| | | ᠨᠢᠬᠡ᠂ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠣᠷᠴᠢᠭᠤᠯᠭ᠎ᠠ ᠶᠢᠨ ᠰᠠᠯᠠᠭ᠎ᠠ ᠶᠢᠨ | ᠦᠨᠳᠦᠰᠦᠨ ᠪᠠᠶᠢᠳᠠᠯ | ᠬᠡᠰᠢᠭᠳᠡᠨ ᠬᠤᠰᠢᠭᠤᠨ ᠤ ᠲᠠᠩᠰᠠ ᠡᠪᠬᠡᠮᠡᠯ ᠤᠨ ᠲᠣᠪᠴᠢᠶ᠎ᠠ ᠶᠢᠨ ᠪᠢᠴᠢᠭ ᠮᠠᠲ᠋ᠧᠷᠢᠶᠠᠯ ᠳᠤ ᠲᠡᠮᠳᠡᠭᠯᠡᠵᠣ | ᠪᠠᠶᠢᠬᠤ ᠪᠠᠷ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠣᠷᠴᠢᠭᠤᠯᠭ᠎ᠠ ᠶᠢᠨ ᠠᠵᠢᠯ ᠨᠢ 1947 ᠤᠨ ᠤ | ᠲᠣᠣᠷ᠎ᠠ ᠬᠠᠭᠠᠰ ᠵᠢᠯ ᠠᠴᠠ ᠵᠢᠩᠭᠢᠨᠢ ᠪᠠᠷ ᠡᠭᠢᠯᠡᠭᠰᠡᠨ ᠪᠠᠶᠢᠨ᠎ᠠ᠃ ᠲᠤᠬᠠᠢ ᠶᠢᠨ ᠦᠶ᠎ᠡ ᠶᠢᠨ ᠤᠷᠴᠢᠭᠤᠯᠤᠭᠴᠢ ᠪᠤᠯ | ᠵᠠᠮᠪᠠᠯᠨᠢᠩᠪᠤ ︵ᠲᠠᠯᠠᠶᠢᠨᠠᠭᠤᠷ ᠪᠠᠯᠭᠠᠰᠣᠨ ᠤ ᠵᠡᠭᠦᠨ ᠭᠠᠩᠭᠠᠨ ᠭᠠᠴᠠᠭᠠᠨ ᠤ ᠭᠦᠮᠦᠨ︶ ᠪᠤᠯᠤᠨ᠎ᠠ᠃ | ᠳᠠᠪᠢᠭᠠᠳ ᠤᠨ ᠠᠴᠠ 1966 ᠤᠨ ᠤ ︽ᠰᠤᠶᠤᠯ ᠤᠨ ᠬᠤᠪᠢᠰᠬᠠᠯ︾ ᠪᠤᠯᠳᠠᠯᠠᠬᠢ ᠴᠠᠭ ᠦᠶ᠎ᠡ ᠪᠤᠯ | ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠦᠨᠲᠦᠰᠦᠲᠡᠨ ᠤ ᠦᠬᠡ ᠭᠡᠯᠡ ᠦᠰᠦᠭ ᠪᠢᠴᠢᠭ ᠤᠨ | ᠪᠠᠶᠢᠭᠤᠯᠤᠯᠭ᠎ᠠ ᠶᠢᠨ ᠤᠷᠴᠢᠭᠤᠯᠭ᠎ᠠ ᠶᠢᠨ ᠠᠵᠢᠯ ᠨᠢ ᠦᠷᠨᠢᠨ ᠭᠦᠭᠵᠢᠵᠦ ᠪᠠᠶᠢᠭᠰᠠᠨ ᠰᠠᠶᠢᠬᠠᠨ ᠴᠠᠭ ᠦᠶ᠎ᠡ | ᠪᠤᠯᠤᠨ᠎ᠠ᠃ ᠪᠦᠭᠦ ᠤᠷᠤᠨ ᠤ ᠬᠠᠭᠠᠰ ᠮᠠᠯᠵᠢᠵᠦ ᠬᠠᠭᠠᠰ ᠲᠠᠷᠢᠶᠠᠯᠠᠬᠤ ᠤᠷᠤᠨ ᠪᠤᠯᠤᠨ ᠴᠤᠯ ᠮᠠᠯᠵᠢᠬᠤ ᠤᠷᠤᠨ ᠤ | ᠬᠤᠰᠢᠭᠤ ᠰᠢᠶᠠᠨ ᠳᠤ ᠴᠦᠮ ᠤᠷᠴᠢᠭᠤᠯᠬᠤ ᠳᠠᠰᠤᠭ ᠲᠠᠢ ᠪᠠᠶᠢᠵᠦ᠂ 2 — 3 ᠨᠡᠷ᠎ᠡ ᠳᠤᠰᠬᠠᠢ | ᠤᠷᠴᠢᠭᠤᠯᠤᠭᠴᠢ ᠲᠠᠢ ᠪᠠᠶᠢᠵᠠᠢ᠃ ᠲᠤᠬᠠᠢ ᠦᠶ᠎ᠡ ᠳᠤ ᠬᠡᠰᠢᠭᠲᠡᠨ ᠬᠤᠰᠢᠭᠤᠨ ᠤ ᠬᠤᠪᠢᠰᠬᠠᠯ ᠤᠨ ᠵᠦᠪᠯᠡᠯ ᠤᠨ | ᠭᠡᠷᠡᠭ ᠡᠷᠭᠢᠯᠡᠭᠦ ᠭᠠᠵᠠᠷ ᠲᠤ ᠤᠷᠴᠢᠭᠤᠯᠬᠤ ᠳᠠᠰᠤᠭ ᠢ ᠳᠤᠰᠬᠠᠢ ᠪᠠᠶᠢᠭᠤᠯᠤᠭᠰᠠᠨ ᠶᠤᠮ᠃ ᠲᠤᠬᠠᠢ ᠶᠢᠨ ᠦᠶ᠎ᠡ | ᠶᠢᠨ ᠤᠷᠴᠢᠭᠤᠯᠤᠭᠴᠢ ᠪᠤᠯ ᠶᠢᠨ ᠲᠠᠩ᠂ ᠦᠯᠵᠡᠢ᠂ ᠪᠠᠭ᠎ᠠ · ᠴᠢᠮᠡᠳᠰᠡᠷᠡᠩ ᠨᠠᠷ ᠪᠤᠯᠤᠨ᠎ᠠ᠃ | 1973 ᠤᠨ ᠳᠤ᠂ ᠨᠠᠮ ᠤᠨ ᠲᠦᠪ ᠬᠤᠷᠢᠶ᠎ᠠ ᠠᠴᠠ ᠰᠠᠮᠠᠭᠤᠷᠠᠯ ᠢ ᠠᠷᠢᠯᠭᠠᠵᠦ ᠵᠦᠪ ᠵᠠᠮ ᠳᠤ | ᠤᠷᠤᠭᠤᠯᠵᠦ᠂ ᠬᠤᠤᠷ ᠠᠮᠰᠠᠭᠰᠠᠨ ᠭᠦᠮᠦᠰ ᠤᠨ ᠬᠢᠯᠢᠰ ᠢ ᠴᠠᠭᠠᠳᠬᠠᠵᠦ᠂ ᠦᠨᠲᠦᠰᠦᠲᠡᠨ ᠤ ᠲᠦᠷᠦ ᠶᠢᠨ | ᠪᠤᠲᠤᠯᠭ᠎ᠠ ᠶᠢ ᠳᠠᠭᠢᠨ ᠨᠠᠶᠢᠳᠠᠪᠤᠷᠢᠵᠢᠭᠤᠯᠬᠤ ᠠᠵᠢᠯ ᠢ ᠡᠭᠢᠯᠡᠭᠦᠯᠵᠦ᠂ ᠦᠪᠦᠷ ᠮᠤᠩᠭᠤᠯ ᠤᠨ ᠬᠤᠪᠢᠰᠬᠠᠯ ᠤᠨ | ᠵᠦᠪᠯᠡᠯ ᠤᠨ ᠠᠯᠪᠠᠨ ᠲᠢᠩᠭᠢᠮ ᠤᠨ ᠤᠷᠴᠢᠭᠤᠯᠬᠤ ᠭᠠᠵᠠᠷ ᠢ ᠪᠠᠶᠢᠭᠤᠯᠵᠦ᠂ ᠤᠷᠴᠢᠭᠤᠯᠬᠤ ᠭᠠᠵᠠᠷ ᠤᠨ ᠠᠵᠢᠯ ᠤᠨ | ︽ᠰᠤᠶᠤᠯ ᠤᠨ ᠬᠤᠪᠢᠰᠬᠠᠯ︾ ᠠᠴᠠ ᠡᠮᠦᠨᠡᠭᠢ ᠭᠦᠷᠢᠶ᠎ᠡ ᠭᠡᠪᠴᠢᠶ᠎ᠡ ᠶᠢ ᠪᠦᠷᠢᠮᠦᠰᠦᠨ ᠰᠡᠷᠭᠦᠭᠡᠵᠦ᠂ | ᠲᠤᠬᠠᠶᠢᠯᠠᠭᠰᠠᠨ ᠠᠵᠢᠯ ᠤᠨ ᠲᠦᠷᠢᠮ ᠪᠤᠯᠤᠨ ᠨᠠᠷᠢᠨ ᠲᠦᠷᠢᠮ ᠢ ᠳᠠᠭᠢᠨ ᠰᠢᠨ᠎ᠡ ᠪᠠᠷ ᠲᠤᠭᠳᠠᠭᠠᠭᠰᠠᠨ ᠪᠠᠶᠢᠨ᠎ᠠ᠃ | ᠦᠪᠡᠷᠲᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠪᠠᠶᠢᠭᠤᠯᠤᠯᠭ᠎ᠠ ᠪᠤᠯᠤᠨ ᠡᠯ᠎ᠡ ᠠᠶᠢᠮᠠᠭ ᠬᠤᠲᠠ ᠬᠤᠰᠢᠭᠤ | ᠰᠢᠶᠠᠨ ᠤ ᠵᠠᠰᠠᠭ ᠤᠨ ᠤᠷᠲᠦᠨ ᠤ ᠪᠠᠶᠢᠭᠤᠯᠤᠯᠭ᠎ᠠ ᠶᠢᠨ ᠦᠨᠲᠦᠰᠦᠲᠡᠨ ᠤ ᠦᠬᠡ ᠭᠡᠯᠡ ᠦᠰᠦᠭ ᠪᠢᠴᠢᠭ ᠤᠨ | ᠤᠷᠴᠢᠭᠤᠯᠭ᠎ᠠ ᠶᠢᠨ ᠪᠠᠶᠢᠭᠤᠯᠤᠮᠵᠢ ᠶᠢ ᠳᠠᠭᠢᠨ ᠰᠡᠷᠭᠦᠭᠡᠵᠦ᠂ ᠤᠤᠯ ᠤᠨ ᠤᠷᠴᠢᠭᠤᠯᠤᠭᠴᠢᠳ ᠳᠠᠭᠢᠨ ᠠᠵᠢᠯ ᠤᠨ | ᠪᠠᠶᠢᠷᠢ ᠳᠠᠭᠠᠨ ᠭᠠᠷᠤᠭᠰᠠᠨ ᠪᠠᠶᠢᠨ᠎ᠠ᠃ ᠳᠤᠬᠠᠢ ᠶᠢᠨ ᠦᠶ᠎ᠡ ᠶᠢᠨ ᠬᠡᠰᠢᠭᠲᠡᠨ ᠬᠤᠰᠢᠭᠤᠨ ᠤ ᠵᠠᠰᠠᠭ ᠤᠨ ᠤᠷᠲᠦᠨ | ᠤ ᠤᠷᠴᠢᠭᠤᠯᠤᠭᠴᠢ ᠳᠤ ᠪᠤᠶᠠᠨᠲᠤᠭᠳᠠᠬᠤ᠂ ᠰᠠᠶᠢᠰᠢᠶᠠᠯᠲᠦ᠂ ᠷᠤᠯᠠᠮᠠ᠂ ᠵᠢᠭᠮᠡᠳ ᠵᠡᠷᠭᠡ ᠭᠦᠮᠦᠰ ᠪᠤᠢ᠃ | ᠬᠤᠶᠢᠰᠢᠳᠠ ᠶᠢᠨ ᠭᠡᠰᠡᠭ ᠬᠤᠭᠤᠴᠠᠭᠠᠨ ᠳᠤ᠂ ᠭᠤᠮᠪᠤ᠂ ᠴᠤᠭᠲᠦ᠂ ᠲᠤᠭᠤᠰ ᠵᠡᠷᠭᠡ ᠭᠦᠮᠦᠰ ᠤᠷᠢᠳ | ᠬᠤᠵᠢᠳ ᠬᠡᠰᠢᠭᠲᠡᠨ ᠬᠤᠰᠢᠭᠤᠨ ᠤ ᠤᠷᠴᠢᠭᠤᠯᠬᠤ ᠳᠠᠰᠤᠭ ᠳᠤ ᠠᠵᠢᠯᠯᠠᠵᠦ ᠦᠩᠭᠡᠷᠡᠭᠰᠡᠨ ᠪᠠᠶᠢᠨ᠎ᠠ᠃ | 1982 ᠤᠨ — 1990 ᠣᠨ ᠪᠣᠯᠳᠠᠯ᠎ᠠ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ | ᠤᠷᠲᠦᠨ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠭᠡᠨ ᠨᠢ ᠬᠤᠪᠢ | ᠬᠤᠪᠢᠨ ᠳᠤ ᠪᠠᠨ ᠣᠷᠴᠢᠭᠤᠯᠣᠭᠴᠢ ᠲᠠᠢ ᠪᠣᠯᠣᠭᠰᠠᠨ ᠪᠠᠶᠢᠨ᠎ᠠ᠃ ᠲᠤᠬᠠᠢ ᠶᠢᠨ ᠦᠶ᠎ᠠ ᠳᠤ ᠭᠤᠮᠪᠤ᠂ ᠪᠤᠤ ᠶᠦᠩ | ᠱᠧᠩ᠂ ᠭᠡᠷᠡᠯ ᠵᠡᠷᠭᠡ ᠬᠦᠮᠦᠰ ᠬᠤᠰᠢᠭᠤᠨ ᠤ ᠵᠠᠰᠠᠭ ᠤᠨ ᠤᠷᠳᠤᠨ ᠤ ᠤᠷᠴᠢᠭᠤᠯᠭ᠎ᠠ ᠶᠢᠨ ᠠᠵᠢᠯ ᠢ | ᠬᠠᠷᠢᠭᠤᠴᠠᠵᠤ᠂ ᠵᠢᠭᠮᠢᠳ᠂ ᠡᠷᠳᠡᠨᠢᠪᠠᠶᠠᠷ ᠬᠤᠰᠢᠭᠤᠨ ᠤ ᠨᠠᠮ ᠤᠨ ᠬᠤᠷᠢᠶ᠎ᠠ ᠶᠢᠨ ᠤᠷᠴᠢᠭᠤᠯᠭ᠎ᠠ ᠶᠢᠨ ᠠᠵᠢᠯ ᠢ | ᠬᠠᠷᠢᠭᠤᠴᠠᠨ᠂ ᠲᠡᠯᠭᠡᠷᠮᠠ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠤᠷᠴᠢᠭᠤᠯᠭ᠎ᠠ | ᠶᠢᠨ ᠠᠵᠢᠯ ᠢ ᠬᠠᠷᠢᠭᠤᠴᠠᠵᠤ᠂ ᠦᠯᠵᠠᠢ ᠬᠤᠰᠢᠭᠤᠨ ᠤ ᠤᠯᠤᠰ ᠲᠦᠷᠤ ᠶᠢᠨ ᠵᠦᠪᠯᠡᠯᠭᠡᠨ ᠤ ᠤᠷᠴᠢᠭᠤᠯᠭ᠎ᠠ ᠶᠢᠨ | ᠠᠵᠢᠯ ᠢ ᠬᠠᠷᠢᠭᠤᠴᠠᠵᠤ ᠪᠠᠶᠢᠪᠠ᠃ | 1990 ᠤᠨ ᠤ 6 ᠰᠠᠷ᠎ᠠ ᠳᠤ᠂ ᠪᠦᠭᠦ ᠬᠤᠰᠢᠭᠤᠨ ᠤ ᠮᠣᠩᠭᠤᠯ ᠤᠷᠴᠢᠭᠤᠯᠭ᠎ᠠ ᠶᠢᠨ ᠠᠵᠢᠯ ᠢ | ᠳᠤᠰᠬᠠᠶᠢᠵᠢᠭᠤᠯᠬᠤ᠂ ᠭᠡᠪᠴᠢᠶᠡᠵᠢᠭᠦᠯᠭᠦ ᠪᠠ ᠲᠦᠷᠢᠮᠵᠢᠭᠦᠯᠭᠦ ᠶᠢᠨ ᠲᠦᠯᠦᠭᠡ᠂ ᠪᠦᠭᠦ ᠬᠤᠰᠢᠭᠤᠨ ᠤ ᠲᠦᠷᠪᠡᠨ | ᠣᠳᠣᠷᠢᠳᠬᠤ ᠪᠠᠭ ᠤᠨ ᠣᠷᠴᠢᠭᠤᠯᠣᠭᠴᠢ ᠨᠠᠷ ᠢ ᠬᠠᠮᠳᠣᠷᠠᠭᠤᠯᠵᠣ᠂ ᠬᠤᠰᠢᠭᠤᠨ ᠤ ᠠᠷᠠᠳ ᠤᠨ ᠵᠠᠰᠠᠭ ᠤᠨ | ᠤᠷᠲᠦᠨ ᠳᠤ ᠵᠠᠰᠠᠭ ᠤᠨ ᠤᠷᠲᠦᠨ ᠤ ᠤᠷᠴᠢᠭᠤᠯᠭ᠎ᠠ ᠶᠢᠨ ᠰᠠᠯᠠᠭ᠎ᠠ ᠶᠢ ᠪᠠᠶᠢᠭᠤᠯᠵᠦ᠂ ᠬᠤᠰᠢᠭᠤᠨ ᠤ ᠠᠷᠠᠳ ᠤᠨ | ᠵᠠᠰᠠᠭ ᠤᠨ ᠤᠷᠲᠦᠨ ᠤ ᠠᠯᠪᠠᠨ ᠭᠡᠷ ᠲᠤ ᠬᠠᠷᠢᠶᠠᠯᠠᠭᠤᠯᠤᠭᠰᠠᠨ ᠪᠠᠶᠢᠨ᠎ᠠ᠃ ᠲᠤᠬᠠᠢ ᠶᠢᠨ ᠦᠶ᠎ᠠ ᠳᠤ ᠪᠤᠤ ᠶᠦᠩ | ᠱᠧᠩ ᠰᠠᠯᠠᠭᠠᠨ ᠲᠠᠷᠤᠭ᠎ᠠ ᠶᠢᠨ ᠲᠤᠰᠢᠶᠠᠯ ᠢ ᠡᠬᠦᠷᠭᠡᠯᠡᠨ᠂ ᠡᠷᠳᠡᠨᠢᠪᠠᠶᠠᠷ᠂ ᠲᠡᠯᠭᠡᠷᠮᠠ᠂ ᠮᠦᠩᠭᠡᠴᠡᠴᠡᠭ | ᠤᠷᠴᠢᠭᠤᠯᠤᠭᠴᠢ ᠪᠠᠷ ᠠᠵᠢᠯᠯᠠᠵᠤ ᠪᠠᠶᠢᠪᠠ᠂ ᠬᠤᠵᠢᠮ ᠨᠢ ᠨᠠᠷᠨᠨᠴᠢᠮᠡᠭ᠂ ᠬᠠᠰᠡᠷᠳᠡᠨᠢ᠂ ᠶᠢᠨ ᠰᠢᠶᠤᠤ᠂ ᠹᠦ᠋ ᠯᠢᠨ᠂ | ᠪᠠᠳᠤ᠂ ᠠᠷᠢᠭᠤᠨ᠂ ᠰᠠᠴᠤᠷᠠᠯᠳᠤ᠂ ᠮᠦᠷᠡᠨ ᠵᠡᠷᠭᠡ ᠬᠦᠮᠦᠰ ᠤᠷᠢᠳ ᠬᠤᠵᠢᠳ ᠤᠷᠴᠢᠭᠤᠯᠭ᠎ᠠ ᠶᠢᠨ ᠰᠠᠯᠠᠭᠠᠨ ᠳᠤ | ᠬᠤᠪᠢᠶᠠᠭᠳᠠᠨ ᠠᠵᠢᠯᠯᠠᠪᠠ᠃ ᠡᠨᠡᠬᠦ ᠶᠠᠪᠣᠴᠠ ᠳᠤ᠂ ᠲᠡᠯᠭᠡᠷᠮ᠎ᠡ᠂ ᠹᠦ᠋ ᠯᠢᠨ᠂ ᠪᠠᠲᠦ ᠣᠷᠢᠳ ᠬᠤᠵᠢᠳ ᠰᠠᠯᠠᠭᠠᠨ | ᠲᠠᠷᠤᠭ᠎ᠠ ᠶᠢᠨ ᠲᠣᠰᠢᠶᠠᠯ ᠢ ᠬᠠᠷᠢᠭᠤᠴᠠᠵᠤ ᠦᠩᠭᠡᠷᠡᠪᠡ ᠃ ᠣᠷᠴᠢᠭᠤᠯᠭ᠎ᠠ ᠶᠢᠨ ᠰᠠᠯᠠᠭᠠᠨ ᠳᠤ ᠵᠢᠷᠭᠤᠭᠠᠨ | ᠬᠦᠮᠦᠨ ᠤ ᠣᠷᠣᠨ ᠲᠤᠭ᠎ᠠ ᠲᠣᠬᠢᠷᠠᠭᠤᠯᠵᠣ᠂ ᠣᠳᠣ ᠲᠦᠷᠪᠡᠨ ᠣᠷᠴᠢᠭᠤᠯᠭ᠎ᠠ ᠶᠢᠨ ᠠᠵᠢᠯᠳᠠᠨ ᠲᠠᠢ᠃ | ᠤᠷᠴᠢᠭᠤᠯᠭ᠎ᠠ ᠶᠢᠨ ᠰᠠᠯᠠᠭ᠎ᠠ ᠨᠢ ᠪᠠᠶᠢᠭᠤᠯᠤᠭᠳᠠᠭᠰᠠᠨ ᠠᠴᠠ ᠨᠠᠰᠢ᠂ ᠲᠡᠭᠡᠳᠣ ᠱᠠᠳᠣᠨ ᠤ | ᠣᠷᠴᠢᠭᠤᠯᠭ᠎ᠠ ᠶᠢᠨ ᠰᠠᠯᠠᠭ᠎ᠠ ᠮᠦᠴᠢᠷ ᠤᠨ ᠵᠢᠯᠣᠭᠤᠳᠣᠯᠭ᠎ᠠ᠂ ᠬᠤᠰᠢᠭᠤᠨ ᠤ ᠨᠠᠮ ᠵᠠᠰᠠᠭ ᠤᠨ ᠣᠳᠣᠷᠢᠳᠣᠯᠭ᠎ᠠ | ᠲᠣᠣᠷ᠎ᠠ᠂ ᠨᠠᠮ ᠤᠨ ᠦᠨᠲᠦᠰᠦᠲᠡᠨ ᠤ ᠦᠭᠡ ᠭᠡᠯᠡ ᠦᠰᠦᠭ ᠪᠢᠴᠢᠭ ᠤᠨ ᠲᠦᠷᠦ ᠪᠤᠲᠤᠯᠭ᠎ᠠ ᠶᠢ ᠪᠦᠭᠦ ᠳᠠᠯ᠎ᠠ ᠪᠠᠷ | ᠳᠤᠤᠱᠯᠠᠭᠤᠯᠤᠨ ᠨᠠᠶᠢᠳᠠᠪᠤᠷᠢᠵᠢᠭᠤᠯᠵᠦ᠂ ᠨᠠᠮ ᠵᠠᠰᠠᠭ ᠤᠨ ᠪᠠᠶᠢᠭᠤᠯᠤᠯᠭ᠎ᠠ ᠶᠢᠨ ᠠᠯᠪᠠᠨ ᠪᠢᠴᠢᠭ ᠤᠨ | ᠭᠡᠷᠡᠭᠵᠢᠭᠦᠯᠦᠯᠲᠡ ᠳᠤ ᠮᠤᠩᠭᠤᠯ ᠭᠢᠳᠠᠳ ᠦᠰᠦᠭ ᠪᠢᠴᠢᠭ ᠢ ᠵᠡᠷᠭᠡᠪᠡᠷ ᠭᠡᠷᠡᠭᠯᠡᠭᠦ ᠠᠵᠢᠯ ᠢ ᠪᠦᠭᠦ ᠳᠠᠯ᠎ᠠ ᠪᠠᠷ | ᠭᠡᠷᠡᠭᠵᠢᠭᠦᠯᠵᠦ᠂ ᠮᠤᠩᠭᠤᠯ ᠭᠡᠯᠡᠨ ᠤ ᠤᠷᠴᠢᠭᠤᠯᠭ᠎ᠠ ᠶᠢᠨ ᠠᠵᠢᠯ ᠤᠨ ᠦᠨᠳᠦᠰᠦᠳᠡᠨ ᠤ ᠣᠷᠣᠨ ᠭᠠᠵᠠᠷ ᠣᠷᠣᠨ | ᠤ ᠠᠵᠣ ᠠᠬᠤᠢ ᠨᠡᠶᠢᠬᠡᠮ ᠤᠨ ᠬᠦᠭᠵᠢᠯᠳᠡ ᠶᠢᠨ ᠶᠡᠭᠡ ᠲᠠᠯ᠎ᠠ ᠳᠤ ᠦᠢᠯᠡᠴᠢᠯᠡᠬᠦ ᠢᠳᠡᠪᠬᠢ ᠦᠢᠯᠡᠳᠣᠯ ᠢᠶᠠᠨ | ᠬᠦᠢᠴᠡᠳ ᠪᠠᠳᠠᠷᠠᠭᠤᠯᠵᠣ ᠴᠢᠳᠠᠭᠰᠠᠨ ᠪᠠᠶᠢᠨ᠎ᠠ᠃ | ᠬᠤᠶᠠᠷ᠂ ᠣᠷᠴᠢᠭᠤᠯᠭ᠎ᠠ ᠶᠢᠨ ᠲᠣᠬᠠᠶᠢᠯᠠᠭᠰᠠᠨ ᠠᠵᠢᠯ ᠤᠨ ᠪᠣᠳᠠᠳᠣ ᠪᠠᠶᠢᠳᠠᠯ | ᠣᠶᠢᠷ᠎ᠠ ᠶᠢᠨ ᠵᠢᠯ ᠳᠤ ᠲᠤᠬᠠᠶᠢᠯᠠᠭᠰᠠᠨ ᠠᠵᠢᠯ ᠳᠤ ᠪᠢᠳᠡ ᠳᠤᠤᠷᠠᠭᠢ ᠬᠤᠶᠠᠷ ᠳᠠᠯ᠎ᠠ ᠶᠢ ᠭᠤᠤᠯᠳᠠᠯᠭ᠎ᠠ | ᠲᠠᠢ ᠠᠳᠬᠤᠭᠰᠠᠨ ᠪᠠᠶᠢᠨ᠎ᠠ᠄ ᠨᠢᠭᠡ ᠨᠢ ᠪᠠᠶᠢᠩᠭᠤ ᠶᠢᠨ ᠴᠢᠨᠠᠷᠳᠠᠢ ᠣᠷᠴᠢᠭᠤᠯᠭ᠎ᠠ᠂ ᠨᠦᠬᠦᠬᠡ ᠨᠢ ᠰᠦᠯᠵᠢᠶᠡᠨ ᠤ | ᠠᠭᠤᠯᠭ᠎ᠠ ᠶᠢᠨ ᠣᠷᠴᠢᠭᠤᠯᠭ᠎ᠠ᠃ | 1. ᠪᠠᠶᠢᠩᠭᠤ ᠶᠢᠨ ᠴᠢᠨᠠᠷᠳᠠᠢ ᠣᠷᠴᠢᠭᠤᠯᠭ᠎ᠠ ᠳᠤ᠄ | ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠲᠦᠨ ᠤ ᠡᠷᠭᠢᠯᠡᠭᠰᠡᠨ ᠴᠢᠬᠤᠯᠠ ᠬᠤᠷᠠᠯ ᠤᠨ ᠲᠤᠭᠤᠷᠢᠨ | ᠳᠤ ᠤᠷᠴᠢᠭᠤᠯᠭ᠎ᠠ ᠶᠢᠨ ᠠᠵᠢᠯ ᠢ ᠰᠠᠶᠢᠲᠦᠷ ᠬᠢᠵᠦ᠂ ᠮᠠᠯᠴᠢᠨ ᠲᠦᠮᠡᠨ ᠳᠤ ᠬᠤᠷᠠᠯ ᠤᠨ ᠵᠤᠷᠢᠭ ᠰᠠᠨᠠᠭ᠎ᠠ ᠶᠢ ᠴᠠᠭ | ᠲᠤᠬᠠᠢ ᠳᠤᠨᠢ ᠵᠦᠪ ᠤᠨᠤᠪᠴᠢᠲᠠᠢ ᠪᠠᠷ ᠬᠦᠷᠬᠡᠬᠦ ᠶᠢ ᠣᠰᠣᠯᠳᠣᠯ ᠦᠬᠡᠢ ᠪᠡᠶᠡᠯᠡᠬᠦᠯᠦᠭᠰᠡᠨ ᠪᠠᠶᠢᠨ᠎ᠠ᠃ | ᠭᠤᠤᠯᠳᠠᠭᠤ ᠬᠤᠶᠠᠷ ᠬᠤᠷᠠᠯ ᠤᠨ ᠮᠠᠲ᠋ᠧᠷᠢᠶᠠᠯ ᠤᠨ ᠣᠷᠴᠢᠭᠤᠯᠭ᠎ᠠ᠂ ᠡᠬᠦᠨ ᠳᠤ᠄ ᠵᠠᠰᠠᠭ ᠤᠨ ᠣᠷᠳᠣᠨ ᠤ ᠠᠵᠢᠯ | ᠤᠨ ᠢᠯᠡᠳᠬᠡᠯ᠂ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ | ᠮᠡᠳᠡᠭᠦᠯᠦᠯᠳᠡ᠂ ᠣᠯᠣᠰ ᠲᠦᠷᠦ ᠶᠢᠨ ᠵᠦᠪᠯᠡᠯᠬᠡᠨ ᠤ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠳᠡ᠂ | ᠬᠦᠭᠵᠢᠬᠦᠯᠦᠯᠳᠡ ᠬᠢᠬᠡᠳᠦᠬᠡᠷᠡᠴᠢᠯᠡᠯᠳᠡ ᠶᠢᠨ ᠲᠣᠪᠴᠢᠶ᠎ᠡ ᠶᠢᠨ ᠲᠦᠯᠦᠪᠵᠢᠬᠦᠯᠬᠡ᠂ ᠡᠳ᠋ ᠤᠨ ᠵᠠᠰᠠᠭ ᠤᠨ | ᠲᠦᠰᠦᠪ ᠲᠦᠯᠦᠪᠯᠡᠯᠬᠡ᠂ ᠰᠢᠬᠦᠬᠦ ᠪᠡ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠬᠦᠯᠦᠯᠳᠡ᠂ ᠠᠷᠠᠳ ᠤᠨ | ᠲᠦᠯᠦᠬᠡᠯᠡᠭᠴᠢ ᠶᠢᠨ ᠰᠠᠨᠠᠯ ᠲᠣᠷᠠᠳᠣᠯᠭ᠎ᠠ ᠪᠠ ᠰᠠᠨᠠᠯ ᠲᠣᠷᠠᠳᠣᠯᠭ᠎ᠠ ᠳᠤ ᠦᠭᠭᠦᠭᠰᠡᠨ ᠬᠠᠷᠢᠭᠤᠯᠳᠠ ᠶᠢᠨ ᠲᠣᠬᠠᠢ | ᠮᠡᠳᠡᠬᠦᠯᠦᠯᠳᠡ᠂ ᠣᠯᠣᠰ ᠲᠦᠷᠦ ᠶᠢᠨ ᠵᠦᠪᠯᠡᠯᠬᠡᠨ ᠤ ᠬᠡᠰᠢᠬᠦᠳ ᠤᠨ ᠰᠠᠨᠠᠯ ᠵᠦᠪᠯᠡᠯᠬᠡ ᠪᠠ ᠰᠠᠨᠠᠯ ᠵᠦᠪᠯᠡᠯᠬᠡ ᠳᠤ | ᠦᠭᠭᠦᠭᠰᠡᠨ ᠬᠠᠷᠢᠭᠤᠯᠳᠠ ᠶᠢᠨ ᠲᠣᠬᠠᠢ ᠮᠡᠳᠡᠬᠦᠯᠦᠯᠳᠡ ᠵᠡᠷᠭᠡ 9 ᠮᠠᠲ᠋ᠧᠷᠢᠶᠠᠯ ᠪᠣᠢ᠃ ᠬᠤᠰᠢᠭᠤ ᠨᠠᠮ ᠤᠨ | ᠬᠤᠷᠢᠶ᠎ᠠ ᠶᠢᠨ ᠪᠦᠬᠦ ᠬᠡᠰᠢᠬᠦᠳ ︵ᠦᠷᠭᠡᠳᠭᠡᠭᠰᠡᠨ︶ ᠤᠨ ᠬᠤᠷᠠᠯ ᠤᠨ ᠠᠵᠢᠯ ᠤᠨ ᠢᠯᠡᠳᠬᠡᠯ᠂ ᠵᠠᠰᠠᠭ ᠤᠨ | ᠤᠷᠲᠦᠨ ᠤ ᠴᠢᠬᠤᠯᠠ ᠬᠤᠷᠠᠯ ᠤᠨ ᠳᠤᠪᠴᠢ ᠶᠢᠨ ᠤᠷᠴᠢᠭᠤᠯᠭ᠎ᠠ᠂ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ | ᠬᠤᠷᠠᠯᠳᠣᠭᠠᠨ ᠤ ᠪᠢᠴᠢᠭ ᠮᠠᠲ᠋ᠧᠷᠢᠶᠠᠯ ᠤᠨ ᠣᠷᠴᠢᠭᠤᠯᠭ᠎ᠠ ᠶᠢᠨ ᠠᠵᠢᠯ ᠪᠤᠢ᠃ ᠬᠤᠶᠠᠷ ᠲᠤ᠂ ᠪᠤᠰᠤᠳ ᠠᠯᠪᠠᠨ ᠤ | ᠪᠢᠴᠢᠭ ᠮᠠᠲ᠋ᠧᠷᠢᠶᠠᠯ ᠪᠠ ᠲᠦᠷᠢᠮᠵᠢᠭᠰᠡᠨ ᠪᠤᠰᠦ ᠪᠢᠴᠢᠭ ᠮᠠᠲ᠋ᠧᠷᠢᠶᠠᠯ ᠤᠨ ᠤᠷᠴᠢᠭᠤᠯᠭ᠎ᠠ ᠶᠢᠨ ᠠᠵᠢᠯ ᠪᠤᠯᠤᠨ᠎ᠠ᠃ | ᠡᠭᠦᠨ ᠳᠤ ᠬᠤᠳᠠ ᠠᠴᠠ ᠳᠠᠮᠵᠢᠭᠤᠯᠤᠨ ᠳᠠᠷᠬᠠᠭᠠᠭᠰᠠᠨ ᠤᠷᠴᠢᠭᠤᠯᠬᠤ ᠴᠢᠬᠤᠯᠠᠲᠠᠢ ᠪᠢᠴᠢᠭ ᠮᠠᠲ᠋ᠧᠷᠢᠶᠠᠯ᠂ | ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠤᠷᠲᠦᠨ ᠤ ᠬᠠᠮᠢᠶ᠎ᠠ ᠪᠦᠭᠦᠢ ᠪᠢᠴᠢᠭ ᠮᠠᠲ᠋ᠧᠷᠢᠶᠠᠯ ᠵᠢᠴᠢ ᠪᠤᠰᠤᠳ ᠡᠯ᠎ᠡ | ᠤᠲᠤᠷᠢᠳᠬᠤ ᠪᠠᠭ ᠪᠤᠯᠤᠨ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠤᠷᠴᠢᠭᠤᠯᠬᠤ ᠴᠢᠬᠤᠯᠠᠲᠠᠢ ᠪᠢᠴᠢᠭ ᠮᠠᠲ᠋ᠧᠷᠢᠶᠠᠯ | ᠪᠤᠯᠤᠨ ᠡᠯ᠎ᠡ ᠵᠤᠶᠢᠯ ᠤᠨ ᠵᠠᠭᠢᠳᠠᠯ ᠰᠤᠷᠪᠤᠯᠵᠢᠯᠠᠭ᠎ᠠ᠂ ᠰᠠᠨᠠᠯ ᠵᠦᠪᠯᠡᠯᠭᠡ᠂ ᠠᠯᠪᠠᠨ ᠳᠠᠮᠠᠭ᠎ᠠ᠂ ᠬᠤᠷᠠᠯ ᠤᠨ ᠭᠠᠷᠴᠠᠭ | ᠂ ᠠᠯᠪᠠᠨ ᠪᠢᠴᠢᠭ ᠤᠨ ᠭᠠᠷᠴᠠᠭ᠂ ᠫᠠᠶᠢᠰᠠ ᠢᠯᠡᠷᠭᠡᠶᠢᠯᠡᠯ᠂ ᠤᠬᠠᠭᠤᠯᠭ᠎ᠠ ᠵᠠᠷ᠂ ᠵᠠᠮ ᠤᠨ ᠳᠡᠮᠳᠡᠭ ᠵᠡᠷᠭᠡ ᠪᠤᠢ᠃ | 2013 ᠤᠨ ᠳᠤ᠂ ᠤᠷᠴᠢᠭᠤᠯᠭ᠎ᠠ ᠶᠢᠨ ᠰᠠᠯᠠᠭ᠎ᠠ ᠨᠢ 80 ᠲᠦᠮᠡᠨ ᠦᠰᠦᠭ ᠤᠨ ᠡᠯ᠎ᠠ ᠲᠦᠷᠦᠯ ᠤᠨ | ᠦᠰᠦᠭ ᠪᠢᠴᠢᠭ ᠤᠨ ᠮᠠᠲ᠋ᠧᠷᠢᠶᠠᠯ ᠤᠷᠴᠢᠭᠤᠯᠵᠤ᠂ ᠡᠬᠦᠨ ᠳᠤ᠂ ᠬᠤᠶᠠᠷ ᠬᠤᠷᠠᠯ ᠤᠨ ᠮᠠᠲ᠋ᠧᠷᠢᠶᠠᠯ ᠪᠠ ᠬᠤᠰᠢᠭᠤᠨ | ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠴᠢᠬᠤᠯᠨ ᠬᠤᠷᠠᠯ ᠤᠨ ᠮᠠᠲ᠋ᠧᠷᠢᠶᠠᠯ ᠪᠠ ᠬᠤᠷᠠᠯ ᠤᠨ ᠲᠤᠪᠴᠢ ᠶᠢ | 35 ᠲᠦᠮᠡᠨ ᠦᠰᠦᠭ ᠤᠨ ᠤᠷᠴᠢᠮ ᠤᠷᠴᠢᠭᠤᠯᠵᠤ᠂ ᠲᠡᠭᠡᠳᠤ ᠱᠠᠳᠤᠨ ᠤ ᠲᠤᠷᠤᠭᠰᠢ ᠲᠠᠷᠬᠠᠭᠠᠭᠰᠠᠨ ᠪᠢᠴᠢᠭ | ᠮᠠᠲ᠋ᠧᠷᠢᠶᠠᠯ ᠪᠠ ᠤᠷᠤᠨ ᠨᠤᠳᠤᠭ ᠤᠨ ᠲᠦᠷᠢᠮᠵᠢᠯᠳᠤ ᠪᠢᠴᠢᠭ ᠮᠠᠲ᠋ᠧᠷᠢᠶᠠᠯ ᠢ 15 ᠲᠦᠮᠡᠨ ᠦᠰᠦᠭ ᠤᠷᠴᠢᠮ | ᠤᠷᠴᠢᠭᠤᠯᠤᠭᠰᠠᠨ ᠪᠠᠶᠢᠨ᠎ᠠ᠃ ᠪᠤᠰᠤᠳ ᠬᠡᠳᠦᠨ ᠶᠡᠭᠡ ᠤᠳᠤᠷᠢᠳᠬᠤ ᠪᠠᠭ᠂ ᠡᠯ᠎ᠠ ᠵᠦᠪᠯᠡᠯ ᠠᠯᠪᠠᠨ ᠭᠡᠷ | ᠲᠤᠪᠴᠢᠶ᠎ᠠ᠂ ᠰᠤᠮᠤ ᠰᠢᠶᠠᠩ ᠪᠠᠯᠭᠠᠰᠤ ᠶᠢᠨ ᠪᠢᠴᠢᠭ ᠮᠠᠲ᠋ᠧᠷᠢᠶᠠᠯ ᠢ ᠪᠠᠷᠤᠭ 15 ᠲᠦᠮᠡᠨ ᠦᠰᠦᠭ | ᠤᠷᠴᠢᠭᠤᠯᠤᠭᠰᠠᠨ ᠪᠠᠶᠢᠨ᠎ᠠ᠃ 68 ᠬᠤᠪᠢ ᠵᠠᠬᠢᠳᠠᠯ ᠰᠤᠷᠪᠤᠯᠵᠢᠯᠠᠭ᠎ᠠ᠂ ᠵᠠᠰᠠᠭ ᠵᠠᠬᠢᠷᠭᠠᠨ ᠤ ᠲᠠᠬᠢᠨ ᠵᠦᠪᠯᠡᠬᠦ | ᠮᠠᠲ᠋ᠧᠷᠢᠶᠠᠯ᠂ 53 ᠬᠤᠪᠢ ᠵᠦᠪᠯᠡᠯᠭᠡ᠂ 40 ᠠᠯᠪᠠᠨ ᠲᠠᠮᠠᠭ᠎ᠠ᠂ 300 ᠭᠠᠷᠤᠢ ᠬᠤᠷᠠᠯ ᠤᠨ ᠡᠯᠬᠦᠭᠡᠰᠤ᠂ 100 | ᠭᠠᠷᠤᠢ ᠬᠤᠪᠢ ᠮᠠᠲ᠋ᠧᠷᠢᠶᠠᠯ ᠤᠨ ᠭᠠᠷᠴᠠᠭ᠂ 1000 ᠬᠤᠪᠢ ᠫᠠᠶᠢᠰᠠ ᠢᠯᠡᠷᠬᠡᠶᠢᠯᠡᠯ ᠪᠠ ᠤᠬᠠᠭᠤᠯᠭ᠎ᠠ ᠶᠢᠨ | ᠪᠤᠯᠤᠩ᠂ ᠵᠠᠮ ᠤᠨ ᠲᠡᠮᠳᠡᠭ ᠵᠡᠷᠭᠡ ᠶᠢ 10 ᠲᠦᠮᠨ ᠤᠷᠴᠢᠮ ᠤᠷᠴᠢᠭᠤᠯᠤᠭᠰᠠᠨ ᠪᠠᠶᠢᠨ᠎ᠠ᠃ 9 ᠲᠦᠮᠨ ᠭᠠᠷᠤᠢ | ᠦᠰᠦᠭ ᠲᠠᠢ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ︽ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠤᠯᠪᠠᠰᠤᠷᠠᠯ ᠤᠨ ᠭᠠᠷ ᠲᠡᠪᠳᠡᠷ︾ ᠢ ᠤᠷᠴᠢᠭᠤᠯᠤᠨ ᠨᠠᠶᠢᠷᠠᠭᠤᠯᠬᠤ | ᠠᠵᠢᠯ ᠢ ᠬᠦᠢᠴᠡᠳᠭᠡᠪᠡ᠃ ᠡᠬᠦᠨ ᠠᠴᠠ ᠭᠠᠳᠠᠨ᠎ᠠ᠂ ᠮᠤᠩᠭᠤᠯ ᠬᠡᠪᠯᠡᠯ ᠤᠨ ︽ᠬᠡᠰᠢᠭᠳᠡᠨ ᠬᠤᠰᠢᠭᠤᠨ ᠤ ᠵᠠᠰᠠᠭ | ᠤᠨ ᠤᠷᠳᠤᠨ ᠤ ᠠᠵᠢᠯ ᠤᠨ ᠢᠯᠡᠳᠭᠡᠯ ᠤᠨ ᠡᠮᠬᠢᠳᠭᠡᠯ︾ ︵2000 ᠤᠨ — 2013 ᠤᠨ︶ ᠢ | ᠨᠠᠶᠢᠷᠠᠭᠤᠯᠤᠨ ᠬᠡᠪᠯᠡᠬᠦᠯᠦᠭᠰᠡᠨ ᠪᠦᠭᠡᠳ 2013 ᠤᠨ ᠤ 4 ᠰᠠᠷ᠎ᠠ ᠠᠴᠠ 6 ᠰᠠᠷ᠎ᠠ ᠶᠢᠨ ᠬᠤᠭᠤᠷᠤᠨᠳᠤ᠂ | ᠲᠤᠮᠳᠠᠳᠤ ᠤᠯᠤᠰ ᠬᠡᠰᠢᠭᠳᠡᠨ ᠲᠡᠯᠡᠭᠡᠢ ᠶᠢᠨ ᠭᠠᠵᠠᠷ ᠰᠢᠨᠵᠢᠯᠡᠭᠡᠨ ᠤ ᠴᠡᠴᠡᠷᠯᠢᠭ ᠤᠨ ᠲᠠᠬᠢᠨ ᠦᠨᠡᠯᠡᠯᠳᠠ ᠶᠢ | ᠤᠭᠳᠤᠬᠤ ᠠᠵᠢᠯ ᠳᠤ ᠢᠳᠡᠪᠬᠢᠳᠠᠢ ᠤᠷᠤᠯᠴᠠᠨ᠂ ᠲᠡᠯᠡᠭᠡᠢ ᠶᠢᠨ ᠭᠠᠵᠠᠷ ᠰᠢᠨᠵᠢᠯᠡᠭᠡᠨ ᠤ ᠴᠡᠴᠡᠷᠯᠢᠭ ᠤᠨ ᠰᠢᠨᠵᠢᠯᠡᠬᠦ | ᠤᠬᠠᠭᠠᠨ ᠤ ᠲᠦᠭᠡᠮᠡᠯᠵᠢᠬᠦᠯᠦᠯᠳᠠ ᠶᠢᠨ ᠴᠤᠪᠤᠷᠠᠯ ᠪᠢᠴᠢᠭ — ︽ᠲᠤᠮᠳᠠᠳᠤ ᠤᠯᠤᠰ ᠬᠡᠰᠢᠭᠳᠡᠨ ᠲᠡᠯᠡᠭᠡᠢ ᠶᠢᠨ | ᠭᠠᠵᠠᠷ ᠰᠢᠨᠵᠢᠯᠡᠭᠡᠨ ᠤ ᠴᠡᠴᠡᠷᠯᠢᠭ ᠤᠨ ᠡᠯᠧᠺᠲᠷᠤᠨ ᠵᠠᠮᠴᠢᠯᠠᠭᠴᠢ ᠶᠢᠨ ᠭᠠᠷ ᠠᠪᠤᠯᠭ᠎ᠠ︾ ᠪᠠ ︽ᠭᠠᠵᠠᠷ | ᠰᠢᠨᠵᠢᠯᠡᠭᠡᠨ ᠤ ᠴᠡᠴᠡᠷᠯᠢᠭ ᠲᠠᠢ ᠲᠠᠨᠢᠯᠴᠠᠶ᠎ᠠ︾ ᠬᠡᠬᠦ ᠬᠤᠶᠠᠷ ᠨᠤᠮ ᠢ ᠤᠷᠴᠢᠭᠤᠯᠵᠤ᠂ ᠤᠯᠠᠨ ᠤᠯᠤᠰ ᠤᠨ | ᠬᠤᠯᠪᠤᠭᠠᠳᠤ ᠪᠠᠶᠢᠭᠤᠯᠤᠯᠭ᠎ᠠ ᠶᠢᠨ ᠰᠤᠷᠭᠠᠨ ᠬᠦᠮᠦᠵᠢᠯ ᠰᠢᠨᠵᠢᠯᠡᠬᠦ ᠤᠬᠠᠭᠠᠨ ᠰᠤᠶᠤᠯ ᠤᠨ ᠵᠤᠬᠢᠶᠠᠨ ᠪᠠᠶᠢᠭᠤᠯᠤᠯᠳᠠ | ᠠᠴᠠ ᠬᠡᠰᠢᠭᠳᠡᠨ ᠲᠡᠯᠡᠭᠡᠢ ᠶᠢᠨ ᠭᠠᠵᠠᠷ ᠰᠢᠨᠵᠢᠯᠡᠭᠡᠨ ᠤ ᠴᠡᠴᠡᠷᠯᠢᠭ ᠢ ᠬᠢᠨᠠᠨ ᠦᠨᠡᠯᠡᠬᠦ ᠳᠤ ᠴᠢᠬᠤᠯᠨ ᠦᠰᠦᠭ | ᠪᠢᠴᠢᠭ ᠤᠨ ᠮᠠᠲ᠋ᠧᠷᠢᠶᠠᠯ ᠤᠨ ᠪᠠᠳᠤᠯᠠᠭ᠎ᠠ ᠬᠠᠩᠭᠠᠭᠰᠠᠨ ᠪᠠᠶᠢᠨ᠎ᠠ᠃ | 2013 ᠤᠨ ᠤ 7 ᠰᠠᠷ᠎ᠠ ᠶᠢᠨ 27 — 29 ᠤ ᠡᠳᠤᠷ ᠪᠤᠯᠲᠠᠯ᠎ᠠ᠂ ᠬᠡᠰᠢᠭᠲᠡᠨ ᠬᠤᠰᠢᠭᠤᠨ ᠤ | ᠤᠯᠠᠭᠠᠨᠪᠤᠲᠤᠩ ᠠᠮᠢ ᠠᠬᠤᠢ ᠶᠢᠨ ᠰᠤᠶᠤᠯ ᠵᠤᠭᠠᠴᠠᠯ ᠤᠨ ᠲᠤᠭᠤᠷᠢᠭ ᠲᠤ ᠶᠠᠪᠤᠭᠳᠠᠭᠰᠠᠨ ᠤᠯᠠᠭᠠᠨᠬᠠᠳᠠ ᠬᠤᠲᠠ | ᠶᠢᠨ ᠠᠷᠠᠳ ᠤᠨ ᠵᠠᠰᠠᠭ ᠤᠨ ᠤᠷᠳᠤᠨ᠂ ᠳᠤᠮᠳᠠᠳᠤ ᠤᠯᠤᠰ ᠤᠨ ᠠᠭᠠᠷ ᠠᠶᠠᠯᠠᠯ ᠤᠨ ᠬᠡᠷᠡᠭᠰᠡᠯ ᠢ ᠡᠵᠡᠮᠰᠢᠭᠴᠢ | ᠵᠢᠴᠢ ᠨᠢᠰᠦᠭᠴᠢ ᠶᠢᠨ ᠨᠡᠶᠢᠭᠡᠮᠯᠢᠭ ᠠᠴᠠ ᠭᠤᠤᠯᠯᠠᠨ ᠡᠷᠬᠢᠯᠡᠵᠤ᠂ ᠤᠯᠠᠭᠠᠨᠬᠠᠳᠠ ᠬᠤᠲᠠ ᠶᠢᠨ ᠬᠡᠰᠢᠭᠲᠡᠨ | ᠬᠤᠰᠢᠭᠤᠨ ᠤ ᠠᠷᠠᠳ ᠤᠨ ᠵᠠᠰᠠᠭ ᠤᠨ ᠤᠷᠳᠤᠨ᠂ ᠤᠯᠠᠭᠠᠨᠬᠠᠳᠠ ᠶᠢᠨ ᠤᠯᠠᠭᠠᠨᠪᠤᠲᠤᠩ ᠰᠤᠶᠤᠯ ᠵᠤᠭᠠᠴᠠᠯ ᠤᠨ | ᠲᠤᠭᠤᠷᠢᠭ ᠤᠨ ᠬᠠᠮᠢᠶᠠᠷᠤᠯᠲᠠ ᠶᠢᠨ ᠬᠢᠵᠠᠭᠠᠷᠲᠤ ᠺᠤᠮᠫᠠᠨᠢ ᠠᠴᠠ ᠡᠷᠬᠢᠯᠡᠨ ᠶᠠᠪᠤᠭᠳᠠᠭᠤᠯᠤᠭᠰᠠᠨ 2013AOPA | ᠲᠡᠯᠡᠭᠡᠢ ᠶᠢᠨ ᠨᠢᠰᠦᠭᠴᠢ ᠶᠢᠨ ᠴᠤᠭᠯᠠᠭᠠᠨ ᠢ ᠮᠠᠨ ᠤ ᠰᠦᠯᠵᠢᠶ᠎ᠠ ᠨᠢ ᠴᠤᠭᠯᠠᠭᠠᠨ ᠤ ᠪᠡᠯᠡᠳᠭᠡᠯ ᠠᠵᠢᠯ ᠢ ᠡᠬᠢᠯᠡᠨ | ᠬᠢᠭᠰᠡᠨ ᠮᠦᠴᠨ ᠠᠴᠠ ᠴᠤᠭᠯᠠᠭᠠᠨ ᠠᠮᠵᠢᠯᠳᠠ ᠲᠠᠢ ᠦᠨᠳᠦᠷᠯᠡᠬᠦ ᠬᠦᠷᠳᠡᠯᠡᠭᠡᠢ ᠪᠦᠬᠦ ᠶᠠᠪᠤᠴᠨ ᠶᠢ ᠪᠤᠳᠤᠭᠳᠤ | ᠵᠢᠷᠤᠭ ᠰᠡᠬᠦᠳᠡᠷ ᠬᠠᠪᠰᠤᠷᠭᠠᠨ ᠨᠠᠷᠢᠯᠢᠭ ᠮᠡᠳᠡᠭᠡᠯᠡᠵᠤ᠂ ᠬᠤᠰᠢᠭᠤᠨ ᠤ ᠵᠢᠭᠤᠯᠴᠢᠯᠠᠯ ᠤᠨ ᠦᠢᠯᠡᠰ ᠤᠨ ᠭᠠᠳᠠᠭᠠᠳᠤ | ᠤᠬᠠᠭᠤᠯᠭ᠎ᠠ ᠶᠢᠨ ᠠᠵᠢᠯ ᠳᠤ ᠴᠢᠬᠤᠯᠨ ᠦᠢᠯᠡᠳᠦᠯ ᠦᠵᠡᠬᠦᠯᠵᠠᠢ᠃ | 2014 ᠤᠨ ᠤ 1 ᠰᠠᠷ᠎ᠠ ᠠᠴᠠ ᠨᠠᠰᠢ᠂ ᠤᠯᠤᠰ ᠲᠠᠶᠠᠭᠠᠷ ᠬᠤᠶᠠᠳᠤᠭᠠᠷ ᠪᠦᠯᠦᠭ ᠤᠨ ᠨᠠᠮ ᠤᠨ ᠤᠯᠠᠨ | ᠲᠦᠮᠡᠨᠴᠢ ᠱᠤᠭᠤᠮ ᠤᠨ ᠬᠦᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠦᠷᠨᠢᠬᠦᠯᠵᠤ ᠪᠠᠶᠢᠭ᠎ᠠ ᠪᠤᠳᠠᠳᠤ ᠪᠠᠶᠢᠳᠠᠯ | ᠲᠠᠢ ᠤᠶᠠᠯᠳᠤᠭᠤᠯᠤᠨ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠳᠤ ᠢᠳᠡᠪᠬᠢᠳᠠᠢ ᠬᠠᠮᠵᠢᠯᠴᠠᠨ | ︽ᠨᠠᠮ ᠤᠨ ᠤᠯᠠᠨ ᠲᠦᠮᠡᠨᠴᠢ ᠱᠤᠭᠤᠮ ᠤᠨ ᠬᠦᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠰᠤᠷᠤᠯᠴᠠᠬᠤ | ᠮᠠᠲ᠋ᠧᠷᠢᠶᠠᠯ︾᠂ ︽ᠬᠤᠰᠢᠭᠤᠨ ᠤ ᠨᠠᠮ ᠤᠨ ᠤᠯᠠᠨ ᠲᠦᠮᠡᠨᠴᠢ ᠱᠤᠭᠤᠮ ᠤᠨ ᠬᠦᠮᠦᠵᠢᠯ ᠦᠢᠯᠡᠳᠦᠯᠭᠡ ᠶᠢᠨ | ᠠᠵᠢᠯᠯᠠᠭᠠᠨ ᠤ ᠲᠠᠶᠢᠴᠢᠯᠠᠨ ᠪᠠᠶᠢᠷᠢᠯᠠᠭᠤᠯᠬᠤ ᠬᠤᠷᠠᠯ ᠲᠡᠭᠡᠷᠡᠬᠢ ᠶᠠᠷᠢᠶ᠎ᠠ︾᠂ ︽〈ᠨᠠᠮ ᠤᠨ ᠤᠯᠠᠨ ᠲᠦᠮᠡᠨᠴᠢ | ᠱᠤᠭᠤᠮ ᠤᠨ ᠬᠦᠮᠦᠵᠢᠯ ᠦᠢᠯᠡᠳᠦᠯᠬᠡ ᠶᠢᠨ ᠠᠵᠢᠯᠯᠠᠭᠠᠨ ᠢ ᠬᠦᠨᠵᠡᠬᠡᠢ ᠦᠷᠨᠢᠬᠦᠯᠬᠦ ᠲᠤᠬᠠᠢ ᠬᠡᠷᠡᠭᠵᠢᠬᠦᠯᠬᠦ ᠲᠦᠰᠦᠯ〉 | ᠢ ᠲᠠᠷᠤᠮᠠᠯᠯᠠᠨ ᠲᠠᠷᠬᠠᠭᠠᠬᠤ ᠲᠤᠬᠠᠢ ᠲᠤᠮᠳᠠᠳᠤ ᠤᠯᠤᠰ ᠤᠨ ᠡᠪ ᠬᠠᠮᠳᠤ ᠨᠠᠮ ᠤᠨ ᠬᠡᠰᠢᠭᠳᠡᠨ ᠬᠤᠰᠢᠭᠤᠨ ᠤ | ᠬᠤᠷᠢᠶ᠎ᠠ ᠶᠢᠨ ᠮᠡᠳᠡᠭᠳᠡᠯ︾᠂ ︽ᠨᠠᠮ ᠤᠨ ᠤᠯᠠᠨ ᠲᠦᠮᠡᠨᠴᠢ ᠱᠤᠭᠤᠮ ᠤᠨ ᠬᠦᠮᠦᠵᠢᠯ ᠦᠢᠯᠡᠳᠦᠯᠭᠡ ᠶᠢᠨ | ᠠᠵᠢᠯᠯᠠᠭᠠᠨ ᠤ ᠰᠤᠷᠤᠯᠴᠠᠯᠭ᠎ᠠ ᠬᠦᠮᠦᠵᠢᠯ᠂ ᠰᠠᠨᠠᠯ ᠰᠤᠨᠤᠰᠬᠤ ᠭᠤᠭᠴᠤᠭ᠎ᠠ ᠶᠢᠨ ᠠᠵᠢᠯ ᠢ ᠰᠠᠶᠢᠳᠤᠷ ᠬᠢᠬᠦ ᠲᠤᠬᠠᠢ | ᠮᠡᠳᠡᠭᠳᠡᠯ︾᠂ ︽ᠬᠡᠰᠢᠭᠳᠡᠨ ᠬᠤᠰᠢᠭᠤᠨ ᠤ ᠨᠠᠮ ᠤᠨ ᠤᠯᠠᠨ ᠲᠦᠮᠡᠨᠴᠢ ᠱᠤᠭᠤᠮ ᠤᠨ ᠬᠦᠮᠦᠵᠢᠯ ᠦᠢᠯᠡᠳᠦᠯᠭᠡ | ᠶᠢᠨ ᠠᠵᠢᠯᠯᠠᠭᠠᠨ ᠤ ᠤᠬᠠᠭᠤᠯᠭ᠎ᠠ ᠶᠢᠨ ᠬᠠᠭᠤᠳᠠᠰᠤ︾ ᠵᠡᠷᠭᠡ ᠶᠢ ᠮᠠᠲ᠋ᠧᠷᠢᠶᠠᠯ ᠢ ᠤᠷᠴᠢᠭᠤᠯᠤᠨ᠂ ᠨᠠᠮ ᠵᠠᠰᠠᠭ | ᠤᠨ ᠪᠠᠶᠢᠭᠤᠯᠤᠯᠭ᠎ᠠ ᠶᠢᠨ ᠠᠯᠪᠠᠨ ᠪᠢᠴᠢᠭ᠂ ᠰᠤᠷᠤᠯᠴᠠᠬᠤ ᠮᠠᠲ᠋ᠧᠷᠢᠶᠠᠯ ᠤᠨ ᠮᠤᠩᠭᠤᠯ ᠬᠢᠳᠠᠳ ᠬᠡᠯᠨ ᠪᠠᠷ ᠵᠡᠷᠭᠡᠪᠡᠷ | ᠬᠡᠷᠡᠭᠯᠡᠭᠳᠡᠬᠦ ᠶᠢ ᠪᠡᠶᠡᠯᠡᠬᠦᠯᠵᠤ᠂ ᠨᠠᠮ ᠵᠠᠰᠠᠭ ᠤᠨ ᠵᠠᠷᠯᠢᠭ ᠤᠨ ᠰᠠᠭᠠᠳ ᠦᠭᠡᠢ ᠲᠠᠮᠵᠢᠭᠤᠯᠤᠭᠳᠠᠬᠤ ᠶᠢ ᠪᠠᠳᠤᠯᠠᠨ᠂ | ᠦᠷᠭᠡᠨ ᠤᠯᠠᠨ ᠮᠠᠯᠴᠢᠨ ᠲᠦᠮᠡᠨ ᠳᠤ ᠠᠮᠵᠢᠯᠳᠠ ᠲᠠᠢ ᠦᠢᠯᠡᠴᠢᠯᠡᠭᠰᠡᠨ ᠪᠠᠶᠢᠨ᠎ᠠ᠃ | 2. ᠰᠦᠯᠵᠢᠶᠡᠨ ᠤ ᠠᠭᠤᠯᠭ᠎ᠠ ᠶᠢᠨ ᠣᠷᠴᠢᠭᠤᠯᠭ᠎ᠠ ᠳᠤ᠄ | 2009 ᠤᠨ ᠤ 10 ᠰᠠᠷ᠎ᠠ ᠶᠢᠨ 1 ᠤ ᠡᠲᠦᠷ᠂ ᠬᠡᠰᠢᠭᠳᠡᠨ ᠬᠤᠰᠢᠭᠤᠨ ᠤ ᠣᠷᠴᠢᠭᠤᠯᠭ᠎ᠠ ᠶᠢᠨ ᠰᠠᠯᠠᠭ᠎ᠠ ᠨᠢ | ᠳᠤᠬᠠᠶᠢᠯᠠᠭᠰᠠᠨ ᠠᠵᠢᠯ ᠢᠶᠠᠨ ᠨᠡᠩ ᠰᠠᠶᠢᠲᠦᠷ ᠬᠢᠵᠦ᠂ ᠤᠷᠴᠢᠭᠤᠯᠭ᠎ᠠ ᠶᠢᠨ ᠠᠵᠢᠯ ᠤᠨ ᠪᠤᠳᠠᠲᠦ ᠤᠶᠢᠯᠡᠲᠦᠯ ᠢ | ᠬᠦᠢᠴᠡᠳ ᠪᠠᠳᠠᠷᠠᠭᠤᠯᠬᠤ ᠶᠢᠨ ᠲᠦᠯᠦᠭᠡ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠲᠦᠨ ᠪᠤᠯᠤᠨ | ᠬᠠᠮᠢᠶ᠎ᠠ ᠪᠦᠬᠦᠢ ᠤᠲᠤᠷᠢᠲᠦᠯᠭᠠ ᠶᠢᠨ ᠭᠦᠴᠦᠲᠠᠢ ᠳᠡᠮᠵᠢᠯᠭᠡ ᠲᠤᠤᠷ᠎ᠠ᠂ ᠤᠯᠠᠭᠠᠨᠬᠠᠳᠠ ᠬᠤᠳᠠ ᠶᠢᠨ ᠠᠩᠬᠠᠳᠠᠭᠴᠢ | ᠵᠠᠰᠠᠭ ᠤᠨ ᠤᠷᠲᠦᠨ ᠤ ᠮᠤᠩᠭᠤᠯ ᠬᠡᠯᠡᠨ ᠤ ᠰᠦᠯᠵᠢᠶ᠎ᠡ —— ᠬᠡᠰᠢᠭᠲᠡᠨ ᠬᠤᠰᠢᠭᠤᠨ ᠤ ᠠᠷᠠᠳ ᠤᠨ ᠵᠠᠰᠠᠭ | ᠤᠨ ᠤᠷᠲᠦᠨ ᠤ ᠮᠤᠩᠭᠤᠯ ᠬᠡᠯᠡᠨ ᠤ ᠰᠦᠯᠵᠢᠶ᠎ᠡ ᠶᠢ ᠪᠠᠶᠢᠭᠤᠯᠤᠭᠰᠠᠨ ᠪᠠᠶᠢᠨ᠎ᠠ᠃ ᠳᠤᠰ ᠰᠦᠯᠵᠢᠶ᠎ᠡ ᠨᠢ ᠬᠤᠰᠢᠭᠤᠨ | ᠤ ᠭᠤᠷᠪᠠᠨ ᠮᠠᠯᠵᠢᠬᠤ ᠰᠣᠮᠣ᠂ ᠲᠤᠯᠤᠭᠠᠨ ᠮᠣᠩᠭᠤᠯ ᠰᠣᠷᠭᠠᠭᠤᠯᠢ ᠳᠤ ᠲᠣᠰᠬᠠᠢ ᠰᠦᠯᠵᠢᠶ᠎ᠡ ᠪᠠᠶᠢᠭᠤᠯᠣᠨ ᠦᠭᠴᠦ | ᠂ ᠬᠡᠰᠢᠭᠳᠡᠨ ᠮᠣᠩᠭᠤᠯ ᠰᠦᠯᠵᠢᠶᠡᠨ ᠤ ᠲᠠᠭᠠᠯᠳᠠ ᠰᠦᠯᠵᠢᠶ᠎ᠡ ᠪᠣᠯᠭᠠᠨ ᠨᠢᠬᠡᠳᠦᠯᠳᠡᠢ ᠬᠠᠮᠢᠶᠠᠷᠣᠭᠰᠠᠨ ᠪᠠᠶᠢᠨ᠎ᠠ᠃ | ᠰᠦᠯᠵᠢᠶ᠎ᠡ ᠪᠠᠷ ᠲᠠᠮᠵᠢᠭᠤᠯᠣᠨ ᠪᠦᠭᠦ ᠤᠷᠤᠨ᠂ ᠪᠦᠭᠦ ᠤᠯᠤᠰ ᠴᠢᠨᠠᠭᠰᠢᠯᠠᠨ ᠪᠦᠭᠦ ᠳᠡᠯᠡᠭᠡᠢ ᠶᠢᠨ ᠭᠦᠮᠦᠰ ᠲᠤ᠂ ︽ | ᠬᠡᠰᠢᠭᠳᠡᠨ ᠲᠡᠯᠡᠬᠡᠢ ᠶᠢᠨ ᠭᠠᠵᠠᠷ ᠰᠢᠨᠵᠢᠯᠡᠬᠡᠨ ᠤ ᠴᠡᠴᠡᠷᠯᠢᠭ︾ ᠤᠨ ᠭᠠᠶᠢᠬᠠᠮᠰᠢᠭᠳᠣ ᠦᠵᠡᠮᠵᠢ ᠶᠢ ᠲᠠᠨᠢᠭᠤᠯᠣᠭᠰᠠᠨ | ᠪᠠᠶᠢᠨ᠎ᠠ᠃ | ᠰᠦᠯᠵᠢᠶ᠎ᠡ ᠡᠬᠢᠯᠡᠭᠰᠡᠨ ᠲᠡᠷᠡ ᠡᠳᠦᠷ ᠠᠴᠠ ᠰᠦᠯᠵᠢᠶᠡᠨ ᠠᠭᠤᠯᠭ᠎ᠠ ᠶᠢᠨ ᠣᠷᠴᠢᠭᠤᠯᠭ᠎ᠠ ᠶᠢᠨ ᠠᠵᠢᠯ ᠢ | ᠴᠢᠩᠭᠠᠳᠬᠠᠨ᠂ ︽ᠬᠡᠰᠢᠭᠳᠡᠨ ᠬᠤᠰᠢᠭᠤᠨ ᠤ ᠮᠠᠯᠵᠢᠬᠤ ᠤᠷᠤᠨ ᠤ ᠬᠠᠳᠤᠯᠠᠩ ᠪᠠᠯᠴᠢᠬᠡᠷ ᠤᠨ ︽ᠬᠤᠶᠠᠷ ᠡᠷᠭᠡ | ᠨᠢᠭᠡ ᠳᠥᠷᠢᠮ︾ ᠢ ᠤᠯᠠᠮ ᠨᠢᠭᠡ ᠠᠯᠬᠤᠮ ᠳᠡᠬᠦᠯᠳᠡᠷᠵᠢᠬᠦᠯᠬᠦ ᠠᠵᠢᠯ ᠤᠨ ᠬᠡᠷᠡᠭᠵᠢᠬᠦᠯᠬᠦ ᠳᠥᠰᠥᠯ ᠢ ᠳᠠᠷᠤᠮᠠᠯᠯᠠᠨ | ᠳᠠᠷᠬᠠᠭᠠᠬᠤ ᠳᠤᠬᠠᠢ ᠭᠡᠰᠢᠭᠳᠡᠨ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ ᠤᠨ ᠮᠡᠳᠡᠭᠳᠡᠯ︾᠂ ︽ | ᠤᠯᠠᠭᠠᠨᠬᠠᠳᠠ ᠬᠤᠳᠠ ᠶᠢᠨ ᠬᠤᠶᠠᠷ ᠪᠤᠯᠪᠠᠰᠤᠨ ᠤ ᠪᠦᠳᠦᠭᠡᠨ ᠪᠠᠶᠢᠭᠤᠯᠤᠯᠳᠠ ᠶᠢᠨ ᠲᠤᠷᠰᠢᠯᠭ᠎ᠠ ᠰᠤᠯᠢᠯᠴᠠᠬᠤ | ᠬᠤᠷᠠᠯ ᠬᠡᠰᠢᠭᠳᠡᠨ ᠬᠤᠰᠢᠭᠤᠨ ᠳᠤ ᠶᠠᠪᠤᠭᠳᠠᠪᠠ︾᠂ ︽ᠤᠯᠠᠭᠠᠨᠬᠠᠳᠠ ᠬᠤᠳᠠ ᠪᠦᠬᠦ ᠤᠯᠤᠰ ᠤᠨ ᠰᠤᠨᠢᠨ | ᠮᠡᠳᠡᠭᠡᠨ ᠤ ᠠᠵᠢᠯ ᠤᠨ ᠠᠵᠢᠯ ᠡᠷᠬᠢᠯᠡᠬᠦ ᠬᠢᠷᠢ ᠬᠡᠮ ᠤᠨ ᠪᠠᠷᠢᠮᠵᠢᠶ᠎ᠡ ᠲᠤᠭᠳᠠᠭᠠᠬᠤ ᠲᠤᠷᠰᠢᠯᠳᠠ ᠶᠢᠨ ᠴᠢᠭ᠋ ᠪᠤᠯᠪᠠ ︾ | ᠂ ︽ᠦᠪᠦᠷ ᠮᠤᠩᠭᠤᠯ ᠤᠨ ᠠᠯᠠᠰᠢᠨ ᠬᠤᠨᠢᠨ ᠤ ᠠᠵᠦ ᠤᠶᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ | ᠪᠠᠶᠢᠯᠲᠦᠬᠤ ᠪᠤᠲᠦᠯᠭᠠ ᠶᠢᠨ ᠬᠤᠯᠪᠦᠭᠠᠯᠠᠯ ᠤᠨ ᠡᠬᠢᠯᠡᠯᠲᠡ ᠶᠢᠨ ᠶᠤᠰᠦᠯᠠᠯ ᠦᠪᠡᠳᠡᠭᠰᠢ ᠶᠡᠭᠡ ᠪᠠᠷ ᠶᠠᠪᠤᠭᠳᠠᠭᠰᠠᠨ | ᠪᠠᠶᠢᠨ᠎ᠠ︾᠂ ︽ᠪᠦᠬᠦ ᠤᠯᠤᠰ ᠤᠨ ᠠᠷᠪᠠᠨ ᠲᠥᠷᠪᠡᠨ ᠮᠤᠵᠢ ᠤᠷᠤᠨ ᠤ ᠭᠤᠤᠯᠳᠠᠯᠭᠠᠲᠦ ᠠᠮᠢ ᠠᠬᠤᠢ ᠶᠢᠨ | ᠴᠢᠳᠠᠪᠬᠢᠲᠦ ᠤᠷᠤᠨ ᠤ ᠪᠡᠯᠡ ᠮᠥᠩᠭᠦ ᠰᠢᠯᠵᠢᠭᠦᠯᠦᠨ ᠪᠠᠭᠤᠯᠭᠠᠬᠤ ᠶᠢ ᠰᠤᠲᠦᠯᠦᠨ ᠶᠠᠷᠢᠯᠴᠠᠬᠤ ᠬᠤᠷᠠᠯ ᠢ ᠮᠠᠨ ᠤ | ᠬᠤᠰᠢᠭᠤᠨ ᠳᠤ ᠡᠷᠬᠢᠯᠡᠭᠰᠡᠨ ᠪᠠᠶᠢᠨ᠎ᠠ︾᠂ ︽ᠳᠦᠪ ᠪᠠᠩᠬᠢ ᠠᠴᠠ ᠨᠢᠬᠡ ᠵᠢᠯ ᠤᠨ ᠬᠤᠭᠤᠴᠠᠭ᠎ᠠ ᠲᠠᠢ | ᠬᠠᠳᠠᠭᠠᠯᠠᠮᠵᠢ ᠶᠢᠨ ᠪᠠᠷᠢᠮᠵᠢᠶᠠᠳᠤ ᠬᠦᠤ ᠨᠣᠷᠮ᠎ᠠ ᠶᠢ 0.25 ᠵᠠᠭᠤᠠ ᠤ ᠬᠤᠪᠢ ᠦᠰᠬᠡᠨ᠎ᠠ ᠬᠡᠵᠣ ᠲᠤᠭᠳᠠᠭᠠᠪᠠ︾ | ᠂ ︽ᠬᠡᠰᠢᠭᠳᠡᠨ ᠬᠤᠰᠢᠭᠤᠨ ᠤ ᠴᠠᠭᠠᠨ ᠵᠣᠳ ᠤᠨ ᠪᠠᠶᠢᠳᠠᠯ︾᠂ ︽ᠮᠠᠯᠴᠢᠣᠠ ᠤᠨ ᠭᠤᠮᠣᠳᠠᠯ ᠠᠭᠤᠷᠰᠠᠯ ᠪᠢᠳᠠᠠ | ᠳᠤ ᠶᠠᠭᠤ ᠬᠡᠯᠠᠵᠤ ᠪᠠᠶᠢᠭ᠎ᠠ ᠪᠤᠢ︖︾ ᠵᠡᠷᠭᠡ ᠬᠤᠰᠢᠭᠤᠨ ᠤ ᠴᠢᠬᠤᠯᠨ ᠴᠠᠭ ᠤᠨ ᠪᠠᠶᠢᠳᠠᠯ᠂ ᠨᠡᠶᠢᠭᠡᠮ ᠤᠨ | ᠪᠠᠶᠢᠳᠠᠯ ᠳᠤ ᠬᠤᠯᠪᠤᠭᠳᠠᠭᠰᠠᠨ ᠮᠡᠳᠡᠭᠳᠡᠯ ᠵᠠᠷᠯᠠᠯ᠂ ᠰᠤᠨᠢᠨ ᠮᠡᠳᠡᠭᠡ᠂ ᠰᠢᠬᠦᠮᠵᠢ ᠶᠢ ᠴᠠᠭ ᠲᠤᠬᠠᠢ ᠳᠤᠨᠢ ᠨᠡᠶᠢᠳᠡᠯᠡᠬᠦ | ᠠᠴᠠ ᠭᠠᠳᠠᠨ᠎ᠠ ᠬᠢᠳᠡᠳ ᠬᠡᠯᠡᠨ ᠤ ᠡᠷᠭᠡ ᠰᠦᠷᠳᠤ ᠰᠣᠨᠢᠨ ᠰᠦᠯᠵᠢᠶᠡᠨ ᠳᠤ ᠨᠡᠶᠢᠳᠡᠯᠡᠭᠳᠡᠭᠰᠡᠨ ᠤᠷᠤᠨ ᠬᠤᠳᠠ ᠶᠢᠨ | ᠴᠢᠬᠤᠯᠨ ᠮᠡᠳᠡᠭᠡ ᠵᠠᠩᠬᠢ᠂ ᠬᠠᠮᠢᠶ᠎ᠠ ᠪᠦᠬᠦᠢ ᠮᠠᠲ᠋ᠧᠷᠢᠶᠠᠯ ᠢ ᠵᠦᠪ ᠣᠨᠣᠪᠴᠢᠳᠠᠢ ᠣᠷᠴᠢᠭᠤᠯᠣᠨ ᠨᠡᠶᠢᠳᠡᠯᠠᠵᠣ | ᠮᠣᠩᠭᠤᠯ ᠣᠩᠰᠢᠭᠴᠢ ᠦᠵᠡᠭᠴᠢᠳ ᠤᠨ ᠬᠦᠰᠡᠯ ᠱᠠᠭᠠᠷᠳᠠᠯᠭ᠎ᠠ ᠳᠤ ᠨᠡᠶᠢᠴᠡᠬᠦᠯᠦᠭᠰᠡᠨ ᠪᠠᠶᠢᠨ᠎ᠠ᠃ ᠡᠶᠢᠮᠣᠷᠬᠦ | ᠰᠦᠯᠵᠢᠶᠡᠨ ᠠᠭᠤᠯᠭ᠎ᠠ ᠶᠢ ᠨᠠᠶᠢᠷᠠᠭᠤᠯᠵᠣ ᠣᠷᠴᠢᠭᠤᠯᠵᠣ ᠨᠡᠶᠢᠳᠡᠯᠡᠬᠦ ᠶᠠᠪᠣᠴᠠ ᠨᠢ ᠶᠠᠭ ᠰᠠᠶᠢᠬᠠᠨ ᠠᠵᠢᠯ ᠤᠨ | ᠪᠠᠶᠢᠷᠢ ᠳᠤ ᠪᠠᠨ ᠲᠣᠬᠠᠶᠢᠯᠠᠭᠰᠠᠨ ᠠᠵᠢᠯ ᠤᠨ ᠭᠡᠪ ᠪᠣᠯᠪᠠᠰᠣᠷᠠᠯ ᠢ ᠲᠡᠭᠡᠭᠰᠢᠯᠡᠬᠦᠯᠬᠦ᠂ ᠰᠢᠨ᠎ᠡ ᠣᠷᠴᠢᠭᠤᠯᠣᠭᠴᠢ ᠶᠢ | ᠪᠣᠯᠪᠠᠰᠣᠷᠠᠭᠤᠯᠬᠤ ᠳᠤ ᠣᠯᠳᠠᠰᠢ ᠦᠬᠡᠢ ᠰᠠᠶᠢᠬᠠᠨ ᠲᠣᠬᠢᠶᠠᠯ ᠣᠯᠭᠤᠵᠣ ᠦᠭᠬᠦᠭᠰᠡᠨ ᠪᠠᠶᠢᠨ᠎ᠠ᠃ | ᠮᠠᠨ ᠤ ᠰᠦᠯᠵᠢᠶ᠎ᠠ ᠨᠢ ᠪᠠᠰᠠ ᠦᠷᠭᠡᠨ ᠤᠯᠠᠨ ᠰᠦᠯᠵᠢᠶᠡᠴᠢᠳ ᠤᠨ ᠢᠷᠡᠬᠦᠯᠦᠭᠰᠡᠨ ᠰᠠᠨᠠᠯ ᠰᠠᠨᠠᠭᠤᠯᠭ᠎ᠠ᠂ | ᠰᠢᠬᠦᠮᠵᠢ ᠶᠢ ︽ᠰᠠᠨᠠᠯ ᠰᠢᠬᠦᠮᠵᠢ︾ ᠪᠤᠯᠤᠩ ᠳᠤ ᠪᠠᠨ ᠢᠯᠨ ᠪᠠᠷ ᠨᠡᠶᠢᠳᠡᠯᠡᠨ᠂ ᠰᠦᠯᠵᠢᠶᠡᠨ ᠤ ᠬᠠᠷᠢᠯᠴᠠᠨ | ᠦᠢᠯᠡᠳᠦᠯᠴᠡᠬᠦ ᠴᠢᠨᠠᠷ ᠢ ᠬᠦᠢᠴᠡᠳ ᠪᠠᠳᠠᠷᠠᠭᠤᠯᠤᠨ᠂ ᠰᠦᠯᠵᠢᠶ᠎ᠠ ᠶᠢ ᠤᠯᠠᠮ ᠬᠦᠷ ᠬᠦᠭᠵᠢᠶᠡᠨ ᠲᠠᠢ ᠪᠤᠯᠭᠠᠬᠤ ᠶᠢᠨ | ᠬᠠᠮᠳᠤ ᠤᠯᠠᠨ ᠲᠦᠮᠡᠨ ᠤ ᠲᠤᠰᠬᠠᠯ ᠲᠤᠪᠤᠶᠢᠮ᠎ᠠ ᠪᠠᠶᠢᠭ᠎ᠠ ᠵᠠᠷᠢᠮ ᠠᠰᠠᠭᠤᠳᠠᠯ ᠢ ᠲᠤᠰᠬᠠᠶᠢᠯᠠᠨ ᠰᠤᠷᠪᠤᠯᠵᠢᠯᠠᠨ | ᠡᠮᠬᠢᠳᠭᠡᠵᠤ ᠵᠠᠰᠠᠭ ᠤᠨ ᠤᠷᠳᠤᠨ ᠳᠤ ᠮᠡᠳᠡᠬᠦᠯᠦᠨ ᠴᠠᠭ ᠲᠤᠬᠠᠢ ᠳᠤᠨᠢ ᠵᠤᠬᠢᠰᠳᠠᠢ ᠰᠢᠢᠳᠪᠤᠷᠢᠯᠡᠬᠦᠯᠵᠤ᠂ ᠵᠠᠰᠠᠭ | ᠤᠨ ᠤᠷᠳᠤᠨ ᠤ ᠰᠦᠯᠵᠢᠶ᠎ᠠ ᠶᠢᠨ ᠤᠯᠠᠨ ᠲᠦᠮᠡᠨ ᠳᠤ ᠦᠢᠯᠡᠴᠢᠯᠡᠬᠦ ᠦᠢᠯᠡᠳᠦᠯ ᠴᠢᠳᠠᠪᠬᠢ ᠪᠠᠨ ᠪᠠᠳᠠᠷᠠᠭᠤᠯᠵᠤ | ᠴᠢᠳᠠᠭᠰᠠᠨ ᠪᠠᠶᠢᠨ᠎ᠠ᠃ | ᠭᠤᠷᠪᠠ᠂ ︽ᠬᠡᠰᠢᠭᠳᠡᠨ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ︾ ᠶᠢᠨ ᠲᠤᠶᠢᠮᠤ | ᠪᠠᠶᠢᠳᠠᠯ | ᠤᠶᠢᠷ᠎ᠠ ᠶᠢᠨ ᠵᠢᠯ ᠳᠤ᠂ ᠠᠵᠤ ᠠᠬᠤᠢ ᠨᠡᠶᠢᠭᠡᠮ ᠤᠨ ᠬᠦᠭᠵᠢᠯᠳᠡ᠂ ᠤᠨᠴᠠᠭᠠᠶᠢᠯᠠᠨ ᠬᠡᠰᠢᠭᠳᠡᠨ | ᠬᠤᠰᠢᠭᠤᠨ ᠤ ᠵᠢᠭᠤᠯᠴᠢᠯᠠᠯ ᠤᠨ ᠦᠢᠯᠡᠰ ᠤᠨ ᠤᠯᠠᠮ ᠢᠶᠠᠷ ᠬᠦᠭᠵᠢᠬᠦ ᠶᠢ ᠲᠠᠭᠠᠯᠳᠤᠨ᠂ ᠲᠤᠤᠷ ᠰᠦᠯᠵᠢᠶ᠎ᠡ ᠨᠢ | ᠴᠤ ᠨᠡᠶᠢᠭᠡᠮ ᠤᠨ ᠬᠡᠷᠡᠭᠴᠡᠭᠡᠨ ᠲᠤᠮᠳᠠ ᠲᠤᠯᠭᠠᠮ᠎ᠠ ᠱᠠᠭᠠᠷᠳᠠᠭᠳᠠᠵᠤ᠂ ᠰᠦᠯᠵᠢᠶᠡᠨ ᠤ ᠦᠢᠯᠡᠳᠦᠯ ᠴᠢᠳᠠᠪᠬᠢ ᠤᠯᠠᠮ | ᠢᠶᠠᠷ ᠲᠡᠭᠡᠭᠰᠢᠯᠡᠵᠤ᠂ ᠵᠠᠰᠠᠭ ᠤᠨ ᠤᠷᠳᠤᠨ ᠨᠢ ᠰᠦᠯᠵᠢᠶ᠎ᠡ ᠪᠠᠷ ᠲᠠᠮᠵᠢᠨ ᠤᠯᠠᠨ ᠲᠦᠮᠡᠨ ᠯᠤᠭ᠎ᠠ ᠶᠢᠨ ᠬᠠᠷᠢᠴᠠᠭ᠎ᠠ | ᠬᠤᠯᠪᠤᠭ᠎ᠠ ᠪᠠᠨ ᠨᠢᠭᠳᠠᠷᠠᠭᠤᠯᠬᠤ᠂ ᠵᠠᠰᠠᠭ ᠤᠨ ᠤᠷᠳᠤᠨ ᠤ ᠬᠡᠪ ᠲᠦᠷᠬᠦ ᠪᠠᠨ ᠤᠬᠠᠭᠤᠯᠬᠤ ᠂ ᠭᠠᠳᠠᠭᠠᠳᠤ | ᠨᠦᠯᠦᠭᠡ ᠲᠤᠰᠬᠠᠯ ᠢᠶᠠᠨ ᠦᠷᠭᠡᠳᠬᠡᠬᠦ᠂ ᠠᠷᠠᠯᠵᠢᠶᠠᠴᠢᠨ ᠤᠷᠢᠵᠤ ᠪᠡᠯᠡ ᠲᠠᠳᠠᠬᠤ᠂ ᠤᠷᠤᠨ ᠨᠤᠳᠤᠭ ᠤᠨ ᠠᠵᠤ | ᠠᠬᠤᠢ ᠶᠢᠨ ᠬᠦᠭᠵᠢᠯᠳᠡ ᠶᠢᠨ ᠡᠯ᠎ᠡ ᠲᠠᠯ᠎ᠠ ᠶᠢᠨ ᠬᠦᠴᠦᠨ ᠢ ᠲᠠᠶᠢᠴᠢᠯᠠᠬᠤ᠂ ᠦᠨᠳᠦᠰᠦᠳᠡᠨ ᠤ ᠪᠦᠯᠬᠦᠮᠳᠡᠯ | ᠲᠠᠪᠰᠢᠯᠳᠠ ᠶᠢ ᠴᠢᠩᠭᠠᠳᠬᠠᠬᠤ᠂ ᠠᠷᠠᠳ ᠤᠯᠠᠨ ᠲᠠᠢ ᠪᠤᠳᠤᠯ ᠰᠠᠨᠠᠯ ᠢᠶᠠᠨ ᠰᠤᠯᠢᠯᠴᠠᠬᠤ᠂ ᠤᠷᠤᠨ ᠨᠤᠳᠤᠭ ᠤᠨ | ᠪᠦᠬᠦ ᠲᠠᠯ᠎ᠠ ᠶᠢᠨ ᠬᠦᠭᠵᠢᠬᠦᠯᠦᠯᠳᠡ ᠳᠤ ᠲᠤᠬᠢᠷᠠᠭᠤᠯᠤᠯᠳᠠ ᠬᠢᠬᠦ ᠳᠤ ᠰᠠᠨᠠᠯ ᠵᠦᠪᠯᠡᠯᠭᠡ ᠬᠤᠷᠢᠶᠠᠬᠤ ᠦᠷᠭᠡᠨ | ᠴᠢᠯᠦᠭᠡᠳᠠᠢ ᠤᠷᠤᠨ ᠵᠠᠢ ᠶᠢ ᠤᠯᠤᠭᠰᠠᠨ ᠪᠠᠶᠢᠨ᠎ᠠ᠃ ᠦᠨᠳᠦᠰᠦᠳᠡᠨ ᠤ ᠲᠦᠷᠦ ᠶᠢᠨ ᠪᠤᠳᠤᠯᠭ᠎ᠠ ᠶᠢ ᠲᠤᠤᠱᠳᠠᠢ | ᠨᠠᠶᠢᠳᠠᠪᠤᠷᠢᠵᠢᠭᠤᠯᠵᠤ᠂ ᠦᠨᠳᠦᠰᠦᠳᠡᠨ ᠤ ᠬᠡᠷᠡᠭ ᠶᠠᠪᠤᠳᠠᠯ ᠢ ᠴᠢᠬᠤᠯᠠᠴᠢᠯᠠᠨ ᠰᠢᠢᠳᠪᠦᠷᠢᠯᠡᠬᠦ ᠨᠢ ᠦᠨᠳᠦᠰᠦᠳᠡᠨ ᠤ | ᠤᠷᠤᠨ ᠤ ᠲᠤᠭᠳᠠᠭᠤᠨ ᠬᠦᠭᠵᠢᠯᠳᠡ ᠳᠤ ᠶᠡᠬᠡᠭᠡᠨ ᠠᠴᠢ ᠬᠤᠯᠪᠤᠭᠳᠠᠯ ᠲᠠᠢ ᠪᠠᠶᠢᠳᠠᠭ᠃ ᠡᠶᠢᠮᠤ ᠠᠴᠠ | ᠦᠨᠳᠦᠰᠦᠳᠡᠨ ᠤ ᠦᠰᠦᠭ ᠪᠢᠴᠢᠭ ᠢᠶᠠᠷ ᠨᠠᠶᠢᠷᠠᠭᠤᠯᠤᠭᠳᠠᠭᠰᠠᠨ ᠵᠠᠰᠠᠭ ᠤᠨ ᠤᠷᠳᠤᠨ ᠤ ᠰᠦᠯᠵᠢᠶ᠎ᠡ ᠶᠢ ᠨᠡᠭᠡᠭᠡᠨ | ᠠᠰᠢᠭᠯᠠᠬᠤ ᠨᠢ ᠨᠠᠮ ᠤᠨ ᠦᠨᠳᠦᠰᠦᠳᠡᠨ ᠤ ᠲᠦᠷᠦ ᠶᠢᠨ ᠪᠤᠳᠤᠯᠭ᠎ᠠ ᠶᠢ ᠤᠬᠠᠭᠤᠯᠤᠨ ᠲᠤᠤᠱᠯᠠᠭᠤᠯᠬᠤ᠂ ᠵᠠᠰᠠᠭ | ᠤᠨ ᠤᠷᠳᠤᠨ ᠤ ᠪᠠᠶᠢᠭᠤᠯᠤᠮᠵᠢ ᠬᠢᠭᠡᠳ ᠤᠯᠠᠨ ᠲᠦᠮᠡᠨ ᠯᠤᠭ᠎ᠠ ᠶᠢᠨ ᠬᠠᠷᠢᠴᠠᠭ᠎ᠠ ᠬᠤᠯᠪᠤᠭ᠎ᠠ ᠶᠢ ᠨᠢᠭᠳᠠᠷᠠᠭᠤᠯᠬᠤ᠂ | ᠦᠨᠳᠦᠰᠦᠳᠡᠨ ᠤ ᠪᠦᠯᠬᠦᠮᠳᠡᠯ ᠢ ᠴᠢᠩᠭᠠᠳᠬᠠᠬᠤ᠂ ᠡᠶ᠎ᠡ ᠨᠠᠶᠢᠷᠠᠮᠳᠠᠭᠤ ᠨᠡᠶᠢᠭᠡᠮ ᠢ ᠪᠦᠳᠦᠭᠡᠨ ᠪᠠᠶᠢᠭᠤᠯᠬᠤ ᠳᠤ | ᠴᠦᠮ ᠠᠯᠤᠰ ᠬᠡᠳᠤ ᠶᠢᠨ ᠠᠴᠢ ᠬᠤᠯᠪᠤᠭᠳᠠᠯ ᠲᠠᠢ ᠪᠠᠶᠢᠳᠠᠭ᠃ ᠡᠶᠢᠮᠤᠷᠬᠦ ᠪᠠᠶᠢᠳᠠᠯ ᠲᠤᠤᠷ᠎ᠠ ᠬᠡᠰᠢᠭᠳᠡᠨ | ᠬᠤᠰᠢᠭᠤᠨ ᠤ ᠵᠠᠰᠠᠭ ᠤᠨ ᠤᠷᠳᠤᠨ ᠤ ᠤᠷᠴᠢᠭᠤᠯᠭ᠎ᠠ ᠶᠢᠨ ᠰᠠᠯᠠᠭ᠎ᠠ ᠨᠢ ᠨᠠᠮ ᠤᠨ ᠦᠨᠳᠦᠰᠦᠳᠡᠨ ᠤ ᠲᠦᠷᠦ ᠶᠢᠨ | ᠪᠤᠳᠤᠯᠭ᠎ᠠ ᠶᠢ ᠤᠷᠢᠶᠠᠯᠠᠨ ᠲᠠᠭᠠᠵᠤ᠂ ︽ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠮᠤᠩᠭᠤᠯ ᠦᠭᠡ | ᠬᠡᠯᠡ ᠦᠰᠦᠭ ᠪᠢᠴᠢᠭ ᠤᠨ ᠠᠵᠢᠯ ᠤᠨ ᠲᠦᠷᠢᠮ ︾ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠦᠯᠦᠭᠡ᠂ | ᠤᠯᠤᠰ ᠪᠠᠶᠢᠭᠤᠯᠤᠭᠳᠠᠭᠰᠠᠨ 60 ᠵᠢᠯ ᠤᠨ ᠤᠢ ᠶᠢ ᠪᠡᠶᠠᠷᠯᠠᠨ ᠪᠡᠯᠭᠡᠯᠡᠬᠦ ᠲᠠᠰᠢᠷᠠᠮ ᠢᠶᠠᠷ 2009 ᠤᠨ ᠤ 10 | ᠰᠠᠷ᠎ᠠ ᠶᠢᠨ 1 ᠤ ᠡᠳᠦᠷ᠂ ᠬᠤᠰᠢᠭᠤ ᠨᠠᠮ ᠵᠠᠰᠠᠭ ᠤᠨ ᠬᠦᠴᠦᠳᠠᠢ ᠲᠡᠮᠵᠢᠯᠭᠡ᠂ ᠦᠪᠦᠷ ᠮᠤᠩᠭᠤᠯ ᠤᠨ ᠮᠦᠩᠭᠡ | ᠭᠠᠯ ᠺᠤᠮᠫᠠᠨᠢ ᠪᠠ ᠦᠷᠭᠡᠨ ᠤᠯᠠᠨ ᠮᠤᠩᠭᠤᠯ ᠰᠤᠶᠤᠯ ᠳᠠᠭᠠᠨ ᠬᠠᠶᠢᠷᠠᠳᠠᠢ ᠬᠦᠮᠦᠰ ᠤᠨ ᠬᠠᠯᠠᠭᠤᠨ ᠲᠡᠮᠵᠢᠯᠭᠡ ᠪᠠᠷ | ᠤᠯᠠᠭᠠᠨᠬᠠᠳᠠ ᠬᠤᠳᠠ ᠶᠢᠨ ᠠᠩᠬᠠᠳᠠᠭᠴᠢ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ — ︽ᠬᠡᠰᠢᠭᠳᠡᠨ | ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ︾ ︵www.kqmw.gov.cn︶ ᠪᠠᠨ | ᠠᠵᠢᠯᠯᠠᠭᠤᠯᠵᠤ ᠡᠬᠢᠯᠡᠭᠰᠡᠨ ᠪᠠᠶᠢᠨ᠎ᠠ᠃ | ᠲᠣᠰ ᠰᠦᠯᠵᠢᠶ᠎ᠡ ᠨᠢ ᠦᠪᠦᠷ ᠮᠣᠩᠭᠤᠯ ᠣᠷᠣᠨ ᠤ ᠬᠤᠰᠢᠭᠤ ᠱᠠᠳᠣᠨ ᠤ ᠠᠩᠬᠠᠳᠠᠭᠴᠢ ᠵᠠᠰᠠᠭ ᠤᠨ | ᠤᠷᠳᠤᠨ ᠤ ᠮᠤᠩᠭᠤᠯ ᠰᠦᠯᠵᠢᠶ᠎ᠡ᠂ ᠣᠯᠠᠭᠠᠨᠬᠳᠠ ᠬᠤᠲᠠ ᠶᠢᠨ ᠠᠩᠬᠠᠳᠠᠭᠴᠢ ᠵᠠᠰᠠᠭ ᠤᠨ ᠣᠷᠳᠣᠨ ᠤ ᠮᠣᠩᠭᠤᠯ | ᠰᠦᠯᠵᠢᠶ᠎ᠡ ᠪᠤᠯᠬᠤ ᠪᠠᠷ ᠪᠠᠷᠠᠬᠤ ᠦᠭᠡᠢ᠂ ᠣᠷᠴᠢᠭᠤᠯᠭ᠎ᠠ ᠶᠢᠨ ᠰᠠᠯᠠᠭ᠎ᠠ ᠮᠦᠴᠢᠷ ᠵᠠᠰᠠᠭ ᠤᠨ ᠣᠷᠳᠣᠨ ᠤ | ᠰᠦᠯᠵᠢᠶ᠎ᠡ ᠪᠠᠶᠢᠭᠤᠯᠣᠭᠰᠠᠨ ᠬᠠᠮᠤᠭ ᠠᠩᠬᠠᠨ ᠤ ᠰᠦᠪᠡᠭᠴᠢᠯᠡᠯ ᠪᠤᠯᠬᠤ ᠶᠤᠮ᠃ | ᠰᠦᠯᠵᠢᠶ᠎ᠡ ᠡᠬᠢᠯᠡᠭᠰᠡᠨ ᠲᠡᠷᠡ ᠡᠳᠦᠷ ᠠᠴᠠ ᠰᠦᠯᠵᠢᠶᠡᠨ ᠠᠭᠤᠯᠭ᠎ᠠ ᠶᠢᠨ ᠣᠷᠴᠢᠭᠤᠯᠭ᠎ᠠ ᠶᠢᠨ ᠠᠵᠢᠯ ᠢ | ᠴᠢᠩᠭᠠᠳᠬᠠᠨ᠂ ︽ᠬᠡᠰᠢᠭᠳᠡᠨ ᠬᠤᠰᠢᠭᠤᠨ ᠤ ᠮᠠᠯᠵᠢᠬᠤ ᠤᠷᠤᠨ ᠤ ᠬᠠᠳᠤᠯᠠᠩ ᠪᠠᠯᠴᠢᠬᠡᠷ ᠤᠨ ︽ᠬᠤᠶᠠᠷ ᠡᠷᠭᠡ | ᠨᠢᠭᠡ ᠳᠥᠷᠢᠮ︾ ᠢ ᠤᠯᠠᠮ ᠨᠢᠭᠡ ᠠᠯᠬᠤᠮ ᠳᠡᠬᠦᠯᠳᠡᠷᠵᠢᠬᠦᠯᠬᠦ ᠠᠵᠢᠯ ᠤᠨ ᠬᠡᠷᠡᠭᠵᠢᠬᠦᠯᠬᠦ ᠳᠥᠰᠥᠯ ᠢ ᠳᠠᠷᠤᠮᠠᠯᠯᠠᠨ | ᠳᠠᠷᠬᠠᠭᠠᠬᠤ ᠳᠤᠬᠠᠢ ᠭᠡᠰᠢᠭᠳᠡᠨ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ ᠤᠨ ᠮᠡᠳᠡᠭᠳᠡᠯ︾᠂ ︽ | ᠤᠯᠠᠭᠠᠨᠬᠠᠳᠠ ᠬᠤᠳᠠ ᠶᠢᠨ ᠬᠤᠶᠠᠷ ᠪᠤᠯᠪᠠᠰᠤᠨ ᠤ ᠪᠦᠳᠦᠭᠡᠨ ᠪᠠᠶᠢᠭᠤᠯᠤᠯᠳᠠ ᠶᠢᠨ ᠲᠤᠷᠰᠢᠯᠭ᠎ᠠ ᠰᠤᠯᠢᠯᠴᠠᠬᠤ | ᠬᠤᠷᠠᠯ ᠬᠡᠰᠢᠭᠳᠡᠨ ᠬᠤᠰᠢᠭᠤᠨ ᠳᠤ ᠶᠠᠪᠤᠭᠳᠠᠪᠠ︾᠂ ︽ᠤᠯᠠᠭᠠᠨᠬᠠᠳᠠ ᠬᠤᠳᠠ ᠪᠦᠬᠦ ᠤᠯᠤᠰ ᠤᠨ ᠰᠤᠨᠢᠨ | ᠮᠡᠳᠡᠭᠡᠨ ᠤ ᠠᠵᠢᠯ ᠤᠨ ᠠᠵᠢᠯ ᠡᠷᠬᠢᠯᠡᠬᠦ ᠬᠢᠷᠢ ᠬᠡᠮ ᠤᠨ ᠪᠠᠷᠢᠮᠵᠢᠶ᠎ᠡ ᠲᠤᠭᠳᠠᠭᠠᠬᠤ ᠲᠤᠷᠰᠢᠯᠳᠠ ᠶᠢᠨ ᠴᠢᠭ᠋ ᠪᠤᠯᠪᠠ ︾ | ᠂ ︽ᠦᠪᠦᠷ ᠮᠤᠩᠭᠤᠯ ᠤᠨ ᠠᠯᠠᠰᠢᠨ ᠬᠤᠨᠢᠨ ᠤ ᠠᠵᠦ ᠤᠶᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ | ᠪᠠᠶᠢᠯᠲᠦᠬᠤ ᠪᠤᠲᠦᠯᠭᠠ ᠶᠢᠨ ᠬᠤᠯᠪᠦᠭᠠᠯᠠᠯ ᠤᠨ ᠡᠬᠢᠯᠡᠯᠲᠡ ᠶᠢᠨ ᠶᠤᠰᠦᠯᠠᠯ ᠦᠪᠡᠳᠡᠭᠰᠢ ᠶᠡᠭᠡ ᠪᠠᠷ ᠶᠠᠪᠤᠭᠳᠠᠭᠰᠠᠨ | ᠪᠠᠶᠢᠨ᠎ᠠ︾᠂ ︽ᠪᠦᠬᠦ ᠤᠯᠤᠰ ᠤᠨ ᠠᠷᠪᠠᠨ ᠲᠥᠷᠪᠡᠨ ᠮᠤᠵᠢ ᠤᠷᠤᠨ ᠤ ᠭᠤᠤᠯᠳᠠᠯᠭᠠᠲᠦ ᠠᠮᠢ ᠠᠬᠤᠢ ᠶᠢᠨ | ᠴᠢᠳᠠᠪᠬᠢᠲᠦ ᠤᠷᠤᠨ ᠤ ᠪᠡᠯᠡ ᠮᠥᠩᠭᠦ ᠰᠢᠯᠵᠢᠭᠦᠯᠦᠨ ᠪᠠᠭᠤᠯᠭᠠᠬᠤ ᠶᠢ ᠰᠤᠲᠦᠯᠦᠨ ᠶᠠᠷᠢᠯᠴᠠᠬᠤ ᠬᠤᠷᠠᠯ ᠢ ᠮᠠᠨ ᠤ | ᠬᠤᠰᠢᠭᠤᠨ ᠳᠤ ᠡᠷᠬᠢᠯᠡᠭᠰᠡᠨ ᠪᠠᠶᠢᠨ᠎ᠠ︾᠂ ︽ᠳᠦᠪ ᠪᠠᠩᠬᠢ ᠠᠴᠠ ᠨᠢᠬᠡ ᠵᠢᠯ ᠤᠨ ᠬᠤᠭᠤᠴᠠᠭ᠎ᠠ ᠲᠠᠢ | ᠬᠠᠳᠠᠭᠠᠯᠠᠮᠵᠢ ᠶᠢᠨ ᠪᠠᠷᠢᠮᠵᠢᠶᠠᠳᠤ ᠬᠦᠤ ᠨᠣᠷᠮ᠎ᠠ ᠶᠢ 0.25 ᠵᠠᠭᠤᠠ ᠤ ᠬᠤᠪᠢ ᠦᠰᠬᠡᠨ᠎ᠠ ᠬᠡᠵᠣ ᠲᠤᠭᠳᠠᠭᠠᠪᠠ︾ | ᠂ ︽ᠬᠡᠰᠢᠭᠳᠡᠨ ᠬᠤᠰᠢᠭᠤᠨ ᠤ ᠴᠠᠭᠠᠨ ᠵᠣᠳ ᠤᠨ ᠪᠠᠶᠢᠳᠠᠯ︾᠂ ︽ᠮᠠᠯᠴᠢᠣᠠ ᠤᠨ ᠭᠤᠮᠣᠳᠠᠯ ᠠᠭᠤᠷᠰᠠᠯ ᠪᠢᠳᠠᠠ | ᠳᠤ ᠶᠠᠭᠤ ᠬᠡᠯᠠᠵᠤ ᠪᠠᠶᠢᠭ᠎ᠠ ᠪᠤᠢ︖︾ ᠵᠡᠷᠭᠡ ᠬᠤᠰᠢᠭᠤᠨ ᠤ ᠴᠢᠬᠤᠯᠨ ᠴᠠᠭ ᠤᠨ ᠪᠠᠶᠢᠳᠠᠯ᠂ ᠨᠡᠶᠢᠭᠡᠮ ᠤᠨ | ᠪᠠᠶᠢᠳᠠᠯ ᠳᠤ ᠬᠤᠯᠪᠤᠭᠳᠠᠭᠰᠠᠨ ᠮᠡᠳᠡᠭᠳᠡᠯ ᠵᠠᠷᠯᠠᠯ᠂ ᠰᠤᠨᠢᠨ ᠮᠡᠳᠡᠭᠡ᠂ ᠰᠢᠬᠦᠮᠵᠢ ᠶᠢ ᠴᠠᠭ ᠲᠤᠬᠠᠢ ᠳᠤᠨᠢ ᠨᠡᠶᠢᠳᠡᠯᠡᠬᠦ | ᠠᠴᠠ ᠭᠠᠳᠠᠨ᠎ᠠ ᠬᠢᠳᠡᠳ ᠬᠡᠯᠡᠨ ᠤ ᠡᠷᠭᠡ ᠰᠦᠷᠳᠤ ᠰᠣᠨᠢᠨ ᠰᠦᠯᠵᠢᠶᠡᠨ ᠳᠤ ᠨᠡᠶᠢᠳᠡᠯᠡᠭᠳᠡᠭᠰᠡᠨ ᠤᠷᠤᠨ ᠬᠤᠳᠠ ᠶᠢᠨ | ᠴᠢᠬᠤᠯᠨ ᠮᠡᠳᠡᠭᠡ ᠵᠠᠩᠬᠢ᠂ ᠬᠠᠮᠢᠶ᠎ᠠ ᠪᠦᠬᠦᠢ ᠮᠠᠲ᠋ᠧᠷᠢᠶᠠᠯ ᠢ ᠵᠦᠪ ᠣᠨᠣᠪᠴᠢᠳᠠᠢ ᠣᠷᠴᠢᠭᠤᠯᠣᠨ ᠨᠡᠶᠢᠳᠡᠯᠠᠵᠣ | ᠮᠣᠩᠭᠤᠯ ᠣᠩᠰᠢᠭᠴᠢ ᠦᠵᠡᠭᠴᠢᠳ ᠤᠨ ᠬᠦᠰᠡᠯ ᠱᠠᠭᠠᠷᠳᠠᠯᠭ᠎ᠠ ᠳᠤ ᠨᠡᠶᠢᠴᠡᠬᠦᠯᠦᠭᠰᠡᠨ ᠪᠠᠶᠢᠨ᠎ᠠ᠃ ᠡᠶᠢᠮᠣᠷᠬᠦ | ᠰᠦᠯᠵᠢᠶᠡᠨ ᠠᠭᠤᠯᠭ᠎ᠠ ᠶᠢ ᠨᠠᠶᠢᠷᠠᠭᠤᠯᠵᠣ ᠣᠷᠴᠢᠭᠤᠯᠵᠣ ᠨᠡᠶᠢᠳᠡᠯᠡᠬᠦ ᠶᠠᠪᠣᠴᠠ ᠨᠢ ᠶᠠᠭ ᠰᠠᠶᠢᠬᠠᠨ ᠠᠵᠢᠯ ᠤᠨ | ᠪᠠᠶᠢᠷᠢ ᠳᠤ ᠪᠠᠨ ᠲᠣᠬᠠᠶᠢᠯᠠᠭᠰᠠᠨ ᠠᠵᠢᠯ ᠤᠨ ᠭᠡᠪ ᠪᠣᠯᠪᠠᠰᠣᠷᠠᠯ ᠢ ᠲᠡᠭᠡᠭᠰᠢᠯᠡᠬᠦᠯᠬᠦ᠂ ᠰᠢᠨ᠎ᠡ ᠣᠷᠴᠢᠭᠤᠯᠣᠭᠴᠢ ᠶᠢ | ᠪᠣᠯᠪᠠᠰᠣᠷᠠᠭᠤᠯᠬᠤ ᠳᠤ ᠣᠯᠳᠠᠰᠢ ᠦᠬᠡᠢ ᠰᠠᠶᠢᠬᠠᠨ ᠲᠣᠬᠢᠶᠠᠯ ᠣᠯᠭᠤᠵᠣ ᠦᠭᠬᠦᠭᠰᠡᠨ ᠪᠠᠶᠢᠨ᠎ᠠ᠃ | ᠮᠠᠨ ᠤ ᠰᠦᠯᠵᠢᠶ᠎ᠠ ᠨᠢ ᠪᠠᠰᠠ ᠦᠷᠭᠡᠨ ᠤᠯᠠᠨ ᠰᠦᠯᠵᠢᠶᠡᠴᠢᠳ ᠤᠨ ᠢᠷᠡᠬᠦᠯᠦᠭᠰᠡᠨ ᠰᠠᠨᠠᠯ ᠰᠠᠨᠠᠭᠤᠯᠭ᠎ᠠ᠂ | ᠰᠢᠬᠦᠮᠵᠢ ᠶᠢ ︽ᠰᠠᠨᠠᠯ ᠰᠢᠬᠦᠮᠵᠢ︾ ᠪᠤᠯᠤᠩ ᠳᠤ ᠪᠠᠨ ᠢᠯᠨ ᠪᠠᠷ ᠨᠡᠶᠢᠳᠡᠯᠡᠨ᠂ ᠰᠦᠯᠵᠢᠶᠡᠨ ᠤ ᠬᠠᠷᠢᠯᠴᠠᠨ | ᠦᠢᠯᠡᠳᠦᠯᠴᠡᠬᠦ ᠴᠢᠨᠠᠷ ᠢ ᠬᠦᠢᠴᠡᠳ ᠪᠠᠳᠠᠷᠠᠭᠤᠯᠤᠨ᠂ ᠰᠦᠯᠵᠢᠶ᠎ᠠ ᠶᠢ ᠤᠯᠠᠮ ᠬᠦᠷ ᠬᠦᠭᠵᠢᠶᠡᠨ ᠲᠠᠢ ᠪᠤᠯᠭᠠᠬᠤ ᠶᠢᠨ | ᠬᠠᠮᠳᠤ ᠤᠯᠠᠨ ᠲᠦᠮᠡᠨ ᠤ ᠲᠤᠰᠬᠠᠯ ᠲᠤᠪᠤᠶᠢᠮ᠎ᠠ ᠪᠠᠶᠢᠭ᠎ᠠ ᠵᠠᠷᠢᠮ ᠠᠰᠠᠭᠤᠳᠠᠯ ᠢ ᠲᠤᠰᠬᠠᠶᠢᠯᠠᠨ ᠰᠤᠷᠪᠤᠯᠵᠢᠯᠠᠨ | ᠡᠮᠬᠢᠳᠭᠡᠵᠤ ᠵᠠᠰᠠᠭ ᠤᠨ ᠤᠷᠳᠤᠨ ᠳᠤ ᠮᠡᠳᠡᠬᠦᠯᠦᠨ ᠴᠠᠭ ᠲᠤᠬᠠᠢ ᠳᠤᠨᠢ ᠵᠤᠬᠢᠰᠳᠠᠢ ᠰᠢᠢᠳᠪᠤᠷᠢᠯᠡᠬᠦᠯᠵᠤ᠂ ᠵᠠᠰᠠᠭ | ᠤᠨ ᠤᠷᠳᠤᠨ ᠤ ᠰᠦᠯᠵᠢᠶ᠎ᠠ ᠶᠢᠨ ᠤᠯᠠᠨ ᠲᠦᠮᠡᠨ ᠳᠤ ᠦᠢᠯᠡᠴᠢᠯᠡᠬᠦ ᠦᠢᠯᠡᠳᠦᠯ ᠴᠢᠳᠠᠪᠬᠢ ᠪᠠᠨ ᠪᠠᠳᠠᠷᠠᠭᠤᠯᠵᠤ | ᠴᠢᠳᠠᠭᠰᠠᠨ ᠪᠠᠶᠢᠨ᠎ᠠ᠃ | ︽ᠬᠡᠰᠢᠭᠳᠡᠨ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ︾ ᠨᠢ᠄ ᠬᠤᠰᠢᠭᠤᠨ ᠤ | ᠲᠤᠶᠢᠮᠤ ᠪᠠᠶᠢᠳᠠᠯ᠂ ᠵᠠᠰᠠᠭ ᠲᠦᠷᠦ᠂ ᠠᠵᠤ ᠠᠬᠤᠢ᠂ ᠰᠤᠶᠤᠯ᠂ ᠰᠤᠷᠭᠠᠨ ᠬᠦᠮᠦᠵᠢᠯ᠂ ᠠᠵᠢᠯ ᠤᠨ ᠪᠠᠶᠢᠳᠠᠯ᠂ | ᠮᠠᠯᠵᠢᠬᠤ ᠤᠷᠤᠨ ᠤ ᠪᠦᠳᠦᠭᠡᠨ ᠪᠠᠶᠢᠭᠤᠯᠤᠯᠳᠠ᠂ ᠬᠡᠰᠢᠭᠳᠡᠨ ᠵᠢᠭᠤᠯᠴᠢᠯᠠᠯ᠂ ᠰᠤᠶᠤᠯ ᠤᠷᠠᠯᠢᠭ᠂ ᠲᠤᠰᠬᠠᠢ ᠪᠤᠯᠤᠩ | ᠂ ᠮᠠᠯᠴᠢᠳ ᠤᠨ ᠬᠠᠨᠢ ᠵᠡᠷᠭᠡ ᠠᠭᠤᠯᠭ᠎ᠠ ᠳᠤ ᠬᠤᠯᠪᠤᠭᠳᠠᠭᠰᠠᠨ 180 ᠲᠦᠮᠡᠨ ᠦᠰᠦᠭ ᠤᠨ ᠮᠠᠲ᠋ᠧᠷᠢᠶᠠᠯ ᠪᠠ | ᠬᠠᠮᠢᠶ᠎ᠠ ᠪᠦᠬᠦᠢ ᠵᠢᠷᠤᠬᠳᠤ ᠮᠡᠳᠡᠭᠡᠯᠡᠯ᠂ ᠲᠦᠷᠰᠤ ᠰᠢᠩᠭᠡᠭᠡᠯᠳᠠ ᠶᠢᠨ ᠠᠭᠤᠯᠭ᠎ᠠ ᠶᠢ ᠨᠡᠶᠢᠳᠡᠯᠡᠵᠤ᠂ ᠦᠷᠭᠡᠨ ᠤᠯᠠᠨ | ᠮᠤᠩᠭᠤᠯ ᠰᠦᠯᠵᠢᠶᠡᠴᠢᠳ ᠲᠤ ᠲᠦᠬᠦᠮ ᠦᠵᠡᠬᠦᠯᠵᠤ ᠪᠤᠢ᠃ ᠲᠤᠰ ᠰᠦᠯᠵᠢᠶ᠎ᠠ ᠨᠢ ᠤᠷᠤᠨ ᠨᠤᠳᠤᠭ ᠤᠨ ᠠᠵᠤ | ᠠᠬᠤᠢ ᠨᠡᠶᠢᠭᠡᠮ ᠤᠨ ᠬᠦᠭᠵᠢᠯᠳᠡ ᠶᠢᠨ ᠡᠯ᠎ᠡ ᠲᠠᠯ᠎ᠠ ᠶᠢ ᠬᠠᠮᠤᠷᠤᠭᠰᠠᠨ ᠶᠠᠷᠦᠩᠭᠡᠶᠢᠯᠡᠭᠰᠡᠨ ᠴᠢᠨᠠᠷᠳᠠᠢ ᠰᠦᠯᠵᠢᠶ᠎ᠡ | ᠪᠤᠯᠤᠨ᠎ᠠ᠃ ᠰᠦᠯᠵᠢᠶᠡᠨ ᠤ ᠡᠯ᠎ᠡ ᠪᠤᠯᠤᠩ ᠤᠨ ᠠᠭᠤᠯᠭ᠎ᠠ ᠶᠢᠨ ᠲᠤᠬᠢᠷᠠᠭᠤᠯᠤᠯᠳᠠ ᠶᠢ ᠲᠦᠭᠦᠮ ᠢᠶᠠᠷ | ᠲᠠᠨᠢᠯᠴᠠᠭᠤᠯᠪᠠᠯ᠂ ᠬᠤᠰᠢᠭᠤᠨ ᠤ ᠲᠤᠶᠢᠮᠤ ᠪᠠᠶᠢᠳᠠᠯ ᠳᠠᠭᠠᠨ᠄ ᠬᠤᠰᠢᠭᠤᠨ ᠤ ᠲᠦᠭᠦᠮ ᠲᠠᠨᠢᠯᠴᠠᠭᠤᠯᠭ᠎ᠠ᠂ ᠵᠠᠰᠠᠭ | ᠵᠠᠬᠢᠷᠭᠠᠨ ᠤ ᠬᠤᠪᠢᠶᠠᠷᠢᠯᠡᠯ᠂ ᠵᠠᠮ ᠬᠠᠷᠢᠯᠴᠠᠭᠠᠨ ᠤ ᠱᠤᠭᠤᠮ᠂ ᠡᠬᠢ ᠪᠠᠶᠠᠯᠢᠭ᠂ ᠤᠨᠴᠠ ᠭᠠᠷᠤᠯᠳᠠ᠂ ᠨᠤᠳᠤᠭ ᠤᠨ | ᠬᠠᠮᠤᠭ ᠤᠳ ᠵᠡᠷᠭᠡ ᠲᠠᠯ᠎ᠠ ᠶᠢᠨ ᠠᠭᠤᠯᠭ᠎ᠠ ᠶᠢ ᠪᠠᠭᠳᠠᠭᠠᠭᠰᠠᠨ ᠪᠠᠶᠢᠨ᠎ᠠ︔ ᠵᠠᠰᠠᠭ ᠲᠦᠷᠦ ᠶᠢᠨ ᠪᠤᠯᠤᠩ ᠳᠠᠭᠠᠨ᠄ | ᠬᠡᠰᠢᠭᠳᠡᠨ ᠬᠤᠰᠢᠭᠤᠨ ᠤ ᠲᠦᠷᠪᠡᠨ ᠶᠡᠭᠡ ᠤᠳᠤᠷᠢᠳᠬᠤ ᠪᠠᠭ ᠤᠨ ᠲᠠᠨᠢᠯᠴᠠᠭᠤᠯᠭ᠎ᠠ ᠪᠠ ᠵᠢᠷᠤᠭ ᠰᠡᠭᠦᠳᠡᠷ ᠵᠢᠴᠢ | ᠬᠤᠰᠢᠭᠤᠨ ᠤ ᠤᠳᠤᠷᠢᠳᠬᠤ ᠪᠠᠭ ᠤᠨ ᠪᠢᠴᠢᠭ ᠮᠠᠲ᠋ᠧᠷᠢᠶᠠᠯ᠂ ᠡᠯ᠎ᠡ ᠰᠠᠯᠠᠭ᠎ᠠ ᠮᠦᠴᠢᠷ ᠤᠨ ᠪᠢᠴᠢᠭ ᠮᠠᠲ᠋ᠧᠷᠢᠶᠠᠯ | ᠵᠡᠷᠭᠡ ᠠᠭᠤᠯᠭ᠎ᠠ ᠶᠢ ᠪᠠᠭᠳᠠᠭᠠᠭᠰᠠᠨ ᠪᠠᠶᠢᠨ᠎ᠠ︔ ᠠᠵᠤ ᠠᠬᠤᠢ ᠶᠢᠨ ᠪᠤᠯᠤᠩ ᠳᠠᠭᠠᠨ᠄ ᠮᠠᠯᠵᠢᠯ ᠠᠬᠤᠢ᠂ ᠠᠵᠤ | ᠦᠢᠯᠡᠳᠪᠦᠷᠢ᠂ ᠠᠭᠤᠷᠬᠠᠢ ᠪᠠ ᠠᠵᠤ ᠠᠬᠤᠶᠢᠯᠠᠯ ᠵᠡᠷᠭᠡ ᠲᠠᠯ᠎ᠠ ᠶᠢᠨ ᠠᠭᠤᠯᠭ᠎ᠠ ᠶᠢ ᠪᠠᠭᠳᠠᠭᠠᠭᠰᠠᠨ ᠪᠠᠶᠢᠨ᠎ᠠ︔ | ᠠᠵᠢᠯ ᠤᠨ ᠪᠠᠶᠢᠳᠠᠯ ᠪᠤᠯᠤᠩ ᠳᠠᠭᠠᠨ᠄ ᠬᠤᠰᠢᠭᠤ ᠨᠤᠳᠤᠭ ᠤᠨ ᠰᠤᠨᠢᠨ ᠮᠡᠳᠡᠭᠡ᠂ ᠵᠢᠷᠤᠭᠳᠤ ᠮᠡᠳᠡᠭᠡ᠂ ᠲᠧᠯᠸᠢᠰ | ᠮᠡᠳᠡᠭᠡ ᠪᠠ ᠷᠠᠳᠢᠤ᠋ ᠮᠡᠳᠡᠭᠡ ᠵᠡᠷᠭᠡ ᠶᠢᠨ ᠠᠭᠤᠯᠭ᠎ᠠ ᠶᠢ ᠪᠠᠭᠳᠠᠭᠠᠭᠰᠠᠨ ᠪᠠᠶᠢᠨ᠎ᠠ︔ ᠰᠤᠷᠭᠠᠨ ᠬᠦᠮᠦᠵᠢᠯ ᠤᠨ ᠪᠤᠯᠤᠩ | ᠳᠠᠭᠠᠨ᠄ ᠬᠤᠰᠢᠭᠤᠨ ᠤ 7ᠰᠠᠭᠤᠷᠢ ᠮᠤᠩᠭᠤᠯ ᠦᠨᠳᠦᠰᠦᠳᠡᠨ ᠤ ᠲᠤᠮᠳᠠᠳᠤ ᠪᠠᠭ᠎ᠠ ᠰᠤᠷᠭᠠᠭᠤᠯᠢ ᠶᠢᠨ ᠰᠦᠯᠵᠢᠶ᠎ᠡ | ᠶᠢ ᠪᠠᠶᠢᠷᠢᠯᠠᠭᠤᠯᠤᠨ ᠵᠤᠬᠢᠶᠠᠵᠤ᠂ ᠬᠡᠰᠢᠭᠳᠡᠨ ᠬᠤᠰᠢᠭᠤᠨ ᠤ ᠦᠨᠳᠦᠰᠦᠳᠡᠨ ᠤ ᠰᠤᠷᠭᠠᠨ ᠬᠦᠮᠦᠵᠢᠯ ᠤᠨ ᠪᠦᠬᠦᠶᠢᠯᠡ | ᠲᠠᠯ᠎ᠠ ᠶᠢ ᠪᠠᠭᠳᠠᠭᠠᠭᠰᠠᠨ ᠠᠭᠤᠯᠭ᠎ᠠ ᠶᠢ ᠲᠤᠬᠢᠷᠠᠭᠤᠯᠤᠭᠰᠠᠨ ᠪᠠᠶᠢᠨ᠎ᠠ︔ ᠬᠡᠰᠢᠭᠳᠡᠨ ᠵᠢᠭᠤᠯᠴᠢᠯᠠᠯ ᠪᠤᠯᠤᠩ ᠳᠠᠭᠠᠨ᠄ | ᠬᠡᠰᠢᠭᠳᠡᠨ ᠲᠡᠯᠡᠭᠡᠢ ᠶᠢᠨ ᠭᠠᠵᠠᠷ ᠰᠢᠨᠵᠢᠯᠡᠭᠡᠨ ᠤ ᠴᠡᠴᠡᠷᠯᠢᠭ ᠪᠠ ᠬᠡᠰᠢᠭᠳᠡᠨ ᠬᠤᠰᠢᠭᠤᠨ ᠤ ᠭᠤᠤᠯ ᠦᠵᠡᠮᠵᠢ ᠶᠢᠨ | ᠤᠷᠤᠨ ᠤ ᠵᠢᠭᠤᠯᠴᠢᠯᠠᠯ᠂ ᠦᠨᠳᠦᠰᠦᠳᠡᠨ ᠤ ᠵᠠᠩ ᠵᠠᠩᠰᠢᠯ ᠤᠨ ᠵᠢᠭᠤᠯᠴᠢᠯᠠᠯ᠂ ᠲᠡᠤᠭᠡ ᠰᠤᠶᠤᠯ ᠤᠨ ᠵᠢᠭᠤᠯᠴᠢᠯᠠᠯ᠂ | ᠡᠪᠦᠯ ᠤᠨ ᠤᠯᠠᠷᠢᠯ ᠤᠨ ᠵᠢᠭᠤᠯᠴᠢᠯᠠᠯ᠂ ᠪᠤᠬ᠎ᠠ ᠲᠡᠷᠭᠡ ᠰᠡᠭᠦᠳᠡᠷᠯᠡᠬᠦ ᠵᠢᠭᠤᠯᠴᠢᠯᠠᠯ᠂ ᠰᠤᠯᠠ ᠰᠡᠯᠡᠭᠦᠴᠡᠯ ᠷᠠᠰᠢᠶᠠᠨ | ᠰᠤᠪᠢᠯᠠᠯᠳᠠ ᠶᠢᠨ ᠵᠢᠭᠤᠯᠴᠢᠯᠠᠯ ᠵᠡᠷᠭᠡ ᠪᠠ ᠬᠡᠰᠢᠭᠳᠡᠨ ᠵᠢᠭᠤᠯᠴᠢᠯᠡᠯ ᠤᠨ ᠲᠤᠬᠢᠷᠠᠮᠵᠢᠳᠠᠢ ᠴᠠᠭ ᠬᠤᠭᠤᠴᠠᠭ᠎ᠠ ᠶᠢᠨ | ᠲᠠᠨᠢᠯᠴᠠᠭᠤᠯᠭ᠎ᠠ᠂ ᠵᠢᠭᠤᠯᠴᠢᠯᠠᠯ ᠤᠨ ᠵᠠᠮ ᠱᠤᠭᠤᠮ᠂ ᠦᠢᠯᠡᠴᠢᠯᠡᠭᠡ ᠵᠡᠷᠭᠡ ᠵᠢᠭᠤᠯᠴᠢᠯᠠᠯ ᠤᠨ ᠪᠦᠬᠦ ᠲᠠᠯ᠎ᠠ ᠶᠢᠨ | ᠠᠭᠤᠯᠭ᠎ᠠ ᠶᠢ ᠪᠠᠭᠳᠠᠭᠠᠭᠰᠠᠨ ᠪᠠᠶᠢᠨ᠎ᠠ︔ ᠰᠤᠶᠤᠯ ᠤᠷᠠᠯᠢᠭ ᠪᠤᠯᠤᠩ ᠳᠠᠭᠠᠨ᠄ ᠬᠡᠰᠢᠭᠳᠡᠨ ᠮᠤᠩᠭᠤᠯᠴᠤᠳ ᠤᠨ ᠵᠠᠩ | ᠦᠢᠯᠡ᠂ ᠬᠦᠮᠦᠨ ᠰᠤᠶᠤᠯ ᠤᠨ ᠲᠡᠤᠭᠡ᠂ ᠤᠪᠤᠭ᠎ᠠ ᠬᠠᠶᠢᠷᠬᠠᠨ ᠰᠦᠮ᠎ᠡ ᠬᠡᠶᠢᠳ᠂ ᠤᠷᠠᠨ ᠵᠤᠬᠢᠶᠠᠯ᠂ ᠰᠤᠶᠤᠯ | ᠲᠡᠤᠭᠡ ᠶᠢᠨ ᠦᠯᠡᠳᠡᠭᠳᠡᠯ ᠵᠡᠷᠭᠡ ᠠᠭᠤᠯᠭ᠎ᠠ ᠶᠢ ᠪᠠᠭᠳᠠᠭᠠᠭᠰᠠᠨ ᠪᠠᠶᠢᠨ᠎ᠠ︔ ᠲᠤᠰᠬᠠᠢ ᠪᠤᠯᠤᠩ ᠳᠠᠭᠠᠨ᠄ | ᠤᠯᠠᠭᠠᠨᠮᠦ᠋ᠴᠢᠷ᠂ ᠬᠤᠰᠢᠭᠤᠨ ᠤ ᠡᠯ᠎ᠡ ᠵᠠᠰᠠᠭ ᠤᠨ ᠨᠡᠶᠢᠭᠡᠮᠯᠢᠭ᠂ ᠰᠡᠳᠬᠦᠯ᠂ ᠠᠷᠠᠳ ᠤᠨ ᠪᠦᠯᠬᠦᠮ᠂ ᠰᠢᠨᠵᠢᠯᠡᠬᠦ | ᠤᠬᠠᠭᠠᠨᠴᠢ ᠬᠦᠭᠵᠢᠯᠳᠡ ᠶᠢᠨ ᠦᠵᠡᠯᠳᠡ ᠶᠢ ᠬᠦᠨᠵᠡᠭᠡᠢ ᠰᠤᠷᠤᠯᠴᠠᠨ ᠦᠢᠯᠡᠳᠦᠯᠭᠡᠵᠢᠬᠦᠯᠬᠦ ᠠᠵᠢᠯᠯᠠᠭᠠᠨ ᠵᠡᠷᠭᠡ ᠶᠢᠨ | ᠠᠭᠤᠯᠭ᠎ᠠ ᠶᠢ ᠪᠠᠭᠳᠠᠭᠠᠭᠰᠠᠨ ᠪᠠᠶᠢᠨ᠎ᠠ︔ ᠮᠠᠯᠴᠢᠳ ᠤᠨ ᠬᠠᠨᠢ ᠪᠤᠯᠤᠩ ᠳᠠᠭᠠᠨ᠄ ᠬᠠᠤᠯᠢ ᠴᠠᠭᠠᠵᠠ ᠶᠢᠨ ᠯᠠᠪᠯᠠᠯᠳᠠ᠂ | ᠬᠤᠷᠰᠢᠭᠰᠡᠨ ᠡᠮᠨᠡᠯᠭᠡ᠂ ᠮᠠᠯᠴᠢᠳ ᠤᠨ ᠭᠠᠷ ᠠᠪᠤᠯᠭ᠎ᠠ᠂ ᠮᠠᠯ ᠤᠨ ᠠᠰᠢᠭ ᠰᠢᠮ᠎ᠡ ᠶᠢᠨ ᠪᠤᠷᠤᠯᠠᠭᠤᠯᠤᠯᠳᠠ ᠬᠢᠭᠡᠳ | ᠬᠠᠨᠳᠤᠰᠢ ᠵᠡᠷᠭᠡ ᠶᠢᠨ ᠠᠭᠤᠯᠭ᠎ᠠ ᠶᠢ ᠪᠠᠭᠳᠠᠭᠠᠭᠰᠠᠨ ᠪᠠᠶᠢᠨ᠎ᠠ︔ ᠡᠭᠦᠨ ᠠᠴᠠ ᠭᠠᠳᠠᠨ᠎ᠠ ᠪᠠᠰᠠ᠄ ᠠᠯᠪᠠᠨ ᠵᠠᠷᠯᠠᠯ᠂ | ᠵᠠᠷ ᠮᠡᠳᠡᠭᠡ᠂ ᠰᠠᠨᠠᠯ ᠰᠢᠬᠦᠮᠵᠢ᠂ ᠨᠦᠬᠦᠷᠰᠡᠭ ᠬᠤᠯᠪᠤᠭ᠎ᠠ᠂ ᠬᠡᠰᠢᠭᠳᠡᠨ ᠶᠠᠷᠢᠯᠴᠠᠭᠠᠨ ᠤ ᠦᠷᠦᠭᠡ᠂ ᠴᠠᠭ ᠠᠭᠤᠷ᠂ | ᠰᠠᠨᠠᠯ ᠰᠢᠬᠦᠮᠵᠢ ᠵᠡᠷᠭᠡ ᠶᠢᠨ ᠤᠯᠠᠨ ᠠᠭᠤᠯᠭ᠎ᠠ ᠶᠢ ᠨᠡᠶᠢᠳᠡᠯᠡᠵᠤ ᠪᠤᠢ᠃ | ︽ᠬᠡᠰᠢᠭᠳᠡᠨ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ︾ ᠶᠢᠨ ᠤᠬᠠᠭᠤᠯᠭ᠎ᠠ ᠶᠢᠨ | ᠬᠦᠴᠦᠯᠡᠴᠨ ᠶᠢ ᠨᠡᠮᠡᠭᠳᠡᠬᠦᠯᠵᠤ᠂ ᠰᠦᠯᠵᠢᠶᠡᠨ ᠤ ᠮᠡᠳᠡᠭᠡ ᠵᠠᠩᠬᠢ ᠶᠢᠨ ᠲᠤᠭ᠎ᠠ ᠪᠠ ᠴᠢᠨᠠᠷ ᠢ ᠴᠢᠩᠭᠠᠳᠬᠠᠬᠤ ᠶᠢᠨ | ᠲᠦᠯᠦᠭᠡ ᠮᠠᠨ ᠤ ᠰᠦᠯᠵᠢᠶ᠎ᠠ ᠨᠢ ︽ᠠᠷᠠᠳ ᠤᠨ ᠰᠦᠯᠵᠢᠶ᠎ᠠ︾᠂ ︽ᠲᠤᠮᠳᠠᠳᠤ ᠤᠯᠤᠰ ᠤᠨ ᠮᠤᠩᠭᠤᠯ ᠬᠡᠯᠡᠨ ᠤ | ᠰᠤᠨᠢᠨ ᠮᠡᠳᠡᠭᠡᠨ ᠤ ᠰᠦᠯᠵᠢᠶ᠎ᠠ︾ ᠵᠡᠷᠭᠡ ᠰᠦᠯᠵᠢᠶ᠎ᠠ ᠯᠤᠭ᠎ᠠ ᠡᠬᠢ ᠰᠤᠷᠪᠤᠯᠵᠢ ᠶᠢ ᠬᠠᠮᠳᠤᠪᠡᠷ ᠡᠳ᠋ᠯᠡᠬᠦ ᠬᠠᠷᠢᠴᠠᠭ᠎ᠠ | ᠪᠠᠶᠢᠭᠤᠯᠵᠠᠢ᠃ | 2014 ᠣᠨ ᠳᠤ ᠰᠦᠯᠵᠢᠶᠡᠨ ᠠᠭᠤᠯᠭ᠎ᠠ ᠶᠢ ᠪᠠᠶᠠᠯᠢᠭᠵᠢᠭᠤᠯᠬᠤ᠂ ᠲᠡᠰ ᠲᠡᠪᠰᠢᠬᠦᠯᠬᠦ ᠠᠵᠢᠯ ᠢ ᠭᠤᠣᠯ | ᠪᠤᠯᠭᠠᠨ ᠠᠳᠬᠤᠵᠣ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶᠡᠨ | ᠬᠤᠯᠪᠣᠭ᠎ᠠ ᠪᠠᠶᠢᠭᠤᠯᠬᠤ ᠠᠵᠢᠯ ᠳᠤ ᠢᠳᠡᠪᠬᠢᠳᠡᠢ ᠬᠠᠮᠵᠢᠯᠴᠠᠵᠦ᠂ ᠰᠦᠯᠵᠢᠶᠡᠨ ᠬᠤᠯᠪᠣᠭ᠎ᠠ ᠯᠤᠭ᠎ᠠ ᠵᠣᠯᠭᠠᠯᠴᠠᠭᠤᠯᠬᠤ | ᠠᠵᠢᠯ ᠢ ᠴᠢᠩᠭᠠᠳᠬᠠᠪᠠ᠃ 2015 ᠣᠨ ᠤ 5 ᠰᠠᠷ᠎ᠠ ᠠᠴᠠ ᠡᠬᠢᠯᠡᠨ ᠰᠢᠨ᠎ᠡ ᠰᠦᠯᠵᠢᠶ᠎ᠡ ᠶᠢᠨ ᠠᠭᠤᠯᠭ᠎ᠠ ᠶᠢᠨ | ᠲᠠᠯ᠎ᠠ ᠶᠢᠨ ᠪᠡᠯᠡᠳᠬᠡᠯ ᠠᠵᠢᠯ ᠢ ᠱᠠᠯᠠᠪᠳᠠᠨ᠂ 9 ᠰᠠᠷ᠎ᠠ ᠠᠴᠠ ᠡᠬᠢᠯᠡᠨ ᠲᠣᠷᠰᠢᠨ ᠠᠵᠢᠯᠯᠠᠭᠤᠯᠣᠭᠰᠠᠨ ᠪᠠᠶᠢᠨ᠎ᠠ᠃ | 2015 ᠣᠨ ᠤ 5 ᠰᠠᠷ᠎ᠠ ᠠᠴᠠ ᠡᠬᠢᠯᠡᠨ ᠰᠢᠨ᠎ᠡ ᠬᠠᠭᠤᠴᠢᠨ ᠰᠦᠯᠵᠢᠶ᠎ᠡ ᠪᠠ ᠭᠠᠷ ᠣᠳᠠᠰᠣᠨ ᠤ ᠣᠯᠠᠨ ᠨᠡᠶᠢᠲᠡ | ᠶᠢᠨ ᠲᠠᠪᠴᠠᠩ ᠢ ᠵᠡᠷᠭᠡᠪᠡᠷ ᠠᠵᠢᠯᠯᠠᠭᠤᠯᠪᠠ᠃ 2016 ᠣᠨ ᠤ 6 ᠰᠠᠷ᠎ᠠ ᠳᠤ ᠰᠢᠨ᠎ᠡ ᠰᠦᠯᠵᠢᠶ᠎ᠡ ᠶᠢ ᠵᠢᠩᠬᠢᠨᠢ ᠪᠠᠷ | ᠠᠵᠢᠯᠯᠠᠭᠤᠯᠤᠭᠰᠠᠨ ᠪᠠᠶᠢᠨ᠎ᠠ᠃ ᠰᠢᠨ᠎ᠡ ᠰᠦᠯᠵᠢᠶ᠎ᠡ ᠨᠢ ᠲᠣᠶᠢᠮᠣ ᠪᠠᠶᠢᠳᠠᠯ᠂ ᠰᠣᠨᠢᠨ ᠮᠡᠳᠡᠭᠡ᠂ ᠵᠠᠰᠠᠭ ᠤᠨ | ᠶᠠᠪᠣᠳᠠᠯ ᠢ ᠢᠯᠡ ᠪᠤᠯᠭᠠᠬᠤ᠂ ᠦᠢᠯᠡᠴᠢᠯᠡᠭᠡ ᠲᠣᠰᠠᠯᠠᠮᠵᠢ᠂ ᠰᠣᠶᠣᠯ ᠡᠷᠳᠡᠨᠢ ᠵᠡᠷᠭᠡ ᠠᠭᠤᠯᠭ᠎ᠠ ᠶᠢ ᠬᠠᠮᠣᠷᠴᠦ᠂ | ᠰᠦᠯᠵᠢᠶᠡᠨ ᠴᠣᠭᠯᠠᠷᠠᠯ ᠤᠨ ᠬᠡᠯᠪᠡᠷᠢ ᠪᠠᠷ ᠨᠢᠭᠡᠳᠦᠯᠳᠡᠢ ᠬᠠᠮᠢᠶᠠᠷᠣᠯᠲᠠ᠂ ᠲᠦᠷᠢᠮᠵᠢᠭᠰᠡᠨ ᠲᠣᠭᠳᠠᠯᠴᠠᠭ᠎ᠠ ᠶᠢᠨ | ᠲᠣᠣᠷ᠎ᠠ ᠶᠠᠪᠣᠭᠳᠠᠵᠤ᠂ ᠵᠠᠰᠠᠭ ᠤᠨ ᠰᠦᠯᠵᠢᠶ᠎ᠡ ᠡᠷᠬᠢᠯᠡᠬᠦ ᠨᠠᠩ ᠦᠷᠭᠡᠨ ᠵᠠᠢ ᠶᠢ ᠣᠯᠭᠤᠭᠰᠠᠨ ᠪᠠᠶᠢᠨ᠎ᠠ᠃ | 2009 —— 2018 ᠤᠨ ᠪᠤᠯᠳᠠᠯ᠎ᠠ ᠳᠤ᠂ ᠰᠦᠯᠵᠢᠶᠡᠨ ᠳᠤ ᠵᠢᠯ ᠪᠦᠷᠢ ᠲᠡᠭᠰᠢᠳᠬᠡᠭᠡᠳ | 120 ᠭᠠᠷᠤᠢ ᠲᠦᠮᠡᠨ ᠦᠰᠦᠭ ᠤᠨ ᠠᠭᠤᠯᠭ᠎ᠠ ᠨᠡᠶᠢᠳᠡᠯᠡᠵᠤ᠂ ᠡᠬᠦᠨ ᠳᠤ᠄ ᠲᠤᠶᠢᠮᠤ ᠪᠠᠶᠢᠳᠠᠯ᠂ ᠵᠠᠰᠠᠭ ᠤᠨ | ᠶᠠᠪᠣᠳᠠᠯ ᠢ ᠢᠯᠡ ᠪᠤᠯᠭᠠᠬᠤ᠂ ᠰᠣᠨᠢᠨ ᠮᠡᠳᠡᠭᠡ᠂ ᠰᠤᠶᠤᠯ ᠲᠡᠣᠬᠡ᠂ ᠰᠤᠷᠭᠠᠨ ᠬᠦᠮᠦᠵᠢᠯ᠂ ᠮᠠᠯᠵᠢᠬᠤ ᠤᠷᠤᠨ ᠤ | ᠪᠦᠳᠦᠭᠡᠨ ᠪᠠᠶᠢᠭᠤᠯᠤᠯᠳᠠ᠂ ᠬᠡᠰᠢᠭᠳᠡᠨ ᠵᠢᠭᠤᠯᠴᠢᠯᠠᠯ᠂ ᠰᠤᠶᠤᠯ ᠤᠷᠠᠯᠢᠭ᠂ ᠲᠤᠰᠬᠠᠢ ᠪᠤᠯᠤᠩ᠂ ᠮᠠᠯᠴᠢᠳ ᠤᠨ | ᠬᠠᠨᠢ ᠵᠡᠷᠭᠡ ᠠᠭᠤᠯᠭ᠎ᠠ ᠳᠤ ᠬᠤᠯᠪᠤᠭᠳᠠᠭᠰᠠᠨ ᠬᠠᠮᠢᠶ᠎ᠠ ᠪᠦᠬᠦᠢ ᠮᠡᠳᠡᠭᠡ᠂ ᠵᠢᠷᠤᠬᠳᠤ ᠮᠡᠳᠡᠭᠡᠯᠡᠯ᠂ ᠲᠦᠷᠰᠤ | ᠰᠢᠩᠭᠡᠭᠡᠯᠳᠠ ᠶᠢᠨ ᠠᠭᠤᠯᠭ᠎ᠠ ᠪᠤᠢ᠃ | | | ︽ᠬᠡᠰᠢᠭᠳᠡᠨ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ︾ ᠶᠢᠨ ᠴᠢᠬᠤᠯᠠ ᠬᠡᠷᠡᠭ | ᠣᠴᠢᠷ ᠤᠨ ᠲᠡᠮᠳᠡᠭᠯᠡᠯ | | 2009 ᠣᠨ ᠤ 9 ᠰᠠᠷ᠎ᠠ ᠶᠢᠨ 24 ᠤ ᠡᠳᠦᠷ᠂ ︽ᠬᠡᠰᠢᠭᠳᠡᠨ ᠬᠤᠰᠢᠭᠤᠨ ᠤ ᠵᠠᠰᠠᠭ ᠤᠨ ᠤᠷᠳᠤᠨ ᠤ | ᠮᠤᠩᠭᠤᠯ ᠰᠦᠯᠵᠢᠶ᠎ᠡ︾ ᠲᠡᠭᠡᠷ᠎ᠡ ︽ᠮᠠᠨ ᠤ ᠬᠤᠰᠢᠭᠤᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ ᠪᠦᠬᠦᠯᠢ | ᠴᠤᠭᠴᠠ ᠶᠢᠨ ᠪᠤᠳᠠᠳᠤ ᠬᠦᠴᠦᠨ ᠮᠡᠳᠡᠭᠳᠡᠮ᠎ᠡ ᠲᠡᠭᠡᠭᠰᠢᠯᠡᠵᠣ ᠪᠠᠶᠢᠨ᠎ᠠ︾ ᠬᠡᠰᠡᠨ ᠮᠡᠳᠡᠭᠡ ᠨᠡᠶᠢᠳᠡᠯᠡᠭᠳᠡᠪᠡ᠃ ᠡᠨᠡ | ᠪᠤᠯ ︽ᠬᠡᠰᠢᠭᠳᠡᠨ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ︾ ᠶᠢᠨ ᠬᠠᠮᠤᠭ ᠠᠩᠬᠠᠨ ᠤ | ᠮᠡᠳᠡᠭᠡ ᠪᠤᠯᠤᠨ᠎ᠠ᠃ | 2009 ᠤᠨ ᠤ 10 ᠰᠠᠷ᠎ᠠ ᠶᠢᠨ 1 ᠤ ᠡᠳᠦᠷ᠂ ︽ᠬᠡᠰᠢᠭᠳᠡᠨ ᠬᠤᠰᠢᠭᠤᠨ ᠤ ᠵᠠᠰᠠᠭ ᠤᠨ ᠤᠷᠳᠤᠨ ᠤ | ᠮᠤᠩᠭᠤᠯ ᠰᠦᠯᠵᠢᠶ᠎ᠡ︾ ︵www.kqmw.gov.cn︶ ᠠᠵᠢᠯᠯᠠᠵᠤ ᠡᠬᠢᠯᠡᠭᠰᠡᠨ ᠪᠠᠶᠢᠨ᠎ᠠ᠃ ᠲᠣᠰ | ᠰᠦᠯᠵᠢᠶ᠎ᠡ ᠨᠢ ᠦᠪᠦᠷ ᠮᠣᠩᠭᠤᠯ ᠣᠷᠣᠨ ᠤ ᠬᠤᠰᠢᠭᠤ ᠱᠠᠳᠣᠨ ᠤ ᠠᠩᠬᠠᠳᠠᠭᠴᠢ ᠵᠠᠰᠠᠭ ᠤᠨ ᠤᠷᠳᠤᠨ ᠤ | ᠮᠤᠩᠭᠤᠯ ᠰᠦᠯᠵᠢᠶ᠎ᠡ᠂ ᠣᠯᠠᠭᠠᠨᠬᠳᠠ ᠬᠤᠲᠠ ᠶᠢᠨ ᠠᠩᠬᠠᠳᠠᠭᠴᠢ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ | ᠪᠤᠯᠬᠤ ᠪᠠᠷ ᠪᠠᠷᠠᠬᠤ ᠦᠭᠡᠢ᠂ ᠣᠷᠴᠢᠭᠤᠯᠭ᠎ᠠ ᠶᠢᠨ ᠰᠠᠯᠠᠭ᠎ᠠ ᠮᠦᠴᠢᠷ ᠵᠠᠰᠠᠭ ᠤᠨ ᠣᠷᠳᠣᠨ ᠤ ᠰᠦᠯᠵᠢᠶ᠎ᠡ | ᠪᠠᠶᠢᠭᠤᠯᠣᠭᠰᠠᠨ ᠬᠠᠮᠤᠭ ᠠᠩᠬᠠᠨ ᠤ ᠰᠦᠪᠡᠭᠴᠢᠯᠡᠯ ᠪᠤᠯᠬᠤ ᠶᠤᠮ᠃ | 2009 ᠤᠨ ᠤ 11 ᠰᠠᠷ᠎ᠠ ᠳᠤ ᠮᠤᠩᠭᠤᠯ ᠰᠦᠯᠵᠢᠶ᠎ᠠ ᠶᠢᠨ ᠬᠠᠮᠢᠶᠠᠷᠤᠭᠴᠢᠳ ᠤᠨ ᠪᠤᠯᠪᠠᠰᠤᠷᠠᠯ ᠤᠨ | ᠠᠩᠬᠢ ᠡᠷᠬᠢᠯᠡᠵᠤ᠂ ᠦᠪᠦᠷ ᠮᠤᠩᠭᠤᠯ ᠤᠨ ᠮᠦᠩᠬᠡᠭᠠᠯ ᠺᠤᠮᠫᠠᠨᠢ ᠶᠢᠨ ᠮᠡᠷᠭᠡᠵᠢᠯᠳᠠᠨ ︽ᠮᠤᠩᠭᠤᠯ ᠰᠦᠯᠵᠢᠶ᠎ᠠ ᠶᠢᠨ | ᠬᠠᠮᠢᠶᠠᠷᠤᠯᠳᠠ ᠶᠢᠨ ᠦᠨᠳᠦᠰᠦᠨ ᠮᠡᠳᠡᠯᠭᠡ︾ ᠭᠡᠬᠦ ᠰᠡᠳᠦᠪ ᠢᠶᠠᠷ ᠲᠤᠰᠬᠠᠢ ᠰᠡᠳᠦᠪᠳᠤ ᠲᠠᠶᠢᠯᠤᠮᠵᠢ ᠬᠢᠪᠡ᠃ ᠣᠳᠣ | ᠪᠤᠯᠳᠠᠯ᠎ᠠ ᠵᠢᠯ ᠪᠤᠯᠭᠠᠨ ᠨᠢᠭᠡ ᠣᠳᠠᠭᠠᠨ ᠤ ᠪᠤᠯᠪᠠᠰᠣᠷᠠᠯ ︵ᠰᠦᠯᠵᠢᠶᠡᠨ ᠲᠡᠭᠡᠷᠡᠬᠢ ᠪᠤᠯᠪᠠᠰᠣᠷᠠᠯ ᠢ ᠪᠠᠭᠳᠠᠭᠠᠨ᠎ᠠ︶ ᠢ | ᠠᠯᠳᠠᠯ ᠦᠭᠡᠢ ᠡᠷᠬᠢᠯᠡᠵᠦ ᠪᠠᠶᠢᠨ᠎ᠠ᠃ | 2010 ᠣᠨ ᠤ10 ᠰᠠᠷ᠎ᠠ ᠶᠢᠨ10 ᠤ ᠡᠳᠦᠷ—— 11 ᠤ ᠡᠳᠦᠷ ᠪᠤᠯᠳᠠᠯ᠎ᠠ ᠶᠠᠪᠣᠭᠳᠠᠭᠰᠠᠨ | ᠮᠣᠩᠭᠤᠯ ᠬᠡᠯᠡ ᠪᠢᠴᠢᠭ ᠤᠨ ᠶᠡᠭᠡ ᠡᠷᠳᠡᠮᠳᠡᠨ ᠡᠷᠳᠡᠨᠢᠳᠣᠭᠳᠠᠬᠤ ᠪᠠᠭᠰᠢ ᠶᠢᠨ ᠪᠦᠷᠢᠨ ᠵᠣᠬᠢᠶᠠᠯ ᠢ ᠰᠣᠳᠣᠯᠣᠨ | ᠶᠠᠷᠢᠯᠴᠠᠬᠤ ᠣᠯᠠᠨ ᠣᠯᠣᠰ ᠤᠨ ᠡᠷᠳᠡᠮ ᠰᠢᠨᠵᠢᠯᠡᠬᠡᠨ ᠤ ᠬᠤᠷᠠᠯ ᠤᠨ ᠪᠦᠬᠦ ᠶᠠᠪᠣᠴᠠ ᠶᠢ ᠮᠡᠳᠡᠭᠡᠯᠡᠪᠡ᠃ | 2011 ᠣᠨ ᠤ 1 ᠰᠠᠷ᠎ᠠ ᠳᠤ ᠣᠯᠠᠭᠠᠨᠬᠠᠳᠠ ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠳᠤ ︽ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ ᠪᠠᠷ ᠦᠯᠢᠭᠡᠷ ᠵᠢᠱᠢᠶ᠎ᠡ | ᠪᠤᠯᠭᠠᠨ ᠪᠦᠬᠦ ᠬᠤᠲᠠ ᠶᠢᠨ 12 ᠬᠤᠰᠢᠭᠤ ᠰᠢᠶᠠᠨ ᠲᠣᠭᠤᠷᠢᠭ ᠲᠤ ᠮᠤᠩᠭᠤᠯ ᠰᠦᠯᠵᠢᠶ᠎ᠡ ᠪᠠᠶᠢᠭᠤᠯᠬᠤ ᠲᠣᠬᠠᠢ | ᠰᠠᠨᠠᠯ ᠲᠣᠷᠠᠳᠣᠯᠭ᠎ᠠ︾ ᠲᠣᠷᠠᠳᠣᠭᠳᠠᠪᠠ᠃ | 2011 ᠣᠨ ᠤ 4 ᠰᠠᠷ᠎ᠠ ᠳᠤ ︽ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ | ᠰᠦᠯᠵᠢᠶ᠎ᠡ ᠪᠠᠷ ᠦᠯᠢᠭᠡᠷ ᠵᠢᠱᠢᠶ᠎ᠡ ᠪᠤᠯᠭᠠᠨ ᠪᠦᠬᠦ ᠬᠤᠲᠠ ᠶᠢᠨ 12 ᠬᠤᠰᠢᠭᠤ ᠰᠢᠶᠠᠨ ᠲᠣᠭᠤᠷᠢᠭ ᠲᠤ ᠮᠤᠩᠭᠤᠯ | ᠰᠦᠯᠵᠢᠶ᠎ᠡ ᠪᠠᠶᠢᠭᠤᠯᠬᠤ ᠲᠣᠬᠠᠢ ᠰᠠᠨᠠᠯ ᠲᠣᠷᠠᠳᠣᠯᠭ᠎ᠠ︾ ᠳᠤ ᠬᠠᠷᠢᠭᠤᠯᠲᠠ ᠦᠭᠬᠦ ᠳᠤ ᠪᠠᠨ 2011 ᠣᠨ ᠤ ᠵᠢᠯ | ᠤᠨ ᠡᠴᠦᠰ ᠪᠤᠯᠳᠠᠯ᠎ᠠ ᠪᠦᠬᠦ ᠬᠤᠲᠠ ᠶᠢᠨ 12 ᠬᠤᠰᠢᠭᠤ ᠰᠢᠶᠠᠨ ᠲᠣᠭᠤᠷᠢᠭ ᠲᠤ ᠮᠤᠩᠭᠤᠯ ᠰᠦᠯᠵᠢᠶ᠎ᠡ | ᠪᠠᠶᠢᠭᠤᠯᠬᠤ ᠬᠡᠷᠡᠭᠳᠡᠢ ᠬᠡᠰᠡᠨ ᠪᠠᠶᠢᠨ᠎ᠠ᠃ | 2011 ᠤᠨ ᠤ 7 ᠰᠠᠷ᠎ᠠ ᠶᠢᠨ 16 ᠤ ᠡᠳᠦᠷ ᠠᠴᠠ 7 ᠰᠠᠷ᠎ᠠ ᠶᠢᠨ18 ᠤ ᠡᠳᠦᠷ ᠪᠤᠯᠳᠠᠯ᠎ᠠ | ᠶᠠᠪᠤᠭᠳᠠᠭᠰᠠᠨ ᠤᠯᠠᠭᠠᠨᠬᠠᠳᠠ ᠬᠤᠳᠠ ᠶᠢᠨ ᠵᠢᠷᠭᠤᠳᠤᠭᠠᠷ ᠬᠤᠭᠤᠴᠠᠭᠠᠨ ᠤ ᠦᠨᠳᠦᠰᠤᠳᠡᠨ ᠤ ᠲᠤᠮᠳᠠᠳᠤ ᠪᠠᠭ᠎ᠠ | ᠰᠤᠷᠭᠠᠭᠤᠯᠢ ᠶᠢᠨ ᠬᠡᠪ ᠴᠢᠨᠠᠷ ᠤᠨ ᠰᠤᠷᠭᠠᠨ ᠬᠦᠮᠦᠵᠢᠯ ᠤᠨ ᠦᠷ᠎ᠡ ᠪᠦᠳᠦᠭᠡᠯ ᠤᠨ ᠦᠵᠡᠭᠦᠯᠦᠯᠭᠡ ᠶᠢᠨ ᠨᠠᠶᠢᠷ ᠢ | ᠰᠢᠷᠢᠰ ᠮᠡᠳᠡᠭᠡ ᠪᠠᠷ ᠮᠡᠳᠡᠭᠡᠯᠡᠪᠡ᠃ | 2012 ᠤᠨ ᠤ 8 ᠰᠠᠷ᠎ᠠ ᠶᠢᠨ 9—— 11 ᠤ ᠡᠳᠦᠷ ᠪᠤᠯᠳᠠᠯ᠎ᠠ ᠶᠠᠪᠣᠭᠳᠠᠭᠰᠠᠨ ᠣᠯᠠᠭᠠᠨᠬᠠᠳᠠ | ᠬᠤᠳᠠ ᠶᠢᠨ ︽ᠵᠣᠣ ᠣᠳᠠ ᠶᠢᠨ ᠮᠣᠩᠭᠤᠯ ᠣᠷᠠᠨ ᠵᠣᠬᠢᠶᠠᠯ ᠤᠨ ᠨᠡᠶᠢᠬᠡᠮᠯᠢᠭ︾ ᠤᠨ ᠭᠤᠷᠪᠠᠳᠣᠭᠠᠷ ᠣᠳᠠᠭᠠᠨ ᠤ | ᠡᠬᠡᠯᠵᠢᠳᠣ ᠬᠤᠷᠠᠯ ᠤᠨ ᠪᠦᠬᠦ ᠶᠠᠪᠣᠴᠠ ᠶᠢ ᠮᠡᠳᠡᠭᠡᠯᠡᠪᠡ᠃ | 2013 ᠤᠨ ᠤ 4 ᠰᠠᠷ᠎ᠠ ᠠᠴᠠ 6 ᠰᠠᠷ᠎ᠠ ᠶᠢᠨ ᠬᠤᠭᠤᠷᠤᠨᠳᠤ᠂ ᠲᠤᠮᠳᠠᠳᠤ ᠤᠯᠤᠰ ᠬᠡᠰᠢᠭᠳᠡᠨ ᠲᠡᠯᠡᠭᠡᠢ | ᠶᠢᠨ ᠭᠠᠵᠠᠷ ᠰᠢᠨᠵᠢᠯᠡᠭᠡᠨ ᠤ ᠴᠡᠴᠡᠷᠯᠢᠭ ᠤᠨ ᠲᠠᠬᠢᠨ ᠦᠨᠡᠯᠡᠯᠳᠠ ᠶᠢ ᠤᠭᠳᠤᠬᠤ ᠠᠵᠢᠯ ᠳᠤ ᠢᠳᠡᠪᠬᠢᠳᠠᠢ | ᠤᠷᠤᠯᠴᠠᠨ᠂ ᠲᠡᠯᠡᠭᠡᠢ ᠶᠢᠨ ᠭᠠᠵᠠᠷ ᠰᠢᠨᠵᠢᠯᠡᠭᠡᠨ ᠤ ᠴᠡᠴᠡᠷᠯᠢᠭ ᠤᠨ ᠰᠢᠨᠵᠢᠯᠡᠬᠦ ᠤᠬᠠᠭᠠᠨ ᠤ ᠲᠦᠭᠡᠮᠡᠯᠵᠢᠬᠦᠯᠦᠯᠳᠠ | ᠶᠢᠨ ᠴᠤᠪᠤᠷᠠᠯ ᠪᠢᠴᠢᠭ — ︽ᠲᠤᠮᠳᠠᠳᠤ ᠤᠯᠤᠰ ᠬᠡᠰᠢᠭᠳᠡᠨ ᠲᠡᠯᠡᠭᠡᠢ ᠶᠢᠨ ᠭᠠᠵᠠᠷ ᠰᠢᠨᠵᠢᠯᠡᠭᠡᠨ ᠤ ᠴᠡᠴᠡᠷᠯᠢᠭ | ᠤᠨ ᠡᠯᠧᠺᠲᠷᠤᠨ ᠵᠠᠮᠴᠢᠯᠠᠭᠴᠢ ᠶᠢᠨ ᠭᠠᠷ ᠠᠪᠤᠯᠭ᠎ᠠ︾ ᠪᠠ ︽ᠭᠠᠵᠠᠷ ᠰᠢᠨᠵᠢᠯᠡᠭᠡᠨ ᠤ ᠴᠡᠴᠡᠷᠯᠢᠭ ᠲᠠᠢ ᠲᠠᠨᠢᠯᠴᠠᠶ᠎ᠠ︾ | ᠬᠡᠬᠦ ᠬᠤᠶᠠᠷ ᠨᠤᠮ ᠢ ᠤᠷᠴᠢᠭᠤᠯᠤᠨ ᠰᠦᠯᠵᠢᠶᠡᠨ ᠳᠤ ᠨᠡᠶᠢᠳᠡᠯᠡᠵᠦ᠂ ᠬᠡᠰᠢᠭᠳᠡᠨ ᠵᠢᠭᠤᠯᠴᠢᠯᠠᠯ ᠤᠨ ᠵᠠᠮ ᠱᠤᠭᠤᠮ | ᠢ ᠪᠦᠬᠦ ᠲᠠᠯ᠎ᠠ ᠪᠠᠷ ᠰᠦᠯᠵᠢᠶᠡᠨ ᠳᠤ ᠣᠬᠠᠭᠤᠯᠣᠨ ᠲᠠᠨᠢᠯᠴᠠᠭᠤᠯᠵᠣ᠂ ᠤᠯᠠᠨ ᠤᠯᠤᠰ ᠤᠨ ᠬᠤᠯᠪᠤᠭᠠᠳᠤ | ᠪᠠᠶᠢᠭᠤᠯᠤᠯᠭ᠎ᠠ ᠶᠢᠨ ᠰᠤᠷᠭᠠᠨ ᠬᠦᠮᠦᠵᠢᠯ ᠰᠢᠨᠵᠢᠯᠡᠬᠦ ᠤᠬᠠᠭᠠᠨ ᠰᠤᠶᠤᠯ ᠤᠨ ᠵᠤᠬᠢᠶᠠᠨ ᠪᠠᠶᠢᠭᠤᠯᠤᠯᠳᠠ ᠠᠴᠠ | ᠬᠡᠰᠢᠭᠳᠡᠨ ᠲᠡᠯᠡᠭᠡᠢ ᠶᠢᠨ ᠭᠠᠵᠠᠷ ᠰᠢᠨᠵᠢᠯᠡᠭᠡᠨ ᠤ ᠴᠡᠴᠡᠷᠯᠢᠭ ᠢ ᠬᠢᠨᠠᠨ ᠦᠨᠡᠯᠡᠬᠦ ᠳᠤ ᠣᠬᠠᠭᠤᠯᠭ᠎ᠠ ᠪᠠ ᠦᠰᠦᠭ | ᠪᠢᠴᠢᠭ ᠤᠨ ᠮᠠᠲ᠋ᠧᠷᠢᠶᠠᠯ ᠤᠨ ᠪᠠᠳᠤᠯᠠᠭ᠎ᠠ ᠬᠠᠩᠭᠠᠭᠰᠠᠨ ᠪᠠᠶᠢᠨ᠎ᠠ᠃ | 2013 ᠤᠨ ᠤ 7 ᠰᠠᠷ᠎ᠠ ᠶᠢᠨ 27 — 29 ᠤ ᠡᠳᠤᠷ ᠪᠤᠯᠲᠠᠯ᠎ᠠ᠂ ᠬᠡᠰᠢᠭᠲᠡᠨ ᠬᠤᠰᠢᠭᠤᠨ ᠤ | ᠤᠯᠠᠭᠠᠨᠪᠤᠲᠤᠩ ᠠᠮᠢ ᠠᠬᠤᠢ ᠶᠢᠨ ᠰᠤᠶᠤᠯ ᠵᠤᠭᠠᠴᠠᠯ ᠤᠨ ᠲᠤᠭᠤᠷᠢᠭ ᠲᠤ ᠶᠠᠪᠤᠭᠳᠠᠭᠰᠠᠨ ᠤᠯᠠᠭᠠᠨᠬᠠᠳᠠ ᠬᠤᠲᠠ | ᠶᠢᠨ ᠠᠷᠠᠳ ᠤᠨ ᠵᠠᠰᠠᠭ ᠤᠨ ᠤᠷᠳᠤᠨ᠂ ᠳᠤᠮᠳᠠᠳᠤ ᠤᠯᠤᠰ ᠤᠨ ᠠᠭᠠᠷ ᠠᠶᠠᠯᠠᠯ ᠤᠨ ᠬᠡᠷᠡᠭᠰᠡᠯ ᠢ ᠡᠵᠡᠮᠰᠢᠭᠴᠢ | ᠵᠢᠴᠢ ᠨᠢᠰᠦᠭᠴᠢ ᠶᠢᠨ ᠨᠡᠶᠢᠭᠡᠮᠯᠢᠭ ᠠᠴᠠ ᠭᠤᠤᠯᠯᠠᠨ ᠡᠷᠬᠢᠯᠡᠵᠤ᠂ ᠤᠯᠠᠭᠠᠨᠬᠠᠳᠠ ᠬᠤᠲᠠ ᠶᠢᠨ ᠬᠡᠰᠢᠭᠲᠡᠨ | ᠬᠤᠰᠢᠭᠤᠨ ᠤ ᠠᠷᠠᠳ ᠤᠨ ᠵᠠᠰᠠᠭ ᠤᠨ ᠤᠷᠳᠤᠨ᠂ ᠤᠯᠠᠭᠠᠨᠬᠠᠳᠠ ᠶᠢᠨ ᠤᠯᠠᠭᠠᠨᠪᠤᠲᠤᠩ ᠰᠤᠶᠤᠯ ᠵᠤᠭᠠᠴᠠᠯ ᠤᠨ | ᠲᠤᠭᠤᠷᠢᠭ ᠤᠨ ᠬᠠᠮᠢᠶᠠᠷᠤᠯᠲᠠ ᠶᠢᠨ ᠬᠢᠵᠠᠭᠠᠷᠲᠤ ᠺᠤᠮᠫᠠᠨᠢ ᠠᠴᠠ ᠡᠷᠬᠢᠯᠡᠨ ᠶᠠᠪᠤᠭᠳᠠᠭᠤᠯᠤᠭᠰᠠᠨ 2013AOPA | ᠲᠡᠯᠡᠭᠡᠢ ᠶᠢᠨ ᠨᠢᠰᠦᠭᠴᠢ ᠶᠢᠨ ᠴᠤᠭᠯᠠᠭᠠᠨ ᠢ ᠮᠠᠨ ᠤ ᠰᠦᠯᠵᠢᠶ᠎ᠠ ᠨᠢ ᠴᠤᠭᠯᠠᠭᠠᠨ ᠤ ᠪᠦᠬᠦ ᠶᠠᠪᠤᠴᠨ ᠶᠢ ᠪᠤᠳᠤᠭᠳᠤ | ᠵᠢᠷᠤᠭ ᠰᠡᠬᠦᠳᠡᠷ ᠬᠠᠪᠰᠤᠷᠭᠠᠨ ᠨᠠᠷᠢᠯᠢᠭ ᠮᠡᠳᠡᠭᠡᠯᠡᠵᠤ᠂ ᠬᠤᠰᠢᠭᠤᠨ ᠤ ᠵᠢᠭᠤᠯᠴᠢᠯᠠᠯ ᠤᠨ ᠦᠢᠯᠡᠰ ᠤᠨ ᠭᠠᠳᠠᠭᠠᠳᠤ | ᠤᠬᠠᠭᠤᠯᠭ᠎ᠠ ᠶᠢᠨ ᠠᠵᠢᠯ ᠳᠤ ᠴᠢᠬᠤᠯᠨ ᠦᠢᠯᠡᠳᠦᠯ ᠦᠵᠡᠬᠦᠯᠵᠠᠢ᠃ | 2013 ᠤᠨ ᠤ 9 ᠰᠠᠷ᠎ᠠ ᠳᠤ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠮᠤᠩᠭᠤᠯ | ᠬᠡᠯᠡᠨ ᠤ ᠰᠦᠯᠵᠢᠶ᠎ᠠ ᠪᠠ ᠮᠤᠩᠭᠤᠯ ᠬᠡᠯᠡᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ | ᠪᠦᠳᠦᠭᠡᠨ ᠪᠠᠶᠢᠭᠤᠯᠤᠯᠳᠠ ᠶᠢᠨ ᠠᠵᠢᠯ ᠤᠨ ᠪᠠᠶᠢᠴᠠᠭᠠᠨ ᠰᠤᠳᠤᠯᠤᠯᠳᠠ ᠶᠢᠨ ᠲᠤᠭᠤᠶᠢᠯᠠᠩ ᠤᠨ ᠪᠠᠶᠢᠴᠠᠭᠠᠯᠳᠠ ᠳᠤ | ︽ᠬᠡᠰᠢᠭᠳᠡᠨ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ︾ ᠨᠢ ᠪᠠᠶᠢᠴᠠᠭᠠᠨ ᠰᠤᠳᠤᠯᠤᠯᠳᠠ ᠶᠢᠨ | ᠲᠤᠭᠤᠶᠢᠯᠠᠩ ᠤᠨ ᠦᠨᠳᠦᠷ ᠦᠨᠡᠯᠡᠯᠳᠠ ᠶᠢ ᠬᠦᠷᠳᠡᠭᠰᠡᠨ ᠪᠠᠶᠢᠨ᠎ᠠ᠃ | 2014 ᠣᠨ ᠳᠤ ᠰᠦᠯᠵᠢᠶᠡᠨ ᠠᠭᠤᠯᠭ᠎ᠠ ᠶᠢ ᠪᠠᠶᠠᠯᠢᠭᠵᠢᠭᠤᠯᠬᠤ᠂ ᠲᠡᠰ ᠲᠡᠪᠰᠢᠬᠦᠯᠬᠦ ᠠᠵᠢᠯ ᠢ ᠭᠤᠣᠯ ᠪᠤᠯᠭᠠᠨ | ᠠᠳᠬᠤᠵᠣ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶᠡᠨ | ᠬᠤᠯᠪᠣᠭ᠎ᠠ ᠪᠠᠶᠢᠭᠤᠯᠬᠤ ᠠᠵᠢᠯ ᠳᠤ ᠢᠳᠡᠪᠬᠢᠳᠡᠢ ᠬᠠᠮᠵᠢᠯᠴᠠᠵᠦ᠂ ᠰᠦᠯᠵᠢᠶᠡᠨ ᠬᠤᠯᠪᠣᠭ᠎ᠠ ᠯᠤᠭ᠎ᠠ ᠵᠣᠯᠭᠠᠯᠴᠠᠭᠤᠯᠬᠤ | ᠠᠵᠢᠯ ᠢ ᠴᠢᠩᠭᠠᠳᠬᠠᠪᠠ᠃ | 2014 ᠣᠨ ᠤ 7 ᠰᠠᠷ᠎ᠠ ᠶᠢᠨ 28 ᠤ ᠡᠳᠦᠷ ᠶᠠᠪᠣᠭᠳᠠᠭᠰᠠᠨ ︽ᠬᠤᠩᠬᠢᠷᠠᠳ᠂ ᠬᠡᠰᠢᠭᠳᠡᠨ ᠲᠡᠣᠬᠡ | ᠰᠣᠶᠣᠯ ᠤᠨ ᠢᠩᠴᠠᠩ ᠬᠤᠷᠠᠯᠳᠠᠢ︾ ᠶᠢᠨ ᠪᠦᠬᠦ ᠶᠠᠪᠤᠴᠠ ᠶᠢ ᠮᠡᠳᠡᠭᠡᠯᠡᠪᠡ᠃ | 2015 ᠣᠨ ᠤ 5 ᠰᠠᠷ᠎ᠠ ᠶᠢᠨ 29 ᠤ ᠡᠳᠦᠷ᠂ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ | ᠮᠣᠩᠭᠤᠯ ᠬᠡᠯᠡᠨ ᠤ ᠰᠦᠯᠵᠢᠶ᠎ᠡ ᠶᠢᠨ ᠸᠢᠴᠠᠲ ᠣᠯᠠᠨ ᠨᠡᠶᠢᠲᠡ ᠶᠢᠨ ᠲᠠᠪᠴᠠᠩ ᠡᠬᠢᠯᠡᠨ ᠠᠵᠢᠯᠯᠠᠭᠰᠠᠨ ᠪᠠᠶᠢᠨ᠎ᠠ᠃ | 2015 ᠣᠨ ᠤ 5 ᠰᠠᠷ᠎ᠠ ᠠᠴᠠ ᠡᠬᠢᠯᠡᠨ ᠰᠢᠨ᠎ᠡ ᠰᠦᠯᠵᠢᠶ᠎ᠡ ᠶᠢᠨ ᠠᠭᠤᠯᠭ᠎ᠠ ᠶᠢᠨ ᠲᠠᠯ᠎ᠠ ᠶᠢᠨ | ᠪᠡᠯᠡᠳᠬᠡᠯ ᠠᠵᠢᠯ ᠢ ᠱᠠᠯᠠᠪᠳᠠᠨ᠂ 9 ᠰᠠᠷ᠎ᠠ ᠠᠴᠠ ᠡᠬᠢᠯᠡᠨ ᠲᠣᠷᠰᠢᠨ ᠠᠵᠢᠯᠯᠠᠭᠤᠯᠣᠭᠰᠠᠨ ᠪᠠᠶᠢᠨ᠎ᠠ᠃ | 2015 ᠣᠨ ᠤ 5 ᠰᠠᠷ᠎ᠠ ᠠᠴᠠ ᠡᠬᠢᠯᠡᠨ ᠰᠢᠨ᠎ᠡ ᠬᠠᠭᠤᠴᠢᠨ ᠰᠦᠯᠵᠢᠶ᠎ᠡ ᠪᠠ ᠭᠠᠷ ᠣᠳᠠᠰᠣᠨ ᠤ ᠣᠯᠠᠨ | ᠨᠡᠶᠢᠲᠡ ᠶᠢᠨ ᠲᠠᠪᠴᠠᠩ ᠢ ᠵᠡᠷᠭᠡᠪᠡᠷ ᠠᠵᠢᠯᠯᠠᠭᠤᠯᠪᠠ᠃ | 2016 ᠣᠨ ᠤ 6 ᠰᠠᠷ᠎ᠠ ᠳᠤ ᠰᠢᠨ᠎ᠡ ᠰᠦᠯᠵᠢᠶ᠎ᠡ ᠶᠢ ᠵᠢᠩᠬᠢᠨᠢ ᠪᠠᠷ ᠠᠵᠢᠯᠯᠠᠭᠤᠯᠤᠭᠰᠠᠨ ᠪᠠᠶᠢᠨ᠎ᠠ᠃ | 2017 ᠣᠨ ᠳᠤ ᠰᠢᠨ᠎ᠡ ᠰᠦᠯᠵᠢᠶ᠎ᠡ ᠶᠢ ᠲᠡᠭᠦᠯᠳᠡᠷᠵᠢᠬᠦᠯᠬᠦ ᠠᠵᠢᠯ ᠢ ᠡᠷᠴᠢᠮ ᠲᠠᠢ ᠠᠣᠬᠤᠵᠣ᠂ | ᠬᠠᠭᠤᠴᠢᠨ ᠰᠦᠯᠵᠢᠶ᠎ᠡ ᠶᠢᠨ ᠶᠡᠷᠦᠩᠬᠡᠶᠢᠯᠡᠭᠰᠡᠨ ᠰᠦᠯᠵᠢᠶ᠎ᠡ ᠶᠢᠨ ᠦᠢᠯᠡᠳᠦᠯ ᠢ ᠣᠯᠠᠮ ᠰᠠᠶᠢᠨ ᠪᠠᠳᠠᠷᠠᠭᠤᠯᠵᠣ᠂ | ᠣᠷᠣᠨ ᠨᠣᠳᠤᠭ ᠤᠨ ᠰᠣᠶᠣᠯ ᠲᠡᠣᠬᠡ ᠶᠢᠨ ᠲᠣᠰᠬᠠᠢ ᠪᠤᠯᠤᠩ ᠪᠤᠯᠭᠠᠨ ᠦᠭᠡᠷᠡᠴᠢᠯᠡᠬᠦ ᠠᠵᠢᠯ ᠢ ᠭᠠᠷᠳᠠᠨ ᠬᠢᠪᠡ᠃ | 2018 ᠣᠨ ᠳᠤ ᠰᠢᠨ᠎ᠡ ᠰᠦᠯᠵᠢᠶ᠎ᠡ ᠠᠭᠤᠯᠭ᠎ᠠ ᠬᠡᠯᠪᠡᠷᠢ ᠶᠢᠨ ᠲᠠᠯ᠎ᠠ ᠪᠠᠷ ᠪᠦᠷᠢᠨᠵᠢᠵᠦ᠂ ᠬᠠᠭᠤᠴᠢᠨ | ᠰᠦᠯᠵᠢᠶ᠎ᠡ ᠶᠢ ᠬᠡᠰᠢᠭᠳᠡᠨ ᠰᠣᠶᠣᠯ ᠲᠡᠣᠬᠡ ᠶᠢᠨ ᠲᠣᠰᠬᠠᠢ ᠪᠤᠯᠤᠩ ᠪᠤᠯᠭᠠᠨ ᠦᠭᠡᠷᠡᠴᠢᠯᠡᠪᠡ᠃ | | | ︽ᠬᠡᠰᠢᠭᠳᠡᠨ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ︾ ᠶᠢᠨ ᠨᠡᠶᠢᠳᠡᠯᠡᠭᠳᠡᠭᠰᠡᠨ | ᠠᠭᠤᠯᠭ᠎ᠠ ᠶᠢᠨ ᠲᠦᠭᠦᠮ ᠪᠦᠷᠢᠳᠬᠡᠯ | | | 2010—— 2012 ᠣᠨ ᠪᠤᠯᠳᠠᠯ᠎ᠠ᠂ ᠰᠦᠯᠵᠢᠶᠡᠨ ᠳᠤ ᠵᠢᠯ ᠪᠦᠷᠢ 100 ᠲᠦᠮᠡᠨ ᠣᠷᠴᠢᠮ | ᠦᠰᠦᠭ ᠤᠨ ᠠᠭᠤᠯᠭ᠎ᠠ ᠨᠡᠶᠢᠳᠡᠯᠡᠵᠤ᠂ ᠡᠬᠦᠨ ᠳᠤ᠄ ᠵᠢᠯ ᠪᠦᠷᠢ ᠮᠡᠳᠡᠭᠡ ᠮᠡᠳᠡᠭᠡᠯᠡᠯ 600 ᠭᠠᠷᠣᠢ ᠬᠤᠪᠢ᠂ | ᠵᠠᠰᠠᠭ ᠤᠨ ᠶᠠᠪᠣᠳᠠᠯ ᠢ ᠢᠯᠡ ᠪᠤᠯᠭᠠᠬᠤ 300 ᠭᠠᠷᠣᠢ ᠬᠤᠪᠢ᠂ ᠦᠢᠯᠡᠴᠢᠯᠡᠬᠡᠨ ᠤ ᠲᠠᠪᠴᠠᠩ 200 ᠭᠠᠷᠣᠢ | ᠬᠤᠪᠢ᠂ ᠰᠣᠶᠣᠯ ᠲᠡᠣᠬᠡ ᠶᠢᠨ ᠬᠠᠮᠢᠶᠠᠳᠠᠢ ᠪᠠ ᠪᠤᠰᠣᠳ ᠶᠡᠷᠦᠩᠬᠡᠶᠢᠯᠡᠭᠰᠡᠨ ᠠᠭᠤᠯᠭ᠎ᠠ ︵ᠵᠢᠷᠣᠭᠲᠦ ᠮᠡᠳᠡᠭᠡ᠂ | ᠵᠢᠷᠤᠭ ᠰᠡᠭᠦᠳᠡᠷ᠂ ᠸᠢᠳᠢᠤ᠋ ᠪᠢᠴᠢᠯᠭᠡ ᠶᠢ ᠪᠠᠭᠳᠠᠭᠠᠨ᠎ᠠ︶ 3000 ᠭᠠᠷᠣᠢ ᠬᠤᠪᠢ ᠪᠤᠢ᠃ | 2013——2018 ᠤᠨ ᠪᠤᠯᠳᠠᠯ᠎ᠠ ᠰᠦᠯᠵᠢᠶᠡᠨ ︵ᠰᠢᠨ᠎ᠡ ᠬᠠᠭᠤᠴᠢᠨ ᠰᠦᠯᠵᠢᠶ᠎ᠡ︶ ᠳᠤ ᠵᠢᠯ | ᠪᠦᠷᠢ 140 ᠲᠦᠮᠡᠨ ᠭᠠᠷᠣᠢ ᠦᠰᠦᠭ ᠤᠨ ᠠᠭᠤᠯᠭ᠎ᠠ ᠨᠡᠶᠢᠳᠡᠯᠡᠵᠤ᠂ ᠡᠬᠦᠨ ᠳᠤ᠄ ᠵᠢᠯ ᠪᠦᠷᠢ ᠮᠡᠳᠡᠭᠡ ᠮᠡᠳᠡᠭᠡᠯᠡᠯ | 800 ᠭᠠᠷᠣᠢ ᠬᠤᠪᠢ᠂ ᠵᠠᠰᠠᠭ ᠤᠨ ᠶᠠᠪᠣᠳᠠᠯ ᠢ ᠢᠯᠡ ᠪᠤᠯᠭᠠᠬᠤ 300 ᠭᠠᠷᠣᠢ ᠬᠤᠪᠢ᠂ ᠦᠢᠯᠡᠴᠢᠯᠡᠬᠡᠨ ᠤ | ᠲᠠᠪᠴᠠᠩ 200 ᠭᠠᠷᠣᠢ ᠬᠤᠪᠢ᠂ ᠰᠣᠶᠣᠯ ᠲᠡᠣᠬᠡ ᠶᠢᠨ ᠬᠠᠮᠢᠶᠠᠳᠠᠢ ᠪᠠ ᠪᠤᠰᠣᠳ ᠶᠡᠷᠦᠩᠬᠡᠶᠢᠯᠡᠭᠰᠡᠨ ᠠᠭᠤᠯᠭ᠎ᠠ ︵ | ᠵᠢᠷᠣᠭᠲᠦ ᠮᠡᠳᠡᠭᠡ᠂ ᠵᠢᠷᠤᠭ ᠰᠡᠭᠦᠳᠡᠷ᠂ ᠸᠢᠳᠢᠤ᠋ ᠪᠢᠴᠢᠯᠭᠡ ᠶᠢ ᠪᠠᠭᠳᠠᠭᠠᠨ᠎ᠠ︶ 2000 ᠭᠠᠷᠣᠢ ᠬᠤᠪᠢ ᠪᠤᠢ᠃ | ᠲᠠᠷᠣᠮ ᠤᠨ ᠲᠤᠭ᠎ᠠ᠄ ᠡᠳᠦᠷ ᠪᠦᠷᠢ ᠲᠤᠮᠳᠠᠴᠢ ᠪᠠᠷ 1000 ᠭᠠᠷᠣᠢ ᠬᠦᠮᠦᠨ ᠣᠳᠠᠭ᠎ᠠ ︵ᠸᠢᠴᠠᠲ | ᠣᠯᠠᠨ ᠨᠡᠶᠢᠲᠡ ᠶᠢᠨ ᠲᠠᠪᠴᠠᠩ ᠤᠨ ᠠᠭᠤᠯᠭ᠎ᠠ ᠶᠢ ᠪᠠᠭᠳᠠᠭᠠᠨ᠎ᠠ ︶᠃ ᠸᠢᠴᠠᠲ ᠣᠯᠠᠨ ᠨᠡᠶᠢᠲᠡ ᠶᠢᠨ ᠲᠠᠪᠴᠠᠩ ᠢ | ᠨᠡᠬᠡᠬᠡᠭᠰᠡᠨ ᠤ ᠲᠠᠷᠠᠭ᠎ᠠ ᠲᠠᠷᠣᠮ ᠤᠨ ᠲᠤᠭ᠎ᠠ ᠶᠡᠬᠡᠪᠡᠷ ᠨᠡᠮᠡᠭᠳᠡᠪᠡ᠃ ︽ᠲᠡᠯᠡᠬᠡᠢ ᠶᠢᠨ ᠬᠠᠷᠠᠭᠠᠨ ᠳᠤ ᠲᠡᠯᠭᠡᠭᠳᠡᠭᠰᠡᠨ | ᠲᠡᠯᠭᠡᠷ ᠮᠤᠩᠭᠤᠯ ᠵᠢᠷᠤᠭ︾᠂ ︽ᠬᠡᠰᠢᠭᠳᠡᠨ ᠲᠠᠪᠣᠨ ᠬᠠᠶᠢᠷᠠᠬᠠᠨ︾ ᠵᠡᠷᠭᠡ ᠠᠭᠤᠯᠭ᠎ᠠ ᠶᠢᠨ ᠲᠠᠷᠣᠮ ᠤᠨ ᠲᠤᠭ᠎ᠠ | 10000 ᠶᠢ ᠲᠠᠪᠠᠭᠰᠠᠨ ᠪᠠᠶᠢᠨ᠎ᠠ᠃ | ᠸᠢᠴᠠᠲ ᠣᠯᠠᠨ ᠨᠡᠶᠢᠲᠡ ᠶᠢᠨ ᠲᠠᠪᠴᠠᠩ᠄ ᠭᠠᠷᠠᠭ ᠪᠦᠷᠢ 2——3 ᠰᠢᠨ᠎ᠡ ᠠᠭᠤᠯᠭ᠎ᠠ | ᠨᠡᠶᠢᠳᠡᠯᠡᠨ᠂ ᠸᠢᠴᠠᠲ ᠣᠯᠠᠨ ᠨᠡᠶᠢᠲᠡ ᠶᠢᠨ ᠲᠠᠪᠴᠠᠩ ᠢ ᠰᠦᠯᠵᠢᠶᠡᠨ ᠤ ᠣᠣᠯ ᠠᠭᠤᠯᠭ᠎ᠠ ᠲᠠᠢ ᠬᠤᠯᠪᠤᠵᠦ᠂ | ᠰᠦᠯᠵᠢᠶ᠎ᠡ ᠪᠠ ᠣᠯᠠᠨ ᠨᠡᠶᠢᠲᠡ ᠶᠢᠨ ᠲᠠᠪᠴᠠᠩ ᠤᠨ ᠡᠷᠬᠢᠯᠲᠡ ᠶᠢ ᠲᠦᠷᠭᠡᠳᠬᠡᠵᠦ᠂ ᠰᠦᠯᠵᠢᠶ᠎ᠡ ᠠᠰᠢᠭᠯᠠᠭᠴᠢᠳ | ᠲᠤ ᠲᠦᠭᠦᠮ ᠦᠵᠡᠭᠦᠯᠪᠡ᠃ | | | | | | |