| | | | | ᠨᠢᠭᠡ ᠳᠤ ᠨᠡᠶᠢᠭᠡᠮ ᠤᠨ ᠪᠠᠲᠤᠯᠠᠭ᠎ᠠ ᠶᠢᠨ ᠪᠡᠯᠡ ᠮᠦᠩᠭᠦᠨ ᠤ ᠬᠦᠳᠡᠯᠦᠩᠭᠦᠢ ᠬᠠᠮᠢᠶᠠᠷᠦᠯᠲᠠ ᠶᠢ | ᠴᠢᠩᠭᠠᠳᠬᠠᠵᠤ᠂ ᠨᠡᠶᠢᠭᠡᠮᠴᠢᠯᠡᠨ ᠤᠯᠭᠤᠬᠤ ᠶᠢ ᠪᠡᠶᠡᠯᠡᠭᠦᠯᠦᠭᠰᠡᠨ ᠪᠠᠶᠢᠨ᠎ᠠ᠃ ᠬᠤᠳᠠ ᠪᠠᠯᠭᠠᠰᠦᠨ ᠤ ᠬᠠᠮᠤᠭ | ᠨᠠᠭᠠᠲᠦ ᠵᠠᠬ᠎ᠠ ᠶᠢᠨ ᠠᠮᠢᠲᠦᠷᠠᠯ ᠤᠨ ᠪᠠᠲᠤᠯᠠᠭ᠎ᠠ ᠶᠢᠨ ᠪᠡᠯᠡ ᠮᠦᠩᠬᠦ ᠶᠢ 1251.53 ᠲᠦᠮᠡᠨ ᠲᠦᠭᠦᠷᠢᠭ ᠰᠠᠯᠭᠠᠨ | ᠦᠭᠴᠦ᠂ ᠬᠦᠳᠡᠭᠡ ᠲᠤᠰᠬᠤᠨ ᠤ ᠬᠠᠮᠤᠭ ᠨᠠᠭᠠᠲᠦ ᠵᠠᠬ᠎ᠠ ᠶᠢᠨ ᠠᠮᠢᠲᠦᠷᠠᠯ ᠤᠨ ᠪᠠᠲᠤᠯᠠᠭ᠎ᠠ ᠶᠢᠨ ᠪᠡᠯᠡ ᠮᠦᠩᠬᠦ ᠶᠢ | 3792.36 ᠲᠦᠮᠡᠨ ᠲᠦᠭᠦᠷᠢᠭ ᠰᠠᠯᠭᠠᠨ ᠦᠭᠴᠦ᠂ ᠬᠦᠳᠡᠭᠡ ᠲᠤᠰᠬᠤᠨ ᠵᠢᠴᠢ ᠬᠤᠳᠠ ᠪᠠᠯᠭᠠᠰᠦᠨ ᠤ | ᠰᠠᠭᠤᠭᠠᠯᠢ ᠠᠷᠠᠳ ᠤᠨ ᠨᠡᠶᠢᠭᠡᠮ ᠤᠨ ᠨᠠᠰᠦᠵᠢᠯ ᠤᠨ ᠳᠠᠭᠠᠳᠬᠠᠯ ᠤᠨ ᠮᠦᠩᠬᠦ ᠶᠢ 3988.28 ᠲᠦᠮᠡᠨ | ᠲᠦᠭᠦᠷᠢᠭ ᠰᠠᠯᠭᠠᠨ ᠦᠭᠭᠦᠭᠰᠡᠨ ᠪᠠᠶᠢᠨ᠎ᠠ᠃ ᠬᠦᠳᠡᠭᠡ ᠲᠤᠰᠬᠤᠨ ᠤ ᠳᠠᠪᠤᠨ ᠪᠠᠲᠦᠯᠠᠭᠠᠲᠦ ᠡᠷᠦᠬᠡ ᠶᠢ ᠠᠰᠠᠷᠠᠨ | ᠳᠡᠳᠬᠦᠬᠦ᠂ ︽ᠭᠤᠷᠪᠠ ᠦᠬᠡᠢ︾ ᠠᠰᠠᠷᠠᠨ ᠳᠡᠳᠬᠦᠭᠦᠯᠬᠦ ᠬᠦᠮᠦᠰ ᠤᠨ ᠨᠦᠭᠦᠪᠦᠷᠢ᠂ ᠦᠨᠦᠴᠢᠨ ᠬᠡᠤᠭᠡᠳ ᠢ | ᠲᠡᠵᠢᠭᠡᠨ ᠦᠰᠬᠡᠬᠦ ᠨᠦᠬᠦᠪᠦᠷᠢ᠂ ︽ᠭᠤᠷᠪᠠᠨ ᠲᠦᠷᠦᠯ ᠤᠨ ᠬᠦᠮᠦᠰ︾ ᠤᠨ ᠲᠤᠭᠲᠠᠭᠰᠠᠨ ᠬᠤᠭᠤᠴᠠᠭ᠎ᠠ | ᠲᠤᠭᠲᠠᠭᠰᠠᠨ ᠬᠡᠮᠵᠢᠶᠡᠨ ᠤ ᠨᠦᠬᠦᠪᠦᠷᠢ᠂ ᠦᠨᠲᠦᠷ ᠨᠠᠰᠦᠨ ᠤ ᠨᠦᠬᠦᠪᠦᠷᠢ᠂ ᠠᠰᠠᠷᠠᠮᠵᠢ ᠬᠠᠷᠠᠭᠠᠯᠵᠠᠯ ᠤᠨ ᠮᠦᠩᠬᠦ᠂ | ᠬᠦᠨᠲᠦ ᠵᠡᠮᠳᠡᠭ ᠬᠦᠮᠦᠨ ᠤ ᠠᠰᠠᠷᠠᠨ ᠰᠤᠪᠢᠯᠠᠬᠤ ᠨᠦᠭᠦᠪᠦᠷᠢ᠂ ᠬᠦᠴᠢᠷᠲᠠᠢ ᠵᠡᠮᠳᠡᠭ ᠬᠦᠮᠦᠨ ᠤ ᠠᠮᠢᠲᠦᠷᠠᠯ ᠤᠨ | ᠨᠦᠬᠦᠪᠦᠷᠢ ᠵᠡᠷᠭᠡ ᠨᠡᠶᠢᠭᠡᠮ ᠤᠨ ᠳᠠᠭᠠᠳᠬᠠᠯ ᠤᠨ ᠪᠡᠯᠡ ᠮᠦᠩᠭᠦ ᠶᠢ ᠴᠠᠭ ᠲᠤᠬᠠᠢ ᠳᠤ ᠨᠢ ᠲᠤᠭ᠎ᠠ ᠶᠤᠰᠤᠭᠠᠷ | ᠲᠠᠷᠬᠠᠭᠠᠭᠰᠠᠨ ᠪᠠᠶᠢᠨ᠎ᠠ᠃ | ᠬᠤᠶᠠᠷ ᠲᠤ ᠵᠠᠮ ᠬᠠᠷᠢᠯᠴᠠᠭᠠᠨ ᠤ ᠠᠪᠤᠷᠠᠨ ᠳᠤᠰᠠᠯᠠᠬᠤ ᠰᠠᠭᠤᠷᠢ ᠮᠦᠩᠭᠦᠨ ᠤ ᠲᠦᠷᠢᠮ ᠢ | ᠪᠠᠶᠢᠭᠤᠯᠤᠭᠰᠠᠨ ᠪᠠᠶᠢᠨ᠎ᠠ᠃ ᠵᠠᠮ ᠬᠠᠷᠢᠯᠴᠠᠭᠠᠨ ᠤ ᠠᠪᠤᠷᠠᠨ ᠳᠤᠰᠠᠯᠠᠬᠤ ᠰᠠᠭᠤᠷᠢ ᠮᠦᠩᠭᠦᠨ ᠤ ᠳᠤᠰᠬᠠᠢ | ᠡᠷᠦᠬᠡ ᠶᠢᠨ ᠤᠷᠤᠯᠭ᠎ᠠ 124.87 ᠲᠦᠮᠡᠨ ᠲᠦᠭᠦᠷᠢᠭ ᠲᠤ ᠬᠦᠷᠦᠭᠰᠡᠨ ᠪᠠᠶᠢᠨ᠎ᠠ᠃ | ᠭᠤᠷᠪᠠ ᠳᠤ ᠤᠯᠠᠨ ᠢᠶᠠᠷ ᠢᠶᠠᠨ ᠤᠶᠢᠯᠡᠰ ᠪᠤᠰᠬᠠᠵᠤ᠂ ᠪᠦᠭᠦᠳᠡᠭᠡᠷ ᠢᠶᠠᠷ ᠢᠶᠠᠨ ᠰᠢᠨ᠎ᠡ ᠶᠢ ᠡᠭᠦᠳᠬᠦ ᠶᠢ | ᠢᠳᠡᠪᠭᠢᠲᠠᠢ ᠳᠡᠮᠵᠢᠭᠰᠡᠨ ᠪᠠᠶᠢᠨ᠎ᠠ᠃ ᠡᠳ᠋ ᠤᠨ ᠵᠠᠰᠠᠭ ᠠᠴᠠ ᠬᠦᠦ ᠮᠦᠩᠭᠦ ᠶᠢ ᠨᠦᠬᠦᠪᠦᠷᠢᠯᠡᠬᠦ ᠤᠶᠢᠯᠡᠰ | ᠪᠤᠰᠬᠠᠬᠤ ᠶᠢ ᠵᠤᠷᠢᠭᠵᠢᠭᠤᠯᠬᠤ ᠪᠠᠭ᠎ᠠ ᠲᠤᠭᠠᠨ ᠤ ᠪᠠᠲᠤᠯᠠᠭᠠᠲᠦ ᠵᠢᠭᠡᠯᠡᠯᠭᠡ ᠪᠠᠷ 134 ᠡᠷᠦᠬᠡ ᠶᠢᠨ ᠤᠶᠢᠯᠡᠰ | ᠪᠤᠰᠬᠠᠬᠤ ᠴᠢᠳᠠᠪᠤᠷᠢ ᠲᠠᠢ ᠶᠡᠭᠡ ᠳᠡᠭᠡᠲᠦ ᠳᠤᠮᠳᠠᠲᠦ ᠵᠡᠷᠭᠡ ᠶᠢᠨ ᠳᠤᠰᠬᠠᠢ ᠮᠡᠷᠭᠡᠵᠢᠯ ᠤᠨ ᠰᠤᠷᠭᠠᠭᠤᠯᠢ ᠠᠴᠠ | ᠳᠡᠭᠦᠰᠦᠭᠰᠡᠨ ᠤᠶᠤᠲᠠᠨ᠂ ᠭᠦᠯᠦᠰᠦᠨ ᠠᠵᠢᠯᠴᠢᠨ᠂ ᠬᠠᠯᠠᠭᠳᠠᠭᠰᠠᠨ ᠪᠠ ᠰᠢᠯᠵᠢᠭᠰᠡᠨ ᠴᠡᠷᠢᠭ᠂ ᠠᠵᠢᠯ ᠤᠨ | ᠪᠠᠶᠢᠷᠢ ᠠᠴᠠ ᠪᠠᠨ ᠪᠠᠭᠤᠵᠤ ᠠᠵᠢᠯ ᠠᠯᠳᠠᠭᠰᠠᠳ ᠲᠤ ᠪᠠᠭ᠎ᠠ ᠲᠤᠭᠠᠨ ᠤ ᠪᠠᠲᠤᠯᠠᠭᠠᠲᠦ ᠵᠢᠭᠡᠯᠡᠯᠭᠡ ᠶᠢ 985 | ᠲᠦᠮᠡᠨ ᠲᠦᠭᠦᠷᠢᠭ ᠲᠠᠷᠬᠠᠭᠠᠭᠰᠠᠨ ᠪᠠᠶᠢᠨ᠎ᠠ᠃ |