ᠵᠢᠯᠣᠭᠤᠴᠢ ᠶᠢᠨ ᠦᠨᠡᠮᠯᠡᠯ ᠢᠶᠠᠨ ᠰᠢᠯᠵᠢᠭᠦᠯᠦᠨ ᠣᠷᠣᠭᠤᠯᠵᠤ ᠦᠨᠡᠮᠯᠡᠯ ᠰᠣᠯᠢᠬᠤ ᠶᠢ ᠭᠦᠢᠴᠡᠳᠬᠡᠬᠦ ᠲᠣᠬᠠᠶᠢᠯᠠᠭᠰᠠᠨ ᠠᠵᠢᠯ ᠤᠨ ᠵᠦᠭᠯᠡᠭᠦᠷ
ᠨᠡᠶᠢᠲᠡᠯᠡᠭᠰᠡᠨ ᠴᠠᠭ᠄
2018/11/21
                ᠨᠢᠭᠡ᠂ ᠲᠣᠬᠠᠶᠢᠯᠠᠭᠰᠠᠨ ᠠᠵᠢᠯ ᠤᠨ ᠬᠡᠪᠴᠢᠶ᠎ᠡ᠄ ᠡᠷᠦᠬᠡ ᠠᠮᠠ ᠪᠤᠶᠤ ᠰᠠᠭᠤᠭ᠎ᠠ ᠭᠠᠵᠠᠷ ᠢᠶᠠᠨ ᠬᠤᠪᠢᠷᠠᠭᠤᠯᠬᠤ ᠳᠤ᠂ ᠮᠠᠰᠢᠨ ᠲᠡᠷᠭᠡᠨ ᠤ ᠵᠢᠯᠣᠭᠤᠴᠢ ᠶᠢᠨ ᠦᠨᠡᠮᠯᠡᠯ ᠢᠶᠠᠨ ᠰᠢᠯᠵᠢᠭᠦᠯᠦᠨ ᠣᠷᠣᠭᠤᠯᠵᠤ ᠦᠨᠡᠮᠯᠡᠯ ᠰᠣᠯᠢᠬᠤ ᠪᠠᠷ ᠭᠤᠶᠤᠴᠢᠯᠠᠨ᠎ᠠ᠃       ᠬᠤᠶᠠᠷ᠂ ᠬᠡᠷᠡᠭᠴᠡᠭᠡ ᠪᠦᠬᠦᠢ ᠮᠠᠲ᠋ᠧᠷᠢᠶᠠᠯ       1. ᠭᠠᠷ ᠤᠨ ᠦᠰᠦᠭ ᠢᠶᠠᠨ ᠵᠢᠷᠤᠭᠰᠠᠨ ︽ᠮᠠᠰᠢᠨ ᠲᠡᠷᠭᠡᠨ ᠤ ᠵᠢᠯᠣᠭᠤᠴᠢ ᠶᠢᠨ ᠦᠨᠡᠮᠯᠡᠯ ᠤᠨ ᠭᠤᠶᠤᠴᠢᠯᠠᠯ ᠤᠨ ᠬᠦᠰᠦᠨᠦᠭᠲᠦ︾       2. ᠵᠢᠯᠣᠭᠤᠴᠢ ᠶᠢᠨ ᠪᠡᠶ᠎ᠡ ᠶᠢᠨ ᠭᠡᠷᠡᠴᠢ ︵ᠳᠠᠷᠣᠢ ︽ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ︾ ᠪᠤᠶᠤ ︽ᠲᠦᠷ ᠴᠠᠭ ᠤᠨ ᠪᠡᠶ᠎ᠡ ᠶᠢᠨ ᠦᠨᠡᠮᠯᠡᠯ︾︶᠎ ᠤᠨ ᠤᠭ ᠵᠦᠢᠯ ᠵᠢᠴᠢ ᠬᠠᠭᠤᠯᠪᠤᠷᠢ᠃       3. ᠰᠢᠶᠠᠨ ᠪᠤᠶᠤ ᠴᠡᠷᠢᠭ ᠠᠩᠭᠢ ᠶᠢᠨ ᠬᠤᠷᠢᠶᠠᠨ ᠤ ᠱᠠᠳᠤᠨ ᠠᠴᠠ ᠳᠡᠭᠡᠭᠰᠢᠬᠢ ᠡᠮᠴᠢᠯᠡᠭᠡ ᠶᠢᠨ ᠪᠠᠶᠢᠭᠤᠯᠤᠮᠵᠢ ᠶᠢᠨ ᠬᠢᠵᠦ ᠥᠭᠭᠦᠭᠰᠡᠨ ᠪᠡᠶ᠎ᠡ ᠮᠠᠬᠠᠪᠤᠳ ᠤᠨ ᠨᠥᠬᠦᠴᠡᠯ ᠤᠨ ᠲᠣᠬᠠᠢ ᠭᠡᠷᠡᠴᠢ᠃       4. ᠳᠥᠷᠪᠡᠨ ᠬᠤᠪᠢ ᠣᠶᠢᠷ᠎ᠡ ᠶᠢᠨ ᠬᠤᠭᠤᠴᠠᠭᠠᠨ ᠤ ᠴᠠᠭᠠᠨ ᠳᠡᠪᠢᠰᠭᠡᠷ ᠲᠠᠢ ᠨᠢᠭᠡ ᠢᠮᠠᠬᠤ ᠶᠢᠨ ᠮᠠᠯᠠᠭᠠᠢ ᠦᠭᠡᠢ ᠪᠤᠳᠤᠭᠲᠤ ᠭᠡᠷᠡᠯ ᠵᠢᠷᠤᠭ᠃       5. ᠤᠭ ᠮᠠᠰᠢᠨ ᠲᠡᠷᠭᠡᠨ ᠤ ᠵᠢᠯᠣᠭᠤᠴᠢ ᠶᠢᠨ ᠦᠨᠡᠮᠯᠡᠯ᠃       