ᠲᠠᠷᠢᠮᠠᠯ ᠤᠨ ᠤᠶᠢᠯᠡᠰ᠂ ᠮᠠᠯ ᠠᠵᠦ ᠠᠬᠤᠢ 
ᠨᠡᠶᠢᠲᠡᠯᠡᠭᠰᠡᠨ ᠴᠠᠭ᠄
2018/11/7
      1—10 ᠰᠠᠷ᠎ᠠ ᠶᠢᠨ ᠨᠢᠭᠡᠲᠦᠭᠡᠷ ᠠᠵᠦ ᠤᠶᠢᠯᠡᠰ ᠤᠨ ᠨᠡᠮᠡᠭᠳᠡᠯ ᠦᠷᠳᠡᠭ ᠢ ᠵᠢᠱᠢᠯᠳᠡ ᠪᠠᠷ 12 ᠳ᠋ᠥ᠋ᠩᠰᠢᠭᠤᠷ ᠲᠦᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 4% ᠤᠷᠴᠢᠮ ᠨᠡᠮᠡᠭᠳᠡᠭᠰᠡᠨ ᠪᠠᠶᠢᠨ᠎ᠠ ᠃ ᠲᠠᠷᠢᠮᠠᠯ ᠤᠨ ᠪᠤᠳᠠᠰ ᠢ ᠲᠠᠷᠢᠭᠰᠠᠨ ᠶᠡᠷᠦᠩᠬᠡᠢ ᠳᠠᠯᠠᠪᠠᠢ ᠨᠢ 123.38 ᠲᠦᠮᠡᠨ  ᠮᠤ᠋ ᠪᠠᠶᠢᠵᠦ᠂ ᠠᠮᠤ ᠪᠤᠷᠴᠠᠭ ᠤᠨ ᠶᠡᠷᠦᠩᠬᠡᠢ ᠤᠨᠠᠯᠲᠠ 6 ᠳ᠋ᠥ᠋ᠩᠰᠢᠭᠤᠷ ᠲᠦᠭᠦᠷᠢᠭ ᠢ ᠪᠠᠲᠤᠯᠠᠵᠤ᠂ ᠠᠮᠤ ᠪᠤᠳᠠᠭ᠎ᠠ ᠠᠵᠦ ᠠᠬᠤᠢ ᠶᠢᠨ ᠲᠠᠷᠢᠮᠠᠯ ᠪᠤᠷᠲᠤᠭ᠎ᠠ ᠶᠢᠨ ᠬᠠᠷᠢᠴᠠᠯ ᠢ ᠰᠢᠯᠢᠳᠡᠭᠵᠢᠭᠦᠯᠦᠨ 68᠄ 17᠄ 15 ᠪᠤᠯᠭᠠᠭᠰᠠᠨ ᠪᠠᠶᠢᠨ᠎ᠠ᠃ ᠭᠠᠵᠠᠷ ᠰᠢᠷᠤᠢ ᠶᠢᠨ ᠡᠷᠭᠢᠯᠳᠡ ᠶᠢ 67.8 ᠲᠦᠮᠡᠨ ᠮᠤ᠋ ᠪᠡᠶᠡᠯᠡᠭᠦᠯᠵᠦ᠂ ᠡᠷᠭᠢᠯᠳᠡ ᠶᠢᠨ ᠨᠤᠷᠮ᠎ᠠ 52.2%᠎ ᠳᠤ ᠬᠦᠷᠦᠭᠰᠡᠨ ᠪᠠᠶᠢᠨ᠎ᠠ᠃ ᠨᠤᠲᠤᠭ ᠪᠡᠯᠴᠢᠭᠡᠷ ᠤᠨ ᠡᠷᠭᠢᠯᠳᠡ ᠶᠢ 1178.9 ᠲᠦᠮᠡᠨ ᠮᠤ᠋ ᠪᠡᠶᠡᠯᠡᠭᠦᠯᠵᠦ᠂ ᠡᠷᠭᠢᠯᠳᠡ ᠶᠢᠨ ᠨᠤᠷᠮ᠎ᠠ 52.2%᠎ ᠳᠤ ᠬᠦᠷᠦᠭᠰᠡᠨ ᠪᠠᠶᠢᠨ᠎ᠠ᠃ ᠲᠦᠭᠦᠭᠡᠷᠦᠮᠵᠢᠲᠦ ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠶᠢ 6000 ᠮᠤ᠋ ᠪᠡᠶᠡᠯᠡᠭᠦᠯᠵᠦ᠂ ᠴᠢᠨᠠᠷ ᠰᠠᠶᠢᠨ ᠪᠤᠷᠤ ᠴᠠᠷᠭᠠᠰᠦ ᠶᠢᠨ ᠪᠦᠲᠦᠭᠡᠨ ᠪᠠᠶᠢᠭᠤᠯᠤᠯᠲᠠ ᠶᠢᠨ ᠳᠠᠯᠠᠪᠠᠢ ᠶᠢ 9.3 ᠲᠦᠮᠡᠨ ᠮᠤ᠋ ᠪᠡᠶᠡᠯᠡᠭᠦᠯᠦᠭᠰᠡᠨ ᠪᠠᠶᠢᠨ᠎ᠠ᠃ ᠤᠲᠤ ᠨᠢᠬᠡᠨᠳᠡ ᠬᠤᠳᠠᠯᠲᠤᠭᠰᠠᠨ ᠠᠯᠠᠰᠢᠨ ᠦᠭᠡᠷ 15.3 ᠲᠦᠮᠡᠨ ᠲᠤᠯᠤᠭᠠᠢ᠂ ᠠᠯᠠᠰᠢᠨ ᠬᠤᠨᠢ 91 ᠲᠦᠮᠡᠨ ᠲᠤᠯᠤᠭᠠᠢ᠂ ᠭᠠᠭ᠋ᠠᠢ 10.2 ᠲᠦᠮᠡᠨ ᠲᠤᠯᠤᠭᠠᠢ ᠪᠤᠯᠪᠠ᠃ ᠵᠤᠤ ᠤᠳᠠ ᠠᠯᠠᠰᠢᠨ ᠬᠤᠨᠢᠨ ᠤ ᠲᠤᠭ᠎ᠠ ᠬᠡᠮᠵᠢᠶ᠎ᠡ ᠶᠢ 8 ᠲᠦᠮᠡᠨ ᠲᠤᠯᠤᠭᠠᠢ ᠳᠤ ᠲᠤᠭᠲᠠᠪᠤᠷᠢᠵᠢᠭᠤᠯᠵᠤ᠂ ᠡᠭᠦᠯᠳᠡᠷ ᠰᠠᠶᠢᠵᠢᠷᠠᠭᠤᠯᠤᠭᠰᠠᠨ ᠠᠯᠠᠰᠢᠨ ᠦᠭᠡᠷ 8.3 ᠲᠦᠮᠡᠨ ᠲᠤᠯᠤᠭᠠᠢ ᠳᠤ ᠬᠦᠷᠦᠭᠰᠡᠨ ᠪᠠᠶᠢᠨ᠎ᠠ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号