| | ︵ᠬᠤᠶᠠᠷ︶ ᠪᠣᠬᠢᠷᠲᠤᠯ ᠦᠭᠡᠢ ᠬᠥᠭᠵᠢᠯᠲᠡ ᠶᠢ ᠪᠠᠷᠢᠮᠲᠠᠯᠠᠨ᠂ ᠠᠮᠢ ᠠᠬᠤᠢ ᠶᠢᠨ ᠠᠶᠤᠯᠭᠦᠢ ᠶᠢᠨ | ᠬᠠᠯᠬᠠᠪᠴᠢ ᠶᠢ ᠦᠷᠭᠦᠯᠵᠢᠯᠡᠨ ᠪᠠᠲᠤ ᠴᠣᠭᠴᠠᠯᠠᠬᠤ ᠬᠡᠷᠡᠭᠲᠡᠢ᠃ ᠣᠩᠭᠤᠨ ᠲᠠᠷᠬᠠᠨ ᠠᠭᠤᠯᠠ ᠤᠰᠤ ᠨᠢ ᠠᠯᠳᠠ | ᠮᠥᠩᠭᠦ ᠡᠳ᠋ ᠡᠷᠳᠡᠨᠢ ᠪᠠᠷ ᠴᠦ ᠰᠣᠯᠢᠬᠤ ᠦᠭᠡᠢ ᠥᠪ ᠬᠦᠷᠦᠩᠭᠡ ᠮᠥᠨ ᠭᠡᠬᠦ ᠣᠶᠢᠯᠠᠭᠠᠭᠳᠠᠬᠤᠨ ᠢ ᠪᠣᠢ ᠪᠣᠯᠭᠠᠨ | ᠦᠢᠯᠡᠳᠦᠯᠭᠡᠵᠢᠭᠦᠯᠵᠦ᠂ ᠠᠮᠢ ᠠᠬᠤᠢ ᠣᠷᠴᠢᠨ ᠲᠣᠭᠤᠷᠢᠨ ᠢ ᠠᠮᠢ ᠭᠤᠣᠯ ᠲᠠᠢ ᠪᠠᠨ ᠬᠤᠯᠪᠣᠨ ᠬᠠᠶᠢᠷᠠᠯᠠᠵᠤ᠂ | ᠤᠯᠤᠰ ᠤᠨ ᠠᠮᠢ ᠠᠬᠤᠢ ᠶᠢᠨ ᠬᠤᠰᠢᠭᠤ ᠶᠢ ᠪᠦᠲᠦᠭᠡᠨ ᠪᠠᠶᠢᠭᠤᠯᠤᠭᠰᠠᠨ ᠦᠷ᠎ᠡ ᠪᠦᠲᠦᠭᠡᠯ ᠪᠠ | ᠦᠷᠭᠦᠯᠵᠢᠯᠡᠬᠦᠶᠢᠴᠡ ᠬᠥᠭᠵᠢᠯᠲᠡ ᠶᠢᠨ ᠴᠢᠳᠠᠪᠤᠷᠢ ᠶᠢ ᠲᠠᠰᠤᠷᠠᠯᠲᠠ ᠦᠭᠡᠢ ᠪᠠᠳᠤᠳᠬᠠᠨ ᠳᠡᠭᠡᠭᠰᠢᠯᠡᠭᠦᠯᠵᠦ᠂ | ᠦᠢᠯᠡᠳᠪᠦᠷᠢᠯᠡᠯ ᠬᠥᠭᠵᠢᠭᠰᠡᠨ᠂ ᠠᠮᠢᠳᠤᠷᠠᠯ ᠪᠠᠶᠠᠯᠢᠭ᠂ ᠠᠮᠢ ᠠᠬᠤᠢ ᠡᠷᠡᠭᠦᠯ ᠰᠠᠶᠢᠬᠠᠨ ᠪᠠᠶᠢᠬᠤ ᠪᠣᠯᠪᠠᠰᠤᠨ | ᠬᠥᠭᠵᠢᠯᠲᠡ ᠶᠢᠨ ᠵᠠᠮ ᠢᠶᠠᠷ ᠡᠷᠡᠰ ᠵᠠᠮᠨᠠᠬᠤ ᠬᠡᠷᠡᠭᠲᠡᠢ᠃ | ᠠᠮᠢ ᠠᠬᠤᠢ ᠶᠢᠨ ᠬᠠᠮᠠᠭᠠᠯᠠᠯᠲᠠ ᠬᠢᠭᠡᠳ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ | ᠠᠷᠪᠢᠯᠠᠬᠤ ᠪᠠᠷ ᠤᠷᠢᠳᠠᠯ ᠪᠣᠯᠭᠠᠬᠤ᠂ ᠬᠠᠮᠠᠭᠠᠯᠠᠬᠤ ᠪᠠᠷ ᠤᠷᠢᠳᠠᠯ ᠪᠣᠯᠭᠠᠬᠤ ᠪᠠ ᠪᠠᠶᠢᠭᠠᠯᠢ ᠶᠢ ᠰᠡᠷᠭᠦᠭᠡᠬᠦ ᠪᠠᠷ | ᠭᠤᠣᠯ ᠪᠣᠯᠭᠠᠭᠰᠠᠨ ᠴᠢᠭᠯᠡᠯᠲᠡ ᠶᠢ ᠪᠠᠷᠢᠮᠲᠠᠯᠠᠨ᠂ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠬᠦᠴᠦᠯᠡᠴᠡ ᠪᠠᠨ | ᠴᠢᠩᠭᠠᠳᠬᠠᠵᠤ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢ ᠴᠢᠩᠭᠠᠷᠠᠭᠤᠯᠤᠨ᠂ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠤ ᠬᠦᠷᠢᠶ᠎ᠡ ᠬᠡᠪᠴᠢᠶ᠎ᠡ ᠪᠠ ᠴᠢᠳᠠᠪᠬᠢ ᠶᠢᠨ ᠲᠣᠭᠤᠷᠢᠭ ᠲᠤ ᠲᠣᠬᠢᠷᠠᠭᠤᠯᠤᠯᠲᠠ ᠬᠢᠵᠦ | ᠰᠢᠯᠢᠳᠡᠭᠵᠢᠭᠦᠯᠦᠨ᠂ ᠤᠯᠤᠰ ᠤᠨ ᠴᠡᠴᠡᠷᠯᠢᠭ ᠤᠨ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠶᠢ | ᠰᠦᠪᠡᠭᠴᠢᠯᠡᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠱᠣᠭᠤᠮ᠂ ᠡᠭᠦᠷᠢᠲᠡ ᠶᠢᠨ ᠦᠨᠳᠦᠰᠦᠨ ᠲᠠᠷᠢᠶᠠᠨ ᠭᠠᠵᠠᠷ᠂ | ᠬᠤᠲᠠ ᠪᠠᠯᠭᠠᠰᠤ ᠶᠢ ᠨᠡᠭᠡᠭᠡᠨ ᠬᠥᠭᠵᠢᠭᠦᠯᠬᠦ ᠵᠠᠭᠠᠭ ᠭᠤᠷᠪᠠᠨ ᠵᠤᠷᠪᠤᠰ ᠬᠢᠵᠠᠭᠠᠷᠯᠠᠯ ᠤᠨ ᠱᠣᠭᠤᠮ ᠢ ᠬᠤᠪᠢᠶᠠᠨ | ᠲᠣᠭᠲᠠᠭᠠᠵᠤ᠂ ᠬᠠᠮᠠᠭᠠᠯᠠᠯᠲᠠ ᠶᠢᠨ ᠣᠷᠣᠨ ᠳᠠᠬᠢ ᠠᠭᠤᠷᠬᠠᠢ ᠶᠢ ᠵᠣᠭᠰᠣᠭᠠᠬᠤ ᠵᠣᠬᠢᠮᠵᠢ ᠶᠢ ᠲᠡᠭᠦᠯᠳᠡᠷᠵᠢᠭᠦᠯᠦᠨ᠂ | ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠷᠭᠡᠳᠬᠡᠬᠦ ᠬᠡᠷᠡᠭᠲᠡᠢ᠃ | ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠱᠠᠩᠨᠠᠯ ᠪᠠ ᠨᠥᠬᠦᠪᠦᠷᠢ ᠶᠢᠨ ᠲᠥᠷᠥ ᠶᠢᠨ | ᠪᠣᠳᠣᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ᠂ ᠮᠠᠯᠵᠢᠬᠤ ᠶᠢ ᠴᠠᠭᠠᠵᠠᠯᠠᠨ ᠪᠡᠯᠴᠢᠭᠡᠷ ᠰᠡᠷᠭᠦᠭᠡᠬᠦ᠂ ᠮᠠᠯ | ᠪᠡᠯᠴᠢᠭᠡᠷ ᠢ ᠲᠡᠩᠴᠡᠭᠦᠷᠢᠰᠢᠭᠦᠯᠬᠦ᠂ ᠪᠡᠯᠴᠢᠭᠡᠷ ᠰᠡᠷᠭᠦᠭᠡᠨ ᠡᠭᠡᠯᠵᠢᠯᠡᠨ ᠮᠠᠯᠵᠢᠬᠤ᠂ ᠮᠠᠯᠵᠢᠬᠤ ᠶᠢ ᠵᠣᠭᠰᠣᠭᠠᠨ | ᠪᠡᠯᠴᠢᠭᠡᠷ ᠰᠡᠷᠭᠦᠭᠡᠬᠦ᠂ ᠣᠢ ᠮᠣᠳᠣ ᠣᠭᠲᠣᠯᠬᠤ ᠶᠢ ᠵᠣᠭᠰᠣᠭᠠᠨ ᠨᠣᠭᠤᠭᠠᠷᠠᠭᠤᠯᠬᠤ ᠵᠡᠷᠭᠡ ᠳᠦᠷᠢᠮ ᠢ ᠴᠢᠩᠭ᠎ᠠ | ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ | ᠠᠬᠢᠭᠤᠯᠬᠤ ᠬᠡᠷᠡᠭᠲᠡᠢ᠃ ᠬᠤᠯᠠᠨ ᠰᠢᠷᠭ᠎ᠠ ᠳᠠᠭ᠎ᠠ ᠶᠢᠨ ᠡᠯᠡᠰᠦ ᠪᠠ ᠰᠢᠷᠠᠮᠥ᠋ᠷᠡᠨ ᠤ ᠰᠠᠪᠠ ᠭᠠᠵᠠᠷ ᠵᠡᠷᠭᠡ | ᠭᠤᠣᠯᠳᠠᠯᠭ᠎ᠠ ᠲᠠᠢ ᠬᠡᠰᠡᠭ ᠤᠨ ᠲᠣᠭᠤᠷᠢᠨ ᠳᠤ᠂ ᠪᠡᠭᠡᠵᠢᠩ ᠲᠢᠶᠠᠨᠵᠢᠨ ᠤ ᠡᠯᠡᠰᠦ ᠰᠠᠯᠬᠢᠨ ᠤ ᠡᠬᠢ ᠶᠢ ᠵᠠᠰᠠᠬᠤ᠂ | ᠲᠠᠷᠢᠶᠠᠯᠠᠬᠤ ᠶᠢ ᠵᠣᠭᠰᠣᠭᠠᠨ ᠣᠢ ᠮᠣᠳᠣ ᠡᠪᠡᠰᠦ ᠪᠡᠯᠴᠢᠭᠡᠷ ᠰᠡᠷᠭᠦᠭᠡᠬᠦ᠂ ᠨᠢᠭᠡᠨᠲᠡ ᠬᠠᠭᠠᠯᠪᠤᠷᠢᠯᠠᠭᠰᠠᠨ ᠨᠤᠲᠤᠭ | ᠪᠡᠯᠴᠢᠭᠡᠷ ᠢ ᠵᠠᠰᠠᠬᠤ ᠵᠡᠷᠭᠡ ᠠᠮᠢ ᠠᠬᠤᠢ ᠶᠢ ᠵᠠᠰᠠᠬᠤ ᠢᠨᠵᠧᠨᠧᠷᠢᠩ ᠢ ᠠᠬᠢᠭᠤᠯᠵᠤ᠂ ᠵᠠᠰᠠᠮᠠᠯ ᠵᠠᠮ ᠳᠠᠭᠠᠤ᠂ | ᠦᠵᠡᠰᠭᠦᠯᠡᠩᠲᠦ ᠰᠠᠶᠢᠬᠠᠨ ᠬᠥᠳᠡᠭᠡ ᠲᠣᠰᠬᠤᠨ᠂ ᠠᠭᠤᠷᠬᠠᠢ ᠶᠢᠨ ᠲᠣᠭᠤᠷᠢᠭ ᠬᠦᠷᠢᠶᠡᠯᠡᠩ ᠲᠣᠭᠤᠷᠢᠭ ᠵᠡᠷᠭᠡ | ᠭᠤᠣᠯᠳᠠᠯᠭ᠎ᠠ ᠲᠠᠢ ᠬᠡᠰᠡᠭ ᠤᠨ ᠨᠣᠭᠤᠭᠠᠷᠠᠭᠤᠯᠤᠯᠲᠠ ᠶᠢ ᠰᠠᠶᠢᠲᠤᠷ ᠪᠡᠶᠡᠯᠡᠭᠦᠯᠦᠨ᠂ ᠵᠠᠭᠤᠨ ᠲᠦᠮᠡᠨ ᠮᠦ ᠠᠴᠠ | ᠳᠡᠭᠡᠭᠰᠢ ᠬᠡᠪᠴᠢᠶᠡᠵᠢᠭᠰᠡᠨ ᠣᠢ ᠶᠢᠨ ᠲᠠᠯᠠᠪᠠᠢ᠂ ᠥᠪᠡᠷᠲᠡᠭᠡᠨ ᠵᠠᠰᠠᠬᠤ ᠣᠷᠣᠨ ᠤ ᠳᠡᠰ ᠤᠨ ᠡᠯᠡᠰᠦᠨ | ᠭᠠᠴᠤᠷ᠎ᠠ ᠶᠢᠨ ᠰᠠᠶᠢᠨ ᠡᠭᠦᠯᠳᠡᠷ ᠤᠨ ᠰᠠᠭᠤᠷᠢᠨ ᠭᠠᠵᠠᠷ ᠢ ᠪᠠᠶᠢᠭᠤᠯᠵᠤ᠂ 2022 ᠣᠨ ᠪᠣᠯᠬᠤ ᠳᠤ᠂ ᠡᠯᠡᠰᠦ ᠶᠢ | ᠵᠠᠰᠠᠭᠰᠠᠨ ᠲᠠᠯᠠᠪᠠᠢ ᠶᠢ 50 ᠲᠦᠮᠡᠨ ᠮᠦ᠂ ᠲᠠᠷᠢᠶᠠᠯᠠᠬᠤ ᠶᠢ ᠵᠣᠭᠰᠣᠭᠠᠨ ᠣᠶᠢᠵᠢᠭᠤᠯᠬᠤ ᠶᠢ 3 ᠲᠦᠮᠡᠨ ᠮᠦ᠂ | ᠭᠤᠣᠯᠳᠠᠯᠭ᠎ᠠ ᠲᠠᠢ ᠬᠡᠰᠡᠭ ᠤᠨ ᠨᠣᠭᠤᠭᠠᠷᠠᠭᠤᠯᠤᠯᠲᠠ ᠶᠢ 1 ᠲᠦᠮᠡᠨ ᠮᠦ ᠰᠢᠨ᠎ᠡ ᠪᠠᠷ ᠨᠡᠮᠡᠭᠳᠡᠭᠦᠯᠦᠨ᠂ 5 ᠲᠦᠮᠡᠨ | ᠮᠦ ᠪᠠᠭ᠎ᠠ ᠰᠠᠪᠠ ᠭᠠᠵᠠᠷ ᠢ ᠵᠠᠰᠠᠵᠤ᠂ ᠨᠤᠲᠤᠭ ᠪᠡᠯᠴᠢᠭᠡᠷ ᠤᠨ ᠪᠦᠷᠬᠦᠴᠡ ᠶᠢᠨ ᠨᠤᠷᠮ᠎ᠠ ᠪᠠ ᠣᠢ ᠰᠢᠭᠤᠢ ᠶᠢᠨ | ᠪᠦᠷᠬᠦᠴᠡ ᠶᠢᠨ ᠨᠤᠷᠮ᠎ᠠ ᠶᠢ ᠲᠤᠰ ᠲᠤᠰ 52% ᠪᠠ 36.2% ᠬᠦᠷᠭᠡᠬᠦ ᠬᠡᠷᠡᠭᠲᠡᠢ᠃ | ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠴᠢᠩᠭᠠᠳᠬᠠᠬᠤ ᠬᠡᠷᠡᠭᠲᠡᠢ᠃ | ᠪᠦᠬᠦ ᠠᠷᠠᠳ ᠢᠶᠠᠷ ᠢᠶᠠᠨ ᠬᠠᠮᠲᠤ ᠪᠠᠷ ᠵᠠᠰᠠᠬᠤ᠂ ᠡᠬᠢ ᠡᠭᠦᠰᠦᠯ ᠠᠴᠠ ᠨᠢ ᠰᠡᠷᠭᠡᠶᠢᠯᠡᠨ ᠵᠠᠰᠠᠬᠤ ᠶᠢ ᠪᠠᠷᠢᠮᠲᠠᠯᠠᠨ᠂ | ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠲᠠᠯ᠎ᠠ ᠪᠠᠷ ᠬᠢ ᠲᠣᠪᠣᠶᠢᠮ᠎ᠠ ᠠᠰᠠᠭᠤᠳᠠᠯ ᠢ | ᠰᠢᠢᠳᠪᠦᠷᠢᠯᠡᠬᠦ ᠶᠢᠨ ᠲᠣᠭᠤᠷᠢᠨ ᠳᠤ᠂ ᠠᠭᠠᠷ ᠮᠠᠨᠳᠠᠯ᠂ ᠤᠰᠤ᠂ ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ | ᠵᠠᠰᠠᠬᠤ ᠭᠤᠷᠪᠠᠨ ᠶᠡᠭᠡ ᠠᠵᠢᠯᠯᠠᠭᠠᠨ ᠤ ᠲᠥᠯᠥᠪᠯᠡᠭᠡ ᠶᠢ ᠲᠦᠯᠬᠢᠨ ᠠᠬᠢᠭᠤᠯᠵᠤ᠂ ᠬᠤᠶᠠᠳᠤᠭᠠᠷ ᠤᠳᠠᠭᠠᠨ ᠤ ᠪᠦᠬᠦ | ᠤᠯᠤᠰ ᠤᠨ ᠪᠣᠬᠢᠷᠲᠤᠯ ᠤᠨ ᠡᠬᠢ ᠰᠤᠷᠪᠤᠯᠵᠢ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠦᠨ᠂ ᠠᠵᠤ | ᠦᠢᠯᠡᠳᠪᠦᠷᠢ ᠶᠢᠨ ᠪᠣᠬᠢᠷᠲᠤᠯ ᠤᠨ ᠡᠬᠢ ᠰᠤᠷᠪᠤᠯᠵᠢ ᠶᠢ ᠭᠠᠳᠠᠭᠰᠢᠯᠠᠭᠤᠯᠬᠤ ᠪᠠᠷᠢᠮᠵᠢᠶᠠᠨ ᠳᠤ ᠪᠦᠬᠦ ᠲᠠᠯ᠎ᠠ ᠪᠠᠷ | ᠬᠦᠷᠭᠡᠵᠦ᠂ ᠠᠮᠢ ᠠᠬᠤᠢ ᠶᠢ ᠬᠠᠮᠠᠭᠠᠯᠠᠬᠤ ᠲᠤᠯᠤᠯᠳᠤᠭᠠᠨ ᠢ ᠰᠠᠶᠢᠲᠤᠷ ᠬᠢᠬᠦ ᠬᠡᠷᠡᠭᠲᠡᠢ᠃ ᠭᠤᠣᠯ ᠤᠨ ᠳᠠᠷᠤᠭ᠎ᠠ ᠶᠢᠨ | ᠳᠦᠷᠢᠮ᠂ ᠨᠠᠭᠤᠷ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠲᠦᠭᠡᠮᠡᠯᠵᠢᠭᠦᠯᠦᠨ᠂ ᠣᠢ ᠰᠢᠭᠤᠢ ᠶᠢᠨ | ᠴᠡᠴᠡᠷᠯᠢᠭ᠂ ᠭᠤᠣᠯ ᠤᠨ ᠤᠷᠤᠰᠬᠠᠯ᠂ ᠨᠠᠭᠤᠷ ᠪᠦᠷᠢᠳᠦ᠂ ᠨᠠᠮᠤᠭ ᠭᠠᠵᠠᠷ ᠵᠡᠷᠭᠡ ᠭᠤᠣᠯᠳᠠᠯᠭ᠎ᠠ ᠲᠠᠢ ᠬᠡᠰᠡᠭ ᠤᠨ | ᠬᠠᠮᠠᠭᠠᠯᠠᠯᠲᠠ ᠪᠠ ᠤᠮᠳᠠ ᠶᠢᠨ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠪᠢᠷᠠᠭᠤ ᠭᠤᠣᠯ᠂ ᠳᠠᠯᠠᠢ ᠨᠠᠭᠤᠷ ᠵᠡᠷᠭᠡ ᠰᠠᠪᠠ ᠭᠠᠵᠠᠷ ᠤᠨ ᠤᠰᠤᠨ ᠤ ᠴᠢᠨᠠᠷ | ᠮᠠᠭᠤᠲᠠᠬᠤ ᠶᠢ ᠡᠷᠡᠰ ᠬᠤᠷᠢᠭᠯᠠᠬᠤ ᠬᠡᠷᠡᠭᠲᠡᠢ᠃ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ | ᠪᠠ ᠬᠠᠶᠠᠭᠳᠠᠮᠠᠯ ᠪᠣᠳᠠᠰ ᠢ ᠬᠤᠣᠷ ᠦᠭᠡᠶᠢᠲᠡᠭᠦᠯᠦᠨ ᠰᠢᠢᠳᠪᠦᠷᠢᠯᠡᠬᠦ ᠵᠢᠴᠢ ᠡᠬᠢ ᠪᠠᠶᠠᠯᠢᠭ ᠪᠣᠯᠭᠠᠨ ᠠᠰᠢᠭᠯᠠᠬᠤ ᠶᠢ | ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠬᠥᠮᠥᠨ ᠠᠷᠠᠳ ᠤᠨ ᠣᠷᠣᠰᠢᠨ ᠠᠮᠢᠳᠤᠷᠠᠵᠤ ᠪᠠᠶᠢᠭ᠎ᠠ ᠣᠷᠴᠢᠨ | ᠠᠬᠤᠢ ᠶᠢ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠬᠦ ᠬᠡᠷᠡᠭᠲᠡᠢ᠃ ᠠᠭᠤᠷᠬᠠᠢ ᠶᠢᠨ ᠭᠠᠵᠠᠷ ᠰᠢᠨᠵᠢᠯᠡᠭᠡᠨ ᠤ | ᠣᠷᠴᠢᠨ ᠲᠣᠭᠤᠷᠢᠨ ᠪᠠ ᠬᠤᠲᠠ ᠬᠥᠳᠡᠭᠡ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠨ ᠴᠡᠭᠴᠡᠯᠡᠬᠦ ᠶᠢ | ᠠᠬᠢᠭᠤᠯᠵᠤ᠂ ᠣᠷᠴᠢᠨ ᠠᠬᠤᠢ ᠶᠢᠨ ᠪᠦᠬᠦᠯᠢ ᠴᠣᠭᠴᠠ ᠶᠢᠨ ᠶᠠᠰᠤ ᠴᠢᠨᠠᠷ ᠢ ᠲᠠᠰᠤᠷᠠᠯᠲᠠ ᠦᠭᠡᠢ ᠰᠠᠶᠢᠵᠢᠷᠠᠭᠤᠯᠬᠤ | ᠬᠡᠷᠡᠭᠲᠡᠢ᠃ ᠠᠭᠠᠷ ᠮᠠᠨᠳᠠᠯ᠂ ᠬᠥᠷᠥᠰᠥ ᠰᠢᠷᠣᠢ᠂ ᠤᠰᠤᠨ ᠰᠤᠷᠪᠤᠯᠵᠢ ᠪᠠᠷ ᠠᠵᠤ ᠦᠢᠯᠡᠰ ᠢ ᠲᠣᠭᠲᠠᠭᠠᠬᠤ ᠶᠢ | ᠲᠦᠭᠡᠮᠡᠯᠵᠢᠭᠦᠯᠦᠨ᠂ ᠢᠯᠡᠭᠦᠳᠡᠭᠰᠡᠨ ᠦᠢᠯᠡᠳᠪᠦᠷᠢᠯᠡᠯ ᠤᠨ ᠴᠢᠳᠠᠪᠤᠷᠢ ᠪᠠ ᠪᠣᠬᠢᠲᠤᠯ ᠲᠠᠢ ᠲᠥᠷᠥᠯ ᠵᠦᠢᠯ ᠢ | ᠳᠠᠭᠠᠭᠠᠨ ᠠᠪᠬᠤ ᠦᠭᠡᠢ᠂ ᠬᠥᠭᠵᠢᠭᠦᠯᠬᠦ ᠦᠭᠡᠢ᠃ ᠬᠠᠮᠤᠭ ᠤᠨ ᠴᠢᠩᠭ᠎ᠠ ᠬᠢᠨᠠᠮᠠᠭᠠᠢ ᠠᠮᠢ ᠠᠬᠤᠢ ᠶᠢᠨ ᠣᠷᠴᠢᠨ | ᠲᠣᠭᠤᠷᠢᠨ ᠢ ᠬᠠᠮᠠᠭᠠᠯᠠᠬᠤ ᠳᠦᠷᠢᠮ ᠢ ᠬᠡᠷᠡᠭᠵᠢᠭᠦᠯᠦᠨ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠢᠲᠡᠭᠡᠮᠵᠢ ᠶᠢᠨ | ᠦᠨᠡᠯᠡᠯᠲᠡ᠂ ᠴᠢᠮᠡᠭᠡ ᠵᠠᠩᠭᠢ ᠶᠢ ᠠᠯᠪᠠᠳᠠᠯᠭ᠎ᠠ ᠶᠢᠨ ᠴᠢᠨᠠᠷᠲᠠᠢ ᠨᠡᠶᠢᠲᠡᠯᠡᠬᠦ᠂ ᠴᠢᠩᠭ᠎ᠠ ᠲᠣᠷᠭᠠᠬᠤ ᠵᠡᠷᠭᠡ ᠳᠦᠷᠢᠮ ᠢ | ᠲᠡᠭᠦᠯᠳᠡᠷᠵᠢᠭᠦᠯᠵᠦ᠂ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ᠂ ᠴᠡᠪᠡᠷ ᠦᠢᠯᠡᠳᠪᠦᠷᠢᠯᠡᠯ ᠢ ᠬᠢᠨᠠᠨ | ᠪᠠᠶᠢᠴᠠᠭᠠᠬᠤ᠂ ᠴᠢᠬᠤᠯᠠ ᠶᠡᠭᠡ ᠣᠷᠴᠢᠨ ᠲᠣᠭᠤᠷᠢᠨ ᠤ ᠬᠡᠷᠡᠭ ᠤᠴᠢᠷ᠂ ᠪᠣᠬᠢᠷᠲᠤᠯ ᠤᠨ ᠭᠡᠨᠡᠳᠡᠯ ᠤᠨ | ᠬᠠᠷᠢᠭᠤᠴᠠᠯᠭ᠎ᠠ ᠶᠢ ᠨᠡᠬᠡᠮᠵᠢᠯᠡᠬᠦ ᠳᠦᠷᠢᠮ ᠪᠠ ᠠᠮᠢ ᠠᠬᠤᠢ ᠶᠢᠨ ᠣᠷᠴᠢᠨ ᠲᠣᠭᠤᠷᠢᠨ ᠢ ᠬᠤᠬᠢᠷᠠᠭᠤᠯᠤᠭᠰᠠᠳ ᠤᠨ | ᠬᠠᠷᠢᠭᠤᠴᠠᠯᠭ᠎ᠠ ᠶᠢ ᠨᠠᠰᠤᠨ ᠲᠤᠷᠰᠢᠲᠠ ᠨᠡᠬᠡᠮᠵᠢᠯᠡᠬᠦ ᠳᠦᠷᠢᠮ ᠢ ᠴᠢᠩᠭ᠎ᠠ ᠬᠡᠷᠡᠭᠵᠢᠭᠦᠯᠦᠨ᠂ ᠤᠳᠤᠷᠢᠳᠬᠤ ᠺᠠᠳ᠋ᠷ ᠤᠨ | ᠪᠠᠶᠢᠭᠠᠯᠢ ᠶᠢᠨ ᠡᠬᠢ ᠪᠠᠶᠠᠯᠢᠭ᠂ ᠡᠳ᠋ ᠬᠦᠷᠦᠩᠭᠡ ᠶᠢ ᠲᠤᠰᠢᠶᠠᠯ ᠠᠴᠠ ᠰᠠᠯᠬᠤ ᠦᠶ᠎ᠡ ᠳᠤᠨᠢ ᠬᠢᠨᠠᠨ ᠪᠣᠳᠣᠯᠲᠠ ᠬᠢᠵᠦ | ᠂ ᠪᠦᠬᠦ ᠠᠷᠠᠳ ᠤᠨ ᠥᠮᠴᠢᠯᠡᠯᠲᠦ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢ ᠥᠮᠴᠢᠯᠡᠭᠴᠢ ᠶᠢᠨ ᠲᠤᠰᠢᠶᠠᠯ | ᠬᠠᠷᠢᠭᠤᠴᠠᠯᠭ᠎ᠠ ᠶᠢ ᠨᠢᠭᠡᠲᠦᠯᠲᠡᠢ ᠬᠡᠷᠡᠭᠵᠢᠭᠦᠯᠦᠨ᠂ ᠬᠤᠲᠠ ᠬᠥᠳᠡᠭᠡ ᠶᠢᠨ ᠡᠯ᠎ᠡ ᠲᠥᠷᠥᠯ ᠤᠨ ᠪᠣᠬᠢᠷᠲᠤᠯ ᠢ | ᠭᠠᠳᠠᠭᠰᠢᠯᠠᠭᠤᠯᠬᠤ ᠶᠢ ᠬᠢᠨᠠᠨ ᠬᠠᠮᠢᠶᠠᠷᠬᠤ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠰᠢᠶᠠᠯ | ᠬᠠᠷᠢᠭᠤᠴᠠᠯᠭ᠎ᠠ ᠶᠢ ᠨᠢᠭᠡᠲᠦᠯᠲᠡᠢ ᠬᠡᠷᠡᠭᠵᠢᠭᠦᠯᠵᠦ᠂ ᠵᠠᠰᠠᠭ ᠤᠨ ᠣᠷᠳᠣᠨ ᠢᠶᠠᠷ ᠭᠤᠣᠯᠯᠠᠨ ᠤᠳᠤᠷᠢᠳᠤᠭᠤᠯᠵᠤ᠂ | ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠨ᠂ ᠣᠷᠴᠢᠨ ᠲᠣᠭᠤᠷᠢᠨ ᠤ ᠰᠠᠯᠠᠭ᠎ᠠ ᠮᠥᠴᠢᠷ ᠨᠢᠭᠡᠲᠦᠯᠲᠡᠢ ᠬᠢᠨᠠᠨ | ᠬᠠᠮᠢᠶᠠᠷᠴᠤ᠂ ᠠᠵᠢᠯ ᠲᠥᠷᠥᠯ ᠤᠨ ᠰᠠᠯᠠᠭ᠎ᠠ ᠮᠥᠴᠢᠷ ᠠᠵᠢᠯ ᠬᠤᠪᠢᠶᠠᠨ ᠬᠠᠷᠢᠭᠤᠴᠠᠵᠤ᠂ ᠪᠦᠬᠦ ᠨᠡᠶᠢᠭᠡᠮ ᠢᠶᠠᠷ ᠢᠶᠠᠨ | ᠬᠠᠮᠲᠤᠪᠡᠷ ᠣᠷᠣᠯᠴᠠᠭᠰᠠᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠰᠢᠨ᠎ᠡ ᠰᠢᠰᠲ᠋ᠧᠮ ᠢ ᠴᠣᠭᠴᠠᠯᠠᠨ | ᠪᠠᠶᠢᠭᠤᠯᠬᠤ ᠬᠡᠷᠡᠭᠲᠡᠢ᠃ | ᠪᠣᠬᠢᠷᠲᠤᠯ ᠦᠭᠡᠢ ᠳᠣᠣᠷ᠎ᠠ ᠨᠡᠭᠦᠷᠡᠰᠦᠳᠦᠷᠦᠭᠴᠢᠲᠦ ᠡᠷᠭᠢᠯᠲᠡᠲᠦ ᠬᠥᠭᠵᠢᠯᠲᠡ ᠶᠢ ᠠᠬᠢᠭᠤᠯᠬᠤ ᠬᠡᠷᠡᠭᠲᠡᠢ᠃ | ᠬᠥᠭᠵᠢᠯᠲᠡ ᠶᠢᠨ ᠳᠤᠮᠳᠠ ᠬᠠᠮᠠᠭᠠᠯᠠᠬᠤ᠂ ᠬᠠᠮᠠᠭᠠᠯᠠᠯᠲᠠ ᠶᠢᠨ ᠳᠤᠮᠳᠠ ᠬᠥᠭᠵᠢᠭᠦᠯᠬᠦ ᠶᠢ ᠪᠠᠷᠢᠮᠲᠠᠯᠠᠨ᠂ ᠪᠣᠬᠢᠷᠲᠤᠯ | ᠦᠭᠡᠶᠢᠵᠢᠭᠦᠯᠬᠦ ᠬᠢᠭᠡᠳ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ᠂ ᠬᠤᠲᠠ ᠪᠠᠯᠭᠠᠰᠤᠵᠢᠯᠲᠠ᠂ ᠮᠠᠯ ᠠᠵᠤ | ᠠᠬᠤᠢ ᠲᠠᠷᠢᠶᠠᠯᠠᠩ ᠤᠨ ᠣᠳᠣᠬᠢᠴᠢᠯᠠᠯᠲᠠ ᠶᠢ ᠠᠭᠤᠰᠤᠯᠴᠠᠭᠤᠯᠤᠨ ᠬᠠᠷᠢᠯᠴᠠᠨ ᠦᠢᠯᠡᠳᠦᠯᠴᠡᠭᠦᠯᠬᠦ ᠶᠢ ᠠᠬᠢᠭᠤᠯᠬᠤ | ᠬᠡᠷᠡᠭᠲᠡᠢ᠃ ᠭᠤᠣᠯ ᠴᠣᠭᠴᠠ ᠶᠢᠨ ᠴᠢᠳᠠᠪᠬᠢ ᠶᠢᠨ ᠲᠣᠭᠤᠷᠢᠭ ᠤᠨ ᠲᠥᠯᠥᠪᠵᠢᠭᠦᠯᠭᠡ ᠶᠢ ᠴᠢᠩᠭ᠎ᠠ | ᠨᠠᠶᠢᠳᠠᠪᠤᠷᠢᠵᠢᠭᠤᠯᠤᠨ᠂ ᠵᠠᠬ᠎ᠠ ᠲᠡᠯᠭᠡᠭᠦᠷᠵᠢᠭᠰᠡᠨ᠂ ᠣᠯᠠᠨ ᠡᠰᠢᠵᠢᠭᠰᠡᠨ ᠠᠮᠢ ᠠᠬᠤᠢ ᠶᠢᠨ ᠨᠥᠬᠦᠪᠦᠷᠢ ᠶᠢᠨ | ᠵᠣᠬᠢᠮᠵᠢ ᠶᠢ ᠪᠠᠶᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠪᠬᠢ ᠶᠢᠨ ᠲᠣᠭᠤᠷᠢᠭ ᠤᠨ ᠠᠵᠤ | ᠦᠢᠯᠡᠰ ᠢ ᠣᠷᠣᠭᠤᠯᠬᠤ ᠶᠢ ᠵᠥᠪᠰᠢᠶᠡᠷᠡᠬᠦ ᠰᠥᠷᠬᠦ ᠨᠥᠯᠥᠭᠡ ᠶᠢᠨ ᠨᠠᠷᠢᠨ ᠳᠠᠩᠰᠠ ᠶᠢᠨ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠭᠤᠣᠯ ᠴᠣᠭᠴᠠ ᠶᠢᠨ ᠴᠢᠳᠠᠪᠬᠢ ᠶᠢᠨ ᠲᠣᠭᠤᠷᠢᠭ ᠶᠣᠰᠣᠭᠠᠷ ᠠᠵᠤ ᠦᠢᠯᠡᠰ ᠢ | ᠪᠠᠶᠢᠷᠢᠯᠠᠭᠤᠯᠬᠤ᠂ ᠲᠥᠷᠥᠯ ᠵᠦᠢᠯ ᠢ ᠡᠬᠢᠯᠡᠭᠦᠯᠬᠦ ᠶᠢ ᠪᠠᠶᠢᠷᠢ ᠲᠣᠭᠲᠠᠭᠠᠨ᠂ ᠭᠠᠵᠠᠷ ᠣᠷᠣᠨ ᠤ ᠪᠠᠶᠢᠳᠠᠯ ᠳᠤᠨᠢ | ᠲᠣᠬᠢᠷᠠᠭᠤᠯᠤᠨ ᠠᠵᠤ ᠦᠢᠯᠡᠰ ᠤᠨ ᠬᠥᠭᠵᠢᠯᠲᠡ ᠶᠢ ᠬᠥᠲᠥᠯᠥᠨ ᠳᠠᠭᠠᠭᠤᠯᠬᠤ ᠪᠠ ᠬᠢᠵᠠᠭᠠᠷᠯᠠᠵᠤ᠂ ᠰᠢᠨᠵᠢᠯᠡᠬᠦ | ᠤᠬᠠᠭᠠᠨᠴᠢ ᠵᠦᠢ ᠵᠣᠬᠢᠰᠲᠡᠢ ᠬᠤᠲᠠ ᠪᠠᠯᠭᠠᠰᠤᠵᠢᠯᠲᠠ ᠶᠢᠨ ᠪᠦᠲᠦᠴᠡ᠂ ᠮᠠᠯ ᠠᠵᠤ ᠠᠬᠤᠢ ᠲᠠᠷᠢᠶᠠᠯᠠᠩ ᠤᠨ | ᠬᠥᠭᠵᠢᠯᠲᠡ ᠶᠢᠨ ᠪᠦᠲᠦᠴᠡ ᠪᠠ ᠠᠮᠢ ᠠᠬᠤᠢ ᠶᠢᠨ ᠠᠶᠤᠯᠭᠦᠢ ᠶᠢᠨ ᠪᠦᠲᠦᠴᠡ ᠶᠢ ᠪᠠᠶᠢᠭᠤᠯᠬᠤ ᠬᠡᠷᠡᠭᠲᠡᠢ᠃ ᠡᠬᠢ | ᠪᠠᠶᠠᠯᠢᠭ ᠢ ᠪᠦᠬᠦ ᠲᠠᠯ᠎ᠠ ᠪᠠᠷ ᠠᠷᠪᠢᠯᠠᠬᠤ ᠪᠠ ᠡᠷᠭᠢᠯᠳᠦᠭᠦᠯᠦᠨ ᠠᠰᠢᠭᠯᠠᠬᠤ ᠶᠢ ᠠᠬᠢᠭᠤᠯᠵᠤ᠂ ᠭᠠᠵᠠᠷ ᠳᠣᠣᠷᠠᠬᠢ | ᠤᠰᠤ ᠶᠢ ᠨᠡᠭᠡᠭᠡᠨ ᠠᠰᠢᠭᠯᠠᠬᠤ ᠣᠨᠴᠠᠭᠠᠶᠢᠯᠠᠨ ᠲᠠᠷᠢᠶᠠᠯᠠᠩ ᠤᠨ ᠤᠰᠤᠯᠠᠯᠲᠠ ᠶᠢᠨ ᠬᠤᠳᠳᠤᠭ ᠢ ᠰᠢᠨ᠎ᠡ ᠪᠠᠷ | ᠮᠠᠯᠲᠠᠬᠤ ᠶᠢ ᠴᠢᠩᠭ᠎ᠠ ᠬᠢᠵᠠᠭᠠᠷᠯᠠᠵᠤ᠂ ᠡᠨᠧᠷᠭᠢ ᠠᠷᠪᠢᠯᠠᠨ ᠪᠣᠬᠢᠷᠲᠤᠯ ᠪᠠᠭᠠᠰᠬᠠᠬᠤ ᠬᠢᠵᠠᠭᠠᠷᠯᠠᠬᠤ ᠴᠢᠨᠠᠷᠲᠠᠢ | ᠭᠦᠢᠴᠡᠳᠬᠡᠯ ᠲᠤᠭ᠎ᠠ ᠶᠢ ᠨᠠᠶᠢᠳᠠᠪᠤᠷᠢᠵᠢᠭᠤᠯᠤᠨ᠂ ᠭᠤᠣᠯᠳᠠᠯᠭ᠎ᠠ ᠲᠠᠢ ᠠᠵᠢᠯ ᠲᠥᠷᠥᠯ᠂ ᠭᠤᠣᠯᠳᠠᠯᠭ᠎ᠠ ᠲᠠᠢ ᠠᠵᠤ | ᠠᠬᠤᠶᠢᠯᠠᠯ ᠤᠨ ᠡᠨᠧᠷᠭᠢ ᠠᠷᠪᠢᠯᠠᠨ ᠬᠤᠷᠣᠭᠳᠠᠯ ᠢ ᠪᠠᠭᠠᠰᠬᠠᠬᠤ᠂ ᠮᠡᠷᠭᠡᠵᠢᠯ ᠤᠨ ᠦᠭᠡᠷᠡᠴᠢᠯᠡᠯᠲᠡ ᠶᠢ ᠳᠡᠰ | ᠳᠡᠪᠰᠢᠭᠦᠯᠬᠦ ᠶᠢ ᠠᠬᠢᠭᠤᠯᠵᠤ᠂ ᠠᠵᠤ ᠠᠬᠤᠶᠢᠯᠠᠯ ᠤᠨ ᠡᠷᠭᠢᠯᠲᠡ ᠶᠢᠨ ᠬᠡᠯᠪᠡᠷᠢᠲᠦ ᠦᠢᠯᠡᠳᠪᠦᠷᠢᠯᠡᠯ᠂ ᠠᠵᠤ | ᠦᠢᠯᠡᠰ ᠤᠨ ᠡᠷᠭᠢᠯᠲᠡ ᠶᠢᠨ ᠬᠡᠯᠪᠡᠷᠢᠲᠦ ᠨᠢᠭᠡᠲᠦᠯ᠂ ᠬᠦᠷᠢᠶᠡᠯᠡᠩ ᠲᠣᠭᠤᠷᠢᠭ ᠤᠨ ᠡᠷᠭᠢᠯᠲᠡ ᠶᠢᠨ ᠬᠡᠯᠪᠡᠷᠢᠲᠦ | ᠦᠭᠡᠷᠡᠴᠢᠯᠡᠯᠲᠡ ᠶᠢ ᠲᠦᠭᠡᠮᠡᠯᠵᠢᠭᠦᠯᠦᠨ᠂ ᠦᠢᠯᠡᠳᠪᠦᠷᠢᠯᠡᠯ ᠭᠦᠢᠯᠭᠡᠭᠡᠨ ᠬᠡᠷᠡᠭᠯᠡᠭᠡᠨ ᠤ ᠪᠦᠬᠦ ᠶᠠᠪᠤᠴᠠ ᠶᠢ | ᠡᠷᠴᠢᠮᠵᠢᠭᠦᠯᠬᠦ᠂ ᠬᠡᠮᠵᠢᠶ᠎ᠡ ᠶᠢ ᠪᠠᠭᠠᠰᠬᠠᠬᠤ᠂ ᠳᠠᠬᠢᠨ ᠠᠰᠢᠭᠯᠠᠬᠤ ᠶᠢ ᠠᠬᠢᠭᠤᠯᠵᠤ᠂ ᠦᠢᠯᠡᠳᠪᠦᠷᠢᠯᠡᠯ ᠤᠨ ᠰᠢᠰᠲ᠋ᠧᠮ | ᠪᠠ ᠠᠮᠢᠳᠤᠷᠠᠯ ᠤᠨ ᠰᠢᠰᠲ᠋ᠧᠮ ᠤᠨ ᠡᠷᠭᠢᠯᠲᠡ ᠲᠠᠢ ᠬᠤᠯᠪᠣᠯᠳᠤᠬᠤ ᠶᠢ ᠪᠡᠶᠡᠯᠡᠭᠦᠯᠬᠦ ᠬᠡᠷᠡᠭᠲᠡᠢ᠃ | ︵ᠭᠤᠷᠪᠠ︶ ᠬᠤᠲᠠ ᠬᠥᠳᠡᠭᠡ ᠶᠢ ᠵᠣᠬᠢᠴᠠᠭᠤᠯᠤᠨ ᠬᠥᠭᠵᠢᠭᠦᠯᠬᠦ ᠶᠢ ᠪᠠᠷᠢᠮᠲᠠᠯᠠᠨ᠂ ᠰᠢᠨ᠎ᠡ ᠬᠡᠯᠪᠡᠷᠢ ᠶᠢᠨ | ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠤ ᠬᠥᠭᠵᠢᠯ ᠮᠠᠨᠳᠤᠯ ᠢ ᠭᠦᠨᠵᠡᠭᠡᠢ ᠠᠭᠤᠰᠤᠯᠴᠠᠭᠤᠯᠬᠤ ᠬᠡᠷᠡᠭᠲᠡᠢ᠃ | ᠬᠦᠮᠦᠨ ᠢᠶᠠᠷ ᠦᠨᠳᠦᠰᠦ ᠪᠣᠯᠭᠠᠬᠤ᠂ ᠮᠠᠯᠵᠢᠬᠤ ᠲᠠᠷᠢᠶᠠᠯᠠᠬᠤ ᠣᠷᠣᠨ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠨ | ᠂ ᠬᠤᠲᠠ ᠬᠥᠳᠡᠭᠡ ᠶᠢᠨ ᠬᠥᠭᠵᠢᠯᠲᠡ ᠲᠡᠩᠴᠡᠭᠦᠷᠢ ᠦᠭᠡᠢ᠂ ᠭᠦᠢᠴᠡᠳ ᠪᠤᠰᠤ ᠵᠡᠷᠭᠡ ᠠᠰᠠᠭᠤᠳᠠᠯ ᠢ ᠪᠦᠲᠦᠮᠵᠢᠲᠡᠢ | ᠰᠢᠢᠳᠪᠦᠷᠢᠯᠡᠵᠦ᠂ ᠬᠤᠲᠠ ᠬᠥᠳᠡᠭᠡ ᠶᠢᠨ ᠣᠷᠣᠨ ᠪᠦᠰᠡ ᠵᠣᠬᠢᠴᠠᠩᠭᠤᠢ ᠬᠥᠭᠵᠢᠭᠰᠡᠨ ᠰᠢᠨ᠎ᠡ ᠪᠦᠲᠦᠴᠡ ᠶᠢ | ᠴᠢᠷᠮᠠᠶᠢᠨ ᠴᠣᠭᠴᠠᠯᠠᠬᠤ ᠬᠡᠷᠡᠭᠲᠡᠢ᠃ | ᠲᠥᠪ ᠬᠤᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠲᠥᠯᠥᠪᠵᠢᠭᠦᠯᠭᠡ ᠶᠢ ᠤᠷᠢᠳᠠᠪᠡᠷ | ᠬᠡᠷᠡᠭᠵᠢᠭᠦᠯᠬᠦ ᠶᠢ ᠪᠠᠷᠢᠮᠲᠠᠯᠠᠨ᠂ ᠪᠢᠷᠠᠭᠤ ᠪᠠᠯᠭᠠᠰᠤ ᠶᠢᠨ ᠶᠡᠷᠦᠩᠬᠡᠢ ᠴᠣᠭᠴᠠ ᠶᠢᠨ ᠲᠥᠯᠥᠪᠵᠢᠭᠦᠯᠭᠡ᠂ ᠭᠤᠣᠯᠳᠠᠯᠭ᠎ᠠ | ᠲᠠᠢ ᠣᠷᠣᠨ ᠬᠡᠰᠡᠭ ᠤᠨ ᠬᠢᠵᠠᠭᠠᠷᠯᠠᠯ ᠤᠨ ᠴᠢᠨᠠᠷᠲᠠᠢ ᠨᠠᠷᠢᠯᠢᠭ ᠲᠥᠯᠥᠪᠵᠢᠭᠦᠯᠭᠡ ᠪᠠ ᠰᠣᠮᠣ ᠰᠢᠶᠠᠩ ᠪᠠᠯᠭᠠᠰᠤ ᠶᠢᠨ | ᠲᠥᠯᠥᠪᠵᠢᠭᠦᠯᠭᠡ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠬᠤᠲᠠ ᠶᠢᠨ ᠴᠢᠨᠠᠷ ᠴᠢᠨᠰᠠᠭ᠎ᠠ ᠶᠢ | ᠲᠦᠷᠭᠡᠨ ᠳᠡᠭᠡᠭᠰᠢᠯᠡᠭᠦᠯᠵᠦ᠂ ᠭᠤᠣᠯ ᠤᠨ ᠪᠠᠷᠠᠭᠤᠨᠳᠡᠬᠢ ᠲᠣᠭᠤᠷᠢᠭ ᠢ ᠪᠦᠬᠦᠶᠢᠯᠡ ᠳᠤᠨᠢ ᠨᠡᠭᠡᠭᠡᠨ ᠬᠥᠭᠵᠢᠭᠦᠯᠬᠦ᠂ | ᠵᠢᠭᠤᠯᠴᠢᠯᠠᠯ ᠤᠨ ᠠᠷᠠᠯᠵᠢᠶ᠎ᠠ ᠬᠤᠳᠠᠯᠳᠤᠭᠠᠨ ᠤ ᠲᠠᠯᠠᠪᠠᠢ ᠶᠢᠨ ᠪᠠᠷᠢᠯᠭ᠎ᠠ ᠶᠢ ᠰᠡᠷᠭᠦᠭᠡᠬᠦ᠂ ᠬᠠᠭᠤᠴᠢᠨ ᠬᠤᠲᠠ ᠶᠢᠨ | ᠲᠣᠭᠤᠷᠢᠭ ᠢ ᠶᠡᠷᠦᠩᠬᠡᠶᠢᠯᠡᠨ ᠴᠡᠭᠴᠡᠯᠡᠨ ᠵᠠᠰᠠᠬᠤ ᠵᠡᠷᠭᠡ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠂ ᠬᠤᠲᠠ | ᠪᠠᠯᠭᠠᠰᠤ ᠶᠢᠨ ᠣᠳᠣᠬᠠᠨ ᠦᠯᠡᠳᠡᠵᠦ ᠪᠠᠶᠢᠭ᠎ᠠ ᠪᠠᠶᠢᠰᠢᠩ ᠭᠡᠷ ᠤᠨ ᠲᠣᠭᠤᠷᠢᠭ ᠢ ᠦᠭᠡᠷᠡᠴᠢᠯᠡᠬᠦ ᠡᠭᠦᠷᠭᠡ ᠶᠢ ᠪᠦᠬᠦ | ᠲᠠᠯ᠎ᠠ ᠪᠠᠷ ᠪᠡᠶᠡᠯᠡᠭᠦᠯᠵᠦ᠂ ᠬᠤᠰᠢᠭᠤ ᠬᠡᠪᠴᠢᠶᠡᠨ ᠤ ᠰᠣᠶᠣᠯ ᠵᠢᠭᠤᠯᠴᠢᠯᠠᠯ ᠤᠨ ᠭᠠᠵᠠᠷ ᠣᠷᠣᠨ ᠤ ᠪᠡᠯᠭᠡ ᠲᠡᠮᠳᠡᠭ ᠢ | ᠢᠯᠡᠷᠬᠡᠶᠢᠯᠡᠭᠰᠡᠨ ᠰᠢᠨ᠎ᠡ ᠨᠡᠷ᠎ᠡ ᠶᠢᠨ ᠬᠠᠭᠤᠳᠠᠰᠤ ᠶᠢ ᠴᠢᠷᠮᠠᠶᠢᠨ ᠡᠭᠦᠳᠬᠦ ᠬᠡᠷᠡᠭᠲᠡᠢ᠃ ᠣᠶᠣᠨᠴᠢ ᠬᠤᠲᠠ | ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠵᠠᠮ ᠵᠡᠭᠡᠯᠢ᠂ ᠳᠤᠯᠠᠭᠠᠯᠠᠭ᠎ᠠ᠂ ᠤᠰᠤ | ᠬᠠᠩᠭᠠᠬᠤ ᠪᠠ ᠭᠠᠳᠠᠭᠰᠢᠯᠠᠭᠤᠯᠬᠤ ᠵᠡᠷᠭᠡ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢ ᠡᠮᠬᠢ ᠳᠠᠷᠠᠭ᠎ᠠ | ᠲᠠᠢ ᠲᠡᠭᠦᠯᠳᠡᠷᠵᠢᠭᠦᠯᠦᠨ᠂ ᠴᠡᠴᠡᠷᠯᠢᠭᠵᠢᠭᠰᠡᠨ ᠬᠡᠯᠪᠡᠷᠢ ᠶᠢᠨ ᠨᠣᠭᠤᠭᠠᠷᠠᠭᠤᠯᠤᠯᠲᠠ᠂ ᠭᠤᠶᠣᠵᠢᠭᠤᠯᠤᠯᠲᠠ ᠶᠢᠨ | ᠰᠢᠨ᠎ᠡ ᠵᠠᠭᠪᠤᠷ ᠢ ᠨᠡᠭᠡᠭᠡᠵᠦ᠂ ᠤᠯᠤᠰ ᠤᠨ ᠳᠡᠰ ᠤᠨ ᠴᠡᠴᠡᠷᠯᠢᠭᠵᠢᠭᠰᠡᠨ ᠰᠢᠶᠠᠨ ᠤ ᠬᠤᠲᠠ ᠶᠢᠨ ᠡᠩᠨᠡᠭᠡᠨ ᠳᠤ | ᠳᠠᠪᠰᠢᠬᠤ ᠬᠡᠷᠡᠭᠲᠡᠢ ᠃ ᠪᠠᠷᠢᠮᠵᠢᠶᠠᠵᠢᠭᠰᠠᠨ ᠰᠠᠭᠤᠭᠠᠯᠢ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠦᠨ | ᠂ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠢᠲᠡᠭᠡᠯ ᠠᠯᠳᠠᠭᠰᠠᠳ ᠤᠨ ᠨᠡᠷᠡᠰ ᠤᠨ ᠳᠦᠷᠢᠮ ᠪᠠ ᠬᠢᠷᠢ ᠲᠡᠩᠴᠡᠬᠦ ᠦᠭᠡᠢ | ᠠᠳᠠᠯ ᠠᠬᠤᠢ ᠶᠢᠨ ᠠᠵᠤ ᠠᠬᠤᠶᠢᠯᠠᠯ ᠢ ᠪᠤᠴᠠᠭᠠᠬᠤ ᠵᠣᠬᠢᠮᠵᠢ ᠶᠢ ᠬᠡᠷᠡᠭᠵᠢᠭᠦᠯᠵᠦ᠂ ᠰᠢᠨ᠎ᠡ ᠣᠶᠢᠯᠠᠭᠠᠭᠳᠠᠬᠤᠨ᠂ | ᠰᠢᠨ᠎ᠡ ᠵᠣᠬᠢᠮᠵᠢ᠂ ᠰᠢᠨ᠎ᠡ ᠠᠷᠭ᠎ᠠ ᠪᠠᠷ ᠬᠤᠲᠠ ᠶᠢᠨ ᠬᠠᠮᠢᠶᠠᠷᠤᠯᠲᠠ ᠶᠢ ᠠᠬᠢᠭᠤᠯᠤᠨ᠂ ᠬᠠᠮᠢᠶᠠᠷᠤᠯᠲᠠ ᠶᠢᠨ | ᠣᠳᠣᠬᠢᠴᠢᠯᠠᠯᠲᠠ᠂ ᠰᠢᠨᠵᠢᠯᠡᠬᠦ ᠤᠬᠠᠭᠠᠨᠴᠢᠯᠠᠯᠲᠠ᠂ ᠬᠠᠤᠯᠢ ᠳᠦᠷᠢᠮᠵᠢᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ | ᠥᠪᠡᠷᠮᠢᠴᠨ ᠣᠨᠴᠠᠯᠢᠭᠲᠤ ᠬᠤᠲᠠ ᠪᠠᠯᠭᠠᠰᠤ ᠶᠢ ᠴᠣᠭᠴᠠᠯᠠᠬᠤ ᠬᠡᠷᠡᠭᠲᠡᠢ᠃ ᠡᠬᠢ ᠪᠠᠶᠠᠯᠢᠭ ᠪᠠ ᠨᠡᠷᠡᠲᠦ | ᠲᠡᠮᠳᠡᠭ ᠤᠨ ᠳᠠᠪᠠᠭᠤᠯᠢᠭ ᠳᠠᠭᠠᠨ ᠰᠠᠭᠤᠷᠢᠯᠠᠵᠤ᠂ ᠬᠤᠪᠢᠯᠭᠠᠨ ᠮᠣᠳᠣ ᠴᠡᠴᠡᠷᠯᠢᠭ᠂ ᠵᠢᠭᠤᠯᠴᠢᠯᠠᠯ ᠤᠨ | ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ ᠣᠯᠠᠨ ᠴᠢᠳᠠᠪᠬᠢᠲᠤ ᠲᠢᠶᠠᠲᠷ᠂ ᠡᠷᠡᠭᠦᠯᠵᠢᠯ ᠰᠤᠪᠢᠯᠠᠯᠲᠠ ᠶᠢᠨ ᠲᠥᠪ | ᠵᠡᠷᠭᠡ ᠲᠥᠷᠥᠯ ᠵᠥᠢᠯ ᠢ ᠡᠮᠬᠢ ᠳᠠᠷᠠᠭ᠎ᠠ ᠲᠠᠢ ᠬᠡᠷᠡᠭᠵᠢᠭᠦᠯᠦᠨ᠂ ᠭᠠᠯᠳᠠᠰᠤᠲᠠᠢ ᠷᠠᠰᠢᠶᠠᠨ ᠢ ᠪᠦᠬᠦ ᠣᠷᠣᠨ ᠤ | ᠨᠠᠭᠠᠳᠤᠮ ᠰᠡᠯᠡᠭᠦᠴᠡᠯ ᠰᠤᠪᠢᠯᠠᠯᠲᠠ ᠶᠢᠨ ᠲᠥᠪ᠂ ᠤᠮᠠᠷᠠᠲᠤ ᠶᠢᠨ ᠬᠠᠯᠠᠭᠤᠨ ᠷᠠᠰᠢᠶᠠᠨ ᠤ ᠬᠤᠲᠠ ᠪᠠᠯᠭᠠᠰᠤ ᠶᠢᠨ | ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠪᠦᠬᠦ ᠤᠯᠤᠰ ᠤᠨ ᠡᠮᠴᠢᠯᠡᠭᠡᠨ ᠤ ᠬᠠᠯᠠᠭᠤᠨ ᠷᠠᠰᠢᠶᠠᠨ ᠤ ᠨᠡᠷᠡᠲᠦ ᠲᠡᠮᠳᠡᠭ | ᠪᠠ 5A ᠳᠡᠰ ᠤᠨ ᠡᠷᠡᠭᠦᠯᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠣᠯᠭᠠᠨ | ᠴᠣᠭᠴᠠᠯᠠᠬᠤ ᠬᠡᠷᠡᠭᠲᠡᠢ᠃ ᠪᠠᠶᠢᠭᠠᠯᠢ᠂ ᠲᠡᠦᠭᠡ᠂ ᠰᠤᠶᠤᠯ᠂ ᠦᠨᠳᠦᠰᠦᠲᠡᠨ ᠤ ᠵᠠᠩ ᠠᠭᠠᠯᠢ ᠵᠡᠷᠭᠡ | ᠶᠡᠷᠦᠩᠬᠡᠶᠢᠯᠡᠭᠰᠡᠨ ᠳᠠᠪᠠᠭᠤᠯᠢᠭ ᠳᠠᠭᠠᠨ ᠰᠠᠭᠤᠷᠢᠯᠠᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ | ᠪᠠᠶᠢᠷᠢᠯᠠᠭᠤᠯᠵᠤ᠂ ᠪᠠᠶᠢᠷᠢ ᠰᠣᠯᠢᠪᠴᠢᠭᠤᠯᠵᠣ ᠨᠡᠭᠡᠭᠡᠨ ᠬᠥᠭᠵᠢᠭᠦᠯᠦᠨ ᠪᠦᠲᠦᠭᠡᠨ ᠪᠠᠶᠢᠭᠤᠯᠵᠤ᠂ ᠤᠯᠠᠭᠠᠨᠪᠣᠲᠣᠩ᠂ | ᠳᠠᠯᠠᠶᠢᠨᠠᠭᠤᠷ᠂ ᠳᠠᠷᠬᠠᠨ᠋ᠠ᠋ᠭᠤᠯᠠ᠂ ᠪᠠᠶᠠᠨᠴᠠᠭᠠᠨ᠂ ᠲᠥᠩ ᠰᠢᠩ᠂ ᠢᠦᠢ ᠵᠧᠦ ᠳ᠋ᠢ᠂ ᠬᠤᠩ ᠱᠠᠨᠽᠢ ᠵᠡᠷᠭᠡ ᠵᠠᠮ | ᠳᠠᠭᠠᠤ ᠭᠤᠣᠯᠳᠠᠯᠭ᠎ᠠ ᠲᠠᠢ ᠬᠤᠲᠠ ᠪᠠᠯᠭᠠᠰᠤ ᠶᠢ ᠣᠷᠣᠨ ᠨᠤᠲᠤᠭ ᠤᠨ ᠦᠨᠳᠦᠰᠦᠲᠡᠨ ᠤ ᠵᠠᠩ ᠠᠭᠠᠯᠢ᠂ | ᠬᠤᠪᠢ ᠶᠢᠨ ᠮᠠᠰᠢᠨ ᠢᠶᠠᠷ ᠵᠤᠭᠠᠯᠠᠬᠤ ᠰᠠᠭᠤᠷᠢᠨ᠂ ᠵᠠᠮ ᠬᠠᠷᠢᠯᠴᠠᠭᠠᠨ ᠤ ᠤᠯᠠᠭ᠎ᠠ ᠥᠷᠲᠡᠭᠡ᠂ ᠵᠢᠭᠤᠯᠴᠢᠯᠠᠯ ᠤᠨ | ᠲᠠᠸᠠᠷ᠂ ᠠᠵᠤ ᠦᠢᠯᠡᠰ ᠤᠨ ᠲᠤᠯᠭᠠᠭᠤᠷᠢᠯᠠᠯ ᠢ ᠲᠥᠪᠯᠡᠷᠡᠭᠦᠯᠦᠨ ᠨᠢᠭᠡ ᠴᠣᠭᠴᠠ ᠪᠣᠯᠭᠠᠭᠰᠠᠨ ᠵᠢᠭᠤᠯᠴᠢᠯᠠᠯ ᠤᠨ | ᠨᠡᠷᠡᠲᠦ ᠪᠠᠯᠭᠠᠰᠤ ᠪᠣᠯᠭᠠᠨ ᠴᠣᠭᠴᠠᠯᠠᠬᠤ ᠬᠡᠷᠡᠭᠲᠡᠢ᠃ | ᠦᠵᠡᠰᠭᠦᠯᠡᠩᠲᠦ ᠰᠠᠶᠢᠬᠠᠨ ᠬᠥᠳᠡᠭᠡ ᠲᠤᠰᠬᠤᠨ ᠢ ᠪᠦᠲᠦᠭᠡᠨ ᠪᠠᠶᠢᠭᠤᠯᠬᠤ ᠬᠡᠷᠡᠭᠲᠡᠢ᠃ ᠬᠤᠰᠢᠭᠤ ᠰᠣᠮᠣ | ᠭᠠᠴᠠᠭ᠎ᠠ ᠡᠷᠦᠬᠡ ᠳᠦᠷᠪᠡᠨ ᠳᠠᠰ ᠤᠨ ᠪᠡᠯᠡ ᠣᠷᠣᠭᠤᠯᠤᠯᠲᠠ ᠶᠢᠨ ᠵᠣᠬᠢᠮᠵᠢ ᠶᠢ ᠲᠡᠭᠦᠯᠳᠡᠷᠵᠢᠭᠦᠯᠦᠨ᠂ ᠮᠠᠯᠵᠢᠬᠤ | ᠲᠠᠷᠢᠶᠠᠯᠠᠬᠤ ᠣᠷᠣᠨ ᠤ ᠰᠠᠭᠤᠷᠢ ᠲᠥᠬᠦᠭᠡᠷᠦᠮᠵᠢ ᠪᠠ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ | ᠬᠦᠷᠦᠯᠴᠡᠬᠦ ᠦᠭᠡᠢ ᠲᠠᠯ᠎ᠠ ᠶᠢ ᠰᠠᠶᠢᠵᠢᠷᠠᠭᠤᠯᠬᠤ ᠢᠨᠵᠧᠨᠧᠷᠢᠩ ᠢ ᠶᠡᠭᠡ ᠬᠦᠴᠦᠨ ᠢᠶᠠᠷ ᠬᠡᠷᠡᠭᠵᠢᠭᠦᠯᠵᠦ᠂ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯᠯᠠᠭᠠᠨ ᠢ ᠭᠦᠨᠵᠡᠭᠡᠢ ᠥᠷᠨᠢᠭᠦᠯᠬᠦ | ᠬᠡᠷᠡᠭᠲᠡᠢ᠃ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠮᠤᠷᠠᠯ ᠰᠤᠷᠲᠠᠯ ᠢᠶᠠᠷ ᠵᠠᠰᠠᠬᠤ ᠶᠢ ᠬᠠᠷᠢᠯᠴᠠᠨ | ᠤᠶᠠᠯᠳᠤᠭᠤᠯᠤᠭᠰᠠᠨ ᠬᠥᠳᠡᠭᠡ ᠲᠤᠰᠬᠤᠨ ᠤ ᠵᠠᠰᠠᠨ ᠴᠡᠭᠴᠡᠯᠡᠯᠲᠡ ᠶᠢᠨ ᠰᠢᠰᠲ᠋ᠧᠮ ᠢ ᠪᠠᠶᠢᠭᠤᠯᠤᠨ | ᠲᠡᠭᠦᠯᠳᠡᠷᠵᠢᠭᠦᠯᠵᠦ᠂ ᠮᠠᠯᠴᠢᠨ ᠲᠠᠷᠢᠶᠠᠴᠢᠨ ᠤ ᠬᠡᠪ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠂ ︽ | ᠪᠤᠯᠪᠠᠰᠤᠨ ᠶᠣᠰᠣᠷᠬᠠᠭ᠂ ᠪᠤᠰᠤᠳ ᠢ ᠬᠠᠪᠰᠤᠷᠬᠤ ᠪᠠᠷ ᠵᠢᠷᠭᠠᠯ ᠢᠶᠠᠨ ᠪᠣᠯᠭᠠᠬᠤ᠂ ᠣᠯᠠᠨ ᠨᠡᠶᠢᠲᠡ ᠶᠢᠨ ᠡᠳ᠋ | ᠪᠣᠳᠠᠰ ᠢ ᠬᠠᠶᠢᠷᠠᠯᠠᠬᠤ᠂ ᠣᠷᠴᠢᠨ ᠲᠣᠭᠤᠷᠢᠨ ᠢ ᠬᠠᠮᠠᠭᠠᠯᠠᠬᠤ᠂ ᠬᠠᠤᠯᠢ ᠰᠠᠬᠢᠯᠭ᠎ᠠ ᠶᠢ ᠵᠢᠷᠤᠮᠯᠠᠨ ᠰᠠᠬᠢᠬᠤ︾ ᠰᠢᠨ᠎ᠡ | ᠴᠠᠭ ᠦᠶ᠎ᠡ ᠶᠢᠨ ᠮᠠᠯᠴᠢᠨ ᠲᠠᠷᠢᠶᠠᠴᠢᠨ ᠢ ᠬᠥᠮᠥᠵᠢᠭᠦᠯᠬᠦ ᠬᠡᠷᠡᠭᠲᠡᠢ᠃ ᠬᠥᠳᠡᠭᠡ ᠲᠣᠰᠬᠤᠨ ᠤ ᠵᠢᠭᠤᠯᠴᠢᠯᠠᠯ ᠤᠨ | ᠬᠥᠭᠵᠢᠯᠲᠡ ᠶᠢ ᠢᠳᠡᠪᠬᠢᠲᠡᠢ ᠠᠬᠢᠭᠤᠯᠤᠨ᠂ ᠪᠠᠶᠢᠷᠢᠯᠠᠭᠤᠯᠤᠯᠲᠠ ᠲᠣᠬᠢᠷᠠᠮᠵᠢᠲᠠᠢ᠂ ᠴᠢᠳᠠᠪᠬᠢ ᠪᠦᠷᠢᠨ ᠲᠡᠭᠦᠯᠳᠡᠷ | ᠬᠤᠪᠢ ᠶᠢᠨ ᠮᠠᠰᠢᠨ ᠢᠶᠠᠷ ᠵᠤᠭᠠᠯᠠᠬᠤ ᠰᠠᠭᠤᠷᠢᠨ᠂ ᠭᠡᠷᠳᠦ ᠲᠡᠷᠭᠡ ᠶᠢᠨ ᠰᠠᠭᠤᠷᠢᠨ ᠵᠡᠷᠭᠡ ᠵᠢᠭᠤᠯᠴᠢᠯᠠᠯ ᠤᠨ | ᠦᠢᠯᠡᠴᠢᠯᠡᠭᠡᠨ ᠤ ᠲᠥᠬᠦᠭᠡᠷᠦᠮᠵᠢ ᠶᠢ ᠰᠢᠰᠲ᠋ᠧᠮ ᠲᠠᠢ ᠰᠦᠪᠡᠭᠴᠢᠯᠡᠵᠦ᠂ ᠵᠢᠭᠤᠯᠴᠢᠯᠠᠯ ᠤᠨ ᠭᠠᠴᠠᠭ᠎ᠠ ᠲᠣᠰᠬᠤᠨ ᠢ | ᠲᠥᠪᠯᠡᠷᠡᠭᠦᠯᠦᠨ ᠴᠣᠭᠴᠠᠯᠠᠵᠤ᠂ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠪᠠ ᠠᠵᠢᠯ ᠣᠯᠭᠤᠬᠤ | ᠠᠷᠭ᠎ᠠ ᠵᠠᠮ ᠢ ᠪᠦᠲᠦᠮᠵᠢᠲᠡᠢ ᠥᠷᠭᠡᠳᠬᠡᠨ᠂ ᠨᠢᠭᠡ ᠪᠦᠯᠦᠭ ᠠᠵᠤ ᠦᠢᠯᠡᠰ ᠪᠠᠳᠠᠷᠠᠨ ᠬᠥᠭᠵᠢᠵᠦ᠂ ᠠᠮᠢ ᠠᠬᠤᠢ | ᠰᠠᠶᠢᠨ ᠣᠷᠣᠰᠢᠨ ᠠᠮᠢᠳᠤᠷᠠᠬᠤ ᠳᠤ ᠲᠣᠬᠢᠷᠠᠮᠵᠢᠲᠠᠢ᠂ ᠬᠥᠳᠡᠭᠡ ᠶᠢᠨ ᠰᠤᠷᠲᠠᠯ ᠪᠤᠯᠪᠠᠰᠤᠨ᠂ ᠵᠠᠰᠠᠨ | ᠴᠡᠭᠴᠡᠯᠡᠯᠲᠡ ᠪᠠᠷ ᠪᠦᠲᠦᠮᠵᠢᠲᠡᠢ᠂ ᠠᠮᠢᠳᠤᠷᠠᠯ ᠪᠠᠶᠠᠯᠢᠭ ᠦᠵᠡᠰᠭᠦᠯᠡᠩᠲᠦ ᠰᠠᠶᠢᠬᠠᠨ ᠬᠥᠳᠡᠭᠡ ᠲᠣᠰᠬᠤᠨ ᠢ | ᠴᠢᠷᠮᠠᠶᠢᠨ ᠪᠠᠶᠢᠭᠤᠯᠬᠤ ᠬᠡᠷᠡᠭᠲᠡᠢ᠃ | ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ ᠬᠡᠷᠡᠭᠲᠡᠢ᠃ ︽ᠳᠣᠯᠣᠭᠠᠨ ᠰᠦᠯᠵᠢᠶ᠎ᠡ︾ ᠶᠢᠨ ᠪᠦᠲᠦᠭᠡᠨ | ᠪᠠᠶᠢᠭᠤᠯᠤᠯᠲᠠ ᠶᠢᠨ ᠲᠣᠭᠤᠷᠢᠨ ᠳᠤ᠂ ᠭᠤᠣᠯᠳᠠᠯᠭ᠎ᠠ ᠶᠢ ᠲᠣᠪᠣᠶᠢᠯᠭᠠᠨ ᠪᠡᠯᠡ ᠣᠷᠣᠭᠤᠯᠤᠯᠲᠠ ᠶᠢ ᠨᠡᠮᠡᠭᠳᠡᠭᠦᠯᠵᠦ᠂ | ᠵᠠᠮ ᠬᠠᠷᠢᠯᠴᠠᠭ᠎ᠠ᠂ ᠤᠰᠤᠨ ᠠᠰᠢᠭᠯᠠᠯᠲᠠ᠂ ᠴᠠᠬᠢᠯᠭᠠᠨ ᠬᠦᠴᠦᠨ᠂ ᠴᠢᠮᠡᠭᠡ ᠬᠤᠯᠪᠣᠭ᠎ᠠ ᠵᠡᠷᠭᠡ ᠰᠠᠭᠤᠷᠢ | ᠲᠥᠬᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠴᠢᠬᠤᠯᠠ ᠡᠯᠧᠮᠧᠨ᠋ᠲ ᠢ ᠪᠠᠲᠤᠯᠠᠬᠤ ᠴᠢᠳᠠᠪᠤᠷᠢ ᠪᠠᠨ | ᠳᠡᠭᠡᠭᠰᠢᠯᠡᠭᠦᠯᠬᠦ ᠬᠡᠷᠡᠭᠲᠡᠢ᠃ 232 ᠺᠢᠯᠣᠮᠧᠲᠷ ᠦᠨᠳᠦᠷ ᠬᠤᠷᠳᠤᠴᠠᠲᠤ ᠵᠠᠰᠠᠮᠠᠯ ᠵᠠᠮ᠂ 482 ᠺᠢᠯᠣᠮᠧᠲᠷ ᠤᠯᠤᠰ | ᠪᠠ ᠮᠤᠵᠢ ᠶᠢᠨ ᠭᠤᠣᠯ ᠵᠠᠰᠠᠮᠠᠯ ᠵᠠᠮ᠂ 366 ᠺᠢᠯᠣᠮᠧᠲᠷ ᠵᠢᠭᠤᠯᠴᠢᠯᠠᠯ ᠤᠨ ᠵᠠᠰᠠᠮᠠᠯ ᠵᠠᠮ᠂ 660 ᠺᠢᠯᠣᠮᠧᠲᠷ | ᠭᠠᠴᠠᠭᠠᠨ ᠳᠤ ᠨᠡᠪᠲᠡᠷᠡᠬᠦ ᠵᠠᠰᠠᠮᠠᠯ ᠵᠠᠮ ᠢ ᠰᠢᠨ᠎ᠡ ᠪᠠᠷ ᠪᠠᠶᠢᠭᠤᠯᠤᠨ᠂ ᠵᠢᠢ ᠲᠥᠩ ᠲᠡᠮᠦᠷ ᠵᠠᠮ ᠤᠨ ᠳᠠᠪᠬᠤᠷ | ᠱᠣᠭᠤᠮ ᠪᠠ ᠪᠢᠷᠠᠭᠤ᠂ ᠤᠯᠠᠭᠠᠪᠣᠳᠣᠩ᠂ ᠠᠰᠠᠬᠠᠲᠤ 3 ᠨᠡᠶᠢᠳᠡᠮ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠢ | ᠪᠠᠶᠢᠭᠤᠯᠵᠤ ᠳᠠᠭᠤᠰᠬᠠᠨ ᠡᠵᠡᠩᠨᠡᠯᠲᠡ ᠪᠠᠨ ᠡᠬᠢᠯᠡᠭᠦᠯᠬᠦ ᠶᠢ ᠠᠬᠢᠭᠤᠯᠵᠤ᠂ ᠵᠠᠰᠠᠮᠠᠯ ᠵᠠᠮ᠂ ᠲᠡᠮᠦᠷ ᠵᠠᠮ ᠨᠢᠰᠬᠡᠯ ᠤᠨ | ᠲᠠᠯᠠᠪᠠᠢ ᠵᠡᠷᠭᠡ ᠣᠯᠠᠨ ᠲᠥᠷᠥᠯ ᠤᠨ ᠵᠠᠮ ᠬᠠᠷᠢᠯᠴᠠᠭᠠᠨ ᠤ ᠠᠷᠭ᠎ᠠ ᠬᠡᠯᠪᠡᠷᠢ ᠶᠢ ᠵᠠᠪᠰᠠᠷ ᠦᠭᠡᠢ ᠵᠣᠯᠭᠠᠭᠤᠯᠬᠤ᠂ | ᠵᠢᠭᠤᠯᠴᠢᠯᠠᠭᠰᠠᠳ ᠤᠨ ᠲᠡᠷᠭᠡ ᠰᠣᠯᠢᠬᠤ ᠦᠭᠡᠢ ᠵᠣᠷᠢᠭᠰᠠᠨ ᠭᠠᠵᠠᠷ ᠲᠠᠭᠠᠨ ᠬᠦᠷᠬᠦ ᠶᠢ ᠪᠡᠶᠡᠯᠡᠭᠦᠯᠬᠦ ᠬᠡᠷᠡᠭᠲᠡᠢ᠃ | ᠡᠪᠳᠡᠷᠡᠵᠦ ᠲᠦᠭᠰᠢᠭᠦᠷᠢ ᠲᠠᠢ ᠪᠣᠯᠣᠭᠰᠠᠨ ᠤᠰᠤᠨ ᠬᠠᠭᠠᠯᠲᠠ ᠶᠢ ᠪᠠᠬᠢᠯᠡᠬᠦ᠂ ᠦᠶᠡᠷ ᠠᠴᠠ ᠰᠡᠷᠭᠡᠶᠢᠯᠡᠬᠦ᠂ ᠤᠰᠤᠨ | ᠴᠥᠭᠦᠷᠥᠮ᠂ ᠭᠤᠣᠯ ᠪᠠ ᠨᠠᠭᠤᠷ ᠢ ᠬᠤᠯᠪᠣᠬᠤ᠂ ᠭᠤᠣᠯ ᠤᠨ ᠤᠷᠤᠰᠬᠠᠯ ᠢ ᠵᠠᠰᠠᠬᠤ᠂ ᠤᠮᠳᠠ ᠶᠢᠨ ᠤᠰᠤ ᠶᠢ | ᠠᠶᠤᠯᠭᠦᠢ ᠪᠠᠶᠢᠯᠭᠠᠬᠤ᠂ ᠲᠠᠷᠢᠶᠠᠯᠠᠩ ᠤᠨ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠵᠡᠷᠭᠡ ᠢᠨᠵᠧᠨᠧᠷᠢᠩ ᠢ ᠭᠤᠣᠯᠳᠠᠯᠭ᠎ᠠ ᠲᠠᠢ ᠬᠡᠷᠡᠭᠵᠢᠭᠦᠯᠬᠦ ᠬᠡᠷᠡᠭᠲᠡᠢ᠃ 8 ᠰᠠᠭᠤᠷᠢ ᠬᠦᠴᠦᠳᠡᠯ | ᠬᠤᠪᠢᠰᠬᠠᠬᠤ ᠥᠷᠲᠡᠭᠡ᠂ 1199.2 ᠺᠢᠯᠣᠮᠧᠲᠷ ᠡᠯ᠎ᠡ ᠲᠥᠷᠥᠯ ᠤᠨ ᠴᠠᠬᠢᠯᠭᠠᠨ ᠳᠠᠮᠵᠢᠭᠤᠯᠬᠤ ᠤᠲᠠᠰᠤ | ᠱᠣᠭᠤᠮ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠵᠠᠰᠠᠬᠤ ᠬᠡᠷᠡᠭᠲᠡᠢ᠃ 5G ᠰᠦᠯᠵᠢᠶ᠎ᠡ ᠶᠢ ᠢᠳᠡᠪᠬᠢᠲᠡᠢ | ᠠᠬᠢᠭᠤᠯᠤᠨ᠂ 4G ᠰᠦᠯᠵᠢᠶ᠎ᠡ ᠶᠢ ᠪᠦᠬᠦ ᠬᠡᠪᠴᠢᠶᠡᠨ ᠳᠤ ᠪᠦᠷᠬᠦᠭᠦᠯᠬᠦ ᠬᠡᠷᠡᠭᠲᠡᠢ᠃ | ︵ᠳᠥᠷᠪᠡ︶ ᠬᠦᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠨ᠂ ᠠᠷᠠᠳ ᠤᠨ ᠠᠮᠢᠳᠤᠷᠠᠯ ᠪᠠ | ᠨᠡᠶᠢᠭᠡᠮ ᠤᠨ ᠠᠵᠢᠯ ᠦᠢᠯᠡᠰ ᠢ ᠨᠢᠭᠡᠲᠦᠯᠲᠡᠢ ᠲᠥᠯᠥᠪᠯᠡᠨ ᠠᠬᠢᠭᠤᠯᠬᠤ ᠬᠡᠷᠡᠭᠲᠡᠢ᠃ ᠬᠥᠮᠥᠨ ᠪᠦᠬᠦᠨ | ᠬᠠᠷᠢᠭᠤᠴᠠᠯᠭ᠎ᠠ ᠲᠠᠢ᠂ ᠬᠥᠮᠥᠨ ᠪᠦᠬᠦᠨ ᠬᠤᠪᠢ ᠬᠥᠷᠲᠡᠬᠦ᠂ ᠨᠠᠭᠠᠲᠤ ᠵᠠᠬ᠎ᠠ ᠶᠢᠨ ᠪᠠᠷᠢᠮᠵᠢᠶ᠎ᠠ ᠶᠢ ᠴᠢᠩᠭ᠎ᠠ ᠰᠠᠬᠢᠬᠤ᠂ | ᠭᠤᠣᠯᠳᠠᠯᠭ᠎ᠠ ᠶᠢ ᠲᠣᠪᠣᠶᠢᠯᠭᠠᠬᠤ᠂ ᠳᠦᠷᠢᠮ ᠢ ᠲᠡᠭᠦᠯᠳᠡᠷᠵᠢᠭᠦᠯᠬᠦ᠂ ᠲᠥᠯᠥᠪᠯᠡᠭᠡ ᠶᠢ ᠬᠥᠲᠥᠯᠥᠨ | ᠳᠠᠭᠠᠭᠠᠭᠤᠯᠬᠤ ᠶᠢ ᠪᠠᠷᠢᠮᠲᠠᠯᠠᠨ᠂ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ | ᠠᠮᠢᠳᠤᠷᠠᠯ ᠤᠨ ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠵᠤ᠂ ᠠᠷᠠᠳ ᠣᠯᠠᠨ ᠤ ᠣᠯᠣᠯᠲᠠᠲᠤ ᠲᠥᠷᠥᠭᠳᠡᠯ᠂ | ᠵᠣᠯ ᠵᠢᠷᠭᠠᠯᠲᠤ ᠲᠦᠷᠦᠭᠳᠡᠯ ᠢ ᠨᠡᠩ ᠭᠦᠢᠴᠡᠳ᠂ ᠨᠡᠩ ᠬᠠᠩᠭᠠᠯᠲᠠ ᠲᠠᠢ᠂ ᠨᠡᠩ ᠦᠷᠭᠦᠯᠵᠢᠯᠡᠬᠦᠶᠢᠴᠡ | ᠪᠣᠯᠭᠠᠬᠤ ᠪᠠᠷ ᠴᠢᠷᠮᠠᠶᠢᠬᠤ ᠬᠡᠷᠡᠭᠲᠡᠢ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠᠶᠢᠯᠳᠤᠭᠠᠨ ᠳᠤ ᠡᠷᠡᠰ ᠢᠯᠠᠬᠤ ᠬᠡᠷᠡᠭᠲᠡᠢ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠᠷ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ | ᠲᠠᠯ᠎ᠠ ᠳᠤ ᠬᠠᠮᠤᠷᠤᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠤᠳᠤᠷᠢᠳᠬᠤ ᠪᠠᠶᠢᠭᠤᠯᠤᠮᠵᠢ | ᠂ ᠬᠠᠷᠢᠭᠤᠴᠠᠯᠭ᠎ᠠ ᠶᠢᠨ ᠰᠢᠰᠲ᠋ᠧᠮ᠂ ᠬᠠᠪᠰᠤᠷᠤᠨ ᠲᠡᠳᠬᠦᠬᠦ ᠰᠢᠰᠲ᠋ᠧᠮ᠂ ᠬᠢᠨᠠᠨ ᠰᠢᠯᠭᠠᠬᠤ ᠰᠢᠰᠲ᠋ᠧᠮ ᠢ | ᠦᠷᠭᠦᠯᠵᠢᠯᠡᠨ ᠲᠡᠭᠦᠯᠳᠡᠷᠵᠢᠭᠦᠯᠵᠦ᠂ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭᠠᠷᠠᠭᠤᠯᠤᠨ᠂ ᠠᠷᠭ᠎ᠠ | ᠬᠡᠮᠵᠢᠶ᠎ᠡ ᠶᠢ ᠨᠠᠷᠢᠯᠢᠭᠵᠢᠭᠤᠯᠵᠤ᠂ ︽ᠲᠠᠪᠤᠨ ᠨᠢᠭᠡ ᠪᠦᠯᠦᠭ︾ ᠤᠨ ᠢᠨᠵᠧᠨᠧᠷᠢᠩ ᠢ ᠨᠡᠩ ᠴᠢᠩᠭ᠎ᠠ ᠬᠢᠨᠠᠮᠠᠭᠠᠢ | ᠬᠡᠷᠡᠭᠵᠢᠭᠦᠯᠦᠨ᠂ ︽ᠵᠢᠷᠭᠤᠭᠠᠨ ᠨᠠᠷᠢᠯᠢᠭ ᠣᠨᠣᠪᠴᠢᠲᠡᠢ︾ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠪᠡᠶᠡᠯᠡᠭᠦᠯᠵᠦ᠂ | ᠬᠦᠴᠢᠷ ᠴᠢᠬᠤᠯᠠ ᠠᠰᠠᠭᠤᠳᠠᠯ ᠢ ᠠᠷᠭ᠎ᠠ ᠪᠦᠬᠦᠨ ᠢ ᠰᠦᠪᠡᠭᠴᠢᠯᠡᠨ ᠰᠢᠢᠳᠪᠦᠷᠢᠯᠡᠵᠦ᠂ ᠶᠠᠳᠠᠭᠤ ᠶᠢ ᠲᠡᠳᠬᠦᠬᠦ ᠶᠢ | ᠢᠲᠡᠭᠡᠯ ᠵᠣᠷᠢᠭ᠂ ᠣᠶᠣᠨ ᠰᠠᠨᠠᠭ᠎ᠠ ᠶᠢ ᠲᠡᠳᠬᠦᠬᠦ ᠯᠤᠭ᠎ᠠ ᠤᠶᠠᠯᠳᠤᠭᠤᠯᠬᠤ ᠶᠢ ᠴᠢᠬᠤᠯᠠᠴᠢᠯᠠᠨ᠂ ︽ᠭᠤᠷᠪᠠᠨ | ᠨᠤᠷᠮ᠎ᠠ ᠳᠦᠷᠪᠡᠨ ᠬᠡᠮᠵᠢᠶ᠎ᠡ︾ ᠶᠢ ᠪᠦᠲᠦᠮᠵᠢᠲᠡᠢ ᠳᠡᠭᠡᠭᠰᠢᠯᠡᠭᠦᠯᠵᠦ᠂ ᠶᠠᠳᠠᠭᠤ ᠠᠴᠠ ᠵᠢᠩᠭᠢᠨᠢ ᠪᠠᠷ | ᠠᠩᠭᠢᠵᠢᠷᠠᠭᠤᠯᠬᠤ ᠶᠢ ᠦᠨᠡᠨᠬᠦ ᠪᠡᠶᠡᠯᠡᠭᠦᠯᠦᠨ᠂ 2018 ᠣᠨ ᠳᠤ ᠶᠠᠳᠠᠭᠤ ᠬᠦᠴᠢᠷᠲᠡᠢ ᠨᠡᠷᠡᠶᠢᠳᠦᠯ ᠠᠴᠠ | ᠭᠠᠷᠬᠤ ᠶᠢ ᠪᠠᠳᠣᠯᠠᠵᠤ᠂ ᠶᠠᠳᠠᠭᠤ ᠬᠦᠴᠷᠢᠲᠡᠢ ᠬᠦᠮᠦᠨ ᠠᠮᠠ ᠶᠢ ᠪᠦᠬᠦ ᠬᠤᠰᠢᠭᠤᠨ ᠤ ᠠᠷᠠᠳ ᠲᠦᠮᠡᠨ ᠲᠠᠢ | ᠬᠠᠮᠳᠤᠪᠡᠷ ᠪᠦᠬᠦ ᠲᠠᠯ᠎ᠠ ᠪᠠᠷ ᠴᠢᠨᠡᠭᠡᠯᠢᠭᠵᠢᠭᠰᠡᠨ ᠨᠡᠶᠢᠭᠡᠮ ᠳᠤ ᠣᠷᠣᠭᠤᠯᠬᠤ ᠬᠡᠷᠡᠭᠲᠡᠢ᠃ | ᠰᠢᠨᠵᠢᠯᠡᠬᠦ ᠤᠬᠠᠭᠠᠨ ᠰᠤᠷᠭᠠᠨ ᠬᠥᠮᠥᠵᠢᠯ ᠤᠨ ᠠᠵᠢᠯ ᠦᠢᠯᠡᠰ ᠢ ᠤᠷᠢᠳ ᠢᠶᠠᠷ ᠬᠥᠭᠵᠢᠭᠦᠯᠬᠦ ᠬᠡᠷᠡᠭᠲᠡᠢ᠃ | ᠰᠢᠨᠵᠢᠯᠡᠬᠦ ᠤᠬᠠᠭᠠᠨ ᠮᠡᠷᠭᠡᠵᠢᠯ ᠢ ᠨᠢᠭᠡᠳᠦᠭᠡᠷ ᠦᠢᠯᠡᠳᠪᠦᠷᠢᠯᠡᠯ ᠤᠨ ᠬᠦᠴᠦᠨ ᠪᠣᠯᠭᠠᠬᠤ ᠶᠢ ᠪᠠᠷᠢᠮᠲᠠᠯᠠᠨ᠂ ︽ | 2017—2020 ᠣᠨ ᠤ ᠪᠦᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠠᠵᠢᠯᠯᠠᠭᠠᠨ ᠤ | ᠬᠥᠲᠥᠯᠪᠦᠷᠢ︾ ᠶᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠨ᠂ ᠵᠠᠬ᠎ᠠ | ᠳᠡᠯᠭᠡᠭᠦᠷ ᠢᠶᠠᠷ ᠤᠳᠤᠷᠢᠳᠤᠮᠵᠢ ᠪᠣᠯᠭᠠᠵᠤ᠂ ᠦᠢᠯᠡᠳᠪᠦᠷᠢᠯᠡᠯ ᠰᠤᠷᠤᠯᠴᠠᠯᠭ᠎ᠠ ᠰᠤᠳᠤᠯᠭᠠᠨ ᠢ ᠭᠦᠨᠵᠡᠭᠡᠢ | ᠠᠭᠤᠰᠤᠯᠴᠠᠭᠤᠯᠤᠭᠰᠠᠨ ᠮᠡᠷᠭᠡᠵᠢᠯ ᠤᠨ ᠰᠢᠨᠡᠴᠢᠯᠡᠯᠲᠡ ᠶᠢᠨ ᠰᠢᠰᠲ᠋ᠧᠮ ᠢ ᠪᠠᠶᠢᠭᠤᠯᠤᠨ᠂ ᠠᠵᠤ ᠠᠬᠤᠶᠢᠯᠠᠯ ᠤᠨ | ᠦᠪᠡᠷᠲᠡᠭᠡᠨ ᠰᠢᠨ᠎ᠡ ᠶᠢ ᠡᠭᠦᠳᠬᠦ ᠪᠠ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠢ ᠲᠥᠷᠥᠯ ᠢ | ᠲᠡᠮᠡᠴᠡᠨ ᠣᠯᠬᠤ ᠬᠦᠴᠦᠯᠡᠴᠡ ᠶᠢ ᠨᠡᠮᠡᠭᠳᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ | ᠬᠤᠪᠢᠷᠠᠭᠤᠯᠤᠯᠲᠠ ᠶᠢ ᠠᠬᠢᠭᠤᠯᠬᠤ ᠬᠡᠷᠡᠭᠲᠡᠢ᠃ ᠰᠤᠷᠭᠠᠨ ᠬᠥᠮᠥᠵᠢᠯ ᠤᠨ ᠦᠢᠯᠡᠰ ᠢ ᠲᠡᠷᠢᠭᠦᠨ ᠤ ᠪᠠᠶᠢᠷᠢᠨ ᠳᠤ | ᠲᠠᠯᠪᠢᠬᠤ ᠶᠢ ᠪᠠᠷᠢᠮᠲᠠᠯᠠᠨ᠂ ᠰᠤᠷᠭᠠᠭᠤᠯᠢ ᠡᠷᠬᠢᠯᠡᠬᠦ ᠪᠠᠶᠢᠭᠤᠯᠤᠮᠵᠢ ᠶᠢᠨ ᠦᠭᠡᠷᠡᠴᠢᠯᠡᠯᠲᠡ ᠪᠠ ᠠᠭᠤᠯᠤᠭᠳᠠᠬᠤᠨ ᠢ | ᠳᠡᠭᠡᠭᠰᠢᠯᠡᠭᠬᠦᠯᠬᠦ ᠠᠵᠢᠯ ᠢ ᠲᠦᠷᠭᠡᠳᠬᠡᠵᠦ᠂ ᠬᠡᠪ ᠴᠢᠨᠠᠷ ᠤᠨ ᠰᠤᠷᠭᠠᠨ ᠬᠥᠮᠥᠵᠢᠯ ᠢ ᠬᠥᠭᠵᠢᠭᠦᠯᠦᠨ᠂ ᠰᠤᠷᠭᠠᠨ | ᠬᠥᠮᠥᠵᠢᠯ ᠤᠨ ᠡᠷᠬᠡ ᠲᠡᠭᠰᠢ ᠶᠢ ᠠᠬᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠴᠢᠨᠠᠷᠯᠢᠭ | ᠲᠡᠩᠴᠡᠭᠦᠷᠢᠲᠡᠢ ᠬᠥᠭᠵᠢᠯᠲᠡ ᠶᠢᠨ ᠢᠨᠵᠧᠨᠧᠷᠢᠩ ᠢ ᠡᠬᠢᠯᠡᠭᠦᠯᠦᠨ᠂ ᠪᠢᠷᠠᠭᠤ ᠳᠠᠬᠢ ᠦᠨᠳᠦᠰᠦᠲᠡᠨ ᠤ | ᠲᠤᠷᠰᠢᠯᠲᠠ ᠶᠢᠨ ᠰᠤᠷᠭᠠᠭᠤᠯᠢ ᠶᠢ ᠣᠨᠳᠣᠣ ᠭᠠᠵᠠᠷ ᠰᠢᠨ᠎ᠡ ᠪᠠᠷ ᠪᠠᠶᠢᠭᠤᠯᠬᠤ᠂ ᠪᠢᠷᠠᠭᠤ ᠪᠠᠯᠭᠠᠰᠤ ᠶᠢᠨ ᠬᠤᠶᠠᠳᠤᠭᠠᠷ | ᠪᠠᠭ᠎ᠠ ᠰᠤᠷᠭᠠᠭᠤᠯᠢ ᠶᠢ ᠥᠷᠭᠡᠳᠬᠡᠨ ᠪᠠᠶᠢᠭᠤᠯᠬᠤ᠂ ᠪᠢᠷᠠᠭᠤ ᠳᠠᠬᠢ ᠭᠤᠷᠪᠠᠳᠤᠭᠠᠷ ᠪᠠᠭ᠎ᠠ ᠰᠤᠷᠭᠠᠭᠤᠯᠢ ᠪᠠ 5 | ᠰᠠᠭᠤᠷᠢ ᠬᠡᠦᠭᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠬᠤ ᠶᠢ ᠪᠡᠶᠡᠯᠡᠭᠦᠯᠵᠦ᠂ 2022 ᠣᠨ ᠪᠣᠯᠬᠤ ᠳᠤ᠂ | ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠥᠵᠢᠯ᠂ ᠳᠡᠭᠡᠳᠦ ᠳᠤᠮᠳᠠᠳᠤ ᠶᠢᠨ ᠰᠤᠷᠭᠠᠨ ᠬᠥᠮᠥᠵᠢᠯ᠂ ᠣᠨᠴᠠᠭᠠᠢ | ᠰᠤᠷᠭᠠᠨ ᠬᠥᠮᠥᠵᠢᠯ ᠤᠨ ᠰᠤᠷᠭᠠᠭᠤᠯᠢ ᠳᠠᠪᠰᠢᠭᠰᠠᠨ ᠪᠦᠬᠦ ᠨᠤᠷᠮ᠎ᠠ ᠶᠢ 90% ᠶᠢ ᠳᠠᠪᠠᠭᠤᠯᠵᠤ᠂ ᠠᠵᠢᠯ | ᠮᠡᠷᠭᠡᠵᠢᠯ ᠤᠨ ᠰᠤᠷᠭᠠᠨ ᠬᠥᠮᠥᠵᠢᠯ᠂ ᠠᠷᠠᠳ ᠠᠴᠠ ᠡᠷᠬᠢᠯᠡᠭᠰᠡᠨ ᠰᠤᠷᠭᠠᠨ ᠬᠥᠮᠥᠵᠢᠯ᠂ ᠦᠨᠳᠦᠰᠦᠲᠡᠨ ᠤ ᠰᠤᠷᠭᠠᠨ | ᠬᠥᠮᠥᠵᠢᠯ ᠢ ᠪᠦᠬᠦ ᠲᠠᠯ᠎ᠠ ᠪᠠᠷ ᠳᠠᠪᠰᠢᠭᠤᠯᠬᠤ ᠬᠡᠷᠡᠭᠲᠡᠢ᠃ ᠪᠠᠭᠰᠢ ᠶᠢᠨ ᠮᠤᠷᠠᠯ ᠰᠤᠷᠲᠠᠯ ᠤᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠦᠨᠳᠦᠷ ᠬᠡᠪ ᠴᠢᠨᠠᠷᠲᠠᠢ ᠪᠠᠭᠰᠢ ᠶᠢᠨ ᠡᠩᠨᠡᠭᠡ ᠶᠢ ᠬᠥᠮᠥᠵᠢᠭᠦᠯᠦᠨ᠂ ᠪᠦᠬᠦ | ᠨᠡᠶᠢᠭᠡᠮ ᠢᠶᠠᠷ ᠢᠶᠠᠨ ᠪᠠᠭᠰᠢ ᠶᠢ ᠬᠦᠨᠳᠦᠯᠡᠨ ᠰᠤᠷᠭᠠᠨ ᠬᠥᠮᠥᠵᠢᠯ ᠢ ᠬᠦᠨᠳᠦᠳᠬᠡᠬᠦ ᠶᠢ ᠤᠷᠢᠶᠠᠯᠠᠬᠤ ᠬᠡᠷᠡᠭᠲᠡᠢ᠃ | ᠠᠵᠢᠯ ᠣᠯᠭᠤᠯᠲᠠ ᠶᠢᠨ ᠶᠠᠰᠤ ᠴᠢᠨᠠᠷ ᠪᠠ ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠢ | ᠳᠡᠭᠡᠭᠰᠢᠯᠡᠭᠦᠯᠬᠦ ᠬᠡᠷᠡᠭᠲᠡᠢ᠃ ᠠᠵᠢᠯ ᠣᠯᠭᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠪᠠᠶᠢᠯᠲᠤᠬᠤ ᠪᠣᠳᠣᠯᠭ᠎ᠠ ᠪᠠ | ᠢᠳᠡᠪᠬᠢᠲᠡᠢ ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠪᠠᠷᠢᠮᠲᠠᠯᠠᠨ᠂ 3 ᠦᠢᠯᠡᠰ ᠪᠣᠰᠬᠠᠬᠤ ᠬᠦᠷᠢᠶᠡᠯᠡᠩ | ᠪᠠᠶᠢᠭᠤᠯᠵᠤ᠂ ᠬᠤᠲᠠ ᠪᠠᠯᠭᠠᠰᠤ ᠶᠢᠨ 6000 ᠬᠦᠮᠦᠨ ᠳᠤ ᠠᠵᠢᠯ ᠣᠯᠭᠤᠨ᠂ ᠬᠤᠲᠠ ᠪᠠᠯᠭᠠᠰᠤ ᠶᠢᠨ | ᠳᠠᠩᠰᠠᠯᠠᠭᠰᠠᠨ ᠠᠵᠢᠯ ᠠᠯᠳᠠᠭᠰᠠᠨ ᠨᠤᠷᠮ᠎ᠠ ᠶᠢ 4% ᠶᠢᠨ ᠳᠣᠲᠣᠷ᠎ᠠ ᠬᠢᠵᠠᠭᠠᠷᠯᠠᠬᠤ ᠬᠡᠷᠡᠭᠲᠡᠢ᠃ ᠠᠵᠢᠯ | ᠣᠯᠭᠤᠯᠲᠠ ᠶᠢᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ᠂ ᠦᠢᠯᠡᠰ ᠪᠣᠰᠬᠠᠬᠤ ᠪᠣᠯᠪᠠᠰᠤᠷᠠᠯ ᠢ ᠶᠡᠬᠡᠪᠡᠷ ᠥᠷᠨᠢᠭᠦᠯᠵᠦ | ᠂ ᠦᠢᠯᠡᠰ ᠪᠣᠰᠬᠠᠬᠤ ᠪᠠᠲᠤᠯᠠᠭᠠᠲᠤ ᠵᠢᠭᠡᠯᠡᠯᠭᠡ ᠶᠢ 2000 ᠭᠠᠷᠤᠢ ᠲᠦᠮᠡᠨ ᠲᠥᠭᠦᠷᠢᠭ ᠪᠠᠭᠤᠯᠭᠠᠨ᠂ ᠮᠠᠯᠴᠢᠨ | ᠲᠠᠷᠢᠶᠠᠴᠢᠨ ᠢ ᠰᠢᠯᠵᠢᠭᠦᠯᠦᠨ ᠠᠵᠢᠯ ᠣᠯᠭᠤᠬᠤ᠂ ᠬᠤᠲᠠ ᠪᠠᠯᠭᠠᠰᠤ ᠶᠢᠨ ᠠᠵᠢᠯ ᠠᠯᠳᠠᠭᠰᠠᠨ ᠬᠥᠮᠥᠰ᠂ ᠠᠵᠢᠯ | ᠣᠯᠬᠤ ᠳᠤ ᠬᠦᠴᠢᠷ ᠬᠥᠮᠥᠰ ᠤᠨ ᠠᠵᠢᠯ ᠣᠯᠭᠤᠯᠲᠠ ᠳᠠᠬᠢᠨ ᠠᠵᠢᠯ ᠣᠯᠭᠤᠯᠲᠠ ᠶᠢᠨ ᠠᠵᠢᠯ ᠢ ᠨᠢᠭᠡᠲᠦᠯᠲᠡᠢ | ᠲᠥᠯᠥᠪᠯᠡᠨ ᠰᠠᠶᠢᠲᠤᠷ ᠪᠡᠶᠡᠯᠡᠭᠦᠯᠬᠦ ᠬᠡᠷᠡᠭᠲᠡᠢ᠃ ᠦᠨᠳᠦᠰᠦᠨ ᠪᠠᠳᠣᠯᠠᠭ᠎ᠠ ᠶᠢ ᠪᠠᠲᠤᠯᠠᠬᠤ᠂ ᠪᠦᠬᠦᠨ ᠢ ᠬᠠᠮᠤᠷᠠᠬᠤ᠂ | ᠵᠤᠬᠢᠮᠵᠢ ᠶᠢ ᠪᠠᠶᠢᠭᠤᠯᠬᠤ ᠱᠠᠭᠠᠷᠳᠠᠯᠭ᠎ᠠ ᠶᠤᠰᠤᠭᠠᠷ᠂ ︽ᠪᠦᠬᠦ ᠠᠷᠠᠳ ᠳᠠᠭᠠᠳᠬᠠᠯ ᠳᠤ ᠤᠷᠤᠯᠴᠠᠬᠤ ᠶᠢ ᠳᠠᠩᠰᠠᠯᠠᠬᠤ | ᠲᠦᠯᠦᠪᠯᠡᠭᠡ︾ ᠶᠢ ᠬᠡᠷᠡᠭᠵᠢᠬᠦᠯᠵᠦ᠂ ᠦᠨᠲᠦᠰᠦᠨ ᠨᠠᠰᠦᠵᠢᠯ ᠤᠨ ᠳᠠᠭᠠᠳᠬᠠᠯ ᠤᠨ ᠳᠠᠭᠠᠳᠬᠠᠯ ᠳᠤ ᠤᠷᠤᠯᠴᠠᠭᠰᠠᠨ | ᠨᠤᠷᠮ᠎ᠠ ᠶᠢ 90% ᠠᠴᠠ ᠳᠡᠭᠡᠭᠰᠢᠬᠢ ᠳᠤ ᠬᠦᠷᠭᠡᠵᠦ᠂ ᠠᠵᠢᠯ ᠤᠨ ᠰᠢᠷᠠᠭᠲᠤᠯ ᠤᠨ ᠳᠠᠭᠠᠳᠬᠠᠯ ᠳᠤ ᠬᠠᠤᠯᠢ ᠳᠤ | ᠲᠤᠭᠲᠠᠭᠠᠭᠰᠠᠨ ᠤᠯᠠᠨ ᠲᠦᠮᠡᠨ ᠢ ᠦᠨᠲᠦᠰᠦᠨ ᠳᠤ ᠪᠠᠨ ᠪᠦᠬᠦᠨ ᠢ ᠪᠠᠭᠲᠠᠭᠠᠬᠤ ᠬᠡᠷᠡᠭᠲᠡᠢ᠃ ᠦᠨᠲᠦᠰᠦᠨ | ᠱᠠᠲᠦᠨ ᠤ ᠠᠵᠢᠯ ᠤᠯᠭᠤᠯᠲᠠ᠂ ᠰᠤᠷᠠᠭ ᠵᠠᠩᠭᠢ ᠶᠢᠨ ᠰᠦᠯᠵᠢᠶ᠎ᠡ ᠪᠠ ᠨᠡᠶᠢᠭᠡᠮ ᠤᠨ ᠪᠠᠲᠤᠯᠠᠭ᠎ᠠ ᠶᠢᠨ | ᠤᠶᠢᠯᠡᠴᠢᠯᠡᠭᠡ ᠶᠢᠨ ᠳᠠᠪᠴᠠᠩ ᠢ ᠪᠠᠶᠢᠭᠤᠯᠵᠤ᠂ ᠤᠯᠠᠨ ᠨᠡᠶᠢᠳᠡ ᠶᠢᠨ ᠤᠶᠢᠯᠡᠴᠢᠯᠡᠭᠡᠨ ᠤ ᠲᠦᠷᠢᠮᠵᠢᠭᠰᠡᠨ᠂ | ᠳᠤᠰᠬᠠᠶᠢᠵᠢᠭᠰᠠᠨ᠂ ᠴᠢᠮᠡᠭᠡ ᠵᠠᠩᠭᠢᠵᠢᠯᠠᠭᠰᠠᠨ ᠪᠠᠶᠢᠳᠠᠯ ᠢ ᠪᠡᠶᠡᠯᠡᠭᠦᠯᠬᠦ ᠬᠡᠷᠡᠭᠲᠡᠢ᠃ ᠨᠡᠶᠢᠭᠡᠮ ᠤᠨ ᠠᠪᠤᠷᠠᠨ | ᠳᠤᠰᠠᠯᠠᠯᠲᠠ᠂ ᠵᠠᠰᠠᠭ ᠵᠠᠭᠢᠷᠭᠠᠨ ᠤ ᠬᠠᠮᠢᠶᠠᠷᠦᠯᠳᠠ ᠪᠠ ᠤᠯᠠᠨ ᠨᠡᠶᠢᠳᠡ ᠶᠢᠨ ᠤᠶᠢᠯᠡᠴᠢᠯᠡᠭᠡ ᠶᠢᠨ ᠴᠢᠳᠠᠪᠬᠢ ᠶᠢ | ᠴᠢᠩᠭᠠᠳᠬᠠᠵᠤ᠂ ᠬᠤᠳᠠ ᠬᠦᠳᠡᠭᠡ ᠶᠢᠨ ᠬᠠᠮᠤᠭ ᠨᠠᠭᠠᠲᠦ ᠵᠠᠬ᠎ᠠ ᠶᠢᠨ ᠠᠮᠢᠲᠦᠷᠠᠯ ᠤᠨ ᠪᠠᠲᠤᠯᠠᠭ᠎ᠠ᠂ ᠡᠮ ᠡᠮᠨᠡᠯᠭᠡ ᠶᠢᠨ | ᠠᠪᠤᠷᠠᠨ ᠳᠤᠰᠠᠯᠠᠯᠲᠠ ᠪᠠ ᠬᠦᠨᠲᠦ ᠶᠡᠭᠡ ᠡᠪᠡᠳᠴᠢᠨ ᠡᠮᠬᠡᠭ ᠢ ᠠᠪᠤᠷᠠᠨ ᠳᠤᠰᠠᠯᠠᠬᠤ ᠲᠤᠷᠰᠢᠯᠲᠠ ᠶᠢᠨ ᠴᠢᠭ᠋᠂ | ᠮᠠᠯᠵᠢᠬᠤ ᠲᠠᠷᠢᠶᠠᠯᠠᠬᠤ ᠤᠷᠤᠨ ᠤ ᠤᠨᠴᠠ ᠬᠦᠴᠢᠷᠲᠠᠢ ᠬᠦᠮᠦᠰ ᠢ ᠠᠰᠠᠷᠠᠨ ᠳᠡᠳᠬᠦᠬᠦ ᠠᠵᠢᠯ ᠢ ᠰᠠᠶᠢᠲᠦᠷ | ᠠᠳᠬᠤᠵᠤ᠂ ᠬᠦᠴᠢᠷᠲᠠᠢ ᠤᠯᠠᠨ ᠲᠦᠮᠡᠨ ᠤ ᠦᠨᠲᠦᠰᠦᠨ ᠠᠮᠢᠲᠦᠷᠠᠯ ᠤᠨ ᠪᠠᠲᠤᠯᠠᠭ᠎ᠠ ᠶᠢ ᠪᠠᠲᠤᠳᠬᠠᠬᠤ ᠬᠡᠷᠡᠭᠲᠡᠢ᠃ | ᠦᠨᠲᠦᠰᠦᠨ ᠡᠮ ᠡᠮᠨᠡᠯᠭᠡ ᠶᠢᠨ ᠳᠠᠭᠠᠳᠬᠠᠯ ᠤᠨ ᠬᠡᠪᠴᠢᠶ᠎ᠡ ᠶᠢ ᠦᠷᠭᠡᠳᠭᠡᠨ ᠬᠠᠷᠠᠯᠲᠠ ᠶᠢ ᠳᠡᠭᠡᠭᠰᠢᠯᠡᠭᠦᠯᠬᠦ ᠪᠠ | ᠦᠭᠡᠷ᠎ᠡ ᠭᠠᠵᠠᠷ ᠲᠤᠭᠠᠴᠠᠭ᠎ᠠ ᠪᠤᠲᠤᠬᠤ ᠬᠡᠷᠡᠭᠵᠢᠬᠦᠯᠬᠦ ᠲᠦᠯᠦᠪᠯᠡᠭᠡ ᠶᠢ ᠠᠭᠢᠭᠤᠯᠵᠦ᠂ ᠪᠦᠬᠦ ᠠᠷᠠᠳ ᠤᠨ ᠪᠠᠲᠤᠯᠠᠬᠤ | ᠴᠢᠬᠤᠯᠠᠲᠠᠢ ᠶᠢ ᠨᠢ ᠴᠢᠳᠠᠬᠤ ᠶᠢᠨ ᠬᠢᠷᠢ ᠪᠠᠲᠤᠯᠠᠬᠤ᠂ ᠪᠦᠬᠦ ᠤᠯᠤᠰ ᠤᠨ ᠲᠤᠭᠲᠠᠭᠰᠠᠨ ᠴᠢᠭ᠋ ᠤᠨ ᠡᠮ ᠡᠮᠨᠡᠯᠭᠡ ᠶᠢᠨ | ᠪᠠᠶᠢᠭᠤᠯᠤᠮᠵᠢ ᠰᠢᠭᠤᠳ ᠳᠠᠩᠰᠠᠨ ᠠᠴᠠ ᠲᠠᠶᠢᠯᠬᠤ ᠶᠢ ᠪᠡᠶᠡᠯᠡᠭᠦᠯᠬᠦ ᠬᠡᠷᠡᠭᠲᠡᠢ᠃ | ᠨᠡᠶᠢᠭᠡᠮ ᠤᠨ ᠠᠵᠢᠯ ᠤᠶᠢᠯᠡᠰ ᠢ ᠪᠦᠬᠦ ᠲᠠᠯ᠎ᠠ ᠪᠠᠷ ᠭᠦᠭᠵᠢᠬᠦᠯᠬᠦ ᠬᠡᠷᠡᠭᠲᠡᠢ᠃ ᠪᠤᠳᠠᠰ ᠤᠨ ᠪᠤᠰᠦ | ᠰᠤᠶᠤᠯ ᠤᠨ ᠦᠪ ᠤᠨ ᠦᠯᠡᠳᠡᠭᠳᠡᠯ ᠢ ᠬᠠᠮᠠᠭᠠᠯᠠᠬᠤ ᠪᠠ ᠤᠯᠠᠮᠵᠢᠯᠠᠬᠤ ᠶᠢ ᠴᠢᠩᠭᠠᠳᠬᠠᠵᠤ᠂ ︽ᠰᠤᠶᠤᠯ +︾ | ᠪᠠᠶᠢᠯᠲᠤᠬᠤ ᠪᠤᠲᠤᠯᠭ᠎ᠠ ᠶᠢ ᠬᠡᠷᠡᠭᠵᠢᠬᠦᠯᠵᠦ᠂ ᠲᠢᠶᠠᠳ᠋ᠷ᠂ ᠰᠤᠶᠤᠯ ᠤᠨ ᠪᠦᠲᠦᠭᠡᠯᠴᠢ ᠠᠵᠦ ᠤᠶᠢᠯᠡᠰ ᠤᠨ ᠰᠠᠭᠤᠷᠢᠨ | ᠭᠠᠵᠠᠷ᠂ ᠮᠦᠽᠧᠢ᠂ ᠨᠤᠮ ᠤᠨ ᠰᠠᠩ ᠢ ᠰᠢᠨ᠎ᠡ ᠪᠠᠷ ᠪᠠᠶᠢᠭᠤᠯᠬᠤ ᠪᠠ ᠦᠷᠭᠡᠳᠬᠡᠨ ᠪᠠᠶᠢᠭᠤᠯᠵᠦ᠂ ᠰᠤᠶᠤᠯ ᠤᠨ ᠠᠵᠦ | ᠤᠶᠢᠯᠡᠰ ᠢ ᠬᠤᠯᠪᠤᠭᠳᠠᠯᠲᠤ ᠠᠵᠦ ᠤᠶᠢᠯᠡᠰ ᠲᠠᠢ ᠠᠭᠤᠰᠤᠯᠴᠠᠭᠤᠯᠤᠨ ᠭᠦᠭᠵᠢᠭᠦᠯᠬᠦ ᠶᠢ ᠠᠭᠢᠭᠤᠯᠬᠤ ᠬᠡᠷᠡᠭᠲᠡᠢ᠃ | ᠡᠷᠡᠭᠦᠯ ᠮᠡᠨᠲᠦ ᠬᠡᠰᠢᠭᠲᠡᠨ ᠬᠤᠰᠢᠭᠤᠨ ᠤ ᠪᠦᠲᠦᠭᠡᠨ ᠪᠠᠶᠢᠭᠤᠯᠤᠯᠲᠠ ᠶᠢ ᠠᠭᠢᠭᠤᠯᠵᠦ᠂ ᠤᠷᠢᠳᠴᠢᠯᠠᠨ ᠰᠡᠷᠭᠡᠶᠢᠯᠡᠬᠦ | ᠪᠠᠷ ᠭᠤᠤᠯ ᠪᠤᠯᠭᠠᠬᠤ ᠶᠢ ᠪᠠᠷᠢᠮᠲᠠᠯᠠᠵᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠦᠳᠡᠯᠭᠡᠭᠡᠨ ᠢ | ᠬᠦᠨᠵᠡᠭᠡᠢ ᠦᠷᠨᠢᠭᠦᠯᠵᠦ᠂ ᠬᠦᠨᠲᠦ ᠶᠡᠭᠡ ᠡᠪᠡᠳᠴᠢᠨ ᠡᠮᠬᠡᠭ ᠢ ᠤᠷᠢᠳᠴᠢᠯᠠᠨ ᠰᠡᠷᠭᠡᠶᠢᠯᠡᠨ ᠡᠵᠡᠮᠳᠡᠵᠦ᠂ | ᠦᠨᠲᠦᠰᠦᠨ ᠱᠠᠲᠦᠨ ᠤ ᠡᠮᠴᠢᠯᠡᠭᠡᠨ ᠤ ᠤᠶᠢᠯᠡᠴᠢᠯᠡᠭᠡ ᠶᠢᠨ ᠲᠤᠭᠲᠠᠯᠴᠠᠭ᠎ᠠ ᠪᠠ ᠪᠦᠬᠦ ᠰᠠᠯᠠᠭᠠᠨ ᠤ ᠡᠮᠴᠢ ᠶᠢᠨ | ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠯᠠᠨ ᠲᠦᠮᠡᠨ ᠳᠤ ᠪᠦᠬᠦ ᠲᠠᠯ᠎ᠠ ᠶᠢᠨ᠂ ᠪᠦᠬᠦ ᠡᠭᠡᠯᠵᠢᠲᠦ | ᠬᠤᠭᠤᠴᠠᠭᠠᠨ ᠤ ᠡᠷᠡᠭᠦᠯ ᠮᠡᠨᠲᠦ ᠶᠢᠨ ᠤᠶᠢᠯᠡᠴᠢᠯᠡᠭᠡ ᠬᠠᠩᠭᠠᠬᠤ ᠬᠡᠷᠡᠭᠲᠡᠢ᠃ ᠤᠯᠠᠨ ᠨᠡᠶᠢᠳᠡ ᠶᠢᠨ ᠪᠡᠶ᠎ᠡ ᠶᠢᠨ | ᠲᠠᠮᠢᠷ ᠤᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠪᠦᠬᠦ ᠠᠷᠠᠳ ᠤᠨ ᠪᠡᠶ᠎ᠡ | ᠪᠠᠨ ᠴᠢᠬᠢᠷᠠᠭᠵᠢᠭᠤᠯᠬᠤ ᠠᠵᠢᠯᠯᠠᠭᠠᠨ ᠢ ᠦᠷᠭᠡᠨ ᠢᠶᠠᠷ ᠦᠷᠨᠢᠭᠦᠯᠬᠦ ᠬᠡᠷᠡᠭᠲᠡᠢ᠃ ᠡᠷᠭᠡ ᠳᠡᠭᠰᠢ᠂ ᠪᠦᠯᠭᠦᠮᠳᠡᠯ ᠲᠠᠢ᠂ | ᠬᠠᠷᠢᠯᠴᠠᠨ ᠬᠠᠪᠰᠤᠷᠤᠯᠴᠠᠭᠰᠠᠨ᠂ ᠡᠶ᠎ᠡ ᠵᠤᠬᠢᠴᠠᠯᠲᠠᠢ ᠨᠡᠶᠢᠭᠡᠮ ᠵᠢᠷᠤᠮ ᠤᠨ ᠰᠢᠨ᠎ᠡ ᠬᠡᠯᠪᠡᠷᠢ ᠶᠢᠨ ᠦᠨᠲᠦᠰᠦᠲᠡᠨ ᠤ | ᠬᠠᠷᠢᠴᠠᠭ᠎ᠠ ᠶᠢ ᠪᠠᠬᠢᠵᠢᠭᠦᠯᠦᠨ ᠭᠦᠭᠵᠢᠭᠦᠯᠵᠦ᠂ ᠪᠦᠬᠦ ᠤᠷᠤᠨ᠂ ᠪᠦᠬᠦ ᠤᠯᠤᠰ ᠤᠨ ᠦᠨᠲᠦᠰᠦᠲᠡᠨ ᠤ ᠪᠦᠯᠭᠦᠮᠳᠡᠯ ᠤᠨ | ᠵᠢᠱᠢᠶ᠎ᠡ ᠦᠵᠡᠭᠦᠯᠬᠦ ᠬᠤᠰᠢᠭᠤ ᠶᠢ ᠴᠤᠭᠴᠠᠯᠠᠨ ᠪᠠᠶᠢᠭᠤᠯᠬᠤ ᠪᠠᠷ ᠲᠡᠮᠡᠴᠡᠬᠦ ᠬᠡᠷᠡᠭᠲᠡᠢ᠃ ᠷᠠᠳᠢᠤ᠋ ᠺᠢᠨᠤ᠋ ᠲᠧᠯᠧᠢᠰ᠂ | ᠵᠡᠮᠳᠡᠭᠴᠦᠳ ᠤᠨ ᠠᠵᠢᠯ ᠤᠶᠢᠯᠡᠰ ᠢ ᠭᠦᠭᠵᠢᠭᠦᠯᠬᠦ ᠶᠢ ᠴᠢᠬᠤᠯᠠᠴᠢᠯᠠᠵᠤ᠂ ᠲᠤᠭ᠎ᠠ ᠪᠦᠷᠢᠳᠬᠡᠯ᠂ ᠴᠠᠭ ᠠᠭᠤᠷ᠂ | ᠳᠠᠩᠰᠠ ᠡᠪᠬᠡᠮᠡᠯ ᠵᠡᠷᠭᠡ ᠠᠵᠢᠯ ᠢ ᠦᠷᠭᠦᠯᠵᠢᠯᠡᠨ ᠴᠢᠩᠭᠠᠳᠬᠠᠬᠤ ᠬᠡᠷᠡᠭᠲᠡᠢ᠃ | ᠬᠠᠮᠲᠦᠪᠡᠷ ᠪᠠᠶᠢᠭᠤᠯᠵᠤ ᠬᠠᠮᠲᠤᠪᠠᠷ ᠵᠠᠰᠠᠵᠤ ᠬᠠᠮᠲᠦᠪᠡᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠪᠠᠶᠢᠳᠠᠯ ᠢ | ᠡᠭᠦᠳᠬᠦ ᠬᠡᠷᠡᠭᠲᠡᠢ᠃ ᠨᠡᠶᠢᠭᠡᠮ ᠤᠨ ᠵᠠᠰᠠᠯᠲᠠ ᠶᠢᠨ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ | ᠬᠤᠷᠢᠶ᠎ᠠ ᠤᠲᠤᠷᠢᠲᠤᠨ᠂ ᠵᠠᠰᠠᠭ ᠤᠨ ᠤᠷᠲᠦᠨ ᠬᠠᠷᠢᠭᠤᠴᠠᠵᠤ᠂ ᠨᠡᠶᠢᠭᠡᠮ ᠬᠠᠮᠵᠢᠯᠴᠠᠨ᠂ ᠤᠯᠠᠨ ᠲᠦᠮᠡᠨ | ᠤᠷᠤᠯᠴᠠᠵᠤ᠂ ᠬᠠᠤᠯᠢ ᠲᠦᠷᠢᠮ ᠢᠶᠠᠷ ᠪᠠᠲᠤᠯᠠᠭ᠎ᠠ ᠪᠤᠯᠭᠠᠭᠰᠠᠨ ᠨᠡᠶᠢᠭᠡᠮ ᠤᠨ ᠵᠠᠰᠠᠯᠲᠠ ᠶᠢᠨ ᠲᠤᠭᠲᠠᠯᠴᠠᠭ᠎ᠠ ᠶᠢ | ᠳᠡᠭᠦᠯᠳᠡᠷᠵᠢᠭᠦᠯᠵᠦ᠂ ᠨᠡᠶᠢᠭᠡᠮ ᠤᠨ ᠵᠠᠰᠠᠯᠲᠠ ᠶᠢᠨ ᠨᠡᠶᠢᠭᠡᠮᠴᠢᠯᠡᠭᠰᠡᠨ᠂ ᠬᠠᠤᠯᠢ ᠪᠠᠷ ᠵᠠᠰᠠᠭᠰᠠᠨ᠂ ᠴᠢᠳᠠᠪᠬᠢᠲᠦ᠂ | ᠳᠤᠰᠬᠠᠶᠢᠵᠢᠭᠰᠠᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ︽ᠲᠤᠯᠤᠭ᠎ᠠ ᠳᠠᠪᠤ︾ ᠶᠢᠨ ᠬᠠᠤᠯᠢ | ᠲᠦᠭᠡᠮᠡᠯᠵᠢᠭᠦᠯᠬᠦ ᠪᠠ ︽ᠬᠠᠤᠯᠢ ᠪᠠᠷ ᠵᠠᠰᠠᠭᠰᠠᠨ ᠭᠡᠰᠢᠭᠲᠡᠨ ᠬᠤᠰᠢᠭᠤ︾ ᠶᠢᠨ ᠪᠠᠶᠢᠭᠤᠯᠤᠯᠲᠠ ᠶᠢ ᠬᠦᠨᠵᠡᠭᠡᠢ | ᠠᠭᠢᠭᠤᠯᠵᠦ᠂ ᠴᠢᠨᠠᠷ ᠰᠠᠶᠢᠨ ᠦᠨᠲᠦᠷ ᠦᠷ᠎ᠡ ᠠᠰᠢᠭᠲᠠᠢ ᠬᠠᠤᠯᠢ ᠴᠠᠭᠠᠵᠠ ᠶᠢᠨ ᠤᠶᠢᠯᠡᠴᠢᠯᠡᠭᠡ ᠶᠢᠨ | ᠲᠤᠭᠲᠠᠯᠴᠠᠭ᠎ᠠ ᠶᠢ ᠡᠭᠦᠲᠦᠨ ᠪᠠᠶᠢᠭᠤᠯᠬᠤ ᠬᠡᠷᠡᠭᠲᠡᠢ᠃ ᠨᠡᠶᠢᠭᠡᠮ ᠤᠨ ᠵᠦᠷᠢᠴᠡᠯ ᠢ ᠡᠭᠢ ᠡᠭᠦᠰᠦᠯ ᠠᠴᠠ ᠨᠢ | ᠵᠠᠰᠠᠬᠤ ᠶᠢ ᠴᠢᠩᠭᠠᠳᠬᠠᠵᠤ᠂ ᠤᠯᠠᠨ ᠲᠦᠮᠡᠨ ᠤ ᠭᠤᠮᠤᠳᠠᠯ ᠱᠠᠭᠠᠷᠳᠠᠯᠭ᠎ᠠ ᠪᠠᠨ ᠢᠯᠡᠳᠬᠡᠬᠦ᠂ ᠠᠰᠢᠭ ᠲᠤᠰᠠ ᠶᠢ | ᠵᠤᠭᠢᠴᠠᠭᠤᠯᠬᠤ᠂ ᠡᠷᠭᠡ ᠠᠰᠢᠭ ᠢᠶᠠᠨ ᠪᠠᠲᠤᠯᠠᠬᠤ ᠠᠷᠭ᠎ᠠ ᠵᠠᠮ ᠢ ᠰᠢᠯᠤᠭᠤᠳᠬᠠᠵᠤ᠂ ᠵᠠᠭᠢᠳᠠᠯ ᠰᠤᠷᠪᠤᠯᠵᠢᠯᠠᠭ᠎ᠠ ᠶᠢᠨ | ᠬᠠᠤᠯᠢ ᠪᠠᠷ ᠵᠠᠰᠠᠬᠤ ᠪᠠᠶᠢᠭᠤᠯᠤᠯᠲᠠ ᠶᠢ ᠠᠭᠢᠭᠤᠯᠵᠦ᠂ ᠵᠠᠭᠢᠳᠠᠯ ᠰᠤᠷᠪᠤᠯᠵᠢᠯᠠᠭ᠎ᠠ ᠶᠢᠨ ᠡᠮᠬᠢ ᠲᠢᠭᠯᠢᠮ ᠢ | ᠪᠦᠲᠦᠮᠵᠢᠲᠠᠢ ᠲᠦᠷᠢᠮᠵᠢᠭᠦᠯᠬᠦ ᠬᠡᠷᠡᠭᠲᠡᠢ᠃ ᠠᠶᠤᠯᠭᠦᠢ ᠭᠦᠭᠵᠢᠯᠳᠡ ᠶᠢᠨ ᠤᠶᠢᠯᠠᠭᠠᠭᠳᠠᠬᠤᠨ ᠢ ᠪᠤᠢ ᠪᠤᠯᠭᠠᠵᠤ᠂ ᠠᠮᠢ | ᠨᠠᠰᠦ ᠡᠷᠬᠢᠮ ᠳᠡᠭᠡᠲᠦ᠂ ᠠᠮᠦᠷ ᠲᠦᠪᠰᠢᠨ ᠨᠢᠭᠡᠲᠦᠭᠡᠷ ᠬᠡᠬᠦ ᠦᠵᠡᠯ ᠰᠠᠨᠠᠭ᠎ᠠ ᠶᠢ ᠪᠠᠳᠠᠷᠠᠭᠤᠯᠵᠤ᠂ ᠤᠯᠠᠨ | ᠨᠡᠶᠢᠳᠡ ᠶᠢᠨ ᠠᠮᠦᠷ ᠲᠦᠪᠰᠢᠨ ᠤ ᠲᠤᠭᠲᠠᠯᠴᠠᠭ᠎ᠠ ᠶᠢ ᠳᠡᠭᠦᠯᠳᠡᠷᠵᠢᠭᠦᠯᠵᠦ᠂ ᠠᠶᠤᠯᠭᠦᠢ ᠤᠶᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠲᠦᠷᠢᠮ ᠢ ᠳᠡᠭᠦᠯᠳᠡᠷᠵᠢᠭᠦᠯᠵᠦ᠂ ᠬᠦᠨᠲᠦ ᠶᠡᠭᠡ ᠤᠨᠴᠠ ᠶᠡᠭᠡ ᠠᠮᠦᠷ ᠲᠦᠪᠰᠢᠨ ᠤ ᠬᠡᠷᠡᠭ | ᠤᠴᠢᠷ ᠡᠭᠦᠰᠬᠦ ᠶᠢ ᠡᠷᠡᠰ ᠬᠤᠷᠢᠭᠯᠠᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ | ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠢᠳᠡᠭᠡᠨ ᠤ ᠠᠮᠦᠷ ᠲᠦᠪᠰᠢᠨ ᠤ ᠪᠠᠶᠢᠯᠲᠤᠬᠤ ᠪᠤᠲᠤᠯᠭ᠎ᠠ ᠶᠢ | ᠪᠦᠬᠦ ᠲᠠᠯ᠎ᠠ ᠪᠠᠷ ᠭᠡᠷᠡᠭᠵᠢᠬᠦᠯᠵᠦ᠂ ᠬᠢᠨᠠᠨ ᠬᠠᠮᠢᠶᠠᠷᠦᠯᠲᠠ ᠶᠢᠨ ᠵᠤᠭᠢᠮᠵᠢ ᠳᠤ ᠰᠢᠨ᠎ᠡ ᠶᠢ ᠡᠭᠦᠳᠴᠦ᠂ ᠢᠳᠡᠭᠡᠨ ᠤ | ᠠᠵᠦ ᠤᠶᠢᠯᠡᠰ ᠤᠨ ᠡᠷᠡᠭᠦᠯ ᠭᠦᠭᠵᠢᠯᠳᠡ ᠶᠢ ᠠᠭᠢᠭᠤᠯᠬᠤ ᠬᠡᠷᠡᠭᠲᠡᠢ᠃ ᠠᠮᠦᠷ ᠲᠠᠶᠢᠪᠤᠩ ᠭᠡᠰᠢᠭᠲᠡᠨ | ᠬᠤᠰᠢᠭᠤ ᠶᠢᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠦᠷ ᠬᠢᠵᠦ᠂ ᠴᠢᠬᠤᠯᠠ ᠶᠡᠭᠡ ᠰᠢᠢᠳᠪᠦᠷᠢᠲᠦ ᠪᠤᠲᠤᠯᠭ᠎ᠠ ᠶᠢᠨ | ᠲᠦᠭᠰᠢᠭᠦᠷᠢ ᠶᠢᠨ ᠦᠨᠡᠯᠡᠯᠳᠡ ᠶᠢ ᠴᠢᠩᠭᠠᠳᠬᠠᠵᠤ᠂ ᠨᠡᠶᠢᠭᠡᠮ ᠤᠨ ᠠᠮᠦᠷ ᠢ ᠬᠠᠮᠠᠭᠠᠯᠠᠬᠤ ᠰᠡᠷᠭᠡᠶᠢᠯᠡᠨ ᠡᠵᠡᠮᠳᠡᠬᠦ | ᠪᠡᠶᠡᠲᠦ ᠲᠤᠭᠲᠠᠯᠴᠠᠭ᠎ᠠ ᠶᠢ ᠳᠡᠭᠦᠯᠳᠡᠷᠵᠢᠭᠦᠯᠵᠦ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠤᠯᠠᠨ ᠨᠡᠶᠢᠳᠡ ᠶᠢᠨ | ᠠᠶᠤᠯᠭᠦᠢ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠪᠦᠬᠦ ᠬᠤᠰᠢᠭᠤᠨ ᠤ ᠠᠷᠠᠳ ᠲᠦᠮᠡᠨ ᠤ ᠪᠡᠶ᠎ᠡ ᠶᠢᠨ ᠡᠷᠬᠡ᠂ | ᠡᠳ᠋ ᠬᠦᠷᠦᠩᠭᠡ ᠶᠢᠨ ᠡᠷᠭᠡ ᠪᠠ ᠨᠡᠷ᠎ᠡ ᠬᠦᠨᠲᠦ ᠶᠢᠨ ᠡᠷᠭᠡ ᠶᠢ ᠬᠠᠮᠠᠭᠠᠠᠯᠬᠤ ᠬᠡᠷᠡᠭᠲᠡᠢ᠃ | | |