ᠤᠯᠤᠰ ᠤᠨ ᠦᠮᠴᠢᠯᠡᠯᠲᠦ ᠡᠳ᠋ ᠬᠦᠷᠦᠩᠭᠡ ᠤᠨ ᠬᠠᠮᠢᠶᠠᠷᠦᠯᠲᠠ ︵2017 ᠣᠨ ᠤ 1—10 ᠳ᠋ᠤᠭᠠᠷ ᠰᠠᠷ᠎ᠠ︶
ᠨᠡᠶᠢᠲᠡᠯᠡᠭᠰᠡᠨ ᠴᠠᠭ᠄
2018/11/7
      ᠨᠢᠭᠡ ᠳᠤ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠪᠠᠶᠢᠳᠠᠯ ᠢ ᠨᠠᠷᠢᠨ ᠤᠶᠢᠯᠠᠭᠠᠭᠰᠠᠨ ᠪᠠᠶᠢᠨ᠎ᠠ᠃ ᠳᠡᠭᠡᠲᠦ ᠱᠠᠲᠦᠨ ᠤ ᠨᠢᠭᠡᠲᠦᠯᠲᠠᠢ ᠪᠠᠶᠢᠷᠢᠯᠠᠭᠤᠯᠤᠯᠲᠠ ᠶᠢ ᠦᠨᠲᠦᠰᠦᠯᠡᠵᠦ᠂ 147 ᠵᠠᠰᠠᠭ ᠵᠠᠭᠢᠷᠭ᠎ᠠ ᠠᠵᠢᠯ ᠤᠶᠢᠯᠡᠰ ᠤᠨ ᠨᠢᠭᠡᠴᠡ ᠶᠢᠨ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠨᠠᠷᠢᠯᠢᠭ ᠪᠠᠶᠢᠴᠠᠭᠠᠯᠲᠠ ᠶᠢᠨ ᠠᠵᠢᠯ ᠢ ᠵᠤᠭᠢᠶᠠᠨ ᠪᠠᠶᠢᠭᠤᠯᠤᠨ ᠦᠷᠨᠢᠭᠦᠯᠵᠦ᠂ ᠡᠭᠦᠨ ᠳᠤ ᠵᠠᠰᠠᠭ ᠵᠠᠭᠢᠷᠭᠠᠨ ᠤ ᠨᠢᠭᠡᠴᠡ 53 ᠪᠠᠶᠢᠵᠦ᠂ ᠠᠵᠢᠯ ᠤᠶᠢᠯᠡᠰ ᠤᠨ ᠨᠢᠭᠡᠴᠡ 94 ᠪᠠᠶᠢᠨ᠎ᠠ᠃ ᠳᠤᠰ ᠤᠳᠠᠭᠠᠨ ᠤ ᠨᠠᠷᠢᠯᠢᠭ ᠪᠠᠶᠢᠴᠠᠭᠠᠯᠲᠠ ᠪᠠᠷ ᠳᠠᠮᠵᠢᠨ᠂ ᠮᠠᠨ ᠤ ᠬᠤᠰᠢᠭᠤᠨ ᠤ ᠵᠠᠰᠠᠭ ᠵᠠᠭᠢᠷᠭ᠎ᠠ ᠠᠵᠢᠯ ᠤᠶᠢᠯᠡᠰ ᠤᠨ ᠨᠢᠭᠡᠴᠡ ᠶᠢᠨ ᠡᠳ᠋ ᠬᠦᠷᠦᠩᠭᠡ᠂ ᠦᠷᠢ ᠵᠢᠭᠡᠯᠡᠯᠭᠡ ᠪᠠ ᠴᠡᠪᠡᠷ ᠡᠳ᠋ ᠬᠦᠷᠦᠩᠭᠡ ᠶᠢᠨ ᠬᠡᠪᠴᠢᠶ᠎ᠡ ᠶᠢ ᠲᠤᠲᠤᠷᠬᠠᠶᠢᠯᠠᠭᠰᠠᠨ ᠪᠠᠶᠢᠨ᠎ᠠ᠃       ᠬᠤᠶᠠᠷ ᠲᠤ ᠤᠯᠤᠰ ᠤᠨ ᠦᠮᠴᠢᠯᠡᠯᠲᠦ ᠡᠳ᠋ ᠬᠦᠷᠦᠩᠭᠡ ᠶᠢ ᠬᠠᠤᠯᠢ ᠶᠤᠰᠤᠭᠠᠷ ᠰᠢᠢᠳᠪᠦᠷᠢᠯᠡᠭᠰᠡᠨ ᠪᠠᠶᠢᠨ᠎ᠠ᠃ ᠦᠨ᠎ᠡ ᠬᠠᠶᠠᠯᠴᠠᠨ ᠬᠤᠳᠠᠯᠲᠤᠬᠤ ᠴᠤᠭᠯᠠᠭᠠᠨ ᠢ 2 ᠲᠠᠯᠠᠪᠠᠢ ᠠᠮᠵᠢᠯᠲᠠ ᠲᠠᠢ ᠡᠷᠭᠢᠯᠡᠵᠦ᠂ ᠦᠨ᠎ᠡ ᠬᠠᠶᠠᠯᠴᠠᠨ ᠬᠤᠳᠠᠯᠲᠤᠭᠰᠠᠨ ᠤᠲᠤᠭᠢᠴᠢᠯᠠᠭᠰᠠᠨ ᠠᠯᠪᠠᠨ ᠭᠡᠷ 222.34 ᠳᠡᠭᠰᠢ ᠲᠦᠷᠪᠡᠯᠵᠢᠨ  ᠮᠧᠲᠷ᠂ ᠦᠨ᠎ᠡ ᠬᠠᠶᠠᠯᠴᠠᠨ ᠬᠤᠳᠠᠯᠲᠤᠭᠰᠠᠨ ᠠᠯᠪᠠᠨ ᠤ ᠳᠡᠷᠭᠡ 28 ᠪᠠᠶᠢᠵᠦ᠂ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠦᠷᠳᠡᠭ ᠢᠶᠠᠨ ᠪᠠᠲᠤᠯᠠᠵᠦ᠂ ᠦᠷᠳᠡᠭ ᠢᠶᠠᠨ ᠨᠡᠮᠡᠭᠳᠡᠭᠦᠯᠬᠦ ᠶᠢ ᠪᠠᠲᠤᠯᠠᠭᠰᠠᠨ ᠪᠠᠶᠢᠨ᠎ᠠ᠃       ᠭᠤᠷᠪᠠ ᠳᠤ ᠵᠠᠭᠤᠴᠢ ᠶᠢᠨ ᠦᠨᠡᠯᠡᠨ ᠵᠢᠱᠢᠬᠦ ᠲᠦᠷᠢᠮ ᠢ ᠪᠠᠶᠢᠭᠤᠯᠤᠭᠰᠠᠨ ᠪᠠᠶᠢᠨ᠎ᠠ᠃ ᠵᠠᠰᠠᠭ ᠤᠨ ᠤᠷᠲᠦᠨ ᠤ ᠬᠤᠳᠠᠯᠲᠤᠨ ᠠᠪᠬᠤ ᠪᠠᠷ ᠳᠠᠮᠵᠢᠨ ᠳᠠᠭᠠᠭᠠᠴᠢᠯᠠᠯᠲᠠ ᠤᠯᠤᠭᠰᠠᠨ ᠵᠠᠭᠤᠴᠢ ᠶᠢᠨ ᠪᠠᠶᠢᠭᠤᠯᠤᠮᠵᠢ ᠶᠢ ᠤᠷᠢᠵᠦ᠂ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶ᠎ᠠ᠂ ᠤᠲᠤᠭᠢᠴᠢᠯᠠᠭᠰᠠᠨ ᠠᠯᠪᠠᠨ ᠭᠡᠷ᠂ 61 ᠠᠯᠪᠠᠨ ᠤ ᠳᠡᠷᠭᠡ ᠳᠤ ᠦᠨᠡᠯᠡᠨ ᠵᠢᠱᠢᠯᠳᠡ ᠬᠢᠯᠭᠡᠭᠰᠡᠨ ᠪᠠᠶᠢᠨ᠎ᠠ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号