠯᠭᠡᠭᠡᠨ ᠤ ᠪᠠᠶᠢᠭᠤᠯᠤᠮᠵᠢ 1᠂ | ᠳᠠᠭᠠᠳᠬᠠᠯ ᠤᠨ ᠺᠤᠮᠫᠠᠨᠢ 4 ᠪᠠᠶᠢᠵᠦ᠂ ᠭᠦᠳᠡᠭᠡ ᠲᠤᠰᠬᠤᠨ ᠤ ᠢᠳᠡᠭᠡᠮᠵᠢ ᠶᠢᠨ ᠬᠤᠯᠪᠤᠭᠠᠲᠦ ᠬᠤᠷᠰᠢᠶ᠎ᠠ ᠨᠢ | ᠠᠮᠵᠢᠯᠲᠠ ᠲᠠᠢ ᠪᠠᠷ ᠬᠡᠯᠪᠡᠷᠢ ᠪᠠᠨ ᠬᠤᠪᠢᠷᠠᠭᠤᠯᠤᠨ ᠬᠦᠳᠡᠭᠡ ᠲᠤᠰᠬᠤᠨ ᠤ ᠬᠤᠳᠠᠯᠲᠤᠭᠠᠨ ᠤ ᠤᠶᠢᠯᠡᠰ ᠤᠨ ᠪᠠᠩᠭᠢ | ᠪᠤᠯᠤᠭᠰᠠᠨ ᠪᠠᠶᠢᠨ᠎ᠠ᠃ | ᠳᠠᠪᠤᠨ ᠵᠢᠯ ᠤᠨ ᠲᠤᠷᠰᠢ᠂ ᠪᠢᠳᠡ ᠰᠡᠳᠬᠢᠯ ᠳᠠᠯᠪᠢᠨ ᠬᠦᠴᠦ ᠤᠷᠤᠭᠤᠯᠵᠦ᠂ ᠬᠠᠮᠠᠭᠠᠯᠠᠯᠲᠠ ᠶᠢ ᠴᠢᠩᠭᠠᠳᠬᠠᠨ᠂ | ᠵᠠᠰᠠᠯᠲᠠ ᠶᠢ ᠴᠢᠬᠤᠯᠠᠴᠢᠯᠠᠵᠤ᠂ ᠠᠮᠢ ᠠᠬᠤᠢ ᠶᠢᠨ ᠤᠷᠴᠢᠨ ᠲᠤᠭᠤᠷᠢᠨ ᠦᠷᠭᠦᠯᠵᠢᠯᠡᠨ ᠰᠠᠶᠢᠵᠢᠷᠠᠭᠰᠠᠨ ᠪᠠᠶᠢᠨ᠎ᠠ᠃ | ᠤᠯᠠᠨ ᠠᠷᠭ᠎ᠠ ᠵᠠᠮ ᠢᠶᠠᠷ ᠠᠮᠢ ᠠᠬᠤᠢ ᠶᠢᠨ ᠬᠠᠮᠠᠭᠠᠯᠠᠯᠲᠠ᠂ ᠤᠷᠴᠢᠨ ᠠᠬᠤᠢ ᠶᠢᠨ ᠵᠠᠰᠠᠯᠲᠠ᠂ ᠪᠤᠬᠢᠷᠲᠦᠯ ᠦᠬᠡᠢ | ᠭᠦᠭᠵᠢᠯᠳᠡ᠂ ᠠᠮᠢ ᠠᠬᠤᠢ ᠶᠢᠨ ᠠᠮᠦᠷ ᠲᠦᠪᠰᠢᠨ ᠤ ᠪᠠᠲᠤᠯᠠᠭ᠎ᠠ ᠶᠢ ᠨᠡᠩ ᠶᠡᠭᠡ ᠪᠠᠲᠤᠵᠢᠭᠤᠯᠬᠤ ᠶᠢ | ᠠᠭᠢᠭᠤᠯᠤᠭᠰᠠᠨ ᠪᠠᠶᠢᠨ᠎ᠠ᠃ ᠠᠮᠢ ᠠᠬᠤᠢ ᠶᠢᠨ ᠬᠠᠮᠠᠭᠠᠯᠠᠯᠲᠠ ᠵᠢᠴᠢ ᠪᠦᠲᠦᠭᠡᠨ ᠪᠠᠶᠢᠭᠤᠯᠤᠯᠲᠠ ᠳᠤ ᠨᠡᠶᠢᠳᠡ 15.6 | ᠳ᠋ᠥ᠋ᠩᠰᠢᠭᠤᠷ ᠲᠦᠭᠦᠷᠢᠭ ᠤᠨ ᠪᠡᠯᠡ ᠤᠷᠤᠭᠤᠯᠵᠤ᠂ ᠲᠠᠷᠢᠵᠤ ᠤᠶᠢᠵᠢᠭᠤᠯᠬᠤ ᠶᠢ 81.1 ᠲᠦᠮᠡᠨ ᠮᠤ᠂ ᠭᠤᠤᠯᠳᠠᠯᠭ᠎ᠠ | ᠲᠠᠢ ᠭᠠᠵᠠᠷ ᠤᠷᠤᠨ ᠤ ᠨᠤᠭᠤᠭᠠᠷᠠᠭᠤᠯᠤᠯᠲᠠ ᠶᠢ 4.7 ᠲᠦᠮᠡᠨ ᠮᠤ᠋ ᠤᠰᠦ ᠬᠦᠷᠦᠰᠦ ᠶᠢ ᠬᠠᠮᠠᠭᠠᠯᠠᠬᠤ | ᠵᠠᠰᠠᠯᠲᠠ ᠶᠢ 13.4 ᠲᠦᠮᠡᠨ ᠮᠤ ᠰᠢᠨ᠎ᠡ ᠪᠠᠷ ᠨᠡᠮᠡᠭᠳᠡᠭᠦᠯᠵᠦ᠂ ᠤᠢ ᠰᠢᠭᠤᠢ ᠶᠢᠨ ᠪᠦᠷᠬᠦᠴᠡ ᠶᠢᠨ ᠨᠤᠷᠮ᠎ᠠ ᠶᠢ | ᠳᠡᠭᠡᠭᠰᠢᠯᠡᠭᠦᠯᠦᠭᠡᠳ 35.62% ᠪᠤᠯᠭᠠᠵᠤ᠂ ᠪᠦᠬᠦ ᠤᠯᠤᠰ ᠤᠨ ᠤᠢ ᠰᠢᠭᠤᠢ ᠶᠢᠨ ᠡᠭᠢ ᠪᠠᠶᠠᠯᠢᠭ ᠤᠨ | ᠦᠷᠭᠦᠯᠵᠢᠯᠡᠭᠦ᠋ᠢᠴᠡ ᠡᠵᠡᠩᠨᠡᠯᠳᠡ ᠬᠠᠮᠢᠶᠠᠷᠦᠯᠲᠠ ᠶᠢᠨ ᠲᠤᠷᠰᠢᠯᠲᠠ ᠶᠢᠨ ᠴᠢᠭ᠋ ᠤᠨ ᠬᠤᠰᠢᠭᠤ ᠪᠠ ᠪᠦᠬᠦ | ᠤᠯᠤᠰ ᠤᠨ ᠤᠢ ᠰᠢᠭᠤᠢ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠢᠶᠠᠨ ᠪᠤᠯᠤᠭᠰᠠᠨ ᠪᠠᠶᠢᠨ᠎ᠠ᠃ ᠨᠤᠲᠤᠭ | ᠪᠡᠯᠴᠢᠭᠡᠷ ᠤᠨ ᠠᠮᠢ ᠠᠬᠤᠢ ᠶᠢᠨ ᠨᠦᠭᠦᠪᠦᠷᠢ ᠬᠢᠭᠡᠳ ᠱᠠᠩᠨᠠᠯ ᠤᠨ ᠲᠦᠷᠦ ᠶᠢᠨ ᠪᠤᠲᠤᠯᠭ᠎ᠠ ᠶᠢ ᠢᠳᠡᠪᠬᠢᠲᠠᠢ | ᠨᠠᠶᠢᠳᠠᠪᠤᠷᠢᠵᠢᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠪᠡᠯᠴᠢᠭᠡᠷᠯᠡᠭᠦᠯᠬᠦ᠂ ᠮᠠᠯ ᠪᠡᠯᠴᠢᠭᠡᠷ ᠢ | ᠳᠡᠩᠴᠡᠭᠦᠷᠢᠰᠢᠭᠦᠯᠬᠦ ᠵᠡᠷᠭᠡ ᠡᠯ᠎ᠡ ᠲᠦᠷᠦᠯ ᠤᠨ ᠲᠦᠷᠢᠮ ᠢ ᠴᠢᠩᠭ᠎ᠠ ᠬᠡᠷᠡᠭᠵᠢᠬᠦᠯᠵᠦ᠂ ᠭᠠᠳᠠᠨᠠᠬᠢ ᠶᠢᠨ ᠮᠠᠯ ᠢ | ᠴᠡᠪᠡᠷᠯᠡᠬᠦ᠂ ᠨᠤᠲᠤᠭ ᠪᠡᠯᠴᠢᠭᠡᠷ ᠢ ᠬᠠᠤᠯᠢ ᠪᠤᠰᠦ ᠪᠠᠷ ᠡᠵᠡᠯᠡᠨ ᠬᠡᠷᠡᠭᠯᠡᠬᠦ ᠶᠢ ᠴᠡᠭᠴᠡᠯᠡᠬᠦ ᠵᠡᠷᠭᠡ ᠳᠤᠰᠬᠠᠢ | ᠲᠦᠷᠦᠯ ᠤᠨ ᠠᠵᠢᠯᠯᠠᠭ᠎ᠠ ᠶᠢ ᠪᠠᠶᠢᠩᠭᠤ ᠶᠢᠨ ᠴᠢᠨᠠᠷᠲᠠᠢ ᠦᠷᠨᠢᠭᠦᠯᠵᠦ᠂ ᠨᠤᠲᠤᠭ ᠪᠡᠯᠴᠢᠭᠡᠷ ᠤᠨ ᠤᠷᠭᠤᠮᠠᠯ ᠤᠨ | ᠬᠤᠴᠢᠯᠭ᠎ᠠ ᠶᠢ ᠳᠡᠭᠡᠭᠰᠢᠯᠡᠭᠦᠯᠦᠭᠡᠳ 43.31% ᠪᠤᠯᠭᠠᠵᠤ᠂ ᠪᠦᠬᠦ ᠤᠯᠤᠰ ᠤᠨ ᠭᠤᠤᠯᠳᠠᠯᠭ᠎ᠠ ᠲᠠᠢ ᠠᠮᠢ | ᠠᠬᠤᠢ ᠶᠢᠨ ᠵᠢᠭᠤᠯᠴᠢᠯᠠᠯ ᠤᠨ ᠵᠤᠷᠢᠯᠲᠠᠲᠦ ᠤᠷᠤᠨ ᠢᠶᠠᠷ ᠠᠮᠵᠢᠯᠲᠠ ᠲᠠᠢ ᠰᠤᠩᠭᠤᠭᠳᠠᠭᠰᠠᠨ ᠪᠠᠶᠢᠨ᠎ᠠ᠃ ᠰᠢᠨ᠎ᠡ | ᠪᠠᠷ ᠨᠡᠮᠡᠭᠳᠡᠭᠰᠡᠨ ᠤᠯᠤᠰ ᠤᠨ ᠳᠡᠰ ᠤᠨ ᠪᠤᠭᠢᠷᠲᠦᠯ ᠦᠬᠡᠢ ᠠᠭᠤᠷᠬᠠᠢ ᠶᠢᠨ ᠲᠤᠷᠰᠢᠯᠲᠠ ᠶᠢᠨ ᠴᠢᠭ᠋ 2 ᠪᠠᠶᠢᠵᠦ᠂ | ᠬᠤᠶᠠᠲᠤᠭᠠᠷ ᠬᠤᠭᠤᠴᠠᠭᠠᠨ ᠤ ᠤᠯᠤᠰ ᠤᠨ ᠨᠤᠲᠤᠭ ᠳᠡᠪᠢᠰᠬᠡᠷ ᠤᠨ ᠡᠬᠢ ᠪᠠᠶᠠᠯᠢᠭ ᠤᠨ ᠠᠷᠪᠢᠴᠢ ᠡᠷᠴᠢᠮᠲᠠᠢ | ᠰᠢᠶᠠᠨ ᠪᠤᠯᠤᠭᠰᠠᠨ ᠪᠠᠶᠢᠨ᠎ᠠ᠃ ᠤᠰᠦ᠂ ᠠᠭᠠᠷ᠂ ᠬᠦᠷᠦᠰᠦ ᠶᠢᠨ ᠪᠤᠬᠢᠷᠲᠦᠯ ᠢ ᠰᠡᠷᠭᠡᠶᠢᠯᠡᠨ ᠵᠠᠰᠠᠬᠤ ᠭᠤᠷᠪᠠᠨ ᠶᠡᠭᠡ | ᠠᠵᠢᠯᠯᠠᠭᠠᠨ ᠤ ᠲᠦᠯᠦᠪᠯᠡᠭᠡ ᠶᠢ ᠯᠠᠪᠳᠠᠭᠤᠨ ᠠᠭᠢᠭᠤᠯᠵᠤ᠂ ᠠᠵᠦ ᠠᠬᠤᠶᠢᠯᠠᠯ ᠤᠨ ᠡᠨᠧᠷᠬᠢ ᠠᠷᠪᠢᠯᠠᠨ ᠪᠤᠭᠢᠷᠲᠦᠯ ᠢ | ᠪᠠᠭᠠᠰᠬᠠᠬᠤ᠂ ᠮᠡᠷᠭᠡᠵᠢᠯ ᠢᠶᠠᠨ ᠦᠭᠡᠷᠡᠴᠢᠯᠡᠨ ᠳᠡᠰ ᠳᠡᠪᠰᠢᠬᠦ ᠶᠢ ᠪᠦᠬᠦ ᠲᠠᠯ᠎ᠠ ᠪᠠᠷ ᠬᠡᠷᠡᠭᠵᠢᠬᠦᠯᠵᠦ᠂ ᠡᠨᠧᠷᠬᠢ ᠶᠢᠨ | ᠰᠤᠷᠪᠤᠯᠵᠢ ᠡᠬᠢ ᠪᠠᠶᠠᠯᠢᠭ ᠤᠨ ᠬᠤᠷᠤᠭᠳᠠᠯ ᠤᠨ ᠬᠡᠮᠵᠢᠶ᠎ᠡ ᠶᠢ ᠶᠡᠭᠡ ᠬᠡᠮᠵᠢᠶ᠎ᠡ ᠪᠠᠷ ᠪᠠᠭᠠᠰᠬᠠᠵᠤ᠂ ᠲᠦᠮᠡᠨ | ᠲᠦᠭᠦᠷᠢᠭ ᠤᠨ GDP ᠳᠠᠬᠢ ᠡᠨᠧᠷᠬᠢ ᠶᠢᠨ ᠬᠤᠷᠤᠭᠳᠠᠯ ᠢ ᠬᠤᠳᠠ ᠠᠴᠠ ᠪᠠᠭᠤᠯᠭᠠᠭᠰᠠᠨ ᠭᠦᠢᠴᠡᠳᠬᠡᠯ | ᠲᠤᠭᠠᠨ ᠤ ᠬᠡᠪᠴᠢᠶᠡᠨ ᠲᠤᠲᠤᠷ᠎ᠠ ᠬᠢᠵᠠᠭᠠᠷᠯᠠᠵᠤ᠂ ᠲᠦᠷᠪᠡᠨ ᠲᠦᠷᠦᠯ ᠤᠨ ᠭᠤᠤᠯ ᠪᠤᠯᠬᠤ ᠪᠤᠬᠢᠷᠲᠦᠯ ᠪᠤᠳᠠᠰ ᠢ | ᠨᠡᠶᠢᠳᠡ 9369.51 ᠲᠤᠨ ᠪᠠᠭᠠᠰᠬᠠᠭᠰᠠᠨ ᠪᠠᠶᠢᠨ᠎ᠠ᠃ ᠤᠯᠤᠰ ᠤᠨ ᠠᠮᠢ ᠠᠬᠤᠢ ᠶᠢᠨ ᠬᠤᠰᠢᠭᠤ ᠪᠠᠷ ᠳᠡᠰ | ᠳᠡᠪᠰᠢᠭᠰᠡᠨ ᠪᠠᠶᠢᠨ᠎ᠠ᠃ | ᠳᠠᠪᠤᠨ ᠵᠢᠯ ᠤᠨ ᠲᠤᠷᠰᠢ᠂ ᠪᠢᠳᠡ ᠦᠷᠭᠦᠯᠵᠢᠯᠡᠨ ᠴᠢᠷᠮᠡᠶᠢᠵᠦ᠂ ᠨᠢᠭᠡᠲᠦᠯᠵᠢᠭᠦᠯᠬᠦ ᠶᠢ ᠴᠢᠬᠤᠯᠠᠴᠢᠯᠠᠨ᠂ | ᠰᠠᠭᠤᠷᠢ ᠶᠢ ᠴᠢᠩᠭᠠᠳᠬᠠᠵᠤ᠂ ᠰᠠᠭᠤᠷᠢᠰᠢᠨ ᠠᠮᠢᠳᠣᠷᠠᠬᠤ ᠤᠷᠴᠢᠨ ᠲᠤᠭᠤᠷᠢᠨ ᠢ ᠠᠯᠬᠤᠮ ᠠᠯᠬᠤᠮ ᠢᠶᠠᠷ | ᠰᠠᠶᠢᠵᠢᠷᠠᠭᠤᠯᠤᠭᠰᠠᠨ ᠪᠠᠶᠢᠨ᠎ᠠ᠃ ᠲᠦᠪ ᠬᠤᠳᠠ ᠪᠠᠯᠭᠠᠰᠦ ᠶᠢ ᠳᠤᠪᠤᠶᠢᠯᠭᠠᠨ᠂ ᠤᠨᠴᠠᠯᠢᠭᠲᠤ ᠬᠤᠳᠠ ᠪᠠᠯᠭᠠᠰᠦ ᠶᠢ | ᠡᠭᠦᠳᠴᠦ᠂ ᠪᠡᠯᠡ ᠤᠷᠤᠭᠤᠯᠤᠯᠲᠠ ᠶᠢ ᠨᠡᠮᠡᠭᠳᠡᠭᠦᠯᠦᠨ᠂ ᠲᠦᠷᠦᠯ ᠵᠦᠢᠯ ᠢ ᠨᠡᠮᠡᠵᠦ᠂ ᠬᠤᠳᠠ ᠬᠦᠳᠡᠭᠡ ᠶᠢᠨ ᠨᠢᠭᠡ | ᠴᠤᠭᠴᠠᠵᠢᠯᠠᠭᠰᠠᠨ ᠭᠦᠭᠵᠢᠯᠳᠡ ᠶᠢ ᠢᠳᠡᠪᠭᠢᠲᠠᠢ ᠠᠭᠢᠭᠤᠯᠤᠭᠰᠠᠨ ᠪᠠᠶᠢᠨ᠎ᠠ᠃ ᠬᠤᠳᠠ ᠪᠠᠯᠭᠠᠰᠦᠨ ᠤ ᠪᠦᠲᠦᠭᠡᠨ | ᠪᠠᠶᠢᠭᠤᠯᠤᠯᠲᠠ ᠳᠤ 10.6 ᠳ᠋ᠥ᠋ᠩᠰᠢᠭᠤᠷ ᠲᠦᠭᠦᠷᠢᠭ ᠤᠨ ᠪᠡᠯᠡ ᠤᠷᠤᠭᠤᠯᠵᠤ᠂ ᠸᠧᠺᠲ᠋ᠤᠷᠢ ᠬᠤᠳᠠᠯᠲᠤᠭᠠᠨ ᠤ | ᠳᠠᠯᠠᠪᠠᠢ᠂ ᠰᠢᠷᠠᠮᠦ᠋ᠷᠡᠨ ᠬᠤᠳᠠᠯᠲᠤᠭᠠᠨ ᠤ ᠳᠠᠯᠠᠪᠠᠢ᠂ ᠵᠢᠭᠤᠯᠴᠢᠯᠠᠯ ᠤᠨ ᠠᠷᠠᠯᠵᠢᠶ᠎ᠠ ᠬᠤᠳᠠᠯᠲᠤᠭᠠᠨ ᠤ ᠳᠠᠯᠠᠪᠠᠢ ᠶᠢᠨ I | ᠬᠤᠭᠤᠴᠠᠭ᠎ᠠ ᠨᠢ ᠵᠢᠩᠬᠢᠨᠢ ᠪᠠᠷ ᠡᠵᠡᠩᠨᠡᠯᠳᠡ ᠪᠠᠨ ᠬᠢᠵᠦ᠂ ︽ᠭᠤᠷᠪᠠᠨ ᠶᠡᠭᠡ ᠬᠤᠳᠠᠯᠲᠤᠭᠠᠨ ᠤ ᠲᠤᠭᠤᠷᠢᠭ︾ ᠢ | ᠠᠩᠬ᠎ᠠ ᠠᠯᠬᠤᠮ ᠪᠦᠷᠢᠯᠲᠦᠭᠦᠯᠦᠭᠰᠡᠨ ᠪᠠᠶᠢᠨ᠎ᠠ︔ ᠭᠤᠤᠯ ᠳᠠᠭᠠᠤ ᠵᠠᠮ ᠢ ᠪᠠᠶᠢᠭᠤᠯᠤᠨ ᠳᠡᠷᠭᠡ ᠨᠡᠪᠲᠡᠷᠡᠵᠤ᠂ | ᠪᠠᠯᠭᠠᠰᠦ ᠲᠤᠭᠤᠷᠢᠭ ᠤᠨ ᠴᠢᠮᠡᠭᠡ ᠬᠤᠯᠪᠤᠭ᠎ᠠ᠂ ᠤᠳᠠᠰᠦᠲᠦ ᠲᠧᠯᠧᠢᠰ᠂ ᠲᠦᠷᠰᠦ ᠰᠢᠩᠭᠡᠭᠡᠯᠳᠡ ᠤᠨ ᠬᠢᠨᠠᠨ | ᠡᠵᠡᠮᠳᠡᠯ᠂ ᠵᠠᠮ ᠬᠠᠷᠢᠯᠴᠠᠭ᠎ᠠ ᠶᠢᠨ ᠲᠤᠭᠢᠶᠠᠨ ᠳ᠋ᠧᠩ᠂ ᠴᠠᠭᠢᠯᠭᠠᠨ ᠳᠠᠲᠠᠯᠭᠠ ᠶᠢ ᠢᠵᠢᠯ ᠬᠤᠭᠤᠯᠠᠢ ᠪᠠᠷ ᠤᠭᠰᠠᠷᠠᠬᠤ | ᠪᠠᠷ ᠪᠡᠶᠡᠯᠡᠭᠦᠯᠵᠦ᠂ ᠬᠤᠳᠠ ᠪᠠᠯᠭᠠᠰᠦᠨ ᠤ ᠲᠦᠷᠢ ᠲᠦᠷᠬᠦ ᠶᠡᠬᠡᠭᠡᠨ ᠰᠠᠶᠢᠵᠢᠷᠠᠭᠰᠠᠨ ᠪᠠᠶᠢᠨ᠎ᠠ᠃ 33 ᠳ᠋ᠥ᠋ᠩᠰᠢᠭᠤᠷ | ᠲᠦᠭᠦᠷᠢᠭ ᠤᠨ ᠪᠡᠯᠡ ᠤᠷᠤᠭᠤᠯᠵᠤ᠂ ᠪᠠᠶᠢᠰᠢᠩ ᠭᠡᠷ ᠤᠨ ᠲᠤᠭᠤᠷᠢᠭ ᠤᠨ 5101ᠡᠷᠦᠬᠡ ᠶᠢ ᠦᠭᠡᠷᠡᠴᠢᠯᠡᠨ | ᠵᠠᠰᠠᠵᠤ᠂ ᠪᠠᠲᠤᠯᠠᠭ᠎ᠠ ᠶᠢᠨ ᠴᠢᠨᠠᠷᠲᠠᠢ ᠤᠷᠤᠨ ᠰᠠᠭᠤᠴᠠ ᠶᠢ 2038 ᠢᠵᠢ ᠪᠦᠲᠦᠭᠡᠨ ᠪᠠᠶᠢᠭᠤᠯᠵᠦ᠂ ᠳᠡᠤᠬᠡ ᠶᠢᠨ | ᠰᠢᠨ᠎ᠡ ᠲᠦᠪᠰᠢᠨ ᠢ ᠡᠭᠦᠲᠦᠭᠰᠡᠨ ᠪᠠᠶᠢᠨ᠎ᠠ᠃ ᠤᠲᠤ ᠪᠠᠶᠢᠭ᠎ᠠ ᠰᠠᠭᠤᠭᠠᠯᠢ ᠠᠷᠠᠳ ᠤᠨ ᠲᠤᠭᠤᠷᠢᠭ ᠤᠨ ᠡᠨᠧᠷᠬᠢ | ᠠᠷᠪᠢᠯᠠᠬᠤ ᠦᠭᠡᠷᠡᠴᠢᠯᠡᠯᠳᠡ ᠶᠢ 72.3 ᠲᠦᠮᠡᠨ ᠳᠡᠭᠰᠢ ᠲᠦᠷᠪᠡᠯᠵᠢᠨ ᠮᠧᠳ᠋ᠷ᠂ ᠮᠠᠯᠵᠢᠬᠤ ᠲᠠᠷᠢᠶᠠᠯᠠᠬᠤ ᠤᠷᠤᠨ ᠤ | ᠨᠤᠷᠠᠬᠤ ᠠᠶᠤᠯᠲᠠᠢ ᠭᠡᠷ ᠪᠠᠶᠢᠰᠢᠩ ᠢ ᠦᠭᠡᠷᠡᠴᠢᠯᠡᠨ ᠵᠠᠰᠠᠬᠤ ᠶᠢ 14470 ᠡᠷᠦᠬᠡ ᠪᠡᠶᠡᠯᠡᠭᠦᠯᠵᠦ᠂ ᠰᠢᠨ᠎ᠡ ᠪᠠᠷ | ᠨᠡᠮᠡᠭᠳᠡᠭᠰᠡᠨ ᠭᠡᠷ ᠭᠠᠵᠠᠷ ᠬᠦᠷᠦᠩᠭᠡ ᠶᠢᠨ ᠨᠡᠭᠡᠭᠡᠯᠲᠡ ᠶᠢᠨ ᠳᠠᠯᠠᠪᠠᠢ 126.1 ᠲᠦᠮᠡᠨ ᠳᠡᠭᠰᠢ ᠲᠦᠷᠪᠡᠯᠵᠢᠨ | ᠮᠧᠳ᠋ᠷ ᠪᠠᠶᠢᠵᠤ᠂ ᠤᠯᠠᠨ ᠲᠦᠮᠡᠨ ᠤ ᠰᠠᠭᠤᠭᠠᠯᠢ ᠤᠷᠴᠢᠨ ᠤ ᠨᠦᠭᠦᠴᠡᠯ ᠢᠯᠡᠳᠲᠠ ᠰᠠᠶᠢᠵᠢᠷᠠᠭᠰᠠᠨ ᠪᠠᠶᠢᠨ᠎ᠠ᠃ | ᠪᠤᠯᠪᠠᠰᠦᠨ ᠬᠤᠳᠠ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠡᠭᠢᠯᠡᠭᠦᠯᠵᠦ᠂ ᠪᠠᠯᠭᠠᠰᠦ ᠲᠤᠭᠤᠷᠢᠭ ᠤᠨ | ᠤᠰᠦ ᠬᠠᠩᠭᠠᠬᠤ᠂ ᠳᠤᠯᠠᠭᠠᠯᠭ᠎ᠠ ᠬᠠᠩᠭᠠᠬᠤ᠂ ᠨᠤᠭᠤᠭᠠᠷᠠᠭᠤᠯᠤᠯᠲᠠ᠂ ᠭᠤᠶᠤᠵᠢᠭᠤᠯᠤᠯᠲᠠ᠂ ᠬᠡᠷᠡᠯᠲᠦᠭᠦᠯᠭᠡ ᠵᠡᠷᠭᠡ | ᠬᠤᠳᠠ ᠶᠢᠨ ᠶᠠᠪᠤᠳᠠᠯ ᠤᠨ ᠰᠠᠭᠤᠷᠢ ᠪᠦᠲᠦᠭᠡᠨ ᠪᠠᠶᠢᠭᠤᠯᠤᠯᠲᠠ ᠶᠢ ᠳᠠᠰᠤᠷᠠᠯᠲᠠ ᠦᠬᠡᠢ ᠴᠢᠩᠭᠠᠳᠬᠠᠵᠤ᠂ | ᠦᠪᠡᠷᠲᠡᠭᠡᠨ ᠵᠠᠰᠠᠬᠤ ᠤᠷᠤᠨ ᠤ ᠴᠡᠴᠡᠷᠯᠢᠭᠵᠢᠭᠰᠡᠨ ᠰᠢᠶᠠᠨ ᠤ ᠬᠤᠳᠠ ᠪᠠᠷ ᠳᠡᠰ ᠳᠡᠪᠰᠢᠭᠰᠡᠨ ᠪᠠᠶᠢᠨ᠎ᠠ᠃ ᠵᠠᠰᠠᠮᠠᠯ | ᠵᠠᠮ ᠤᠨ ᠪᠦᠲᠦᠭᠡᠨ ᠪᠠᠶᠢᠭᠤᠯᠤᠯᠲᠠ ᠳᠤ 60.6 ᠳ᠋ᠥ᠋ᠩᠰᠢᠭᠤᠷ ᠲᠦᠭᠦᠷᠢᠭ ᠤᠨ ᠪᠡᠯᠡ ᠤᠷᠤᠭᠤᠯᠵᠤ᠂ ᠰᠢᠨ᠎ᠡ ᠪᠠᠷ | ᠳᠡᠷᠭᠡ ᠨᠡᠪᠳᠡᠷᠡᠭᠰᠡᠨ ᠵᠠᠮ ᠨᠢ 1363.4 ᠺᠢᠯᠤᠮᠧᠳ᠋ᠷ ᠪᠠᠶᠢᠵᠦ᠂ ᠦᠨᠲᠦᠷ ᠬᠤᠷᠴᠠᠲᠦ ᠵᠠᠰᠠᠮᠠᠯ ᠵᠠᠮ ᠲᠠᠢ | ᠪᠤᠯᠤᠭᠰᠠᠨ ᠪᠠᠶᠢᠨ᠎ᠠ︔ ᠵᠢᠨᠢᠩ ᠠᠴᠠ ᠲᠦᠩᠯᠢᠶᠤᠤ ᠬᠦᠷᠬᠦ ᠳᠠᠪᠬᠤᠷ ᠱᠤᠭᠤᠮ ᠤᠨ ᠪᠦᠲᠦᠭᠡᠨ ᠪᠠᠶᠢᠭᠤᠯᠤᠯᠲᠠ ᠶᠢ | ᠯᠠᠪᠳᠠᠭᠤᠨ ᠢᠶᠠᠷ ᠠᠭᠢᠭᠤᠯᠤᠭᠰᠠᠨ ᠪᠠᠶᠢᠨ᠎ᠠ︔ 3 ᠨᠡᠶᠢᠳᠡᠮ ᠬᠡᠷᠡᠭᠯᠡᠭᠡᠨ ᠤ ᠨᠢᠰᠬᠡᠯ ᠤᠨ ᠳᠠᠯᠠᠪᠠᠢ ᠶᠢᠨ ᠲᠦᠷᠦᠯ | ᠵᠦᠢᠯ ᠤᠨ ᠠᠭᠢᠴᠠ ᠤᠷᠤᠭᠰᠢᠲᠠᠢ ᠪᠠᠶᠢᠵᠦ᠂ ᠪᠠᠶᠡᠲᠦ ᠵᠠᠮ ᠬᠠᠷᠢᠯᠴᠠᠭᠠᠨ ᠤ ᠲᠤᠤᠷᠵᠢᠯ ᠤᠨ ᠪᠦᠲᠦᠴᠡ ᠶᠢ ᠠᠩᠬ᠎ᠠ | ᠠᠯᠬᠤᠮ ᠪᠠᠶᠢᠭᠤᠯᠤᠭᠰᠠᠨ ᠪᠠᠶᠢᠨ᠎ᠠ᠃ ᠬᠦᠴᠦᠳᠡᠯ ᠬᠤᠪᠢᠰᠬᠠᠬᠤ ᠦᠷᠳᠡᠭᠡ 8᠂ ᠡᠯ᠎ᠡ ᠲᠦᠷᠦᠯ ᠤᠨ ᠴᠠᠭᠢᠯᠭᠠᠨ | ᠬᠦᠷᠭᠡᠬᠦ ᠤᠳᠠᠰᠦ ᠶᠢ 1016.5 ᠺᠢᠯᠤᠮᠧᠳ᠋ᠷ ᠰᠢᠨ᠎ᠡ ᠪᠠᠷ ᠪᠠᠶᠢᠭᠤᠯᠬᠤ ᠪᠠ ᠦᠷᠭᠡᠳᠭᠡᠨ ᠪᠠᠶᠢᠭᠤᠯᠤᠭᠰᠠᠨ ᠪᠠᠶᠢᠨ᠎ᠠ︔ | 473 ᠴᠢᠮᠡᠭᠡ ᠬᠤᠯᠪᠤᠭ᠎ᠠ ᠶᠢᠨ ᠰᠠᠭᠤᠷᠢ ᠦᠷᠳᠡᠭᠡ ᠶᠢ ᠰᠢᠨ᠎ᠡ ᠪᠠᠷ ᠪᠠᠶᠢᠭᠤᠯᠵᠤ᠂ ᠭᠡᠷᠡᠯᠯᠢᠭ ᠤᠳᠠᠰᠦ ᠶᠢ 1.07 | ᠲᠦᠮᠡᠨ ᠺᠢᠯᠤᠮᠧᠳ᠋ᠷ ᠳᠡᠪᠢᠰᠴᠦ᠂ ᠴᠠᠭᠢᠯᠭᠠᠨ ᠭᠦᠴᠦ᠂ ᠴᠢᠮᠡᠭᠡ ᠬᠤᠯᠪᠤᠭ᠎ᠠ ᠶᠢ ᠪᠦᠷᠭᠦᠭᠦᠯᠬᠦ ᠶᠢ ᠦᠨᠲᠦᠰᠦᠨ ᠳᠡᠭᠡᠨ | ᠪᠡᠶᠡᠯᠡᠭᠦᠯᠦᠭᠰᠡᠨ ᠪᠠᠶᠢᠨ᠎ᠠ᠃ | ᠳᠠᠪᠤᠨ ᠵᠢᠯ ᠤᠨ ᠲᠤᠷᠰᠢ᠂ ᠪᠢᠳᠡ ᠰᠡᠳᠬᠢᠯ ᠢᠶᠠᠨ ᠨᠢᠭᠡᠳᠬᠡᠨ ᠬᠦᠴᠦᠨ ᠢᠶᠠᠨ ᠲᠦᠪᠯᠡᠷᠡᠭᠦᠯᠵᠦ᠂ | ᠪᠠᠲᠤᠯᠠᠭ᠎ᠠ ᠶᠢ ᠴᠢᠩᠭᠠᠳᠬᠠᠨ᠂ ᠠᠷᠠᠳ ᠤᠨ ᠠᠮᠢᠲᠦᠷᠠᠯ ᠢ ᠬᠠᠷᠠᠭᠠᠯᠵᠠᠵᠤ᠂ ᠤᠯᠠᠨ ᠲᠦᠮᠡᠨ ᠳᠤ ᠵᠣᠯ ᠵᠢᠷᠭᠠᠯ | ᠡᠳ᠋ᠯᠡᠭᠦᠯᠦᠭᠰᠡᠨ ᠪᠠᠶᠢᠨ᠎ᠠ᠃ ᠦᠨᠲᠦᠰᠦ ᠶᠢ ᠪᠠᠲᠤᠯᠠᠨ᠂ ᠲᠤᠤᠷ᠎ᠠ ᠬᠢᠵᠠᠭᠠᠷ ᠢ ᠪᠠᠲᠤᠯᠠᠵᠤ᠂ ᠲᠦᠪ ᠭᠤᠤᠯᠴᠢ ᠶᠢ | ᠠᠭᠢᠭᠤᠯᠬᠤ ᠲᠤᠭᠤᠷᠢᠨ ᠳᠤ᠂ ᠠᠷᠠᠳ ᠤᠨ ᠠᠮᠢᠲᠦᠷᠠᠯ ᠢ ᠨᠡᠶᠢᠳᠡᠮ ᠬᠠᠷᠠᠭᠠᠯᠵᠠᠬᠤ ᠢᠨᠵᠧᠨᠧᠷᠢᠩ ᠢ ᠪᠦᠬᠦ | ᠬᠦᠴᠦᠨ ᠢᠶᠠᠷ ᠬᠡᠷᠡᠭᠵᠢᠬᠦᠯᠵᠦ᠂ ᠤᠯᠠᠨ ᠲᠦᠮᠡᠨ ᠳᠤ ᠵᠤᠯ ᠵᠢᠷᠭᠠᠯ ᠢ ᠦᠨᠡᠩᠭᠦ ᠡᠳ᠋ᠯᠡᠭᠦᠯᠦᠭᠰᠡᠨ ᠪᠠᠶᠢᠨ᠎ᠠ᠃ | ᠶᠠᠳᠠᠭᠤ ᠠᠴᠠ ᠠᠩᠭᠢᠵᠢᠷᠠᠭᠤᠯᠤᠨ ᠪᠠᠭᠢᠯᠡᠯᠲᠡ ᠰᠢᠪᠲᠤᠯᠬᠤ ᠶᠢ ᠭᠦᠴᠦᠯᠡᠨ ᠠᠭᠢᠭᠤᠯᠵᠦ᠂ ᠭᠠᠴᠠᠭ᠎ᠠ ᠲᠤᠰᠬᠤᠨ ᠳᠤ | ᠰᠠᠭᠤᠭ᠎ᠠ ︽ᠨᠢᠭᠡᠲᠦᠭᠡᠷ ᠱᠦᠵᠢ︾ 123 ᠨᠡᠷ᠎ᠡ᠂ ᠭᠠᠴᠠᠭ᠎ᠠ ᠲᠤᠰᠬᠤᠨ ᠳᠤ ᠰᠠᠭᠤᠭ᠎ᠠ ᠠᠵᠢᠯ ᠤᠨ ᠠᠩᠭᠢ ᠶᠢᠨ | ᠠᠵᠢᠯᠲᠠᠨ 723 ᠨᠡᠷ᠎ᠡ ᠪᠠᠶᠢᠵᠦ᠂ 130 ᠪᠠᠶᠢᠭᠤᠯᠤᠯᠭ᠎ᠠ ᠨᠢᠭᠡᠴᠡ ᠲᠤᠭᠲᠠᠭᠰᠠᠨ ᠴᠢᠭ᠋ ᠢᠶᠠᠷ 123 ᠭᠠᠴᠠᠭ᠎ᠠ | ᠲᠤᠰᠬᠤᠨ ᠢ ᠬᠠᠪᠰᠤᠷᠤᠨ ᠳᠡᠮᠵᠢᠬᠦ᠂ 5136 ᠨᠡᠷ᠎ᠡ ᠺᠠᠳ᠋ᠷ 11734 ᠶᠠᠳᠠᠭᠤ ᠬᠦᠴᠢᠷᠲᠠᠢ ᠡᠷᠦᠬᠡ ᠶᠢ | ᠬᠠᠪᠰᠤᠷᠤᠨ ᠳᠡᠮᠵᠢᠬᠦ ᠶᠢ ᠵᠤᠭᠢᠶᠠᠨ ᠪᠠᠶᠢᠭᠤᠯᠵᠤ᠂ ᠡᠳ᠋ ᠤᠨ ᠵᠠᠰᠠᠭ ᠤᠨ ᠶᠠᠳᠠᠭᠤ ᠶᠢ ᠳᠡᠳᠬᠦᠬᠦ ᠪᠡᠯᠡ ᠮᠦᠩᠭᠦ ᠶᠢ 4. | 45 ᠳ᠋ᠦ᠋ᠩᠰᠢᠭᠤᠷ ᠲᠦᠭᠦᠷᠢᠭ ᠤᠷᠤᠭᠤᠯᠵᠤ᠂ ᠮᠦᠩᠭᠦᠨ ᠭᠦᠢᠯᠭᠡᠭᠡᠨ ᠤ ᠠᠷᠠᠳ ᠢ ᠪᠠᠶᠠᠵᠢᠭᠤᠯᠵᠦ ᠶᠠᠳᠠᠭᠤ ᠶᠢ | ᠳᠡᠳᠬᠦᠬᠦ ᠵᠢᠭᠡᠯᠡᠯᠭᠡ ᠶᠢ 6.5 ᠳ᠋ᠥ᠋ᠩᠰᠢᠭᠤᠷ ᠲᠦᠭᠦᠷᠢᠭ ᠲᠠᠷᠬᠠᠭᠠᠵᠤ᠂ 2.2 ᠲᠦᠮᠡᠨ ᠶᠠᠳᠠᠭᠤ ᠬᠦᠴᠢᠷᠲᠠᠢ ᠬᠦᠮᠦᠨ | ᠠᠮᠠ ᠶᠢ ᠳᠡᠮᠵᠢᠨ ᠶᠠᠳᠠᠭᠤ ᠠᠴᠠ ᠠᠩᠭᠢᠵᠢᠷᠠᠭᠤᠯᠵᠤ᠂ 44 ᠶᠠᠳᠠᠭᠤ ᠬᠦᠴᠢᠷᠲᠠᠢ ᠭᠠᠴᠠᠭ᠎ᠠ ᠲᠤᠰᠬᠤᠨ | ᠶᠠᠳᠠᠭᠤ ᠠᠴᠠ ᠠᠩᠭᠢᠵᠢᠷᠠᠭᠰᠠᠨ ᠪᠠᠶᠢᠨ᠎ᠠ᠃ ᠬᠤᠳᠠ ᠪᠠᠯᠭᠠᠰᠦᠨ ᠤ ᠰᠢᠨ᠎ᠡ ᠪᠠᠷ ᠠᠵᠢᠯ ᠤᠯᠤᠭᠰᠠᠨ ᠨᠢ ᠨᠡᠶᠢᠳᠡ | 9537 ᠬᠦᠮᠦᠨ ᠪᠠᠶᠢᠵᠤ᠂ ᠨᠡᠶᠢᠳᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ 2798 ᠶᠢ ᠨᠡᠭᠡᠭᠡᠵᠦ᠂ | ᠤᠶᠢᠯᠡᠰ ᠪᠤᠰᠬᠠᠬᠤ ᠪᠠᠲᠤᠯᠠᠭ᠎ᠠ ᠶᠢᠨ ᠵᠢᠭᠡᠯᠡᠯᠭᠡ ᠶᠢ 8231 ᠲᠦᠮᠡᠨ ᠲᠦᠭᠦᠷᠢᠭ ᠲᠠᠷᠬᠠᠭᠠᠵᠤ᠂ ᠬᠤᠳᠠ | ᠪᠠᠯᠭᠠᠰᠦᠨ ᠤ ᠳᠠᠩᠰᠠᠯᠠᠭᠰᠠᠨ ᠠᠵᠢᠯ ᠠᠯᠳᠠᠭᠰᠠᠨ ᠨᠤᠷᠮ᠎ᠠ ᠶᠢ 3.1% ᠶᠢᠨ ᠲᠤᠲᠤᠷ᠎ᠠ ᠬᠢᠵᠠᠭᠠᠷᠯᠠᠵᠤ᠂ ︽ᠠᠵᠢᠯ | ᠦᠬᠡᠢ ᠭᠡᠷ ᠪᠦᠯᠢ︾ ᠶᠢ ᠬᠦᠳᠡᠯᠦᠩᠭᠦᠢ ᠪᠠᠷ ᠴᠡᠪᠡᠷᠯᠡᠬᠦ ᠶᠢ ᠪᠠᠲᠤᠯᠠᠭᠰᠠᠨ ᠪᠠᠶᠢᠨ᠎ᠠ᠃ ᠬᠤᠳᠠ ᠪᠠᠯᠭᠠᠰᠦᠨ ᠤ | ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠳᠠᠭᠠᠳᠬᠠᠯ ᠳᠤ ᠤᠷᠤᠯᠴᠠᠭᠰᠠᠨ ᠨᠤᠷᠮ᠎ᠠ ᠶᠢ ᠢᠮᠠᠭᠲᠠ | 95% ᠠᠴᠠ ᠳᠡᠭᠡᠭᠰᠢ ᠪᠠᠶᠢᠯᠭᠠᠵᠤ᠂ ᠤᠯᠠᠨ ᠨᠡᠶᠢᠳᠡ ᠶᠢᠨ ᠦᠨᠲᠦᠰᠦᠨ ᠡᠷᠡᠭᠦᠯ ᠬᠠᠮᠠᠭᠠᠯᠠᠯ ᠤᠨ ᠤᠶᠢᠯᠡᠴᠢᠯᠡᠭᠡ ᠶᠢ | ᠪᠦᠷᠬᠦᠬᠦᠯᠬᠦ ᠶᠢ ᠪᠡᠶᠡᠯᠡᠭᠦᠯᠦᠭᠰᠡᠨ ᠪᠠᠶᠢᠨ᠎ᠠ᠃ ᠨᠡᠶᠢᠭᠡᠮ ᠤᠨ ᠳᠠᠭᠠᠳᠬᠠᠯ ᠤᠨ ᠳᠠᠭᠠᠳᠬᠠᠯ ᠳᠤ ᠤᠷᠤᠭᠰᠠᠨ ᠬᠦᠮᠦᠨ | ᠲᠤᠭ᠎ᠠ 15.1 ᠲᠦᠮᠡᠨ ᠬᠦᠮᠦᠨ ᠳᠤ ᠬᠦᠷᠴᠦ᠂ ᠠᠵᠦ ᠠᠬᠤᠶᠢᠯᠠᠯ ᠤᠨ ᠠᠵᠢᠯ ᠠᠴᠠ ᠰᠠᠯᠵᠦ ᠠᠵᠢᠯ ᠠᠴᠠ ᠪᠠᠨ | ᠠᠮᠠᠷᠠᠭᠰᠠᠨ ᠠᠵᠢᠯᠲᠠᠳ ᠤᠨ ᠨᠠᠰᠦᠵᠢᠯ ᠤᠨ ᠮᠦᠩᠬᠦ ᠶᠢ ᠬᠦᠮᠦᠨ ᠳᠤᠮᠳᠠᠴᠢ ᠪᠠᠷ ᠰᠠᠷ᠎ᠠ ᠪᠦᠷᠢ 137.47 | ᠲᠦᠭᠦᠷᠢᠭ ᠨᠡᠮᠡᠵᠦ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠰᠦᠵᠢᠯ ᠤᠨ ᠳᠠᠭᠠᠳᠬᠠᠯ ᠤᠨ ᠰᠠᠭᠤᠷᠢ | ᠨᠠᠰᠦᠵᠢᠯ ᠤᠨ ᠮᠦᠩᠭᠦ ᠶᠢ ᠰᠠᠷ᠎ᠠ ᠪᠦᠷᠢ 20 ᠲᠦᠭᠦᠷᠢᠭ ᠨᠡᠮᠡᠭᠰᠡᠨ ᠪᠠᠶᠢᠨ᠎ᠠ᠃ ᠬᠤᠳᠠ ᠬᠦᠳᠡᠭᠡ ᠶᠢᠨ ᠬᠠᠮᠤᠭ | ᠨᠠᠭᠠᠲᠦ ᠵᠠᠬ᠎ᠠ ᠶᠢᠨ ᠠᠮᠢᠲᠦᠷᠠᠯ ᠤᠨ ᠪᠠᠲᠤᠯᠠᠭ᠎ᠠ ᠶᠢ ᠳᠠᠩᠰᠠᠯᠠᠵᠤ ᠬᠠᠷᠭᠤᠭᠤᠯᠤᠨ ᠪᠠᠶᠢᠴᠠᠭᠠᠬᠤ ᠠᠵᠢᠯ ᠢ | ᠦᠷᠭᠦᠯᠵᠢᠯᠡᠨ ᠦᠷᠨᠢᠭᠦᠯᠵᠦ᠂ ᠬᠤᠳᠠ ᠪᠠᠯᠭᠠᠰᠦ ᠪᠠ ᠮᠠᠯᠵᠢᠬᠤ ᠲᠠᠷᠢᠶᠠᠯᠠᠬᠤ ᠤᠷᠤᠨ ᠤ ᠬᠠᠮᠤᠭ ᠨᠠᠭᠠᠲᠦ ᠵᠠᠬ᠎ᠠ ᠶᠢᠨ | ᠠᠮᠢᠲᠦᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠳᠤᠰᠪᠤᠷᠢ ᠳᠡᠭᠡᠭᠰᠢᠯᠡᠭᠦᠯᠦᠭᠡᠳ ᠰᠠᠷ᠎ᠠ ᠪᠦᠷᠢ 573 ᠲᠦᠭᠦᠷᠢᠭ | ᠪᠠ ᠵᠢᠯ ᠪᠦᠷᠢ 3800 ᠲᠦᠭᠦᠷᠢᠭ ᠪᠤᠯᠭᠠᠵᠤ᠂ ᠪᠦᠬᠦ ᠤᠯᠤᠰ ᠬᠤᠳᠠ ᠬᠦᠳᠡᠭᠡ ᠶᠢᠨ ᠬᠠᠮᠤᠭ ᠨᠠᠭᠠᠲᠦ ᠵᠠᠬ᠎ᠠ ᠶᠢᠨ | ᠠᠮᠢᠲᠦᠷᠠᠯ ᠤᠨ ᠪᠠᠲᠤᠯᠠᠭ᠎ᠠ ᠶᠢᠨ ᠪᠠᠷᠢᠮᠵᠢᠶᠠᠵᠢᠭᠰᠠᠨ ᠲᠤᠷᠰᠢᠯᠲᠠ ᠶᠢᠨ ᠴᠢᠭ᠋ ᠤᠨ ᠭᠠᠵᠠᠷ ᠤᠷᠤᠨ ᠪᠤᠯᠤᠭᠰᠠᠨ | ᠪᠠᠶᠢᠨ᠎ᠠ᠃ ᠲᠤ ᠴᠧᠩᠽᠢ ᠪᠠᠯᠭᠠᠰᠦ ᠨᠢ ᠵᠠᠭᠤᠨ ᠵᠢᠯ ᠳᠤ ᠳᠤᠬᠢᠶᠠᠯᠳᠤᠭ᠎ᠠ ᠦᠬᠡᠢ ᠬᠤᠢ ᠰᠠᠯᠭᠢᠨ ᠤ ᠳᠠᠭᠠᠷᠢᠯᠲᠠ ᠶᠢ | ᠤᠴᠠᠷᠠᠵᠤ᠂ ᠬᠦᠨᠲᠦ ᠨᠤᠴᠢᠲᠠᠢ ᠭᠠᠮᠰᠢᠭᠳᠠᠭᠰᠠᠨ ᠪᠠᠶᠢᠳᠠᠯ ᠲᠤᠤᠷ᠎ᠠ᠂ ᠪᠦᠬᠦ ᠬᠤᠰᠢᠭᠤᠨ ᠤ ᠦᠷᠭᠡᠨ ᠤᠯᠠᠨ | ᠺᠠᠳ᠋ᠷᠴᠤᠳ ᠪᠤᠯᠤᠨ ᠤᠯᠠᠨ ᠲᠦᠮᠡᠨ ᠰᠡᠳᠭᠢᠯ ᠢᠶᠠᠨ ᠨᠢᠭᠡᠳᠬᠡᠨ᠂ ᠵᠤᠷᠢᠭ ᠢᠶᠠᠨ ᠬᠠᠮᠲᠤᠳᠬᠠᠵᠤ᠂ ᠬᠦᠴᠢᠷ ᠪᠡᠷᠭᠡ ᠶᠢ | ᠢᠯᠠᠨ ᠳᠠᠪᠠᠵᠤ᠂ ᠤᠬᠤᠷᠬᠠᠨ ᠬᠤᠶᠠᠷ ᠰᠠᠷ᠎ᠠ ᠶᠢᠨ ᠲᠤᠲᠤᠷ᠎ᠠ 47 ᠨᠡᠷ᠎ᠡ ᠰᠢᠷᠠᠭᠲᠤᠭᠰᠠᠳ ᠢ ᠠᠪᠤᠷᠠᠨ᠂ 338 | ᠭᠠᠮᠰᠢᠭᠳᠠᠭᠰᠠᠨ ᠡᠷᠦᠬᠡ ᠶᠢᠨ ᠭᠡᠷ ᠪᠠᠷᠢᠯᠭ᠎ᠠ ᠶᠢ ᠵᠠᠰᠠᠬᠤ ᠵᠡᠷᠭᠡ ᠠᠵᠢᠯ ᠢ ᠪᠦᠬᠦᠨ ᠢ ᠳᠠᠭᠤᠰᠬᠠᠵᠤ᠂ ᠭᠠᠮᠰᠢᠭ ᠤᠨ | ᠳᠠᠷᠠᠭᠠᠬᠢ ᠳᠠᠭᠢᠨ ᠪᠠᠶᠢᠭᠤᠯᠬᠤ ᠠᠵᠢᠯ ᠳᠤ ᠪᠦᠬᠦ ᠲᠠᠯ᠎ᠠ ᠪᠠᠷ ᠢᠯᠠᠯᠲᠠ ᠤᠯᠤᠭᠰᠠᠨ ᠪᠠᠶᠢᠨ᠎ᠠ᠃ | ᠳᠠᠪᠤᠨ ᠵᠢᠯ ᠤᠨ ᠲᠤᠷᠰᠢ᠂ ᠪᠢᠳᠡ ᠭᠦᠴᠦᠨ ᠢᠶᠠᠨ ᠲᠦᠪᠯᠡᠷᠡᠭᠦᠯᠦᠨ᠂ ᠲᠤᠳᠠᠭᠳᠠᠯ ᠢᠶᠠᠨ ᠨᠦᠬᠦᠪᠦᠷᠢᠯᠡᠵᠦ᠂ | ᠳᠡᠩᠴᠡᠭᠦᠷᠢᠰᠢᠭᠦᠯᠬᠦ ᠶᠢ ᠠᠭᠢᠭᠤᠯᠵᠤ᠂ ᠨᠡᠶᠢᠭᠡᠮ ᠤᠨ ᠠᠵᠢᠯ ᠤᠶᠢᠯᠡᠰ ᠪᠦᠬᠦ ᠲᠠᠯ᠎ᠠ ᠪᠠᠷ ᠭᠦᠭᠵᠢᠭᠰᠡᠨ ᠪᠠᠶᠢᠨ᠎ᠠ᠃ | ᠲᠦᠷᠦ ᠶᠢᠨ ᠪᠤᠲᠤᠯᠭ᠎ᠠ᠂ ᠪᠡᠯᠡ ᠮᠦᠩᠭᠦ᠂ ᠲᠦᠷᠦᠯ ᠵᠦᠢᠯ ᠢ ︽ᠬᠠᠮᠲᠤᠷᠠᠭᠤᠯᠤᠨ ᠠᠳᠬᠤᠵᠤ︾᠂ ᠰᠢᠨᠵᠢᠯᠡᠬᠦ | ᠤᠬᠠᠭᠠᠨ ᠮᠡᠷᠭᠡᠵᠢᠯ᠂ ᠰᠤᠷᠭᠠᠨ ᠬᠦᠮᠦᠵᠢᠯ᠂ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ᠂ ᠰᠤᠶᠤᠯ᠂ ᠪᠡᠶ᠎ᠡ ᠶᠢᠨ | ᠲᠠᠮᠢᠷ ᠵᠡᠷᠭᠡ ᠡᠯ᠎ᠡ ᠲᠦᠷᠦᠯ ᠤᠨ ᠠᠵᠢᠯ ᠢ ᠨᠢᠭᠡᠲᠦᠯᠵᠢᠭᠦᠯᠵᠦ᠂ ᠦᠭᠡᠷᠡᠴᠢᠯᠡᠯᠳᠡ ᠭᠦᠭᠵᠢᠯᠳᠡ ᠶᠢᠨ ᠦᠷ᠎ᠡ | ᠪᠦᠲᠦᠭᠡᠯ ᠢ ᠤᠯᠠᠨ ᠲᠦᠮᠡᠨ ᠳᠤ ᠨᠡᠩ ᠶᠡᠭᠡ ᠪᠠᠷ ᠬᠦᠷᠳᠡᠭᠡᠭᠰᠡᠨ ᠪᠠᠶᠢᠨ᠎ᠠ᠃ ᠰᠢᠨᠵᠢᠯᠡᠬᠦ ᠤᠬᠠᠭᠠᠨ ᠮᠡᠷᠭᠡᠵᠢᠯ ᠢ | ᠬᠦᠳᠡᠭᠡ ᠭᠦᠷᠭᠡᠬᠦ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯ ᠤᠨ ᠦᠷ᠎ᠡ ᠪᠦᠲᠦᠮᠵᠢ ᠢᠯᠠᠳᠲᠠ | ᠪᠠᠶᠢᠵᠦ᠂ ᠤᠯᠠᠨ ᠲᠦᠮᠡᠨ ᠤ ᠳᠤᠮᠳᠠ ᠡᠯ᠎ᠡ ᠲᠦᠷᠦᠯ ᠤᠨ ᠳᠤᠰᠬᠠᠢ ᠮᠡᠷᠭᠡᠵᠢᠯᠲᠡᠨ 800 ᠬᠦᠮᠦᠨ ᠪᠠᠶᠢᠵᠦ᠂ | ᠳᠤᠰᠬᠠᠢ ᠠᠰᠢᠭ ᠵᠡᠷᠭᠡ ᠶᠢᠨ ᠡᠭᠦᠲᠦᠯᠳᠡ ᠶᠢ 43 ᠬᠤᠪᠢ ᠤᠯᠵᠦ᠂ ᠤᠯᠤᠰ ᠤᠨ ᠦᠷᠭᠦᠯᠵᠢᠯᠡᠯ ᠭᠦᠭᠵᠢᠯᠳᠡ ᠶᠢᠨ | ᠲᠤᠷᠰᠢᠯᠲᠠ ᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠨᠢ ᠳᠤᠮᠳᠠ ᠬᠤᠭᠤᠴᠠᠭᠠᠨ ᠤ ᠦᠨᠡᠯᠡᠯᠳᠡ ᠶᠢᠨ | ᠱᠠᠲᠦᠨ ᠳᠤ ᠤᠷᠤᠭᠰᠠᠨ ᠪᠠᠶᠢᠨ᠎ᠠ᠃ ᠰᠤᠷᠭᠠᠨ ᠬᠦᠮᠦᠵᠢᠯ ᠤᠨ ᠰᠠᠭᠤᠷᠢ ᠲᠦᠭᠦᠭᠡᠷᠦᠮᠵᠢ ᠳᠤ 2.41 ᠳ᠋ᠥ᠋ᠩᠰᠢᠭᠤᠷ | ᠲᠦᠭᠦᠷᠢᠭ ᠤᠨ ᠪᠡᠯᠡ ᠤᠷᠤᠭᠤᠯᠵᠤ᠂ ᠪᠢᠷᠠᠭᠤ ᠨᠢᠭᠡᠲᠦᠭᠡᠷ ᠳᠤᠮᠳᠠᠲᠦ ᠰᠤᠷᠭᠠᠭᠤᠯᠢ᠂ ᠮᠤᠩᠭᠤᠯ ᠳᠤᠮᠳᠠᠲᠦ | ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ᠂ ᠠᠵᠢᠯ ᠮᠡᠷᠭᠡᠵᠢᠯ ᠤᠨ ᠰᠤᠷᠭᠠᠨ ᠭᠦᠮᠦᠵᠢᠯ ᠤᠨ ᠲᠦᠪ ᠤᠨ | ᠳᠠᠳᠤᠯᠭ᠎ᠠ ᠪᠤᠯᠪᠠᠰᠦᠷᠠᠯ ᠤᠨ ᠠᠰᠠᠷ᠂ ᠳᠤᠮᠳᠠᠲᠤ ᠪᠠᠭ᠎ᠠ ᠰᠤᠷᠭᠠᠭᠤᠯᠢ ᠶᠢᠨ ᠮᠠᠯᠵᠢᠬᠤ ᠲᠠᠷᠢᠶᠠᠯᠠᠬᠤ ᠤᠷᠤᠨ ᠳᠤ | ᠰᠤᠷᠭᠠᠭᠤᠯᠢ ᠡᠷᠬᠢᠯᠡᠬᠦ ᠨᠦᠭᠦᠴᠡᠯ ᠢ ᠳᠡᠭᠡᠭᠰᠢᠯᠡᠭᠦᠯᠬᠦ ᠵᠡᠷᠭᠡ ᠲᠦᠷᠦᠯ ᠵᠦᠢᠯ ᠪᠠᠶᠢᠭᠤᠯᠤᠭᠳᠠᠨ ᠠᠰᠢᠭᠯᠠᠯᠲᠠ ᠳᠤ | ᠤᠷᠤᠵᠤ᠂ ᠮᠠᠯᠵᠢᠬᠤ ᠲᠠᠷᠢᠶᠠᠯᠠᠬᠤ ᠤᠷᠤᠨ ᠤ ᠪᠠᠶᠢᠷᠢ ᠲᠤ ᠰᠠᠭᠤᠬᠤ ᠲᠦᠷᠢᠮᠲᠦ ᠰᠤᠷᠭᠠᠭᠤᠯᠢ ᠶᠢᠨ | ᠰᠤᠷᠭᠠᠭᠤᠯᠢ ᠶᠢᠨ ᠳᠡᠷᠭᠡ ᠠᠰᠢᠭᠯᠠᠯᠲᠠ ᠳᠤ ᠤᠷᠤᠬᠤ ᠶᠢ ᠪᠡᠶᠡᠯᠡᠭᠦᠯᠵᠦ᠂ ᠠᠯᠪᠠᠨ ᠵᠢᠷᠤᠮ ᠤᠨ ᠰᠤᠷᠭᠠᠨ | ᠬᠦᠮᠦᠵᠢᠯ ᠤᠨ ᠳᠡᠩᠴᠡᠭᠦᠷᠢᠲᠦ ᠬᠦᠭᠵᠢᠯᠳᠡ ᠨᠢ ᠤᠯᠤᠰ ᠤᠨ ᠦᠨᠡᠯᠡᠯᠳᠡ ᠪᠠ ᠰᠢᠯᠭᠠᠨ ᠬᠤᠷᠢᠶᠠᠬᠤ ᠶᠢ | ᠦᠩᠭᠡᠷᠡᠭᠡᠵᠦ᠂ ᠳᠡᠭᠡᠲᠦ ᠳᠤᠮᠳᠠᠲᠦ ᠳᠤ ᠳᠠᠪᠰᠢᠬᠤ ᠰᠢᠯᠭᠠᠯᠲᠠ ᠶᠢᠨ ᠶᠡᠷᠦᠩᠬᠡᠢ ᠬᠢᠷᠢ ᠪᠦᠲᠦᠮᠵᠢ ᠨᠢ ᠳᠠᠷᠠᠭᠠᠯᠠᠨ | ᠭᠤᠷᠪᠠᠨ ᠵᠢᠯ ᠪᠦᠬᠦ ᠬᠤᠳᠠ ᠶᠢᠨ ᠳᠡᠷᠢᠭᠦᠨ ᠢ ᠪᠠᠲᠤᠯᠠᠭᠰᠠᠨ ᠪᠠᠶᠢᠨ᠎ᠠ᠃ 3 ᠳ᠋ᠥ᠋ᠩᠰᠢᠭᠤᠷ ᠲᠦᠭᠦᠷᠢᠭ ᠤᠨ ᠪᠡᠯᠡ | ᠤᠷᠤᠭᠤᠯᠵᠤ᠂ ᠬᠤᠰᠢᠭᠤᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠶᠡᠷᠦᠩᠬᠡᠶᠢᠯᠡᠭᠰᠡᠨ ᠬᠢᠨᠠᠯᠲᠠ ᠶᠢᠨ | ᠬᠠᠤᠯᠢ ᠭᠡᠷᠡᠭᠵᠢᠬᠦᠯᠬᠦ ᠲᠤᠪᠴᠢᠶ᠎ᠠ᠂ ᠡᠬᠡ ᠨᠢᠯᠬᠠᠰ ᠤᠨ ᠡᠷᠡᠭᠦᠯᠵᠢᠯ ᠤᠨ ᠭᠠᠵᠠᠷ᠂ ᠠᠷᠢᠭᠤᠳᠬᠠᠬᠤ ᠲᠦᠪ ᠵᠡᠷᠭᠡ | ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠬᠦᠯᠵᠦ᠂ ︽ᠦᠪᠡᠷᠲᠡᠭᠡᠨ ᠵᠠᠰᠠᠬᠤ ᠤᠷᠤᠨ ᠤ ᠳᠡᠰ ᠤᠨ | ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠲᠦᠷᠢᠮᠵᠢᠭᠰᠡᠨ ᠰᠢᠶᠠᠨ︾ ᠪᠠ ︽ᠪᠦᠬᠦ ᠤᠯᠤᠰ ᠤᠨ | ᠲᠦᠯᠦᠪᠯᠡᠭᠡᠲᠦ ᠦᠷᠡᠵᠢᠯ ᠤᠨ ᠰᠢᠯᠢᠳᠡᠭ ᠤᠶᠢᠯᠡᠴᠢᠯᠡᠭᠡ ᠶᠢᠨ ᠳᠡᠷᠢᠭᠦᠨ ᠤ ᠨᠢᠭᠡᠴᠡ︾ ᠶᠢᠨ ᠴᠤᠯᠠ ᠬᠦᠷᠳᠡᠭᠰᠡᠨ | ᠪᠠᠶᠢᠨ᠎ᠠ᠃ ᠮᠤᠩᠭᠤᠯ ᠦᠨᠲᠦᠰᠦᠲᠡᠨ ᠤ ᠳᠠᠭᠤᠯᠠᠯᠲᠤ ᠵᠦᠴᠦᠭᠡ ᠪᠤᠯᠬᠤ ︽ᠥᠨᠢ ᠮᠦᠩᠭᠡ ᠶᠢᠨ ᠭᠠᠴᠤᠷ᠎ᠠ︾ ᠨᠢ | ᠤᠯᠠᠭᠠᠨᠮᠦᠴᠢᠷ ᠪᠠᠶᠢᠭᠤᠯᠤᠭᠳᠠᠭᠰᠠᠨ 60 ᠵᠢᠯ ᠤᠨ ᠤᠢ ᠶᠢᠨ ᠪᠠᠶᠠᠷ ᠵᠢᠴᠢ ᠦᠪᠦᠷ ᠮᠤᠩᠭᠤᠯ ᠤᠨ ᠲᠤᠯᠤᠲᠤᠭᠠᠷ | ᠬᠤᠭᠤᠴᠠᠭᠠᠨ ᠤ ᠤᠯᠠᠭᠠᠨᠮᠦᠴᠢᠷ ᠤᠨ ᠤᠷᠠᠯᠢᠭ ᠤᠨ ᠨᠠᠶᠢᠷ ᠤᠨ ᠮᠦᠩᠭᠦᠨ ᠮᠧᠲᠡᠯ ᠤᠨ ᠱᠠᠩᠨᠠᠯ ᠢ ᠬᠦᠷᠳᠡᠭᠰᠡᠨ | ᠪᠠᠶᠢᠨ᠎ᠠ᠃ ᠳᠠᠯᠠᠢ ᠨᠠᠭᠤᠷ ᠢ ᠲᠤᠭᠤᠷᠢᠭᠰᠠᠨ ᠵᠠᠰᠠᠮᠠᠯ ᠵᠠᠮ ᠳᠠᠬᠢ ᠲᠤᠭᠤᠢ ᠳᠡᠷᠭᠡᠨ ᠤ ᠤᠷᠢᠯᠭ᠎ᠠ ᠶᠢᠨ | ᠤᠷᠤᠯᠲᠤᠭᠠᠨ ᠢ ᠠᠮᠵᠢᠯᠲᠠ ᠲᠠᠢ ᠡᠷᠭᠢᠯᠡᠭᠰᠡᠨ ᠪᠠᠶᠢᠨ᠎ᠠ᠃ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠮᠦᠷ | ᠲᠦᠪᠰᠢᠨ ᠤ ᠵᠦᠪᠯᠡᠯ ᠤᠨ ᠠᠶᠤᠯᠭᠦᠢ ᠤᠶᠢᠯᠡᠳᠪᠦᠷᠢᠯᠡᠯ ᠤᠨ ᠲᠤᠭᠤᠷᠢᠨ ᠪᠠᠶᠢᠴᠠᠭᠠᠯᠲᠠ ᠪᠠ ᠦᠪᠡᠷᠲᠡᠭᠡᠨ ᠵᠠᠰᠠᠬᠤ | ᠤᠷᠤᠨ ᠤ ᠤᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠶᠢ ᠤᠷᠤᠭᠰᠢᠲᠠᠢ ᠦᠩᠭᠡᠷᠡᠭᠡᠵᠦ᠂ | ᠠᠶᠤᠯᠭᠦᠢ ᠤᠶᠢᠯᠡᠳᠪᠦᠷᠢᠯᠡᠯ᠂ ᠢᠳᠡᠭᠡᠨ ᠤᠮᠳᠠᠭᠠᠨ ᠭᠡᠷᠡᠭᠯᠡᠭᠡᠨ ᠤ ᠡᠮ᠂ ᠨᠡᠶᠢᠭᠡᠮ ᠤᠨ ᠠᠮᠦᠷ ᠢ ᠬᠠᠮᠠᠭᠠᠯᠠᠬᠤ ᠵᠡᠷᠭᠡ | ᠤᠯᠠᠨ ᠨᠡᠶᠢᠳᠡ ᠶᠢᠨ ᠠᠮᠦᠷ ᠲᠦᠪᠰᠢᠨ ᠤ ᠪᠠᠶᠢᠳᠠᠯ ᠶᠡᠷᠦᠩᠬᠡᠢ ᠳᠡᠭᠡᠨ ᠲᠤᠭᠲᠠᠭᠤᠨ ᠪᠠᠶᠢᠨ᠎ᠠ᠃ ᠴᠦᠭᠡᠨ ᠲᠤᠭᠠᠲᠦ | ᠦᠨᠲᠦᠰᠦᠲᠡᠨ ᠪᠠ ᠦᠨᠲᠦᠰᠦᠲᠡᠨ ᠤ ᠤᠷᠤᠨ ᠤ ᠭᠦᠭᠵᠢᠭᠦᠯᠦᠯᠳᠡ ᠶᠢᠨ ᠪᠡᠯᠡ ᠮᠦᠩᠭᠦ᠂ ᠲᠦᠷᠢᠮ ᠤᠨ | ᠪᠠᠶᠢᠭᠤᠯᠤᠯᠲᠠ᠂ ᠰᠢᠨ᠎ᠡ ᠬᠡᠯᠪᠡᠷᠢ ᠶᠢᠨ ᠦᠨᠲᠦᠰᠦᠲᠡᠨ ᠤ ᠬᠠᠷᠢᠴᠠᠭ᠎ᠠ ᠵᠡᠷᠭᠡ ᠳᠠᠯ᠎ᠠ ᠪᠠᠷ ᠰᠢᠨ᠎ᠡ ᠪᠠᠷ ᠴᠢᠩᠭᠠᠳᠬᠠᠵᠤ᠂ | ᠨᠡᠶᠢᠭᠡᠮ ᠤᠨ ᠶᠡᠭᠡ ᠪᠠᠶᠢᠳᠠᠯ ᠤᠨ ᠡᠶ᠎ᠡ ᠵᠤᠭᠢᠴᠠᠩᠭᠤᠢ ᠲᠤᠭᠲᠠᠭᠤᠨ ᠢ ᠪᠠᠲᠤᠯᠠᠭᠰᠠᠨ ᠪᠠᠶᠢᠨ᠎ᠠ᠃ ᠳᠠᠩᠰᠠ ᠡᠪᠬᠡᠮᠡᠯ᠂ | ᠵᠡᠮᠳᠡᠭᠴᠤᠳ᠂ ᠤᠯᠠᠭᠠᠨ ᠵᠠᠭᠠᠯᠮᠡᠶᠢᠲᠠᠨ ᠤ ᠨᠡᠶᠢᠭᠡᠮᠯᠢᠭ ᠵᠡᠷᠭᠡ ᠡᠯ᠎ᠡ ᠲᠦᠷᠦᠯ ᠤᠨ ᠨᠡᠶᠢᠭᠡᠮ ᠤᠨ ᠠᠵᠢᠯ ᠤᠶᠢᠯᠡᠰ | ᠪᠦᠬᠦ ᠲᠠᠯ᠎ᠠ ᠪᠠᠷ ᠳᠠᠪᠰᠢᠭᠰᠠᠨ ᠪᠠᠶᠢᠨ᠎ᠠ᠃ | ᠳᠠᠪᠤᠨ ᠵᠢᠯ ᠤᠨ ᠲᠤᠷᠰᠢ᠂ ᠪᠢᠳᠡ ᠨᠦᠭᠡᠴᠡ ᠬᠦᠴᠦᠨ ᠢᠶᠠᠨ ᠬᠦᠨ ᠠᠭᠤᠳᠠᠯᠯᠠᠵᠤ᠂ ᠦᠭᠡᠷᠡᠴᠢᠯᠡᠯᠳᠡ ᠶᠢ | ᠠᠳᠬᠤᠨ᠂ ᠴᠢᠯᠦᠭᠡᠲᠠᠢ ᠶᠠᠪᠤᠯᠴᠠᠬᠤ ᠶᠢ ᠠᠭᠢᠭᠤᠯᠵᠤ᠂ ᠭᠦᠭᠵᠢᠯᠳᠡ ᠶᠢᠨ ᠠᠮᠢᠵᠢᠷᠠᠯ ᠤᠨ ᠭᠦᠴᠦᠨ ᠢ ᠳᠠᠰᠤᠷᠠᠯᠲᠠ | ᠦᠬᠡᠢ ᠨᠡᠮᠡᠭᠳᠡᠭᠦᠯᠦᠭᠰᠡᠨ ᠪᠠᠶᠢᠨ᠎ᠠ᠃ ᠦᠭᠡᠷᠡᠴᠢᠯᠡᠯᠳᠡ ᠶᠢ ᠪᠦᠬᠦ ᠲᠠᠯ᠎ᠠ ᠪᠠᠷ ᠭᠦᠴᠦᠯᠡᠨ ᠭᠦᠨᠵᠡᠭᠡᠢ ᠠᠭᠢᠭᠤᠯᠵᠦ᠂ | ᠭᠤᠤᠯᠳᠠᠯᠭ᠎ᠠ ᠲᠠᠢ ᠬᠦᠷᠢᠶ᠎ᠡ ᠬᠡᠪᠴᠢᠶ᠎ᠡ ᠪᠠ ᠵᠠᠩᠭᠢᠯᠠᠭ᠎ᠠ ᠶᠢᠨ ᠭᠤᠭᠴᠤᠭᠠᠨ ᠤ ᠦᠭᠡᠷᠡᠴᠢᠯᠡᠯᠲᠡ ᠶᠢ | ᠰᠢᠪᠲᠤᠯᠤᠯᠲᠠ ᠶᠢᠨ ᠴᠢᠨᠠᠷᠲᠠᠢ ᠠᠭᠢᠭᠤᠯᠤᠭᠰᠠᠨ ᠪᠠᠶᠢᠨ᠎ᠠ᠃ ︽ᠳᠠᠯᠪᠢᠬᠤ ᠬᠠᠮᠢᠶᠠᠷᠬᠤ ᠤᠶᠢᠯᠡᠴᠢᠯᠡᠬᠦ︾ | ᠦᠭᠡᠷᠡᠴᠢᠯᠡᠯᠳᠡ ᠶᠢ ᠳᠠᠰᠤᠷᠠᠯᠲᠠ ᠦᠬᠡᠢ ᠭᠦᠨᠵᠡᠭᠡᠶᠢᠷᠡᠭᠦᠯᠵᠦ᠂ 30 ᠲᠦᠷᠦᠯ ᠤᠨ ᠬᠢᠨᠠᠨ ᠵᠦᠪᠰᠢᠶᠡᠷᠡᠯ ᠤᠨ | ᠵᠦᠢᠯ ᠢ ᠦᠬᠡᠶᠢᠰᠭᠡᠵᠦ᠂ ᠰᠢᠨ᠎ᠡ ᠪᠠᠷ ᠨᠡᠮᠡᠭᠳᠡᠭᠰᠡᠨ ᠵᠠᠬ᠎ᠠ ᠳᠡᠯᠭᠡᠭᠦᠷ ᠤᠨ ᠪᠡᠶᠡᠲᠦ ᠴᠤᠭᠴᠠ ᠶᠢᠨ ᠡᠷᠦᠬᠡ ᠨᠡᠶᠢᠳᠡ | 5532 ᠡᠷᠦᠭᠡ ᠪᠤᠢ᠃ ᠬᠤᠳᠠ ᠬᠤᠰᠢᠭᠤ ᠰᠢᠶᠠᠩ ᠲᠤᠰᠬᠤᠨ ᠲᠦᠷᠪᠡᠨ ᠱᠠᠲᠦ ᠬᠤᠯᠪᠤᠭᠠᠯᠠᠭᠰᠠᠨ ᠠᠷᠠᠳ ᠲᠤ | ᠲᠦᠭᠦᠮ ᠦᠵᠡᠭᠦᠯᠬᠦ ᠤᠶᠢᠯᠡᠴᠢᠯᠡᠭᠡ ᠶᠢᠨ ᠰᠤᠷᠠᠭ ᠵᠠᠩᠭᠢ ᠶᠢᠨ ᠰᠦᠯᠵᠢᠶ᠎ᠡ ᠦᠨᠲᠦᠰᠦᠨ ᠳᠡᠭᠡᠨ ᠰᠠᠭᠠᠳ ᠦᠬᠡᠢ | ᠨᠡᠪᠳᠡᠷᠡᠵᠦ᠂ ᠪᠦᠬᠦ ᠤᠯᠤᠰ ᠤᠨ ᠦᠨᠲᠦᠰᠦᠨ ᠱᠠᠲᠦᠨ ᠤ ᠵᠠᠰᠠᠭ ᠤᠨ ᠶᠠᠪᠤᠳᠠᠯ ᠢ ᠢᠯᠡ ᠨᠡᠶᠢᠲᠡᠯᠡᠬᠦ | ᠪᠠᠷᠢᠮᠵᠢᠶᠠᠵᠢᠭᠰᠠᠨ ᠲᠦᠷᠢᠮᠵᠢᠭᠰᠡᠨ ᠲᠤᠷᠰᠢᠯᠲᠠ ᠶᠢᠨ ᠴᠢᠭ᠋ ᠪᠤᠯᠤᠭᠰᠠᠨ ᠪᠠᠶᠢᠨ᠎ᠠ᠃ ᠤᠯᠤᠰ ᠤᠨ ᠦᠮᠴᠢᠯᠡᠯᠲᠦ ᠤᠢ | ᠰᠢᠭᠤᠢ ᠶᠢᠨ ᠳᠠᠯᠠᠪᠠᠢ ᠶᠢᠨ ᠶᠡᠷᠦᠩᠭᠡᠶᠢᠯᠡᠭᠰᠡᠨ ᠲᠦᠭᠦᠷᠵᠢᠭᠰᠡᠨ ᠲᠤᠷᠰᠢᠯᠲᠠ ᠶᠢᠨ ᠴᠢᠭ᠋ ᠤᠨ ᠦᠭᠡᠷᠡᠴᠢᠯᠡᠯᠳᠡ ᠶᠢ | ᠯᠠᠪᠳᠠᠭᠤᠨ ᠠᠭᠢᠭᠤᠯᠤᠭᠰᠠᠨ ᠪᠠᠶᠢᠨ᠎ᠠ᠃ ᠨᠤᠲᠤᠭ ᠪᠡᠯᠴᠢᠭᠡᠷ ᠤᠨ ᠳᠠᠭᠠᠭᠠᠴᠢᠯᠠᠯᠲᠠ ᠶᠢᠨ ᠡᠷᠭᠡ ᠶᠢ ᠲᠤᠭᠲᠠᠭᠠᠬᠤ | ᠲᠤᠷᠰᠢᠯᠲᠠ ᠶᠢᠨ ᠴᠢᠭ᠋ ᠤᠨ ᠠᠵᠢᠯ ᠨᠢ ᠦᠪᠡᠷᠲᠡᠭᠡᠨ ᠵᠠᠰᠠᠬᠤ ᠤᠷᠤᠨ ᠤ ᠰᠢᠯᠭᠠᠨ ᠬᠤᠷᠢᠶᠠᠬᠤ ᠶᠢ ᠦᠩᠭᠡᠷᠡᠭᠡᠪᠡ᠃ | ᠲᠠᠷᠢᠶᠠᠯᠠᠩ ᠤᠨ ᠴᠠᠭᠢᠯᠭᠠᠨ᠂ ᠡᠷᠡᠭᠦᠯ ᠬᠠᠮᠠᠭᠠᠯᠠᠯ᠂ ᠲᠦᠯᠦᠪᠯᠡᠭᠡᠲᠦ ᠦᠷᠡᠵᠢᠯ᠂ ᠡᠮ ᠡᠮᠨᠡᠯᠭᠡ ᠶᠢᠨ ᠳᠠᠭᠠᠳᠬᠠᠯ᠂ ᠵᠠᠬ᠎ᠠ | ᠳᠡᠯᠭᠡᠭᠦᠷ ᠤᠨ ᠬᠢᠨᠠᠨ ᠬᠠᠮᠢᠶᠠᠷᠣᠯᠲᠠ᠂ ᠦᠯᠦ ᠬᠦᠳᠡᠯᠬᠦ ᠬᠦᠷᠦᠩᠭᠡ ᠶᠢᠨ ᠳᠠᠩᠰᠠᠯᠠᠯᠲᠠ ᠬᠠᠮᠢᠶᠠᠷᠦᠯᠲᠠ᠂ ᠤᠯᠠᠨ | ᠨᠡᠶᠢᠳᠡ ᠶᠢᠨ ᠡᠭᠢ ᠪᠠᠶᠠᠯᠢᠭ ᠤᠨ ᠰᠤᠯᠢᠯᠴᠠᠭ᠎ᠠ ᠵᠡᠷᠭᠡ ᠰᠠᠯᠠᠭ᠎ᠠ ᠮᠦᠴᠢᠷ ᠤᠨ ᠪᠠᠶᠢᠭᠤᠯᠤᠮᠵᠢ ᠶᠢᠨ | ᠦᠭᠡᠷᠡᠴᠢᠯᠡᠯᠳᠡ ᠶᠢ ᠤᠷᠤᠭᠰᠢᠲᠠᠢ ᠪᠡᠶᠡᠯᠡᠭᠦᠯᠦᠭᠰᠡᠨ ᠪᠠᠶᠢᠨ᠎ᠠ᠃ ᠬᠤᠰᠢᠭᠤ ᠱᠠᠲᠦᠨ ᠤ ᠠᠯᠪᠠᠨ ᠠᠴᠠ ᠡᠷᠭᠢᠯᠡᠭᠰᠡᠨ | ᠡᠮᠨᠡᠯᠭᠡ ᠶᠢᠨ ᠬᠤᠷᠢᠶ᠎ᠠ ᠶᠢᠨ ᠡᠮ ᠤᠨ ᠵᠦᠢᠯ ᠤᠨ ᠨᠡᠮᠡᠯᠲᠡ ᠦᠨ᠎ᠡ ᠶᠢ ᠪᠦᠬᠦ ᠲᠠᠯ᠎ᠠ ᠪᠠᠷ ᠦᠬᠡᠶᠢᠰᠬᠡᠪᠡ᠃ | ︽ᠭᠤᠷᠪᠠ ᠶᠢ ᠦᠭᠡᠶᠢᠰᠬᠡᠵᠦ ᠨᠢᠭᠡ ᠶᠢ ᠲᠤᠷᠤᠭᠰᠢᠯᠠᠭᠤᠯᠤᠨ ᠨᠢᠭᠡ ᠶᠢ ᠨᠦᠭᠦᠪᠦᠷᠢᠯᠡᠬᠦ︾ ᠦᠷ᠎ᠡ ᠪᠦᠲᠦᠮᠵᠢ ᠢᠯᠡᠷᠭᠡᠢ | ᠪᠠᠶᠢᠵᠦ᠂ ᠬᠠᠳᠠᠭᠠᠯᠠᠭᠳᠠᠵᠤ ᠪᠠᠶᠢᠭ᠎ᠠ ᠲᠠᠸᠠᠷ ᠤᠨ ᠭᠡᠷ ᠢ 1749 ᠢᠵᠢ ᠰᠢᠢᠳᠪᠦᠷᠢᠯᠡᠵᠦ᠂ ᠡᠷᠡᠬᠦᠯ ᠪᠤᠰᠦ | ᠵᠢᠭᠡᠯᠡᠯᠭᠡ ᠶᠢᠨ ᠨᠤᠷᠮ᠎ᠠ ᠶᠡᠷᠦ ᠠᠴᠠ ᠪᠦᠬᠦ ᠬᠤᠳᠠ ᠶᠢᠨ ᠳᠡᠭᠰᠢᠳᠬᠡᠭᠰᠡᠨ ᠬᠢᠷᠢ ᠲᠦᠪᠰᠢᠨ ᠠᠴᠠ ᠲᠤᠤᠷ᠎ᠠ ᠪᠤᠢ︔ | ᠡᠵᠡᠩᠨᠡᠯᠳᠡ ᠶᠢᠨ ᠭᠠᠶᠢᠯᠢ ᠶᠢ ᠦᠷᠳᠡᠭ ᠤᠨ ᠨᠡᠮᠡᠭᠳᠡᠯ ᠤᠨ ᠭᠠᠶᠢᠯᠢ ᠪᠤᠯᠭᠠᠨ ᠦᠭᠡᠷᠡᠴᠢᠯᠡᠬᠦ ᠶᠢ ᠪᠦᠬᠦ ᠲᠠᠯ᠎ᠠ ᠪᠠᠷ | ᠠᠭᠢᠭᠤᠯᠵᠦ᠂ ᠦᠷᠳᠡᠭ ᠤᠨ ᠨᠡᠮᠡᠭᠳᠡᠯ ᠤᠨ ᠭᠠᠶᠢᠯᠢ ᠶᠢᠨ ᠨᠤᠷᠮ᠎ᠠ ᠶᠢᠨ ᠪᠦᠲᠦᠴᠡ ᠶᠢ ᠲᠦᠷᠪᠡᠨ ᠳᠡᠰ ᠠᠴᠠ | ᠪᠠᠭᠠᠰᠬᠠᠬᠤ ᠪᠤᠶᠤ ᠨᠡᠶᠢᠯᠡᠭᠦᠯᠦᠨ ᠭᠤᠷᠪᠠᠨ ᠳᠡᠰ ᠪᠤᠯᠭᠠᠵᠤ᠂ 2017 ᠤᠨ ᠠᠴᠠ 2019 ᠤᠨ ᠪᠤᠯᠲᠠᠯ᠎ᠠ ᠪᠠᠭ᠎ᠠ | ᠬᠡᠯᠪᠡᠷᠢ ᠶᠢᠨ ᠤᠯᠵᠠᠪᠤᠷᠢ ᠪᠠᠭ᠎ᠠ ᠠᠵᠦ ᠠᠬᠤᠶᠢᠯᠠᠯ ᠤᠨ ᠵᠢᠯ ᠤᠨ ᠭᠠᠶᠢᠯᠢ ᠲᠤᠰᠢᠶᠠᠬᠤ ᠤᠯᠵᠠᠪᠤᠷᠢ ᠶᠢᠨ ᠲᠤᠭ᠎ᠠ ᠶᠢᠨ | ᠳᠡᠭᠡᠷ᠎ᠡ ᠬᠢᠵᠠᠭᠠᠷ ᠢ 30 ᠲᠦᠮᠡᠨ ᠲᠦᠭᠦᠷᠢᠭ ᠠᠴᠠ ᠳᠡᠭᠡᠭᠰᠢᠯᠡᠭᠦᠯᠦᠨ 50 ᠲᠦᠮᠡᠨ ᠲᠦᠭᠦᠷᠢᠭ ᠪᠤᠯᠭᠠᠭᠰᠠᠨ | ᠪᠠᠶᠢᠨ᠎ᠠ︔ ᠳᠤᠮᠤ ᠠᠵᠦ ᠤᠶᠢᠯᠡᠳᠪᠦᠷᠢ ᠶᠢᠨ ᠬᠡᠷᠡᠭᠯᠡᠬᠦ ᠴᠠᠭᠢᠯᠭᠠᠨ ᠤ ᠦᠨ᠎ᠡ ᠶᠢ ᠨᠡᠶᠢᠳᠡᠮ 6 ᠮᠦᠩᠭᠦ | ᠳᠤᠷᠤᠭᠰᠢᠯᠠᠭᠤᠯᠤᠭᠰᠠᠨ ᠪᠠᠶᠢᠨ᠎ᠠ︔ ᠦᠵᠡᠰᠭᠦᠯᠡᠩᠲᠦ ᠭᠦᠳᠡᠭᠡ ᠲᠤᠰᠬᠤᠨ ᠤ ᠪᠦᠲᠦᠭᠡᠨ ᠪᠠᠶᠢᠭᠤᠯᠤᠯᠲᠠ ᠳᠤ 32 | ᠳ᠋ᠥ᠋ᠩᠰᠢᠭᠤᠷ ᠲᠦᠭᠦᠷᠢᠭ ᠤᠨ ᠪᠡᠯᠡ ᠤᠷᠤᠭᠤᠯᠵᠤ᠂ ᠮᠠᠯᠵᠢᠬᠤ ᠲᠠᠷᠢᠶᠠᠯᠠᠬᠤ ᠤᠷᠤᠨ ᠤ ᠤᠯᠠᠨ ᠨᠡᠶᠢᠳᠡ ᠶᠢᠨ | ᠤᠶᠢᠯᠡᠴᠢᠯᠡᠭᠡ ᠦᠨᠲᠦᠰᠦᠨ ᠳᠡᠭᠡᠨ ᠳᠡᠩᠴᠡᠭᠦᠷᠢᠲᠠᠢ ᠪᠠᠶᠢᠬᠤ ᠶᠢ ᠪᠡᠶᠡᠯᠡᠭᠦᠯᠦᠭᠰᠡᠨ ᠪᠠᠶᠢᠨ᠎ᠠ᠃ ᠠᠷᠠᠯᠵᠢᠶᠠᠴᠢᠨ | ᠤᠷᠢᠵᠤ ᠪᠡᠯᠡ ᠣᠷᠣᠭᠤᠯᠬᠤ ᠪᠠᠭᠢᠯᠡᠯᠳᠡ ᠰᠢᠪᠲᠤᠯᠬᠤ ᠲᠠᠶᠢᠨ ᠢ ᠪᠦᠬᠦ ᠲᠠᠯ᠎ᠠ ᠪᠠᠷ ᠡᠭᠢᠯᠡᠭᠦᠯᠵᠦ᠂ ᠠᠷᠠᠯᠵᠢᠶᠠᠴᠢᠨ | ᠤᠷᠢᠵᠦ ᠪᠡᠯᠡ ᠳᠠᠲᠠᠬᠤ ᠬᠠᠮᠢᠶᠠᠷᠦᠯᠲᠠ ᠪᠠ ᠬᠢᠨᠠᠨ ᠰᠢᠯᠭᠠᠯᠲᠠ ᠶᠢᠨ ᠱᠠᠩᠨᠠᠨ ᠵᠤᠷᠢᠭᠵᠢᠭᠤᠯᠬᠤ ᠵᠤᠭᠢᠮᠵᠢ ᠶᠢ ᠤᠯᠠᠮ | ᠨᠢᠭᠡ ᠠᠯᠬᠤᠮ ᠳᠡᠭᠦᠯᠳᠡᠷᠵᠢᠭᠦᠯᠵᠦ᠂ ᠦᠪᠦᠷ ᠮᠤᠩᠭᠤᠯ ᠤᠨ ᠮᠠᠯ ᠠᠵᠦ ᠠᠬᠤᠢ ᠲᠠᠷᠢᠶᠠᠯᠠᠩ ᠤᠨ ᠰᠢᠨᠵᠢᠯᠡᠬᠦ | ᠤᠬᠠᠭᠠᠨ ᠤ ᠬᠦᠷᠢᠶᠡᠯᠡᠩ ᠲᠠᠢ ︽ᠬᠦᠷᠢᠶᠡᠯᠡᠩ ᠤᠨ ᠮᠠᠯ ᠠᠵᠦ ᠠᠬᠤᠢ ᠲᠠᠷᠢᠶᠠᠯᠠᠩ ᠤᠨ ᠰᠢᠨᠵᠢᠯᠡᠬᠦ ᠤᠬᠠᠭᠠᠨ ᠤ | ᠮᠡᠷᠭᠡᠵᠢᠯ ᠢ ᠬᠠᠮᠲᠤᠪᠡᠷ ᠪᠠᠶᠢᠭᠤᠯᠬᠤ︾ ᠬᠡᠯᠡᠯᠴᠡᠭᠡᠷ ᠢ ᠲᠤᠭᠲᠠᠵᠤ᠂ ᠮᠤᠩᠭᠤᠯ ᠤᠯᠤᠰ ᠤᠨ ᠴᠡᠴᠡᠷᠯᠢᠭ ᠬᠤᠳᠠ ᠲᠠᠢ | ᠨᠦᠬᠦᠷᠰᠡᠩ ᠬᠠᠷᠢᠴᠠᠭ᠎ᠠ ᠪᠠᠶᠢᠭᠤᠯᠵᠤ᠂ ᠪᠡᠭᠡᠵᠢᠩ ᠦᠪᠦᠷ ᠮᠤᠩᠭᠤᠯ ᠤᠨ ᠠᠵᠢᠯ ᠲᠦᠷᠦᠯ ᠢᠶᠠᠷ ᠬᠠᠷᠠᠭᠠᠯᠵᠠᠭᠤᠯᠤᠨ | ᠳᠡᠮᠵᠢᠬᠦ ᠪᠡᠯᠡ ᠮᠦᠩᠭᠦ ᠶᠢ ᠨᠡᠶᠢᠳᠡ 5980 ᠲᠦᠮᠡᠨ ᠲᠦᠭᠦᠷᠢᠭ ᠲᠡᠮᠡᠴᠡᠨ ᠤᠯᠵᠦ᠂ ᠤᠯᠤᠰ ᠤᠨ ᠲᠤᠲᠤᠭᠠᠲᠦ | ᠤᠷᠤᠨ ᠤ ᠭᠠᠳᠠᠨᠠᠬᠢ ᠪᠡᠯᠡ ᠮᠦᠩᠭᠦ ᠶᠢ 226.8 ᠳ᠋ᠥ᠋ᠩᠰᠢᠭᠤᠷ ᠲᠦᠭᠦᠷᠢᠭ ᠤᠷᠤᠭᠤᠯᠤᠭᠰᠠᠨ ᠪᠠᠶᠢᠨ᠎ᠠ᠃ | ᠠᠵᠦ ᠠᠬᠤᠢ ᠨᠡᠶᠢᠭᠡᠮ ᠤᠨ ᠭᠦᠭᠵᠢᠯᠳᠡ ᠶᠢ ᠠᠭᠢᠭᠤᠯᠬᠤ ᠶᠠᠪᠤᠴᠠ ᠳᠤ᠂ ᠪᠢᠳᠡ ᠵᠠᠰᠠᠭ ᠤᠨ ᠤᠷᠲᠦᠨ ᠤ | ᠳᠤᠰ ᠪᠡᠶ᠎ᠡ ᠶᠢᠨ ᠪᠠᠶᠢᠭᠤᠯᠤᠯᠲᠠ ᠶᠢ ᠢᠮᠠᠭᠲᠠ ᠴᠢᠬᠤᠯᠠᠴᠢᠯᠠᠭᠰᠠᠨ ᠶᠤᠮ᠃ ᠨᠠᠮ ᠤᠨ ᠤᠯᠠᠨ ᠲᠦᠮᠡᠨᠴᠢ ᠱᠤᠭᠤᠮ᠂ | ︽ᠭᠤᠷᠪᠠᠨ ᠴᠢᠩᠭ᠎ᠠ ᠭᠤᠷᠪᠠᠨ ᠪᠤᠲᠠᠲᠠᠢ︾᠂ ︽ᠬᠤᠶᠠᠷ ᠢ ᠰᠤᠷᠴᠦ ᠬᠢᠷᠢ ᠲᠡᠩᠴᠡᠭᠰᠡᠨ ᠨᠠᠮ ᠤᠨ ᠭᠡᠰᠢᠭᠦᠨ ᠪᠤᠯᠬᠤ︾ | ᠵᠢᠴᠢ ᠪᠠᠶᠢᠩᠭᠤ ᠶᠢᠨ ᠲᠦᠷᠢᠮᠵᠢᠭᠰᠡᠨ ᠰᠤᠷᠤᠯᠴᠠᠭ᠎ᠠ ᠭᠦᠮᠦᠵᠢᠯ ᠤᠨ ᠠᠵᠢᠯᠯᠠᠭᠠᠨ ᠢ ᠯᠠᠪᠳᠠᠭᠤᠨ ᠦᠷᠨᠢᠭᠦᠯᠵᠦ᠂ | ᠵᠠᠰᠠᠭ ᠤᠨ ᠤᠷᠲᠦᠨ ᠤ ᠬᠠᠤᠯᠢ ᠴᠠᠭᠠᠵᠠ ᠶᠢᠨ ᠵᠦᠪᠯᠡᠭᠴᠢ ᠶᠢᠨ ᠲᠦᠷᠢᠮ ᠤᠨ ᠪᠠᠶᠢᠭᠤᠯᠤᠨ ᠳᠡᠭᠦᠯᠳᠡᠷᠵᠢᠭᠦᠯᠵᠦ᠂ | ᠵᠠᠰᠠᠭ ᠤᠨ ᠤᠷᠲᠦᠨ ᠤ ᠭᠡᠷᠡᠭᠵᠢᠬᠦᠯᠬᠦ ᠴᠢᠳᠠᠪᠤᠷᠢ ᠪᠠ ᠨᠡᠶᠢᠳᠡ ᠶᠢᠨ ᠢᠳᠡᠬᠡᠮᠵᠢ ᠶᠢᠨ ᠴᠢᠳᠠᠪᠤᠷᠢ ᠶᠢ ᠢᠯᠡᠳᠳᠠ | ᠳᠡᠭᠡᠭᠰᠢᠯᠡᠭᠦᠯᠦᠭᠰᠡᠨ ᠪᠠᠶᠢᠨ᠎ᠠ᠃ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ᠡᠯ᠎ᠡ ᠲᠦᠷᠦᠯ ᠤᠨ | ᠲᠤᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠠᠯᠪᠠᠨ ᠳᠤ ᠬᠡᠷᠡᠭᠯᠡᠬᠦ ᠭᠡᠷ᠂ ᠠᠯᠪᠠᠨ ᠤ ᠲᠡᠷᠭᠡ᠂ ᠠᠯᠪᠠᠨ ᠤ | ᠶᠠᠪᠤᠳᠠᠯ ᠤᠨ ᠬᠦᠯᠢᠶᠡᠨ ᠠᠪᠬᠤ ᠵᠡᠷᠭᠡ ᠶᠢ ᠨᠡᠩ ᠶᠡᠭᠡ ᠲᠦᠷᠢᠮᠵᠢᠭᠦᠯᠦᠭᠰᠡᠨ ᠪᠠᠶᠢᠨ᠎ᠠ᠃ ᠬᠤᠰᠢᠭᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠭᠢᠨᠠᠯᠲᠠ ᠪᠠ ᠬᠤᠰᠢᠭᠤᠨ ᠤ ᠤᠯᠤᠰ ᠲᠦᠷᠦ ᠶᠢᠨ | ᠵᠦᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠭᠦᠯᠢᠶᠡᠵᠦ᠂ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠰᠠᠨᠠᠭᠤᠯᠭ᠎ᠠ᠂ ᠰᠢᠭᠦᠮᠵᠢᠯᠡᠯ᠂ ᠰᠠᠨᠠᠯ ᠢ 174 | ᠬᠤᠪᠢ᠂ ᠤᠯᠤᠰ ᠲᠦᠷᠦ ᠶᠢᠨ ᠵᠦᠪᠯᠯᠡᠭᠡᠨ ᠤ ᠭᠡᠰᠢᠭᠦᠨ ᠤ ᠰᠠᠨᠠᠯ ᠵᠦᠪᠯᠡᠯᠭᠡ ᠶᠢ 246 ᠬᠤᠪᠢ ᠭᠦᠢᠴᠡᠳᠬᠡᠭᠰᠡᠨ | ᠪᠠᠶᠢᠨ᠎ᠠ᠃ | ᠲᠦᠯᠦᠭᠡᠯᠡᠭᠴᠢᠳ ᠡ᠂ ᠳᠠᠪᠤᠨ ᠵᠢᠯ ᠤᠨ ᠲᠤᠷᠰᠢ ᠪᠢᠳᠡ ᠪᠦᠯᠭᠦᠮᠳᠡᠨ ᠲᠡᠮᠡᠴᠡᠵᠦ᠂ ᠡᠷᠡᠰ ᠵᠤᠷᠢᠭᠯᠠᠨ | ᠵᠢᠳᠭᠦᠨ ᠴᠢᠷᠮᠡᠶᠢᠵᠦ᠂ ᠠᠯᠬᠤᠮ ᠠᠯᠬᠤᠮ ᠢᠶᠠᠷ᠂ ᠵᠢᠯ ᠠᠴᠠ ᠵᠢᠯ ᠦᠭᠡᠳᠡᠯᠡᠨ ᠳᠠᠪᠰᠢᠵᠤ᠂ ᠭᠡᠰᠢᠭᠲᠡᠨ | ᠬᠤᠰᠢᠭᠤᠨ ᠤ ᠠᠵᠦ ᠠᠬᠤᠢ ᠨᠡᠶᠢᠭᠡᠮ ᠤᠨ ᠭᠦᠭᠵᠢᠯᠳᠡ ᠶᠢᠨ ᠦᠩᠭᠡ ᠭᠡᠷᠡᠯᠲᠦ ᠬᠠᠭᠤᠳᠠᠰᠦ ᠶᠢ ᠪᠢᠴᠢᠭᠯᠡᠵᠦ᠂ | ᠠᠭᠤᠤ ᠶᠡᠭᠡ ᠤᠶᠢᠯᠡᠲᠦᠯᠭᠡ ᠠᠴᠠ ᠡᠷᠬᠢᠮ ᠨᠠᠨᠳᠢᠨ ᠲᠤᠷᠰᠢᠯᠭ᠎ᠠ ᠶᠢ ᠡᠷᠢᠯᠬᠢᠯᠡᠵᠦ ᠬᠤᠷᠠᠮᠲᠤᠭᠤᠯᠤᠭᠰᠠᠨ ᠶᠤᠮ᠃ | ᠨᠢᠭᠡ ᠳᠤ ᠭᠦᠭᠵᠢᠯᠳᠡ ᠶᠢᠨ ᠨᠢᠭᠡᠲᠦᠭᠡᠷ ᠡᠭᠦᠷᠭᠡ ᠶᠢ ᠡᠷᠬᠡᠪᠰᠢ ᠢᠮᠠᠭᠲᠠ ᠪᠠᠷᠢᠮᠲᠠᠯᠠᠨ᠎ᠠ᠃ ᠲᠠᠪᠤᠨ ᠵᠢᠯ ᠤᠨ | ᠲᠤᠷᠰᠢ ᠪᠢᠳᠡ ᠭᠦᠭᠵᠢᠯᠳᠡ ᠶᠢᠨ ᠬᠤᠷᠢᠭ᠎ᠠ ᠱᠤᠭᠤᠮ ᠢ ᠪᠠᠲᠦ ᠰᠠᠬᠢᠵᠦ᠂ ᠠᠵᠦ ᠠᠬᠤᠢ ᠶᠢᠨ ᠭᠦᠭᠵᠢᠯᠳᠡ ᠶᠢ | ᠡᠵᠡᠮᠳᠡᠨ ᠳᠠᠭᠠᠭᠤᠯᠬᠤ ᠰᠢᠨ᠎ᠡ ᠪᠠᠶᠢᠳᠠᠯ ᠲᠠᠢ ᠰᠠᠨᠠᠭᠠᠴᠢᠯᠠᠭ᠎ᠠ ᠠᠴᠠ ᠪᠠᠨ ᠵᠤᠭᠢᠴᠠᠵᠤ᠂ ᠶᠠᠰᠦ ᠴᠢᠨᠠᠷ ᠪᠠ ᠦᠷ᠎ᠡ | ᠠᠰᠢᠭ ᠢ ᠳᠡᠭᠡᠭᠰᠢᠯᠡᠭᠦᠯᠬᠦ ᠶᠢ ᠪᠠᠷᠢᠮᠲᠠᠯᠠᠬᠤ ᠪᠠᠷ ᠭᠤᠤᠯᠳᠠᠯᠭ᠎ᠠ ᠪᠤᠯᠭᠠᠵᠤ᠂ ᠠᠵᠦ ᠠᠬᠤᠢ ᠨᠡᠶᠢᠭᠡᠮ ᠤᠨ | ᠦᠷᠭᠦᠯᠵᠢᠯᠡᠯ ᠭᠦᠭᠵᠢᠯᠳᠡ᠂ ᠬᠡᠯᠪᠡᠷᠢ ᠬᠤᠪᠢᠷᠠᠭᠤᠯᠬᠤ ᠬᠦᠭᠵᠢᠯᠳᠡ᠂ ᠳᠠᠪᠠᠯᠲᠠ ᠭᠦᠭᠵᠢᠯᠳᠡ ᠶᠢ ᠲᠦᠷᠭᠡᠨ | ᠠᠭᠢᠭᠤᠯᠵᠦ᠂ ᠨᠡᠮᠡᠭᠳᠡᠯ ᠢ ᠳᠤᠭᠲᠠᠪᠤᠷᠢᠵᠢᠭᠤᠯᠬᠤ᠂ ᠦᠭᠡᠷᠡᠴᠢᠯᠡᠯᠳᠡ ᠶᠢ ᠠᠭᠢᠭᠤᠯᠬᠤ᠂ ᠪᠦᠲᠦᠴᠡ ᠶᠢ ᠲᠤᠭᠢᠷᠠᠭᠤᠯᠬᠤ᠂ | ᠠᠷᠠᠳ ᠤᠨ ᠠᠮᠢᠲᠦᠷᠠᠯ ᠢ ᠬᠠᠷᠠᠭᠠᠯᠵᠠᠬᠤ᠂ ᠲᠦᠭᠰᠢᠭᠦᠷᠢ ᠶᠢ ᠰᠡᠷᠭᠡᠶᠢᠯᠡᠬᠦ ᠵᠡᠷᠭᠡ ᠡᠯ᠎ᠡ ᠲᠦᠷᠦᠯ ᠤᠨ ᠠᠵᠢᠯ ᠳᠤ | ᠰᠢᠨ᠎ᠡ ᠠᠮᠵᠢᠯᠲᠠ ᠤᠯᠵᠦ᠂ ᠭᠦᠭᠵᠢᠯᠳᠡ ᠶᠢ ᠠᠳᠬᠤᠬᠤ ᠨᠢ ᠠᠵᠦ ᠠᠬᠤᠢ ᠨᠡᠶᠢᠭᠡᠮ ᠤᠨ ᠪᠦᠬᠦ ᠲᠠᠯ᠎ᠠ ᠪᠠᠷ | ᠳᠠᠪᠰᠢᠬᠤ ᠶᠢᠨ ︽ᠵᠠᠩᠭᠢᠯᠠᠭ᠎ᠠ︾ ᠪᠤᠯᠤᠨ᠎ᠠ᠃ | ᠬᠤᠶᠠᠷ ᠲᠤ ᠦᠭᠡᠷᠡᠴᠢᠯᠡᠯᠳᠡ ᠬᠢᠵᠦ ᠴᠢᠯᠦᠭᠡᠲᠠᠢ ᠶᠠᠪᠤᠯᠴᠠᠬᠤ ᠶᠢᠨ ᠨᠢᠭᠡᠲᠦᠭᠡᠷ ᠬᠦᠳᠡᠯᠭᠡᠬᠦ ᠬᠦᠴᠦᠨ ᠢ | ᠡᠷᠭᠡᠪᠰᠢ ᠢᠮᠠᠭᠲᠠ ᠪᠠᠷᠢᠮᠲᠠᠯᠠᠨ᠎ᠠ᠃ ᠳᠠᠪᠤᠨ ᠵᠢᠯ ᠤᠨ ᠲᠤᠷᠰᠢ ᠪᠢᠳᠡ ᠦᠭᠡᠷᠡᠴᠢᠯᠡᠯᠳᠡ ᠶᠢ ᠳᠠᠰᠦᠷᠠᠯᠲᠠ ᠦᠬᠡᠢ | ᠭᠦᠨᠵᠡᠭᠡᠶᠢᠷᠡᠭᠦᠯᠵᠦ᠂ ᠴᠢᠯᠦᠭᠡᠲᠠᠢ ᠶᠠᠪᠤᠯᠴᠠᠬᠤ ᠶᠢ ᠦᠷᠭᠡᠳᠭᠡᠨ᠂ ᠦᠭᠡᠷᠡᠴᠢᠯᠡᠯᠳᠡ ᠶᠢᠨ ᠠᠷᠭ᠎ᠠ ᠪᠠᠷ ᠭᠦᠭᠵᠢᠯᠳᠡ ᠶᠢ | ᠠᠭᠢᠭᠤᠯᠬᠤ ᠭᠦᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠴᠢᠯᠦᠭᠡᠯᠡᠵᠦ᠂ ᠨᠢᠭᠡ ᠪᠦᠯᠦᠭ ᠬᠦᠴᠢᠷᠳᠡᠯ ᠪᠠ | ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠭᠰᠡᠨ ᠪᠠᠶᠢᠨ᠎ᠠ﹔ ᠴᠢᠯᠦᠭᠡᠲᠠᠢ ᠶᠠᠪᠤᠯᠴᠠᠬᠤ | ᠤᠶᠢᠯᠠᠭᠠᠭᠳᠠᠬᠤᠨ ᠢᠶᠠᠷ ᠬᠢᠮᠢ ᠶᠢᠨ ᠠᠵᠦ ᠤᠶᠢᠯᠡᠳᠪᠦᠷᠢ᠂ ᠳᠡᠮᠦᠷᠯᠢᠭ ᠪᠤᠯᠪᠠᠰᠦᠷᠠᠭᠤᠯᠬᠤ᠂ ᠡᠨᠧᠷᠬᠢ ᠶᠢᠨ ᠰᠤᠷᠪᠤᠯᠵᠢ᠂ | ᠵᠢᠭᠤᠯᠴᠢᠯᠠᠯ᠂ ᠬᠤᠳᠠ ᠶᠢᠨ ᠶᠠᠪᠤᠳᠠᠯ ᠤᠨ ᠲᠦᠭᠦᠭᠡᠷᠦᠮᠵᠢ ᠵᠡᠷᠭᠡ ᠨᠢᠭᠡ ᠪᠦᠯᠦᠭ ᠴᠢᠬᠤᠯᠠ ᠶᠡᠭᠡ ᠲᠦᠷᠦᠯ ᠵᠦᠢᠯ ᠢ | ᠳᠠᠲᠠᠨ ᠤᠷᠤᠭᠤᠯᠵᠤ᠂ ᠭᠦᠭᠵᠢᠯᠳᠡ ᠶᠢᠨ ᠰᠢᠨ᠎ᠡ ᠤᠷᠤᠨ ᠵᠠᠢ ᠶᠢ ᠦᠷᠭᠡᠳᠬᠡᠵᠦ᠂ ᠭᠦᠭᠵᠢᠯᠳᠡ ᠶᠢᠨ ᠰᠢᠨ᠎ᠡ | ᠬᠦᠳᠡᠯᠭᠡᠭᠦᠷ ᠢ ᠪᠤᠢ ᠪᠤᠯᠭᠠᠵᠤ᠂ ᠦᠭᠡᠷᠡᠴᠢᠯᠡᠯᠳᠡ ᠬᠢᠵᠦ ᠴᠢᠯᠦᠭᠡᠲᠠᠢ ᠶᠠᠪᠤᠯᠴᠠᠬᠤ ᠶᠢ ᠠᠳᠬᠤᠬᠤ ᠨᠢ ᠳᠠᠷᠤᠢ ᠠᠵᠦ | ᠠᠬᠤᠢ ᠨᠡᠶᠢᠭᠡᠮ ᠤᠨ ᠭᠦᠭᠵᠢᠯᠳᠡ ᠶᠢᠨ ︽ᠡᠭᠦᠷᠢᠳᠡ ᠶᠢᠨ ᠬᠦᠳᠡᠯᠭᠡᠭᠦᠷ︾ ᠢ ᠠᠳᠬᠤᠭᠰᠠᠨ ᠶᠠᠪᠤᠳᠠᠯ ᠪᠤᠯᠤᠨ᠎ᠠ᠃ | ᠭᠤᠷᠪᠠ ᠳᠤ ᠠᠮᠢ ᠠᠬᠤᠢ ᠶᠢᠨ ᠨᠢᠭᠡᠲᠦᠭᠡᠷ ᠪᠠᠲᠤᠯᠠᠭ᠎ᠠ ᠶᠢ ᠡᠷᠭᠡᠪᠰᠢ ᠢᠮᠠᠭᠲᠠ ᠪᠠᠷᠢᠮᠲᠠᠯᠠᠨ᠎ᠠ᠃ ᠳᠠᠪᠤᠨ ᠵᠢᠯ ᠤᠨ | ᠲᠤᠷᠰᠢ᠂ ᠪᠢᠳᠡ ᠤᠯᠠᠭᠠᠨ ᠱᠤᠭᠤᠮ ᠤᠨ ᠦᠵᠡᠯᠳᠡ ᠪᠠ ᠬᠤᠷᠢᠭ᠎ᠠ ᠱᠤᠭᠤᠮ ᠤᠨ ᠰᠡᠳᠬᠢᠬᠦᠢ ᠶᠢ ᠢᠮᠠᠭᠲᠠ | ᠪᠠᠷᠢᠮᠲᠠᠯᠠᠵᠤ᠂ ︽ᠲᠦᠷᠪᠡᠨ ᠠᠮᠢ ᠠᠬᠤᠢ︾ ᠶᠢᠨ ᠬᠦᠭᠵᠢᠯᠳᠡ ᠶᠢᠨ ᠪᠠᠶᠢᠷᠢ ᠲᠤᠭᠲᠠᠭᠠᠯ ᠪᠠ ᠤᠯᠤᠰ ᠤᠨ ᠠᠮᠢ | ᠠᠬᠤᠢ ᠶᠢᠨ ᠬᠤᠰᠢᠭᠤ ᠢ ᠴᠤᠭᠴᠠᠯᠠᠨ ᠪᠠᠶᠢᠭᠤᠯᠬᠤ ᠬᠠᠷᠠᠯᠲᠠ ᠶᠢᠨ ᠲᠤᠭᠤᠷᠢᠨ ᠳᠤ ᠴᠢᠩᠭ᠎ᠠ ᠨᠢᠭᠲᠡᠷᠠᠵᠤ᠂ ᠠᠮᠢ | ᠠᠬᠤᠢ ᠶᠢᠨ ᠬᠠᠮᠠᠭᠠᠯᠠᠯᠲᠠ ᠬᠢᠭᠡᠳ ᠪᠦᠲᠦᠭᠡᠨ ᠪᠠᠶᠢᠭᠤᠯᠤᠯᠲᠠ ᠶᠢᠨ ᠬᠦᠴᠦᠯᠡᠴᠡ ᠪᠠᠨ ᠦᠷᠭᠦᠯᠵᠢᠯᠡᠨ ᠨᠡᠮᠡᠭᠳᠡᠭᠦᠯᠵᠦ | ᠂ ᠠᠵᠢᠯ ᠲᠦᠷᠦᠯ ᠤᠨ ᠤᠷᠤᠬᠤ ᠵᠦᠪᠰᠢᠶᠡᠷᠡᠯ ᠤᠨ ᠪᠠᠷᠢᠮᠵᠢᠶ᠎ᠠ ᠶᠢ ᠦᠨᠡᠩᠭᠦ ᠳᠡᠭᠡᠭᠰᠢᠯᠡᠭᠦᠯᠵᠦ᠂ ᠪᠤᠭᠢᠷᠲᠦᠯ ᠦᠬᠡᠢ | ᠡᠷᠭᠢᠯᠳᠡᠲᠦ ᠭᠦᠭᠵᠢᠯᠳᠡ ᠶᠢᠨ ᠬᠡᠯᠬᠢᠶᠡᠰᠦ ᠶᠢ ᠳᠠᠰᠤᠷᠠᠯᠲᠠ ᠦᠬᠡᠢ ᠤᠷᠲᠤᠳᠬᠠᠵᠤ᠂ ᠠᠮᠢ ᠠᠬᠤᠢ ᠶᠢᠨ ᠤᠷᠴᠢᠨ | ᠲᠤᠭᠤᠷᠢᠨ ᠢᠯᠡᠷᠬᠡᠢ ᠰᠠᠶᠢᠵᠢᠷᠠᠵᠤ᠂ ᠠᠮᠢ ᠠᠬᠤᠢ ᠶᠢᠨ ᠬᠠᠮᠠᠭᠠᠯᠠᠯᠲᠠ ᠶᠢ ᠠᠳᠬᠤᠬᠤ ᠨᠢ ᠳᠠᠷᠤᠢ ᠠᠵᠦ ᠠᠬᠤᠢ | ᠨᠡᠶᠢᠭᠡᠮ ᠤᠨ ᠭᠦᠭᠵᠢᠯᠳᠡ ᠶᠢᠨ ︽ᠪᠤᠭᠢᠷᠲᠦᠯ ᠦᠬᠡᠢ ᠪᠠᠩᠭᠢ︾ ᠶᠢ ᠠᠳᠬᠤᠭᠰᠠᠨ ᠶᠠᠪᠤᠳᠠᠯ ᠪᠤᠯᠤᠨ᠎ᠠ᠃ | ᠲᠦᠷᠪᠡ ᠳᠤ ᠠᠷᠠᠳ ᠤᠨ ᠠᠮᠢᠲᠦᠷᠠᠯ ᠤᠨ ᠨᠢᠭᠡᠲᠦᠭᠡᠷ ᠬᠠᠷᠠᠯᠲᠠ ᠶᠢ ᠡᠷᠬᠡᠪᠰᠢ ᠢᠮᠠᠭᠲᠠ ᠪᠠᠷᠢᠮᠲᠠᠯᠠᠨ᠎ᠠ᠃ | ᠳᠠᠪᠤᠨ ᠵᠢᠯ ᠤᠨ ᠲᠤᠷᠰᠢ᠂ ᠪᠢᠳᠡ ᠠᠷᠠᠳ ᠤᠨ ᠠᠰᠠᠷᠠᠮᠵᠢ ᠶᠢ ᠨᠡᠮᠡᠭᠳᠡᠭᠦᠯᠬᠦ᠂ ᠬᠦᠮᠦᠰ ᠤᠨ ᠪᠦᠬᠦ ᠲᠠᠯ᠎ᠠ ᠪᠠᠷ | ᠭᠦᠭᠵᠢᠬᠦ ᠶᠢ ᠠᠭᠢᠭᠤᠯᠬᠤ ᠶᠢ ᠡᠯ᠎ᠡ ᠲᠦᠷᠦᠯ ᠤᠨ ᠠᠵᠢᠯ ᠤᠨ ᠡᠭᠦᠰᠦᠴᠡ ᠪᠠ ᠵᠤᠭᠰᠤᠴᠠ ᠪᠤᠯᠭᠠᠬᠤ ᠶᠢ ᠢᠮᠠᠭᠲᠠ | ᠪᠠᠷᠢᠮᠲᠠᠯᠠᠵᠤ᠂ ᠠᠷᠠᠳ ᠤᠨ ᠠᠮᠢᠲᠦᠷᠠᠯ ᠤᠨ ᠵᠠᠷᠤᠯᠭ᠎ᠠ ᠶᠢᠨ ᠡᠳ᠋ ᠤᠨ ᠵᠠᠰᠠᠭ ᠤᠨ ᠵᠠᠷᠤᠯᠭ᠎ᠠ ᠳᠠᠬᠢ ᠡᠵᠡᠯᠡᠬᠦ | ᠬᠠᠷᠢᠴᠠᠯ ᠢ ᠢᠮᠠᠭᠲᠠ 70% ᠳᠡᠭᠡᠭᠰᠢ ᠪᠠᠶᠢᠬᠤ ᠶᠢ ᠪᠠᠲᠤᠯᠠᠵᠤ᠂ ᠤᠨᠴᠠᠭᠠᠶᠢᠯᠠᠨ ᠦᠵᠡᠰᠭᠦᠯᠡᠩᠲᠦ ᠬᠦᠳᠡᠭᠡ | ᠲᠤᠰᠬᠤᠨ ᠤ ᠪᠦᠲᠦᠭᠡᠨ ᠪᠠᠶᠢᠭᠤᠯᠤᠯᠲᠠ ᠪᠠ ᠶᠠᠳᠠᠭᠤ ᠠᠴᠠ ᠠᠩᠭᠢᠵᠢᠷᠠᠭᠤᠯᠤᠨ ᠪᠠᠭᠢᠯᠡᠯᠲᠡ ᠰᠢᠪᠲᠤᠯᠬᠤ ᠠᠵᠢᠯ ᠢ | ᠴᠢᠩᠭ᠎ᠠ ᠠᠬᠢᠭᠤᠯᠤᠭᠰᠠᠨ ᠨᠢ ᠢᠵᠢᠯ ᠠᠯᠬᠤᠮ ᠢᠶᠠᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠳᠤ | ᠪᠠᠲᠦ ᠪᠠᠬᠢ ᠰᠠᠭᠤᠷᠢ ᠶᠢ ᠳᠠᠯᠪᠢᠵᠦ᠂ ᠠᠷᠠᠳ ᠤᠨ ᠠᠮᠢᠲᠦᠷᠠᠯ ᠢ ᠠᠳᠬᠤᠬᠤ ᠨᠢ ᠠᠵᠦ ᠠᠬᠤᠢ ᠨᠡᠶᠢᠭᠡᠮ ᠤᠨ | ᠭᠦᠭᠵᠢᠯᠳᠡ ᠶᠢᠨ ︽ᠠᠯᠲᠠᠨ ᠲᠦᠯᠬᠢᠬᠦᠷ︾ ᠢ ᠠᠳᠬᠤᠭᠰᠠᠨ ᠶᠠᠪᠤᠳᠠᠯ ᠪᠤᠯᠤᠨ᠎ᠠ᠃ | ᠳᠠᠪᠤ ᠳᠤ ᠠᠰᠠᠭᠤᠳᠠᠯ ᠪᠠᠷ ᠨᠢᠭᠡᠲᠦᠭᠡᠷ ᠤᠲᠤᠷᠢᠲᠤᠮᠵᠢ ᠪᠤᠯᠭᠠᠬᠤ ᠶᠢ ᠡᠷᠭᠡᠪᠰᠢ ᠢᠮᠠᠭᠲᠠ ᠪᠠᠷᠢᠮᠲᠠᠯᠠᠨ᠎ᠠ᠃ | ᠳᠠᠪᠤᠨ ᠵᠢᠯ ᠤᠨ ᠲᠤᠷᠰᠢ᠂ ᠪᠢᠳᠡ ᠳᠡᠭᠡᠲᠦ ᠱᠠᠲᠦᠨ ᠤ ᠨᠠᠮ ᠤᠨ ᠬᠤᠷᠢᠶ᠎ᠠ᠂ ᠵᠠᠰᠠᠭ ᠤᠨ ᠤᠷᠲᠦᠨ ᠪᠠ ᠬᠤᠰᠢᠭᠤᠨ ᠤ | ᠨᠠᠮ ᠤᠨ ᠬᠤᠷᠢᠶ᠎ᠠ ᠶᠢᠨ ᠡᠯ᠎ᠡ ᠲᠦᠷᠦᠯ ᠤᠨ ᠰᠢᠢᠳᠪᠦᠷᠢᠲᠦ ᠪᠤᠲᠤᠯᠭ᠎ᠠ ᠶᠢᠨ ᠪᠠᠶᠢᠷᠢᠯᠠᠭᠤᠯᠤᠯᠲᠠ ᠶᠢᠨ | ᠲᠤᠭᠤᠷᠢᠨ ᠳᠤ ᠴᠢᠩᠭ᠎ᠠ ᠨᠢᠭᠲᠡᠷᠠᠵᠤ᠂ ᠭᠦᠨᠵᠡᠭᠡᠢ ᠲᠤᠤᠱᠯᠠᠭᠤᠯᠵᠦ᠂ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠨ᠂ | ᠪᠤᠲᠠᠲᠠᠢ ᠠᠴᠠ ᠡᠭᠦᠰᠦᠨ ᠪᠦᠲᠦᠭᠡᠯᠴᠢ ᠴᠢᠨᠠᠷ ᠲᠠᠢ ᠪᠠᠷ ᠮᠠᠰᠢ ᠤᠯᠠᠨ ᠦᠷ᠎ᠡ ᠪᠦᠲᠦᠮᠵᠢ ᠲᠠᠢ ᠠᠵᠢᠯ ᠢ | ᠦᠷᠨᠢᠭᠦᠯᠵᠦ᠂ ᠡᠳ᠋ ᠤᠨ ᠵᠠᠰᠠᠭ᠂ ᠠᠵᠢᠯ ᠤᠯᠭᠤᠯᠲᠠ ᠵᠡᠷᠭᠡ ᠨᠢᠭᠡ ᠪᠦᠯᠦᠭ ᠬᠦᠴᠢᠷ ᠠᠰᠠᠭᠤᠳᠠᠯ ᠪᠠ ᠤᠯᠠᠨ | ᠲᠦᠮᠡᠨ ᠤ ᠳᠤᠰᠬᠠᠯ ᠢᠶᠠᠷ ᠴᠢᠩᠭ᠎ᠠ ᠬᠠᠯᠠᠮᠰᠢᠯ ᠬᠦᠴᠢᠷ ᠠᠰᠠᠭᠤᠳᠠᠯ ᠢ ᠴᠦᠮ ᠪᠦᠲᠦᠮᠵᠢᠲᠠᠢ ᠰᠢᠢᠳᠪᠦᠷᠢᠯᠡᠵᠦ᠂ | ᠨᠡᠶᠢᠭᠡᠮ ᠤᠨ ᠶᠡᠭᠡ ᠪᠠᠶᠢᠳᠠᠯ ᠡᠶ᠎ᠡ ᠵᠤᠬᠢᠴᠠᠩᠭᠤᠢ ᠲᠤᠭᠲᠠᠭᠤᠨ ᠪᠠᠶᠢᠵᠦ᠂ ᠠᠰᠠᠭᠤᠳᠠᠯ ᠢ ᠰᠢᠢᠳᠪᠦᠷᠢᠯᠡᠬᠦ ᠶᠢ | ᠠᠳᠬᠤᠬᠤ ᠨᠢ ᠳᠠᠷᠤᠢ ᠠᠵᠦ ᠠᠬᠤᠢ ᠨᠡᠶᠢᠭᠡᠮ ᠤᠨ ᠭᠦᠭᠵᠢᠯᠳᠡ ᠶᠢᠨ ︽ᠵᠦᠭᠯᠡᠭᠦᠷ︾ ᠢ ᠠᠳᠬᠤᠭᠰᠠᠨ ᠶᠠᠪᠤᠳᠠᠯ | ᠪᠤᠯᠤᠨ᠎ᠠ᠃ | ᠲᠦᠯᠦᠭᠡᠯᠡᠭᠴᠢᠳ ᠡ᠂ ᠦᠩᠭᠡᠷᠡᠭᠰᠡᠨ ᠳᠠᠪᠤᠨ ᠵᠢᠯ ᠤᠨ ᠭᠦᠭᠵᠢᠯᠳᠡ ᠶᠢᠨ ᠤᠯᠤᠭᠰᠠᠨ ᠠᠮᠵᠢᠯᠲᠠ ᠨᠢ | ᠬᠢᠯᠪᠠᠷ ᠪᠤᠰᠦ ᠶᠤᠮ᠂ ᠲᠡᠷᠡ ᠨᠢ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠦ ᠴᠢᠩᠭ᠎ᠠ ᠤᠲᠤᠷᠢᠲᠤᠯᠭ᠎ᠠ ᠪᠠ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠯᠡᠭᠡᠨ ᠤ ᠭᠦᠴᠦᠲᠠᠢ ᠳᠡᠮᠵᠢᠯᠭᠡ | ᠲᠤᠤᠷ᠎ᠠ᠂ ᠨᠡᠶᠢᠭᠡᠮ ᠤᠨ ᠡᠯ᠎ᠡ ᠡᠳᠡᠭᠡᠳ᠂ ᠡᠯ᠎ᠡ ᠦᠨᠲᠦᠰᠦᠲᠡᠨ ᠤ ᠤᠯᠠᠨ ᠲᠦᠮᠡᠨ ᠤ ᠰᠢᠨᠲᠠᠷᠠᠰᠢ ᠦᠬᠡᠢ | ᠴᠢᠷᠮᠡᠶᠢᠯᠭ᠎ᠠ ᠳᠤ ᠪᠠᠶᠢᠭ᠎ᠠ ᠶᠤᠮ᠃ ᠠᠳᠡ ᠪᠢ ᠬᠤᠰᠢᠭᠤᠨ ᠤ ᠠᠷᠠᠳ ᠤᠨ ᠵᠠᠰᠠᠭ ᠤᠨ ᠤᠷᠲᠦᠨ ᠢ ᠲᠦᠯᠦᠭᠡᠯᠡᠨ᠂ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠦᠬᠦ ᠲᠦᠯᠦᠭᠡᠯᠡᠭᠴᠢ ᠤᠯᠤᠰ ᠲᠦᠷᠦ ᠶᠢᠨ ᠵᠦᠪᠯᠡᠯᠭᠡᠨ ᠤ | ᠪᠦᠬᠦ ᠭᠡᠰᠢᠭᠦᠨ᠂ ᠭᠡᠰᠢᠭᠲᠡᠨ ᠬᠤᠰᠢᠭᠤᠨ ᠤ ᠦᠭᠡᠷᠡᠴᠢᠯᠡᠯᠳᠡ᠂ ᠭᠦᠭᠵᠢᠯᠳᠡ᠂ ᠪᠦᠲᠦᠭᠡᠨ ᠪᠠᠶᠢᠭᠤᠯᠤᠯᠲᠠ ᠶᠢ | ᠬᠠᠯᠠᠮᠵᠢᠯᠠᠨ ᠳᠡᠮᠵᠢᠵᠦ ᠪᠠᠶᠢᠭ᠎ᠠ ᠡᠯ᠎ᠡ ᠡᠳᠡᠭᠡᠳ ᠤᠨ ᠭᠦᠮᠦᠰ ᠲᠤ ᠡᠷᠬᠢᠮ ᠳᠡᠭᠡᠲᠦ ᠬᠦᠨᠲᠦᠳᠬᠡᠯ ᠪᠠ ᠴᠢᠩ | ᠰᠡᠳᠭᠢᠯ ᠳᠠᠯᠠᠷᠬᠠᠯ ᠢᠶᠠᠨ ᠢᠯᠡᠳᠬᠡᠶ᠎ᠡ︕ | ᠳᠠᠪᠤᠨ ᠵᠢᠯ ᠤᠨ ᠠᠮᠵᠢᠯᠲᠠ ᠨᠢ ᠬᠦᠮᠦᠰ ᠢ ᠵᠤᠷᠢᠭᠵᠢᠭᠤᠯᠤᠮ᠎ᠠ ᠪᠤᠯᠪᠠᠴᠦ᠂ ᠪᠢᠳᠡ ᠪᠠᠰᠠ ᠭᠦᠭᠵᠢᠯᠳᠡ ᠶᠢᠨ | ᠳᠤᠮᠳᠠ ᠮᠦᠨᠬᠦ ᠵᠠᠷᠢᠮ ᠣᠮᠳᠣᠭᠠᠢᠯᠠᠵᠤ ᠪᠤᠯᠤᠰᠢ ᠦᠬᠡᠢ ᠵᠦᠷᠢᠴᠡᠯ ᠪᠤᠯᠤᠨ ᠠᠰᠠᠭᠤᠳᠠᠯ ᠤᠷᠤᠰᠢᠵᠦ ᠪᠠᠶᠢᠬᠤ ᠶᠢ | ᠰᠡᠷᠭᠡᠭ ᠢᠶᠠᠷ ᠲᠠᠨᠢᠵᠤ ᠤᠯᠤᠭᠰᠠᠨ ᠶᠤᠮ᠄ ᠨᠢᠭᠡ ᠳᠤ ᠠᠵᠦ ᠠᠬᠤᠢ ᠶᠢᠨ ᠭᠦᠭᠵᠢᠯᠳᠡ ᠶᠢᠨ ᠳᠠᠷᠤᠭᠠᠰᠦ ᠨᠡᠯᠢᠶᠡᠳ | ᠶᠡᠭᠡ᠃ ᠭᠦᠭᠵᠢᠯᠳᠡ ᠲᠡᠩᠴᠡᠭᠦᠷᠢ ᠦᠬᠡᠢ ᠭᠦᠢᠴᠡᠳ ᠪᠤᠰᠦ ᠪᠠᠶᠢᠵᠦ᠂ ᠭᠦᠭᠵᠢᠯᠳᠡ ᠪᠠᠷ ᠠᠨᠠᠢ ᠬᠤᠰᠢᠭᠤᠨ ᠤ | ᠦᠨᠲᠦᠰᠦᠨ ᠪᠠᠶᠢᠳᠠᠯ ᠢ ᠦᠨᠲᠦᠰᠦ ᠠᠴᠠ ᠨᠢ ᠬᠤᠪᠢᠷᠠᠭᠤᠯᠵᠦ ᠳᠡᠶᠢᠯᠦᠭᠡᠲᠦᠢ ᠪᠠᠶᠢᠵᠦ᠂ ᠨᠡᠮᠡᠭᠳᠡᠯ ᠤᠨ ᠭᠦᠴᠦᠨ | ᠮᠡᠬᠦᠰᠲᠡᠬᠦ ᠪᠠ ᠨᠦᠭᠡᠴᠡ ᠬᠦᠴᠦᠨ ᠭᠦᠷᠦᠯᠴᠡᠬᠦ ᠦᠬᠡᠢ ᠪᠠᠶᠢᠬᠤ ᠠᠰᠠᠭᠤᠳᠠᠯ ᠨᠡᠯᠢᠶᠡᠳ ᠲᠤᠪᠤᠶᠢᠮ᠎ᠠ ᠪᠠᠶᠢᠵᠦ᠂ | ᠪᠢᠳᠡ ᠮᠦᠨᠬᠦ ᠶᠡᠷᠦᠩᠬᠡᠢ ᠬᠡᠮᠵᠢᠶ᠎ᠡ ᠶᠢ ᠨᠡᠮᠡᠭᠳᠡᠭᠦᠯᠬᠦ ᠪᠠ ᠶᠠᠰᠦ ᠴᠢᠨᠠᠷ ᠢ ᠳᠡᠭᠡᠭᠰᠢᠯᠡᠭᠦᠯᠬᠦ ᠬᠤᠶᠠᠷ ᠶᠡᠭᠡ ᠬᠦᠴᠢᠷ | ᠪᠡᠷᠭᠡ ᠡᠭᠦᠷᠭᠡ ᠳᠤ ᠬᠠᠨᠲᠤᠵᠤ ᠪᠤᠢ᠃ ᠬᠤᠶᠠᠷ ᠲᠤ ᠠᠵᠦ ᠤᠶᠢᠯᠡᠰ ᠤᠨ ᠪᠦᠲᠦᠴᠡ ᠶᠢᠨ ᠲᠤᠭᠢᠷᠠᠭᠤᠯᠤᠯᠲᠠ | ᠬᠠᠷᠢᠴᠠᠩᠭᠤᠢ ᠤᠳᠠᠭᠠᠨ᠃ ᠠᠵᠦ ᠤᠶᠢᠯᠡᠳᠪᠦᠷᠢ ᠶᠢᠨ ᠤᠯᠠᠮᠵᠢᠯᠠᠯᠲᠦ ᠠᠵᠦ ᠤᠶᠢᠯᠡᠰ ᠳᠠᠬᠢ ᠬᠤᠪᠢ ᠶᠢᠨ ᠵᠢᠩ | ᠶᠡᠭᠡ᠂ ᠬᠡᠯᠬᠢᠶᠡᠰᠦ ᠤᠬᠤᠷ᠂ ᠵᠠᠬ᠎ᠠ ᠳᠡᠯᠭᠡᠭᠦᠷ ᠤᠨ ᠦᠷᠢᠰᠦᠯᠲᠦᠬᠦ ᠭᠦᠴᠦᠨ ᠰᠤᠯᠠ︔ ᠮᠠᠯ ᠠᠵᠦ ᠠᠬᠤᠢ | ᠲᠠᠷᠢᠶᠠᠯᠠᠩ ᠤᠨ ᠠᠵᠦ ᠤᠶᠢᠯᠡᠰᠵᠢᠭᠰᠡᠨ᠂ ᠨᠡᠷᠡᠲᠦ ᠲᠡᠮᠳᠡᠭᠴᠢᠯᠡᠭᠰᠡᠨ ᠭᠦᠭᠵᠢᠯᠳᠡ ᠤᠳᠠᠭᠠᠨ︔ ᠤᠶᠢᠯᠡᠴᠢᠯᠡᠭᠡᠨ ᠤ | ᠤᠶᠢᠯᠡᠰ ᠤᠨ ᠬᠡᠪᠴᠢᠶ᠎ᠡ᠂ ᠵᠡᠷᠭᠡ ᠳᠡᠰ ᠪᠠ ᠠᠵᠦ ᠤᠶᠢᠯᠡᠰ ᠲᠠᠢ ᠠᠭᠤᠰᠤᠯᠴᠠᠬᠤ ᠬᠢᠷᠢ ᠲᠦᠪᠰᠢᠨ ᠲᠤᠤᠷ᠎ᠠ ᠪᠠᠶᠢᠵᠦ᠂ | ᠬᠡᠯᠪᠡᠷᠢ ᠬᠤᠪᠢᠷᠠᠭᠤᠯᠤᠨ ᠳᠡᠰ ᠳᠡᠪᠰᠢᠬᠦ ᠪᠠ ᠪᠦᠲᠦᠴᠡ ᠶᠢ ᠰᠢᠯᠢᠳᠡᠭᠵᠢᠬᠦᠯᠬᠦ ᠶᠢ ᠴᠢᠩᠭᠠᠳᠬᠠᠬᠤ ᠴᠢᠬᠤᠯᠠᠲᠠᠢ | ᠪᠠᠶᠢᠨ᠎ᠠ᠃ ᠭᠤᠷᠪᠠ ᠳᠤ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠵᠦᠷᠢᠴᠡᠯ ᠲᠤᠪᠤᠶᠢᠮ᠎ᠠ᠃ ᠪᠤᠲᠠᠲᠦ | ᠴᠤᠭᠴᠠ ᠶᠢᠨ ᠠᠵᠦ ᠠᠬᠤᠶᠢᠯᠠᠯ ᠤᠨ ᠡᠷᠭᠢᠯᠳᠡ ᠬᠦᠴᠢᠷᠳᠡᠯ ᠲᠠᠢ ᠪᠠᠶᠢᠵᠦ᠂ ᠤᠯᠠᠮᠵᠢᠯᠠᠯᠲᠦ ᠭᠠᠶᠢᠯᠢ ᠶᠢᠨ | ᠢᠷᠡᠯᠲᠡ ᠶᠢ ᠪᠠᠭᠠᠰᠬᠠᠵᠤ᠂ ᠰᠢᠨ᠎ᠡ ᠭᠠᠶᠢᠯᠢ ᠶᠢᠨ ᠢᠷᠡᠯᠲᠡ ᠬᠠᠷᠠᠬᠠᠨ ᠦᠷ᠎ᠡ ᠪᠦᠲᠦᠮᠵᠢ ᠤᠯᠤᠭ᠎ᠠ ᠦᠬᠡᠢ᠂ ᠡᠳ᠋ ᠤᠨ | ᠵᠠᠰᠠᠭ ᠤᠨ ᠤᠷᠤᠯᠭ᠎ᠠ ᠶᠢᠨ ᠨᠡᠮᠡᠭᠳᠡᠯ ᠤᠨ ᠬᠤᠷᠲᠤᠴᠠ ᠤᠳᠠᠭᠠᠰᠢᠷᠠᠭᠰᠠᠨ ᠪᠠ ᠠᠷᠠᠳ ᠤᠨ ᠠᠮᠢᠲᠦᠷᠠᠯ ᠤᠨ | ᠪᠠᠲᠤᠯᠠᠭ᠎ᠠ ᠵᠡᠷᠭᠡ ᠵᠠᠶᠢᠯᠠᠰᠢ ᠦᠬᠡᠢ ᠵᠠᠷᠤᠯᠭ᠎ᠠ ᠶᠢᠨ ᠨᠡᠮᠡᠭᠳᠡᠯ ᠤᠨ ᠵᠦᠷᠢᠴᠡᠯ ᠡᠲᠦᠷ ᠢᠷᠡᠬᠦ ᠲᠤᠲᠤᠮ | ᠰᠢᠷᠦᠭᠦᠰᠦᠭᠰᠡᠨ ᠪᠠᠶᠢᠨ᠎ᠠ᠃ ᠲᠦᠷᠪᠡ ᠳᠤ ᠠᠮᠢ ᠠᠬᠤᠢ ᠶᠢᠨ ᠬᠠᠮᠠᠭᠠᠯᠠᠯᠲᠠ ᠶᠢᠨ ᠡᠭᠦᠷᠭᠡ ᠬᠦᠨᠲᠦ ᠴᠢᠬᠤᠯᠠ᠃ | ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ᠂ ᠤᠯᠤᠰ ᠤᠨ ᠨᠡᠶᠢᠳᠡ ᠶᠢᠨ ᠠᠰᠠᠷᠠᠮᠵᠢ ᠶᠢᠨ ᠤᠢ ᠵᠡᠷᠭᠡ ᠠᠮᠢ | ᠠᠬᠤᠢ ᠶᠢᠨ ᠬᠠᠮᠠᠭᠠᠯᠠᠯᠲᠠ ᠶᠢᠨ ᠬᠦᠷᠢᠶ᠎ᠡ ᠬᠡᠪᠴᠢᠶ᠎ᠡ ᠨᠡᠯᠢᠶᠡᠳ ᠦᠷᠭᠡᠨ᠂ ᠠᠭᠤᠷᠬᠠᠢ ᠵᠡᠷᠭᠡ ᠬᠦᠷᠢᠶ᠎ᠡ ᠬᠡᠪᠴᠢᠶᠡᠨ | ᠳᠠᠬᠢ ᠳᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠨᠡᠯᠢᠶᠡᠳ ᠤᠯᠠᠨ᠂ ᠵᠠᠰᠠᠨ ᠰᠡᠷᠭᠦᠬᠡᠬᠦ ᠬᠦᠴᠢᠷᠳᠡᠯ | ᠨᠡᠯᠢᠶᠡᠳ ᠶᠡᠭᠡ ᠪᠠᠶᠢᠵᠦ᠂ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠠᠵᠢᠯ ᠢ ᠰᠠᠶᠢᠲᠦᠷ | ᠬᠢᠬᠦ ᠳᠤ ᠨᠡᠩ ᠶᠡᠭᠡ ᠰᠢᠷᠭᠠᠭᠤ ᠬᠠᠳᠠᠭᠤᠵᠢᠯᠲᠠᠢ ᠴᠢᠷᠮᠡᠶᠢᠯᠭ᠎ᠠ ᠭᠠᠷᠭᠠᠬᠤ ᠴᠢᠬᠤᠯᠠᠲᠠᠢ᠃ ᠳᠠᠪᠤ ᠳᠤ ᠳᠤᠰ ᠪᠡᠶ᠎ᠡ ᠶᠢᠨ | ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠬᠤ ᠴᠢᠬᠤᠯᠠᠲᠠᠢ᠃ ᠵᠠᠰᠠᠭ ᠤᠨ ᠤᠷᠲᠦᠨ ᠤ ᠴᠢᠳᠠᠪᠬᠢ ᠶᠢᠨ | ᠬᠤᠪᠢᠷᠠᠯᠲᠠ ᠨᠢ ᠰᠢᠨ᠎ᠡ ᠴᠠᠭ ᠦᠶ᠎ᠡ᠂ ᠰᠢᠨ᠎ᠡ ᠤᠶᠢᠯᠠᠭᠠᠭᠳᠠᠬᠤᠨ᠂ ᠰᠢᠨ᠎ᠡ ᠠᠷᠭ᠎ᠠ ᠬᠡᠮᠵᠢᠶ᠎ᠡ ᠲᠠᠢ ᠪᠠᠰᠠ | ᠪᠦᠷᠢᠮᠦᠰᠦᠨ ᠵᠤᠬᠢᠴᠠᠬᠤ ᠦᠬᠡᠢ ᠪᠠᠶᠢᠵᠦ᠂ ᠤᠨᠴᠠᠭᠠᠢ ᠵᠠᠷᠢᠮ ᠭᠠᠵᠠᠷ ᠤᠷᠤᠨ ᠪᠠ ᠰᠠᠯᠠᠭ᠎ᠠ ᠮᠦᠴᠢᠷ ᠤᠨ ᠰᠢᠨ᠎ᠡ ᠶᠢ | ᠡᠭᠦᠳᠬᠦ ᠤᠬᠠᠮᠰᠠᠷ᠂ ᠬᠠᠷᠢᠭᠤᠴᠠᠯᠭᠠᠲᠦ ᠤᠬᠠᠮᠰᠠᠷ᠂ ᠡᠭᠦᠷᠭᠡᠯᠡᠬᠦ ᠤᠬᠠᠮᠰᠠᠷ ᠠᠨᠠᠢ᠂ ᠠᠵᠢᠯ ᠶᠠᠪᠤᠳᠠᠯ ᠬᠢᠵᠦ | ᠪᠦᠲᠦᠭᠡᠬᠦ ᠠᠭᠤᠷ ᠠᠮᠢᠰᠬᠤᠯ ᠬᠦᠷᠦᠯᠴᠡᠬᠦ ᠦᠬᠡᠢ᠂ ᠤᠴᠢᠷ ᠶᠠᠪᠤᠳᠠᠯ ᠭᠦᠢᠴᠡᠳᠬᠡᠬᠦ ᠦᠷ᠎ᠡ ᠪᠦᠲᠦᠮᠵᠢ ᠪᠠ | ᠡᠵᠡᠩᠨᠡᠯᠳᠡ ᠬᠤᠳᠠᠯᠲᠤᠭ᠎ᠠ ᠶᠢᠨ ᠤᠶᠢᠯᠡᠴᠢᠯᠡᠭᠡ ᠭᠦᠷᠦᠯᠴᠡᠬᠦ ᠦᠬᠡᠢ᠂ ᠭᠦᠭᠵᠢᠯᠳᠡ ᠶᠢ ᠠᠭᠢᠭᠤᠯᠬᠤ ᠳᠡᠭᠡᠲᠦ | ᠳᠡᠰ ᠤᠨ ᠵᠢᠷᠤᠭ ᠲᠦᠯᠦᠪᠯᠡᠭᠡ᠂ ᠰᠢᠰᠲ᠋ᠧᠮᠲᠦ ᠲᠦᠯᠦᠪᠯᠡᠭᠡ ᠶᠢᠨ ᠪᠡᠷᠭᠡ ᠰᠡᠲᠦᠪ ᠢ ᠰᠢᠢᠳᠪᠦᠷᠢᠯᠡᠬᠦ ᠴᠢᠳᠠᠪᠤᠷᠢ ᠶᠢ | ᠤᠯᠠᠮ ᠨᠢᠭᠡ ᠠᠯᠬᠤᠮ ᠳᠡᠭᠡᠭᠰᠢᠯᠡᠬᠦᠯᠬᠦ ᠴᠢᠬᠤᠯᠠᠲᠠᠢ᠃ ᠳᠡᠭᠡᠷ᠎ᠡ ᠲᠤᠷᠠᠲᠤᠭᠰᠠᠨ ᠠᠰᠠᠭᠤᠳᠠᠯ ᠪᠠ ᠬᠦᠷᠦᠯᠴᠡᠬᠦ ᠦᠬᠡᠢ | ᠵᠦᠢᠯ ᠳᠤ᠂ ᠪᠢᠳᠡ ᠶᠡᠭᠤᠨ ᠤ ᠡᠮᠦᠨ᠎ᠡ ᠵᠠᠰᠠᠭ ᠤᠨ ᠤᠷᠲᠦᠨ ᠤ ᠳᠤᠰ ᠪᠡᠶ᠎ᠡ ᠠᠴᠠ ᠰᠢᠯᠲᠠᠭᠠᠨ ᠢ ᠡᠷᠢᠵᠦ᠂ ᠠᠷᠭ᠎ᠠ | ᠬᠡᠮᠵᠢᠶ᠎ᠡ ᠠᠪᠴᠦ᠂ ᠨᠢᠭᠤᠬᠤ ᠦᠬᠡᠢ᠂ ᠵᠠᠶᠢᠯᠠᠬᠤ ᠦᠬᠡᠢ᠂ ᠠᠷᠭ᠎ᠠ ᠪᠦᠭᠦᠨ ᠢ ᠰᠦᠪᠡᠭᠴᠢᠯᠡᠨ ᠰᠢᠢᠳᠪᠦᠷᠢᠯᠡᠬᠦ | ᠪᠤᠯᠤᠨ᠎ᠠ᠃ | | |