ᠲᠦᠰᠦᠪ ᠤᠨ ᠬᠠᠮᠢᠶᠠᠷᠦᠯᠲᠠ ᠎ ︵2017 ᠣᠨ ᠤ 1—10 ᠳ᠋ᠤᠭᠠᠷ ᠰᠠᠷ᠎ᠠ︶
ᠨᠡᠶᠢᠲᠡᠯᠡᠭᠰᠡᠨ ᠴᠠᠭ᠄
2018/11/7
      ᠨᠢᠭᠡ ᠳᠤ ᠵᠠᠰᠠᠭ ᠤᠨ ᠤᠷᠲᠦᠨ ᠤ ᠬᠤᠳᠠᠯᠲᠤᠨ ᠠᠪᠬᠤ ᠦᠭᠡᠷᠡᠴᠢᠯᠡᠯᠳᠡ ᠶᠢ ᠦᠷᠭᠦᠯᠵᠢᠯᠡᠨ ᠠᠭᠢᠭᠤᠯᠤᠭᠰᠠᠨ ᠪᠠᠶᠢᠨ᠎ᠠ᠃ 2017 ᠤᠨ ᠤ 10 ᠰᠠᠷ᠎ᠠ ᠶᠢᠨ ᠰᠡᠭᠦᠯᠴᠢ ᠪᠤᠯᠲᠠᠯ᠎ᠠ᠂ ᠪᠤᠲᠠᠲᠠᠢ ᠬᠤᠳᠠᠯᠲᠤᠨ ᠠᠪᠤᠭᠰᠠᠨ ᠵᠤᠭᠤᠰᠦᠨ ᠲᠤᠭ᠎ᠠ 50,161.40 ᠲᠦᠮᠡᠨ ᠲᠦᠭᠦᠷᠢᠭ ᠪᠠᠶᠢᠵᠦ᠂ 2,059.58 ᠲᠦᠮᠡᠨ ᠲᠦᠭᠦᠷᠢᠭ ᠤᠨ ᠪᠡᠯᠡ ᠮᠦᠩᠭᠦ ᠠᠷᠪᠢᠯᠠᠵᠤ᠂ ᠪᠡᠯᠡ ᠮᠦᠩᠭᠦ ᠠᠷᠪᠢᠯᠠᠭᠰᠠᠨ ᠨᠤᠷᠮ᠎ᠠ 4.1% ᠪᠤᠯᠤᠨ᠎ᠠ᠃       ᠬᠤᠶᠠᠷ ᠲᠤ ᠠᠯᠪᠠᠨ ᠶᠠᠪᠤᠳᠠᠯ ᠤᠨ ᠺᠠᠷᠲ ᠤᠨ ᠦᠭᠡᠷᠡᠴᠢᠯᠡᠯᠳᠡ ᠶᠢ ᠦᠷᠭᠦᠯᠵᠢᠯᠡᠨ ᠠᠭᠢᠭᠤᠯᠤᠭᠰᠠᠨ ᠪᠠᠶᠢᠨ᠎ᠠ᠃ ᠡᠯ᠎ᠡ ᠲᠦᠰᠦᠪ ᠤᠨ ᠨᠢᠭᠡᠴᠡ᠂ ᠳᠤᠮᠳᠠᠲᠦ ᠤᠯᠤᠰ ᠤᠨ ᠠᠷᠠᠳ ᠤᠨ ᠪᠠᠩᠬᠢ᠂ ᠢᠳᠡᠬᠡᠮᠵᠢ ᠶᠢᠨ ᠬᠤᠯᠪᠤᠭᠠᠲᠦ ᠬᠤᠷᠰᠢᠶ᠎ᠠ ᠵᠢᠴᠢ ᠪᠦᠲᠦᠭᠡᠨ ᠪᠠᠶᠢᠭᠤᠯᠤᠯᠲᠠ ᠶᠢᠨ ᠪᠠᠩᠬᠢ ᠶᠢ ᠢᠳᠡᠪᠭᠢᠲᠠᠢ ᠵᠤᠭᠢᠴᠠᠭᠤᠯᠵᠤ᠂ ᠠᠯᠪᠠᠨ ᠶᠠᠪᠤᠳᠠᠯ ᠤᠨ ᠺᠠᠷᠲ ᠤᠨ ᠲᠤᠬᠠᠶᠢᠯᠠᠭᠰᠠᠨ ᠠᠵᠢᠯ ᠤᠨ ᠶᠠᠪᠤᠴᠠ ᠶᠢᠨ ᠰᠠᠭᠠᠳ ᠦᠬᠡᠢ ᠰᠢᠯᠤᠭᠤᠨ ᠪᠠᠶᠢᠬᠤ ᠶᠢ ᠴᠠᠭ ᠢᠮᠠᠭᠲᠠ ᠬᠠᠮᠠᠭᠠᠯᠠᠵᠤ᠂ ᠪᠦᠲᠦᠭᠡᠨ ᠪᠠᠶᠢᠭᠤᠯᠤᠯᠲᠠ ᠶᠢᠨ ᠪᠠᠩᠭᠢ ᠶᠢ ᠵᠤᠬᠢᠴᠠᠭᠤᠯᠤᠨ ᠠᠯᠪᠠᠨ ᠶᠠᠪᠤᠳᠠᠯ ᠤᠨ ᠬᠡᠷᠡᠭᠯᠡᠭᠡ ᠤᠯᠠᠨ ᠬᠤᠳᠠᠯᠲᠤᠭᠠᠨ ᠤ ᠡᠷᠦᠬᠡ ᠳᠤ POS ᠮᠠᠰᠢᠨ ᠤᠭᠰᠠᠷᠠᠨ ᠦᠭᠴᠦ᠂ ᠠᠯᠪᠠᠨ ᠶᠠᠪᠤᠳᠠᠯ ᠤᠨ ᠺᠠᠷᠲ ᠢᠶᠠᠷ ᠲᠤᠭᠠᠴᠠᠭ᠎ᠠ ᠬᠢᠬᠦ ᠶᠢ ᠠᠭᠢᠭᠤᠯᠤᠭᠰᠠᠨ ᠪᠠᠶᠢᠨ᠎ᠠ᠃         ᠭᠤᠷᠪᠠ ᠳᠤ ᠤᠯᠤᠰ ᠤᠨ ᠬᠦᠮᠦᠷᠭᠡ ᠠᠴᠠ ᠲᠦᠪᠯᠡᠷᠡᠭᠦᠯᠦᠨ ᠦᠭᠬᠦ ᠦᠭᠡᠷᠡᠴᠢᠯᠡᠯᠳᠡ ᠶᠢ ᠦᠷᠭᠦᠯᠵᠢᠯᠡᠨ ᠠᠭᠢᠭᠤᠯᠤᠭᠰᠠᠨ ᠪᠠᠶᠢᠨ᠎ᠠ᠃ ᠤᠯᠤᠰ ᠤᠨ ᠬᠦᠮᠦᠷᠭᠡ ᠶᠢᠨ ᠲᠦᠪᠯᠡᠷᠡᠭᠦᠯᠦᠨ ᠦᠭᠬᠦ ᠰᠢᠰᠲ᠋ᠧᠮ ᠢᠶᠠᠷ ᠳᠠᠮᠵᠢᠨ ᠠᠯᠪᠠᠨ ᠶᠠᠪᠤᠳᠠᠯ ᠤᠨ ᠺᠠᠷᠲ ᠤᠨ ᠬᠡᠷᠡᠭᠯᠡᠭᠡᠨ ᠢ 4103 ᠬᠤᠪᠢ ᠳᠠᠩᠰᠠ ᠠᠴᠠ ᠲᠠᠶᠢᠯᠵᠦ᠂ ᠭᠡᠷᠡᠭᠯᠡᠭᠡᠨ ᠤ ᠨᠡᠶᠢᠳᠡ ᠵᠤᠭᠤᠰ ᠤᠨ ᠲᠤᠭ᠎ᠠ 396.86 ᠲᠦᠮᠡᠨ ᠲᠦᠭᠦᠷᠢᠭ ᠪᠤᠯᠤᠨ᠎ᠠ᠃ ᠲᠦᠪᠯᠡᠷᠡᠭᠦᠯᠦᠨ ᠦᠭᠬᠦ ᠰᠢᠰᠲ᠋ᠧᠮ ᠢᠶᠠᠷ ᠳᠠᠮᠵᠢᠨ ᠪᠡᠯᠡ ᠮᠦᠩᠭᠦ ᠶᠢ ᠨᠡᠶᠢᠳᠡ 5822 ᠬᠤᠪᠢ ᠰᠠᠯᠭᠠᠨ ᠦᠭᠴᠦ᠂ ᠡᠭᠦᠨ ᠳᠤ ᠡᠳ᠋ ᠤᠨ ᠵᠠᠰᠠᠭ ᠠᠴᠠ ᠡᠷᠭᠡ ᠤᠯᠭᠤᠨ ᠦᠭᠭᠦᠭᠰᠡᠨ ᠨᠢ 1736 ᠬᠤᠪᠢ᠂ ᠰᠠᠯᠭᠠᠨ ᠦᠭᠭᠦᠭᠰᠡᠨ  ᠵᠤᠭᠤᠰᠤᠨ ᠲᠤᠭ᠎ᠠ 474024 ᠲᠦᠮᠡᠨ ᠲᠦᠭᠦᠷᠢᠭ ᠪᠠᠶᠢᠵᠦ᠂ ᠡᠳ᠋ ᠤᠨ ᠵᠠᠰᠠᠭ ᠠᠴᠠ ᠰᠢᠭᠤᠳ ᠦᠭᠭᠦᠭᠰᠡᠨ ᠨᠢ 4086 ᠬᠤᠪᠢ ᠪᠠᠶᠢᠵᠦ᠂ ᠰᠠᠯᠭᠠᠨ ᠦᠭᠭᠦᠭᠰᠡᠨ ᠵᠤᠭᠤᠰᠤᠨ ᠲᠤᠭ᠎ᠠ 111065 ᠲᠦᠮᠡᠨ ᠲᠦᠭᠦᠷᠢᠭ ᠪᠤᠯᠤᠨ᠎ᠠ᠃       ᠲᠦᠷᠪᠡ ᠳᠤ ᠳᠤᠰᠬᠠᠢ ᠡᠷᠦᠬᠡ ᠶᠢᠨ ᠬᠠᠮᠢᠶᠠᠷᠦᠯᠲᠠ ᠶᠢᠨ ᠴᠢᠩᠭᠠᠳᠬᠠᠭᠰᠠᠨ ᠪᠠᠶᠢᠨ᠎ᠠ᠃ 2017 ᠤᠨ ᠳᠤ ᠡᠳ᠋ ᠤᠨ ᠵᠠᠰᠠᠭ ᠤᠨ ᠳᠤᠰᠬᠠᠢ ᠡᠷᠦᠬᠡ 3᠎ ᠶᠢ ᠭᠦᠴᠦᠨ ᠦᠬᠡᠢ ᠪᠤᠯᠭᠠᠵᠤ᠂ ᠦᠯᠡᠳᠡᠪᠦᠷᠢ ᠵᠤᠭᠤᠰ ᠢ ᠠᠳᠠᠯᠢ ᠲᠦᠷᠦᠯ ᠤᠨ ᠪᠡᠯᠡ ᠮᠦᠩᠭᠦᠨ ᠤ ᠳᠤᠰᠬᠠᠢ ᠡᠷᠦᠭᠡ ᠳᠤ ᠨᠡᠶᠢᠯᠡᠭᠦᠯᠬᠦ ᠪᠤᠶᠤ ᠳᠡᠭᠡᠭᠰᠢ ᠤᠯᠤᠰ ᠤᠨ ᠬᠦᠮᠦᠷᠭᠡ ᠳᠤ ᠲᠤᠰᠢᠶᠠᠵᠤ᠂ ᠨᠢᠭᠡᠲᠦᠯᠵᠢᠭᠦᠯᠦᠨ ᠬᠠᠮᠢᠶᠠᠷᠣᠭᠰᠠᠨ ᠪᠠᠶᠢᠨ᠎ᠠ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号