| | | | ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ ᠨᠢ ᠪᠠᠷᠤᠭ 102 ᠳ᠋ᠦᠩᠰᠢᠭᠤᠷ ᠲᠥᠭᠦᠷᠢᠭ | ᠬᠦᠷᠴᠦ᠂ ᠳᠡᠭᠡᠷ᠎ᠡ ᠵᠢᠯ ᠤᠨ ᠬᠢ ᠠᠴᠠ 3% ᠪᠠᠷ ᠨᠡᠮᠡᠭᠳᠡᠭᠰᠡᠨ ᠪᠠᠶᠢᠨ᠎ᠠ᠃ ᠲᠥᠷᠥᠯ ᠵᠦᠢᠯ ᠢᠶᠠᠷ ᠬᠡᠯᠪᠡᠷᠢ ᠶᠢ | ᠬᠤᠪᠢᠷᠠᠭᠤᠯᠬᠤ ᠶᠢ ᠳᠠᠶᠢᠴᠢᠯᠠᠨ ᠠᠬᠢᠭᠤᠯᠬᠤ ᠶᠢ ᠪᠠᠷᠢᠮᠲᠠᠯᠠᠵᠤ᠂ ᠭᠤᠸᠠᠩ ᠳ᠋ᠠ ᠠᠭᠤᠷᠬᠠᠢ ᠶᠢᠨ ᠦᠢᠯᠡᠰ ᠤᠨ | ᠮᠡᠷᠭᠡᠵᠢᠯ ᠤᠨ ᠥᠭᠡᠷᠡᠴᠢᠯᠡᠯᠲᠡ᠂ ᠳᠠᠷᠢ ᠶᠢᠨ ᠳᠠᠪᠠᠭ᠎ᠠ ᠶᠢᠨ ᠦᠯᠡᠳᠡᠭᠳᠡᠯ ᠬᠦᠳᠡᠷ ᠤᠨ ᠬᠥᠮᠥᠷᠭᠡ ᠶᠢ ᠶᠡᠷᠦᠩᠬᠡᠶᠢᠯᠡᠨ | ᠠᠰᠢᠭᠯᠠᠬᠤ᠂ ᠤᠯᠠᠭᠠᠨᠬᠠᠳᠠ ᠶᠢᠨ ᠪᠥᠸᠧ ᠶᠤᠸᠠᠨ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠶᠢᠨ ᠮᠡᠷᠭᠡᠵᠢᠯ ᠤᠨ | ᠥᠭᠡᠷᠡᠴᠢᠯᠡᠯᠲᠡ ᠶᠢᠨ ᠢᠨᠵᠧᠨᠧᠷᠢᠩ ᠵᠡᠷᠭᠡ ᠲᠥᠷᠥᠯ ᠵᠦᠢᠯ ᠤᠨ ᠪᠠᠷᠢᠯᠭ᠎ᠠ ᠶᠢᠨ ᠠᠵᠢᠯ ᠨᠢ ᠳᠠᠭᠤᠰᠤᠭᠰᠠᠨ ᠪᠠᠶᠢᠨ᠎ᠠ᠃ | ᠤᠯᠢᠶᠠᠰᠤᠲᠠᠢ ᠶᠢᠨ ᠯᠢᠲ᠋ᠢ ᠴᠠᠭᠠᠨ ᠲᠤᠭᠤᠯᠭ᠎ᠠ ᠡᠯᠪᠡᠭ ᠠᠭᠤᠯᠤᠭᠳᠠᠬᠤ ᠠᠭᠤᠷᠬᠠᠢ ᠶᠢᠨ ᠬᠦᠳᠡᠷ ᠰᠣᠩᠭᠤᠬᠤ᠂ | ᠶᠢᠨ ᠫᠧᠩ ᠤᠨ ᠵᠡᠭᠦᠨ ᠳᠠᠴᠢ ᠳᠠᠬᠢ ᠬᠠᠷ᠎ᠠ ᠲᠤᠭᠤᠯᠭ᠎ᠠ ᠴᠠᠶᠢᠷ ᠵᠡᠰ ᠤᠨ ᠬᠦᠳᠡᠷ ᠰᠣᠩᠭᠤᠬᠤ᠂ ᠺᠠᠢ ᠶᠤᠸᠠᠨ | ᠠᠭᠤᠷᠬᠠᠢ ᠶᠢᠨ ᠬᠦᠳᠡᠷ ᠰᠣᠩᠭᠤᠬᠤ ᠶᠢ ᠥᠷᠭᠡᠳᠬᠡᠨ ᠪᠠᠶᠢᠭᠤᠯᠬᠤ᠂ ᠳ᠋ᠠ ᠲᠠᠩ ᠨᠡᠭᠦᠷᠡᠰᠦ ᠶᠢ ᠬᠡᠶᠢᠵᠢᠭᠦᠯᠬᠦ ᠶᠢᠨ | ᠶᠡᠷᠦᠩᠬᠡᠶᠢᠯᠡᠭᠰᠡᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠯᠠᠪᠳᠠᠭᠤᠨ ᠪᠠᠲᠤᠲᠠᠢ ᠠᠬᠢᠭᠤᠯᠵᠤ᠂ | ᠲᠢᠶᠠᠨ ᠿᠦᠨ ᠰᠢᠨ ᠨᠧᠩ ᠺᠣᠮᠫᠠᠨᠢ ᠶᠢᠨ ᠰᠢᠨ ᠺᠠᠢ ᠳ᠋ᠢ ᠳᠠᠬᠢ ᠰᠠᠯᠬᠢᠨ ᠴᠠᠬᠢᠯᠭᠠᠨ᠂ ᠬᠤᠸᠠ ᠨᠧᠩ ᠺᠣᠮᠫᠠᠨᠢ ᠶᠢᠨ | ᠱᠦ ᠱᠧᠩ ᠳᠠᠬᠢ ᠬᠤᠶᠠᠳᠤᠭᠠᠷ ᠬᠤᠭᠤᠴᠠᠭᠠᠨ ᠤ ᠰᠠᠯᠬᠢᠨ ᠴᠠᠬᠢᠯᠭᠠᠨ᠂ ᠵᠦᠩ ᠺᠧ ᠲᠢᠶᠠᠨ ᠳ᠋ᠣᠣ ᠺᠣᠮᠫᠠᠨᠢ ᠶᠢᠨ | ᠬᠤᠩᠭᠤ ᠶᠢᠨ ᠳᠠᠪᠠᠭ᠎ᠠ ᠳᠠᠬᠢ ᠬᠤᠶᠠᠳᠤᠭᠠᠷ ᠬᠤᠭᠤᠴᠠᠭᠠᠨ ᠤ ᠰᠠᠯᠬᠢᠨ ᠴᠠᠬᠢᠯᠭᠠᠨ ᠤ ᠲᠥᠷᠥᠯ ᠵᠦᠢᠯ ᠤᠨ | ᠪᠠᠷᠢᠯᠭ᠎ᠠ ᠶᠢᠨ ᠠᠵᠢᠯ ᠢ ᠶᠠᠭ ᠲᠦᠷᠭᠡᠳᠬᠡᠨ ᠬᠢᠵᠦ ᠪᠤᠢ᠃ ᠳ᠋ᠠ ᠲᠠᠩ ᠨᠡᠭᠦᠷᠡᠰᠦ ᠶᠢ ᠬᠡᠶᠢᠵᠢᠭᠦᠯᠬᠦ ᠲᠥᠷᠥᠯ | ᠵᠦᠢᠯ ᠤᠨ 80 ᠲᠣᠨ ᠤ ᠮᠧᠲᠢᠯ ᠠᠯᠺᠤᠤᠯ᠂ 40 ᠲᠣᠨ ᠤ ᠡᠲ᠋ᠠᠨᠳᠢᠤᠯ ᠤᠨ ᠣᠷᠬᠢᠯ ᠬᠤᠭᠤᠴᠠᠭᠠᠨ ᠳᠤ | ᠲᠣᠬᠢᠷᠠᠭᠤᠯᠬᠤ ᠲᠥᠷᠥᠯ ᠵᠦᠢᠯ ᠨᠢ ᠬᠤᠲᠠ ᠶᠢᠨ ᠠᠵᠤ ᠠᠬᠤᠢ ᠬᠢᠭᠡᠳ ᠮᠡᠳᠡᠭᠡ ᠵᠠᠩᠭᠢᠵᠢᠯᠲᠠ ᠶᠢᠨ ᠵᠥᠪᠯᠡᠯ ᠳᠤ | ᠳᠠᠩᠰᠠᠯᠠᠭᠤᠯᠵᠤ᠂ ᡁᠢ ᠿᠦᠢ ᠶᠢᠨ ᠤᠰᠤ ᠲᠠᠲᠠᠨ ᠡᠨᠧᠷᠭᠢ ᠠᠷᠪᠢᠯᠠᠬᠤ ᠴᠠᠬᠢᠯᠭᠠᠨ ᠥᠷᠲᠡᠭᠡ ᠶᠢᠨ ᠲᠥᠷᠥᠯ ᠵᠦᠢᠯ | ᠨᠢ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠬᠢᠭᠡᠳ ᠥᠭᠡᠷᠡᠴᠢᠯᠡᠯᠲᠡ ᠶᠢᠨ ᠵᠥᠪᠯᠡᠯ ᠳᠤ ᠬᠢᠨᠠᠨ | ᠵᠥᠪᠰᠢᠶᠡᠷᠡᠭᠳᠡᠭᠰᠡᠨ ᠪᠠᠶᠢᠨ᠎ᠠ᠃ |