| | | | | ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ ᠢ ᠵᠢᠱᠢᠭᠰᠡᠨ ᠢᠶᠠᠷ 19.5 ᠳ᠋ᠦᠩᠰᠢᠭᠤᠷ ᠲᠥᠭᠦᠷᠢᠭ | ᠪᠡᠶᠡᠯᠡᠭᠦᠯᠵᠦ᠂ ᠳᠡᠭᠡᠷ᠎ᠡ ᠵᠢᠯ ᠤᠨ ᠬᠢ ᠠᠴᠠ 4% ᠪᠠᠷ ᠨᠡᠮᠡᠭᠳᠡᠭᠰᠡᠨ ᠪᠠᠶᠢᠨ᠎ᠠ᠃ ᠪᠦᠬᠦ ᠬᠤᠰᠢᠭᠤᠨ ᠤ ᠲᠠᠷᠢᠶᠠᠨ | ᠭᠠᠵᠠᠷ ᠤᠨ ᠶᠡᠷᠦᠩᠬᠡᠢ ᠲᠡᠯᠡᠪᠡᠢ ᠨᠢ 123.38 ᠲᠦᠮᠡᠨ ᠮᠦ᠂ ᠡᠭᠦᠨ ᠳᠤ ᠠᠮᠤ ᠪᠤᠷᠴᠠᠭ ᠲᠠᠷᠢᠭᠰᠠᠨ ᠲᠠᠯᠠᠪᠠᠢ ᠨᠢ | 98.5 ᠲᠦᠮᠡᠨ ᠮᠦ᠂ ᠠᠵᠤ ᠠᠬᠤᠢ ᠶᠢᠨ ᠲᠠᠷᠢᠮᠠᠯ ᠲᠠᠷᠢᠭᠰᠠᠨ ᠶᠡᠷᠦᠩᠬᠡᠢ ᠲᠠᠯᠠᠪᠠᠢ ᠨᠢ 11.5 ᠲᠦᠮᠡᠨ ᠮᠦ᠂ | ᠲᠠᠷᠢᠶᠠᠨ ᠭᠠᠵᠠᠷ ᠡᠪᠡᠰᠦ ᠲᠠᠷᠢᠭᠰᠠᠨ ᠪᠠ ᠳᠠᠷᠤᠰᠢᠭᠤᠯᠤᠭᠰᠠᠨ ᠪᠣᠷᠳᠤᠭ᠎ᠠ ᠲᠠᠷᠢᠭᠰᠠᠨ ᠪᠤᠰᠤᠳ ᠲᠠᠯᠠᠪᠠᠢ ᠨᠢ 13. | 38 ᠲᠦᠮᠡᠨ ᠮᠦ᠃ ᠠᠮᠤ ᠪᠤᠷᠴᠠᠭ ᠤᠨ ᠤᠨᠠᠯᠲᠠ ᠶᠢ 6 ᠳ᠋ᠦᠩᠰᠢᠭᠤᠷ ᠵᠢᠩ ᠳᠤ ᠲᠣᠭᠲᠠᠪᠤᠷᠢᠵᠢᠭᠤᠯᠵᠤ᠂ ᠠᠮᠤ | ᠪᠤᠳᠠᠭ᠎ᠠ ᠠᠵᠤ ᠠᠬᠤᠢ ᠶᠢᠨ ᠲᠠᠷᠢᠮᠠᠯ ᠪᠣᠷᠳᠤᠭ᠎ᠠ ᠶᠢᠨ ᠡᠵᠡᠯᠡᠬᠦ ᠬᠠᠷᠢᠴᠠᠯ ᠨᠢ 68᠄ 17᠄ 15᠃ ︽ᠵᠠᠭᠤᠨ | ᠲᠣᠰᠬᠤᠨ ᠤ ᠮᠢᠩᠭᠠᠨ ᠡᠷᠦᠬᠡ︾ ᠶᠢᠨ ᠰᠢᠨᠵᠢᠯᠡᠬᠦ ᠤᠬᠠᠭᠠᠨ ᠮᠡᠷᠭᠡᠵᠢᠯ ᠢᠶᠠᠷ ᠵᠢᠱᠢᠶ᠎ᠡ ᠦᠵᠡᠭᠦᠯᠦᠨ ᠤᠳᠤᠷᠢᠳᠤᠨ | ᠳᠠᠭᠠᠭᠤᠯᠬᠤ ᠢᠨᠵᠧᠨᠧᠷᠢᠩ ᠢᠶᠠᠷ ᠠᠴᠢᠶᠠᠯᠠᠪᠤᠷᠢ ᠪᠣᠯᠭᠠᠵᠤ᠂ ᠲᠤᠰᠬᠠᠢ ᠬᠡᠷᠡᠭᠯᠡᠬᠦ ᠳᠠᠷᠤᠰᠢᠭᠤᠯᠤᠭᠰᠠᠨ ᠡᠷᠳᠡᠨᠢ ᠶᠢᠨ | ᠰᠢᠰᠢ ᠶᠢᠨ ᠲᠥᠷᠥᠯ ᠵᠦᠢᠯ ᠤᠨ ᠵᠢᠱᠢᠶ᠎ᠡ ᠦᠵᠡᠭᠦᠯᠬᠦ ᠲᠠᠯᠠᠪᠠᠢ ᠶᠢ 500 ᠮᠦ᠂ ᠤᠷᠭᠠᠨᠢᠭ ᠶᠤᠤᠮᠠᠢ᠂ | ᠪᠤᠭᠤᠳᠠᠢ ᠶᠢᠨ ᠰᠢᠨ᠎ᠡ ᠲᠥᠷᠥᠯ ᠵᠦᠢᠯ ᠤᠨ ᠥᠨᠳᠥᠷ ᠤᠨᠠᠯᠲᠠᠲᠤ ᠵᠢᠱᠢᠶ᠎ᠡ ᠦᠵᠡᠭᠦᠯᠬᠦ ᠲᠠᠯᠠᠪᠠᠢ ᠶᠢ 3150 ᠮᠦ᠂ | ᠳᠠᠯᠠᠩ ᠭᠠᠷᠭᠠᠨ ᠬᠤᠶᠠᠷ ᠮᠥᠷ ᠢᠶᠠᠷ ᠪᠤᠭᠤᠳᠠᠢ ᠲᠠᠷᠢᠬᠤ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ | ᠲᠠᠷᠢᠶ᠎ᠠ ᠶᠢ 200 ᠮᠦ᠂ ᠪᠦᠬᠦᠨ ᠢ ᠪᠦᠷᠬᠦᠭᠦᠯ ᠢᠶᠠᠷ ᠪᠦᠷᠬᠦᠨ ᠳᠠᠷᠢᠬᠤ ᠮᠡᠷᠭᠡᠵᠢᠯ ᠢ 35 ᠲᠦᠮᠡᠨ ᠮᠦ᠂ ᠡᠪᠡᠰᠦᠨ | ᠡᠮ ᠳᠡᠭᠡᠰᠦᠯᠡᠨ ᠲᠠᠷᠢᠬᠤ ᠮᠡᠷᠭᠡᠵᠢᠯ ᠢ 750 ᠮᠦ ᠲᠦᠭᠡᠮᠡᠯᠵᠢᠭᠦᠯᠦᠭᠰᠡᠨ ᠪᠠᠶᠢᠨ᠎ᠠ᠃ ᠢᠳᠡᠰᠢᠨ ᠮᠥᠭᠦ ᠶᠢᠨ | ᠰᠡᠷᠢᠭᠦᠨ ᠫᠧᠩ 500 ᠶᠢ ᠬᠥᠭᠵᠢᠭᠦᠯᠦᠭᠰᠡᠨ ᠪᠠᠶᠢᠨ᠎ᠠ᠃ ᠬᠤᠨᠢᠨ ᠤ ᠲᠤᠭ᠎ᠠ ᠶᠢ ᠲᠣᠭᠲᠠᠪᠤᠷᠢᠵᠢᠭᠤᠯᠤᠨ ᠦᠬᠡᠷ ᠤᠨ | ᠲᠤᠭ᠎ᠠ ᠶᠢ ᠨᠡᠮᠡᠭᠳᠡᠭᠦᠯᠬᠦ᠂ ᠰᠠᠶᠢᠨ ᠡᠭᠦᠯᠳᠡᠷᠵᠢᠭᠦᠯᠬᠦ᠂ ᠪᠣᠬᠢᠷᠲᠤᠯ ᠦᠭᠡᠢ ᠤᠷᠭᠠᠨᠢᠭ ᠨᠡᠷᠡᠲᠦ ᠲᠡᠮᠳᠡᠭ ᠢ | ᠴᠣᠭᠴᠠᠯᠠᠬᠤ᠂ ᠬᠤᠷᠰᠢᠶᠠᠵᠢᠯ ᠢᠶᠠᠷ ᠳᠠᠶᠢᠴᠢᠯᠠᠬᠤ ︽ᠳᠥᠷᠪᠡᠨ ᠶᠡᠭᠡ ᠢᠨᠵᠧᠨᠧᠷᠢᠩ︾ ᠢ ᠭᠦᠨᠵᠡᠭᠡᠢ | ᠬᠡᠷᠡᠭᠵᠢᠭᠦᠯᠦᠭᠰᠡᠨ ᠪᠠᠶᠢᠨ᠎ᠠ᠃ 2017 ᠣᠨ ᠤ 6 ᠰᠠᠷ᠎ᠠ ᠶᠢᠨ ᠰᠡᠭᠦᠯᠴᠢ ᠶᠢᠨ ᠪᠦᠬᠦ ᠬᠤᠰᠢᠭᠤᠨ ᠤ ᠮᠠᠯ ᠤᠨ | ᠵᠣᠭᠰᠤᠭ᠎ᠠ ᠲᠤᠭ᠎ᠠ ᠨᠢ 193.28 ᠲᠦᠮᠡᠨ ᠲᠤᠭ᠎ᠠ ᠲᠣᠯᠣᠭᠠᠢ ᠪᠠᠶᠢᠵᠤ᠂ ᠡᠭᠦᠨ ᠳᠤ ᠦᠬᠡᠷ 29.45 ᠲᠦᠮᠡ᠂ | ᠬᠤᠨᠢ 157.1 ᠲᠦᠮᠡ᠂ ᠭᠠᠭ᠋ᠠᠢ 4.1 ᠲᠦᠮᠡ ᠪᠤᠢ᠃ ᠵᠤᠤ ᠤᠳᠠ ᠠᠯᠠᠰᠢᠨ ᠬᠤᠨᠢᠨ ᠤ ᠲᠤᠭ᠎ᠠ ᠶᠢ 85 | ᠲᠦᠮᠡ ᠳᠤ ᠲᠣᠭᠲᠠᠪᠤᠷᠢᠵᠢᠭᠤᠯᠵᠤ᠂ ᠰᠢᠯᠢᠳᠡᠭ ᠮᠠᠯ ᠲᠠᠷᠢᠶᠠᠯᠠᠩ ᠤᠨ ᠪᠦᠲᠦᠭᠡᠭᠳᠡᠬᠦᠨ ᠢ ᠲᠤᠰ ᠭᠠᠵᠠᠷ ᠲᠤ ᠨᠢ | ᠪᠣᠯᠪᠠᠰᠤᠷᠠᠭᠤᠯᠤᠨ ᠬᠤᠪᠢᠷᠠᠭᠤᠯᠬᠤ ᠨᠤᠷᠮ᠎ᠠ 51% ᠬᠦᠷᠴᠦ᠂ ᠭᠠᠵᠠᠷ ᠰᠢᠷᠤᠢ᠂ ᠬᠠᠳᠤᠯᠠᠩ ᠪᠡᠯᠴᠢᠭᠡᠷ ᠤᠨ | ᠡᠷᠬᠡ ᠶᠢ ᠰᠢᠯᠵᠢᠭᠦᠯᠦᠭᠰᠡᠨ ᠨᠤᠷᠮ᠎ᠠ 52% ᠠᠴᠠ ᠳᠡᠭᠡᠭᠰᠢ ᠪᠠᠶᠢᠵᠤ᠂ ᠮᠠᠯᠴᠢᠨ ᠲᠠᠷᠢᠶᠠᠴᠢᠳ ᠤᠨ ᠡᠯ᠎ᠡ | ᠲᠥᠷᠥᠯ ᠤᠨ ᠲᠤᠰᠬᠠᠢ ᠬᠤᠷᠰᠢᠶᠠᠵᠢᠯ ᠤᠨ ᠲᠤᠭ᠎ᠠ 744 ᠬᠦᠷᠦᠭᠰᠡᠨ ᠪᠠᠶᠢᠨ᠎ᠠ᠃ | | | | | | | | |