| | | ᠨᠢᠭᠡᠳᠤᠭᠡᠷ ᠵᠤᠷᠪᠤᠰ ᠡᠷᠭᠡᠳᠤ ᠠᠷᠠᠳ᠂ ᠬᠠᠤᠯᠢ ᠶᠢᠨ ᠡᠷᠭᠡᠳᠠᠨ ᠪᠠ ᠪᠤᠰᠤᠳ ᠵᠤᠭᠢᠶᠠᠨ | ᠪᠠᠶᠢᠭᠤᠯᠤᠯᠳᠠ ᠶᠢᠨ ᠬᠠᠤᠯᠢ ᠶᠤᠰᠤᠭᠠᠷ ᠵᠠᠰᠠᠭ ᠤᠨ ᠤᠷᠳᠤᠨ ᠤ ᠰᠤᠷᠠᠭ ᠵᠠᠩᠭᠢ ᠤᠯᠬᠤ ᠶᠢ ᠪᠠᠳᠤᠯᠠᠵᠤ᠂ | ᠵᠠᠰᠠᠭ ᠤᠨ ᠤᠷᠳᠤᠨ ᠤ ᠠᠵᠢᠯ ᠤᠨ ᠢᠯᠡᠴᠡ ᠶᠢᠨ ᠭᠡᠮᠵᠢᠶ᠎ᠠ ᠶᠢ ᠳᠡᠭᠡᠭᠰᠢᠯᠡᠭᠦᠯᠤᠨ᠂ ᠬᠠᠤᠯᠢ ᠶᠤᠰᠤᠭᠠᠷ ᠵᠠᠰᠠᠭ | ᠪᠠᠷᠢᠵᠤ᠂ ᠵᠠᠰᠠᠭ ᠤᠨ ᠤᠷᠳᠤᠨ ᠤ ᠰᠤᠷᠠᠭ ᠵᠠᠩᠭᠢ ᠶᠢᠨ ᠠᠷᠠᠳ ᠤᠨ ᠦᠢᠯᠡᠳᠪᠤᠷᠢᠯᠠᠯ ᠠᠮᠢᠳᠤᠷᠠᠯ ᠪᠠ ᠠᠵᠤ ᠠᠬᠤᠢ | ᠨᠡᠶᠢᠭᠡᠮ ᠤᠨ ᠠᠵᠢᠯᠯᠠᠭᠠᠨ ᠳᠤ ᠦᠢᠯᠡᠴᠢᠯᠡᠭᠦ ᠦᠢᠯᠡᠳᠤᠯ ᠢ ᠨᠢ ᠭᠦᠢᠴᠡᠳ ᠪᠠᠳᠠᠷᠠᠭᠤᠯᠬᠤ ᠶᠢᠨ ᠳᠤᠰᠠᠳᠠ᠂ ︽ | ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠤᠷᠳᠤᠨ ᠤ ᠰᠤᠷᠠᠭ ᠵᠠᠩᠭᠢ ᠶᠢ ᠢᠯᠡ | ᠨᠠᠶᠢᠳᠡᠯᠡᠭᠦ ᠳᠦᠷᠢᠮ︾ ︵ᠳᠤᠤᠷ᠎ᠠ ︽ᠳᠦᠷᠢᠮ︾ ᠭᠡᠵᠤ ᠳᠦᠭᠦᠮᠴᠢᠯᠠᠨᠠ︶ ᠭᠢᠭᠡᠳ ︽ᠤᠯᠠᠭᠠᠠᠬᠠᠳᠠ ᠬᠤᠳᠠ ᠶᠢᠨ | ᠠᠷᠠᠳ ᠤᠨ ᠵᠠᠰᠠᠭ ᠤᠨ ᠤᠷᠳᠤᠨ ᠤ ᠠᠯᠪᠠᠨ ᠳᠢᠩᠭᠢᠮ ᠤᠨ ᠤᠯᠠᠭᠠᠠᠬᠠᠳᠠ ᠬᠤᠳᠠ ᠶᠢᠨ ᠵᠠᠰᠠᠭ ᠤᠨ ᠶᠠᠪᠤᠳᠠᠯ ᠢ | ᠢᠯᠡ ᠪᠤᠯᠭᠠᠬᠤ ᠠᠵᠢᠯ ᠤᠨ ᠬᠠᠮᠢᠶ᠎ᠠ ᠲᠠᠢ ᠳᠦᠷᠢᠮ ᠢ ᠳᠠᠷᠤᠮᠠᠯᠯᠠᠨ ᠳᠠᠷᠬᠠᠭᠠᠬᠤ ᠳᠤᠬᠠᠢ ᠮᠠᠳᠡᠭᠳᠠᠯ︾ ᠤᠨ | ᠳᠤᠭᠳᠠᠭᠠᠯ ᠢ ᠦᠠᠳᠤᠰᠤᠯᠠᠨ ᠳᠤᠰ ᠳᠦᠷᠢᠮ ᠢ ᠳᠤᠭᠳᠠᠭᠠᠪᠠ᠃ | ᠬᠤᠶᠠᠳᠤᠭᠠᠷ ᠵᠤᠷᠪᠤᠰ ᠳᠤᠰ ᠳᠦᠷᠢᠮ ᠨᠢ ᠪᠦᠬᠦ ᠬᠤᠰᠢᠭᠤᠨ ᠤ ᠡᠯ᠎ᠠ ᠱᠠᠳᠤᠨ ᠤ ᠵᠠᠰᠠᠭ | ᠵᠠᠭᠢᠷᠭᠠᠨ ᠤ ᠪᠠᠶᠢᠭᠤᠯᠭ᠎ᠠ ᠪᠤᠯᠤᠨ ᠬᠠᠤᠯᠢ ᠴᠠᠭᠠᠵᠠ ᠬᠠᠤᠯᠢ ᠳᠦᠷᠢᠮ ᠤᠨ ᠡᠷᠭᠡ ᠶᠢ ᠭᠦᠯᠢᠶᠡᠭᠰᠠᠨ ᠵᠤᠭᠢᠶᠠᠨ | ᠪᠠᠶᠢᠭᠤᠯᠤᠯᠳᠠ ᠳᠤ ᠳᠤᠭᠢᠷᠠᠨ᠎ᠠ᠃ ᠰᠤᠷᠭᠠᠨ ᠭᠦᠮᠤᠵᠢᠯ᠂ ᠡᠮ ᠡᠮᠨᠡᠯᠭᠡ ᠡᠷᠡᠭᠦᠯ ᠬᠠᠮᠠᠭᠠᠯᠠᠯ᠂ ᠣᠰᠣᠨ ᠤ ᠬᠠᠩᠭᠠᠯᠳᠠ᠂ | ᠴᠠᠭᠢᠯᠭᠠᠨ ᠤ ᠬᠠᠩᠭᠠᠯᠳᠠ᠂ ᠴᠢᠮᠡᠭᠡ ᠨᠠᠪᠳᠡᠷᠡᠯᠭᠡ᠂ ᠤᠯᠠᠨ ᠨᠡᠶᠢᠳᠡ ᠶᠢᠨ ᠵᠠᠮ ᠬᠠᠷᠢᠯᠴᠠᠭ᠎ᠠ ᠭᠢᠭᠡᠳ ᠠᠷᠠᠳ | ᠤᠯᠠᠨ ᠤ ᠠᠰᠢᠭ ᠳᠤᠰᠠ ᠲᠠᠢ ᠨᠢᠬᠳᠠ ᠬᠤᠯᠪᠤᠭ᠎ᠠ ᠲᠠᠢ ᠤᠯᠠᠨ ᠨᠡᠶᠢᠳᠡ ᠶᠢᠨ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠠ ᠨᠢ ᠯᠠᠪᠯᠠᠯᠳᠠ ᠪᠤᠯᠭᠠᠵᠤ ᠪᠤᠯᠤᠨ᠎ᠠ᠃ | ᠭᠤᠷᠪᠠᠳᠤᠭᠠᠷ ᠵᠤᠷᠪᠤᠰ ᠳᠤᠰ ᠳᠦᠷᠢᠮ ᠳᠠᠬᠢ ᠵᠠᠰᠠᠭ ᠤᠨ ᠤᠷᠳᠤᠨ ᠤ ᠰᠤᠷᠠᠭ ᠵᠠᠩᠭᠢ ᠭᠡᠳᠡᠭ ᠨᠢ | ᠵᠠᠰᠠᠭ ᠵᠠᠭᠢᠷᠭᠠᠨ ᠤ ᠪᠠᠶᠢᠭᠤᠯᠭ᠎ᠠ ᠭᠢᠭᠡᠳ ᠬᠠᠤᠯᠢ ᠴᠠᠭᠠᠵᠠ ᠬᠠᠤᠯᠢ ᠳᠦᠷᠢᠮ ᠤᠨ ᠡᠷᠭᠡ ᠭᠦᠯᠢᠶᠡᠭᠰᠠᠨ ᠵᠤᠭᠢᠶᠠᠨ | ᠪᠠᠶᠢᠭᠤᠯᠤᠯᠳᠠ ᠨᠢ ᠳᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠦ ᠶᠠᠪᠤᠴᠠ ᠳᠠᠭᠠᠨ ᠵᠤᠭᠢᠶᠠᠬᠰᠨᠨ ᠪᠤᠶᠤ ᠬᠤᠷᠢᠶᠠᠵᠤ | ᠤᠯᠤᠭᠰᠠᠨ ᠵᠤᠭᠢᠬᠤ ᠭᠡᠯᠪᠡᠷᠢ ᠪᠠᠷ ᠳᠡᠮᠳᠡᠭᠯᠡᠭᠳᠡᠭᠰᠠᠨ ᠪᠠ ᠬᠠᠳᠠᠭᠠᠯᠠᠬᠳᠠᠵᠤ ᠪᠠᠶᠢᠭ᠎ᠠ ᠰᠤᠷᠠᠭ ᠵᠠᠩᠭᠢ ᠶᠢ ᠵᠢᠭᠠᠵᠤ | ᠪᠠᠶᠢᠨ᠎ᠠ᠃ | ᠳᠦᠷᠪᠡᠳᠤᠭᠡᠷ ᠵᠤᠷᠪᠤᠰ ᠬᠤᠰᠢᠭᠤᠨ ᠤ ᠵᠠᠰᠠᠭ ᠤᠨ ᠶᠠᠪᠤᠳᠠᠯ ᠢ ᠢᠯᠡ ᠪᠤᠯᠭᠠᠬᠤ ᠤᠳᠤᠷᠢᠳᠬᠤ | ᠳᠤᠭᠤᠶᠢᠯᠠᠩ ᠤᠨ ᠠᠯᠪᠠᠨ ᠭᠡᠷ ᠨᠢ ᠬᠤᠰᠢᠭᠤᠨ ᠤ ᠵᠠᠰᠠᠭ ᠤᠨ ᠤᠷᠳᠤᠨ ᠤ ᠰᠤᠷᠠᠭ ᠵᠠᠩᠭᠢ ᠶᠢ ᠢᠯᠡ ᠨᠠᠶᠢᠳᠡᠯᠡᠭᠦ | ᠡᠳᠤᠷ ᠳᠤᠳᠤᠮ ᠤᠨ ᠠᠵᠢᠯ ᠤᠨ ᠪᠠᠶᠢᠭᠤᠯᠤᠮᠵᠢ ᠪᠠᠷ ᠵᠠᠰᠠᠭ ᠤᠨ ᠤᠷᠳᠤᠨ ᠤ ᠰᠠᠯᠠᠭ᠎ᠠ ᠮᠦᠴᠢᠷ ᠤᠨ ᠨᠢᠭᠡᠴᠡ ᠶᠢᠨ | ᠵᠠᠰᠠᠭ ᠤᠨ ᠤᠷᠳᠤᠨ ᠤ ᠰᠤᠷᠠᠭ ᠵᠠᠩᠭᠢ ᠶᠢ ᠢᠯᠡ ᠪᠤᠯᠭᠠᠬᠤ ᠠᠵᠢᠯ ᠢ ᠵᠤᠭᠢᠶᠠᠨ ᠪᠠᠶᠢᠭᠤᠯᠵᠤ ᠭᠦᠢᠴᠡᠳᠭᠡᠯᠭᠡᠭᠦ | ᠭᠡᠷᠡᠭᠳᠡᠢ᠃ | ᠳᠠᠪᠤᠳᠤᠭᠠᠷ ᠵᠤᠷᠪᠤᠰ ᠡᠯ᠎ᠡ ᠰᠠᠯᠠᠭ᠎ᠠ ᠮᠦᠴᠢᠷ ᠤᠨ ᠨᠢᠭᠡᠴᠡ ᠨᠢ ᠬᠤᠰᠢᠭᠤᠨ ᠤ ᠵᠠᠰᠠᠭ ᠤᠨ | ᠶᠠᠪᠤᠳᠠᠯ ᠢ ᠢᠯᠡ ᠪᠤᠯᠭᠠᠬᠤ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠨᠢᠭᠡᠳᠤᠯᠳᠡᠢ ᠤᠳᠤᠷᠢᠳᠤᠯᠭ᠎ᠠ᠂ | ᠵᠤᠭᠢᠴᠠᠭᠤᠯᠭ᠎ᠠ᠂ ᠭᠢᠨᠠᠯᠳᠠ ᠳᠤᠤᠷ᠎ᠠ ᠬᠠᠤᠯᠢ ᠶᠤᠰᠤᠭᠠᠷ ᠰᠠᠨᠠᠭᠠᠴᠢᠯᠠᠭ᠎ᠠ ᠠᠴᠠ ᠪᠠᠨ ᠳᠤᠰ ᠳᠤᠰ ᠤᠨ ᠳᠤᠰᠢᠶᠠᠯ | ᠬᠠᠷᠢᠭᠤᠴᠠᠯᠭ᠎ᠠ ᠶᠢᠨ ᠢᠶᠠᠨ ᠭᠡᠪᠴᠢᠶᠠᠨ ᠳᠠᠬᠢ ᠵᠠᠰᠠᠭ ᠤᠨ ᠤᠷᠳᠤᠨ ᠤ ᠰᠤᠷᠠᠭ ᠵᠠᠩᠭᠢ ᠶᠢ ᠢᠯᠡ ᠨᠡᠶᠢᠳᠡᠯᠡᠭᠦ | ᠪᠤᠶᠤ ᠡᠷᠡᠮᠠᠯᠵᠠᠯ ᠢ ᠦᠠᠳᠤᠰᠤᠯᠠᠨ ᠢᠯᠡ ᠪᠤᠯᠭᠠᠬᠤ ᠭᠡᠷᠡᠭᠳᠡᠢ᠃ | ᠰᠢᠭᠤᠳ ᠬᠠᠮᠢᠶᠠᠷᠴᠦ ᠪᠠᠶᠢᠭ᠎ᠠ ᠪᠤᠶᠤ ᠳᠠᠪᠬᠤᠷ ᠤᠳᠤᠷᠢᠳᠤᠯᠭ᠎ᠠ ᠶᠢ ᠭᠦᠯᠢᠶᠠᠵᠤ ᠪᠠᠶᠢᠭ᠎ᠠ ᠰᠠᠯᠠᠭ᠎ᠠ ᠮᠦᠴᠢᠷ ᠨᠢ | ᠳᠡᠭᠡᠳᠤ ᠱᠠᠳᠤᠨ ᠤ ᠳᠤᠬᠠᠶᠢᠯᠠᠭᠰᠠᠨ ᠠᠵᠢᠯ ᠢ ᠭᠤᠤᠯᠯᠠᠨ ᠬᠠᠮᠢᠶᠠᠷᠴᠦ ᠪᠠᠶᠢᠭ᠎ᠠ ᠰᠠᠯᠠᠭ᠎ᠠ ᠮᠦᠴᠢᠷ ᠭᠢᠭᠡᠳ | ᠬᠤᠰᠢᠭᠤᠨ ᠵᠠᠰᠠᠭ ᠤᠨ ᠤᠷᠳᠤᠨ ᠤ ᠤᠳᠤᠷᠢᠳᠤᠯᠭ᠎ᠠ ᠳᠤᠤᠷ᠎ᠠ ᠬᠤᠰᠢᠭᠤᠨ ᠤ ᠵᠠᠰᠠᠭ ᠤᠨ ᠶᠠᠪᠤᠳᠠᠯ ᠢ ᠢᠯᠡ | ᠪᠤᠯᠭᠠᠬᠤ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠨᠢᠭᠡᠳᠤᠯᠳᠡᠢ ᠵᠢᠯᠤᠭᠤᠳᠤᠯᠭ᠎ᠠ ᠪᠤᠯᠤᠨ ᠵᠤᠭᠢᠴᠠᠭᠤᠯᠭ᠎ᠠ | ᠪᠠᠷ ᠵᠠᠰᠠᠭ ᠤᠨ ᠤᠷᠳᠤᠨ ᠤ ᠰᠤᠷᠠᠭ ᠵᠠᠩᠭᠢ ᠶᠢ ᠢᠯᠡ ᠨᠡᠶᠢᠳᠡᠯᠡᠭᠦ ᠠᠵᠢᠯ ᠢᠶᠠᠨ ᠦᠷᠨᠢᠭᠦᠯᠭᠦ ᠭᠡᠷᠡᠭᠳᠡᠢ᠃ | ᠵᠢᠷᠭᠤᠳᠤᠭᠠᠷ ᠵᠤᠷᠪᠤᠰ ᠬᠤᠰᠢᠭᠤᠨ ᠤ ᠵᠠᠰᠠᠭ ᠤᠨ ᠤᠷᠳᠤᠨ ᠤ ᠰᠤᠷᠠᠭ ᠵᠠᠩᠭᠢ ᠶᠢ ᠢᠯᠡ ᠪᠤᠯᠭᠠᠬᠤ | ᠠᠵᠢᠯ ᠢ ᠭᠤᠤᠯᠯᠠᠨ ᠬᠠᠮᠢᠶᠠᠷᠴᠦ ᠪᠠᠶᠢᠭ᠎ᠠ ᠰᠠᠯᠠᠭ᠎ᠠ ᠮᠦᠴᠢᠷ ᠨᠢ ᠬᠠᠮᠢᠶ᠎ᠠ ᠪᠦᠭᠦᠢ ᠵᠠᠰᠠᠭ ᠵᠠᠭᠢᠷᠭᠠᠨ ᠤ ᠪᠠᠶᠢᠭᠤᠯᠭ᠎ᠠ | ︵ᠵᠤᠭᠢᠶᠠᠨ ᠪᠠᠶᠢᠭᠤᠯᠤᠯᠳᠠ︶ ᠶᠢ ᠵᠤᠭᠢᠶᠠᠨ ᠪᠠᠶᠢᠭᠤᠯᠵᠤ᠂ ᠵᠤᠭᠢᠴᠠᠭᠤᠯᠤᠨ ᠰᠤᠷᠠᠭ ᠵᠠᠩᠭᠢ ᠨᠡᠶᠢᠳᠡᠯᠡᠭᠦ | ᠵᠤᠭᠢᠴᠠᠭᠤᠯᠭ᠎ᠠ ᠶᠢᠨ ᠳᠤᠭᠳᠠᠴᠠ ᠪᠠᠶᠢᠭᠤᠯᠤᠨ ᠳᠡᠭᠦᠯᠳᠡᠷᠵᠢᠭᠦᠯᠵᠤ᠂ ᠰᠢᠭᠤᠳ ᠰᠢᠯᠤᠭᠤᠨ ᠦᠠᠳᠤᠷ ᠦᠷ᠎ᠡ | ᠠᠰᠢᠭ ᠲᠠᠢ ᠰᠤᠷᠠᠭ ᠵᠠᠩᠭᠢ ᠨᠡᠶᠢᠳᠡᠯᠡᠭᠦ ᠠᠷᠭ᠎ᠠ ᠵᠠᠮ ᠢ ᠰᠦᠪᠡᠭᠴᠢᠯᠠᠭᠦ ᠭᠡᠷᠡᠭᠳᠡᠢ᠃ ᠵᠠᠰᠠᠭ ᠵᠠᠬᠢᠷᠭᠠᠨ ᠤ | ᠪᠠᠶᠢᠭᠤᠯᠭ᠎ᠠ ︵ᠵᠤᠭᠢᠶᠠᠨ ᠪᠠᠶᠢᠭᠤᠯᠤᠯᠳᠠ︶ ᠶᠢᠨ ᠨᠡᠶᠢᠳᠡᠯᠡᠭᠦ ᠭᠡᠵᠤ ᠪᠠᠶᠢᠭ᠎ᠠ ᠵᠠᠰᠠᠭ ᠤᠨ ᠤᠷᠳᠤᠨ ᠤ ᠰᠤᠷᠠᠭ | ᠵᠠᠩᠭᠢ ᠨᠢ ᠪᠤᠰᠤᠳ ᠵᠠᠰᠠᠭ ᠵᠠᠭᠢᠷᠭᠠᠨ ᠤ ᠪᠠᠶᠢᠭᠤᠯᠭ᠎ᠠ ︵ᠵᠤᠭᠢᠶᠠᠨ ᠪᠠᠶᠢᠭᠤᠯᠤᠯᠳᠠ︶ ᠲᠠᠢ ᠬᠤᠯᠪᠤᠭᠳᠠᠪᠠᠯ ᠬᠠᠮᠢᠶ᠎ᠠ | ᠪᠦᠭᠦᠢ ᠵᠠᠰᠠᠭ ᠵᠠᠭᠢᠷᠭᠠᠨ ᠤ ᠪᠠᠶᠢᠭᠤᠯᠭ᠎ᠠ ︵ᠵᠤᠭᠢᠶᠠᠨ ᠪᠠᠶᠢᠭᠤᠯᠤᠯᠳᠠ︶ ᠲᠠᠢ ᠬᠠᠷᠢᠯᠴᠠᠵᠤ᠂ ᠨᠦᠭᠦᠭᠡ | ᠡᠳᠡᠭᠡᠳ ᠤᠨ ᠢᠶᠠᠨ ᠵᠦᠪᠰᠢᠶᠡᠷᠠᠯ ᠢ ᠤᠯᠤᠭᠰᠠᠨ ᠤ ᠳᠠᠷᠠᠭ᠎ᠠ ᠨᠠᠶᠢᠳᠡᠯᠡᠭᠦ ᠭᠡᠷᠡᠭᠳᠡᠢ︔ ᠬᠠᠷᠢᠯᠴᠠᠵᠤ | ᠵᠤᠭᠢᠴᠠᠯᠳᠤᠬᠤ ᠪᠠᠷ ᠳᠠᠮᠵᠢᠭᠠᠳ ᠰᠠᠨᠠᠯ ᠨᠢᠭᠡᠳᠭᠦ ᠦᠭᠡᠢ ᠪᠣᠯ ᠵᠠᠰᠠᠭ ᠤᠨ ᠤᠷᠳᠤᠨ ᠤ ᠰᠤᠷᠠᠭ ᠵᠠᠩᠭᠢ ᠨᠠᠶᠢᠳᠡᠯᠡᠭᠦ | ᠭᠡᠵᠤ ᠪᠠᠶᠢᠭ᠎ᠠ ᠵᠠᠰᠠᠭ ᠵᠠᠭᠢᠷᠭᠠᠨ ᠤ ᠪᠠᠶᠢᠭᠤᠯᠭ᠎ᠠ ︵ᠵᠤᠭᠢᠶᠠᠨ ᠪᠠᠶᠢᠭᠤᠯᠤᠯᠳᠠ︶ ᠨᠢ ᠬᠤᠰᠢᠭᠤᠨ ᠤ ᠵᠠᠰᠠᠭ ᠤᠨ | ᠤᠷᠳᠤᠨ ᠤ ᠰᠤᠷᠠᠭ ᠵᠠᠩᠭᠢ ᠶᠢ ᠢᠯᠡ ᠨᠡᠶᠢᠳᠡᠯᠡᠭᠦ ᠠᠵᠢᠯ ᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ | ᠮᠡᠳᠡᠭᠦᠯᠦᠨ ᠵᠤᠭᠢᠴᠠᠯᠳᠤᠭᠤᠯᠤᠨ ᠰᠢᠢᠳᠪᠤᠷᠢᠯᠠᠨ᠎ᠠ᠃ | ᠳᠤᠯᠤᠳᠤᠭᠠᠷ ᠵᠤᠷᠪᠤᠰ ᠬᠤᠰᠢᠭᠤᠨ ᠤ ᠵᠠᠰᠠᠭ ᠤᠨ ᠤᠷᠳᠤᠨ ᠭᠢᠭᠡᠳ ᠪᠤᠰᠤᠳ ᠰᠠᠯᠠᠭ᠎ᠠ | ᠮᠦᠴᠢᠷ ᠤᠨ ᠨᠢᠭᠡᠴᠡ ᠨᠢ ᠵᠠᠰᠠᠭ ᠤᠨ ᠤᠷᠳᠤᠨ ᠤ ᠰᠤᠷᠠᠭ ᠵᠠᠩᠭᠢ ᠨᠡᠶᠢᠳᠡᠯᠡᠭᠦ ᠨᠢᠭᠤᠴᠠ ᠶᠢ ᠬᠠᠮᠠᠭᠠᠯᠠᠬᠤ ᠭᠢᠨᠠᠨ | ᠪᠠᠶᠢᠴᠠᠭᠠᠯᠳᠠ ᠶᠢᠨ ᠳᠦᠷᠢᠮ ᠳᠤᠭᠳᠠᠭᠠᠨ ᠳᠡᠭᠦᠯᠳᠡᠷᠵᠢᠭᠦᠯᠭᠦ ᠭᠡᠷᠡᠭᠳᠡᠢ᠃ ︽ᠪᠦᠭᠦᠳᠠ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ︾ ᠭᠢᠭᠡᠳ ᠳᠡᠭᠦᠨ ᠤ ᠭᠡᠷᠡᠭᠵᠢᠭᠦᠯᠭᠦ ᠠᠷᠭ᠎ᠠ | ᠵᠡᠷᠭᠡ ᠬᠠᠮᠢᠶ᠎ᠠ ᠪᠦᠭᠦᠢ ᠳᠤᠭᠳᠠᠭᠠᠯ ᠢ ᠴᠢᠩᠭ᠎ᠠ ᠵᠢᠷᠤᠮᠯᠠᠵᠤ᠂ ᠨᠡᠶᠢᠳᠡᠯᠡᠭᠦ ᠭᠡᠵᠤ ᠪᠠᠶᠢᠭ᠎ᠠ ᠵᠠᠰᠠᠭ ᠤᠨ ᠤᠷᠳᠤᠨ ᠤ | ᠰᠤᠷᠠᠭ ᠵᠠᠩᠭᠢ ᠪᠠᠨ ᠬᠠᠮᠢᠶ᠎ᠠ ᠪᠦᠭᠦᠢ ᠰᠠᠯᠠᠭ᠎ᠠ ᠮᠦᠴᠢᠷ ︵ᠨᠢᠭᠡᠴᠡ︶ ᠪᠤᠶᠤ ᠨᠢᠭᠤᠴᠠ ᠶᠢ ᠬᠠᠮᠠᠭᠠᠯᠠᠬᠤ ᠠᠵᠢᠯ ᠤᠨ | ᠰᠠᠯᠠᠭ᠎ᠠ ᠮᠦᠴᠢᠷ ᠲᠤ ᠮᠡᠳᠡᠭᠦᠯᠦᠨ ᠨᠢᠭᠤᠴᠠ ᠶᠢ ᠬᠠᠮᠠᠭᠠᠯᠠᠬᠤ ᠭᠢᠨᠠᠨ ᠪᠠᠶᠢᠴᠠᠭᠠᠯᠳᠠ ᠭᠢᠯᠭᠡᠭᠦ ᠭᠡᠷᠡᠭᠳᠡᠢ᠃ | ᠤᠯᠤᠰ ᠤᠨ ᠨᠢᠭᠤᠴᠠ ᠶᠢ ᠬᠠᠮᠠᠭᠠᠯᠠᠬᠤ ᠪᠤᠶᠤ ᠨᠡᠶᠢᠳᠡᠯᠡᠭᠰᠠᠨ ᠤ ᠰᠡᠭᠦᠯᠡᠷ ᠤᠯᠤᠰ ᠤᠨ ᠠᠮᠤᠷ ᠳᠦᠪᠰᠢᠨ᠂ ᠤᠯᠠᠨ | ᠨᠡᠶᠢᠳᠡ ᠶᠢᠨ ᠠᠮᠤᠷ ᠳᠦᠪᠰᠢᠨ᠂ ᠠᠵᠤ ᠠᠬᠤᠢ ᠶᠢᠨ ᠠᠮᠤᠷ ᠳᠦᠪᠰᠢᠨ ᠭᠢᠭᠡᠳ ᠨᠡᠶᠢᠭᠡᠮ ᠤᠨ ᠠᠮᠤᠷ | ᠳᠤᠭᠳᠠᠭᠤᠨ ᠳᠤ ᠰᠦᠷᠳᠡᠭᠦᠯᠦᠯ ᠪᠤᠯᠬᠤ ᠵᠠᠰᠠᠭ ᠤᠨ ᠤᠷᠳᠤᠨ ᠤ ᠰᠤᠷᠠᠭ ᠵᠠᠩᠭᠢ᠂ ᠬᠤᠳᠠᠯᠳᠤᠭᠠᠨ ᠤ ᠨᠢᠭᠤᠴᠠ ᠳᠤ | ᠬᠤᠯᠪᠤᠬᠳᠠᠬᠤ ᠪᠠ ᠬᠤᠪᠢ ᠭᠦᠮᠤᠨ ᠤ ᠨᠢᠭᠤᠴᠠ ᠳᠤ ᠬᠤᠯᠪᠤᠬᠳᠠᠬᠤ ᠵᠠᠰᠠᠭ ᠤᠨ ᠤᠷᠳᠤᠨ ᠤ ᠰᠤᠷᠠᠭ ᠵᠠᠩᠭᠢ ᠶᠢ | ᠨᠠᠶᠢᠳᠡᠯᠠᠵᠤ ᠪᠤᠯᠬᠤ ᠦᠭᠡᠢ᠃ ᠭᠤᠤᠯ ᠠᠭᠤᠯᠭ᠎ᠠ ᠶᠢ ᠨᠢ ᠤᠯᠠᠨ ᠳᠦᠮᠠᠨ ᠳᠤ ᠶᠡᠭᠡᠪᠡᠷ ᠮᠠᠳᠡᠭᠦᠯᠭᠦ ᠪᠤᠶᠤ ᠤᠯᠠᠨ | ᠳᠦᠮᠠᠨ ᠢ ᠤᠷᠤᠯᠴᠠᠭᠤᠯᠬᠤ ᠴᠢᠬᠤᠯᠠ ᠲᠠᠢ ᠪᠤᠯᠪᠠᠴᠦ ᠭᠡᠰᠡᠭ ᠪᠦᠯᠦᠭ ᠠᠭᠤᠯᠭ᠎ᠠ ᠨᠢ ᠤᠯᠤᠰ ᠤᠨ ᠨᠢᠭᠤᠴᠠ ᠲᠠᠢ | ᠬᠤᠯᠪᠤᠬᠳᠠᠬᠤ ᠵᠠᠰᠠᠭ ᠤᠨ ᠤᠷᠳᠤᠨ ᠤ ᠰᠤᠷᠠᠭ ᠵᠠᠩᠭᠢ ᠶᠢ ᠬᠠᠤᠯᠢ ᠶᠢᠨ ᠳᠠᠰ ᠳᠠᠷᠠᠭᠠᠯᠠᠯ ᠢᠶᠠᠷ ᠨᠢᠭᠤᠴᠠ ᠶᠢ | ᠳᠠᠶᠢᠯᠵᠤ ᠨᠢᠭᠤᠴᠠ ᠲᠠᠢ ᠬᠤᠯᠪᠤᠬᠳᠠᠬᠤ ᠠᠭᠤᠯᠭ᠎ᠠ ᠶᠢ ᠨᠢ ᠬᠠᠰᠤᠬᠰᠠᠨ ᠤ ᠳᠠᠷᠠᠭ᠎ᠠ ᠰᠠᠶ᠋ᠢ ᠨᠡᠶᠢᠳᠡᠯᠡᠵᠤ ᠪᠤᠯᠤᠨ᠎ᠠ᠃ | | ᠨᠠᠢᠮᠠᠳᠤᠭᠠᠷ ᠵᠤᠷᠪᠤᠰ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠵᠢᠴᠢ ᠳᠡᠭᠦᠨ ᠤ ᠰᠠᠯᠠᠭ᠎ᠠ | ᠮᠦᠴᠢᠷ ︵ᠨᠢᠭᠡᠴᠡ︶ ᠨᠢ ᠵᠠᠰᠠᠭ ᠤᠨ ᠤᠷᠳᠤᠨ ᠤ ᠰᠤᠷᠠᠭ ᠵᠠᠩᠭᠢ ᠶᠢ ᠢᠯᠡ ᠪᠤᠯᠭᠠᠬᠤ ᠵᠦᠭᠯᠡᠭᠦᠷ ᠪᠤᠯᠤᠨ ᠵᠠᠰᠠᠭ | ᠤᠨ ᠤᠷᠳᠤᠨ ᠤ ᠰᠤᠷᠠᠭ ᠵᠠᠩᠭᠢ ᠶᠢ ᠢᠯᠡ ᠪᠤᠯᠭᠠᠬᠤ ᠭᠠᠷᠴᠠᠭ ᠳᠤᠭᠳᠠᠭᠠᠬᠤ ᠶᠢᠨ ᠬᠠᠮᠳᠤ ᠴᠠᠭ ᠳᠤᠬᠠᠢ ᠳᠤᠨᠢ | ᠰᠢᠨᠡᠳᠭᠡᠭᠦ ᠭᠡᠷᠡᠭᠳᠡᠢ᠃ ᠵᠠᠰᠠᠭ ᠤᠨ ᠤᠷᠳᠤᠨ ᠤ ᠰᠤᠷᠠᠭ ᠵᠠᠩᠭᠢ ᠶᠢ ᠢᠯᠡ ᠪᠤᠯᠭᠠᠬᠤ ᠵᠦᠭᠯᠡᠭᠦᠷ ᠲᠤ | ᠵᠠᠰᠠᠭ ᠤᠨ ᠤᠷᠳᠤᠨ ᠤ ᠰᠤᠷᠠᠭ ᠵᠠᠩᠭᠢ ᠶᠢ ᠳᠦᠷᠦᠯ ᠬᠤᠪᠢᠶᠠᠬᠤ᠂ ᠨᠠᠶᠢᠷᠠᠭᠤᠯᠬᠤ ᠰᠢᠰᠲ᠋ᠧᠮᠵᠢ᠂ ᠴᠤᠬᠯᠠᠭᠤᠯᠬᠤ | ᠠᠷᠭ᠎ᠠ᠂ ᠵᠠᠰᠠᠭ ᠤᠨ ᠤᠷᠳᠤᠨ ᠤ ᠰᠤᠷᠠᠭ ᠵᠠᠩᠭᠢ ᠶᠢ ᠢᠯᠡ ᠪᠤᠯᠭᠠᠬᠤ ᠠᠵᠢᠯ ᠤᠨ ᠪᠠᠶᠢᠭᠤᠯᠤᠮᠵᠢ ᠶᠢᠨ ᠨᠠᠷᠠ᠂ | ᠠᠯᠪᠠᠯᠠᠬᠤ ᠭᠠᠵᠠᠷ᠂ ᠠᠯᠪᠠᠯᠠᠬᠤ ᠴᠠᠭ᠂ ᠬᠠᠷᠢᠯᠴᠠᠬᠤ ᠤᠳᠠᠰᠤ᠂ ᠳᠦᠷᠰᠤᠳᠤ ᠴᠠᠭᠢᠯᠭᠠᠨ ᠤ ᠨᠤᠮᠧᠷ᠂ ᠢᠮᠧᠯ ᠵᠡᠷᠭᠡ | ᠠᠭᠤᠯᠭ᠎ᠠ ᠶᠢ ᠪᠠᠭᠳᠠᠭᠠᠬᠤ ᠭᠡᠷᠡᠭᠳᠡᠢ᠃ ᠵᠠᠰᠠᠭ ᠤᠨ ᠤᠷᠳᠤᠨ ᠤ ᠰᠤᠷᠠᠭ ᠵᠠᠩᠭᠢ ᠶᠢ ᠢᠯᠡ ᠨᠠᠶᠢᠳᠡᠯᠡᠭᠦ ᠭᠠᠷᠴᠠᠭ ᠲᠤ | ᠵᠠᠰᠠᠭ ᠤᠨ ᠤᠷᠳᠤᠨ ᠤ ᠰᠤᠷᠠᠭ ᠵᠠᠩᠭᠢ ᠶᠢᠨ ᠭᠡᠯᠭᠢᠶᠠᠰᠤ᠂ ᠨᠠᠷᠡᠶᠢᠳᠤᠯ᠂ ᠠᠭᠤᠯᠭ᠎ᠠ ᠶᠢᠨ ᠳᠤᠪᠴᠢ᠂ ᠡᠳᠤᠷ ᠰᠠᠷ᠎ᠠ | ᠵᠡᠷᠭᠡ ᠶᠢ ᠪᠠᠭᠳᠠᠭᠠᠬᠤ ᠭᠡᠷᠡᠭᠳᠡᠢ᠃ | ᠶᠢᠰᠦᠳᠦᠭᠡᠷ ᠵᠤᠷᠪᠤᠰ ᠬᠠᠤᠯᠢ ᠴᠠᠭᠠᠵᠠ᠂ ᠬᠠᠤᠯᠢ ᠳᠦᠷᠢᠮ ᠠᠴᠠ ᠡᠷᠭᠡ ᠤᠯᠭᠤᠬᠰᠠᠨ ᠤᠯᠠᠨ | ᠨᠡᠶᠢᠳᠡ ᠶᠢᠨ ᠭᠡᠷᠡᠭ ᠤᠴᠢᠷ ᠤᠨ ᠡᠭᠦᠷᠭᠡ ᠳᠤᠰᠢᠶᠠᠯ ᠲᠠᠢ ᠵᠤᠭᠢᠶᠠᠨ ᠪᠠᠶᠢᠭᠤᠯᠤᠯᠳᠠ ᠭᠢᠭᠡᠳ ᠠᠷᠠᠳ ᠤᠯᠠᠨ ᠤ | ᠠᠰᠢᠭ ᠳᠤᠰᠠ ᠲᠠᠢ ᠨᠢᠭᠳᠡ ᠬᠤᠯᠪᠤᠬᠳᠠᠬᠤ ᠤᠯᠠᠨ ᠨᠡᠶᠢᠳᠡ ᠶᠢᠨ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠡ ᠨᠢ ︽ᠳᠦᠷᠢᠮ︾ ᠤᠨ ᠬᠠᠮᠢᠶ᠎ᠠ ᠪᠦᠭᠦᠢ ᠳᠤᠭᠳᠠᠭᠠᠯ ᠶᠤᠰᠤᠭᠠᠷ ᠤᠯᠤᠰ ᠤᠨ ᠨᠢᠭᠤᠴᠠ᠂ ᠬᠤᠳᠠᠯᠳᠤᠭᠠᠨ ᠤ | ᠨᠢᠭᠤᠴᠠ᠂ ᠬᠤᠪᠢ ᠭᠦᠮᠤᠨ ᠤ ᠨᠢᠭᠤᠴᠠ ᠲᠠᠢ ᠬᠤᠯᠪᠤᠬᠳᠠᠬᠤ ᠦᠭᠡᠢ ᠵᠠᠰᠠᠭ ᠤᠨ ᠤᠷᠳᠤᠨ ᠤ ᠰᠤᠷᠠᠭ ᠵᠠᠩᠭᠢ ᠶᠢ | ᠴᠦᠮ ᠵᠤᠭᠢᠬᠤ ᠭᠡᠯᠪᠡᠷᠢ ᠪᠠᠷ ᠰᠠᠨᠠᠭᠠᠴᠢᠯᠠᠭ᠎ᠠ ᠠᠴᠠ ᠪᠠᠨ ᠢᠯᠡ ᠨᠠᠶᠢᠳᠡᠯᠠᠵᠤ᠂ ᠢᠯᠡᠩᠭᠤᠶ᠎ᠠ ᠤᠯᠠᠨ ᠨᠡᠶᠢᠳᠡ ᠭᠢᠭᠡᠳ | ᠠᠵᠤ ᠠᠬᠤᠶᠢᠯᠠᠯ ᠤᠨ ᠳᠤᠰᠬᠠᠯ ᠶᠡᠭᠡᠳᠡᠢ᠂ ᠰᠠᠨᠠᠭ᠎ᠠ ᠳᠠᠯᠪᠢᠵᠤ ᠪᠠᠶᠢᠭ᠎ᠠ᠂ ᠨᠡᠶᠢᠭᠡᠮ ᠳᠡᠭᠡᠷ᠎ᠡ ᠬᠤᠷᠴᠠ ᠳᠤᠰᠬᠠᠯ ᠲᠠᠢ᠂ | ᠠᠮᠠᠷᠬᠠᠨ ᠵᠦᠷᠢᠴᠡᠯ ᠡᠭᠦᠰᠴᠦ ᠮᠡᠳᠡᠭᠦ ᠪᠠ ᠢᠯᠵᠡᠷᠡᠨ ᠳᠤᠷᠦ᠋ᠢᠳᠠᠬᠤ ᠠᠰᠠᠭᠤᠳᠠᠯ ᠭᠠᠷᠬᠤ ᠳᠤ ᠭᠢᠯᠪᠠᠷ ᠵᠦᠢᠯᠡᠰ ᠢ | ᠢᠯᠡ ᠨᠠᠶᠢᠳᠡᠯᠡᠭᠦ ᠭᠤᠤᠯᠳᠠᠯᠭ᠎ᠠ ᠪᠤᠯᠭᠠᠵᠤ᠂ ᠴᠠᠭ ᠳᠤᠬᠠᠢ ᠳᠤᠨᠢ᠂ ᠪᠦᠭᠦ ᠳᠠᠯ᠎ᠠ ᠪᠠᠷ᠂ ᠪᠦᠳᠦᠮᠵᠢᠳᠡᠢ ᠢᠯᠡ ᠨᠡᠶᠢᠳᠡᠯᠡᠭᠦ | ᠭᠡᠷᠡᠭᠳᠡᠢ᠃ | ᠠᠷᠪᠠᠳᠤᠭᠠᠷ ᠵᠤᠷᠪᠤᠰ ᠡᠷᠭᠡᠳᠤ ᠠᠷᠠᠳ᠂ ᠬᠠᠤᠯᠢ ᠶᠢᠨ ᠡᠷᠭᠡᠳᠡᠨ ᠪᠠ ᠪᠤᠰᠤᠳ ᠵᠤᠭᠢᠶᠠᠨ | ᠪᠠᠶᠢᠭᠤᠯᠤᠯᠳᠠ ᠶᠢᠨ ᠴᠢᠬᠤᠯᠠ ᠶᠡᠭᠡ ᠠᠰᠢᠭ ᠳᠤᠰᠠ ᠲᠠᠢ ᠬᠤᠯᠪᠤᠬᠳᠠᠬᠤ ᠪᠤᠶᠤ ᠴᠢᠬᠤᠯᠠ ᠶᠡᠭᠡ ᠨᠡᠶᠢᠭᠡᠮ ᠤᠨ | ᠨᠦᠯᠦᠭᠡ ᠲᠠᠢ ᠭᠡᠷᠡᠭ ᠤᠴᠢᠷ ᠢ ᠵᠢᠩᠭᠢᠨᠢ ᠪᠠᠷ ᠨᠡᠶᠢᠳᠡᠯᠡᠭᠦ ᠠᠴᠠ ᠡᠮᠤᠨ᠎ᠠ ᠪᠡᠯᠡᠳᠭᠡᠯ ᠨᠡᠶᠢᠳᠡᠯᠡᠯ ᠤᠨ ᠳᠦᠷᠢᠮ ᠢ | ᠭᠡᠷᠡᠭᠵᠢᠭᠦᠯᠭᠦ ᠭᠡᠷᠡᠭᠳᠡᠢ᠃ ᠡᠭᠡ ᠪᠢᠴᠢᠭ ᠢ ᠪᠢᠴᠢᠭᠦ ᠪᠠᠶᠢᠭᠤᠯᠭ᠎ᠠ ᠪᠤᠶᠤ ᠰᠢᠢᠳᠪᠤᠷᠢ ᠭᠠᠷᠭᠠᠬᠤ ᠪᠠᠶᠢᠭᠤᠯᠭ᠎ᠠ ᠨᠢ ᠡᠭᠡ | ᠪᠢᠴᠢᠭ ᠢᠶᠠᠨ ᠨᠡᠶᠢᠭᠡᠮ ᠳᠤ ᠢᠯᠡ ᠨᠡᠶᠢᠳᠡᠯᠠᠵᠤ᠂ ᠤᠯᠠᠨ ᠳᠦᠮᠠᠨ ᠤ ᠰᠠᠨᠠᠯ ᠢ ᠦᠷᠭᠡᠨ ᠢᠶᠠᠷ ᠰᠤᠨᠤᠰᠤᠬᠰᠠᠨ ᠤ | ᠰᠠᠭᠦᠯᠠᠷ ᠰᠢᠢᠳᠪᠤᠷᠢ ᠭᠠᠷᠭᠠᠬᠤ ᠭᠡᠷᠡᠭᠳᠡᠢ᠃ | ᠠᠷᠪᠠᠨ ᠨᠢᠭᠡᠳᠤᠭᠡᠷ ᠵᠤᠷᠪᠤᠰ ᠵᠠᠰᠠᠭ ᠤᠨ ᠤᠷᠳᠤᠨ ᠤ ᠰᠤᠷᠠᠭ ᠵᠠᠩᠭᠢ ᠶᠢ ᠢᠯᠡ ᠨᠡᠶᠢᠳᠡᠯᠡᠭᠦ | ᠠᠯᠬᠤᠮ ᠳᠠᠷᠠᠭ᠎ᠠ ᠄ | 1᠂ ︽ᠳᠦᠷᠢᠮ︾ ᠳᠤ ᠰᠠᠨᠠᠭᠠᠴᠢᠯᠠᠭ᠎ᠠ ᠠᠴᠠ ᠪᠠᠨ ᠢᠯᠡ ᠨᠡᠶᠢᠳᠡᠯᠡᠭᠦ ᠪᠠᠷ ᠳᠤᠭᠳᠠᠭᠠᠬᠰᠠᠨ ᠡᠰᠡᠭᠦ ᠶᠢ | ᠦᠵᠠᠨ᠎ᠠ᠃ ᠰᠠᠨᠠᠭᠠᠴᠢᠯᠠᠭ᠎ᠠ ᠠᠴᠠ ᠪᠠᠨ ᠢᠯᠡ ᠨᠡᠶᠢᠳᠡᠯᠡᠭᠦ ᠭᠦᠷᠢᠶ᠎ᠠ ᠭᠡᠪᠴᠢᠶᠠᠨ ᠳᠠᠬᠢ ᠵᠠᠰᠠᠭ ᠤᠨ ᠤᠷᠳᠤᠨ ᠤ | ᠰᠤᠷᠠᠭ ᠵᠠᠩᠭᠢ ᠪᠢᠰᠢ ᠪᠣᠯ ᠢᠯᠡ ᠨᠡᠶᠢᠳᠡᠯᠡᠵᠤ ᠪᠤᠯᠬᠤ ᠦᠭᠡᠢ ︔ | 2᠂ ᠰᠠᠨᠠᠭᠠᠴᠢᠯᠠᠭ᠎ᠠ ᠠᠴᠠ ᠪᠠᠨ ᠢᠯᠡ ᠨᠡᠶᠢᠳᠡᠯᠡᠭᠦ ᠵᠠᠰᠠᠭ ᠤᠨ ᠤᠷᠳᠤᠨ ᠤ ᠰᠤᠷᠠᠭ ᠵᠠᠩᠭᠢ ᠶᠢᠨ ᠭᠦᠷᠢᠶ᠎ᠠ | ᠭᠡᠪᠴᠢᠶ᠎ᠠ ᠶᠢ ᠨᠢᠭᠤᠴᠠ ᠶᠢ ᠬᠠᠮᠠᠭᠠᠯᠠᠬᠤ ᠪᠠᠶᠢᠭᠤᠯᠤᠮᠵᠢ ᠶᠢᠨ ᠨᠢᠭᠤᠴᠠ ᠶᠢ ᠬᠠᠮᠠᠭᠠᠯᠠᠬᠤ ᠪᠠᠶᠢᠴᠠᠭᠠᠯᠳᠠ ᠪᠠᠷ | ᠳᠠᠮᠵᠢᠵᠤ ᠨᠢᠭᠤᠴᠠ ᠶᠢ ᠬᠠᠮᠠᠭᠠᠯᠠᠬᠤ ᠲᠠᠢ ᠬᠤᠯᠪᠤᠬᠳᠠᠬᠤ ᠵᠠᠰᠠᠭ ᠤᠨ ᠤᠷᠳᠤᠨ ᠤ ᠰᠤᠷᠠᠭ ᠵᠠᠩᠭᠢ ᠶᠢ ᠢᠯᠡ | ᠨᠡᠶᠢᠳᠡᠯᠠᠵᠤ ᠪᠤᠯᠬᠤ ᠦᠭᠡᠢ︔ | 3᠂ ᠨᠢᠭᠤᠴᠠ ᠶᠢ ᠬᠠᠮᠠᠭᠠᠯᠠᠬᠤ ᠭᠦᠷᠢᠶ᠎ᠠ ᠭᠡᠪᠴᠢᠶᠠᠨ ᠳᠤ ᠪᠠᠭᠳᠠᠬᠤ ᠦᠭᠡᠢ ᠰᠤᠷᠠᠭ ᠵᠠᠩᠭᠢ ᠶᠢ | ᠭᠤᠷᠪᠠᠳᠤᠭᠠᠷ ᠡᠳᠡᠭᠡᠳ ᠤᠨ ᠵᠦᠪᠰᠢᠶᠠᠷᠠᠯ ᠢ ᠠᠪᠬᠤ ᠴᠢᠬᠤᠯᠠ ᠲᠠᠢ ᠡᠰᠡᠭᠦ ᠶᠢ ᠳᠤᠭᠳᠠᠭᠠᠵᠤ᠂ ᠭᠤᠷᠪᠠᠳᠤᠭᠠᠷ | ᠡᠳᠡᠭᠡᠳ ᠤᠨ ᠰᠠᠨᠠᠯ ᠢ ᠬᠤᠷᠢᠶᠠᠬᠤ ᠴᠢᠬᠤᠯᠠ ᠲᠠᠢ ᠪᠣᠯ ᠭᠤᠷᠪᠠᠳᠤᠭᠠᠷ ᠡᠳᠡᠭᠡᠳ ᠤᠨ ᠰᠠᠨᠠᠯ ᠢ ᠬᠤᠷᠢᠶᠠᠬᠰᠠᠨ ᠤ | ᠳᠠᠷᠠᠭ᠎ᠠ ᠭᠤᠷᠪᠠᠳᠤᠭᠠᠷ ᠡᠳᠡᠭᠡᠳ ᠢᠯᠡ ᠨᠡᠶᠢᠳᠡᠯᠡᠭᠦ ᠶᠢ ᠵᠦᠪᠰᠢᠶᠡᠷᠡᠭᠦ ᠦᠭᠡᠢ ᠪᠣᠯ ᠢᠯᠡ ᠨᠠᠶᠢᠳᠠᠯᠠᠵᠤ ᠪᠤᠯᠬᠤ | ᠦᠭᠡᠢ︔ | 4᠂ ᠢᠯᠡ ᠨᠡᠶᠢᠳᠡᠯᠡᠭᠦ ᠶᠢ ᠵᠦᠪᠰᠢᠶᠡᠷᠡᠭᠰᠠᠨ ᠪᠣᠯ ᠪᠤᠰᠤᠳ ᠰᠠᠯᠠᠭ᠎ᠠ ᠮᠦᠴᠢᠷ ᠲᠠᠢ ᠵᠤᠭᠢᠴᠠᠯᠳᠤᠬᠤ | ᠴᠢᠬᠤᠯᠠ ᠲᠠᠢ ᠡᠰᠡᠭᠦ ᠶᠢ ᠳᠤᠳᠤᠯᠵᠤ᠂ ᠵᠤᠭᠢᠴᠠᠯᠳᠤᠬᠤ ᠴᠢᠬᠤᠯᠠ ᠲᠠᠢ ᠪᠣᠯ ᠵᠤᠭᠢᠴᠠᠯᠳᠤᠬᠰᠠᠨ ᠤ ᠳᠠᠷᠠᠭ᠎ᠠ ᠢᠯᠡ | ᠨᠡᠶᠢᠳᠡᠯᠡᠵᠤ ᠪᠤᠯᠤᠨ᠎ᠠ ᠭᠡᠵᠤ ᠳᠤᠭᠳᠠᠭᠠᠬᠰᠠᠨ ᠪᠣᠯ ᠢᠯᠡ ᠨᠡᠶᠢᠳᠡᠯᠡᠭᠦ ᠪᠠᠶᠢᠭᠤᠯᠤᠮᠵᠢ ᠠᠴᠠ ᠵᠤᠭᠢᠰ ᠲᠠᠢ ᠠᠷᠭ᠎ᠠ ᠪᠠᠷ | ᠢᠯᠡ ᠨᠠᠶᠢᠳᠡᠯᠡᠨ᠎ᠠ᠃ | ᠠᠷᠪᠠᠨ ᠬᠤᠶᠠᠳᠤᠭᠠᠷ ᠵᠤᠷᠪᠤᠰ ᠰᠠᠨᠠᠭᠠᠴᠢᠯᠠᠭ᠎ᠠ ᠠᠴᠠ ᠪᠠᠨ ᠢᠯᠡ ᠨᠠᠶᠢᠳᠡᠯᠡᠭᠦ ᠭᠦᠷᠢᠶ᠎ᠠ ᠭᠡᠪᠴᠢᠶᠠᠨ | ᠳᠠᠬᠢ ᠵᠠᠰᠠᠭ ᠤᠨ ᠤᠷᠳᠤᠨ ᠤ ᠰᠤᠷᠠᠭ ᠵᠠᠩᠭᠢ ᠶᠢ ᠳᠤᠰ ᠵᠠᠰᠠᠭ ᠤᠨ ᠤᠷᠳᠤᠨ ᠤ ᠰᠤᠷᠠᠭ ᠵᠠᠩᠭᠢ ᠪᠤᠢ | ᠪᠤᠯᠤᠭᠰᠠᠨ ᠪᠤᠶᠤ ᠬᠤᠪᠢᠷᠠᠯᠳᠠ ᠭᠠᠷᠤᠬᠰᠠᠨ ᠡᠳᠤᠷ ᠠᠴᠠ ᠨᠢ ᠡᠭᠢᠯᠠᠨ 20 ᠠᠵᠢᠯ ᠤᠨ ᠡᠳᠤᠷ ᠤᠨ ᠳᠤᠳᠤᠷ᠎ᠠ | ᠢᠯᠡ ᠨᠡᠶᠢᠳᠡᠯᠡᠨ᠎ᠠ᠃ ᠬᠠᠤᠯᠢ ᠴᠠᠭᠠᠵᠠ᠂ ᠬᠠᠤᠯᠢ ᠳᠦᠷᠢᠮ ᠳᠤ ᠵᠠᠰᠠᠭ ᠤᠨ ᠤᠷᠳᠤᠨ ᠤ ᠰᠤᠷᠠᠭ ᠵᠠᠩᠭᠢ ᠶᠢ ᠢᠯᠡ | ᠨᠠᠶᠢᠳᠡᠯᠡᠭᠦ ᠬᠤᠭᠤᠴᠠᠭ᠎ᠠ ᠶᠢ ᠠᠰᠳᠠᠭᠠᠨ ᠳᠤᠭᠳᠠᠭᠠᠬᠰᠠᠨ ᠪᠣᠯ ᠳᠡᠭᠦᠨ ᠤ ᠶᠤᠰᠤᠭᠠᠷ ᠭᠡᠷᠡᠭᠵᠢᠭᠦᠯᠤᠨ᠎ᠠ᠃ | ᠠᠷᠪᠠᠨ ᠭᠤᠷᠪᠠᠳᠤᠭᠠᠷ ᠵᠤᠷᠪᠤᠰ ᠵᠠᠰᠠᠭ ᠤᠨ ᠤᠷᠳᠤᠨ ᠤ ᠰᠤᠷᠠᠭ ᠵᠠᠩᠭᠢ ᠪᠠ ᠤᠴᠢᠷ ᠶᠠᠪᠤᠳᠠᠯ | ᠭᠦᠢᠴᠡᠳᠭᠡᠭᠦ ᠰᠤᠷᠠᠭ ᠵᠠᠩᠭᠢ ᠶᠢ ᠢᠯᠡ ᠨᠠᠶᠢᠳᠡᠯᠡᠭᠦ ᠳᠤ ᠳᠤᠤᠷᠠᠭᠢ ᠵᠠᠰᠠᠭ ᠵᠠᠭᠢᠷᠭᠠᠨ ᠤ ᠡᠷᠭᠡ ᠮᠠᠳᠠᠯ ᠪᠤᠯᠤᠨ | ᠭᠦᠢᠴᠡᠳᠭᠡᠭᠦ ᠤᠴᠢᠷ ᠶᠠᠪᠤᠳᠠᠯ ᠤᠨ ᠢᠶᠠᠨ ᠤᠠᠴᠠᠯᠢᠭ ᠲᠤ ᠳᠤᠭᠢᠷᠠᠬᠰᠠᠨ ᠨᠢᠭᠡ ᠪᠤᠶᠤ ᠭᠡᠳᠤᠨ ᠵᠦᠢᠯ ᠤᠨ ᠡᠰᠡᠪᠡᠯ | ᠭᠡᠳᠤᠨ ᠶᠠᠩᠵᠤ ᠶᠢᠨ ᠭᠡᠯᠪᠡᠷᠢ ᠪᠠᠷ ᠢᠯᠡ ᠨᠠᠶᠢᠳᠡᠯᠠᠨ᠎ᠠ ᠄ | 1᠂ ᠰᠦᠯᠵᠢᠶ᠎ᠠ᠂ ᠰᠤᠨᠢᠨ ᠰᠠᠳᠭᠦᠯ᠂ ᠷᠠᠳᠢᠤ᠋᠂ ᠲᠧᠯᠸᠢᠰ ᠵᠡᠷᠭᠡ ᠰᠤᠨᠢᠨ ᠮᠡᠳᠡᠭᠡᠨ ᠤ ᠵᠠᠭᠤᠴᠢᠯᠠᠭᠤᠷ︔ | | 2᠂ ᠤᠯᠠᠨ ᠨᠡᠶᠢᠳᠡ ᠶᠢᠨ ᠮᠠᠲ᠋ᠧᠷᠢᠶᠠᠯ ᠤᠩᠰᠢᠬᠤ ᠭᠡᠷ᠂ ᠮᠠᠲ᠋ᠧᠷᠢᠶᠠᠯ ᠠᠪᠬᠤ ᠭᠠᠵᠠᠷ᠂ ᠳᠠᠩᠰᠠ | ᠡᠪᠭᠡᠮᠠᠯ ᠤᠨ ᠭᠡᠷ᠂ ᠤᠯᠠᠨ ᠨᠡᠶᠢᠳᠡ ᠶᠢᠨ ᠨᠤᠮ ᠤᠨ ᠰᠠᠩ᠂ ᠵᠠᠰᠠᠭ ᠤᠨ ᠤᠷᠳᠤᠨ ᠤ ᠰᠤᠷᠠᠭ ᠵᠠᠩᠭᠢ ᠨᠡᠶᠢᠳᠡᠯᠡᠭᠦ | ᠭᠠᠵᠠᠷ᠂ ᠡᠯᠧᠺᠲᠷᠣᠨ ᠳᠡᠯᠭᠡᠴᠡ᠂ ᠡᠯᠧᠺᠲᠷᠣᠨ ᠭᠦᠷᠦᠯᠴᠡᠭᠦᠷ ᠳᠡᠯᠭᠡᠴᠡ ᠵᠡᠷᠭᠡ ᠳᠠᠯᠠᠪᠤᠷ ᠪᠤᠶᠤ ᠪᠡᠯᠡᠳᠭᠡᠯ | ᠳᠦᠭᠦᠭᠡᠷᠤᠮᠵᠢ︔ | 3᠂ ᠰᠤᠨᠢᠨ ᠮᠡᠳᠡᠭᠡ ᠨᠠᠶᠢᠳᠡᠯᠡᠭᠦ ᠬᠤᠷᠠᠯ᠄ | 4᠂ ᠠᠷᠠᠳ ᠨᠡᠶᠢᠳᠡ ᠶᠢᠨ ᠴᠠᠭ ᠳᠤᠬᠠᠢ ᠳᠤᠨᠢ ᠵᠦᠪ ᠤᠨᠤᠪᠴᠢᠳᠡᠢ ᠰᠤᠷᠠᠭ ᠵᠠᠩᠭᠢ ᠤᠯᠬᠤ ᠳᠤ ᠳᠦᠭᠦᠮ | ᠦᠵᠡᠭᠦᠯᠭᠦ ᠭᠡᠯᠪᠡᠷᠢ᠃ | ᠠᠷᠪᠠᠨ ᠳᠦᠷᠪᠡᠳᠤᠭᠡᠷ ᠵᠤᠷᠪᠤᠰ ᠢᠯᠡ ᠨᠡᠶᠢᠳᠡᠯᠡᠭᠦ ᠭᠦᠷᠢᠶ᠎ᠠ ᠭᠡᠪᠴᠢᠶ᠎ᠠ ᠨᠢ ᠵᠠᠰᠠᠭ ᠵᠠᠭᠢᠷᠭᠠᠨ ᠤ | ᠡᠷᠭᠡ ᠮᠡᠳᠡᠯ ᠪᠤᠯᠤᠨ ᠭᠦᠢᠴᠡᠳᠭᠡᠭᠦ ᠤᠴᠢᠷ ᠶᠠᠪᠤᠳᠠᠯ ᠤᠨ ᠭᠦᠷᠢᠶ᠎ᠠ ᠭᠡᠪᠴᠢᠶ᠎ᠠ ᠲᠠᠢ ᠨᠢᠭᠡᠳᠤᠯᠳᠡᠢ ᠪᠠᠶᠢᠬᠤ ᠭᠡᠷᠡᠭᠳᠡᠢ᠃ | ᠪᠠᠭ ᠤᠨ ᠬᠢᠨ ᠪᠤᠶᠤ ᠨᠢᠭᠡᠴᠡ ᠶᠢᠨ ᠠᠵᠢᠯᠳᠠᠨ ᠤ ᠮᠠᠳᠠᠪᠠᠯ ᠵᠤᠭᠢᠬᠤ ᠪᠠᠶᠢᠳᠠᠯ ᠢ ᠤᠳᠤᠷᠢᠳᠬᠤ ᠪᠠᠭ ᠪᠤᠶᠤ ᠨᠢᠭᠡᠴᠡ | ᠶᠢᠨ ᠳᠤᠳᠤᠷ᠎ᠠ ᠪᠠᠨ ᠢᠯᠡ ᠨᠡᠶᠢᠳᠠᠯᠡᠵᠤ︔ ᠭᠡᠰᠡᠭ ᠪᠦᠯᠦᠭ ᠭᠦᠮᠤᠰ ᠲᠤ ᠬᠤᠯᠪᠤᠬᠳᠠᠬᠤ ᠭᠡᠷᠡᠭ ᠤᠴᠢᠷ ᠢ ᠵᠤᠭᠢᠬᠤ | ᠭᠦᠷᠢᠶ᠎ᠠ ᠭᠡᠪᠴᠢᠶ᠎ᠠ ᠳᠤ ᠢᠯᠡ ᠨᠡᠶᠢᠳᠡᠯᠡᠭᠦ ᠪᠤᠶᠤ ᠳᠤᠬᠠᠢ ᠶᠢᠨ ᠭᠦᠮᠤᠨ ᠤ ᠡᠷᠡᠮᠡᠯᠵᠡᠯ ᠢ ᠦᠠᠳᠤᠰᠤᠯᠠᠨ ᠳᠤᠭᠳᠠᠭᠠᠯ | ᠶᠤᠰᠤᠭᠠᠷ ᠡᠮᠭᠢ ᠳᠠᠷᠠᠭ᠎ᠠ ᠲᠠᠢ ᠨᠡᠶᠢᠳᠡᠯᠡᠨ︔ ᠨᠡᠶᠢᠭᠡᠮ ᠢᠶᠠᠷ ᠢᠶᠠᠨ ᠮᠡᠳᠡᠭᠦ ᠤᠴᠢᠷ ᠢ ᠪᠣᠯ ᠪᠦᠭᠦ ᠨᠡᠶᠢᠭᠡᠮ ᠳᠤ ᠢᠯᠡ | ᠨᠠᠶᠢᠳᠠᠯᠡᠭᠦ ᠭᠡᠷᠡᠭᠳᠡᠢ᠃ | ᠠᠷᠪᠠᠨ ᠳᠠᠪᠤᠳᠤᠭᠠᠷ ᠵᠤᠷᠪᠤᠰ ᠡᠷᠭᠡᠳᠤ ᠠᠷᠠᠳ᠂ ᠬᠠᠤᠯᠢ ᠶᠢᠨ ᠡᠷᠭᠡᠳᠠᠨ ᠪᠤᠶᠤ ᠪᠤᠰᠤᠳ ᠵᠤᠭᠢᠶᠠᠨ | ᠪᠠᠶᠢᠭᠤᠯᠤᠯᠳᠠ ᠨᠢ ᠦᠪᠠᠷᠰᠡᠳ ᠤᠨ ᠢᠶᠠᠨ ᠦᠢᠯᠡᠳᠪᠤᠷᠢᠯᠠᠯ ᠠᠮᠢᠳᠤᠷᠠᠯ ᠭᠢᠭᠡᠳ ᠰᠢᠠᠵᠢᠯᠡᠭᠦ ᠤᠬᠠᠭᠠᠨ ᠤ | ᠰᠤᠳᠤᠯᠭᠠᠨ ᠤ ᠭᠡᠷᠡᠭᠴᠡᠭᠡ ᠠᠴᠠ ᠪᠤᠯᠵᠤ ᠰᠠᠨᠠᠭᠠᠴᠢᠯᠠᠭ᠎ᠠ ᠠᠴᠠ ᠪᠠᠨ ᠢᠯᠡ ᠨᠡᠶᠢᠳᠡᠯᠡᠭᠦ ᠭᠦᠷᠢᠶ᠎ᠠ ᠭᠡᠪᠴᠢᠶᠠᠨ ᠳᠤ | ᠤᠷᠤᠭᠠᠳᠤᠢ ᠵᠠᠰᠠᠭ ᠤᠨ ᠤᠷᠳᠤᠨ ᠤ ᠪᠤᠰᠤᠳ ᠰᠤᠷᠠᠭ ᠵᠠᠩᠭᠢ ᠶᠢ ᠤᠯᠬᠤ ᠪᠠᠷ ᠡᠷᠡᠮᠡᠯᠵᠠᠯᠡᠭᠦ ᠡᠷᠭᠡ ᠲᠠᠢ᠃ | ᠠᠷᠪᠠᠨ ᠵᠢᠷᠭᠤᠳᠤᠭᠠᠷ ᠵᠤᠷᠪᠤᠰ ᠵᠠᠰᠠᠭ ᠤᠨ ᠤᠷᠳᠤᠨ ᠤ ᠢᠯᠡ ᠨᠡᠶᠢᠳᠡᠯᠡᠭᠦ ᠪᠠᠷ ᠡᠷᠡᠮᠡᠯᠵᠡᠯᠡᠭᠰᠠᠨ | ᠰᠤᠷᠠᠭ ᠵᠠᠩᠭᠢ ᠶᠢ ᠭᠦᠢᠴᠡᠳᠭᠡᠭᠦ ᠳᠡᠭᠡᠨ ︽ᠭᠡᠨ ᠡᠮᠭᠢᠯᠠᠨ ᠪᠢᠴᠢᠭᠰᠡᠨ ᠪᠣᠯ ᠭᠡᠨ ᠬᠠᠷᠢᠭᠤᠴᠠᠨ ᠭᠡᠨ ᠬᠠᠳᠠᠭᠠᠯᠠᠵᠤ | ᠪᠠᠶᠢᠪᠠᠯ ᠭᠡᠨ ᠬᠠᠷᠢᠭᠤᠴᠠᠬᠤ ᠵᠠᠷᠴᠢᠮ︾ ᠢ ᠪᠠᠷᠢᠮᠳᠠᠯᠠᠬᠤ ᠭᠡᠷᠡᠭᠳᠡᠢ᠃ | ᠠᠷᠪᠠᠨ ᠳᠤᠯᠤᠳᠤᠭᠠᠷ ᠵᠤᠷᠪᠤᠰ ᠡᠯ᠎ᠡ ᠰᠠᠯᠠᠭ᠎ᠠ ᠮᠦᠴᠢᠷ ᠡᠯ᠎ᠡ ᠨᠢᠭᠡᠴᠡ ᠨᠢ ᠵᠠᠰᠠᠭ ᠤᠨ ᠤᠷᠳᠤᠨ ᠤ | ᠰᠤᠷᠠᠭ ᠵᠠᠩᠭᠢ ᠶᠢ ᠢᠯᠡ ᠨᠡᠶᠢᠳᠡᠯᠡᠭᠦ ᠡᠷᠡᠮᠡᠯᠵᠡᠯ ᠢ ᠴᠠᠭ ᠳᠤᠬᠠᠢ ᠳᠤᠨᠢ ᠰᠠᠶᠢᠳᠤᠷ ᠰᠢᠢᠳᠪᠤᠷᠢᠯᠡᠭᠰᠠᠨ ᠢ ᠨᠤᠳᠠᠯᠠᠬᠤ | ᠭᠡᠷᠡᠭᠳᠡᠢ᠃ | ᠠᠷᠪᠠᠨ ᠨᠠᠢᠮᠠᠳᠤᠭᠠᠷ ᠵᠤᠷᠪᠤᠰ ᠵᠠᠰᠠᠭ ᠵᠠᠭᠢᠷᠭᠠᠨ ᠤ ᠪᠠᠶᠢᠭᠤᠯᠭ᠎ᠠ᠂ ᠬᠠᠤᠯᠢ ᠴᠠᠭᠠᠵᠠ᠂ ᠬᠠᠤᠯᠢ | ᠳᠦᠷᠢᠮ ᠠᠴᠠ ᠡᠷᠭᠡ ᠮᠠᠳᠠᠯ ᠤᠯᠭᠤᠬᠰᠠᠨ ᠤᠯᠠᠨ ᠨᠠᠶᠢᠳᠡ ᠶᠢᠨ ᠭᠡᠷᠡᠭ ᠤᠴᠢᠷ ᠢ ᠬᠠᠮᠢᠶᠠᠷᠬᠤ ᠡᠭᠦᠷᠭᠡ | ᠳᠤᠰᠢᠶᠠᠯ ᠲᠠᠢ ᠵᠤᠭᠢᠶᠠᠨ ᠪᠠᠶᠢᠭᠤᠯᠤᠯᠳᠠ᠂ ᠰᠤᠷᠭᠠᠨ ᠭᠦᠮᠤᠵᠢᠯ᠂ ᠤᠷᠴᠢᠨ ᠳᠤᠭᠤᠷᠢᠨ᠂ ᠡᠮ ᠡᠮᠨᠡᠯᠭᠡ ᠡᠷᠡᠭᠦᠯ | ᠬᠠᠮᠠᠭᠠᠯᠠᠯ᠂ ᠳᠦᠯᠦᠪᠯᠡᠭᠡᠳᠤ ᠦᠷᠠᠵᠢᠯ᠂ ᠤᠰᠤ ᠴᠠᠭᠢᠯᠭᠠᠨ ᠭᠡᠢ ᠬᠠᠩᠭᠠᠬᠤ ᠨᠢᠭᠡᠴᠡ᠂ ᠤᠯᠠᠨ ᠨᠠᠶᠢᠳᠡ ᠶᠢᠨ ᠵᠠᠮ | ᠬᠠᠷᠢᠯᠴᠠᠭ᠎ᠠ ᠵᠡᠷᠭᠡ ᠤᠯᠠᠨ ᠳᠦᠮᠠᠨ ᠤ ᠠᠰᠢᠭ ᠳᠤᠰᠠ ᠲᠠᠢ ᠨᠢᠬᠳᠠ ᠬᠤᠯᠪᠤᠬᠳᠠᠬᠤ ᠤᠯᠠᠨ ᠨᠠᠶᠢᠳᠡ ᠶᠢᠨ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠡ ᠨᠢ ᠬᠠᠤᠯᠢ ᠶᠤᠰᠤᠭᠠᠷ᠂ ᠴᠠᠭ ᠳᠤᠬᠠᠢ ᠳᠤᠨᠢ᠂ ᠵᠦᠪ ᠤᠨᠤᠪᠴᠢᠳᠡᠢ᠂ | ᠠᠷᠠᠳ ᠲᠤ ᠳᠦᠭᠦᠮ ᠦᠵᠡᠭᠦᠯᠭᠦ ᠵᠠᠷᠴᠢᠮ ᠢᠶᠠᠷ ᠳᠤᠰ ᠳᠤᠰ ᠤᠨ ᠳᠤᠰᠢᠶᠠᠯ ᠬᠠᠷᠢᠭᠤᠴᠠᠯᠭ᠎ᠠ ᠶᠢᠨ | ᠭᠡᠪᠴᠢᠶᠠᠨ ᠳᠡᠭᠡᠨ ᠵᠠᠰᠠᠭ ᠤᠨ ᠤᠷᠳᠤᠨ ᠤ ᠰᠤᠷᠠᠭ ᠵᠠᠩᠭᠢ ᠶᠢ ᠢᠯᠡ ᠨᠠᠶᠢᠳᠡᠯᠡᠭᠦ ᠡᠷᠡᠮᠡᠯᠵᠠᠯ ᠢ ᠭᠦᠯᠢᠶᠠᠨ ᠠᠪᠴᠦ | ᠭᠢᠨᠠᠨ ᠪᠠᠶᠢᠴᠠᠭᠠᠵᠤ ᠰᠢᠢᠳᠪᠤᠷᠢᠯᠡᠨ᠂ ᠢᠯᠡ ᠨᠡᠶᠢᠳᠡᠯᠡᠭᠦ ᠪᠠᠷ ᠡᠷᠡᠮᠡᠯᠵᠡᠯᠡᠭᠰᠠᠨ ᠠᠭᠤᠯᠭ᠎ᠠ ᠨᠢ ᠬᠠᠤᠯᠢ ᠶᠤᠰᠤᠭᠠᠷ | ᠢᠯᠡ ᠨᠠᠶᠢᠳᠡᠯᠡᠭᠦ ᠭᠦᠷᠢᠶ᠎ᠠ ᠭᠡᠪᠴᠢᠶ᠎ᠠ ᠳᠤ ᠪᠠᠭᠳᠠᠵᠤ ᠪᠠᠶᠢᠪᠠᠯ ᠡᠷᠡᠮᠡᠯᠵᠡᠯᠡᠭᠰᠠᠳ ᠤᠨ ᠱᠠᠭᠠᠷᠳᠠᠯᠭ᠎ᠠ ᠪᠠᠷ | ᠳᠤᠬᠳᠠᠭᠰᠠᠨ ᠬᠤᠭᠤᠴᠠᠭᠠᠨ ᠳᠤ ᠬᠠᠷᠢᠭᠤᠯᠳᠠ ᠦᠭᠭᠦ ᠪᠤᠶᠤ ᠭᠡᠷᠡᠭᠴᠡᠭᠡ ᠲᠠᠢ ᠰᠤᠷᠠᠭ ᠵᠠᠩᠭᠢ ᠶᠢ ᠨᠢ ᠬᠠᠩᠭᠠᠬᠤ | ᠭᠡᠷᠡᠭᠳᠡᠢ᠃ | ᠡᠷᠡᠮᠡᠯᠵᠡᠯᠡᠭᠴᠢ ᠶᠢᠨ ᠡᠷᠡᠮᠡᠯᠵᠡᠯᠡᠭᠰᠠᠨ ᠵᠠᠰᠠᠭ ᠤᠨ ᠤᠷᠳᠤᠨ ᠤ ᠰᠤᠷᠠᠭ ᠵᠠᠩᠭᠢ ᠨᠢ ᠤᠯᠤᠰ ᠤᠨ | ᠨᠢᠭᠤᠴᠠ᠂ ᠬᠤᠳᠠᠯᠳᠤᠭᠠᠨ ᠤ ᠨᠢᠭᠤᠴᠠ ᠪᠠ ᠬᠤᠪᠢ ᠭᠦᠮᠤᠨ ᠤ ᠨᠢᠭᠤᠴᠠ ᠲᠠᠢ ᠬᠤᠯᠪᠤᠬᠳᠠᠬᠤ ᠪᠤᠶᠤ ᠢᠯᠡ | ᠨᠠᠶᠢᠳᠡᠯᠡᠭᠰᠠᠨ ᠤ ᠳᠠᠷᠠᠭ᠎ᠠ ᠤᠯᠤᠰ ᠤᠨ ᠠᠮᠤᠷ ᠳᠦᠪᠰᠢᠨ᠂ ᠤᠯᠠᠨ ᠨᠠᠶᠢᠳᠡ ᠶᠢᠨ ᠠᠮᠤᠷ ᠳᠦᠪᠰᠢᠨ᠂ ᠠᠵᠤ | ᠠᠬᠤᠢ ᠶᠢᠨ ᠠᠮᠤᠷ ᠳᠦᠪᠰᠢᠨ ᠭᠢᠭᠡᠳ ᠨᠡᠶᠢᠭᠡᠮ ᠤᠨ ᠠᠮᠤᠷ ᠳᠤᠭᠳᠠᠭᠤᠨ ᠳᠤ ᠰᠦᠷᠳᠡᠭᠦᠯᠦᠯ ᠪᠤᠯᠬᠤ ᠳᠤ ᠭᠦᠷᠪᠡᠯ | ︽ᠳᠤᠭᠳᠠᠭᠠᠯ︾ ᠶᠤᠰᠤᠭᠠᠷ ᠵᠠᠰᠠᠭ ᠤᠨ ᠤᠷᠳᠤᠨ ᠤ ᠰᠤᠷᠠᠭ ᠵᠠᠩᠭᠢ ᠬᠠᠩᠭᠠᠬᠤ ᠦᠭᠡᠢ ᠮᠦᠷᠳᠡᠭᠡᠨ | ᠡᠷᠡᠮᠡᠯᠵᠡᠯᠡᠭᠴᠢ ᠳᠤ ᠢᠯᠡ ᠨᠠᠶᠢᠳᠡᠯᠡᠭᠦ ᠵᠠᠰᠠᠭ ᠤᠨ ᠤᠷᠳᠤᠨ ᠤ ᠰᠤᠷᠠᠭ ᠵᠠᠩᠭᠢ ᠳᠤ ᠪᠠᠭᠳᠠᠬᠤ ᠦᠭᠡᠢ ᠭᠡᠵᠤ | ᠮᠡᠳᠡᠭᠳᠡᠭᠦ ᠭᠡᠷᠡᠭᠳᠡᠢ᠃ | ᠠᠷᠪᠠ ᠵᠢᠰᠤᠳᠤᠭᠡᠷ ᠵᠤᠷᠪᠤᠰ ᠡᠷᠡᠮᠡᠯᠵᠡᠯᠡᠭᠴᠢ ᠶᠢᠨ ᠵᠠᠰᠠᠭ ᠤᠨ ᠤᠷᠳᠤᠨ ᠤ ᠰᠤᠷᠠᠭ ᠵᠠᠩᠭᠢ ᠶᠢ | ᠭᠦᠢᠴᠡᠳᠭᠡᠭᠦ ᠳᠠᠰ ᠳᠠᠷᠠᠭ᠎ᠠ᠄ | 1᠂ ᠡᠷᠡᠮᠡᠯᠵᠡᠯᠡᠭᠴᠢ ᠪᠤᠶᠤ ᠭᠦᠯᠢᠶᠠᠨ ᠠᠪᠴᠦ ᠰᠢᠢᠳᠪᠤᠷᠢᠯᠡᠭᠦ ᠨᠢᠭᠡᠴᠡ ︽ᠵᠠᠰᠠᠭ ᠤᠨ ᠤᠷᠳᠤᠨ ᠤ ᠰᠤᠷᠠᠭ | ᠵᠠᠩᠭᠢ ᠶᠢ ᠢᠯᠡ ᠨᠠᠶᠢᠳᠡᠯᠡᠭᠦ ᠭᠦᠰᠦᠨᠦᠭᠳᠤ︾ ᠶᠢ ᠳᠠᠬᠯᠠᠬᠤ ᠳᠠᠭᠠᠨ ᠭᠦᠴᠦᠨ ᠲᠠᠢ ᠪᠠᠶ᠎ᠠ ᠶᠢᠨ ᠦᠨᠠᠮᠯᠠᠯ ᠪᠤᠯᠤᠨ | ᠭᠦᠰᠦᠨᠦᠭᠳᠤ ᠪᠠᠨ ᠭᠦᠯᠢᠶᠠᠨ ᠠᠪᠴᠦ ᠰᠢᠢᠳᠪᠤᠷᠢᠯᠡᠭᠦ ᠪᠠᠶᠢᠭᠤᠯᠦᠮᠵᠢ ᠳᠤ ᠳᠤᠰᠢᠶᠠᠬᠤ ᠭᠡᠷᠡᠭᠳᠡᠢ᠃ | 2᠂ ᠭᠦᠯᠢᠶᠠᠨ ᠠᠪᠴᠦ ᠰᠢᠢᠳᠪᠤᠷᠢᠯᠡᠭᠦ ᠪᠠᠶᠢᠭᠤᠯᠤᠮᠵᠢ ᠨᠢ ᠡᠷᠡᠮᠠᠯᠵᠠᠯ ᠢ ᠪᠠᠶᠢᠴᠠᠭᠠᠵᠤ᠂ ᠳᠤᠰ ᠪᠠᠶᠢᠭᠤᠯᠭ᠎ᠠ | ᠶᠢᠨ ᠢᠯᠡ ᠨᠠᠶᠢᠳᠡᠯᠡᠭᠦ ᠭᠡᠪᠴᠢᠶᠠᠨ ᠳᠤ ᠪᠠᠭᠳᠠᠬᠤ ᠦᠭᠡᠢ ᠪᠤᠶᠤ ᠪᠦᠭᠦ᠋ᠢᠯᠡ ᠢᠯᠡ ᠨᠠᠶᠢᠳᠡᠯᠡᠭᠦ ᠭᠦᠷᠢᠶ᠎ᠠ ᠭᠡᠪᠴᠢᠶᠠᠨ | ᠳᠤ ᠪᠠᠭᠳᠠᠬᠤ ᠦᠭᠡᠢ ᠡᠰᠡᠭᠦᠯ᠎ᠠ ᠢᠯᠡ ᠨᠡᠶᠢᠳᠡᠯᠡᠭᠦᠯᠭᠦ ᠪᠠᠷ ᠡᠷᠡᠮᠠᠯᠵᠡᠯᠡᠭᠰᠠᠨ ᠵᠠᠰᠠᠭ ᠤᠨ ᠤᠷᠳᠤᠨ ᠤ ᠰᠤᠷᠠᠭ | ᠵᠠᠩᠭᠢ ᠨᠢ ᠪᠠᠶᠢᠬᠤ ᠦᠭᠡᠢ ᠵᠡᠷᠭᠡ ᠪᠠᠶᠢᠳᠠᠯ ᠤᠨ ᠳᠤᠤᠷ᠎ᠠ ᠳᠤᠰ ᠳᠤᠰ ᠲᠤᠨᠢ ᠭᠦᠯᠢᠶᠠᠨ ᠠᠪᠬᠤ ᠦᠭᠡᠢ ᠭᠡᠭᠦ | ᠰᠢᠢᠳᠪᠤᠷᠢ ᠭᠠᠷᠭᠠᠬᠤ ᠭᠡᠷᠡᠭᠳᠡᠢ᠃ ᠳᠤᠰ ᠪᠠᠶᠢᠭᠤᠯᠭ᠎ᠠ ᠶᠢᠨ ᠢᠯᠡ ᠨᠠᠶᠢᠳᠡᠯᠡᠪᠠᠯ ᠵᠤᠭᠢᠬᠤ ᠵᠠᠰᠠᠭ ᠤᠨ ᠤᠷᠳᠤᠨ ᠤ | ᠰᠤᠷᠠᠭ ᠵᠠᠩᠭᠢ ᠶᠢᠨ ᠮᠠᠲ᠋ᠧᠷᠢᠶᠠᠯ ᠨᠢ ᠭᠦᠢᠴᠡᠳ ᠦᠭᠡᠢ ᠪᠣᠯ ᠮᠠᠲ᠋ᠧᠷᠢᠶᠠᠯ ᠢᠶᠠᠨ ᠪᠦᠷᠢᠳᠤᠭᠦᠯᠦᠭᠰᠠᠨ ᠤ ᠳᠠᠷᠠᠭ᠎ᠠ | ᠰᠠᠶ᠋ᠢ ᠭᠦᠯᠢᠶᠠᠨ ᠠᠪᠤᠨ᠎ᠠ᠃ ᠭᠦᠯᠢᠶᠠᠨ ᠠᠪᠴᠦ ᠰᠢᠢᠳᠪᠤᠷᠢᠯᠠᠭᠦ ᠨᠦᠭᠦᠴᠡᠯ ᠳᠤ ᠳᠤᠭᠢᠷᠠᠬᠰᠠᠨ ᠡᠷᠡᠮᠡᠯᠵᠠᠯ ᠢ | ᠬᠤᠪᠢᠳᠠᠨ ᠬᠠᠮᠢᠶᠠᠷᠴᠦ ᠪᠠᠶᠢᠭ᠎ᠠ ᠤᠳᠤᠷᠢᠳᠤᠯᠭ᠎ᠠ ᠳᠤ ᠮᠠᠳᠡᠭᠦᠯᠵᠤ ᠭᠢᠨᠠᠭᠤᠯᠤᠬᠰᠠᠨ ᠤ ᠰᠠᠭᠦᠯᠠᠷ ᠡᠷᠡᠮᠠᠯᠵᠡᠯᠡᠭᠴᠢ ᠳᠤ | ︽ᠭᠦᠯᠢᠶᠠᠨ ᠠᠪᠴᠦ ᠰᠢᠢᠳᠪᠤᠷᠢᠯᠠᠭᠦ ᠪᠢᠴᠢᠭ︾ ᠦᠭᠭᠦᠨ᠎ᠠ᠃ | 3᠂ ᠬᠦᠯᠢᠶᠡᠨ ᠠᠪᠴᠦ ᠰᠢᠢᠳᠪᠤᠷᠢᠯᠡᠬᠦ ᠪᠠᠶᠢᠭᠤᠯᠤᠮᠵᠢ ᠨᠢ ᠭᠤᠶᠤᠴᠢᠯᠠᠯ ᠳᠤ ᠪᠤᠳᠠᠳᠠᠢ ᠬᠢᠨᠠᠨ | ᠪᠠᠶᠢᠴᠠᠭᠠᠯᠳᠠ ᠬᠢᠬᠦ ᠬᠡᠷᠡᠭᠳᠡᠢ᠃ ᠢᠯᠡ ᠪᠤᠯᠭᠠᠬᠤ ᠶᠢ ᠱᠠᠭᠠᠷᠳᠠᠭᠰᠠᠨ ᠵᠠᠰᠠᠭ ᠤᠨ ᠤᠷᠳᠤᠨ ᠤ ᠰᠤᠷᠠᠭ ᠵᠠᠩᠬᠢ ᠨᠢ | ᠤᠯᠠᠨ ᠰᠠᠯᠠᠭ᠎ᠠ ᠮᠦᠴᠢᠷ ᠲᠤ ᠬᠤᠯᠪᠤᠭᠳᠠᠪᠠᠯ᠂ ᠬᠤᠪᠢᠳᠠᠨ ᠬᠠᠮᠢᠶᠡᠷᠴᠦ ᠪᠠᠶᠢᠭ᠎ᠠ ᠤᠳᠤᠷᠢᠳᠤᠯᠭ᠎ᠠ ᠵᠦᠪᠳᠡᠯᠴᠡᠬᠦ | ᠬᠤᠷᠡᠯ ᠬᠤᠷᠡᠯᠳᠤᠭᠤᠯᠵᠤ ᠂ ᠬᠤᠷᠡᠯ ᠲᠡᠭᠡᠷ᠎ᠡ ᠲᠤᠰᠢᠶᠠᠨ ᠰᠢᠢᠳᠪᠤᠷᠢᠯᠡᠨ᠎ᠡ᠃ ᠬᠤᠯᠪᠤᠭᠳᠠᠬᠤ ᠰᠠᠯᠠᠭ᠎ᠠ ᠮᠦᠴᠢᠷ ᠨᠢ | ᠲᠠᠩ ᠭᠠᠭᠴᠠ ᠪᠣᠯ ᠬᠤᠪᠢᠳᠠᠨ ᠬᠠᠮᠢᠶᠡᠷᠴᠦ ᠪᠠᠶᠢᠭ᠎ᠠ ᠤᠳᠤᠷᠢᠳᠤᠯᠭ᠎ᠠ ᠪᠠᠷ ᠵᠦᠪᠰᠢᠶᠡᠷᠡᠬᠦᠯᠵᠤ ᠰᠢᠭᠤᠳ | ᠰᠢᠢᠳᠪᠤᠷᠢᠯᠡᠨ᠎ᠠ᠃ | 4. ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠨᠢ ︽ᠭᠤᠶᠤᠴᠢᠯᠠᠯ ᠢ ᠦᠨᠳᠤᠰᠤᠯᠡᠵᠤ ᠢᠯᠠ ᠪᠤᠯᠭᠠᠬᠤ | ᠵᠠᠰᠠᠭ ᠤᠨ ᠤᠷᠳᠤᠨ ᠤ ᠰᠤᠷᠠᠭ ᠵᠠᠩᠬᠢ ᠶᠢ ᠰᠢᠢᠳᠪᠤᠷᠢᠯᠡᠬᠦ ᠬᠠᠭᠤᠳᠠᠰᠤ︾ ᠶᠢ ᠬᠤᠷᠢᠶᠠᠨ ᠤᠯᠤᠭᠰᠠᠨ ᠤ ᠲᠠᠷᠠᠭ᠎ᠠ᠂ | ᠲᠤᠭᠳᠠᠭᠰᠠᠨ ᠴᠠᠭ ᠤᠨ ᠲᠤᠳᠤᠷ᠎ᠠ ᠬᠠᠷᠢᠭᠤᠯᠳᠠ ᠦᠭᠬᠦ ᠱᠠᠭᠠᠷᠳᠠᠯᠭ᠎ᠠ ᠶᠤᠰᠤᠭᠠᠷ ᠪᠢᠴᠢᠭ ᠢᠶᠠᠷ ᠬᠠᠷᠢᠭᠤᠯᠬᠤ ᠰᠠᠨᠠᠯ | ᠢᠶᠠᠨ ᠲᠤᠷᠡᠳᠴᠦ᠂ ᠬᠤᠯᠪᠤᠭᠳᠠᠯ ᠪᠦᠬᠦᠢ ᠮᠠᠲ᠋ᠧᠷᠢᠶᠠᠯ ᠲᠠᠢ ᠬᠠᠮᠳᠤ ᠳᠤᠨᠢ ᠬᠦᠯᠢᠶᠡᠨ ᠠᠪᠴᠦ ᠰᠢᠢᠳᠪᠤᠷᠢᠯᠠᠬᠦ | ᠪᠠᠶᠢᠭᠤᠯᠤᠮᠵᠢ ᠳᠤ ᠮᠡᠳᠡᠬᠦᠯᠬᠦ ᠬᠡᠷᠡᠭᠳᠡᠢ᠃ | 5. ᠬᠦᠯᠢᠶᠡᠨ ᠠᠪᠴᠦ ᠰᠢᠢᠳᠪᠤᠷᠢᠯᠡᠬᠦ ᠪᠠᠶᠢᠭᠤᠯᠤᠮᠵᠢ ᠨᠢ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ | ︵ᠨᠢᠬᠡᠴᠡ︶ ᠤᠨ ᠲᠤᠰᠬᠠᠭᠰᠠᠨ ᠪᠢᠴᠢᠭ ᠤᠨ ᠬᠠᠷᠢᠭᠤᠯᠳᠠ ᠶᠢ ᠦᠨᠳᠤᠰᠤᠯᠡᠵᠤ ᠬᠠᠷᠢᠭᠤᠯᠳᠠ ᠦᠭᠬᠦ ᠪᠢᠴᠢᠭ ᠢᠶᠠᠨ | ᠨᠤᠤᠷᠠᠭᠯᠠᠬᠤ ᠶᠢᠨ ᠬᠠᠮᠳᠤ ᠬᠠᠤᠯᠢ ᠲᠤᠭᠳᠠᠭᠠᠯ ᠤᠨ ᠰᠠᠯᠠᠭ᠎ᠠ ᠮᠦᠴᠢᠷ ᠲᠤ ᠲᠤᠰᠢᠶᠠᠨ ᠬᠢᠨᠠᠨ ᠪᠠᠶᠢᠴᠠᠭᠠᠯᠭᠠᠵᠤ᠂ | ᠭᠠᠷ ᠤᠨ ᠦᠰᠤᠭ᠋ ᠵᠢᠷᠤᠭᠤᠯᠤᠨ᠎ᠠ᠃ | 6. ᠰᠠᠨᠠᠯ ᠬᠤᠷᠢᠶᠠᠭᠰᠠᠨ ᠤ ᠲᠠᠷᠠᠭᠠᠬᠢ ᠬᠠᠷᠢᠭᠤᠯᠳᠠ ᠶᠢᠨ ᠪᠢᠴᠢᠭ ᠢᠶᠠᠨ ᠬᠤᠰᠢᠭᠤᠨ ᠤ ᠬᠤᠯᠪᠤᠭᠳᠠᠯ | ᠪᠦᠬᠦᠢ ᠤᠳᠤᠷᠢᠳᠤᠯᠭ᠎ᠠ ᠳᠤ ᠲᠡᠪᠰᠢᠬᠦᠯᠤᠨ ᠬᠢᠨᠠᠨ ᠲᠤᠭᠳᠠᠭᠠᠯᠭᠠᠵᠤ᠂ ᠵᠢᠩᠬᠢᠨᠢ ᠪᠢᠴᠢᠭ ᠮᠠᠲ᠋ᠧᠷᠢᠶᠠᠯ ᠪᠤᠯᠭᠠᠭᠰᠠᠨ ᠤ | ᠲᠠᠷᠠᠭ᠎ᠠ ᠭᠤᠶᠤᠴᠢᠯᠠᠭᠰᠠᠨ ᠬᠦᠮᠤᠨ ᠳᠤ ᠬᠠᠷᠢᠭᠤᠯᠳᠠ ᠶᠢᠨ ᠪᠢᠴᠢᠭ ᠠᠪᠬᠤ ᠶᠢ ᠮᠡᠳᠡᠭᠳᠡᠨ᠎ᠡ᠃ | ᠬᠤᠷᠢᠳᠤᠭᠠᠷ ᠵᠤᠷᠪᠤᠰ ᠵᠠᠰᠠᠭ ᠵᠠᠬᠢᠷᠭ᠎ᠠ ᠶᠢᠨ ᠪᠠᠶᠢᠭᠤᠯᠭ᠎ᠠ ᠲᠤᠬᠠᠢ ᠶᠢᠨ ᠲᠠᠯᠠᠪᠤᠷ ᠲᠤ ᠬᠠᠷᠢᠭᠤᠯᠳᠠ | ᠦᠭᠴᠦ ᠲᠡᠶᠢᠯᠬᠦ᠋ᠢᠴᠡ ᠵᠠᠰᠠᠭ ᠤᠨ ᠤᠷᠳᠤᠨ ᠤ ᠰᠤᠷᠠᠭ ᠵᠠᠩᠬᠢ ᠶᠢ ᠡᠷᠭᠡᠪᠰᠢ ᠲᠤᠬᠠᠢ ᠶᠢᠨ ᠲᠠᠯᠠᠪᠤᠷ ᠲᠤᠨᠢ | ᠬᠠᠷᠢᠭᠤᠯᠳᠠ ᠦᠭᠬᠦᠨ᠎ᠡ᠃ ᠲᠤᠬᠠᠢ ᠶᠢᠨ ᠲᠠᠯᠠᠪᠤᠷ ᠲᠤᠨᠢ ᠬᠠᠷᠢᠭᠤᠯᠳᠠ ᠦᠭᠴᠦ ᠲᠡᠶᠢᠯᠬᠦ ᠦᠭᠡᠢ ᠶᠢ ᠨᠢ | ᠭᠤᠶᠤᠴᠢᠯᠠᠯ ᠢ ᠬᠦᠯᠢᠶᠡᠨ ᠠᠪᠤᠭᠰᠠᠨ ᠡᠳᠤᠷ ᠠᠴᠠ ᠡᠬᠢᠯᠠᠨ 15 ᠠᠵᠢᠯ ᠤᠨ ᠡᠳᠤᠷ ᠤᠨ ᠲᠤᠳᠤᠷ᠎ᠠ ᠬᠠᠷᠢᠭᠤᠯᠳᠠ | ᠦᠭᠬᠦ ᠬᠡᠷᠡᠭᠳᠡᠢ ︔ ᠬᠡᠷᠪᠡ ᠬᠠᠷᠢᠭᠤᠯᠳᠠ ᠦᠭᠬᠦ ᠴᠠᠭ ᠢ ᠤᠷᠳᠤᠰᠬᠠᠬᠤ ᠴᠢᠬᠤᠯᠠᠳᠠᠢ ᠪᠣᠯ ᠡᠷᠭᠡᠪᠰᠢ | ᠵᠠᠰᠠᠭ ᠤᠨ ᠤᠷᠳᠤᠨ ᠤ ᠰᠤᠷᠠᠭ ᠵᠠᠩᠬᠢ ᠶᠢ ᠢᠯᠡ ᠪᠤᠯᠭᠠᠬᠤ ᠠᠵᠢᠯ ᠤᠨ ᠪᠠᠶᠢᠭᠤᠯᠤᠮᠵᠢ ᠶᠢᠨ | ᠬᠠᠷᠢᠭᠤᠴᠠᠯᠬᠭᠠᠳᠠᠨ ᠢᠶᠠᠷ ᠵᠦᠪᠰᠢᠶᠡᠷᠡᠬᠦᠯᠬᠦ ᠶᠢᠨ ᠵᠡᠷᠭᠡᠪᠡᠷ ᠭᠤᠶᠤᠴᠢᠯᠠᠭᠴᠢ ᠳᠤ ᠮᠡᠳᠡᠭᠳᠡᠵᠤ᠂ ᠬᠠᠷᠢᠭᠤᠯᠳᠠ ᠦᠭᠬᠦ | ᠴᠠᠭ ᠤᠨ ᠬᠢᠵᠠᠭᠠᠷ ᠢ ᠬᠠᠮᠤᠭ ᠤᠷᠳᠤ ᠳᠠᠭᠠᠨ 15 ᠠᠵᠢᠯ ᠤᠨ ᠡᠳᠤᠷ ᠠᠴᠠ ᠬᠡᠳᠤᠷᠡᠬᠦᠯᠵᠤ ᠪᠤᠯᠬᠤ ᠦᠭᠡᠢ᠃ | | ᠬᠤᠷᠢᠨ ᠨᠢᠬᠡᠳᠤᠭᠡᠷ ᠵᠤᠷᠪᠤᠰ ᠬᠠᠮᠢᠶ᠎ᠠ ᠪᠦᠬᠦᠢ ᠰᠦᠢᠳᠬᠡᠯ ᠬᠤᠷᠢᠶᠠᠬᠤ ᠴᠢᠬᠤᠯᠠᠳᠠᠢ ᠪᠣᠯ | ᠰᠦᠢᠳᠬᠡᠯ ᠬᠤᠷᠢᠶᠠᠬᠤ ᠪᠠᠨ ᠭᠤᠶᠤᠴᠢᠯᠠᠭᠴᠢ ᠳᠤ ᠮᠡᠳᠡᠭᠳᠡᠬᠦ ᠶᠢᠨ ᠵᠡᠷᠬᠡᠪᠡᠷ ᠬᠤᠰᠢᠭᠤᠨ ᠤ ᠬᠦᠭᠵᠢᠬᠦᠯᠦᠯᠳᠡ | ᠦᠬᠡᠷᠡᠴᠢᠯᠡᠯᠳᠡ ᠶᠢᠨ ᠲᠤᠪᠴᠢᠶ᠎ᠠ᠂ ᠬᠤᠰᠢᠭᠤᠨ ᠤ ᠡᠳ᠋ ᠤᠨ ᠵᠠᠰᠠᠭ ᠤᠨ ᠲᠤᠪᠴᠢᠶ᠎ᠠ ᠶᠢᠨ ᠬᠠᠮᠳᠤ ᠪᠠᠷ | ᠵᠦᠪᠰᠢᠶᠡᠷᠡᠭᠰᠡᠨ ᠪᠠᠷᠢᠮᠵᠢᠶ᠎ᠠ ᠶᠤᠰᠤᠭᠠᠷ ᠡᠷᠢᠬᠦ᠂ ᠲᠠᠷᠤᠮᠠᠯᠯᠠᠬᠤ᠂ ᠭᠤᠶᠢᠪᠢᠭᠤᠯᠬᠤ ᠵᠡᠷᠬᠡ ᠵᠠᠷᠤᠳᠠᠯ ᠢ ᠬᠤᠷᠢᠶᠠᠨ᠎ᠠ᠃ | ᠭᠤᠶᠤᠴᠢᠯᠠᠭᠴᠢ ᠠᠵᠤ ᠠᠬᠤᠢ ᠶᠢᠨ ᠬᠦᠴᠢᠷᠳᠡᠯ ᠲᠠᠢ ᠪᠣᠯ ᠲᠤᠰ ᠬᠦᠮᠤᠨ ᠦᠪᠡᠰᠤᠪᠡᠨ ᠭᠤᠶᠤᠴᠢᠯᠠᠵᠤ᠂ ᠵᠠᠰᠠᠭ ᠤᠨ | ᠤᠷᠳᠤᠨ ᠤ ᠰᠤᠷᠠᠭ ᠴᠢᠮᠡᠭᠡ ᠶᠢ ᠢᠯᠡ ᠪᠤᠯᠭᠠᠬᠤ ᠠᠵᠢᠯ ᠤᠨ ᠪᠠᠶᠢᠭᠤᠯᠤᠮᠵᠢ ᠶᠢᠨ ᠭᠤᠤᠯ ᠬᠠᠷᠢᠭᠤᠴᠠᠯᠭᠠᠳᠠᠨ ᠬᠢᠨᠠᠨ | ᠵᠦᠪᠰᠢᠶᠡᠷᠡᠪᠡᠯ ᠬᠠᠮᠢᠶ᠎ᠠ ᠪᠦᠬᠦᠢ ᠵᠠᠷᠤᠳᠠᠯ ᠢ ᠵᠤᠬᠢᠰᠳᠡᠢ ᠪᠠᠷ ᠬᠡᠯᠳᠤᠷᠢᠬᠦᠯᠵᠤ ᠪᠤᠯᠤᠨ᠎ᠠ᠃ | ᠬᠤᠷᠢᠨ ᠬᠤᠶᠠᠳᠤᠭᠠᠷ ᠵᠤᠷᠪᠤᠰ ᠵᠠᠰᠠᠭ ᠤᠨ ᠤᠷᠳᠤᠨ ᠤ ᠰᠤᠷᠠᠭ ᠵᠠᠩᠬᠢ ᠶᠢ ᠢᠯᠡ ᠪᠤᠯᠭᠠᠬᠤ | ᠠᠵᠢᠯ ᠢ ᠭᠤᠤᠯᠯᠠᠨ ᠬᠠᠮᠢᠶᠡᠷᠬᠤ ᠰᠠᠯᠠᠭ᠎ᠠ ᠮᠦᠴᠢᠷ ᠨᠢ ᠵᠠᠰᠠᠭ ᠵᠠᠬᠢᠷᠭ᠎ᠠ ᠶᠢᠨ ᠪᠠᠶᠢᠭᠤᠯᠭ᠎ᠠ ᠶᠢᠨ ᠵᠠᠰᠠᠭ ᠤᠨ | ᠤᠷᠳᠤᠨ ᠤ ᠰᠤᠷᠠᠭ ᠵᠠᠩᠬᠢ ᠶᠢ ᠢᠯᠡ ᠪᠤᠯᠭᠠᠬᠤ ᠶᠢ ᠬᠡᠷᠡᠭᠵᠢᠬᠦᠯᠵᠤ ᠪᠠᠶᠢᠭ᠎ᠠ ᠪᠠᠶᠢᠳᠠᠯ ᠳᠤ ᠬᠢᠨᠠᠯᠳᠠ ᠲᠠᠯᠪᠢᠬᠤ ᠪᠠ | ᠬᠢᠨᠠᠨ ᠪᠠᠶᠢᠴᠠᠭᠠᠯᠳᠠ ᠪᠠᠨ ᠴᠢᠩᠭᠠᠳᠬᠠᠵᠤ᠂ ᠵᠠᠰᠠᠭ ᠤᠨ ᠤᠷᠳᠤᠨ ᠤ ᠰᠤᠷᠠᠭ ᠵᠠᠩᠬᠢ ᠶᠢ ᠢᠯᠡ ᠪᠤᠯᠭᠠᠬᠤ | ᠠᠵᠢᠯ ᠤᠨ ᠬᠢᠨᠠᠨ ᠰᠢᠯᠭᠠᠯᠳᠠ ᠶᠢᠨ ᠠᠷᠭ᠎ᠠ ᠶᠢ ᠲᠡᠬᠦᠯᠳᠡᠷᠵᠢᠬᠦᠯᠦᠨ᠂ ᠬᠢᠨᠠᠨ ᠰᠢᠯᠭᠠᠬᠤ ᠵᠠᠷᠴᠢᠮ᠂ ᠠᠭᠤᠯᠭ᠎ᠠ᠂ | ᠪᠠᠷᠢᠮᠵᠢᠶ᠎ᠠ᠂ ᠲᠡᠰ ᠲᠡᠷᠡᠭᠠᠯᠠᠯ ᠪᠤᠯᠤᠨ ᠠᠷᠭ᠎ᠠ ᠬᠡᠯᠪᠡᠷᠢ ᠶᠢ ᠲᠤᠳᠤᠷᠬᠠᠶᠢᠯᠠᠬᠤ ᠬᠡᠷᠡᠭᠳᠡᠢ᠃ ᠨᠡᠶᠢᠬᠡᠮ ᠤᠨ ᠬᠢᠨᠠᠨ | ᠦᠨᠡᠯᠡᠬᠦ ᠲᠦᠷᠢᠮ ᠲᠤᠭᠳᠠᠭᠠᠵᠤ᠂ ᠵᠠᠰᠠᠭ ᠤᠨ ᠤᠷᠳᠤᠨ ᠤ ᠰᠤᠷᠠᠭ ᠵᠠᠩᠬᠢ ᠶᠢ ᠢᠯᠡ ᠪᠤᠯᠭᠠᠬᠤ ᠠᠵᠢᠯ ᠢ | ᠨᠡᠶᠢᠬᠡᠮ ᠤᠨ ᠦᠨᠡᠯᠡᠯᠳᠡ ᠶᠢᠨ ᠵᠠᠰᠠᠭ ᠤᠨ ᠰᠤᠷᠳᠠᠯ ᠪᠤᠯᠤᠨ ᠠᠵᠢᠯᠯᠠᠭᠠᠨ ᠤ ᠰᠤᠷᠳᠠᠯ ᠤᠨ ᠬᠦᠷᠢᠶ᠎ᠡ | ᠬᠡᠪᠴᠢᠶᠡᠨ ᠳᠤ ᠤᠷᠤᠭᠤᠯᠬᠤ ᠶᠢᠨ ᠵᠡᠷᠭᠡᠪᠡᠷ ᠬᠢᠨᠠᠨ ᠦᠨᠡᠯᠡᠭᠰᠡᠨ ᠦᠷ᠎ᠡ ᠳ᠋ᠦ᠋ᠩ ᠢ ᠦᠨᠳᠤᠰᠤᠯᠡᠵᠤ ᠲᠦᠷᠢᠮ | ᠲᠤᠭᠳᠠᠭᠠᠯ ᠢᠶᠠᠨ ᠲᠡᠬᠦᠯᠳᠡᠷᠵᠢᠬᠦᠯᠦᠨ᠂ ᠠᠵᠢᠯ ᠢᠶᠠᠨ ᠬᠠᠯᠠᠨ ᠰᠠᠶᠢᠵᠢᠷᠠᠭᠤᠯᠬᠤ ᠬᠡᠷᠡᠭᠳᠡᠢ᠃ ᠬᠡᠷᠡᠭ ᠢ ᠬᠦᠯᠢᠶᠡᠨ | ᠠᠪᠴᠦ ᠰᠢᠢᠳᠪᠤᠷᠢᠯᠡᠬᠦ ᠪᠠ ᠢᠯᠡᠴᠢᠯᠡᠨ ᠮᠡᠳᠡᠬᠦᠯᠬᠦ ᠲᠦᠷᠢᠮ ᠲᠤᠭᠳᠠᠭᠠᠵᠤ᠂ ᠴᠠᠭ ᠲᠤᠬᠠᠢ ᠳᠤᠨᠢ ᠪᠠᠶᠢᠴᠠᠭᠠᠵᠤ᠂ | ᠵᠠᠰᠠᠭ ᠤᠨ ᠤᠷᠳᠤᠨ ᠤ ᠰᠤᠷᠠᠭ ᠵᠠᠩᠬᠢ ᠶᠢ ᠢᠯᠡ ᠪᠤᠯᠭᠠᠬᠤ ᠠᠵᠢᠯ ᠤᠨ ᠲᠤᠮᠳᠠᠬᠢ ︽ᠲᠦᠷᠢᠮ︾ ᠢ ᠵᠦᠷᠢᠴᠡᠬᠦ | ᠡᠯ᠎ᠡ ᠵᠦᠢᠯ ᠤᠨ ᠪᠠᠶᠢᠳᠠᠯ ᠢ ᠬᠠᠤᠯᠢ ᠶᠤᠰᠤᠭᠠᠷ ᠰᠢᠢᠳᠪᠤᠷᠢᠯᠡᠬᠦ ᠬᠡᠷᠡᠭᠳᠡᠢ᠃ | ᠬᠤᠷᠢᠨ ᠭᠤᠷᠪᠠᠳᠤᠭᠠᠷ ᠵᠤᠷᠪᠤᠰ ᠡᠯ᠎ᠡ ᠱᠠᠳᠤᠨ ᠤ ᠭᠤᠤᠯ ᠴᠤᠭᠴᠠ ᠨᠢ ᠲᠤᠰ ᠲᠦᠷᠢᠮ ᠢ | ᠵᠦᠷᠢᠴᠡᠵᠤ᠂ ᠵᠠᠰᠠᠭ ᠤᠨ ᠤᠷᠳᠤᠨ ᠤ ᠰᠤᠷᠠᠭ ᠵᠠᠩᠬᠢ ᠶᠢ ᠢᠯᠡ ᠪᠤᠯᠭᠠᠬᠤ ᠠᠵᠢᠯ ᠢ ᠬᠦᠢᠴᠡᠳᠬᠡᠬᠦ ᠦᠭᠡᠢ ᠪᠤᠶᠤ | ᠵᠦᠪ ᠤᠨᠤᠪᠴᠢᠳᠠᠢ ᠪᠠᠷ ᠬᠦᠢᠴᠡᠳᠬᠡᠬᠦ ᠦᠭᠡᠢ ᠪᠣᠯ ᠬᠢᠨᠠᠨ ᠪᠠᠶᠢᠴᠠᠭᠠᠬᠤ ᠪᠠᠶᠢᠭᠤᠯᠭ᠎ᠠ ᠬᠠᠤᠯᠢ ᠶᠤᠰᠤᠭᠠᠷ ᠵᠠᠰᠠᠭ | ᠵᠠᠬᠢᠷᠭᠠᠨ ᠤ ᠬᠠᠷᠢᠭᠤᠴᠠᠯᠭ᠎ᠠ ᠨᠡᠬᠡᠮᠵᠢᠯᠡᠨ᠎ᠡ᠃ | ᠬᠤᠷᠢᠨ ᠲᠦᠷᠪᠡᠳᠤᠭᠡᠷ ᠵᠤᠷᠪᠤᠰ ᠲᠤᠰ ᠲᠦᠷᠢᠮ ᠢ ᠨᠡᠶᠢᠳᠡᠯᠡᠭᠰᠡᠨ ᠡᠳᠤᠷ ᠠᠴᠠ ᠡᠬᠢᠯᠡᠨ | ᠬᠡᠷᠡᠭᠵᠢᠬᠦᠯᠦᠨ᠎ᠡ᠃ | | |