ᠠᠵᠦ ᠤᠶᠢᠯᠡᠳᠪᠦᠷᠢ ᠶᠢᠨ ᠠᠵᠦ ᠠᠬᠤᠢ
ᠨᠡᠶᠢᠲᠡᠯᠡᠭᠰᠡᠨ ᠴᠠᠭ᠄
2018/11/7
      ᠠᠵᠦ ᠤᠶᠢᠯᠡᠳᠪᠦᠷᠢ ᠶᠢᠨ ᠠᠵᠦ ᠠᠬᠤᠢ ᠲᠤᠭᠲᠠᠭᠤᠨ ᠢᠶᠠᠷ ᠨᠡᠮᠡᠭᠳᠡᠵᠦ᠂ ᠭᠤᠤᠯ ᠪᠤᠯᠬᠤ ᠪᠦᠲᠦᠭᠡᠭᠳᠡᠬᠦᠨ ᠲᠤᠭᠲᠠᠭᠤᠨ ᠤᠶᠢᠯᠡᠳᠪᠦᠷᠢᠯᠡᠯ ᠢ ᠪᠡᠶᠡᠯᠡᠭᠦᠯᠦᠭᠰᠡᠨ ᠪᠠᠶᠢᠨ᠎ᠠ᠃ 1—10 ᠰᠠᠷ᠎ᠠ ᠶᠢᠨ ᠬᠤᠶᠠᠲᠤᠭᠠᠷ ᠠᠵᠦ ᠤᠶᠢᠯᠡᠰ ᠤᠨ ᠨᠡᠮᠡᠭᠳᠡᠯ ᠦᠷᠳᠡᠭ ᠢ ᠵᠢᠱᠢᠯᠳᠡ ᠪᠠᠷ 81 ᠳ᠋ᠥ᠋ᠩᠰᠢᠭᠤᠷ ᠲᠦᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 3%᠎ ᠪᠠᠷ ᠨᠡᠮᠡᠭᠳᠡᠭᠰᠡᠨ ᠪᠠᠶᠢᠨ᠎ᠠ᠃ ᠡᠭᠦᠨ ᠳᠤ ᠠᠵᠦ ᠤᠶᠢᠯᠡᠳᠪᠦᠷᠢ ᠶᠢᠨ ᠨᠡᠮᠡᠭᠳᠡᠯ ᠦᠷᠳᠡᠭ ᠢ ᠵᠢᠱᠢᠯᠳᠡ ᠪᠠᠷ 73 ᠳ᠋ᠥ᠋ᠩᠰᠢᠭᠤᠷ ᠲᠦᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 2% ᠎ ᠪᠠᠷ ᠨᠡᠮᠡᠭᠳᠡᠭᠰᠡᠨ ᠪᠠᠶᠢᠨ᠎ᠠ᠃ 1—10 ᠰᠠᠷ᠎ᠠ ᠶᠢᠨ ᠪᠦᠬᠦ ᠬᠤᠰᠢᠭᠤᠨ ᠤ ᠴᠠᠭᠢᠯᠭᠠᠨ ᠭᠠᠷᠭᠠᠯᠲᠠ ᠶᠢᠨ ᠬᠡᠮᠵᠢᠶ᠎ᠡ 35.7 ᠳ᠋ᠥ᠋ᠩᠰᠢᠭᠤᠷ ᠺᠢᠯᠤᠸᠠᠲ ᠴᠠᠭ ᠪᠠᠶᠢᠵᠦ᠂ ᠠᠳᠠᠯᠢ ᠬᠤᠭᠤᠴᠠᠭᠠᠨ ᠤ ᠬᠢ ᠠᠴᠠ 39.66%᠎ ᠪᠠᠷ ᠨᠡᠮᠡᠭᠳᠡᠵᠦ᠂ ᠡᠭᠦᠨ ᠳᠤ ᠰᠠᠯᠬᠢᠨ ᠬᠦᠴᠦ ᠪᠠᠷ ᠴᠠᠭᠢᠯᠭᠠᠨ ᠭᠠᠷᠭᠠᠭᠰᠠᠨ ᠨᠢ 28.8 ᠳ᠋ᠥ᠋ᠩᠰᠢᠭᠤᠷ ᠺᠢᠯᠤᠸᠠᠲ ᠴᠠᠭ ᠪᠠᠶᠢᠵᠦ᠂ ᠠᠳᠠᠯᠢ ᠬᠤᠭᠤᠴᠠᠭᠠᠨ ᠤ ᠬᠢ ᠠᠴᠠ 44.3%᠎ ᠪᠠᠷ ᠨᠡᠮᠡᠭᠳᠡᠭᠰᠡᠨ ᠪᠠᠶᠢᠨ᠎ᠠ᠃ ᠪᠦᠬᠦ ᠨᠡᠶᠢᠭᠡᠮ ᠤᠨ ᠴᠠᠭᠢᠯᠭᠠᠨ ᠬᠡᠷᠡᠭᠯᠡᠭᠰᠡᠨ ᠬᠡᠮᠵᠢᠶ᠎ᠡ 4.38 ᠳ᠋ᠥ᠋ᠩᠰᠢᠭᠤᠷ ᠺᠢᠯᠤᠸᠠᠲ ᠴᠠᠭ ᠪᠠᠶᠢᠵᠦ᠂ ᠠᠳᠠᠯᠢ ᠬᠤᠭᠤᠴᠠᠭᠠᠨ ᠤ ᠬᠢ ᠠᠴᠠ 2.29%᠎ ᠪᠠᠷ ᠲᠤᠷᠤᠭᠰᠢᠯᠠᠵᠤ᠂ ᠡᠭᠦᠨ ᠳᠤ ᠬᠡᠪᠴᠢᠶᠡᠵᠢᠯ ᠠᠴᠠ ᠳᠡᠭᠡᠭᠰᠢᠬᠢ ᠠᠵᠦ ᠤᠶᠢᠯᠡᠳᠪᠦᠷᠢ ᠶᠢᠨ ᠠᠵᠦ ᠠᠬᠤᠶᠢᠯᠠᠯ ᠤᠨ ᠴᠠᠭᠢᠯᠭᠠᠨ ᠬᠡᠷᠡᠭᠯᠡᠭᠰᠡᠨ ᠬᠡᠮᠵᠢᠶ᠎ᠡ 3.9 ᠳ᠋ᠥ᠋ᠩᠰᠢᠭᠤᠷ ᠺᠢᠯᠤᠸᠠᠲ ᠴᠠᠭ ᠪᠠᠶᠢᠵᠦ᠂ ᠠᠳᠠᠯᠢ ᠬᠤᠭᠤᠴᠠᠭᠠᠨ ᠤ ᠬᠢ ᠠᠴᠠ 11.4%᠎ ᠪᠠᠷ ᠨᠡᠮᠡᠭᠳᠡᠭᠰᠡᠨ ᠪᠠᠶᠢᠨ᠎ᠠ᠃ 1—10 ᠰᠠᠷ᠎ᠠ ᠶᠢᠨ ᠭᠤᠤᠯ ᠪᠤᠯᠬᠤ ᠠᠭᠤᠷᠬᠠᠢ ᠶᠢᠨ ᠪᠦᠲᠦᠭᠡᠭᠳᠡᠭᠦᠨ ᠤ ᠭᠠᠷᠤᠯᠲᠠ ᠨᠢ᠄ ᠵᠡᠰ ᠤᠨ ᠠᠭᠤᠯᠠᠭᠳᠠᠴᠠ ᠨᠢ 4296.05 ᠲᠤᠨ ᠪᠠᠶᠢᠵᠦ᠂ ᠠᠳᠠᠯᠢ ᠬᠤᠭᠤᠴᠠᠭᠠᠨ ᠤ ᠬᠢ ᠠᠴᠠ 0.1%᠎ ᠪᠠᠷ ᠳᠤᠷᠤᠭᠰᠢᠯᠠᠭᠰᠠᠨ ᠪᠠᠶᠢᠨ᠎ᠠ᠃ ᠬᠠᠷ᠎ᠠ ᠲᠤᠭᠤᠯᠭ᠎ᠠ ᠶᠢᠨ ᠠᠭᠤᠯᠤᠭᠳᠠᠴᠠ ᠨᠢ 41457.62 ᠲᠦᠮᠡᠨ ᠲᠤᠨ ᠪᠠᠶᠢᠵᠦ᠂ ᠠᠳᠠᠯᠢ ᠬᠤᠭᠤᠴᠠᠭᠠᠨ ᠤ ᠬᠢ ᠠᠴᠠ 17.5%᠎ ᠪᠠᠷ ᠳᠤᠷᠤᠭᠰᠢᠯᠠᠭᠰᠠᠨ ᠪᠠᠶᠢᠨ᠎ᠠ᠃ ᠴᠠᠶᠢᠷ ᠤᠨ ᠠᠭᠤᠯᠤᠭᠳᠠᠴᠠ 238701.64 ᠲᠦᠮᠡᠨ ᠲᠤᠨ ᠪᠠᠶᠢᠵᠦ᠂ ᠠᠳᠠᠯᠢ ᠬᠤᠭᠤᠴᠠᠭᠠᠨ ᠤ ᠬᠢ ᠠᠴᠠ 0.2%᠎ ᠪᠠᠷ ᠨᠡᠮᠡᠭᠳᠡᠵᠦ᠂ ᠳᠡᠮᠦᠷ ᠤᠨ ᠲᠦᠭᠦᠬᠡᠢ ᠬᠦᠳᠡᠷ 5073280 ᠲᠦᠮᠡᠨ ᠲᠤᠨ ᠪᠠᠶᠢᠵᠦ᠂ ᠠᠳᠠᠯᠢ ᠬᠤᠭᠤᠴᠠᠭᠠᠨ ᠤ ᠬᠢ ᠠᠴᠠ 0.3%᠎ ᠪᠠᠷ ᠨᠡᠮᠡᠭᠳᠡᠭᠰᠡᠨ ᠪᠠᠶᠢᠨ᠎ᠠ᠃ ᠴᠠᠭᠠᠨ ᠲᠤᠭᠤᠯᠭ᠎ᠠ ᠶᠢᠨ ᠠᠭᠤᠯᠤᠭᠳᠠᠴᠠ 3850 ᠲᠤᠨ ᠪᠠᠶᠢᠵᠦ᠂ ᠠᠳᠠᠯᠢ ᠬᠤᠭᠤᠴᠠᠭᠠᠨ ᠤ ᠬᠢ ᠠᠴᠠ 20.3%᠎ ᠪᠠᠷ ᠨᠡᠮᠡᠭᠳᠡᠭᠰᠡᠨ ᠪᠠᠶᠢᠨ᠎ᠠ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号