| | ᠬᠤᠶᠠᠷ᠂ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠤᠷᠲᠦᠨ ᠤ ᠳᠡᠮᠡᠴᠡᠬᠦ ᠬᠠᠷᠠᠯᠲᠠ ᠪᠠ ᠭᠤᠤᠯ ᠪᠤᠯᠬᠤ | ᠡᠭᠦᠷᠭᠡ | | ᠬᠤᠶᠢᠰᠢᠲᠠ ᠶᠢᠨ ᠳᠠᠪᠤᠨ ᠵᠢᠯ ᠪᠤᠯ ︽ᠬᠤᠶᠠᠷ ᠨᠢᠭᠡ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢᠨ | ᠲᠡᠤᠬᠡ ᠶᠢᠨ ᠠᠭᠤᠯᠵᠠᠷ ᠤᠨ ᠬᠤᠭᠤᠴᠠᠭ᠎ᠠ ᠪᠤᠯᠤᠨ᠎ᠠ᠃ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ᠂ | ᠨᠡᠶᠢᠭᠡᠮ ᠵᠢᠷᠤᠮᠲᠦ ᠤᠲᠤᠭᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠢ | ᠡᠭᠢᠯᠡᠬᠦᠯᠬᠦ ᠶᠢ ᠪᠠᠲᠤᠳᠬᠠᠬᠤ ᠨᠢ ᠭᠡᠰᠢᠭᠲᠡᠨ ᠬᠤᠰᠢᠭᠤᠨ ᠤ ᠠᠵᠦ ᠠᠬᠤᠢ ᠨᠡᠶᠢᠭᠡᠮ ᠤᠨ ᠭᠦᠭᠵᠢᠯᠳᠡ ᠳᠤ | ᠳᠡᠤᠬᠡ ᠶᠢᠨ ᠴᠢᠨᠠᠷᠲᠠᠢ ᠴᠢᠬᠤᠯᠠ ᠶᠡᠭᠡ ᠲᠤᠭᠢᠶᠠᠯ ᠢ ᠠᠪᠴᠢᠷᠠᠵᠦ ᠦᠭᠬᠦ ᠨᠢ ᠯᠠᠪᠲᠠᠢ᠂ ᠰᠢᠨ᠎ᠡ ᠨᠢᠭᠡ | ᠬᠤᠭᠤᠴᠠᠭᠠᠨ ᠤ ᠵᠠᠰᠠᠭ ᠤᠨ ᠤᠷᠲᠦᠨ ᠨᠢ ᠳᠠᠪᠠᠭᠤᠯᠢᠭ ᠳᠠᠯ᠎ᠠ ᠳᠡᠭᠡᠷ᠎ᠡ ᠰᠠᠭᠤᠷᠢᠯᠠᠵᠤ᠂ ᠪᠠᠶᠢᠳᠠᠯ ᠢ ᠲᠤᠲᠤ | ᠤᠶᠢᠯᠠᠭᠠᠵᠤ᠂ ᠬᠠᠨᠲᠦᠰᠢ ᠶᠢ ᠡᠵᠡᠮᠳᠡᠨ᠂ ᠰᠢᠨ᠎ᠡ ᠲᠤᠭᠢᠶᠠᠯ ᠢ ᠴᠢᠩᠭ᠎ᠠ ᠠᠳᠬᠤᠵᠤ᠂ ᠰᠢᠨ᠎ᠡ ᠦᠷᠢᠰᠦᠯᠲᠦᠭᠡᠨ ᠢ | ᠠᠷᠭᠠᠴᠠᠵᠤ᠂ ᠰᠢᠨ᠎ᠡ ᠬᠡᠯᠪᠡᠷᠢ ᠬᠤᠪᠢᠷᠠᠭᠠᠯᠲᠠ ᠶᠢ ᠲᠦᠷᠭᠡᠳᠬᠡᠵᠦ᠂ ᠰᠢᠨ᠎ᠡ ᠳᠠᠪᠠᠯᠲᠠ ᠶᠢ ᠪᠡᠶᠡᠯᠡᠭᠦᠯᠬᠦ ᠪᠤᠯᠤᠨ᠎ᠠ᠃ | ᠵᠠᠰᠠᠭ ᠤᠨ ᠤᠷᠲᠦᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠤᠯ᠄ ᠨᠠᠮ ᠤᠨ ᠠᠷᠪᠠ ᠵᠢᠰᠦᠲᠦᠭᠡᠷ ᠶᠡᠭᠡ | ᠬᠤᠷᠠᠯ ᠤᠨ ᠵᠤᠷᠢᠭ ᠰᠠᠨᠠᠭ᠎ᠠ ᠶᠢ ᠭᠤᠶᠢᠪᠢᠰᠢ ᠦᠬᠡᠢ ᠲᠤᠤᠱᠯᠠᠭᠤᠯᠵᠤ᠂ ︽ᠳᠠᠪᠤ ᠶᠢ ᠨᠢᠭᠡ ᠴᠤᠭᠴᠠᠵᠢᠭᠤᠯᠬᠤ︾ | ᠶᠡᠷᠦᠩᠬᠡᠢ ᠪᠠᠶᠢᠷᠢᠯᠠᠭᠤᠯᠤᠯᠲᠠ ᠪᠠ ︽ᠲᠦᠷᠪᠡᠨ ᠪᠦᠬᠦ ᠲᠠᠯ᠎ᠠ︾ ᠶᠢᠨ ᠪᠠᠶᠢᠯᠲᠤᠬᠤ ᠪᠤᠲᠤᠯᠭ᠎ᠠ ᠶᠢᠨ | ᠪᠠᠶᠢᠷᠢᠯᠠᠭᠤᠯᠤᠯᠲᠠ ᠶᠢ ᠭᠤᠶᠢᠪᠢᠰᠢ ᠦᠭᠡᠢ ᠳᠤᠤᠱᠯᠠᠭᠤᠯᠵᠤ᠂ ᠳᠠᠪᠤᠨ ᠶᠡᠭᠡ ᠬᠦᠭᠵᠢᠯᠳᠡ ᠶᠢᠨ ᠤᠶᠢᠯᠠᠭᠠᠭᠳᠠᠬᠤᠨ ᠢ | ᠭᠤᠶᠢᠪᠢᠰᠢ ᠦᠬᠡᠢ ᠲᠤᠤᠱᠯᠠᠭᠤᠯᠵᠤ᠂ ᠶᠠᠰᠦ ᠴᠢᠨᠠᠷ ᠢ ᠳᠡᠷᠢᠭᠦᠨ ᠳᠤ ᠳᠠᠯᠪᠢᠵᠦ᠂ ᠦᠷ᠎ᠡ ᠠᠰᠢᠭ ᠢ ᠤᠷᠢᠳᠠᠪᠡᠷ | ᠪᠤᠲᠤᠯᠭᠢᠯᠠᠬᠤ ᠶᠢ ᠪᠠᠷᠢᠮᠲᠠᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠳᠡ ᠪᠠᠷ | ᠭᠤᠤᠯ ᠱᠤᠭᠤᠮ ᠪᠤᠯᠭᠠᠨ᠂ ᠭᠤᠤᠯᠳᠠᠯᠭ᠎ᠠ ᠶᠢ ᠳᠤᠪᠤᠶᠢᠮ᠎ᠠ ᠠᠳᠬᠤᠵᠦ᠂ ᠲᠤᠳᠠᠭᠳᠠᠯ ᠢᠶᠠᠨ ᠨᠦᠬᠦᠪᠦᠷᠢᠯᠡᠨ᠂ ᠪᠠᠭᠤᠷᠠᠢ | ᠲᠠᠯ᠎ᠠ ᠪᠠᠨ ᠴᠢᠩᠭᠠᠳᠬᠠᠵᠤ᠂ ᠰᠢᠨ᠎ᠡ ᠬᠡᠯᠪᠡᠷᠢ ᠶᠢᠨ ᠠᠵᠦ ᠤᠶᠢᠯᠡᠳᠪᠦᠷᠢᠵᠢᠯᠳᠡ᠂ ᠴᠢᠮᠡᠭᠡ ᠵᠠᠩᠭᠢᠵᠢᠯᠲᠠ᠂ ᠬᠤᠳᠠ | ᠪᠠᠯᠭᠠᠰᠦᠵᠢᠯᠲᠠ᠂ ᠮᠠᠯ ᠠᠵᠦ ᠠᠬᠤᠢ ᠲᠠᠷᠢᠶᠠᠯᠠᠩ ᠤᠨ ᠤᠲᠤᠭᠢᠴᠢᠯᠠᠯᠲᠠ ᠪᠠ ᠪᠤᠬᠢᠷᠲᠦᠯ ᠦᠬᠡᠢ ᠶᠢ ᠨᠢᠭᠡᠲᠦᠯᠲᠠᠢ | ᠠᠭᠢᠭᠤᠯᠵᠦ᠂ ᠨᠠᠷᠢᠯᠢᠭ ᠤᠨᠤᠪᠴᠢᠲᠠᠢ ᠪᠠᠷ ᠶᠠᠳᠠᠭᠤ ᠶᠢ ᠳᠡᠳᠬᠦᠬᠦ᠂ ᠪᠦᠬᠦ ᠤᠷᠤᠨ ᠬᠡᠪᠴᠢᠶᠡᠨ ᠤ ᠵᠢᠭᠤᠯᠴᠢᠯᠠᠯ᠂ ᠠᠮᠢ | ᠠᠬᠤᠢ ᠶᠢᠨ ᠪᠤᠯᠪᠠᠰᠦᠨ᠂ ᠤᠯᠠᠨ ᠨᠡᠶᠢᠳᠡ ᠶᠢᠨ ᠠᠮᠦᠷ ᠲᠦᠪᠰᠢᠨ᠂ ᠲᠦᠭᠰᠢᠭᠦᠷᠢ ᠶᠢ ᠰᠡᠷᠭᠡᠶᠢᠯᠡᠬᠦ ᠪᠠᠭᠢᠯᠡᠯᠳᠡ ᠶᠢᠨ | ᠳᠠᠶᠢᠨ ᠢ ᠡᠷᠡᠰ ᠰᠠᠶᠢᠨ ᠬᠢᠵᠦ᠂ ᠪᠠᠶᠠᠨ ᠴᠢᠨᠡᠭᠡᠯᠢᠭ ᠭᠡᠰᠢᠭᠲᠡᠨ ᠬᠤᠰᠢᠭᠤ ᠶᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠵᠦ᠂ ᠨᠡᠶᠢᠭᠡᠮ ᠵᠢᠷᠤᠮᠲᠦ ᠤᠲᠤᠭᠢᠴᠢᠯᠠᠯᠲᠠ ᠳᠤ ᠲᠠᠪᠰᠢᠨ ᠤᠷᠤᠨ᠎ᠠ᠃ | ᠭᠤᠤᠯ ᠪᠤᠯᠬᠤ ᠵᠢᠱᠢᠭᠰᠡᠨ ᠬᠠᠷᠠᠯᠲᠠ ᠪᠤᠯ᠄ 2022 ᠤᠨ ᠪᠤᠯᠲᠠᠯ᠎ᠠ᠂ ᠪᠦᠬᠦ ᠬᠤᠰᠢᠭᠤᠨ ᠤ ᠤᠷᠤᠨ | ᠨᠤᠲᠤᠭ ᠤᠨ ᠤᠶᠢᠯᠡᠳᠪᠦᠷᠢᠯᠡᠯ ᠤᠨ ᠶᠡᠷᠦᠩᠬᠡᠢ ᠦᠷᠳᠡᠭ ᠢ ᠵᠢᠯ ᠳᠤ ᠳᠤᠮᠳᠠᠴᠢ ᠪᠠᠷ 6.5%ᠤᠷᠴᠢᠮ | ᠨᠡᠮᠡᠭᠳᠡᠭᠦᠯᠦᠨ᠎ᠡ︔ ᠡᠳ᠋ ᠤᠨ ᠵᠠᠰᠠᠭ ᠤᠨ ᠤᠷᠤᠯᠭ᠎ᠠ ᠶᠢ ᠵᠢᠯ ᠳᠤ ᠳᠤᠮᠳᠠᠴᠢ ᠪᠠᠷ 5%ᠤᠷᠴᠢᠮ ᠨᠡᠮᠡᠭᠳᠡᠭᠦᠯᠦᠨ᠎ᠡ︔ | ᠬᠡᠪᠴᠢᠶᠡᠵᠢᠯ ᠠᠴᠠ ᠳᠡᠭᠡᠭᠰᠢᠬᠢ ᠲᠤᠭᠲᠠᠮᠠᠯ ᠬᠦᠷᠦᠩᠭᠡ ᠶᠢᠨ ᠪᠡᠯᠡ ᠤᠷᠤᠭᠤᠯᠤᠯᠲᠠ ᠶᠢ ᠵᠢᠯ ᠳᠤ ᠳᠤᠮᠳᠠᠴᠢ ᠪᠠᠷ | 10% ᠤᠷᠴᠢᠮ ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠲᠠᠸᠠᠷ ᠢ ᠵᠢᠵᠢᠭᠯᠡᠨ ᠪᠤᠷᠤᠯᠠᠭᠤᠯᠬᠤ ᠶᠡᠷᠦᠩᠬᠡᠢ | ᠬᠡᠮᠵᠢᠶ᠎ᠡ ᠶᠢ ᠵᠢᠯ ᠳᠤ ᠳᠤᠮᠳᠠᠴᠢ ᠪᠠᠷ 10%ᠤᠷᠴᠢᠮ ᠨᠡᠮᠡᠭᠳᠡᠭᠦᠯᠦᠨ᠎ᠡ︔ ᠬᠤᠳᠠ ᠪᠠᠯᠭᠠᠰᠦ ᠪᠠ ᠮᠠᠯᠵᠢᠬᠤ | ᠲᠠᠷᠢᠶᠠᠯᠠᠬᠤ ᠤᠷᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠡᠵᠡᠮᠳᠡᠵᠦ ᠪᠤᠯᠬᠤ | ᠤᠷᠤᠯᠭ᠎ᠠ ᠶᠢ ᠵᠢᠯ ᠳᠤ ᠳᠤᠮᠳᠠᠴᠢ ᠪᠠᠷ 9% ᠤᠷᠴᠢᠮ ᠨᠡᠮᠡᠭᠳᠡᠭᠦᠯᠦᠨ᠎ᠡ᠃ | ᠳᠡᠭᠡᠷ᠎ᠡ ᠳᠤᠷᠠᠳᠤᠭᠰᠠᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ᠂ ᠳᠣᠣᠷᠠᠬᠢ ᠬᠡᠳᠦᠨ ᠲᠠᠯ᠎ᠠ ᠶᠢᠨ ᠠᠵᠢᠯ ᠢ | ᠰᠠᠶᠢᠲᠤᠷ ᠪᠡᠶᠡᠯᠡᠭᠦᠯᠬᠦ ᠬᠡᠷᠡᠭᠲᠡᠢ᠄ | ︵ᠨᠢᠭᠡ︶ ᠬᠥᠭᠵᠢᠯᠲᠡ ᠪᠠᠷ ᠲᠡᠷᠢᠭᠦᠨ ᠴᠢᠬᠤᠯᠠ ᠡᠭᠦᠷᠭᠡ ᠪᠣᠯᠭᠠᠬᠤ ᠶᠢ ᠪᠠᠷᠢᠮᠲᠠᠯᠠᠨ᠂ ᠣᠳᠣᠬᠢᠴᠢᠯᠠᠭᠰᠠᠨ | ᠠᠵᠤ ᠠᠬᠤᠢ ᠶᠢᠨ ᠰᠢᠰᠲ᠋ᠧᠮ ᠢ ᠲᠦᠷᠭᠡᠨ ᠪᠠᠶᠢᠭᠤᠯᠬᠤ ᠬᠡᠷᠡᠭᠲᠡᠢ᠃ ᠬᠦᠭᠵᠢᠯᠲᠡ ᠪᠣᠯ ᠲᠥᠷᠦ ᠶᠢ ᠵᠠᠰᠠᠵᠤ ᠣᠯᠣᠰ | ᠪᠠᠨ ᠮᠠᠨᠳᠣᠭᠤᠯᠬᠤ ᠶᠢᠨ ᠲᠡᠷᠢᠬᠦᠨ ᠴᠢᠬᠤᠯᠠ ᠡᠭᠦᠷᠭᠡ ᠪᠤᠯᠬᠤ ᠶᠢ ᠡᠷᠡᠰ ᠭᠤᠶᠢᠪᠢᠰᠢ ᠦᠭᠡᠢ ᠪᠠᠷᠢᠮᠲᠠᠯᠠᠨ᠂ ᠠᠯᠢᠪᠠ | ᠠᠰᠠᠭᠤᠳᠠᠯ ᠢ ᠰᠢᠢᠳᠪᠦᠷᠢᠯᠡᠬᠦ ᠰᠠᠭᠤᠷᠢ ᠪᠠ ᠵᠠᠩᠭᠢᠯᠠᠭ᠎ᠠ ᠪᠤᠯᠭᠠᠵᠤ᠂ ᠰᠢᠨ᠎ᠡ ᠶᠢ ᠡᠭᠦᠳᠬᠦ᠂ ᠵᠣᠬᠢᠴᠠᠩᠭᠤᠢ᠂ | ᠪᠣᠬᠢᠷᠳᠤᠯ ᠦᠭᠡᠢ᠂ ᠴᠢᠯᠦᠭᠡᠳᠡᠢ᠂ ᠬᠠᠮᠳᠣᠪᠡᠷ ᠡᠳ᠋ᠯᠡᠬᠦ ᠬᠦᠭᠵᠢᠯᠲᠡ ᠶᠢᠨ ᠰᠢᠨ᠎ᠡ ᠣᠶᠢᠯᠠᠭᠠᠭᠳᠠᠬᠤᠨ ᠢ ᠪᠦᠬᠦ ᠲᠠᠯ᠎ᠠ | ᠪᠠᠷ ᠦᠢᠯᠡᠳᠦᠯᠭᠡᠵᠢᠬᠦᠯᠵᠦ᠂ ᠡᠬᠢ ᠪᠠᠶᠠᠯᠢᠭ ᠢ ᠪᠦᠷᠢᠯᠭᠡᠬᠦ᠂ ᠲᠤᠭ᠎ᠠ ᠬᠡᠮᠵᠢᠶᠡᠨ ᠳᠤ ᠲᠦᠰᠢᠭᠯᠡᠬᠦ᠂ ᠠᠩᠬᠠᠨ ᠤ | ᠪᠦᠳᠦᠭᠡᠭᠳᠡᠭᠦᠨ ᠦᠢᠯᠡᠳᠪᠦᠷᠢᠯᠡᠬᠦ ᠪᠠᠷ ᠭᠤᠣᠯ ᠪᠣᠯᠭᠠᠬᠤ ᠠᠷᠭ᠎ᠠ ᠵᠠᠮ ᠢ ᠡᠷᠡᠰ ᠲᠡᠪᠴᠢᠵᠦ᠂ ᠠᠮᠢ ᠠᠬᠤᠢ᠂ | ᠣᠷᠴᠢᠨ ᠲᠣᠭᠤᠷᠢᠨ᠂ ᠠᠶᠣᠯᠬᠦᠢ᠂ ᠠᠵᠦ ᠦᠢᠯᠡᠰ ᠤᠨ ᠲᠥᠷᠦ ᠶᠢᠨ ᠪᠣᠳᠣᠯᠭ᠎ᠠ ᠶᠢᠨ ᠦᠨᠳᠦᠰᠦᠨ ᠪᠠᠷᠢᠮᠵᠢᠶ᠎ᠠ ᠶᠢ | ᠡᠷᠡᠰ ᠰᠠᠬᠢᠵᠦ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠲᠡ ᠪᠠᠷ ᠭᠤᠣᠯ ᠱᠣᠭᠤᠮ | ᠪᠤᠯᠠᠭᠠᠨ᠂ ᠴᠢᠨᠠᠷ ᠴᠢᠨᠰᠠᠭ᠎ᠠ ᠦᠷ᠎ᠡ ᠠᠰᠢᠭ ᠢᠶᠠᠷ ᠭᠤᠣᠯ ᠪᠣᠯᠭᠠᠨ᠂ ᠡᠨᠧᠷᠭᠢ ᠠᠷᠪᠢᠯᠠᠬᠤ᠂ ᠣᠷᠴᠢᠨ ᠲᠣᠭᠤᠷᠢᠨ ᠢ | ᠬᠠᠮᠠᠭᠠᠯᠠᠬᠤ᠂ ᠪᠣᠬᠢᠷᠳᠤᠯ ᠦᠭᠡᠢ᠂ ᠲᠣᠣᠷ᠎ᠠ ᠨᠡᠭᠦᠷᠡᠰᠦᠲᠦᠷᠦᠭᠴᠢᠲᠦ ᠬᠦᠭᠵᠢᠯᠲᠡ ᠪᠠᠷ ᠲᠡᠮᠡᠴᠡᠬᠦ ᠴᠢᠭᠯᠡᠯ ᠪᠣᠯᠭᠠᠨ | ᠂ ᠰᠢᠨ᠎ᠡ ᠶᠢ ᠡᠭᠦᠳᠬᠦ ᠪᠠ ᠰᠢᠨᠵᠢᠯᠡᠬᠦ ᠣᠬᠠᠭᠠᠨ ᠮᠡᠷᠭᠡᠵᠢᠯ ᠤᠨ ᠲᠠᠪᠰᠢᠯᠲᠠ ᠪᠠᠷ ᠬᠦᠳᠡᠯᠭᠡᠭᠴᠢ ᠬᠦᠴᠦᠨ ᠪᠤᠯᠭᠠᠵᠦ | ᠂ ᠬᠡᠯᠪᠡᠷᠢ ᠶᠢ ᠬᠤᠪᠢᠷᠠᠭᠤᠯᠬᠤ᠂ ᠪᠦᠳᠦᠴᠡ ᠶᠢ ᠰᠢᠯᠢᠳᠡᠭᠵᠢᠬᠦᠯᠬᠦ᠂ ᠬᠦᠳᠡᠯᠬᠡᠬᠦ ᠬᠦᠴᠦᠨ ᠢ ᠬᠤᠪᠢᠷᠠᠭᠠᠬᠤ ᠪᠠᠷ | ᠠᠷᠭ᠎ᠠ ᠬᠡᠮᠵᠢᠶ᠎ᠡ ᠪᠠ ᠣᠨᠣᠴᠠ ᠪᠤᠯᠭᠠᠨ᠂ ︽ᠲᠠᠪᠣᠨ ᠶᠡᠭᠡ ᠰᠠᠭᠤᠷᠢᠨ ᠭᠠᠵᠠᠷ︾ ᠤᠨ ᠪᠦᠲᠦᠭᠡᠨ ᠪᠠᠶᠢᠭᠤᠯᠣᠯᠲᠠ | ᠪᠠᠷ ᠠᠴᠢᠶᠠᠯᠠᠪᠣᠷᠢ ᠪᠤᠯᠭᠠᠵᠦ᠂ ᠠᠵᠦ ᠦᠢᠯᠡᠰ ᠲᠦᠪᠯᠡᠷᠡᠭᠰᠡᠨ᠂ ᠡᠷᠴᠢᠮᠵᠢᠭᠰᠡᠨ᠂ ᠦᠨᠳᠦᠷ ᠲᠠᠪᠬᠤᠷᠭ᠎ᠠ ᠲᠡᠰᠢ | ᠬᠦᠭᠵᠢᠬᠦ ᠶᠢ ᠡᠷᠡᠰ ᠭᠤᠶᠢᠪᠢᠰᠢ ᠦᠭᠡᠢ ᠠᠬᠢᠭᠤᠯᠵᠣ᠂ ᠪᠠᠶᠢᠷᠢ ᠰᠣᠯᠢᠪᠴᠠᠭᠤᠯᠬᠤ᠂ ᠬᠠᠮᠵᠢᠯᠴᠠᠨ ᠬᠦᠭᠵᠢᠬᠦ᠂ | ᠢᠵᠢ ᠪᠦᠷᠢᠳᠦᠭᠰᠡᠨ ᠠᠵᠣ ᠦᠢᠯᠡᠰ ᠤᠨ ᠪᠠᠶᠢᠷᠢᠰᠢᠯᠲᠠ ᠲᠡᠰᠢ ᠲᠠᠪᠰᠢᠵᠦ᠂ ᠠᠵᠣ ᠠᠬᠤᠢ ᠶᠢᠨ ᠶᠠᠰᠣ ᠴᠢᠨᠠᠷ ᠤᠨ | ᠬᠤᠪᠢᠰᠣᠯᠲᠠ᠂ ᠦᠷ᠎ᠡ ᠠᠰᠢᠭ ᠤᠨ ᠬᠤᠪᠢᠰᠣᠯᠲᠠ᠂ ᠬᠦᠳᠡᠯᠭᠡᠬᠦ ᠬᠦᠴᠦᠨ ᠤ ᠬᠤᠪᠢᠰᠣᠯᠲᠠ ᠶᠢ ᠡᠷᠡᠰ ᠭᠤᠶᠢᠪᠢᠰᠢ | ᠦᠭᠡᠢ ᠠᠬᠢᠭᠤᠯᠣᠨ᠂ ᠬᠡᠯᠪᠡᠷᠢ ᠬᠤᠪᠢᠷᠠᠭᠤᠯᠣᠨ ᠬᠦᠭᠵᠢᠬᠦᠯᠬᠦ᠂ ᠰᠢᠨᠵᠢᠯᠡᠬᠦ ᠣᠬᠠᠭᠠᠨᠴᠢ ᠪᠠᠷ ᠬᠦᠭᠵᠢᠬᠦᠯᠬᠦ ᠶᠢ | ᠪᠡᠶᠡᠯᠡᠬᠦᠯᠬᠦ ᠬᠡᠷᠡᠭᠳᠡᠢ᠃ | — ᠰᠢᠨ᠎ᠡ ᠬᠡᠯᠪᠡᠷᠢ ᠶᠢᠨ ᠮᠠᠯ ᠠᠵᠤ ᠠᠬᠤᠢ ᠲᠠᠷᠢᠶᠠᠯᠠᠩ ᠤᠨ ᠰᠢᠰᠲ᠋ᠧᠮ ᠢ ᠲᠦᠷᠭᠡᠳᠬᠡᠨ ᠴᠣᠭᠴᠠᠯᠠᠬᠤ | ᠬᠡᠷᠡᠭᠲᠡᠢ᠃ ᠮᠠᠯ ᠠᠵᠤ ᠠᠬᠤᠢ ᠲᠠᠷᠢᠶᠠᠯᠠᠩ ᠢ ᠡᠩ ᠲᠡᠷᠢᠭᠦᠨ ᠳᠤ ᠬᠥᠭᠵᠢᠭᠦᠯᠬᠦ ᠶᠢ ᠪᠠᠷᠢᠮᠲᠠᠯᠠᠨ᠂ ᠮᠠᠯ ᠠᠵᠤ ᠠᠬᠤᠢ | ᠲᠠᠷᠢᠶᠠᠯᠠᠩ ᠤᠨ ᠠᠵᠤ ᠦᠢᠯᠡᠰ ᠤᠨ ᠰᠢᠰᠲ᠋ᠧᠮ᠂ ᠦᠢᠯᠡᠳᠪᠦᠷᠢᠯᠡᠯ ᠤᠨ ᠰᠢᠰᠲ᠋ᠧᠮ ᠪᠠ ᠡᠵᠡᠩᠨᠡᠯᠲᠡ ᠶᠢᠨ | ᠰᠢᠰᠲ᠋ᠧᠮ ᠢ ᠰᠢᠯᠢᠳᠡᠭᠵᠢᠭᠦᠯᠵᠦ᠂ ᠭᠠᠵᠠᠷ ᠰᠢᠷᠣᠢ ᠶᠢᠨ ᠭᠠᠷᠤᠯᠲᠠ ᠶᠢᠨ ᠨᠤᠷᠮ᠎ᠠ᠂ ᠡᠬᠢ ᠪᠠᠶᠠᠯᠢᠭ ᠤᠨ | ᠠᠰᠢᠭᠯᠠᠯᠲᠠ ᠶᠢᠨ ᠨᠤᠷᠮ᠎ᠠ᠂ ᠬᠥᠳᠡᠯᠮᠦᠷᠢ ᠶᠢᠨ ᠦᠢᠯᠡᠳᠪᠦᠷᠢᠯᠡᠯ ᠤᠨ ᠨᠤᠷᠮ᠎ᠠ ᠶᠢ ᠳᠡᠭᠡᠭᠰᠢᠯᠡᠭᠦᠯᠦᠨ᠂ ᠮᠠᠯ ᠠᠵᠤ | ᠠᠬᠤᠢ ᠲᠠᠷᠢᠶᠠᠯᠠᠩ ᠤᠨ ᠪᠠᠷᠢᠮᠵᠢᠶᠠᠵᠢᠭᠰᠠᠨ ᠦᠢᠯᠡᠳᠪᠦᠷᠢᠯᠡᠯ᠂ ᠰᠠᠭᠤᠷᠢᠨ ᠭᠠᠵᠠᠷ ᠬᠡᠯᠪᠡᠷᠢ ᠶᠢᠨ ᠪᠦᠲᠦᠭᠡᠨ | ᠪᠠᠶᠢᠭᠤᠯᠤᠯᠲᠠ᠂ ᠠᠵᠤ ᠦᠢᠯᠡᠰᠵᠢᠭᠰᠡᠨ ᠡᠵᠡᠩᠨᠡᠯᠲᠡ᠂ ᠨᠡᠷᠡᠲᠦ ᠲᠡᠮᠳᠡᠭᠴᠢᠯᠡᠭᠰᠡᠨ ᠬᠥᠭᠵᠢᠯᠲᠡ᠂ ᠪᠦᠬᠦ | ᠶᠠᠪᠤᠴᠠ ᠶᠢᠨ ᠮᠥᠷᠳᠡᠯᠭᠡ ᠶᠢ ᠲᠦᠯᠬᠢᠨ ᠠᠬᠢᠭᠤᠯᠬᠤ ᠬᠡᠷᠡᠭᠲᠡᠢ᠃ | ᠣᠳᠣ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠤᠨ ᠰᠢᠰᠲ᠋ᠧᠮ ᠢ ᠰᠢᠯᠢᠳᠡᠭᠵᠢᠭᠦᠯᠬᠦ | ᠬᠡᠷᠡᠭᠲᠡᠢ᠃ ᠵᠠᠬ᠎ᠠ ᠳᠡᠯᠭᠡᠭᠦᠷ ᠤᠨ ᠬᠡᠷᠡᠭᠴᠡᠭᠡ ᠪᠠᠷ ᠵᠠᠮᠴᠢ ᠪᠣᠯᠭᠠᠬᠤ ᠶᠢ ᠪᠠᠷᠢᠮᠲᠠᠯᠠᠨ᠂ ᠮᠠᠯ ᠠᠵᠤ ᠠᠬᠤᠢ ᠶᠢ | ᠰᠢᠯᠢᠳᠡᠭᠵᠢᠭᠦᠯᠵᠦ᠂ ᠳᠡᠭᠡᠭᠰᠢᠯᠡᠭᠦᠯᠵᠦ᠂ ᠨᠠᠷᠢᠯᠢᠭᠵᠢᠭᠤᠯᠬᠤ ᠶᠢᠨ ᠲᠣᠭᠤᠷᠢᠨ ᠳᠤ ᠠᠯᠠᠰᠢᠨ ᠦᠬᠡᠷ᠂ ᠠᠯᠠᠰᠢᠨ | ᠬᠤᠨᠢ᠂ ᠲᠥᠮᠥᠰᠥ᠂ ᠬᠦᠢᠲᠡᠨ ᠰᠡᠷᠢᠭᠦᠨ ᠣᠷᠣᠨ ᠳᠤ ᠤᠷᠭᠤᠬᠤ ᠢᠳᠡᠰᠢᠨ ᠨᠣᠭᠤᠭ᠎ᠠ ᠵᠢᠴᠢ ᠬᠤᠯᠢᠮᠠᠭ ᠠᠮᠤ | ᠪᠤᠷᠴᠠᠭ᠂ ᠡᠪᠡᠰᠦ ᠪᠣᠷᠳᠤᠭ᠎ᠠ ᠲᠠᠪᠤᠨ ᠲᠣᠮᠣ ᠭᠤᠣᠯᠯᠠᠬᠤ ᠠᠵᠤ ᠦᠢᠯᠡᠰ ᠢᠶᠠᠷ ᠳᠡᠰ ᠳᠡᠪᠰᠢᠭᠦᠯᠵᠦ᠂ ᠡᠪᠡᠰᠦᠨ ᠡᠮ | ᠂ ᠢᠳᠡᠰᠢᠨ ᠮᠥᠬᠦ ᠵᠡᠷᠭᠡ ᠶᠢ ᠲᠠᠷᠢᠬᠤ ᠲᠠᠯᠠᠪᠠᠢ ᠪᠠ ᠠᠯᠠᠰᠢᠨ ᠡᠯᠵᠢᠭᠡ᠂ ᠭᠠᠭ᠋ᠠᠢ ᠵᠡᠷᠭᠡ ᠲᠡᠵᠢᠭᠡᠨ ᠠᠷᠠᠴᠢᠯᠠᠬᠤ | ᠬᠡᠪᠴᠢᠶ᠎ᠡ ᠶᠢ ᠥᠷᠭᠡᠳᠬᠡᠨ᠂ ᠨᠠᠭᠠᠳᠤᠨ ᠰᠡᠯᠡᠭᠦᠴᠡᠵᠦ ᠵᠢᠮᠢᠰ ᠨᠣᠭᠤᠭ᠎ᠠ ᠲᠡᠭᠦᠬᠦ ᠵᠡᠷᠭᠡ ᠥᠪᠡᠷᠮᠢᠴᠡ ᠣᠨᠴᠠᠯᠢᠭᠲᠤ | ᠠᠵᠤ ᠠᠬᠤᠢ ᠶᠢᠨ ᠣᠢ᠂ ᠴᠢᠬᠢ ᠮᠣᠳᠣᠨ ᠤ ᠬᠦᠷᠢᠶᠡᠯᠡᠩ ᠬᠤᠸᠠᠷ ᠴᠡᠴᠡᠭ᠂ ᠣᠢ ᠰᠢᠭᠤᠢ ᠶᠢᠨ ᠢᠳᠡᠭᠡᠨ ᠤ ᠵᠦᠢᠯ | ᠵᠡᠷᠭᠡ ᠪᠣᠬᠢᠷᠲᠤᠯ ᠦᠭᠡᠢ ᠠᠵᠤ ᠦᠢᠯᠡᠰ ᠢ ᠬᠥᠭᠵᠢᠭᠦᠯᠵᠦ᠂ ᠳᠠᠯᠠᠢ ᠨᠠᠭᠤᠷ᠂ ᠤᠰᠤᠨ ᠴᠥᠭᠦᠷᠥᠮ ᠵᠡᠷᠭᠡ | ᠤᠰᠤᠨ ᠳᠤ ᠲᠡᠵᠢᠭᠡᠨ ᠠᠷᠠᠴᠢᠯᠠᠬᠤ ᠠᠵᠢᠯ ᠲᠥᠷᠥᠯ ᠤᠨ ᠭᠠᠷᠤᠯᠲᠠ ᠶᠢ ᠨᠡᠮᠡᠭᠳᠡᠭᠦᠯᠦᠨ ᠪᠦᠲᠦᠮᠵᠢ ᠶᠢ | ᠳᠡᠭᠡᠭᠰᠢᠯᠡᠭᠦᠯᠵᠦ᠂ ᠣᠷᠣᠨ ᠨᠤᠲᠤᠭ ᠤᠨ ᠥᠪᠡᠷᠮᠢᠴᠡ ᠣᠨᠴᠠᠯᠢᠭ ᠪᠠ ᠪᠠᠭ᠎ᠠ ᠲᠥᠷᠥᠯ ᠵᠦᠢᠯ ᠢ ᠲᠣᠮᠣ ᠠᠵᠤ | ᠦᠢᠯᠡᠰ ᠪᠣᠯᠭᠠᠬᠤ ᠬᠡᠷᠡᠭᠲᠡᠢ; ᠲᠥᠷᠥᠯ ᠵᠥᠢᠯ᠂ ᠪᠡᠯᠡ ᠮᠥᠩᠭᠦ᠂ ᠮᠡᠷᠭᠡᠵᠢᠯ᠂ ᠴᠢᠳᠠᠪᠤᠷᠢᠲᠠᠨ ᠢ ᠡᠷᠡᠮᠡᠯᠵᠡᠬᠦ ᠪᠠ | ᠲᠠᠲᠠᠵᠤ ᠣᠷᠣᠭᠤᠯᠬᠤ ᠠᠯᠬᠤᠴᠠ ᠶᠢ ᠦᠷᠭᠦᠯᠵᠢᠯᠡᠨ ᠲᠦᠷᠭᠡᠳᠬᠡᠵᠦ᠂ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ᠂ ᠪᠦᠲᠦᠴᠡ ᠡᠭᠦᠯᠳᠡᠷ ᠢ ᠰᠢᠯᠢᠳᠡᠭᠵᠢᠭᠦᠯᠬᠦ᠂ ᠨᠡᠷᠡᠲᠦ ᠲᠡᠮᠳᠡᠭ ᠢ ᠡᠭᠦᠳᠬᠦ ᠪᠠ ᠵᠠᠬ᠎ᠠ ᠳᠡᠯᠭᠡᠭᠦᠷ ᠢ | ᠪᠣᠶᠢᠵᠢᠭᠤᠯᠤᠨ ᠬᠥᠭᠵᠢᠭᠦᠯᠬᠦ ᠬᠦᠴᠦᠯᠡᠴᠡ ᠶᠢ ᠦᠨᠡᠨᠬᠦ ᠴᠢᠩᠭᠠᠳᠬᠠᠵᠤ᠂ ᠲᠥᠬᠦᠭᠡᠷᠦᠮᠵᠢᠳᠦ ᠮᠠᠯ ᠠᠵᠤ ᠠᠬᠤᠢ ᠪᠠ | ᠲᠠᠷᠢᠶᠠᠯᠠᠩ ᠢ ᠶᠡᠬᠡᠪᠡᠷ ᠬᠥᠭᠵᠢᠭᠦᠯᠬᠦ ᠬᠡᠷᠡᠭᠲᠡᠢ᠃ ᠨᠢᠭᠡ ᠬᠤᠶᠠᠷ ᠭᠤᠷᠪᠠᠳᠤᠭᠠᠷ ᠠᠵᠤ ᠦᠢᠯᠡᠰ ᠢ | ᠠᠭᠤᠰᠤᠯᠴᠠᠭᠤᠯᠤᠨ ᠬᠥᠭᠵᠢᠭᠦᠯᠬᠦ ᠶᠢᠨ ᠲᠣᠭᠤᠷᠢᠨ ᠳᠤ ᠲᠦᠭᠦᠬᠡᠢ ᠡᠳ᠋ ᠢ ᠲᠤᠬᠠᠢ ᠶᠢᠨ ᠭᠠᠵᠠᠷ ᠲᠤᠨᠢ | ᠬᠤᠪᠢᠷᠠᠭᠤᠯᠤᠨ ᠥᠷᠲᠡᠭ ᠢ ᠨᠡᠮᠡᠭᠳᠡᠭᠦᠯᠬᠦ ᠶᠢ ᠲᠣᠪᠣᠶᠢᠯᠭᠠᠨ᠂ ᠠᠯᠠᠰᠢᠨ ᠦᠬᠡᠷ᠂ ᠠᠯᠠᠰᠢᠨ ᠬᠤᠨᠢ᠂ ᠲᠥᠮᠥᠰᠥ᠂ | ᠬᠦᠢᠲᠡᠨ ᠰᠡᠷᠢᠭᠦᠨ ᠣᠷᠣᠨ ᠳᠤ ᠤᠷᠭᠤᠬᠤ ᠢᠳᠡᠰᠢᠨ ᠨᠣᠭᠤᠭ᠎ᠠ᠂ ᠡᠪᠡᠰᠦᠨ ᠡᠮ ᠵᠡᠷᠭᠡ ᠮᠠᠯ ᠲᠠᠷᠢᠶᠠᠯᠠᠩ ᠤᠨ | ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ ᠦᠢᠯᠡᠰ ᠢ ᠬᠥᠭᠵᠢᠭᠦᠯᠵᠦ᠂ ᠮᠠᠯ ᠠᠵᠤ ᠠᠬᠤᠢ ᠲᠠᠷᠢᠶᠠᠯᠠᠩ ᠤᠨ | ᠪᠦᠬᠦ ᠭᠤᠭᠴᠤᠭ᠎ᠠ ᠶᠢ ᠳᠡᠰ ᠳᠡᠪᠰᠢᠭᠦᠯᠦᠨ᠂ ᠪᠦᠬᠦ ᠬᠡᠯᠬᠢᠶ᠎ᠡ ᠶᠢᠨ ᠥᠷᠲᠡᠭ ᠢ ᠨᠡᠮᠡᠭᠳᠡᠭᠦᠯᠬᠦ ᠶᠢ ᠪᠡᠶᠡᠯᠡᠭᠦᠯᠬᠦ | ᠬᠡᠷᠡᠭᠲᠡᠢ᠃ ᠮᠠᠯ ᠠᠵᠤ ᠠᠬᠤᠢ ᠲᠠᠷᠢᠶᠠᠯᠠᠩ ᠤᠨ ᠠᠮᠢ ᠠᠬᠤᠢ᠂ ᠨᠠᠭᠠᠳᠤᠮ ᠰᠡᠯᠡᠭᠦᠴᠡᠯ ᠪᠠ ᠰᠣᠶᠣᠯ ᠤᠨ ᠥᠷᠲᠡᠭ ᠢ | ᠭᠦᠨᠵᠡᠭᠡᠢ ᠠᠭᠤᠳᠠᠯᠤᠨ᠂ ᠪᠢᠷᠠᠭᠤ ᠪᠠᠯᠭᠠᠰᠤ ᠶᠢᠨ ᠲᠦᠮᠡᠨ ᠮᠦ ᠲᠥᠬᠦᠭᠡᠷᠦᠮᠵᠢᠲᠦ ᠲᠠᠷᠢᠶᠠᠯᠠᠩ ᠤᠨ ᠪᠦᠰᠡ᠂ | ᠭᠦᠨᠴᠦᠭᠲᠦ ᠶᠢᠨ ᠲᠠᠷᠢᠶᠠᠴᠢᠨ ᠠᠶᠢᠯ ᠤᠨ ᠵᠣᠭᠤᠭ᠂ ᠵᠠᠩᠭᠠᠷ ᠣᠷᠭᠠᠨᠢᠭ ᠮᠠᠯ ᠠᠵᠤ ᠠᠬᠤᠢ ᠲᠠᠷᠢᠶᠠᠯᠠᠩ ᠤᠨ ᠠᠮᠢ | ᠠᠬᠤᠢ ᠶᠢᠨ ᠨᠠᠭᠠᠳᠤᠮ ᠰᠡᠯᠡᠭᠦᠴᠡᠯ ᠲᠣᠭᠤᠷᠢᠨ ᠵᠢᠭᠤᠯᠴᠢᠯᠠᠬᠤ ᠬᠦᠷᠢᠶᠡᠯᠡᠩ ᠲᠣᠭᠤᠷᠢᠭ᠂ ᠬᠠᠨ ᠰᠦᠷᠦᠭ ᠠᠮᠢ | ᠠᠬᠤᠢ ᠶᠢᠨ ᠲᠣᠭᠤᠷᠢᠨ ᠰᠣᠨᠢᠷᠬᠠᠬᠤ ᠮᠠᠯᠵᠢᠯ ᠤᠨ ᠲᠠᠯᠠᠪᠠᠢ ᠶᠢᠨ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ | ᠪᠠᠳᠠᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠢᠭᠤᠯᠴᠢᠯᠠᠯ ᠤᠨ ᠬᠥᠭᠵᠢᠯᠲᠡ ᠶᠢ ᠲᠦᠷᠭᠡᠳᠬᠡᠨ᠂ ᠮᠠᠯᠵᠢᠬᠤ | ᠲᠠᠷᠢᠶᠠᠯᠠᠬᠤ ᠣᠷᠣᠨ ᠤ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠦᠭᠰᠡᠨ ᠵᠢᠱᠢᠶ᠎ᠡ ᠦᠵᠡᠭᠦᠯᠬᠦ ᠬᠤᠰᠢᠭᠤ | ᠪᠠ ᠪᠦᠬᠦ ᠤᠯᠤᠰ ᠤᠨ ᠲᠣᠭᠤᠷᠢᠨ ᠰᠣᠨᠢᠷᠬᠠᠬᠤ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ | ᠴᠣᠭᠴᠠᠯᠠᠨ ᠪᠠᠶᠢᠭᠤᠯᠵᠤ᠂ ᠨᠥᠬᠦᠴᠡᠯ ᠲᠠᠢ ᠭᠠᠵᠠᠷ ᠣᠷᠣᠨ ᠳᠤ ᠴᠠᠭ ᠲᠤᠨᠢ ᠲᠣᠬᠢᠷᠠᠭᠤᠯᠤᠨ ᠨᠢᠭᠡ ᠪᠦᠯᠦᠭ ᠲᠠᠷᠢᠶ᠎ᠠ | ᠨᠣᠭᠤᠭᠠᠨ ᠤ ᠦᠢᠯᠡᠰ ᠤᠨ ᠶᠡᠷᠦᠩᠬᠡᠢ ᠴᠣᠭᠴᠠ ᠶᠢ ᠪᠠᠶᠢᠭᠤᠯᠬᠤ ᠪᠠ ᠬᠥᠭᠵᠢᠭᠦᠯᠬᠦ ᠬᠡᠷᠡᠭᠲᠡᠢ᠃ | ᠣᠳᠣ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠦᠢᠯᠡᠳᠪᠦᠷᠢᠯᠡᠯ ᠤᠨ ᠰᠢᠰᠲ᠋ᠧᠮ ᠢ ᠰᠢᠯᠢᠳᠡᠭᠵᠢᠭᠦᠯᠬᠦ | ᠬᠡᠷᠡᠭᠲᠡᠢ᠃ ᠬᠤᠪᠢᠷᠠᠭᠤᠯᠬᠤ ᠠᠷᠭ᠎ᠠ ᠬᠡᠯᠪᠡᠷᠢ᠂ ᠥᠷᠲᠡᠭ ᠢ ᠪᠠᠭᠤᠷᠠᠭᠤᠯᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ | ᠦᠷᠭᠦᠯᠵᠢᠯᠡᠬᠦᠶᠢᠴᠡ ᠬᠥᠭᠵᠢᠯᠲᠡ ᠶᠢ ᠲᠣᠪᠣᠶᠢᠯᠭᠠᠨ᠂ ᠤᠰᠤ ᠠᠷᠪᠢᠯᠠᠨ ᠤᠨᠠᠯᠲᠠ ᠨᠡᠮᠡᠭᠳᠡᠭᠦᠯᠬᠦ᠂ ᠭᠠᠵᠠᠷ ᠰᠢᠷᠤᠢ ᠶᠢ | ᠡᠮᠬᠢᠯᠡᠨ ᠴᠡᠭᠴᠡᠯᠡᠬᠦ᠂ ᠬᠥᠷᠥᠰᠥ ᠶᠢ ᠨᠢ ᠰᠢᠯᠭᠠᠨ ᠪᠣᠷᠳᠣᠭᠤᠷ ᠲᠣᠬᠢᠷᠠᠭᠤᠯᠬᠤ᠂ ᠦᠨᠳᠦᠷ ᠪᠠᠷᠢᠮᠵᠢᠶᠠᠲᠤ | ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠪᠠ ᠰᠢᠯᠢᠳᠡᠭ ᠡᠭᠦᠯᠳᠡᠷ ᠢ ᠪᠣᠶᠢᠵᠢᠭᠤᠯᠬᠤ ᠶᠢ ᠲᠦᠷᠭᠡᠳᠬᠡᠵᠦ᠂ | ᠪᠠᠷᠢᠮᠵᠢᠶᠠᠵᠢᠭᠰᠠᠨ ᠲᠡᠵᠢᠭᠡᠨ ᠦᠷᠡᠵᠢᠭᠦᠯᠬᠦ ᠲᠠᠯᠠᠪᠠᠢ᠂ ᠠᠮᠢ ᠠᠬᠤᠢ ᠶᠢᠨ ᠮᠠᠯᠵᠢᠯ ᠤᠨ ᠲᠠᠯᠠᠪᠠᠢ ᠶᠢᠨ ᠪᠦᠲᠦᠭᠡᠨ | ᠪᠠᠶᠢᠭᠤᠯᠤᠯᠲᠠ ᠪᠠ ᠮᠠᠯ ᠰᠦᠷᠦᠭ ᠤᠨ ᠪᠦᠲᠦᠴᠡ ᠶᠢᠨ ᠲᠣᠬᠢᠷᠠᠭᠤᠯᠤᠯᠲᠠ᠂ ᠮᠠᠯ ᠤᠨ ᠡᠭᠦᠯᠳᠡᠷ ᠰᠠᠶᠢᠵᠢᠷᠠᠭᠤᠯᠬᠤ | ᠬᠦᠴᠦᠯᠡᠴᠡ ᠶᠢ ᠨᠡᠮᠡᠭᠳᠡᠭᠦᠯᠦᠨ᠂ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠶᠢᠨ ᠪᠣᠳᠠᠰ ᠤᠨ ᠮᠡᠷᠭᠡᠵᠢᠯ ᠤᠨ | ᠲᠤᠯᠭᠠᠭᠤᠷᠢᠯᠠᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠭᠤᠣᠯ ᠪᠣᠯᠬᠤ ᠲᠠᠷᠢᠮᠠᠯ ᠤᠨ ᠵᠦᠢᠯᠡᠰ ᠤᠨ ᠰᠠᠶᠢᠨ | ᠡᠭᠦᠯᠳᠡᠷᠵᠢᠭᠰᠡᠨ ᠨᠤᠷᠮ᠎ᠠ ᠶᠢ 98% ᠶᠢ ᠳᠠᠪᠠᠭᠤᠯᠵᠤ᠂ ᠠᠯᠠᠰᠢᠨ ᠦᠬᠡᠷ ᠬᠤᠨᠢᠨ ᠤ ᠭᠤᠣᠯ ᠪᠣᠯᠬᠤ ᠳᠡᠯᠭᠡᠷᠡᠭᠦᠯᠬᠦ | ᠡᠭᠦᠯᠳᠡᠷ ᠢ ᠪᠦᠭᠦᠳᠡ ᠶᠢ ᠰᠠᠶᠢᠨ ᠡᠭᠦᠯᠳᠡᠷᠵᠢᠭᠦᠯᠬᠦ ᠪᠠᠷ ᠴᠢᠷᠮᠠᠶᠢᠬᠤ ᠬᠡᠷᠡᠭᠲᠡᠢ᠃ ᠣᠳᠣ ᠦᠶ᠎ᠡ ᠶᠢᠨ ᠮᠡᠷᠭᠡᠵᠢᠯ ᠢᠶᠠᠷ | ᠮᠠᠯ ᠠᠵᠤ ᠠᠬᠤᠢ ᠲᠠᠷᠢᠶᠠᠯᠠᠩ ᠳᠤ ᠦᠢᠯᠡᠴᠢᠯᠡᠬᠦ ᠶᠢ ᠪᠠᠷᠢᠮᠲᠠᠯᠠᠨ᠂ ᠲᠡᠷᠢᠭᠦᠨ ᠤ ᠲᠠᠷᠢᠶᠠᠯᠠᠩ ᠤᠨ ᠪᠠᠭᠠᠵᠢ ᠵᠡᠷᠭᠡ | ᠲᠣᠨᠤᠭ ᠲᠥᠬᠦᠭᠡᠷᠦᠮᠵᠢ ᠶᠢ ᠬᠡᠷᠡᠭᠯᠡᠬᠦ ᠶᠢ ᠳᠡᠮᠵᠢᠵᠦ᠂ ᠨᠡᠶᠢᠭᠡᠮ ᠤᠨ ᠬᠦᠴᠦᠨ ᠢ ᠵᠣᠷᠢᠭᠵᠢᠭᠤᠯᠤᠨ ᠮᠠᠯ ᠠᠵᠤ ᠠᠬᠤᠢ | ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠳᠤ ᠥᠷᠭᠡᠨ ᠢᠶᠠᠷ ᠣᠷᠣᠯᠴᠠᠭᠤᠯᠵᠤ᠂ | ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠮᠢᠶᠠᠷᠤᠯᠲᠠ᠂ ᠴᠠᠭ ᠠᠭᠠᠷ ᠤᠨ ᠬᠢᠨᠠᠨ ᠬᠡᠮᠵᠢᠯᠲᠡ᠂ | ᠡᠪᠡᠳᠴᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠠ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ | ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠂ ᠮᠠᠯ ᠠᠵᠤ ᠠᠬᠤᠢ | ᠲᠠᠷᠢᠶᠠᠯᠠᠩ ᠤᠨ ᠮᠡᠷᠭᠡᠵᠢᠯ ᠤᠨ ᠲᠣᠨᠤᠭ ᠲᠥᠬᠦᠭᠡᠷᠦᠮᠵᠢ ᠶᠢᠨ ᠲᠤᠯᠭᠠᠭᠤᠷᠢᠯᠠᠯ ᠢ ᠪᠦᠬᠦ ᠲᠠᠯ᠎ᠠ ᠪᠠᠷ ᠴᠢᠩᠭᠠᠳᠬᠠᠬᠤ | ᠬᠡᠷᠡᠭᠲᠡᠢ᠃ ︽ᠪᠣᠳᠠᠰ ᠤᠨ ᠬᠤᠯᠪᠣᠭᠠᠲᠤ ᠰᠦᠯᠵᠢᠶ᠎ᠡ + ᠣᠳᠣ ᠦᠶ᠎ᠡ ᠶᠢᠨ ᠮᠠᠯ ᠠᠵᠤ ᠠᠬᠤᠢ ᠲᠠᠷᠢᠶᠠᠯᠠᠩ︾ ᠤᠨ | ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠦᠨ᠂ ᠮᠠᠯ ᠲᠠᠷᠢᠶᠠᠯᠠᠩ ᠤᠨ ᠪᠦᠲᠦᠭᠡᠭᠳᠡᠬᠦᠨ ᠢ ᠰᠦᠯᠵᠢᠶᠡᠨ ᠳᠤ | ᠪᠣᠷᠣᠯᠠᠭᠤᠯᠬᠤ᠂ ᠬᠦᠯᠳᠡᠭᠡᠭᠰᠡᠨ ᠪᠣᠳᠠᠰ ᠤᠨ ᠪᠠᠷᠠᠭᠠᠨ ᠤ ᠭᠦᠢᠯᠭᠡᠭᠡ᠂ ᠪᠦᠬᠦ ᠶᠠᠪᠤᠴᠠ ᠶᠢ ᠨᠡᠬᠡᠮᠵᠢᠯᠡᠨ ᠮᠥᠷᠳᠡᠬᠦ | ᠬᠠᠮᠢᠶᠠᠷᠤᠯᠲᠠ ᠶᠢᠨ ᠰᠢᠰᠲ᠋ᠧᠮ ᠢ ᠴᠣᠭᠴᠠᠯᠠᠨ᠂ ᠣᠳᠣ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠵᠢᠱᠢᠶ᠎ᠡ | ᠦᠵᠡᠭᠦᠯᠬᠦ ᠰᠠᠭᠤᠷᠢᠨ ᠭᠠᠵᠠᠷ ᠪᠠ ᠤᠯᠤᠰ ᠤᠨ ᠳᠡᠰ ᠤᠨ ᠮᠠᠯ ᠠᠵᠤ ᠠᠬᠤᠢ ᠲᠠᠷᠢᠶᠠᠯᠠᠩ ᠤᠨ ᠪᠠᠷᠢᠮᠵᠢᠶᠠᠵᠢᠭᠰᠠᠨ | ᠵᠢᠱᠢᠶ᠎ᠡ ᠦᠵᠡᠭᠦᠯᠬᠦ ᠬᠤᠰᠢᠭᠤ ᠶᠢ ᠴᠢᠷᠮᠠᠶᠢᠨ ᠪᠠᠶᠢᠭᠤᠯᠬᠤ ᠬᠡᠷᠡᠭᠲᠡᠢ᠃ | ᠣᠳᠣ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠡᠵᠡᠩᠨᠡᠯᠲᠡ ᠶᠢᠨ ᠰᠢᠰᠲ᠋ᠧᠮ ᠢ ᠰᠢᠯᠢᠳᠡᠭᠵᠢᠭᠦᠯᠬᠦ | ᠬᠡᠷᠡᠭᠲᠡᠢ᠃ ᠮᠠᠯ ᠠᠵᠤ ᠠᠬᠤᠢ ᠲᠠᠷᠢᠶᠠᠯᠠᠩ ᠤᠨ ᠡᠵᠡᠩᠨᠡᠯᠲᠡ ᠶᠢ ᠡᠷᠴᠢᠮᠵᠢᠭᠦᠯᠬᠦ᠂ ᠵᠣᠬᠢᠶᠠᠨ ᠪᠠᠶᠢᠭᠤᠯᠤᠯᠲᠠ ᠲᠠᠢ | ᠪᠣᠯᠭᠠᠬᠤ᠂ ᠬᠡᠪᠴᠢᠶᠡᠵᠢᠭᠦᠯᠬᠦ᠂ ᠨᠡᠶᠢᠭᠡᠮᠴᠢᠯᠡᠬᠦ ᠶᠢᠨ ᠲᠣᠭᠤᠷᠢᠨ ᠳᠤ᠂ ᠮᠠᠯ ᠠᠵᠤ ᠠᠬᠤᠢ ᠲᠠᠷᠢᠶᠠᠯᠠᠩ ᠤᠨ | ᠲᠣᠯᠣᠭᠠᠶᠢᠯᠠᠭᠴᠢ ᠠᠵᠤ ᠠᠬᠤᠶᠢᠯᠠᠯ᠂ ᠭᠡᠷ ᠪᠦᠯᠢ ᠶᠢᠨ ᠮᠠᠯᠵᠢᠯ ᠲᠠᠷᠢᠶᠠᠯᠠᠩ ᠤᠨ ᠲᠠᠯᠠᠪᠠᠢ᠂ ᠬᠤᠷᠰᠢᠭᠰᠠᠨ ᠠᠵᠤ | ᠠᠬᠤᠢ ᠶᠢᠨ ᠵᠣᠬᠢᠶᠠᠨ ᠪᠠᠶᠢᠭᠤᠯᠤᠯᠲᠠ᠂ ᠲᠠᠷᠢᠵᠤ ᠲᠡᠵᠢᠭᠡᠬᠦ ᠲᠣᠮᠣ ᠡᠷᠦᠬᠡ ᠵᠡᠷᠭᠡ ᠰᠢᠨ᠎ᠡ ᠬᠡᠯᠪᠡᠷᠢ ᠶᠢᠨ | ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠶᠢ ᠢᠳᠡᠪᠬᠢᠲᠡᠢ ᠪᠣᠶᠢᠵᠢᠭᠤᠯᠤᠨ᠂ ᠡᠵᠡᠩᠨᠡᠯᠲᠡ ᠶᠢᠨ ᠡᠷᠬᠡ ᠶᠢ | ᠰᠢᠯᠵᠢᠭᠦᠯᠬᠦ᠂ ᠬᠤᠪᠢ ᠣᠷᠣᠭᠤᠯᠤᠨ ᠬᠠᠮᠵᠢᠯᠴᠠᠬᠤ᠂ ᠭᠠᠵᠠᠷ ᠰᠢᠷᠣᠢ ᠬᠠᠳᠤᠯᠠᠩ ᠪᠡᠯᠴᠢᠭᠡᠷ ᠢ ᠨᠠᠶᠢᠳᠠᠨ | ᠬᠠᠮᠢᠶᠠᠷᠤᠭᠤᠯᠬᠤ ᠵᠡᠷᠭᠡ ᠣᠯᠠᠨ ᠲᠥᠷᠥᠯ ᠤᠨ ᠠᠷᠭ᠎ᠠ ᠬᠡᠯᠪᠡᠷᠢ ᠪᠠᠷ ᠭᠠᠵᠠᠷ ᠰᠢᠷᠤᠢ ᠶᠢ ᠰᠢᠯᠵᠢᠭᠦᠯᠬᠦ ᠬᠡᠯᠪᠡᠷᠢ᠂ | ᠦᠢᠯᠡᠴᠢᠯᠡᠭᠡ ᠪᠠᠷ ᠳᠠᠶᠢᠴᠢᠯᠠᠨ ᠠᠬᠢᠭᠤᠯᠬᠤ ᠬᠡᠯᠪᠡᠷᠢ ᠵᠡᠷᠭᠡ ᠣᠯᠠᠨ ᠬᠡᠯᠪᠡᠷᠢ ᠶᠢᠨ ᠬᠡᠪᠴᠢᠶᠡᠲᠦ ᠡᠵᠡᠩᠨᠡᠯᠲᠡ ᠶᠢ | ᠬᠥᠭᠵᠢᠭᠦᠯᠵᠦ᠂ 2022 ᠣᠨ ᠪᠣᠯᠲᠠᠯ᠎ᠠ ᠭᠠᠵᠠᠷ ᠰᠢᠷᠤᠢ ᠶᠢ ᠰᠢᠯᠵᠢᠭᠦᠯᠦᠭᠰᠡᠨ ᠨᠤᠷᠮ᠎ᠠ᠂ ᠡᠯ᠎ᠡ ᠲᠥᠷᠥᠯ ᠤᠨ | ᠬᠤᠷᠰᠢᠭᠰᠠᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠬᠦᠴᠡ ᠶᠢᠨ ᠨᠤᠷᠮ᠎ᠠ ᠶᠢ ᠲᠤᠰ ᠲᠤᠰ 70% | ᠪᠠ 65% ᠶᠢ ᠳᠠᠪᠠᠭᠤᠯᠬᠤ ᠬᠡᠷᠡᠭᠲᠡᠢ᠃ ᠲᠣᠯᠣᠭᠠᠶᠢᠯᠠᠭᠴᠢ ᠠᠵᠤ ᠠᠬᠤᠶᠢᠯᠠᠯ ᠬᠢᠭᠡᠳ ᠮᠠᠯᠴᠢᠨ ᠲᠠᠷᠢᠶᠠᠴᠢᠨ ᠤ | ᠠᠰᠢᠭ ᠲᠤᠰᠠ ᠶᠢᠨ ᠬᠤᠯᠪᠣᠯᠳᠤᠭᠰᠠᠨ ᠵᠣᠬᠢᠮᠵᠢ ᠶᠢ ᠲᠡᠭᠦᠯᠳᠡᠷᠵᠢᠭᠦᠯᠵᠦ ᠰᠢᠨᠡᠳᠬᠡᠬᠦ ᠪᠠ ᠳ᠋ᠦᠩᠨᠡᠵᠦ᠂ ᠭᠡᠷ | ᠪᠦᠯᠢ ᠶᠢᠨ ᠡᠵᠡᠩᠨᠡᠯᠲᠡ ᠪᠠᠷ ᠰᠠᠭᠤᠷᠢ ᠪᠣᠯᠭᠠᠨ᠂ ᠬᠠᠮᠵᠢᠨ ᠠᠵᠢᠯᠯᠠᠬᠤ ᠬᠢᠭᠡᠳ ᠬᠤᠯᠪᠣᠭᠠᠯᠠᠬᠤ ᠪᠠᠷ ᠬᠤᠯᠪᠣᠭᠠᠰᠤ | ᠪᠣᠯᠭᠠᠵᠤ᠂ ᠨᠡᠶᠢᠭᠡᠮᠴᠢᠯᠡᠭᠰᠡᠨ ᠦᠢᠯᠡᠴᠢᠯᠡᠭᠡ ᠪᠠᠷ ᠲᠤᠯᠭᠠᠭᠤᠷᠢ ᠪᠣᠯᠭᠠᠭᠰᠠᠨ ᠪᠡᠶᠡᠲᠦ ᠬᠡᠯᠪᠡᠷᠢ᠂ ᠨᠡᠶᠢᠯᠡᠮᠡᠯ | ᠬᠡᠯᠪᠡᠷᠢ ᠶᠢᠨ ᠣᠳᠣ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠡᠵᠡᠩᠨᠡᠯᠲᠡ ᠶᠢᠨ ᠰᠢᠰᠲ᠋ᠧᠮ ᠢ ᠲᠦᠷᠭᠡᠨ | ᠪᠠᠶᠢᠭᠤᠯᠵᠤ᠂ ᠪᠦᠬᠦ ᠣᠷᠣᠨ ᠤ ᠬᠠᠮᠤᠭ ᠤᠨ ᠲᠣᠮᠣ ᠬᠤᠨᠢ ᠲᠡᠵᠢᠭᠡᠬᠦ ᠪᠠᠷ ᠬᠤᠯᠪᠣᠭᠠᠯᠠᠬᠤ ᠴᠣᠭᠴᠠ ᠪᠣᠯᠭᠠᠭᠰᠠᠨ | ᠲᠡᠵᠢᠭᠡᠨ ᠠᠷᠠᠴᠢᠯᠠᠬᠤ ᠵᠠᠭᠪᠤᠷ ᠢ ᠴᠣᠭᠴᠠᠯᠠᠨ ᠨᠡᠩ ᠣᠯᠠᠨ ᠮᠠᠯᠴᠢᠨ ᠲᠠᠷᠢᠶᠠᠴᠢᠨ ᠢ ᠠᠵᠤ ᠦᠢᠯᠡᠰ ᠤᠨ | ᠬᠡᠯᠬᠢᠶᠡᠵᠢᠯ ᠳᠤ ᠣᠷᠣᠭᠤᠯᠵᠤ᠂ ᠪᠦᠬᠦ ᠭᠤᠭᠴᠣᠭᠠᠨ ᠤ ᠠᠰᠢᠭ ᠣᠷᠣᠯᠭ᠎ᠠ ᠶᠢ ᠬᠦᠷᠲᠡᠭᠡᠬᠦ ᠬᠡᠷᠡᠭᠲᠡᠢ᠃ ᠮᠠᠯ ᠠᠵᠤ | ᠠᠬᠤᠢ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠲᠦ ᠲᠡᠮᠳᠡᠭ ᠢ ᠪᠣᠶᠢᠵᠢᠭᠤᠯᠬᠤ ᠶᠢ ᠨᠡᠩ ᠴᠢᠬᠤᠯᠠᠴᠢᠯᠠᠵᠤ᠂ ᠵᠤᠤ | ᠤᠳᠠ ᠶᠢᠨ ᠠᠯᠠᠰᠢᠨ ᠬᠤᠨᠢ᠂ ᠲᠠᠯ᠎ᠠ ᠨᠤᠲᠤᠭ ᠤᠨ ᠣᠣᠳᠣᠢ ᠬᠤᠨᠢ᠂ ᠳᠠᠯᠠᠢ ᠨᠠᠭᠤᠷ ᠤᠨ ᠵᠢᠭᠠᠰᠤ᠂ ᠣᠨᠴᠠᠯᠢᠭᠲᠤ | ᠬᠡᠭᠡᠷ᠎ᠡ ᠶᠢᠨ ᠨᠣᠭᠤᠭ᠎ᠠ᠂ ᠬᠤᠯᠢᠮᠠᠭ ᠠᠮᠤ ᠪᠤᠷᠴᠠᠭ ᠵᠡᠷᠭᠡ ᠤᠯᠠᠮᠵᠢᠯᠠᠯᠲᠤ ᠨᠡᠷᠡᠲᠦ ᠲᠡᠮᠳᠡᠭ ᠲᠤ ᠣᠳᠣ ᠦᠶ᠎ᠡ ᠶᠢᠨ | ᠴᠢᠬᠤᠯᠠ ᠡᠯᠧᠮᠧᠨ᠋ᠲ ᠢ ᠣᠷᠣᠭᠤᠯᠤᠨ ᠦᠭᠡᠷᠡᠴᠢᠯᠡᠨ ᠰᠠᠶᠢᠵᠢᠷᠠᠭᠤᠯᠵᠤ᠂ ᠳᠠᠪᠠᠭᠤᠯᠢᠭ ᠠᠵᠤ ᠠᠬᠤᠶᠢᠯᠠᠯ ᠬᠢᠭᠡᠳ | ᠠᠵᠢᠯ ᠲᠥᠷᠥᠯ ᠤᠨ ᠨᠡᠶᠢᠭᠡᠮᠯᠢᠭ ᠢ ᠳᠡᠮᠵᠢᠨ ᠣᠷᠣᠨ ᠨᠤᠲᠤᠭ ᠤᠨ ᠣᠨᠴᠠᠯᠢᠭᠲᠤ ᠨᠡᠷᠡᠲᠦ ᠲᠡᠮᠳᠡᠭ ᠢ ᠡᠭᠦᠳᠦᠭᠦᠯᠦᠨ᠂ | ᠨᠡᠩ ᠣᠯᠠᠨ ᠲᠠᠯ᠎ᠠ ᠨᠤᠲᠤᠭ ᠤᠨ ᠮᠠᠯ ᠠᠵᠤ ᠠᠬᠤᠢ ᠲᠠᠷᠢᠶᠠᠯᠠᠩ ᠤᠨ ᠣᠨᠴᠠᠯᠢᠭᠲᠤ ᠪᠦᠲᠦᠭᠡᠭᠳᠡᠬᠦᠨ ᠢ ᠳᠡᠯᠡᠬᠡᠢ | ᠳᠠᠶᠠᠭᠠᠷ ᠲᠤ ᠲᠠᠨᠢᠭᠤᠯᠬᠤ ᠬᠡᠷᠡᠭᠲᠡᠢ᠃ | — ᠰᠢᠨ᠎ᠡ ᠬᠡᠯᠪᠡᠷᠢ ᠶᠢᠨ ᠠᠵᠤ ᠦᠢᠯᠡᠳᠪᠦᠷᠢ ᠶᠢᠨ ᠰᠢᠰᠲ᠋ᠧᠮ ᠢ ᠲᠦᠷᠭᠡᠨ ᠪᠠᠶᠢᠭᠤᠯᠬᠤ ᠬᠡᠷᠡᠭᠲᠡᠢ᠃ | ᠳᠠᠪᠠᠭᠤᠯᠢᠭ ᠢᠶᠠᠨ ᠪᠠᠳᠠᠷᠠᠭᠤᠯᠬᠤ ᠪᠠ ᠬᠦᠷᠦᠯᠴᠡᠬᠦ ᠦᠭᠡᠢ ᠲᠠᠯ᠎ᠠ ᠪᠠᠨ ᠨᠥᠬᠦᠪᠦᠷᠢᠯᠡᠬᠦ ᠶᠢ ᠬᠠᠮᠲᠤ ᠭᠦᠢᠴᠡᠳᠬᠡᠬᠦ᠂ | ᠬᠠᠳᠠᠭᠠᠯᠠᠮᠵᠢ ᠶᠢ ᠴᠢᠯᠦᠭᠡᠲᠡᠢ ᠪᠣᠯᠭᠠᠬᠤ ᠪᠠ ᠨᠡᠮᠡᠭᠳᠡᠯ ᠢ ᠰᠢᠯᠢᠳᠡᠭᠵᠢᠭᠦᠯᠬᠦ ᠶᠢ ᠵᠡᠷᠭᠡᠪᠡᠷ ᠠᠳᠬᠤᠬᠤ ᠶᠢ ᠪᠠᠷᠢᠮᠲᠠᠯᠠᠨ᠂ | ᠠᠵᠤ ᠦᠢᠯᠡᠳᠪᠦᠷᠢᠵᠢᠯᠲᠡ ᠴᠢᠮᠡᠭᠡ ᠵᠠᠩᠭᠢᠵᠢᠯᠲᠠ ᠶᠢᠨ ᠭᠦᠨᠵᠡᠭᠡᠢ ᠠᠭᠤᠰᠤᠯᠴᠠᠯ ᠢ ᠲᠦᠷᠭᠡᠳᠬᠡᠵᠦ᠂ ᠳᠡᠭᠡᠳᠦ ᠰᠢᠨ᠎ᠡ | ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠪᠠᠶᠢᠭᠤᠯᠤᠨ᠂ ᠠᠵᠤ ᠦᠢᠯᠡᠳᠪᠦᠷᠢ ᠶᠢᠨ ᠪᠣᠬᠢᠷᠲᠤᠯ | ᠦᠭᠡᠢ᠂ ᠳᠡᠭᠡᠳᠦ ᠳᠡᠰ ᠤᠨ᠂ ᠣᠶᠣᠨᠴᠢ ᠪᠠᠷ ᠬᠥᠭᠵᠢᠬᠦ ᠶᠢ ᠲᠦᠯᠬᠢᠨ ᠠᠬᠢᠭᠤᠯᠬᠤ ᠬᠡᠷᠡᠭᠲᠡᠢ᠃ | ᠤᠯᠠᠮᠵᠢᠯᠠᠯᠲᠤ ᠠᠵᠤ ᠦᠢᠯᠡᠰ ᠢ ᠰᠢᠯᠢᠳᠡᠭᠵᠢᠭᠦᠯᠬᠦ ᠬᠡᠷᠡᠭᠲᠡᠢ᠃ ᠬᠡᠯᠬᠢᠶ᠎ᠡ ᠶᠢ ᠤᠷᠳᠤᠳᠬᠠᠨ ᠳᠡᠰ | ᠳᠡᠪᠰᠢᠭᠦᠯᠬᠦ᠂ ᠴᠢᠳᠠᠪᠤᠷᠢ ᠶᠢ ᠥᠷᠭᠡᠳᠬᠡᠨ ᠬᠠᠯᠠᠨ ᠰᠠᠶᠢᠵᠢᠷᠠᠭᠤᠯᠬᠤ ᠶᠢᠨ ᠲᠣᠭᠤᠷᠢᠨ ᠳᠤ᠂ ᠤᠯᠠᠮᠵᠢᠯᠠᠯᠲᠤ ᠠᠵᠤ | ᠦᠢᠯᠡᠰ ᠢ ᠬᠥᠲᠥᠯᠥᠨ ᠳᠠᠭᠠᠭᠠᠭᠤᠯᠵᠤ᠂ ᠴᠢᠨᠠᠷ ᠢ ᠰᠠᠶᠢᠵᠢᠷᠠᠭᠤᠯᠤᠨ ᠦᠷ᠎ᠡ ᠪᠦᠲᠦᠮᠵᠢ ᠶᠢ ᠨᠡᠮᠡᠭᠳᠡᠭᠦᠯᠵᠦ᠂ | ᠡᠷᠭᠢᠯᠳᠦᠭᠦᠯᠦᠨ ᠬᠥᠭᠵᠢᠭᠦᠯᠬᠦ ᠬᠡᠷᠡᠭᠲᠡᠢ᠃ ᠳ᠋ᠠ ᠲᠠᠩ ᠤᠨ ᠣᠯᠠᠨ ᠤᠯᠤᠰ ᠤᠨ ᠨᠡᠭᠦᠷᠡᠰᠦ ᠶᠢ ᠬᠡᠶᠢᠵᠢᠭᠦᠯᠬᠦ ᠲᠥᠷᠥᠯ | ᠵᠥᠢᠯ ᠤᠨ ᠣᠷᠴᠢᠨ ᠲᠣᠭᠤᠷᠢᠨ ᠤ ᠬᠠᠮᠠᠭᠠᠯᠠᠯᠲᠠ ᠪᠠ ᠤᠷ᠎ᠠ ᠮᠡᠷᠭᠡᠵᠢᠯ ᠵᠡᠷᠭᠡ ᠪᠣᠭᠤᠮᠢ ᠵᠠᠩᠭᠢᠯᠠᠭ᠎ᠠ ᠶᠢ ᠦᠨᠡᠨᠬᠦ | ᠰᠢᠢᠳᠪᠦᠷᠢᠯᠡᠵᠦ᠂ ᠭᠤᠷᠪᠠᠨ ᠰᠢᠷᠢᠰ ᠤᠨ ᠪᠦᠬᠦ ᠱᠣᠭᠤᠮ ᠢᠶᠠᠷ ᠢᠶᠠᠨ ᠭᠠᠷᠤᠯᠲᠠ ᠪᠠ ᠦᠷ᠎ᠡ ᠪᠦᠲᠦᠮᠵᠢ ᠳᠡᠭᠡᠨ | ᠬᠦᠷᠬᠦ ᠶᠢ ᠠᠬᠢᠭᠤᠯᠤᠨ᠂ ᠮᠧᠲ᠋ᠢᠯ ᠠᠯᠺᠣᠣᠯ ᠤᠨ ᠬᠡᠷᠡᠭᠯᠡᠭᠡᠨ ᠳᠤ ᠲᠣᠬᠢᠷᠠᠭᠤᠯᠤᠯᠲᠠ ᠬᠢᠬᠦ᠂ ᠡᠲ᠋ᠠ ᠬᠤᠶᠠᠷᠴᠢ | ᠠᠯᠺᠣᠣᠯ ᠵᠡᠷᠭᠡ ᠬᠡᠯᠬᠢᠶ᠎ᠡ ᠶᠢ ᠤᠷᠳᠤᠳᠬᠠᠨ ᠨᠥᠬᠦᠪᠦᠷᠢᠯᠡᠬᠦ ᠲᠥᠷᠥᠯ ᠵᠦᠢᠯ ᠢ ᠲᠠᠭᠠᠨ ᠤᠷᠤᠭᠰᠢᠯᠠᠭᠤᠯᠵᠤ | ᠡᠬᠢᠯᠡᠭᠦᠯᠦᠨ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠪᠴᠢᠶᠡᠵᠢᠵᠦ᠂ ᠬᠡᠯᠬᠢᠶ᠎ᠡ | ᠬᠡᠯᠪᠡᠷᠢ ᠪᠠᠷ ᠦᠢᠯᠡᠳᠪᠦᠷᠢᠯᠡᠬᠦ ᠶᠢ ᠬᠦᠴᠦᠲᠡᠢ ᠠᠬᠢᠭᠤᠯᠵᠤ᠂ ᠪᠦᠸᠧᠬᠠᠢ ᠲᠠᠩᠭᠢᠰ ᠤᠨ ᠲᠣᠭᠤᠷᠢᠨ ᠤ ᠠᠵᠤ | ᠠᠬᠤᠢ ᠶᠢᠨ ᠲᠣᠭᠤᠷᠢᠭ ᠤᠨ ᠣᠳᠣ ᠦᠶ᠎ᠡ ᠶᠢᠨ ᠬᠢᠮᠢ ᠶᠢᠨ ᠠᠵᠤ ᠦᠢᠯᠡᠳᠪᠦᠷᠢ ᠶᠢᠨ ᠵᠢᠱᠢᠶ᠎ᠡ ᠦᠵᠡᠭᠦᠯᠬᠦ ᠰᠠᠭᠤᠷᠢᠨ | ᠭᠠᠵᠠᠷ ᠢ ᠠᠩᠬ᠎ᠠ ᠠᠯᠬᠤᠮ ᠪᠠᠶᠢᠭᠤᠯᠬᠤ ᠬᠡᠷᠡᠭᠲᠡᠢ︔ ᠤᠯᠢᠶᠠᠰᠤᠲᠠᠢ ᠠᠭᠤᠷᠬᠠᠢ᠂ ᠬᠤᠩᠭᠤ ᠶᠢᠨ ᠳᠠᠪᠠᠭ᠎ᠠ | ᠲᠡᠮᠦᠷ ᠤᠨ ᠠᠭᠤᠷᠬᠠᠢ᠂ ᠬᠢᠩᠭᠠᠨ ᠮᠥᠩᠭᠦ ᠬᠠᠷ᠎ᠠ ᠲᠤᠭᠤᠯᠭ᠎ᠠ ᠪᠣᠯᠪᠠᠰᠤᠷᠠᠭᠤᠯᠬᠤ ᠵᠡᠷᠭᠡ ᠣᠳᠣᠬᠠᠨ ᠪᠠᠶᠢᠭ᠎ᠠ ᠠᠵᠤ | ᠠᠬᠤᠶᠢᠯᠠᠯ ᠢ ᠳᠡᠮᠵᠢᠨ ᠡᠬᠢ ᠪᠠᠶᠠᠯᠢᠭ ᠢ ᠨᠢᠭᠡᠲᠦᠭᠦᠯᠬᠦ᠂ ᠮᠡᠷᠭᠡᠵᠢᠯ ᠤᠨ ᠥᠭᠡᠷᠡᠴᠢᠯᠡᠯᠲᠡ ᠬᠢᠵᠦ ᠳᠡᠰ ᠳᠡᠪᠰᠢᠭᠦᠯᠬᠦ | ᠪᠠ ᠰᠢᠨ᠎ᠡ ᠶᠢ ᠡᠭᠦᠳᠦᠨ ᠬᠥᠭᠵᠢᠭᠦᠯᠵᠦ᠂ ᠲᠥᠷᠥᠯ ᠵᠥᠢᠯ ᠢ ᠬᠡᠪᠴᠢᠶᠡᠵᠢᠭᠦᠯᠦᠨ ᠨᠡᠭᠡᠭᠡᠵᠦ᠂ ᠪᠣᠬᠢᠷᠲᠤᠯ ᠦᠭᠡᠢ | ᠪᠦᠲᠦᠭᠡᠨ ᠪᠠᠶᠢᠭᠤᠯᠬᠤ ᠶᠢ ᠠᠬᠢᠭᠤᠯᠤᠨ᠂ ᠡᠬᠢ ᠪᠠᠶᠠᠯᠢᠭ ᠢ ᠲᠤᠬᠠᠢ ᠶᠢᠨ ᠭᠠᠵᠠᠷ ᠲᠤᠨᠢ ᠬᠤᠪᠢᠷᠠᠭᠤᠯᠬᠤ ᠨᠤᠷᠮ᠎ᠠ | ᠪᠠ ᠨᠠᠷᠢᠯᠢᠭ ᠪᠣᠯᠪᠠᠰᠤᠷᠠᠭᠤᠯᠬᠤ ᠬᠡᠮᠵᠢᠶ᠎ᠡ ᠶᠢ ᠳᠡᠭᠡᠭᠰᠢᠯᠡᠭᠦᠯᠵᠦ᠂ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ | ᠣᠷᠣᠨ ᠤ ᠴᠢᠬᠤᠯᠠ ᠲᠡᠮᠦᠷᠯᠢᠭ ᠢ ᠰᠤᠩᠭᠤᠨ ᠬᠠᠶᠢᠯᠤᠭᠤᠯᠵᠤ ᠪᠣᠯᠪᠠᠰᠤᠷᠠᠭᠤᠯᠬᠤ ᠰᠠᠭᠤᠷᠢᠨ ᠭᠠᠵᠠᠷ ᠢ ᠠᠩᠬ᠎ᠠ | ᠠᠯᠬᠤᠮ ᠪᠠᠶᠢᠭᠤᠯᠬᠤ ᠬᠡᠷᠡᠭᠲᠡᠢ᠃ ᠢᠳᠡᠭᠡᠨ ᠤ ᠵᠦᠢᠯ ᠪᠣᠯᠪᠠᠰᠤᠷᠠᠭᠤᠯᠬᠤ ᠠᠵᠤ ᠠᠬᠤᠶᠢᠯᠠᠯ ᠢ ᠬᠤᠲᠠ ᠠᠴᠠ | ᠰᠢᠯᠵᠢᠭᠦᠯᠦᠨ ᠬᠦᠷᠢᠶᠡᠯᠡᠩ ᠲᠣᠭᠤᠷᠢᠭ ᠲᠤ ᠣᠷᠣᠭᠤᠯᠬᠤ᠂ ᠮᠡᠷᠭᠡᠵᠢᠯ ᠤᠨ ᠦᠭᠡᠷᠡᠴᠢᠯᠡᠯᠲᠡ ᠶᠢ ᠳᠡᠰ ᠳᠡᠪᠰᠢᠭᠦᠯᠬᠦ᠂ | ᠠᠵᠣ ᠠᠬᠤᠢᠯᠠᠯ ᠤᠨ ᠬᠤᠯᠪᠣᠭᠠᠯᠠᠯ ᠢ ᠲᠠᠬᠢᠨ ᠪᠠᠢᠭᠤᠯᠬᠤ᠂ ᠳᠡᠭᠡᠳᠦ ᠳᠡᠰ ᠲᠡᠰᠢ ᠬᠥᠭᠵᠢᠭᠦᠯᠬᠦ ᠶᠢ ᠠᠬᠢᠭᠤᠯᠤᠨ᠂ | ᠪᠦᠸᠧᠬᠠᠢ ᠲᠠᠩᠭᠢᠰ ᠤᠨ ᠲᠣᠭᠤᠷᠢᠨ ᠤ ᠠᠵᠤ ᠠᠬᠤᠢ ᠶᠢᠨ ᠲᠣᠭᠤᠷᠢᠭ ᠤᠨ ᠪᠣᠬᠢᠷᠲᠤᠯ ᠦᠭᠡᠢ ᠮᠠᠯ ᠠᠵᠤ ᠠᠬᠤᠢ | ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠨ ᠪᠣᠯᠪᠠᠰᠤᠷᠠᠭᠤᠯᠵᠤ ᠳᠠᠮᠵᠢᠭᠤᠯᠤᠨ ᠭᠠᠳᠠᠭᠰᠢᠯᠠᠭᠤᠯᠬᠤ | ᠰᠠᠭᠤᠷᠢᠨ ᠭᠠᠵᠠᠷ ᠢ ᠠᠩᠬ᠎ᠠ ᠠᠯᠬᠤᠮ ᠪᠠᠶᠢᠭᠤᠯᠬᠤ ᠬᠡᠷᠡᠭᠲᠡᠢ᠃ | ᠪᠠᠶᠢᠯᠳᠤᠬᠤ ᠪᠣᠳᠣᠯᠭ᠎ᠠ ᠶᠢᠨ ᠴᠢᠨᠠᠷᠳᠠᠢ ᠰᠢᠨ᠎ᠡ ᠮᠠᠨᠳᠤᠭᠰᠠᠨ ᠠᠵᠤ ᠦᠢᠯᠡᠰ ᠢ ᠪᠣᠶᠢᠵᠢᠭᠤᠯᠤᠨ | ᠬᠦᠴᠦᠷᠬᠡᠭᠵᠢᠭᠦᠯᠬᠦ ᠬᠡᠷᠡᠭᠲᠡᠢ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠬᠢᠭᠡᠳ ᠾᠧᠪᠧᠢ ᠮᠤᠵᠢ ᠶᠢᠨ | ᠡᠨᠧᠷᠭᠢ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠨ ᠠᠵᠢᠯᠯᠠᠬᠤ ᠬᠡᠯᠡᠯᠴᠡᠭᠡᠷ ᠢ ᠴᠢᠩᠭ᠎ᠠ ᠨᠠᠶᠢᠳᠠᠪᠤᠷᠢᠵᠢᠭᠤᠯᠵᠤ᠂ | ᠰᠠᠯᠬᠢᠨ ᠴᠠᠬᠢᠯᠭᠠᠨ ᠢᠶᠠᠷ ᠳᠤᠯᠠᠭᠠᠯᠠᠭ᠎ᠠ ᠬᠠᠩᠭᠠᠬᠤ᠂ ᠤᠰᠤ ᠴᠠᠬᠢᠯᠭᠠᠨ ᠤ ᠬᠡᠷᠡᠭᠯᠡᠭᠡᠨ ᠳᠤ ᠲᠣᠬᠢᠷᠠᠭᠤᠯᠤᠯᠲᠠ ᠬᠢᠬᠦ᠂ | ᠨᠠᠷᠠᠨ ᠤ ᠬᠡᠷᠡᠯ ᠤᠨ ᠡᠨᠧᠷᠭᠢ ᠤᠨ ᠠᠰᠢᠭᠯᠠᠯᠲᠠ ᠪᠠᠷ ᠶᠠᠳᠠᠭᠤ ᠶᠢ ᠲᠡᠳᠬᠦᠬᠦ ᠶᠢ ᠪᠠᠭᠲᠠᠭᠠᠨ ᠠᠭᠤᠰᠬᠠᠬᠤ ᠰᠢᠨ᠎ᠡ | ᠠᠷᠭ᠎ᠠ ᠵᠠᠮ ᠢ ᠢᠳᠡᠪᠬᠢᠲᠡᠢ ᠨᠡᠭᠡᠭᠡᠨ᠂ ᠰᠠᠯᠬᠢ᠂ ᠤᠰᠤ᠂ ᠭᠡᠷᠡᠯ ᠵᠡᠷᠭᠡ ᠡᠬᠢ ᠪᠠᠶᠠᠯᠢᠭ ᠢ ᠦᠨᠳᠦᠷ ᠪᠦᠲᠦᠮᠵᠢᠲᠡᠢ | ᠠᠰᠢᠭᠯᠠᠬᠤ᠂ ᠬᠤᠯᠪᠣᠭᠠᠯᠠᠭᠤᠯᠤᠨ ᠬᠥᠭᠵᠢᠭᠦᠯᠬᠦ ᠶᠢ ᠴᠢᠷᠮᠠᠶᠢᠨ ᠠᠬᠢᠭᠤᠯᠵᠤ᠂ 200 ᠲᠦᠮᠡᠨ ᠺᠢᠯᠣᠸᠠᠲ᠂ 120 | ᠲᠦᠮᠡᠨ ᠺᠢᠯᠣᠸᠠᠲ ᠪᠠ 5 ᠲᠦᠮᠡᠨ ᠺᠢᠯᠣᠸᠠᠲ ᠤᠨ ᠨᠡᠭᠡᠭᠡᠨ ᠬᠥᠭᠵᠢᠭᠦᠯᠬᠦ ᠬᠡᠪᠴᠢᠶ᠎ᠡ ᠶᠢ ᠲᠤᠰ ᠲᠤᠰ ᠰᠢᠨ᠎ᠡ ᠪᠠᠷ | ᠨᠡᠮᠡᠭᠳᠡᠭᠦᠯᠦᠨ᠂ ᠪᠦᠸᠧᠬᠠᠢ ᠲᠠᠩᠭᠢᠰ ᠤᠨ ᠲᠣᠭᠤᠷᠢᠨ ᠤ ᠴᠡᠪᠡᠷ ᠡᠨᠧᠷᠭᠢ ᠶᠢ ᠪᠠᠲᠤᠯᠠᠨ ᠬᠠᠩᠭᠠᠵᠤ | ᠭᠠᠳᠠᠭᠰᠢᠯᠠᠭᠤᠯᠬᠤ ᠰᠠᠭᠤᠷᠢᠨ ᠭᠠᠵᠠᠷ ᠢ ᠠᠩᠬ᠎ᠠ ᠠᠯᠬᠤᠮ ᠪᠠᠶᠢᠭᠤᠯᠬᠤ ᠬᠡᠷᠡᠭᠲᠡᠢ᠃ ᠡᠬᠢ ᠪᠠᠶᠠᠯᠢᠭ ᠤᠨ ᠳᠠᠪᠠᠭᠤᠯᠢᠭ | ᠂ ᠣᠷᠣᠨ ᠵᠠᠢ ᠶᠢᠨ ᠳᠠᠪᠠᠭᠤᠯᠢᠭ ᠪᠠ ᠠᠵᠤ ᠦᠢᠯᠡᠰ ᠤᠨ ᠬᠥᠭᠵᠢᠯᠲᠡ ᠶᠢᠨ ᠳᠠᠪᠠᠭᠤᠯᠢᠭ ᠳᠠᠭᠠᠨ ᠲᠦᠰᠢᠭᠯᠡᠵᠦ᠂ | ᠮᠠᠰᠢᠨ ᠮᠧᠬᠠᠨᠢᠭ ᠦᠢᠯᠡᠳᠬᠦ᠂ ᠨᠠᠷᠢᠯᠢᠭ ᠮᠠᠰᠢᠨ ᠬᠡᠷᠡᠭᠰᠡᠯ᠂ ᠵᠠᠩᠭᠢᠯᠠᠭ᠎ᠠ ᠶᠢᠨ ᠰᠡᠯᠪᠢᠭ ᠲᠣᠨᠤᠭ ᠵᠡᠷᠭᠡ ᠳᠡᠭᠡᠳᠦ | ᠳᠡᠰ ᠤᠨ ᠲᠣᠨᠤᠭ ᠲᠥᠬᠦᠭᠡᠷᠦᠮᠵᠢ ᠶᠢᠨ ᠠᠵᠤ ᠦᠢᠯᠡᠰ ᠤᠨ ᠰᠢᠯᠵᠢᠯᠲᠡ ᠶᠢ ᠰᠠᠨᠠᠭᠠᠴᠢᠯᠠᠭ᠎ᠠ ᠠᠴᠠ ᠪᠠᠨ ᠳᠠᠭᠠᠭᠠᠨ | ᠠᠪᠴᠤ᠂ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠶᠢᠨ ᠪᠦᠬᠦ ᠠᠵᠤ ᠦᠢᠯᠡᠰ ᠤᠨ ᠬᠡᠯᠬᠢᠶᠡᠵᠢᠯ ᠢ ᠴᠢᠷᠮᠠᠶᠢᠨ | ᠴᠣᠭᠴᠠᠯᠠᠬᠤ ᠬᠡᠷᠡᠭᠲᠡᠢ᠃ ᠠᠵᠤ ᠦᠢᠯᠡᠳᠪᠦᠷᠢ ᠶᠢᠨ ᠴᠢᠮᠡᠭᠡ ᠵᠠᠩᠭᠢᠵᠢᠯᠲᠠ ᠶᠢᠨ ᠲᠠᠪᠴᠠᠩ ᠢ ᠲᠦᠷᠭᠡᠨ ᠴᠣᠭᠴᠠᠯᠠᠵᠤ | ᠂ ᠢᠨᠲ᠋ᠧᠷ ᠰᠦᠯᠵᠢᠶ᠎ᠡ᠂ ᠡᠭᠦᠯᠡᠨ ᠪᠣᠳᠣᠯᠲᠠ᠂ ᠶᠡᠭᠡ ᠲᠤᠭ᠎ᠠ ᠪᠠᠷᠢᠮᠲᠠ ᠵᠡᠷᠭᠡ ᠡᠯᠧᠺᠲᠷᠣᠨ ᠴᠢᠮᠡᠭᠡ ᠵᠠᠩᠭᠢ ᠶᠢᠨ | ᠠᠵᠤ ᠦᠢᠯᠡᠰ ᠢ ᠶᠡᠬᠡᠪᠡᠷ ᠣᠷᠣᠭᠤᠯᠵᠤ᠂ ᠠᠵᠤ ᠦᠢᠯᠡᠳᠪᠦᠷᠢᠵᠢᠯᠲᠡ ᠪᠠ ᠴᠢᠮᠡᠭᠡ ᠵᠠᠩᠭᠢᠵᠢᠯᠲᠠ ᠬᠠᠷᠢᠯᠴᠠᠨ | ᠠᠬᠢᠭᠤᠯᠵᠤ᠂ ᠠᠭᠤᠰᠤᠯᠴᠠᠨ ᠬᠥᠭᠵᠢᠭᠰᠡᠨ ᠶᠡᠭᠡ ᠪᠦᠲᠦᠴᠡ ᠶᠢ ᠴᠢᠷᠮᠠᠶᠢᠨ ᠪᠦᠷᠢᠯᠳᠦᠭᠦᠯᠬᠦ ᠬᠡᠷᠡᠭᠲᠡᠢ᠃ | ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠴᠣᠭᠴᠠᠯᠠᠬᠤ ᠬᠡᠷᠡᠭᠲᠡᠢ᠃ | ᠣᠯᠠᠨ ᠲᠥᠷᠥᠯ ᠤᠨ ᠠᠷᠭ᠎ᠠ ᠶᠢ ᠬᠠᠮᠲᠤᠪᠡᠷ ᠬᠡᠷᠡᠭᠯᠡᠨ ᠪᠡᠯᠡ ᠮᠥᠩᠭᠦᠨ ᠤ ᠬᠦᠴᠢᠷᠳᠡᠯ ᠤᠨ ᠠᠰᠠᠭᠤᠳᠠᠯ ᠢ | ᠰᠢᠢᠳᠪᠦᠷᠢᠯᠡᠵᠦ᠂ ᠡᠷᠭᠢᠯᠲᠡᠲᠦ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠦᠢᠯᠡᠴᠢᠯᠡᠭᠡᠨ ᠲᠥᠪᠯᠡᠷᠡᠭᠰᠡᠨ ᠲᠣᠭᠤᠷᠢᠭ ᠤᠨ ᠲᠥᠷᠥᠯ ᠵᠦᠢᠯ ᠢ ᠴᠢᠯᠦᠭᠡᠲᠡᠢ ᠪᠣᠯᠭᠠᠨ᠂ ᠪᠠᠭ᠎ᠠ ᠵᠢᠵᠢᠭ ᠠᠵᠤ | ᠠᠬᠤᠶᠢᠯᠠᠯ ᠤᠨ ᠦᠢᠯᠡᠰ ᠪᠣᠰᠬᠠᠬᠤ ᠬᠦᠷᠢᠶᠡᠯᠡᠩ ᠢ ᠪᠠᠶᠢᠭᠤᠯᠵᠤ᠂ ᠵᠠᠮ ᠬᠠᠷᠢᠯᠴᠠᠭ᠎ᠠ᠂ ᠴᠢᠮᠡᠭᠡ ᠬᠤᠯᠪᠣᠭ᠎ᠠ᠂ | ᠴᠠᠬᠢᠯᠭᠠᠨ ᠬᠠᠩᠭᠠᠬᠤ᠂ ᠳᠤᠯᠠᠭᠠᠯᠠᠭ᠎ᠠ ᠬᠠᠩᠭᠠᠬᠤ᠂ ᠤᠰᠤ ᠬᠠᠩᠭᠠᠬᠤ ᠭᠠᠳᠠᠭᠰᠢᠯᠠᠭᠤᠯᠬᠤ᠂ ᠪᠤᠵᠠᠷ ᠤᠰᠤ | ᠰᠢᠢᠳᠪᠦᠷᠢᠯᠡᠬᠦ᠂ ᠬᠤᠭ ᠨᠣᠪᠰᠢ ᠶᠢ ᠰᠢᠢᠳᠪᠦᠷᠢᠯᠡᠬᠦ ᠵᠡᠷᠭᠡ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠂ | ᠣᠳᠣ ᠦᠶ᠎ᠡ ᠶᠢᠨ ᠪᠠᠷᠠᠭᠠᠨ ᠤ ᠭᠦᠢᠯᠭᠡᠭᠡ ᠵᠡᠷᠭᠡ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ | ᠲᠥᠬᠦᠷᠵᠢᠭᠦᠯᠦᠡ ᠠᠬᠢᠭᠤᠯᠵᠤ᠂ ᠠᠵᠤ ᠠᠬᠤᠶᠢᠯᠠᠯ ᠤᠨ ᠦᠰᠦᠨ ᠪᠣᠶᠢᠵᠢᠯᠲᠠ ᠳᠤ ᠬᠡᠯᠬᠢᠶᠡᠵᠢᠭᠰᠡᠨ | ᠬᠥᠭᠵᠢᠯᠲᠡ ᠶᠢᠨ ᠲᠠᠪᠴᠠᠩ ᠢ ᠴᠣᠭᠴᠠᠯᠠᠵᠤ ᠥᠭᠬᠦ ᠬᠡᠷᠡᠭᠲᠡᠢ᠃ ᠰᠢᠨ᠎ᠡ ᠬᠡᠯᠪᠡᠷᠢ ᠶᠢᠨ ᠨᠡᠭᠦᠷᠡᠰᠦ ᠬᠢᠮᠢ ᠶᠢᠨ ᠠᠵᠤ | ᠦᠢᠯᠡᠳᠪᠦᠷᠢ᠂ ᠥᠩᠭᠡᠲᠦ ᠲᠡᠮᠦᠷᠯᠢᠭ ᠢ ᠨᠠᠷᠢᠯᠢᠭ ᠪᠣᠯᠪᠠᠰᠤᠷᠠᠭᠤᠯᠬᠤ᠂ ᠳᠡᠭᠡᠳᠦ ᠳᠡᠰ ᠤᠨ ᠲᠣᠨᠤᠭ ᠲᠥᠬᠦᠭᠡᠷᠦᠮᠵᠢ | ᠦᠢᠯᠡᠳᠬᠦ᠂ ᠢᠳᠡᠭᠡᠨ ᠤ ᠵᠦᠢᠯ ᠢ ᠪᠣᠯᠪᠠᠰᠤᠷᠠᠭᠤᠯᠬᠤ᠂ ᠰᠢᠨ᠎ᠡ ᠬᠡᠯᠪᠡᠷᠢ ᠶᠢᠨ ᠮᠠᠲ᠋ᠧᠷᠢᠶᠠᠯ ᠵᠡᠷᠭᠡ ᠭᠤᠣᠯᠳᠠᠯᠭ᠎ᠠ ᠲᠠᠢ | ᠬᠦᠷᠢᠶ᠎ᠡ ᠬᠡᠪᠴᠢᠶᠡᠨ ᠤ ᠲᠥᠷᠥᠯ ᠵᠥᠢᠯ ᠢ ᠬᠦᠷᠢᠶᠡᠯᠡᠩ ᠲᠣᠭᠤᠷᠢᠭ ᠲᠤ ᠣᠷᠣᠭᠤᠯᠤᠨ ᠬᠥᠭᠵᠢᠭᠦᠯᠬᠦ ᠶᠢ ᠠᠬᠢᠭᠤᠯᠵᠤ | ᠂ ᠠᠵᠤ ᠦᠢᠯᠡᠰ ᠲᠥᠪᠯᠡᠷᠡᠭᠰᠡᠨ᠂ ᠮᠡᠷᠭᠡᠵᠢᠯ ᠲᠥᠪᠯᠡᠷᠡᠭᠰᠡᠨ᠂ ᠡᠷᠭᠢᠯᠲᠡᠲᠦ ᠬᠥᠭᠵᠢᠯᠲᠡ ᠲᠠᠢ ᠰᠢᠨ᠎ᠡ | ᠥᠨᠳᠦᠷᠯᠢᠭ ᠢ ᠴᠢᠷᠮᠠᠶᠢᠨ ᠴᠣᠭᠴᠠᠯᠠᠬᠤ ᠬᠡᠷᠡᠭᠲᠡᠢ᠃ 2022 ᠣᠨ ᠪᠣᠯᠲᠠᠯ᠎ᠠ ᠤᠯᠤᠰ ᠤᠨ ᠰᠢᠨ᠎ᠡ ᠬᠡᠯᠪᠡᠷᠢ ᠶᠢᠨ | ᠠᠵᠤ ᠦᠢᠯᠡᠳᠪᠦᠷᠢᠵᠢᠯᠲᠡ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠣᠯᠣᠨ ᠳᠡᠪᠰᠢᠵᠦ᠂ | ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠡᠰᠢ ᠤᠷᠤᠭᠰᠢᠯᠠᠬᠤ ᠬᠡᠷᠡᠭᠲᠡᠢ᠃ | — ᠰᠢᠨ᠎ᠡ ᠬᠡᠯᠪᠡᠷᠢ ᠶᠢᠨ ᠦᠢᠯᠡᠴᠢᠯᠡᠭᠡᠨ ᠤ ᠦᠢᠯᠡᠰ ᠤᠨ ᠲᠣᠭᠲᠠᠯᠴᠠᠭ᠎ᠠ ᠶᠢ ᠲᠦᠷᠭᠡᠨ ᠴᠣᠭᠴᠠᠯᠠᠬᠤ | ᠬᠡᠷᠡᠭᠲᠡᠢ᠃ ᠭᠤᠷᠪᠠᠳᠤᠭᠠᠷ ᠠᠵᠤ ᠦᠢᠯᠡᠰ ᠢ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠬᠡᠯᠪᠡᠷᠢ ᠪᠠᠨ | ᠬᠤᠪᠢᠷᠠᠭᠤᠯᠬᠤ ᠪᠠᠶᠢᠯᠳᠤᠬᠤ ᠪᠣᠳᠣᠯᠭ᠎ᠠ ᠶᠢᠨ ᠲᠤᠯᠬᠤ ᠴᠡᠭ ᠪᠣᠯᠭᠠᠬᠤ ᠶᠢ ᠪᠠᠷᠢᠮᠲᠠᠯᠠᠨ᠂ ᠪᠥᠬᠦ ᠬᠤᠰᠢᠭᠤᠨ ᠤ ᠠᠵᠤ | ᠠᠬᠤᠢ ᠶᠢᠨ ᠬᠦᠭᠵᠢᠯᠲᠡ ᠶᠢᠨ ᠲᠣᠯᠣᠭᠠᠢᠯᠠᠭᠴᠢ ᠪᠠ ᠲᠦᠯᠬᠢᠬᠦ ᠬᠦᠴᠦᠨ ᠪᠣᠯᠭᠠᠵᠤ᠂ ᠡᠬᠢ ᠪᠠᠶᠠᠯᠢᠭ ᠤᠨ ᠨᠢᠭᠤᠭᠳᠠᠮᠠᠯ | ᠬᠦᠴᠦᠨ ᠢ ᠠᠭᠤᠳᠠᠯᠯᠠᠨ᠂ ᠵᠠᠬ᠎ᠠ ᠳᠡᠯᠭᠡᠭᠦᠷ ᠤᠨ ᠱᠠᠭᠠᠷᠳᠠᠯᠭ᠎ᠠ ᠶᠢ ᠡᠶᠡᠯᠳᠦᠨ ᠳᠠᠭᠠᠵᠤ᠂ ᠡᠬᠢ ᠪᠠᠶᠠᠯᠢᠭ ᠤᠨ | ᠨᠢᠭᠤᠭᠳᠠᠮᠠᠯ ᠬᠦᠴᠦᠨ ᠢ ᠠᠭᠤᠳᠠᠯᠤᠨ᠂ ᠰᠣᠶᠣᠯ ᠵᠢᠭᠤᠯᠴᠢᠯᠠᠯ ᠤᠨ ᠠᠭᠤᠰᠤᠯᠴᠠᠯ ᠢ ᠠᠬᠢᠭᠤᠯᠵᠤ᠂ | ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠲᠤᠰᠬᠠᠢ ᠮᠡᠷᠭᠡᠵᠢᠯ᠂ ᠳᠡᠭᠡᠳᠦ ᠳᠡᠰ ᠲᠡᠰᠢ | ᠤᠷᠲᠤᠰᠬᠠᠬᠤ ᠶᠢ ᠲᠦᠯᠬᠢᠨ ᠠᠬᠢᠭᠤᠯᠵᠤ᠂ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠨᠠᠷᠢᠯᠢᠭ᠂ | ᠴᠢᠨᠠᠷᠯᠢᠭ ᠲᠡᠰᠢ ᠬᠦᠭᠵᠢᠭᠦᠯᠦᠨ᠂ ᠪᠦᠬᠦ ᠬᠤᠰᠢᠭᠤᠨ ᠤ ᠠᠵᠤ ᠠᠬᠤᠢ ᠶᠢ ᠠᠵᠤ ᠦᠢᠯᠡᠳᠪᠦᠷᠢ ᠪᠠᠷ ᠭᠤᠣᠯᠯᠠᠬᠤ | ᠬᠡᠯᠪᠡᠷᠢ ᠠᠴᠠ ᠦᠢᠯᠡᠴᠢᠯᠡᠭᠡᠨ ᠤ ᠦᠢᠯᠡᠰ ᠢᠶᠠᠷ ᠭᠤᠣᠯᠯᠠᠬᠤ ᠲᠡᠰᠢ ᠬᠤᠪᠢᠷᠠᠭᠤᠯᠬᠤ ᠬᠡᠷᠡᠭᠳᠡᠢ᠃ | ᠵᠢᠭᠤᠯᠴᠢᠯᠠᠯ ᠤᠨ ᠦᠢᠯᠡᠰ ᠢ ᠪᠦᠬᠦ ᠬᠦᠴᠦᠨ ᠢᠶᠠᠷ ᠬᠥᠭᠵᠢᠭᠦᠯᠬᠦ ᠬᠡᠷᠡᠭᠲᠡᠢ᠃ ᠪᠦᠬᠦ ᠬᠤᠲᠠ ᠶᠢᠨ | ᠵᠢᠭᠤᠯᠴᠢᠯᠠᠯ ᠤᠨ ᠬᠥᠭᠵᠢᠯᠲᠡ ᠶᠢᠨ ︽ᠭᠤᠷᠪᠠᠨ ᠠᠯᠬᠤᠮ︾ ᠤᠨ ᠪᠠᠶᠢᠯᠲᠤᠬᠤ ᠪᠣᠳᠣᠯᠭ᠎ᠠ ᠶᠢᠨ ᠲᠣᠭᠤᠷᠢᠨ ᠳᠤ᠂ | ᠦᠨᠳᠦᠷ ᠬᠦᠴᠦᠯᠡᠴᠡ ᠲᠠᠢ ᠪᠡᠯᠡ ᠣᠷᠣᠭᠤᠯᠤᠯᠲᠠ᠂ ᠦᠨᠳᠦᠷ ᠪᠠᠷᠢᠮᠵᠢᠶᠠᠲᠤ ᠪᠦᠲᠦᠭᠡᠨ ᠪᠠᠶᠢᠭᠤᠯᠤᠯᠲᠠ᠂ | ᠦᠨᠳᠦᠷ ᠦᠷ᠎ᠡ ᠪᠦᠲᠦᠮᠵᠢᠲᠦ ᠬᠠᠮᠢᠶᠠᠷᠤᠯᠲᠠ᠂ ᠦᠨᠳᠦᠷ ᠬᠢᠷᠢ ᠲᠦᠪᠰᠢᠨ ᠲᠠᠢ ᠪᠣᠷᠣᠯᠠᠭᠤᠯᠤᠯᠲᠠ ᠶᠢ ᠪᠠᠷᠢᠮᠲᠠᠯᠠᠨ᠂ | 2020 ᠣᠨ ᠪᠣᠯᠬᠤ ᠳᠤ᠂ ︽ᠨᠢᠭᠡ ᠲᠣᠭᠤᠷᠢᠭ᠂ ᠨᠢᠭᠡ ᠪᠦᠰᠡ᠂ ᠶᠢᠰᠦᠨ ᠶᠡᠭᠡ ᠦᠵᠡᠮᠵᠢ ᠶᠢᠨ ᠣᠷᠣᠨ ᠤ | ᠪᠦᠰᠡ ᠶᠢᠨ ᠶᠡᠷᠦᠩᠬᠡᠢ ᠴᠣᠭᠴᠠ︾ ᠶᠢᠨ ᠪᠦᠬᠦ ᠣᠷᠣᠨ ᠬᠡᠪᠴᠢᠶᠡᠨ ᠤ ᠵᠢᠭᠤᠯᠴᠢᠯᠠᠯ ᠤᠨ ᠶᠡᠭᠡ ᠪᠦᠲᠦᠴᠡ ᠶᠢ | ᠠᠩᠬ᠎ᠠ ᠠᠯᠬᠤᠮ ᠪᠠᠶᠢᠭᠤᠯᠵᠤ᠂ ᠭᠠᠳᠠᠭᠠᠲᠤ ᠳᠣᠲᠣᠭᠠᠳᠤ ᠳᠤ ᠨᠡᠷ᠎ᠡ ᠠᠯᠳᠠᠷᠰᠢᠭᠰᠠᠨ ᠭᠠᠵᠠᠷ ᠰᠢᠨᠵᠢᠯᠡᠭᠡᠨ ᠤ | ᠰᠣᠶᠣᠯ ᠵᠢᠭᠤᠯᠴᠢᠯᠠᠯ ᠪᠠ ᠨᠤᠲᠤᠭ ᠪᠡᠯᠴᠢᠭᠡᠷ ᠤᠨ ᠠᠮᠢ ᠠᠬᠤᠢ ᠶᠢᠨ ᠨᠠᠭᠠᠳᠤᠮ ᠰᠡᠯᠡᠭᠦᠴᠡᠯ ᠤᠨ ᠠᠮᠠᠷᠠᠯᠲᠠ ᠶᠢᠨ | ᠰᠠᠭᠤᠷᠢᠨ ᠭᠠᠵᠠᠷ ᠢ ᠪᠠᠶᠢᠭᠤᠯᠬᠤ ᠬᠡᠷᠡᠭᠲᠡᠢ᠃ ᠬᠡᠰᠢᠭᠲᠡᠨ ᠴᠢᠯᠠᠭᠤᠨ ᠰᠢᠭᠤᠢ ᠶᠢᠨ ᠤᠯᠤᠰ ᠤᠨ 5A ᠳᠡᠰ ᠤᠨ | ᠦᠵᠡᠮᠵᠢ ᠶᠢᠨ ᠣᠷᠣᠨ ᠢ ᠴᠣᠭᠴᠠᠯᠠᠨ ᠪᠠᠢᠭᠤᠯᠣᠭᠰᠠᠨ ᠦᠷ᠎ᠡ ᠪᠦᠳᠦᠮᠵᠢ ᠶᠢ ᠪᠠᠬᠢᠵᠢᠬᠦᠯᠦᠨ ᠲᠡᠭᠡᠭᠰᠢᠯᠡᠬᠦᠯᠵᠦ᠂ | ᠰᠠᠭᠤᠷᠢ ᠲᠥᠬᠦᠭᠡᠷᠦᠮᠵᠢ᠂ ᠦᠢᠯᠡᠴᠢᠯᠡᠭᠡᠨ ᠤ ᠲᠥᠬᠦᠭᠡᠷᠦᠮᠵᠢ ᠶᠢ ᠲᠡᠭᠦᠯᠳᠡᠷᠵᠢᠭᠦᠯᠦᠨ᠂ ᠵᠢᠭᠤᠯᠴᠢᠯᠠᠯ ᠤᠨ | ᠶᠡᠷᠦᠩᠬᠡᠶᠢᠯᠡᠭᠰᠡᠨ ᠦᠢᠯᠡᠴᠢᠯᠡᠭᠡᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠤᠯᠤᠰ ᠤᠨ | ᠵᠢᠭᠤᠯᠴᠢᠯᠠᠯ ᠤᠨ ᠲᠣᠪᠴᠢᠶ᠎ᠠ ᠶᠢᠨ ᠬᠢᠨᠠᠨ ᠰᠢᠯᠭᠠᠯᠲᠠ ᠳᠤ ᠬᠢᠷᠢ ᠲᠡᠩᠴᠡᠬᠦ ᠶᠢ ᠪᠠᠲᠤᠯᠠᠨ᠂ ᠪᠦᠬᠦ ᠬᠤᠲᠠ ᠶᠢᠨ | ᠦᠵᠡᠮᠵᠢ ᠶᠢᠨ ᠣᠷᠣᠨ ᠳᠣᠲᠣᠷᠠᠬᠢ ᠲᠡᠷᠢᠭᠦᠨ ᠵᠡᠷᠭᠡ ᠶᠢᠨ ᠦᠵᠡᠮᠵᠢ ᠶᠢᠨ ᠣᠷᠣᠨ ᠢ ᠴᠣᠭᠴᠠᠯᠠᠬᠤ ᠬᠡᠷᠡᠭᠲᠡᠢ︔ | ᠤᠯᠠᠭᠠᠨᠪᠣᠲᠣᠩ ᠤᠨ ᠤᠯᠤᠰ ᠤᠨ ᠳᠡᠰ ᠤᠨ ᠵᠢᠭᠤᠯᠴᠢᠯᠠᠯ ᠠᠮᠠᠷᠠᠯᠲᠠ ᠶᠢᠨ ᠣᠷᠣᠨ ᠢ ᠲᠦᠷᠭᠡᠨ ᠪᠠᠶᠢᠭᠤᠯᠵᠤ᠂ | ᠲᠡᠷᠭᠡᠨ ᠵᠣᠭᠰᠣᠭᠠᠯ᠂ ᠶᠠᠪᠠᠭᠠᠨ ᠢᠶᠠᠷ ᠵᠢᠭᠤᠯᠴᠢᠯᠠᠨ ᠲᠣᠭᠤᠷᠢᠬᠤ ᠵᠠᠮ᠂ ᠵᠢᠭᠤᠯᠴᠢᠯᠠᠯ ᠤᠨ ᠵᠣᠷᠯᠣᠩ ᠵᠡᠷᠭᠡ | ᠣᠳᠣᠬᠠᠨ ᠪᠠᠶᠢᠭ᠎ᠠ ᠲᠥᠬᠦᠭᠡᠷᠦᠮᠵᠢ ᠶᠢ ᠥᠭᠡᠷᠡᠴᠢᠯᠡᠨ ᠰᠠᠶᠢᠵᠢᠷᠠᠭᠤᠯᠵᠤ᠂ ᠲᠠᠯ᠎ᠠ ᠨᠤᠲᠤᠭ ᠤᠨ ᠨᠠᠭᠠᠲᠤᠮ | ᠰᠡᠯᠡᠭᠦᠴᠡᠯ ᠪᠠ ᠠᠮᠠᠷᠠᠯᠲᠠ ᠶᠢᠨ ᠲᠥᠪ᠂ ᠨᠢᠰᠬᠡᠯ ᠨᠡᠪᠲᠡᠷᠡᠭᠰᠡᠨ ᠵᠢᠵᠢᠭ ᠪᠠᠯᠭᠠᠰᠤ ᠵᠡᠷᠭᠡ ᠲᠥᠷᠥᠯ ᠵᠦᠢᠯ ᠢ ᠠᠯᠬᠤᠮ | ᠳᠠᠷᠠᠭ᠎ᠠ ᠲᠠᠢ ᠬᠡᠷᠡᠭᠵᠢᠭᠦᠯᠦᠨ᠂ ᠡᠯ᠎ᠡ ᠲᠥᠷᠥᠯ ᠤᠨ ᠡᠬᠢ ᠪᠠᠶᠠᠯᠢᠭ ᠢ ᠤᠯᠠᠮ ᠨᠢᠭᠡ ᠠᠯᠬᠤᠮ ᠨᠢᠭᠡᠳᠦᠭᠦᠯᠦᠨ᠂ | ᠰᠢᠰᠲ᠋ᠧᠮ ᠲᠠᠢ ᠰᠦᠪᠡᠭᠴᠢᠯᠡᠵᠦ᠂ ᠨᠢᠭᠡᠲᠦᠯᠲᠡᠢ ᠲᠥᠯᠥᠪᠯᠡᠨ ᠲᠦᠯᠬᠢᠨ ᠠᠬᠢᠭᠤᠯᠵᠤ᠂ ᠡᠮᠬᠢ ᠳᠠᠷᠠᠭ᠎ᠠ ᠲᠠᠢ ᠨᠡᠭᠡᠭᠡᠨ | ᠂ ᠤᠯᠤᠰ ᠤᠨ ᠪᠦᠬᠦ ᠣᠷᠣᠨ ᠬᠡᠪᠴᠢᠶᠡᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠣᠭᠤᠷᠢᠭ ᠢ ᠲᠦᠷᠭᠡᠨ | ᠪᠠᠶᠢᠭᠤᠯᠵᠤ᠂ ᠬᠤᠩᠭᠤ ᠶᠢᠨ ᠳᠠᠪᠠᠭ᠎ᠠ ᠣᠯᠠᠨ ᠤᠯᠤᠰ ᠤᠨ ᠨᠠᠭᠠᠳᠤᠮ ᠰᠡᠯᠡᠭᠦᠴᠡᠯ ᠵᠢᠭᠤᠯᠴᠢᠯᠠᠯ ᠤᠨ ᠲᠣᠭᠤᠷᠢᠭ᠂ | ᠭᠠᠯᠳᠠᠰᠤᠲᠠᠢ ᠷᠠᠰᠢᠶᠠᠨ ᠤ ᠭᠤᠣᠯ ᠤᠨ ᠡᠮᠦᠨ᠎ᠡ ᠡᠷᠭᠢ ᠶᠢᠨ ᠭᠠᠯᠳᠠᠰᠤᠲᠠᠢ ᠬᠠᠯᠠᠭᠤᠨ ᠷᠠᠰᠢᠶᠠᠨ ᠤ ᠵᠢᠭᠤᠯᠴᠢᠯᠠᠯ | ᠠᠮᠠᠷᠠᠯᠲᠠ ᠶᠢᠨ ᠲᠣᠭᠤᠷᠢᠭ᠂ ᠰᠢᠷᠠᠮᠥ᠋ᠷᠡᠨ ᠦᠵᠡᠮᠵᠢ ᠶᠢᠨ ᠣᠷᠣᠨ᠂ ᠴᠢᠯᠠᠭᠤᠨ ᠰᠢᠭᠤᠢ ᠶᠢᠨ ᠠᠮᠢᠳᠤᠷᠠᠯ ᠤᠨ | ᠦᠢᠯᠡᠴᠢᠯᠡᠭᠡᠨ ᠤ ᠲᠣᠭᠤᠷᠢᠭ ᠵᠡᠷᠭᠡ ᠲᠥᠷᠥᠯ ᠵᠦᠢᠯ ᠢ ᠪᠠᠶᠢᠭᠤᠯᠤᠨ ᠲᠠᠭᠤᠰᠬᠠᠵᠤ ᠡᠵᠡᠩᠨᠡᠯᠲᠡ ᠶᠢ ᠡᠬᠢᠯᠡᠭᠦᠯᠬᠦ ᠶᠢ | ᠬᠦᠴᠦᠲᠡᠢ ᠠᠬᠢᠭᠤᠯᠤᠨ᠂ ᠪᠠᠶᠢᠴᠠ᠂ ᠪᠠᠷᠰ ᠬᠤᠲᠠ᠂ ᠰᠢᠷᠠᠮᠥ᠋ᠷᠡᠨ ᠤ ᠶᠡᠭᠡ ᠬᠠᠪᠴᠢᠯ ᠬᠥᠨᠳᠡᠢ ᠵᠡᠷᠭᠡ | ᠵᠢᠭᠤᠯᠴᠢᠯᠠᠯ ᠤᠨ ᠡᠬᠢ ᠪᠠᠶᠠᠯᠢᠭ ᠢ ᠦᠨᠳᠦᠷ ᠪᠠᠷᠢᠮᠵᠢᠶ᠎ᠠ ᠪᠠᠷ ᠨᠡᠭᠡᠭᠡᠨ ᠬᠥᠭᠵᠢᠭᠦᠯᠵᠦ᠂ ᠳᠠᠯᠠᠢ ᠨᠠᠭᠤᠷ᠂ ᠠᠪᠳᠠᠷᠠᠲᠤ | ᠂ ᠪᠠᠶ᠋ᠬᠠᠣᠪᠤᠭ᠎ᠠ ᠵᠡᠷᠭᠡ ᠦᠵᠡᠮᠵᠢ ᠶᠢᠨ ᠣᠷᠣᠨ ᠤ ᠶᠠᠰᠤ ᠴᠢᠨᠠᠷ ᠢ ᠶᠡᠬᠡᠪᠡᠷ ᠳᠡᠭᠡᠭᠰᠢᠯᠡᠭᠦᠯᠦᠨ᠂ ᠭᠤᠣᠯᠳᠠᠯᠭ᠎ᠠ ᠲᠠᠢ | ᠵᠠᠮ ᠱᠣᠭᠤᠮ ᠪᠠ ᠣᠷᠣᠨ ᠴᠢᠭ ᠳᠠᠭᠠᠤ ᠪᠠᠶᠢᠷᠢᠰᠢᠭ᠎ᠠ ᠵᠢᠭᠤᠯᠴᠢᠯᠠᠯ ᠤᠨ ᠬᠤᠲᠠ ᠪᠠᠯᠭᠠᠰᠤ ᠪᠠ ᠮᠠᠯᠴᠢᠨ ᠠᠶᠢᠯ ᠤᠨ | ᠵᠣᠭᠤᠭ᠂ ᠲᠠᠷᠢᠶᠠᠴᠢᠨ ᠠᠶᠢᠯ ᠤᠨ ᠵᠣᠭᠤᠭ᠂ ᠣᠢ ᠶᠢᠨ ᠠᠶᠢᠯ ᠤᠨ ᠵᠣᠭᠤᠭ᠂ ᠵᠢᠭᠠᠰᠤᠴᠢᠨ ᠠᠶᠢᠯ ᠤᠨ ᠵᠣᠭᠤᠭ | ᠵᠡᠷᠭᠡ ᠶᠢᠨ ᠪᠦᠲᠦᠭᠡᠨ ᠪᠠᠶᠢᠭᠤᠯᠤᠯᠲᠠ ᠶᠢ ᠦᠨᠡᠨᠬᠦ ᠴᠢᠩᠭᠠᠳᠬᠠᠵᠤ᠂ ᠬᠥᠳᠡᠭᠡ ᠲᠣᠰᠬᠤᠨ ᠤ ᠵᠢᠭᠤᠯᠴᠢᠯᠠᠯ ᠤᠨ | ᠠᠭᠤᠯᠤᠭᠳᠠᠬᠤᠨ ᠢ ᠪᠠᠶᠠᠯᠢᠭᠵᠢᠭᠤᠯᠤᠨ᠂ ᠬᠥᠳᠡᠭᠡ ᠲᠣᠰᠬᠤᠨ ᠤ ᠵᠢᠭᠤᠯᠴᠢᠯᠠᠯ ᠤᠨ ᠶᠠᠰᠤ ᠴᠢᠨᠠᠷ ᠢ ᠳᠡᠭᠡᠭᠰᠢᠯᠡᠭᠦᠯᠵᠦ | ᠂ ᠵᠢᠭᠤᠯᠴᠢᠯᠠᠯ ᠤᠨ ᠦᠢᠯᠡᠰ ᠯᠦᠭᠡ ᠬᠤᠯᠪᠣᠭᠳᠠᠯ ᠪᠦᠬᠦᠢ ᠡᠯ᠎ᠡ ᠲᠥᠷᠥᠯ ᠤᠨ ᠦᠢᠯᠡᠴᠢᠯᠡᠭᠡᠨ ᠤ ᠦᠢᠯᠡᠰ ᠤᠨ | ᠡᠵᠡᠩᠨᠡᠯᠲᠡ ᠬᠠᠮᠢᠶᠠᠷᠤᠯᠲᠠ ᠶᠢᠨ ᠵᠡᠷᠭᠡ ᠳᠡᠰ ᠪᠠ ᠬᠢᠷᠢ ᠲᠦᠪᠰᠢᠨ ᠢ ᠢᠳᠡᠪᠬᠢᠲᠡᠢ ᠪᠥᠭᠡᠳ ᠪᠦᠲᠦᠮᠵᠢᠲᠡᠢ | ᠳᠡᠭᠡᠭᠰᠢᠯᠡᠭᠦᠯᠬᠦ ᠬᠡᠷᠡᠭᠲᠡᠢ᠃ ︽ᠵᠢᠭᠤᠯᠴᠢᠯᠠᠯ +︾ ᠪᠠᠶᠢᠯᠲᠤᠬᠤ ᠪᠣᠳᠣᠯᠭ᠎ᠠ ᠶᠢ ᠬᠡᠷᠡᠭᠵᠢᠭᠦᠯᠦᠨ᠂ ᠵᠢᠭᠤᠯᠴᠢᠯᠠᠯ | ᠬᠢᠭᠡᠳ ᠰᠣᠶᠣᠯ ᠲᠠᠮᠢᠷ ᠵᠡᠷᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠲᠦᠷᠭᠡᠳᠬᠡᠨ ᠠᠬᠢᠭᠤᠯᠵᠤ᠂ | ᠦᠨᠳᠦᠰᠦᠲᠡᠨ ᠤ ᠵᠠᠩ ᠠᠭᠠᠯᠢ᠂ ᠲᠡᠦᠭᠡ ᠰᠣᠶᠣᠯ ᠤᠨ ᠥᠪᠡᠷᠮᠢᠴᠡ ᠣᠨᠴᠠᠯᠢᠭᠲᠤ ᠵᠢᠭᠤᠯᠴᠢᠯᠠᠯ ᠤᠨ | ᠪᠦᠲᠦᠭᠡᠭᠳᠡᠬᠦᠨ᠂ ᠤᠷᠠᠨ ᠰᠠᠶᠢᠬᠠᠨ ᠤ ᠲᠣᠭᠯᠠᠯᠲᠠ ᠶᠢᠨ ᠲᠥᠷᠥᠯ ᠵᠦᠢᠯ ᠪᠠ ᠤᠰᠤ᠂ ᠮᠥᠰᠥ ᠴᠠᠰᠤ᠂ | ᠡᠯᠡᠰᠦᠨ ᠳᠠᠬᠢ ᠬᠡᠭᠡᠷᠡᠯᠡᠨ ᠨᠠᠭᠠᠳᠬᠤ ᠵᠡᠷᠭᠡ ᠤᠷᠤᠯᠳᠤᠭᠠᠨ ᠤ ᠠᠵᠢᠯᠯᠠᠭᠠᠨ ᠢ ᠭᠤᠣᠯᠳᠠᠯᠭ᠎ᠠ ᠲᠠᠢ ᠡᠭᠦᠳᠴᠦ᠂ | ᠣᠷᠣᠨ ᠨᠤᠲᠤᠭ ᠤᠨ ᠣᠨᠴᠠᠯᠢᠭ᠂ ᠦᠨᠳᠦᠰᠦᠲᠡᠨ ᠤ ᠣᠨᠴᠠᠯᠢᠭ ᠲᠠᠢ ᠵᠢᠭᠤᠯᠴᠢᠯᠠᠯ ᠤᠨ ᠲᠠᠸᠠᠷ ᠤᠨ | ᠪᠦᠲᠦᠭᠡᠭᠳᠡᠬᠦᠨ ᠢ ᠭᠦᠨᠵᠡᠭᠡᠢ ᠨᠡᠭᠡᠭᠡᠨ ᠬᠥᠭᠵᠢᠭᠦᠯᠵᠦ᠂ ᠵᠢᠭᠤᠯᠴᠢᠯᠠᠯ ᠤᠨ ᠠᠵᠤ ᠦᠢᠯᠡᠰ ᠤᠨ ᠬᠡᠯᠬᠢᠶᠡᠵᠢᠯ ᠢ | ᠤᠷᠲᠤᠳᠬᠠᠨ᠂ ᠵᠢᠭᠤᠯᠴᠢᠯᠠᠯ ᠢ ᠦᠵᠡᠮᠵᠢ ᠶᠢᠨ ᠣᠷᠣᠨ ᠦᠵᠡᠮᠵᠢ ᠶᠢᠨ ᠴᠢᠭ ᠢᠶᠠᠷ ᠭᠤᠣᠯ ᠪᠣᠯᠭᠠᠨ᠂ ᠪᠦᠬᠦ ᠣᠷᠣᠨ | ᠬᠡᠪᠴᠢᠶ᠎ᠡ ᠪᠦᠬᠦᠶᠢᠯᠡ ᠴᠠᠭ ᠬᠤᠭᠤᠴᠠᠭ᠎ᠠ ᠲᠡᠰᠢ ᠬᠤᠪᠢᠷᠠᠭᠤᠯᠬᠤ ᠶᠢ ᠦᠨᠡᠨᠬᠦ ᠠᠬᠢᠭᠤᠯᠬᠤ ᠬᠡᠷᠡᠭᠲᠡᠢ᠃ | ᠤᠬᠠᠭᠤᠯᠭ᠎ᠠ ᠪᠣᠷᠣᠯᠠᠭᠤᠯᠭ᠎ᠠ ᠪᠠᠨ ᠴᠢᠩᠭᠠᠳᠬᠠᠨ᠂ ᠴᠢᠬᠤᠯᠠ ᠶᠡᠭᠡ ᠵᠠᠭᠤᠴᠢᠯᠠᠭᠤᠷ ᠬᠢᠭᠡᠳ ᠨᠡᠷᠡᠲᠦ ᠰᠦᠯᠵᠢᠶ᠎ᠡ | ᠯᠦᠭᠡ ᠬᠤᠯᠪᠣᠭᠠᠯᠠᠵᠤ᠂ ︽ᠳᠥᠷᠪᠡᠨ ᠮᠤᠵᠢ ᠭᠤᠷᠪᠠᠨ ᠭᠠᠵᠠᠷ︾ ᠤᠨ ᠣᠷᠣᠨ ᠪᠦᠰᠡ ᠶᠢᠨ ᠬᠠᠮᠵᠢᠯᠴᠠᠭ᠎ᠠ ᠶᠢ | ᠭᠦᠨᠵᠡᠭᠡᠶᠢᠷᠡᠭᠦᠯᠦᠨ᠂ ᠵᠢᠭᠤᠯᠴᠢᠯᠠᠯ ᠤᠨ ᠪᠠᠶᠠᠷ ᠳᠤᠷᠠᠰᠬᠠᠯ ᠤᠨ ᠠᠵᠢᠯᠯᠠᠭᠠᠨ ᠢ ᠰᠠᠶᠢᠲᠤᠷ ᠡᠷᠬᠢᠯᠡᠵᠦ᠂ | ᠵᠢᠭᠤᠯᠴᠢᠯᠠᠯ ᠤᠨ ᠦᠵᠡᠮᠵᠢ ᠶᠢᠨ ᠣᠷᠣᠨ ᠦᠵᠡᠮᠵᠢ ᠶᠢᠨ ᠴᠢᠭ᠋ ᠢᠶᠠᠷ ᠭᠤᠣᠯ ᠪᠣᠯᠭᠠᠵᠣ ᠪᠠᠶᠢᠭᠰᠠᠨ ᠠᠴᠠ ᠪᠦᠬᠦ | ᠣᠷᠣᠨ ᠬᠡᠪᠴᠢᠶᠡᠨ ᠤ ᠂ ᠲᠥᠷᠪᠡᠨ ᠤᠯᠠᠷᠢᠯ ᠤᠨ ᠵᠢᠭᠤᠯᠴᠢᠯᠠᠯ ᠲᠡᠰᠢ ᠬᠤᠪᠢᠷᠠᠭᠤᠯᠣᠨ᠂ 2018 ᠣᠨ ᠳᠤ᠂ | ᠣᠯᠣᠰ ᠤᠨ ᠪᠦᠦᠷᠬᠦ ᠣᠷᠣᠨ ᠬᠡᠪᠴᠢᠶᠡᠨ ᠤ ᠵᠢᠭᠤᠯᠴᠢᠯᠠᠯ ᠤᠨ ᠵᠢᠱᠢᠶ᠎ᠡ ᠦᠵᠡᠬᠦᠯᠬᠦ ᠲᠣᠭᠤᠷᠢᠭ ᠢ ᠪᠠᠶᠢᠭᠤᠯᠬᠤ ᠪᠠᠷ | ᠴᠢᠷᠮᠠᠶᠢᠬᠤ ᠬᠡᠷᠡᠭᠳᠡᠢ᠃ ᠦᠵᠡᠮᠵᠢ ᠶᠢᠨ ᠣᠷᠣᠨ ᠤ ᠦᠢᠯᠡᠴᠢᠯᠡᠭᠡᠨ ᠤ ᠶᠡᠰᠦ ᠴᠢᠨᠠᠷ ᠪᠠ ᠬᠢᠷᠢ ᠲᠦᠪᠰᠢᠨ ᠢ | ᠲᠦᠷᠭᠡᠳᠬᠡᠨ ᠲᠡᠭᠡᠰᠢᠯᠡᠬᠦᠯᠵᠦ᠂ ᠲᠡᠷᠭᠡᠨ ᠵᠣᠭᠰᠣᠭᠠᠯ᠂ ᠤᠯᠠᠭ᠎ᠠ ᠥᠷᠲᠡᠭᠡ᠂ ᠵᠢᠭᠤᠯᠴᠢᠯᠠᠯ ᠤᠨ ᠵᠣᠷᠯᠣᠩ ᠵᠡᠷᠭᠡ | ᠰᠠᠭᠤᠷᠢ ᠦᠢᠯᠡᠴᠢᠯᠡᠭᠡᠨ ᠤ ᠲᠦᠬᠦᠭᠡᠷᠦᠮᠵᠢ ᠶᠢ ᠦᠭᠡᠷᠡᠴᠢᠯᠡᠨ ᠰᠠᠶᠢᠵᠢᠷᠠᠭᠤᠯᠵᠣ᠂ ᠲᠠᠯ᠎ᠠ ᠨᠣᠳᠤᠭ ᠤᠨ ᠰᠡᠯᠡᠬᠦᠴᠡᠯ | ᠠᠮᠠᠷᠠᠯᠲᠠ ᠶᠢᠨ ᠲᠥᠪ᠂ ᠠᠭᠠᠷ ᠤᠨ ᠠᠶᠠᠯᠠᠯ ᠨᠡᠪᠳᠡᠷᠡᠬᠦ ᠵᠡᠷᠭᠡ ᠲᠦᠷᠦᠯ ᠵᠦᠢᠯ ᠢ ᠡᠮᠬᠢ ᠴᠡᠭᠴᠡᠳᠡᠢ ᠬᠡᠷᠡᠭᠵᠢᠬᠦᠯᠵᠦ᠂ | ᠵᠢᠭᠤᠯᠴᠢᠯᠠᠯ ᠤᠨ ᠦᠢᠯᠡᠳᠬᠦᠨ ᠢ ᠰᠢᠰᠲ᠋ᠧᠮ ᠲᠠᠢ ᠨᠡᠬᠡᠬᠡᠨ᠂ 2019 ᠣᠨ ᠪᠣᠯᠲᠠᠯ᠎ᠠ᠂ ᠣᠯᠠᠭᠠᠨᠪᠣᠳᠣᠩ ᠤᠨ | ᠣᠯᠣᠰ ᠤᠨ ᠲᠡᠰ ᠤᠨ ᠵᠢᠭᠤᠯᠴᠢᠯᠠᠯ ᠠᠮᠠᠷᠠᠯᠲᠠ ᠶᠢᠨ ᠣᠷᠣᠨ ᠢ ᠪᠠᠶᠢᠭᠤᠯᠬᠤ ᠪᠠᠷ ᠴᠢᠷᠮᠠᠶᠢᠬᠤ ᠬᠡᠷᠡᠭᠳᠡᠢ᠃ | ᠵᠢᠭᠤᠯᠴᠢᠯᠠᠯ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢ ᠪᠠᠶᠢᠩᠭᠤᠵᠢᠭᠤᠯᠤᠨ ᠥᠷᠨᠢᠭᠦᠯᠵᠦ᠂ | ᠦᠵᠡᠮᠵᠢ ᠶᠢᠨ ᠣᠷᠣᠨ᠂ ᠵᠢᠭᠤᠯᠴᠢᠯᠠᠯ ᠤᠨ ᠬᠤᠷᠢᠶ᠎ᠠ᠂ ᠵᠢᠭᠤᠯᠴᠢᠯᠠᠯ ᠤᠨ ᠠᠵᠢᠯ ᠡᠷᠬᠢᠯᠡᠭᠰᠡᠳ ᠤᠨ ᠪᠣᠯᠪᠠᠰᠤᠷᠠᠯ | ᠪᠠ ᠬᠠᠮᠢᠶᠠᠷᠤᠯᠲᠠ ᠶᠢ ᠴᠢᠩᠭᠠᠳᠬᠠᠨ᠂ ᠪᠣᠯᠪᠠᠰᠤᠨ ᠵᠢᠭᠤᠯᠴᠢᠯᠠᠯ ᠤᠨ ᠣᠷᠴᠢᠨ ᠲᠣᠭᠤᠷᠢᠨ ᠢ ᠡᠭᠦᠳᠴᠦ᠂ 2022 | ᠣᠨ ᠪᠣᠯᠬᠤ ᠳᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠵᠢᠭᠤᠯᠴᠢᠯᠠᠭᠰᠠᠳ ᠢ 1000 ᠲᠦᠮᠡᠨ ᠬᠥᠮᠦᠨ | ᠤᠳᠠᠭ᠎ᠠ ᠬᠦᠯᠢᠶᠡᠨ ᠠᠪᠴᠤ᠂ ᠵᠢᠭᠤᠯᠴᠢᠯᠠᠯ ᠤᠨ ᠶᠡᠷᠦᠩᠬᠡᠢ ᠣᠷᠣᠯᠭ᠎ᠠ ᠶᠢ 200 ᠳ᠋ᠦᠩᠰᠢᠭᠤᠷ ᠲᠥᠭᠦᠷᠢᠭ ᠲᠤ | ᠬᠦᠷᠭᠡᠬᠦ ᠶᠢ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠢ᠃ | ᠡᠷᠡᠭᠦᠯ ᠮᠡᠨᠳᠦ ᠦᠢᠯᠡᠴᠢᠯᠡᠭᠡᠨ ᠤ ᠦᠢᠯᠡᠰ ᠢ ᠶᠡᠬᠡᠪᠡᠷ ᠬᠥᠭᠵᠢᠭᠦᠯᠬᠦ ᠬᠡᠷᠡᠭᠲᠡᠢ᠃ ᠪᠣᠬᠢᠷᠳᠤᠯ ᠦᠭᠡᠢ | ᠬᠦᠭᠵᠢᠯᠲᠡ᠂ ᠠᠮᠢ ᠠᠬᠤᠢ ᠶᠢᠨ ᠪᠣᠯᠪᠠᠰᠣᠨ ᠢ ᠪᠠᠷᠢᠮᠳᠠᠯᠠᠬᠤ ᠪᠠᠷ ᠵᠢᠯᠣᠭᠤᠳᠣᠯᠭ᠎ᠠ ᠪᠣᠯᠭᠠᠨ᠂ ᠪᠦᠬᠦ ᠲᠠᠯ᠎ᠠ ᠶᠢᠨ | ᠪᠦᠬᠦ ᠦᠶᠡᠯᠡᠯᠲᠦ ᠬᠤᠭᠤᠴᠠᠭ᠎ᠠ ᠪᠦᠬᠦᠢ ᠡᠷᠡᠭᠦᠯ ᠦᠢᠯᠡᠴᠢᠯᠡᠭᠡ ᠶᠢ ᠬᠠᠩᠭᠠᠬᠤ ᠪᠠᠷ ᠬᠠᠷᠠᠯᠲᠠ ᠪᠣᠯᠭᠠᠨ᠂ ︽ | ᠦᠵᠡᠮᠵᠢ ᠲᠡᠭᠦᠰ ᠲᠠᠯ᠎ᠠ ᠨᠣᠳᠤᠭ᠂ ᠡᠷᠡᠭᠦᠯ ᠰᠠᠶᠢᠬᠠᠨ ᠬᠡᠰᠢᠭᠳᠡᠨ ᠬᠤᠰᠢᠭᠤ᠂ ᠡᠷᠡᠭᠦᠯᠵᠢᠯ ᠰᠣᠪᠢᠯᠠᠯ ᠤᠨ ᠠᠷᠢᠭᠤᠨ | ᠣᠷᠣᠨ᠂ ᠡᠷᠬᠡ ᠴᠢᠯᠦᠭᠡᠳᠡᠢ ᠴᠡᠩᠬᠡᠯ ᠤᠨ ᠣᠷᠣᠨ︾ ᠪᠠᠷ ᠪᠠᠶᠢᠷᠢ ᠲᠣᠭᠳᠠᠭᠠᠨ᠂ ᠲᠡᠭᠦᠯᠳᠡᠷ ᠰᠠᠶᠢᠬᠠᠨ ᠬᠥᠮᠦᠨ ᠤ | ᠠᠮᠢᠳᠤᠷᠠᠯ ᠪᠦᠯᠦᠭᠯᠡᠯ ᠤᠨ ᠲᠠᠪᠴᠠᠩ ᠤᠨ ᠠᠴᠢᠶᠠᠯᠠᠭᠴᠢ ᠶᠢᠨ ᠦᠢᠯᠡᠳᠦᠯ ᠢ ᠪᠠᠳᠠᠷᠠᠭᠤᠯᠤᠨ᠂ ᠵᠠᠰᠠᠭ ᠤᠨ ᠣᠷᠳᠣᠨ | ᠭᠤᠣᠯᠯᠠᠨ ᠤᠳᠤᠷᠢᠳᠴᠤ᠂ ᠠᠵᠤ ᠠᠬᠤᠶᠢᠯᠠᠯ ᠬᠠᠮᠵᠢᠯᠴᠠᠨ᠂ ᠵᠠᠬ᠎ᠠ ᠳᠡᠯᠭᠡᠭᠦᠷᠴᠢᠯᠡᠨ ᠠᠵᠢᠯᠯᠠᠬᠤ᠂ ᠪᠦᠬᠦ | ᠨᠡᠶᠢᠭᠡᠮ ᠢᠶᠠᠷ ᠢᠶᠠᠨ ᠣᠷᠣᠯᠴᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠡᠷᠡᠭᠦᠯ ᠡᠩᠬᠡ ᠬᠡᠰᠢᠭᠲᠡᠨ | ᠬᠤᠰᠢᠭᠤ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ᠂ ᠡᠷᠡᠭᠦᠯ ᠮᠡᠨᠳᠦ ᠶᠢᠨ ᠠᠵᠤ | ᠦᠢᠯᠡᠰ ᠲᠥᠪᠯᠡᠷᠡᠭᠰᠡᠨ ᠲᠠᠪᠴᠠᠩ᠂ ᠲᠡᠭᠦᠯᠳᠡᠷ ᠰᠠᠶᠢᠬᠠᠨ ᠬᠥᠮᠥᠨ ᠤ ᠠᠮᠢᠳᠤᠷᠠᠯ ᠡᠷᠡᠭᠦᠯ ᠮᠡᠨᠳᠦ ᠶᠢᠨ ᠨᠡᠶᠢᠭᠡᠮ | ᠲᠣᠭᠤᠷᠢᠭ ᠤᠨ ᠦᠢᠯᠡᠴᠢᠯᠡᠭᠡᠨ ᠤ ᠲᠠᠪᠴᠠᠩ᠂ ᠲᠡᠭᠦᠯᠳᠡᠷ ᠰᠠᠶᠢᠬᠠᠨ ᠬᠤᠳᠠᠯᠳᠤᠭ᠎ᠠ ᠰᠣᠯᠢᠯᠴᠠᠭᠠᠨ ᠤ ᠲᠠᠪᠴᠠᠩ ᠢ | ᠴᠣᠭᠴᠠᠯᠠᠵᠤ᠂ ︽ᠢᠨᠲ᠋ᠧᠷ ᠰᠦᠯᠵᠢᠶ᠎ᠡ + ᠪᠤᠳᠠᠰ ᠤᠨ ᠬᠤᠯᠪᠣᠭᠠᠨ ᠤ ᠰᠦᠯᠵᠢᠶ᠎ᠡ + ᠬᠦᠮᠦᠨ ᠤ ᠬᠤᠯᠪᠣᠭᠠᠨ ᠤ | ᠰᠦᠯᠵᠢᠶ᠎ᠡ + ᠡᠷᠡᠭᠦᠯ ᠮᠡᠨᠳᠦ ᠶᠢᠨ ᠠᠵᠤ ᠦᠢᠯᠡᠰ + ᠥᠪᠡᠷᠮᠢᠴᠡ ᠣᠨᠴᠠᠯᠢᠭᠲᠤ ᠵᠢᠭᠤᠯᠴᠢᠯᠠᠯ︾ ᠤᠨ ᠰᠢᠨ᠎ᠡ | ᠬᠡᠯᠪᠡᠷᠢ ᠶᠢᠨ ᠦᠢᠯᠡᠴᠢᠯᠡᠭᠡᠨ ᠤ ᠦᠢᠯᠡᠰ ᠢ ᠨᠡᠭᠡᠭᠡᠨ᠂ ᠪᠡᠯᠡ ᠣᠷᠣᠭᠤᠯᠣᠭᠴᠢᠳ ᠪᠠ ᠬᠡᠷᠡᠭᠯᠡᠭᠴᠢᠳ ᠶᠢ ᠲᠡᠳᠠᠵᠣ᠂ | ᠬᠠᠩᠭᠠᠯᠭ᠎ᠠ ᠶᠢᠨ ᠲᠠᠯ᠎ᠠ ᠪᠠ ᠬᠡᠷᠡᠭᠴᠡᠭᠡᠨ ᠤ ᠲᠠᠯ᠎ᠠ ᠶᠢ ᠰᠢᠭᠤᠳ ᠬᠤᠯᠪᠣᠵᠦ᠂ ᠲᠣᠬᠠᠢ ᠶᠢᠨ ᠭᠠᠵᠠᠷ ᠤᠨ | ᠪᠣᠳᠠᠳᠠᠢ ᠠᠴᠠ ᠡᠭᠦᠰᠴᠦ᠂ ᠬᠤᠳᠠᠯᠳᠤᠭ᠎ᠠ᠂ ᠮᠦᠩᠬᠦᠨ ᠭᠦᠢᠯᠭᠡᠭᠡ᠂ ᠬᠤᠷᠠᠯ ᠦᠵᠡᠭᠦᠯᠦᠯᠭᠡ᠂ ᠰᠣᠶᠣᠯ ᠲᠠᠮᠢᠷ | ᠵᠡᠷᠭᠡ ᠣᠷᠳᠣᠳᠬᠠᠨ ᠬᠦᠭᠵᠢᠬᠦᠯᠦᠭᠰᠡᠨ ᠠᠵᠤ ᠦᠢᠯᠡᠰ ᠢ ᠬᠦᠭᠵᠢᠭᠦᠯᠦᠨ᠂ ᠣᠯᠠᠨ ᠲᠠᠪᠬᠤᠷᠭᠠᠲᠤ᠂ ᠦᠪᠡᠷᠮᠢᠴᠡ | ᠣᠨᠴᠠᠯᠢᠭ ᠲᠠᠢ ᠡᠷᠡᠭᠦᠯ ᠦᠢᠯᠡᠳᠭᠦᠨ ᠢ ᠬᠠᠩᠭᠠᠵᠤ᠂ ᠠᠵᠢᠯ ᠲᠦᠷᠦᠯ ᠰᠣᠨᠳᠠᠯᠠᠭᠰᠠᠨ ᠬᠠᠷᠢᠯᠴᠠᠨ | ᠠᠭᠤᠰᠣᠯᠴᠠᠭᠰᠠᠨ ᠬᠡᠯᠪᠡᠷᠢ ᠶᠢᠨ ᠡᠷᠡᠭᠦᠯ ᠠᠵᠤ ᠦᠢᠯᠡᠰ ᠤᠨ ᠰᠢᠨ᠎ᠡ ᠬᠡᠪ ᠵᠠᠭᠪᠣᠷ ᠢ ᠡᠬᠢᠯᠡᠬᠦᠯᠦᠨ᠂ ᠡᠮᠨᠡᠯᠭᠡ᠂ | ᠡᠷᠡᠭᠦᠯ ᠮᠡᠨᠳᠦ᠂ ᠰᠤᠪᠢᠯᠠᠯᠲᠠ᠂ ᠵᠢᠭᠤᠯᠴᠢᠯᠠᠯ᠂ ᠣᠷᠣᠰᠢᠨ ᠰᠠᠭᠤᠬᠤ ᠪᠠ ᠶᠡᠷᠦᠩᠬᠡᠢ ᠬᠡᠯᠲᠡᠰ ᠤᠨ ᠠᠵᠤ | ᠠᠬᠤᠢ ᠶᠢᠨ ᠰᠢᠨ᠎ᠡ ᠰᠢᠰᠲ᠋ᠧᠮ ᠢ ᠴᠣᠭᠴᠠᠯᠠᠨ᠂ ᠡᠷᠡᠭᠦᠯ ᠮᠡᠨᠳᠦ ᠬᠡᠰᠢᠭᠳᠡᠨ ᠬᠤᠰᠢᠭᠤᠨ ᠤ ᠠᠵᠢᠯ ᠢ | ᠬᠦᠴᠦᠷᠬᠡᠭᠵᠢᠬᠦᠯᠦᠨ ᠪᠣᠵᠠᠭᠠᠶᠢᠷᠠᠭᠤᠯᠵᠣ᠂ 2022 ᠣᠨ ᠪᠣᠯᠬᠤ ᠳᠤ᠂ ᠭᠠᠯᠳᠠᠰᠣᠳᠠᠢ ᠷᠠᠰᠢᠶᠠᠨ᠂ ᠪᠢᠷᠠᠭᠤ | ᠪᠠᠯᠭᠠᠰᠣ ᠬᠤᠶᠠᠷ ᠶᠡᠭᠡ ᠡᠷᠡᠭᠦᠯ ᠮᠡᠨᠳᠦ ᠠᠵᠤ ᠦᠢᠯᠡᠰ ᠤᠨ ᠲᠥᠪ ᠢ ᠠᠩᠬ᠎ᠠ ᠠᠯᠬᠤᠮ ᠪᠠᠶᠢᠭᠤᠯᠣᠨ᠂ ᠣᠯᠣᠰ ᠤᠨ | ᠲᠠᠰ ᠤᠨ ᠡᠷᠡᠭᠦᠯ ᠮᠡᠨᠳᠦ ᠠᠵᠤ ᠦᠢᠯᠡᠰ ᠤᠨ ᠵᠢᠱᠢᠶ᠎ᠡ ᠦᠵᠡᠭᠦᠯᠬᠦ ᠬᠤᠰᠢᠭᠤ ᠪᠤᠯᠠᠬᠤ ᠪᠠᠷ ᠴᠢᠷᠮᠠᠶᠢᠬᠤ ᠬᠡᠷᠡᠭᠳᠡᠢ᠃ | ᠪᠦᠬᠦ ᠬᠤᠰᠢᠭᠤᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠢᠭᠡᠯᠡᠯᠭᠡ ᠶᠢᠨ ᠦᠯᠡᠳᠡᠪᠦᠷᠢ ᠲᠤᠭ᠎ᠠ ᠶᠢ 100 | ᠳ᠋ᠦᠩᠰᠢᠭᠤᠷ ᠲᠥᠭᠦᠷᠢᠭ ᠢ ᠳᠠᠪᠠᠭᠤᠯᠬᠤ ᠪᠠᠷ ᠴᠢᠷᠮᠠᠶᠢᠬᠤ ᠬᠡᠷᠡᠭᠲᠡᠢ᠃ ᠠᠷᠠᠯᠵᠢᠶ᠎ᠠ ᠬᠤᠳᠠᠯᠳᠤᠭᠠᠨ ᠤ ᠭᠦᠢᠯᠭᠡᠭᠡ᠂ | ᠪᠠᠭᠤᠳᠠᠯ ᠢᠳᠡᠭᠡᠨ ᠤᠮᠳᠠᠭᠠᠨ᠂ ᠵᠠᠮ ᠬᠠᠷᠢᠯᠴᠠᠭ᠎ᠠ ᠲᠡᠭᠡᠭᠡᠪᠦᠷᠢ᠂ ᠳᠠᠭᠠᠳᠬᠠᠯ ᠵᠡᠷᠭᠡ ᠤᠯᠠᠮᠵᠢᠯᠠᠯᠲᠤ | ᠦᠢᠯᠡᠴᠢᠯᠡᠭᠡᠨ ᠤ ᠦᠢᠯᠡᠰ ᠢ ᠢᠵᠢᠯ ᠠᠯᠬᠤᠮ ᠢᠶᠠᠷ ᠳᠡᠭᠡᠭᠰᠢᠯᠡᠭᠦᠯᠵᠦ᠂ ᠬᠢᠯᠢ ᠪᠠᠷ ᠣᠷᠣᠭᠤᠯᠵᠤ ᠭᠠᠷᠭᠠᠬᠤ | ᠠᠷᠠᠯᠵᠢᠶ᠎ᠠ ᠶᠢ ᠠᠬᠢᠭᠤᠯᠤᠨ ᠰᠢᠨ᠎ᠡ ᠰᠢᠪᠲᠤᠯᠤᠯᠲᠠ ᠭᠠᠷᠭᠠᠵᠤ᠂ ᠬᠠᠩᠭᠠᠯᠭ᠎ᠠ ᠶᠢᠨ ᠲᠠᠯ᠎ᠠ᠂ ᠬᠡᠷᠡᠭᠰᠡᠬᠦ ᠲᠠᠯ᠎ᠠ ᠬᠤᠶᠠᠷ | ᠲᠠᠯ᠎ᠠ ᠪᠠᠷ ᠬᠠᠮᠲᠤᠪᠡᠷ ᠬᠦᠴᠦᠯᠡᠬᠦ ᠰᠠᠶᠢᠨ ᠰᠠᠶᠢᠬᠠᠨ ᠪᠦᠲᠦᠴᠡ ᠶᠢ ᠪᠦᠷᠢᠯᠳᠦᠭᠦᠯᠬᠦ ᠬᠡᠷᠡᠭᠲᠡᠢ᠃ ᠰᠠᠶᠢᠨ ᠰᠠᠶᠢᠬᠠᠨ | ᠠᠮᠢᠳᠣᠷᠠᠯ ᠪᠦᠯᠦᠭᠯᠡᠯ ᠤᠨ ᠲᠡᠪᠴᠡᠩ ᠤᠨ ᠠᠴᠢᠶᠠᠯᠠᠪᠦᠷᠢ ᠶᠢᠨ ᠦᠢᠯᠡᠳᠦᠯ ᠢ ᠪᠠᠳᠠᠷᠠᠭᠤᠯᠵᠣ᠂ ᠵᠠᠰᠠᠭ ᠤᠨ ᠣᠷᠳᠣᠨ | ᠭᠤᠣᠯᠯᠠᠨ ᠣᠳᠣᠷᠢᠳᠴᠦ᠂ ᠲᠦᠯᠦᠪᠵᠢᠬᠦᠯᠦᠨ ᠵᠢᠯᠣᠭᠤᠳᠴᠤ᠂ ᠠᠵᠣ ᠠᠬᠤᠶᠢᠯᠠᠯ ᠬᠠᠮᠳᠣᠷᠠᠯᠴᠠᠨ᠂ ᠵᠠᠬ᠎ᠠ | ᠲᠡᠯᠭᠡᠬᠦᠷ ᠤᠨ ᠠᠷᠭ᠎ᠠ ᠪᠠᠷ ᠡᠷᠬᠢᠯᠳᠦᠬᠦᠯᠦᠨ᠂ ᠪᠥᠬᠦ ᠨᠡᠶᠢᠭᠡᠮ ᠢᠶᠠᠷ ᠢᠶᠠᠨ ᠣᠷᠣᠯᠴᠠᠬᠤ ᠵᠡᠷᠭᠡ ᠬᠡᠯᠪᠡᠷᠢ ᠪᠠᠷ | ᠬᠥᠭᠵᠢᠭᠦᠯᠬᠦ ᠬᠡᠷᠡᠭᠲᠡᠢ᠃ | ᠪᠤᠰᠤᠳ ᠤᠶᠢᠯᠡᠴᠢᠯᠡᠭᠡᠨ ᠤ ᠤᠶᠢᠯᠡᠰ ᠢ ᠪᠦᠬᠦ ᠲᠠᠯ᠎ᠠ ᠪᠠᠷ ᠭᠦᠭᠵᠢᠭᠦᠯᠬᠦ ᠬᠡᠷᠡᠭᠲᠡᠢ᠃ ᠤᠲᠦ ᠦᠶ᠎ᠡ ᠶᠢᠨ | ᠡᠳ᠋ ᠪᠠᠷᠠᠭᠠᠨ ᠤ ᠭᠦᠢᠯᠭᠡᠭᠡᠨ ᠤ ᠤᠶᠢᠯᠡᠰ ᠢ ᠢᠳᠡᠪᠭᠢᠲᠠᠢ ᠭᠦᠭᠵᠢᠭᠦᠯᠵᠦ᠂ ᠡᠯᠧᠺᠳ᠋ᠷᠤᠨ ᠬᠤᠳᠠᠯᠲᠤᠭᠠᠨ ᠤ ᠡᠳ᠋ | ᠪᠠᠷᠠᠭᠠᠨ ᠤ ᠭᠦᠢᠯᠭᠡᠭᠡ ᠶᠢᠨ ᠲᠤᠭᠤᠷᠢᠭ᠂ ᠡᠳ᠋ ᠪᠠᠷᠠᠭᠠᠨ ᠤ ᠭᠦᠢᠯᠭᠡᠭᠡ ᠶᠢᠨ ᠲᠤᠭᠢᠷᠠᠭᠤᠯᠤᠨ ᠬᠦᠷᠭᠡᠬᠦ ᠬᠠᠮ | ᠦᠷᠳᠡᠭᠡ᠂ ᠤᠶᠤᠨᠴᠢ ᠡᠳ᠋ ᠪᠠᠷᠠᠭᠠᠨ ᠤ ᠰᠤᠷᠠᠭ ᠵᠠᠩᠬᠢ ᠶᠢᠨ ᠳᠠᠪᠴᠠᠩ ᠪᠠ ᠰᠢᠶᠠᠩ ᠤᠨ ᠱᠠᠲᠦᠨ ᠤ ᠡᠳ᠋ | ᠪᠠᠷᠠᠭᠠᠨ ᠤ ᠭᠦᠢᠯᠭᠡᠭᠡ ᠶᠢᠨ ᠳᠠᠮᠵᠢᠭᠤᠯᠬᠤ ᠦᠷᠳᠡᠭᠡ ᠵᠡᠷᠭᠡ ᠲᠦᠷᠦᠯ ᠵᠦᠢᠯ ᠢ ᠲᠦᠷᠭᠡᠳᠬᠡᠨ ᠬᠡᠷᠡᠭᠵᠢᠬᠦᠯᠵᠦ᠂ | ᠭᠠᠵᠠᠷ ᠤᠷᠤᠨ ᠠᠯᠤᠰᠯᠠᠭᠰᠠᠨ ᠠᠵᠢᠯ ᠲᠦᠷᠦᠯ ᠠᠯᠤᠰᠯᠠᠭᠰᠠᠨ ᠡᠳ᠋ ᠪᠠᠷᠠᠭᠠᠨ ᠤ ᠭᠦᠢᠯᠭᠡᠭᠡ ᠶᠢᠨ ᠬᠠᠮᠲᠦᠪᠡᠷ | ᠲᠤᠭᠢᠷᠠᠭᠤᠯᠤᠨ ᠬᠦᠷᠭᠡᠬᠦ ᠰᠢᠨ᠎ᠡ ᠬᠡᠪ ᠵᠠᠭᠪᠤᠷ ᠢ ᠡᠭᠦᠲᠦᠨ ᠪᠠᠶᠢᠭᠤᠯᠬᠤ ᠬᠡᠷᠡᠭᠲᠡᠢ᠃ ᠡᠯᠧᠺᠳ᠋ᠷᠤᠨ ᠬᠤᠳᠠᠯᠲᠤᠭᠠᠨ ᠤ | ᠶᠠᠪᠤᠳᠠᠯ ᠢ ᠮᠠᠯᠵᠢᠬᠤ ᠲᠠᠷᠢᠶᠠᠯᠠᠬᠤ ᠤᠷᠤᠨ ᠳᠤ ᠬᠦᠷᠭᠡᠬᠦ ᠵᠢᠱᠢᠶ᠎ᠡ ᠦᠵᠡᠭᠦᠯᠬᠦ ᠰᠢᠶᠠᠨ ᠤ ᠪᠦᠲᠦᠭᠡᠨ | ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠲᠤᠳᠬᠠᠨ ᠳᠡᠭᠡᠭᠰᠢᠯᠡᠭᠦᠯᠵᠦ᠂ ᠭᠠᠴᠠᠭ᠎ᠠ ᠲᠤᠰᠬᠤᠨ ᠤ ᠱᠠᠲᠦᠨ ᠤ | ᠡᠯᠧᠺᠳ᠋ᠷᠤᠨ ᠬᠤᠳᠠᠯᠲᠤᠭᠠᠨ ᠤ ᠤᠶᠢᠯᠡᠴᠢᠯᠡᠭᠡ ᠶᠢ ᠮᠠᠯᠵᠢᠬᠤ ᠲᠠᠷᠢᠶᠠᠯᠠᠬᠤ ᠤᠷᠤᠨ ᠤ ᠲᠦᠷᠭᠡᠨ ᠭᠦᠷᠬᠡᠬᠦ | ᠺᠤᠮᠫᠠᠨᠢ ᠶᠢᠨ ᠲᠤᠭᠢᠷᠠᠭᠤᠯᠤᠨ ᠬᠦᠷᠭᠡᠬᠦ ᠤᠶᠢᠯᠡᠴᠢᠯᠡᠭᠡ ᠲᠠᠢ ᠭᠦᠨᠵᠡᠭᠡᠢ ᠤᠷᠲᠤᠳᠬᠠᠨ᠂ ᠠᠭᠤᠰᠤᠯᠴᠠᠭᠤᠯᠤᠨ | ᠭᠦᠭᠵᠢᠬᠦᠯᠬᠦ ᠶᠢ ᠲᠦᠷᠭᠡᠳᠬᠡᠨ ᠠᠭᠢᠭᠤᠯᠵᠦ᠂ ︽ᠵᠠᠩᠭᠢᠯᠠᠭ᠎ᠠ ᠶᠢᠨ ᠵᠠᠢ︾ ᠶᠢ ᠨᠡᠪᠳᠡᠷᠡᠭᠦᠯᠬᠦ ᠬᠡᠷᠡᠭᠲᠡᠢ᠃ ᠮᠦᠩᠭᠦᠨ | ᠭᠦᠢᠯᠭᠡᠭᠡ ᠶᠢᠨ ᠰᠢᠨ᠎ᠡ ᠶᠢ ᠡᠭᠦᠳᠬᠦ ᠶᠢ ᠵᠤᠷᠢᠭᠵᠢᠭᠤᠯᠵᠤ᠂ ᠢᠳᠡᠬᠡᠮᠵᠢᠲᠦ ᠵᠢᠭᠡᠯᠯᠡᠭᠡ ᠶᠢᠨ ᠬᠡᠪᠴᠢᠶ᠎ᠡ ᠶᠢ | ᠦᠷᠭᠡᠳᠬᠡᠵᠦ᠂ ᠮᠦᠩᠭᠦᠨ ᠭᠦᠢᠯᠭᠡᠭᠡᠨ ᠤ ᠪᠤᠲᠠᠲᠦ ᠴᠤᠭᠴᠠ ᠶᠢᠨ ᠠᠵᠦ ᠠᠬᠤᠢ ᠳᠠᠬᠢ ᠳᠡᠮᠵᠢᠯᠭᠡ ᠶᠢᠨ | ᠬᠦᠴᠦᠯᠡᠴᠡ ᠶᠢ ᠦᠷᠭᠦᠯᠵᠢᠯᠡᠨ ᠨᠡᠮᠡᠭᠳᠡᠭᠦᠯᠵᠦ᠂ 2022 ᠤᠨ ᠪᠤᠯᠬᠤ ᠳᠤ ᠪᠦᠬᠦ ᠬᠤᠰᠢᠭᠤᠨ ᠤ ᠮᠦᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠵᠢᠭᠡᠯᠡᠯᠭᠡ ᠶᠢᠨ ᠦᠯᠡᠳᠡᠪᠦᠷᠢ ᠶᠢ 100 ᠳ᠋ᠥ᠋ᠩᠰᠢᠭᠤᠷ ᠲᠦᠭᠦᠷᠢᠭ ᠢ ᠰᠢᠪᠲᠤᠯᠬᠤ | ᠪᠠᠷ ᠲᠡᠮᠡᠴᠡᠬᠦ ᠬᠡᠷᠡᠭᠲᠡᠢ᠃ ᠠᠷᠠᠯᠵᠢᠶ᠎ᠠ ᠬᠤᠳᠠᠯᠲᠤᠭᠠᠨ ᠤ ᠭᠦᠢᠯᠭᠡᠭᠡ᠂ ᠬᠤᠨᠤᠵᠦ ᠰᠠᠭᠤᠬᠤ ᠢᠳᠡᠭᠡᠨ ᠤᠮᠳᠠᠭᠠᠨ᠂ ᠵᠠᠮ | ᠬᠠᠷᠢᠯᠴᠠᠭ᠎ᠠ ᠳᠡᠭᠡᠭᠡᠪᠦᠷᠢ᠂ ᠳᠠᠭᠠᠳᠬᠠᠯ ᠵᠡᠷᠭᠡ ᠤᠯᠠᠮᠵᠢᠯᠠᠯᠲᠦ ᠤᠶᠢᠯᠡᠴᠢᠯᠡᠭᠡᠨ ᠤ ᠤᠶᠢᠯᠡᠰ ᠢ ᠢᠵᠢᠯ ᠠᠯᠬᠤᠮ ᠢᠶᠠᠷ | ᠳᠡᠭᠡᠭᠰᠢᠯᠡᠭᠦᠯᠵᠦ᠂ ᠭᠠᠳᠠᠭᠠᠲᠦ ᠠᠴᠠ ᠤᠷᠤᠭᠤᠯᠵᠦ ᠭᠠᠳᠠᠭᠠᠲᠦ ᠳᠤ ᠭᠠᠷᠭᠠᠬᠤ ᠠᠷᠠᠯᠵᠢᠶ᠎ᠠ ᠳᠤ ᠰᠢᠨ᠎ᠡ | ᠰᠢᠪᠲᠤᠯᠤᠯᠲᠠ ᠭᠠᠷᠭᠠᠬᠤ ᠶᠢ ᠠᠭᠢᠭᠤᠯᠵᠦ᠂ ᠬᠠᠩᠭᠠᠯᠭ᠎ᠠ᠂ ᠬᠡᠷᠡᠭᠴᠡᠭᠡ ᠬᠤᠶᠠᠷ ᠲᠠᠯ᠎ᠠ ᠶᠢᠨ ᠬᠠᠮᠲᠦᠪᠡᠷ ᠬᠦᠴᠦᠯᠡᠨ | ᠴᠢᠷᠮᠡᠶᠢᠬᠤ ᠰᠠᠶᠢᠨ ᠰᠠᠶᠢᠬᠠᠨ ᠪᠠᠶᠢᠳᠠᠯ ᠢ ᠪᠦᠷᠢᠯᠲᠦᠭᠦᠯᠬᠦ ᠬᠡᠷᠡᠭᠲᠡᠢ᠃ | | |