ᠬᠡᠰᠢᠭᠲᠡᠨ ᠬᠤᠰᠢᠭᠤᠨ ᠤ 2017 ᠣᠨ ᠤ ᠤᠯᠤᠰ ᠠᠷᠠᠳ ᠤᠨ ᠠᠵᠤ ᠠᠬᠤᠢ ᠶᠢᠨ ᠪᠡᠶᠡᠯᠡᠭᠳᠡᠯ ᠤᠨ ᠦᠨᠳᠦᠰᠦᠨ ᠲᠤᠭ᠎ᠠ ᠪᠠᠷᠢᠮᠲᠠ
ᠨᠡᠶᠢᠲᠡᠯᠡᠭᠰᠡᠨ ᠴᠠᠭ᠄
2018/11/15
      2017 ᠣᠨ ᠳᠤ ᠪᠦᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ ᠪᠠᠷᠤᠭ 161.5 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠬᠠᠷᠢᠴᠠᠭᠤᠯᠵᠤ ᠪᠣᠯᠬᠤᠶᠢᠴᠠ ᠦᠨ᠎ᠡ ᠪᠠᠷ ᠪᠣᠳᠣᠪᠠᠯ ᠳᠡᠭᠡᠷ᠎ᠡ ᠵᠢᠯ ᠤᠨ ᠬᠢ ᠠᠴᠠ 4%᠎ ᠪᠠᠷ ᠨᠡᠮᠡᠭᠳᠡᠵᠦ᠂ ᠭᠤᠷᠪᠠᠨ ᠠᠵᠤ ᠦᠢᠯᠡᠰ ᠤᠨ ᠬᠠᠷᠢᠴᠠᠯ ᠤᠨ ᠲᠣᠬᠢᠷᠠᠭᠤᠯᠤᠯᠲᠠ ᠎ ᠨᠢ 12.1᠄ 63.2᠄ 24.7᠃ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢ 124 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 0.1% ᠣᠷᠣᠨ ᠨᠡᠮᠡᠭᠳᠡᠭᠰᠡᠨ ᠪᠠᠶᠢᠨ᠎ᠠ᠃ ᠨᠡᠶᠢᠭᠡᠮ ᠤᠨ ᠬᠡᠷᠡᠭᠯᠡᠭᠡ ᠶᠢᠨ ᠵᠦᠢᠯ ᠢ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠲᠤᠭ᠎ᠠ ᠶᠢ 35.7 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 8.3%᠎ ᠪᠠᠷ ᠨᠡᠮᠡᠭᠳᠡᠭᠰᠡᠨ ᠪᠠᠶᠢᠨ᠎ᠠ᠃ ᠡᠳ᠋ ᠤᠨ ᠵᠠᠰᠠᠭ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 5.36 ᠳ᠋ᠦᠩᠰᠢᠭᠤᠷ ᠲᠥᠭᠦᠷᠢᠭ ᠪᠡᠶᠡᠯᠡᠭᠦᠯᠦᠭᠰᠡᠨ ᠪᠠᠶᠢᠨ᠎ᠠ᠃ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤᠶᠢᠴᠠ ᠣᠷᠣᠯᠭ᠎ᠠ ᠨᠢ 26695 ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 8.3%᠎ ᠪᠠᠷ ᠨᠡᠮᠡᠭᠳᠡᠭᠰᠡᠨ ᠪᠠᠶᠢᠨ᠎ᠠ᠃ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤᠶᠢᠴᠠ ᠣᠷᠣᠯᠭ᠎ᠠ ᠨᠢ 10246 ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 9%᠎ ᠪᠠᠷ ᠨᠡᠮᠡᠭᠳᠡᠭᠰᠡᠨ ᠪᠠᠶᠢᠨ᠎ᠠ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号