2017 ᠤᠨ ᠤ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ
ᠨᠡᠶᠢᠲᠡᠯᠡᠭᠰᠡᠨ ᠴᠠᠭ᠄
2018/11/15
        ᠪᠢᠷᠠᠭᠤ ᠪᠠᠯᠭᠠᠰᠤ ᠶᠢᠨ ᠶᠡᠷᠦᠩᠬᠡᠢ ᠲᠥᠯᠥᠪᠵᠢᠭᠦᠯᠭᠡ᠂ ᠭᠤᠣᠯ ᠤᠨ ᠪᠠᠷᠠᠭᠤᠨᠳᠠᠬᠢ ᠲᠣᠭᠤᠷᠢᠭ ᠤᠨ ᠬᠢᠵᠠᠭᠠᠷᠯᠠᠬᠤ ᠴᠢᠨᠠᠷᠲᠠᠢ ᠨᠠᠷᠢᠯᠢᠭ ᠲᠥᠯᠥᠪᠵᠢᠭᠦᠯᠭᠡ ᠵᠢᠴᠢ ᠨᠤᠭᠤ ᠭᠠᠵᠠᠷ ᠤᠨ ᠴᠡᠴᠡᠷᠯᠢᠭ ᠵᠡᠷᠭᠡ ᠲᠤᠰᠬᠠᠢ ᠲᠥᠷᠥᠯ ᠤᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠪᠠᠯᠭᠠᠰᠤᠨ ᠲᠣᠭᠤᠷᠢᠭ ᠤᠨ ᠨᠣᠭᠤᠭᠠᠷᠠᠭᠤᠯᠤᠯᠲᠠ ᠶᠢ 55 ᠲᠦᠮᠡᠨ ᠲᠡᠭᠰᠢ ᠳᠥᠷᠪᠡᠯᠵᠢᠨ ᠮᠧᠲᠷ ᠪᠡᠶᠡᠯᠡᠭᠦᠯᠦᠭᠰᠡᠨ ᠪᠠᠶᠢᠨ᠎ᠠ᠃ ᠯᠢ ᠾᠧ ᠢᠯᠴᠢ ᠴᠠᠬᠢᠯᠭᠠᠨ ᠤ ᠬᠤᠯᠪᠣᠭᠠᠲᠤ ᠦᠢᠯᠡᠳᠪᠦᠷᠢᠯᠡᠯ ᠤᠨ ᠲᠥᠷᠥᠯ ᠵᠦᠢᠯ ᠨᠢ ᠨᠢᠭᠡᠨᠲᠡ ᠴᠢᠯᠠᠭᠤ ᠰᠢᠷᠣᠢ ᠶᠢᠨ ᠪᠠᠷᠢᠯᠭ᠎ᠠ ᠶᠢᠨ ᠢᠨᠵᠧᠨᠧᠷᠢᠩ ᠢ ᠪᠡᠶᠡᠯᠡᠭᠦᠯᠬᠦ ᠶᠢᠨ ᠬᠠᠮᠲᠤ ᠭᠤᠣᠯ ᠴᠣᠭᠴᠠ ᠶᠢᠨ ᠲᠥᠬᠦᠭᠡᠷᠦᠮᠵᠢ ᠶᠢ ᠤᠭᠰᠠᠷᠠᠬᠤ ᠠᠵᠢᠯ ᠢ ᠶᠠᠪᠤᠭᠳᠠᠭᠤᠯᠵᠤ᠂ ᠪᠢᠷᠠᠭᠤ ᠪᠠᠯᠭᠠᠰᠤ ᠶᠢᠨ ᠢᠯᠴᠢ ᠶᠢ ᠲᠥᠪᠯᠡᠷᠡᠭᠦᠯᠦᠨ ᠬᠠᠩᠭᠠᠬᠤ ᠥᠨᠳᠥᠷ ᠳᠤᠯᠠᠭᠠᠴᠠᠲᠤ ᠤᠰᠤᠨ ᠤ ᠭᠤᠣᠯ ᠬᠤᠭᠤᠯᠠᠢ ᠶᠢᠨ ᠲᠣᠣᠷᠵᠢᠯ᠂ ᠬᠤᠶᠠᠳᠤᠭᠠᠷ ᠵᠡᠷᠭᠡ ᠶᠢᠨ ᠬᠤᠭᠤᠯᠠᠢ ᠶᠢᠨ ᠲᠣᠣᠷᠵᠢᠯ ᠤᠨ ᠢᠯᠴᠢ ᠰᠣᠯᠢᠯᠴᠠᠭᠤᠯᠬᠤ ᠥᠷᠲᠡᠭᠡ ᠶᠢᠨ ᠢᠨᠵᠧᠨᠧᠷᠢᠩ ᠪᠣᠯᠣᠨ ᠪᠢᠷᠠᠭᠤ ᠪᠠᠯᠭᠠᠰᠤ ᠶᠢᠨ ᠤᠰᠤ ᠬᠠᠩᠭᠠᠬᠤ ᠭᠤᠣᠯ ᠴᠣᠭᠴᠠ ᠶᠢᠨ ᠢᠨᠵᠧᠨᠧᠷᠢᠩ ᠤᠨ ᠪᠠᠷᠢᠯᠭ᠎ᠠ ᠶᠢᠨ ᠠᠵᠢᠯ ᠢ ᠨᠢᠭᠡᠨᠲᠡ ᠪᠡᠶᠡᠯᠡᠭᠦᠯᠵᠦ᠂ ᠪᠠᠶᠢᠰᠢᠩ ᠭᠡᠷ ᠤᠨ ᠲᠣᠭᠤᠷᠢᠭ ᠢ ᠥᠭᠡᠷᠡᠴᠢᠯᠡᠨ ᠰᠠᠶᠢᠵᠢᠷᠠᠭᠤᠯᠬᠤ ᠠᠵᠢᠯ ᠤᠨ ᠵᠣᠭᠤᠰ ᠮᠥᠩᠭᠦ ᠥᠭᠴᠦ ᠲᠥᠪᠬᠢᠨᠡᠭᠦᠯᠬᠦ ᠶᠢ 677 ᠢᠵᠢ ᠪᠡᠶᠡᠯᠡᠭᠦᠯᠦᠭᠰᠡᠨ ᠪᠠᠶᠢᠨ᠎ᠠ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号