| | | | ︵ᠳᠠᠪᠤ︶ ᠰᠢᠨ᠎ᠡ ᠶᠢ ᠡᠭᠦᠳᠬᠦ ᠪᠠᠷ ᠬᠦᠳᠡᠯᠭᠡᠬᠦᠷ ᠪᠤᠯᠭᠠᠬᠤ ᠶᠢ ᠪᠠᠷᠢᠮᠲᠠᠯᠠᠵᠤ᠂ ᠦᠭᠡᠷᠡᠴᠢᠯᠡᠯᠳᠡ ᠶᠢ | ᠭᠦᠨᠵᠡᠭᠡᠶᠢᠷᠡᠭᠦᠯᠦᠨ ᠴᠢᠯᠦᠭᠡᠲᠠᠢ ᠶᠠᠪᠤᠯᠴᠠᠬᠤ ᠶᠢ ᠳᠠᠰᠦᠷᠠᠯᠲᠠ ᠦᠬᠡᠢ ᠦᠷᠭᠡᠳᠬᠡᠬᠦ ᠬᠡᠷᠡᠭᠲᠡᠢ᠃ ᠦᠭᠡᠷᠡᠴᠢᠯᠡᠯᠳᠡ | ᠬᠢᠵᠦ ᠰᠢᠨ᠎ᠡ ᠶᠢ ᠡᠭᠦᠳᠬᠦ ᠪᠠ ᠴᠢᠯᠦᠭᠡᠲᠠᠢ ᠶᠠᠪᠤᠯᠴᠠᠬᠤ ᠶᠢ ᠦᠷᠭᠡᠳᠬᠡᠬᠦ ᠪᠠᠷ ᠰᠢᠪᠲᠤᠯᠤᠯᠲᠠ ᠪᠤᠯᠭᠠᠵᠤ᠂ | ᠭᠤᠤᠯᠳᠠᠯᠭ᠎ᠠ ᠲᠠᠢ ᠬᠦᠷᠢᠶ᠎ᠡ ᠬᠡᠪᠴᠢᠶ᠎ᠡ ᠶᠢ ᠲᠤᠪᠤᠶᠢᠯᠭᠠᠵᠤ᠂ ᠵᠠᠩᠭᠢᠯᠠᠭ᠎ᠠ ᠶᠢᠨ ᠭᠤᠭᠴᠤᠭ᠎ᠠ ᠶᠢ ᠡᠵᠡᠮᠰᠢᠵᠦ᠂ | ᠦᠭᠡᠷᠡᠴᠢᠯᠡᠯᠳᠡ ᠶᠢ ᠡᠮᠬᠢ ᠲᠢᠭᠯᠢᠮ ᠲᠠᠢ ᠠᠭᠢᠭᠤᠯᠵᠦ᠂ ᠴᠢᠯᠦᠭᠡᠲᠠᠢ ᠶᠠᠪᠤᠯᠴᠠᠬᠤ ᠶᠢ ᠦᠷᠭᠡᠳᠬᠡᠨ᠂ ᠲᠤᠲᠤᠭᠠᠲᠤᠬᠢ | ᠬᠦᠳᠡᠯᠭᠡᠬᠦ ᠬᠦᠴᠦᠨ ᠢ ᠳᠠᠰᠤᠷᠠᠯᠲᠠ ᠦᠬᠡᠢ ᠭᠦᠭᠵᠢᠭᠡᠵᠦ᠂ ᠭᠠᠳᠠᠨᠠᠬᠢ ᠠᠮᠢᠵᠢᠷᠠᠯ ᠤᠨ ᠬᠦᠴᠦᠨ ᠢ ᠪᠠᠳᠠᠷᠠᠭᠤᠯᠬᠤ | ᠬᠡᠷᠡᠭᠲᠡᠢ᠃ | ᠡᠯ᠎ᠡ ᠬᠦᠷᠢᠶ᠎ᠡ ᠬᠡᠪᠴᠢᠶᠡᠨ ᠤ ᠦᠭᠡᠷᠡᠴᠢᠯᠡᠯᠳᠡ ᠶᠢ ᠯᠠᠪᠳᠠᠭᠤᠨ ᠠᠭᠢᠭᠤᠯᠬᠤ ᠬᠡᠷᠡᠭᠲᠡᠢ᠃ ᠠᠵᠦ | ᠠᠬᠤᠢ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠬᠦᠨᠵᠡᠭᠡᠶᠢᠷᠡᠭᠦᠯᠵᠦ᠂ ︽ᠭᠤᠷᠪᠠ ᠶᠢ ᠦᠬᠡᠶᠢᠰᠬᠡᠵᠦ ᠨᠢᠭᠡ ᠶᠢ | ᠲᠤᠷᠤᠭᠰᠢᠯᠠᠭᠤᠯᠵᠤ ᠨᠢᠭᠡ ᠶᠢ ᠨᠦᠭᠦᠪᠦᠷᠢᠯᠡᠬᠦ︾ ᠶᠢ ᠪᠠᠷᠢᠮᠲᠠᠯᠠᠵᠤ᠂ ᠬᠠᠳᠠᠭᠠᠯᠠᠭᠳᠠᠵᠤ ᠪᠠᠶᠢᠭ᠎ᠠ ᠡᠬᠢ ᠪᠠᠶᠠᠯᠢᠭ ᠤᠨ | ᠲᠤᠭᠢᠷᠠᠭᠤᠯᠤᠯᠳᠠ ᠶᠢ ᠰᠢᠯᠢᠳᠡᠭᠵᠢᠬᠦᠯᠵᠦ᠂ ᠴᠢᠨᠠᠷ ᠰᠠᠶᠢᠨ ᠨᠡᠮᠡᠭᠳᠡᠯ ᠬᠠᠩᠭᠠᠯᠭ᠎ᠠ ᠶᠢ ᠦᠷᠭᠡᠳᠬᠡᠵᠦ᠂ ᠬᠠᠩᠭᠠᠯᠭ᠎ᠠ | ᠬᠡᠷᠡᠭᠴᠡᠭᠡ ᠶᠢᠨ ᠬᠦᠳᠡᠯᠦᠩᠭᠦᠢ ᠲᠡᠩᠴᠡᠭᠦᠷᠢ ᠶᠢ ᠪᠡᠶᠡᠯᠡᠭᠦᠯᠬᠦ ᠬᠡᠷᠡᠭᠲᠡᠢ᠃ ᠵᠠᠰᠠᠭ ᠤᠨ ᠤᠷᠲᠦᠨ ᠤ ᠵᠠᠰᠠᠭ | ᠵᠠᠭᠢᠷᠭᠠᠨ ᠤ ᠡᠷᠭᠡ ᠶᠢ ᠬᠦᠳᠡᠯᠦᠩᠭᠦᠢ ᠪᠠᠷ ᠡᠮᠬᠢ ᠴᠡᠭᠴᠡᠲᠡᠢ ᠪᠤᠯᠭᠠᠵᠤ᠂ ᠡᠷᠬᠡ᠂ ᠬᠠᠷᠢᠭᠤᠴᠠᠯᠭ᠎ᠠ᠂ ᠨᠠᠵᠠᠭᠠᠢ | ᠲᠠᠯ᠎ᠠ ᠶᠢᠨ ︽ᠭᠤᠷᠪᠠᠨ ᠨᠠᠷᠢᠨ ᠳᠠᠩᠰᠠ︾ ᠶᠢ ᠴᠠᠭ ᠲᠤᠬᠠᠢ ᠳᠤ ᠨᠢ ᠳᠡᠭᠦᠯᠳᠡᠷᠵᠢᠭᠦᠯᠬᠦ ᠪᠠ ᠢᠯᠡ ᠨᠡᠶᠢᠲᠡᠯᠡᠵᠦ᠂ | ᠬᠤᠳᠠ ᠬᠤᠰᠢᠭᠤ ᠰᠢᠶᠠᠩ ᠲᠤᠰᠬᠤᠨ ᠲᠦᠷᠪᠡᠨ ᠱᠠᠲᠦᠨ ᠤ ᠬᠤᠯᠪᠤᠭᠠᠲᠦ ᠠᠷᠠᠳ ᠲᠤ ᠲᠦᠭᠦᠮ ᠦᠵᠡᠭᠦᠯᠬᠦ | ᠤᠶᠢᠯᠡᠴᠢᠯᠡᠭᠡ ᠶᠢᠨ ᠴᠢᠮᠡᠭᠡ ᠵᠠᠩᠭᠢᠵᠢᠯᠲᠠ ᠶᠢᠨ ᠰᠦᠯᠵᠢᠶ᠎ᠡ ᠶᠢᠨ ᠪᠠᠶᠢᠭᠤᠯᠤᠯᠲᠠ ᠪᠠ ᠪᠦᠬᠦ ᠤᠯᠤᠰ ᠤᠨ ᠦᠨᠲᠦᠰᠦᠨ | ᠱᠠᠲᠦᠨ ᠤ ᠵᠠᠰᠠᠭ ᠤᠨ ᠶᠠᠪᠤᠳᠠᠯ ᠢ ᠢᠯᠡ ᠪᠤᠯᠭᠠᠬᠤ ᠪᠠᠷᠢᠮᠵᠢᠶᠠᠵᠢᠭᠰᠠᠨ ᠲᠦᠷᠢᠮᠵᠢᠭᠰᠡᠨ ᠲᠤᠷᠰᠢᠯᠲᠠ ᠶᠢᠨ ᠴᠢᠭ᠋ ᠤᠨ | ᠠᠵᠢᠯ ᠢ ᠪᠦᠬᠦ ᠲᠠᠯ᠎ᠠ ᠪᠠᠷ ᠪᠡᠶᠡᠯᠡᠭᠦᠯᠬᠦ ᠬᠡᠷᠡᠭᠲᠡᠢ᠃ ︽ᠳᠠᠯᠪᠢᠬᠤ ᠬᠠᠮᠢᠶᠠᠷᠬᠤ ᠤᠶᠢᠯᠡᠴᠢᠯᠡᠬᠦ︾ ᠦᠭᠡᠷᠡᠴᠢᠯᠡᠯᠳᠡ ᠶᠢ | ᠭᠦᠨᠵᠡᠭᠡᠶᠢᠷᠡᠭᠦᠯᠵᠦ᠂ ︽ᠬᠤᠶᠠᠷ ᠢ ᠲᠤᠭᠢᠶᠠᠯ ᠢᠶᠠᠷ ᠨᠢᠭᠡ ᠶᠢ ᠢᠯᠡ ᠪᠤᠯᠭᠠᠬᠤ︾ ᠬᠢᠨᠠᠨ ᠬᠠᠮᠢᠶᠠᠷᠦᠯᠲᠠ ᠶᠢ ᠴᠢᠩᠭ᠎ᠠ | ᠬᠡᠷᠡᠭᠵᠢᠬᠦᠯᠬᠦ ᠬᠡᠷᠡᠭᠲᠡᠢ᠃ ᠬᠤᠳᠠᠯᠲᠤᠭᠠᠨ ᠤ ᠶᠠᠪᠤᠳᠠᠯ ᠤᠨ ᠲᠦᠷᠢᠮ ᠤᠨ ᠦᠭᠡᠷᠡᠴᠢᠯᠡᠯᠳᠡ ᠶᠢ ᠬᠦᠨᠵᠡᠭᠡᠶᠢᠷᠡᠭᠦᠯᠵᠦ᠂ | ᠵᠠᠰᠠᠭ ᠵᠠᠭᠢᠷᠭᠠᠨ ᠤ ᠭᠠᠭᠴᠠᠭᠠᠷ ᠡᠵᠡᠮᠰᠢᠬᠦ ᠶᠢ ᠡᠪᠳᠡᠵᠦ᠂ ᠵᠠᠬ᠎ᠠ ᠳᠡᠯᠭᠡᠭᠦᠷ ᠤᠨ ᠭᠠᠭᠴᠠᠭᠠᠷ ᠡᠵᠡᠮᠰᠢᠬᠦ ᠶᠢ | ᠬᠤᠷᠢᠭᠯᠠᠬᠤ ᠬᠡᠷᠡᠭᠲᠡᠢ᠃ ᠨᠡᠶᠢᠭᠡᠮ ᠤᠨ ᠠᠵᠢᠯ ᠤᠶᠢᠯᠡᠰ ᠤᠨ ᠬᠦᠷᠢᠶ᠎ᠡ ᠬᠡᠪᠴᠢᠶᠡᠨ ᠳᠠᠬᠢ ᠦᠭᠡᠷᠡᠴᠢᠯᠡᠯᠳᠡ ᠶᠢ | ᠬᠦᠨᠵᠡᠭᠡᠶᠢᠷᠡᠬᠦᠯᠵᠦ᠂ ᠦᠨᠲᠦᠰᠦᠨ ᠤᠯᠠᠨ ᠨᠡᠶᠢᠳᠡ ᠶᠢᠨ ᠤᠶᠢᠯᠡᠴᠢᠯᠡᠭᠡ ᠶᠢᠨ ᠬᠠᠩᠭᠠᠯᠭ᠎ᠠ ᠶᠢᠨ ᠠᠷᠭ᠎ᠠ ᠬᠡᠯᠪᠡᠷᠢ ᠳᠤ | ᠰᠢᠨ᠎ᠡ ᠶᠢ ᠡᠭᠦᠳᠴᠦ᠂ ᠤᠶᠢᠯᠡᠴᠢᠯᠡᠭᠡ ᠶᠢᠨ ᠴᠢᠳᠠᠪᠤᠷᠢ ᠪᠠ ᠲᠡᠩᠴᠡᠭᠦᠷᠢᠲᠦ ᠬᠢᠷᠢ ᠲᠦᠪᠰᠢᠨ ᠢ ᠳᠡᠭᠡᠭᠰᠢᠯᠡᠭᠦᠯᠬᠦ | ᠬᠡᠷᠡᠭᠲᠡᠢ᠃ ᠠᠵᠢᠯ ᠤᠶᠢᠯᠡᠰ ᠤᠨ ᠨᠢᠭᠡᠴᠡ ᠶᠢᠨ ᠦᠭᠡᠷᠡᠴᠢᠯᠡᠯᠳᠡ ᠶᠢ ᠬᠦᠨᠵᠡᠭᠡᠶᠢᠷᠡᠭᠦᠯᠵᠦ᠂ ᠨᠡᠶᠢᠳᠡ ᠶᠢᠨ | ᠠᠰᠠᠷᠠᠮᠵᠢ ᠶᠢᠨ ᠬᠠᠷᠢᠶᠠᠲᠦ ᠴᠢᠨᠠᠷ ᠢ ᠴᠢᠩᠭᠠᠳᠬᠠᠵᠤ᠂ ᠵᠠᠰᠠᠭ ᠪᠠ ᠠᠵᠢᠯ ᠤᠶᠢᠯᠡᠰ ᠢ ᠰᠠᠯᠭᠠᠬᠤ᠂ ᠠᠵᠢᠯ ᠤᠶᠢᠯᠡᠰ | ᠪᠠ ᠠᠵᠦ ᠠᠬᠤᠶᠢᠯᠠᠯ ᠢ ᠰᠠᠯᠭᠠᠬᠤ᠂ ᠬᠠᠮᠢᠶᠠᠷᠬᠤ ᠪᠠ ᠭᠦᠢᠴᠡᠳᠬᠡᠬᠦ ᠶᠢ ᠰᠠᠯᠭᠠᠬᠤ ᠶᠢ ᠠᠭᠢᠭᠤᠯᠬᠤ ᠬᠡᠷᠡᠭᠲᠡᠢ᠃ | ᠪᠠᠶᠢᠭᠤᠯᠤᠮᠵᠢ ᠶᠢᠨ ᠤᠷᠤᠨ ᠲᠤᠭ᠎ᠠ ᠶᠢᠨ ᠬᠠᠮᠢᠶᠠᠷᠦᠯᠲᠠ ᠶᠢ ᠴᠢᠩᠭᠠᠳᠬᠠᠵᠤ᠂ ᠵᠠᠰᠠᠭ ᠤᠨ ᠤᠷᠲᠦᠨ ᠤ | ᠪᠠᠶᠢᠭᠤᠯᠤᠮᠵᠢ ᠶᠢᠨ ᠦᠭᠡᠷᠡᠴᠢᠯᠡᠯᠳᠡ ᠶᠢ ᠯᠠᠪᠳᠠᠭᠤᠨ ᠭᠡᠷᠡᠭᠵᠢᠬᠦᠯᠵᠦ᠂ ᠴᠢᠳᠠᠪᠬᠢ ᠤᠶᠢᠷᠠᠯᠴᠠᠭ᠎ᠠ ᠨᠠᠮ ᠵᠠᠰᠠᠭ ᠤᠨ | ᠪᠠᠶᠢᠭᠤᠯᠤᠯᠭ᠎ᠠ ᠶᠢ ᠨᠡᠶᠢᠯᠡᠭᠦᠯᠦᠨ ᠪᠠᠶᠢᠭᠤᠯᠬᠤ ᠪᠤᠶᠤ ᠬᠠᠮᠲᠤᠷᠠᠨ ᠠᠵᠢᠯᠯᠠᠬᠤ ᠶᠢ ᠡᠷᠢᠯᠭᠢᠯᠡᠨ ᠬᠡᠷᠡᠭᠵᠢᠬᠦᠯᠬᠦ | ᠬᠡᠷᠡᠭᠲᠡᠢ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠦᠭᠡᠷᠡᠴᠢᠯᠡᠯᠳᠡ ᠶᠢ ᠬᠦᠨᠵᠡᠭᠡᠶᠢᠷᠡᠭᠦᠯᠵᠦ᠂ | ᠡᠷᠡᠭᠦᠯ ᠮᠡᠨᠲᠦ ᠳᠤᠮᠳᠠᠲᠦ ᠤᠯᠤᠰ ᠤᠨ ᠪᠠᠶᠢᠯᠲᠤᠬᠤ ᠪᠤᠲᠤᠯᠭ᠎ᠠ ᠶᠢ ᠬᠡᠷᠡᠭᠵᠢᠬᠦᠯᠬᠦ ᠬᠡᠷᠡᠭᠲᠡᠢ᠃ ᠬᠦᠳᠡᠭᠡ | ᠲᠤᠰᠬᠤᠨ ᠤ ᠭᠠᠵᠠᠷ ᠰᠢᠷᠤᠢ ᠶᠢᠨ ᠲᠦᠷᠢᠮ ᠤᠨ ᠦᠭᠡᠷᠡᠴᠢᠯᠡᠯᠳᠡ ᠶᠢ ᠭᠦᠨᠵᠡᠭᠡᠶᠢᠷᠡᠭᠦᠯᠵᠦ᠂ ᠳᠠᠭᠠᠭᠠᠴᠢᠯᠠᠭᠰᠠᠨ | ᠭᠠᠵᠠᠷ ᠤᠨ ︽ᠭᠤᠷᠪᠠᠨ ᠡᠷᠬᠡ ᠶᠢ ᠰᠠᠯᠭᠠᠬᠤ︾ ᠲᠦᠷᠢᠮ ᠢ ᠳᠡᠭᠦᠯᠳᠡᠷᠵᠢᠭᠦᠯᠵᠦ᠂ ᠬᠦᠳᠡᠭᠡ ᠳᠤᠰᠬᠤᠨ ᠤ ᠬᠠᠮᠲᠦ ᠶᠢᠨ | ᠭᠠᠵᠠᠷ ᠰᠢᠷᠤᠢ ᠶᠢᠨ ᠳᠠᠭᠠᠭᠠᠴᠢᠯᠠᠨ ᠡᠵᠡᠩᠨᠡᠬᠦ ᠡᠷᠭᠡ ᠢ ᠪᠠᠷᠢᠴᠠᠭᠠᠯᠠᠬᠤ ᠲᠤᠷᠰᠢᠯᠲᠠ ᠶᠢᠨ ᠴᠢᠭ᠋ ᠪᠠ ᠤᠯᠤᠰ ᠤᠨ | ᠦᠮᠴᠢᠯᠡᠯᠲᠦ ᠤᠢ ᠰᠢᠭᠤᠢ ᠶᠢᠨ ᠳᠠᠯᠠᠪᠠᠢ ᠶᠢᠨ ᠶᠡᠷᠦᠩᠬᠡᠶᠢᠯᠡᠭᠰᠡᠨ ᠲᠦᠭᠦᠷᠵᠢᠭᠰᠡᠨ ᠦᠭᠡᠷᠡᠴᠢᠯᠡᠯᠳᠡ ᠶᠢᠨ ᠠᠵᠢᠯ ᠢ | ᠪᠡᠶᠡᠯᠡᠭᠦᠯᠬᠦ ᠬᠡᠷᠡᠭᠲᠡᠢ᠃ ᠬᠤᠩᠱᠠᠨ ᠴᠡᠷᠢᠭ ᠤᠨ ᠠᠭᠲᠠ ᠶᠢᠨ ᠳᠠᠯᠠᠪᠠᠢ ᠶᠢᠨ ᠬᠤᠪᠢᠶᠠᠷᠢᠯᠠᠨ ᠰᠢᠯᠵᠢᠭᠦᠯᠬᠦ ᠭᠠᠵᠠᠷ | ᠤᠷᠤᠨ ᠢ ᠪᠦᠬᠦ ᠬᠦᠴᠦᠨ ᠢᠶᠠᠷ ᠠᠭᠢᠭᠤᠯᠬᠤ ᠬᠡᠷᠡᠭᠲᠡᠢ᠃ ᠤᠯᠠᠨ ᠨᠡᠶᠢᠳᠡ ᠶᠢᠨ ᠡᠭᠢ ᠪᠠᠶᠠᠯᠢᠭ ᠤᠨ | ᠰᠤᠯᠢᠯᠴᠠᠭ᠎ᠠ ᠶᠢᠨ ᠬᠠᠮᠢᠶᠠᠷᠦᠯᠲᠠ ᠶᠢᠨ ᠠᠵᠢᠯ ᠤᠨ ᠵᠤᠭᠢᠮᠵᠢ ᠶᠢ ᠪᠠᠶᠢᠭᠤᠯᠵᠦ᠂ ᠤᠯᠠᠨ ᠨᠡᠶᠢᠳᠡ ᠶᠢᠨ ᠬᠠᠮᠲᠦ ᠶᠢᠨ | ᠡᠭᠢ ᠪᠠᠶᠠᠯᠢᠭ ᠤᠨ ᠰᠤᠯᠢᠯᠴᠠᠭ᠎ᠠ ᠶᠢᠨ ᠳᠠᠪᠴᠠᠩ ᠤᠨ ᠤᠶᠢᠯᠡᠴᠢᠯᠡᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ | ᠬᠡᠷᠡᠭᠲᠡᠢ᠃ ᠡᠳ᠋ ᠤᠨ ᠵᠠᠰᠠᠭ ᠤᠨ ᠭᠠᠶᠢᠯᠢ᠂ ᠮᠦᠩᠭᠦᠨ ᠭᠦᠢᠯᠭᠡᠭᠡ ᠵᠡᠷᠭᠡ ᠲᠠᠯ᠎ᠠ ᠶᠢᠨ ᠲᠦᠭᠦᠷᠵᠢᠭᠰᠡᠨ | ᠥᠭᠡᠷᠡᠴᠢᠯᠡᠯᠳᠡ ᠶᠢ ᠨᠢᠭᠡᠲᠦᠯᠵᠢᠭᠦᠯᠦᠨ ᠠᠭᠢᠭᠤᠯᠵᠦ᠂ ᠰᠢᠰᠲ᠋ᠧᠮ ᠤᠨ ᠴᠢᠨᠠᠷᠲᠠᠢ ᠮᠦᠩᠭᠦᠨ ᠭᠦᠢᠯᠭᠡᠭᠡᠨ ᠤ | ᠲᠦᠭᠰᠢᠭᠦᠷᠢ ᠡᠭᠦᠰᠬᠦ ᠦᠬᠡᠢ ᠪᠠᠶᠢᠬᠤ ᠰᠠᠭᠤᠷᠢ ᠱᠤᠭᠤᠮ ᠢ ᠪᠠᠲᠦ ᠰᠠᠬᠢᠬᠤ ᠬᠡᠷᠡᠭᠲᠡᠢ᠃ | ᠭᠠᠳᠠᠨᠠᠬᠢ ᠲᠠᠢ ᠴᠢᠯᠦᠭᠡᠲᠠᠢ ᠶᠠᠪᠤᠯᠴᠠᠬᠤ ᠬᠢᠷᠢ ᠲᠦᠪᠰᠢᠨ ᠢ ᠴᠢᠷᠮᠡᠶᠢᠨ ᠳᠡᠭᠡᠭᠰᠢᠯᠡᠭᠦᠯᠬᠦ ᠬᠡᠷᠡᠭᠲᠡᠢ᠃ | ᠤᠯᠤᠰ ᠤᠨ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠪᠠ ᠪᠡᠭᠡᠵᠢᠩ ᠲᠢᠶᠠᠨᠵᠢᠨ ᠡᠾᠧᠪᠧᠢ ᠶᠢᠨ ᠬᠠᠮᠵᠢᠯᠴᠠᠨ | ᠭᠦᠭᠵᠢᠬᠦ ᠪᠠᠶᠢᠯᠲᠤᠬᠤ ᠪᠤᠲᠤᠯᠭ᠎ᠠ ᠲᠠᠢ ᠰᠠᠨᠠᠭᠠᠴᠢᠯᠠᠭ᠎ᠠ ᠠᠴᠠ ᠪᠠᠨ ᠵᠤᠯᠭᠠᠵᠦ᠂ ᠡᠭᠢ ᠪᠠᠶᠠᠯᠢᠭ ᠢᠶᠠᠷ ᠲᠦᠷᠦᠯ | ᠵᠦᠢᠯ ᠢ ᠰᠤᠯᠢᠬᠤ ᠰᠡᠳᠬᠢᠭᠦᠢ ᠶᠢᠨ ᠬᠡᠪᠰᠢᠮᠡᠯ ᠪᠠᠶᠢᠳᠠᠯ ᠢ ᠡᠪᠳᠡᠵᠦ᠂ ᠳᠠᠪᠠᠭᠤᠯᠢᠭ ᠡᠯᠧᠮᠧᠨ᠋ᠲ ᠢ ᠭᠦᠢᠴᠡᠳ | ᠠᠭᠤᠳᠠᠯᠯᠠᠵᠤ᠂ ᠭᠠᠵᠠᠷ ᠤᠷᠤᠨ ᠤ ᠬᠠᠮᠲᠤᠷᠠᠯᠴᠠᠭ᠎ᠠ ᠳᠤ ᠰᠠᠨᠠᠭᠠᠴᠢᠯᠠᠭ᠎ᠠ ᠲᠠᠢ ᠪᠠᠷ ᠤᠷᠤᠵᠦ᠂ ᠪᠦᠧᠧᠬᠠᠢ | ᠳᠠᠩᠭᠢᠰ ᠤᠨ ᠲᠤᠭᠤᠷᠢᠭ ᠲᠤ ᠰᠠᠭᠤᠷᠢᠯᠠᠨ᠂ ᠬᠠᠷᠠᠮᠦ᠋ᠷᠡᠨ ᠬᠢᠷᠢᠨ ᠯᠢᠶᠤᠤᠨᠢᠩ ᠲᠠᠢ ᠬᠠᠷᠢᠴᠠᠭ᠎ᠠ ᠪᠠᠨ ᠪᠠᠭᠢᠵᠢᠭᠦᠯᠬᠦ᠂ | ᠬᠦᠬᠡᠮᠦ᠋ᠷᠡᠨ ᠤ ᠭᠤᠷᠪᠠᠯᠵᠢᠨ ᠬᠤᠶᠢᠭ ᠳᠡᠰᠢ ᠭᠦᠭᠵᠢᠭᠦᠯᠬᠦ᠂ ᠠᠷᠠᠯᠵᠢᠶᠠᠴᠢᠨ ᠤᠷᠢᠵᠦ ᠪᠡᠯᠡ ᠳᠠᠲᠠᠬᠤ ᠶᠢ ᠠᠵᠦ | ᠤᠶᠢᠯᠡᠳᠪᠦᠷᠢ ᠶᠢᠨ ᠬᠦᠷᠢᠶᠡᠯᠡᠩ ᠲᠤᠭᠤᠷᠢᠭ᠂ ᠭᠤᠤᠯᠳᠠᠯᠭ᠎ᠠ ᠲᠠᠢ ᠠᠵᠦ ᠤᠶᠢᠯᠡᠰ᠂ ᠲᠤᠯᠤᠭᠠᠶᠢᠯᠠᠭᠴᠢ ᠠᠵᠦ | ᠠᠬᠤᠶᠢᠯᠠᠯ ᠳᠡᠰᠢ ᠲᠦᠪᠯᠡᠷᠡᠭᠦᠯᠦᠨ ᠭᠦᠴᠦᠯᠡᠬᠦ ᠶᠢ ᠠᠭᠢᠭᠤᠯᠵᠦ᠂ ᠦᠩᠭᠡᠲᠦ ᠲᠡᠮᠦᠷᠯᠢᠭ ᠪᠤᠯᠪᠠᠰᠦᠷᠠᠭᠤᠯᠬᠤ᠂ ᠮᠠᠯ | ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠪᠤᠯᠪᠠᠰᠦᠷᠠᠭᠤᠯᠬᠤ᠂ ᠳᠡᠭᠡᠲᠦ ᠳᠡᠰ ᠤᠨ ᠲᠤᠨᠤᠭ ᠲᠦᠭᠦᠭᠡᠷᠦᠮᠵᠢ | ᠤᠶᠢᠯᠡᠳᠬᠦ᠂ ᠪᠦᠬᠦ ᠤᠷᠤᠨ ᠬᠡᠪᠴᠢᠶᠡᠨ ᠤ ᠵᠢᠭᠤᠯᠴᠢᠯᠠᠯ᠂ ᠰᠠᠭᠤᠷᠢ ᠲᠦᠭᠦᠭᠡᠷᠦᠮᠵᠢ ᠵᠡᠷᠭᠡ ᠭᠤᠤᠯᠳᠠᠯᠭ᠎ᠠ ᠲᠠᠢ ᠠᠵᠦ | ᠤᠶᠢᠯᠡᠰ ᠪᠠ ᠲᠦᠷᠦᠯ ᠢ ᠴᠢᠷᠮᠡᠶᠢᠨ ᠳᠠᠳᠠᠨ ᠤᠷᠤᠭᠤᠯᠵᠦ᠂ ᠠᠵᠦ ᠠᠬᠤᠢ ᠶᠢᠨ ᠪᠦᠲᠦᠴᠡ ᠶᠢᠨ ᠲᠤᠭᠢᠷᠠᠭᠤᠯᠤᠯᠲᠠ | ᠪᠠ ᠭᠦᠭᠵᠢᠯᠳᠡ ᠶᠢᠨ ᠠᠷᠭ᠎ᠠ ᠬᠡᠯᠪᠡᠷᠢ ᠪᠠᠨ ᠬᠤᠪᠢᠷᠠᠭᠤᠯᠬᠤ ᠶᠢ ᠳᠡᠮᠵᠢᠨ ᠠᠭᠢᠭᠤᠯᠬᠤ ᠬᠡᠷᠡᠭᠲᠡᠢ᠃ ᠪᠡᠭᠡᠵᠢᠩ | ᠦᠪᠦᠷ ᠮᠤᠩᠭᠤᠯ ᠤᠨ ᠠᠵᠢᠯ ᠲᠦᠷᠦᠯ ᠢᠶᠠᠷ ᠬᠠᠪᠰᠤᠷᠤᠨ ᠳᠡᠳᠬᠦᠬᠦ ᠬᠠᠮᠲᠤᠷᠠᠯᠴᠠᠭᠠᠨ ᠤ ᠦᠷ᠎ᠡ ᠪᠦᠲᠦᠬᠡᠯ ᠢ | ᠪᠠᠲᠤᠳᠬᠠᠵᠤ᠂ ᠪᠡᠭᠡᠵᠢᠩ ᠲᠠᠢ ᠠᠵᠦ ᠠᠬᠤᠢ᠂ ᠰᠢᠨᠵᠢᠯᠡᠬᠦ ᠤᠬᠠᠭᠠᠨ ᠮᠡᠷᠭᠡᠵᠢᠯ᠂ ᠰᠤᠶᠤᠯ᠂ ᠰᠤᠷᠭᠠᠨ ᠬᠦᠮᠦᠵᠢᠯ᠂ | ᠡᠮ ᠡᠮᠨᠡᠯᠭᠡ ᠵᠡᠷᠭᠡ ᠬᠦᠷᠢᠶ᠎ᠡ ᠬᠡᠪᠴᠢᠶᠡᠨ ᠳᠠᠬᠢ ᠬᠠᠪᠰᠤᠷᠤᠨ ᠳᠡᠳᠬᠦᠬᠦ ᠬᠠᠮᠲᠤᠷᠠᠯᠴᠠᠭ᠎ᠠ ᠪᠠᠨ ᠬᠦᠨᠵᠡᠭᠡᠶᠢᠷᠡᠭᠦᠯᠵᠦ᠂ | ᠤᠩᠭᠤᠴᠠ ᠵᠢᠭᠡᠯᠡᠨ ᠳᠠᠯᠠᠢ ᠭᠠᠲᠤᠯᠬᠤ᠂ ᠱᠠᠲᠦ ᠵᠢᠭᠡᠯᠡᠨ ᠳᠡᠭᠡᠭᠰᠢ ᠮᠠᠴᠤᠬᠤ᠂ ᠭᠦᠴᠦᠨ ᠵᠢᠭᠡᠯᠡᠨ ᠭᠦᠭᠵᠢᠬᠦ ᠶᠢ | ᠪᠡᠶᠡᠯᠡᠭᠦᠯᠬᠦ ᠬᠡᠷᠡᠭᠲᠡᠢ᠃ ᠲᠦᠷᠦᠯ ᠵᠦᠢᠯ ᠢ ᠲᠦᠰᠦᠪᠯᠡᠬᠦ᠂ ᠴᠢᠮᠡᠬᠦ᠂ ᠳᠠᠨᠢᠯᠴᠠᠭᠤᠯᠬᠤ ᠠᠵᠢᠯ ᠢ ᠰᠠᠶᠢᠲᠦᠷ ᠬᠢᠵᠦ᠂ | ᠠᠷᠠᠯᠵᠢᠶᠠᠴᠢᠨ ᠤᠷᠢᠵᠦ ᠪᠡᠯᠡ ᠳᠠᠲᠠᠬᠤ ᠨᠡᠩ ᠢᠳᠡᠪᠭᠢᠲᠠᠢ ᠲᠦᠷᠦ ᠶᠢᠨ ᠪᠤᠲᠤᠯᠭ᠎ᠠ ᠶᠢ ᠭᠠᠷᠭᠠᠵᠤ᠂ ᠡᠳ᠋ | ᠪᠠᠷᠠᠭᠠᠨ ᠤ ᠮᠡᠳᠡᠭᠡ ᠵᠠᠩᠬᠢ ᠶᠢᠨ ᠰᠦᠯᠵᠢᠶ᠎ᠡ + ᠠᠷᠠᠯᠵᠢᠶᠠᠴᠢᠨ ᠤᠷᠢᠬᠤ ᠰᠢᠨ᠎ᠡ ᠬᠡᠪ ᠵᠠᠭᠪᠤᠷ ᠢ ᠲᠦᠭᠡᠮᠡᠯᠵᠢᠭᠦᠯᠵᠦ᠂ | ᠪᠦᠬᠦ ᠬᠡᠰᠢᠭᠦᠳ ᠠᠷᠠᠯᠵᠢᠶᠠᠴᠢᠨ ᠤᠷᠢᠬᠤ᠂ ᠪᠦᠬᠦ ᠬᠡᠪᠴᠢᠶᠡᠨ ᠳᠤ ᠠᠷᠠᠯᠵᠢᠶᠠᠴᠢᠨ ᠤᠷᠢᠬᠤ᠂ ᠪᠦᠬᠦ ᠲᠠᠯ᠎ᠠ ᠪᠠᠷ | ᠠᠷᠠᠯᠵᠢᠶᠠᠴᠢᠨ ᠤᠷᠢᠬᠤ ᠶᠢ ᠬᠡᠷᠡᠭᠵᠢᠬᠦᠯᠵᠦ᠂ ᠪᠦᠬᠦ ᠲᠠᠯ᠎ᠠ ᠶᠢᠨ᠂ ᠶᠡᠭᠡ ᠪᠠᠷ ᠠᠷᠠᠯᠵᠢᠶᠠᠴᠢᠨ ᠤᠷᠢᠬᠤ ᠠᠵᠢᠯ ᠤᠨ | ᠬᠡᠪ ᠪᠠᠶᠢᠳᠠᠯ ᠢ ᠪᠦᠷᠢᠯᠲᠦᠭᠦᠯᠵᠦ᠂ ᠳᠠᠪᠤᠨ ᠵᠢᠯ ᠳᠤ ᠤᠯᠤᠰ ᠤᠨ ᠲᠤᠲᠤᠭᠠᠲᠦ ᠤᠷᠤᠨ ᠭᠠᠳᠠᠨᠠᠬᠢ ᠪᠡᠯᠡ ᠮᠦᠩᠭᠦ ᠶᠢ | ᠨᠡᠶᠢᠳᠡ 200 ᠳ᠋ᠦ᠋ᠩᠰᠢᠭᠤᠷ ᠲᠦᠭᠦᠷᠢᠭ ᠳᠠᠳᠠᠨ ᠤᠷᠤᠭᠤᠯᠬᠤ ᠪᠠᠷ ᠲᠡᠮᠡᠴᠡᠬᠦ ᠬᠡᠷᠡᠭᠲᠡᠢ᠃ | | ᠭᠤᠷᠪᠠ᠂ ᠵᠠᠰᠠᠭ ᠤᠨ ᠤᠷᠲᠦᠨ ᠤ ᠳᠤᠰ ᠪᠡᠶ᠎ᠡ ᠶᠢᠨ ᠪᠠᠶᠢᠭᠤᠯᠤᠯᠲᠠ ᠶᠢ ᠦᠨᠡᠩᠬᠦ ᠴᠢᠩᠭᠠᠳᠬᠠᠬᠤ | ᠬᠡᠷᠡᠭᠲᠡᠢ | | ︽ᠲᠦᠷᠪᠡᠨ ᠤᠬᠠᠮᠰᠠᠷ︾ ᠢ ᠪᠠᠲᠦ ᠪᠠᠬᠢ ᠪᠤᠢ ᠪᠤᠯᠭᠠᠵᠦ᠂ ᠤᠯᠤᠰ ᠲᠦᠷᠦ ᠳᠡᠭᠡᠷ᠎ᠡ᠂ ᠦᠵᠡᠯ ᠰᠠᠨᠠᠭᠠᠨ | ᠳᠡᠭᠡᠷ᠎ᠡ᠂ ᠠᠵᠢᠯᠯᠠᠭ᠎ᠠ ᠳᠡᠭᠡᠷ᠎ᠡ ᠪᠠᠨ ᠨᠠᠮ ᠤᠨ ᠲᠦᠪ ᠬᠤᠷᠢᠶ᠎ᠠ ᠲᠠᠢ ᠳᠡᠭᠡᠲᠦ ᠬᠡᠮᠵᠢᠶ᠎ᠡ ᠪᠠᠷ ᠨᠢᠭᠡᠲᠦᠯᠲᠠᠢ ᠪᠠᠶᠢᠬᠤ ᠶᠢ | ᠢᠮᠠᠭᠲᠠ ᠪᠠᠷᠢᠮᠲᠠᠯᠠᠵᠤ᠂ ᠳᠡᠭᠡᠲᠦ ᠱᠠᠲᠦᠨ ᠤ ᠨᠠᠮ ᠤᠨ ᠬᠤᠷᠢᠶ᠎ᠠ᠂ ᠵᠠᠰᠠᠭ ᠤᠨ ᠤᠷᠲᠦᠨ ᠪᠠ ᠬᠤᠰᠢᠭᠤᠨ ᠤ ᠨᠠᠮ ᠤᠨ | ᠬᠤᠷᠢᠶ᠎ᠠ ᠶᠢᠨ ᠰᠢᠢᠳᠪᠦᠷᠢᠲᠦ ᠪᠤᠲᠤᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ | ᠵᠠᠰᠠᠭ ᠤᠨ ᠤᠷᠲᠦᠨ ᠤ ᠠᠵᠢᠯ ᠢ ᠨᠡᠩ ᠢᠯᠡ ᠲᠤᠲᠤ᠂ ᠨᠡᠩ ᠤᠯᠠᠨ ᠲᠦᠮᠡᠨ ᠤ ᠰᠠᠭᠤᠷᠢ ᠲᠠᠢ ᠪᠤᠯᠭᠠᠬᠤ ᠬᠡᠷᠡᠭᠲᠡᠢ᠃ | | ︵ᠨᠢᠭᠡ︶ ᠰᠤᠷᠤᠯᠴᠠᠬᠤ ᠤᠬᠠᠮᠰᠠᠷ ᠢ ᠨᠡᠮᠡᠭᠳᠡᠭᠦᠯᠵᠦ᠂ ᠵᠠᠰᠠᠭ ᠤᠨ ᠤᠷᠲᠦᠨ ᠤ ᠰᠢᠨ᠎ᠡ ᠶᠢ ᠡᠭᠦᠳᠬᠦ | ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠦᠵᠡᠯ ᠰᠠᠨᠠᠭ᠎ᠠ ᠪᠠᠨ ᠦᠨᠡᠩᠬᠦ ᠠᠵᠢᠯᠯᠠᠭᠠᠨ ᠤ ᠳᠠᠭᠠᠭᠤᠯᠤᠭᠴᠢ | ᠪᠤᠯᠭᠠᠵᠤ᠂ ᠰᠤᠷᠤᠯᠴᠠᠯᠭ᠎ᠠ ᠶᠢ ᠭᠦᠭᠵᠢᠯᠳᠡ ᠶᠢ ᠠᠭᠢᠭᠤᠯᠵᠦ᠂ ᠦᠭᠡᠷᠡᠴᠢᠯᠡᠯᠳᠡ ᠶᠢᠨ ᠬᠦᠨᠵᠡᠭᠡᠶᠢᠷᠡᠭᠦᠯᠬᠦ ᠠᠩᠬ᠎ᠠ | ᠠᠯᠬᠤᠮ ᠤᠨ ᠠᠷᠭ᠎ᠠ ᠠᠪᠴᠢᠯ ᠪᠤᠯᠭᠠᠵᠤ᠂ ︽ᠬᠤᠶᠠᠷ ᠢ ᠰᠤᠷᠴᠦ ᠬᠢᠷᠢ ᠲᠡᠩᠴᠡᠭᠰᠡᠨ ᠨᠠᠮ ᠤᠨ ᠭᠡᠰᠢᠭᠦᠨ ᠪᠤᠯᠬᠤ︾ | ᠰᠤᠷᠤᠯᠴᠠᠯᠭ᠎ᠠ ᠬᠦᠮᠦᠵᠢᠯ ᠢ ᠪᠠᠶᠢᠩᠭᠤᠵᠢᠭᠤᠯᠵᠦ ᠲᠦᠷᠢᠮᠵᠢᠭᠦᠯᠬᠦ ᠶᠢ ᠬᠦᠨᠵᠡᠭᠡᠢ ᠠᠭᠢᠭᠤᠯᠵᠦ᠂ ︽ᠤᠭ ᠵᠤᠷᠢᠯᠲᠠ | ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠦ ᠴᠡᠭᠡᠵᠢᠯᠡᠬᠦ︾ ᠭᠤᠤᠯ ᠰᠡᠲᠦᠪᠲᠦ ᠭᠦᠮᠦᠵᠢᠯ ᠢ ᠪᠦᠬᠦ | ᠲᠠᠯ᠎ᠠ ᠪᠠᠷ ᠦᠷᠨᠢᠭᠦᠯᠵᠦ᠂ ᠤᠨᠤᠯ ᠤᠨ ᠰᠤᠷᠤᠯᠴᠠᠭ᠎ᠠ ᠶᠢᠨ ᠦᠷ᠎ᠡ ᠪᠦᠲᠦᠭᠡᠯ ᠢ ᠳᠤᠰ ᠪᠡᠶ᠎ᠡ ᠶᠢᠨ ᠬᠡᠪ | ᠪᠤᠯᠪᠠᠰᠦᠷᠠᠯ ᠢᠶᠠᠨ ᠳᠡᠭᠡᠭᠰᠢᠯᠡᠭᠦᠯᠬᠦ ᠪᠠ ᠰᠢᠨ᠎ᠡ ᠶᠢ ᠡᠭᠦᠳᠬᠦ ᠬᠦᠭᠵᠢᠯᠳᠡ ᠶᠢᠨ ᠰᠡᠳᠬᠢᠮᠵᠢ ᠲᠠᠢ ᠦᠨᠡᠩᠭᠦ ᠨᠢᠭᠲᠡ | ᠤᠶᠠᠯᠲᠤᠭᠤᠯᠵᠦ᠂ ᠤᠨᠤᠯ ᠤᠨ ᠰᠤᠷᠤᠯᠴᠠᠯᠭ᠎ᠠ ᠪᠠᠷ ᠳᠠᠮᠵᠢᠨ ᠮᠡᠳᠡᠯᠭᠡ ᠶᠢᠨ ᠰᠢᠨᠡᠴᠢᠯᠡᠯᠳᠡ᠂ ᠦᠵᠡᠯ ᠰᠠᠨᠠᠭᠠᠨ ᠤ | ᠦᠭᠡᠷᠡᠴᠢᠯᠡᠯᠳᠡ᠂ ᠤᠶᠢᠯᠠᠭᠠᠭᠳᠠᠬᠤᠨ ᠳᠤ ᠰᠢᠨ᠎ᠡ ᠶᠢ ᠡᠭᠦᠳᠬᠦ ᠶᠢ ᠠᠭᠢᠭᠤᠯᠵᠦ᠂ ᠴᠤ᠋ ᠰᠢᠨ᠎ᠡ ᠬᠠᠷᠠᠭᠠᠰᠦ᠂ ᠰᠡᠳᠬᠢᠭᠦᠢ | ᠪᠠ ᠠᠷᠭ᠎ᠠ ᠬᠡᠯᠪᠡᠷᠢ ᠪᠠᠷ ᠭᠦᠭᠵᠢᠯᠳᠡ ᠶᠢ ᠪᠤᠲᠤᠯᠭᠢᠯᠠᠵᠦ᠂ ᠠᠵᠢᠯ ᠢ ᠲᠦᠯᠦᠪᠯᠡᠨ᠂ ᠭᠦᠴᠢᠷ ᠠᠰᠠᠭᠤᠳᠠᠯ ᠢ | ᠰᠢᠢᠳᠪᠦᠷᠢᠯᠡᠵᠦ᠂ ᠬᠦᠳᠡᠯᠭᠡᠭᠦᠷ ᠲᠤ ᠰᠢᠨ᠎ᠡ ᠡᠭᠦᠳᠬᠦ ᠪᠠᠷ ᠳᠠᠮᠵᠢᠨ ᠰᠢᠨ᠎ᠡ ᠰᠡᠳᠭᠢᠮᠵᠢ ᠶᠢ ᠪᠤᠢ ᠪᠤᠯᠭᠠᠵᠤ᠂ ᠰᠢᠨ᠎ᠡ | ᠬᠦᠳᠡᠯᠭᠡᠬᠦ ᠬᠦᠴᠦᠨ ᠢ ᠭᠦᠭᠵᠢᠭᠡᠵᠦ᠂ ᠰᠢᠨ᠎ᠡ ᠪᠠᠶᠢᠳᠠᠯ ᠢ ᠨᠡᠭᠡᠭᠡᠵᠦ᠂ ᠰᠢᠨ᠎ᠡ ᠤᠶᠢᠯᠡᠰ ᠢ ᠪᠦᠲᠦᠭᠡᠬᠦ ᠬᠡᠷᠡᠭᠲᠡᠢ᠃ | ︵ᠬᠤᠶᠠᠷ︶ ᠬᠠᠷᠢᠭᠤᠴᠠᠯᠭᠠᠲᠦ ᠤᠬᠠᠮᠰᠠᠷ ᠢ ᠨᠡᠮᠡᠭᠳᠡᠭᠦᠯᠵᠦ᠂ ᠵᠠᠰᠠᠭ ᠤᠨ ᠤᠷᠲᠦᠨ ᠤ ᠬᠡᠷᠡᠭᠵᠢᠬᠦᠯᠬᠦ | ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠲᠦᠷᠦᠯ ᠤᠨ ᠠᠵᠢᠯ ᠤᠨ ᠲᠦᠷᠢᠮ ᠢ ᠪᠠᠶᠢᠭᠤᠯᠤᠨ | ᠳᠡᠭᠦᠯᠳᠡᠷᠵᠢᠭᠦᠯᠵᠦ᠂ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢᠨ ᠲᠦᠷᠢᠮ ᠪᠠ ᠬᠠᠷᠢᠭᠤᠴᠠᠯᠭ᠎ᠠ ᠨᠡᠬᠡᠮᠵᠢᠯᠡᠬᠦ | ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠲᠣᠰᠢᠶᠠᠯ ᠬᠡᠷᠡᠭᠵᠢᠭᠦᠯᠬᠦ ᠣᠬᠠᠮᠰᠠᠷ᠂ ᠬᠠᠷᠢᠭᠤᠴᠠᠯᠭ᠎ᠠ | ᠡᠭᠦᠷᠭᠡᠯᠡᠬᠦ ᠣᠬᠠᠮᠰᠠᠷ ᠢ ᠪᠠᠲᠣ ᠪᠠᠬᠢ ᠪᠤᠯᠭᠠᠵᠤ᠂ ᠲᠡᠭᠡᠳᠦ ᠲᠠᠪᠬᠤᠷᠭ᠎ᠠ ᠶᠢᠨ ᠲᠦᠰᠦᠪᠯᠡᠯ᠂ ᠰᠢᠰᠲ᠋ᠧᠮᠲᠣ | ᠲᠦᠯᠦᠪᠯᠡᠭᠡ᠂ ᠵᠣᠬᠢᠶᠠᠨ ᠪᠠᠶᠢᠭᠤᠯᠣᠨ ᠵᠣᠬᠢᠴᠠᠭᠤᠯᠬᠤ᠂ ᠨᠡᠪᠳᠡᠷᠡᠯᠴᠡᠨ ᠣᠶᠠᠯᠳᠣᠬᠤ ᠪᠠ ᠴᠢᠩᠭᠠᠳᠬᠠᠨ | ᠨᠠᠶᠢᠳᠠᠪᠣᠷᠢᠵᠢᠭᠤᠯᠬᠤ ᠴᠢᠳᠠᠪᠣᠷᠢ ᠪᠠᠨ ᠪᠦᠬᠦ ᠲᠠᠯ᠎ᠠ ᠪᠠᠷ ᠲᠡᠭᠡᠰᠢᠯᠡᠬᠦᠯᠵᠦ᠂ᠠᠵᠢᠯ ᠳᠠᠭᠠᠨ ᠦᠨᠡᠨ ᠪᠤᠲᠠᠲᠠᠢ ᠪᠤᠰᠦ᠂ | ᠬᠠᠷᠢᠭᠤᠴᠠᠯᠭ᠎ᠠ ᠰᠤᠯᠠ᠂ ᠨᠠᠶᠢᠳᠠᠪᠤᠷᠢᠵᠢᠭᠤᠯᠬᠤ ᠪᠠᠷ ᠬᠦᠷᠦᠯᠴᠡᠬᠦ ᠦᠬᠡᠢ ᠵᠡᠷᠭᠡ ᠠᠰᠠᠭᠤᠳᠠᠯ ᠢ ᠴᠢᠷᠮᠡᠶᠢᠨ | ᠰᠢᠢᠳᠪᠦᠷᠢᠯᠡᠵᠦ᠂ ᠱᠠᠭᠠᠷᠳᠠᠨ ᠪᠠᠶᠢᠴᠠᠭᠠᠬᠤ ᠬᠢᠨᠠᠨ ᠰᠢᠯᠭᠠᠯᠲᠠ ᠶᠢᠨ ᠵᠤᠭᠢᠮᠵᠢ ᠶᠢ ᠴᠢᠩᠭᠠᠳᠬᠠᠵᠤ᠂ ᠬᠠᠷᠠᠯᠲᠠ ᠬᠢᠭᠡᠳ | ᠬᠠᠷᠢᠭᠤᠴᠠᠯᠭ᠎ᠠ᠂ ᠱᠠᠯᠠᠪᠳᠠᠬᠤ ᠬᠢᠭᠡᠳ ᠨᠠᠶᠢᠳᠠᠪᠣᠷᠢᠵᠢᠭᠤᠯᠬᠤ᠂ ᠬᠢᠨᠠᠨ ᠰᠢᠯᠭᠠᠯᠲᠠ ᠬᠢᠭᠡᠳ ᠱᠠᠩᠨᠠᠯ ᠲᠤᠷᠭᠠᠭᠤᠯᠢ ᠶᠢ | ᠨᠡᠩ ᠰᠠᠶᠢᠨ ᠤᠶᠠᠯᠲᠤᠭᠤᠯᠵᠦ᠂ ᠡᠯ᠎ᠡ ᠱᠠᠲᠦᠨ ᠤ ᠺᠠᠳ᠋ᠷᠴᠤᠳ ᠢ ᠦᠨᠡᠩᠭᠦ ᠠᠵᠢᠯ ᠤᠶᠢᠯᠡᠰ ᠳᠡᠭᠡᠷ᠎ᠡ ᠰᠡᠳᠭᠢᠯ | ᠳᠠᠯᠪᠢᠬᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠳᠡᠭᠡᠷ᠎ᠡ ᠠᠷᠭ᠎ᠠ ᠬᠡᠮᠵᠢᠶ᠎ᠡ ᠪᠤᠲᠤᠯᠬᠢᠯᠠᠬᠤ᠂ ᠪᠤᠲᠠᠲᠠᠢ ᠦᠷ᠎ᠡ | ᠠᠰᠢᠭ ᠭᠠᠷᠭᠠᠬᠤ ᠳᠡᠭᠡᠷ᠎ᠡ ᠬᠦᠴᠦ ᠤᠷᠤᠭᠤᠯᠬᠤ ᠶᠢ ᠠᠭᠢᠭᠤᠯᠵᠦ᠂ ᠠᠵᠦ ᠠᠬᠤᠢ ᠨᠡᠶᠢᠭᠡᠮ ᠤᠨ ᠭᠦᠭᠵᠢᠯᠳᠡ ᠶᠢᠨ | ᠬᠠᠷᠠᠯᠲᠠ ᠶᠢᠨ ᠲᠤᠭᠤᠷᠢᠨ ᠳᠤ᠂ ᠡᠭᠦᠷᠭᠡ ᠶᠢ ᠨᠠᠷᠢᠯᠢᠭᠵᠢᠭᠤᠯᠤᠨ᠂ ᠳᠡᠭᠡᠷᠡᠬᠢ ᠲᠤᠤᠷᠠᠬᠢ ᠨᠡᠪᠲᠡᠷᠡᠯᠴᠡᠬᠦ᠂ ᠱᠠᠲᠦ | ᠱᠠᠲᠦ ᠪᠠᠷ ᠬᠠᠷᠢᠭᠤᠴᠠᠬᠤ ᠭᠤᠤᠯ ᠴᠤᠭᠴᠠ ᠶᠢᠨ ᠬᠠᠷᠢᠭᠤᠴᠠᠯᠭ᠎ᠠ ᠶᠢᠨ ᠬᠡᠯᠬᠢᠶᠡᠰᠦ ᠶᠢ ᠪᠦᠷᠢᠯᠲᠦᠭᠦᠯᠵᠦ᠂ ᠡᠯ᠎ᠡ | ᠲᠦᠷᠦᠯ ᠤᠨ ᠠᠵᠢᠯ ᠢ ᠪᠤᠳᠠᠲᠠᠢ ᠳᠤ ᠨᠠᠶᠢᠳᠠᠪᠤᠷᠢᠵᠢᠭᠤᠯᠬᠤ᠂ ᠪᠤᠲᠠᠲᠠᠢ ᠦᠷ᠎ᠡ ᠠᠰᠢᠭ ᠤᠯᠬᠤ ᠶᠢ ᠪᠠᠲᠤᠯᠠᠵᠤ᠂ | ᠠᠷᠠᠳ ᠤᠯᠠᠨ ᠤ ᠵᠠᠰᠠᠭ ᠤᠨ ᠤᠷᠲᠦᠨ ᠳᠠᠬᠢ ᠬᠠᠨᠤᠮᠵᠢ ᠶᠢᠨ ᠬᠡᠮᠵᠢᠶ᠎ᠡ ᠪᠠ ᠢᠳᠡᠬᠡᠮᠵᠢ ᠶᠢᠨ ᠬᠡᠮᠵᠢᠶ᠎ᠡ ᠶᠢ ᠦᠨᠡᠩᠬᠦ | ᠳᠡᠭᠡᠭᠰᠢᠯᠡᠭᠦᠯᠬᠦ ᠬᠡᠷᠡᠭᠲᠡᠢ᠃ | ︵ᠭᠤᠷᠪᠠ︶ ᠡᠭᠦᠷᠭᠡᠯᠡᠬᠦ ᠤᠬᠠᠮᠰᠠᠷ ᠢ ᠨᠡᠮᠡᠭᠳᠡᠭᠦᠯᠵᠦ᠂ ᠵᠠᠰᠠᠭ ᠤᠨ ᠤᠷᠲᠦᠨ ᠤ ᠪᠠᠭᠢᠯᠡᠯᠳᠡ ᠰᠢᠪᠲᠤᠯᠬᠤ | ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ ᠤᠯᠤᠰ ᠲᠦᠷᠦ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ | ᠭᠤᠤᠯᠳᠠᠯᠭ᠎ᠠ ᠶᠢᠨ ᠤᠬᠠᠮᠰᠠᠷ᠂ ᠨᠢᠭᠡᠲᠦᠯᠲᠠᠢ ᠪᠠᠶᠢᠬᠤ ᠤᠬᠠᠮᠰᠠᠷ ᠢ ᠴᠢᠩᠭᠠᠳᠬᠠᠵᠤ᠂ ᠡᠭᠦᠷᠭᠡᠯᠡᠬᠦ ᠵᠤᠷᠢᠭ ᠰᠠᠨᠠᠭ᠎ᠠ ᠶᠢ | ᠪᠠᠳᠠᠷᠠᠭᠤᠯᠵᠦ᠂ ᠵᠤᠷᠢᠭᠲᠠᠢ ᠪᠠᠷ ᠦᠨᠡᠨ ᠪᠣᠳᠠᠳᠠᠢ ᠪᠠᠷ ᠬᠢᠵᠦ᠂ ᠬᠠᠳᠠᠭᠤ ᠲᠠᠢ ᠬᠠᠯᠳᠠᠨ᠂ ᠵᠤᠷᠢᠭᠲᠠᠢ ᠪᠠᠷ | ᠵᠦᠷᠢᠴᠡᠯ ᠢ ᠰᠢᠢᠳᠪᠦᠷᠢᠯᠡᠨ᠂ ᠠᠰᠠᠭᠤᠳᠠᠯ ᠤᠴᠠᠷᠠᠪᠠᠯ ᠵᠠᠶᠢᠯᠬᠤ ᠦᠬᠡᠢ᠂ ᠬᠠᠷᠢᠭᠤᠴᠠᠯᠭ᠎ᠠ ᠡᠭᠦᠷᠭᠡᠯᠡᠵᠦ ᠲᠦᠯᠬᠢᠬᠦ | ᠦᠬᠡᠢ᠂ ᠦᠬᠡᠨᠴᠡ ᠵᠠᠰᠠᠭ᠂ ᠵᠠᠯᠬᠠᠭᠤ ᠵᠠᠰᠠᠭ᠂ ᠬᠤᠶᠢᠷᠭᠤ ᠵᠠᠰᠠᠭ᠂ ᠰᠤᠯᠠ ᠵᠠᠰᠠᠭ ᠤᠨ ᠦᠵᠡᠭᠳᠡᠯ ᠢ ᠡᠷᠡᠰ | ᠬᠤᠷᠢᠭᠯᠠᠵᠤ᠂ ᠬᠤᠪᠢ ᠪᠠᠨ ᠪᠤᠲᠤᠵᠤ ᠬᠡᠷᠡᠭ ᠠᠴᠠ ᠵᠠᠶᠢᠯᠠᠬᠤ᠂ ᠬᠠᠷᠢᠭᠤᠴᠠᠯᠭ᠎ᠠ ᠶᠢ ᠬᠠᠷᠢᠯᠴᠠᠨ ᠲᠦᠯᠭᠢᠯᠴᠡᠬᠦ | ᠦᠵᠡᠭᠳᠡᠯ ᠢ ᠡᠷᠡᠰ ᠬᠤᠷᠢᠭᠯᠠᠵᠤ᠂ ᠬᠡᠪ ᠢᠶᠠᠨ ᠰᠠᠬᠢᠵᠦ᠂ ᠠᠮᠵᠢᠯᠲᠠ ᠪᠦᠲᠦᠭᠡᠯ ᠦᠬᠡᠢ ᠪᠠᠶᠢᠳᠠᠯ ᠢ ᠡᠷᠡᠰ | ᠬᠤᠷᠢᠭᠯᠠᠵᠤ᠂ ᠬᠡᠨ ᠤ ᠬᠠᠷᠢᠭᠤᠴᠠᠯᠭ᠎ᠠ ᠪᠤᠯ ᠲᠡᠷᠡ ᠬᠠᠷᠢᠭᠤᠴᠠᠵᠦ᠂ ᠬᠡᠨ ᠤ ᠤᠴᠢᠷ ᠪᠤᠯ ᠲᠡᠷᠡ ᠭᠦᠢᠴᠡᠳᠬᠡᠵᠦ᠂ | ᠢᠳᠡᠪᠭᠢᠲᠠᠢ ᠠᠵᠢᠯᠯᠠᠨ᠂ ᠵᠤᠷᠢᠭᠲᠠᠢ ᠤᠶᠢᠯᠡᠲᠦᠯᠭᠡᠵᠢᠭᠦᠯᠵᠦ᠂ ᠯᠠᠪᠳᠠᠭᠤᠨ ᠪᠠᠲᠤᠲᠠᠢ ᠠᠵᠢᠯ ᠤᠨ ᠬᠡᠪ ᠰᠤᠷᠳᠠᠯ ᠢᠶᠠᠷ | ᠬᠠᠷᠢᠭᠤᠴᠠᠯᠭ᠎ᠠ ᠡᠭᠦᠷᠴᠦ᠂ ᠵᠤᠷᠢᠭᠲᠠᠢ ᠡᠭᠦᠷᠭᠡᠯᠡᠨ᠂ ᠴᠢᠯᠠᠭᠤᠨ ᠳᠡᠭᠡᠷ᠎ᠡ ᠤᠷᠤᠮ ᠭᠠᠷᠭᠠᠵᠤ᠂ ᠳᠡᠮᠦᠷ ᠳᠡᠭᠡᠷ᠎ᠡ ᠤᠷᠤ | ᠭᠠᠷᠭᠠᠬᠤ ᠠᠵᠢᠯ ᠤᠨ ᠵᠤᠷᠢᠭ ᠰᠠᠨᠠᠭ᠎ᠠ ᠪᠠᠷ ᠪᠦᠬᠦ ᠲᠠᠯ᠎ᠠ ᠪᠠᠷ ᠴᠢᠨᠡᠭᠡᠯᠢᠭᠵᠢᠬᠦ᠂ ᠨᠠᠷᠢᠯᠢᠭ ᠤᠨᠤᠪᠴᠢᠲᠠᠢ ᠪᠠᠷ | ᠶᠠᠳᠠᠭᠤ ᠶᠢ ᠳᠡᠳᠬᠦᠬᠦ᠂ ᠪᠦᠬᠦ ᠤᠷᠤᠨ ᠬᠡᠪᠴᠢᠶᠡᠨ ᠤ ᠵᠢᠭᠤᠯᠴᠢᠯᠠᠯ᠂ ᠠᠮᠢ ᠠᠬᠤᠢ ᠶᠢᠨ ᠪᠤᠯᠪᠠᠰᠦᠨ᠂ ᠤᠯᠠᠨ | ᠨᠡᠶᠢᠳᠡ ᠶᠢᠨ ᠠᠮᠦᠷ ᠲᠦᠪᠰᠢᠨ᠂ ᠲᠦᠭᠰᠢᠭᠦᠷᠢ ᠶᠢ ᠰᠡᠷᠭᠡᠶᠢᠯᠡᠬᠦ ᠪᠠᠭᠢᠯᠡᠯᠲᠡ ᠰᠢᠪᠲᠤᠯᠬᠤ ᠲᠠᠶᠢᠨ ᠢ ᠡᠷᠡᠰ ᠰᠠᠶᠢᠨ | ᠬᠢᠬᠦ ᠬᠡᠷᠡᠭᠲᠡᠢ᠃ | ︵ᠲᠦᠷᠪᠡ︶ ᠬᠠᠤᠯᠢ ᠪᠠᠷ ᠵᠠᠰᠠᠬᠤ ᠤᠬᠠᠮᠰᠠᠷ ᠢ ᠨᠡᠮᠡᠭᠳᠡᠭᠦᠯᠵᠦ᠂ ᠵᠠᠰᠠᠭ ᠤᠨ ᠤᠷᠲᠦᠨ ᠤ ᠤᠯᠠᠨ | ᠨᠡᠶᠢᠳᠡ ᠶᠢᠨ ᠢᠳᠡᠬᠡᠬᠦᠯᠬᠦ ᠭᠦᠴᠦᠨ ᠢ ᠳᠡᠭᠡᠭᠰᠢᠯᠡᠭᠦᠯᠬᠦ ᠬᠡᠷᠡᠭᠲᠡᠢ᠃ ︽ᠬᠠᠤᠯᠢ ᠪᠠᠷ ᠲᠤᠭᠲᠠᠭᠠᠭᠰᠠᠨ ᠲᠤᠰᠢᠶᠠᠯ | ᠬᠠᠷᠢᠭᠤᠴᠠᠯᠭ᠎ᠠ ᠪᠠᠨ ᠡᠷᠭᠡᠪᠰᠢ ᠭᠦᠢᠴᠡᠳᠬᠡᠵᠦ᠂ ᠬᠠᠤᠯᠢ ᠠᠴᠠ ᠡᠷᠭᠡ ᠤᠯᠭᠤᠭᠰᠠᠨ ᠦᠬᠡᠢ ᠪᠤᠯ ᠬᠢᠵᠦ ᠦᠯᠦ | ᠪᠤᠯᠬᠤ︾ ᠵᠠᠷᠴᠢᠮ ᠢ ᠵᠢᠷᠤᠮᠯᠡᠵᠦ᠂ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠬᠡᠯᠪᠡᠷᠢ | ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠵᠠᠰᠠᠭ ᠤᠨ ᠤᠷᠲᠦᠨ ᠤ ᠬᠠᠤᠯᠢ ᠪᠠᠷ ᠵᠠᠰᠠᠬᠤ | ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠬᠠᠤᠯᠢ ᠭᠡᠷᠡᠭᠵᠢᠬᠦᠯᠦᠯᠳᠡ ᠶᠢᠨ ᠪᠠᠶᠢᠭᠤᠯᠤᠯ ᠳᠤ ᠰᠢᠨ᠎ᠡ ᠶᠢ | ᠡᠭᠦᠳᠴᠦ᠂ ᠬᠠᠤᠯᠢ ᠬᠡᠷᠡᠭᠵᠢᠬᠦᠯᠬᠦ ᠠᠯᠬᠤᠮ ᠳᠠᠷᠠᠭ᠎ᠠ ᠶᠢ ᠳᠡᠭᠦᠯᠳᠡᠷᠵᠢᠭᠦᠯᠵᠦ᠂ ᠬᠠᠤᠯᠢ ᠬᠡᠷᠡᠭᠵᠢᠭᠦᠯᠦᠯᠳᠡ ᠶᠢᠨ | ᠬᠠᠷᠢᠭᠤᠴᠠᠯᠭ᠎ᠠ ᠶᠢ ᠴᠢᠩᠭᠠᠳᠬᠠᠵᠤ᠂ ᠬᠠᠤᠯᠢ ᠴᠠᠭᠠᠵᠠ ᠶᠢᠨ ᠵᠦᠪᠯᠡᠭᠴᠢ ᠪᠠ ᠠᠯᠪᠠᠨ ᠬᠠᠤᠯᠢᠴᠢ ᠶᠢᠨ ᠲᠦᠷᠢᠮ ᠢ | ᠬᠦᠨᠵᠡᠭᠡᠢ ᠨᠠᠶᠢᠳᠠᠪᠤᠷᠢᠵᠢᠭᠤᠯᠵᠤ᠂ ᠬᠦᠷᠢᠶ᠎ᠡ ᠬᠡᠪᠴᠢᠶ᠎ᠡ ᠠᠯᠤᠰᠯᠠᠭᠰᠠᠨ ᠶᠡᠷᠦᠩᠭᠡᠶᠢᠯᠡᠭᠰᠡᠨ ᠬᠠᠤᠯᠢ | ᠬᠡᠷᠡᠭᠵᠢᠭᠦᠯᠦᠯᠳᠡ ᠶᠢ ᠪᠦᠬᠦ ᠲᠠᠯ᠎ᠠ ᠪᠠᠷ ᠬᠡᠷᠡᠭᠵᠢᠭᠦᠯᠬᠦ ᠬᠡᠷᠡᠭᠲᠡᠢ᠃ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠦᠷᠦ ᠶᠢᠨ ᠵᠦᠪᠯᠯᠡᠭᠡᠨ ᠤ ᠠᠷᠠᠳᠴᠢᠯᠠᠭᠰᠠᠨ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠵᠦ᠂ ᠤᠶᠢᠯᠡᠳᠪᠦᠷᠢ ᠬᠤᠳᠠᠯᠲᠤᠭᠠᠨ ᠤ ᠬᠤᠯᠪᠤᠭ᠎ᠠ ᠪᠠ ᠨᠠᠮ ᠪᠦᠯᠦᠭ ᠤᠨ ᠪᠤᠰᠦ | ᠭᠦᠮᠦᠰ ᠤᠨ ᠰᠠᠨᠠᠯ ᠢ ᠦᠷᠭᠡᠨ ᠢᠶᠠᠷ ᠰᠤᠨᠤᠰᠴᠦ᠂ ᠨᠡᠶᠢᠭᠡᠮ ᠤᠨ ᠤᠯᠠᠨ ᠲᠦᠮᠡᠨ ᠪᠠ ᠰᠤᠨᠢᠨ ᠮᠡᠳᠡᠭᠡᠨ ᠤ ᠶᠠᠷᠢᠶ᠎ᠠ | ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠬᠤ ᠬᠡᠷᠡᠭᠲᠡᠢ᠃ ᠰᠢᠭᠦᠭᠦ ᠬᠤᠷᠢᠶ᠎ᠠ᠂ | ᠪᠠᠶᠢᠴᠠᠭᠠᠬᠤ ᠬᠤᠷᠢᠶ᠎ᠠ ᠲᠠᠢ ᠰᠠᠶᠢᠨ ᠬᠠᠷᠢᠯᠴᠠᠬᠤ ᠬᠡᠪᠴᠢᠶ᠎ᠡ ᠪᠠᠨ ᠢᠳᠡᠪᠭᠢᠲᠠᠢ ᠦᠷᠭᠡᠳᠬᠡᠵᠦ᠂ ᠬᠠᠤᠯᠢ ᠶᠤᠰᠤᠭᠠᠷ | ᠵᠠᠰᠠᠭ ᠶᠠᠪᠤᠭᠤᠯᠬᠤ ᠴᠢᠳᠠᠪᠤᠷᠢ ᠪᠠ ᠵᠠᠰᠠᠭ ᠶᠠᠪᠤᠭᠤᠯᠬᠤ ᠬᠢᠷᠢ ᠲᠦᠪᠰᠢᠨ ᠢᠶᠠᠨ ᠳᠠᠰᠤᠷᠠᠯᠲᠠ ᠦᠬᠡᠢ | ᠳᠡᠭᠡᠭᠰᠢᠯᠡᠭᠦᠯᠬᠦ ᠬᠡᠷᠡᠭᠲᠡᠢ᠃ | ︵ᠳᠠᠪᠤ︶ ᠰᠠᠭᠢᠯᠭ᠎ᠠ ᠪᠠᠲᠦ ᠶᠢᠨ ᠤᠬᠠᠮᠰᠠᠷ ᠢ ᠨᠡᠮᠡᠭᠳᠡᠭᠦᠯᠵᠦ᠂ ᠵᠠᠰᠠᠭ ᠤᠨ ᠤᠷᠲᠦᠨ ᠤ ᠠᠷᠢᠭᠤᠨ ᠴᠢᠭᠡᠴᠢ | ᠭᠦᠴᠦᠨ ᠢ ᠳᠡᠭᠡᠭᠰᠢᠯᠡᠭᠦᠯᠬᠦ ᠬᠡᠷᠡᠭᠲᠡᠢ᠃ ᠰᠠᠭᠢᠯᠭ᠎ᠠ ᠪᠠᠲᠦ ᠪᠠ ᠶᠤᠰᠦ ᠵᠢᠷᠤᠮ ᠢ ᠡᠮᠦᠨ᠎ᠡ ᠪᠠᠨ ᠪᠠᠷᠢᠬᠤ ᠶᠢ | ᠪᠠᠷᠢᠮᠲᠠᠯᠠᠵᠤ᠂ ᠨᠠᠮ ᠤᠨ ᠰᠤᠷᠲᠠᠯ ᠠᠷᠢᠭᠤᠨ ᠴᠢᠭᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ︽ᠨᠢᠭᠡ ᠪᠠᠶᠢᠷᠢ | ᠬᠤᠤᠰ ᠬᠠᠷᠢᠭᠤᠴᠠᠯᠭ᠎ᠠ︾ ᠶᠢᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠤᠨ | ᠤᠷᠲᠦᠨ ᠤ ᠬᠤᠳᠠᠯᠲᠤᠨ ᠠᠪᠬᠤ᠂ ᠡᠳ᠋ ᠤᠨ ᠵᠠᠰᠠᠭ ᠤᠨ ᠬᠢᠨᠠᠨ ᠲᠤᠭᠲᠠᠭᠠᠯᠲᠠ᠂ ᠭᠠᠵᠠᠷ ᠰᠢᠷᠤᠢ ᠰᠢᠯᠵᠢᠭᠦᠯᠵᠦ | ᠦᠭᠬᠦ᠂ ᠡᠬᠢ ᠪᠠᠶᠠᠯᠢᠭ ᠢ ᠲᠤᠭᠢᠷᠠᠭᠤᠯᠬᠤ᠂ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠬᠠᠮᠢᠶᠠᠷᠦᠯᠲᠠ ᠵᠡᠷᠭᠡ | ᠭᠤᠤᠯᠳᠠᠯᠭ᠎ᠠ ᠲᠠᠢ ᠬᠦᠷᠢᠶ᠎ᠡ ᠬᠡᠪᠴᠢᠶ᠎ᠡ ᠪᠠ ᠵᠠᠩᠭᠢᠯᠠᠭ᠎ᠠ ᠶᠢᠨ ᠭᠤᠭᠴᠤᠭᠠᠨ ᠳᠠᠬᠢ ᠬᠢᠨᠠᠨ ᠬᠠᠮᠢᠶᠠᠷᠦᠯᠲᠠ ᠶᠢ | ᠴᠢᠩᠭᠠᠳᠬᠠᠵᠦ᠂ ︽ᠭᠤᠷᠪᠠᠨ ᠠᠯᠪᠠᠨ︾ ᠵᠠᠷᠤᠳᠠᠯ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠬᠢᠵᠠᠭᠠᠷᠲᠠᠢ ᠪᠡᠯᠡ | ᠮᠦᠩᠬᠦ ᠪᠠᠨ ᠦᠨᠡᠩᠬᠦ ᠠᠷᠠᠳ ᠤᠨ ᠠᠮᠢᠲᠦᠷᠠᠯ ᠢ ᠪᠠᠲᠤᠯᠠᠬᠤ᠂ ᠲᠤᠲᠠᠭᠳᠠᠯ ᠢᠶᠠᠨ ᠨᠦᠭᠦᠪᠦᠷᠢᠯᠡᠬᠦ᠂ ᠨᠦᠭᠡᠴᠡ | ᠭᠦᠴᠦᠨ ᠢᠶᠠᠨ ᠨᠡᠮᠡᠭᠳᠡᠬᠦᠯᠬᠦ ᠵᠠᠩᠭᠢᠯᠠᠭ᠎ᠠ ᠶᠢᠨ ᠭᠠᠵᠠᠷ ᠬᠡᠷᠡᠭᠯᠡᠬᠦ ᠬᠡᠷᠡᠭᠲᠡᠢ᠃ ᠠᠷᠢᠭᠤᠨ ᠴᠢᠭᠡᠴᠢ ᠶᠢᠨ ᠬᠢᠵᠠᠭᠠᠷ | ᠱᠤᠭᠤᠮ ᠢ ᠴᠢᠩᠭ᠎ᠠ ᠰᠠᠬᠢᠵᠦ᠂ ᠲᠦᠷᠢᠮ ᠤᠨ ᠬᠤᠷᠢᠭ᠎ᠠ ᠶᠢ ᠴᠢᠩᠭ᠎ᠠ ᠲᠤᠭᠲᠠᠭᠠᠵᠤ᠂ ᠲᠦᠪ ᠤᠨ ᠨᠠᠢᠮᠠᠨ | ᠲᠤᠭᠲᠠᠭᠠᠯ ᠤᠨ ᠵᠤᠷᠢᠭ ᠰᠠᠨᠠᠭ᠎ᠠ ᠪᠠ ᠳᠤᠮᠳᠠᠲᠦ ᠤᠯᠤᠰ ᠤᠨ ᠡᠪ ᠬᠠᠮᠲᠦ ᠨᠠᠮ ᠤᠨ ᠬᠠᠷᠢᠭᠤᠴᠠᠯᠭ᠎ᠠ ᠨᠡᠬᠡᠮᠵᠢᠯᠡᠬᠦ | ᠲᠦᠷᠢᠮ᠂ ᠨᠠᠮ ᠤᠨ ᠲᠤᠲᠤᠭᠠᠲᠤᠬᠢ ᠬᠢᠨᠠᠯᠲᠠ ᠶᠢᠨ ᠲᠦᠷᠢᠮ ᠵᠡᠷᠭᠡ ᠨᠢᠭᠡ ᠰᠢᠷᠢᠰ ᠨᠠᠮ ᠤᠨ ᠰᠠᠭᠢᠯᠭ᠎ᠠ ᠪᠠᠲᠦ | ᠬᠠᠤᠯᠢ ᠲᠤᠭᠲᠠᠭᠠᠯ ᠢ ᠨᠠᠷᠢᠨ ᠬᠢᠨᠠᠮᠠᠭᠠᠢ ᠬᠡᠷᠡᠭᠵᠢᠬᠦᠯᠵᠦ᠂ ᠳᠤᠮᠳᠠᠲᠦ ᠤᠯᠤᠰ ᠤᠨ ᠡᠪ ᠬᠠᠮᠲᠦ ᠨᠠᠮ ᠤᠨ ᠠᠷᠢᠭᠤᠨ | ᠴᠢᠭᠡᠴᠢ ᠪᠠᠷ ᠪᠡᠶ᠎ᠡ ᠪᠠᠨ ᠱᠠᠭᠠᠷᠳᠠᠬᠤ ᠲᠦᠷᠢᠮ ᠪᠠ ᠨᠠᠮ ᠤᠨ ᠲᠤᠲᠤᠭᠠᠲᠤᠬᠢ ᠤᠯᠤᠰ ᠲᠦᠷᠦ ᠶᠢᠨ ᠠᠮᠢᠲᠦᠷᠠᠯ ᠤᠨ | ᠲᠦᠷᠢᠮ ᠢ ᠦᠨᠡᠩᠭᠦ ᠵᠢᠷᠤᠮᠯᠡᠵᠦ᠂ ᠬᠡᠪ ᠰᠤᠷᠲᠠᠯ ᠲᠦᠪ ᠴᠢᠭᠡᠴᠢ ᠠᠵᠢᠯ ᠬᠢᠵᠦ ᠤᠶᠢᠯᠡᠰ ᠪᠤᠰᠬᠠᠬᠤ ᠤᠷᠴᠢᠨ ᠢ | ᠬᠦᠴᠦᠲᠠᠢ ᠬᠠᠮᠠᠭᠠᠯᠠᠬᠤ ᠬᠡᠷᠡᠭᠲᠡᠢ᠃ | ᠲᠦᠯᠦᠭᠡᠯᠡᠭᠴᠢᠳ ᠡ᠂ ᠰᠢᠨ᠎ᠡ ᠴᠠᠭ ᠡᠷᠡᠨ ᠳᠤ ᠰᠢᠨ᠎ᠡ ᠠᠭᠤᠷ ᠠᠮᠢᠰᠬᠤᠯ ᠢ ᠪᠤᠢ ᠪᠤᠯᠭᠠᠵᠤ᠂ ᠨᠡᠩ ᠴᠦ | ᠰᠢᠨ᠎ᠡ ᠠᠮᠵᠢᠯᠲᠠ ᠪᠦᠲᠦᠭᠡᠯ ᠲᠠᠢ ᠪᠠᠶᠢᠬᠤ ᠬᠡᠷᠡᠭᠲᠡᠢ᠃ ᠨᠠᠮ ᠤᠨ ᠠᠷᠪᠠ ᠵᠢᠰᠦᠲᠦᠭᠡᠷ ᠶᠡᠭᠡ ᠬᠤᠷᠠᠯ ᠨᠢ ᠪᠢᠳᠡᠨ ᠳᠤ | ᠨᠡᠩ ᠰᠠᠶᠢᠨ ᠰᠠᠶᠢᠬᠠᠨ ᠴᠠᠭ ᠦᠶ᠎ᠡ ᠶᠢᠨ ᠵᠢᠷᠤᠭ ᠢ ᠵᠢᠷᠤᠭᠯᠠᠵᠤ ᠦᠭᠭᠦᠭᠰᠡᠨ ᠶᠤᠮ᠂ ᠰᠢᠨ᠎ᠡ ᠨᠢᠭᠡ ᠬᠤᠭᠤᠴᠠᠭᠠᠨ ᠤ | ᠵᠠᠰᠠᠭ ᠤᠨ ᠤᠷᠲᠦᠨ ᠨᠢ ᠨᠠᠮ ᠤᠨ ᠠᠷᠪᠠ ᠵᠢᠰᠦᠲᠦᠭᠡᠷ ᠶᠡᠭᠡ ᠬᠤᠷᠠᠯ ᠢᠶᠠᠷ ᠲᠤᠭᠢᠶᠠᠯ ᠪᠤᠯᠭᠠᠵᠤ᠂ ᠬᠤᠰᠢᠭᠤᠨ ᠤ | ᠨᠠᠮ ᠤᠨ ᠬᠤᠷᠢᠶ᠎ᠠ ᠶᠢᠨ ᠪᠠᠲᠦ ᠴᠢᠩᠭ᠎ᠠ ᠤᠲᠤᠷᠢᠲᠤᠯᠭ᠎ᠠ ᠲᠤᠤᠷ᠎ᠠ᠂ ᠬᠤᠰᠢᠭᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠭᠡᠨ ᠤ ᠬᠢᠨᠠᠯᠲᠠ ᠳᠡᠮᠵᠢᠯᠭᠡ ᠲᠤᠤᠷ᠎ᠠ᠂ ᠪᠦᠬᠦ | ᠬᠤᠰᠢᠭᠤᠨ ᠤ ᠡᠯ᠎ᠡ ᠦᠨᠲᠦᠰᠦᠲᠡᠨ ᠤ ᠺᠠᠳ᠋ᠷ ᠤᠯᠠᠨ ᠲᠦᠮᠡᠨ ᠳᠤ ᠴᠢᠩᠭ᠎ᠠ ᠲᠦᠰᠢᠭᠯᠡᠵᠦ᠂ ᠡᠭᠦᠷᠭᠡ | ᠬᠠᠷᠢᠭᠤᠴᠠᠯᠭ᠎ᠠ ᠪᠠᠨ ᠪᠠᠳᠣ ᠴᠡᠭᠡᠵᠢᠯᠡᠵᠦ᠂ᠤᠭ ᠵᠤᠷᠢᠯᠲᠠ ᠪᠠᠨ ᠦᠯᠦ ᠮᠠᠷᠳᠠᠨ᠂ ᠢᠳᠡᠬᠡᠯ ᠵᠤᠷᠢᠭ ᠢᠶᠠᠨ | ᠪᠠᠲᠤᠳᠬᠠᠵᠤ᠂ ᠪᠦᠯᠭᠦᠮᠳᠡᠨ ᠰᠡᠳᠬᠢᠯ ᠨᠢᠭᠡᠳᠴᠦ᠂ᠵᠣᠷᠢᠭᠳᠠᠢ ᠤᠷᠤᠭᠰᠢᠯᠠᠵᠤ᠂ ᠡᠷᠡᠯᠬᠡᠭᠯᠡᠨ ᠲᠡᠮᠡᠴᠡᠵᠦ ᠪᠦᠬᠦ ᠲᠠᠯ᠎ᠠ | ᠪᠠᠷ ᠴᠢᠨᠡᠭᠡᠯᠢᠭᠵᠢᠭᠰᠡᠨ᠂ ᠨᠡᠶᠢᠭᠡᠮ ᠵᠢᠷᠤᠮᠲᠦ ᠤᠲᠤᠬᠢᠴᠢᠯᠠᠭᠰᠠᠨ ᠬᠡᠰᠢᠭᠲᠡᠨ ᠬᠤᠰᠢᠭᠤ ᠶᠢᠨ ᠰᠢᠨ᠎ᠡ ᠬᠠᠭᠤᠳᠠᠰᠦ ᠶᠢ | ᠬᠠᠮᠲᠦᠪᠡᠷ ᠪᠢᠴᠢᠭᠯᠡᠰᠦᠭᠡᠢ︕ | | | | |