ᠬᠡᠰᠢᠭᠳᠡᠨ ᠬᠤᠰᠢᠭᠤᠨ ᠤ ᠵᠠᠰᠠᠭ ᠵᠠᠬᠢᠷᠭᠠᠨ ᠤ ᠰᠤᠷᠠᠭ ᠵᠠᠩᠬᠢ ᠶᠢ ᠢᠯᠡ ᠪᠤᠯᠭᠠᠬᠤ ᠲᠤᠭᠳᠠᠭᠠᠯ ᠢ ᠵᠦᠷᠢᠴᠡᠭᠰᠡᠨ ᠠᠵᠢᠯᠯᠠᠭ᠎ᠠ ᠶᠢᠨ ᠬᠠᠷᠢᠭᠤᠴᠠᠯᠭ᠎ᠠ ᠨᠡᠬᠡᠮᠵᠢᠯᠡᠬᠦ ᠲᠦᠷᠢᠮ
ᠨᠡᠶᠢᠲᠡᠯᠡᠭᠰᠡᠨ ᠴᠠᠭ᠄
2018/11/1
         ᠨᠢᠬᠡᠳᠤᠭᠡᠷ ᠵᠤᠷᠪᠤᠰ    ᠵᠠᠰᠠᠭ ᠤᠨ ᠤᠷᠳᠤᠨ ᠤ ᠰᠤᠷᠠᠭ ᠵᠠᠩᠬᠢ ᠶᠢ ᠢᠯᠡ ᠪᠤᠯᠭᠠᠬᠤ ᠶᠢ ᠠᠬᠢᠭᠤᠯᠵᠤ᠂ ᠡᠷᠬᠡᠳᠤ ᠠᠷᠡᠳ᠂ ᠬᠠᠤᠯᠢ ᠶᠢᠨ ᠡᠷᠭᠡᠳᠡᠨ ᠪᠤᠯᠤᠨ ᠪᠤᠰᠤᠳ ᠵᠤᠬᠢᠶᠠᠨ ᠪᠠᠶᠢᠭᠤᠯᠤᠯᠳᠠ ᠶᠢᠨ ᠪᠠᠶᠢᠳᠠᠯ ᠢ ᠮᠡᠳᠡᠬᠦ ᠡᠷᠬᠡ ᠎ ᠶᠢ ᠪᠠᠳᠤᠯᠠᠨ᠂ ᠵᠠᠰᠠᠭ ᠤᠨ ᠤᠷᠳᠤᠨ ᠤ ᠰᠤᠷᠠᠭ ᠵᠠᠩᠬᠢ ᠶᠢ ᠢᠯᠡ ᠪᠤᠯᠭᠠᠬᠤ ᠲᠤᠭᠳᠠᠭᠠᠯ ᠢ ᠵᠦᠷᠢᠴᠡᠭᠰᠡᠨ ᠬᠠᠷᠢᠭᠤᠴᠠᠯᠭ᠎ᠠ ᠶᠢ ᠬᠠᠤᠯᠢ ᠶᠤᠰᠤᠭᠠᠷ ᠨᠡᠬᠡᠮᠵᠢᠯᠡᠬᠦ ᠶᠢᠨ ᠲᠤᠰᠠᠳᠠ᠂ ︽ᠪᠦᠬᠦᠳᠡ ᠨᠠᠶᠢᠷᠠᠮᠳᠠᠬᠤ ᠲᠤᠮᠳᠠᠳᠤ ᠠᠷᠡᠳ ᠤᠯᠤᠰ ᠤᠨ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠬᠠᠤᠯᠢ︾ ᠪᠤᠯᠤᠨ ︽ᠪᠦᠬᠦᠳᠡ ᠨᠠᠶᠢᠷᠠᠮᠳᠠᠬᠤ ᠲᠤᠮᠳᠠᠳᠤ ᠠᠷᠡᠳ ᠤᠯᠤᠰ ᠤᠨ ᠵᠠᠰᠠᠭ ᠤᠨ ᠤᠷᠳᠤᠨ ᠤ ᠰᠤᠷᠠᠭ ᠵᠠᠩᠬᠢ ᠶᠢ ᠢᠯᠡ ᠪᠤᠯᠭᠠᠬᠤ ᠲᠦᠷᠢᠮ︾ ᠵᠡᠷᠬᠡ ᠬᠠᠤᠯᠢ ᠴᠠᠭᠠᠵᠠ᠂ ᠬᠠᠤᠯᠢ ᠲᠤᠭᠳᠠᠭᠠᠯ ᠢ ᠦᠨᠳᠤᠰᠤᠯᠡᠵᠤ  ᠲᠤᠰ ᠲᠦᠷᠢᠮ ᠢ ᠲᠤᠭᠳᠠᠭᠠᠪᠠ᠃            ᠬᠤᠶᠠᠳᠤᠭᠠᠷ ᠵᠤᠷᠪᠤᠰ    ᠲᠤᠰ ᠲᠦᠷᠢᠮ ᠳᠤ ᠨᠡᠷᠡᠶᠢᠳᠴᠦ ᠪᠦᠬᠦᠢ ︽ᠵᠠᠰᠠᠭ ᠤᠨ ᠤᠷᠳᠤᠨ ᠤ ᠰᠤᠷᠠᠭ ᠵᠠᠩᠬᠢ ᠶᠢ ᠢᠯᠡ ᠪᠤᠯᠭᠠᠬᠤ ᠲᠤᠭᠳᠠᠭᠠᠯ ᠢ ᠵᠦᠷᠢᠴᠡᠬᠦ︾ ᠬᠡᠳᠡᠭ ᠨᠢ ︽ᠪᠦᠬᠦᠳᠡ ᠨᠠᠶᠢᠷᠡᠮᠳᠠᠬᠤ ᠲᠤᠮᠳᠠᠳᠤ ᠠᠷᠡᠳ ᠤᠯᠤᠰ ᠤᠨ ᠵᠠᠰᠠᠭ ᠤᠨ ᠤᠷᠳᠤᠨ  ᠎ ᠤ ᠰᠤᠷᠠᠭ ᠵᠠᠩᠬᠢ ᠶᠢ ᠢᠯᠡ ᠪᠤᠯᠭᠠᠬᠤ ᠲᠦᠷᠢᠮ︾ ᠪᠤᠯᠤᠨ ᠵᠠᠰᠠᠭ ᠤᠨ ᠤᠷᠳᠤᠨ ᠤ ᠰᠤᠷᠠᠭ ᠵᠠᠩᠬᠢ ᠶᠢ ᠢᠯᠡ ᠪᠤᠯᠭᠠᠬᠤ ᠲᠤᠭᠳᠠᠭᠠᠯ ᠤᠨ ᠪᠤᠰᠤᠳ ᠬᠠᠤᠯᠢ ᠴᠠᠭᠠᠵᠠ᠂ ᠬᠠᠤᠯᠢ ᠲᠦᠷᠢᠮ ᠢ ᠵᠦᠷᠢᠴᠡᠬᠦ ᠶᠢ ᠵᠢᠭᠠᠵᠤ ᠪᠤᠢ᠃            ᠭᠤᠷᠪᠠᠳᠤᠭᠠᠷ ᠵᠤᠷᠪᠤᠰ    ᠵᠠᠰᠠᠭ ᠤᠨ ᠤᠷᠳᠤᠨ ᠤ ᠰᠤᠷᠠᠭ ᠵᠠᠩᠬᠢ ᠶᠢ ᠢᠯᠡ ᠪᠤᠯᠭᠠᠬᠤ ᠲᠤᠭᠳᠠᠭᠠᠯ ᠢ ᠵᠦᠷᠢᠴᠡᠭᠰᠡᠨ ᠬᠠᠷᠢᠭᠤᠴᠠᠯᠭ᠎ᠠ ᠶᠢ ᠨᠡᠬᠡᠮᠵᠢᠯᠡᠬᠦ ᠳᠤ ᠡᠷᠭᠡᠪᠰᠢ ᠦᠨᠡᠨ ᠠᠴᠠ ᠵᠦᠪ ᠢ ᠡᠷᠢᠬᠦ ᠶᠢ ᠪᠠᠷᠢᠮᠳᠠᠯᠠᠨ᠂ ᠪᠤᠰᠤᠳᠴᠢ ᠮᠦᠷᠳᠡᠬᠡᠨ ᠲᠦᠪ ᠭᠤᠤᠯᠴᠢ ᠪᠠᠶᠢᠵᠤ︔ ᠬᠦᠮᠦᠵᠢᠬᠦᠯᠬᠦ ᠪᠠᠷ ᠵᠤᠭᠰᠤᠴᠠ ᠪᠤᠯᠭᠠᠨ᠂ ᠰᠡᠷᠡᠮᠵᠢᠯᠡᠬᠦᠯᠬᠦ ᠎ ᠪᠠᠷ ᠬᠠᠷᠠᠯᠳᠠ ᠪᠤᠯᠭᠠᠵᠤ  ︔ ᠲᠦᠪ ᠴᠢᠩᠭ᠎ᠠ ᠬᠠᠨᠳᠤᠨ᠂ ᠰᠠᠬᠢᠯᠭ᠎ᠠ ᠶᠢ ᠵᠦᠷᠢᠴᠡᠪᠡᠯ ᠵᠠᠪᠠᠯ ᠨᠡᠬᠡᠮᠵᠢᠯᠡᠨ᠎ᠡ᠃            ᠲᠦᠷᠪᠡᠳᠤᠭᠡᠷ ᠵᠤᠷᠪᠤᠰ    ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ  ᠎ ᠤᠨ ᠤᠷᠳᠤᠨ ᠤ ᠰᠤᠷᠠᠭ ᠵᠠᠩᠬᠢ  ᠶᠢ ᠢᠯᠡ ᠪᠤᠯᠭᠠᠬᠤ ᠠᠵᠢᠯ ᠢ ᠡᠳᠤᠷ ᠲᠤᠳᠤᠮ ᠤᠨ ᠴᠢᠬᠤᠯᠠ ᠵᠦᠪᠯᠡᠬᠦ ᠵᠦᠢᠯ ᠳᠡᠭᠡᠨ ᠤᠷᠤᠭᠤᠯᠤᠭᠠᠳᠤᠢ᠂ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠨᠢ ᠬᠦᠴᠦ ᠲᠤᠷᠪᠢ ᠦᠭᠡᠢ᠂ ᠠᠵᠢᠯ ᠢᠶᠠᠨ ᠬᠠᠰᠢ ᠶᠠᠰᠢ ᠬᠢᠬᠦ᠂ ᠬᠡᠯᠪᠡᠷᠢ ᠶᠢᠨ ᠲᠡᠳᠦᠢ ᠬᠢᠵᠤ  ᠶᠤᠰᠤᠨ ᠲᠡᠳᠦᠢ ᠦᠩᠬᠡᠷᠡᠬᠦᠯᠬᠦ᠂ ᠬᠤᠳᠠᠯ ᠬᠠᠭᠤᠷᠮᠠᠭ ᠢᠯᠡ ᠪᠤᠯᠭᠠᠬᠤ᠂ ᠲᠡᠭᠡᠷᠡᠬᠢ ᠪᠠᠨ ᠮᠡᠭᠡᠯᠡᠵᠤ ᠲᠤᠤᠷᠡᠬᠢ ᠪᠠᠨ ᠬᠠᠭᠤᠷᠬᠤ ᠵᠡᠷᠬᠡ ᠠᠵᠢᠯᠯᠠᠭ᠎ᠠ ᠶᠢ ᠵᠠᠰᠠᠭ ᠵᠠᠬᠢᠷᠭ᠎ᠠ ᠶᠢᠨ ᠪᠠᠶᠢᠭᠤᠯᠭ᠎ᠠ ᠶᠢᠨ ᠭᠤᠤᠯ ᠤᠳᠤᠷᠢᠳᠤᠯᠭ᠎ᠠ᠂ ᠬᠤᠪᠢᠳᠡᠨ ᠬᠠᠮᠢᠶᠠᠷᠴᠦ ᠪᠠᠶᠢᠭ᠎ᠠ ᠤᠳᠤᠷᠢᠳᠤᠯᠭ᠎ᠠ ᠶᠢ ᠨᠢ ᠰᠡᠷᠡᠮᠵᠢᠯᠡᠬᠦᠯᠦᠨ ᠰᠤᠷᠭᠠᠨ ᠬᠦᠮᠤᠵᠢᠬᠦᠯᠵᠤ᠂ ᠲᠤᠭᠳᠠᠭᠰᠠᠨ  ᠴᠠᠭ ᠤᠨ ᠬᠢᠵᠠᠭᠠᠷ ᠲᠤᠳᠤᠷ᠎ᠠ ᠵᠠᠷᠯᠢᠭᠳᠠᠨ ᠵᠠᠯᠠᠷᠠᠭᠤᠯᠤᠨ᠎ᠠ︔ ᠲᠤᠭᠳᠠᠭᠰᠠᠨ ᠬᠤᠭᠤᠴᠠᠭᠠᠨ ᠳᠤ ᠵᠠᠯᠠᠷᠠᠭᠤᠯᠬᠤ ᠦᠭᠡᠢ ᠪᠣᠯ  ᠵᠠᠷᠯᠠᠨ ᠰᠢᠬᠦᠮᠵᠢᠯᠡᠨ᠎ᠡ︔ ᠵᠠᠰᠠᠭ ᠤᠨ ᠤᠷᠳᠤᠨ ᠤ ᠰᠤᠷᠠᠭ ᠵᠠᠩᠬᠢ ᠶᠢ ᠢᠯᠡ ᠪᠤᠯᠭᠠᠬᠤ ᠠᠵᠢᠯ ᠢ ᠶᠠᠭᠠᠬᠢᠭᠰᠡᠨ ᠴᠦ ᠬᠢᠬᠦ ᠦᠭᠡᠢ ᠪᠣᠯ ᠵᠠᠰᠠᠭ ᠵᠠᠬᠢᠷᠭ᠎ᠠ ᠶᠢᠨ ᠰᠡᠢᠳᠬᠡᠯ ᠦᠭᠬᠦᠨ᠎ᠡ᠃            ᠲᠠᠪᠤᠳᠤᠭᠠᠷ ᠵᠤᠷᠪᠤᠰ    ᠵᠠᠰᠠᠭ ᠵᠠᠬᠢᠷᠭ᠎ᠠ ᠶᠢᠨ ᠪᠠᠶᠢᠭᠤᠯᠭ᠎ᠠ ᠵᠠᠰᠠᠭ ᠤᠨ ᠤᠷᠳᠤᠨ ᠤ ᠰᠤᠷᠠᠭ ᠵᠠᠩᠬᠢ ᠶᠢ ᠢᠯᠡ ᠪᠤᠯᠭᠠᠬᠤ ᠲᠤᠭᠳᠠᠭᠠᠯ ᠢ ᠵᠦᠷᠢᠴᠡᠪᠡᠯ᠂ ᠲᠤᠤᠷᠡᠬᠢ ᠪᠠᠶᠢᠳᠠᠯ ᠤᠨ ᠨᠢᠬᠡ ᠨᠢ ᠪᠠᠶᠢᠪᠠᠯ ᠬᠢᠨᠠᠨ ᠪᠠᠶᠢᠴᠠᠭᠠᠬᠠᠤ ᠪᠠᠶᠢᠭᠤᠯᠭ᠎ᠠ᠂ ᠲᠡᠭᠡᠷ᠎ᠡ ᠨᠢᠬᠡ ᠱᠠᠳᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠵᠠᠷᠯᠢᠭᠳᠠᠵᠤ ᠵᠠᠯᠠᠷᠠᠭᠤᠯᠤᠨ᠎ᠠ︔ ᠪᠠᠶᠢᠳᠠᠯ ᠨᠢ ᠨᠡᠯᠢᠶᠡᠳ ᠬᠦᠨᠳᠤ ᠨᠤᠴᠢᠳᠠᠢ  ᠪᠣᠯ ᠵᠠᠷᠯᠠᠨ ᠰᠢᠬᠦᠮᠵᠡᠯᠡᠨ᠎ᠡ︔ ᠪᠠᠶᠢᠳᠠᠯ ᠨᠢ ᠬᠦᠨᠳᠤ ᠨᠤᠴᠢᠳᠠᠢ ᠪᠣᠯ ᠵᠠᠰᠠᠭ ᠵᠠᠬᠢᠷᠭ᠎ᠠ ᠶᠢᠨ ᠪᠠᠶᠢᠭᠤᠯᠭ᠎ᠠ ᠶᠢᠨ ᠭᠤᠤᠯ ᠬᠠᠷᠢᠭᠤᠴᠠᠯᠭᠠᠳᠠᠨ ᠳᠤ ᠬᠠᠤᠯᠢ ᠶᠤᠰᠤᠭᠠᠷ ᠰᠡᠢᠳᠬᠡᠯ ᠤᠯᠭᠤᠨ᠎ᠠ  ᠄            ︵ᠨᠢᠬᠡ︶ ᠵᠠᠰᠠᠭ ᠤᠨ ᠤᠷᠳᠤᠨ ᠤ ᠰᠤᠷᠠᠭ ᠵᠠᠩᠬᠢ ᠶᠢ ᠢᠯᠡ ᠪᠤᠯᠭᠠᠬᠤ ᠠᠵᠢᠯ ᠤᠨ ᠬᠢᠨᠠᠨ ᠰᠢᠯᠭᠠᠬᠤ᠂ ᠨᠡᠶᠢᠬᠡᠮ ᠤᠨ ᠬᠢᠨᠠᠨ ᠦᠨᠡᠯᠡᠬᠦ ᠵᠡᠷᠬᠡ ᠠᠵᠢᠯ ᠤᠨ ᠲᠦᠷᠢᠮ ᠲᠤᠭᠳᠠᠭᠠᠯ ᠲᠤᠭᠳᠠᠭᠠᠭᠰᠠᠨ ᠦᠭᠡᠢ  ︔            ︵ᠬᠤᠶᠡᠷ︶ ᠵᠠᠰᠠᠭ ᠤᠨ ᠤᠷᠳᠤᠨ ᠤ ᠰᠤᠷᠠᠭ ᠵᠠᠩᠬᠢ ᠶᠢ ᠲᠤᠭᠳᠠᠭᠠᠯ  ᠤᠨ ᠬᠡᠯᠪᠡᠷᠢ᠂ ᠲᠡᠰ ᠲᠠᠷᠠᠭᠠᠯᠠᠯ ᠪᠤᠯᠤᠨ ᠴᠠᠭ᠂ ᠠᠭᠤᠯᠭ᠎ᠠ ᠶᠢᠨ ᠶᠤᠰᠤᠭᠠᠷ ᠨᠡᠶᠢᠳᠡᠯᠡᠭᠰᠡᠨ ᠦᠭᠡᠢ︔            ︵ᠭᠤᠷᠪᠠ︶ ᠬᠤᠷᠢᠶᠠᠨ ᠤᠯᠤᠭᠰᠠᠨ ᠵᠠᠰᠠᠭ ᠤᠨ ᠤᠷᠳᠤᠨ ᠤ ᠰᠤᠷᠠᠭ ᠵᠠᠩᠬᠢ ᠶᠢ ᠢᠯᠡ ᠪᠤᠯᠭᠠᠬᠤ ᠡᠬᠦᠷᠬᠡ ᠲᠤᠰᠢᠶᠠᠯ ᠢ ᠦᠯᠦ ᠬᠦᠢᠴᠡᠳᠬᠡᠭᠰᠡᠨ ᠪᠠᠶᠢᠳᠠᠯ ᠢ ᠢᠯᠡᠴᠢᠯᠡᠨ ᠮᠡᠳᠡᠬᠦᠯᠦᠭᠰᠡᠨ ᠵᠦᠢᠯ ᠢ ᠢᠳᠡᠪᠬᠢᠳᠡᠢ ᠰᠢᠢᠳᠪᠤᠷᠢᠯᠡᠭᠰᠡᠨ ᠦᠭᠡᠢ  ︔            ︵ᠲᠦᠷᠪᠡ︶ ᠵᠠᠰᠠᠭ ᠤᠨ ᠤᠷᠳᠤᠨ ᠤ ᠰᠤᠷᠠᠭ ᠵᠠᠩᠬᠢ ᠶᠢ ᠨᠡᠶᠢᠳᠡᠯᠡᠬᠦ ᠨᠢᠭᠤᠴᠠ ᠶᠢ ᠬᠠᠮᠠᠭᠠᠯᠠᠬᠤ ᠬᠢᠨᠠᠨ ᠪᠠᠶᠢᠴᠠᠭᠠᠬᠤ ᠲᠤᠭᠳᠠᠯᠴᠠᠭ᠎ᠠ ᠶᠢ ᠪᠠᠶᠢᠭᠤᠯᠤᠨ ᠲᠡᠬᠦᠯᠳᠡᠷᠵᠢᠬᠦᠯᠦᠭᠰᠡᠨ ᠦᠭᠡᠢ  ︔            ︵ᠲᠠᠪᠤ︶ ᠵᠠᠰᠠᠭ ᠤᠨ ᠤᠷᠳᠤᠨ ᠤ ᠰᠤᠷᠠᠭ ᠵᠠᠩᠬᠢ ᠶᠢ ᠢᠯᠡ ᠪᠤᠯᠭᠠᠬᠤ ᠰᠤᠨᠢᠨ ᠮᠡᠳᠡᠭᠡ ᠨᠡᠶᠢᠳᠡᠯᠡᠬᠦ ᠵᠡᠷᠬᠡ ᠠᠵᠢᠯ ᠤᠨ ᠲᠦᠷᠢᠮ ᠲᠤᠭᠳᠠᠭᠠᠯ ᠢ ᠵᠦᠷᠢᠴᠡᠭᠰᠡᠨ︔ ︵ᠵᠢᠷᠭᠤᠭ᠎ᠠ︶ ᠵᠠᠰᠠᠭ ᠤᠨ ᠤᠷᠳᠤᠨ ᠤ ᠰᠤᠷᠠᠭ ᠵᠠᠩᠬᠢ ᠶᠢ ᠢᠯᠡ ᠪᠤᠯᠭᠠᠬᠤ ᠠᠵᠢᠯ ᠤᠨ ᠵᠢᠯ ᠤᠨ ᠮᠡᠳᠡᠬᠦᠯᠦᠯᠳᠡ  ᠶᠢ ᠴᠠᠭ ᠲᠤᠬᠠᠢ ᠳᠤᠨᠢ ᠨᠡᠶᠢᠳᠡᠯᠡᠭᠰᠡᠨ ᠦᠭᠡᠢ  ᠃            ᠵᠢᠷᠭᠤᠳᠤᠭᠠᠷ ᠵᠤᠷᠪᠤᠰ    ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠤᠨ ᠤᠷᠳᠤᠨ ᠤ ᠰᠤᠷᠠᠭ ᠵᠠᠩᠬᠢ ᠶᠢ ᠢᠯᠡ ᠪᠤᠯᠭᠠᠬᠤ ᠲᠤᠭᠳᠠᠭᠠᠯ ᠢ ᠵᠦᠷᠢᠴᠡᠪᠡᠯ᠂ ᠲᠤᠤᠷᠡᠬᠢ ᠪᠠᠶᠢᠳᠠᠯ ᠤᠨ ᠨᠢᠬᠡ ᠨᠢ ᠪᠠᠶᠢᠪᠠᠯ ᠬᠢᠨᠠᠨ ᠪᠠᠶᠢᠴᠠᠭᠠᠬᠤ ᠪᠠᠶᠢᠭᠤᠯᠭ᠎ᠠ᠂ ᠲᠡᠭᠡᠷ᠎ᠡ ᠨᠢᠬᠡ ᠱᠠᠳᠤᠨ ᠤ ᠵᠠᠰᠠᠭ ᠵᠠᠬᠢᠷᠭ᠎ᠠ ᠶᠢᠨ ᠪᠠᠶᠢᠭᠤᠯᠭ᠎ᠠ ᠵᠠᠷᠯᠢᠭᠳᠠᠨ ᠵᠠᠯᠠᠷᠠᠭᠤᠯᠤᠨ᠎ᠠ︔ ᠪᠠᠶᠢᠳᠠᠯ ᠨᠢ ᠨᠡᠯᠢᠶᠡᠳ ᠬᠦᠨᠳᠤ ᠨᠤᠴᠢᠳᠠᠢ ᠶᠢ ᠨᠢ ᠵᠠᠷᠯᠠᠨ ᠰᠢᠬᠦᠮᠵᠢᠯᠡᠨ᠎ᠡ︔ ᠪᠠᠶᠢᠳᠠᠯ ᠨᠢ ᠬᠦᠨᠳᠤ ᠨᠤᠴᠢᠳᠠᠢ ᠶᠢ ᠨᠢ ᠰᠢᠭᠤᠳ ᠬᠠᠷᠢᠭᠤᠴᠠᠯᠭᠠᠳᠡᠨ ᠪᠤᠯᠤᠨ ᠪᠤᠰᠤᠳ ᠰᠢᠭᠤᠳ ᠬᠠᠷᠢᠭᠤᠴᠠᠭᠴᠢ ᠶᠢ ᠬᠠᠤᠯᠢ ᠶᠤᠰᠤᠭᠠᠷ ᠰᠡᠢᠳᠬᠡᠨ᠎ᠡ︔ ᠶᠠᠯ᠎ᠠ ᠳᠤ ᠬᠦᠷᠪᠡᠯ ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃            ︵ᠨᠢᠬᠡ︶ ᠵᠠᠰᠠᠭ ᠤᠨ ᠤᠷᠳᠤᠨ ᠤ ᠰᠤᠷᠠᠭ ᠵᠠᠩᠬᠢ ᠶᠢ ᠢᠯᠡ ᠪᠤᠯᠭᠠᠬᠤ ᠡᠬᠦᠷᠬᠡ ᠬᠠᠷᠢᠭᠤᠴᠠᠯᠭ᠎ᠠ ᠶᠢ ᠬᠠᠤᠯᠢ ᠶᠤᠰᠤᠭᠠᠷ ᠬᠦᠢᠴᠡᠳᠬᠡᠭᠰᠡᠨ ᠦᠭᠡᠢ︔            ︵ᠬᠤᠶᠡᠷ︶ ᠵᠠᠰᠠᠭ ᠤᠨ ᠤᠷᠳᠤᠨ ᠤ ᠰᠤᠷᠠᠭ ᠵᠠᠩᠬᠢ ᠶᠢᠨ ᠠᠭᠤᠯᠭ᠎ᠠ᠂ ᠵᠠᠰᠠᠭ ᠤᠨ ᠤᠷᠳᠤᠨ ᠤ ᠰᠤᠷᠠᠭ ᠵᠠᠩᠬᠢ ᠶᠢ ᠢᠯᠡ ᠪᠤᠯᠭᠠᠬᠤ ᠵᠦᠭᠯᠡᠬᠦᠷ ᠪᠤᠯᠤᠨ ᠵᠠᠰᠠᠭ ᠤᠨ ᠤᠷᠳᠤᠨ ᠤ ᠰᠤᠷᠠᠭ ᠵᠠᠩᠬᠢ ᠶᠢᠨ ᠭᠠᠷᠴᠠᠭ ᠢ ᠴᠠᠭ ᠲᠤᠬᠠᠢ ᠳᠤᠨᠢ ᠰᠢᠨᠡᠳᠬᠡᠵᠤ ᠢᠯᠡ ᠪᠤᠯᠭᠠᠬᠰᠠᠨ ᠦᠭᠡᠢ︔            ︵ᠭᠤᠷᠪᠠ︶ ᠲᠤᠭᠳᠠᠭᠠᠯ ᠠᠴᠠ ᠵᠦᠷᠢᠴᠡᠨ ᠰᠦᠢᠳᠬᠡᠯ ᠬᠤᠷᠢᠶᠠᠬᠰᠠᠨ︔            ︵ᠲᠦᠷᠪᠡ︶ ᠪᠤᠰᠤᠳ ᠵᠤᠬᠢᠶᠠᠨ ᠪᠠᠶᠢᠭᠤᠯᠤᠯᠳᠠ ᠪᠤᠯᠤᠨ ᠬᠤᠪᠢ ᠬᠦᠮᠤᠨ ᠢᠶᠠᠷ ᠲᠠᠮᠵᠢᠭᠤᠯᠵᠤ ᠲᠦᠯᠦᠪᠦᠷᠢ  ᠲᠠᠢ ᠦᠢᠯᠡᠴᠢᠯᠡᠬᠦ ᠬᠡᠯᠪᠡᠷᠢ ᠪᠠᠷ ᠵᠠᠰᠠᠭ ᠤᠨ ᠤᠷᠳᠤᠨ ᠤ ᠰᠤᠷᠠᠭ ᠵᠠᠩᠬᠢ ᠶᠢ ᠭᠠᠳᠠᠭᠰᠢ ᠬᠠᠩᠭᠠᠭᠰᠠᠨ ︔            ︵ᠲᠡᠪᠤ︶ ᠢᠯᠡ ᠪᠤᠯᠭᠠᠵᠤ ᠦᠯᠦ ᠪᠤᠯᠬᠤ ᠵᠠᠰᠠᠭ ᠤᠨ ᠤᠷᠳᠤᠨ ᠤ ᠰᠤᠷᠠᠭ ᠵᠠᠩᠬᠢ ᠶᠢ ᠢᠯᠡ ᠪᠤᠯᠭᠠᠬᠰᠠᠨ︔            ︵ᠵᠢᠷᠭᠤᠭ᠎ᠠ︶ ᠵᠠᠰᠠᠭ ᠤᠨ ᠤᠷᠳᠤᠨ ᠤ ᠰᠤᠷᠠᠭ ᠵᠠᠩᠬᠢ ᠶᠢ ᠢᠯᠡ ᠪᠤᠯᠭᠠᠬᠤ ᠲᠤᠭᠳᠠᠭᠠᠯ ᠢ ᠵᠦᠷᠢᠴᠡᠭᠰᠡᠨ ᠪᠤᠰᠤᠳ ᠦᠢᠯᠡ ᠠᠵᠢᠯᠯᠠᠭ᠎ᠠ  ᠃            ᠲᠤᠯᠤᠳᠤᠭᠠᠷ ᠵᠤᠷᠪᠤᠰ    ᠵᠠᠰᠠᠭ ᠵᠠᠬᠢᠷᠭᠠᠨ ᠤ ᠪᠠᠶᠢᠭᠤᠯᠭ᠎ᠠ ᠨᠢ ᠵᠠᠰᠠᠭ ᠤᠨ ᠤᠷᠳᠤᠨ ᠤ ᠰᠤᠷᠠᠭ ᠵᠠᠩᠬᠢ ᠶᠢ ᠢᠯᠡ ᠪᠤᠯᠭᠠᠬᠤ ᠶᠢ ᠬᠢᠨᠠᠠ ᠪᠠᠶᠢᠴᠠᠭᠠᠬᠤ ᠠᠵᠢᠯ ᠢ ᠬᠠᠮᠵᠢᠬᠤ ᠦᠭᠡᠢ ᠪᠤᠶᠤ  ᠬᠤᠷᠢᠭᠯᠠᠪᠠᠯ ᠰᠢᠭᠤᠳ ᠬᠠᠷᠢᠭᠤᠴᠠᠯᠭᠠᠳᠡᠨ ᠪᠤᠯᠤᠨ ᠪᠤᠰᠤᠳ ᠰᠢᠭᠤᠳ ᠬᠠᠷᠢᠭᠤᠴᠠᠭᠴᠢ ᠶᠢ ᠬᠠᠤᠯᠢ ᠶᠤᠰᠤᠭᠠᠷ ᠰᠡᠢᠳᠬᠡᠨ᠎ᠡ᠃            ᠨᠠᠢᠮᠠᠳᠤᠭᠠᠷ ᠵᠤᠷᠪᠤᠰ    ᠬᠠᠷᠢᠭᠤᠴᠠᠯᠭ᠎ᠠ ᠨᠡᠬᠡᠮᠵᠢᠯᠡᠬᠦ ᠳᠡᠭᠡᠨ ᠬᠢᠨᠠᠨ ᠪᠠᠶᠢᠴᠠᠭᠠᠬᠤ ᠪᠠᠶᠢᠭᠤᠯᠭ᠎ᠠ ᠪᠤᠯᠤᠨ ᠲᠡᠭᠡᠷ᠎ᠡ ᠨᠢᠬᠡ ᠱᠠᠳᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠨᠢ ᠲᠤᠭᠳᠠᠭᠠᠯ ᠳᠤ ᠲᠤᠭᠳᠠᠭᠰᠠᠨ ᠡᠷᠬᠡ ᠶᠢᠨ ᠬᠢᠵᠠᠭᠠᠷ ᠪᠤᠯᠤᠨ ᠲᠡᠰ ᠲᠠᠷᠠᠭᠠᠯᠠᠯ ᠢᠶᠠᠷ ᠶᠠᠪᠤᠭᠤᠯᠵᠤ᠂ ᠲᠤᠰ ᠲᠦᠷᠢᠮ ᠲᠤᠭᠳᠠᠭᠠᠯ ᠢ ᠵᠦᠷᠢᠴᠡᠵᠤ᠂ ᠵᠤᠬᠢᠶᠠᠨ ᠪᠠᠶᠢᠭᠤᠯᠤᠯᠳᠠ  ᠠᠴᠠ ᠰᠢᠢᠳᠪᠤᠷᠢᠯᠡᠬᠦ  ᠴᠢᠬᠤᠯᠠ ᠲᠠᠢ ᠪᠣᠯ ᠵᠤᠬᠢᠶᠠᠨ ᠪᠠᠶᠢᠭᠤᠯᠤᠯᠳ᠋ᠨ᠂ ᠠᠵᠢᠯᠳᠡᠨ ᠤ ᠶᠠᠪᠤᠳᠠᠯ ᠤᠨ ᠰᠠᠯᠠᠭ᠎ᠠ ᠮᠦᠴᠢᠷ ᠺᠠᠳ᠋ᠷ ᠤᠨ ᠬᠠᠮᠢᠶᠠᠷᠤᠯᠳᠠ ᠶᠢᠨ ᠡᠷᠬᠡ ᠶᠢᠨ ᠬᠢᠵᠠᠭᠠᠷ ᠪᠤᠯᠤᠨ ᠬᠤᠯᠪᠤᠭᠳᠠᠯ ᠪᠦᠬᠦᠢ ᠲᠤᠭᠳᠠᠭᠠᠯ ᠢᠶᠠᠷ ᠵᠤᠬᠢᠶᠠᠨ ᠪᠠᠶᠢᠭᠤᠯᠤᠨ ᠬᠡᠷᠡᠭᠵᠢᠬᠦᠯᠦᠨ᠎ᠡ᠃            ᠵᠢᠰᠤᠳᠤᠭᠡᠷ ᠵᠤᠷᠪᠤᠰ    ᠲᠤᠰ ᠲᠦᠷᠢᠮ  ᠎ ᠢ ᠮᠠᠨ ᠤ ᠬᠤᠰᠢᠭᠤᠨ ᠤ ᠡᠯ᠎ᠡ ᠱᠠᠳᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠳᠤ ᠬᠡᠷᠡᠭᠯᠡᠨ᠎ᠡ᠃    ᠬᠠᠤᠯᠢ ᠴᠠᠭᠠᠵᠠ᠂ ᠬᠠᠤᠯᠢ ᠲᠤᠭᠳᠠᠭᠠᠯ ᠠᠴᠠ ᠤᠯᠭᠤᠭᠰᠠᠨ ᠤᠯᠠᠨ ᠨᠡᠶᠢᠳᠡ ᠶᠢᠨ ᠬᠡᠷᠡᠭ ᠶᠠᠪᠤᠳᠠᠯ ᠢ ᠬᠠᠮᠢᠶᠠᠷᠬᠤ ᠡᠬᠦᠷᠬᠡ ᠴᠢᠳᠠᠪᠤᠷᠢ ᠪᠦᠬᠦᠢ ᠵᠤᠬᠢᠶᠠᠨ ᠪᠠᠶᠢᠭᠤᠯᠤᠯᠳᠠ ᠲᠤᠰ ᠲᠦᠷᠢᠮ ᠲᠤᠭᠳᠠᠭᠠᠯ ᠢ ᠬᠡᠷᠡᠭᠯᠡᠨ᠎ᠡ᠃ ᠰᠤᠷᠭᠠᠨ ᠬᠦᠮᠤᠵᠢᠯ᠂ ᠡᠮ ᠡᠮᠨᠡᠯᠬᠡ ᠡᠷᠡᠬᠦᠯ ᠬᠠᠮᠠᠭᠠᠯᠠᠯ᠂ ᠲᠦᠯᠦᠪᠯᠡᠬᠡᠳᠤ ᠦᠷᠡᠵᠢᠯ᠂ ᠤᠰᠤ᠂ ᠴᠠᠬᠢᠯᠭᠠᠨ᠂ ᠬᠡᠢ᠂ ᠲᠤᠯᠠᠭᠠᠴᠠᠯ᠂ ᠤᠷᠴᠢᠨ ᠲᠤᠭᠤᠷᠢᠨ ᠤ ᠬᠠᠮᠠᠭᠠᠯᠠᠯᠳᠠ᠂ ᠤᠯᠠᠨ ᠨᠡᠶᠢᠳᠡ ᠶᠢᠨ ᠵᠠᠮ ᠬᠠᠷᠢᠯᠴᠠᠭ᠎ᠠ ᠵᠡᠷᠬᠡ ᠠᠷᠡᠳ ᠤᠯᠠᠨ ᠤ ᠠᠰᠢᠭ ᠲᠤᠰᠠ ᠯᠤᠭ᠎ᠠ  ᠨᠢᠭᠲᠠ ᠬᠤᠯᠪᠤᠭᠳᠠᠬᠤ ᠤᠯᠠᠨ ᠨᠡᠶᠢᠳᠡ ᠶᠢᠨ ᠠᠵᠤ ᠠᠬᠤᠶᠢᠯᠠᠯ ᠠᠵᠢᠯ ᠦᠢᠯᠡᠰ  ᠤᠨ ᠨᠢᠬᠡᠴᠡ ᠨᠢ ᠲᠤᠰ ᠲᠦᠷᠢᠮ ᠢ ᠯᠠᠪᠯᠠᠯᠳᠠ ᠪᠤᠯᠭᠠᠨ ᠬᠡᠷᠡᠭᠵᠢᠬᠦᠯᠦᠨ᠎ᠡ᠃            ᠠᠷᠪᠠᠳᠤᠭᠠᠷ ᠵᠤᠷᠪᠤᠰ    ᠲᠤᠰ ᠲᠦᠷᠢᠮ ᠢ ᠨᠡᠶᠢᠳᠡᠯᠡᠭᠰᠡᠨ ᠡᠳᠤᠷ ᠠᠴᠠ ᠡᠬᠢᠯᠠᠨ ᠬᠡᠷᠡᠭᠵᠢᠬᠦᠯᠦᠨ᠎ᠡ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号