ᠬᠡᠰᠢᠭᠳᠡᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠤᠷᠠᠭ ᠵᠠᠩᠭᠢ ᠨᠡᠶᠢᠳᠡᠯᠡᠭᠦ ᠠᠵᠢᠯ ᠢ ᠵᠤᠭᠢᠴᠠᠭᠤᠯᠬᠤ ᠳᠦᠷᠢᠮ
ᠨᠡᠶᠢᠲᠡᠯᠡᠭᠰᠡᠨ ᠴᠠᠭ᠄
2018/11/1
       ᠨᠢᠭᠡᠳᠤᠭᠡᠷ ᠵᠤᠷᠪᠤᠰ     ᠵᠠᠰᠠᠭ ᠤᠨ ᠤᠷᠳᠤᠨ ᠤ ᠠᠵᠢᠯ ᠤᠨ ᠢᠯᠡᠴᠡ ᠶᠢᠨ ᠭᠡᠮᠵᠢᠶ᠎ᠠ ᠪᠠᠨ ᠳᠡᠭᠡᠭᠰᠢᠯᠠᠭᠦᠯᠵᠤ᠂ ᠵᠠᠰᠠᠭ ᠵᠠᠭᠢᠷᠭᠠᠨ ᠤ ᠪᠠᠶᠢᠭᠤᠯᠭ᠎ᠠ ᠶᠢᠨ ᠨᠡᠶᠢᠳᠡᠯᠡᠭᠰᠠᠨ ᠵᠠᠰᠠᠭ ᠤᠨ ᠤᠷᠳᠤᠨ ᠤ ᠰᠤᠷᠠᠭ ᠵᠠᠩᠭᠢ ᠶᠢᠨ ᠴᠠᠭ ᠳᠤᠬᠠᠢ  ᠳᠤᠨᠢ᠂ ᠵᠦᠪ ᠤᠨᠤᠪᠴᠢᠳᠡᠢ᠂ ᠨᠢᠭᠡᠳᠤᠯᠳᠡᠢ ᠪᠠᠶᠢᠬᠤ ᠶᠢ ᠪᠠᠳᠤᠯᠠᠬᠤ ᠶᠢᠨ ᠳᠦᠯᠦᠭᠡ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠤᠷᠳᠤᠨ ᠤ ᠰᠤᠷᠠᠭ ᠵᠠᠩᠭᠢ ᠶᠢ ᠢᠯᠡ ᠪᠤᠯᠭᠠᠬᠤ ᠳᠦᠷᠢᠮ︾ ᠵᠢᠴᠢ ᠪᠤᠰᠤᠳ ᠬᠠᠮᠢᠶ᠎ᠠ ᠪᠦᠭᠦᠢ ᠬᠠᠤᠯᠢ ᠴᠠᠭᠠᠵᠠ᠂ ᠬᠠᠤᠯᠢ ᠳᠦᠷᠢᠮ ᠤᠨ ᠳᠤᠭᠳᠠᠭᠠᠯ ᠢ ᠦᠠᠳᠤᠰᠤᠯᠠᠨ ᠳᠤᠰ ᠳᠦᠷᠢᠮ ᠢ ᠳᠤᠭᠳᠠᠭᠠᠪᠠ᠃            ᠬᠤᠶᠠᠳᠤᠭᠠᠷ ᠵᠤᠷᠪᠤᠰ     ᠳᠤᠰ ᠳᠦᠷᠢᠮ ᠳᠤ ᠳᠤᠷᠠᠳᠤᠭᠰᠠᠨ ᠵᠠᠰᠠᠭ ᠤᠨ ᠤᠷᠳᠤᠨ ᠤ ᠰᠤᠷᠠᠭ ᠵᠠᠩᠭᠢ ᠭᠡᠳᠡᠭ ᠨᠢ  ᠵᠠᠰᠠᠭ ᠵᠠᠭᠢᠷᠭᠠᠨ ᠤ ᠪᠠᠶᠢᠭᠤᠯᠭ᠎ᠠ ᠨᠢ ᠳᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠦ ᠶᠠᠪᠤᠴᠠ ᠳᠠᠭᠠᠨ ᠵᠤᠭᠢᠶᠠᠭᠰᠠᠨ ᠪᠤᠶᠤ ᠬᠤᠷᠠᠮᠳᠤᠭᠤᠯᠤᠭᠰᠠᠨ ᠨᠢᠭᠡᠨᠳᠡ ᠳᠦᠯᠦᠪᠰᠢᠭᠰᠡᠨ ᠳᠠᠮᠳᠡᠭᠯᠡᠯ ᠪᠤᠯᠤᠨ ᠬᠠᠳᠠᠭᠠᠯᠠᠵᠤ ᠪᠠᠶᠢᠭ᠎ᠠ ᠰᠤᠷᠠᠭ ᠵᠠᠩᠭᠢ ᠶᠢ ᠵᠢᠭᠠᠵᠤ ᠪᠠᠶᠢᠨ᠎ᠠ᠃    ᠳᠡᠭᠡᠷ᠎ᠡ ᠳᠤᠷᠠᠳᠤᠭᠰᠠᠨ ᠳᠤᠰᠢᠶᠠᠯ ᠬᠠᠷᠢᠭᠤᠴᠠᠯᠭ᠎ᠠ ᠭᠡᠳᠡᠭ ᠨᠢ᠂ ᠪᠦᠭᠦ ᠬᠤᠰᠢᠭᠤᠨ ᠤ ᠵᠠᠰᠠᠭ ᠵᠠᠭᠢᠷᠭᠠᠨ ᠤ ᠪᠠᠶᠢᠭᠤᠯᠭ᠎ᠠ ᠶᠢᠨ ᠭᠡᠷᠡᠭᠵᠢᠭᠦᠯᠵᠤ ᠪᠠᠶᠢᠭ᠎ᠠ ᠠᠵᠤ ᠠᠬᠤᠢ  ᠎ ᠶᠢᠨ ᠡᠶᠡᠳᠡᠭᠦᠯᠦᠯ᠂ ᠵᠠᠬ᠎ᠠ ᠳᠡᠯᠭᠡᠭᠦᠷ ᠤᠨ ᠭᠢᠨᠠᠯᠳᠠ ᠬᠠᠮᠢᠶᠠᠷᠤᠯᠳᠠ᠂ ᠨᠡᠶᠢᠭᠡᠮ ᠤᠨ ᠬᠠᠮᠢᠶᠠᠷᠯᠤᠳᠠ᠂ ᠤᠯᠠᠨ ᠨᠡᠶᠢᠳᠡ ᠶᠢᠨ ᠦᠢᠯᠡᠴᠢᠯᠡᠭᠡᠨ ᠵᠡᠷᠭᠡ ᠳᠠᠯ᠎ᠠ ᠶᠢᠨ ᠳᠤᠰᠢᠶᠠᠯ ᠬᠠᠷᠢᠭᠤᠴᠠᠯᠭ᠎ᠠ ᠶᠢ ᠵᠢᠭᠠᠵᠤ ᠪᠠᠶᠢᠨ᠎ᠠ᠃            ᠭᠤᠷᠪᠠᠳᠤᠭᠠᠷ ᠵᠤᠷᠪᠤᠰ     ᠵᠠᠰᠠᠭ ᠵᠠᠭᠢᠷᠭᠠᠨ ᠤ ᠪᠠᠶᠢᠭᠤᠯᠭ᠎ᠠ ᠵᠠᠰᠠᠭ ᠤᠨ ᠤᠷᠳᠤᠨ ᠤ ᠰᠤᠷᠠᠭ ᠵᠠᠩᠭᠢ ᠶᠢ ᠨᠡᠶᠢᠳᠡᠯᠡᠭᠦ ᠳᠡᠭᠡᠨ ᠵᠠᠪᠠᠯ ᠴᠠᠭ ᠳᠤᠬᠠᠢ ᠳᠤᠨᠢ᠂ ᠵᠦᠪ ᠤᠨᠤᠪᠴᠢᠳᠡᠢ᠂ ᠨᠢᠭᠡᠳᠤᠯᠳᠡᠢ᠂ ᠠᠷᠠᠳ ᠲᠤ ᠳᠦᠭᠦᠮ ᠦᠵᠡᠭᠦᠯᠭᠦ ᠵᠠᠷᠴᠢᠮ ᠢ ᠵᠢᠷᠤᠮᠯᠠᠵᠤ᠂ ᠠᠵᠢᠯ ᠤᠨ ᠦᠷ᠎ᠡ ᠠᠰᠢᠭ ᠢᠶᠠᠨ ᠳᠠᠭᠡᠭᠰᠢᠯᠡᠭᠦᠯᠤᠨ᠂ ᠰᠢᠯᠢᠳᠡᠭ ᠦᠢᠯᠡᠴᠢᠯᠡᠭᠡᠨ ᠬᠠᠩᠭᠠᠬᠤ ᠭᠡᠷᠡᠭᠳᠡᠢ᠃            ᠲᠦᠷᠪᠡᠳᠦᠬᠡᠷ ᠵᠤᠷᠪᠤᠰ     ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠨᠢ ᠬᠤᠰᠢᠭᠤᠨ ᠤ ᠳᠤᠰ ᠱᠠᠳᠤᠨ ᠤ ᠵᠠᠰᠠᠭ ᠤᠨ ᠤᠷᠳᠤᠨ ᠤ ᠰᠤᠷᠠᠭ ᠵᠠᠩᠭᠢ ᠶᠢ ᠵᠤᠭᠢᠴᠠᠭᠤᠯᠵᠤ᠂ ᠨᠡᠶᠢᠳᠡᠯᠡᠭᠦ ᠠᠵᠢᠯ ᠎ ᠢ ᠬᠠᠷᠢᠭᠤᠴᠠᠨ᠎ᠠ᠃ ᠡᠯ᠎ᠡ ᠰᠠᠯᠠᠭ᠎ᠠ ᠮᠦᠴᠢᠷ ᠡᠯ᠎ᠠ ᠨᠢᠭᠡᠴᠡ ᠨᠢ ᠳᠤᠰᠬᠠᠢ ᠪᠠᠶᠢᠭᠤᠯᠤᠮᠵᠢ ᠳᠤᠭᠳᠠᠭᠠᠨ᠂ ᠳᠤᠰᠬᠠᠢ ᠠᠵᠢᠯᠳᠠᠨ ᠢᠶᠠᠷ ᠬᠠᠷᠢᠭᠤᠴᠠᠭᠤᠯᠵᠤ᠂ ᠳᠤᠰ ᠰᠠᠯᠠᠭ᠎ᠠ ᠮᠦᠴᠢᠷ ᠳᠤᠰ ᠨᠢᠭᠡᠴᠡ ᠶᠢᠨ ᠵᠠᠰᠠᠭ ᠤᠨ ᠰᠤᠷᠠᠭ ᠵᠠᠩᠭᠢ ᠶᠢ ᠨᠡᠶᠢᠳᠡᠯᠡᠭᠦ ᠠᠵᠢᠯ ᠢ ᠬᠠᠷᠢᠭᠤᠴᠠᠭᠤᠯᠤᠨ᠎ᠠ᠃            ᠳᠠᠪᠤᠳᠤᠭᠠᠷ ᠵᠤᠷᠪᠤᠰ     ᠵᠠᠰᠠᠭ ᠵᠠᠭᠢᠷᠭᠠᠨ ᠤ ᠪᠠᠶᠢᠭᠤᠯᠭ᠎ᠠ ᠨᠢ ᠵᠠᠰᠠᠭ ᠤᠨ ᠤᠷᠳᠤᠨ ᠤ ᠰᠤᠷᠠᠭ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠨᠡᠶᠢᠳᠡᠯᠡᠭᠦ ᠪᠠ ᠢᠯᠡ ᠨᠠᠶᠢᠳᠡᠯᠡᠭᠦ ᠪᠠᠷ ᠡᠷᠡᠮᠠᠯᠵᠡᠯᠡᠭᠦ ᠵᠠᠰᠠᠭ ᠤᠨ ᠤᠷᠳᠤᠨ ᠤ ᠰᠤᠷᠠᠭ ᠵᠠᠩᠭᠢ ᠶᠢ ︽ᠪᠠᠭᠠᠷᠢᠨ ᠪᠠᠷᠠᠭᠤᠨ ᠬᠤᠰᠢᠭᠤᠨ ᠤ ᠵᠠᠰᠠᠭ ᠤᠨ ᠤᠷᠳᠤᠨ ᠤ ᠰᠤᠷᠠᠭ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠨᠡᠶᠢᠳᠡᠯᠡᠭᠦ ᠪᠠ ᠢᠯᠡ ᠨᠡᠶᠢᠳᠡᠯᠡᠭᠦ ᠪᠠᠷ ᠡᠷᠡᠮᠡᠯᠵᠡᠯᠡᠭᠦ ᠳᠦᠷᠢᠮ ︵ᠳᠤᠷᠰᠢᠨ ᠭᠡᠷᠡᠭᠵᠢᠭᠦᠯᠭᠦ︶︾᠎ ᠤᠨ ᠳᠤᠭᠳᠠᠭᠠᠯ ᠤᠨ ᠳᠡᠰ ᠳᠠᠷᠠᠭᠠᠯᠠᠯ ᠭᠢᠭᠡᠳ ᠱᠠᠭᠠᠷᠳᠠᠯᠭ᠎ᠠ ᠶᠤᠰᠤᠭᠠᠷ ᠤᠯᠠᠨ ᠳᠦᠮᠡᠨ ᠤ ᠤᠶᠢᠯᠠᠭᠠᠬᠤ ᠳᠤ ᠳᠦᠭᠦᠮ ᠭᠡᠯᠪᠡᠷᠢ ᠪᠠᠷ ᠴᠠᠭ ᠳᠤᠬᠠᠢ ᠳᠤᠨᠢ ᠢᠯᠡ ᠨᠡᠶᠢᠳᠡᠯᠡᠭᠦ ᠭᠡᠷᠡᠭᠳᠡᠢ᠃            ᠵᠢᠷᠭᠤᠳᠤᠭᠠᠷ ᠵᠤᠷᠪᠤᠰ     ᠡᠯ᠎ᠡ ᠱᠠᠳᠤᠨ ᠤ ᠵᠠᠰᠠᠭ ᠵᠠᠭᠢᠷᠭᠠᠨ ᠤ ᠪᠠᠶᠢᠭᠤᠯᠭ᠎ᠠ ᠨᠢ ᠰᠤᠨᠢᠨ ᠮᠡᠳᠡᠭᠡ ᠨᠡᠶᠢᠳᠡᠯᠡᠭᠦ ᠳᠦᠷᠢᠮ ᠳᠤᠭᠳᠠᠭᠠᠵᠤ᠂ ᠰᠤᠨᠢᠨ ᠮᠡᠳᠡᠭᠡᠨ ᠤ ᠦᠭᠦᠯᠡᠭᠴᠢ ᠳᠤᠭᠳᠠᠭᠠᠨ᠂ ᠳᠤᠰ ᠵᠠᠰᠠᠭ ᠵᠠᠭᠢᠷᠭᠠᠨ ᠤ ᠤᠷᠤᠨ ᠪᠠ ᠳᠤᠰ ᠰᠠᠯᠠᠭ᠎ᠠ ᠮᠦᠴᠢᠷ ᠲᠤ ᠴᠢᠬᠤᠯᠠ ᠴᠢᠬᠤᠯᠠ ᠤᠯᠠᠨ ᠨᠡᠶᠢᠳᠡ ᠶᠢᠨ ᠭᠡᠷᠡᠭ ᠤᠴᠢᠷ᠂ ᠰᠡᠷᠡᠮᠵᠢᠯᠡᠭᠦᠯᠭᠦ ᠰᠤᠷᠠᠭ ᠵᠠᠩᠭᠢ ᠵᠢᠴᠢ ᠴᠠᠭ ᠳᠤᠬᠠᠢ ᠳᠤᠨᠢ ᠤᠯᠠᠨ ᠨᠡᠶᠢᠳᠡ ᠳᠤ ᠮᠡᠳᠡᠭᠦᠯᠭᠦ ᠴᠢᠬᠤᠯᠠ ᠲᠠᠢ ᠵᠠᠰᠠᠭ  ᠤᠨ ᠤᠷᠳᠤᠨ ᠤ ᠰᠤᠷᠠᠭ ᠵᠠᠩᠭᠢ ᠶᠢ ᠬᠠᠷᠢᠭᠤᠴᠠᠯᠭ᠎ᠠ ᠪᠠᠨ ᠦᠠᠳᠤᠰᠤᠯᠠᠨ᠂ ᠰᠤᠨᠢᠨ ᠮᠡᠳᠡᠭᠡ ᠨᠡᠶᠢᠳᠡᠯᠡᠭᠦ ᠬᠤᠷᠠᠯ  ᠢᠶᠠᠷ ᠳᠠᠮᠵᠢᠭᠤᠯᠤᠨ ᠴᠠᠭ ᠳᠤᠬᠠᠢ ᠳᠤᠨᠢ ᠢᠯᠡ ᠪᠠᠷ ᠨᠡᠶᠢᠳᠡᠯᠡᠭᠦ ᠭᠡᠷᠡᠭᠳᠡᠢ᠃ ᠰᠤᠨᠢᠨ ᠰᠠᠳᠭᠦᠯ᠂ ᠷᠠᠳᠢᠤ᠋ ᠨᠡᠪᠳᠡᠷᠡᠭᠦᠯᠭᠡ᠂ ᠳᠧᠯᠸᠢᠰ᠂ ᠳᠤᠤᠷ ᠰᠦᠯᠵᠢᠶ᠎ᠠ ᠵᠡᠷᠭᠡ ᠰᠤᠨᠢᠨ ᠮᠡᠳᠡᠭᠡᠨ ᠤ ᠵᠠᠭᠤᠴᠢᠯᠠᠭᠤᠷ ᠨᠢ ᠠᠳᠠᠯᠢᠬᠠᠨ ᠭᠡᠷᠡᠭ ᠤᠴᠢᠷ ᠤᠨ ᠳᠤᠬᠠᠢ ᠰᠤᠷᠠᠭ ᠵᠠᠩᠭᠢ ᠶᠢ ᠨᠡᠶᠢᠳᠡᠯᠡᠭᠦ ᠳᠡᠭᠡᠨ ᠨᠢᠭᠡᠳᠤᠯᠵᠢᠭᠦᠯᠭᠦ ᠭᠡᠷᠡᠭᠳᠡᠢ᠃            ᠳᠤᠯᠤᠳᠤᠭᠠᠷ ᠵᠤᠷᠪᠤᠰ     ᠵᠠᠰᠠᠭ ᠵᠠᠭᠢᠷᠭᠠᠨ ᠤ ᠪᠠᠶᠢᠭᠤᠯᠭ᠎ᠠ ᠨᠢ ᠳᠤᠰᠢᠶᠠᠯ ᠬᠠᠷᠢᠭᠤᠴᠠᠯᠭ᠎ᠠ ᠶᠢᠨ ᠢᠶᠠᠨ ᠭᠡᠪᠴᠢᠶᠠᠨ ᠳᠤᠳᠤᠷ᠎ᠠ ᠵᠠᠰᠠᠭ ᠤᠨ ᠤᠷᠳᠤᠨ ᠤ ᠰᠤᠷᠠᠭ ᠵᠠᠩᠭᠢ ᠶᠢ ᠨᠡᠶᠢᠳᠡᠯᠡᠭᠦ ᠭᠡᠷᠡᠭᠳᠡᠢ᠃    ᠵᠠᠰᠠᠭ ᠵᠠᠭᠢᠷᠭᠠᠨ ᠤ ᠪᠠᠶᠢᠭᠤᠯᠭ᠎ᠠ ᠶᠢᠨ ᠪᠢᠴᠢᠵᠤ ᠬᠠᠳᠠᠭᠠᠯᠠᠭᠰᠠᠨ ᠵᠠᠰᠠᠭ ᠤᠨ ᠤᠷᠳᠤᠨ ᠤ ᠰᠤᠷᠠᠭ ᠵᠠᠩᠭᠢ ᠶᠢ ᠳᠤᠰ ᠵᠠᠰᠠᠭ ᠤᠨ ᠤᠷᠳᠤᠨ ᠤ ᠰᠤᠷᠠᠭ ᠵᠠᠩᠭᠢ ᠶᠢ ᠪᠢᠴᠢᠪᠡᠯ ᠵᠤᠭᠢᠬᠤ ᠵᠠᠰᠠᠭ ᠵᠠᠭᠢᠷᠭᠠᠨ ᠤ ᠪᠠᠶᠢᠭᠤᠯᠭ᠎ᠠ ᠬᠠᠷᠢᠭᠤᠴᠠᠨ ᠢᠯᠡ ᠨᠡᠶᠢᠳᠡᠯᠡᠨ᠎ᠠ᠃ ᠵᠠᠰᠠᠭ ᠵᠠᠭᠢᠷᠭᠠᠨ ᠤ ᠪᠠᠶᠢᠭᠤᠯᠭ᠎ᠠ ᠨᠢ ᠳᠤᠰᠢᠶᠠᠯ ᠬᠠᠷᠢᠭᠤᠴᠠᠯᠭ᠎ᠠ ᠪᠠᠨ ᠦᠠᠳᠤᠰᠤᠯᠠᠨ᠂ ᠡᠷᠭᠡᠳᠤ ᠠᠷᠠᠳ᠂ ᠬᠠᠤᠯᠢ ᠶᠢᠨ ᠡᠷᠭᠡᠳᠠᠨ ᠪᠤᠶᠤ ᠪᠤᠰᠤᠳ ᠵᠤᠭᠢᠶᠠᠨ ᠪᠠᠶᠢᠭᠤᠯᠤᠯᠳᠠ ᠶᠢᠨ ᠤᠯᠤᠭᠰᠠᠨ ᠵᠠᠰᠠᠭ ᠤᠨ ᠤᠷᠳᠤᠨ ᠤ ᠰᠤᠷᠠᠭ ᠵᠠᠩᠭᠢ ᠶᠢ ᠳᠤᠰ ᠵᠠᠰᠠᠭ ᠤᠨ ᠤᠷᠳᠤᠨ ᠤ ᠰᠤᠷᠠᠭ ᠵᠠᠩᠭᠢ ᠶᠢ ᠬᠠᠳᠠᠭᠠᠯᠠᠵᠤ ᠪᠠᠶᠢᠭ᠎ᠠ ᠵᠠᠰᠠᠭ ᠵᠠᠭᠢᠷᠭᠠᠨᠨ ᠤ ᠪᠠᠶᠢᠭᠤᠯᠭ᠎ᠠ ᠬᠠᠷᠢᠭᠤᠴᠠᠨ ᠢᠯᠡ ᠨᠡᠶᠢᠳᠡᠯᠡᠨ᠎ᠠ᠃            ᠵᠠᠰᠠᠭ ᠤᠨ ᠤᠷᠳᠤᠨ ᠤ ᠰᠤᠷᠠᠭ ᠵᠠᠩᠭᠢ ᠶᠢ ᠢᠯᠡ ᠨᠡᠶᠢᠳᠡᠯᠡᠭᠦ ᠡᠭᠦᠷᠭᠡ ᠲᠠᠢ ᠵᠠᠰᠠᠭ ᠵᠠᠭᠢᠷᠭᠠᠨ ᠤ ᠪᠠᠶᠢᠭᠤᠯᠭ᠎ᠠ  ᠠᠴᠠ ᠰᠤᠷᠠᠭ ᠵᠠᠩᠭᠢ ᠶᠢ ᠬᠠᠰᠤᠬᠤ᠂ ᠨᠡᠶᠢᠳᠡᠯᠡᠭᠦ ᠪᠠ ᠦᠭᠡᠷᠡᠴᠢᠯᠡᠭᠦ ᠠᠵᠢᠯ ᠢ ᠳᠤᠰᠢᠶᠠᠯ ᠬᠠᠷᠢᠭᠤᠴᠠᠯᠭᠠᠳᠤ ᠵᠠᠰᠠᠭ ᠵᠠᠭᠢᠷᠭᠠᠨ ᠤ ᠪᠠᠶᠢᠭᠤᠯᠭ᠎ᠠ ᠬᠠᠷᠢᠭᠤᠴᠠᠨ᠎ᠠ᠃ ᠬᠠᠰᠤᠭᠳᠠᠭᠰᠠᠨ ᠪᠠ ᠬᠤᠪᠢᠷᠠᠯᠳᠠ ᠭᠠᠷᠤᠭᠰᠠᠨ ᠵᠠᠰᠠᠭ ᠵᠠᠭᠢᠷᠭᠠᠨ ᠤ ᠪᠠᠶᠢᠭᠤᠯᠭ᠎ᠠ ᠶᠢᠨ ᠳᠤᠰᠢᠶᠠᠯ ᠬᠠᠷᠢᠭᠤᠴᠠᠯᠭ᠎ᠠ ᠶᠢ ᠪᠤᠰᠤᠳ ᠵᠠᠰᠠᠭ ᠵᠠᠭᠢᠷᠭᠠᠨ ᠤ ᠪᠠᠶᠢᠭᠤᠯᠭ᠎ᠠ ᠳᠠᠭᠠᠭᠠᠵᠤ ᠠᠪᠬᠤ ᠦᠭᠡᠢ᠃ ᠬᠠᠰᠤᠭᠳᠠᠭᠰᠠᠨ ᠪᠠ ᠬᠤᠪᠢᠷᠠᠯᠳᠠ ᠭᠠᠷᠤᠭᠰᠠᠨ ᠵᠠᠰᠠᠭ ᠵᠠᠬᠢᠷᠭᠠᠨ ᠪᠠᠶᠢᠭᠤᠯᠭ᠎ᠠ ᠬᠠᠷᠢᠭᠤᠴᠠᠨ ᠢᠯᠡ ᠨᠠᠶᠢᠳᠡᠯᠡᠨ᠎ᠠ᠃            ᠵᠤᠭᠢᠴᠠᠭᠤᠯᠬᠤ ᠪᠠᠶᠢᠭᠤᠯᠤᠮᠵᠢ᠂ ᠳᠦᠷ ᠴᠠᠭ ᠤᠨ ᠪᠠᠶᠢᠭᠤᠯᠤᠮᠵᠢ ᠶᠢᠨ ᠪᠢᠴᠢᠭᠰᠡᠨ᠂ ᠬᠤᠷᠢᠶᠠᠨ ᠤᠯᠤᠭᠰᠠᠨ ᠪᠠ ᠬᠠᠳᠠᠭᠠᠯᠠᠭᠰᠠᠨ ᠵᠠᠰᠠᠭ ᠤᠨ ᠤᠷᠳᠤᠨ ᠤ ᠰᠤᠷᠠᠭ ᠵᠠᠩᠭᠢ ᠶᠢ ᠨᠠᠶᠢᠳᠡᠯᠡᠭᠦ ᠳᠡᠭᠡᠨ ᠳᠤᠰ ᠵᠤᠷᠪᠤᠰ ᠤᠨ ᠬᠤᠶᠠᠳᠤᠭᠠᠷ ᠵᠦᠢᠯ ᠪᠠ ᠭᠤᠷᠪᠠᠳᠤᠭᠠᠷ ᠵᠦᠢᠯ ᠶᠤᠰᠤᠭᠠᠷ ᠭᠡᠷᠡᠭᠵᠢᠭᠦᠯᠦᠨ᠎ᠠ᠃            ᠨᠠᠢᠮᠠᠳᠤᠭᠠᠷ ᠵᠤᠷᠪᠤᠰ     ᠬᠠᠤᠯᠢ ᠴᠠᠭᠠᠵᠠ᠂ ᠬᠠᠤᠯᠢ ᠳᠦᠷᠢᠮ ᠪᠠ ᠬᠤᠰᠢᠭᠤᠨ ᠤ ᠬᠠᠮᠢᠶ᠎ᠠ ᠪᠦᠭᠦᠢ ᠳᠤᠭᠳᠠᠭᠠᠯ ᠳᠦᠷᠢᠮ ᠳᠤ ᠵᠠᠰᠠᠭ ᠤᠨ ᠤᠷᠳᠤᠨ ᠤ ᠰᠤᠷᠠᠭ ᠵᠠᠩᠭᠢ ᠶᠢ ᠨᠠᠶᠢᠳᠡᠯᠡᠭᠦ ᠪᠤᠳᠠᠳᠠᠢ ᠴᠤᠬᠴᠠ‌‍ᠳᠤ ᠳᠤᠭᠳᠠᠭᠠᠯ ᠲᠠᠢ ᠪᠣᠯ ᠳᠤᠰ ᠳᠤᠭᠳᠠᠭᠠᠯ ᠢ ᠳᠠᠭᠠᠨ᠎ᠠ᠃  ᠵᠠᠰᠠᠭ ᠵᠠᠭᠢᠷᠭᠠᠨ ᠤ ᠪᠠᠶᠢᠭᠤᠯᠭ᠎ᠠ ᠨᠢ ᠵᠠᠰᠠᠭ ᠤᠨ ᠤᠷᠳᠤᠨ ᠤ ᠰᠤᠷᠠᠭ ᠵᠠᠩᠭᠢ ᠶᠢ ᠨᠡᠶᠢᠳᠡᠯᠡᠭᠦ ᠳᠡᠭᠡᠨ ᠬᠠᠤᠯᠢ ᠴᠠᠭᠠᠵᠠ᠂ ᠬᠠᠤᠯᠢ ᠳᠦᠷᠢᠮ᠂ ᠳᠦᠷᠢᠮ ᠳᠤᠭᠳᠠᠭᠠᠯ ᠪᠤᠶᠤ ᠪᠤᠰᠤᠳ ᠬᠠᠮᠢᠶ᠎ᠠ ᠪᠦᠭᠦᠢ ᠳᠦᠷᠢᠮ ᠳᠤᠭᠳᠠᠭᠠᠯ ᠶᠤᠰᠤᠭᠠᠷ ᠵᠦᠪᠰᠢᠶᠡᠷᠡᠭᠦᠯᠭᠦ ᠴᠢᠬᠤᠯᠠ ᠲᠠᠢ ᠪᠣᠯ ᠳᠦᠷᠢᠮ ᠳᠤᠭᠳᠠᠭᠠᠯ ᠤᠨ ᠳᠠᠰ ᠳᠠᠷᠠᠭᠠᠯᠠᠯ ᠶᠤᠰᠤᠭᠠᠷ ᠵᠦᠪᠰᠢᠶᠡᠷᠡᠭᠰᠠᠨ ᠤ ᠳᠠᠷᠠᠭ᠎ᠠ ᠰᠠᠶ᠋ᠢ ᠨᠡᠶᠢᠳᠡᠯᠠᠵᠤ ᠪᠤᠯᠤᠨ᠎ᠠ᠃ ᠵᠦᠪᠰᠢᠶᠡᠷᠠᠯ ᠦᠭᠡᠢ ᠪᠣᠯ ᠨᠡᠶᠢᠳᠡᠯᠠᠵᠤ ᠪᠤᠯᠬᠤ ᠦᠭᠡᠢ᠃            ᠵᠢᠰᠤᠳᠤᠭᠡᠷ ᠵᠤᠷᠪᠤᠰ     ᠵᠠᠰᠠᠭ ᠵᠠᠭᠢᠷᠭᠠᠨ ᠤ ᠪᠠᠶᠢᠭᠤᠯᠭ᠎ᠠ ᠨᠢ ᠨᠡᠶᠢᠭᠡᠮ ᠤᠨ ᠠᠮᠤᠷ ᠳᠤᠭᠳᠠᠭᠤᠨ ᠢ ᠨᠦᠯᠦᠭᠡᠯᠡᠭᠰᠠᠨ ᠪᠤᠶᠤ ᠨᠦᠯᠦᠭᠡᠯᠠᠵᠤ ᠮᠠᠳᠠᠭᠦ᠂ ᠨᠡᠶᠢᠭᠡᠮ ᠤᠨ ᠬᠠᠮᠢᠶᠠᠷᠤᠯᠳᠠ ᠶᠢᠨ ᠡᠮᠭᠢ ᠳᠢᠭᠯᠢᠮ ᠢ ᠰᠠᠮᠠᠭᠤᠷᠠᠭᠤᠯᠤᠭᠰᠠᠨ ᠬᠤᠳᠠᠯ ᠬᠠᠭᠤᠷᠮᠠᠭ ᠪᠤᠶᠤ ᠪᠦᠷᠢᠨ ᠭᠦᠢᠴᠡᠳ ᠪᠤᠰᠤ ᠰᠤᠷᠠᠭ ᠵᠠᠩᠭᠢ ᠶᠢ ᠳᠤᠰᠢᠶᠠᠯ ᠬᠠᠷᠢᠭᠤᠴᠠᠯᠭ᠎ᠠ ᠶᠢᠨ ᠢᠶᠠᠨ ᠭᠡᠪᠴᠢᠶᠠᠨ ᠳᠤ ᠨᠡᠶᠢᠳᠡᠯᠡᠭᠦ ᠪᠠᠷ ᠵᠦᠪᠰᠢᠶᠡᠷᠡᠭᠰᠠᠨ ᠵᠠᠰᠠᠭ ᠤᠨ ᠤᠷᠳᠤᠨ ᠤ ᠰᠤᠷᠠᠭ ᠵᠠᠩᠭᠢ ᠪᠠᠷ ᠰᠤᠯᠢᠬᠤ ᠭᠡᠷᠡᠭᠳᠡᠢ᠃            ᠠᠷᠪᠠᠳᠤᠭᠠᠷ ᠵᠤᠷᠪᠤᠰ     ᠬᠤᠶᠠᠷ ᠠᠴᠠ ᠳᠡᠭᠡᠭᠰᠢ ᠵᠠᠰᠠᠭ ᠵᠠᠭᠢᠷᠭᠠᠨ ᠤ ᠪᠠᠶᠢᠭᠤᠯᠭ᠎ᠠ ᠬᠠᠮᠳᠤᠷᠠᠨ ᠪᠢᠴᠢᠭ ᠮᠠᠲ᠋ᠧᠷᠢᠶᠠᠯ ᠳᠠᠷᠬᠠᠭᠠᠵᠤ ᠨᠡᠶᠢᠳᠡᠯᠡᠭᠰᠠᠨ ᠵᠠᠰᠠᠭ ᠤᠨ ᠤᠷᠳᠤᠨ ᠤ ᠰᠤᠷᠠᠭ ᠵᠠᠩᠭᠢ  ᠎ ᠶᠢ ᠡᠷᠭᠡᠳᠤ ᠠᠷᠠᠳ᠂ ᠬᠠᠤᠯᠢ  ᠶᠢᠨ ᠡᠷᠭᠡᠳᠡᠨ ᠪᠠ ᠪᠤᠰᠤᠳ ᠵᠤᠭᠢᠶᠠᠨ ᠪᠠᠶᠢᠭᠤᠯᠤᠯᠳᠠ ᠨᠢ ᠳᠡᠭᠦᠨ ᠤ ᠠᠯᠢ ᠨᠢᠭᠡᠨ ᠵᠠᠰᠠᠭ ᠵᠠᠭᠢᠷᠭᠠᠨ ᠤ ᠪᠠᠶᠢᠭᠤᠯᠭ᠎ᠠ  ᠳᠤ ᠰᠤᠷᠠᠭ ᠵᠠᠩᠭᠢ ᠠᠪᠬᠤ ᠪᠠᠷ ᠡᠷᠡᠮᠠᠯᠵᠠᠯᠡᠵᠤ ᠪᠤᠯᠤᠨ᠎ᠠ᠃            ᠠᠷᠪᠠᠨ ᠨᠢᠭᠡᠳᠤᠭᠡᠷ ᠵᠤᠷᠪᠤᠰ     ᠵᠠᠰᠠᠭ ᠤᠨ ᠤᠷᠳᠤᠨ ᠤ ᠰᠤᠷᠠᠭ ᠵᠠᠩᠭᠢ ᠨᠢ ᠬᠤᠶᠠᠷ ᠠᠴᠠ ᠳᠡᠭᠡᠭᠰᠢ ᠵᠠᠰᠠᠭ ᠵᠠᠭᠢᠷᠭᠠᠨ ᠤ ᠪᠠᠶᠢᠭᠤᠯᠭ᠎ᠠ ᠲᠠᠢ ᠬᠤᠯᠪᠤᠭᠳᠠᠪᠠᠯ ᠳᠡᠭᠦᠨ ᠤ ᠳᠤᠳᠤᠷᠠᠭᠢ ᠠᠯᠢ ᠨᠢᠭᠡᠨ ᠵᠠᠰᠠᠭ ᠵᠠᠭᠢᠷᠭᠠᠨ ᠤ ᠪᠠᠶᠢᠭᠤᠯᠭ᠎ᠠ ᠨᠢ ᠵᠠᠰᠠᠭ ᠤᠨ ᠤᠷᠳᠤᠨ ᠤ ᠰᠤᠷᠠᠭ ᠵᠠᠩᠭᠢ ᠪᠠᠨ ᠨᠡᠶᠢᠳᠡᠯᠡᠭᠦ ᠠᠴᠠ ᠡᠮᠤᠨ᠎ᠠ ᠳᠤᠰ ᠵᠠᠰᠠᠭ ᠤᠨ ᠤᠷᠳᠤᠨ ᠤ ᠰᠤᠷᠠᠭ ᠵᠠᠩᠭᠢ ᠶᠢᠨ ᠬᠤᠯᠪᠤᠭᠳᠠᠬᠰᠠᠨ ᠪᠤᠰᠤᠳ ᠵᠠᠰᠠᠭ ᠵᠠᠭᠢᠷᠭᠠᠨ ᠤ ᠪᠠᠶᠢᠭᠤᠯᠭ᠎ᠠ ᠲᠠᠢ ᠬᠠᠷᠢᠴᠠᠵᠤ᠂ ᠨᠤᠳᠠᠯᠠᠨ᠂ ᠵᠠᠰᠠᠭ ᠤᠨ ᠤᠷᠳᠤᠨ ᠤ ᠰᠤᠷᠠᠭ ᠵᠠᠩᠭᠢ ᠶᠢᠨ ᠵᠦᠪ ᠤᠨᠤᠪᠴᠢᠳᠡᠢ ᠪᠦᠭᠡᠳ ᠨᠢᠭᠡᠳᠤᠯᠳᠡᠢ ᠪᠠᠶᠢᠬᠤ ᠶᠢ ᠪᠠᠳᠤᠯᠠᠬᠤ ᠭᠡᠷᠡᠭᠳᠡᠢ᠃            ᠠᠷᠪᠠᠨ ᠬᠤᠶᠠᠳᠤᠭᠠᠷ ᠵᠤᠷᠪᠤᠰ     ᠵᠠᠰᠠᠭ ᠤᠨ ᠤᠷᠳᠤᠨ ᠤ ᠰᠤᠷᠠᠭ ᠵᠠᠩᠭᠢ ᠶᠢ ᠢᠯᠡ ᠪᠠᠷ ᠨᠡᠶᠢᠳᠡᠯᠡᠭᠦ ᠵᠠᠰᠠᠭ ᠵᠠᠭᠢᠷᠭᠠᠨ ᠤ ᠪᠠᠶᠢᠭᠤᠯᠭ᠎ᠠ ᠨᠢ ᠨᠡᠶᠢᠳᠡᠯᠡᠭᠦ  ᠎ ᠪᠠᠷ ᠪᠠᠶᠢᠭ᠎ᠠ ᠵᠠᠰᠠᠭ ᠤᠨ ᠤᠷᠳᠤᠨ ᠤ ᠰᠤᠷᠠᠭ ᠵᠠᠩᠭᠢ ᠶᠢᠨ ᠬᠤᠯᠪᠤᠭᠳᠠᠬᠤ ᠪᠤᠰᠤᠳ ᠵᠠᠰᠠᠭ ᠵᠠᠭᠢᠷᠭᠠᠨ ᠤ ᠪᠠᠶᠢᠭᠤᠯᠭ᠎ᠠ ᠶᠢᠨ ᠳᠠᠷᠬᠠᠭᠠᠭᠰᠠᠨ ᠰᠠᠨᠠᠯ ᠬᠤᠷᠢᠶᠠᠬᠤ ᠪᠢᠴᠢᠭ ︵ᠵᠠᠭᠢᠳᠠᠯ︶᠎ ᠲᠤ ᠳᠤᠤᠷᠠᠭᠢ ᠠᠭᠤᠯᠭ᠎ᠠ ᠶᠢ ᠪᠠᠭᠳᠠᠭᠠᠬᠤ ᠭᠡᠷᠡᠭᠳᠡᠢ  ᠄            ︵ᠨᠢᠭᠡ︶ ᠢᠯᠡ ᠨᠡᠶᠢᠳᠡᠯᠡᠭᠦ︔ᠵᠠᠰᠠᠭ ᠤᠨ ᠤᠷᠳᠤᠨ ᠤ ᠰᠤᠷᠠᠭ ᠵᠠᠩᠭᠢ  ᠎ ᠶᠢᠨ ᠦᠠᠳᠤᠰᠤᠨ ᠪᠠᠶᠢᠳᠠᠯ            ︵ᠬᠤᠶᠠᠷ︶ ᠵᠠᠰᠠᠭ ᠤᠨ ᠤᠷᠳᠤᠨ ᠤ ᠰᠤᠷᠠᠭ ᠵᠠᠩᠭᠢ ᠶᠢ ᠢᠯᠡ ᠨᠡᠶᠢᠳᠡᠯᠡᠭᠦ  ᠵᠠᠰᠠᠭ ᠵᠠᠭᠢᠷᠭᠠᠨ ᠤ ᠪᠠᠶᠢᠭᠤᠯᠭ᠎ᠠ  ᠶᠢᠨ ᠰᠠᠨᠠᠯ ᠭᠢᠭᠡᠳ ᠦᠠᠳᠤᠰᠤᠯᠠᠯ᠃            ᠠᠷᠪᠠᠨ ᠭᠤᠷᠪᠠᠳᠤᠭᠠᠷ ᠵᠤᠷᠪᠤᠰ     ᠰᠠᠨᠠᠯ ᠳᠤᠰᠬᠠᠬᠤ ᠪᠠᠶᠢᠭᠤᠯᠭ᠎ᠠ ᠨᠢ ᠵᠠᠰᠠᠭ ᠤᠨ ᠤᠷᠳᠤᠨ ᠤ ᠰᠤᠷᠠᠭ ᠵᠠᠩᠭᠢ ᠶᠢ ᠢᠯᠡ ᠨᠡᠶᠢᠳᠡᠯᠡᠭᠦ ᠵᠠᠰᠠᠭ ᠵᠠᠭᠢᠷᠭᠠᠨ ᠤ ᠪᠠᠶᠢᠭᠤᠯᠭ᠎ᠠ ᠶᠢᠨ ᠰᠠᠨᠠᠯ ᠬᠤᠷᠢᠶᠠᠬᠤ ᠪᠢᠴᠢᠭ ︵ᠵᠠᠭᠢᠳᠠᠯ︶᠎ ᠢ ᠬᠤᠷᠢᠶᠠᠨ ᠠᠪᠤᠭᠰᠠᠨ ᠤ ᠰᠠᠭᠦᠯᠡᠷ 5 ᠠᠵᠢᠯ ᠤᠨ ᠡᠳᠤᠷ ᠤᠨ ᠳᠤᠳᠤᠷ᠎ᠠ ᠵᠠᠰᠠᠭ ᠤᠨ ᠤᠷᠳᠤᠨ ᠤ ᠰᠤᠷᠠᠭ ᠵᠠᠩᠭᠢ  ᠶᠢ ᠢᠯᠡ  ᠨᠠᠶᠢᠳᠡᠯᠡᠭᠦ ᠵᠠᠰᠠᠭ ᠵᠠᠭᠢᠷᠭᠠᠨ ᠤ ᠪᠠᠶᠢᠭᠤᠯᠭ᠎ᠠ ᠳᠤ ᠪᠢᠴᠢᠭ ᠢᠶᠠᠷ ᠬᠠᠷᠢᠭᠤᠯᠳᠠ ᠦᠭᠭᠦ ᠭᠡᠷᠡᠭᠳᠡᠢ᠃ ᠳᠤᠭᠳᠠᠭᠰᠠᠨ ᠬᠤᠭᠤᠴᠠᠭᠠᠨ ᠤ ᠳᠤᠳᠤᠷ᠎ᠠ ᠬᠠᠷᠢᠭᠤᠯᠳᠠ ᠦᠭᠭᠦ ᠦᠭᠡᠢ ᠪᠣᠯ ᠰᠠᠨᠠᠯ ᠦᠭᠡᠢ ᠪᠠᠷ ᠪᠤᠳᠤᠨ᠎ᠠ᠃          ᠠᠷᠪᠠᠨ ᠳᠦᠷᠪᠡᠳᠤᠭᠡᠷ ᠵᠤᠷᠪᠤᠰ     ᠵᠠᠰᠠᠭ ᠤᠨ ᠤᠷᠳᠤᠨ ᠤ ᠰᠤᠷᠠᠭ ᠵᠠᠩᠭᠢ ᠨᠢ ᠬᠤᠶᠠᠷ ᠠᠴᠠ ᠳᠡᠭᠡᠭᠰᠢ ᠵᠠᠰᠠᠭ ᠵᠠᠭᠢᠷᠭᠠᠨ ᠤ ᠪᠠᠶᠢᠭᠤᠯᠭ᠎ᠠ ᠲᠠᠢ ᠬᠤᠯᠪᠤᠬᠳᠠᠬᠤ ᠦᠶ᠎ᠠ ᠳᠤ ᠠᠳᠠᠯᠢ ᠪᠤᠰᠤ ᠵᠠᠰᠠᠭ ᠵᠠᠭᠢᠷᠭᠠᠨ ᠤ ᠪᠠᠶᠢᠭᠤᠯᠭ᠎ᠠ ᠨᠢ ᠵᠠᠰᠠᠭ ᠤᠨ ᠤᠷᠳᠤᠨ ᠤ ᠰᠤᠷᠠᠭ ᠵᠠᠩᠭᠢ ᠶᠢ ᠢᠯᠡ ᠨᠡᠶᠢᠳᠡᠯᠡᠭᠦ ᠡᠰᠡᠭᠦ ᠶᠢᠨ ᠳᠤᠬᠠᠢ ᠠᠳᠠᠯᠢ ᠪᠤᠰᠤ ᠰᠠᠨᠠᠯ ᠲᠠᠢ ᠪᠣᠯ᠂ ᠬᠠᠮᠳᠤ ᠶᠢᠨ ᠳᠡᠭᠡᠳᠤ ᠱᠠᠳᠤᠨ ᠤ ᠵᠠᠰᠠᠭ ᠵᠠᠭᠢᠷᠭᠠᠨ ᠤ ᠪᠠᠶᠢᠭᠤᠯᠭ᠎ᠠ ᠪᠤᠶᠤ ᠵᠠᠰᠠᠭ ᠤᠨ ᠤᠷᠳᠤᠨ ᠤ ᠰᠤᠷᠠᠭ ᠵᠠᠩᠭᠢ  ᠶᠢ ᠢᠯᠡ ᠨᠡᠶᠢᠳᠡᠯᠡᠭᠦ ᠠᠵᠢᠯ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠰᠠᠨᠠᠯ ᠮᠠᠳᠠᠭᠦᠯᠵᠤ ᠬᠠᠤᠯᠢ ᠴᠠᠭᠠᠵᠠ᠂ ᠬᠠᠤᠯᠢ ᠳᠦᠷᠢᠮ ᠭᠢᠭᠡᠳ ᠳᠤᠰ ᠬᠤᠰᠢᠭᠤᠨ ᠤ ᠬᠠᠮᠢᠶ᠎ᠠ ᠪᠦᠭᠦᠢ ᠳᠦᠷᠢᠮ ᠳᠤᠭᠳᠠᠭᠠᠯ ᠶᠤᠰᠤᠭᠠᠷ ᠳᠤᠭᠳᠠᠭᠠᠯᠭᠠᠬᠤ ᠭᠡᠷᠡᠭᠳᠡᠢ᠃            ᠠᠷᠪᠠᠨ ᠳᠠᠪᠤᠳᠤᠭᠠᠷ ᠵᠤᠷᠪᠤᠰ     ᠵᠠᠰᠠᠭ ᠵᠠᠭᠢᠷᠭᠠᠨ ᠤ ᠪᠠᠶᠢᠭᠤᠯᠭ᠎ᠠ ᠨᠢ ᠳᠤᠰ ᠳᠦᠷᠢᠮ ᠢ ᠵᠦᠷᠢᠴᠠᠨ ᠭᠦᠠᠳᠤ ᠨᠤᠴᠢᠳᠡᠢ ᠦᠷ᠎ᠡ ᠳ᠋ᠦ᠋ᠩ ᠭᠠᠷᠭᠠᠭᠰᠠᠨ ᠪᠠ ᠨᠡᠶᠢᠭᠡᠮ ᠳᠡᠭᠡᠷ᠎ᠡ ᠮᠠᠭᠤ ᠨᠦᠯᠦᠭᠡ ᠭᠠᠷᠭᠠᠭᠰᠠᠨ ᠪᠣᠯ ᠠᠳᠠᠯᠢ ᠱᠠᠳᠤᠨ ᠤ ᠵᠠᠰᠠᠭ ᠤᠨ ᠤᠷᠳᠤᠨ ᠤ ᠰᠤᠷᠠᠭ ᠵᠠᠩᠭᠢ ᠶᠢ ᠢᠯᠡ ᠨᠡᠶᠢᠳᠡᠯᠡᠭᠦ ᠠᠵᠢᠯ ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠭᠢᠭᠡᠳ ᠠᠳᠠᠯᠢ ᠱᠠᠳᠤᠨ ᠤ ᠭᠢᠨᠠᠨ ᠪᠠᠶᠢᠴᠠᠭᠠᠬᠤ ᠪᠠᠶᠢᠭᠤᠯᠭ᠎ᠠ ᠨᠢ ︽ᠪᠠᠭᠠᠷᠢᠨ ᠪᠠᠷᠠᠭᠤᠨ ᠬᠤᠰᠢᠭᠤᠨ ᠤ ᠵᠠᠰᠠᠭ  ᠤᠨ ᠤᠷᠳᠤᠨ ᠤ ᠰᠤᠷᠠᠭ ᠵᠠᠩᠭᠢ ᠶᠢ ᠢᠯᠡ ᠨᠡᠶᠢᠳᠡᠯᠡᠭᠦ ᠳᠦᠷᠢᠮ ᠢ ᠵᠦᠷᠢᠴᠡᠭᠰᠠᠨ ᠠᠵᠢᠯᠯᠠᠭ᠎ᠠ ᠶᠢᠨ ᠬᠠᠷᠢᠭᠤᠴᠠᠯᠭ᠎ᠠ ᠨᠡᠭᠡᠮᠵᠢᠯᠡᠭᠦ ᠳᠦᠷᠢᠮ ︵ᠳᠤᠷᠰᠢᠨ ᠭᠡᠷᠡᠭᠵᠢᠭᠦᠯᠭᠦ︶︾᠎ ᠤᠨ ᠳᠤᠭᠳᠠᠭᠠᠯ ᠶᠤᠰᠤᠭᠠᠷ ᠰᠢᠢᠳᠪᠤᠷᠢᠯᠠᠨ᠎ᠠ᠃            ᠠᠷᠪᠠᠨ ᠵᠢᠷᠭᠤᠳᠤᠭᠠᠷ ᠵᠤᠷᠪᠤᠰ     ᠳᠤᠰ ᠳᠦᠷᠢᠮ ᠨᠢ ᠬᠠᠤᠯᠢ ᠴᠠᠭᠠᠵᠠ᠂ ᠬᠠᠤᠯᠢ ᠳᠦᠷᠢᠮ ᠤᠨ ᠡᠷᠭᠡ ᠮᠡᠳᠡᠯ ᠢ ᠭᠦᠯᠢᠶᠡᠭᠰᠠᠨ ᠤᠯᠠᠨ ᠨᠡᠶᠢᠳᠡ ᠶᠢᠨ ᠦᠢᠯᠡᠰ ᠢ ᠪᠤᠳᠠᠳᠠᠢ ᠬᠠᠮᠢᠶᠠᠷᠬᠤ ᠳᠤᠰᠢᠶᠠᠯ ᠬᠠᠷᠢᠭᠤᠴᠠᠯᠭ᠎ᠠ ᠲᠠᠢ ᠵᠤᠭᠢᠶᠠᠨ ᠪᠠᠶᠢᠭᠤᠯᠤᠯᠳᠠ ᠳᠤ ᠳᠤᠭᠢᠷᠠᠨ᠎ᠠ᠃            ᠠᠷᠪᠠᠨ ᠳᠤᠯᠤᠳᠤᠭᠠᠷ ᠵᠤᠷᠪᠤᠰ     ᠰᠤᠷᠭᠠᠨ ᠭᠦᠮᠤᠵᠢᠯ ᠡᠮ ᠡᠮᠨᠡᠯᠭᠡ ᠡᠷᠡᠭᠦᠯ ᠬᠠᠮᠠᠭᠠᠯᠠᠯ᠂ ᠳᠦᠯᠦᠪᠯᠡᠭᠡᠳᠤ ᠦᠷᠡᠵᠢᠯ᠂ ᠤᠰᠤ ᠬᠠᠩᠭᠠᠬᠤ᠂ ᠴᠠᠭᠢᠯᠭᠠᠨ ᠬᠠᠩᠭᠠᠬᠤ᠂ ᠭᠡᠢ ᠬᠠᠩᠭᠠᠬᠤ᠂ ᠤᠷᠴᠢᠨ ᠳᠤᠭᠤᠷᠢᠨ᠂ ᠲᠧᠯᠸᠢᠰ᠂ ᠴᠢᠮᠡᠭᠡ ᠨᠡᠪᠳᠡᠷᠡᠯᠭᠡ᠂ ᠤᠯᠠᠨ ᠨᠡᠶᠢᠳᠡ ᠶᠢᠨ ᠵᠠᠮ ᠬᠠᠷᠢᠯᠴᠠᠭ᠎ᠠ ᠵᠡᠷᠭᠡ ᠠᠷᠠᠳ ᠤᠯᠠᠨ ᠤ ᠠᠰᠢᠭ ᠳᠤᠰᠠ ᠲᠠᠢ ᠰᠢᠭᠤᠳ ᠬᠤᠯᠪᠤᠭᠳᠠᠬᠤ ᠤᠯᠠᠨ ᠨᠡᠶᠢᠳᠡ ᠶᠢᠨ ᠠᠵᠤ ᠠᠬᠤᠶᠢᠯᠠᠯ ᠠᠵᠢᠯ ᠦᠢᠯᠡᠰ‌‍ᠤᠨ ᠨᠢᠭᠡᠴᠡ ᠨᠢ ᠨᠡᠶᠢᠭᠡᠮ ᠤᠨ ᠤᠯᠠᠨ ᠨᠡᠶᠢᠳᠡ ᠶᠢᠨ ᠦᠢᠯᠡᠴᠢᠯᠡᠭᠡᠨ ᠬᠠᠩᠭᠠᠬᠤ ᠶᠠᠪᠤᠴᠠ ᠳᠠᠬᠢ ᠰᠤᠷᠠᠭ ᠵᠠᠩᠭᠢ ᠶᠢ ᠨᠡᠶᠢᠳᠡᠯᠡᠭᠦ ᠶᠢ ᠵᠤᠭᠢᠴᠠᠭᠤᠯᠬᠤ  ᠳᠤ ᠳᠤᠰ ᠳᠦᠷᠢᠮ ᠢᠶᠠᠷ ᠯᠠᠪᠯᠠᠯᠳᠠ ᠪᠤᠯᠭᠠᠵᠤ ᠪᠤᠯᠤᠨ᠎ᠠ᠃            ᠠᠷᠪᠠᠨ ᠨᠠᠢᠮᠠᠳᠤᠭᠠᠷ ᠵᠤᠷᠪᠤᠰ     ᠳᠤᠰ ᠳᠦᠷᠢᠮ ᠢ ᠨᠡᠶᠢᠳᠡᠯᠡᠭᠰᠠᠨ ᠡᠳᠤᠷ ᠠᠴᠠ ᠡᠭᠢᠯᠠᠵᠤ ᠭᠡᠷᠡᠭᠵᠢᠭᠦᠯᠦᠨ᠎ᠠ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号