| | | ᠨᠢᠭᠡ ᠳᠤ ᠵᠢᠭᠡᠯᠡᠯᠭᠡ ᠶᠢᠨ ᠲᠡᠮᠳᠡᠭᠲᠦ ᠶᠢ ᠣᠯᠬᠤ ᠪᠠᠷ ᠢᠳᠡᠪᠬᠢᠲᠡᠢ ᠲᠡᠮᠡᠴᠡᠪᠡ᠃ 2017 ᠣᠨ ᠳᠤ | ᠵᠠᠰᠠᠭ ᠤᠨ ᠣᠷᠳᠣᠨ ᠤ ᠴᠢᠨᠠᠷᠲᠠᠢ ᠵᠢᠭᠡᠯᠡᠯᠭᠡ ᠶᠢᠨ ᠲᠡᠮᠳᠡᠭᠲᠦ ᠶᠢ ᠨᠢᠭᠡᠨᠲᠡ 32700 ᠲᠦᠮᠡᠨ ᠲᠥᠭᠦᠷᠢᠭ | ᠨᠠᠶᠢᠳᠠᠪᠤᠷᠢᠵᠢᠭᠤᠯᠵᠤ᠂ ᠡᠭᠦᠨ ᠳᠤ 20000 ᠲᠦᠮᠡᠨ ᠲᠥᠭᠦᠷᠢᠭ ᠤᠨ ᠵᠠᠰᠠᠭ ᠤᠨ ᠣᠷᠳᠣᠨ ᠤ ᠴᠢᠨᠠᠷᠲᠠᠢ | ᠵᠢᠭᠡᠯᠡᠯᠭᠡ ᠶᠢᠨ ᠲᠡᠮᠳᠡᠭᠲᠦ ᠰᠢᠨ᠎ᠡ ᠪᠠᠷ ᠨᠡᠮᠡᠭᠳᠡᠵᠦ ᠂ 12700 ᠲᠦᠮᠡᠨ ᠲᠥᠭᠦᠷᠢᠭ ᠤᠨ ᠵᠠᠰᠠᠭ ᠤᠨ ᠣᠷᠳᠣᠨ ᠤ | ᠴᠢᠨᠠᠷᠲᠠᠢ ᠵᠢᠭᠡᠯᠡᠯᠭᠡ ᠶᠢᠨ ᠲᠡᠮᠳᠡᠭᠲᠦ ᠶᠢ ᠰᠣᠯᠢᠭᠰᠠᠨ ᠪᠠᠶᠢᠨ᠎ᠠ᠃ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠪᠠᠷ | ᠳᠠᠮᠵᠢᠭᠤᠯᠤᠨ᠂ ᠥᠷᠢ ᠲᠥᠯᠥᠬᠦ ᠪᠡᠯᠡ ᠮᠥᠩᠭᠦᠨ ᠤ ᠳᠤᠲᠠᠭᠤᠳᠠᠯ ᠢ ᠨᠥᠬᠦᠪᠦᠷᠢᠯᠡᠨ᠂ ᠨᠡᠶᠢᠭᠡᠮ ᠤᠨ ᠠᠮᠤᠷ | ᠲᠣᠭᠲᠠᠭᠤᠨ ᠢ ᠬᠠᠮᠠᠭᠠᠯᠠᠵᠤ᠂ ᠮᠠᠨ ᠤ ᠬᠤᠰᠢᠭᠤᠨ ᠤ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠪᠦᠲᠦᠮᠵᠢᠲᠡᠢ ᠲᠦᠯᠬᠢᠨ ᠠᠬᠢᠭᠤᠯᠪᠠ᠃ | ᠬᠤᠶᠠᠷ ᠲᠤ 2017 ᠣᠨ ᠳᠤ ᠪᠠᠶᠢᠰᠢᠩ ᠭᠡᠷ ᠤᠨ ᠲᠣᠭᠤᠷᠢᠭ ᠢ ᠦᠭᠡᠷᠡᠴᠢᠯᠡᠬᠦ ᠵᠡᠷᠭᠡ ᠲᠥᠷᠥᠯ | ᠵᠦᠢᠯ ᠳᠤ 26.13 ᠳ᠋ᠦᠩᠰᠢᠭᠤᠷ ᠲᠥᠭᠦᠷᠢᠭ ᠤᠨ ᠪᠡᠯᠡ ᠬᠤᠷᠠᠮᠳᠤᠭᠤᠯᠤᠨ᠂ 13.23 ᠳ᠋ᠦᠩᠰᠢᠭᠤᠷ | ᠲᠥᠭᠦᠷᠢᠭ ᠢ ᠨᠢ ᠨᠠᠶᠢᠳᠠᠪᠤᠷᠢᠵᠢᠭᠤᠯᠤᠭᠰᠠᠨ ᠪᠥᠭᠡᠳ ᠪᠦᠬᠦᠨ ᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ | ᠣᠷᠣᠭᠤᠯᠵᠤ᠂ ᠮᠠᠨ ᠤ ᠬᠤᠰᠢᠭᠤᠨ ᠤ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠨᠥᠬᠦᠴᠡᠯ ᠢ | ᠰᠠᠶᠢᠵᠢᠷᠠᠭᠤᠯᠪᠠ᠃ | ᠭᠤᠷᠪᠠ ᠳᠤ ᠤᠲᠤᠬᠠᠨ ᠤ ᠮᠠᠨ ᠤ ᠬᠤᠰᠢᠭᠤᠨ ᠤ ᠵᠠᠰᠠᠭ ᠤᠨ ᠤᠷᠲᠦᠨ ᠤ ᠴᠢᠨᠠᠷᠲᠠᠢ ᠦᠷᠢ | ᠵᠢᠭᠡᠯᠡᠯᠭᠡ ᠶᠢᠨ ᠶᠡᠷᠦᠩᠭᠡᠢ ᠬᠡᠪᠴᠢᠶ᠎ᠡ ᠶᠢ ᠨᠠᠷᠢᠨ ᠤᠶᠢᠯᠠᠭᠠᠵᠤ᠂ ᠰᠢᠰᠲ᠋ᠧᠮ ᠤᠨ ᠭᠠᠳᠠᠨᠠᠬᠢ ᠦᠷᠢ ᠥᠭᠴᠡᠭᠡ ᠶᠢᠨ | ᠪᠡᠯᠡ ᠬᠤᠷᠠᠮᠲᠤᠭᠤᠯᠬᠤ ᠳᠤᠮᠳᠠ ᠤᠷᠲᠦ ᠬᠤᠭᠤᠴᠠᠭ᠎ᠠ ᠶᠢᠨ ᠵᠢᠭᠡᠯᠡᠯᠭᠡ ᠪᠤᠴᠠᠭᠠᠬᠤ ᠲᠦᠯᠦᠪᠯᠡᠭᠡ ᠲᠤᠭᠲᠠᠭᠠᠵᠤ᠂ | ᠵᠠᠰᠠᠭ ᠤᠨ ᠤᠷᠲᠦᠨ ᠤ ᠴᠢᠨᠠᠷᠲᠠᠢ ᠦᠷᠢ ᠦᠭᠴᠡᠭᠡᠨ ᠤ ᠳᠤᠮᠳᠠ ᠤᠷᠲᠦ ᠬᠤᠭᠤᠴᠠᠭᠠᠨ ᠤ ᠵᠢᠭᠡᠯᠡᠯᠭᠡ ᠪᠤᠴᠠᠭᠠᠬᠤ | ᠬᠠᠷᠢᠭᠤᠴᠠᠯᠭ᠎ᠠ ᠶᠢ ᠲᠤᠲᠤᠷᠬᠠᠶᠢᠯᠠᠵᠤ᠂ ᠰᠤᠯᠢᠬᠤ ᠴᠢᠨᠠᠷᠲᠠᠢ ᠦᠷᠢ ᠥᠭᠴᠡᠭᠡ ᠶᠢ ᠲᠡᠮᠡᠴᠡᠨ ᠤᠯᠬᠤ ᠪᠠᠷ | ᠵᠠᠰᠠᠭ ᠤᠨ ᠤᠷᠲᠦᠨ ᠤ ᠴᠢᠨᠠᠷᠲᠠᠢ ᠦᠷᠢ ᠵᠢᠭᠡᠯᠡᠯᠭᠡ ᠶᠢ ᠰᠢᠢᠳᠪᠦᠷᠢᠯᠡᠬᠦ ᠳᠤ ᠰᠠᠭᠤᠷᠢ ᠳᠠᠯᠪᠢᠭᠰᠠᠨ ᠪᠠᠶᠢᠨ᠎ᠠ᠃ |