ᠭᠤᠷᠪᠠ᠂ ᠣᠷᠣᠯᠠᠨ ᠭᠦᠢᠴᠡᠳᠬᠡᠭᠴᠢ ᠳᠤ ᠨᠠᠶᠢᠳᠠᠨ ᠭᠦᠢᠴᠡᠳᠬᠡᠯᠭᠡᠵᠦ ᠪᠣᠯᠣᠨ᠎ᠠ       1. ᠣᠷᠣᠯᠠᠨ ᠭᠦᠢᠴᠡᠳᠬᠡᠭᠴᠢ ᠨᠢ ᠬᠤᠪᠢ ᠬᠥᠮᠥᠨ ᠪᠣᠯ᠂ ᠠᠯᠪᠠᠨ ᠭᠡᠷᠡᠴᠢᠯᠡᠯᠭᠡ ᠬᠢᠯᠭᠡᠭᠰᠡᠨ ᠨᠠᠶᠢᠳᠠᠯᠭ᠎ᠠ ᠶᠢᠨ ᠪᠢᠴᠢᠭ ᠪᠠ ︽ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ︾᠎ ᠤᠨ ᠤᠭ ᠵᠦᠢᠯ ᠪᠠ ᠬᠠᠭᠤᠯᠪᠤᠷᠢ ᠶᠢ ᠲᠤᠰᠢᠶᠠᠨ᠎ᠠ᠃       2. ᠣᠷᠣᠯᠠᠨ ᠭᠦᠢᠴᠡᠳᠬᠡᠭᠴᠢ ᠨᠢ ᠨᠢᠭᠡᠴᠡ ᠪᠣᠯ᠂ ᠲᠣᠰ ᠨᠢᠭᠡᠴᠡ ᠶᠢᠨ ᠲᠠᠨᠢᠯᠴᠠᠭᠤᠯᠭ᠎ᠠ ᠶᠢᠨ ᠪᠢᠴᠢᠭ ᠵᠢᠴᠢ ᠠᠯᠪᠠᠨ ᠲᠠᠮᠠᠭ᠎ᠠ ᠳᠠᠷᠤᠭᠰᠠᠨ ᠪᠠᠶᠢᠭᠤᠯᠤᠮᠵᠢ ᠶᠢᠨ ᠣᠷᠣᠯᠠᠬᠤ ᠨᠣᠮᠧᠷ ᠤᠨ ᠦᠨᠡᠮᠯᠡᠯ᠂ ︽ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ︾ ᠪᠠ ᠬᠠᠭᠤᠯᠪᠤᠷᠢ ᠶᠢ ᠲᠤᠰᠢᠶᠠᠨ᠎ᠠ᠃       3. ᠣᠷᠣᠯᠠᠨ ᠭᠦᠢᠴᠡᠳᠬᠡᠭᠴᠢ ᠨᠢ ᠬᠠᠨᠢ ᠨᠥᠬᠦᠷ ᠤᠨ ᠬᠠᠷᠢᠴᠠᠭ᠎ᠠ ᠲᠠᠢ ᠪᠣᠯ᠂ ︽ᠤᠷᠤᠭ ᠤᠨ ᠦᠨᠡᠮᠯᠡᠯ︾ ᠪᠠ ︽ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ︾ ᠬᠠᠭᠤᠯᠪᠤᠷᠢ ᠶᠢ ᠲᠤᠰᠢᠶᠠᠨ᠎ᠠ᠃       4. ᠣᠷᠣᠯᠠᠨ ᠭᠦᠢᠴᠡᠳᠬᠡᠭᠴᠢ ᠨᠢ ᠡᠴᠢᠭᠡ ᠡᠬᠡ ᠦᠷ᠎ᠡ ᠬᠡᠦᠬᠡᠳ ᠵᠡᠷᠭᠡ ᠰᠠᠳᠤᠨ ᠲᠦᠷᠦᠯ ᠤᠨ ᠬᠠᠷᠢᠴᠠᠭ᠎ᠠ ᠲᠠᠢ ᠪᠣᠯ᠂ ᠰᠠᠳᠤᠨ ᠲᠦᠷᠦᠯ ᠤᠨ ᠬᠠᠷᠢᠴᠠᠭ᠎ᠠ ᠶᠢ ᠬᠡᠷᠡᠴᠢᠯᠡᠭᠰᠡᠨ ᠡᠷᠦᠬᠡ ᠠᠮᠠ ᠶᠢᠨ ᠳᠠᠩᠰᠠ ᠪᠠ ︽ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ︾ ᠵᠢᠴᠢ ᠬᠠᠭᠤᠯᠪᠤᠷᠢ ᠶᠢ ᠲᠤᠰᠢᠶᠠᠨ᠎ᠠ᠃ 
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号