ᠬᠡᠰᠢᠭᠳᠡᠨ ᠬᠤᠰᠢᠭᠤᠨ ᠤ ᠵᠠᠰᠠᠭ ᠤᠨ ᠤᠷᠳᠤᠨ ᠤ ᠰᠤᠷᠠᠭ ᠴᠢᠮᠡᠭᠡ ᠶᠢ ᠢᠯᠡ ᠪᠤᠯᠭᠠᠬᠤ ᠵᠢᠯᠣᠭᠤᠳᠣᠮᠵᠢ
ᠨᠡᠶᠢᠲᠡᠯᠡᠭᠰᠡᠨ ᠴᠠᠭ᠄
2018/11/1
                           ︽ᠪᠦᠬᠦᠳᠡ ᠨᠠᠶᠢᠷᠠᠮᠳᠠᠬᠤ ᠲᠤᠮᠳᠠᠳᠤ ᠠᠷᠡᠳ ᠤᠯᠤᠰ ᠤᠨ ᠵᠠᠰᠠᠭ ᠤᠨ ᠤᠷᠳᠤᠨ ᠤ ᠰᠤᠷᠠᠭ ᠴᠢᠮᠡᠭᠡ ᠶᠢ ᠢᠯᠡ ᠪᠤᠯᠭᠠᠬᠤ ᠲᠦᠷᠢᠮ︾ ︵ᠲᠤᠤᠷ᠎ᠡ ︽ᠲᠦᠷᠢᠮ︾ ᠬᠡᠵᠤ ᠲᠦᠬᠦᠮᠴᠢᠯᠡᠪᠡ︶  ᠎ ᠢ ᠲᠤᠤᠱᠯᠠᠭᠤᠯᠵᠤ᠂ ᠡᠷᠬᠡᠳᠤ ᠠᠷᠡᠳ᠂ ᠬᠠᠤᠯᠢ ᠶᠢᠨ ᠡᠷᠬᠡᠳᠡᠨ ᠪᠤᠯᠤᠨ ᠪᠤᠰᠤᠳ ᠵᠤᠬᠢᠶᠠᠨ ᠪᠠᠶᠢᠭᠤᠯᠤᠯᠳᠠ ᠶᠢᠨ  ᠵᠠᠰᠠᠭ ᠤᠨ ᠤᠷᠳᠤᠨ ᠤ ᠰᠤᠷᠠᠭ ᠴᠢᠮᠡᠭᠡ ᠶᠢ ᠲᠦᠷᠬᠡᠨ ᠪᠦᠬᠡᠳ ᠲᠦᠬᠦᠮ ᠢᠶᠠᠷ ᠤᠯᠵᠤ ᠡᠵᠡᠮᠰᠢᠬᠦ ᠳᠤ ᠨᠡᠩ ᠬᠠᠪᠰᠤᠷᠤᠯᠭ᠎ᠠ ᠪᠤᠯᠭᠠᠬᠤ ᠶᠢᠨ ᠲᠤᠰᠠᠳᠠ ᠂ ︽ ᠬᠡᠰᠢᠭᠳᠡᠨ ᠬᠤᠰᠢᠭᠤᠨ ᠤ ᠵᠠᠰᠠᠭ ᠤᠨ ᠤᠷᠳᠤᠨ ᠤ ᠰᠤᠷᠠᠭ ᠴᠢᠮᠡᠭᠡ ᠶᠢ ᠢᠯᠡ ᠪᠤᠯᠭᠠᠬᠤ ᠵᠢᠯᠣᠭᠤᠳᠣᠮᠵᠢ︾ ︵ᠲᠤᠤᠷ᠎ᠡ ︽ᠵᠢᠯᠣᠭᠤᠳᠣᠮᠵᠢ︾ ᠬᠡᠵᠤ ᠲᠦᠬᠦᠮᠴᠢᠯᠡᠪᠡ︶᠎ ᠢ ᠤᠨᠴᠠᠭᠠᠶᠢᠯᠠᠨ ᠲᠣᠭᠳᠠᠭᠠᠪᠠ᠃ ︽ᠵᠢᠯᠣᠭᠤᠳᠣᠮᠵᠢ︾᠎ ᠢ ᠲᠤᠬᠢᠳᠠᠢ ᠴᠠᠭ ᠲᠤᠨᠢ ᠲᠤᠬᠢᠷᠠᠭᠤᠯᠵᠤ ᠰᠢᠨᠡᠳᠬᠡᠨ᠎ᠡ᠃ ᠬᠤᠰᠢᠭᠤᠨ ᠵᠠᠰᠠᠭ ᠤᠨ ᠤᠷᠳᠤᠨ ᠤ ᠰᠤᠷᠠᠭ ᠴᠢᠮᠡᠭᠡ ᠶᠢ ᠢᠯᠡ ᠪᠤᠯᠭᠠᠬᠤ ᠦᠢᠯᠡᠴᠢᠯᠡᠬᠡᠨ ᠢ ᠱᠠᠭᠠᠷᠳᠠᠵᠤ ᠪᠦᠬᠦᠢ ᠡᠷᠭᠡᠳᠤ ᠠᠷᠡᠳ᠂ ᠬᠠᠤᠯᠢ ᠶᠢᠨ ᠡᠷᠭᠡᠳᠡᠨ ᠪᠤᠯᠤᠨ ᠪᠤᠰᠤᠳ ᠵᠤᠬᠢᠶᠠᠨ ᠪᠠᠶᠢᠭᠤᠯᠤᠯᠳᠠ ᠳᠤ ︽ᠵᠢᠯᠣᠭᠤᠳᠣᠮᠵᠢ︾᠎ ᠢ ᠤᠩᠰᠢᠵᠤ ᠦᠢᠯᠡᠭᠠᠬᠤ ᠶᠢ ᠰᠠᠨᠠᠭᠤᠯᠵᠤ ᠪᠠᠶᠢᠨ᠎ᠠ᠃  ︽ᠵᠢᠯᠣᠭᠤᠳᠣᠮᠵᠢ︾᠎ ᠢ ᠵᠢᠯ ᠪᠦᠷᠢ ᠨᠢᠬᠡ ᠤᠳᠠᠭ᠎ᠠ ᠰᠢᠨᠡᠳᠬᠡᠨ᠎ᠡ᠂ ᠡᠬᠦᠨ ᠢ ᠬᠡᠰᠢᠭᠳᠡᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠡ ᠶᠢᠨ ᠰᠤᠷᠠᠭ ᠴᠢᠮᠡᠭᠡ ᠶᠢ ᠢᠯᠡ ᠪᠤᠯᠭᠠᠬᠤ ᠰᠣᠪᠠᠭ ᠠᠴᠠ ᠪᠠᠭᠤᠯᠭᠠᠨ ᠠᠪᠴᠦ ᠪᠤᠯᠤᠨ᠎ᠠ᠃            ᠨᠢᠬᠡ᠂ ᠰᠠᠨᠠᠭᠠᠴᠢᠯᠠᠭ᠎ᠠ ᠲᠠᠢ ᠪᠠᠷ ᠢᠯᠡ ᠪᠤᠯᠭᠠᠬᠤ            ︵ᠨᠢᠬᠡ︶ ᠢᠯᠡ ᠪᠤᠯᠭᠠᠬᠤ ᠬᠦᠷᠢᠶ᠎ᠡ ᠬᠡᠪᠴᠢᠶ᠎ᠡ ᠬᠤᠰᠢᠭᠤᠨ ᠵᠠᠰᠠᠭ ᠤᠨ ᠤᠷᠳᠤᠨ ᠤ ᠰᠤᠷᠠᠭ ᠴᠢᠮᠡᠭᠡ ᠶᠢ ᠢᠯᠡ ᠪᠤᠯᠭᠠᠬᠤ ᠨᠢ ᠬᠤᠰᠢᠭᠤᠨ ᠵᠠᠰᠠᠭ ᠤᠨ ᠤᠷᠳᠤᠨ ᠤ ᠲᠡᠰ ᠤᠨ ᠰᠤᠷᠠᠭ ᠴᠢᠮᠡᠭᠡ ᠪᠤᠯᠤᠨ ᠬᠤᠰᠢᠭᠤᠨ ᠵᠠᠰᠠᠭ ᠤᠨ ᠤᠷᠳᠤᠨ ᠤ ᠡᠯ᠎ᠡ ᠠᠵᠢᠯ ᠤᠨ ᠪᠠᠶᠢᠭᠤᠯᠤᠮᠵᠢ ᠶᠢᠨ ᠰᠤᠷᠠᠭ ᠴᠢᠮᠡᠭᠡ ᠶᠢ ᠢᠯᠡ ᠪᠤᠯᠭᠠᠬᠤ ᠶᠢ ᠪᠠᠭᠳᠠᠭᠠᠨ᠎ᠠ᠃ ᠬᠤᠰᠢᠭᠤ ᠵᠠᠰᠠᠭ ᠤᠨ ᠤᠷᠳᠤᠨ ᠤ ᠠᠯᠪᠠᠨ ᠭᠡᠷ ᠬᠠᠷᠢᠭᠤᠴᠠᠵᠤ᠂ ᠲᠣᠣᠷᠠᠬᠢ ᠮᠡᠳᠣ ᠵᠠᠰᠠᠭ ᠤᠨ ᠤᠷᠳᠤᠨ ᠤ ᠲᠡᠰ ᠲᠠᠪᠬᠤᠷᠭ᠎ᠠ ᠶᠢᠨ ᠭᠤᠤᠯ ᠰᠤᠷᠠᠭ ᠴᠢᠮᠡᠭᠡ ᠶᠢ ᠨᠡᠶᠢᠬᠡᠮ ᠳᠤ ᠰᠠᠨᠠᠭᠠᠴᠢᠯᠠᠭ᠎ᠠ ᠲᠠᠢ ᠪᠠᠷ ᠨᠡᠶᠢᠳᠡᠯᠡᠨ᠎ᠡ᠄            1. ᠬᠤᠰᠢᠭᠤᠨ ᠵᠠᠰᠠᠭ ᠤᠨ ᠤᠷᠳᠤᠨ ᠵᠢᠴᠢ ᠲᠡᠬᠦᠨ ᠤ ᠠᠵᠢᠯ ᠤᠨ ᠪᠠᠶᠢᠭᠤᠯᠤᠮᠵᠢ ᠶᠢᠨ ᠤᠳᠤᠷᠢᠳᠤᠯᠭ᠎ᠠ ᠎ ᠶᠢᠨ ᠨᠡᠷᠡᠰ            2. ᠬᠤᠰᠢᠭᠤᠨ ᠵᠠᠰᠠᠭ ᠤᠨ ᠤᠷᠳᠤᠨ ᠤ ᠠᠵᠢᠯ ᠤᠨ ᠪᠠᠶᠢᠭᠤᠯᠤᠮᠵᠢ ᠵᠢᠴᠢ ᠲᠡᠬᠦᠨ ᠤ ᠴᠢᠬᠤᠯᠠ ᠡᠬᠦᠷᠬᠡ ᠬᠠᠷᠢᠭᠤᠴᠠᠯᠭ᠎ᠠ            3. ᠬᠤᠰᠢᠭᠤᠨ ᠵᠠᠰᠠᠭ ᠤᠨ ᠤᠷᠳᠤᠨ ᠤ ᠠᠵᠢᠯ ᠤᠨ ᠲᠦᠷᠢᠮ ᠵᠢᠴᠢ ᠪᠤᠰᠤᠳ ᠲᠦᠷᠢᠮᠵᠢᠯ ᠤᠨ ᠴᠢᠨᠡᠷᠳᠡᠢ ᠪᠢᠴᠢᠭ ᠮᠠᠲ᠋ᠧᠷᠢᠶᠠᠯ              4. ᠬᠤᠰᠢᠭᠤᠨ ᠵᠠᠰᠠᠭ ᠤᠨ ᠤᠷᠳᠤᠨ ᠤ ᠭᠤᠤᠯᠳᠠᠯᠭ᠎ᠠ ᠲᠠᠢ ᠠᠵᠢᠯ        5. ᠬᠤᠰᠢᠭᠤ ᠵᠠᠰᠠᠭ ᠤᠨ ᠤᠷᠳᠤᠨ ᠤ ᠬᠤᠰᠢᠭᠤᠨ ᠤ ᠠᠷᠡᠳ ᠤᠨ ᠲᠦᠯᠦᠬᠡᠯᠡᠭᠴᠢᠳ ᠤᠨ ᠶᠡᠭᠡ ᠬᠤᠷᠡᠯ ᠵᠢᠴᠢ ᠲᠡᠬᠦᠨ ᠤ ᠪᠠᠶᠢᠩᠭᠤ ᠶᠢᠨ ᠬᠤᠷᠢᠶ᠎ᠠ ᠳᠤ ᠲᠤᠰᠢᠶᠠᠵᠤ ᠬᠢᠨᠠᠨ ᠵᠦᠪᠯᠡᠬᠦᠯᠦᠭᠰᠡᠨ ᠡᠯ᠎ᠡ ᠵᠦᠢᠯ ᠤᠨ ᠮᠡᠳᠡᠬᠦᠯᠦᠯᠳᠡ              6. ᠬᠤᠰᠢᠭᠤᠨ ᠵᠠᠰᠠᠭ ᠤᠨ ᠤᠷᠳᠤᠨ ᠤ ᠴᠢᠬᠤᠯᠠ ᠬᠤᠷᠡᠯ ᠤᠨ ᠭᠤᠤᠯ ᠠᠭᠤᠯᠭ᠎ᠠ              7. ᠲᠤᠰ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠲᠤᠬᠠᠢ ᠴᠢᠬᠤᠯᠠ ᠲᠤᠭ᠎ᠠ ᠪᠠᠷᠢᠮᠳᠠ              8. ᠬᠤᠰᠢᠭᠤᠨ ᠵᠠᠰᠠᠭ ᠤᠨ ᠤᠷᠳᠤᠨ ᠤ  ᠪᠤᠳᠠᠳᠠᠢ ᠲᠦᠷᠦᠯ ᠵᠦᠢᠯ᠂ ᠪᠤᠳᠠᠳᠠᠢ ᠰᠤᠷᠠᠭ ᠴᠢᠮᠡᠭᠡ ᠶᠢ ︽ᠬᠡᠰᠢᠭᠳᠡᠨ ᠬᠤᠰᠢᠭᠤᠨ ᠤ ᠵᠠᠰᠠᠭ ᠤᠨ ᠤᠷᠳᠤᠨ ᠤ ᠰᠤᠷᠠᠭ ᠴᠢᠮᠡᠭᠡ ᠶᠢ ᠢᠯᠡ ᠪᠤᠯᠭᠠᠬᠤ ᠭᠠᠷᠴᠠᠭ︾᠎ ᠠᠴᠠ ᠯᠠᠪᠯᠠᠵᠤ ᠪᠤᠯᠤᠨ᠎ᠠ              ︵ᠬᠤᠶᠡᠷ︶ ᠢᠯᠡ ᠪᠤᠯᠭᠠᠬᠤ ᠬᠡᠯᠪᠡᠷᠢ              1. ᠵᠠᠰᠠᠭ ᠤᠨ ᠤᠷᠳᠤᠨ ᠤ ᠰᠦᠯᠵᠢᠶ᠎ᠡ︔            2. ᠵᠠᠰᠠᠭ ᠤᠨ ᠤᠷᠳᠤᠨ ᠤ ᠠᠯᠪᠠᠨ ᠮᠡᠳᠡᠭᠡ ᠪᠤᠶᠤ ᠪᠤᠰᠤᠳ ᠢᠯᠡ ᠪᠠᠷ ᠲᠠᠷᠬᠠᠭᠠᠭᠰᠠᠨ ᠵᠠᠰᠠᠭ ᠤᠨ ᠤᠷᠳᠤᠨ ᠤ ᠰᠤᠷᠠᠭ ᠴᠢᠮᠡᠭᠡ ᠶᠢᠨ ᠲᠤᠰᠬᠠᠢ ᠰᠡᠳᠬᠦᠯ︔              3. ᠰᠤᠨᠢᠨ ᠰᠡᠳᠬᠦᠯ᠂ ᠷᠠᠳᠢᠤ᠋ ᠲᠧᠯᠸᠢᠰ᠂ ᠤᠳᠠᠰᠤᠳᠤ ᠲᠤᠭᠠᠴᠢᠯᠠᠭᠰᠠᠨ ᠲᠧᠯᠸᠢᠰ ᠵᠡᠷᠬᠡ ᠵᠠᠭᠤᠴᠢ︔            4. ᠤᠯᠠᠨ ᠨᠡᠶᠢᠳᠡ ᠶᠢᠨ ᠤᠩᠰᠢᠯᠭ᠎ᠠ ᠶᠢᠨ ᠬᠡᠷ᠂ ᠮᠠᠲ᠋ᠧᠷᠢᠶᠠᠯ ᠡᠷᠢᠬᠦ ᠴᠢᠭ᠋᠂ ᠵᠠᠰᠠᠭ ᠤᠨ ᠤᠷᠳᠤᠨ ᠤ ᠰᠤᠷᠠᠭ ᠴᠢᠮᠡᠭᠡ ᠶᠢᠨ ᠵᠠᠷᠯᠠᠯ ᠤᠨ ᠪᠤᠯᠤᠩ᠂ ᠡᠯᠧᠺᠳ᠋ᠷᠦᠨ ᠬᠦᠰᠢᠭᠡ ᠮᠡᠳᠣ ᠶᠢᠨ ᠲᠠᠯᠠᠪᠤᠷ ᠪᠤᠶᠤ ᠲᠦᠬᠦᠬᠡᠷᠦᠮᠵᠢ︔              5. ᠰᠤᠨᠢᠨ ᠮᠡᠳᠡᠭᠡ ᠨᠡᠶᠢᠳᠡᠯᠡᠬᠦ ᠬᠤᠷᠡᠯ︔            6. ᠵᠠᠰᠠᠭ ᠤᠨ ᠤᠷᠳᠤᠨ ᠤ ᠰᠤᠷᠠᠭ ᠴᠢᠮᠡᠭᠡ ᠶᠢ ᠤᠯᠠᠨ ᠨᠡᠶᠢᠳᠡ ᠪᠠᠷ ᠢᠶᠠᠨ  ᠴᠠᠭ ᠲᠤᠬᠠᠢ ᠳᠤᠨᠢ᠂ ᠤᠨᠤᠪᠴᠢᠳᠠᠢ ᠪᠠᠷ ᠤᠯᠵᠤ ᠮᠡᠳᠡᠬᠦ ᠳᠤ ᠲᠦᠬᠦᠮ ᠪᠠᠶᠢᠬᠤ ᠪᠤᠰᠤᠳ ᠬᠡᠯᠪᠡᠷᠢ︔              ︵ᠭᠤᠷᠪᠠ︶ ᠢᠯᠡ ᠪᠤᠯᠭᠠᠬᠤ ᠴᠠᠭ ᠤᠨ ᠬᠢᠵᠠᠭᠠᠷ        ︽ᠪᠠᠶᠢᠩᠭᠤ ᠶᠢᠨ ᠴᠢᠨᠡᠷᠳᠡᠢ ᠠᠵᠢᠯ ᠢ ᠦᠷᠬᠦᠯᠵᠢ ᠢᠯᠡ ᠪᠠᠶᠢᠯᠭᠠᠬᠤ᠂ ᠱᠠᠳᠤᠴᠢ ᠴᠢᠨᠡᠷ ᠲᠠᠢ ᠠᠵᠢᠯ ᠢ ᠱᠠᠳᠤ ᠲᠠᠷᠠᠭᠠᠯᠠᠨ ᠢᠯᠡ ᠪᠠᠶᠢᠯᠠᠭᠠᠬᠤ᠂ ᠲᠦᠷ ᠴᠠᠭ ᠤᠨ ᠠᠵᠢᠯ ᠢ ᠴᠠᠭ  ᠲᠣᠬᠠᠢ ᠳᠤᠨᠢ ᠢᠯᠡ ᠪᠠᠶᠢᠯᠭᠠᠬᠤ︾ ᠱᠠᠭᠠᠷᠳᠠᠯᠭ᠎ᠠ ᠪᠠᠷ  ᠢᠯᠡ ᠪᠤᠯᠭᠠᠬᠤ ᠠᠭᠤᠯᠭ᠎ᠠ ᠶᠢ ᠦᠨᠳᠤᠰᠤᠯᠡᠵᠤ ᠢᠯᠡ ᠪᠤᠯᠭᠠᠬᠤ ᠴᠠᠭ ᠢ ᠲᠤᠭᠳᠠᠭᠠᠨ᠎ᠠ᠃ ᠡᠯ᠎ᠡ ᠲᠦᠷᠦᠯ ᠤᠨ ᠰᠠᠨᠠᠭᠠᠴᠢᠯᠠᠭ᠎ᠠ ᠲᠠᠢ ᠪᠠᠷ ᠢᠯᠡ ᠪᠤᠯᠭᠠᠬᠤ ᠵᠠᠰᠠᠭ ᠤᠨ ᠤᠷᠳᠤᠨ ᠤ ᠰᠤᠷᠠᠭ ᠴᠢᠮᠡᠭᠡ ᠶᠢ ᠶᠡᠷᠦᠳᠡᠬᠡᠨ ᠰᠤᠷᠠᠭ ᠴᠢᠮᠡᠭᠡ ᠪᠤᠢ ᠪᠤᠯᠤᠭᠰᠠᠨ 7 ᠡᠳᠤᠷ ᠤᠨ ᠲᠤᠳᠤᠷ᠎ᠡ ᠢᠯᠡ ᠨᠡᠶᠢᠳᠡᠯᠡᠨ᠎ᠡ︔ ᠵᠠᠰᠠᠭ ᠤᠨ ᠤᠷᠳᠤᠨ ᠤ ᠴᠢᠬᠤᠯᠠ ᠰᠤᠷᠠᠭ ᠴᠢᠮᠡᠭᠡ ᠶᠢ ᠡᠷᠭᠡᠪᠰᠢ ᠴᠠᠭ ᠲᠤᠬᠠᠢ ᠳᠤᠨᠢ ᠨᠡᠶᠢᠳᠡᠯᠡᠨ᠎ᠡ︔ ᠤᠨᠴᠠᠭᠠᠢ ᠰᠢᠯᠳᠠᠭᠠᠨ ᠠᠴᠠ ᠪᠤᠯᠵᠤ ᠴᠠᠭ ᠲᠤᠬᠠᠢ ᠳᠤᠨᠢ ᠢᠯᠡ ᠪᠤᠯᠭᠠᠵᠤ ᠲᠡᠶᠢᠯᠬᠦ ᠦᠭᠡᠢ  ᠰᠤᠷᠠᠭ ᠴᠢᠮᠡᠭᠡ ᠶᠢ ᠰᠤᠷᠠᠭ ᠴᠢᠮᠡᠭᠡ ᠪᠤᠢ ᠪᠤᠯᠤᠭᠰᠠᠨ ᠠᠴᠠ ᠬᠤᠶᠢᠨ᠎ᠠ 15 ᠠᠵᠢᠯ ᠤᠨ ᠡᠳᠤᠷ ᠠᠴᠠ ᠤᠷᠦ᠋ᠢᠳᠠᠭᠤᠯᠵᠤ ᠪᠤᠯᠬᠤ ᠦᠭᠡᠢ᠃            ᠬᠤᠶᠡᠷ᠂ ᠭᠤᠶᠤᠴᠢᠯᠠᠯ ᠢ ᠦᠨᠳᠤᠰᠤᠯᠡᠵᠤ ᠢᠯᠡ ᠪᠤᠯᠭᠠᠬᠤ            ᠡᠷᠭᠡᠳᠤ ᠠᠷᠡᠳ᠂ ᠬᠠᠤᠯᠢ ᠶᠢᠨ ᠡᠷᠭᠡᠳᠡᠨ ᠪᠤᠯᠤᠨ ᠪᠤᠰᠤᠳ ᠵᠤᠬᠢᠶᠠᠨ ᠪᠠᠶᠢᠭᠤᠯᠤᠯᠳᠠ ᠲᠤᠰ ᠪᠠᠶᠢᠭᠤᠯᠭ᠎ᠠ ᠎ ᠶᠢᠨ ᠢᠶᠠᠨ ᠰᠠᠨᠠᠭᠠᠴᠢᠯᠠᠭ᠎ᠠ ᠲᠠᠢ ᠪᠠᠷ ᠢᠯᠡ ᠪᠤᠯᠭᠠᠭᠰᠡᠨ ᠠᠴᠠ ᠭᠠᠳᠠᠨᠠᠬᠢ ᠵᠠᠰᠠᠭ ᠤᠨ ᠤᠷᠳᠤᠨ‌‍ᠤ ᠰᠤᠷᠠᠭ ᠴᠢᠮᠡᠭᠡ ᠎ ᠶᠢ ᠤᠯᠬᠤ ᠬᠡᠪᠡᠯ ᠲᠤᠰ ᠪᠠᠶᠢᠭᠤᠯᠭ᠎ᠠ ᠠᠴᠠ ᠪᠠᠨ ᠭᠤᠶᠤᠴᠢᠯᠠᠨ ᠠᠪᠴᠦ ᠪᠤᠯᠤᠨ᠎ᠠ᠃ ᠲᠤᠰ ᠪᠠᠶᠢᠭᠤᠯᠭ᠎ᠠ ᠨᠢ ᠭᠤᠶᠤᠴᠢᠯᠠᠯ ᠢ ᠦᠨᠳᠤᠰᠤᠯᠡᠵᠤ ᠰᠤᠷᠠᠭ ᠴᠢᠮᠡᠭᠡ ᠬᠠᠩᠭᠠᠬᠤ ᠦᠶᠡᠰ ᠲᠤᠰ ᠰᠤᠷᠠᠭ ᠴᠢᠮᠡᠭᠡ ᠶᠢᠨ ᠪᠤᠳᠠᠳᠤ ᠪᠠᠶᠢᠳᠠᠯ ᠎ ᠢ ᠦᠨᠳᠤᠰᠤᠯᠡᠵᠤ ᠰᠤᠷᠠᠭ ᠴᠢᠮᠡᠭᠡ ᠶᠢ ᠬᠠᠩᠭᠠᠨ᠂ ᠦᠯᠦ ᠲᠠᠭᠠᠷᠠᠬᠤ ᠰᠤᠷᠠᠭ ᠴᠢᠮᠡᠭᠡ ᠶᠢ ᠪᠤᠯᠪᠠᠰᠤᠷᠠᠭᠤᠯᠵᠤ᠂ ᠪᠦᠷᠢᠳᠬᠡᠵᠤ᠂ ᠰᠤᠳᠤᠯᠵᠤ᠂ ᠵᠠᠳᠠᠯᠬᠤ ᠪᠤᠶᠤ ᠦᠬᠡᠷ᠎ᠡ ᠲᠠᠯ᠎ᠠ ᠪᠠᠷ ᠰᠢᠢᠳᠪᠤᠷᠢᠯᠡᠨ᠎ᠡ᠃ ᠭᠤᠶᠤᠴᠢᠯᠠᠯ ᠢ ᠦᠨᠳᠤᠰᠤᠯᠡᠵᠤ ᠢᠯᠡ ᠪᠤᠯᠭᠠᠬᠤ ᠰᠤᠷᠠᠭ ᠴᠢᠮᠡᠭᠡ ᠶᠢᠨ ᠭᠠᠷᠴᠠᠭ ᠢ ᠬᠡᠰᠡᠭ ᠪᠦᠯᠦᠭ᠂ ᠠᠯᠬᠤᠮ ᠲᠠᠷᠠᠭ᠎ᠠ ᠬᠤᠪᠢᠶᠠᠨ ᠲᠢᠭᠯᠡᠬᠦ ᠶᠢᠨ ᠲᠠᠭᠠᠤ ᠨᠡᠶᠢᠬᠡᠮ ᠳᠤ ᠢᠯᠡ ᠨᠡᠶᠢᠳᠡᠯᠡᠨ᠎ᠡ᠃ ᠭᠠᠷᠴᠠᠭ ᠤᠨ ᠠᠭᠤᠯᠭ᠎ᠠ ᠳᠤ ᠪᠠᠭᠳᠠᠬᠤ ᠰᠤᠷᠠᠭ ᠴᠢᠮᠡᠭᠡ ᠎ ᠶᠢ ᠡᠷᠭᠡᠳᠤ ᠠᠷᠡᠳ᠂ ᠬᠠᠤᠯᠢ ᠶᠢᠨ ᠡᠷᠭᠡᠳᠡᠨ ᠪᠤᠯᠤᠨ ᠪᠤᠰᠤᠳ ᠵᠤᠬᠢᠶᠠᠨ ᠪᠠᠶᠢᠭᠤᠯᠤᠯᠳᠠ ᠲᠤᠰ ᠪᠠᠶᠢᠭᠤᠯᠭ᠎ᠠ ᠳᠠᠭᠠᠨ ᠭᠤᠶᠤᠴᠢᠯᠠᠪᠠᠯ ᠤᠨᠴᠠᠭᠠᠢ ᠪᠠᠶᠢᠳᠠᠯ ᠠᠴᠠ ᠪᠤᠰᠤᠳ ᠢ ᠨᠢ ᠪᠦᠷ ᠬᠠᠩᠭᠠᠵᠤ ᠪᠤᠯᠤᠨ᠎ᠠ᠃ ᠲᠤᠰ ᠭᠠᠷᠴᠠᠭ ᠠᠴᠠ ᠭᠠᠳᠠᠨᠠᠬᠢ ᠰᠤᠷᠠᠭ ᠴᠢᠮᠡᠭᠡ ᠶᠢ ᠡᠷᠬᠡᠳᠤ ᠠᠷᠡᠳ᠂ ᠬᠠᠤᠯᠢ ᠶᠢᠨ ᠡᠷᠭᠡᠳᠡᠨ ᠪᠤᠯᠤᠨ ᠪᠤᠰᠤᠳ ᠵᠤᠬᠢᠶᠠᠨ ᠪᠠᠶᠢᠭᠤᠯᠤᠯᠳᠠ ᠲᠤᠰ ᠪᠠᠶᠢᠭᠤᠯᠭ᠎ᠠ ᠠᠴᠠ ᠭᠤᠶᠤᠴᠢᠯᠠᠪᠡᠯ ᠲᠤᠰ ᠪᠠᠶᠢᠭᠤᠯᠭ᠎ᠠ ᠬᠠᠤᠯᠢ ᠶᠤᠰᠤᠭᠠᠷ ᠰᠢᠢᠳᠪᠤᠷᠢᠯᠡᠨ᠎ᠡ᠃            ︵ᠨᠢᠬᠡ︶ ᠬᠦᠯᠢᠶᠡᠨ ᠠᠪᠴᠦ ᠰᠢᠢᠳᠪᠤᠷᠢᠯᠡᠬᠦ ᠪᠠᠶᠢᠭᠤᠯᠤᠮᠵᠢ            ᠲᠤᠰ ᠡᠳᠤᠷ ᠠᠴᠠ ᠡᠬᠢᠯᠡᠨ ᠬᠤᠰᠢᠭᠤᠨ ᠵᠠᠰᠠᠭ ᠤᠨ ᠤᠷᠳᠤᠨ ᠰᠤᠷᠠᠭ ᠴᠢᠮᠡᠭᠡ ᠶᠢ ᠢᠯᠡ ᠪᠤᠯᠭᠠᠬᠤ ᠭᠤᠶᠤᠴᠢᠯᠠᠯ ᠢ ᠵᠢᠩᠬᠢᠨᠢ ᠪᠠᠷ ᠬᠦᠯᠢᠶᠡᠨ ᠠᠪᠴᠦ ᠰᠢᠢᠳᠪᠤᠷᠢᠯᠡᠨ᠎ᠡ᠃ ᠬᠦᠯᠢᠶᠡᠨ ᠠᠪᠴᠦ ᠰᠢᠢᠳᠪᠤᠷᠢᠯᠡᠬᠦ ᠪᠠᠶᠢᠭᠤᠯᠤᠮᠵᠢ ᠨᠢ ᠬᠡᠰᠢᠭᠳᠡᠨ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ  ᠃ ᠠᠵᠢᠯᠯᠠᠬᠤ ᠴᠠᠭ᠄ ᠠᠵᠢᠯ ᠤᠨ ᠡᠳᠤᠷ 8᠄ 30 — 11᠄ 30  ᠂ 14᠄ 30 — 17᠄ 30 ︵ᠬᠠᠤᠯᠢ ᠳᠤ ᠲᠤᠭᠳᠠᠭᠰᠠᠨ ᠪᠠᠶᠡᠷ ᠲᠤᠷᠡᠰᠬᠠᠯ ᠤᠨ ᠡᠳᠤᠷ ᠠᠴᠠ ᠭᠠᠳᠠᠨ᠎ᠠ︶︔  ᠹᠺᠰ ︵0476︶ 5228806︔ ᠬᠠᠷᠢᠯᠴᠠᠬᠤ ᠤᠳᠠᠰᠤ᠄ 5230624︔ ᠵᠠᠬᠢᠳᠠᠯ ᠨᠡᠪᠳᠡᠷᠡᠯᠴᠡᠬᠦ ᠭᠠᠵᠡᠷ᠄   ᠬᠡᠰᠢᠭᠳᠡᠨ ᠬᠤᠰᠢᠭᠤᠨ ᠤ ᠠᠷᠡᠳ ᠤᠨ ᠵᠠᠰᠠᠭ ᠤᠨ ᠤᠷᠳᠤᠨ ᠤ 947 ᠳ᠋ᠤᠬᠡᠷ ᠭᠡᠷ︔         ︵ᠬᠤᠶᠡᠷ︶  ᠭᠤᠶᠤᠴᠢᠯᠠᠬᠤ            ᠲᠤᠰ ᠪᠠᠶᠢᠭᠤᠯᠭ᠎ᠠ ᠳᠤ  ᠭᠤᠶᠤᠴᠢᠯᠠᠪᠠᠯ ︽ᠬᠡᠰᠢᠭᠳᠡᠨ ᠬᠤᠰᠢᠭᠤᠨ ᠤ ᠵᠠᠰᠠᠭ ᠤᠨ ᠤᠷᠳᠤᠨ ᠤ ᠰᠤᠷᠠᠭ ᠴᠢᠮᠡᠭᠡ ᠶᠢ ᠢᠯᠡ ᠪᠤᠯᠭᠠᠬᠤ ᠭᠤᠶᠤᠴᠢᠠᠯᠯ ᠤᠨ ᠬᠦᠰᠤᠨᠦᠭ︾  ︵ᠶᠡᠩᠵᠤ ᠶᠢ ᠬᠤᠶᠢᠨ᠎ᠠ ᠲᠠᠭᠠᠯᠳᠤᠭᠤᠯᠪᠠ᠂ ᠲᠤᠷᠤᠭᠰᠢ ︽ᠭᠤᠶᠤᠴᠢᠯᠠᠯ ᠤᠨ ᠬᠦᠰᠦᠨᠦᠭ︾ ᠬᠡᠵᠤ ᠲᠦᠬᠦᠮᠴᠢᠯᠡᠨ᠎ᠡ︶᠎ ᠢ ᠲᠠᠭᠯᠠᠨ᠎ᠠ᠃ ︽ ᠭᠤᠶᠤᠴᠢᠯᠠᠯ ᠤᠨ ᠬᠦᠰᠤᠨᠦᠭ︾᠎ ᠢ ᠬᠡᠰᠢᠭᠳᠡᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠡ ᠶᠢᠨ ᠰᠤᠷᠠᠭ ᠴᠢᠮᠡᠭᠡ ᠶᠢ ᠢᠯᠡ ᠪᠤᠯᠭᠠᠬᠤ ᠰᠣᠪᠠᠭ ᠠᠴᠠ ᠪᠠᠭᠤᠯᠭᠠᠨ ᠠᠪᠴᠦ ᠬᠡᠷᠡᠭᠯᠡᠵᠤ ᠪᠤᠯᠤᠨ᠎ᠠ᠃  ᠭᠤᠶᠤᠴᠢᠯᠠᠯ ᠰᠢᠢᠳᠪᠤᠷᠢᠯᠡᠬᠦ ᠦᠷ᠎ᠡ ᠪᠦᠳᠣᠮᠵᠢ ᠢ ᠲᠡᠭᠡᠭᠰᠢᠯᠡᠬᠦᠯᠬᠦ ᠳᠤ ᠲᠤᠰᠠᠯᠠᠮᠵᠢ ᠪᠤᠯᠭᠠᠬᠤ ᠶᠢᠨ ᠲᠤᠯᠠᠳᠠ᠂ ᠭᠤᠶᠤᠴᠢᠯᠠᠯ ᠭᠠᠷᠭᠠᠭᠰᠠᠨ ᠬᠦᠮᠤᠨ ᠤᠯᠬᠤ ᠬᠡᠵᠤ ᠪᠠᠶᠢᠭ᠎ᠠ ᠰᠤᠷᠠᠭ ᠴᠢᠮᠡᠭᠡ ᠪᠠᠨ ᠠᠯᠢ ᠴᠢᠳᠠᠬᠤ ᠪᠠᠷ ᠨᠠᠷᠢᠯᠢᠭ᠂ ᠲᠤᠳᠤᠷᠬᠠᠢ ᠲᠦᠷᠰᠤᠯᠡᠨ ᠲᠤᠭᠠᠴᠢᠬᠤ ᠬᠡᠷᠡᠭᠳᠡᠢ︔ ᠬᠡᠷᠪᠡ ᠪᠤᠯᠤᠯᠴᠠᠭ᠎ᠠ ᠲᠠᠢ ᠪᠣᠯ ᠲᠤᠰ ᠰᠤᠷᠠᠭ ᠴᠢᠮᠡᠭᠡ ᠶᠢᠨ ᠭᠠᠷᠴᠠᠭ᠂ ᠨᠡᠶᠢᠳᠡᠯᠡᠭᠰᠡᠨ ᠴᠠᠭ᠂ ᠮᠠᠲ᠋ᠧᠷᠢᠶᠠᠯ ᠤᠨ ᠳ᠋ᠤᠭᠠᠷ ᠪᠤᠶᠤ ᠲᠤᠰ ᠪᠠᠶᠢᠭᠤᠯᠭ᠎ᠠ ᠶᠢᠨ ᠰᠤᠷᠠᠭ ᠴᠢᠮᠡᠬᠡᠨ ᠤ ᠠᠴᠢᠶᠠᠯᠠᠪᠤᠷᠢ  ᠶᠢ ᠲᠤᠭᠳᠠᠭᠠᠬᠤ ᠳᠤ ᠲᠤᠰᠠ ᠪᠤᠯᠬᠤ ᠪᠤᠰᠤᠳ ᠰᠠᠨᠠᠭᠤᠯᠤᠮᠵᠢ ᠪᠠᠨ ᠬᠠᠩᠭᠠᠬᠤ ᠭᠡᠷᠡᠭᠳᠡᠢ᠃            ᠭᠤᠶᠤᠴᠢᠯᠠᠭᠴᠢ ᠵᠠᠰᠠᠭ ᠤᠨ ᠤᠷᠳᠤᠨ ᠤ ᠰᠤᠷᠠᠭ ᠴᠢᠮᠡᠭᠡ ᠶᠢ ᠤᠯᠬᠤ ᠪᠠᠷ ᠭᠤᠶᠤᠴᠢᠯᠠᠬᠤ ᠳᠤ ᠡᠷᠭᠡᠪᠰᠢ ᠬᠦᠴᠤᠨ ᠪᠦᠬᠦᠢ ᠪᠡᠶ᠎ᠡ ᠶᠢᠨ ᠦᠨᠡᠮᠯᠠᠯ ᠪᠤᠶᠤ ᠵᠠᠬᠢᠳᠠᠯ᠂ ᠴᠠᠬᠢᠯᠭᠠᠨ ᠮᠡᠳᠡᠭᠡ᠂  ᠹᠺᠰ᠂ ᠡᠯᠧᠺᠳ᠋ᠷᠦᠨ ᠰᠢᠤᠳᠡᠨ ᠵᠠᠬᠢᠳᠠᠯ᠂ ᠠᠮᠠᠨ ᠭᠤᠶᠤᠴᠢᠯᠠᠯ ᠵᠡᠷᠬᠡ ᠬᠠᠤᠯᠢ ᠳᠤ ᠲᠤᠭᠳᠠᠭᠰᠠᠨ ᠬᠡᠯᠪᠡᠷᠢ  ᠎ ᠪᠠᠷ ᠬᠦᠯᠢᠶᠡᠨ ᠠᠪᠴᠦ ᠰᠢᠢᠳᠪᠤᠷᠢᠯᠡᠬᠦ ᠪᠠᠶᠢᠭᠤᠯᠤᠮᠵᠢ ᠳᠤ ᠲᠤᠷᠠᠳ᠋ᠳᠯᠭ᠎ᠠ ᠭᠠᠷᠭᠠᠨ᠎ᠠ᠃            ︵ᠭᠤᠷᠪᠠ︶ ᠭᠤᠶᠤᠴᠢᠯᠠᠯ ᠢ ᠰᠢᠢᠳᠪᠤᠷᠢᠯᠡᠬᠦ     ᠲᠤᠰ ᠪᠠᠶᠢᠭᠤᠯᠭ᠎ᠠ ᠨᠢ ᠭᠤᠶᠤᠴᠢᠯᠠᠯ ᠢ ᠬᠦᠯᠢᠶᠡᠨ ᠠᠪᠤᠭᠰᠠᠨ ᠡᠳᠤᠷ ᠠᠴᠠ ᠡᠬᠢᠯᠡᠨ 15 ᠠᠵᠢᠯ ᠤᠨ ᠡᠳᠤᠷ ᠲᠤᠳᠤᠷ᠎ᠡ ᠭᠤᠶᠤᠴᠢᠯᠠᠯ ᠳᠤ ᠬᠠᠷᠢᠭᠤᠯᠳᠠ ᠦᠭᠬᠦᠨ᠎ᠡ᠃ ︽ᠭᠤᠶᠤᠴᠢᠯᠠᠯ ᠤᠨ ᠬᠦᠰᠦᠨᠦᠭ︾᠎ ᠢᠶᠠᠨ ᠪᠦᠷᠢᠨ ᠬᠦᠢᠴᠡᠳ ᠲᠠᠭᠯᠠᠭᠰᠠᠨ ᠦᠭᠡᠢ ᠪᠤᠶᠤ ᠬᠦᠴᠤᠨ ᠪᠦᠬᠦᠢ ᠪᠡᠶ᠎ᠡ ᠶᠢᠨ ᠦᠨᠡᠮᠯᠠᠯ ᠬᠡᠷᠡᠴᠢ ᠪᠠᠨ ᠬᠠᠩᠭᠠᠭᠰᠠᠨ ᠦᠭᠡᠢ ᠭᠤᠶᠤᠴᠢᠯᠠᠭᠰᠡᠳ ᠢ ᠱᠠᠭᠠᠷᠳᠠᠵᠤ ᠨᠦᠬᠦᠵᠤ ᠲᠠᠭᠯᠠᠭᠤᠯᠬᠤ ᠪᠤᠶᠤ ᠵᠠᠯᠠᠷᠠᠭᠤᠯᠤᠨ᠎ᠠ᠃            ᠭᠤᠶᠤᠴᠢᠯᠠᠭᠰᠠᠨ ᠰᠤᠷᠠᠭ ᠴᠢᠮᠡᠭᠡ ᠨᠢ ᠬᠡᠷᠪᠡ ᠲᠤᠰ ᠪᠠᠶᠢᠭᠤᠯᠭ᠎ᠠ ᠶᠢᠨ ᠨᠢᠬᠡᠨᠳᠡ ᠢᠯᠡ ᠪᠤᠯᠭᠠᠭᠰᠠᠨ ᠰᠤᠷᠠᠭ ᠴᠢᠮᠡᠭᠡ ᠪᠠᠶᠢᠪᠠᠯ ᠲᠤᠰ ᠪᠠᠶᠢᠭᠤᠯᠭ᠎ᠠ ᠭᠤᠶᠤᠴᠢᠯᠠᠯ ᠢ ᠬᠦᠯᠢᠶᠡᠵᠤ ᠠᠪᠬᠤ ᠦᠭᠡᠢ᠂ ᠭᠤᠶᠤᠴᠯᠠᠯ ᠭᠠᠷᠭᠠᠭᠰᠠᠨ ᠬᠦᠮᠤᠨ ᠳᠤ ᠰᠤᠷᠠᠭ ᠴᠢᠮᠡᠭᠡ ᠶᠢ  ᠤᠯᠬᠤ ᠠᠷᠭ᠎ᠠ ᠬᠡᠯᠪᠡᠷᠢ ᠪᠤᠯᠤᠨ ᠠᠷᠭ᠎ᠠ ᠵᠠᠮ ᠢ ᠵᠢᠭᠠᠵᠤ ᠦᠭᠬᠦᠨ᠎ᠡ᠃ ᠲᠤᠰ ᠪᠠᠶᠢᠭᠤᠯᠭ᠎ᠠ ᠨᠢ ᠭᠤᠶᠤᠴᠢᠯᠠᠯ ᠢ ᠬᠤᠷᠢᠶᠠᠨ ᠤᠯᠤᠭᠰᠠᠨ ᠲᠠᠰ ᠲᠠᠷᠠᠭ᠎ᠠ ᠪᠠᠷ ᠭᠤᠶᠤᠴᠢᠯᠠᠯ ᠢ ᠬᠦᠢᠴᠡᠳᠬᠡᠵᠤ᠂ ᠨᠢᠬᠡ ᠭᠤᠶᠤᠴᠢᠯᠠᠯ ᠳᠤ ᠬᠡᠳᠤᠨ ᠵᠦᠢᠯ ᠤᠨ ᠲᠤᠰᠠᠭᠠᠷ ᠭᠤᠶᠤᠴᠢᠯᠠᠯ ᠢ ᠵᠡᠷᠬᠡ ᠪᠠᠷ ᠲᠤᠷᠠᠳᠤᠭᠰᠠᠨ ᠪᠠᠶᠢᠪᠠᠯ ᠪᠦᠬᠦᠨ ᠢ ᠰᠢᠢᠳᠪᠤᠷᠢᠯᠡᠵᠤ ᠲᠠᠭᠤᠰᠤᠭᠰᠠᠨ ᠬᠤᠶᠢᠨ᠎ᠠ ᠰᠠᠶ᠋ᠢ ᠬᠠᠷᠢᠭᠤᠯᠳᠠ ᠦᠭᠬᠦᠨ᠎ᠡ᠃ ᠠᠳᠠᠯᠢ ᠪᠤᠰᠤ ᠭᠤᠶᠤᠴᠢᠯᠠᠯ ᠳᠤ ᠴᠢᠭᠯᠡᠬᠦᠯᠦᠭᠰᠡᠨ ᠬᠠᠷᠢᠭᠤᠯᠳᠠ ᠨᠢ ᠴᠦ ᠠᠳᠠᠯᠢ ᠦᠭᠡᠢ ᠪᠠᠶᠢᠳᠠᠭ ᠠᠴᠠ ᠰᠢᠢᠳᠪᠤᠷᠢᠯᠡᠬᠦ ᠦᠷ᠎ᠡ ᠪᠦᠳᠣᠮᠵᠢ ᠢ ᠲᠡᠭᠡᠭᠰᠢᠯᠡᠬᠦᠯᠬᠦ ᠡᠬᠦᠳᠡᠨ ᠠᠴᠠ ᠭᠤᠶᠤᠴᠢᠯᠠᠯ ᠭᠠᠷᠭᠠᠭᠰᠡᠳ ᠢ ᠠᠳᠠᠯᠢ ᠪᠤᠰᠤ ᠭᠤᠶᠤᠴᠢᠯᠠᠯ ᠢᠶᠠᠨ ᠰᠠᠯᠭᠠᠵᠤ ᠭᠤᠶᠤᠴᠢᠯᠠᠬᠤ ᠶᠢ  ᠰᠠᠨᠠᠭᠠᠴᠢᠯᠡᠨ᠎ᠠ᠃              ︵ᠲᠦᠷᠪᠡ︶ ᠰᠦᠢᠳᠬᠡᠯ ᠬᠤᠷᠢᠶᠠᠬᠤ ᠪᠠᠷᠢᠮᠵᠢᠶ᠎ᠡ            ᠲᠤᠰ ᠪᠠᠶᠢᠭᠤᠯᠭ᠎ᠠ ᠭᠤᠶᠤᠴᠢᠯᠠᠯ ᠢ ᠦᠨᠳᠤᠰᠤᠯᠡᠵᠤ ᠵᠠᠰᠠᠭ ᠤᠨ ᠤᠷᠳᠤᠨ ᠤ ᠰᠤᠷᠠᠭ ᠴᠢᠮᠡᠭᠡ ᠶᠢ ᠬᠠᠩᠭᠠᠬᠤ  ᠳᠤ ᠤᠯᠤᠰ ᠤᠨ ᠪᠠᠷᠢᠮᠵᠢᠶ᠎ᠠ ᠪᠠᠷ ᠰᠦᠢᠳᠬᠡᠯ ᠬᠤᠷᠢᠶᠠᠵᠤ ᠡᠳ᠋ ᠤᠨ ᠵᠠᠰᠠᠭ ᠲᠤ ᠲᠤᠰᠢᠶᠠᠨ᠎ᠠ᠃ ᠭᠤᠶᠤᠴᠢᠯᠠᠭᠴᠢ ᠰᠦᠢᠳᠬᠡᠯ ᠠᠴᠠ ᠬᠡᠯᠳᠤᠷᠢᠬᠦᠯᠬᠦ ᠪᠠᠷ ᠭᠤᠶᠤᠴᠢᠯᠠᠪᠠᠯ ᠭᠤᠶᠤᠴᠢᠯᠠᠯ ᠢᠶᠠᠨ ︽ᠬᠡᠰᠢᠭᠳᠡᠨ ᠬᠤᠰᠢᠭᠤᠨ ᠤ ᠵᠠᠰᠠᠭ ᠤᠨ ᠤᠷᠳᠤᠨ ᠤ ᠰᠤᠷᠠᠭ ᠴᠢᠮᠡᠭᠡ ᠶᠢ ᠢᠯᠡ ᠪᠤᠯᠭᠠᠬᠤ ᠭᠤᠶᠤᠴᠢᠯᠠᠯ ᠤᠨ ᠬᠦᠰᠦᠨᠦᠭ︾᠎ ᠲᠠᠢ ᠬᠠᠮᠳᠤ ᠳᠤᠨᠢ ᠲᠤᠰᠢᠶᠠᠨ᠎ᠠ᠃                ᠭᠤᠷᠪᠠ᠂ ᠬᠢᠨᠡᠯᠳᠡ ᠲᠠᠯᠪᠢᠬᠤ ᠬᠡᠯᠪᠡᠷᠢ ᠪᠤᠯᠤᠨ ᠲᠡᠰ ᠲᠠᠷᠠᠭᠠᠯᠠᠯ            ᠡᠷᠬᠡᠳᠤ ᠠᠷᠡᠳ᠂ ᠬᠠᠤᠯᠢ ᠶᠢᠨ ᠡᠷᠬᠡᠳᠡᠨ ᠪᠤᠯᠤᠨ ᠪᠤᠰᠤᠳ ᠵᠤᠬᠢᠶᠠᠨ ᠪᠠᠶᠢᠭᠤᠯᠤᠯᠳᠠ ᠠᠴᠠ ᠲᠤᠰ ᠪᠠᠶᠢᠭᠤᠯᠭ᠎ᠠ ᠨᠢ ᠵᠠᠰᠠᠭ ᠤᠨ ᠤᠷᠳᠤᠨ ᠤ ᠰᠤᠷᠠᠭ  ᠴᠢᠮᠡᠭᠡ ᠶᠢ ᠢᠯᠡ ᠪᠤᠯᠭᠠᠬᠤ ᠡᠬᠦᠷᠬᠡ ᠬᠠᠷᠢᠭᠤᠴᠠᠯᠭ᠎ᠠ ᠪᠠᠨ ᠬᠠᠤᠯᠢ  ᠶᠤᠰᠤᠭᠠᠷ ᠬᠦᠢᠴᠡᠳᠭᠡᠬᠡᠭᠰᠡᠨ ᠦᠭᠡᠢ ᠬᠡᠵᠤ ᠦᠵᠡᠭᠰᠡᠨ ᠪᠠᠶᠢᠪᠠᠯ ᠬᠢᠨᠠᠯᠳᠠ ᠲᠠᠯᠪᠢᠬᠤ ᠰᠠᠯᠠᠭ᠎ᠠ ᠮᠦᠴᠢᠷ ᠎ ᠲᠤ ᠵᠠᠭᠠᠯᠳᠤᠵᠤ ᠪᠤᠯᠤᠨ᠎ᠠ᠃ ᠡᠬᠦᠨ ᠠᠴᠠ ᠭᠠᠳᠠᠨ᠎ᠠ ᠡᠷᠬᠡᠲᠦ ᠠᠷᠡᠳ᠂ ᠬᠠᠤᠯᠢ ᠶᠢᠨ ᠡᠷᠬᠡᠳᠡᠨ ᠪᠤᠯᠤᠨ ᠪᠤᠰᠤᠳ ᠵᠤᠬᠢᠶᠠᠨ ᠪᠠᠶᠢᠭᠤᠯᠤᠯᠳᠠ ᠨᠢ ᠪᠠᠰᠠ ᠬᠢᠨᠠᠨ ᠪᠠᠶᠢᠴᠠᠭᠠᠬᠤ ᠪᠠᠶᠢᠭᠤᠯᠭ᠎ᠠ ᠳᠤ ᠵᠠᠭᠠᠯᠳᠤᠬᠤ ᠪᠤᠶᠤ ᠬᠠᠤᠯᠢ ᠴᠠᠭᠠᠵᠠ ᠶᠢᠨ ᠠᠷᠭ᠎ᠠ  ᠪᠠᠷᠢᠯ ᠢᠶᠠᠷ ᠲᠠᠮᠵᠢᠭᠤᠯᠤᠨ ᠨᠡᠬᠡᠮᠵᠢᠯᠡᠨ ᠰᠢᠢᠳᠪᠤᠷᠢᠯᠡᠬᠦᠯᠵᠤ ᠪᠤᠯᠤᠨ᠎ᠠ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号