| | | ᠨᠢᠭᠡ ᠳᠤ ᠰᠠᠯᠠᠭ᠎ᠠ ᠮᠦᠴᠢᠷ ᠤᠨ ᠲᠦᠰᠦᠪ ᠪᠠ ︽ᠭᠤᠷᠪᠠᠨ ᠠᠯᠪᠠᠨ ᠵᠠᠷᠤᠳᠠᠯ︾ ᠤᠨ ᠲᠦᠰᠦᠪ ᠪᠠ | ᠲᠦᠰᠦᠪ ᠤᠨ ᠭᠦᠢᠴᠡᠳᠬᠡᠯ ᠢ ᠢᠳᠡᠪᠭᠢᠲᠠᠢ ᠪᠠᠷ ᠢᠯᠡ ᠪᠤᠯᠭᠠᠭᠰᠠᠨ ᠪᠠᠶᠢᠨ᠎ᠠ᠃ ᠬᠤᠰᠢᠭᠤ ᠰᠢᠶᠠᠨ ᠤ ᠲᠦᠰᠦᠪ ᠪᠠ | ᠲᠦᠰᠦᠪ ᠤᠨ ᠭᠦᠢᠴᠡᠳᠬᠡᠯ ᠤᠨ ᠰᠤᠷᠠᠭ ᠵᠠᠩᠭᠢ ᠶᠢ ᠢᠯᠡ ᠪᠤᠯᠭᠠᠬᠤ ᠠᠵᠢᠯ ᠢ ᠤᠯᠠᠮ ᠨᠢᠭᠡ ᠠᠯᠬᠤᠮ ᠠᠭᠢᠭᠤᠯᠬᠤ | ᠲᠤᠬᠠᠢ ᠤᠯᠤᠰ ᠪᠠ ᠦᠪᠡᠷᠲᠡᠭᠡᠨ ᠵᠠᠰᠠᠬᠤ ᠤᠷᠤᠨ ᠤ ᠱᠠᠭᠠᠷᠳᠠᠯᠭ᠎ᠠ ᠶᠤᠰᠤᠭᠠᠷ᠂ ᠨᠢᠭᠤᠴᠠ ᠳᠤ ᠬᠤᠯᠪᠤᠭᠳᠠᠭᠰᠠᠨ | ᠬᠡᠰᠡᠭ ᠢ ᠭᠠᠷᠭᠠᠪᠠᠯ᠂ ᠠᠯᠢᠪᠠ ᠡᠳ᠋ ᠤᠨ ᠵᠠᠰᠠᠭ ᠠᠴᠠ ᠰᠠᠯᠭᠠᠨ ᠦᠭᠬᠦ ᠶᠢ ᠬᠡᠷᠡᠭᠵᠢᠬᠦᠯᠵᠦ ᠪᠠᠶᠢᠭ᠎ᠠ ᠰᠠᠯᠠᠭ᠎ᠠ ᠮᠦᠴᠢᠷ | ᠪᠠ ᠨᠢᠭᠡᠴᠡ ᠶᠢ ᠪᠦᠭᠦᠨ ᠢ ᠢᠯᠡ ᠪᠤᠯᠭᠠᠬᠤ ᠬᠦᠷᠢᠶ᠎ᠡ ᠬᠡᠪᠴᠢᠶᠡᠨ ᠳᠤ ᠤᠷᠤᠭᠤᠯᠵᠦ᠂ ᠵᠠᠰᠠᠭ ᠤᠨ ᠤᠷᠲᠦᠨ ᠪᠤᠶᠤ | ᠰᠠᠯᠠᠭ᠎ᠠ ᠮᠦᠴᠢᠷ ᠤᠨ ᠭᠤᠤᠯ ᠰᠦᠯᠵᠢᠶ᠎ᠡ ᠪᠠᠷ ᠭᠤᠤᠯ ᠪᠤᠯᠬᠤ ᠢᠯᠡ ᠪᠤᠯᠭᠠᠬᠤ ᠠᠷᠭ᠎ᠠ ᠬᠡᠯᠪᠡᠷᠢ ᠪᠤᠯᠭᠠᠵᠦ᠂ | ᠬᠤᠰᠢᠭᠤᠨ ᠤ ᠰᠢᠭᠤᠳ ᠬᠠᠷᠢᠶ᠎ᠠ ᠲᠦᠰᠦᠪ ᠤᠨ ᠨᠢᠭᠡᠴᠡ ᠪᠠ ᠡᠯ᠎ᠡ ᠰᠤᠮᠤ ᠰᠢᠶᠠᠩ ᠪᠠᠯᠭᠠᠰᠦᠨ ᠤ ᠰᠠᠯᠠᠭ᠎ᠠ | ᠮᠦᠴᠢᠷ ᠤᠨ ᠲᠦᠰᠦᠪ ᠪᠠ ᠲᠦᠰᠦᠪ ᠤᠨ ᠭᠦᠢᠴᠡᠳᠬᠡᠯ ᠵᠢᠴᠢ ︽ᠭᠤᠷᠪᠠᠨ ᠠᠯᠪᠠᠨ ᠵᠠᠷᠤᠳᠠᠯ︾ ᠤᠨ ᠲᠦᠰᠦᠪ ᠪᠠ | ᠲᠦᠰᠦᠪ ᠤᠨ ᠭᠦᠢᠴᠡᠳᠬᠡᠯ ᠢ ᠪᠦᠬᠦᠨ ᠢ ᠢᠯᠡ ᠪᠤᠯᠭᠠᠭᠰᠠᠨ ᠪᠠᠶᠢᠨ᠎ᠠ᠃ | ᠬᠤᠶᠠᠷ ᠲᠤ ᠡᠳ᠋ ᠤᠨ ᠵᠠᠰᠠᠭ ᠤᠨ ᠪᠡᠯᠡ ᠮᠦᠩᠭᠦᠨ ᠤ ᠪᠠᠶᠢᠴᠠᠭᠠᠯᠲᠠ ᠶᠢ ᠴᠢᠩᠭᠠᠳᠬᠠᠭᠰᠠᠨ ᠪᠠᠶᠢᠨ᠎ᠠ᠃ | ᠤᠷᠤᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠦᠴᠢᠷ ᠲᠠᠢ ᠬᠠᠮᠵᠢᠯᠴᠠᠨ 2013 ᠤᠨ — | 2015 ᠤᠨ ᠪᠤᠯᠲᠠᠯᠠᠬᠢ ᠬᠦᠳᠡᠭᠡ ᠲᠤᠰᠬᠤᠨ ᠤ ᠨᠤᠷᠠᠬᠤ ᠠᠶᠤᠯᠲᠠᠢ ᠭᠡᠷ ᠤᠨ ᠲᠦᠷᠦᠯ ᠵᠦᠢᠯ ᠳᠤ ᠪᠠᠶᠢᠴᠠᠭᠠᠯᠲᠠ | ᠬᠢᠵᠦ᠂ ᠳᠡᠭᠡᠲᠦ ᠱᠠᠲᠦᠨ ᠤ ᠬᠢᠨᠠᠨ ᠪᠤᠲᠤᠬᠤ ᠰᠠᠯᠠᠭ᠎ᠠ ᠮᠦᠴᠢᠷ ᠪᠠ ᠬᠤᠰᠢᠭᠤᠨ ᠤ ᠬᠢᠨᠠᠨ ᠪᠤᠲᠤᠬᠤ ᠲᠤᠪᠴᠢᠶ᠎ᠠ ᠲᠠᠢ | ᠬᠠᠮᠵᠢᠯᠴᠠᠨ ᠨᠡᠭᠦᠯᠭᠡᠵᠦ ᠰᠢᠯᠵᠢᠭᠦᠯᠬᠦ ᠲᠦᠷᠦᠯ ᠵᠦᠢᠯ ᠤᠨ ᠪᠡᠯᠡ ᠮᠦᠩᠭᠦᠨ ᠳᠤ ᠬᠢᠨᠠᠨ ᠪᠤᠲᠤᠬᠤ ᠠᠵᠢᠯ ᠬᠢᠵᠦ᠂ | ᠡᠭᠦᠨ ᠤ ᠬᠠᠮᠲᠦ ᠬᠤᠰᠢᠭᠤ ᠱᠠᠲᠦᠨ ᠤ ᠲᠦᠷᠦᠯ ᠵᠦᠢᠯ ᠳᠤ ᠠᠵᠢᠯ ᠤᠨ ᠬᠢᠷᠢ ᠪᠦᠲᠦᠮᠵᠢ ᠶᠢᠨ ᠦᠨᠡᠯᠡᠯᠳᠡ ᠬᠢᠵᠦ᠂ | 2 ᠨᠢᠭᠡᠴᠡ ᠶᠢ ᠪᠤᠲᠠᠲᠠᠢ ᠭᠠᠵᠠᠷ ᠲᠤ ᠨᠢ ᠬᠠᠷᠭᠤᠭᠤᠯᠤᠨ ᠪᠠᠶᠢᠴᠠᠭᠠᠵᠦ᠂ ᠬᠠᠷᠭᠤᠭᠤᠯᠤᠨ ᠪᠠᠶᠢᠴᠠᠭᠠᠭᠳᠠᠬᠤ | ᠨᠢᠭᠡᠴᠡ ᠶᠢᠨ ᠳᠠᠩᠰᠠ ᠶᠢ 5 ᠶᠢ ᠰᠢᠯᠵᠢᠭᠦᠯᠦᠨ ᠠᠪᠴᠢᠷᠠᠵᠦ ᠦᠵᠡᠭᠰᠡᠨ ᠪᠠᠶᠢᠨ᠎ᠠ᠃ | ᠭᠤᠷᠪᠠ ᠳᠤ ᠵᠠᠰᠠᠭ ᠵᠠᠭᠢᠷᠭᠠᠨ ᠤ ᠠᠵᠢᠯ ᠤᠶᠢᠯᠡᠰ ᠤᠨ ᠨᠢᠭᠡᠴᠡ ᠶᠢᠨ ᠲᠤᠲᠤᠭᠠᠲᠤᠬᠢ ᠡᠵᠡᠮᠰᠢᠯ ᠤᠨ | ᠮᠡᠳᠡᠭᠦᠯᠦᠯᠳᠡ ᠶᠢᠨ ᠵᠤᠭᠢᠮᠵᠢ ᠶᠢ ᠪᠠᠶᠢᠭᠤᠯᠤᠭᠰᠠᠨ ᠪᠠᠶᠢᠨ᠎ᠠ᠃ ᠪᠦᠬᠦ ᠬᠤᠰᠢᠭᠤᠨ ᠤ 146 ᠵᠠᠰᠠᠭ ᠵᠠᠭᠢᠷᠭᠠᠨ ᠤ | ᠠᠵᠢᠯ ᠤᠶᠢᠯᠡᠰ ᠤᠨ ᠨᠢᠭᠡᠴᠡ ᠶᠢ ᠤᠲᠤᠷᠢᠲᠤᠨ ᠳᠠᠭᠠᠭᠤᠯᠵᠤ ᠲᠤᠲᠤᠭᠠᠲᠤᠬᠢ ᠡᠵᠡᠮᠰᠢᠯ ᠤᠨ ᠮᠡᠳᠡᠭᠦᠯᠦᠯᠳᠡ ᠶᠢ | ᠨᠠᠶᠢᠷᠠᠭᠤᠯᠤᠨ ᠮᠡᠳᠡᠭᠦᠯᠵᠦ᠂ ᠨᠠᠶᠢᠷᠠᠭᠤᠯᠤᠨ ᠮᠡᠳᠡᠭᠦᠯᠦᠭᠰᠡᠨ ᠦᠷ᠎ᠡ ᠳ᠋ᠥ᠋ᠩ ᠢ ᠦᠨᠲᠦᠰᠦᠯᠡᠨ᠂ ᠲᠦᠰᠦᠪ ᠤᠨ | ᠨᠢᠭᠡᠴᠡ ᠶᠢᠨ ᠡᠷᠭᠡ ᠪᠠᠨ ᠶᠠᠪᠤᠭᠤᠯᠬᠤ ᠬᠢᠵᠠᠭᠠᠷᠯᠠᠯ᠂ ᠠᠵᠢᠯ ᠤᠨ ᠪᠠᠶᠢᠷᠢ ᠬᠢᠭᠡᠳ ᠲᠤᠰᠢᠶᠠᠯ ᠬᠠᠷᠢᠭᠤᠴᠠᠯᠭ᠎ᠠ ᠶᠢ | ᠰᠠᠯᠭᠠᠬᠤ᠂ ᠲᠤᠬᠠᠶᠢᠯᠠᠭᠰᠠᠨ ᠠᠵᠢᠯ ᠢ ᠰᠢᠯᠤᠭᠤᠳᠬᠠᠬᠤ ᠪᠠ ᠨᠠᠶᠢᠷᠠᠭᠤᠯᠤᠨ ᠵᠤᠭᠢᠶᠠᠬᠤ ᠠᠯᠬᠤᠮ ᠳᠠᠷᠠᠭᠠᠯᠠᠯ ᠤᠨ | ᠵᠢᠷᠤᠭ ᠵᠡᠷᠭᠡ ᠲᠤᠳᠤᠭᠠᠲᠤᠬᠢ ᠡᠵᠡᠮᠰᠢᠯ ᠤᠨ ᠵᠤᠭᠢᠮᠵᠢ ᠶᠢ ᠠᠭᠢᠭᠤᠯᠤᠭᠰᠠᠨ ᠪᠠᠶᠢᠨ᠎ᠠ᠃ | ᠲᠦᠷᠪᠡ ᠳᠤ ︽ᠵᠠᠪᠰᠢᠨ ᠱᠠᠮᠰᠢᠬᠤ︾ ᠢᠯᠵᠡᠷᠡᠯ ᠤᠨ ᠠᠰᠠᠭᠤᠳᠠᠯ ᠤᠨ ᠳᠤᠰᠬᠠᠢ ᠲᠦᠷᠦᠯ ᠤᠨ | ᠴᠡᠭᠴᠡᠯᠡᠯᠲᠡ ᠶᠢ ᠦᠷᠨᠢᠭᠦᠯᠦᠭᠰᠡᠨ ᠪᠠᠶᠢᠨ᠎ᠠ᠃ ᠡᠳ᠋ ᠤᠨ ᠵᠠᠰᠠᠭ ᠤᠨ ᠰᠠᠯᠠᠭ᠎ᠠ ᠮᠦᠴᠢᠷ ᠤᠨ 2013 ᠤᠨ ᠠᠴᠠ | ᠨᠠᠰᠢᠬᠢ ᠶᠠᠳᠠᠭᠤ ᠶᠢ ᠳᠡᠳᠬᠦᠬᠦ᠂ ᠮᠠᠯ ᠲᠠᠷᠢᠶᠠᠯᠠᠩ ᠳᠤ ᠬᠤᠯᠪᠤᠭᠳᠠᠬᠤ᠂ ᠠᠷᠠᠳ ᠤᠨ ᠠᠮᠢᠲᠦᠷᠠᠯ᠂ ᠭᠦᠭᠵᠢᠯᠳᠡ | ᠵᠡᠷᠭᠡ ᠬᠦᠷᠢᠶ᠎ᠡ ᠬᠡᠪᠴᠢᠶᠡᠨ ᠤ ᠲᠦᠷᠦᠯ ᠵᠦᠢᠯ ᠤᠨ ᠪᠡᠯᠡ ᠮᠦᠩᠭᠦ ᠶᠢ ᠨᠠᠷᠢᠯᠢᠭ ᠬᠠᠷᠭᠤᠭᠤᠯᠤᠨ ᠪᠠᠶᠢᠴᠠᠭᠠᠭᠰᠠᠨ | ᠪᠠᠶᠢᠨ᠎ᠠ᠃ | | | | | | |