ᠬᠡᠰᠢᠭᠳᠡᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠤᠷᠠᠭ ᠵᠠᠩᠭᠢ ᠶᠢ ᠢᠯᠡ ᠨᠡᠶᠢᠳᠡᠯᠡᠭᠦ ᠠᠵᠢᠯ ᠢ ᠭᠢᠨᠠᠨ ᠰᠢᠯᠭᠠᠠᠬᠤ ᠳᠦᠷᠢᠮ
ᠨᠡᠶᠢᠲᠡᠯᠡᠭᠰᠡᠨ ᠴᠠᠭ᠄
2018/11/1
         ᠨᠢᠭᠡᠳᠤᠭᠡᠷ ᠵᠤᠷᠪᠤᠰ     ᠵᠠᠰᠠᠭ ᠤᠨ ᠤᠷᠳᠤᠨ ᠤ ᠰᠤᠷᠠᠭ ᠵᠠᠩᠭᠢ ᠶᠢ ᠢᠯᠡ ᠨᠡᠶᠢᠳᠡᠯᠡᠭᠦ ᠠᠵᠢᠯ ᠢ ᠠᠭᠢᠭᠤᠯᠵᠤ᠂ ᠪᠦᠭᠦ ᠬᠤᠰᠢᠭᠤᠨ ᠤ ᠵᠠᠰᠠᠭ ᠤᠨ ᠤᠷᠳᠤᠨ ᠤ ᠰᠤᠷᠠᠭ ᠵᠠᠩᠭᠢ ᠶᠢ ᠢᠯᠡ ᠨᠡᠶᠢᠳᠡᠯᠡᠭᠦ ᠠᠵᠢᠯ ᠤᠨ ᠭᠢᠨᠠᠨ ᠰᠢᠯᠭᠠᠯᠳᠠ ᠪᠠ ᠬᠠᠮᠢᠶᠠᠷᠤᠯᠳᠠ ᠪᠠᠨ ᠴᠢᠩᠭᠠᠳᠬᠠᠤ ᠶᠢᠨ ᠳᠤᠰᠠᠳᠠ ᠳᠤᠰ ᠳᠦᠷᠢᠮ ᠢ ᠳᠤᠭᠳᠠᠭᠠᠪᠠ᠃            ᠬᠤᠶᠠᠳᠤᠭᠠᠷ ᠵᠤᠷᠪᠤᠰ     ᠭᠢᠨᠠᠨ ᠰᠢᠯᠭᠠᠬᠤ ᠠᠵᠢᠯ ᠳᠤ ᠪᠤᠰᠤᠳᠴᠢ ᠭᠤᠤᠯᠴᠢ᠂ ᠪᠤᠳᠠᠳᠤ ᠦᠷ᠎ᠠ ᠠᠰᠢᠭ ᠢ ᠴᠢᠬᠤᠯᠠᠴᠢᠯᠠᠬᠤ ᠵᠠᠷᠴᠢᠮ ᠢ ᠪᠠᠷᠢᠮᠳᠠᠯᠠᠨ᠎ᠠ᠃            ᠭᠤᠷᠪᠠᠳᠤᠭᠠᠷ ᠵᠤᠷᠪᠤᠰ     ᠭᠢᠨᠠᠨ ᠰᠢᠯᠭᠠᠬᠤ ᠠᠵᠢᠯ ᠢ ᠬᠤᠰᠢᠭᠤᠨ ᠤ ᠵᠠᠰᠠᠭ ᠤᠨ ᠤᠷᠳᠤᠨ ᠤ ᠵᠠᠰᠠᠭ ᠤᠨ ᠶᠠᠪᠤᠳᠠᠯ ᠢ ᠢᠯᠡ ᠪᠤᠯᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠵᠤᠭᠢᠶᠠᠨ ᠪᠠᠶᠢᠭᠤᠯᠤᠨ ᠭᠡᠷᠡᠭᠵᠢᠭᠦᠯᠦᠨ᠎ᠠ᠃            ᠳᠦᠷᠪᠡᠳᠤᠭᠡᠷ ᠵᠤᠷᠪᠤᠰ     ᠭᠢᠨᠠᠨ ᠰᠢᠯᠭᠠᠬᠤ ᠡᠳᠡᠭᠡᠳ ᠨᠢ ᠭᠤᠤᠯᠳᠠᠭᠤ ᠵᠠᠰᠠᠭ ᠵᠠᠭᠢᠷᠭᠠᠨ ᠤ ᠪᠠᠶᠢᠭᠤᠯᠭ᠎ᠠ ᠪᠤᠯᠤᠨ᠎ᠠ᠃ ᠡᠭᠦᠨ ᠳᠤ ᠠᠷᠠᠳ ᠤᠯᠠᠨ ᠤ ᠠᠰᠢᠭ ᠳᠤᠰᠠ ᠲᠠᠢ ᠨᠢᠬᠳᠠ ᠬᠤᠯᠪᠤᠬᠳᠠᠬᠤ ᠤᠯᠠᠨ ᠨᠡᠶᠢᠳᠡ ᠶᠢᠨ ᠠᠵᠢᠯ ᠦᠢᠯᠡᠰ ᠤᠨ ᠨᠢᠭᠡᠴᠡ ᠪᠠᠭᠳᠠᠨ᠎ᠠ᠃     ᠳᠠᠪᠤᠳᠤᠭᠠᠷ ᠵᠤᠷᠪᠤᠰ     ᠭᠢᠨᠠᠨ ᠰᠢᠯᠭᠠᠯᠳᠠ ᠭᠢᠭᠦ ᠭᠤᠤᠯ ᠠᠭᠤᠯᠭ᠎ᠠ᠄            ︵ᠨᠢᠭᠡ︶ ᠵᠤᠭᠢᠶᠠᠨ ᠪᠠᠶᠢᠭᠤᠯᠵᠤ ᠤᠳᠤᠷᠢᠳᠤᠭᠰᠠᠨ ᠪᠠᠶᠢᠳᠠᠯ᠃ ᠵᠠᠰᠠᠭ ᠤᠨ ᠤᠷᠳᠤᠨ ᠤ ᠰᠤᠷᠠᠭ ᠵᠠᠩᠭᠢ ᠶᠢ ᠢᠯᠡ ᠨᠡᠶᠢᠳᠡᠯᠡᠭᠦ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠡᠨᠡᠭᠦ ᠠᠵᠢᠯ ᠢ ᠤᠳᠤᠷᠢᠳᠤᠯᠭ᠎ᠠ ᠭᠤᠤᠯᠯᠠᠨ ᠬᠠᠮᠢᠶᠠᠷᠴᠦ ᠪᠠᠶᠢᠬᠤ ᠡᠰᠡᠭᠦ᠂ ᠳᠤᠰᠬᠠᠢ ᠠᠵᠢᠯᠳᠠᠨ ᠬᠠᠷᠢᠭᠤᠴᠠᠵᠤ ᠪᠠᠶᠢᠬᠤ ᠡᠰᠡᠭᠦ᠂            ︵ᠬᠤᠶᠠᠷ︶ ᠳᠦᠷᠢᠮ ᠤᠨ ᠳᠦᠷᠢᠮᠵᠢᠯᠳᠠ ᠶᠢᠨ ᠪᠠᠶᠢᠭᠤᠯᠤᠯᠳᠠ ᠶᠢᠨ ᠪᠠᠶᠢᠳᠠᠯ᠃ ᠵᠠᠰᠠᠭ ᠤᠨ ᠤᠷᠳᠤᠨ ᠤ ᠰᠤᠷᠠᠭ ᠵᠠᠩᠭᠢ ᠶᠢ ᠢᠯᠡ ᠪᠤᠯᠭᠠᠬᠤ ᠠᠵᠢᠯ ᠤᠨ ᠳᠦᠷᠢᠮ ᠭᠢᠭᠡᠳ ᠢᠯᠡ ᠨᠡᠶᠢᠳᠡᠯᠡᠭᠦ ᠵᠠᠰᠠᠭ ᠤᠨ ᠤᠷᠳᠤᠨ ᠤ ᠰᠤᠷᠠᠭ ᠵᠠᠩᠭᠢ ᠶᠢᠨ ᠠᠵᠢᠯ ᠤᠨ ᠳᠦᠷᠢᠮ ᠶᠤᠰᠤᠭᠠᠷ ᠢᠯᠡ ᠨᠡᠶᠢᠳᠡᠯᠡᠭᠰᠠᠨ ᠡᠰᠡᠭᠦ︔ ᠵᠠᠰᠠᠭ ᠤᠨ ᠤᠷᠳᠤᠨ ᠤ ᠰᠤᠷᠠᠭ ᠵᠠᠩᠭᠢ ᠶᠢ ᠨᠡᠶᠢᠳᠡᠯᠡᠭᠰᠠᠨ ᠨᠢᠭᠤᠴᠠ ᠶᠢ ᠬᠠᠮᠠᠭᠠᠯᠠᠬᠤ ᠭᠢᠨᠠᠨ ᠪᠠᠶᠢᠴᠠᠭᠠᠯᠳᠠ ᠶᠢᠨ ᠳᠦᠷᠢᠮ ᠳᠤᠭᠳᠠᠭᠠᠭᠰᠠᠨ ᠡᠰᠡᠭᠦ︔ ᠰᠤᠨᠢᠨ ᠮᠡᠳᠡᠭᠡ ᠨᠡᠶᠢᠳᠡᠯᠡᠭᠦ ᠳᠦᠷᠢᠮ ᠳᠤᠭᠳᠠᠭᠠᠨ ᠳᠡᠭᠦᠯᠳᠡᠷᠵᠢᠭᠦᠯᠦᠭᠰᠠᠨ ᠡᠰᠡᠭᠦ︔ ᠭᠢᠨᠠᠯᠳᠠ ᠳᠠᠯᠪᠢᠬᠤ ᠪᠠᠳᠤᠯᠠᠭ᠎ᠠ ᠪᠠ ᠬᠠᠷᠢᠭᠤᠴᠠᠯᠭ᠎ᠠ ᠶᠢᠨ ᠳᠦᠷᠢᠮ ᠳᠤᠭᠳᠠᠭᠠᠵᠤ ᠳᠡᠭᠦᠯᠳᠡᠷᠵᠢᠭᠦᠯᠦᠭᠰᠠᠨ ᠡᠰᠡᠭᠦ︔ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠤᠷᠳᠤᠨ ᠡᠯ᠎ᠡ ᠰᠠᠯᠠᠭ᠎ᠠ ᠮᠦᠴᠢᠷ ᠨᠢ ᠵᠠᠰᠠᠭ ᠤᠨ ᠤᠷᠳᠤᠨ ᠤ ᠰᠤᠷᠠᠭ ᠵᠠᠩᠭᠢ ᠶᠢ ᠢᠯᠡ ᠨᠡᠶᠢᠳᠡᠯᠡᠭᠦ ᠠᠵᠢᠯ ᠢ ᠭᠢᠨᠠᠨ ᠰᠢᠯᠭᠠᠬᠤ ᠪᠠ ᠨᠡᠶᠢᠭᠡᠮ ᠤᠨ ᠦᠨᠡᠯᠡᠯᠳᠡ ᠶᠢᠨ ᠳᠦᠷᠢᠮ ᠳᠤᠭᠳᠠᠭᠠᠭᠰᠠᠨ ᠡᠰᠡᠭᠦ ᠵᠡᠷᠭᠡ ᠪᠤᠯᠤᠨ᠎ᠠ᠃            ︵ᠭᠤᠷᠪᠠ︶ ᠵᠠᠰᠠᠭ ᠤᠨ ᠤᠷᠳᠤᠨ ᠰᠤᠷᠠᠭ ᠵᠠᠩᠭᠢ ᠶᠢ ᠢᠯᠡ ᠨᠡᠶᠢᠳᠡᠯᠡᠭᠦ ᠵᠦᠭᠯᠡᠭᠦᠷ ᠪᠠ ᠢᠯᠡ ᠨᠡᠶᠢᠳᠡᠯᠡᠭᠦ ᠭᠠᠷᠴᠠᠭ ᠢ ᠵᠤᠭᠢᠶᠠᠬᠰᠠᠨ ᠪᠠᠶᠢᠳᠠᠯ᠃ ᠢᠯᠡ ᠨᠠᠶᠢᠳᠡᠯᠡᠭᠦ ᠵᠦᠭᠯᠡᠭᠦᠷ ᠭᠢᠭᠡᠳ ᠢᠯᠡ ᠨᠡᠶᠢᠳᠡᠯᠡᠭᠦ ᠭᠠᠷᠴᠠᠭ ᠨᠢ ᠪᠤᠳᠠᠳᠠᠢ  ᠲᠠᠢ ᠨᠡᠶᠢᠴᠠᠭᠦ ᠡᠰᠡᠭᠦ᠂ ᠪᠦᠷᠢᠨ ᠭᠦᠢᠴᠡᠳ ᠡᠰᠡᠭᠦ︔ ᠵᠠᠰᠠᠭ ᠤᠨ ᠤᠷᠳᠤᠨ ᠤ ᠰᠠᠯᠠᠭ᠎ᠠ ᠮᠦᠴᠢᠷ ᠤᠨ ᠳᠤᠤᠷ ᠰᠦᠯᠵᠢᠶ᠎ᠠ ᠪᠤᠯᠤᠨ ᠬᠠᠮᠢᠶ᠎ᠠ ᠪᠦᠭᠦᠢ ᠵᠠᠰᠠᠭ ᠵᠠᠭᠢᠷᠭᠠᠨ ᠤ ᠰᠤᠷᠠᠭ ᠵᠠᠩᠭᠢ ᠶᠢ ᠪᠠᠶᠢᠴᠠᠭᠠᠬᠤ ᠳᠠᠯᠠᠪᠤᠷ ᠢᠶᠠᠨ ᠢᠯᠡ ᠨᠡᠶᠢᠳᠡᠯᠡᠭᠰᠠᠨ ᠡᠰᠡᠭᠦ︔ ᠴᠠᠭ ᠳᠤᠬᠠᠢ ᠳᠤᠨᠢ ᠵᠠᠰᠠᠭᠰᠠᠨ ᠡᠰᠡᠭᠦ᠃            ︵ᠳᠦᠷᠪᠠ︶ ᠢᠯᠡ ᠨᠡᠶᠢᠳᠡᠯᠡᠭᠦ ᠭᠦᠷᠢᠶ᠎ᠠ ᠭᠡᠪᠴᠢᠶ᠎ᠠ ᠶᠢᠨ ᠪᠠᠶᠢᠳᠠᠯ᠃ ᠰᠠᠨᠠᠭᠠᠴᠢᠯᠠᠭ᠎ᠠ ᠠᠴᠠ ᠪᠠᠨ ᠢᠯᠡ ᠨᠡᠶᠢᠳᠡᠯᠡᠭᠰᠠᠨ ᠵᠠᠰᠠᠭ ᠤᠨ ᠤᠷᠳᠤᠨ ᠤ ᠰᠤᠷᠠᠭ ᠵᠠᠩᠭᠢ ᠶᠢᠨ ᠠᠭᠤᠯᠭ᠎ᠠ ᠨᠢ ︽ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠤᠷᠳᠤᠨ ᠤ ᠰᠤᠷᠠᠭ ᠵᠠᠩᠭᠢ ᠶᠢ ᠢᠯᠡ ᠨᠡᠶᠢᠳᠡᠯᠡᠭᠦ ᠳᠦᠷᠢᠮ︾᠎ ᠤᠨ ᠳᠤᠭᠳᠠᠭᠠᠯ ᠎ ᠤᠨ ᠱᠠᠭᠠᠷᠳᠠᠯᠭ᠎ᠠ ᠳᠤ ᠨᠡᠶᠢᠴᠡᠵᠤ ᠪᠠᠶᠢᠬᠤ ᠡᠰᠡᠭᠦ︔ ᠢᠯᠡ᠊^‍ᠨᠡᠶᠢᠳᠡᠯᠡᠭᠰᠠᠨ ᠵᠠᠰᠠᠭ ᠤᠨ ᠤᠷᠳᠤᠨ ᠤ ᠭᠤᠤᠯᠳᠠᠯᠭ᠎ᠠ ᠎ ᠲᠠᠢ ᠰᠤᠷᠠᠭ ᠵᠠᠩᠭᠢ ᠨᠢ ᠦᠨᠠᠨ ᠪᠤᠳᠠᠳᠠᠢ ᠡᠰᠡᠭᠦ᠂ ᠪᠦᠷᠢᠨ ᠭᠦᠢᠴᠡᠳ ᠡᠰᠡᠭᠦ᠂ ᠭᠡᠭᠡᠭᠳᠠᠵᠤ ᠤᠷᠭᠢᠭᠳᠠᠭᠰᠠᠨ ᠵᠦᠢᠯ ᠪᠠᠶᠢᠬᠤ ᠡᠰᠡᠭᠦ︔ ᠢᠯᠡ ᠨᠡᠶᠢᠳᠡᠯᠡᠵᠤ ᠪᠤᠯᠬᠤ ᠦᠭᠡᠢ ᠵᠠᠰᠠᠭ ᠤᠨ ᠤᠷᠳᠤᠨ ᠤ ᠰᠤᠷᠠᠭ ᠵᠠᠩᠭᠢ ᠶᠢ ᠢᠯᠡ ᠨᠡᠶᠢᠳᠡᠯᠡᠭᠰᠠᠨ ᠠᠰᠠᠭᠤᠳᠠᠯ ᠪᠠᠶᠢᠬᠤ ᠡᠰᠡᠭᠦ᠃          ︵ᠳᠠᠪᠤ︶ ᠢᠯᠡ ᠨᠡᠶᠢᠳᠡᠯᠡᠭᠦ ᠭᠡᠯᠪᠡᠷᠢ ᠪᠠ ᠳᠡᠰ ᠳᠠᠷᠠᠭ᠎ᠠ ᠶᠢᠨ ᠪᠠᠶᠢᠳᠠᠯ᠃ ᠵᠠᠰᠠᠭ ᠤᠨ ᠤᠷᠳᠤᠨ ᠨᠢ ᠰᠤᠷᠠᠭ ᠵᠠᠩᠭᠢ ᠶᠢᠨ ᠳᠠᠯᠠᠪᠤᠷ ᠭᠠᠷᠭᠠᠭᠰᠠᠨ ᠡᠰᠡᠭᠦ᠂ ᠪᠡᠯᠡᠳᠭᠡᠯ ᠳᠦᠭᠦᠭᠡᠷᠤᠮᠵᠢ ᠳᠤᠭᠢᠶᠠᠬᠰᠠᠨ ᠡᠰᠡᠭᠦ︔ ᠵᠠᠰᠠᠭ ᠵᠠᠭᠢᠷᠭᠠᠨ ᠤ ᠪᠠᠶᠢᠭᠤᠯᠭ᠎ᠠ ᠨᠢ ᠤᠯᠠᠨ ᠨᠡᠶᠢᠳᠡ ᠶᠢᠨ ᠤᠩᠰᠢᠯᠭ᠎ᠠ  ᠶᠢᠨ ᠭᠡᠷ᠂ ᠮᠠᠲ᠋ᠧᠷᠢᠶᠠᠯ ᠠᠪᠬᠤ ᠴᠢᠭ᠂ ᠰᠤᠷᠠᠭ ᠵᠠᠩᠭᠢ  ᠶᠢ ᠢᠯᠡ ᠨᠡᠶᠢᠳᠡᠯᠡᠭᠦ ᠳᠠᠪᠴᠠᠩ᠂ ᠡᠯᠧᠺᠳ᠋ᠷᠤᠨ ᠰᠤᠷᠠᠭ ᠵᠠᠩᠭᠢ ᠶᠢᠨ ᠦᠵᠡᠭᠦᠯᠦᠯᠭᠡ ᠶᠢᠨ ᠳᠠᠯᠠᠪᠤᠷ᠂ ᠪᠡᠯᠡᠳᠭᠡᠯ ᠳᠦᠭᠦᠭᠡᠷᠤᠮᠵᠢ ᠪᠠᠶᠢᠬᠤ ᠡᠰᠡᠭᠦ︔ ᠭᠦᠴᠦᠨ ᠲᠠᠢ ᠴᠠᠭ ᠬᠤᠭᠤᠴᠠᠭᠠᠨ ᠤ ᠳᠤᠳᠤᠷ᠎ᠠ ᠰᠠᠨᠠᠭᠠᠴᠢᠯᠠᠭ᠎ᠠ ᠠᠴᠠ ᠪᠠᠨ ᠢᠯᠡ ᠨᠡᠶᠢᠳᠡᠯᠡᠭᠦ ᠭᠡᠪᠴᠢᠶᠠᠨ ᠳᠠᠬᠢ ᠵᠠᠰᠠᠭ ᠤᠨ ᠤᠷᠳᠤᠨ  ᠤ ᠰᠤᠷᠠᠭ ᠵᠠᠩᠭᠢ ᠶᠢ ᠢᠯᠡ ᠨᠡᠶᠢᠳᠡᠯᠡᠭᠰᠰᠠᠨ ᠡᠰᠡᠭᠦ︔ ᠳᠤᠬᠳᠠᠭᠰᠠᠨ ᠴᠠᠭ ᠤᠨ ᠳᠤᠳᠤᠷ᠎ᠠ ᠵᠠᠰᠠᠭ ᠤᠨ ᠤᠷᠳᠤᠨ ᠤ ᠰᠤᠷᠠᠭ ᠵᠠᠩᠭᠢ ᠶᠢᠨ ᠡᠷᠡᠮᠡᠯᠵᠡᠯ ᠳᠤ ᠬᠠᠷᠢᠭᠤᠯᠳᠠ ᠦᠭᠭᠦᠭᠰᠠᠨ ᠡᠰᠡᠭᠦ︔ ᠳᠤᠭᠳᠠᠭᠠᠯ ᠠᠴᠠ ᠵᠦᠷᠢᠴᠡᠨ ᠰᠦᠢᠳᠭᠡᠯ ᠬᠤᠷᠢᠶᠠᠭᠰᠠᠨ ᠡᠰᠡᠭᠦ︔ ᠪᠤᠰᠤᠳ ᠵᠤᠭᠢᠶᠠᠨ ᠪᠠᠶᠢᠭᠤᠯᠤᠯᠳᠠ ᠪᠤᠶᠤ ᠬᠤᠪᠢ ᠭᠦᠮᠤᠨ ᠤ ᠨᠡᠷ᠎ᠡ ᠪᠠᠷ ᠳᠦᠯᠦᠪᠤᠷᠢ ᠲᠠᠢ ᠦᠢᠯᠡᠴᠢᠯᠡᠭᠡᠨ ᠭᠢᠭᠦ ᠭᠡᠯᠪᠡᠷᠢ ᠪᠠᠷ ᠵᠠᠰᠠᠭ ᠤᠨ ᠤᠷᠳᠤᠨ ᠤ ᠰᠤᠷᠠᠭ ᠵᠠᠩᠭᠢ ᠬᠠᠩᠭᠠᠬᠰᠠᠨ ᠡᠰᠡᠭᠦ︔ ᠵᠠᠰᠠᠭ ᠤᠨ ᠤᠷᠳᠤᠨ ᠤ ᠰᠤᠷᠠᠭ ᠵᠠᠩᠭᠢ ᠶᠢ ᠢᠯᠡ ᠨᠡᠶᠢᠳᠡᠯᠡᠭᠰᠠᠨ ᠦᠭᠡᠢ ᠪᠤᠶᠤ ᠴᠠᠭ ᠳᠤᠬᠠᠢ ᠳᠤᠨᠢ ᠢᠯᠡ ᠨᠡᠶᠢᠳᠡᠯᠡᠭᠰᠠᠨ ᠦᠭᠡᠢ ᠠᠴᠠ ᠪᠤᠯᠵᠤ ᠠᠳᠠᠯ ᠭᠠᠷᠤᠭᠰᠠᠨ ᠪᠤᠶᠤ ᠤᠯᠠᠨ ᠳᠦᠮᠠᠨ ᠵᠠᠷᠭᠤ ᠵᠠᠭᠠᠯᠳᠤᠭᠠᠨ ᠭᠢᠭᠰᠡᠨ ᠡᠰᠡᠭᠦ᠃            ︵ᠵᠢᠷᠭᠤᠭ᠎ᠠ︶ ᠭᠢᠨᠠᠯᠳᠠ ᠳᠠᠯᠪᠢᠭᠰᠠᠨ ᠪᠠ ᠪᠠᠳᠤᠯᠠᠭᠰᠠᠨ ᠪᠠᠶᠢᠳᠠᠯ᠃ ᠵᠠᠰᠠᠭ ᠤᠨ ᠤᠷᠳᠤᠨ ᠤ ᠰᠤᠷᠠᠭ ᠵᠠᠩᠭᠢ ᠶᠢ ᠢᠯᠡ ᠨᠡᠶᠢᠳᠡᠯᠡᠭᠦ ᠠᠵᠢᠯ ᠳᠤ ᠳᠤᠭᠳᠠᠭᠰᠠᠨ ᠬᠤᠭᠤᠴᠠᠭᠠᠨ ᠤ ᠳᠤᠳᠤᠷ᠎ᠠ ᠭᠢᠨᠠᠯᠳᠠ ᠳᠠᠯᠪᠢᠵᠤ ᠵᠦᠪᠯᠠᠨ ᠳᠤᠭᠳᠠᠭᠠᠭᠰᠠᠨ ᠡᠰᠡᠭᠦ︔ ᠳᠤᠭᠳᠠᠭᠰᠠᠨ ᠬᠤᠭᠤᠴᠠᠭᠠᠨ ᠤ ᠳᠤᠳᠤᠷ᠎ᠠ ᠵᠢᠯ ᠤᠨ ᠠᠵᠢᠯ ᠤᠨ ᠮᠠᠳᠠᠭᠦᠯᠤᠯᠳᠠ ᠪᠠᠨ ᠪᠢᠴᠢᠵᠤ ᠨᠡᠶᠢᠳᠡᠯᠡᠭᠰᠠᠨ ᠡᠰᠡᠭᠦ︔ ᠬᠠᠤᠯᠢ ᠶᠤᠰᠤᠭᠠᠷ ᠬᠠᠷᠢᠭᠤᠴᠠᠯᠭ᠎ᠠ ᠨᠡᠭᠡᠮᠵᠢᠯᠡᠭᠰᠠᠨ ᠡᠰᠡᠭᠦ︔ ᠵᠠᠰᠠᠭ ᠤᠨ ᠤᠷᠳᠤᠨ ᠤ ᠰᠤᠷᠠᠭ ᠵᠠᠩᠭᠢ ᠶᠢ ᠢᠯᠡ ᠨᠡᠶᠢᠳᠡᠯᠡᠭᠦ ᠠᠵᠢᠯ ᠢ ᠡᠳᠤᠷ ᠳᠤᠳᠤᠮ ᠤᠨ ᠠᠵᠢᠯ ᠤᠨ ᠬᠠᠷᠠᠯᠳᠠᠳᠤ ᠬᠠᠮᠢᠶᠠᠷᠤᠯᠳᠠ ᠳᠠᠭᠠᠨ ᠤᠷᠤᠭᠤᠯᠤᠭᠰᠠᠨ ᠡᠰᠡᠭᠦ᠃            ᠳᠦᠷᠪᠡᠳᠤᠭᠡᠷ ᠵᠤᠷᠪᠤᠰ     ᠭᠢᠨᠠᠨ ᠰᠢᠯᠭᠠᠬᠤ ᠭᠡᠯᠪᠡᠷᠢ ᠳᠤ ᠬᠠᠷᠢᠭᠤ ᠮᠠᠳᠡᠭᠦᠯᠦᠯᠳᠠ ᠰᠤᠨᠤᠰᠬᠤ᠂ ᠬᠠᠮᠢᠶ᠎ᠠ ᠪᠦᠭᠦᠢ ᠮᠠᠲ᠋ᠧᠷᠢᠶᠠᠯ ᠢ ᠤᠩᠰᠢᠬᠤ᠂ ᠳᠤᠬᠠᠢ ᠶᠢᠨ ᠳᠠᠯᠠᠪᠤᠷ ᠢ ᠪᠠᠶᠢᠴᠠᠭᠠᠬᠤ᠂ ᠤᠯᠠᠨ ᠳᠦᠮᠠᠨ ᠤ ᠦᠨᠠᠯᠠᠯᠳᠠ ᠶᠢᠨ ᠳ᠋ᠦ᠋ᠩ ᠢᠶᠠᠷ ᠭᠢᠨᠠᠯᠳᠠ ᠪᠤᠯᠭᠠᠬᠤ ᠵᠡᠷᠭᠡ ᠶᠢ ᠪᠠᠭᠳᠠᠭᠠᠨ᠎ᠠ᠃            ᠳᠠᠪᠤᠳᠤᠭᠠᠷ ᠵᠤᠷᠪᠤᠰ     ᠭᠢᠨᠠᠨ ᠰᠢᠯᠭᠠᠬᠤ ᠠᠷᠭ᠎ᠠ ᠭᠡᠯᠪᠡᠷᠢ ᠳᠤ ᠡᠳᠤᠷ ᠳᠤᠳᠤᠮ ᠤᠨ ᠪᠠᠶᠢᠴᠠᠭᠠᠯᠳᠠ᠂ ᠬᠠᠭᠠᠰ ᠵᠢᠯ ᠤᠨ ᠰᠤᠭᠤᠴᠠᠨ ᠪᠠᠶᠢᠴᠠᠭᠠᠯᠳᠠ᠂ ᠵᠢᠯ ᠤᠨ ᠡᠴᠤᠰ ᠤᠨ ᠭᠢᠨᠠᠨ ᠰᠢᠯᠭᠠᠯᠳᠠ ᠪᠠᠭᠳᠠᠨ᠎ᠠ᠃            ᠵᠢᠷᠭᠤᠳᠤᠭᠠᠷ ᠵᠤᠷᠪᠤᠰ     ᠭᠢᠨᠠᠨ ᠰᠢᠯᠭᠠᠬᠰᠠᠨ ᠦᠷ᠎ᠡ ᠳ᠋ᠦ᠋ᠩ ᠢ ᠰᠢᠯᠢᠳᠡᠭ᠂ ᠰᠠᠶᠢᠨ᠂ ᠶᠡᠷᠤᠮᠳᠡᠭ᠂ ᠠᠨᠠᠢ ᠭᠡᠭᠦ ᠳᠦᠷᠪᠡᠨ ᠳᠦᠷᠦᠯ ᠬᠤᠪᠢᠶᠠᠨ᠎ᠠ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号