| | | | | ᠬᠤᠲᠠ ᠪᠠᠯᠭᠠᠰᠤᠨ ᠳᠤ 1503 ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠡᠭᠦᠨ ᠳᠤ ᠠᠵᠢᠯ | ᠠᠯᠳᠠᠭᠰᠠᠨ 285 ᠬᠥᠮᠥᠨ ᠳᠤ ᠳᠠᠬᠢᠨ ᠠᠵᠢᠯ ᠣᠯᠭᠤᠵᠤ᠂ ᠠᠵᠢᠯ ᠣᠯᠬᠤ ᠳᠤ ᠬᠦᠴᠢᠷᠲᠡᠢ 276 ᠬᠥᠮᠥᠨ ᠳᠤ | ᠳᠠᠬᠢᠨ ᠠᠵᠢᠯ ᠣᠯᠭᠤᠬᠤ ᠶᠢ ᠪᠡᠶᠡᠯᠡᠭᠦᠯᠵᠦ᠂ ᠬᠤᠲᠠ ᠪᠠᠯᠭᠠᠰᠤ ᠶᠢᠨ ᠠᠵᠢᠯ ᠠᠯᠳᠠᠭᠰᠠᠨ ᠢᠶᠠᠷ ᠳᠠᠩᠰᠠᠯᠠᠭᠰᠠᠨ | ᠨᠤᠷᠮ᠎ᠠ ᠶᠢ 3% ᠶᠢᠨ ᠳᠣᠲᠣᠷ᠎ᠠ ᠬᠢᠵᠠᠭᠠᠷᠯᠠᠭᠰᠠᠨ ᠪᠠᠶᠢᠨ᠎ᠠ᠃ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ | ᠬᠦᠴᠦ ᠶᠢ ᠰᠢᠯᠵᠢᠭᠦᠯᠦᠨ ᠠᠵᠢᠯ ᠣᠯᠭᠤᠬᠤ ᠶᠢ 40158 ᠬᠥᠮᠥᠨ ᠳᠤ ᠪᠡᠶᠡᠯᠡᠭᠦᠯᠵᠦ᠂ ᠬᠥᠳᠡᠯᠮᠦᠷᠢ | ᠦᠢᠯᠡᠴᠢᠯᠡᠭᠡ ᠶᠢᠨ ᠣᠷᠣᠯᠭ᠎ᠠ ᠨᠢ 6 ᠳ᠋ᠦᠩᠰᠢᠭᠤᠷ ᠲᠥᠭᠦᠷᠢᠭ ᠲᠤ ᠬᠦᠷᠦᠭᠰᠡᠨ ᠪᠠᠶᠢᠨ᠎ᠠ᠃ ᠠᠵᠢᠯ ᠠᠯᠳᠠᠬᠤ | ᠳᠠᠭᠠᠳᠬᠠᠯ ᠤᠨ ᠰᠦᠢᠳᠬᠡᠯ ᠲᠤᠰᠢᠶᠠᠭᠰᠠᠨ ᠬᠥᠮᠥᠨ ᠤ ᠲᠤᠭ᠎ᠠ 15375 ᠪᠠᠶᠢᠵᠤ᠂ ᠠᠵᠢᠯᠲᠠᠨ ᠤ ᠨᠠᠰᠤᠵᠢᠯ ᠤᠨ | ᠳᠠᠭᠠᠳᠬᠠᠯ ᠤᠨ ᠬᠥᠮᠥᠨ ᠤ ᠲᠤᠭ᠎ᠠ 1.84 ᠲᠦᠮᠡ ᠪᠠᠶᠢᠵᠤ᠂ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ | ᠨᠠᠰᠤᠵᠢᠯ ᠤᠨ ᠳᠠᠭᠠᠳᠬᠠᠯ ᠤᠨ ᠬᠥᠮᠥᠨ ᠤ ᠲᠤᠭ᠎ᠠ 11.04 ᠲᠦᠮᠡ ᠬᠦᠷᠴᠦ᠂ ᠰᠠᠭᠤᠭᠠᠯᠢ ᠠᠷᠠᠳ ᠤᠨ ᠡᠮ | ᠡᠮᠨᠡᠯᠭᠡ ᠶᠢᠨ ᠳᠠᠭᠠᠳᠬᠠᠯ ᠤᠨ ᠬᠥᠮᠥᠨ ᠤ ᠲᠤᠭ᠎ᠠ 18.8 ᠲᠦᠮᠡ ᠬᠦᠷᠦᠭᠰᠡᠨ ᠪᠠᠶᠢᠨ᠎ᠠ᠃ ᠬᠤᠲᠠ ᠪᠠᠯᠭᠠᠰᠤ ᠶᠢᠨ | ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ 576 ᠲᠥᠭᠦᠷᠢᠭ ᠪᠣᠯᠭᠠᠨ ᠳᠡᠭᠡᠭᠰᠢᠯᠡᠭᠦᠯᠵᠦ᠂ ᠮᠠᠯᠵᠢᠬᠤ | ᠲᠠᠷᠢᠶᠠᠯᠠᠬᠤ ᠣᠷᠣᠨ ᠤ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ 3800 ᠲᠦᠮᠡᠨ ᠲᠥᠭᠦᠷᠢᠭ ᠪᠣᠯᠭᠠᠨ | ᠳᠡᠭᠡᠭᠰᠢᠯᠡᠭᠦᠯᠵᠦ᠂ ᠪᠦᠬᠦ ᠵᠢᠯ ᠳᠤ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠨᠡᠶᠢᠲᠡ | 9044.9 ᠲᠦᠮᠡᠨ ᠲᠥᠭᠦᠷᠢᠭ ᠲᠠᠷᠬᠠᠭᠠᠭᠰᠠᠨ ᠪᠠᠶᠢᠨ᠎ᠠ᠃ |