| | | | | ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ ᠢ ᠵᠢᠱᠢᠭᠰᠡᠨ ᠢᠶᠠᠷ 40 ᠳ᠋ᠦᠩᠰᠢᠭᠤᠷ ᠲᠥᠭᠦᠷᠢᠭ | ᠪᠡᠶᠡᠯᠡᠭᠦᠯᠵᠦ᠂ ᠳᠡᠭᠡᠷ᠎ᠡ ᠵᠢᠯ ᠤᠨ ᠬᠢ ᠠᠴᠠ 7% ᠣᠷᠴᠢᠮ ᠨᠡᠮᠡᠭᠳᠡᠭᠰᠡᠨ ᠪᠠᠶᠢᠨ᠎ᠠ᠃ ᠬᠡᠷᠡᠭᠯᠡᠭᠡ ᠶᠢᠨ ᠵᠦᠢᠯ ᠤᠨ | ᠵᠠᠬ᠎ᠠ ᠳᠡᠯᠭᠡᠭᠦᠷ ᠦᠷᠭᠦᠯᠵᠢᠯᠡᠨ ᠬᠥᠭᠵᠢᠶᠡᠨᠲᠡᠢ ᠪᠠᠶᠢᠵᠤ᠂ ᠬᠤᠨᠤᠭ ᠪᠠᠭᠤᠳᠠᠯ ᠢᠳᠡᠭᠡᠨ ᠤᠮᠳᠠᠭᠠᠨ ᠤ ᠦᠢᠯᠡᠰ ᠪᠠ | ᠲᠣᠮᠣ ᠬᠡᠯᠪᠡᠷᠢ ᠶᠢᠨ ᠠᠷᠠᠯᠵᠢᠶ᠎ᠠ ᠬᠤᠳᠠᠯᠳᠤᠭᠠᠨ ᠤ ᠦᠢᠯᠡᠰ ᠤᠨ ᠬᠥᠭᠵᠢᠯᠲᠡ ᠶᠢᠨ ᠬᠤᠷᠳᠤᠴᠠ ᠨᠢ ᠲᠠᠰᠤᠷᠠᠯᠲᠠ | ᠦᠭᠡᠢ ᠨᠡᠮᠡᠭᠳᠡᠨ ᠳᠡᠰ ᠳᠡᠪᠰᠢᠵᠦ᠂ ᠢᠨᠲ᠋ᠧᠷ ᠰᠦᠯᠵᠢᠶ᠎ᠡ ᠰᠢᠨ᠎ᠡ ᠪᠠᠷ ᠲᠦᠷᠭᠡᠨ ᠬᠥᠭᠵᠢᠵᠦ᠂ ᠡᠯᠧᠺᠲᠷᠣᠨ | ᠬᠤᠳᠠᠯᠳᠤᠭᠠᠨ ᠤ ᠰᠣᠯᠢᠯᠴᠠᠭ᠎ᠠ 4 ᠳ᠋ᠦᠩᠰᠢᠭᠤᠷ ᠲᠥᠭᠦᠷᠢᠭ ᠢ ᠳᠠᠪᠠᠵᠤ᠂ ᠰᠦᠯᠵᠢᠶᠡᠨ ᠳᠡᠭᠡᠷᠡᠬᠢ ᠳᠡᠯᠭᠡᠭᠦᠷ | ᠬᠤᠳᠠᠯᠳᠤᠭ᠎ᠠ ᠶᠢᠨ ᠲᠤᠭ᠎ᠠ 1311 ᠬᠦᠷᠦᠭᠰᠡᠨ ᠪᠠᠶᠢᠨ᠎ᠠ᠃ ᠨᠡᠶᠢᠭᠡᠮ ᠤᠨ ᠬᠡᠷᠡᠭᠯᠡᠭᠡ ᠶᠢᠨ ᠵᠦᠢᠯ ᠢ ᠵᠢᠵᠢᠭᠯᠡᠨ | ᠪᠣᠷᠣᠯᠠᠭᠤᠯᠤᠭᠰᠠᠨ ᠶᠡᠷᠦᠩᠬᠡᠢ ᠥᠷᠲᠡᠭ ᠢ 35.7 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 8.3% ᠪᠠᠷ ᠨᠡᠮᠡᠭᠳᠡᠭᠰᠡᠨ ᠪᠠᠶᠢᠨ᠎ᠠ᠃ ᠵᠢᠭᠤᠯᠴᠢᠯᠠᠯ ᠤᠨ ᠦᠢᠯᠡᠰ ᠤᠨ ᠰᠠᠭᠤᠷᠢ | ᠲᠥᠬᠦᠭᠡᠷᠦᠮᠵᠢ ᠲᠠᠰᠤᠷᠠᠯᠲᠠ ᠦᠭᠡᠢ ᠲᠡᠭᠦᠯᠳᠡᠷᠵᠢᠵᠦ᠂ ᠭᠠᠯᠳᠠᠰᠤᠲᠠᠢ ᠶᠢᠨ ᠬᠠᠯᠠᠭᠤᠨ ᠷᠠᠰᠢᠶᠠᠨ ᠤ ᠠᠮᠠᠷᠠᠯᠲᠠ ᠶᠢᠨ | ᠲᠣᠭᠤᠷᠢᠭ ᠤᠨ ᠲᠥᠷᠥᠯ ᠵᠦᠢᠯ ᠪᠣᠯᠣᠨ ᠬᠡᠰᠢᠭᠲᠡᠨ ᠤ ᠴᠢᠯᠠᠭᠤᠨ ᠰᠢᠭᠤᠢ ᠶᠢᠨ 5A ᠳᠡᠰ ᠵᠡᠷᠭᠡ ᠲᠥᠷᠥᠯ | ᠵᠦᠢᠯ ᠤᠨ ᠪᠠᠷᠢᠯᠭ᠎ᠠ ᠶᠢᠨ ᠠᠵᠢᠯ ᠨᠢ ᠴᠥᠮ ᠳᠠᠭᠤᠰᠤᠭᠰᠠᠨ ᠪᠠᠶᠢᠨ᠎ᠠ᠃ ᠤᠯᠤᠰ ᠤᠨ ᠪᠦᠬᠦ ᠣᠷᠣᠨ ᠬᠡᠪᠴᠢᠶᠡᠨ ᠤ | ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠣᠭᠤᠷᠢᠭ᠂ ᠤᠯᠠᠭᠠᠨᠪᠤᠲᠤᠩ ᠤᠨ ᠤᠯᠤᠰ ᠤᠨ ᠳᠡᠰ ᠤᠨ ᠵᠢᠭᠤᠯᠴᠢᠯᠠᠯ | ᠠᠮᠠᠷᠠᠯᠲᠠ ᠶᠢᠨ ᠲᠣᠭᠤᠷᠢᠭ ᠢ ᠴᠣᠭᠴᠠᠯᠠᠬᠤ ᠠᠵᠢᠯ ᠢ ᠶᠠᠭ ᠯᠠᠪᠳᠠᠭᠤᠨ ᠪᠠᠲᠤᠲᠠᠢ ᠬᠡᠷᠡᠭᠵᠢᠭᠦᠯᠵᠦ ᠪᠤᠢ᠃ | ᠭᠤᠷᠪᠠᠳᠤᠭᠠᠷ ᠬᠤᠭᠤᠴᠠᠭᠠᠨ ᠤ ᠴᠠᠭᠠᠯᠵᠢ ᠵᠢᠭᠠᠰᠤ ᠤᠷᠤᠰᠬᠠᠯ ᠥᠭᠰᠥᠬᠦ ᠵᠢᠴᠢ ᠠᠯᠲᠠᠨ ᠬᠠᠷᠠᠪᠤᠷ ᠴᠡᠴᠡᠭ | ᠰᠣᠨᠢᠷᠬᠠᠬᠤ ᠨᠠᠶᠢᠷ᠂ ᠬᠡᠰᠢᠭᠲᠡᠨ ᠬᠤᠰᠢᠭᠤᠨ ᠤ ᠲᠠᠯ᠎ᠠ ᠨᠤᠲᠤᠭ ᠤᠨ ᠳᠠᠭᠤᠤ ᠬᠥᠭᠵᠢᠮ ᠤᠨ ᠪᠠᠶᠠᠷ᠂ ᠳᠠᠯᠠᠢ | ᠨᠠᠭᠤᠷ ᠢ ᠲᠣᠭᠤᠷᠢᠭᠰᠠᠨ ᠳᠤᠭᠤᠢ ᠲᠡᠷᠭᠡ ᠶᠢᠨ ᠤᠷᠢᠯᠭ᠎ᠠ ᠶᠢᠨ ᠤᠷᠤᠯᠳᠤᠭᠠᠨ᠂ ᠡᠪᠦᠯ ᠤᠨ ᠤᠯᠠᠷᠢᠯ ᠤᠨ | ᠵᠢᠭᠤᠯᠴᠢᠯᠠᠯ ᠤᠨ ᠨᠠᠶᠢᠷ ᠵᠡᠷᠭᠡ ᠠᠵᠢᠯᠯᠠᠭᠠᠨ ᠢ ᠠᠮᠵᠢᠯᠲᠠ ᠲᠠᠢ ᠡᠷᠬᠢᠯᠡᠭᠰᠡᠨ ᠪᠠᠶᠢᠨ᠎ᠠ᠃ 2017 ᠣᠨ ᠳᠤ | ᠤᠯᠤᠰ ᠤᠨ ᠳᠣᠲᠣᠭᠠᠳᠤ ᠭᠠᠳᠠᠭᠠᠳᠤ ᠶᠢᠨ ᠵᠢᠭᠤᠯᠴᠢᠯᠠᠭᠴᠢᠳ ᠢ 520 ᠲᠦᠮᠡᠨ ᠬᠥᠮᠥᠨ ᠤᠳᠠᠭ᠎ᠠ ᠬᠦᠯᠢᠶᠡᠨ | ᠵᠣᠴᠢᠯᠠᠵᠤ᠂ ᠠᠳᠠᠯᠢ ᠬᠤᠭᠤᠴᠠᠭᠠᠨ ᠤ ᠬᠢ ᠠᠴᠠ 