| | | ᠥᠪᠥᠷ ᠵᠠᠰᠠᠭ ᠠᠯᠪᠠᠨ ᠲᠠᠷᠬᠠᠭᠠᠭᠰᠠᠨ ﹇2018﹈ 25 ᠳ᠋ᠤᠭᠠᠷ ᠲᠤᠭᠠᠳᠤ | | 4 ᠳ᠋ᠤᠭᠡᠷ ᠰᠠᠷ᠎ᠠ ᠶᠢᠨ 29 ᠤ ᠡᠳᠦᠷ | | ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠮᠤ ᠳ᠋ᠠᠶᠢᠲ᠋ᠠ ᠶᠢ ᠠᠵᠤ ᠦᠢᠯᠡᠰ ᠯᠦᠭᠡ | ᠭᠦᠨ ᠠᠭᠤᠰᠤᠯᠴᠠᠭᠤᠯᠬᠤ ᠠᠵᠢᠯᠯᠠᠭ᠎ᠠ ᠶᠢᠨ ᠲᠥᠯᠥᠪᠯᠡᠭᠡ ︵2018 — 2020 ᠣᠨ︶︾ ᠶᠢ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ | ᠳᠠᠷᠤᠮᠠᠯᠯᠠᠨ ᠶᠠᠪᠤᠭᠤᠯᠤᠯ᠎ᠠ᠂ ᠪᠤᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠤᠱᠯᠠᠭᠤᠯᠤᠨ | ᠨᠠᠶᠢᠳᠠᠪᠤᠷᠢᠵᠢᠭᠤᠯᠲᠤᠭᠠᠶ ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠮᠤ ᠳ᠋ᠠᠶᠢᠲ᠋ᠠ ᠶᠢ ᠠᠵᠤ ᠦᠢᠯᠡᠰ ᠯᠦᠭᠡ ᠭᠦᠨ | ᠠᠭᠤᠰᠤᠯᠴᠠᠭᠤᠯᠬᠤ ᠠᠵᠢᠯᠯᠠᠭ᠎ᠠ ᠶᠢᠨ ᠲᠥᠯᠥᠪᠯᠡᠭᠡ ︵2018 - 2020 ᠣᠨ︶ ᠤᠯᠤᠰ ᠤᠨ ᠲᠤᠮᠤ | ᠳ᠋ᠠᠶᠢᠲ᠋ᠠ ᠶᠢᠨ ᠪᠠᠶᠢᠯᠳᠤᠬᠤ ᠪᠤᠳᠤᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠤᠨ᠂ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠲᠤᠮᠤ ᠳ᠋ᠠᠶᠢᠲ᠋ᠠ ᠶᠢᠨ | ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠲᠤᠮᠤ ᠳ᠋ᠠᠶᠢᠲ᠋ᠠ | ᠪᠠ ᠠᠵᠤ ᠦᠢᠯᠡᠰ ᠤᠨ ᠭᠦᠨᠵᠡᠭᠡᠢ ᠠᠭᠤᠰᠤᠯᠴᠠᠯ ᠢ ᠲᠦᠯᠬᠢᠨ ᠠᠬᠢᠭᠤᠯᠵᠤ᠂ ᠠᠵᠤ ᠦᠢᠯᠡᠰ ᠤᠨ ᠬᠡᠯᠪᠡᠷᠢ ᠪᠠᠨ | ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ | ᠤᠶᠠᠯᠳᠤᠭᠤᠯᠤᠨ᠂ ᠲᠤᠰ ᠠᠵᠢᠯᠯᠠᠭ᠎ᠠ ᠶᠢᠨ ᠲᠥᠯᠥᠪᠯᠡᠭᠡ ᠶᠢ ᠲᠣᠭᠲᠠᠭᠠᠪᠠ ᠃ | ᠨᠢᠭᠡ᠂ ᠶᠡᠷᠦᠩᠬᠡᠶ ᠱᠠᠭᠠᠷᠳᠠᠯᠭ᠎ᠠ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠤᠯᠤᠰ ᠪᠠ ᠥᠪᠡᠷᠲᠡᠭᠡᠨ ᠵᠠᠰᠠᠬᠤ | ᠣᠷᠣᠨ ᠤ ᠰᠢᠢᠳᠪᠦᠷᠢᠳᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ︽ᠵᠢᠱᠢᠶ᠎ᠡ ᠦᠵᠡᠭᠦᠯᠬᠦ ᠪᠠᠷ ᠬᠦᠲᠦᠯᠦᠨ ᠵᠢᠯᠣᠭᠤᠳᠤᠭᠤᠯᠵᠤ᠂ ᠡᠭᠦᠯᠡᠨ ᠪᠣᠳᠣᠯᠲᠠ ᠪᠠ | ᠳ᠋ᠠᠶᠢᠲ᠋ᠠ ᠶᠢ ᠤᠶᠠᠯᠳᠤᠭᠤᠯᠤᠨ᠂ ᠠᠵᠢᠯ ᠲᠦᠷᠦᠯ ᠢᠯᠭᠠᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠪᠦᠬᠦ | ᠲᠠᠯ᠎ᠠ ᠪᠠᠷ ᠦᠷᠨᠢᠭᠦᠯᠬᠦ︾ ᠵᠠᠷᠴᠢᠮ ᠤᠨ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ | ᠦᠢᠯᠡᠰ ᠤᠨ ᠲᠣᠭᠤᠷᠢᠨ ᠳᠤ᠂ ᠬᠦᠲᠦᠴᠢ ᠠᠵᠤ ᠠᠬᠤᠶᠢᠯᠠᠯ ᠢᠶᠠᠷ ᠭᠤᠣᠯ ᠪᠣᠯᠭᠠᠨ᠂ ᠢᠨᠲ᠋ᠧᠷ ᠰᠦᠯᠵᠢᠶ᠎ᠡ᠂ ᠲᠤᠮᠤ | ᠳ᠋ᠠᠶᠢᠲ᠋ᠠ᠂ ᠡᠭᠦᠯᠡᠨ ᠪᠣᠳᠣᠯᠳᠠ᠂ ᠪᠤᠳᠠᠰᠯᠢᠭ ᠬᠤᠯᠪᠣᠭᠠᠲᠤ ᠰᠦᠯᠵᠢᠶ᠎ᠡ᠂ ᠬᠢᠮᠡᠯ ᠤᠶᠦᠠ ᠵᠡᠷᠭᠡ ᠰᠢᠨ᠎ᠡ ᠨᠢᠭᠡ | ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢᠶᠠᠷ ᠲᠦᠰᠢᠭ ᠲᠤᠯᠭᠠᠭᠤᠷᠢ ᠪᠣᠯᠭᠠᠵᠤ᠂ ᠰᠤᠳᠤᠯᠤᠨ ᠨᠡᠭᠡᠭᠡᠵᠦ | ᠵᠢᠷᠤᠵᠤ ᠲᠥᠯᠥᠪᠯᠡᠬᠦ᠂ ᠦᠢᠯᠡᠳᠪᠦᠷᠢᠯᠡᠵᠦ ᠦᠢᠯᠡᠳᠬᠦ᠂ ᠡᠵᠡᠩᠨᠡᠨ ᠬᠠᠮᠢᠶᠠᠷᠬᠤ᠂ ᠵᠠᠬ᠎ᠠ ᠳᠡᠯᠭᠡᠭᠦᠷ ᠲᠤ ᠡᠵᠡᠩᠨᠡᠨ | ᠪᠣᠷᠣᠯᠠᠭᠤᠯᠬᠤ᠂ ᠬᠤᠳᠠᠯᠳᠤᠭᠰᠠᠨ ᠤ ᠳᠠᠷᠠᠭᠠᠬᠢ ᠦᠢᠯᠡᠴᠢᠯᠡᠭᠡ ᠵᠡᠷᠭᠡ ᠡᠯ᠎ᠡ ᠵᠠᠩᠭᠢᠯᠠᠭ᠎ᠠ ᠳᠤ ᠲᠤᠮᠤ ᠳ᠋ᠠᠶᠢᠲ᠋ᠠ ᠪᠣᠯᠤᠨ | ᠠᠵᠤ ᠦᠢᠯᠡᠰ ᠤᠨ ᠭᠦᠨᠵᠡᠭᠡᠶ ᠠᠭᠤᠰᠤᠯᠴᠠᠯ ᠢ ᠲᠦᠯᠬᠢᠨ ᠠᠬᠢᠭᠤᠯᠵᠤ᠂ ᠦᠢᠯᠡᠳᠬᠦᠨ ᠤ ᠠᠮᠢ ᠨᠠᠰᠤᠨ ᠤ ᠪᠦᠬᠦ | ᠦᠶᠡᠯᠡᠯ ᠪᠠ ᠪᠦᠬᠦ ᠠᠵᠤ ᠦᠢᠯᠡᠰ ᠤᠨ ᠬᠡᠯᠬᠢᠶ᠎ᠡ ᠳᠠᠬᠢ ᠲᠣᠮᠣ ᠳ᠋ᠠᠶᠢᠲ᠋ᠠ ᠶᠢᠨ ᠬᠡᠷᠡᠭᠯᠡᠭᠡᠨ ᠢ ᠠᠬᠢᠭᠤᠯᠵᠤ᠂ | ᠳ᠋ᠠᠶᠢᠲ᠋ᠠ ᠪᠠᠷ ᠬᠦᠳᠡᠯᠭᠡᠭᠦᠷ ᠪᠣᠯᠭᠠᠭᠰᠠᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠵᠠᠭᠪᠤᠷ ᠢ ᠠᠯᠬᠤᠮ | ᠠᠯᠬᠤᠮ ᠢᠶᠠᠷ ᠪᠤᠢ ᠪᠣᠯᠭᠠᠬᠤ ᠬᠡᠷᠡᠭᠲᠡᠶ ᠃ | ᠬᠤᠶᠠᠷ᠂ ᠭᠤᠣᠯ ᠬᠠᠷᠠᠯᠲᠠ | ᠠᠵᠤ ᠦᠢᠯᠡᠳᠪᠦᠷᠢ ᠶᠢᠨ ᠠᠵᠢᠯ ᠲᠥᠷᠥᠯ ᠳᠤ ᠨᠢᠭᠡ ᠪᠦᠯᠦᠭ ᠲᠤᠮᠤ ᠳ᠋ᠠᠶᠢᠲ᠋ᠠ ᠶᠢᠨ ᠦᠢᠯᠡᠳᠬᠦᠨ ᠢ | ᠰᠤᠳᠤᠯᠤᠨ ᠨᠡᠭᠡᠭᠡᠬᠦ ᠶᠢ ᠲᠦᠯᠬᠢᠨ ᠠᠬᠢᠭᠤᠯᠵᠤ᠂ ᠳ᠋ᠠᠶᠢᠲ᠋ᠠ ᠪᠠᠷ ᠬᠦᠳᠡᠯᠭᠡᠭᠦᠷ ᠪᠣᠯᠭᠠᠭᠰᠠᠨ ᠦᠢᠯᠡᠳᠬᠦ | ᠲᠤᠬᠠᠶᠢᠯᠠᠭᠰᠠᠨ ᠠᠵᠢᠯ ᠤᠨ ᠴᠤᠪᠤᠷᠠᠯ ᠢ ᠪᠡᠶᠡᠯᠡᠭᠦᠯᠦᠨ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ | ᠪᠣᠯᠤᠨ ᠦᠢᠯᠡᠳᠬᠦ ᠦᠢᠯᠡᠰ ᠤᠨ ᠭᠦᠨᠵᠡᠭᠡᠶ ᠠᠭᠤᠰᠤᠯᠴᠠᠨ ᠬᠥᠭᠵᠢᠬᠦ ᠶᠢ ᠠᠬᠢᠭᠤᠯᠵᠤ᠂ ᠠᠵᠤ ᠦᠢᠯᠡᠳᠪᠦᠷᠢ ᠶᠢᠨ | ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠲᠦᠷᠬᠡᠳᠬᠡᠨ᠎ᠡ︔ ᠲᠠᠷᠢᠶᠠᠯᠠᠩ ᠮᠠᠯ ᠠᠵᠤ ᠠᠬᠤᠶ᠂ | ᠦᠢᠯᠡᠴᠢᠯᠡᠭᠡᠨ ᠤ ᠠᠵᠢᠯ ᠲᠥᠷᠥᠯ ᠤᠨ ᠮᠡᠷᠭᠡᠵᠢᠯ ᠤᠨ ᠰᠤᠳᠤᠯᠤᠨ ᠨᠡᠭᠡᠭᠡᠬᠦ ᠰᠢᠰᠲ᠋ᠧᠮᠵᠢ ᠶᠢᠨ ᠰᠢᠨ᠎ᠡ ᠶᠢ ᠡᠭᠦᠳᠬᠦ᠂ | ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠷᠭ᠎ᠠ ᠮᠠᠶ᠋ᠢᠭ ᠤᠨ ᠬᠤᠪᠢᠰᠤᠯᠲᠠ᠂ ᠬᠤᠳᠠᠯᠳᠤᠭᠠᠨ ᠤ ᠬᠡᠪ ᠵᠠᠭᠪᠤᠷ ᠤᠨ | ᠰᠢᠨ᠎ᠡ ᠶᠢ ᠡᠭᠦᠳᠬᠦ ᠪᠠ ᠠᠵᠤ ᠦᠢᠯᠡᠰ ᠤᠨ ᠦᠷᠲᠡᠭ ᠤᠨ ᠬᠡᠯᠬᠢᠶ᠎ᠡ ᠶᠢᠨ ᠰᠢᠰᠲ᠋ᠧᠮᠵᠢ ᠶᠢᠨ ᠲᠠᠬᠢᠨ ᠪᠠᠶᠢᠭᠤᠯᠬᠤ ᠶᠢ | ᠲᠦᠯᠬᠢᠨ ᠠᠬᠢᠭᠤᠯᠤᠨ᠎ᠠ︔ ᠬᠦᠷᠢᠶ᠎ᠡ ᠬᠡᠪᠴᠢᠶ᠎ᠡ ᠠᠯᠤᠰᠯᠠᠭᠰᠠᠨ᠂ ᠠᠵᠢᠯ ᠲᠥᠷᠥᠯ ᠠᠯᠤᠰᠯᠠᠭᠰᠠᠨ | ᠳ᠋ᠠᠶᠢᠲ᠋ᠠ ᠵᠢᠨᠠᠭᠤᠰᠤᠯᠴᠠᠯ ᠪᠠ ᠬᠠᠮᠵᠢᠯᠴᠠᠭ᠎ᠠ ᠶᠢᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠵᠤ᠂ ᠬᠠᠮᠵᠢᠯᠴᠠᠨ | ᠰᠢᠨ᠎ᠡ ᠶᠢ ᠡᠭᠦᠳᠬᠦ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠵᠠᠭᠪᠤᠷ ᠢ ᠬᠠᠶᠢᠨ ᠰᠦᠪᠡᠭᠴᠢᠯᠡᠨ᠎ᠡ ᠃ | 2020 ᠣᠨ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠨᠡᠶᠢᠲᠡᠯᠢᠭ ᠵᠢᠱᠢᠶ᠎ᠡ ᠦᠵᠡᠭᠦᠯᠬᠦ 100 ᠠᠴᠠ | ᠳᠡᠭᠡᠭᠰᠢ ᠲᠥᠷᠥᠯ ᠵᠦᠢᠯ ᠢ ᠪᠠᠶᠢᠭᠤᠯᠵᠤ᠂ ᠨᠢᠭᠡ ᠪᠦᠯᠦᠭ ᠠᠵᠤ ᠦᠢᠯᠡᠰ ᠤᠨ ᠲᠤᠮᠤ ᠳ᠋ᠠᠶᠢᠲ᠋ᠠ ᠶᠢᠨ ᠡᠭᠦᠯᠡᠨ | ᠲᠠᠪᠴᠠᠩ᠂ ᠠᠵᠤ ᠦᠢᠯᠡᠰ ᠤᠨ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠲᠥᠪ ᠪᠣᠯᠤᠨ ᠤᠯᠠᠨ | ᠨᠡᠶᠢᠲᠡ ᠶᠢᠨ ᠮᠡᠷᠭᠡᠵᠢᠯ ᠤᠨ ᠦᠢᠯᠡᠴᠢᠯᠡᠭᠡᠨ ᠤ ᠲᠥᠪ ᠢ ᠪᠠᠶᠢᠭᠤᠯᠤᠨ᠂ ᠨᠢᠭᠡ ᠪᠦᠯᠦᠭ ᠲᠤᠮᠤ ᠳ᠋ᠠᠶᠢᠲ᠋ᠠ ᠶᠢᠨ | ᠬᠡᠷᠡᠭᠯᠡᠭᠡᠨ ᠢ ᠨᠡᠭᠡᠭᠡᠨ ᠠᠰᠢᠭᠯᠠᠬᠤ ᠠᠵᠤ ᠠᠬᠤᠶᠢᠯᠠᠯ᠂ ᠲᠤᠮᠤ ᠳ᠋ᠠᠶᠢᠲ᠋ᠠ ᠶᠢᠨ ᠡᠭᠦᠯᠡᠨ ᠲᠠᠪᠴᠠᠩ ᠳᠤ ᠦᠢᠯᠡᠴᠢᠯᠡᠬᠦ | ᠬᠤᠳᠠᠯᠳᠤᠭᠠᠴᠢᠨ᠂ ᠲᠤᠮᠤ ᠳ᠋ᠠᠶᠢᠲ᠋ᠠ ᠶᠢᠨ ᠡᠵᠡᠩᠨᠡᠬᠦ ᠬᠤᠳᠠᠯᠳᠤᠭᠠᠴᠢᠨ᠂ ᠲᠤᠮᠤ ᠳ᠋ᠠᠶᠢᠲ᠋ᠠ ᠶᠢᠨ ᠡᠭᠦᠯᠡᠨ | ᠪᠣᠳᠣᠯᠲᠠ ᠶᠢᠨ ᠬᠡᠷᠡᠭᠯᠡᠭᠡᠨ ᠤ ᠦᠢᠯᠡᠴᠢᠯᠡᠬᠦ ᠬᠤᠳᠠᠯᠳᠤᠭᠠᠴᠢᠳ ᠢ ᠬᠥᠮᠥᠵᠢᠭᠦᠯᠵᠦ᠂ ᠨᠢᠭᠡ ᠪᠦᠯᠦᠭ ᠠᠵᠤ | ᠠᠬᠤᠶᠢᠯᠠᠯ ᠢ ᠡᠭᠦᠯᠡᠨ ᠪᠣᠳᠣᠯᠲᠠ ᠳᠤ ᠣᠷᠣᠬᠤ ᠶᠢ ᠲᠦᠯᠬᠢᠨ ᠠᠬᠢᠭᠤᠯᠤᠨ᠎ᠠ︔ ᠨᠢᠭᠡ ᠪᠦᠯᠦᠭ ᠰᠢᠨ᠎ᠡ ᠶᠢ ᠡᠭᠦᠳᠬᠦ | ᠬᠡᠷᠡᠭᠯᠡᠭᠡᠨ ᠢ ᠰᠢᠢᠳᠪᠦᠷᠢᠯᠡᠬᠦ ᠲᠥᠰᠦᠯ ᠢ ᠪᠣᠢ ᠪᠣᠯᠭᠠᠵᠤ᠂ ᠨᠢᠭᠡ ᠪᠦᠯᠦᠭ ᠰᠢᠢᠳᠪᠦᠷᠢᠯᠡᠬᠦ ᠲᠥᠰᠦᠯ ᠤᠨ | ᠦᠢᠯᠡᠴᠢᠯᠡᠬᠦ ᠬᠤᠳᠠᠯᠳᠤᠭᠠᠴᠢᠨ ᠢ ᠬᠥᠮᠥᠵᠢᠭᠦᠯᠦᠨ᠎ᠡ︔ ᠨᠢᠭᠡ ᠪᠦᠯᠦᠭ ᠲᠤᠮᠤ ᠳ᠋ᠠᠶᠢᠲ᠋ᠠ ᠶᠢ ᠠᠵᠤ ᠦᠢᠯᠡᠰ ᠯᠦᠭᠡ | ᠭᠦᠨ ᠠᠭᠤᠰᠤᠯᠴᠠᠭᠤᠯᠬᠤ ᠮᠡᠷᠭᠡᠵᠢᠯ ᠤᠨ ᠪᠠᠷᠢᠮᠵᠢᠶ᠎ᠠ ᠶᠢ ᠲᠣᠭᠲᠠᠭᠠᠵᠤ᠂ ᠦᠨᠡᠯᠡᠨ ᠵᠢᠱᠢᠬᠦ ᠭᠦᠢᠴᠡᠳᠬᠡᠬᠦ ᠲᠣᠭᠠᠨ ᠤ | ᠰᠢᠰᠲ᠋ᠧᠮᠵᠢ ᠪᠣᠯᠣᠨ ᠦᠨᠡᠯᠡᠬᠦ ᠪᠠᠷᠢᠮᠵᠢᠶ᠎ᠠ ᠶᠢ ᠠᠩᠬ᠎ᠠ ᠠᠯᠬᠤᠮ ᠪᠠᠶᠢᠭᠤᠯᠤᠨ᠎ᠠ᠃ | ᠭᠤᠷᠪᠠ᠂ ᠭᠤᠣᠯᠳᠠᠯᠭ᠎ᠠ ᠲᠠᠢ ᠠᠵᠢᠯ | ︵ᠨᠢᠭᠡ︶ ᠲᠤᠮᠤ ᠳ᠋ᠠᠶᠢᠲ᠋ᠠ ᠶᠢ ᠲᠠᠷᠢᠶᠠᠯᠠᠩ ᠮᠠᠯ ᠠᠵᠤ ᠠᠬᠤᠶ ᠯᠤᠭ᠎ᠠ ᠭᠦᠨ ᠠᠭᠤᠰᠤᠯᠴᠠᠭᠤᠯᠬᠤ ᠶᠢ | ᠲᠦᠯᠬᠢᠨ ᠠᠬᠢᠭᠤᠯᠤᠨ᠎ᠠ ᠃ ᠰᠦ᠂ ᠮᠢᠬ᠎ᠠ᠂ ᠢᠮᠠᠭᠠᠨ ᠨᠣᠯᠣᠣᠷ᠂ ᠲᠥᠮᠥᠰᠥ᠂ ᠢᠳᠡᠰᠢᠨ ᠨᠣᠭᠤᠭ᠎ᠠ᠂ ᠠᠮᠤ | ᠳᠤᠰᠤ᠂ᠡᠪᠡᠰᠦ ᠪᠣᠷᠳᠤᠭ᠎ᠠ ᠶᠢᠨ ᠦᠢᠯᠡᠰ ᠵᠡᠷᠭᠡ ᠣᠨᠴᠠᠯᠢᠭ ᠪᠦᠬᠦᠢ ᠳᠠᠪᠠᠭᠤᠯᠢᠭ ᠠᠵᠢᠯ ᠲᠦᠷᠥᠯ ᠢᠶᠠᠷ | ᠭᠤᠣᠯᠳᠠᠯᠭ᠎ᠠ ᠪᠣᠯᠭᠠᠨ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠬᠠᠮᠢᠶᠠᠷᠤᠯᠲᠠ᠂ ᠪᠦᠲᠦᠭᠡᠭᠳᠡᠬᠦᠨ ᠢ | ᠮᠥᠷᠲᠡᠬᠦ ᠪᠠ ᠵᠠᠬ᠎ᠠ ᠳᠡᠯᠭᠡᠭᠦᠷ ᠤᠨ ᠪᠣᠷᠣᠯᠠᠭᠤᠯᠤᠯᠲᠠ ᠳᠤ ᠲᠣᠮᠣ ᠳ᠋ᠠᠶᠢᠲ᠋ᠠ ᠶᠢᠨ ᠬᠡᠷᠡᠭᠯᠡᠭᠡᠨ ᠢ ᠬᠦᠴᠦᠲᠡᠢ | ᠲᠦᠯᠬᠢᠨᠠᠬᠢᠭᠤᠯᠤᠨᠠ ᠃ ᠭᠠᠵᠠᠷ ᠳᠡᠭᠡᠷᠡᠬᠢ ᠠᠵᠢᠭᠯᠠᠯᠲᠠ᠂ ᠪᠠᠷᠠᠭᠠᠨ ᠤ ᠰᠦᠯᠵᠢᠶ᠎ᠡ᠂ ᠠᠯᠤᠰ ᠰᠡᠷᠡᠯ ᠪᠠ ᠭᠠᠵᠠᠷ | ᠵᠦᠢ ᠶᠢᠨ ᠮᠡᠳᠡᠭᠡ ᠵᠠᠩᠭᠢ ᠶᠢᠨ ᠮᠡᠷᠭᠡᠵᠢᠯ ᠵᠡᠷᠭᠡ ᠶᠢ ᠬᠡᠷᠡᠭᠯᠡᠨ᠂ ᠲᠠᠷᠢᠶᠠᠯᠠᠩ ᠤᠨ ᠪᠠᠶᠢᠳᠠᠯ᠂ ᠮᠠᠯ ᠲᠡᠵᠢᠭᠡᠪᠦᠷᠢ᠂ | ᠤᠷᠭᠤᠮᠠᠯ ᠢ ᠬᠠᠮᠠᠭᠠᠯᠠᠬᠤ᠂ ᠲᠠᠷᠢᠶᠠᠨ ᠪᠣᠷᠳᠣᠭᠤᠷ᠂ ᠲᠠᠷᠢᠶᠠᠨ ᠡᠮ᠂ ᠲᠡᠵᠢᠭᠡᠯ ᠪᠣᠷᠳᠤᠭ᠎ᠠ᠂ ᠸᠠᠺᠼᠢᠨ᠂ | ᠲᠠᠷᠢᠶᠠᠯᠠᠩ ᠤᠨ ᠮᠠᠰᠢᠨ ᠢᠶᠠᠷ ᠠᠵᠢᠯᠯᠠᠬᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠨ᠎ᠡ | ᠬᠠᠩᠰᠢ ᠵᠡᠷᠭᠡ ᠬᠠᠮᠢᠶ᠎ᠠ ᠪᠦᠬᠦᠢ ᠲᠤᠭ᠎ᠠ ᠪᠠᠷᠢᠮᠲᠠ ᠶᠢᠨ ᠲᠣᠬᠠᠢ ᠶᠢᠨ ᠴᠠᠭ ᠲᠤᠨᠢ ᠬᠢᠨᠠᠨ ᠬᠡᠮᠵᠢᠬᠦ ᠪᠠ ᠵᠠᠳᠠᠯᠬᠤ ᠶᠢ | ᠴᠢᠩᠭᠠᠳᠬᠠᠨ᠎ᠠ ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠣᠮᠣ ᠳ᠋ᠠᠶᠢᠲ᠋ᠠ ᠶᠢ | ᠰᠣᠯᠢᠯᠴᠠᠨ ᠬᠠᠮᠲᠤ ᠪᠠᠷ ᠡᠳ᠋ᠯᠡᠬᠦ ᠲᠠᠪᠴᠠᠩ ᠢ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠡᠬᠢ ᠪᠠᠶᠠᠯᠢᠭ᠂ | ᠣᠷᠴᠢᠨ ᠲᠣᠭᠤᠷᠢᠨ᠂ ᠪᠦᠲᠦᠭᠡᠭᠳᠡᠭᠦᠨ᠂ ᠦᠨ᠎ᠡ ᠬᠠᠩᠰᠢ ᠶᠢᠨ ᠮᠡᠳᠡᠭᠡ ᠵᠠᠩᠭᠢ ᠶᠢᠨ ᠣᠨᠣᠪᠴᠢᠲᠠᠢ ᠬᠢᠨᠡᠨ | ᠬᠡᠮᠵᠢᠯᠲᠡ ᠶᠢ ᠬᠡᠷᠡᠭᠵᠢᠭᠦᠯᠦᠨ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠬᠠᠮᠢᠶᠠᠷᠤᠯᠲᠠ᠂ | ᠵᠢᠯᠣᠭᠤᠳᠤᠨ ᠲᠣᠬᠢᠷᠠᠭᠤᠯᠬᠤ ᠴᠢᠳᠠᠪᠤᠷᠢ ᠶᠢ ᠳᠡᠭᠡᠭᠰᠢᠯᠡᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ | ᠦᠢᠯᠡᠳᠪᠦᠷᠢᠯᠡᠯ ᠤᠨ ᠣᠶᠣᠨᠴᠢᠯᠠᠯᠲᠠ ᠶᠢ ᠲᠦᠯᠬᠢᠨ ᠠᠬᠢᠭᠤᠯᠤᠨ᠎ᠠ ᠃ ᠶᠠᠰᠤ ᠴᠢᠨᠠᠷ ᠢ ᠮᠥᠷᠳᠡᠬᠦ᠂ ᠬᠠᠤᠯᠢ | ᠬᠡᠷᠡᠭᠵᠢᠭᠦᠯᠵᠦ ᠬᠢᠨᠠᠨ ᠬᠠᠮᠢᠶᠠᠷᠬᠤ᠂ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠵᠡᠷᠭᠡ ᠳ᠋ᠠᠶᠢᠲ᠋ᠠ ᠶᠢ ᠬᠠᠮᠲᠤ ᠪᠠᠷ | ᠡᠳ᠋ᠯᠡᠬᠦ ᠲᠣᠭᠲᠠᠴᠠ ᠶᠢ ᠪᠠᠶᠢᠭᠤᠯᠤᠨ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠬᠦ᠂ ᠬᠤᠳᠠᠯᠳᠤᠨ ᠠᠪᠬᠤ᠂ | ᠨᠥᠭᠡᠴᠡᠯᠡᠬᠦ᠂ ᠲᠡᠭᠡᠭᠡᠪᠦᠷᠢᠯᠡᠬᠦ ᠵᠡᠷᠭᠡ ᠵᠠᠩᠭᠢᠯᠠᠭ᠎ᠠ ᠶᠢᠨ ᠳ᠋ᠠᠶᠢᠲ᠋ᠠ ᠶᠢ ᠠᠰᠢᠭᠯᠠᠵᠤ᠂ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠥᠪᠰᠢᠨ ᠤ ᠪᠦᠬᠦ ᠶᠠᠪᠤᠴᠠ ᠶᠢᠨ ᠮᠥᠷᠳᠡᠯᠭᠡ ᠶᠢ | ᠴᠢᠩᠭᠠᠳᠬᠠᠨ᠂ ᠮᠥᠷᠲᠡᠭᠰᠡᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ᠂ ᠢᠷᠡᠯᠲᠡ ᠶᠢ ᠨᠢ ᠮᠥᠷᠳᠡᠵᠦ ᠪᠣᠯᠬᠤ᠂ | ᠬᠠᠨᠳᠤᠰᠢ ᠶᠢ ᠨᠢ ᠮᠥᠷᠳᠡᠵᠦ ᠪᠣᠯᠬᠤ᠂ ᠬᠠᠷᠢᠭᠤᠴᠠᠯᠭ᠎ᠠ ᠶᠢ ᠨᠢ ᠨᠡᠬᠡᠮᠵᠢᠯᠡᠵᠦ ᠪᠣᠯᠬᠤ ᠶᠢ ᠪᠡᠶᠡᠯᠡᠭᠦᠯᠦᠨ᠎ᠡ ᠃ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠪᠣᠷᠣᠯᠠᠭᠤᠯᠭ᠎ᠠ ᠶᠢᠨ ᠮᠡᠳᠡᠭᠡ | ᠵᠠᠩᠭᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠳ᠋ᠠᠶᠢᠲ᠋ᠠ ᠶᠢᠨ ᠳᠡᠮᠵᠢᠯᠭᠡ ᠶᠢ ᠴᠢᠩᠭᠠᠳᠬᠠᠨ᠂ | ᠡᠯᠧᠺᠲᠷᠣᠨ ᠬᠤᠳᠠᠯᠳᠤᠭᠠᠨ ᠤ ᠶᠠᠪᠤᠳᠠᠯ᠂ ᠬᠤᠭᠤᠴᠠᠭᠠᠲᠤ ᠪᠠᠷᠠᠭ᠎ᠠ ᠠᠷᠠᠯᠵᠢᠶᠠᠯᠠᠬᠤ᠂ ᠡᠯᠧᠺᠲᠷᠣᠨ ᠦᠨ᠎ᠡ | ᠬᠠᠶᠠᠵᠤ ᠬᠤᠳᠠᠯᠳᠤᠬᠤ᠂ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠲᠤ ᠡᠯᠧᠺᠲᠷᠣᠨ ᠢᠶᠠᠷ ᠳ᠋ᠦ᠋ᠩᠨᠡᠨ ᠪᠤᠳᠦᠬᠤ | ᠵᠡᠷᠭᠡ ᠳ᠋ᠠᠶᠢᠲ᠋ᠠ ᠶᠢ ᠬᠢᠨᠠᠨ ᠬᠡᠮᠵᠢᠵᠦ ᠵᠠᠳᠠᠯᠤᠯᠲᠠ ᠬᠢᠵᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠢ ᠪᠣᠯᠪᠠᠰᠤᠷᠠᠭᠤᠯᠬᠤ ᠳ᠋ᠠᠶᠢᠲ᠋ᠠ ᠶᠢ ᠴᠤᠭᠯᠠᠭᠤᠯᠬᠤ ᠰᠢᠰᠲ᠋ᠧᠮᠵᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠦᠢᠯᠡᠳᠪᠦᠷᠢᠯᠡᠵᠦ | ᠪᠣᠷᠣᠯᠠᠭᠤᠯᠬᠤ ᠶᠢ ᠣᠨᠣᠪᠴᠢᠲᠠᠢ ᠪᠠᠷ ᠵᠣᠯᠭᠠᠭᠤᠯᠬᠤ ᠶᠢ ᠠᠬᠢᠭᠤᠯᠤᠨ᠎ᠠ ᠃ | ︵ᠬᠤᠶᠠᠷ︶ ᠲᠤᠮᠤ ᠳ᠋ᠠᠶᠢᠲ᠋ᠠ ᠶᠢ ᠠᠵᠤ ᠦᠢᠯᠡᠳᠪᠦᠷᠢ ᠯᠦᠭᠡ ᠭᠦᠨ ᠠᠭᠤᠰᠤᠯᠴᠠᠭᠤᠯᠬᠤ ᠶᠢ ᠲᠦᠯᠬᠢᠨ | ᠠᠬᠢᠭᠤᠯᠤᠨ᠎ᠠ ᠃ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ᠂ ᠪᠣᠬᠢᠷᠲᠤᠯ ᠦᠭᠡᠢ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠢ ᠪᠣᠯᠪᠠᠰᠤᠷᠠᠭᠤᠯᠬᠤ᠂ ᠥᠩᠭᠡᠲᠦ ᠲᠡᠮᠦᠷᠯᠢᠭ ᠢ ᠦᠢᠯᠡᠳᠪᠦᠷᠢᠯᠡᠵᠦ | ᠪᠣᠯᠪᠠᠰᠤᠷᠠᠭᠤᠯᠬᠤ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠪᠤᠢ ᠪᠣᠯᠤᠭᠰᠠᠨ ᠠᠵᠤ ᠦᠢᠯᠡᠰ ᠵᠡᠷᠭᠡ | ᠣᠨᠴᠠᠯᠢᠭ ᠪᠦᠬᠦᠢ ᠳᠠᠪᠠᠭᠤᠯᠢᠭ ᠠᠵᠢᠯ ᠲᠦᠷᠥᠯ ᠢᠶᠠᠷ ᠭᠤᠣᠯᠳᠠᠯᠭ᠎ᠠ ᠪᠣᠯᠭᠠᠨ᠂ ᠠᠵᠤ ᠦᠢᠯᠡᠳᠪᠦᠷᠢ ᠶᠢᠨ ᠰᠡᠷᠡᠯ | ᠳᠠᠮᠵᠢᠭᠤᠯᠤᠭᠤᠷ᠂ ᠰᠠᠴᠤᠷᠠᠯ ᠳᠠᠪᠲᠠᠮᠵᠢ ᠶᠢ ᠢᠯᠭᠠᠨ ᠲᠠᠨᠢᠬᠤ ︵RFID︶᠂ ᠬᠡᠷᠡᠯᠯᠢᠭ ᠴᠢᠮᠡᠭᠡ ᠬᠤᠯᠪᠣᠭ᠎ᠠ ᠶᠢᠨ | ᠲᠣᠨᠣᠭᠯᠠᠭᠠᠰᠤ ᠵᠡᠷᠭᠡ ᠳ᠋ᠠᠶᠢᠲ᠋ᠠ ᠴᠤᠭᠯᠠᠭᠤᠯᠬᠤ ᠲᠥᠬᠦᠭᠡᠷᠦᠮᠵᠢ ᠶᠢᠨ ᠪᠠᠶᠢᠷᠢᠯᠠᠭᠤᠯᠤᠯᠲᠠ ᠪᠣᠯᠣᠨ ᠬᠡᠷᠡᠭᠯᠡᠯᠲᠡ ᠶᠢ | ᠲᠦᠷᠭᠡᠳᠬᠡᠵᠦ᠂ ᠠᠵᠤ ᠦᠢᠯᠡᠳᠪᠦᠷᠢ ᠶᠢᠨ ᠡᠵᠡᠮᠳᠡᠬᠦ ᠰᠢᠰᠲ᠋ᠧᠮ ᠤᠨ ᠳᠡᠰ ᠳᠡᠪᠰᠢᠭᠦᠯᠬᠦ ᠥᠭᠡᠷᠡᠴᠢᠯᠡᠯᠲᠡ ᠶᠢ | ᠲᠦᠯᠬᠢᠨ ᠠᠬᠢᠭᠤᠯᠵᠤ᠂ ᠳᠠᠮᠵᠢᠭᠤᠯᠬᠤ᠂ ᠡᠵᠡᠮᠳᠡᠬᠦ᠂ ᠬᠠᠮᠢᠶᠠᠷᠬᠤ᠂ ᠡᠵᠡᠩᠨᠡᠬᠦ ᠵᠡᠷᠭᠡ ᠤᠯᠠᠨ ᠰᠤᠷᠪᠤᠯᠵᠢᠲᠤ | ᠳ᠋ᠠᠶᠢᠲ᠋ᠠ ᠶᠢ ᠬᠤᠷᠠᠮᠳᠤᠭᠤᠯᠤᠨ᠂ ᠦᠢᠯᠡᠳᠬᠦᠨ᠂ ᠲᠤᠨᠤᠭ ᠲᠦᠬᠦᠭᠡᠷᠦᠮᠵᠢ᠂ ᠠᠵᠤ ᠠᠬᠤᠶᠢᠯᠠᠯ ᠤᠨ ᠲᠣᠭᠠᠴᠢᠯᠠᠭᠰᠠᠨ᠂ | ᠰᠦᠯᠵᠢᠶᠡᠵᠢᠭᠰᠡᠨ ᠪᠠ ᠣᠶᠣᠨᠴᠢᠯᠠᠭᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ ᠃ ᠨᠢᠭᠡ ᠪᠦᠯᠦᠭ ᠠᠵᠢᠯ | ᠲᠦᠷᠦᠯ ᠤᠨ ᠡᠭᠦᠯᠡᠨ ᠲᠠᠪᠴᠠᠩ ᠢ ᠬᠥᠮᠥᠵᠢᠭᠦᠯᠦᠨ᠂ ᠳ᠋ᠠᠶᠢᠲ᠋ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠡᠯ᠎ᠡ | ᠵᠠᠩᠭᠢᠯᠠᠭ᠎ᠠ ᠶᠢᠨ ᠳ᠋ᠠᠶᠢᠲ᠋ᠠ ᠶᠢᠨ ᠬᠡᠯᠬᠢᠶ᠎ᠡ ᠶᠢ ᠨᠡᠪᠲᠡᠷᠡᠭᠦᠯᠦᠨ᠂ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ | ᠬᠦᠷᠢᠶ᠎ᠡ ᠬᠡᠪᠴᠢᠶᠡᠨ ᠤ ᠡᠯ᠎ᠡ ᠵᠠᠩᠭᠢᠯᠠᠭ᠎ᠠ ᠶᠢᠨ ᠲᠣᠮᠣ ᠳ᠋ᠠᠶᠢᠲ᠋ᠠ ᠶᠢᠨ ᠬᠡᠷᠡᠭᠯᠡᠯᠲᠡ ᠶᠢ ᠲᠦᠯᠬᠢᠨ ᠠᠬᠢᠭᠤᠯᠤᠨ᠎ᠠ ᠃ | ᠲᠤᠮᠤ ᠳ᠋ᠠᠶᠢᠲ᠋ᠠ ᠬᠡᠷᠡᠭᠯᠡᠭᠴᠢᠳ ᠤᠨ ᠬᠡᠷᠡᠭᠴᠡᠭᠡ ᠱᠠᠭᠠᠷᠳᠠᠯᠭ᠎ᠠ ᠶᠢ ᠲᠦᠢᠯ ᠤᠨ ᠣᠨᠣᠪᠴᠢᠲᠠᠢ ᠪᠠᠷ ᠰᠡᠷᠡᠵᠦ | ᠮᠡᠳᠡᠬᠦ ᠶᠢ ᠠᠰᠢᠭᠯᠠᠨ᠂ ᠳ᠋ᠠᠶᠢᠲ᠋ᠠ ᠪᠣᠯᠣᠨ ᠮᠡᠳᠡᠯᠭᠡ ᠪᠠᠷ ᠰᠠᠭᠤᠷᠢᠯᠠᠭᠤᠯᠤᠭᠰᠠᠨ ᠰᠢᠨ᠎ᠡ ᠶᠢ ᠡᠭᠦᠳᠬᠦ ᠵᠢᠷᠤᠭ | ᠲᠥᠯᠥᠪᠯᠡᠭᠡ ᠪᠠ ᠰᠤᠳᠤᠯᠤᠨ ᠨᠡᠭᠡᠭᠡᠯᠲᠡ ᠶᠢ ᠠᠬᠢᠭᠤᠯᠤᠨ᠎ᠠ︔ ᠲᠣᠮᠣ ᠳ᠋ᠠᠶᠢᠲ᠋ᠠ ᠶᠢᠨ ᠡᠵᠡᠮᠰᠢᠯ ᠢᠶᠠᠷ ᠳᠠᠮᠵᠢᠭᠤᠯᠤᠨ | ᠠᠵᠢᠯᠯᠠᠬᠤ ᠴᠤᠪᠤᠷᠠᠯ ᠢ ᠰᠢᠯᠢᠳᠡᠭᠵᠢᠭᠦᠯᠵᠦ᠂ ᠰᠠᠭᠠᠳ ᠤᠨ ᠲᠥᠰᠦᠭᠡᠯᠡᠯ ᠪᠣᠯᠣᠨ ᠡᠷᠡᠭᠦᠯ ᠮᠡᠨᠳᠦ ᠶᠢᠨ | ᠬᠠᠮᠢᠶᠠᠷᠤᠯᠲᠠ ᠶᠢ ᠴᠢᠩᠭᠠᠳᠬᠠᠨ᠂ ᠦᠢᠯᠡᠳᠬᠦᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠡᠨᠧᠷᠭᠢ ᠶᠢᠨ | ᠬᠤᠷᠣᠭᠳᠠᠯ ᠢ ᠪᠠᠭᠠᠰᠬᠠᠨ᠎ᠠ︔ ᠬᠥᠮᠦᠨ ᠤ ᠬᠦᠴᠦ᠂ ᠡᠳ᠋ ᠤᠨ ᠶᠠᠪᠤᠳᠠᠯ᠂ ᠦᠢᠯᠡᠳᠪᠦᠷᠢᠯᠡᠵᠦ ᠦᠢᠯᠡᠳᠬᠦ᠂ | ᠬᠤᠳᠠᠯᠳᠤᠨ ᠠᠪᠬᠤ ᠵᠡᠷᠭᠡ ᠵᠠᠩᠭᠢᠯᠠᠭ᠎ᠠ ᠶᠢᠨ ᠡᠵᠡᠩᠨᠡᠯᠲᠡ ᠶᠢᠨ ᠭᠤᠭᠴᠣᠭᠠᠨ ᠤ ᠳ᠋ᠠᠶᠢᠲ᠋ᠠ ᠶᠢ ᠬᠤᠷᠠᠮᠳᠤᠭᠤᠯᠤᠨ | ᠠᠰᠢᠭᠯᠠᠵᠤ᠂ ᠬᠠᠮᠢᠶᠠᠷᠤᠯᠲᠠ ᠶᠢᠨ ᠦᠷ᠎ᠡ ᠪᠦᠲᠦᠭᠡᠯ ᠪᠣᠯᠤᠨ ᠰᠢᠢᠳᠪᠦᠷᠢᠲᠦ ᠪᠤᠳᠤᠯᠭ᠎ᠠ ᠲᠣᠭᠲᠠᠭᠠᠬᠤ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ︔ ᠪᠣᠷᠣᠯᠠᠭᠤᠯᠬᠤ ᠠᠴᠠ ᠡᠮᠦᠨ᠎ᠡ᠂ ᠪᠤᠷᠤᠯᠠᠭᠤᠯᠬᠤ ᠳᠤᠮᠳᠠ᠂ ᠪᠣᠷᠣᠯᠠᠭᠤᠯᠤᠭᠰᠠᠨ ᠤ | ᠳᠠᠷᠠᠭᠠᠬᠢ ᠦᠢᠯᠡᠴᠢᠯᠡᠭᠡᠨ ᠳᠠᠬᠢ ᠲᠣᠮᠣ ᠳ᠋ᠠᠶᠢᠲ᠋ᠠ ᠶᠢᠨ ᠰᠢᠨ᠎ᠡ ᠶᠢ ᠡᠭᠦᠳᠬᠦ ᠬᠡᠷᠡᠭᠯᠡᠯᠲᠡ ᠶᠢ ᠠᠬᠢᠭᠤᠯᠤᠨ᠎ᠠ ᠃ | | ᠲᠤᠮᠤ ᠳ᠋ᠠᠶᠢᠲ᠋ᠠ ᠶᠢ ᠠᠰᠢᠭᠯᠠᠨ ᠳᠤᠮᠳᠠ ᠵᠢᠵᠢᠭ ᠠᠵᠤ ᠠᠬᠤᠶᠢᠯᠠᠯ ᠤᠨ ᠪᠦᠭᠡᠮᠨᠡᠷᠡᠨ ᠬᠥᠭᠵᠢᠬᠦ ᠶᠢ | ᠲᠦᠷᠭᠡᠳᠬᠡᠨ᠂ ᠨᠢᠭᠡ ᠪᠦᠯᠦᠭ ᠪᠦᠬᠦ ᠠᠵᠤ ᠦᠢᠯᠡᠰ ᠤᠨ ᠬᠡᠯᠬᠢᠶᠡᠨ ᠳᠤ ᠬᠡᠷᠡᠭᠯᠡᠯᠲᠡ ᠶᠢᠨ ᠦᠢᠯᠡᠴᠢᠯᠡᠭᠡ | ᠬᠠᠩᠭᠠᠬᠤ ᠴᠢᠨᠠᠷ ᠰᠠᠶᠢᠲᠠᠶ ᠠᠵᠤ ᠠᠬᠤᠶᠢᠯᠠᠯ ᠤᠨ ᠲᠠᠪᠴᠠᠩ ᠢ ᠪᠠᠶᠢᠭᠤᠯᠵᠤ᠂ ᠢᠵᠢ ᠪᠦᠷᠢᠳᠦᠭᠦᠯᠦᠭᠰᠡᠨ ᠳᠤᠮᠳᠠ | ᠵᠢᠵᠢᠭ ᠠᠵᠤ ᠠᠬᠤᠶᠢᠯᠠᠯ ᠤᠨ ᠴᠤᠭᠯᠠᠷᠠᠯ ᠢ ᠳᠠᠭᠠᠭᠤᠯᠤᠨ᠂ ᠳᠡᠭᠡᠳᠦ ᠲᠤᠤᠷᠡᠳᠤ ᠤᠷᠤᠰᠬᠠᠯ ᠤᠨ | ᠬᠤᠭᠤᠷᠣᠨᠳᠣ ᠪᠠᠨ ᠬᠠᠮᠵᠢᠯᠴᠠᠨ ᠦᠢᠯᠡᠳᠬᠦ ᠪᠠ ᠥᠪᠡᠷᠮᠢᠴᠡ ᠣᠨᠴᠠᠯᠢᠭ ᠲᠠᠢ ᠪᠠᠷ ᠦᠢᠯᠡᠳᠬᠦ ᠶᠢ ᠲᠦᠯᠬᠢᠨ | ᠠᠬᠢᠭᠤᠯᠤᠨ᠎ᠠ ᠃ ᠠᠵᠤ ᠠᠬᠤᠶᠢᠯᠠᠯ ᠤᠳ ᠤᠨ ᠬᠤᠭᠤᠷᠣᠨᠳᠣ ᠲᠤᠮᠤ ᠳ᠋ᠠᠶᠢᠲ᠋ᠠ ᠶᠢᠨ ᠠᠳᠠᠯ ᠦᠢᠯᠡᠰ ᠴᠣᠭᠴᠠᠯᠠᠬᠤ | ᠨᠡᠪᠴᠢᠭᠦᠯᠦᠭᠦᠷ᠂ ᠬᠠᠮᠵᠢᠯᠴᠠᠨ ᠰᠢᠨ᠎ᠡ ᠶᠢ ᠡᠭᠦᠳᠬᠦ᠂ ᠰᠦᠯᠵᠢᠶᠡᠨ ᠤ ᠤᠯᠠᠨ ᠨᠡᠶᠢᠲᠡ ᠳᠤ ᠳᠠᠭᠠᠭᠠᠴᠢᠯᠠᠭᠤᠯᠬᠤ᠂ | ᠪᠡᠯᠡ ᠣᠷᠣᠭᠤᠯᠵᠤ ᠪᠡᠯᠡ ᠲᠣᠬᠢᠷᠠᠭᠤᠯᠬᠤ ᠪᠠᠷ ᠰᠠᠭᠤᠷᠢᠯᠠᠭᠤᠯᠤᠭᠰᠠᠨ ᠠᠵᠤ ᠦᠢᠯᠡᠰ ᠤᠨ ᠬᠡᠯᠬᠢᠶ᠎ᠡ ᠶᠢᠨ ᠠᠮᠢ | ᠠᠬᠤᠶ ᠶᠢ ᠪᠤᠶᠢᠵᠢᠭᠤᠯᠤᠨ᠎ᠠ ᠃ ᠬᠥᠭᠵᠢᠭᠦᠯᠬᠦ ᠨᠢ ᠳᠠᠷᠤᠢ ᠦᠢᠯᠡᠴᠢᠯᠡᠬᠦ ᠵᠠᠭᠪᠤᠷ ᠢ ᠬᠥᠭᠵᠢᠭᠦᠯᠵᠦ᠂ | ᠦᠢᠯᠡᠳᠪᠦᠷᠢᠯᠡᠯ ᠤᠨ ᠮᠠᠶ᠋ᠢᠭ ᠤᠨ ᠦᠢᠯᠡᠳᠬᠦ ᠪᠠᠶᠢᠭᠰᠠᠨ ᠠᠴᠠ ᠪᠠᠨ ᠦᠢᠯᠡᠴᠢᠯᠡᠭᠡᠨ ᠤ ᠮᠠᠶ᠋ᠢᠭ ᠤᠨ ᠦᠢᠯᠡᠳᠬᠦ | ᠪᠣᠯᠭᠠᠨ ᠬᠤᠪᠢᠷᠠᠭᠤᠯᠬᠤ ᠶᠢ ᠠᠬᠢᠭᠤᠯᠤᠨ᠎ᠠ ᠃ | ︵ᠭᠤᠷᠪᠠ︶ ᠲᠤᠮᠤ ᠳ᠋ᠠᠶᠢᠲ᠋ᠠ ᠶᠢ ᠡᠨᠧᠷᠭᠢ ᠶᠢᠨ ᠠᠵᠤ ᠦᠢᠯᠡᠰ ᠯᠦᠭᠡ ᠭᠦᠨ ᠠᠭᠤᠰᠤᠯᠴᠠᠭᠤᠯᠬᠤ ᠶᠢ ᠲᠦᠯᠬᠢᠨ | ᠠᠬᠢᠭᠤᠯᠤᠨ᠎ᠠ ᠃ ᠤᠶᠤᠨᠲᠤ ᠰᠠᠯᠬᠢᠨ ᠤ ᠬᠦᠴᠦ ᠪᠠᠷ ᠴᠠᠬᠢᠯᠭᠠᠨ ᠭᠠᠷᠭᠠᠬᠤ ᠲᠠᠯᠠᠪᠠᠶ᠂ ᠣᠶᠣᠨᠲᠦ ᠭᠡᠷᠡᠯ | ᠸᠣᠯᠲ ᠤᠨ ᠴᠠᠬᠢᠯᠭᠠᠨ ᠥᠷᠲᠡᠭᠡ ᠵᠡᠷᠭᠡ ᠪᠡᠯᠡᠳᠬᠡᠮᠵᠢ ᠵᠢᠴᠢ ᠣᠶᠣᠨᠯᠢᠭ ᠠᠵᠢᠯᠯᠠᠭᠠᠨ ᠤ ᠲᠤᠮᠤ ᠳ᠋ᠠᠶᠢᠲ᠋ᠠ ᠶᠢᠨ | ᠲᠠᠪᠴᠠᠩ ᠪᠠᠶᠢᠭᠤᠯᠬᠤ ᠶᠢ ᠵᠣᠷᠢᠬᠵᠢᠭᠤᠯᠤᠨ᠂ ᠰᠡᠷᠭᠦᠭᠡᠭᠳᠡᠬᠦ ᠡᠨᠧᠷᠭᠢ ᠶᠢᠨ ᠤᠶᠤᠨᠴᠢᠯᠠᠬᠰᠠᠨ ᠦᠢᠯᠡᠳᠪᠦᠷᠢᠯᠡᠯ ᠢ | ᠪᠡᠶᠡᠯᠡᠭᠦᠯᠦᠨ᠎ᠡ ᠃ ᠨᠡᠭᠦᠷᠡᠰᠦ᠂ ᠴᠢᠯᠠᠭᠤᠨ ᠲᠤᠰᠤ᠂ ᠰᠢᠲᠠᠮᠠᠬᠠᠢ ᠭᠡᠢ ᠮᠠᠯᠲᠠᠬᠤ᠂ ᠦᠢᠯᠡᠳᠪᠦᠷᠢᠯᠡᠯ ᠵᠢᠴᠢ | ᠠᠰᠢᠭᠯᠠᠯᠲᠠ ᠶᠢᠨ ᠪᠥᠬᠦ ᠬᠡᠯᠬᠢᠶ᠎ᠡ ᠶᠢᠨ ᠣᠶᠣᠨᠴᠢᠯᠠᠭᠰᠠᠨ ᠥᠭᠡᠷᠡᠴᠢᠯᠡᠯᠲᠡ ᠶᠢ ᠵᠣᠷᠢᠬᠵᠢᠭᠤᠯᠤᠨ᠂ | ᠴᠢᠯᠠᠭᠤᠵᠢᠮᠠᠯ ᠤᠨ ᠡᠨᠧᠷᠭᠢ ᠶᠢᠨ ᠪᠣᠬᠢᠷᠳᠤᠯ ᠦᠭᠡᠢ᠂ ᠴᠡᠪᠡᠷ ᠪᠠ ᠥᠨᠳᠥᠷ ᠪᠦᠲᠦᠮᠵᠢᠲᠡᠶ ᠦᠢᠯᠡᠳᠪᠦᠷᠢᠯᠡᠯ ᠢ | ᠪᠡᠶᠡᠯᠡᠭᠦᠯᠦᠨ᠎ᠡ ᠃ ᠴᠠᠬᠢᠯᠭᠠᠨ ᠬᠦᠴᠦᠨ᠂ ᠪᠠᠶᠢᠭᠠᠯᠢ ᠶᠢᠨ ᠰᠢᠲᠠᠮᠠᠬᠠᠶ ᠬᠡᠢ ᠶᠢᠨ ᠬᠡᠷᠡᠭᠴᠡᠭᠡᠨ ᠤ ᠲᠠᠯ᠎ᠠ ᠶᠢᠨ | ᠬᠠᠮᠢᠶᠠᠷᠤᠯᠲᠠ ᠶᠢ ᠴᠢᠩᠭᠠᠳᠬᠠᠨ᠂ ᠡᠨᠧᠷᠭᠢ ᠶᠢᠨ ᠣᠶᠣᠨᠴᠢᠯᠠᠭᠰᠠᠨ ᠬᠡᠷᠡᠭᠯᠡᠯᠲᠡ ᠶᠢ ᠬᠢᠨᠠᠨ ᠬᠡᠮᠵᠢᠬᠦ ᠪᠠ | ᠣᠨᠣᠰᠢᠯᠠᠯᠲᠠ ᠶᠢᠨ ᠮᠡᠷᠭᠡᠵᠢᠯ ᠢ ᠲᠥᠭᠡᠮᠡᠯᠵᠢᠭᠦᠯᠦᠨ᠎ᠡ ᠃ ᠮᠡᠳᠡᠭᠡ ᠵᠠᠩᠭᠢ ᠶᠢᠨ ᠰᠢᠰᠲ᠋ᠧᠮ ᠪᠣᠯᠤᠨ ᠹᠢᠽᠢᠺ ᠤᠨ | ᠰᠢᠰᠲ᠋ᠧᠮ ᠠᠭᠤᠰᠤᠯᠴᠠᠭᠰᠠᠨ ᠡᠨᠧᠷᠭᠢ ᠶᠢᠨ ᠣᠶᠣᠨᠴᠢᠯᠠᠭᠰᠠᠨ ᠬᠡᠷᠡᠭᠯᠡᠯᠲᠡ ᠶᠢ ᠲᠣᠬᠢᠷᠠᠭᠤᠯᠤᠨ ᠡᠵᠡᠮᠳᠡᠬᠦ | ᠰᠢᠰᠲ᠋ᠧᠮᠵᠢ ᠶᠢ ᠪᠠᠶᠢᠭᠤᠯᠵᠤ᠂ ᠡᠨᠧᠷᠭᠢ ᠶᠢᠨ ᠦᠢᠯᠡᠳᠪᠦᠷᠢᠯᠡᠯ ᠬᠢᠭᠡᠳ ᠬᠡᠷᠡᠭᠯᠡᠭᠡ ᠶᠢᠨ ᠲᠦᠷᠭᠡᠨ ᠲᠤᠰᠬᠠᠬᠤ ᠪᠠ | ᠨᠠᠷᠢᠯᠢᠬ ᠣᠨᠣᠪᠴᠢᠲᠠᠶ ᠡᠵᠡᠮᠳᠡᠬᠦ ᠶᠢ ᠪᠡᠶᠡᠯᠡᠭᠦᠯᠦᠨ᠎ᠡ ᠃ ᠡᠨᠧᠷᠭᠢ ᠶᠢᠨ ᠦᠵᠦᠭᠦᠷᠯᠢᠭ ᠬᠡᠷᠡᠭᠯᠡᠭᠴᠢᠳ ᠲᠤ | ᠬᠠᠨᠳᠤᠭᠤᠯᠤᠭᠰᠠᠨ ᠡᠨᠧᠷᠭᠢ ᠬᠡᠷᠡᠭᠯᠡᠬᠦ ᠲᠤᠮᠤ ᠳ᠋ᠠᠶᠢᠲ᠋ᠠ ᠶᠢᠨ ᠮᠡᠳᠡᠭᠡ ᠵᠠᠩᠭᠢ ᠶᠢᠨ ᠦᠢᠯᠡᠴᠢᠯᠡᠭᠡ ᠬᠢᠬᠦ ᠶᠢ | ᠵᠣᠷᠢᠬᠵᠢᠭᠤᠯᠤᠨ᠂ ᠡᠨᠧᠷᠭᠢ ᠬᠡᠷᠡᠭᠯᠡᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠰᠡᠷᠡᠵᠦ ᠮᠡᠳᠡᠬᠦ ᠪᠠ | ᠬᠥᠳᠡᠯᠦᠩᠭᠦᠶ ᠵᠠᠳᠠᠯᠤᠯᠲᠠ ᠬᠢᠵᠦ᠂ ᠡᠨᠧᠷᠭᠢ ᠶᠢ ᠣᠶᠣᠨᠴᠢᠯᠠᠨ ᠬᠡᠷᠡᠭᠯᠡᠬᠦ ᠶᠢ ᠠᠯᠤᠰ ᠠᠴᠠ᠂ ᠨᠦᠭᠦᠷᠰᠡᠭ ᠢᠶᠠᠷ᠂ | ᠬᠠᠷᠢᠯᠴᠠᠨ ᠬᠦᠳᠡᠯᠦᠯᠴᠡᠵᠦ ᠡᠵᠡᠮᠳᠡᠨ᠎ᠡ ᠃ ᠡᠯ᠎ᠡ ᠭᠠᠵᠠᠷ ᠣᠷᠣᠨ ᠢ ᠵᠣᠷᠢᠬᠵᠢᠭᠤᠯᠵᠤ ᠪᠠᠶᠢᠭᠠᠳ ᠨᠡᠭᠦᠷᠡᠰᠦ᠂ | ᠴᠠᠬᠢᠯᠭᠠᠨ ᠬᠦᠴᠦ ᠂ ᠴᠢᠯᠠᠭᠤᠨ ᠲᠤᠰᠤ ᠂ ᠪᠠᠶᠢᠭᠠᠯᠢ ᠶᠢᠨ ᠰᠢᠲᠠᠮᠬᠠᠢ ᠬᠡᠢ ᠂ ᠰᠡᠷᠭᠦᠭᠡᠭᠳᠡᠬᠦ ᠡᠨᠧᠷᠭᠢ ᠵᠡᠷᠭᠡ | ᠳ᠋ᠠᠶᠢᠲ᠋ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠤᠮᠤ | ᠳ᠋ᠠᠶᠢᠲ᠋ᠠ ᠶᠢᠨ ᠬᠡᠷᠡᠭᠯᠡᠭᠡᠨ ᠤ ᠤᠯᠠᠨ ᠲᠡᠰ ᠳᠠᠪᠬᠤᠷᠭᠠᠲᠤ ᠰᠢᠰᠲ᠋ᠧᠮᠵᠢ ᠶᠢ ᠪᠦᠲᠦᠭᠡᠨ ᠪᠠᠶᠢᠭᠤᠯᠵᠤ ᠂ ᠡᠨᠧᠷᠭᠢ ᠶᠢᠨ | ᠦᠢᠯᠡᠳᠪᠦᠷᠢᠯᠡᠯ ᠂ ᠲᠡᠭᠡᠭᠡᠪᠦᠷᠢ ᠂ ᠬᠡᠷᠡᠭᠯᠡᠭᠡ ᠵᠡᠷᠭᠡ ᠬᠠᠮᠢᠶ᠎ᠠ ᠪᠦᠬᠦᠢ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ | ᠳ᠋ᠠᠶᠢᠲ᠋ᠠ ᠶᠢᠨ ᠴᠤᠭᠯᠠᠷᠠᠯ ᠂ ᠬᠠᠮᠲᠤ ᠪᠠᠷ ᠡᠳ᠋ᠯᠡᠬᠦ ᠪᠠ ᠬᠡᠷᠡᠭᠯᠡᠭᠡᠨ ᠢ ᠪᠡᠶᠡᠯᠡᠭᠦᠯᠦᠨ᠎ᠡ ᠃ ᠴᠢᠯᠠᠭᠤᠨ ᠲᠣᠰᠣ ᠂ | ᠴᠠᠬᠢᠯᠭᠠᠨ ᠬᠦᠴᠦ ᠂ ᠪᠠᠶᠢᠭᠠᠯᠢ ᠶᠢᠨ ᠰᠢᠲᠠᠮᠠᠬᠠᠶ ᠬᠡᠢ ᠵᠡᠷᠭᠡ ᠴᠤᠪᠤᠷᠠᠯ ᠢ ᠦᠢᠯᠡᠳᠬᠦ ᠠᠵᠤ ᠠᠬᠤᠶᠢᠯᠠᠯ ᠤᠨ | ᠪᠦᠯᠦᠭᠯᠡᠯ ᠤᠨ ᠲᠤᠮᠤ ᠳ᠋ᠠᠶᠢᠲ᠋ᠠ ᠶᠢᠨ ᠲᠠᠪᠴᠠᠩ ᠢ ᠨᠡᠭᠡᠭᠡᠨ ᠬᠥᠭᠵᠢᠭᠦᠯᠬᠦ ᠪᠠ ᠬᠡᠷᠡᠭᠯᠡᠭᠡᠨ ᠤ ᠵᠢᠱᠢᠶ᠎ᠡ ᠦᠵᠡᠭᠦᠯᠬᠦ ᠶᠢ | ᠳᠡᠮᠵᠢᠨ᠎ᠡ ᠃ ᠰᠠᠯᠬᠢᠨ ᠬᠦᠴᠦ ᠂ ᠭᠡᠷᠡᠯ ᠸᠣᠯᠲ ᠂ ᠨᠡᠭᠦᠷᠡᠰᠦᠨ ᠳᠠᠪᠬᠤᠷᠭ᠎ᠠ ᠶᠢᠨ ᠭᠡᠢ ᠂ ᠵᠠᠨᠠᠷ ᠤᠨ ᠬᠡᠢ ᠵᠡᠷᠭᠡ | ᠡᠯ᠎ᠡ ᠵᠦᠢᠯ ᠤᠨ ᠰᠢᠨ᠎ᠡ ᠡᠨᠧᠷᠭᠢ ᠶᠢᠨ ᠳ᠋ᠠᠶᠢᠲ᠋ᠠ ᠶᠢ ᠡᠮᠬᠢᠯᠡᠨ ᠨᠡᠶᠢᠯᠡᠭᠦᠯᠬᠦ ᠶᠢ ᠬᠦᠴᠦᠯᠡᠨ ᠠᠬᠢᠭᠤᠯᠵᠤ ᠂ ᠲᠣᠮᠣ | ᠳ᠋ᠠᠶᠢᠲ᠋ᠠ ᠶᠢ ᠠᠰᠢᠭᠯᠠᠨ ᠰᠢᠨ᠎ᠡ ᠡᠨᠧᠷᠭᠢ ᠶᠢ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ ᠃ | ︵ᠲᠥᠷᠪᠡ︶ ᠲᠤᠮᠤ ᠳ᠋ᠠᠶᠢᠲ᠋ᠠ ᠶᠢ ᠦᠢᠯᠡᠴᠢᠯᠡᠭᠡᠨ ᠤ ᠦᠢᠯᠡᠰ ᠯᠦᠭᠡ ᠭᠦᠨ ᠠᠭᠤᠰᠤᠯᠴᠠᠭᠤᠯᠬᠤ ᠶᠢ | ᠲᠦᠯᠬᠢᠨ ᠠᠬᠢᠭᠤᠯᠤᠨ᠎ᠠ ᠃ ᠡᠯᠧᠺᠳ᠋ᠷᠣᠨ ᠬᠤᠳᠠᠯᠳᠤᠭᠠᠨ ᠤ ᠶᠠᠪᠤᠳᠠᠯ ᠂ ᠤᠳᠤ ᠦᠶ᠎ᠡ ᠶᠢᠨ ᠪᠠᠷᠠᠭᠠᠨ ᠤ ᠭᠦᠢᠯᠭᠡᠭᠡ | ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ ᠂ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡ ᠂ | ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠦᠢᠯᠡᠴᠢᠯᠡᠭᠡ ᠵᠡᠷᠭᠡ ᠦᠢᠯᠡᠳᠪᠦᠷᠢᠯᠡᠯ ᠤᠨ ᠴᠢᠨᠠᠷᠲᠠᠶ | ᠦᠢᠯᠡᠴᠢᠯᠡᠭᠡᠨ ᠤ ᠦᠢᠯᠡᠰ ᠲᠠᠬᠢ ᠲᠣᠮᠣ ᠳ᠋ᠠᠶᠢᠲ᠋ᠠ ᠶᠢᠨ ᠬᠡᠷᠡᠭᠯᠡᠯᠲᠡ ᠶᠢ ᠴᠢᠩᠭᠠᠳᠬᠠᠵᠤ ᠂ ᠦᠢᠯᠡᠳᠪᠦᠷᠢᠯᠡᠯ ᠤᠨ | ᠴᠢᠨᠠᠷᠲᠠᠶ ᠦᠢᠯᠡᠴᠢᠯᠡᠭᠡᠨ ᠤ ᠦᠢᠯᠡᠰ ᠤᠨ ᠲᠤᠰᠬᠠᠶᠢᠵᠢᠬᠤ ᠪᠠ ᠦᠷᠳᠡᠭ ᠤᠨ ᠬᠡᠯᠬᠢᠶᠡᠨ ᠤ ᠳᠡᠭᠡᠳᠦ ᠳᠡᠰ ᠲᠠᠰᠢ | ᠥᠷᠭᠦᠯᠵᠢᠯᠡᠬᠦ ᠶᠢ ᠠᠬᠢᠭᠤᠯᠤᠨ᠎ᠠ ᠃ ᠵᠢᠭᠤᠯᠴᠢᠯᠠᠯ ᠂ ᠬᠤᠳᠠᠯᠳᠤᠭ᠎ᠠ ᠠᠷᠠᠯᠵᠢᠶᠠᠨ ᠤ ᠭᠦᠢᠯᠭᠡᠭᠡ ᠂ ᠭᠡᠷ ᠭᠠᠵᠠᠷ | ᠬᠥᠷᠥᠩᠭᠡ ᠶᠢᠨ ᠠᠵᠤ ᠦᠢᠯᠡᠰ ᠂ ᠰᠣᠶᠣᠯ ᠤᠨ ᠠᠵᠤ ᠦᠢᠯᠡᠰ ᠂ ᠪᠡᠶ᠎ᠡ ᠶᠢᠨ ᠲᠠᠮᠢᠷ ᠤᠨ ᠠᠵᠤ ᠦᠢᠯᠡᠰ ᠂ | ᠰᠠᠭᠤᠭᠠᠯᠢ ᠠᠷᠠᠳ ᠪᠠ ᠭᠡᠷ ᠪᠦᠯᠢ ᠶᠢᠨ ᠦᠢᠯᠡᠴᠢᠯᠡᠭᠡ ᠂ ᠡᠷᠡᠭᠦᠯ ᠮᠡᠨᠳᠦ ᠶᠢᠨ ᠦᠢᠯᠡᠴᠢᠯᠡᠭᠡ ᠂ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡ ᠵᠡᠷᠭᠡ ᠠᠮᠢᠳᠤᠷᠠᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠲᠠᠬᠢ ᠲᠣᠮᠣ | ᠳ᠋ᠠᠶᠢᠲ᠋ᠠ ᠶᠢᠨ ᠬᠡᠷᠡᠭᠯᠡᠯᠲᠡ ᠶᠢ ᠴᠢᠩᠭᠠᠳᠬᠠᠵᠤ ᠂ ᠠᠮᠢᠳᠤᠷᠠᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠤᠨ | ᠳᠥᠭᠦᠮ ᠳᠥᠲᠡ ᠂ ᠨᠠᠷᠢᠯᠢᠬ ᠂ ᠴᠢᠨᠠᠷᠵᠢᠭᠤᠨ ᠬᠥᠭᠵᠢᠬᠦ ᠶᠢ ᠠᠬᠢᠭᠤᠯᠤᠨ᠎ᠠ ᠃ ᠲᠤᠮᠤ ᠳ᠋ᠠᠶᠢᠲ᠋ᠠ ᠪᠠᠷ | ᠰᠠᠭᠤᠷᠢᠯᠠᠭᠤᠯᠤᠭᠰᠠᠨ ᠲᠦᠭᠡᠮᠡᠯ ᠬᠠᠷᠠᠭᠠᠯᠵᠠᠯ ᠤᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮᠵᠢ ᠶᠢᠨ | ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠤ ᠂ ᠲᠣᠮᠣ ᠳ᠋ᠠᠶᠢᠲ᠋ᠠ ᠵᠡᠷᠭᠡ ᠮᠡᠳᠡᠭᠡ ᠵᠠᠩᠭᠢ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠠᠷᠭ᠎ᠠ ᠪᠠᠷᠢᠯ ᠢ ᠠᠰᠢᠭᠯᠠᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ ᠂ ᠮᠥᠩᠭᠦᠨ ᠭᠦᠢᠯᠭᠡᠭᠡᠨ ᠤ ᠰᠢᠨ᠎ᠡ ᠶᠢ ᠡᠭᠦᠳᠬᠦ ᠪᠠ ᠲᠣᠭᠲᠠᠭᠤᠨ ᠢᠶᠠᠷ ᠬᠥᠭᠵᠢᠬᠦ ᠶᠢ | ᠠᠬᠢᠭᠤᠯᠤᠨ᠎ᠠ ᠃ | ︵ᠲᠠᠪᠤ︶ ᠤᠯᠠᠨ ᠲᠠᠯ᠎ᠠ ᠶᠢᠨ ᠳ᠋ᠠᠶᠢᠲ᠋ᠠ ᠶᠢᠨ ᠠᠭᠤᠰᠤᠯᠴᠠᠯ ᠤᠨ ᠰᠢᠨ᠎ᠡ ᠶᠢ ᠡᠭᠦᠳᠬᠦ ᠶᠢ ᠲᠦᠯᠬᠢᠨ | ᠠᠬᠢᠭᠤᠯᠤᠨ᠎ᠠ ᠃ ᠬᠦᠷᠢᠶ᠎ᠡ ᠬᠡᠪᠴᠢᠶ᠎ᠡ ᠠᠯᠤᠰᠯᠠᠭᠰᠠᠨ ᠂ ᠠᠵᠢᠯ ᠲᠥᠷᠥᠯ ᠠᠯᠤᠰᠯᠠᠭᠰᠠᠨ ᠳ᠋ᠠᠶᠢᠲ᠋ᠠ ᠶᠢᠨ | ᠠᠭᠤᠰᠤᠯᠴᠠᠯ ᠪᠠ ᠬᠠᠮᠵᠢᠯᠴᠠᠭ᠎ᠠ ᠶᠢᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠵᠤ ᠂ ᠴᠠᠬᠢᠯᠭᠠᠨ ᠬᠤᠯᠪᠣᠭ᠎ᠠ ᠂ | ᠢᠨᠲ᠋ᠧᠷ ᠰᠦᠯᠵᠢᠶ᠎ᠡ ᠂ ᠮᠥᠩᠭᠦᠨ ᠭᠦᠢᠯᠭᠡᠭᠡᠨ ᠂ ᠠᠮᠤᠷ ᠮᠡᠨᠳᠤ ᠂ ᠵᠠᠮ ᠬᠠᠷᠢᠯᠴᠠᠭ᠎ᠠ ᠵᠡᠷᠭᠡ ᠬᠦᠷᠢᠶ᠎ᠡ | ᠬᠡᠪᠴᠢᠶᠡᠨ ᠳᠠᠬᠢ ᠤᠯᠠᠨ ᠲᠠᠯ᠎ᠠ ᠶᠢᠨ ᠳ᠋ᠠᠶᠢᠲ᠋ᠠ ᠶᠢᠨ ᠠᠭᠤᠰᠤᠯᠴᠠᠭᠰᠠᠨ ᠬᠡᠷᠡᠭᠯᠡᠯᠲᠡ ᠶᠢ ᠦᠷᠨᠢᠭᠦᠯᠵᠦ ᠂ ᠨᠢᠭᠡ | ᠪᠦᠯᠦᠭ ᠤᠯᠠᠨ ᠲᠠᠯ᠎ᠠ ᠶᠢᠨ ᠳ᠋ᠠᠶᠢᠲ᠋ᠠ ᠶᠢᠨ ᠠᠭᠤᠰᠤᠯᠴᠠᠭᠰᠠᠨ ᠬᠡᠷᠡᠭᠯᠡᠭᠡᠨ ᠤ ᠰᠢᠨ᠎ᠡ ᠶᠢ ᠡᠭᠦᠳᠬᠦ ᠲᠠᠪᠴᠠᠩ ᠢ | ᠪᠦᠲᠦᠭᠡᠨ ᠪᠠᠶᠢᠭᠤᠯᠵᠤ ᠂ ᠮᠡᠷᠭᠡᠵᠢᠯ ᠤᠨ ᠴᠢᠳᠠᠪᠤᠷᠢ ᠪᠠᠷ ᠴᠢᠩᠭ᠎ᠠ᠂ ᠲᠤᠰᠬᠠᠶᠢᠵᠢᠭᠰᠠᠨ ᠬᠡᠮᠵᠢᠶ᠎ᠡ ᠪᠠᠷ ᠥᠨᠳᠥᠷ | ᠠᠵᠢᠯ ᠲᠦᠷᠦᠯ ᠠᠯᠤᠰᠯᠠᠨ ᠠᠭᠤᠰᠤᠯᠴᠠᠬᠤ ᠬᠡᠷᠡᠭᠯᠡᠭᠡᠨ ᠤ ᠬᠡᠯᠪᠡᠷᠢ ᠶᠢᠨ ᠲᠤᠮᠤ ᠳ᠋ᠠᠶᠢᠲ᠋ᠠ ᠶᠢᠨ ᠠᠵᠤ ᠠᠬᠤᠶᠢᠯᠠᠯ ᠢ | ᠪᠤᠶᠢᠵᠢᠭᠤᠯᠵᠤ ᠂ ᠰᠢᠨ᠎ᠡ ᠪᠠᠷ ᠪᠤᠢ ᠪᠣᠯᠣᠭᠰᠠᠨ ᠠᠵᠤ ᠦᠢᠯᠡᠰ ᠤᠨ ᠬᠥᠭᠵᠢᠯᠲᠡ ᠪᠣᠯᠣᠨ ᠤᠯᠠᠮᠵᠢᠯᠠᠯᠲᠤ ᠠᠵᠤ | ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠤᠨ ᠂ ᠬᠠᠮᠵᠢᠯᠴᠠᠨ ᠬᠥᠭᠵᠢᠬᠦ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ ᠂ ᠰᠢᠨ᠎ᠡ ᠵᠠᠭᠪᠤᠷ ᠢ ᠬᠠᠶᠢᠨ ᠰᠦᠪᠡᠭᠴᠢᠯᠡᠨ ᠪᠣᠢ ᠪᠣᠯᠭᠠᠵᠤ ᠂ ᠰᠢᠨ᠎ᠡ | ᠨᠡᠮᠡᠭᠳᠡᠯ ᠤᠨ ᠴᠡᠭ ᠢ ᠬᠥᠮᠥᠵᠢᠭᠦᠯᠦᠨ᠎ᠡ ᠃ ᠤᠯᠠᠨ ᠲᠠᠯ᠎ᠠ ᠶᠢᠨ ᠲᠤᠭ᠎ᠠ ᠪᠠᠷᠢᠮᠲᠠ ᠶᠢ ᠨᠡᠶᠢᠯᠡᠭᠦᠯᠦᠭᠰᠡᠨ ᠪᠠᠶᠢᠳᠠᠯ | ᠳᠣᠣᠷᠠᠬᠢ ᠲᠤᠭ᠎ᠠ ᠪᠠᠷᠢᠮᠲᠠ ᠶᠢᠨ ᠠᠮᠤᠷ ᠲᠦᠪᠰᠢᠨ ᠬᠢᠭᠡᠳ ᠨᠢᠭᠤᠴᠠ ᠶᠢ ᠬᠠᠮᠠᠭᠠᠯᠠᠬᠤ ᠲᠦᠷᠢᠮ ᠲᠣᠭᠲᠠᠭᠠᠯ ᠪᠠ | ᠮᠡᠷᠭᠡᠵᠢᠯ ᠤᠨ ᠪᠠᠷᠢᠮᠵᠢᠶ᠎ᠠ ᠶᠢ ᠵᠢᠭᠠᠵᠤ ᠢᠳᠡᠪᠬᠢᠲᠡᠢ ᠰᠦᠪᠡᠭᠴᠢᠯᠡᠨ ᠪᠠᠶᠢᠭᠤᠯᠤᠨ᠎ᠠ ᠃ | ᠲᠦᠷᠪᠡ ᠂ ᠭᠤᠣᠯ ᠡᠭᠦᠷᠭᠡ | ︵ᠨᠢᠭᠡ︶ ᠲᠤᠮᠤ ᠳ᠋ᠠᠶᠢᠲ᠋ᠠ ᠪᠣᠯᠤᠨ ᠠᠵᠤ ᠦᠢᠯᠡᠰ ᠢ ᠭᠦᠨ ᠠᠭᠤᠰᠤᠯᠴᠠᠭᠤᠯᠤᠨ ᠵᠢᠱᠢᠶ᠎ᠡ ᠦᠵᠡᠭᠦᠯᠬᠦ ᠶᠢ | ᠬᠡᠷᠡᠭᠵᠢᠭᠦᠯᠦᠨ᠎ᠡ ᠃ ᠭᠤᠣᠯᠳᠠᠯᠭ᠎ᠠ ᠲᠠᠢ ᠠᠵᠤ ᠦᠢᠯᠡᠰ ᠪᠤᠯᠤᠨ ᠠᠵᠤ ᠦᠢᠯᠡᠰ ᠤᠨ ᠬᠡᠯᠬᠢᠶ᠎ᠡ ᠶᠢ ᠴᠢᠬᠤᠯᠠᠴᠢᠯᠠᠵᠦ ᠂ | ᠬᠦᠲᠦᠴᠢ ᠠᠵᠤ ᠠᠬᠤᠶᠢᠯᠠᠯ ᠢᠶᠠᠷ ᠭᠤᠤᠯᠳᠠᠭᠤᠯᠵᠦ ᠂ ᠲᠤᠮᠤ ᠳ᠋ᠠᠶᠢᠲ᠋ᠠ ᠪᠣᠯᠣᠨ ᠲᠠᠷᠢᠶᠠᠯᠠᠩ ᠮᠠᠯ ᠠᠵᠤ ᠠᠬᠤᠶ ᠂ | ᠠᠵᠤ ᠦᠢᠯᠡᠳᠪᠦᠷᠢ ᠂ ᠡᠨᠧᠷᠭᠢ ᠂ ᠦᠢᠯᠡᠴᠢᠯᠡᠭᠡᠨ ᠤ ᠦᠢᠯᠡᠰ ᠵᠡᠷᠭᠡ ᠶᠢ ᠭᠦᠨ ᠠᠭᠤᠰᠤᠯᠴᠠᠭᠤᠯᠤᠨ ᠵᠢᠱᠢᠶ᠎ᠡ | ᠦᠵᠡᠭᠦᠯᠬᠦ ᠶᠢ ᠦᠷᠨᠢᠬᠦᠯᠦᠨ᠎ᠠ ᠃ ᠬᠠᠮᠢᠶ᠎ᠠ ᠪᠦᠬᠦᠢ ᠮᠡᠷᠭᠡᠵᠢᠯ ᠤᠨ ᠪᠠᠷᠢᠮᠵᠢᠶ᠎ᠠ ᠶᠣᠰᠣᠭᠠᠷ ᠂ ᠠᠵᠤ ᠠᠬᠤᠶᠢᠯᠠᠯ ᠤᠨ | ᠠᠵᠢᠯ ᠲᠥᠷᠥᠯ ᠤᠨ ᠲᠤᠮᠤ ᠳ᠋ᠠᠶᠢᠲ᠋ᠠ ᠶᠢᠨ ᠡᠭᠦᠯᠡᠨ ᠲᠠᠪᠴᠠᠩ ᠪᠠᠶᠢᠭᠤᠯᠬᠤ ᠶᠢ ᠲᠦᠯᠬᠢᠨ ᠠᠬᠢᠭᠤᠯᠵᠤ ᠂ ᠠᠵᠤ | ᠦᠢᠯᠡᠰ ᠤᠨ ᠪᠦᠬᠦ ᠬᠡᠯᠬᠢᠶ᠎ᠡ ᠂ ᠠᠮᠢ ᠨᠠᠰᠤᠨ ᠤ ᠪᠦᠬᠦ ᠦᠶᠡᠯᠡᠯ ᠤᠨ ᠬᠤᠭᠤᠴᠠᠭ᠎ᠠ ᠶᠢᠨ ᠲᠣᠭᠤᠷᠢᠨ ᠳᠤ ᠠᠵᠤ | ᠦᠢᠯᠡᠰ ᠤᠨ ᠠᠮᠢ ᠠᠬᠤᠶ ᠶᠢᠨ ᠭᠤᠣᠯ ᠳ᠋ᠠᠶᠢᠲ᠋ᠠ ᠶᠢ ᠨᠡᠪᠲᠡᠷᠡᠭᠦᠯᠵᠦ ᠂ ᠲᠣᠭᠠᠴᠢᠯᠠᠭᠰᠠᠨ ᠂ ᠰᠦᠯᠵᠢᠶᠡᠵᠢᠭᠰᠡᠨ ᠂ | ᠤᠶᠤᠨᠴᠢᠯᠠᠭᠰᠠᠨ ᠥᠭᠡᠷᠡᠴᠢᠯᠡᠯᠲᠡ ᠶᠢ ᠲᠦᠷᠭᠡᠳᠬᠡᠨ ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠮᠡᠷᠭᠡᠵᠢᠯ ᠢ | ᠰᠢᠨᠡᠳᠬᠡᠬᠦ ᠂ ᠬᠤᠳᠠᠯᠳᠤᠭᠠᠨ ᠤ ᠬᠡᠪ ᠵᠠᠭᠪᠤᠷ ᠤᠨ ᠰᠢᠨ᠎ᠡ ᠶᠢ ᠡᠭᠦᠳᠬᠦ ᠪᠠ ᠦᠢᠯᠡᠳᠬᠦᠨ ᠤ ᠬᠠᠩᠭᠠᠯᠭ᠎ᠠ ᠶᠢ | ᠰᠢᠨᠡᠴᠢᠯᠡᠬᠦ ᠶᠢ ᠲᠦᠯᠬᠢᠨ ᠠᠬᠢᠭᠤᠯᠵᠤ ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ | ᠠᠬᠢᠭᠤᠯᠤᠨ᠎ᠠ ᠃ ᠲᠤᠮᠤ ᠳ᠋ᠠᠶᠢᠲ᠋ᠠ ᠶᠢ ᠠᠵᠤ ᠦᠢᠯᠡᠰ ᠯᠦᠭᠡ ᠭᠦᠨ ᠠᠭᠤᠰᠤᠯᠴᠠᠭᠤᠯᠬᠤ ᠨᠡᠶᠢᠲᠡᠯᠢᠭ ᠵᠢᠱᠢᠶ᠎ᠡ | ᠦᠵᠡᠭᠦᠯᠬᠦ ᠲᠦᠷᠦᠯ ᠵᠦᠢᠯ ᠢ ᠥᠪᠡᠷᠲᠡᠭᠡᠨ ᠵᠠᠰᠠᠬᠤ ᠣᠷᠣᠨ ᠵᠢᠯ ᠪᠦᠷᠢ 30 ᠠᠴᠠ ᠳᠡᠭᠡᠭᠰᠢ ᠂ ᠠᠶᠢᠮᠠᠭ ᠬᠤᠳᠠ | ᠨᠢᠭᠡᠪᠦᠷᠢ 20 ᠠᠴᠠ ᠳᠡᠭᠡᠭᠰᠢ ᠵᠣᠬᠢᠶᠠᠨ ᠪᠠᠶᠢᠭᠤᠯᠤᠨ ᠬᠡᠷᠡᠭᠵᠢᠬᠦᠯᠵᠦ ᠂ ᠨᠥᠬᠦᠴᠡᠯ ᠲᠠᠢ ᠬᠤᠰᠢᠭᠤ ᠰᠢᠶᠠᠨ ︵ | ᠬᠤᠳᠠ ᠂ ᠲᠣᠭᠤᠷᠢᠭ︶ ᠴᠤ ᠨᠢᠭᠡ ᠪᠦᠯᠦᠭ ᠲᠤᠮᠤ ᠳ᠋ᠠᠶᠢᠲ᠋ᠠ ᠶᠢ ᠠᠵᠤ ᠦᠢᠯᠡᠰ ᠯᠦᠭᠡ ᠭᠦᠨ ᠠᠭᠤᠰᠤᠯᠴᠠᠭᠤᠯᠬᠤ | ᠵᠢᠱᠢᠶ᠎ᠡ ᠦᠵᠡᠭᠦᠯᠬᠦ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ ᠃ | ︵ᠬᠤᠶᠠᠷ︶ ᠲᠤᠮᠤ ᠳ᠋ᠠᠶᠢᠲ᠋ᠠ ᠶᠢᠨ ᠬᠠᠮᠢᠶᠠᠷᠤᠯᠲᠠ ᠪᠣᠯᠤᠨ ᠡᠵᠡᠩᠨᠡᠯᠲᠡ ᠶᠢᠨ ᠲᠠᠪᠴᠠᠩ ᠪᠠᠶᠢᠭᠤᠯᠤᠨ᠎ᠠ ᠃ | ᠵᠠᠰᠠᠭ ᠤᠨ ᠶᠠᠪᠤᠳᠠᠯ ᠤᠨ ᠳ᠋ᠠᠶᠢᠲ᠋ᠠ ᠶᠢ ᠬᠠᠮᠲᠤᠪᠠᠷ ᠡᠳ᠋ᠯᠡᠵᠦ ᠴᠢᠯᠥᠭᠡᠲᠡᠶ ᠨᠡᠭᠡᠭᠡᠬᠦ ᠶᠢ ᠲᠦᠷᠭᠡᠳᠬᠡᠨ ᠂ ᠳ᠋ᠠᠶᠢᠲ᠋ᠠ ᠶᠢᠨ | ᠡᠬᠢ ᠪᠠᠶᠠᠯᠢᠭ ᠤᠨ ᠬᠤᠷᠢᠭ᠎ᠠ ᠰᠠᠭᠠᠳ ᠢ ᠡᠪᠳᠡᠵᠦ ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠨᠡᠶᠢᠭᠡᠮ ᠤᠨ | ᠳ᠋ᠠᠶᠢᠲ᠋ᠠ ᠯᠤᠭ᠎ᠠ ᠠᠭᠤᠰᠤᠯᠴᠠᠭᠰᠠᠨ ᠬᠡᠷᠡᠭᠯᠡᠯᠲᠡ ᠶᠢ ᠲᠦᠯᠬᠢᠨ ᠠᠬᠢᠭᠤᠯᠤᠨ᠎ᠠ ᠃ ᠵᠠᠰᠠᠭ ᠤᠨ ᠣᠷᠳᠣᠨ ᠤ | ᠬᠠᠮᠢᠶᠠᠷᠤᠯᠲᠠ ᠬᠢᠭᠡᠳ ᠵᠢᠯᠣᠭᠤᠳᠤᠮᠵᠢ ᠂ ᠵᠠᠬ᠎ᠠ ᠳᠡᠯᠭᠡᠭᠦᠷ ᠤᠨ ᠡᠵᠡᠩᠨᠡᠯᠲᠡ ᠬᠢᠭᠡᠳ ᠦᠢᠯᠡᠴᠢᠯᠡᠭᠡᠨ ᠤ ᠬᠤᠣᠰ | ᠴᠢᠭᠯᠡᠯᠲᠦ ᠦᠢᠯᠡᠳᠦᠯ ᠢ ᠪᠠᠳᠠᠷᠠᠭᠤᠯᠵᠤ ᠂ ᠨᠢᠭᠡ ᠪᠦᠯᠦᠭ ᠤᠯᠤᠰ ᠤᠨ ᠦᠮᠴᠢᠯᠡᠯᠲᠦ ᠭᠦᠷᠦᠩᠭᠡ ᠶᠢᠨ ᠬᠤᠪᠢ | ᠡᠵᠡᠮᠳᠡᠵᠦ ᠂ ᠠᠷᠠᠳ ᠤᠨ ᠡᠵᠡᠩᠨᠡᠯᠲᠡ ᠶᠢᠨ ᠬᠦᠷᠦᠩᠭᠡ ᠣᠷᠣᠯᠴᠠᠭᠰᠠᠨ ᠬᠤᠯᠢᠮᠠᠭ ᠦᠮᠴᠢᠯᠡᠯᠲᠦ ᠲᠤᠮᠤ | ᠳ᠋ᠠᠶᠢᠲ᠋ᠠ ᠶᠢᠨ ᠡᠵᠡᠩᠨᠡᠯᠲᠡ ᠶᠢᠨ ᠺᠣᠮᠫᠠᠨᠢ ᠪᠠᠶᠢᠭᠤᠯᠤᠨ᠎ᠠ ᠃ ᠳ᠋ᠠᠶᠢᠲ᠋ᠠ ᠶᠢᠨ ᠡᠬᠢ ᠪᠠᠶᠠᠯᠢᠭ ᠤᠨ ᠭᠦᠢᠯᠭᠡᠭᠡ ᠶᠢ | ᠲᠦᠯᠬᠢᠨ ᠠᠬᠢᠭᠤᠯᠵᠤ ᠂ ᠲᠤᠮᠤ ᠳ᠋ᠠᠶᠢᠲ᠋ᠠ ᠶᠢᠨ ᠭᠦᠢᠯᠭᠡᠭᠡ ᠶᠢᠨ ᠲᠠᠪᠴᠠᠩ ᠪᠠᠶᠢᠭᠤᠯᠤᠨ ᠂ ᠳ᠋ᠠᠶᠢᠲ᠋ᠠ ᠶᠢᠨ | ᠲᠤᠯᠭᠠᠭᠤᠷᠢᠯᠠᠯ ᠪᠣᠯᠣᠨ ᠦᠢᠯᠡᠴᠢᠯᠡᠭᠡᠨ ᠤ ᠴᠢᠳᠠᠪᠤᠷᠢ ᠶᠢ ᠴᠢᠩᠭᠠᠷᠠᠭᠤᠯᠤᠨ᠎ᠠ ᠃ ᠳ᠋ᠠᠶᠢᠲ᠋ᠠ ᠶᠢᠨ ᠡᠬᠢ ᠪᠠᠶᠠᠯᠢᠭ ᠤᠨ | ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ ᠂ ᠳ᠋ᠠᠶᠢᠲ᠋ᠠ ᠶᠢᠨ ᠠᠮᠤᠷ ᠲᠦᠪᠰᠢᠨ ᠢ ᠪᠠᠲᠤᠯᠠᠨ᠎ᠠ | ᠃ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠭᠦᠢᠯᠭᠡᠭᠡ ᠶᠢᠨ ᠲᠥᠪ ᠪᠠᠶᠢᠭᠤᠯᠤᠨ ᠂ ᠲᠤᠮᠤ | ᠳ᠋ᠠᠶᠢᠲ᠋ᠠ ᠶᠢᠨ ᠡᠵᠡᠩᠨᠡᠯᠲᠡ ᠶᠢᠨ ᠬᠤᠳᠠᠯᠳᠤᠭᠠᠴᠢᠨ ᠢ 3 — 5 ᠡᠷᠦᠭᠡ ᠪᠤᠶᠢᠵᠢᠭᠤᠯᠤᠨ᠎ᠠ ᠃ | ︵ᠭᠤᠷᠪᠠ︶ ᠠᠵᠤ ᠠᠬᠤᠶᠢᠯᠠᠯ ᠤᠨ ᠡᠭᠦᠯᠡᠨ ᠲᠠᠪᠴᠠᠩ ᠳᠤ ᠭᠠᠷᠬᠤ ᠶᠢ ᠲᠦᠯᠬᠢᠨ ᠠᠬᠢᠭᠤᠯᠤᠨ᠎ᠠ ᠃ | ᠠᠵᠤ ᠦᠢᠯᠡᠰ ᠤᠨ ᠪᠠᠶᠢᠷᠢᠯᠠᠮᠵᠢ ᠂ ᠮᠡᠷᠭᠡᠵᠢᠯ ᠂ ᠵᠠᠬ᠎ᠠ ᠳᠡᠯᠭᠡᠭᠦᠷ ᠂ ᠦᠢᠯᠡᠴᠢᠯᠡᠭᠡ ᠪᠠᠷ ᠭᠤᠣᠯ ᠬᠥᠳᠡᠯᠭᠡᠬᠦ | ᠬᠦᠴᠦ ᠪᠣᠯᠭᠠᠨ ᠂ ᠠᠵᠤ ᠦᠢᠯᠡᠰ ᠤᠨ ᠲᠤᠮᠤ ᠳ᠋ᠠᠶᠢᠲ᠋ᠠ ᠶᠢᠨ ᠡᠭᠦᠯᠡᠨ ᠲᠠᠪᠴᠠᠩ ᠢᠶᠠᠷ ᠲᠤᠯᠭᠠᠭᠤᠷᠢᠯᠠᠯ ᠪᠣᠯᠭᠠᠵᠤ ᠂ | ᠠᠵᠤ ᠠᠬᠤᠶᠢᠯᠠᠯ ᠤᠨ ᠬᠠᠮᠢᠶᠠᠷᠤᠯᠲᠠ ᠪᠠ ᠲᠤᠬᠠᠶᠢᠯᠠᠭᠰᠠᠨ ᠠᠵᠢᠯ ᠤᠨ ᠡᠭᠦᠯᠡᠨ ᠲᠠᠪᠴᠠᠩ ᠳᠤ ᠭᠠᠷᠬᠤ ᠶᠢ | ᠲᠦᠷᠭᠡᠳᠬᠡᠨ ᠠᠬᠢᠭᠤᠯᠵᠤ ᠂ ᠡᠭᠦᠯᠡᠨ ᠲᠠᠪᠴᠠᠩ ᠳᠤ ᠬᠠᠳᠠᠭᠠᠯᠠᠬᠤ ᠂ ᠪᠣᠳᠣᠯᠲᠠ ᠂ ᠲᠠᠪᠴᠠᠩ ᠂ ᠵᠥᠭᠡᠯᠡᠨ | ᠲᠣᠨᠤᠭ ᠂ ᠳ᠋ᠠᠶᠢᠲ᠋ᠠ ᠂ ᠬᠡᠷᠡᠭᠯᠡᠯᠲᠡ ᠵᠡᠷᠭᠡ ᠳᠤ ᠰᠠᠭᠤᠷᠢᠯᠠᠭᠰᠠᠨ ᠦᠢᠯᠡᠴᠢᠯᠡᠭᠡ ᠬᠢᠵᠦ ᠂ ᠠᠵᠤ ᠠᠬᠤᠶᠢᠯᠠᠯ ᠤᠨ | ᠮᠡᠳᠡᠭᠡ ᠵᠠᠩᠭᠢ ᠶᠢᠨ ᠰᠢᠰᠲ᠋ᠧᠮ ᠪᠠᠶᠢᠭᠤᠯᠬᠤ ᠥᠪᠡᠷ ᠤᠨ ᠦᠷᠳᠡᠭ ᠢ ᠪᠠᠭᠤᠷᠠᠭᠤᠯᠤᠨ ᠂ ᠬᠠᠮᠲᠤ ᠳᠠᠭᠠᠨ ᠡᠳ᠋ᠯᠡᠬᠦ | ᠠᠵᠢᠯ ᠲᠥᠷᠥᠯ ᠤᠨ ᠠᠮᠢ ᠠᠬᠤᠶ ᠶᠢᠨ ᠲᠣᠮᠣ ᠳ᠋ᠠᠶᠢᠲ᠋ᠠ ᠶᠢ ᠴᠤᠭᠯᠠᠷᠠᠭᠤᠯᠵᠤ ᠂ ᠠᠵᠤ ᠠᠬᠤᠶᠢᠯᠠᠯ ᠤᠨ ᠲᠤᠮᠤ | ᠳ᠋ᠠᠶᠢᠲ᠋ᠠ᠂ ᠡᠭᠦᠯᠡᠨ ᠪᠤᠳᠤᠯᠲᠠ ᠶᠢᠨ ᠬᠡᠷᠡᠭᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ ᠃ ᠨᠥᠬᠦᠴᠡᠯ ᠲᠠᠢ | ᠠᠵᠤ ᠠᠬᠤᠶᠢᠯᠠᠯ ᠬᠤᠪᠢ ᠶᠢᠨ ᠡᠭᠦᠯᠡᠨ ᠲᠠᠪᠴᠠᠩ ᠢᠶᠠᠨ ᠠᠰᠢᠭᠯᠠᠨ ᠦᠢᠯᠡᠳᠪᠦᠷᠢᠯᠡᠯ ᠡᠵᠡᠩᠨᠡᠯᠲᠡ ᠶᠢᠨ ᠠᠮᠤᠷ | ᠲᠦᠪᠰᠢᠨ ᠳᠤ ᠬᠤᠯᠪᠣᠭᠳᠠᠬᠤ ᠳ᠋ᠠᠶᠢᠲ᠋ᠠ ᠪᠠᠨ ᠬᠠᠮᠢᠶᠠᠷᠬᠤ ᠶᠢ ᠵᠣᠷᠢᠬᠵᠢᠭᠤᠯᠤᠨ᠎ᠠ ᠃ ᠠᠵᠤ ᠠᠬᠤᠶᠢᠯᠠᠯ | ᠨᠡᠶᠢᠲᠡ ᠶᠢᠨ ᠡᠭᠦᠯᠡᠨ ᠲᠠᠪᠴᠠᠩ ᠢ ᠠᠰᠢᠭᠯᠠᠨ ᠦᠢᠯᠡᠳᠪᠦᠷᠢᠯᠡᠯ ᠡᠵᠡᠩᠨᠡᠯᠲᠡ ᠶᠢᠨ ᠪᠣᠰᠤ ᠠᠮᠤᠷ ᠲᠦᠪᠰᠢᠨ ᠤ | ᠳ᠋ᠠᠶᠢᠲ᠋ᠠ ᠶᠢ ᠬᠠᠮᠢᠶᠠᠷᠴᠤ ᠂ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ ᠦᠢᠯᠡᠳᠪᠦᠷᠢᠯᠡᠯ | ᠡᠵᠡᠩᠨᠡᠯᠲᠡ ᠶᠢᠨ ᠬᠠᠮᠢᠶᠠᠷᠤᠯᠲᠠ ᠶᠢᠨ ᠳ᠋ᠠᠶᠢᠲ᠋ᠠ ᠶᠢ ᠬᠠᠮᠲᠤ ᠳᠠᠭᠠᠨ ᠡᠳ᠋ᠯᠡᠵᠦ ᠨᠡᠭᠡᠭᠡᠯᠲᠡ ᠲᠠᠢ ᠪᠠᠶᠢᠯᠭᠠᠬᠤ ᠶᠢ | ᠵᠣᠷᠢᠬᠵᠢᠭᠤᠯᠤᠨ᠎ᠠ ᠃ ᠪᠦᠬᠦ ᠣᠷᠣᠨ ᠤ ᠡᠭᠦᠯᠡᠨ ᠲᠠᠪᠴᠠᠩ ᠳᠤ ᠣᠷᠣᠭᠰᠠᠨ ᠠᠵᠤ ᠠᠬᠤᠶᠢᠯᠠᠯ 10 ᠲᠦᠮᠡᠨ | ᠡᠷᠦᠬᠡ ᠳᠤ ᠬᠦᠷᠴᠦ ᠂ 3 - 5 ᠡᠷᠦᠬᠡ ᠵᠣᠬᠢᠬᠤ ᠣᠷᠣᠨ ᠪᠦᠰᠡ ᠶᠢᠨ ᠨᠥᠯᠥᠭᠡᠯᠡᠬᠦ ᠬᠦᠴᠦᠨ ᠲᠠᠢ ᠲᠤᠮᠤ | ᠳ᠋ᠠᠶᠢᠲ᠋ᠠ ᠶᠢᠨ ᠡᠭᠦᠯᠡᠨ ᠲᠠᠪᠴᠠᠩ ᠂ 50 ᠡᠷᠦᠬᠡ ᠲᠤᠮᠤ ᠳ᠋ᠠᠶᠢᠲ᠋ᠠ ᠶᠢᠨ ᠡᠭᠦᠯᠡᠨ ᠬᠡᠷᠡᠭᠯᠡᠯᠲᠡ ᠶᠢᠨ | ᠦᠢᠯᠡᠴᠢᠯᠡᠬᠡᠨ ᠤ ᠬᠤᠳᠠᠯᠳᠤᠭᠠᠴᠢᠳ ᠢ ᠣᠷᠣᠭᠤᠯᠤᠨ ᠠᠪᠴᠢᠷᠠᠵᠤ ᠬᠥᠮᠥᠵᠢᠭᠦᠯᠦᠨ᠎ᠡ ᠃ | ︵ᠲᠦᠷᠪᠡ︶ ᠲᠤᠮᠤ ᠳ᠋ᠠᠶᠢᠲ᠋ᠠ ᠶᠢ ᠠᠵᠤ ᠦᠢᠯᠡᠰ ᠯᠦᠭᠡ ᠭᠦᠨ ᠠᠭᠤᠰᠤᠯᠴᠠᠭᠤᠯᠬᠤ ᠦᠢᠯᠡᠴᠢᠯᠡᠭᠡᠨ ᠤ | ᠰᠢᠰᠲ᠋ᠧᠮᠵᠢ ᠶᠢ ᠡᠭᠦᠳᠦᠨ ᠪᠠᠶᠢᠭᠤᠯᠤᠨ᠎ᠠ ᠃ ᠨᠢᠭᠡ ᠪᠦᠯᠦᠭ ᠲᠤᠮᠤ ᠳ᠋ᠠᠶᠢᠲ᠋ᠠ ᠪᠣᠯᠤᠨ ᠠᠵᠤ ᠦᠢᠯᠡᠰ ᠤᠨ | ᠠᠭᠤᠰᠤᠯᠴᠠᠨ ᠬᠥᠭᠵᠢᠬᠦ ᠳᠤ ᠬᠠᠨᠳᠤᠭᠤᠯᠤᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠂ ᠪᠡᠯᠡ | ᠣᠷᠣᠭᠤᠯᠤᠯᠲᠠ ᠪᠡᠯᠡ ᠳᠤᠬᠢᠷᠠᠭᠤᠯᠭ᠎ᠠ ᠂ ᠥᠮᠴᠢᠯᠡᠬᠦ ᠡᠷᠬᠡ ᠶᠢᠨ ᠠᠷᠠᠯᠵᠢᠶ᠎ᠠ ᠂ ᠴᠢᠳᠠᠪᠤᠷᠢᠲᠠᠨ ᠤ ᠦᠢᠯᠡᠴᠢᠯᠡᠭᠡ ᠂ | ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠪᠠ ᠨᠡᠷᠡᠲᠦ ᠲᠥᠷᠥᠯ ᠲᠡᠮᠳᠡᠭᠲᠦ ᠶᠢ ᠳᠡᠯᠭᠡᠷᠡᠭᠦᠯᠬᠦ ᠵᠡᠷᠭᠡ | ᠲᠤᠰᠬᠠᠶ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢ ᠳᠡᠳᠭᠦᠨ ᠂ ᠨᠢᠭᠡ ᠪᠦᠯᠦᠭ ᠵᠥᠪᠯᠡᠯᠭᠡ ᠥᠭᠬᠦ | ᠦᠢᠯᠡᠴᠢᠯᠡᠭᠡ ᠂ ᠭᠠᠳᠠᠭᠰᠢ ᠳᠠᠭᠠᠭᠠᠴᠢᠯᠠᠭᠤᠯᠬᠤ ᠦᠢᠯᠡᠴᠢᠯᠡᠭᠡ ᠂ ᠴᠢᠳᠠᠪᠤᠷᠢᠲᠠᠨ ᠤ ᠪᠣᠯᠪᠠᠰᠤᠷᠠᠭᠤᠯᠤᠯ ᠂ | ᠰᠢᠯᠭᠠᠨ ᠬᠡᠮᠵᠢᠬᠦ ᠭᠡᠷᠡᠴᠢᠯᠡᠭᠡ ᠂ ᠠᠳᠠᠯ ᠦᠢᠯᠡᠰ ᠴᠣᠭᠴᠠᠯᠠᠬᠤ ᠶᠢ ᠬᠠᠪᠰᠤᠷᠤᠨ ᠵᠢᠯᠣᠭᠤᠳᠬᠤ ᠵᠡᠷᠭᠡ ᠲᠤᠮᠤ | ᠳ᠋ᠠᠶᠢᠲ᠋ᠠ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠪᠠᠶᠢᠭᠤᠯᠬᠤ ᠶᠢ ᠲᠦᠯᠬᠢᠨ ᠠᠬᠢᠭᠤᠯᠤᠨ᠎ᠠ ᠃ | ᠵᠢᠱᠢᠶ᠎ᠡ ᠦᠵᠡᠭᠦᠯᠬᠦ ᠲᠥᠷᠥᠯ ᠵᠦᠢᠯ ᠤᠨ ᠪᠦᠳᠦᠭᠡᠨ ᠪᠠᠶᠢᠭᠤᠯᠤᠯᠲᠠ ᠲᠠᠢ ᠤᠶᠠᠯᠳᠤᠭᠤᠯᠤᠨ ᠂ ᠨᠢᠭᠡ ᠪᠦᠯᠦᠭ | ᠰᠢᠨ᠎ᠡ ᠶᠢ ᠡᠭᠦᠳᠬᠦ ᠬᠡᠷᠡᠭᠯᠡᠭᠡᠨ ᠤ ᠰᠢᠢᠳᠪᠦᠷᠢᠯᠡᠬᠦ ᠲᠥᠰᠦᠯ ᠢ ᠪᠣᠢ ᠪᠣᠯᠭᠠᠵᠤ ᠂ ᠨᠢᠭᠡ ᠪᠦᠯᠦᠭ ᠥᠪᠡᠷᠲᠡᠭᠡᠨ | ᠵᠠᠰᠠᠬᠤ ᠣᠷᠣᠨ ᠤ ᠠᠵᠤ ᠦᠢᠯᠡᠰ ᠤᠨ ᠣᠨᠴᠠᠯᠢᠭ ᠲᠠᠢ ᠲᠤᠮᠤ ᠳ᠋ᠠᠶᠢᠲ᠋ᠠ ᠪᠣᠯᠤᠨ ᠠᠵᠤ ᠦᠢᠯᠡᠰ ᠤᠨ ᠭᠦᠨ | ᠠᠭᠤᠰᠤᠯᠴᠠᠯ ᠤᠨ ᠪᠠᠷᠢᠮᠵᠢᠶ᠎ᠠ ᠶᠢ ᠪᠠᠶᠢᠭᠤᠯᠤᠨ᠎ᠠ ᠃ | ᠲᠠᠪᠤ ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ ᠃ ᠥᠪᠡᠷᠲᠡᠭᠡᠨ ᠵᠠᠰᠠᠬᠤ | ᠣᠷᠣᠨ ᠤ ᠶᠡᠷᠦᠩᠬᠡᠶᠢᠯᠡᠭᠰᠡᠨ ᠠᠵᠤ ᠠᠬᠤᠶ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠲᠤᠮᠤ ᠳ᠋ᠠᠶᠢᠲ᠋ᠠ ᠶᠢᠨ | ᠬᠥᠭᠵᠢᠯᠲᠡ ᠶᠢᠨ ᠲᠤᠰᠬᠠᠶ ᠵᠦᠢᠯ ᠤᠨ ᠠᠵᠢᠯ ᠢ ᠵᠣᠬᠢᠴᠠᠭᠤᠯᠬᠤ ᠠᠯᠪᠠᠨ ᠭᠡᠷ ︵ᠥᠪᠡᠷᠲᠡᠭᠡᠨ ᠵᠠᠰᠠᠬᠤ ᠣᠷᠣᠨ ᠤ | ᠲᠣᠮᠣ ᠳ᠋ᠠᠶᠢᠲ᠋ᠠ ᠶᠢᠨ ᠬᠥᠭᠵᠢᠯᠲᠡ ᠬᠠᠮᠢᠶᠠᠷᠤᠯᠲᠠ ᠶᠢᠨ ᠲᠣᠪᠴᠢᠶ᠎ᠠ ᠳᠤ ᠲᠣᠬᠢᠷᠠᠭᠤᠯᠪᠠ︶ ᠲᠦᠷᠦᠭᠦᠯᠡᠨ ᠂ ᠬᠠᠮᠢᠶ᠎ᠠ | ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠵᠢᠯᠯᠠᠭᠠᠨ ᠤ ᠲᠥᠯᠥᠪᠯᠡᠭᠡ ᠶᠢᠨ ᠬᠡᠷᠡᠭᠵᠢᠭᠦᠯᠦᠯᠲᠡ ᠶᠢ ᠨᠢᠭᠡᠳᠦᠯᠲᠡᠶ | ᠲᠥᠯᠥᠪᠯᠡᠨ ᠠᠬᠢᠭᠤᠯᠵᠤ ᠂ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠬᠦ ᠶᠠᠪᠤᠴᠠ ᠳᠤ ᠢᠯᠡᠷᠡᠭᠰᠡᠨ ᠴᠢᠬᠤᠯᠠ | ᠶᠡᠭᠡ ᠠᠰᠠᠭᠤᠳᠠᠯ ᠤᠳ ᠢ ᠵᠣᠬᠢᠴᠠᠭᠤᠯᠤᠨ ᠰᠢᠢᠳᠪᠦᠷᠢᠯᠡᠨ᠎ᠡ ᠃ ᠥᠪᠡᠷᠲᠡᠭᠡᠨ ᠵᠠᠰᠠᠬᠤ ᠣᠷᠣᠨ ᠂ ᠠᠶᠢᠮᠠᠭ ᠬᠤᠳᠠ | ᠂ ᠬᠤᠰᠢᠭᠤ ᠰᠢᠶᠠᠨ ︵ᠬᠤᠳᠠ ᠂ ᠲᠣᠭᠤᠷᠢᠭ︶ ᠭᠤᠷᠪᠠᠨ ᠱᠡᠳᠦ ᠬᠠᠮᠲᠤᠷᠠᠨ ᠬᠦᠳᠡᠯᠦᠯᠴᠡᠭᠰᠡᠨ ᠠᠵᠢᠯ ᠤᠨ | ᠲᠣᠭᠲᠠᠴᠠ ᠶᠢ ᠪᠠᠶᠢᠭᠤᠯᠤᠨ ᠂ ᠡᠯ᠎ᠡ ᠭᠠᠵᠠᠷ ᠣᠷᠣᠨ ᠂ ᠠᠵᠢᠯ ᠲᠦᠷᠤᠯ ᠤᠨ ᠵᠣᠬᠢᠶᠠᠨ ᠪᠠᠶᠢᠭᠤᠯᠤᠯᠲᠠ ᠪᠣᠯᠤᠨ | ᠠᠵᠤ ᠠᠬᠤᠶᠢᠯᠠᠯ ᠤᠨ ᠢᠳᠡᠪᠬᠢᠵᠢᠯ ᠢ ᠭᠦᠢᠴᠡᠳ ᠪᠠᠳᠠᠷᠠᠭᠤᠯᠤᠨ᠎ᠠ ᠃ ᠡᠯ᠎ᠡ ᠭᠠᠵᠠᠷ ᠣᠷᠣᠨ ᠂ ᠬᠤᠯᠪᠣᠭᠳᠠᠯ | ᠪᠥᠬᠦᠢ ᠰᠠᠯᠠᠭ᠎ᠠ ᠮᠥᠴᠢᠷ ᠤᠳ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ ᠂ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠲᠤᠲᠤᠷᠬᠠᠶᠢᠯᠠᠵᠤ ᠂ ᠠᠵᠢᠯ ᠤᠨ ᠨᠡᠶᠢᠯᠡᠮᠡᠯ ᠬᠦᠴᠦᠨ ᠢ | ᠪᠦᠷᠢᠯᠳᠦᠭᠦᠯᠦᠨ᠎ᠡ ᠃ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠬᠥᠭᠵᠢᠯᠲᠡ ᠬᠠᠮᠢᠶᠠᠷᠤᠯᠲᠠ ᠶᠢᠨ | ᠲᠣᠪᠴᠢᠶ᠎ᠠ ᠲᠦᠷᠦᠭᠦᠯᠡᠨ ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ | ᠠᠵᠢᠯᠯᠠᠭᠠᠨ ᠤ ᠲᠥᠯᠥᠪᠯᠡᠭᠡ ᠶᠢᠨ ᠬᠡᠷᠡᠭᠵᠢᠭᠦᠯᠦᠯᠲᠡ ᠶᠢ ᠨᠢᠭᠡᠳᠦᠯᠲᠡᠶ ᠲᠥᠯᠥᠪᠯᠡᠵᠦ ᠂ ᠨᠡᠶᠢᠲᠡᠯᠢᠭ ᠵᠢᠱᠢᠶ᠎ᠡ | ᠦᠵᠡᠭᠦᠯᠦᠭᠰᠡᠨ ᠲᠤᠷᠰᠢᠯᠭ᠎ᠠ ᠪᠣᠯᠣᠨ ᠠᠰᠠᠭᠤᠳᠠᠯ ᠢ ᠰᠢᠢᠳᠪᠦᠷᠢᠯᠡᠭᠰᠡᠨ ᠰᠢᠯᠢᠳᠡᠭ ᠲᠦᠰᠦᠯ ᠢ ᠳ᠋ᠦ᠋ᠩᠨᠡᠨ | ᠳᠡᠯᠭᠡᠷᠡᠭᠦᠯᠵᠦ ᠂ ᠲᠤᠮᠤ ᠳ᠋ᠠᠶᠢᠲ᠋ᠠ ᠪᠣᠯᠤᠨ ᠠᠵᠤ ᠦᠢᠯᠡᠰ ᠤᠨ ᠭᠦᠨ ᠠᠭᠤᠰᠤᠯᠴᠠᠯ ᠤᠨ ᠪᠠᠷᠢᠮᠵᠢᠶ᠎ᠠ ᠶᠢ ᠬᠢᠨᠠᠨ | ᠬᠠᠷᠭᠤᠭᠤᠯᠬᠤ ᠪᠠ ᠦᠨᠡᠯᠡᠬᠦ ᠶᠢ ᠵᠣᠬᠢᠶᠠᠨ ᠪᠠᠶᠢᠭᠤᠯᠵᠤ ᠂ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠵᠦ | ᠪᠠᠶᠢᠭ᠎ᠠ ᠪᠠᠶᠢᠳᠠᠯ ᠢ ᠰᠢᠮᠳᠠᠭᠤᠯᠤᠨ ᠪᠠᠶᠢᠴᠠᠭᠠᠨ᠎ᠠ ᠃ ᠪᠥᠬᠦ ᠣᠷᠣᠨ ᠤ ᠲᠤᠮᠤ ᠳ᠋ᠠᠶᠢᠲ᠋ᠠ ᠪᠣᠯᠤᠨ ᠠᠵᠤ ᠦᠢᠯᠡᠰ ᠤᠨ | ᠠᠭᠤᠰᠤᠯᠴᠠᠯ ᠤᠨ ᠳ᠋ᠠᠶᠢᠲ᠋ᠠ ᠶᠢᠨ ᠡᠬᠢ ᠪᠠᠶᠠᠯᠢᠭ ᠴᠤᠭᠯᠠᠭᠤᠯᠬᠤ ᠵᠡᠷᠭᠡ ᠶᠢ ᠨᠢᠭᠡᠳᠦᠯᠲᠡᠢ ᠲᠥᠯᠥᠪᠯᠡᠨ ᠂ ᠪᠦᠬᠦ | ᠣᠷᠣᠨ ᠤ ᠠᠵᠤ ᠦᠢᠯᠡᠰ ᠲᠤ ᠬᠠᠨᠳᠤᠭᠤᠯᠤᠭᠰᠠᠨ ︽ᠡᠭᠦᠯᠡᠨ ᠦᠢᠯᠡᠴᠢᠯᠡᠭᠡ︾ ᠶᠢ ᠠᠬᠢᠭᠤᠯᠤᠨ᠎ᠠ ᠃ ᠤᠯᠠᠨ | ᠲᠠᠯ᠎ᠠ ᠶᠢᠨ ᠳ᠋ᠠᠶᠢᠲ᠋ᠠ ᠶᠢᠨ ᠠᠭᠤᠰᠤᠯᠴᠠᠯ ᠤᠨ ᠰᠢᠨ᠎ᠡ ᠶᠢ ᠡᠭᠦᠳᠬᠦ ᠪᠠ ᠲᠣᠮᠣ ᠳ᠋ᠠᠶᠢᠲ᠋ᠠ ᠶᠢᠨ ᠤᠯᠠᠨ ᠨᠡᠶᠢᠲᠡ ᠶᠢᠨ | ᠦᠢᠯᠡᠴᠢᠯᠡᠭᠡᠨ ᠤ ᠲᠠᠪᠴᠠᠩ ᠤᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ ᠪᠣᠯᠤᠨ ᠳᠦᠬᠦᠷ ᠠᠷᠭ᠎ᠠ ᠬᠡᠮᠵᠢᠶ᠎ᠡ ᠶᠢ | ᠲᠣᠭᠲᠠᠭᠠᠵᠤ ᠂ ᠨᠡᠶᠢᠲᠡᠯᠢᠭ ᠵᠢᠱᠢᠶ᠎ᠡ ᠦᠵᠡᠭᠦᠯᠬᠦ ᠲᠥᠷᠥᠯ ᠵᠦᠢᠯ ᠢ ᠵᠢᠯ ᠪᠦᠷᠢ 10 ᠠᠴᠠ ᠳᠡᠭᠡᠭᠰᠢ ᠵᠣᠬᠢᠶᠠᠨ | ᠪᠠᠶᠢᠭᠤᠯᠵᠤ ᠬᠡᠷᠡᠭᠵᠢᠭᠦᠯᠦᠨ᠎ᠡ ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ | ᠲᠦᠷᠦᠭᠦᠯᠡᠨ ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠤᠮᠤ ᠳ᠋ᠠᠶᠢᠲ᠋ᠠ ᠪᠣᠯᠤᠨ ᠲᠠᠷᠢᠶᠠᠯᠠᠩ ᠮᠠᠯ | ᠠᠵᠤ ᠠᠬᠤᠶ ᠶᠢᠨ ᠭᠦᠨ ᠠᠭᠤᠰᠤᠯᠴᠠᠯ ᠤᠨ ᠠᠵᠢᠯᠯᠠᠭᠠᠨ ᠤ ᠬᠡᠷᠡᠭᠵᠢᠭᠦᠯᠬᠦ ᠲᠥᠰᠦᠯ ᠪᠣᠯᠤᠨ ᠳᠦᠬᠦᠷ ᠠᠷᠭ᠎ᠠ | ᠬᠡᠮᠵᠢᠶ᠎ᠡ ᠶᠢ ᠲᠣᠭᠲᠠᠭᠠᠵᠤ ᠂ ᠨᠡᠶᠢᠲᠡᠯᠢᠭ ᠵᠢᠱᠢᠶ᠎ᠡ ᠦᠵᠡᠭᠦᠯᠬᠦ ᠲᠥᠷᠥᠯ ᠵᠦᠢᠯ ᠢ ᠵᠢᠯ ᠪᠦᠷᠢ 5 ᠠᠴᠠ ᠳᠡᠭᠡᠭᠰᠢ | ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ ᠃ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠮᠡᠳᠡᠭᠡ | ᠵᠠᠩᠭᠢᠵᠢᠯᠲᠠ ᠶᠢᠨ ᠵᠥᠪᠯᠡᠯ ᠲᠦᠷᠦᠭᠦᠯᠡᠨ ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠤᠮᠤ ᠳ᠋ᠠᠶᠢᠲ᠋ᠠ | ᠪᠣᠯᠤᠨ ᠠᠵᠤ ᠦᠢᠯᠡᠳᠪᠦᠷᠢ ᠶᠢᠨ ᠭᠦᠨ ᠠᠭᠤᠰᠤᠯᠴᠠᠯ ᠤᠨ ᠠᠵᠢᠯᠯᠠᠭᠠᠨ ᠤ ᠬᠡᠷᠡᠭᠵᠢᠭᠦᠯᠬᠦ ᠲᠥᠰᠦᠯ ᠪᠣᠯᠤᠨ | ᠳᠦᠬᠦᠷ ᠠᠷᠭ᠎ᠠ ᠬᠡᠮᠵᠢᠶ᠎ᠡ ᠶᠢ ᠲᠣᠭᠲᠠᠭᠠᠵᠤ ᠂ ᠵᠢᠯ ᠪᠦᠷᠢ ᠵᠣᠬᠢᠶᠠᠨ ᠪᠠᠶᠢᠭᠤᠯᠤᠨ ᠬᠡᠷᠡᠭᠵᠢᠭᠦᠯᠵᠦ ᠂ ᠨᠡᠶᠢᠲᠡᠯᠢᠭ | ᠵᠢᠱᠢᠶ᠎ᠡ ᠦᠵᠡᠭᠦᠯᠬᠦ ᠲᠥᠷᠥᠯ ᠵᠦᠢᠯ ᠢ ᠵᠢᠯ ᠪᠦᠷᠢ 10 ᠠᠴᠠ ᠳᠡᠭᠡᠭᠰᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ ᠃ | ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠮᠡᠳᠡᠭᠡ ᠵᠠᠩᠭᠢᠵᠢᠯᠲᠠ ᠶᠢᠨ ᠵᠥᠪᠯᠡᠯ ᠂ ᠡᠨᠧᠷᠭᠢ ᠶᠢᠨ | ᠲᠣᠪᠴᠢᠶ᠎ᠠ ᠲᠦᠷᠦᠭᠦᠯᠡᠨ ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠤᠮᠤ ᠳ᠋ᠠᠶᠢᠲ᠋ᠠ ᠪᠣᠯᠤᠨ | ᠡᠨᠧᠷᠭᠢ ᠶᠢᠨ ᠠᠵᠤ ᠦᠢᠯᠡᠰ ᠤᠨ ᠭᠦᠨ ᠠᠭᠤᠰᠤᠯᠴᠠᠯ ᠤᠨ ᠠᠵᠢᠯᠯᠠᠭᠠᠨ ᠤ ᠬᠡᠷᠡᠭᠵᠢᠭᠦᠯᠬᠦ ᠲᠥᠰᠦᠯ ᠪᠣᠯᠤᠨ | ᠳᠦᠬᠦᠷ ᠠᠷᠭ᠎ᠠ ᠬᠡᠮᠵᠢᠶ᠎ᠡ ᠶᠢ ᠲᠣᠭᠲᠠᠭᠠᠵᠤ ᠂ ᠨᠡᠶᠢᠲᠡᠯᠢᠭ ᠵᠢᠱᠢᠶ᠎ᠡ ᠦᠵᠡᠭᠦᠯᠬᠦ ᠲᠥᠷᠥᠯ ᠵᠦᠢᠯ ᠢ ᠵᠢᠯ ᠪᠦᠷᠢ | 5 ᠠᠴᠠ ᠳᠡᠭᠡᠭᠰᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ ᠃ ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠂ | ᠵᠢᠭᠤᠯᠴᠢᠯᠠᠯ ᠤᠨ ᠬᠥᠭᠵᠢᠯᠲᠡ ᠶᠢᠨ ᠵᠥᠪᠯᠡᠯ ᠂ ᠰᠣᠶᠣᠯ ᠤᠨ ᠲᠢᠩᠬᠢᠮ ᠂ ᠡᠷᠡᠭᠦᠯ ᠬᠠᠮᠠᠭᠠᠯᠠᠯ ᠲᠥᠯᠥᠪᠯᠡᠭᠡᠲᠦ | ᠦᠷᠡᠵᠢᠯ ᠤᠨ ᠵᠥᠪᠯᠡᠯ ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ ᠂ ᠮᠥᠩᠭᠦᠨ ᠭᠦᠢᠯᠭᠡᠭᠡᠨ ᠤ | ᠠᠯᠪᠠᠨ ᠭᠡᠷ ᠲᠤᠰ ᠲᠤᠰ ᠲᠦᠷᠦᠭᠦᠯᠡᠨ ᠂ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠲᠤᠷᠠᠨ ᠲᠤᠮᠤ ᠳ᠋ᠠᠶᠢᠲ᠋ᠠ | ᠬᠢᠬᠡᠳ ᠪᠠᠷᠠᠭᠠᠨ ᠤ ᠭᠦᠢᠯᠭᠡᠭᠡ ᠂ ᠡᠯᠧᠺᠲᠷᠣᠨ ᠬᠤᠳᠠᠯᠳᠤᠭ᠎ᠠ ᠂ ᠵᠢᠭᠤᠯᠴᠢᠯᠠᠯ ᠂ ᠰᠣᠶᠣᠯ ᠂ ᠡᠷᠡᠭᠦᠯ ᠮᠡᠨᠳᠦ | ᠡᠮ ᠡᠮᠨᠡᠯᠭᠡ ᠂ ᠣᠷᠴᠢᠨ ᠲᠣᠭᠤᠷᠢᠨ ᠤ ᠬᠠᠮᠠᠭᠠᠯᠠᠯᠲᠠ ᠂ ᠮᠥᠩᠭᠦᠨ ᠭᠦᠢᠯᠭᠡᠭᠡᠨ ᠵᠡᠷᠭᠡ ᠬᠦᠷᠢᠶ᠎ᠡ | ᠬᠡᠪᠴᠢᠶᠡᠨ ᠳᠠᠬᠢ ᠬᠦᠨᠵᠡᠬᠡᠢ ᠠᠭᠤᠰᠤᠯᠴᠠᠯ ᠤᠨ ᠠᠵᠢᠯᠯᠠᠭᠠᠨ ᠤ ᠬᠡᠷᠡᠭᠵᠢᠭᠦᠯᠬᠦ ᠲᠥᠰᠦᠯ ᠪᠣᠯᠤᠨ ᠳᠦᠬᠦᠷ ᠠᠷᠭ᠎ᠠ | ᠬᠡᠮᠵᠢᠶ᠎ᠡ ᠶᠢ ᠲᠣᠭᠲᠠᠭᠠᠵᠤ ᠂ ᠨᠡᠶᠢᠲᠡᠯᠢᠭ ᠵᠢᠱᠢᠶ᠎ᠡ ᠦᠵᠡᠭᠦᠯᠬᠦ ᠲᠥᠷᠥᠯ ᠵᠦᠢᠯ ᠢ ᠵᠢᠯ ᠪᠦᠷᠢ ᠲᠤᠰ ᠲᠤᠰ 1 - | 2 ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ ᠃ ᠡᠯ᠎ᠡ ᠠᠶᠢᠮᠠᠭ ᠬᠤᠳᠠ ᠶᠢᠨ ᠬᠢᠨ ᠲᠤᠰ ᠭᠠᠵᠠᠷ ᠣᠷᠣᠨ ᠤ ᠪᠠᠨ | ᠲᠤᠮᠤ ᠳ᠋ᠠᠶᠢᠲ᠋ᠠ ᠪᠣᠯᠤᠨ ᠠᠵᠤ ᠦᠢᠯᠡᠰ ᠤᠨ ᠭᠦᠨ ᠠᠭᠤᠰᠤᠯᠴᠠᠯ ᠤᠨ ᠠᠵᠢᠯᠯᠠᠭᠠᠨ ᠤ ᠲᠥᠯᠥᠪᠯᠡᠭᠡ ᠪᠠ ᠳᠦᠬᠦᠷ | ᠠᠷᠭ᠎ᠠ ᠬᠡᠮᠵᠢᠶ᠎ᠡ ᠪᠠᠨ ᠬᠠᠷᠢᠭᠤᠴᠠᠨ ᠲᠣᠭᠲᠠᠭᠠᠵᠤ ᠂ ᠲᠤᠰ ᠭᠠᠵᠠᠷ ᠣᠷᠣᠨ ᠤ ᠪᠠᠨ ᠵᠢᠱᠢᠶ᠎ᠡ ᠦᠵᠡᠭᠦᠯᠬᠦ ᠠᠵᠢᠯ ᠢ | ᠵᠣᠬᠢᠶᠠᠨ ᠪᠠᠶᠢᠭᠤᠯᠤᠨ ᠥᠷᠨᠢᠭᠦᠯᠵᠦ ᠂ ᠲᠤᠰ ᠭᠠᠵᠠᠷ ᠣᠷᠣᠨ ᠤ ᠪᠠᠨ ᠨᠡᠶᠢᠲᠡᠯᠢᠭ ᠵᠢᠱᠢᠶ᠎ᠡ ᠦᠵᠡᠭᠦᠯᠦᠭᠰᠡᠨ | ᠲᠤᠷᠰᠢᠯᠭ᠎ᠠ ᠪᠣᠯᠣᠨ ᠠᠰᠠᠭᠤᠳᠠᠯ ᠢ ᠰᠢᠢᠳᠪᠦᠷᠢᠯᠡᠭᠰᠡᠨ ᠰᠢᠯᠢᠳᠡᠭ ᠲᠦᠰᠦᠯ ᠢ ᠳ᠋ᠦ᠋ᠩᠨᠡᠨ ᠳᠡᠯᠭᠡᠷᠡᠭᠦᠯᠦᠨ᠎ᠡ ᠃ | ︵ᠬᠤᠶᠠᠷ︶ ᠲᠤᠰᠬᠠᠶ ᠮᠡᠷᠭᠡᠵᠢᠯᠲᠡᠨ ᠤ ᠦᠢᠯᠡᠴᠢᠯᠡᠭᠡᠨ ᠤ ᠠᠩᠬᠢ ᠪᠠᠶᠢᠭᠤᠯᠤᠨ᠎ᠠ ᠃ ᠲᠤᠮᠤ ᠳ᠋ᠠᠶᠢᠲ᠋ᠠ ᠶᠢ | ᠠᠵᠤ ᠦᠢᠯᠡᠰ ᠯᠦᠭᠡ ᠭᠦᠨ ᠠᠭᠤᠰᠤᠯᠴᠠᠭᠤᠯᠬᠤ ᠲᠤᠰᠬᠠᠶ ᠮᠡᠷᠭᠡᠵᠢᠯᠲᠡᠨ ᠤ ᠦᠢᠯᠡᠴᠢᠯᠡᠭᠡᠨ ᠤ ᠠᠩᠬᠢ ᠵᠣᠬᠢᠶᠠᠨ | ᠪᠠᠶᠢᠭᠤᠯᠵᠤ ᠂ ᠠᠵᠤ ᠠᠬᠤᠶᠢᠯᠠᠯ ᠤᠨ ᠲᠤᠬᠠᠶ ᠶᠢᠨ ᠭᠠᠵᠠᠷ ᠲᠤᠨᠢ ᠬᠦᠷᠴᠦ ᠬᠠᠮᠲᠤᠷᠠᠨ ᠣᠨᠣᠰᠢᠯᠠᠬᠤ ᠂ ᠭᠡᠷ ᠲᠤᠨᠢ | ᠬᠦᠷᠴᠦ ᠦᠢᠯᠡᠴᠢᠯᠡᠨ ᠂ ᠠᠵᠤ ᠠᠬᠤᠶᠢᠯᠠᠯ ᠢ ᠬᠠᠪᠰᠤᠷᠤᠨ ᠵᠢᠯᠣᠭᠤᠳᠴᠦ ᠪᠠᠶᠢᠭᠠᠳ ᠲᠤᠮᠤ ᠳ᠋ᠠᠶᠢᠲ᠋ᠠ ᠶᠢᠨ | ᠠᠭᠤᠰᠤᠯᠴᠠᠯ ᠤᠨ ᠬᠡᠷᠡᠭᠯᠡᠭᠡᠨ ᠤ ᠰᠢᠢᠳᠪᠦᠷᠢᠯᠡᠬᠦ ᠲᠥᠰᠦᠯ ᠢ ᠲᠣᠭᠲᠠᠭᠠᠨ᠎ᠠ ᠃ ᠥᠪᠥᠷ ᠮᠣᠩᠭᠤᠯ ᠤᠨ ᠲᠤᠮᠤ | ᠳ᠋ᠠᠶᠢᠲ᠋ᠠ ᠶᠢᠨ ᠠᠵᠤ ᠦᠢᠯᠡᠰ ᠤᠨ ᠬᠤᠯᠪᠣᠭᠠᠲᠤ ᠬᠤᠷᠠᠯ ᠤᠨ ᠦᠢᠯᠡᠳᠦᠯ ᠢ ᠪᠠᠳᠠᠷᠠᠭᠤᠯᠵᠤ ᠂ ᠲᠤᠮᠤ ᠳ᠋ᠠᠶᠢᠲ᠋ᠠ ᠶᠢ | ᠠᠵᠤ ᠦᠢᠯᠡᠰ ᠯᠦᠭᠡ ᠭᠦᠨ ᠠᠭᠤᠰᠤᠯᠴᠠᠭᠤᠯᠬᠤ ᠲᠤᠰᠬᠠᠶ ᠮᠡᠷᠭᠡᠵᠢᠯᠲᠡᠨ ᠤ ᠤᠶᠤᠨ ᠤ ᠬᠥᠮᠥᠷᠭᠡ ᠪᠠᠶᠢᠭᠤᠯᠤᠨ ᠂ | ᠲᠤᠮᠤ ᠳ᠋ᠠᠶᠢᠲ᠋ᠠ ᠶᠢ ᠠᠵᠤ ᠦᠢᠯᠡᠰ ᠯᠦᠭᠡ ᠭᠦᠨ ᠠᠭᠤᠰᠤᠯᠴᠠᠭᠤᠯᠬᠤ ᠪᠣᠯᠪᠠᠰᠤᠷᠠᠭᠤᠯᠤᠯ ᠪᠠ ᠵᠢᠱᠢᠶ᠎ᠡ ᠦᠵᠡᠭᠦᠯᠬᠦ | ᠲᠦᠷᠦᠯ ᠵᠦᠢᠯ ᠢ ᠰᠢᠭᠰᠢᠬᠦ ᠂ ᠰᠢᠯᠭᠠᠷᠠᠭᠤᠯᠬᠤ ᠂ ᠰᠢᠯᠭᠠᠨ ᠠᠪᠬᠤ ᠂ ᠳ᠋ᠦ᠋ᠩᠨᠡᠬᠦ ᠂ ᠳᠡᠯᠭᠡᠷᠡᠭᠦᠯᠬᠦ ᠵᠡᠷᠭᠡ | ᠠᠵᠢᠯ ᠢ ᠬᠠᠮᠵᠢᠯᠴᠠᠨ ᠦᠷᠨᠢᠭᠦᠯᠦᠨ᠎ᠡ ᠃ | ︵ᠭᠤᠷᠪᠠ︶ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ ᠃ ᠥᠪᠡᠷᠲᠡᠭᠡᠨ ᠵᠠᠰᠠᠬᠤ ᠣᠷᠣᠨ ᠤ | ᠲᠣᠮᠣ ᠳ᠋ᠠᠶᠢᠲ᠋ᠠ ᠶᠢᠨ ᠬᠥᠭᠵᠢᠯᠲᠡ ᠶᠢᠨ ᠲᠤᠰᠬᠠᠶ ᠪᠡᠯᠡ ᠮᠥᠩᠭᠦ ᠶᠢ ᠠᠰᠢᠭᠯᠠᠨ ᠂ ᠲᠤᠮᠤ ᠳ᠋ᠠᠶᠢᠲ᠋ᠠ ᠶᠢ ᠠᠵᠤ | ᠦᠢᠯᠡᠰ ᠯᠦᠭᠡ ᠭᠦᠨ ᠠᠭᠤᠰᠤᠯᠴᠠᠭᠤᠯᠬᠤ ᠪᠣᠯᠪᠠᠰᠤᠷᠠᠭᠤᠯᠤᠯ ᠢ ᠤᠬᠠᠭᠤᠯᠤᠨ ᠲᠠᠶᠢᠯᠪᠤᠷᠢᠯᠠᠬᠤ ᠂ ᠲᠦᠷᠦᠯ | ᠵᠦᠢᠯ ᠢ ᠳᠡᠯᠭᠡᠷᠡᠭᠦᠯᠬᠦ ᠂ ᠲᠠᠪᠴᠠᠩ ᠢ ᠪᠦᠲᠦᠭᠡᠨ ᠪᠠᠶᠢᠭᠤᠯᠬᠤ ᠂ ᠰᠢᠯᠢᠳᠡᠭ ᠬᠡᠷᠡᠭ ᠤᠨ ᠵᠢᠱᠢᠶ᠎ᠡ ᠂ ᠪᠠᠷᠢᠮᠵᠢᠶ᠎ᠠ | ᠲᠣᠭᠲᠠᠭᠠᠬᠤ ᠵᠡᠷᠭᠡ ᠳᠤ ᠳᠡᠮᠵᠢᠯᠭᠡ ᠦᠵᠡᠭᠦᠯᠦᠨ᠎ᠡ ᠃ ᠤᠳᠤ ᠶᠢᠨ ᠪᠠᠶᠢᠭ᠎ᠠ ᠡᠯ᠎ᠡ ᠠᠵᠢᠯ ᠲᠦᠷᠦᠯ ᠤᠨ ᠲᠤᠰᠬᠠᠶ | ᠪᠡᠯᠡ ᠮᠥᠩᠭᠦ ᠶᠢ ᠠᠰᠢᠭᠯᠠᠨ ᠂ ᠲᠤᠮᠤ ᠳ᠋ᠠᠶᠢᠲ᠋ᠠ ᠶᠢ ᠠᠵᠤ ᠦᠢᠯᠡᠰ ᠯᠦᠭᠡ ᠭᠦᠨ ᠠᠭᠤᠰᠤᠯᠴᠠᠭᠤᠯᠬᠤ ᠵᠢᠱᠢᠶ᠎ᠡ | ᠦᠵᠡᠭᠦᠯᠬᠦ ᠲᠥᠷᠥᠯ ᠵᠦᠢᠯ ᠤᠨ ᠪᠦᠳᠦᠭᠡᠨ ᠪᠠᠶᠢᠭᠤᠯᠤᠯᠲᠠ ᠶᠢ ᠳᠡᠮᠵᠢᠬᠦ ᠶᠢ ᠵᠣᠷᠢᠬᠵᠢᠭᠤᠯᠤᠨ᠎ᠠ᠃ ᠲᠤᠮᠤ | ᠳ᠋ᠠᠶᠢᠲ᠋ᠠ ᠶᠢᠨ ᠠᠵᠤ ᠦᠢᠯᠡᠰ ᠢ ᠬᠥᠭᠵᠢᠭᠦᠯᠬᠦ ᠰᠠᠭᠤᠷᠢ ᠮᠥᠩᠭᠦ ᠪᠠᠶᠢᠭᠤᠯᠬᠤ ᠳᠤ ᠤᠯᠤᠰ ᠤᠨ ᠦᠮᠴᠢᠯᠠᠯᠲᠦ | ᠬᠦᠷᠦᠩᠭᠡ ᠂ ᠠᠵᠤ ᠦᠢᠯᠡᠰ ᠤᠨ ᠬᠦ᠋ᠷᠥᠩᠭᠡ ᠂ ᠨᠡᠶᠢᠭᠡᠮ ᠤᠨ ᠬᠥᠷᠥᠩᠭᠡ ᠬᠠᠮᠲᠤᠷᠠᠨ ᠣᠷᠣᠯᠴᠠᠵᠤ ᠂ ᠲᠤᠮᠤ | ᠳ᠋ᠠᠶᠢᠲ᠋ᠠ ᠶᠢ ᠠᠵᠤ ᠦᠢᠯᠡᠰ ᠯᠦᠭᠡ ᠭᠦᠨ ᠠᠭᠤᠰᠤᠯᠴᠠᠭᠤᠯᠬᠤ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ | ᠳᠡᠮᠵᠢᠬᠦ ᠶᠢ ᠵᠣᠷᠢᠬᠵᠢᠭᠤᠯᠤᠨ᠎ᠠ ᠃ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠲᠤᠮᠤ ᠳ᠋ᠠᠶᠢᠲ᠋ᠠ ᠶᠢ ᠠᠵᠤ | ᠦᠢᠯᠡᠰ ᠯᠦᠭᠡ ᠭᠦᠨ ᠠᠭᠤᠰᠤᠯᠴᠠᠭᠤᠯᠤᠬᠰᠠᠨ ᠵᠢᠱᠢᠶ᠎ᠡ ᠦᠵᠡᠭᠦᠯᠬᠦ ᠲᠥᠷᠥᠯ ᠵᠦᠢᠯ ᠳᠤ ᠂ ᠤᠯᠤᠰ ᠪᠣᠯᠤᠨ | ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠪᠡᠯᠡ ᠮᠥᠩᠭᠦ ᠶᠢᠨ ᠳᠡᠮᠵᠢᠯᠭᠡ ᠶᠢ ᠡᠩ ᠲᠡᠷᠢᠭᠦᠨ ᠳᠤ | ᠭᠤᠶᠤᠴᠢᠯᠡᠵᠦ ᠥᠭᠭᠦᠨ᠎ᠡ ᠃ | ︵ᠲᠦᠷᠪᠡ︶ ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠨ᠎ᠠ ᠃ ᠡᠯ᠎ᠡ ᠭᠠᠵᠠᠷ ᠣᠷᠣᠨ ᠂ ᠡᠯ᠎ᠡ | ᠬᠤᠯᠪᠣᠭᠳᠠᠯ ᠪᠥᠬᠦᠢ ᠰᠠᠯᠠᠭ᠎ᠠ ᠮᠥᠴᠢᠷ ᠤᠳ ᠡᠯ᠎ᠡ ᠵᠦᠢᠯ ᠤᠨ ᠰᠣᠨᠢᠨ ᠮᠡᠳᠡᠭᠡ ᠵᠠᠭᠤᠴᠢᠯᠠᠭᠤᠷ ᠢ ᠭᠦᠢᠴᠡᠳ | ᠠᠰᠢᠭᠯᠠᠨ ᠂ ᠲᠤᠰ ᠠᠵᠢᠯᠯᠠᠭ᠎ᠠ ᠶᠢᠨ ᠲᠥᠯᠥᠪᠯᠡᠭᠡ ᠶᠢᠨ ᠤᠬᠠᠭᠤᠯᠭ᠎ᠠ ᠶᠢᠨ ᠡᠷᠴᠢᠮ ᠢ ᠨᠡᠮᠡᠭᠳᠡᠭᠦᠯᠵᠦ ᠂ | ᠠᠵᠢᠯ ᠤᠨ ᠦᠷ᠎ᠡ ᠪᠦᠲᠦᠮᠵᠢ ᠂ ᠨᠡᠶᠢᠲᠡᠯᠢᠭ ᠵᠢᠱᠢᠶ᠎ᠡ ᠦᠵᠡᠭᠦᠯᠦᠭᠰᠡᠨ ᠲᠤᠷᠰᠢᠯᠭ᠎ᠠ ᠂ ᠠᠰᠠᠭᠤᠳᠠᠯ ᠢ | ᠰᠢᠢᠳᠪᠦᠷᠢᠯᠡᠭᠰᠡᠨ ᠰᠢᠯᠢᠳᠡᠭ ᠲᠥᠰᠦᠯ ᠢ ᠭᠤᠣᠯᠳᠠᠯᠭ᠎ᠠ ᠲᠠᠢ ᠪᠠᠷ ᠤᠬᠠᠭᠤᠯᠤᠨ ᠂ ᠨᠡᠶᠢᠭᠡᠮ ᠤᠨ ᠰᠠᠶᠢᠨ ᠰᠠᠶᠢᠬᠠᠨ | ᠠᠭᠤᠷ ᠠᠮᠢᠰᠬᠤᠯ ᠢ ᠪᠤᠢ ᠪᠣᠯᠭᠠᠨ᠎ᠠ ᠃ ᠨᠡᠶᠢᠲᠡᠯᠢᠭ ᠵᠢᠱᠢᠶ᠎ᠡ ᠦᠵᠡᠭᠦᠯᠬᠦ ᠲᠥᠷᠥᠯ ᠵᠦᠢᠯ ᠤᠨ ᠦᠵᠡᠭᠦᠯᠦᠯᠭᠡ ᠶᠢᠨ | ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ ᠂ ᠠᠮᠵᠢᠯᠲᠠ ᠲᠠᠢ | ᠲᠤᠷᠰᠢᠯᠭ᠎ᠠ ᠶᠢ ᠰᠣᠯᠢᠯᠴᠠᠵᠤ ᠳᠡᠯᠭᠡᠷᠡᠭᠦᠯᠦᠨ᠎ᠡ ᠃ ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | | |