| | ᠣᠶᠢᠵᠢᠭᠤᠯᠤᠯᠲᠠ ᠶᠢ 7.8 ᠲᠦᠮᠡᠨ ᠮᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠣᠢ ᠰᠢᠭᠤᠢ ᠶᠢᠨ | ᠬᠠᠮᠠᠭᠠᠯᠠᠯᠲᠠ ᠶᠢ 687.3 ᠲᠦᠮᠡᠨ ᠮᠦ᠂ ᠨᠤᠭᠤ ᠭᠠᠵᠠᠷ ᠤᠨ ᠬᠠᠮᠠᠭᠠᠯᠠᠯᠲᠠ ᠶᠢ 175 ᠲᠦᠮᠡᠨ ᠮᠦ᠂ | ᠭᠤᠣᠯᠳᠠᠯᠭ᠎ᠠ ᠲᠠᠢ ᠣᠷᠣᠨ ᠬᠡᠪᠴᠢᠶ᠎ᠡ ᠶᠢᠨ ᠨᠣᠭᠤᠭᠠᠷᠠᠭᠤᠯᠤᠯᠲᠠ ᠶᠢ 1.2 ᠲᠦᠮᠡᠨ ᠮᠦ ᠰᠢᠨ᠎ᠡ ᠪᠠᠷ ᠨᠡᠮᠡᠭᠳᠡᠭᠦᠯᠵᠦ᠂ | ᠣᠢ ᠰᠢᠭᠤᠢ ᠶᠢᠨ ᠪᠦᠷᠬᠦᠴᠡ ᠶᠢᠨ ᠨᠤᠷᠮ᠎ᠠ 35.62% ᠬᠦᠷᠦᠭᠰᠡᠨ ᠪᠠᠶᠢᠨ᠎ᠠ᠃ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠬᠦᠴᠦᠯᠡᠴᠡ ᠦᠷᠭᠦᠯᠵᠢᠯᠡᠨ ᠨᠡᠮᠡᠭᠳᠡᠭᠰᠡᠨ ᠪᠠᠶᠢᠨ᠎ᠠ᠃ ᠠᠭᠠᠷ ᠮᠠᠨᠳᠠᠯ ᠤᠨ ᠪᠣᠬᠢᠷᠲᠤᠯ ᠢ | ᠰᠡᠷᠭᠡᠶᠢᠯᠡᠨ ᠵᠠᠰᠠᠬᠤ ᠡᠭᠦᠷᠭᠡ ᠶᠢ ᠪᠦᠲᠦᠮᠵᠢᠲᠡᠢ ᠨᠠᠶᠢᠳᠠᠪᠤᠷᠢᠵᠢᠭᠤᠯᠵᠤ᠂ ᠨᠡᠭᠦᠷᠡᠰᠦ ᠲᠦᠯᠡᠬᠦ ᠵᠤᠤᠬ᠎ᠠ ᠶᠢᠨ ᠤᠳᠤᠭ᠎ᠠ | ᠲᠣᠭᠤᠰᠣ ᠶᠢ ᠠᠷᠢᠯᠭᠠᠨ ᠥᠭᠡᠷᠡᠴᠢᠯᠡᠨ ᠰᠠᠶᠢᠵᠢᠷᠠᠭᠤᠯᠬᠤ ᠲᠥᠷᠥᠯ ᠵᠦᠢᠯ ᠤᠨ ᠵᠤᠤᠬ᠎ᠠ ᠶᠢ 45 ᠰᠠᠭᠤᠷᠢ | ᠪᠡᠶᠡᠯᠡᠭᠦᠯᠵᠦ᠂ ᠨᠡᠭᠦᠷᠡᠰᠦ ᠲᠦᠯᠡᠬᠦ ᠵᠤᠤᠬ᠎ᠠ ᠶᠢᠨ ᠬᠦᠬᠦᠷ ᠦᠭᠡᠶᠢᠳᠡᠭᠦᠯᠦᠨ ᠥᠭᠡᠷᠡᠴᠢᠯᠡᠨ ᠰᠠᠶᠢᠵᠢᠷᠠᠭᠤᠯᠬᠤ | ᠢᠨᠵᠧᠨᠧᠷᠢᠩ ᠤᠨ ᠲᠥᠷᠥᠯ ᠵᠦᠢᠯ ᠤᠨ ᠵᠤᠤᠬ᠎ᠠ ᠶᠢ 50 ᠰᠠᠭᠤᠷᠢ ᠪᠡᠶᠡᠯᠡᠭᠦᠯᠦᠭᠰᠡᠨ ᠪᠠᠶᠢᠨ᠎ᠠ᠃ ᠪᠦᠬᠦ | ᠬᠤᠰᠢᠭᠤᠨ ᠤ 10 ᠲᠣᠨ ᠠᠴᠠ ᠳᠣᠷᠣᠭᠰᠢᠬᠢ ᠨᠡᠭᠦᠷᠡᠰᠦ ᠲᠦᠯᠡᠬᠦ ᠵᠤᠤᠬ᠎ᠠ ᠶᠢ ᠴᠡᠪᠡᠷᠯᠡᠭᠰᠡᠨ ᠨᠤᠷᠮ᠎ᠠ ᠨᠢ | 100% ᠳᠤ ᠬᠦᠷᠦᠭᠰᠡᠨ ᠪᠠᠶᠢᠨ᠎ᠠ᠃ ᠵᠢᠯ ᠤᠨ ᠬᠢᠮᠢ ᠶᠢᠨ ᠬᠦᠴᠢᠯᠲᠥ᠋ᠷᠥᠭᠴᠢ ᠬᠡᠷᠡᠭᠰᠡᠬᠦ ᠬᠡᠮᠵᠢᠶ᠎ᠡ ᠶᠢ 877.46 | ᠲᠣᠨ ᠬᠠᠰᠤᠭᠳᠠᠭᠤᠯᠵᠤ᠂ ᠰᠢᠪᠲᠦᠷᠲᠦ ᠠᠽᠣᠲ ᠶᠢ 186.7 ᠲᠣᠨ ᠬᠠᠰᠤᠭᠳᠠᠭᠤᠯᠤᠭᠰᠠᠨ ᠪᠠᠶᠢᠨ᠎ᠠ᠃ ᠨᠤᠲᠤᠭ | ᠪᠡᠯᠴᠢᠭᠡᠷ ᠤᠨ ᠵᠠᠰᠠᠯᠲᠠ ᠪᠠ ᠬᠠᠮᠠᠭᠠᠯᠠᠯᠲᠠ ᠶᠢᠨ ᠬᠦᠴᠦᠯᠡᠴᠡ ᠦᠷᠭᠦᠯᠵᠢᠯᠡᠨ ᠴᠢᠩᠭᠠᠷᠠᠵᠤ᠂ ᠨᠤᠲᠤᠭ ᠪᠡᠯᠴᠢᠭᠡᠷ ᠤᠨ | ᠬᠤᠯᠤᠭᠠᠨ᠎ᠠ ᠶᠢᠨ ᠬᠥᠨᠥᠭᠡᠯ ᠢ ᠵᠠᠰᠠᠭᠰᠠᠨ ᠲᠠᠯᠠᠪᠠᠢ 48.6 ᠲᠦᠮᠡᠨ ᠮᠦ ᠬᠦᠷᠦᠭᠰᠡᠨ ᠪᠠᠶᠢᠨ᠎ᠠ᠃ ᠪᠢᠲᠡᠭᠦᠮᠵᠢᠯᠡᠨ | ᠰᠡᠷᠭᠦᠭᠡᠵᠦ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠬᠦᠴᠦᠯᠡᠴᠡ | ᠦᠷᠭᠦᠯᠵᠢᠯᠡᠨ ᠨᠡᠮᠡᠭᠳᠡᠵᠦ᠂ ᠪᠡᠯᠴᠢᠭᠡᠷᠯᠡᠭᠦᠯᠬᠦ ᠶᠢ ᠴᠠᠭᠠᠵᠠᠯᠠᠨ ᠰᠡᠯᠭᠦᠨ ᠪᠡᠯᠴᠢᠭᠡᠷᠯᠡᠭᠦᠯᠦᠭᠰᠡᠨ ᠲᠠᠯᠠᠪᠠᠢ2515.31 | ᠲᠦᠮᠡᠨ ᠮᠦ ᠬᠦᠷᠴᠦ᠂ ᠪᠢᠲᠡᠭᠦᠮᠵᠢᠯᠡᠨ ᠰᠡᠷᠭᠦᠭᠡᠵᠦ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠮᠠᠯ ᠪᠡᠯᠴᠢᠭᠡᠷ ᠢ | ᠲᠡᠩᠴᠡᠭᠦᠷᠢᠰᠢᠭᠦᠯᠬᠦ ᠲᠣᠭᠲᠠᠭᠠᠯ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠬᠡᠭᠰᠡᠨ ᠵᠠᠰᠠᠭ ᠵᠠᠬᠢᠷᠭᠠᠨ ᠤ | ᠲᠣᠷᠭᠠᠭᠤᠯᠢ ᠶᠢᠨ ᠮᠥᠩᠭᠦ ᠶᠢ 1276 ᠲᠦᠮᠡᠨ ᠲᠥᠭᠦᠷᠢᠭ ᠲᠣᠷᠭᠠᠨ ᠬᠤᠷᠢᠶᠠᠵᠤ᠂ ᠭᠠᠳᠠᠨ᠎ᠠ ᠶᠢᠨ ᠮᠠᠯ ᠢ 54 | ᠲᠦᠮᠡᠨ ᠲᠤᠭ᠎ᠠ ᠲᠣᠯᠣᠭᠠᠢ ᠬᠤᠷᠢᠭᠯᠠᠨ ᠢᠳᠬᠠᠨ ᠪᠤᠴᠠᠭᠠᠵᠤ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ | 43.31% ᠬᠦᠷᠦᠭᠰᠡᠨ ᠪᠠᠶᠢᠨ᠎ᠠ᠃ |