ᠭᠤᠷᠪᠠᠨ ᠲᠠᠷᠢᠶᠠᠯᠠᠩ ᠎ ︵2017 ᠣᠨ ᠤ 1—10 ᠳ᠋ᠤᠭᠠᠷ ᠰᠠᠷ᠎ᠠ︶
ᠨᠡᠶᠢᠲᠡᠯᠡᠭᠰᠡᠨ ᠴᠠᠭ᠄
2018/11/7
      ᠨᠢᠭᠡ ᠳᠤ ᠲᠠᠷᠢᠶᠠᠯᠠᠩ ᠤᠨ ᠲᠦᠷᠦᠯ ᠵᠦᠢᠯ ᠤᠨ ᠬᠦᠮᠦᠷᠭᠡ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠦᠷ ᠬᠢᠭᠰᠡᠨ ᠪᠠᠶᠢᠨ᠎ᠠ᠃ ᠲᠦᠷᠦᠯ ᠵᠦᠢᠯ ᠤᠨ ᠬᠦᠮᠦᠷᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠢᠳᠡᠪᠭᠢᠲᠠᠢ ᠦᠷᠨᠢᠭᠦᠯᠵᠦ᠂ ᠨᠡᠶᠢᠳᠡ ᠳᠡᠭᠡᠭᠰᠢ ᠮᠡᠳᠡᠭᠦᠯᠦᠭᠰᠡᠨ ᠨᠡᠷᠡᠲᠦ᠂ ᠰᠢᠯᠢᠳᠡᠭ᠂ ᠤᠨᠴᠠ᠂ ᠰᠢᠨ᠎ᠡ ᠵᠡᠷᠭᠡ ᠲᠦᠷᠦᠯ ᠵᠦᠢᠯ ᠤᠨ ᠬᠦᠮᠦᠷᠭᠡ ᠳᠤ ᠤᠷᠤᠭᠤᠯᠬᠤ ᠲᠦᠷᠦᠯ ᠵᠦᠢᠯ ᠵᠢᠴᠢ ᠬᠦᠮᠦᠷᠭᠡ ᠳᠤ ᠤᠷᠤᠭᠤᠯᠬᠤ ᠨᠡᠷᠡᠰ ᠨᠡᠶᠢᠳᠡ 35 ᠪᠠᠶᠢᠵᠦ᠂ ᠮᠠᠨ ᠤ ᠬᠤᠰᠢᠭᠤᠨ ᠤ ᠳᠡᠭᠡᠲᠦ ᠱᠠᠲᠦᠨ ᠤ ᠪᠡᠯᠡ ᠮᠦᠩᠭᠦᠨ ᠤ ᠳᠡᠮᠵᠢᠯᠭᠡ ᠶᠢ ᠢᠳᠡᠪᠭᠢᠲᠠᠢ ᠲᠡᠮᠡᠴᠡᠨ ᠤᠯᠬᠤ ᠳᠤ ᠪᠠᠲᠦ ᠪᠠᠬᠢ ᠰᠠᠭᠤᠷᠢ ᠶᠢ ᠲᠠᠯᠪᠢᠵᠦ᠂ ᠮᠠᠨ ᠤ ᠬᠤᠰᠢᠭᠤᠨ ᠤ ᠮᠠᠯᠵᠢᠬᠤ ᠲᠠᠷᠢᠶᠠᠯᠠᠬᠤ ᠤᠷᠤᠨ ᠤ ᠠᠵᠦ ᠠᠬᠤᠢ ᠶᠢᠨ ᠭᠦᠭᠵᠢᠯᠳᠡ ᠬᠢᠭᠡᠳ ᠮᠠᠯᠴᠢᠨ ᠲᠠᠷᠢᠶᠠᠴᠢᠨ ᠤ ᠤᠷᠤᠯᠭ᠎ᠠ ᠶᠢ ᠨᠡᠮᠡᠭᠳᠡᠭᠦᠯᠬᠦ ᠳᠤ ᠬᠦᠴᠦᠨ ᠨᠦᠭᠡᠴᠡᠯᠡᠭᠰᠡᠨ ᠪᠠᠶᠢᠨ᠎ᠠ᠃       ᠬᠤᠶᠠᠷ ᠲᠤ ᠲᠠᠷᠢᠶᠠᠯᠠᠩ ᠳᠤ ᠬᠤᠯᠪᠤᠭᠳᠠᠬᠤ ᠪᠡᠯᠡ ᠮᠦᠩᠭᠦ ᠶᠢ ᠴᠠᠭ ᠲᠤᠬᠠᠢ ᠳᠤ ᠨᠢ ᠲᠠᠷᠬᠠᠭᠠᠬᠤ ᠶᠢ ᠪᠠᠲᠤᠯᠠᠭᠰᠠᠨ ᠪᠠᠶᠢᠨ᠎ᠠ᠃ ᠡᠳ᠋ ᠤᠨ ᠵᠠᠰᠠᠭ ᠤᠨ ᠲᠠᠷᠢᠶᠠᠯᠠᠩ ᠢ ᠬᠠᠷᠠᠭᠠᠯᠵᠠᠬᠤ ︽ᠨᠢᠭᠡ ᠺᠠᠷᠲ ᠢᠶᠠᠷ ᠨᠡᠪᠳᠡᠷᠡᠬᠦ︾᠎ ᠪᠠᠷ ᠲᠠᠷᠢᠶᠠᠯᠠᠩ ᠢ ᠬᠠᠷᠠᠭᠠᠯᠵᠠᠬᠤ ᠪᠡᠯᠡ ᠮᠦᠩᠭᠦ ᠶᠢ 63930 ᠲᠦᠮᠡᠨ ᠲᠦᠭᠦᠷᠢᠭ ᠲᠠᠷᠬᠠᠭᠠᠵᠤ᠂ ᠨᠡᠶᠢᠲᠡ 42 ᠲᠦᠮᠡᠨ ᠬᠦᠮᠦᠨ ᠤᠳᠠᠭ᠎ᠠ ᠲᠠᠷᠬᠠᠭᠠᠵᠤ᠂ ᠨᠦᠬᠦᠪᠦᠷᠢ ᠶᠢᠨ ᠲᠦᠷᠦᠯ ᠵᠦᠢᠯ ᠨᠢ 25 ᠶᠡᠭᠡ ᠲᠦᠷᠦᠯ᠂ 61 ᠪᠠᠭ᠎ᠠ ᠲᠦᠷᠦᠯ ᠳᠤ ᠬᠤᠯᠪᠤᠭᠳᠠᠭᠰᠠᠨ ᠪᠠᠶᠢᠨ᠎ᠠ᠃ ᠮᠠᠯ ᠲᠠᠷᠢᠶᠠᠯᠠᠩ ᠢ ᠬᠠᠷᠠᠭᠠᠯᠵᠠᠬᠤ ᠪᠡᠯᠡ ᠮᠦᠩᠭᠦ ᠶᠢ ᠴᠠᠭ ᠲᠤᠬᠠᠢ ᠳᠤ ᠎ ᠨᠢ ᠲᠤᠭ᠎ᠠ ᠶᠤᠰᠤᠭᠠᠷ ᠲᠠᠷᠬᠠᠭᠠᠬᠤ ᠪᠠᠷ ᠳᠠᠮᠵᠢᠭᠤᠯᠤᠨ᠂ ᠮᠠᠯᠴᠢᠨ ᠲᠠᠷᠢᠶᠠᠴᠢᠨ ᠤ ᠤᠶᠢᠯᠡᠳᠪᠦᠷᠢᠯᠡᠯ ᠠᠮᠢᠲᠦᠷᠠᠯ ᠤᠨ ᠢᠳᠡᠪᠭᠢᠲᠦ ᠴᠢᠨᠠᠷ ᠢ ᠲᠠᠶᠢᠴᠢᠯᠠᠵᠤ᠂ ᠮᠠᠯᠴᠢᠨ ᠲᠠᠷᠢᠶᠠᠴᠢᠨ ᠤ ᠲᠤᠭᠲᠠᠭᠤᠨ ᠢᠶᠠᠷ ᠶᠠᠳᠠᠭᠤ ᠠᠴᠠ ᠠᠩᠭᠢᠵᠢᠷᠠᠬᠤ ᠳᠤ ᠪᠠᠲᠤᠯᠠᠭ᠎ᠠ ᠬᠠᠩᠭᠠᠭᠰᠠᠨ ᠪᠠᠶᠢᠨ᠎ᠠ᠃       ᠭᠤᠷᠪᠠ ᠳᠤ ᠲᠠᠷᠢᠶᠠᠯᠠᠩ ᠢ ᠳᠡᠮᠵᠢᠬᠦ ᠪᠡᠯᠡ ᠮᠦᠩᠭᠦ ᠶᠢ ᠲᠤᠭ᠎ᠠ ᠶᠤᠰᠤᠭᠠᠷ ᠰᠠᠯᠭᠠᠨ ᠦᠭᠭᠦᠭᠰᠡᠨ ᠪᠠᠶᠢᠨ᠎ᠠ ᠃ ᠲᠠᠷᠢᠶᠠᠯᠠᠩ ᠢ ᠳᠡᠮᠵᠢᠬᠦ ᠪᠡᠯᠡ ᠮᠦᠩᠭᠦ ᠶᠢ ᠨᠡᠶᠢᠳᠡ 44244.9 ᠲᠦᠮᠡᠨ ᠲᠦᠭᠦᠷᠢᠭ ᠰᠠᠯᠭᠠᠨ ᠦᠭᠴᠦ᠂ ᠨᠤᠲᠤᠭ ᠪᠡᠯᠴᠢᠭᠡᠷ ᠤᠨ ᠡᠷᠭᠡ ᠶᠢ ᠲᠤᠭᠲᠠᠭᠠᠭᠰᠠᠨ ᠤ ᠳᠠᠷᠠᠭᠠᠬᠢ ᠪᠡᠯᠴᠢᠭᠡᠷ ᠬᠠᠲᠤᠯᠠᠩ ᠤᠨ ᠨᠦᠭᠦᠪᠦᠷᠢ᠂ ᠮᠠᠯᠴᠢᠨ ᠲᠠᠷᠢᠶᠠᠴᠢᠨ ᠤ ᠶᠠᠳᠠᠭᠤ ᠶᠢ ᠳᠡᠳᠬᠦᠬᠦ ᠪᠡᠯᠡ ᠮᠦᠩᠭᠦ᠂ ᠲᠠᠷᠢᠶᠠᠯᠠᠬᠤ ᠶᠢ ᠵᠤᠭᠰᠤᠭᠠᠵᠤ ᠤᠶᠢᠵᠢᠭᠤᠯᠬᠤ ᠨᠦᠭᠦᠪᠦᠷᠢ ᠶᠢ ᠴᠦᠮ ︽ᠨᠢᠭᠡ ᠺᠠᠷᠲ ᠢᠶᠠᠷ ᠨᠡᠪᠳᠡᠷᠡᠬᠦ︾᠎ ᠪᠠᠷ ᠲᠠᠷᠬᠠᠭᠠᠭᠰᠠᠨ ᠪᠠᠶᠢᠨ᠎ᠠ᠃ ᠲᠦᠷᠪᠡ ᠳᠤ ᠠᠷᠪᠠ ᠶᠢ ᠪᠦᠷᠬᠦᠬᠦᠯᠬᠦ ᠪᠡᠯᠡ ᠤᠷᠤᠭᠤᠯᠤᠯᠲᠠ ᠶᠢᠨ ᠪᠠᠶᠢᠳᠠᠯ ᠢ ᠨᠠᠷᠢᠨ ᠤᠶᠢᠯᠠᠭᠠᠭᠰᠠᠨ ᠪᠠᠶᠢᠨ᠎ᠠ᠃ ᠪᠦᠬᠦ ᠬᠤᠰᠢᠭᠤ ᠠᠷᠪᠠ ᠶᠢ ᠪᠦᠷᠬᠦᠭᠦᠯᠬᠦ ᠳᠤ ᠨᠡᠶᠢᠳᠡ 322915.57 ᠲᠦᠮᠡᠨ ᠲᠦᠭᠦᠷᠢᠭ ᠤᠨ ᠪᠡᠯᠡ ᠤᠷᠤᠭᠤᠯᠵᠤ᠂ ᠠᠷᠪᠠ ᠶᠢ ᠪᠦᠷᠭᠦᠭᠦᠯᠦᠭᠰᠡᠨ ᠦᠷᠢ ᠶᠢᠨ ᠶᠡᠷᠦᠩᠬᠡᠢ ᠲᠤᠭ᠎ᠠ 280371 ᠲᠦᠮᠡᠨ ᠲᠦᠭᠦᠷᠢᠭ ᠲᠤ ᠬᠦᠷᠴᠦ᠂ ᠳᠡᠭᠡᠲᠦ ᠱᠠᠲᠦᠨ ᠤ ᠡᠳ᠋ ᠤᠨ ᠵᠠᠰᠠᠭ ᠤᠨ ᠱᠠᠭᠠᠷᠳᠠᠯᠭ᠎ᠠ ᠶᠢ ᠦᠨᠲᠦᠰᠦᠯᠡᠵᠦ᠂ ᠠᠷᠪᠠ ᠶᠢ ᠪᠦᠷᠬᠦᠬᠦᠯᠬᠦ ᠦᠷᠢ ᠥᠭᠴᠡᠭᠡ ᠶᠢᠨ ᠪᠡᠯᠡ ᠮᠦᠩᠭᠦ ᠶᠢ ᠪᠤᠴᠠᠭᠠᠬᠤ ᠲᠦᠯᠦᠪᠯᠡᠭᠡ ᠲᠤᠭᠲᠠᠭᠠᠭᠰᠠᠨ ᠪᠠᠶᠢᠨ᠎ᠠ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号