10.6% ᠪᠠᠷ ᠨᠡᠮᠡᠭᠳᠡᠭᠰᠡᠨ ᠪᠠᠶᠢᠨ᠎ᠠ︔ ᠵᠢᠭᠤᠯᠴᠢᠯᠠᠯ ᠤᠨ | ᠶᠡᠷᠦᠩᠬᠡᠶᠢᠯᠡᠭᠰᠡᠨ ᠣᠷᠣᠯᠭ᠎ᠠ ᠶᠢ 50 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ | ᠬᠢ ᠠᠴᠠ 11.6% ᠪᠠᠷ ᠨᠡᠮᠡᠭᠳᠡᠭᠰᠡᠨ ᠪᠠᠶᠢᠨ᠎ᠠ᠃ ᠮᠥᠩᠭᠦᠨ ᠭᠦᠢᠯᠭᠡᠭᠡᠨ ᠤ ᠳᠠᠭᠠᠳᠬᠠᠯ ᠤᠨ ᠦᠢᠯᠡᠴᠢᠯᠡᠭᠡ ᠶᠢᠨ | ᠦᠢᠯᠡᠰ ᠲᠣᠭᠲᠠᠭᠤᠨ ᠢᠶᠠᠷ ᠬᠥᠭᠵᠢᠵᠦ᠂ 2017 ᠣᠨ ᠤ ᠡᠴᠦᠰ ᠤᠨ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠡᠯ᠎ᠡ ᠲᠥᠷᠥᠯ ᠤᠨ ᠬᠠᠳᠠᠭᠠᠯᠠᠮᠵᠢ ᠶᠢᠨ ᠦᠯᠡᠳᠡᠪᠦᠷᠢ ᠲᠤᠭ᠎ᠠ ᠪᠣᠯᠣᠨ ᠵᠢᠭᠡᠯᠡᠯᠭᠡ ᠶᠢᠨ | ᠦᠯᠡᠳᠡᠪᠦᠷᠢ ᠲᠤᠭ᠎ᠠ ᠨᠢ ᠲᠣᠰᠪᠤᠷᠢ 74.68 ᠳ᠋ᠦᠩᠰᠢᠭᠤᠷ ᠲᠥᠭᠦᠷᠢᠭ ᠪᠠ 77.72 ᠳ᠋ᠦᠩᠰᠢᠭᠤᠷ ᠲᠥᠭᠦᠷᠢᠭ | ᠪᠠᠶᠢᠵᠤ᠂ ᠵᠢᠯ ᠤᠨ ᠡᠬᠢᠨ ᠤ ᠬᠢ ᠠᠴᠠ ᠲᠤᠰᠪᠦᠷᠢ 6.82 ᠳ᠋ᠦᠩᠰᠢᠭᠤᠷ ᠲᠥᠭᠦᠷᠢᠭ ᠪᠠ 10.01 ᠳ᠋ᠦᠩᠰᠢᠭᠤᠷ | ᠲᠥᠭᠦᠷᠢᠭ ᠨᠡᠮᠡᠭᠳᠡᠭᠰᠡᠨ ᠪᠠᠶᠢᠨ᠎ᠠ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠲᠣᠭᠲᠠᠭᠤᠨ ᠢᠶᠠᠷ ᠬᠥᠭᠵᠢᠵᠦ᠂ | ᠪᠦᠬᠦ ᠵᠢᠯ ᠤᠨ ᠪᠠᠷᠠᠭ᠎ᠠ ᠶᠢᠨ ᠲᠡᠭᠡᠭᠡᠪᠦᠷᠢ ᠶᠢᠨ ᠬᠡᠮᠵᠢᠶ᠎ᠡ ᠨᠢ 132 ᠲᠦᠮᠡᠨ ᠲᠣᠨ ᠬᠦᠷᠴᠦ᠂ ᠠᠶᠠᠨᠴᠢᠳ ᠤᠨ | ᠵᠥᠭᠡᠭᠡᠪᠦᠷᠢ ᠶᠢᠨ ᠬᠡᠮᠵᠢᠶ᠎ᠡ ᠨᠢ 29.2 ᠲᠦᠮᠡᠨ ᠬᠥᠮᠥᠨ ᠤᠳᠠᠭ᠎ᠠ ᠬᠦᠷᠦᠭᠰᠡᠨ ᠪᠠᠶᠢᠨ᠎ᠠ᠃ | | | | | | |